ᠳᠠᠭᠠᠯᠳᠤᠭᠤᠯᠤᠯ 1 | ᠷᠠᠰᠢᠶᠠᠨ ᠬᠤᠲᠠ ᠶᠢᠨ ︽ᠠᠷᠠᠳ ᠢ ᠪᠠᠶᠠᠵᠢᠭᠤᠯᠬᠤ ᠵᠢᠭᠡᠯᠡᠯᠭᠡ︾ ᠶᠢᠨ ᠲᠤᠬᠠᠢ ᠬᠡᠷᠡᠭᠵᠢᠭᠦᠯᠬᠦ ᠲᠥᠰᠥᠯ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠶᠢ ᠪᠠᠬᠢᠵᠢᠭᠦᠯᠬᠦ ᠶᠢᠨ ᠲᠥᠯᠥᠭᠡ᠂ ᠲᠠᠷᠢᠶᠠᠴᠢᠨ | ᠡᠷᠦᠬᠡ ᠶᠢᠨ ᠠᠵᠤ ᠦᠢᠯᠡᠰ ᠤᠨ ᠬᠥᠭᠵᠢᠯᠲᠡ ᠶᠢ ᠳᠡᠮᠵᠢᠵᠦ᠂ ᠬᠥᠳᠡᠭᠡ ᠲᠣᠰᠬᠤᠨ ᠤ ᠠᠵᠤ ᠦᠢᠯᠡᠰ ᠢ | ᠬᠥᠭᠵᠢᠭᠦᠯᠦᠨ ᠮᠠᠨᠳᠤᠭᠤᠯᠬᠤ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠲᠣᠪᠴᠢᠶ᠎ᠠ ᠵᠢᠴᠢ ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠶᠢᠨ ᠥᠪᠥᠷ | ᠮᠣᠩᠭᠤᠯ ᠳᠠᠬᠢ ᠬᠤᠪᠢᠶᠠᠷᠢ ᠪᠠᠩᠬᠢ ᠶᠢᠨ ᠳᠠᠷᠤᠮᠠᠯᠯᠠᠨ ᠲᠠᠷᠬᠠᠭᠠᠭᠰᠠᠨ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ︿ᠠᠷᠠᠳ ᠢ ᠪᠠᠶᠠᠵᠢᠭᠤᠯᠬᠤ ᠵᠢᠭᠡᠯᠡᠯᠭᠡ﹀ ᠶᠢᠨ ᠲᠤᠬᠠᠢ ᠬᠡᠷᠡᠭᠵᠢᠭᠦᠯᠬᠦ ᠲᠥᠰᠥᠯ︾ ᠢ | ᠦᠨᠳᠦᠰᠦᠯᠡᠨ᠂ ᠮᠠᠨ ᠤ ᠬᠤᠲᠠ ᠶᠢᠨ ᠪᠣᠳᠠᠲᠠᠢ ᠲᠠᠢ ᠪᠠᠨ ᠤᠶᠠᠯᠳᠤᠭᠤᠯᠵᠤ ᠲᠣᠰ ᠲᠥᠰᠥᠯ ᠢ ᠣᠨᠴᠠᠭᠠᠶᠢᠯᠠᠨ | ᠲᠣᠭᠲᠠᠭᠠᠪᠠ᠃ | ᠨᠢᠭᠡ᠂ ᠶᠡᠷᠦᠩᠬᠡᠢ ᠱᠠᠭᠠᠷᠳᠠᠯᠭ᠎ᠠ | ᠡᠷᠬᠡ ᠲᠡᠭᠰᠢ ᠲᠥᠪ ᠭᠤᠣᠯᠴᠢ ᠪᠠᠶᠢᠬᠤ᠂ ᠬᠠᠤᠯᠢ ᠶᠣᠰᠣᠭᠠᠷ ᠲᠣᠭᠲᠠᠭᠠᠯ ᠳᠤ ᠨᠡᠶᠢᠴᠡᠭᠦᠯᠬᠦ᠂ ᠳᠠᠪᠠᠭᠤᠯᠢᠭ | ᠲᠠᠯ᠎ᠠ ᠪᠠᠷ ᠢᠶᠠᠨ ᠬᠠᠷᠢᠯᠴᠠᠨ ᠨᠥᠬᠦᠪᠦᠷᠢᠯᠡᠬᠦ᠂ ᠨᠡᠶᠢᠯᠡᠮᠡᠯ ᠬᠦᠴᠦᠨ ᠢ ᠪᠠᠳᠠᠷᠠᠭᠤᠯᠬᠤ᠂ ᠬᠥᠭᠵᠢᠯᠲᠡ ᠶᠢ ᠬᠠᠮᠲᠤ ᠪᠠᠷ | ᠠᠬᠢᠭᠤᠯᠬᠤ ᠵᠠᠷᠴᠢᠮ ᠢ ᠪᠠᠷᠢᠮᠲᠠᠯᠠᠨ᠎ᠠ᠃ ᠠᠶᠤᠯ ᠲᠦᠭᠰᠢᠭᠦᠷᠢ ᠶᠢᠨ ᠨᠥᠬᠦᠪᠦᠷᠢ ᠶᠢᠨ ᠰᠠᠭᠤᠷᠢ ᠮᠥᠩᠭᠦ | ᠪᠠᠶᠢᠭᠤᠯᠬᠤ ᠪᠠᠷ ᠳᠠᠮᠵᠢᠭᠤᠯᠤᠨ ᠠᠶᠤᠯ ᠲᠦᠭᠰᠢᠭᠦᠷᠢ ᠶᠢ ᠠᠯᠭᠤᠷᠯᠠᠨ ᠰᠤᠯᠠᠯᠠᠬᠤ ᠶᠢᠨ ᠲᠥᠯᠥᠭᠡ᠂ ︽ᠠᠷᠠᠳ ᠢ | ᠪᠠᠶᠠᠵᠢᠭᠤᠯᠬᠤ ᠵᠢᠭᠡᠯᠡᠯᠭᠡ︾ ᠶᠢᠨ ᠢᠲᠡᠭᠡᠮᠵᠢᠲᠦ ᠵᠢᠭᠡᠯᠡᠯᠭᠡ ᠶᠢᠨ ᠦᠢᠯᠡᠳᠬᠦᠨ ᠢᠶᠠᠷ ᠲᠦᠰᠢᠭ ᠪᠣᠯᠭᠠᠵᠤ᠂ | ᠪᠠᠩᠬᠢ ᠶᠢᠨ ᠶᠠᠪᠤᠳᠠᠯ ᠤᠨ ᠬᠠᠮᠲᠤᠷᠠᠯᠴᠠᠭ᠎ᠠ ᠶᠢ ᠥᠷᠨᠢᠭᠦᠯᠦᠨ᠂ ᠮᠠᠨ ᠤ ᠬᠤᠲᠠ ᠶᠢᠨ ᠲᠠᠷᠢᠶᠠᠴᠢᠨ ᠡᠷᠦᠬᠡ ᠳᠤ | ᠪᠠᠷᠢᠴᠠᠭ᠎ᠠ ᠦᠭᠡᠢ ᠳᠠᠭᠠᠭᠠᠯᠲᠠ ᠦᠭᠡᠢ᠂ ᠳᠥᠭᠦᠮ ᠳᠥᠲᠡ ᠲᠦᠷᠭᠡᠨ᠂ ᠭᠠᠷᠳᠠᠮ ᠲᠥᠬᠦᠮ᠂ ᠬᠦᠦ ᠮᠥᠩᠭᠦ ᠶᠢᠨ | ᠨᠣᠷᠮ᠎ᠠ ᠶᠢᠨ ᠬᠠᠷᠠᠭᠠᠯᠵᠠᠯ ᠲᠠᠢ ᠢᠲᠡᠭᠡᠮᠵᠢᠲᠦ ᠵᠢᠭᠡᠯᠡᠯᠭᠡ ᠬᠠᠩᠭᠠᠵᠤ᠂ ᠮᠠᠨ ᠤ ᠬᠤᠲᠠ ᠶᠢᠨ ᠲᠠᠷᠢᠶᠠᠴᠢᠨ ᠡᠷᠦᠬᠡ ᠶᠢᠨ | ᠦᠢᠯᠡᠳᠪᠦᠷᠢᠯᠡᠯ ᠢᠶᠠᠨ ᠬᠥᠭᠵᠢᠭᠦᠯᠬᠦ ᠶᠢ ᠨᠠᠷᠢᠯᠢᠭ ᠣᠨᠣᠴᠠᠲᠠᠢ ᠪᠠᠷ ᠳᠡᠮᠵᠢᠨ᠎ᠡ᠃ | ᠬᠤᠶᠠᠷ᠂ ︽ᠠᠷᠠᠳ ᠢ ᠪᠠᠶᠠᠵᠢᠭᠤᠯᠬᠤ ᠵᠢᠭᠡᠯᠡᠯᠭᠡ︾ ᠶᠢᠨ ᠦᠢᠯᠡᠳᠬᠦᠨ ᠤ ᠲᠥᠷᠥ ᠶᠢᠨ ᠪᠣᠳᠣᠯᠭ᠎ᠠ ᠶᠢᠨ | ᠭᠤᠣᠯᠳᠠᠯᠭ᠎ᠠ | ︵ᠨᠢᠭᠡ︶ ᠦᠢᠯᠡᠳᠬᠦᠨ ᠤ ᠲᠣᠮᠢᠶᠠᠯᠠᠯ᠃ ᠪᠠᠩᠬᠢ ᠶᠢᠨ ᠶᠠᠪᠤᠳᠠᠯ ᠤᠨ ᠬᠠᠮᠲᠤᠷᠠᠯᠴᠠᠭ᠎ᠠ ᠪᠠᠷ ᠳᠠᠮᠵᠢᠭᠤᠯᠤᠨ | ᠵᠠᠰᠠᠭ ᠤᠨ ᠣᠷᠳᠣᠨ ᠤ ᠠᠶᠤᠯ ᠲᠦᠭᠰᠢᠭᠦᠷᠢ ᠶᠢᠨ ᠨᠥᠬᠦᠪᠦᠷᠢ ᠶᠢᠨ ᠰᠠᠭᠤᠷᠢ ᠮᠥᠩᠭᠦ ᠶᠢ ᠪᠠᠶᠢᠭᠤᠯᠵᠤ ᠠᠶᠤᠯ | ᠲᠦᠭᠰᠢᠭᠦᠷᠢ ᠶᠢ ᠠᠯᠭᠤᠷᠯᠠᠨ ᠰᠤᠯᠠᠯᠠᠬᠤ ᠠᠷᠭ᠎ᠠ ᠬᠡᠮᠵᠢᠶ᠎ᠡ ᠪᠣᠯᠭᠠᠵᠤ᠂ ᠲᠠᠷᠢᠶᠠᠯᠠᠩ ᠤᠨ ᠪᠠᠩᠬᠢ ᠠᠴᠠ ᠨᠥᠬᠦᠴᠡᠯ ᠳᠤ | ᠨᠡᠶᠢᠴᠡᠬᠦ ᠲᠠᠷᠢᠶᠠᠴᠢᠨ ᠡᠷᠦᠬᠡ ᠳᠤ ᠲᠠᠷᠬᠠᠭᠠᠭᠰᠠᠨ ᠦᠢᠯᠡᠳᠪᠦᠷᠢᠯᠡᠯ ᠡᠵᠡᠩᠨᠡᠯᠲᠡ ᠳᠤ ᠬᠡᠷᠡᠭᠯᠡᠬᠦ ᠪᠠᠭ᠎ᠠ ᠲᠣᠭᠠᠨ ᠤ | ᠢᠲᠡᠭᠡᠮᠵᠢᠲᠦ ᠵᠢᠭᠡᠯᠡᠯᠭᠡ ᠪᠣᠯᠣᠨ᠎ᠠ᠃ | ︵ᠬᠤᠶᠠᠷ︶ ᠳᠡᠮᠵᠢᠬᠦ ᠡᠲᠡᠭᠡᠳ᠃ ᠮᠠᠨ ᠤ ᠬᠤᠲᠠ ᠶᠢᠨ ᠡᠯ᠎ᠡ ᠪᠠᠯᠭᠠᠰᠤᠨ ᠳᠤ ᠦᠷᠭᠦᠯᠵᠢᠯᠡᠨ | ᠲᠣᠭᠲᠠᠭᠤᠨ ᠢᠶᠠᠷ ᠡᠵᠡᠩᠨᠡᠵᠦ ᠪᠠᠶᠢᠭ᠎ᠠ ᠲᠠᠷᠢᠶᠠᠴᠢᠨ ᠡᠷᠦᠬᠡ ︵ᠶᠠᠳᠠᠭᠤ ᠠᠴᠠ ᠠᠩᠭᠢᠵᠢᠷᠠᠭᠰᠠᠨ ᠡᠷᠦᠬᠡ ᠵᠢᠴᠢ ᠵᠠᠬ᠎ᠠ | ᠬᠢᠵᠠᠭᠠᠷ ᠤᠨ ᠠᠮᠠᠷᠬᠠᠨ ᠶᠠᠳᠠᠭᠤᠷᠠᠬᠤ ᠡᠷᠦᠬᠡ ᠪᠠᠭᠲᠠᠨ᠎ᠠ︶ ᠳᠤ ᠡᠷᠦᠬᠡ ᠪᠠᠷ ᠨᠢᠭᠡᠴᠢ ᠪᠣᠯᠭᠠᠨ ᠵᠢᠭᠡᠯᠡᠯᠭᠡ ᠲᠠᠯᠪᠢᠨ᠎ᠠ᠃ | | ︵ᠭᠤᠷᠪᠠ︶ ᠵᠢᠭᠡᠯᠡᠯᠭᠡ ᠶᠢᠨ ᠬᠡᠷᠡᠭᠴᠡᠭᠡ᠃ ᠡᠷᠦᠬᠡ ᠠᠴᠠ ᠵᠢᠭᠡᠯᠡᠬᠦ᠂ ᠡᠷᠦᠬᠡ ᠳᠤ ᠬᠡᠷᠡᠭᠯᠡᠭᠦᠯᠬᠦ᠂ ᠡᠷᠦᠬᠡ | ᠪᠠᠷ ᠪᠤᠴᠠᠭᠠᠯᠭᠠᠬᠤ ᠶᠢ ᠪᠠᠷᠢᠮᠲᠠᠯᠠᠵᠤ᠂ ᠵᠣᠭᠤᠰ ᠵᠢᠭᠡᠯᠡᠭᠴᠢ ᠶᠢᠨ ᠭᠡᠷ ᠪᠦᠯᠢ ᠶᠢᠨ ᠦᠢᠯᠡᠳᠪᠦᠷᠢᠯᠡᠯ ᠡᠵᠡᠩᠨᠡᠯᠲᠡ | ᠥᠷᠨᠢᠭᠦᠯᠬᠦ ᠳᠤ ᠨᠠᠷᠢᠯᠢᠭ ᠣᠨᠣᠴᠠᠲᠠᠢ ᠪᠠᠷ ᠬᠡᠷᠡᠭᠯᠡᠬᠦ ᠬᠡᠷᠡᠭᠲᠡᠢ᠂ ᠠᠮᠢᠳᠤᠷᠠᠯ ᠤᠨ ᠬᠡᠷᠡᠭᠯᠡᠭᠡ᠂ ᠭᠡᠷ ᠪᠠᠶᠢᠰᠢᠩ ᠪᠠᠷᠢᠬᠤ | ᠂ ᠡᠳ᠋ ᠤᠨ ᠶᠠᠪᠤᠳᠠᠯ ᠤᠨ ᠬᠠᠮᠢᠶᠠᠷᠤᠯᠲᠠ ᠵᠡᠷᠭᠡ ᠦᠢᠯᠡᠳᠪᠦᠷᠢᠯᠡᠯ ᠡᠵᠡᠩᠨᠡᠯᠲᠡ ᠶᠢᠨ ᠪᠤᠰᠤ ᠴᠢᠨᠠᠷᠲᠠᠢ ᠵᠠᠷᠤᠯᠭ᠎ᠠ ᠳᠤ | ᠬᠡᠷᠡᠭᠯᠡᠵᠦ ᠪᠣᠯᠬᠤ ᠦᠭᠡᠢ᠂ ᠪᠠᠰᠠ ᠬᠤᠪᠢ ᠣᠷᠣᠵᠤ ᠠᠰᠢᠭ ᠬᠤᠪᠢᠶᠠᠬᠤ᠂ ᠰᠢᠯᠵᠢᠭᠦᠯᠦᠨ ᠵᠢᠭᠡᠯᠡᠭᠦᠯᠬᠦ᠂ | ᠭᠦᠢᠴᠡᠳᠬᠡᠯ ᠲᠤᠭ᠎ᠠ ᠶᠢ ᠰᠣᠯᠢᠯᠴᠠᠬᠤ ᠵᠡᠷᠭᠡ ᠠᠷᠭ᠎ᠠ ᠮᠠᠶ᠋ᠢᠭ ᠢᠶᠠᠷ ᠠᠵᠤ ᠠᠬᠤᠶᠢᠯᠠᠯ ᠪᠤᠶᠤ ᠪᠤᠰᠤᠳ ᠵᠣᠬᠢᠶᠠᠨ | ᠪᠠᠶᠢᠭᠤᠯᠤᠯᠲᠠ ᠳᠤ ᠲᠤᠰᠢᠶᠠᠨ ᠬᠡᠷᠡᠭᠯᠡᠭᠦᠯᠵᠦ ᠪᠣᠯᠬᠤ ᠦᠭᠡᠢ᠃ | ︵ᠲᠥᠷᠪᠡ︶ ᠵᠢᠭᠡᠯᠡᠯᠭᠡ ᠶᠢᠨ ᠵᠣᠭᠤᠰ ᠤᠨ ᠲᠤᠭ᠎ᠠ᠃ ᠭᠠᠭᠴᠠ ᠡᠷᠦᠬᠡ ᠶᠢᠨ ᠵᠢᠭᠡᠯᠡᠯᠭᠡ ᠶᠢᠨ ᠲᠤᠭ᠎ᠠ | ᠬᠡᠮᠵᠢᠶ᠎ᠡ ᠶᠢ 3000 ᠲᠥᠭᠦᠷᠢᠭ ᠠᠴᠠ ᠡᠬᠢᠯᠡᠵᠦ᠂ ᠬᠠᠮᠤᠭ ᠤᠨ ᠥᠨᠳᠥᠷ ᠲᠡᠭᠡᠨ 20 ᠲᠦᠮᠡᠨ ᠲᠥᠭᠦᠷᠢᠭ ᠠᠴᠠ | ᠬᠡᠲᠦᠷᠡᠭᠦᠯᠵᠦ ᠪᠣᠯᠬᠤ ᠦᠭᠡᠢ᠃ | ︵ᠲᠠᠪᠤ︶ ᠵᠢᠭᠡᠯᠡᠯᠭᠡ ᠶᠢᠨ ᠬᠤᠭᠤᠴᠠᠭ᠎ᠠ᠃ 5 ᠵᠢᠯ ᠤᠨ ᠬᠤᠭᠤᠴᠠᠭ᠎ᠠ ︵ᠪᠠᠭᠲᠠᠨ᠎ᠠ︶ ᠶᠢᠨ ᠳᠣᠲᠣᠷ᠎ᠠ᠂ | ᠲᠠᠷᠢᠶᠠᠴᠢᠨ ᠡᠷᠦᠬᠡ ᠶᠢᠨ ᠦᠢᠯᠡᠳᠪᠦᠷᠢᠯᠡᠯ ᠡᠵᠡᠩᠨᠡᠯᠲᠡ ᠶᠢᠨ ᠦᠶᠡᠯᠡᠯ ᠤᠨ ᠬᠤᠭᠤᠴᠠᠭ᠎ᠠ ᠪᠠ ᠣᠷᠣᠯᠭ᠎ᠠ ᠶᠢᠨ | ᠪᠠᠶᠢᠳᠠᠯ ᠢ ᠦᠨᠳᠦᠰᠦᠯᠡᠨ ᠶᠡᠷᠦᠩᠬᠡᠶᠢᠯᠡᠨ ᠲᠣᠭᠲᠠᠭᠠᠬᠤ ᠮᠥᠷᠲᠡᠭᠡᠨ ᠵᠢᠭᠡᠯᠡᠯᠭᠡ ᠶᠢᠨ ᠬᠤᠭᠤᠴᠠᠭ᠎ᠠ ᠲᠤᠯᠬᠤ ᠡᠳᠦᠷ ᠢ | ᠲᠦᠭᠰᠢᠭᠦᠷᠢ ᠶᠢᠨ ᠨᠥᠬᠦᠪᠦᠷᠢ ᠶᠢᠨ ᠰᠠᠭᠤᠷᠢ ᠮᠥᠩᠭᠦ ᠶᠢᠨ ᠬᠦᠴᠦᠨ ᠲᠠᠢ ᠬᠤᠭᠤᠴᠠᠭ᠎ᠠ ᠠᠴᠠ ᠬᠡᠲᠦᠷᠡᠭᠦᠯᠵᠦ | ᠪᠣᠯᠬᠤ ᠦᠭᠡᠢ᠃ ᠪᠠᠶᠢᠭᠠᠯᠢ ᠶᠢᠨ ᠭᠠᠮᠰᠢᠭ᠂ ᠬᠦᠨᠳᠦ ᠶᠡᠭᠡ ᠬᠢᠵᠢᠭ ᠤᠨ ᠪᠠᠶᠢᠳᠠᠯ᠂ ᠭᠡᠷ ᠪᠦᠯᠢ ᠶᠢᠨ | ᠪᠦᠷᠢᠯᠳᠦᠭᠦᠨ ᠤ ᠬᠥᠮᠥᠨ ᠤ ᠪᠡᠶ᠎ᠡ ᠶᠢᠨ ᠰᠠᠨᠠᠭᠠᠨ ᠳᠤ ᠦᠭᠡᠢ ᠭᠡᠮᠲᠦᠯ ᠵᠢᠴᠢ ᠬᠦᠨᠳᠦ ᠶᠡᠭᠡ ᠡᠪᠡᠳᠴᠢᠨ ᠡᠮᠭᠡᠭ | ᠵᠡᠷᠭᠡ ᠪᠡᠶᠡᠴᠢ ᠪᠤᠰᠤ ᠬᠦᠴᠦᠨ ᠵᠦᠢᠯ ᠠᠴᠠ ᠪᠣᠯᠵᠤ ᠲᠦᠷ ᠴᠠᠭ ᠲᠣᠭᠲᠠᠭᠰᠠᠨ ᠴᠠᠭ ᠲᠠᠭᠠᠨ ᠵᠢᠭᠡᠯᠡᠯᠭᠡ ᠪᠠᠨ | ᠪᠤᠴᠠᠭᠠᠵᠤ ᠳᠡᠶᠢᠯᠬᠦ ᠦᠭᠡᠢ ᠪᠣᠯᠤᠭᠰᠠᠨ ᠪᠠᠶᠢᠪᠠᠯ᠂ ᠪᠠᠩᠬᠢ ᠶᠢᠨ ᠪᠠᠶᠢᠭᠤᠯᠤᠮᠵᠢ ᠶᠢᠨ ᠬᠠᠮᠢᠶ᠎ᠠ ᠪᠦᠬᠦᠢ | ᠱᠠᠭᠠᠷᠳᠠᠯᠭ᠎ᠠ ᠶᠢ ᠬᠠᠩᠭᠠᠭᠰᠠᠨ ᠰᠠᠭᠤᠷᠢᠨ ᠳᠡᠭᠡᠷ᠎ᠡ᠂ ᠵᠣᠭᠤᠰ ᠵᠢᠭᠡᠯᠡᠭᠴᠢ ᠳᠤ ᠡᠬᠡ ᠮᠥᠩᠭᠦ ᠶᠢ ᠨᠢ ᠪᠤᠴᠠᠭᠠᠬᠤ | ᠦᠭᠡᠢ ᠪᠠᠷ ᠦᠷᠭᠦᠯᠵᠢᠯᠡᠨ ᠵᠢᠭᠡᠯᠡᠯᠭᠡ ᠥᠭᠬᠦ ᠶᠢ ᠨᠢᠭᠡ ᠤᠳᠠᠭ᠎ᠠ ᠭᠦᠢᠴᠡᠳᠬᠡᠵᠦ ᠪᠣᠯᠣᠨ᠎ᠠ᠃ | ︵ᠵᠢᠷᠭᠤᠭ᠎ᠠ︶ ᠵᠢᠭᠡᠯᠡᠯᠭᠡ ᠶᠢᠨ ᠬᠦᠦ ᠶᠢᠨ ᠨᠣᠷᠮ᠎ᠠ᠃ ᠵᠣᠭᠤᠰ ᠵᠢᠭᠡᠯᠡᠭᠴᠢ ᠶᠢᠨ ᠢᠲᠡᠭᠡᠮᠵᠢ ᠶᠢᠨ ᠲᠠᠰ᠂ | ᠵᠣᠭᠤᠰ ᠪᠤᠴᠠᠭᠠᠬᠤ ᠴᠢᠳᠠᠪᠤᠷᠢ᠂ ᠵᠢᠭᠡᠯᠡᠯᠭᠡ ᠶᠢᠨ ᠥᠪᠡᠷ ᠤᠨ ᠥᠷᠲᠡᠭ ᠵᠡᠷᠭᠡ ᠬᠦᠴᠦᠨ ᠵᠦᠢᠯ ᠢ ᠦᠨᠳᠦᠰᠦᠯᠡᠨ | ᠶᠡᠷᠦᠩᠬᠡᠶᠢᠯᠡᠨ ᠲᠣᠭᠲᠠᠭᠠᠵᠤ᠂ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢ 1 ᠵᠢᠯ ᠤᠨ ᠬᠤᠭᠤᠴᠠᠭ᠎ᠠ ᠲᠠᠢ | ᠵᠢᠭᠡᠯᠡᠯᠭᠡ ᠶᠢᠨ ᠵᠠᠬ᠎ᠠ ᠳᠡᠯᠭᠡᠭᠦᠷ ᠤᠨ ᠮᠡᠳᠡᠭᠦᠯᠦᠭᠰᠡᠨ ᠦᠨ᠎ᠡ ᠶᠢᠨ ᠬᠦᠦ ᠮᠥᠩᠭᠦ ᠶᠢᠨ ᠨᠣᠷᠮ᠎ᠠ ︵LPR︶ ᠠᠴᠠ | ᠬᠡᠲᠦᠷᠡᠭᠦᠯᠵᠦ ᠪᠣᠯᠬᠤ ᠦᠭᠡᠢ᠃ | ︵ᠳᠣᠯᠤᠭ᠎ᠠ︶ ᠳᠠᠮ ᠬᠦᠦ ᠥᠭᠬᠦ ᠠᠷᠭ᠎ᠠ ᠮᠠᠶ᠋ᠢᠭ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠲᠣᠪᠴᠢᠶ᠎ᠠ ᠠᠴᠠ ᠲᠠᠷᠢᠶᠠᠯᠠᠩ ᠤᠨ ᠪᠠᠩᠬᠢ ᠳᠤ ᠳᠠᠮ ᠬᠦᠦ ᠶᠢᠨ ᠲᠤᠰᠬᠠᠢ ᠲᠠᠩᠰᠠᠨ ᠡᠷᠦᠬᠡ ᠪᠠᠶᠢᠭᠤᠯᠵᠤ᠂ ᠳᠠᠮ | ᠬᠦᠦ ᠶᠢᠨ ᠬᠡᠪᠴᠢᠶ᠎ᠡ ᠨᠢ ᠶᠠᠳᠠᠭᠤ ᠠᠴᠠ ᠠᠩᠭᠢᠵᠢᠷᠠᠭᠤᠯᠬᠤ ᠡᠷᠦᠬᠡ ᠪᠠ ᠬᠢᠨᠠᠨ ᠰᠢᠯᠭᠠᠬᠤ ᠡᠷᠦᠬᠡ᠂ ᠶᠠᠳᠠᠭᠤ ᠠᠴᠠ | ᠠᠩᠭᠢᠵᠢᠷᠠᠭᠤᠯᠬᠤ ᠡᠷᠦᠬᠡ ᠵᠢᠴᠢ ᠬᠢᠨᠠᠨ ᠰᠢᠯᠭᠠᠬᠤ ᠡᠷᠦᠬᠡ ᠶᠢᠨ ᠡᠬᠡ ᠮᠥᠩᠭᠦ ᠶᠢ ᠪᠤᠴᠠᠭᠠᠵᠤ ᠬᠦᠦ ᠮᠥᠩᠭᠦ ᠶᠢ ᠨᠢ | ᠲᠥᠯᠥᠭᠰᠡᠨ ᠤ ᠳᠠᠷᠠᠭ᠎ᠠ᠂ ᠲᠠᠷᠢᠶᠠᠯᠠᠩ ᠤᠨ ᠪᠠᠩᠬᠢ ᠠᠴᠠ ᠠᠯᠬᠤᠮ ᠳᠠᠷᠠᠭ᠎ᠠ ᠶᠢ ᠦᠨᠳᠦᠰᠦᠯᠡᠨ᠂ ᠳᠠᠮ ᠬᠦᠦ ᠶᠢᠨ | ᠲᠤᠰᠬᠠᠢ ᠲᠠᠩᠰᠠᠨ ᠡᠷᠦᠬᠡ ᠶᠢᠨ ᠳᠣᠲᠣᠷ᠎ᠠ ᠠᠴᠠ ᠶᠠᠳᠠᠭᠤ ᠠᠴᠠ ᠠᠩᠭᠢᠵᠢᠷᠠᠭᠤᠯᠬᠤ ᠡᠷᠦᠬᠡ ᠪᠠ ᠬᠢᠨᠠᠨ ᠰᠢᠯᠭᠠᠬᠤ | ᠡᠷᠦᠬᠡ ᠳᠤ ᠳᠠᠮ ᠬᠦᠦ ᠥᠭᠭᠦᠨ᠎ᠡ᠃ ᠳᠠᠮ ᠬᠦᠦ ᠶᠢ ᠵᠣᠯᠭᠠᠭᠤᠯᠬᠤ ᠪᠡᠯᠡ ᠮᠥᠩᠭᠦ ᠶᠢᠨ ᠳᠣᠲᠣᠷ᠎ᠠ ᠠᠴᠠ | ᠲᠣᠬᠢᠷᠠᠭᠤᠯᠵᠤ ᠪᠣᠯᠣᠨ᠎ᠠ᠃ | ︵ᠨᠠᠢᠮᠠ︶ ᠳᠠᠭᠠᠭᠠᠯᠲᠠ ᠬᠢᠬᠦ ᠠᠷᠭ᠎ᠠ ᠮᠠᠶ᠋ᠢᠭ᠃ ᠢᠲᠡᠭᠡᠮᠵᠢ ᠶᠢᠨ ᠠᠷᠭ᠎ᠠ ᠮᠠᠶ᠋ᠢᠭ ᠢᠶᠠᠷ ᠵᠢᠭᠡᠯᠡᠯᠭᠡ ᠲᠠᠯᠪᠢᠨ᠎ᠠ | ᠂ ᠵᠢᠭᠡᠯᠡᠯᠭᠡ ᠶᠢᠨ ᠭᠡᠷ᠎ᠡ ᠨᠢ ᠲᠦᠭᠰᠢᠭᠦᠷᠢ ᠶᠢᠨ ᠨᠥᠬᠦᠪᠦᠷᠢ ᠶᠢᠨ ᠰᠠᠭᠤᠷᠢ ᠮᠥᠩᠭᠦᠨ ᠤ ᠮᠡᠳᠡᠭᠡ ᠵᠠᠩᠭᠢ ᠲᠠᠢ | ᠬᠤᠯᠪᠣᠭᠳᠠᠬᠤ ᠬᠡᠷᠡᠭᠲᠡᠢ᠃ | ︵ᠶᠢᠰᠦ︶ ᠲᠦᠭᠰᠢᠭᠦᠷᠢ ᠶᠢᠨ ᠨᠥᠬᠦᠪᠦᠷᠢ ᠶᠢᠨ ᠰᠠᠭᠤᠷᠢ ᠮᠥᠩᠭᠦ ᠶᠢᠨ ᠲᠣᠭᠲᠠᠴᠠ᠃ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠲᠣᠪᠴᠢᠶ᠎ᠠ ᠨᠢ ︽ᠠᠷᠠᠳ ᠢ ᠪᠠᠶᠠᠵᠢᠭᠤᠯᠬᠤ ᠵᠢᠭᠡᠯᠡᠯᠭᠡ︾ ᠶᠢᠨ ᠲᠦᠭᠰᠢᠭᠦᠷᠢ ᠶᠢᠨ | ᠨᠥᠬᠦᠪᠦᠷᠢ ᠶᠢᠨ ᠰᠠᠭᠤᠷᠢ ᠮᠥᠩᠭᠦ ᠶᠢᠨ ᠲᠤᠰᠬᠠᠢ ᠲᠠᠩᠰᠠᠨ ᠡᠷᠦᠬᠡ ᠶᠢ ᠪᠠᠶᠢᠭᠤᠯᠵᠤ᠂ ᠲᠠᠷᠬᠠᠭᠠᠬᠤ ᠪᠠᠷ ᠪᠠᠶᠢᠭ᠎ᠠ ︽ | ᠠᠷᠠᠳ ᠢ ᠪᠠᠶᠠᠵᠢᠭᠤᠯᠬᠤ ᠵᠢᠭᠡᠯᠡᠯᠭᠡ︾ ᠶᠢᠨ ᠵᠢᠭᠡᠯᠡᠯᠭᠡ ᠶᠢᠨ ᠦᠯᠡᠳᠡᠪᠦᠷᠢ ᠲᠤᠭ᠎ᠠ ᠶᠢᠨ ᠬᠡᠪᠴᠢᠶ᠎ᠡ ᠯᠦᠭᠡ ᠪᠣᠯᠵᠣᠨ | ᠲᠣᠭᠲᠠᠭᠰᠠᠨ ᠬᠠᠷᠢᠴᠠᠯ ᠨᠢ 1:10 ᠪᠣᠯᠬᠤ ᠶᠢ ᠦᠨᠳᠦᠰᠦᠯᠡᠨ᠂ ᠵᠢᠭᠡᠯᠡᠯᠭᠡ ᠲᠠᠯᠪᠢᠬᠤ ᠠᠴᠠ ᠡᠮᠦᠨ᠎ᠡ ᠪᠣᠳᠠᠲᠠᠢ | ᠲᠤᠰᠬᠠᠢ ᠲᠠᠩᠰᠠᠨ ᠡᠷᠦᠬᠡ ᠳᠤ ᠰᠢᠯᠵᠢᠭᠦᠯᠦᠨ ᠥᠭᠴᠦ᠂ ᠪᠣᠯᠵᠣᠨ ᠲᠣᠭᠲᠠᠭᠰᠠᠨ ᠬᠠᠷᠢᠴᠠᠯ ᠢᠶᠠᠷ ᠵᠢᠭᠡᠯᠡᠯᠭᠡ ᠶᠢᠨ | ᠡᠬᠡ ᠬᠦᠦ ᠮᠥᠩᠭᠦ ᠶᠢᠨ ᠬᠤᠬᠢᠷᠠᠯ ᠢ ᠲᠥᠯᠥᠬᠦ ᠳᠤ ᠲᠤᠰᠬᠠᠢ ᠬᠡᠷᠡᠭᠯᠡᠨ᠎ᠡ᠃ ᠡᠳ᠋ ᠤᠨ ᠵᠠᠰᠠᠭ ᠤᠨ ᠲᠣᠪᠴᠢᠶ᠎ᠠ | ᠵᠢᠭᠡᠯᠡᠯᠭᠡ ᠶᠢᠨ ᠬᠡᠷᠡᠭᠴᠡᠭᠡᠨ ᠤ ᠪᠠᠶᠢᠳᠠᠯ ᠢ ᠦᠨᠳᠦᠰᠦᠯᠡᠨ ᠰᠠᠭᠤᠷᠢ ᠮᠥᠩᠭᠦᠨ ᠤ ᠬᠡᠪᠴᠢᠶ᠎ᠡ ᠶᠢ ᠵᠦᠢ ᠵᠣᠬᠢᠰᠲᠠᠢ ᠪᠠᠷ | ᠲᠣᠬᠢᠷᠠᠭᠤᠯᠵᠤ᠂ ᠠᠶᠤᠯ ᠲᠦᠭᠰᠢᠭᠦᠷᠢ ᠶᠢᠨ ᠨᠥᠬᠦᠪᠦᠷᠢ ᠪᠡᠯᠡ ᠮᠥᠩᠭᠦ ᠶᠢᠨ ᠭᠦᠢᠴᠡᠳ ᠪᠠᠶᠢᠬᠤ ᠶᠢ ᠪᠠᠳᠣᠯᠠᠨ᠎ᠠ᠃ | ︵ᠠᠷᠪᠠ︶ ᠵᠢᠭᠡᠯᠡᠯᠭᠡ ᠶᠢᠨ ᠨᠥᠬᠦᠴᠡᠯ᠃ ᠪᠦᠬᠦᠯᠢ 18 ︱ 65 ᠨᠠᠰᠤ ︵ᠪᠠᠭᠲᠠᠨ᠎ᠠ︶᠂ ᠬᠠᠤᠯᠢ | ᠰᠠᠬᠢᠯᠭ᠎ᠠ ᠶᠢ ᠵᠢᠷᠤᠮᠯᠠᠨ ᠰᠠᠬᠢᠵᠤ᠂ ᠦᠨᠡᠨᠴᠢ ᠢᠲᠡᠭᠡᠮᠵᠢᠲᠡᠢ᠂ ᠬᠦᠨᠳᠦ ᠶᠡᠭᠡ ᠢᠲᠡᠭᠡᠮᠵᠢ ᠦᠭᠡᠢ ᠶᠢᠨ ᠲᠡᠮᠳᠡᠭᠯᠡᠯ | ᠦᠭᠡᠢ ᠪᠥᠭᠡᠳ ᠢᠷᠭᠡᠨ ᠤ ᠬᠡᠷᠡᠭ ᠤᠨ ᠠᠵᠢᠯᠯᠠᠭ᠎ᠠ ᠶᠢᠨ ᠪᠦᠷᠢᠨ ᠴᠢᠳᠠᠪᠤᠷᠢ ᠲᠠᠢ ᠲᠠᠷᠢᠶᠠᠴᠢᠨ ᠡᠷᠦᠬᠡ᠃ | ᠲᠠᠷᠢᠶᠠᠯᠠᠩ ᠤᠨ ᠪᠠᠩᠬᠢ ᠶᠢᠨ ᠲᠡᠰ ᠲᠣᠭᠲᠠᠭᠠᠨ ᠢᠲᠡᠭᠡᠮᠵᠢ ᠣᠯᠭᠤᠬᠤ ᠪᠠᠷ ᠳᠠᠮᠵᠢᠭᠤᠯᠤᠨ᠂ ᠵᠢᠭᠡᠯᠡᠯᠭᠡ ᠠᠪᠬᠤ | ᠬᠦᠰᠡᠯ ᠲᠠᠢ᠂ ᠬᠡᠪ ᠤᠨ ᠦᠢᠯᠡᠳᠪᠦᠷᠢᠯᠡᠯ ᠡᠵᠡᠩᠨᠡᠯᠲᠡ ᠶᠢᠨ ᠵᠦᠢᠯᠡᠰ ᠲᠠᠢ ᠪᠠᠶᠢᠬᠤ᠂ ᠵᠢᠭᠡᠯᠡᠯᠭᠡ ᠶᠢᠨ ᠪᠡᠯᠡ | ᠮᠥᠩᠭᠦ ᠶᠢ ᠡᠷᠬᠡᠪᠰᠢ ᠬᠠᠤᠯᠢ ᠶᠣᠰᠣᠨ ᠤ ᠲᠣᠭᠲᠠᠭᠠᠯ ᠳᠤ ᠨᠡᠶᠢᠴᠡᠭᠰᠡᠨ ᠠᠵᠤ ᠦᠢᠯᠡᠰ ᠪᠠ ᠵᠦᠢᠯᠡᠰ ᠲᠤ ᠬᠡᠷᠡᠭᠯᠡᠬᠦ | ᠬᠡᠷᠡᠭᠲᠡᠢ᠃ | ᠭᠤᠷᠪᠠ᠂ ᠭᠦᠢᠴᠡᠳᠬᠡᠬᠦ ᠶᠠᠪᠤᠴᠠ | ᠭᠤᠣᠯ ᠪᠣᠯᠬᠤ ᠲᠤᠬᠠᠶᠢᠯᠠᠭᠰᠠᠨ ᠠᠵᠢᠯ ᠤᠨ ᠶᠠᠪᠤᠴᠠ᠄ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠲᠣᠪᠴᠢᠶ᠎ᠠ ᠪᠣᠯᠣᠨ ᠲᠠᠷᠢᠶᠠᠯᠠᠩ ᠤᠨ ᠪᠠᠩᠬᠢ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠬᠤ ︱ᠲᠠᠷᠢᠶᠠᠴᠢᠨ ᠡᠷᠦᠭᠡ | ᠵᠢᠭᠡᠯᠡᠯᠭᠡ ᠭᠤᠶᠤᠴᠢᠯᠠᠬᠤ︱ ᠪᠠᠯᠭᠠᠰᠤᠨ ᠤ ᠵᠠᠰᠠᠭ ᠤᠨ ᠣᠷᠳᠣᠨ ᠠᠴᠠ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠲᠣᠪᠴᠢᠶ᠎ᠠ ᠳᠤ ᠬᠢᠨᠠᠨ ᠬᠠᠷᠭᠤᠭᠤᠯᠵᠤ ᠲᠠᠨᠢᠯᠴᠠᠭᠤᠯᠬᠤ︱ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠲᠣᠪᠴᠢᠶ᠎ᠠ ᠠᠴᠠ ᠪᠠᠩᠬᠢ ᠳᠤ ᠬᠢᠨᠠᠨ ᠬᠠᠷᠭᠤᠭᠤᠯᠵᠤ ᠲᠠᠨᠢᠯᠴᠠᠭᠤᠯᠬᠤ︱ ᠪᠠᠩᠬᠢ ᠠᠴᠠ ᠪᠠᠶᠢᠴᠠᠭᠠᠵᠤ | ᠬᠢᠨᠠᠨ ᠵᠥᠪᠰᠢᠶᠡᠷᠡᠬᠦ ︱ ᠵᠢᠭᠡᠯᠡᠯᠭᠡ ᠲᠠᠯᠪᠢᠭᠰᠠᠨ ᠤ ᠳᠠᠷᠠᠭᠠᠬᠢ ᠬᠠᠮᠢᠶᠠᠷᠤᠯᠲᠠ᠂ ᠠᠶᠤᠯ ᠲᠦᠭᠰᠢᠭᠦᠷᠢ ᠶᠢ | ᠰᠡᠷᠭᠡᠶᠢᠯᠡᠨ ᠡᠵᠡᠮᠳᠡᠬᠦ ︱ ᠠᠶᠤᠯ ᠲᠦᠭᠰᠢᠭᠦᠷᠢ ᠭᠠᠷᠪᠠᠯ ᠪᠣᠯᠵᠣᠨ ᠲᠣᠭᠲᠠᠭᠰᠠᠨ ᠬᠠᠷᠢᠴᠠᠯ ᠢᠶᠠᠷ ᠣᠷᠣᠯᠠᠨ | ᠲᠥᠯᠥᠨ᠎ᠡ᠃ | ︵ᠨᠢᠭᠡ︶ ᠬᠤᠷᠰᠢᠬᠤ ᠬᠡᠯᠡᠯᠴᠡᠭᠡᠷ ᠲᠣᠭᠲᠠᠭᠠᠬᠤ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠲᠣᠪᠴᠢᠶ᠎ᠠ ᠪᠣᠯᠣᠨ ᠲᠠᠷᠢᠶᠠᠯᠠᠩ ᠤᠨ ᠪᠠᠩᠬᠢ ᠬᠠᠤᠯᠢ ᠲᠣᠭᠲᠠᠭᠠᠯ ᠶᠣᠰᠣᠭᠠᠷ ᠬᠠᠮᠲᠤᠷᠠᠯᠴᠠᠭᠠᠨ ᠤ ᠵᠥᠪᠯᠡᠯᠴᠡᠭᠡᠷ | ᠲᠣᠭᠲᠠᠵᠤ᠂ ᠬᠤᠶᠠᠷ ᠲᠠᠯ᠎ᠠ ᠶᠢᠨ ᠡᠷᠬᠡ ᠡᠭᠦᠷᠭᠡ ᠪᠣᠯᠣᠨ ᠪᠣᠳᠠᠲᠠᠢ ᠠᠵᠢᠯᠯᠠᠭᠠᠨ ᠤ ᠵᠠᠭᠪᠤᠷ ᠢ ᠲᠣᠳᠣᠷᠬᠠᠶᠢᠯᠠᠪᠠ᠂ | ᠡᠭᠦᠨ ᠳᠤ ᠬᠠᠮᠲᠤᠷᠠᠯᠴᠠᠭᠠᠨ ᠤ ᠲᠤᠭ᠎ᠠ ᠬᠡᠮᠵᠢᠶ᠎ᠡ᠂ ᠪᠣᠳᠠᠲᠠᠢ ᠠᠶᠤᠯ ᠲᠦᠭᠰᠢᠭᠦᠷᠢ ᠶᠢ ᠬᠤᠪᠢᠶᠠᠨ ᠡᠭᠦᠷᠭᠡᠯᠡᠬᠦ | ᠬᠠᠷᠢᠴᠠᠯ᠂ ᠠᠶᠤᠯ ᠲᠦᠭᠰᠢᠭᠦᠷᠢ ᠶᠢᠨ ᠨᠥᠬᠦᠪᠦᠷᠢ ᠮᠥᠩᠭᠦ ᠶᠢ ᠡᠬᠢᠯᠡᠵᠦ ᠬᠡᠷᠡᠭᠯᠡᠬᠦ ᠨᠥᠬᠦᠴᠡᠯ᠂ ᠡᠯ᠎ᠡ ᠲᠠᠯ᠎ᠠ ᠶᠢᠨ | ᠵᠢᠭᠡᠯᠡᠯᠭᠡ ᠶᠢᠨ ᠬᠠᠮᠢᠶᠠᠷᠤᠯᠲᠠ ᠪᠣᠯᠣᠨ ᠢᠯᠭᠠᠷᠠᠭᠤᠯᠤᠨ ᠬᠤᠷᠢᠶᠠᠬᠤ ᠶᠠᠪᠤᠴᠠ ᠳᠠᠬᠢ ᠡᠭᠦᠷᠭᠡ ᠬᠠᠷᠢᠭᠤᠴᠠᠯᠭ᠎ᠠ᠂ | ᠲᠤᠬᠠᠶᠢᠯᠠᠭᠰᠠᠨ ᠠᠵᠢᠯ ᠢ ᠲᠦᠷ ᠵᠣᠭᠰᠤᠭᠠᠬᠤ ᠪᠠ ᠬᠠᠮᠲᠤᠷᠠᠯᠴᠠᠭᠠᠨ ᠤ ᠲᠣᠭᠲᠠᠴᠠ ᠶᠢ ᠵᠣᠭᠰᠤᠭᠠᠬᠤ ᠵᠡᠷᠭᠡ | ᠠᠭᠤᠯᠭ᠎ᠠ ᠪᠠᠭᠲᠠᠨ᠎ᠠ᠃ | ︵ᠬᠤᠶᠠᠷ︶ ᠲᠠᠷᠢᠶᠠᠴᠢᠨ ᠡᠷᠦᠭᠡ ᠵᠢᠭᠡᠯᠡᠯᠭᠡ ᠭᠤᠶᠤᠴᠢᠯᠠᠬᠤ᠃ ᠵᠢᠭᠡᠯᠡᠯᠭᠡ ᠶᠢᠨ ᠬᠡᠷᠡᠭᠴᠡᠭᠡ | ᠱᠠᠭᠠᠷᠳᠠᠯᠭ᠎ᠠ ᠲᠠᠢ ᠲᠠᠷᠢᠶᠠᠴᠢᠨ ᠡᠷᠦᠬᠡ ᠨᠢ ᠰᠠᠶᠢᠨ ᠳᠤᠷ᠎ᠠ ᠶᠢᠨ ᠵᠠᠷᠴᠢᠮ ᠶᠣᠰᠣᠭᠠᠷ᠂ ᠪᠠᠶᠢᠭ᠎ᠠ ᠭᠠᠵᠠᠷ ᠤᠨ ᠢᠶᠠᠨ | ᠲᠣᠰᠬᠤᠨ ᠤ ᠱᠠᠲᠤᠨ ᠤ ᠬᠠᠮᠢᠶᠠᠷᠤᠯᠲᠠ ᠶᠢᠨ ᠪᠦᠯᠬᠦᠮ ︵ᠲᠣᠰᠬᠤᠨ ᠤ ᠬᠤᠶᠠᠷ ᠵᠥᠪᠯᠡᠯ ᠪᠤᠶᠤ ᠲᠣᠰᠬᠤᠨ ᠳᠤ | ᠰᠠᠭᠤᠬᠤ ᠠᠵᠢᠯᠯᠠᠬᠤ ᠠᠩᠭᠢ᠂ ᠪᠠᠯᠭᠠᠰᠤᠨ ᠤ ᠵᠠᠰᠠᠭ ᠤᠨ ᠣᠷᠳᠣᠨ︶ ᠳᠤ ᠱᠠᠲᠤ ᠳᠠᠷᠠᠭᠠᠯᠠᠨ ᠭᠤᠶᠤᠴᠢᠯᠠᠯ | ᠭᠠᠷᠭᠠᠵᠤ᠂ ︽ᠠᠷᠠᠳ ᠢ ᠪᠠᠶᠠᠵᠢᠭᠤᠯᠬᠤ ᠵᠢᠭᠡᠯᠡᠯᠭᠡ︾ ᠶᠢᠨ ᠲᠣᠰᠬᠤᠨ ᠤ ᠱᠠᠲᠤᠨ ᠤ ᠬᠠᠮᠢᠶᠠᠷᠤᠯᠲᠠ ᠶᠢᠨ ᠪᠦᠯᠬᠦᠮ | ᠨᠢ ᠲᠠᠷᠢᠶᠠᠴᠢᠨ ᠡᠷᠦᠬᠡ ᠶᠢ ᠠᠩᠬ᠎ᠠ ᠰᠢᠯᠢᠬᠦ ᠡᠭᠦᠷᠭᠡ ᠴᠢᠳᠠᠪᠤᠷᠢ ᠶᠢ ᠡᠭᠦᠷᠭᠡᠯᠡᠵᠦ᠂ ᠲᠠᠨᠢᠯᠴᠠᠭᠤᠯᠤᠭᠰᠠᠨ | ᠲᠠᠷᠢᠶᠠᠴᠢᠨ ᠡᠷᠦᠬᠡ ᠶᠢᠨ ᠰᠠᠬᠢᠯᠭ᠎ᠠ ᠪᠠᠲᠤ ᠶᠢ ᠵᠢᠷᠤᠮᠯᠠᠬᠤ ᠠᠷᠭ᠎ᠠ ᠪᠠᠷᠢᠯ᠂ ᠦᠨᠡᠨᠴᠢ ᠢᠲᠡᠭᠡᠮᠵᠢᠲᠡᠢ᠂ ᠦᠨᠡᠨ | ᠪᠣᠳᠠᠲᠠᠢ ᠡᠵᠡᠩᠨᠡᠯᠲᠡ ᠶᠢᠨ ᠲᠥᠷᠥᠯ ᠵᠦᠢᠯ ᠪᠠ ᠪᠡᠯᠡ ᠮᠥᠩᠭᠦ ᠶᠢᠨ ᠬᠡᠷᠡᠭᠴᠡᠭᠡ ᠱᠠᠭᠠᠷᠳᠠᠯᠭ᠎ᠠ ᠲᠠᠢ ᠪᠠᠶᠢᠬᠤ ᠶᠢ | ᠦᠨᠡᠨ ᠬᠦ ᠪᠠᠲᠤᠯᠠᠬᠤ ᠬᠡᠷᠡᠭᠲᠡᠢ᠃ | ︵ᠭᠤᠷᠪᠠ︶ ᠪᠠᠯᠭᠠᠰᠤᠨ ᠤ ᠵᠠᠰᠠᠭ ᠤᠨ ᠣᠷᠳᠣᠨ ᠠᠴᠠ ᠬᠢᠨᠠᠨ ᠬᠠᠷᠭᠤᠭᠤᠯᠵᠤ ᠲᠠᠨᠢᠯᠴᠠᠭᠤᠯᠬᠤ᠃ ︽ | ᠠᠷᠠᠳ ᠢ ᠪᠠᠶᠠᠵᠢᠭᠤᠯᠬᠤ ᠵᠢᠭᠡᠯᠡᠯᠭᠡ︾ ᠶᠢᠨ ᠲᠣᠰᠬᠤᠨ ᠤ ᠱᠠᠲᠤᠨ ᠤ ᠬᠠᠮᠢᠶᠠᠷᠤᠯᠲᠠ ᠶᠢᠨ ᠪᠦᠯᠬᠦᠮ ᠨᠡᠶᠢᠲᠡ ᠶᠢᠨ | ᠬᠢᠨ ᠲᠤᠬᠠᠢ ᠶᠢᠨ ᠭᠠᠵᠠᠷ ᠲᠤᠨᠢ ᠪᠠᠶᠢᠴᠠᠭᠠᠯᠲᠠ ᠬᠢᠵᠦ᠂ ᠲᠠᠷᠢᠶᠠᠴᠢᠨ ᠡᠷᠦᠬᠡ ᠶᠢᠨ ᠰᠠᠭᠤᠷᠢ ᠮᠡᠳᠡᠭᠡ ᠵᠠᠩᠭᠢ ᠶᠢ | ᠴᠤᠭᠯᠠᠭᠤᠯᠤᠨ᠂ ᠱᠠᠲᠤ ᠳᠠᠷᠠᠭᠠᠯᠠᠨ ᠳᠡᠭᠡᠭᠰᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠳᠤ | ᠮᠡᠳᠡᠭᠦᠯᠵᠦ ᠠᠩᠬᠠᠨ ᠤ ᠬᠢᠨᠠᠯᠲᠠ ᠬᠢᠯᠭᠡᠪᠡ᠃ ᠠᠩᠬᠠᠨ ᠤ ᠬᠢᠨᠠᠯᠲᠠ ᠳᠤ ᠪᠠᠲᠤᠯᠠᠭᠰᠠᠨ ᠪᠠᠶᠢᠪᠠᠯ᠂ ᠲᠠᠷᠢᠶᠠᠯᠠᠩ ᠤᠨ | ᠪᠠᠩᠬᠢ ᠳᠤ ᠲᠠᠨᠢᠯᠴᠠᠭᠤᠯᠬᠤ ᠬᠦᠰᠦᠨᠦᠭᠲᠦ ᠶᠢ ᠰᠢᠯᠵᠢᠭᠦᠯᠦᠨ ᠲᠤᠰᠢᠶᠠᠵᠤ᠂ ᠲᠠᠨᠢᠯᠴᠠᠭᠤᠯᠤᠭᠰᠠᠨ ᠲᠠᠷᠢᠶᠠᠴᠢᠨ | ᠡᠷᠦᠬᠡ ᠶᠢ ᠬᠠᠮᠲᠤᠷᠠᠯᠴᠠᠭᠠᠨ ᠤ ᠬᠡᠯᠡᠯᠴᠡᠭᠡᠷ ᠤᠨ ᠳᠡᠮᠵᠢᠬᠦ ᠬᠡᠪᠴᠢᠶᠡᠨ ᠳᠤ ᠣᠷᠣᠭᠤᠯᠬᠤ ᠶᠢ ᠦᠨᠡᠨ ᠬᠦ ᠪᠠᠲᠤᠯᠠᠨ᠎ᠠ᠃ | | ︵ᠳᠥᠷᠪᠡ︶ ᠪᠠᠩᠬᠢ ᠠᠴᠠ ᠪᠠᠶᠢᠴᠠᠭᠠᠯᠲᠠ ᠬᠢᠵᠦ ᠬᠢᠨᠠᠨ ᠵᠥᠪᠰᠢᠶᠡᠷᠡᠨ᠎ᠡ᠃ ︽ᠠᠷᠠᠳ ᠢ ᠪᠠᠶᠠᠵᠢᠭᠤᠯᠬᠤ | ᠵᠢᠭᠡᠯᠡᠯᠭᠡ︾ ᠶᠢᠨ ᠲᠣᠰᠬᠤᠨ ᠤ ᠱᠠᠲᠤᠨ ᠤ ᠬᠠᠮᠢᠶᠠᠷᠤᠯᠲᠠ ᠶᠢᠨ ᠪᠦᠯᠬᠦᠮ ᠨᠡᠶᠢᠲᠡ ᠶᠢᠨ ᠬᠠᠪᠰᠤᠷᠤᠯᠭ᠎ᠠ ᠳᠣᠣᠷ᠎ᠠ᠂ | ᠲᠠᠷᠢᠶᠠᠯᠠᠩ ᠤᠨ ᠪᠠᠩᠬᠢ ᠲᠣᠰ ᠪᠠᠩᠬᠢ ᠶᠢᠨ ᠳᠦᠷᠢᠮ ᠤᠨ ᠲᠣᠭᠲᠠᠭᠠᠯ ᠶᠣᠰᠣᠭᠠᠷ ᠲᠠᠷᠢᠶᠠᠴᠢᠨ ᠡᠷᠦᠬᠡ ᠶᠢᠨ ᠮᠡᠳᠡᠭᠡ | ᠵᠠᠩᠭᠢ ᠶᠢᠨ ᠲᠠᠩᠰᠠ ᠡᠪᠬᠡᠮᠡᠯ ᠪᠠᠶᠢᠭᠤᠯᠬᠤ᠂ ᠵᠣᠴᠢᠨ ᠡᠷᠦᠬᠡ ᠶᠢᠨ ᠲᠠᠰ ᠲᠣᠭᠲᠠᠭᠠᠬᠤ᠂ ᠢᠲᠡᠭᠡᠮᠵᠢ ᠣᠯᠭᠤᠬᠤ ᠶᠢ | ᠬᠢᠨᠠᠨ ᠲᠣᠭᠲᠠᠭᠠᠬᠤ ᠪᠠ ᠵᠢᠭᠡᠯᠡᠯᠭᠡ ᠵᠢᠭᠡᠯᠡᠬᠦ ᠶᠢ ᠬᠢᠨᠠᠨ ᠵᠥᠪᠰᠢᠶᠡᠷᠡᠬᠦ ᠠᠵᠢᠯ ᠢ ᠪᠡᠶ᠎ᠡ ᠪᠠᠨ ᠳᠠᠭᠠᠭᠠᠨ | ᠥᠷᠨᠢᠭᠦᠯᠬᠦ ᠶᠢᠨ ᠬᠠᠮᠲᠤ ᠲᠠᠷᠢᠶᠠᠴᠢᠨ ᠡᠷᠦᠬᠡ ᠶᠢ ᠬᠠᠮᠵᠢᠨ ᠭᠡᠷ᠎ᠡ ᠲᠣᠭᠲᠠᠬᠤ ᠶᠢ ᠪᠡᠶᠡᠯᠡᠭᠦᠯᠦᠨ᠎ᠡ᠃ ᠰᠦᠯᠵᠢᠶᠡᠨ | ᠳᠡᠭᠡᠷᠡᠬᠢ ᠥᠪᠡᠰᠦᠪᠡᠨ ᠦᠢᠯᠡᠴᠢᠯᠡᠬᠦ ᠠᠷᠭ᠎ᠠ ᠵᠠᠮ ᠢᠶᠠᠷ ᠳᠠᠮᠵᠢᠭᠤᠯᠤᠨ ᠭᠦᠢᠴᠡᠳᠬᠡᠬᠦ ᠶᠢ ᠵᠣᠷᠢᠭᠵᠢᠭᠤᠯᠵᠤ᠂ | ᠵᠢᠭᠡᠯᠡᠯᠭᠡ ᠲᠠᠯᠪᠢᠬᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ ᠲᠠᠷᠢᠶᠠᠯᠠᠩ ᠤᠨ ᠪᠠᠩᠬᠢ ᠨᠢ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠳᠤ ᠵᠢᠭᠡᠯᠡᠯᠭᠡ ᠶᠢᠨ ᠪᠠᠶᠢᠳᠠᠯ ᠢᠶᠠᠨ ᠰᠠᠷ᠎ᠠ ᠰᠠᠷ᠎ᠠ ᠪᠠᠷ | ᠮᠡᠳᠡᠭᠦᠯᠦᠨ ᠬᠦᠷᠭᠡᠬᠦ ᠬᠡᠷᠡᠭᠲᠡᠢ᠃ | ︵ᠲᠠᠪᠤ︶ ᠵᠢᠭᠡᠯᠡᠯᠭᠡ ᠲᠠᠯᠪᠢᠭᠰᠠᠨ ᠤ ᠳᠠᠷᠠᠭᠠᠬᠢ ᠬᠠᠮᠢᠶᠠᠷᠤᠯᠲᠠ᠃ ︽ᠠᠷᠠᠳ ᠢ ᠪᠠᠶᠠᠵᠢᠭᠤᠯᠬᠤ ᠵᠢᠭᠡᠯᠡᠯᠭᠡ︾ | ᠶᠢᠨ ᠬᠤᠲᠠ ᠪᠠᠯᠭᠠᠰᠤ ᠲᠣᠰᠬᠤᠨ ᠤ ᠭᠤᠷᠪᠠᠨ ᠱᠠᠲᠤᠨ ᠤ ᠠᠵᠢᠯᠯᠠᠬᠤ ᠠᠩᠭᠢ ᠨᠢ ᠪᠠᠩᠬᠢ ᠶᠢᠨ ᠪᠠᠶᠢᠭᠤᠯᠤᠮᠵᠢ ᠶᠢ | ᠬᠠᠮᠵᠢᠨ ᠵᠢᠭᠡᠯᠡᠯᠭᠡ ᠲᠠᠯᠪᠢᠭᠰᠠᠨ ᠤ ᠳᠠᠷᠠᠭᠠᠬᠢ ᠬᠢᠨᠠᠨ ᠪᠠᠶᠢᠴᠠᠭᠠᠯᠲᠠ ᠶᠢ ᠰᠠᠶᠢᠲᠤᠷ ᠬᠢᠵᠦ᠂ ᠲᠠᠷᠢᠶᠠᠴᠢᠨ | ᠡᠷᠦᠬᠡ ᠶᠢᠨ ᠵᠢᠭᠡᠯᠡᠯᠭᠡ ᠶᠢᠨ ᠪᠡᠯᠡ ᠮᠥᠩᠭᠦ ᠶᠢ ᠬᠡᠷᠡᠭᠯᠡᠵᠦ ᠪᠠᠶᠢᠭ᠎ᠠ ᠪᠠᠶᠢᠳᠠᠯ ᠪᠠ ᠦᠢᠯᠡᠳᠪᠦᠷᠢᠯᠡᠯ ᠡᠵᠡᠩᠨᠡᠯᠲᠡ ᠶᠢᠨ | ᠪᠠᠶᠢᠳᠠᠯ ᠢ ᠴᠠᠭ ᠲᠤᠬᠠᠢ ᠳᠤᠨᠢ ᠡᠵᠡᠮᠰᠢᠵᠦ᠂ ᠵᠢᠭᠡᠯᠡᠯᠭᠡ ᠶᠢ ᠦᠢᠯᠡᠳᠪᠦᠷᠢᠯᠡᠯ ᠡᠵᠡᠩᠨᠡᠯᠲᠡ ᠶᠢᠨ ᠪᠤᠰᠤ ᠬᠦᠷᠢᠶᠡᠨ ᠳᠤ | ᠬᠡᠷᠡᠭᠯᠡᠬᠦ ᠶᠢ ᠰᠡᠷᠭᠡᠶᠢᠯᠡᠨ ᠬᠤᠷᠢᠭᠯᠠᠵᠤ᠂ ᠠᠵᠤ ᠠᠬᠤᠶᠢᠯᠠᠯ ᠵᠡᠷᠭᠡ ᠭᠤᠷᠪᠠᠳᠠᠭᠢ ᠡᠲᠡᠭᠡᠳ ᠲᠤ ᠨᠡᠭᠦᠯᠭᠡᠨ | ᠬᠡᠷᠡᠭᠯᠡᠭᠳᠡᠬᠦ ᠶᠢ ᠰᠡᠷᠭᠡᠶᠢᠯᠡᠨ ᠬᠤᠷᠢᠭᠯᠠᠬᠤ ᠬᠡᠷᠡᠭᠲᠡᠢ᠃ ᠵᠢᠭᠡᠯᠡᠯᠭᠡ ᠶᠢᠨ ᠬᠤᠭᠤᠴᠠᠭ᠎ᠠ ᠬᠡᠲᠦᠷᠡᠭᠰᠡᠨ ᠤ ᠳᠠᠷᠠᠭ᠎ᠠ᠂ | ᠪᠠᠩᠬᠢ ᠶᠢᠨ ᠪᠠᠶᠢᠭᠤᠯᠤᠮᠵᠢ ᠨᠢ ᠴᠠᠭ ᠲᠤᠬᠠᠢ ᠳᠤᠨᠢ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠲᠣᠪᠴᠢᠶ᠎ᠠ ᠳᠤ ᠬᠤᠭᠤᠴᠠᠭ᠎ᠠ ᠬᠡᠲᠦᠷᠡᠭᠰᠡᠨ ᠨᠡᠷᠡᠰ ᠢ ᠮᠡᠳᠡᠭᠦᠯᠦᠨ ᠬᠦᠷᠭᠡᠵᠦ᠂ ᠵᠢᠭᠡᠯᠡᠯᠭᠡ ᠶᠢ | ᠢᠯᠭᠠᠷᠠᠭᠤᠯᠤᠨ ᠬᠤᠷᠢᠶᠠᠬᠤ ᠶᠢ ᠬᠠᠮᠲᠤᠪᠠᠷ ᠥᠷᠨᠢᠭᠦᠯᠦᠨ᠎ᠡ᠃ ᠲᠠᠷᠢᠶᠠᠯᠠᠩ ᠤᠨ ᠪᠠᠩᠬᠢ ᠠᠴᠠ ᠠᠶᠤᠯ | ᠲᠦᠭᠰᠢᠭᠦᠷᠢ ᠶᠢᠨ ᠨᠥᠬᠦᠪᠦᠷᠢ ᠰᠠᠭᠤᠷᠢ ᠮᠥᠩᠭᠦ ᠶᠢᠨ ᠪᠡᠯᠡ ᠮᠥᠩᠭᠦ ᠶᠢ ᠰᠢᠯᠵᠢᠭᠦᠯᠦᠨ ᠥᠭᠭᠦᠭᠰᠡᠨ ᠪᠠᠶᠢᠳᠠᠯ᠂ | ᠦᠯᠡᠳᠡᠪᠦᠷᠢ ᠶᠢᠨ ᠬᠤᠪᠢᠷᠠᠯᠲᠠ ᠶᠢᠨ ᠪᠠᠶᠢᠳᠠᠯ᠂ ᠣᠷᠣᠯᠠᠨ ᠲᠥᠯᠥᠭᠰᠡᠨ ᠪᠠᠶᠢᠳᠠᠯ ᠵᠡᠷᠭᠡ ᠶᠢ ᠤᠯᠠᠷᠢᠯ ᠢᠶᠠᠷ ᠬᠢᠨᠠᠨ | ᠬᠡᠮᠵᠢᠨ᠎ᠡ᠃ | ( ᠵᠢᠷᠭᠤᠭ᠎ᠠ ) ᠬᠤᠭᠤᠴᠠᠭ᠎ᠠ ᠬᠡᠲᠦᠷᠡᠪᠡᠯ ᠣᠷᠣᠯᠠᠨ ᠲᠦᠯᠦᠬᠦ᠃ ᠣᠷᠣᠯᠠᠨ ᠲᠥᠯᠥᠬᠦ ᠨᠥᠬᠦᠴᠡᠯ ᠳᠤ | ᠨᠡᠶᠢᠴᠡᠭᠰᠡᠨ ᠪᠠᠶᠢᠪᠠᠯ᠂ ᠲᠦᠭᠰᠢᠭᠦᠷᠢ ᠶᠢᠨ ᠨᠥᠬᠦᠪᠦᠷᠢ ᠶᠢᠨ ᠲᠣᠭᠲᠠᠴᠠ ᠶᠢ ᠴᠠᠭ ᠲᠤᠬᠠᠢ ᠳᠤᠨᠢ ᠡᠬᠢᠯᠡᠭᠦᠯᠵᠦ᠂ | ᠵᠢᠭᠡᠯᠡᠯᠭᠡ ᠶᠢᠨ ᠬᠤᠭᠤᠴᠠᠭ᠎ᠠ ᠥᠩᠭᠡᠷᠡᠭᠰᠡᠨ ᠭᠤᠷᠪᠠᠨ ᠰᠠᠷ᠎ᠠ ᠶᠢᠨ ᠳᠣᠲᠣᠷ᠎ᠠ ᠣᠷᠣᠯᠠᠨ ᠲᠥᠯᠥᠬᠦ ᠶᠢ ᠪᠡᠶᠡᠯᠡᠭᠦᠯᠬᠦ ᠶᠢ | ᠦᠨᠡᠨ ᠬᠦ ᠪᠠᠲᠤᠯᠠᠵᠤ᠂ ᠣᠷᠣᠯᠠᠨ ᠲᠥᠯᠥᠭᠰᠡᠨ ᠤ ᠳᠠᠷᠠᠭ᠎ᠠ ᠪᠤᠴᠠᠭᠠᠨ ᠬᠤᠷᠢᠶᠠᠭᠰᠠᠨ ᠵᠢᠭᠡᠯᠡᠯᠭᠡ ᠶᠢ | ᠲᠦᠭᠰᠢᠭᠦᠷᠢ ᠶᠢᠨ ᠨᠥᠬᠦᠪᠦᠷᠢ ᠶᠢᠨ ᠰᠠᠭᠤᠷᠢ ᠮᠥᠩᠭᠦ ᠶᠢᠨ ᠲᠤᠰᠬᠠᠢ ᠲᠠᠩᠰᠠᠨ ᠡᠷᠦᠬᠡ ᠶᠢ ᠴᠠᠭ ᠲᠤᠬᠠᠢ ᠳᠤᠨᠢ | ᠬᠤᠪᠢᠶᠠᠷᠢᠯᠠᠨ ᠰᠢᠯᠵᠢᠭᠦᠯᠬᠦ ᠬᠡᠷᠡᠭᠲᠡᠢ᠃ | ᠳᠥᠷᠪᠡ᠂ ᠠᠵᠢᠯ ᠤᠨ ᠱᠠᠭᠠᠷᠳᠠᠯᠭ᠎ᠠ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠡᠯ᠎ᠡ ᠪᠠᠯᠭᠠᠰᠤ ᠨᠢ | ᠲᠠᠷᠢᠶᠠᠯᠠᠩ ᠤᠨ ᠪᠠᠩᠬᠢ ᠲᠠᠢ ᠬᠤᠯᠪᠤᠭᠠᠯᠠᠨ ︽ᠠᠷᠠᠳ ᠢ ᠪᠠᠶᠠᠵᠢᠭᠤᠯᠬᠤ ᠵᠢᠭᠡᠯᠡᠯᠭᠡ︾ ᠶᠢ ᠠᠬᠢᠭᠤᠯᠬᠤ ᠵᠣᠬᠢᠶᠠᠨ | ᠪᠠᠶᠢᠭᠤᠯᠤᠯᠲᠠ ᠶᠢᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠡᠭᠦᠷᠭᠡ ᠬᠠᠷᠢᠭᠤᠴᠠᠯᠭ᠎ᠠ ᠶᠢᠨ ᠠᠵᠢᠯ ᠤᠨ | ᠬᠤᠪᠢᠶᠠᠷᠢᠯᠠᠯ ᠢᠶᠠᠨ ᠲᠣᠳᠣᠷᠬᠠᠶᠢᠯᠠᠬᠤ ᠬᠡᠷᠡᠭᠲᠡᠢ᠃ ᠲᠤᠰᠬᠠᠢ ᠠᠩᠭᠢ ᠪᠠᠶᠢᠭᠤᠯᠵᠤ᠂ ᠵᠢᠭᠡᠯᠡᠯᠭᠡ ᠶᠢᠨ ᠲᠤᠬᠠᠶᠢᠯᠠᠭᠰᠠᠨ | ᠠᠵᠢᠯ ᠢ ᠠᠬᠢᠭᠤᠯᠬᠤ ᠠᠵᠢᠯ ᠢ ᠲᠤᠰᠬᠠᠢ ᠬᠥᠮᠥᠨ ᠢᠶᠠᠷ ᠬᠠᠷᠢᠭᠤᠴᠠᠭᠤᠯᠵᠤ᠂ ᠠᠵᠢᠯ ᠤᠨ ᠦᠷ᠎ᠡ ᠪᠦᠲᠦᠮᠵᠢ ᠶᠢ | ᠳᠡᠭᠡᠭᠰᠢᠯᠡᠭᠦᠯᠬᠦ ᠬᠡᠷᠡᠭᠲᠡᠢ᠃ | ︵ᠬᠤᠶᠠᠷ︶ ᠪᠠᠩᠬᠢ ᠶᠢᠨ ᠶᠠᠪᠤᠳᠠᠯ ᠢ ᠬᠠᠮᠲᠤᠪᠠᠷ ᠬᠠᠮᠢᠶᠠᠷᠬᠤ ᠶᠢ ᠪᠠᠷᠢᠮᠲᠠᠯᠠᠨ᠎ᠠ᠃ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠲᠣᠪᠴᠢᠶ᠎ᠠ ᠴᠠᠭ ᠲᠤᠬᠠᠢ ᠳᠤᠨᠢ ᠲᠠᠷᠢᠶᠠᠯᠠᠩ ᠤᠨ ᠪᠠᠩᠬᠢ ᠳᠤ ᠵᠢᠭᠡᠯᠡᠯᠭᠡ | ᠲᠠᠨᠢᠯᠴᠠᠭᠤᠯᠬᠤ ᠬᠥᠮᠥᠰ ᠤᠨ ᠨᠡᠷᠡᠰ ᠢ ᠬᠠᠩᠭᠠᠵᠤ᠂ ᠲᠠᠷᠢᠶᠠᠯᠠᠩ ᠤᠨ ᠪᠠᠩᠬᠢ ᠲᠠᠢ ᠬᠠᠮᠵᠢᠯᠴᠠᠨ ᠵᠢᠭᠡᠯᠡᠯᠭᠡ | ᠲᠠᠯᠪᠢᠬᠤ ᠠᠴᠠ ᠡᠮᠦᠨᠡᠬᠢ ᠪᠠᠶᠢᠴᠠᠭᠠᠯᠲᠠ᠂ ᠵᠢᠭᠡᠯᠡᠯᠭᠡ ᠲᠠᠯᠪᠢᠭᠰᠠᠨ ᠤ ᠳᠠᠷᠠᠭᠠᠬᠢ ᠬᠠᠮᠢᠶᠠᠷᠤᠯᠲᠠ᠂ ᠬᠤᠭᠤᠴᠠᠭ᠎ᠠ | ᠬᠡᠲᠦᠷᠡᠭᠦᠯᠦᠨ ᠨᠡᠬᠡᠮᠵᠢᠯᠡᠨ ᠬᠤᠷᠢᠶᠠᠬᠤ ᠵᠡᠷᠭᠡ ᠵᠢᠭᠡᠯᠡᠯᠭᠡ ᠶᠢᠨ ᠬᠠᠮᠢᠶᠠᠷᠤᠯᠲᠠ ᠶᠢᠨ ᠠᠵᠢᠯ ᠢ ᠥᠷᠨᠢᠭᠦᠯᠵᠦ᠂ ᠡᠨᠡᠬᠦ | ᠠᠵᠢᠯ ᠤᠨ ᠨᠠᠶᠢᠳᠠᠪᠤᠷᠢᠵᠢᠭᠤᠯᠤᠯᠲᠠ ᠶᠢ ᠬᠠᠮᠲᠤᠪᠠᠷ ᠠᠬᠢᠭᠤᠯᠬᠤ ᠬᠡᠷᠡᠭᠲᠡᠢ᠃ | ︵ᠭᠤᠷᠪᠠ︶ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠳᠠᠯᠠᠨ᠎ᠠ᠃ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠲᠣᠪᠴᠢᠶ᠎ᠠ ᠠᠶᠤᠯ ᠲᠦᠭᠰᠢᠭᠦᠷᠢ ᠶᠢᠨ ᠨᠥᠬᠦᠪᠦᠷᠢ ᠶᠢᠨ ᠲᠣᠭᠲᠠᠴᠠ ᠶᠢ | ᠪᠠᠶᠢᠭᠤᠯᠬᠤ ᠶᠢ ᠢᠳᠡᠪᠬᠢᠲᠡᠢ ᠠᠬᠢᠭᠤᠯᠵᠤ᠂ ᠠᠶᠤᠯ ᠲᠦᠭᠰᠢᠭᠦᠷᠢ ᠶᠢᠨ ᠨᠥᠬᠦᠪᠦᠷᠢ ᠶᠢᠨ ᠰᠠᠭᠤᠷᠢ ᠮᠥᠩᠭᠦ ᠶᠢᠨ | ᠲᠤᠰᠬᠠᠢ ᠵᠣᠭᠤᠰ ᠢ ᠲᠤᠰᠬᠠᠢ ᠬᠡᠷᠡᠭᠯᠡᠬᠦ᠂ ᠲᠤᠰᠠᠭᠠᠷ ᠲᠣᠭᠠᠴᠠᠭ᠎ᠠ ᠬᠢᠬᠦ᠂ ᠴᠠᠭ ᠲᠤᠬᠠᠢ ᠳᠤᠨᠢ ᠣᠷᠣᠯᠠᠨ | ᠲᠥᠯᠥᠬᠦ ᠶᠢ ᠪᠠᠲᠤᠯᠠᠬᠤ ᠬᠡᠷᠡᠭᠲᠡᠢ᠃ ᠲᠤᠬᠠᠢ ᠶᠢᠨ ᠭᠠᠵᠠᠷ ᠤᠨ ᠵᠠᠰᠠᠭ ᠤᠨ ᠣᠷᠳᠣᠨ ᠨᠤᠭᠤᠳ ᠢᠲᠡᠭᠡᠮᠵᠢᠲᠦ | ᠵᠢᠭᠡᠯᠡᠯᠭᠡ ᠶᠢᠨ ᠬᠡᠷᠡᠭᠴᠡᠭᠡ ᠱᠠᠭᠠᠷᠳᠠᠯᠭ᠎ᠠ ᠶᠢᠨ ᠪᠠᠶᠢᠳᠠᠯ ᠢ ᠦᠨᠳᠦᠰᠦᠯᠡᠨ ᠰᠠᠭᠤᠷᠢ ᠮᠥᠩᠭᠦ ᠶᠢᠨ ᠬᠡᠪᠴᠢᠶ᠎ᠡ ᠪᠠᠨ | ᠵᠦᠢ ᠵᠣᠬᠢᠰᠲᠠᠢ ᠲᠣᠬᠢᠷᠠᠭᠤᠯᠵᠤ᠂ ᠲᠦᠭᠰᠢᠭᠦᠷᠢ ᠶᠢᠨ ᠨᠥᠬᠦᠪᠦᠷᠢ ᠪᠡᠯᠡ ᠮᠥᠩᠭᠦ ᠶᠢᠨ ᠭᠦᠢᠴᠡᠳ ᠪᠠᠶᠢᠬᠤ ᠶᠢ | ᠪᠠᠲᠤᠯᠠᠬᠤ ᠬᠡᠷᠡᠭᠲᠡᠢ᠃ ᠲᠠᠷᠢᠶᠠᠯᠠᠩ ᠤᠨ ᠪᠠᠩᠬᠢ ᠨᠢ ᠵᠢᠭᠡᠯᠡᠯᠭᠡ ᠶᠢᠨ ᠶᠠᠪᠤᠴᠠ ᠪᠣᠯᠣᠨ ᠳᠣᠲᠣᠭᠠᠳᠤ ᠡᠵᠡᠮᠳᠡᠯ ᠤᠨ | ᠬᠠᠮᠢᠶᠠᠷᠤᠯᠲᠠ ᠶᠢ ᠵᠢᠷᠤᠮᠵᠢᠭᠤᠯᠵᠤ᠂ ᠪᠡᠶ᠎ᠡ ᠪᠠᠨ ᠳᠠᠭᠠᠭᠠᠨ ᠰᠢᠢᠳᠪᠦᠷᠢᠲᠦ ᠪᠣᠳᠣᠯᠭ᠎ᠠ ᠲᠣᠭᠲᠠᠭᠠᠵᠤ᠂ ᠵᠢᠭᠡᠯᠡᠯᠭᠡ | ᠲᠠᠯᠪᠢᠬᠤ ᠠᠴᠠ ᠡᠮᠦᠨ᠎ᠡ ᠪᠠᠶᠢᠴᠠᠭᠠᠯᠲᠠ ᠬᠢᠬᠦ᠂ ᠵᠢᠭᠡᠯᠡᠯᠭᠡ ᠲᠠᠯᠪᠢᠬᠤ ᠳᠤᠮᠳᠠ ᠬᠢᠨᠠᠨ ᠪᠠᠶᠢᠴᠠᠭᠠᠵᠤ ᠬᠢᠨᠠᠨ | ᠵᠥᠪᠰᠢᠶᠡᠷᠡᠬᠦ᠂ ᠵᠢᠭᠡᠯᠡᠯᠭᠡ ᠲᠠᠯᠪᠢᠭᠰᠠᠨ ᠤ ᠳᠠᠷᠠᠭᠠᠬᠢ ᠬᠠᠮᠢᠶᠠᠷᠤᠯᠲᠠ ᠶᠢ ᠰᠠᠶᠢᠲᠤᠷ ᠬᠢᠵᠦ᠂ ᠵᠢᠭᠡᠯᠡᠯᠭᠡ ᠶᠢᠨ | ᠨᠥᠬᠦᠴᠡᠯ ᠳᠤ ᠨᠡᠶᠢᠴᠡᠬᠦ ᠦᠭᠡᠢ᠂ ᠵᠣᠭᠤᠰ ᠪᠤᠴᠠᠭᠠᠬᠤ ᠴᠢᠳᠠᠪᠤᠷᠢ ᠦᠭᠡᠢ ᠲᠠᠷᠢᠶᠠᠴᠢᠨ ᠡᠷᠦᠬᠡ ᠳᠤ ᠵᠢᠭᠡᠯᠡᠯᠭᠡ | ᠲᠠᠯᠪᠢᠬᠤ ᠠᠴᠠ ᠵᠠᠶᠢᠯᠠᠰᠬᠢᠬᠦ ᠬᠡᠷᠡᠭᠲᠡᠢ᠃ | ︵ᠳᠥᠷᠪᠡ︶ ᠰᠠᠷ᠎ᠠ ᠶᠢᠨ ᠲᠤᠭ᠎ᠠ ᠪᠦᠷᠢᠳᠬᠡᠯ ᠤᠨ ᠬᠢᠨᠠᠨ ᠰᠢᠨᠵᠢᠬᠦ ᠲᠣᠭᠲᠠᠴᠠ ᠶᠢ ᠪᠠᠶᠢᠭᠤᠯᠤᠨ᠎ᠠ᠃ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠪᠣᠯᠣᠨ ᠲᠠᠷᠢᠶᠠᠯᠠᠩ ᠤᠨ ᠪᠠᠩᠬᠢ ᠬᠠᠮᠲᠤ ᠪᠠᠷ | ᠰᠠᠷ᠎ᠠ ᠶᠢᠨ ᠪᠦᠷᠢᠳᠬᠡᠯ ᠤᠨ ᠬᠢᠨᠠᠨ ᠬᠡᠮᠵᠢᠬᠦ ᠲᠣᠭᠲᠠᠴᠠ ᠶᠢ ᠪᠠᠶᠢᠭᠤᠯᠵᠤ᠂ ᠵᠢᠭᠡᠯᠡᠯᠭᠡ ᠶᠢᠨ ᠳᠠᠩᠰᠠᠯᠠᠯᠲᠠ ᠶᠢᠨ ᠡᠬᠡ | ᠲᠠᠩᠰᠠ ᠪᠠ ᠬᠠᠮᠢᠶᠠᠷᠤᠯᠲᠠ ᠶᠢ ᠰᠠᠶᠢᠲᠤᠷ ᠬᠢᠵᠦ᠂ ᠵᠢᠭᠡᠯᠡᠯᠭᠡ ᠶᠢᠨ ᠲᠤᠭ᠎ᠠ ᠪᠠᠷᠢᠮᠲᠠ ᠶᠢ ᠬᠠᠷᠢᠴᠠᠭᠤᠯᠤᠨ | ᠬᠠᠷᠭᠤᠭᠤᠯᠬᠤ ᠠᠵᠢᠯ ᠢ ᠰᠠᠷ᠎ᠠ ᠪᠠᠷ ᠰᠠᠶᠢᠲᠤᠷ ᠬᠢᠵᠦ᠂ ᠰᠠᠷ᠎ᠠ ᠶᠢᠨ ᠪᠦᠷᠢᠳᠬᠡᠯ᠂ ᠰᠠᠷ᠎ᠠ ᠶᠢᠨ ᠬᠢᠨᠠᠨ ᠬᠡᠮᠵᠢᠯᠲᠡ᠂ | ᠰᠠᠷ᠎ᠠ ᠶᠢᠨ ᠲᠣᠬᠢᠷᠠᠭᠤᠯᠤᠯᠲᠠ ᠶᠢᠨ ᠠᠵᠢᠯ ᠢ ᠬᠠᠮᠲᠤ ᠪᠠᠷ ᠪᠡᠶᠡᠯᠡᠭᠦᠯᠦᠨ᠎ᠡ᠃ | ︵ᠲᠠᠪᠤ︶ ᠲᠥᠷᠥ ᠶᠢᠨ ᠪᠣᠳᠣᠯᠭ᠎ᠠ ᠶᠢ ᠤᠬᠠᠭᠤᠯᠬᠤ ᠡᠷᠴᠢᠮ ᠢᠶᠠᠨ ᠴᠢᠩᠭᠠᠷᠠᠭᠤᠯᠤᠨ᠎ᠠ᠃ ᠤᠯᠠᠨ ᠵᠦᠢᠯ ᠤᠨ | ᠠᠷᠭ᠎ᠠ ᠵᠠᠮ ᠪᠠ ᠬᠡᠯᠪᠡᠷᠢ ᠮᠠᠶ᠋ᠢᠭ ᠢ ᠠᠪᠴᠤ ᠪᠠᠶᠢᠭᠠᠳ ︽ᠠᠷᠠᠳ ᠢ ᠪᠠᠶᠠᠵᠢᠭᠤᠯᠬᠤ ᠵᠢᠭᠡᠯᠡᠯᠭᠡ︾ ᠶᠢ | ᠢᠳᠡᠪᠬᠢᠲᠡᠢ ᠪᠠᠷ ᠤᠬᠠᠭᠤᠯᠬᠤ ᠬᠡᠷᠡᠭᠲᠡᠢ᠃ ᠦᠨᠳᠦᠰᠦᠨ ᠱᠠᠲᠤᠨ ᠤ ᠺᠠᠳ᠋ᠷ᠂ ᠲᠣᠰᠬᠤᠨ ᠳᠤ ᠰᠠᠭᠤᠭ᠎ᠠ ᠠᠵᠢᠯᠯᠠᠬᠤ | ᠠᠩᠭᠢ᠂ ᠲᠠᠷᠢᠶᠠᠴᠢᠨ ᠡᠷᠦᠬᠡ ᠶᠢᠨ ᠲᠥᠷᠥ ᠶᠢᠨ ᠪᠣᠳᠣᠯᠭ᠎ᠠ ᠶᠢ ᠣᠶᠢᠯᠠᠭᠠᠬᠤ ᠨᠣᠷᠮ᠎ᠠ ᠶᠢ ᠳᠡᠭᠡᠭᠰᠢᠯᠡᠭᠦᠯᠵᠦ᠂ | ᠲᠠᠷᠢᠶᠠᠴᠢᠨ ᠡᠷᠦᠬᠡ ᠶᠢ ᠬᠥᠲᠥᠯᠥᠨ ᠵᠢᠯᠤᠭᠤᠳᠴᠤ ᠪᠠᠶᠢᠭᠠᠳ ᠦᠨᠡᠨᠴᠢ ᠢᠲᠡᠭᠡᠮᠵᠢ ᠶᠢᠨ ᠦᠵᠡᠯ ᠤᠬᠠᠮᠰᠠᠷ ᠢ ᠪᠣᠶ | ᠪᠣᠯᠭᠠᠵᠤ᠂ ᠰᠠᠶᠢᠨ ᠰᠠᠶᠢᠬᠠᠨ ᠢᠲᠡᠭᠡᠮᠵᠢᠲᠦ ᠵᠢᠭᠡᠯᠡᠯᠭᠡ ᠶᠢᠨ ᠣᠷᠴᠢᠨ ᠲᠣᠭᠤᠷᠢᠨ ᠢ ᠪᠠᠩᠬᠢ ᠳᠤ ᠦᠨᠡᠨᠴᠢ | ᠢᠳᠡᠭᠡᠮᠵᠢᠳᠡᠢ ᠮᠠᠯᠵᠢᠬᠤ ᠲᠠᠷᠢᠶᠠᠯᠠᠬᠤ ᠡᠷᠦᠬᠡ ᠶᠢ ᠢᠳᠡᠪᠬᠢᠲᠡᠢ ᠪᠠᠷ ᠲᠠᠨᠢᠯᠴᠠᠭᠤᠯᠵᠤ᠂ ᠳᠡᠳᠡᠨ ᠢ ᠬᠠᠪᠰᠤᠷᠤᠨ | ᠵᠢᠭᠡᠯᠡᠯᠭᠡ ᠣᠯᠭᠤᠨ᠎ᠠ᠃ ᠵᠢᠭᠡᠯᠡᠯᠭᠡ ᠲᠠᠯᠪᠢᠭᠰᠠᠨ ᠤ ᠳᠠᠷᠠᠭ᠎ᠠ ᠴᠠᠭ ᠲᠠᠭᠠᠨ ᠪᠤᠴᠠᠭᠠᠬᠤ ᠶᠢ ᠦᠨᠡᠨ ᠬᠦ ᠪᠠᠲᠤᠯᠠᠬᠤ | ᠬᠡᠷᠡᠭᠲᠡᠢ᠃ | |