︽ᠷᠠᠰᠢᠶᠠᠨ ᠬᠤᠲᠠ ᠶᠢᠨ ᠭᠠᠮᠰᠢᠭ ᠠᠴᠠ ᠪᠣᠯᠵᠤ ᠳᠠᠭᠢᠵᠤ ᠶᠠᠳᠠᠭᠤᠷᠠᠬᠤ ᠶᠢ ᠰᠡᠷᠭᠡᠶᠢᠯᠡᠬᠦ ᠠᠵᠢᠯ ᠤᠨ ᠪᠠᠴᠢᠮ ᠪᠠᠶᠢᠳᠠᠯ ᠢ ᠠᠷᠭᠠᠴᠠᠭᠠᠬᠤ ᠲᠥᠰᠥᠯ︾ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2023/11/15
     ᠳᠠᠭᠠᠯᠳᠤᠭᠤᠯᠤᠯ 2      ᠨᠡᠷ᠎ᠡ ᠦᠭᠡ ᠶᠢᠨ ᠲᠠᠶᠢᠯᠪᠤᠷᠢ      1. ᠤᠰᠤ ᠭᠠᠩ ᠤᠨ ᠭᠠᠮᠰᠢᠭ᠄ ᠭᠤᠣᠯ ᠮᠥᠷᠡᠨ ᠨᠠᠭᠤᠷ ᠴᠥᠭᠦᠷᠥᠮ ᠤᠨ ᠦᠶᠡᠷ᠂ ᠦᠶᠡᠷ ᠤᠰᠤᠲᠤᠯ ᠤᠨ ᠭᠠᠮᠰᠢᠭ᠂ ᠠᠭᠤᠯᠠᠨ ᠦᠶᠡᠷ ᠤᠨ ᠭᠠᠮᠰᠢᠭ ︵ᠪᠣᠷᠣᠭᠠᠨ ᠣᠷᠣᠭᠰᠠᠨ ᠠᠴᠠ ᠠᠭᠤᠯᠠᠨ ᠦᠶᠡᠷ᠂ ᠰᠢᠪᠠᠷ ᠴᠢᠯᠠᠭᠤᠨ ᠤ ᠤᠷᠤᠰᠬᠠᠯ᠂ ᠭᠤᠯᠭᠤᠭ᠎ᠠ ᠪᠠᠯ ᠤᠨ ᠭᠠᠮᠰᠢᠭ ᠢ ᠵᠢᠭᠠᠵᠤ ᠪᠤᠢ︶᠂ ᠲᠠᠶᠢᠹᠧᠩ ᠰᠠᠯᠬᠢᠨ ᠤ ᠭᠠᠮᠰᠢᠭ᠂ ᠭᠠᠩ ᠬᠠᠭᠰᠠᠷᠠᠭᠠᠨ ᠤ ᠭᠠᠮᠰᠢᠭ᠂ ᠤᠰᠤ ᠬᠠᠩᠭᠠᠬᠤ ᠬᠢᠮᠤᠷᠠᠯ ᠵᠢᠴᠢ ᠦᠶᠡᠷ᠂ ᠭᠠᠵᠠᠷ ᠬᠥᠳᠡᠯᠦᠯᠲᠡ ᠵᠡᠷᠭᠡ ᠠᠴᠠ ᠪᠣᠯᠤᠭᠰᠠᠨ ᠤᠰᠤᠨ ᠴᠥᠭᠦᠷᠥᠮ ᠤᠨ ᠬᠠᠰᠢᠯᠭ᠎ᠠ ᠨᠤᠷᠠᠬᠤ᠂ ᠬᠠᠰᠢᠯᠭ᠎ᠠ ᠰᠡᠲᠡᠷᠡᠬᠦ᠂ ᠤᠰᠤᠨ ᠬᠠᠭᠠᠯᠭ᠎ᠠ ᠨᠤᠷᠠᠬᠤ ᠵᠡᠷᠭᠡ ᠡᠭᠦᠰᠦᠮᠡᠯ ᠭᠠᠮᠰᠢᠭ ᠪᠠᠭᠲᠠᠨ᠎ᠠ᠃      2. ᠴᠠᠭ ᠠᠭᠤᠷ ᠤᠨ ᠭᠠᠮᠰᠢᠭ᠄ ᠴᠠᠭ ᠠᠭᠤᠷ ᠤᠨ ᠭᠠᠮᠰᠢᠭ ᠪᠣᠯ ᠪᠠᠶᠢᠭᠠᠯᠢ ᠶᠢᠨ ᠭᠠᠮᠰᠢᠭ ᠤᠨ ᠨᠢᠭᠡ ᠨᠢ ᠪᠤᠯᠤᠨ᠎ᠠ᠃ ᠡᠭᠦᠨ ᠳᠤ ᠭᠤᠣᠯᠳᠠᠭᠤ ᠬᠦᠢᠲᠡᠨ ᠤᠷᠤᠰᠬᠠᠯ᠂ ᠬᠢᠷᠠᠭᠤ ᠤᠨᠠᠬᠤ᠂ ᠶᠡᠭᠡ ᠴᠠᠰᠤ᠂ ᠰᠢᠷᠦᠭᠦᠨ ᠪᠣᠷᠣᠭᠠᠨ ᠂ ᠮᠥᠨᠳᠥᠷ᠂ ᠲᠠᠶᠢᠹᠧᠩ ᠰᠠᠯᠬᠢ᠂ ᠭᠠᠩ ᠬᠠᠭᠤᠷᠠᠢ᠂ ᠥᠨᠳᠥᠷ ᠳᠤᠯᠠᠭᠠᠨ᠂ ᠠᠭᠤᠯᠠᠨ ᠦᠶᠡᠷ᠂ ᠠᠶᠤᠩᠭᠠᠲᠤ ᠪᠣᠷᠣᠭᠠᠨ᠂ ᠡᠯᠡᠰᠦᠨ ᠰᠢᠭᠤᠷᠭ᠎ᠠ ᠵᠡᠷᠭᠡ ᠪᠠᠭᠲᠠᠨ᠎ᠠ᠃      3.ᠭᠠᠵᠠᠷ ᠬᠥᠳᠡᠯᠦᠯᠲᠡ ᠶᠢᠨ ᠭᠠᠮᠰᠢᠭ᠄ ᠭᠠᠵᠠᠷ ᠬᠥᠳᠡᠯᠦᠯᠲᠡ ᠶᠢᠨ ᠭᠠᠮᠰᠢᠭ ᠭᠡᠳᠡᠭ ᠨᠢ ᠭᠠᠵᠠᠷ ᠬᠥᠳᠡᠯᠦᠯᠲᠡ ᠠᠴᠠ ᠡᠭᠦᠰᠦᠭᠰᠡᠨ ᠭᠠᠵᠠᠷ ᠤᠨ ᠭᠠᠳᠠᠷᠭᠤ ᠶᠢᠨ ᠬᠦᠴᠦᠲᠡᠢ ᠬᠡᠯᠪᠡᠯᠵᠡᠯᠲᠡ ᠵᠢᠴᠢ ᠳᠠᠭᠠᠯᠳᠤᠨ ᠡᠭᠦᠰᠦᠭᠰᠡᠨ ᠭᠠᠵᠠᠷ ᠤᠨ ᠭᠠᠳᠠᠷᠭᠤ ᠶᠢᠨ ᠠᠩ ᠴᠠᠪᠠ ᠪᠠ ᠳᠦᠷᠰᠦ ᠬᠤᠪᠢᠷᠠᠯᠲᠠ ᠶᠢ ᠵᠢᠭᠠᠵᠤ ᠪᠠᠶᠢᠨ᠎ᠠ᠃ ᠡᠯ᠎ᠡ ᠲᠦᠷᠦᠯ ᠤᠨ ᠪᠠᠷᠢᠯᠭ᠎ᠠ ︵ᠪᠠᠷᠢᠯᠭ᠎ᠠ︶ ᠶᠢ ᠨᠤᠷᠠᠬᠤ ᠪᠠ ᠡᠪᠳᠡᠭᠳᠡᠬᠦ᠂ ᠲᠥᠬᠦᠭᠡᠷᠦᠮᠵᠢ ᠡᠪᠳᠡᠭᠳᠡᠬᠦ᠂ ᠵᠠᠮ ᠬᠠᠷᠢᠯᠴᠠᠭ᠎ᠠ᠂ ᠮᠡᠳᠡᠭᠡ ᠬᠤᠯᠪᠣᠭ᠎ᠠ ᠲᠠᠰᠤᠷᠠᠬᠤ ᠪᠠ ᠪᠤᠰᠤᠳ ᠠᠮᠢ ᠨᠠᠰᠤᠨ ᠤ ᠱᠤᠭᠤᠮ ᠤᠨ ᠪᠠᠷᠢᠯᠭ᠎ᠠ ᠶᠢᠨ ᠲᠥᠬᠦᠭᠡᠷᠦᠮᠵᠢ ᠵᠡᠷᠭᠡ ᠶᠢ ᠡᠪᠳᠡᠭᠳᠡᠬᠦ ᠵᠢᠴᠢ ᠡᠭᠦᠨ ᠠᠴᠠ ᠪᠣᠯᠤᠭᠰᠠᠨ ᠭᠠᠯ ᠤᠨ ᠭᠠᠮᠰᠢᠭ᠂ ᠳᠡᠯᠪᠡᠷᠡᠯᠲᠡ᠂ ᠬᠢᠵᠢᠭ᠂ ᠬᠤᠣᠷᠲᠤ ᠪᠣᠳᠠᠰ ᠯᠡᠪᠡᠷᠡᠬᠦ᠂ ᠲᠠᠯᠠᠪᠤᠷ ᠭᠠᠵᠠᠷ ᠡᠪᠳᠡᠭᠳᠡᠬᠦ ᠵᠡᠷᠭᠡ ᠠᠴᠠ ᠪᠣᠯᠤᠭᠰᠠᠨ ᠬᠥᠮᠥᠨ ᠮᠠᠯ ᠤᠨ ᠦᠬᠦᠯ ᠰᠢᠷᠬᠠᠲᠤᠯ ᠪᠠ ᠡᠳ᠋ ᠬᠥᠷᠥᠩᠭᠡ ᠶᠢᠨ ᠬᠤᠬᠢᠷᠠᠯ ᠤᠨ ᠭᠠᠢ ᠭᠠᠮᠰᠢᠭ ᠢ ᠬᠡᠯᠡᠨ᠎ᠡ᠃      4. ᠭᠠᠵᠠᠷ ᠰᠢᠨᠵᠢᠯᠡᠭᠡᠨ ᠤ ᠭᠠᠢ ᠭᠠᠮᠰᠢᠭ᠄ ᠭᠠᠵᠠᠷ ᠰᠢᠨᠵᠢᠯᠡᠭᠡᠨ ᠤ ᠭᠠᠢ ᠭᠠᠮᠰᠢᠭ ᠭᠡᠳᠡᠭ ᠪᠣᠯ ᠪᠠᠶᠢᠭᠠᠯᠢ ᠪᠤᠶᠤ ᠵᠣᠷᠢᠭᠤᠳᠠ ᠶᠢᠨ ᠬᠦᠴᠦᠨ ᠵᠦᠢᠯ ᠤᠨ ᠦᠢᠯᠡᠳᠦᠯ ᠠᠴᠠ ᠪᠤᠢ ᠪᠣᠯᠤᠭᠰᠠᠨ᠂ ᠬᠥᠮᠥᠨ ᠲᠥᠷᠥᠯᠬᠢᠲᠡᠨ ᠤ ᠠᠮᠢ ᠨᠠᠰᠤ ᠡᠳ᠋ ᠬᠥᠷᠥᠩᠭᠡ᠂ ᠣᠷᠴᠢᠨ ᠠᠬᠤᠢ ᠳᠤ ᠡᠪᠳᠡᠯᠡᠭᠡ ᠪᠠ ᠬᠤᠬᠢᠷᠠᠯ ᠤᠴᠠᠷᠠᠭᠤᠯᠤᠭᠰᠠᠨ ᠭᠠᠵᠠᠷ ᠰᠢᠨᠵᠢᠯᠡᠭᠡᠨ ᠤ ᠦᠢᠯᠡᠳᠦᠯ ︵ᠦᠵᠡᠭᠳᠡᠯ︶ ᠢ ᠵᠢᠭᠠᠵᠤ ᠪᠠᠶᠢᠨ᠎ᠠ᠃ ᠵᠢᠱᠢᠶᠡᠯᠡᠪᠡᠯ ᠨᠤᠷᠠᠬᠤ᠂ ᠶᠡᠭᠦᠷᠡᠬᠦ᠂ ᠰᠢᠪᠠᠷ ᠴᠢᠯᠠᠭᠤᠨ ᠤ ᠤᠷᠤᠰᠬᠠᠯ᠂ ᠭᠠᠵᠠᠷ ᠤᠨ ᠠᠩ ᠭᠠᠷᠬᠤ᠂ ᠭᠠᠵᠠᠷ ᠤᠨ ᠭᠠᠳᠠᠷᠭᠤ ᠰᠠᠭᠤᠭᠳᠠᠬᠤ᠂ ᠭᠠᠵᠠᠷ ᠤᠨ ᠭᠠᠳᠠᠷᠭᠤ ᠴᠥᠮᠥᠷᠡᠬᠦ ᠂ ᠴᠢᠯᠠᠭᠤᠯᠢᠭ ᠤᠨ ᠳᠡᠯᠪᠡᠷᠡᠯᠲᠡ᠂ ᠨᠦᠬᠡᠨ ᠵᠠᠮ ᠤᠨ ᠲᠣᠪᠣᠭᠤᠷ ᠤᠰᠤ᠂ ᠲᠣᠪᠣᠭᠤᠷ ᠰᠢᠪᠠᠷ᠂ ᠲᠣᠪᠣᠭᠤᠷ ᠭᠠᠰ᠂ ᠨᠡᠭᠦᠷᠡᠰᠦᠨ ᠳᠠᠪᠬᠤᠷᠭ᠎ᠠ ᠥᠪᠡᠰᠦᠪᠡᠨ ᠰᠢᠲᠠᠬᠤ᠂ ᠰᠢᠷ᠎ᠠ ᠰᠢᠷᠣᠢ ᠴᠢᠭᠢᠭᠲᠦᠬᠦ᠂ ᠴᠢᠯᠠᠭᠤᠯᠢᠭ ᠰᠢᠷᠣᠢ ᠲᠡᠯᠡᠭᠳᠡᠬᠦ᠂ ᠡᠯᠡᠰᠦ ᠰᠢᠷᠣᠢ ᠰᠢᠩᠭᠡᠨᠵᠢᠬᠦ᠂ ᠭᠠᠵᠠᠷ ᠰᠢᠷᠣᠢ ᠬᠥᠯᠳᠡᠵᠦ ᠬᠠᠶᠢᠯᠬᠤ᠂ ᠬᠥᠷᠥᠰᠥ ᠰᠢᠷᠣᠢ ᠢᠳᠡᠭᠳᠡᠬᠦ᠂ ᠭᠠᠵᠠᠷ ᠰᠢᠷᠣᠢ ᠡᠯᠡᠰᠦᠵᠢᠬᠦ ᠵᠢᠴᠢ ᠨᠠᠮᠤᠭᠵᠢᠬᠤ᠂ ᠬᠥᠷᠥᠰᠥ ᠰᠢᠷᠣᠢ ᠬᠤᠵᠢᠷᠰᠢᠬᠤ ᠵᠢᠴᠢ ᠭᠠᠵᠠᠷ ᠬᠥᠳᠡᠯᠦᠯᠲᠡ᠂ ᠭᠠᠯᠲᠤ ᠠᠭᠤᠯᠠ᠂ ᠭᠠᠵᠠᠷ ᠤᠨ ᠢᠯᠴᠢ ᠶᠢᠨ ᠬᠥᠨᠥᠭᠡᠯ ᠵᠡᠷᠭᠡ ᠪᠣᠯᠣᠨ᠎ᠠ᠃      5.ᠠᠮᠢᠳᠤ ᠪᠣᠳᠠᠰ ᠤᠨ ᠭᠠᠢ ᠭᠠᠮᠰᠢᠭ᠄ ᠠᠮᠢᠳᠤ ᠪᠣᠳᠠᠰ ᠤᠨ ᠭᠠᠢ ᠭᠠᠮᠰᠢᠭ ᠭᠡᠳᠡᠭ ᠪᠣᠯ ᠬᠥᠮᠥᠨ ᠲᠥᠷᠥᠯᠬᠢᠲᠡᠨ ᠤ ᠦᠢᠯᠡᠳᠪᠦᠷᠢᠯᠡᠯ ᠠᠮᠢᠳᠤᠷᠠᠯ ᠤᠨ ᠵᠣᠬᠢᠰ ᠦᠭᠡᠢ ᠠᠴᠠ ᠪᠣᠯᠵᠤ᠂ ᠠᠮᠢᠳᠤ ᠪᠣᠳᠠᠰ ᠤᠨ ᠭᠢᠨᠵᠢ ᠶᠢ ᠡᠪᠳᠡᠬᠦ ᠪᠤᠶᠤ ᠪᠠᠶᠢᠭᠠᠯᠢ ᠶᠢᠨ ᠨᠥᠬᠦᠴᠡᠯ ᠳᠣᠣᠷᠠᠬᠢ ᠶᠠᠮᠠᠷ ᠨᠢᠭᠡᠨ ᠠᠮᠢᠳᠤ ᠪᠣᠳᠠᠰ ᠤᠨ ᠭᠡᠳᠦ ᠤᠯᠡᠠ ᠭᠡᠳᠦ ᠲᠦᠷᠭᠡᠨ ᠦᠷᠡᠵᠢᠬᠦ ︵ᠥᠰᠴᠦ ᠪᠣᠶᠢᠵᠢᠬᠤ︶ ᠠᠴᠠ ᠪᠣᠯᠤᠭᠰᠠᠨ ᠬᠥᠮᠥᠨ ᠲᠥᠷᠥᠯᠬᠢᠲᠡᠨ ᠤ ᠠᠮᠢ ᠨᠠᠰᠤ ᠡᠳ᠋ ᠬᠥᠷᠥᠩᠭᠡ ᠳᠤ ᠬᠤᠣᠷ ᠬᠥᠨᠥᠭᠡᠯ ᠤᠴᠠᠷᠠᠭᠤᠯᠬᠤ ᠪᠠᠶᠢᠭᠠᠯᠢ ᠶᠢᠨ ᠬᠡᠷᠡᠭ ᠶᠠᠪᠤᠳᠠᠯ ᠢ ᠵᠢᠭᠠᠵᠤ ᠪᠠᠶᠢᠨ᠎ᠠ᠃ ᠠᠮᠢᠳᠤ ᠪᠣᠳᠠᠰ ᠤᠨ ᠭᠠᠢ ᠭᠠᠮᠰᠢᠭ ᠢ ᠶᠡᠭᠡ ᠲᠥᠯᠥᠪ ᠲᠠᠷᠢᠮᠠᠯ ᠤᠨ ᠡᠪᠡᠳᠴᠢᠨ ᠬᠤᠷᠣᠬᠠᠢ ᠶᠢᠨ ᠭᠠᠮᠰᠢᠭ᠂ ᠣᠶ ᠰᠢᠭᠤᠢ ᠶᠢᠨ ᠡᠪᠡᠳᠴᠢᠨ ᠬᠤᠷᠣᠬᠠᠢ ᠶᠢᠨ ᠭᠠᠮᠰᠢᠭ᠂ ᠴᠠᠷᠴᠠᠬᠠᠢ ᠶᠢᠨ ᠭᠠᠮᠰᠢᠭ ᠪᠠ ᠬᠤᠯᠤᠭᠠᠨ᠎ᠠ ᠶᠢᠨ ᠬᠥᠨᠥᠭᠡᠯ᠂ ᠠᠮᠢᠳᠤ ᠪᠣᠳᠠᠰ ᠤᠨ ᠲᠦᠷᠢᠮᠡᠬᠡᠶᠢᠯᠡᠯ ᠭᠡᠬᠦ ᠮᠡᠲᠦ ᠪᠠᠷ ᠠᠩᠭᠢᠯᠠᠳᠠᠭ᠃  
 
ᠢᠷᠡᠯᠲᠡ᠄ ᠷᠡᠰᠢᠶᠠᠨ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号