ᠶᠠᠩ ᠶᠦᠩ ᠵᠢᠦ ᠰᠣᠶᠣᠯ ᠵᠢᠭᠤᠯᠴᠢᠯᠠᠯ ᠤᠨ ᠬᠡᠷᠡᠭᠯᠡᠭᠡ ᠲᠥᠪᠯᠡᠷᠡᠭᠰᠡᠨ ᠣᠷᠣᠨ ᠤ ᠲᠦᠷᠦᠯ ᠵᠦᠢᠯ ᠤᠨ ᠲᠤᠬᠠᠢ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/12/26
      12 ᠰᠠᠷ᠎ᠠ ᠶᠢᠨ 24 ᠤ ᠡᠳᠦᠷ᠂ ᠷᠡᠰᠢᠶᠠᠨ ᠬᠤᠲᠠ ᠶᠢᠨ ᠨᠠᠮ ᠤᠨ ᠬᠤᠷᠢᠶᠠᠨ ᠤ ᠱᠦᠵᠢ ᠶᠠᠩ ᠶᠦᠩ ᠵᠢᠦ ᠰᠣᠶᠣᠯ ᠵᠢᠭᠤᠯᠴᠢᠯᠠᠯ ᠤᠨ ᠬᠡᠷᠡᠭᠯᠡᠭᠡ ᠲᠥᠪᠯᠡᠷᠡᠭᠰᠡᠨ ᠤᠷᠤᠨ ᠤ ᠲᠥᠷᠥᠯ ᠵᠦᠢᠯ ᠤᠨ ᠲᠤᠬᠠᠢ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠪᠠ᠃ ᠵᠢᠦᠢ ᠰᠢᠶᠠᠩ ᠰᠣᠶᠣᠯ ᠵᠢᠭᠤᠯᠴᠢᠯᠠᠯ ᠤᠨ ᠪᠡᠯᠡ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ᠂ ᠱᠧᠩ ᠳ᠋ᠢ ᠤᠯᠠᠨ ᠤᠯᠤᠰ ᠤᠨ ᠪᠠᠷᠢᠯᠭ᠎ᠠ ᠶᠢᠨ ᠢᠨᠵᠧᠨᠧᠷᠢᠩ ᠤᠨ ᠵᠢᠷᠤᠭ ᠲᠥᠯᠥᠪᠯᠡᠭᠡ ᠶᠢᠨ ᠬᠢᠵᠠᠭᠠᠷᠲᠤ ᠺᠣᠮᠫᠠᠨᠢ᠂ ᠳᠣᠷᠣᠨᠠᠳᠠᠬᠢᠨ ᠤ ᠴᠢ ᠵᠢᠩ ᠭᠤᠣᠯ ᠰᠡᠳᠦᠪᠲᠦ ᠴᠡᠴᠡᠷᠯᠢᠭ ᠢ ᠨᠡᠭᠡᠭᠡᠨ ᠬᠥᠭᠵᠢᠭᠦᠯᠬᠦ ︵ᠪᠡᠭᠡᠵᠢᠩ︶ ᠬᠢᠵᠠᠭᠠᠷᠲᠤ ᠺᠣᠮᠫᠠᠨᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠲᠠᠢ ᠲᠦᠷᠦᠯ ᠵᠦᠢᠯ ᠤᠨ ᠵᠢᠷᠤᠭ ᠲᠥᠯᠥᠪᠯᠡᠭᠡ᠂ ᠪᠡᠯᠡ ᠣᠷᠣᠭᠤᠯᠤᠯᠲᠠ ᠶᠢᠨ ᠡᠵᠡᠩᠨᠡᠯᠲᠡ᠂ ᠬᠥᠭᠵᠢᠯᠲᠡ ᠶᠢᠨ ᠢᠷᠡᠭᠡᠳᠦᠢ ᠵᠡᠷᠭᠡ ᠤᠴᠢᠷ ᠶᠠᠪᠤᠳᠠᠯ ᠤᠨ ᠲᠤᠬᠠᠢ ᠰᠠᠨᠠᠯ ᠢᠶᠠᠨ ᠰᠣᠯᠢᠯᠴᠠᠵᠠᠢ᠃ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠬᠠᠨ ᠴᠠᠩ ᠵᠢᠦ᠂ ᠬᠤᠳᠠ ᠶᠢᠨ ᠭᠠᠳᠠᠭᠠᠳᠤ ᠶᠠᠪᠤᠳᠠᠯ ᠤᠨ ᠠᠯᠪᠠᠨ ᠭᠡᠷ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃       ᠬᠤᠷᠠᠯ ᠠᠴᠠ᠂ ᠰᠣᠶᠣᠯ ᠵᠢᠭᠤᠯᠴᠢᠯᠠᠯ ᠤᠨ ᠬᠡᠷᠡᠭᠯᠡᠭᠡ ᠲᠥᠪᠯᠡᠷᠡᠭᠰᠡᠨ ᠣᠷᠣᠨ ᠤ ᠲᠦᠷᠦᠯ ᠵᠦᠢᠯ ᠪᠣᠯ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ ᠭᠦᠨ ᠠᠭᠤᠳᠠᠯᠵᠤ᠂ ᠠᠮᠠᠷᠠᠯᠲᠠ ᠶᠢᠨ ᠡᠵᠡᠩᠨᠡᠯᠲᠡ ᠶᠢᠨ ᠬᠡᠯᠪᠡᠷᠢ ᠶᠢ ᠪᠠᠶᠠᠯᠢᠭᠵᠢᠭᠤᠯᠬᠤ ᠭᠤᠣᠯᠳᠠᠯᠭ᠎ᠠ ᠲᠠᠢ ᠠᠷᠠᠯᠵᠢᠶᠠᠴᠢᠨ ᠤᠷᠢᠬᠤ ᠲᠦᠷᠦᠯ ᠵᠦᠢᠯ ᠪᠣᠯᠣᠨ᠎ᠠ᠂ ᠠᠮᠠᠷᠠᠯᠲᠠ ᠶᠢᠨ ᠣᠷᠣᠨ ᠤ ᠲᠡᠰ ᠳᠡᠪᠰᠢᠬᠦ ᠶᠢ ᠠᠬᠢᠭᠤᠯᠬᠤ᠂ ᠪᠦᠬᠦ ᠬᠤᠳᠠ ᠶᠢᠨ ᠵᠢᠭᠤᠯᠴᠢᠯᠠᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠥᠨᠳᠥᠷ ᠪᠠᠷᠢᠮᠵᠢᠶ᠎ᠠ ᠪᠠᠷ ᠲᠥᠯᠥᠪᠵᠢᠭᠦᠯᠬᠦ᠂ ᠥᠨᠳᠥᠷ ᠦᠷ᠎ᠡ ᠪᠦᠲᠦᠮᠵᠢ ᠲᠠᠢ ᠪᠠᠷ ᠠᠬᠢᠭᠤᠯᠬᠤ᠂ ᠴᠢᠨᠠᠷ ᠰᠠᠶᠢᠲᠠᠢ ᠪᠠᠷ ᠨᠠᠶᠢᠳᠠᠪᠤᠷᠢᠵᠢᠭᠤᠯᠬᠤ ᠱᠠᠭᠠᠷᠳᠠᠯᠭ᠎ᠠ ᠶᠣᠰᠣᠭᠠᠷ᠂ ᠲᠥᠷᠥᠯ ᠵᠦᠢᠯ ᠤᠨ ᠵᠢᠷᠤᠭ ᠲᠥᠯᠥᠪᠯᠡᠭᠡ ᠶᠢᠨ ᠲᠥᠰᠥᠯ ᠢ ᠲᠦᠷᠭᠡᠳᠬᠡᠨ ᠲᠡᠭᠦᠯᠳᠡᠷᠵᠢᠭᠦᠯᠵᠦ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠡᠷᠲᠡᠬᠡᠨ ᠭᠦᠢᠴᠡᠳᠬᠡᠵᠦ᠂ ᠲᠥᠷᠥᠯ ᠵᠦᠢᠯ ᠢ ︽ᠴᠠᠰᠤ ᠬᠠᠶᠢᠯᠪᠠᠯ ᠳᠠᠷᠤᠢ ᠠᠵᠢᠯ ᠡᠬᠢᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ︾᠃ ᠬᠤᠳᠠ ᠶᠢᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ ᠬᠢᠨ ᠰᠠᠨᠠᠭᠠᠴᠢᠯᠠᠭ᠎ᠠ ᠠᠴᠠ ᠪᠠᠨ ᠤᠷᠢᠳᠴᠢᠯᠠᠨ ᠦᠢᠯᠡᠴᠢᠯᠡᠵᠦ᠂ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ᠂ ᠲᠦᠷᠦᠯ ᠵᠦᠢᠯ ᠢ ᠡᠷᠲᠡᠬᠡᠨ ᠨᠠᠶᠢᠳᠠᠪᠤᠷᠢᠵᠢᠭᠤᠯᠵᠤ ᠠᠵᠢᠯ ᠡᠬᠢᠯᠡᠭᠦᠯᠬᠦ ᠶᠢ ᠪᠠᠲᠤᠯᠠᠬᠤ ᠬᠡᠷᠡᠭᠲᠡᠢ᠃ ᠠᠵᠤ ᠠᠬᠤᠶᠢᠯᠠᠯ ᠤᠨ ᠬᠢᠨ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠣᠰᠣᠭᠠᠷ᠂ ᠲᠥᠷᠥᠯ ᠵᠦᠢᠯ ᠤᠨ ᠡᠯ᠎ᠡ ᠵᠦᠢᠯ ᠤᠨ ᠠᠵᠢᠯ ᠢ ᠲᠣᠳᠣᠷᠬᠠᠢ ᠬᠠᠭᠤᠳᠠᠰᠤᠵᠢᠭᠤᠯᠤᠨ᠂ ᠵᠠᠩᠭᠢᠯᠠᠭ᠎ᠠ ᠶᠢᠨ ᠴᠡᠭ ᠢᠶᠠᠷ ᠨᠠᠶᠢᠳᠠᠪᠤᠷᠢᠵᠢᠭᠤᠯᠵᠤ᠂ ᠷᠠᠰᠢᠶᠠᠨ ᠤ ᠵᠢᠭᠤᠯᠴᠢᠯᠠᠯ ᠤᠨ ᠴᠢᠨᠠᠷ ᠰᠠᠶᠢᠲᠠᠢ ᠬᠥᠭᠵᠢᠯᠲᠡ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠦᠨ᠎ᠡ ᠭᠡᠵᠡᠢ᠃  
 
ᠢᠷᠡᠯᠲᠡ᠄ ᠷᠡᠰᠢᠶᠠᠨ ᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号