ᠬᠢᠩᠭᠠᠨ ᠠᠶᠢᠮᠠᠭ ᠤᠨ ᠰᠣᠶᠣᠯ ᠤᠨ ᠣᠷᠳᠣᠨ ᠤ 3 ᠲᠤᠨᠨᠯᠠᠯᠳᠠ ᠪᠥᠬᠦ ᠣᠷᠣᠨ ᠤ ᠤᠷᠤᠯᠳᠤᠭᠠᠨ ᠳᠤ ᠰᠢᠯᠢᠳᠡᠭ ᠬᠢᠷᠢ ᠪᠦᠲᠦᠮᠵᠢ ᠤᠯᠪᠠ
ᠨᠡᠶᠢᠲᠡᠯᠡᠭᠰᠡᠨ ᠴᠠᠭ᠄
2023/12/21
     ᠤᠢᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ ᠭᠤᠣᠯᠯᠠᠨ ᠡᠷᠬᠢᠯᠡᠭᠰᠡᠨ ᠭᠤᠷᠪᠠᠳᠤᠭᠠᠷ ᠬᠤᠭᠤᠴᠠᠭᠠᠨ ᠤ ᠪᠦᠬᠦ ᠣᠷᠣᠨ ᠤ ᠰᠣᠶᠣᠯ ᠤᠨ ᠣᠷᠳᠣᠨ ᠤ ᠲᠤᠬᠠᠶᠢᠯᠠᠭᠰᠠᠨ ᠠᠵᠢᠯ ᠤᠨ ᠤᠷ᠎ᠠ ᠴᠢᠳᠠᠪᠤᠷᠢ ᠶᠢᠨ ᠤᠷᠤᠯᠳᠤᠭᠠᠨ ᠲᠡᠭᠦᠰᠴᠦ᠂ ᠬᠢᠩᠭᠠᠨ ᠠᠶᠢᠮᠠᠭ ᠤᠨ ᠰᠣᠶᠣᠯ ᠤᠨ ᠣᠷᠳᠣᠨ ᠤ ᠲᠤᠨᠨᠯᠬᠠᠴᠢᠤᠨ ᠤᠨ 3 ᠲᠤᠨᠨᠯᠠᠯᠳᠠ ᠨᠢ ᠲᠤᠰ ᠤᠳᠠᠭ᠎ᠠ ᠶᠢᠨ ᠤᠷᠤᠯᠳᠤᠭᠠᠨ ᠳᠤ ᠰᠢᠯᠢᠳᠡᠭ ᠠᠮᠵᠢᠯᠲᠠ ᠣᠯᠵᠠᠢ᠃      ᠲᠤᠰ ᠤᠳᠠᠭ᠎ᠠ ᠶᠢᠨ ᠤᠷᠤᠯᠳᠤᠭᠠᠨ ᠳᠤ ᠪᠦᠬᠦ ᠣᠷᠣᠨ ᠤ ᠡᠯ᠎ᠡ ᠱᠠᠲᠤᠨ ᠤ ᠰᠣᠶᠣᠯ ᠤᠨ ᠣᠷᠳᠣᠨ ᠤ ᠲᠠᠨᠢᠯᠴᠠᠭᠤᠯᠤᠭᠰᠠᠨ ᠤᠷᠤᠯᠳᠤᠭᠠᠨ ᠳᠤ ᠣᠷᠣᠯᠴᠠᠬᠤ ᠸᠢᠳᠢᠣ᠋ ᠠᠴᠠ 49 ᠫᠷᠤᠭ᠍ᠷᠠᠮ ᠢ ᠰᠣᠩᠭᠤᠨ ᠭᠠᠷᠭᠠᠵᠤ᠂ ᠨᠡᠶᠢᠲᠡ 58 ᠬᠥᠮᠦᠨ ᠢ ᠲᠤᠬᠠᠢ ᠶᠢᠨ ᠲᠠᠯᠠᠪᠠᠢ ᠶᠢᠨ ᠰᠢᠢᠳᠪᠦᠷᠢᠲᠦ ᠤᠷᠤᠯᠳᠤᠭᠠᠨ ᠳᠤ ᠣᠷᠣᠯᠴᠠᠭᠤᠯᠵᠠᠢ᠃ ᠰᠢᠢᠳᠪᠦᠷᠢᠲᠦ ᠤᠷᠤᠯᠳᠤᠭᠠᠨ ᠢ ᠪᠥᠵᠢᠭ᠂ ᠳᠠᠭᠤᠤ᠂ ᠬᠥᠭᠵᠢᠮ ᠭᠡᠵᠦ ᠭᠤᠷᠪᠠᠨ ᠳᠤᠭᠤᠶᠢᠯᠠᠩ ᠬᠤᠪᠢᠶᠠᠨ ᠤᠷᠤᠨᠨᠰᠢᠳᠠᠢ ᠰᠠᠶᠢᠬᠠᠨ ᠶᠠᠪᠤᠨᠨᠳᠠᠭᠤᠯᠵᠦ᠂ ᠡᠯ᠎ᠠ ᠰᠶᠢᠤᠡᠪᠦᠷᠢᠳᠦ ᠤᠷᠤᠯᠳᠤᠭᠠᠨ ᠳᠤ ᠤᠷᠤᠯᠴᠬᠠᠰᠠᠨ ᠲᠤᠨᠨᠯᠬᠠᠴᠢᠤᠨ ᠤᠨ ᠭᠤᠶᠦ ᠰᠠᠶᠢᠬᠠᠨ ᠲᠤᠨᠨᠯᠠᠯᠳᠠ ᠨᠢ ᠦᠵᠡᠭᠴᠢ ᠤᠯᠠᠨ ᠤ ᠪᠠᠨ ᠰᠡᠳᠭᠢᠯ ᠢ ᠳᠣᠭᠳᠣᠯᠤᠭᠤᠯᠵᠤ᠂ ᠪᠦᠬᠦ ᠣᠷᠣᠨ ᠤ ᠡᠯ᠎ᠡ ᠱᠠᠲᠤᠨ ᠤ ᠰᠣᠶᠣᠯ ᠤᠨ ᠣᠷᠳᠣᠨ ᠠᠴᠠ ᠢᠷᠡᠭᠰᠡᠨ ᠰᠢᠯᠢᠳᠡᠭ ᠲᠤᠨᠨᠯᠬᠠᠴᠢᠤᠨ ᠯᠠᠪᠳᠠᠭᠤᠨ ᠪᠠᠲᠤᠲᠠᠢ ᠦᠨᠳᠦᠰᠦᠨ ᠪᠣᠯᠪᠠᠰᠤᠷᠠᠯ᠂ ᠨᠠᠷᠢᠯᠢᠭ ᠰᠠᠶᠢᠬᠠᠨ ᠤᠷ᠎ᠠ ᠮᠡᠷᠭᠡᠵᠢᠯ ᠪᠣᠯᠤᠨ ᠬᠤᠷᠴᠠ ᠴᠢᠩᠭ᠎ᠠ ᠤᠷᠠᠯᠢᠭ ᠤᠨ ᠨᠥᠯᠥᠭᠡᠯᠡᠬᠦ ᠬᠦᠴᠦᠨ ᠢᠶᠠᠷ ᠢᠶᠠᠨ ᠦᠵᠡᠭᠴᠢᠳ ᠤᠨ ᠮᠠᠭᠲᠠᠭᠠᠯ ᠰᠠᠶᠢᠰᠢᠶᠠᠯ ᠢ ᠣᠯᠤᠭᠰᠠᠨ ᠪᠠᠶᠢᠨ᠎ᠠ᠃       ᠭᠤᠷᠪᠠᠨ ᠡᠳᠦᠷ ᠤᠨ ᠤᠷᠤᠯᠳᠤᠭᠠᠨ ᠢᠶᠠᠷ ᠳᠡᠮᠵᠢᠨ᠂ ᠬᠢᠩᠭᠠᠨ ᠠᠶᠢᠮᠠᠭ ᠤᠨ ᠰᠣᠶᠣᠯ ᠤᠨ ᠣᠷᠳᠣᠨ ᠠᠴᠠ ᠲᠡᠭᠡᠭᠰᠢ ᠲᠡᠪᠰᠢᠭᠦᠯᠦᠭᠰᠡᠨ ᠭᠤᠷᠪᠠᠨ ᠬᠥᠮᠦᠨ ᠤ ᠪᠥᠵᠢᠭ ᠨᠢ ᠪᠥᠵᠢᠭ ᠤᠨ ᠳᠤᠭᠤᠶᠢᠯᠠᠩ ᠤᠨ ᠨᠢᠭᠡᠳᠦᠭᠡᠷ ᠳᠡᠰ ᠤᠨ ᠱᠠᠩᠨᠠᠯ ᠭᠥᠷᠳᠡᠵᠦ᠂ ︽ᠬᠠᠷᠢᠭᠤ︾ ᠭᠡᠬᠦ ᠭᠤᠴᠣᠯᠠᠯ ᠳᠠᠭᠤᠤ ᠨᠢ ᠳᠠᠭᠤᠤ ᠶᠢᠨ ᠳᠤᠭᠤᠶᠢᠯᠠᠩ ᠤᠨ ᠨᠢᠭᠡᠳᠦᠭᠡᠷ ᠳᠡᠰ ᠤᠨ ᠱᠠᠩᠨᠠᠯ ᠭᠥᠷᠳᠡᠵᠦ᠂ ᠨᠠᠶᠢᠷᠠᠯ ᠬᠥᠭᠵᠢᠮ ︽ᠭᠡᠰᠡᠷ︾ ᠨᠢ ᠬᠥᠭᠵᠢᠮ ᠤᠨ ᠳᠤᠭᠤᠶᠢᠯᠠᠩ ᠤᠨ ᠰᠢᠯᠢᠳᠡᠭ ᠱᠠᠩᠨᠠᠯ ᠭᠥᠷᠳᠡᠵᠦ᠂ ᠬᠢᠩᠭᠠᠨ ᠠᠶᠢᠮᠠᠭ ᠤᠨ ᠰᠣᠶᠣᠯ ᠤᠨ ᠣᠷᠳᠣᠨ ᠰᠢᠯᠢᠳᠡᠭ ᠵᠣᠬᠢᠶᠠᠨ ᠪᠠᠶᠢᠭᠤᠯᠤᠯᠲᠠ ᠶᠢᠨ ᠱᠠᠩᠨᠠᠯ ᠭᠥᠷᠳᠡᠪᠡ᠃                               ︵ᠴᠧᠨ ᠶᠠᠨ ᠷᠦᠩ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号