ᠪᠡᠭᠡᠵᠢᠩ ᠡᠮᠴᠢ ᠭᠠᠨ ᠸᠧᠨ ᠤ ᠷᠡᠰᠢᠶᠠᠨ ᠳᠠᠬᠢ ᠡᠮᠴᠢᠯᠡᠭᠡᠨ
ᠨᠡᠶᠢᠲᠡᠯᠡᠭᠰᠡᠨ ᠴᠠᠭ᠄
2023/12/26
     ᠭᠠᠨ ᠸᠧᠨ ᠪᠤᠯ ᠪᠡᠬᠡᠵᠢᠩ ᠬᠤᠳᠠ ᠶᠢᠨ ᠳ᠋ᠦ᠋ᠩᠴᠧᠩ ᠲᠤᠭᠤᠷᠢᠭ ᠤᠨ ᠨᠢᠬᠡᠳᠦᠭᠡᠷ ᠠᠷᠠᠳ ᠤᠨ ᠡᠮᠨᠡᠯᠬᠡ ᠶᠢᠨ ᠬᠤᠷᠢᠶ᠎ᠠ ᠶᠢᠨ ᠬᠢᠳᠡᠳ ᠡᠮᠨᠡᠯᠬᠡ ᠶᠢᠨ ᠶᠠᠰᠦᠨ ᠰᠠᠯᠠᠭᠠᠨ ᠤ ᠡᠮᠴᠢ ᠮᠦᠷᠳᠡᠭᠡᠨ ᠷᠠᠰᠢᠶᠠᠨ ᠬᠤᠳᠠ ᠶᠢᠨ ᠮᠤᠩᠭᠤᠯ ᠬᠢᠳᠡᠳ ᠡᠮᠨᠡᠯᠬᠡ ᠶᠢᠨ ᠬᠤᠷᠢᠶ᠎ᠠ ᠶᠢᠨ ᠲᠡᠳ᠋ ᠬᠤᠷᠢᠶᠠᠨ ᠲᠠᠷᠤᠭ᠎ᠠ ᠪᠤᠯᠤᠨ᠎ᠠ᠃ 2022 ᠤᠨ ᠤ 12 ᠰᠠᠷ᠎ᠠ ᠳᠤ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠲᠠᠯᠬᠡᠷᠡᠵᠦ ᠪᠠᠶᠢᠭ᠎ᠠ ᠦᠶ᠎ᠡ ᠳᠤ ᠵᠠᠯᠠᠭᠤ ᠡᠮᠴᠢ ᠭᠠᠨ ᠸᠧᠨ ᠡᠬᠡ ᠤᠯᠤᠰ ᠤᠨ ᠤᠮᠠᠷᠠᠳᠤ ᠬᠢᠯᠢ ᠶᠢᠨ ᠪᠠᠭ᠎ᠠ ᠬᠤᠳᠠ ᠷᠠᠰᠢᠶᠠᠨ ᠳᠤ ᠢᠷᠡᠭᠰᠡᠨ ᠪᠠᠶᠢᠨ᠎ᠠ᠃      ᠷᠠᠰᠢᠶᠠᠨ ᠬᠤᠳᠠ ᠡᠬᠡ ᠤᠯᠤᠰ ᠤᠨ ᠤᠮᠠᠷᠠᠳᠤ ᠬᠢᠯᠢ ᠳᠤ ᠪᠠᠶᠢᠷᠢᠰᠢᠵᠦ᠂ ᠭᠠᠵᠠᠷ ᠠᠭᠤᠳᠠᠮ ᠬᠦᠮᠦᠨ ᠠᠮᠠ ᠴᠦᠭᠡᠨ ᠂ ᠠᠭᠤᠷ ᠠᠮᠢᠰᠬᠤᠯ ᠤᠨ ᠨᠦᠬᠦᠴᠡᠯ ᠬᠠᠳᠠᠭᠤᠵᠢᠯᠳᠠᠢ ᠪᠠᠶᠢᠵᠦ᠂ ᠬᠢᠳᠡᠳ ᠡᠮ ᠡᠮᠨᠡᠯᠬᠡ ᠶᠢᠨ ᠴᠢᠳᠠᠪᠦᠷᠢᠳᠠᠨ ᠲᠦᠢᠯ ᠢᠶᠠᠷ ᠲᠤᠳᠠᠬᠳᠠᠵᠦ ᠪᠠᠶᠢᠳᠠᠭ᠃ ᠡᠨᠡᠬᠦ ᠬᠢᠯᠢ ᠬᠢᠵᠠᠭᠠᠷ ᠬᠤᠳᠠ ᠶᠢᠨ ᠠᠷᠠᠳ ᠤᠯᠠᠨ ᠤ ᠡᠪᠡᠳᠴᠢᠨ ᠦᠵᠡᠬᠦᠯᠬᠦ ᠳᠤ ᠲᠦᠬᠦᠮ ᠦᠵᠡᠬᠦᠯᠬᠦ ᠶᠢᠨ ᠲᠦᠯᠦᠭᠡ ᠭᠠᠨ ᠸᠧᠨ ᠬᠦᠭᠵᠢᠶᠡᠨ ᠨᠠᠷᠬᠢᠶᠠᠨᠳᠠᠢ ᠪᠡᠬᠡᠵᠢᠩ ᠬᠤᠳᠠ ᠠᠴᠠ ᠬᠢᠯᠢ ᠶᠢᠨ ᠬᠤᠳᠠ ᠷᠠᠰᠢᠶᠠᠨ ᠳᠤ ᠢᠷᠡᠭᠰᠡᠨ ᠪᠢᠯᠡ᠃      ᠦᠨᠳᠦᠰᠦᠨ ᠱᠠᠳᠦᠨ ᠳᠤ ᠬᠦᠨᠵᠡᠬᠡᠶᠢᠷᠡᠨ ᠠᠷᠠᠳ ᠲᠤ ᠪᠤᠳᠠᠳᠤ ᠶᠠᠪᠤᠳᠠᠯ ᠬᠢᠵᠦ ᠦᠭᠬᠦᠨ᠎ᠡ᠃ ᠭᠠᠨ ᠸᠧᠨ ᠲᠤᠬᠠᠢ ᠶᠢᠨ ᠭᠠᠵᠠᠷ ᠤᠨ ᠤᠯᠠᠨ ᠲᠦᠮᠡᠨ ᠤ ᠡᠷᠡᠬᠦᠯ ᠮᠡᠨᠳᠤ ᠶᠢᠨ ᠪᠠᠶᠢᠳᠠᠯ ᠢ ᠦᠳᠳᠡᠷ ᠲᠦᠷᠬᠡᠨ ᠤᠶᠢᠯᠠᠭᠠᠵᠦ᠂ ᠬᠠᠪᠰᠦᠷᠦᠨ ᠲᠡᠳᠬᠦᠬᠦ ᠲᠦᠯᠦᠪᠯᠡᠭᠡ ᠲᠤᠬᠳᠠᠭᠠᠬᠤ ᠶᠢᠨ ᠲᠦᠯᠦᠬᠡ᠂ ᠤᠷᠢᠳ ᠬᠤᠵᠢᠳ ᠡᠯ᠎ᠡ ᠰᠢᠶᠠᠩ ᠪᠠᠯᠭᠠᠰᠦ ᠪᠠᠷ ᠬᠦᠷᠴᠦ᠂ ᠠᠯᠪᠠᠨ ᠵᠢᠷᠦᠮ ᠤᠨ ᠡᠮᠴᠢᠯᠡᠭᠡ ᠬᠢᠭᠦ ᠶᠢᠨ ᠬᠠᠮᠳᠥ ᠪᠠᠶᠢᠴᠠᠭᠠᠨ ᠰᠤᠳᠤᠯᠬᠤ ᠠᠵᠢᠯ ᠦᠷᠨᠢᠬᠦᠯᠵᠡᠢ᠃ ᠲᠡᠷᠡᠪᠡᠷ ᠰᠤᠳᠤᠯᠤᠨ ᠪᠠᠶᠢᠴᠠᠭᠠᠬᠤ ᠪᠠᠷ ᠲᠠᠮᠵᠢᠨ ᠷᠠᠰᠢᠶᠠᠨ ᠤᠷᠤᠨ ᠨᠢ ᠵᠢᠯ ᠲᠤᠷᠰᠢ ᠠᠭᠠᠷ ᠤᠨ ᠲᠤᠯᠠᠭᠠᠨ ᠲᠤᠤᠷ᠎ᠠ᠂ ᠰᠠᠭᠤᠭᠠᠯᠢ ᠠᠷᠠᠳ ᠤᠨ ᠬᠦᠯ ᠭᠠᠷ ᠦᠶ᠎ᠡ ᠬᠡᠰᠢᠬᠦᠦ ᠨᠢ ᠠᠮᠠᠷᠬᠠᠨ ᠡᠪᠡᠳᠬᠦ᠂ ᠭᠤᠤᠯ ᠨᠢᠷᠤᠭᠤᠨ ᠶᠠᠰᠦ ᠡᠪᠡᠳᠬᠦ ᠵᠡᠷᠭᠡ ᠦᠶ᠎ᠡ ᠬᠡᠰᠢᠬᠦᠦ ᠡᠪᠡᠳᠬᠦ ᠡᠪᠡᠳᠴᠢᠨ ᠤᠯᠠᠨ ᠡᠬᠦᠰᠴᠦ᠂ ᠤᠯᠠᠩᠬᠢ ᠨᠢ ᠤᠯᠠᠨ ᠵᠢᠯ ᠡᠳᠡᠭᠡᠷᠡᠬᠦ ᠲᠤᠷ᠎ᠠ ᠦᠬᠡᠢ ᠲᠡᠷᠡᠴᠢᠯᠡᠨ ᠵᠡᠮᠳᠡᠭ ᠪᠤᠯᠤᠬᠰᠠᠨ ᠡᠪᠡᠳᠴᠢᠳᠡᠨ ᠴᠤ ᠪᠠᠶᠢᠳᠠᠭ ᠢ ᠤᠯᠵᠦ ᠮᠠᠳᠡᠭᠰᠡᠨ ᠪᠠᠶᠢᠨ᠎ᠠ᠃ ᠭᠠᠨ ᠸᠧᠨ ᠡᠯ᠎ᠡ ᠰᠢᠶᠠᠩ ᠪᠠᠯᠭᠠᠰᠦ ᠪᠠᠷ ᠬᠦᠷᠴᠦ ︽ᠦᠷᠬᠦᠯᠵᠢ ᠲᠤᠬᠢᠶᠠᠯᠳᠤᠳᠠᠭ ᠦᠶ᠎ᠡ ᠬᠡᠰᠢᠬᠦᠦ ᠶᠢᠨ ᠡᠪᠡᠳᠴᠢᠨ ᠢ ᠤᠷᠢᠳᠴᠢᠯᠠᠨ ᠰᠡᠷᠬᠡᠶᠢᠯᠡᠬᠦ︾ ᠰᠢᠷᠢᠰ ᠮᠡᠳᠡᠯᠬᠡ ᠶᠢᠨ ᠲᠠᠶᠢᠯᠦᠮᠵᠢ ᠬᠢᠬᠦ ᠶᠢᠨ ᠵᠡᠷᠭᠡ ᠦᠶ᠎ᠡ ᠬᠡᠰᠢᠬᠦᠦ ᠡᠪᠡᠳᠬᠦ ᠶᠢ ᠨᠠᠮᠳᠠᠭᠠᠬᠤ ᠳᠤ ᠬᠡᠷᠡᠭᠯᠡᠬᠦ ᠬᠢᠳᠡᠳ ᠡᠮ ᠤᠨ ᠵᠤᠷ ᠪᠠ ᠦᠶ᠎ᠡ ᠬᠡᠰᠢᠬᠦᠦ ᠶᠢᠨ ᠡᠪᠡᠳᠴᠢᠨ ᠢ ᠤᠷᠢᠳᠴᠢᠯᠠᠨ ᠰᠡᠷᠬᠡᠶᠢᠯᠡᠬᠦ ᠡᠷᠡᠬᠦᠯ ᠮᠡᠨᠳᠤ ᠶᠢᠨ ᠭᠠᠷ ᠲᠡᠪᠳᠡᠷ ᠨᠠᠶᠢᠷᠠᠭᠤᠯᠪᠠ᠃ ᠦᠨᠳᠦᠰᠦᠨ ᠱᠠᠳᠦᠨ ᠤ ᠪᠤᠰᠤᠳ ᠦᠷᠬᠦᠯᠵᠢ ᠲᠤᠬᠢᠶᠠᠯᠳᠤᠬᠤ ᠡᠪᠡᠳᠴᠢᠨ ᠢ ᠵᠡᠬᠦᠦ ᠲᠦᠬᠡᠨᠡᠯᠬᠡ᠂ ᠲᠠᠩ ᠡᠮ ᠪᠤᠯᠤᠨ ᠬᠢᠳᠡᠳ ᠡᠮ ᠡᠮᠨᠡᠯᠬᠡ ᠶᠢᠨ ᠮᠡᠷᠬᠡᠵᠢᠯ ᠢᠶᠠᠷ ᠵᠠᠰᠠᠵᠤ᠂ ᠡᠪᠡᠳᠴᠢᠳᠡᠳ ᠲᠤ ᠲᠤᠳᠤᠨᠤ ᠡᠮᠴᠢᠯᠡᠬᠡᠨ ᠤ ᠦᠢᠯᠡᠴᠢᠯᠡᠭᠡ ᠬᠠᠨᠭ᠍ᠭᠠᠬᠰᠠᠨ ᠪᠠᠶᠢᠨ᠎ᠠ᠃      ᠭᠠᠨ ᠸᠧᠨ ᠷᠠᠰᠢᠶᠠᠨ ᠬᠤᠳᠠ ᠶᠢ ᠬᠠᠪᠰᠤᠷᠤᠨ ᠲᠡᠳᠭᠦᠬᠦ ᠪᠠᠷ ᠢᠷᠡᠭᠰᠡᠨ ᠵᠢᠯ ᠭᠠᠷᠤᠢ ᠬᠤᠭᠤᠴᠠᠭᠠᠨ ᠳᠤ᠂ 4000 ᠭᠠᠷᠦᠢ ᠡᠪᠡᠳᠴᠢᠳᠡᠨ ᠳᠤ ᠦᠢᠯᠡᠴᠢᠯᠡᠵᠦ᠂ ᠲᠤᠬᠠᠢ ᠶᠢᠨ ᠭᠠᠵᠠᠷ ᠤᠨ ᠬᠦᠮᠦᠰ ᠤᠨ ᠬᠠᠯᠠᠭᠤᠨ ᠬᠦᠷᠢᠶᠡᠯᠡᠯ ᠢ ᠬᠦᠷᠳᠡᠪᠡ᠃      ᠭᠠᠨ ᠸᠧᠨ ᠡᠮᠴᠢᠯᠡᠬᠡᠨ ᠤ ᠠᠵᠢᠯ ᠠᠴᠠ ᠪᠠᠨ ᠭᠠᠳᠠᠨ᠎ᠠ ᠪᠠᠰᠠ ᠲᠤᠬᠠᠢ ᠶᠢᠨ ᠭᠠᠵᠠᠷ ᠤᠨ ᠡᠮᠴᠢ ᠨᠠᠷ ᠤᠨ ᠡᠮᠴᠢᠯᠡᠬᠡᠨ ᠤ ᠮᠡᠷᠬᠡᠵᠢᠯ ᠤᠨ ᠬᠢᠷᠢ ᠲᠦᠪᠰᠢᠨ ᠢ ᠲᠡᠭᠡᠭᠰᠢᠯᠡᠬᠦᠯᠬᠦ ᠪᠠᠷ ᠴᠢᠷᠮᠠᠶᠢᠬᠰᠠᠭᠠᠷ ᠢᠷᠡᠪᠡ᠃ ᠲᠡᠷᠡ ᠤᠨᠴᠠᠭᠠᠢ ᠡᠪᠡᠳᠴᠢᠨ ᠤ ᠵᠢᠱᠢᠶ᠎ᠡ ᠲᠤᠬᠢᠶᠠᠯᠳᠤᠪᠠᠯ ᠰᠠᠯᠠᠭ᠎ᠠ ᠲᠠᠰᠤᠭ ᠤᠨ ᠢᠶᠠᠨ ᠡᠮᠴᠢᠯᠡᠬᠡᠨ ᠤ ᠠᠵᠢᠯᠳᠠᠳ ᠢᠶᠠᠨ ᠵᠤᠬᠢᠶᠠᠨ ᠪᠠᠶᠢᠭᠤᠯᠵᠦ ᠰᠤᠳᠤᠯᠤᠨ ᠶᠠᠷᠢᠯᠴᠠᠳᠠᠭ᠃ ᠭᠠᠨ ᠸᠧᠨ ᠡᠮᠴᠢ ᠲᠤᠬᠠᠢ ᠶᠢᠨ ᠭᠠᠵᠠᠷ ᠤᠨ ᠤᠯᠠᠨ ᠡᠬᠦᠰᠳᠡᠭ ᠡᠪᠡᠳᠴᠢᠨ᠂ ᠪᠠᠶᠢᠡᠭᠭᠤ ᠲᠤᠬᠢᠶᠠᠯᠳᠤᠳᠠᠭ ᠡᠪᠡᠳᠴᠢᠨ ᠳᠤ ᠬᠡᠷᠡᠭᠯᠡᠬᠦ ᠡᠮ ᠤᠨ ᠪᠠᠶᠢᠳᠠᠯ ᠢ ᠦᠨᠳᠦᠰᠦᠯᠡᠨ᠂ ᠬᠢᠳᠡᠳ ᠡᠮ ᠤᠨ ᠦᠷᠦᠬᠡ ᠶᠢ ᠦᠷᠭᠡᠳᠬᠡᠨ ᠪᠠᠶᠢᠭᠤᠯᠵᠦ᠂ ᠬᠢᠳᠡᠳ ᠡᠮ ᠤᠨ ᠦᠷᠦᠬᠡ ᠶᠢᠨ ᠡᠮ ᠤᠨ ᠲᠦᠷᠦᠯ ᠵᠦᠢᠯ ᠢ ᠨᠡᠮᠡᠭᠳᠡᠬᠦᠯᠦᠭᠰᠡᠨ ᠤ ᠬᠠᠮᠳᠤ ᠡᠯ᠎ᠡ ᠰᠢᠶᠠᠩ ᠪᠠᠯᠭᠠᠰᠦᠨ ᠤ ᠡᠷᠡᠬᠦᠯ ᠬᠠᠮᠠᠭᠠᠯᠠᠯ ᠤᠨ ᠬᠤᠷᠢᠶᠠᠨ ᠳᠤ ᠬᠦᠷᠴᠦ᠂ ᠬᠢᠳᠡᠳ ᠡᠮᠨᠡᠯᠬᠡ ᠶᠢᠨ ᠮᠡᠷᠬᠡᠵᠢᠯ ᠤᠨ ᠪᠤᠯᠪᠠᠰᠦᠷᠠᠯ ᠬᠢᠭᠰᠡᠨ ᠪᠠᠶᠢᠨ᠎ᠠ᠃ ᠲᠡᠷᠡ ᠨᠢᠬᠡ ᠵᠢᠯ ᠤᠨ ᠲᠤᠷᠰᠢ᠂ ᠲᠢᠶᠠᠨ ‍ᠤᠤᠢ ᠪᠠᠯᠭᠠᠰᠦ᠂ ᠪᠠᠢ ᠯᠠᠩ ᠪᠠᠯᠭᠠᠰᠦ᠂ ᠡᠤ ᠴᠠ ᠭᠸᠤ ᠪᠠᠯᠭᠠᠰᠦ᠂ ᠮᠢᠩ ᠱᠦᠢ ᠡᠾᠤ ᠪᠠᠯᠭᠠᠰᠦ ᠪᠠᠷ ᠵᠢᠭᠠᠨ ᠰᠤᠷᠭᠠᠯᠳᠠ ᠪᠠ ᠠᠯᠪᠠᠨ ᠵᠢᠷᠦᠮ ᠤᠨ ᠡᠮᠴᠢᠯᠡᠭᠡ ᠬᠢᠵᠦ ᠶᠠᠪᠤᠵᠠᠢ᠃      ᠤᠶᠢᠷ᠎ᠠ ᠶᠢᠨ ᠬᠡᠳᠦᠨ ᠵᠢᠯ ᠠᠴᠠ ᠨᠠᠭᠠᠰᠢ᠂ ᠷᠠᠰᠢᠶᠠᠨ ᠬᠤᠳᠠ ᠤᠯᠤᠰ ᠤᠨ ᠲᠡᠰ ᠤᠨ ᠵᠢᠭᠤᠯᠴᠢᠯᠠᠯ ᠤᠨ ᠤᠷᠤᠨ ᠢ ᠢᠳᠡᠪᠬᠢᠳᠡᠢ ᠡᠬᠦᠳᠦᠨ ᠪᠠᠶᠢᠭᠤᠯᠵᠦ᠂ ᠭᠠᠨ ᠸᠧᠨ ᠡᠮᠴᠢ ᠵᠠᠰᠠᠭ ᠤᠨ ᠤᠷᠳᠤᠨ ᠪᠤᠯᠤᠨ ᠵᠤᠴᠢᠳ ᠤᠨ ᠪᠠᠭᠤᠳᠠᠯ ᠲᠠᠢ ᠬᠠᠮᠵᠢᠯᠴᠠᠨ᠂ ᠷᠠᠰᠢᠶᠠᠨ ᠬᠤᠳᠠ ᠶᠢᠨ ᠲᠤᠬᠠᠢ ᠶᠢᠨ ᠭᠠᠵᠠᠷ ᠤᠨ ᠡᠮ ᠤᠨ ᠮᠠᠲᠤᠷᠢᠶᠠᠯ ᠳᠤ ᠰᠠᠭᠤᠷᠢᠯᠠᠨ ᠬᠢᠳᠡᠳ ᠡᠮᠨᠡᠯᠬᠡ ᠶᠢᠨ ᠲᠦᠷᠪᠡᠨ ᠤᠯᠠᠷᠢᠯ ᠤᠨ ᠪᠡᠶ᠎ᠡ ᠰᠤᠪᠢᠯᠠᠬᠤ ᠤᠨᠤᠯ ᠲᠠᠢ ᠤᠶᠠᠯᠳᠤᠭᠤᠯᠵᠦ᠂ ᠲᠦᠷᠪᠡᠨ ᠤᠯᠠᠷᠢᠯ ᠤᠨ ᠪᠡᠶ᠎ᠡ ᠰᠤᠪᠢᠯᠠᠬᠤ ᠬᠤᠭᠤᠯᠠ ᠶᠢ ᠰᠤᠳᠤᠯᠤᠨ ᠨᠡᠬᠡᠬᠡᠵᠦ᠂ ᠵᠢᠭᠤᠯᠴᠢᠯᠠᠭᠰᠠᠳ ᠤᠨ ᠬᠠᠯᠠᠭᠤᠨ ᠬᠦᠷᠢᠶᠡᠯᠡᠯ ᠢ ᠤᠯᠵᠦ ᠪᠠᠶᠢᠨ᠎ᠠ᠃      ᠡᠨᠡ ᠵᠢᠯ ᠤᠨ 8 ᠰᠠᠷ᠎ᠠ ᠳᠤ᠂ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠠᠴᠠ ᠭᠠᠨ ᠸᠧᠨ ᠡᠮᠴᠢ ᠳᠤ ᠡᠷᠡᠬᠦᠯ ᠬᠠᠮᠠᠭᠠᠯᠠᠯ ᠤᠨ ᠴᠢᠳᠠᠪᠦᠷᠢᠳᠠᠨ ᠤ ᠱᠠᠩᠨᠠᠯ ᠢ ᠤᠯᠭᠤᠵᠤ᠂ 10 ᠰᠠᠷ᠎ᠠ ᠳᠤ᠂ ᠷᠠᠰᠢᠶᠠᠨ ᠬᠤᠳᠠ ᠶᠢᠨ ᠠᠷᠠᠳ ᠤᠨ ᠶᠠᠪᠤᠳᠠᠯ ᠤᠨ ᠲᠤᠪᠴᠢᠶ᠎ᠠ ᠪᠤᠯᠤᠨ ᠡᠷᠡᠬᠦᠯ ᠬᠠᠮᠠᠭᠠᠯᠠᠯ ᠡᠷᠡᠬᠦᠯ ᠮᠡᠨᠳᠤ ᠶᠢᠨ ᠵᠦᠪᠯᠡᠯ ᠠᠴᠠ ᠭᠠᠨ ᠸᠧᠨ ᠡᠮᠴᠢ ᠳᠤ ︽ᠪᠦᠬᠦ ᠬᠤᠳᠠ ᠶᠢᠨ ᠬᠠᠮᠤᠭ ᠭᠤᠶᠤ ᠡᠮᠴᠢ︾ ᠶᠢᠨ ᠢᠷᠠᠭᠤ ᠠᠯᠳᠠᠷ ᠢ ᠤᠯᠭᠤᠪᠠ᠃
ᠵᠢᠷᠤᠭ ᠪᠤᠯ᠂ ᠭᠠᠨ ᠸᠧᠨ ᠡᠮᠴᠢ ᠬᠠᠮᠳᠤ ᠠᠵᠢᠯᠯᠠᠬᠰᠠᠳ ᠲᠠᠢ ᠪᠠᠨ ᠪᠤᠢ᠃       · ᠰᠡᠷᠬᠦᠯᠡᠩ ·
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号