ᠲᠡᠳᠡ ᠨᠡᠷ ᠵᠤᠭᠠᠴᠠᠯ ᠤᠨ ᠲᠤᠰᠬᠠᠢ ᠭᠠᠯᠲᠤ ᠲᠡᠷᠭᠡᠨ ᠳᠤ ᠰᠠᠭᠤᠵᠤ ᠷᠠᠰᠢᠶᠠᠨ ᠳᠤ ᠢᠷᠡᠯ᠎ᠡ︕
ᠨᠡᠶᠢᠲᠡᠯᠡᠭᠰᠡᠨ ᠴᠠᠭ᠄
2023/12/25
     ᠷᠠᠰᠢᠶᠠᠨ ᠮᠠᠰᠢ ᠬᠦᠢᠲᠡᠨ ᠪᠠᠶᠢᠵᠤ᠂ ᠮᠢᠩᠭᠠᠨ ᠭᠠᠵᠠᠷ ᠮᠥᠰᠥ ᠬᠥᠯᠳᠡᠭᠡᠳ ᠲᠦᠮᠡᠨ ᠭᠠᠵᠠᠷ ᠴᠠᠰᠤ ᠯᠠᠪᠰᠠᠯᠠᠨ᠎ᠠ᠃ ᠷᠠᠰᠢᠶᠠᠨ ᠳᠤ ᠮᠠᠰᠢ ︽ᠲᠣᠯᠠᠭᠠᠨ︾᠂ ᠲᠦᠷᠪᠡᠨ ᠵᠦᠭ ᠨᠠᠢᠮᠠᠨ ᠵᠣᠪᠬᠢᠰ ᠠᠴᠠ ᠬᠦᠷᠦᠯᠴᠡᠨ ᠢᠷᠡᠭᠰᠡᠳ᠂ ᠵᠤᠭᠠᠴᠠᠨ ᠲᠣᠭᠤᠷᠢᠬᠤ ᠤᠷᠮ᠎ᠠ ᠪᠠᠬ᠎ᠠ ᠪᠠᠷ ᠪᠢᠯᠬᠠᠮ᠎ᠠ ᠪᠠᠶᠢᠨ᠎ᠠ᠃ 12 ᠰᠠᠷ᠎ᠠ ᠶᠢᠨ 22  ᠤᠨ ᠡᠳᠦᠷ ᠤᠨ 8 ᠴᠠᠭ ᠤᠨ ᠦᠶ᠎ᠡ ᠪᠠᠷ᠂ ᠮᠦᠭᠳᠡᠨ ᠤ ᠬᠤᠶᠢᠲᠤ ᠦᠷᠳᠡᠭᠡ ᠠᠴᠠ ᠮᠤᠷᠳᠠᠭᠰᠠᠨ 2023 ᠣᠨ ᠤ ᠷᠠᠰᠢᠶᠠᠨ ᠤ ᠮᠥᠰᠥ ᠴᠠᠰᠤᠨ ᠤ ᠨᠠᠶᠢᠷ ᠤᠨ ᠲᠤᠰᠬᠠᠢ ᠭᠠᠯᠲᠤ ᠲᠡᠷᠭᠡ ᠰᠢᠭᠤᠳ ᠰᠢᠯᠤᠭᠤᠨ ᠢᠶᠠᠷ ᠷᠠᠰᠢᠶᠠᠨ ᠳᠤ ᠬᠦᠷᠴᠦ ᠢᠷᠡᠬᠦ ᠳᠤ᠂ ᠲᠠᠯ᠎ᠠ ᠨᠤᠲᠤᠭ ᠤᠨ ᠰᠦᠷ ᠵᠢᠪᠬᠤᠯᠠᠩᠳᠤ ᠳᠠᠭᠤᠤ ᠶᠢ ᠳᠠᠭᠠᠯᠳᠤᠨ ᠵᠤᠭᠠᠴᠠᠭᠰᠠᠳ᠂ ᠷᠠᠰᠢᠶᠠᠨ ᠤ ᠤᠯᠠᠭᠠᠨᠮᠥ᠋ᠴᠢᠷ ᠤᠨ ᠠᠵᠢᠯᠲᠠᠳ ᠤᠨ ᠬᠦᠷᠭᠡᠭᠰᠡᠨ ᠬᠥᠬᠡ ᠬᠠᠳᠠᠭ ᠢ ᠲᠤᠰᠴᠤ ᠠᠪᠤᠯ᠎ᠠ᠃ ᠵᠧᠵᠢᠶᠠᠩ᠂ ᠱᠠᠩᠬᠠᠢ᠂ ᠭᠤᠸᠠᠩᠳᠦ᠋ᠩ ᠵᠡᠷᠭᠡ ᠭᠠᠵᠠᠷ ᠠᠴᠠ ᠢᠷᠡᠭᠰᠡᠨ 300 ᠭᠠᠷᠤᠢ ᠵᠤᠭᠠᠴᠠᠭᠴᠢ ᠮᠥᠩᠭᠦᠨ ᠴᠠᠭᠠᠨ ᠬᠤᠶᠠᠭ ᠲᠠᠢ ︽ᠬᠡᠦᠬᠡᠳ ᠤᠨ ᠦᠯᠢᠭᠡᠷ ᠤᠨ ᠶᠢᠷᠲᠢᠨᠴᠦ︾ ᠰᠢᠭ᠋ ᠷᠠᠰᠢᠶᠠᠨ ᠳᠤ ᠢᠷᠡᠵᠦ ᠮᠥᠰᠥ ᠴᠠᠰᠤᠨ ᠤ ᠭᠠᠶᠢᠬᠠᠮᠰᠢᠭᠲᠤ ︽ᠲᠤᠮᠤᠭ︾ ᠢ ᠰᠤᠨᠢᠷᠬᠠᠨ᠎ᠠ᠃
     ︽ᠪᠢ ᠴᠠᠰᠤᠨ ᠳᠤ ᠭᠤᠯᠭᠤᠬᠤ ᠳᠤᠷᠠᠲᠠᠢ ᠬᠥᠮᠥᠨ᠂ ᠷᠠᠰᠢᠶᠠᠨ ᠬᠤᠲᠠ ᠶᠢᠨ ᠨᠡᠷ᠎ᠡ ᠶᠢ ᠰᠣᠨᠣᠰᠤᠭᠠᠳ ᠤᠳᠠᠯ᠎ᠠ᠃ ᠮᠢᠨᠤ ᠬᠠᠮᠤᠭ ᠤᠨ ᠳᠤᠷᠠᠲᠠᠢ ᠴᠠᠰᠤᠨ ᠳᠤ ᠭᠤᠯᠭᠤᠬᠤ ᠲᠠᠮᠢᠷᠴᠢᠨ ᠡ᠊ᠨᠳᠡ ᠪᠣᠯᠪᠠᠰᠤᠷᠠᠯ ᠳᠤ ᠣᠷᠣᠯᠴᠠᠵᠤ ᠥᠩᠭᠡᠷᠡᠭᠰᠡᠨ᠂ ᠭᠤᠸᠠᠩᠵᠧᠦ ᠳᠤ ᠡᠶᠢᠮᠦ ᠣᠯᠠᠨ ᠴᠠᠰᠤ   ᠶᠢ ᠵᠥᠪᠬᠡᠨ ᠴᠠᠰᠤᠨ ᠳᠤ ᠭᠤᠯᠭᠤᠬᠤ ᠲᠠᠯᠠᠪᠠᠶ ᠠᠴᠠ ᠯᠠ ᠣᠯᠵᠤ ᠦᠵᠡᠳᠡᠭ᠂ ᠭᠡᠪᠡᠴᠦ ᠡ᠊ᠨᠳᠡ ᠪᠠᠶᠢᠭᠠᠯᠢ ᠶᠢᠨ ᠥᠩᠭᠡ ᠦᠵᠡᠮᠵᠢ ᠪᠠ ᠬᠤᠲᠠ   ᠶᠢᠨ ᠦᠵᠡᠮᠵᠢ ᠶᠢᠨ ᠤᠶᠠᠯᠳᠤᠯ ᠪᠠᠶᠢᠵᠤ᠂ ᠦᠨᠡᠬᠡᠷ ᠬᠥᠮᠥᠨ ᠢ ᠰᠣᠭᠲᠣᠭᠤᠷᠠᠭᠤᠯᠤᠨ᠎ᠠ᠂ ᠪᠢ ᠷᠠᠰᠢᠶᠠᠨ ᠳᠤ ᠬᠠᠨᠤᠳᠠᠯ᠎ᠠ ᠨᠠᠭᠠᠳᠤᠨ᠎ᠠ ᠁︾ ᠭᠡᠵᠦ ᠭᠤᠸᠠᠩᠵᠧᠦ ᠠᠴᠠ ᠢᠷᠡᠭᠰᠡᠨ ᠵᠤᠭᠠᠴᠠᠭᠴᠢ ᠯᠢᠦ ᠠᠪᠠᠭ᠋ᠠᠢ ᠰᠤᠷᠪᠤᠯᠵᠢᠯᠠᠭᠴᠢ ᠳᠤ ᠶᠠᠷᠢᠯ᠎ᠠ᠃
     ︽ᠰᠦᠯᠵᠢᠶᠡᠨ ᠳᠡᠭᠡᠷ᠎ᠡ ᠠᠴᠠ ᠷᠠᠰᠢᠶᠠᠨ ᠤ ᠦᠵᠡᠮᠵᠢ ᠶᠢ ᠤᠯᠠᠨᠳᠠ ᠬᠠᠷᠠᠪᠠ᠂ ᠰᠦᠨᠢ ᠶᠢᠨ ᠵᠡᠭᠦᠳᠦ ᠡᠳᠦᠷ ᠤᠨ ᠪᠤᠳᠤᠯ ᠳᠠᠬᠢ ᠵᠤᠭᠠᠴᠠᠯ ᠤᠨ ᠤᠷᠤᠨ᠂ ᠦᠵᠡᠰᠬᠦᠯᠡᠩᠲᠦ ᠰᠠᠶᠢᠬᠠᠨ ᠷᠠᠰᠢᠶᠠᠨ ᠢ ᠪᠢ ᠦᠨᠡᠬᠡᠷ ᠣᠯᠵᠤ ᠬᠠᠷᠠᠯ᠎ᠠ︾ ᠭᠡᠵᠦ ᠵᠧᠵᠢᠶᠠᠩ ᠮᠤᠵᠢ ᠠᠴᠠ ᠬᠦᠷᠴᠤ ᠢᠷᠡᠭᠰᠡᠨ ᠠᠶᠠᠨᠴᠢᠨ ᠵᠠᠩ ᠫᠧᠩ ᠲᠡᠰᠬᠡᠯ ᠦᠭᠡᠢ ᠭᠠᠷ ᠤᠲᠠᠰᠤ ᠪᠠᠨ ᠭᠠᠷᠭᠠᠵᠤ᠂ ᠲᠡᠭᠦᠨ ᠤ ︽ᠰᠦᠯᠵᠢᠶᠡᠨ ᠤ ᠨᠠᠶᠢᠵᠠ︾ ᠷᠠᠰᠢᠶᠠᠨ ᠲᠠᠢ ᠠᠩᠬ᠎ᠠ ᠤᠳᠠᠭ᠎ᠠ ᠠᠭᠤᠯᠵᠠᠭᠰᠠᠨ ᠢᠶᠠᠨ ᠲᠡᠮᠳᠡᠭᠯᠡᠪᠡ᠃ ᠰᠣᠨᠤᠰᠬᠤᠯᠠᠷ ᠪᠠᠰᠠ ᠮᠥᠰᠥ ᠴᠠᠰᠤᠨ ᠤ ᠬᠡᠭᠡᠷ᠎ᠡ ᠲᠠᠯ᠎ᠠ᠂ ᠲᠦᠳᠡᠭ ᠭᠠᠯ᠂ ᠪᠦᠬᠦᠯᠢ ᠬᠤᠨᠢ ᠰᠢᠷᠠᠬᠤ ᠶᠣᠰᠣᠯᠠᠯ ᠵᠡᠷᠭᠡ ᠭᠤᠶᠢᠳᠠ ᠰᠠᠶᠢᠬᠠᠨ ᠠᠵᠢᠯᠯᠠᠭ᠎ᠠ ᠪᠠᠶᠢᠨ᠎ᠠ᠂ ᠵᠢᠭᠤᠯᠴᠢᠯᠠᠯ ᠤᠨ ᠪᠦᠯᠬᠦᠮ ᠤᠨ ᠪᠤᠰᠤᠳ ᠵᠤᠭᠠᠴᠠᠭᠰᠠᠳ ᠪᠦᠭᠦᠳᠡᠭᠡᠷ ᠷᠠᠰᠢᠶᠠᠨ ᠤ ᠮᠥᠰᠥ ᠴᠠᠰᠤᠨ ᠤ ᠨᠠᠶᠢᠷ ᠤᠨ ᠨᠠᠷᠢᠨ ᠠᠭᠤᠯᠭ᠎ᠠ ᠶᠢ ᠬᠦᠰᠡᠨ ᠬᠦᠯᠢᠶᠡᠵᠦ ᠪᠠᠶᠢᠨ᠎ᠠ ᠭᠡᠯ᠎ᠡ᠃      ︽ᠷᠠᠰᠢᠶᠠᠨ ᠤ ᠳᠥᠷᠪᠡᠨ ᠤᠯᠠᠷᠢᠯ ᠴᠥᠮ ᠮᠠᠰᠢ ᠭᠤᠶᠣ᠂ ᠮᠢᠨᠤ ᠦᠷᠭᠦᠯᠵᠢ ᠪᠤᠰᠤᠳ ᠲᠤ ᠲᠠᠨᠢᠯᠴᠠᠭᠤᠯᠳᠠᠭ ᠵᠢᠭᠤᠯᠴᠢᠯᠠᠯ ᠤᠨ ᠭᠠᠵᠠᠷ ᠤᠨ ᠨᠢᠭᠡ ᠪᠣᠯᠣᠨ᠎ᠠ᠂ ᠵᠠᠯᠭᠠᠭᠠᠳ ᠪᠢᠳᠡ ᠷᠠᠰᠢᠶᠠᠨ ᠤ ᠤᠯᠤᠰ ᠤᠨ ᠲᠠᠰ ᠤᠨ ᠣᠶ ᠰᠢᠭᠤᠢ ᠶᠢᠨ ᠴᠡᠴᠡᠷᠯᠢᠭ᠂ ᠳᠤᠮᠳᠠᠳᠤ ᠤᠯᠤᠰ ᠤᠨ ᠬᠠᠯᠠᠭᠤᠨ ᠷᠠᠰᠢᠶᠠᠨ ᠤ ᠮᠦᠽᠧᠢ᠂ ᠷᠠᠰᠢᠶᠠᠨ ᠤ ᠬᠦᠴᠢᠯᠲᠥ᠋ᠷᠥᠭᠴᠢ ᠶᠢᠨ ᠣᠶ ᠰᠢᠭᠤᠢ ᠶᠢᠨ ᠤᠬᠢᠶᠠᠯᠭ᠎ᠠ ᠶᠢᠨ ᠵᠠᠮ᠂ ᠪᠤᠭᠤ ᠶᠢᠨ ᠡᠪᠡᠷ ᠪᠤᠯᠤᠩ ᠤᠨ ᠬᠠᠯᠠᠭᠤᠨ ᠷᠠᠰᠢᠶᠠᠨ ᠤ ᠠᠮᠠᠷᠠᠯᠲᠠ ᠶᠢᠨ ᠭᠠᠵᠠᠷ ᠵᠡᠷᠭᠡ ᠭᠠᠵᠠᠷ ᠢᠶᠠᠷ ᠬᠦᠷᠴᠦ᠂ ᠣᠯᠠᠨ ᠢᠶᠠᠷ ᠢᠶᠠᠨ ᠡᠨᠡ ᠬᠤᠲᠠ ᠶᠢ ᠬᠠᠶᠢᠷᠠᠯᠠᠵᠤ᠂ ᠡᠨᠡ ᠬᠤᠲᠠ ᠳᠤ ᠦᠷᠭᠦᠯᠵᠢ ᠢᠷᠡᠵᠦ᠂ ᠡᠨᠡ ᠬᠤᠲᠠ ᠶᠢ ᠲᠠᠨᠢᠯᠴᠠᠭᠤᠯᠬᠤ ᠶᠢ ᠬᠦᠰᠡᠵᠦ ᠪᠠᠶᠢᠨ᠎ᠠ︾ ᠭᠡᠵᠦ ᠬᠠᠩᠵᠧᠦ ᠶᠢᠨ ᠢ ᠾᠧᠩ ᠵᠢᠭᠤᠯᠴᠢᠯᠠᠯ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠯᠢᠦ ᠯᠢ ᠬᠡᠯᠡᠪᠡ᠃      ︽ᠬᠠᠪᠤᠷ ᠤᠨ ᠤᠯᠠᠷᠢᠯ ᠳᠤ ᠴᠡᠴᠡᠭ ᠰᠣᠨᠢᠷᠬᠠᠵᠤ᠂ ᠵᠤᠨ ᠤ ᠤᠯᠠᠷᠢᠯ ᠳᠤ ᠰᠡᠷᠢᠭᠦᠴᠡᠨ᠂ ᠨᠠᠮᠤᠷ ᠤᠨ ᠤᠯᠠᠷᠢᠯ ᠳᠤ ᠣᠶ ᠰᠢᠭᠤᠢ ᠶᠢ ᠰᠣᠨᠢᠷᠬᠠᠵᠤ᠂ ᠡᠪᠦᠯ ᠤᠨ ᠤᠯᠠᠷᠢᠯ ᠳᠤ ᠴᠠᠰᠣᠨ ᠳᠤ ᠭᠤᠯᠭᠤᠨ᠎ᠠ︾᠃ ᠷᠠᠰᠢᠶᠠᠨ ᠬᠤᠲᠠ ᠶᠢᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠲᠠᠨᠢᠯᠴᠠᠭᠤᠯᠣᠬᠰᠠᠨ ᠢᠶᠠᠷ᠂ ᠡᠨᠡ ᠵᠢᠯ ᠤᠨ 1 ᠳ᠋ᠤᠭᠡᠷ ᠰᠠᠷ᠎ᠠ ᠠᠴᠠ ᠡᠬᠢᠯᠡᠨ᠂ ᠷᠠᠰᠢᠶᠠᠨ ᠨᠢᠭᠡᠨᠲᠡ 79 ᠤᠳᠠᠭᠠᠨ ᠤ ᠣᠨᠴᠠᠯᠢᠭᠲᠤ ᠵᠢᠭᠤᠯᠴᠢᠯᠠᠯ ᠤᠨ ᠲᠤᠰᠬᠠᠢ ᠭᠠᠯᠲᠤ ᠲᠡᠷᠭᠡ ᠶᠢ ᠠᠮᠵᠢᠯᠲᠠ ᠲᠠᠢ ᠪᠠᠷ ᠨᠡᠪᠲᠡᠷᠡᠭᠦᠯᠵᠣ᠂ 22000 ᠭᠠᠷᠤᠢ ᠵᠤᠭᠠᠴᠠᠭᠴᠢ ᠶᠢ ᠳᠠᠳᠠᠨ ᠠᠪᠴᠢᠷᠠᠭᠰᠠᠨ ᠪᠠᠶᠢᠨ᠎ᠠ᠃
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号