ᠶᠠᠩ ᠶᠦᠩ ᠵᠢᠦ ᠮᠥᠰᠥ ᠴᠠᠰᠤᠨ ᠤ ᠪᠠᠶᠠᠷ ᠤᠨ ᠡᠳᠣᠷ ᠤᠨ ᠪᠡᠯᠡᠳᠬᠡᠯ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/12/22
     12 ᠰᠠᠷ᠎ᠠ ᠶᠢᠨ 21 ᠤ ᠡᠳᠦᠷ᠂ ᠷᠡᠰᠢᠶᠠᠨ ᠬᠤᠲᠠ ᠶᠢᠨ ᠨᠠᠮ ᠤᠨ ᠬᠤᠷᠢᠶᠠᠨ ᠤ ᠱᠦᠵᠢ ᠶᠠᠩ ᠶᠦᠩ ᠵᠢᠦ ᠤᠷᠢᠳ ᠬᠤᠵᠢᠳ ᠷᠧ ᠯᠢ  MALL ᠬᠤᠲᠠ ᠶᠢᠨ ᠬᠤᠭᠤᠯᠠᠨ ᠲᠢᠩᠬᠢᠮ᠂ ᠴᠠᠰᠤᠨ ᠰᠡᠶᠢᠯᠦᠮᠡᠯ ᠤᠨ ᠬᠦᠷᠢᠶᠡᠯᠡᠩ᠂  ᠴᠠᠰᠣᠳᠣ ᠲᠣᠰᠬᠤᠨ᠂ ᠱᠧᠩ ᠴᠢᠤᠸᠠᠨ ᠰᠢᠤᠸᠠᠢ ᠵᠢᠢ ᠵᠡᠷᠭᠡ ᠭᠠᠵᠠᠷ ᠢᠶᠠᠷ ᠬᠦᠷᠴᠦ ᠮᠥᠰᠥ ᠴᠠᠰᠤᠨ ᠤ ᠪᠠᠶᠠᠷ ᠤᠨ  ᠡᠳᠣᠷ ᠤᠨ ᠪᠡᠯᠡᠳᠬᠡᠯ ᠠᠵᠢᠯ ᠢ ᠪᠠᠶᠢᠴᠠᠭᠠᠨ ᠰᠤᠳᠤᠯᠤᠭᠰᠠᠨ ᠪᠥᠭᠡᠳ ᠲᠠᠷᠠᠭᠠᠴᠢ ᠶᠢᠨ ᠠᠯᠬᠤᠮ ᠤᠨ ᠠᠵᠢᠯ ᠢᠶᠠᠨ ᠪᠠᠶᠢᠷᠢᠯᠠᠭᠤᠯᠵᠠᠢ᠃ ᠬᠤᠲᠠ ᠶᠢᠨ ᠤᠳᠤᠷᠢᠳᠤᠯᠭ᠎ᠠ ᠸᠠᠩ ᠰᠢᠶᠣᠣ ᠬᠤᠸᠠᠨ᠂ ᠸᠠᠩ ᠲᠢᠶᠠᠨ ᠹᠧᠩ᠂ ᠬᠠᠨ ᠴᠠᠩ ᠵᠢᠦ᠂ ᠶᠠᠩ ᠪᠦᠦ ᠲᠢᠶᠠᠨ᠂ ᠪᠠᠢ ᠹᠧᠩ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ ᠣᠷᠣᠯᠴᠠᠵᠠᠢ᠃      ᠶᠠᠩ ᠶᠦᠩ ᠵᠢᠦ᠂ ᠪᠥᠬᠦ ᠬᠤᠲᠠ ᠪᠠᠷ ᠢᠶᠠᠨ ︽ᠮᠥᠰᠥ ᠴᠠᠰᠤ +︾ ᠰᠡᠳᠬᠢᠬᠦᠢ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠲᠠᠯᠠᠪᠤᠷ ᠭᠠᠵᠠᠷ ᠤᠨ ᠲᠥᠬᠦᠭᠡᠷᠦᠮᠵᠢ ᠶᠢ ᠦᠷᠭᠦᠯᠵᠢᠯᠡᠨ ᠰᠢᠯᠢᠳᠡᠭᠵᠢᠭᠦᠯᠵᠦ᠂ ᠡᠭᠦᠷᠭᠡ ᠨᠢᠭᠡᠪᠦᠷᠢ᠂ ᠨᠠᠷᠢᠨ ᠵᠦᠢᠯᠡᠰ ᠨᠢᠭᠡᠪᠦᠷᠢ ᠶᠢ ᠰᠠᠶᠢᠲᠤᠷ ᠠᠳᠬᠤᠨ᠂ ᠴᠠᠭ ᠪᠡ ᠠᠬᠢᠴᠠ ᠶᠢ ᠠᠮᠵᠢᠨ ᠡᠯ᠎ᠡ ᠵᠦᠢᠯ ᠤᠨ ᠰᠡᠭᠦᠯ ᠬᠤᠷᠢᠶᠠᠬᠤ ᠠᠵᠢᠯ ᠢ ᠰᠠᠶᠢᠳᠣᠷ ᠪᠡᠶᠡᠯᠡᠭᠦᠯᠬᠦ ᠬᠡᠷᠡᠭᠲᠡᠢ᠃ ᠵᠤᠭᠠᠴᠠᠭᠰᠠᠳ ᠤᠨ ᠪᠡᠶᠡᠴᠢᠯᠡᠨ ᠣᠶᠢᠯᠠᠭᠠᠯᠳᠡ ᠠᠴᠠ ᠡᠭᠦᠰᠴᠦ᠂ ᠲᠠᠯᠠᠪᠤᠷ ᠭᠠᠵᠠᠷ ᠢ ᠭᠡᠷᠡᠯᠲᠦᠭᠦᠯᠬᠦ᠂ ᠡᠵᠡᠩᠨᠡᠯᠲᠡ ᠶᠢᠨ ᠬᠡᠯᠪᠡᠷᠢ ᠪᠠᠶᠢᠳᠠᠯ ᠢ ᠲᠡᠭᠦᠯᠳᠡᠷᠵᠢᠭᠦᠯᠬᠦ ᠵᠡᠷᠭᠡ ᠠᠵᠢᠯ ᠢ ᠦᠨᠡᠨ ᠬᠦ ᠰᠠᠶᠢᠲᠤᠷ ᠬᠢᠵᠦ᠂ ᠪᠠᠶᠠᠷ ᠪᠠᠶᠠᠰᠬᠤᠯᠠᠩ ᠲᠠᠢ ᠥᠯᠵᠡᠢ ᠪᠡᠯᠭᠡ ᠲᠠᠢ ᠪᠠᠷ ᠰᠢᠨ᠎ᠠ ᠵᠢᠯ ᠴᠠᠭᠠᠨ ᠰᠠᠷ᠎ᠡ ᠪᠠᠨ ᠣᠬᠳᠣᠬᠤ ᠠᠭᠤᠷ ᠠᠮᠢᠰᠬᠤᠯ ᠢ ᠪᠦᠬᠦ ᠲᠠᠯ᠎ᠠ ᠪᠠᠷ ᠪᠤᠢ ᠪᠣᠯᠭᠠᠬᠤ ᠬᠡᠷᠡᠭᠲᠡᠢ᠃ ᠦᠢᠯᠡᠴᠢᠯᠡᠭᠡᠨ ᠤ ᠪᠠᠲᠤᠯᠠᠭ᠎ᠠ ᠶᠢ ᠪᠥᠬᠦ ᠲᠠᠯ᠎ᠠ ᠪᠠᠷ᠂ ᠦᠯᠡᠳᠡᠭᠡᠯ ᠦᠭᠡᠢ ᠰᠠᠶᠢᠲᠤᠷ ᠬᠢᠵᠦ᠂ ᠠᠮᠤᠷ ᠲᠦᠪᠰᠢᠨ ᠤ ᠳᠠᠯᠳᠠ ᠬᠡᠮ ᠤᠨ ᠠᠰᠠᠭᠤᠳᠠᠯ ᠢ ᠴᠠᠭ ᠲᠤᠬᠠᠢ ᠳᠤᠨᠢ ᠵᠢᠭᠰᠠᠭᠠᠨ ᠪᠠᠶᠢᠴᠠᠭᠠᠵᠤ᠂ ᠠᠵᠢᠯᠯᠠᠭ᠎ᠠ ᠶᠢᠨ ᠲᠣᠭᠲᠠᠭᠤᠨ᠂ ᠠᠮᠤᠷ ᠲᠦᠪᠰᠢᠨ᠂ ᠡᠮᠬᠢ ᠵᠢᠷᠤᠮ ᠲᠠᠢ ᠥᠷᠨᠢᠬᠦ ᠶᠢ ᠦᠨᠡᠨ ᠬᠦ ᠪᠠᠲᠤᠯᠠᠬᠤ ᠬᠡᠷᠡᠭᠲᠡᠢ  ᠭᠡᠵᠣ  ᠱᠠᠭᠠᠷᠳᠡᠵᠡᠢ᠃
 
ᠢᠷᠡᠯᠲᠡ᠄ ᠷᠡᠰᠢᠶᠠᠨ ᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号