ᠬᠤᠳᠠ ᠶᠢᠨ ᠱᠦᠵᠢ ᠶᠠᠩ ᠶᠦᠩ ᠵᠢᠦ ᠵᠢᠭᠤᠯᠴᠢᠯᠠᠯ ᠤᠨ ᠠᠵᠤ ᠠᠬᠤᠶᠢᠯᠠᠯ ᠤᠨ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/12/26
      12 ᠰᠠᠷ᠎ᠠ ᠶᠢᠨ 24 ᠤ ᠡᠳᠦᠷ᠂ ᠷᠡᠰᠢᠶᠠᠨ ᠬᠤᠲᠠ ᠶᠢᠨ ᠨᠠᠮ ᠤᠨ ᠬᠤᠷᠢᠶᠠᠨ ᠤ ᠱᠦᠵᠢ ᠶᠠᠩ ᠶᠦᠩ ᠵᠢᠦ ᠵᠢᠭᠤᠯᠴᠢᠯᠠᠯ ᠤᠨ ᠠᠵᠤ ᠠᠬᠤᠶᠢᠯᠠᠯ ᠤᠨ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠵᠤ᠂ ᠳᠤᠮᠳᠠᠳᠤ ᠶᠢᠨ ᠦᠪᠡᠰᠣᠪᠡᠨ ᠲᠡᠷᠭᠡ ᠵᠢᠯᠣᠭᠤᠳᠬᠤ ᠮᠠᠰᠢᠨ ᠲᠡᠷᠭᠡᠨ ᠤ ᠬᠤᠯᠪᠣᠭ᠎ᠠ ᠶᠢᠨ ᠭᠤᠸᠠᠩᠳᠦ᠋ᠩ ᠤᠨ ᠦᠪᠡᠰᠣᠪᠡᠨ ᠲᠡᠷᠭᠡ ᠵᠢᠯᠣᠭᠤᠳᠬᠤ ᠮᠠᠰᠢᠨ ᠲᠡᠷᠭᠡᠨ ᠤ ᠵᠢᠭᠤᠯᠴᠢᠯᠠᠯ ᠤᠨ ᠶᠡᠷᠦᠩᠬᠡᠢ ᠡᠪᠯᠡᠯ᠂ ᠱᠧᠨᠵᠧᠨ ᠤ ᠵᠢᠶᠦ᠋ᠨ ᠶᠤᠸᠠᠢ ᠠᠮᠠᠷᠠᠯᠲᠠ ᠶᠢᠨ ᠤᠯᠠᠨ ᠤᠯᠤᠰ ᠤᠨ ᠵᠢᠭᠤᠯᠴᠢᠯᠠᠯ ᠤᠨ ᠭᠠᠵᠠᠷ᠂ ᠰᠢᠶᠠᠩᠭᠠᠩ ᠤᠨ ᠠᠶᠠᠨᠴᠢᠳ ᠤᠨ ᠭᠡᠷ ᠪᠦᠯᠢ ᠶᠢᠨ ᠶᠡᠷᠦᠩᠬᠡᠢ ᠡᠪᠯᠡᠯ᠂ ᠱᠧᠨᠵᠧᠨ ᠤ ᠺᠠᠢ ᠮᠧᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠤᠷᠤᠯᠳᠤᠭᠠᠨ ᠤ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠵᠡᠷᠭᠡ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠶᠠᠷᠢᠯᠴᠠᠨ ᠵᠢᠭᠤᠯᠴᠢᠯᠠᠯ ᠤᠨ ᠵᠠᠬ᠎ᠠ ᠳᠡᠯᠭᠡᠭᠦᠷ ᠢᠶᠠᠨ ᠥᠷᠭᠡᠳᠬᠡᠵᠦ᠂ ᠦᠪᠡᠰᠣᠪᠡᠨ ᠲᠡᠷᠭᠡ ᠵᠢᠯᠣᠭᠤᠳᠬᠤ ᠮᠠᠰᠢᠨ ᠲᠡᠷᠭᠡᠨ ᠤ ᠵᠠᠮ ᠢ ᠳᠡᠪᠢᠰᠴᠦ᠂ ᠲᠦᠷᠦᠯ ᠲᠡᠮᠳᠡᠭ ᠤᠨ ᠤᠷᠤᠯᠳᠤᠭᠠᠨ ᠵᠡᠷᠭᠡ ᠬᠠᠮᠲᠤᠷᠠᠯᠴᠠᠭᠠᠨ ᠤ ᠵᠦᠢᠯᠡᠰ ᠢ ᠳᠠᠭᠠᠭᠠᠴᠢᠯᠠᠨ ᠡᠷᠬᠢᠯᠡᠬᠦ ᠲᠤᠬᠠᠢ ᠶᠠᠷᠢᠯᠴᠠᠪᠠ᠃ ᠸᠠᠩ ᠲᠢᠶᠠᠨ  ᠹᠧᠩ᠂ ᠬᠠᠨ ᠴᠠᠩ  ᠵᠢᠦ᠂ ᠶᠠᠩ ᠪᠦᠦ ᠲᠢᠶᠠᠨ ᠵᠡᠷᠭᠡ ᠬᠤᠳᠠ ᠶᠢᠨ ᠤᠳᠤᠷᠢᠳᠤᠯᠭ᠎ᠠ ᠨᠠᠷ ᠬᠤᠷᠠᠯ ᠳᠤ ᠣᠷᠣᠯᠴᠠᠵᠠᠢ᠃       ᠬᠤᠷᠠᠯ ᠳᠡᠭᠡᠷ᠎ᠡ᠂ ᠶᠠᠩ ᠶᠦᠩ ᠵᠢᠦ ᠡᠯ᠎ᠡ ᠠᠵᠤ ᠠᠬᠤᠶᠢᠯᠠᠯ ᠤᠨ ᠠᠷᠪᠠᠨ ᠨᠠᠢᠮᠠᠳᠤᠭᠠᠷ ᠬᠤᠭᠤᠴᠠᠭᠠᠨ ᠤ ᠷᠠᠰᠢᠶᠠᠨ ᠤ ᠮᠥᠰᠥ ᠴᠠᠰᠤᠨ ᠤ ᠨᠠᠶᠢᠷ ᠵᠢᠴᠢ 2023 ᠣᠨ ᠤ ᠳᠤᠮᠳᠠᠳᠤ ᠮᠣᠩᠭᠤᠯ ᠤᠷᠤᠰ ᠤᠨ ︵ᠷᠠᠰᠢᠶᠠᠨ︶ ᠤᠯᠠᠨ ᠤᠯᠤᠰ ᠤᠨ ᠮᠠᠰᠢᠨ ᠲᠡᠷᠭᠡᠨ ᠤ ᠮᠥᠰᠥ ᠴᠠᠰᠤᠨ ᠤ ᠤᠷᠤᠯᠳᠤᠭᠠᠨ ᠳᠤ ᠣᠷᠣᠯᠴᠠᠭᠰᠠᠨ ᠳᠤ ᠲᠠᠯᠠᠷᠬᠠᠵᠤ ᠪᠠᠶᠢᠬᠤ ᠪᠠᠨ ᠢᠯᠡᠳᠬᠡᠵᠡᠢ᠃ ᠡᠯ᠎ᠡ ᠠᠵᠤ ᠠᠬᠤᠶᠢᠯᠠᠯ ᠤᠨ ᠬᠢᠨ ᠷᠠᠰᠢᠶᠠᠨ ᠤ ᠰᠢᠯᠢᠳᠡᠭ ᠵᠢᠭᠤᠯᠴᠢᠯᠠᠯ ᠤᠨ ᠡᠬᠢ ᠪᠠᠶᠠᠯᠢᠭ ᠢ ᠭᠦᠨᠵᠡᠭᠡᠢ ᠠᠭᠤᠳᠠᠯᠣᠨ᠂ ᠥᠪᠡᠰᠣᠪᠡᠨ ᠲᠡᠷᠭᠡ ᠵᠢᠯᠤᠭᠤᠳᠬᠤ ᠵᠢᠭᠤᠯᠴᠢᠯᠠᠯ ᠤᠨ ᠱᠤᠭᠤᠮ᠂ ᠬᠡᠭᠡᠷ᠎ᠡ ᠶᠢᠨ ᠤᠷᠤᠯᠳᠤᠭᠠᠨ᠂ ᠠᠮᠠᠷᠠᠯᠲᠠ ᠶᠢᠨ ᠲᠦᠷᠦᠯ ᠵᠦᠢᠯ᠂ ᠤᠬᠠᠭᠤᠯᠭ᠎ᠠ ᠵᠡᠷᠭᠡ ᠭᠤᠣᠯᠳᠠᠯᠭ᠎ᠠ ᠲᠠᠢ ᠬᠦᠷᠢᠶᠠᠨ ᠳᠤ᠂ ᠬᠠᠮᠲᠤᠷᠠᠯᠴᠠᠭᠠᠨ ᠤ ᠰᠠᠨᠠᠮᠵᠢ ᠶᠢ ᠨᠠᠷᠢᠨ ᠳᠠᠩᠰᠠᠯᠠᠵᠤ᠂ ᠲᠦᠷᠦᠯ ᠵᠦᠢᠯᠴᠢᠯᠡᠬᠦᠯᠬᠦ  ᠭᠡᠷᠡᠭᠳᠡᠢ ᠭᠡᠵᠡᠢ᠃ ᠡᠯ᠎ᠡ ᠠᠵᠤ ᠠᠬᠤᠶᠢᠯᠠᠯ ᠬᠢᠨ᠂ ᠪᠡᠯᠡ ᠮᠥᠩᠭᠦ᠂ ᠡᠬᠢ ᠪᠠᠶᠠᠯᠢᠭ᠂ ᠲᠠᠪᠴᠠᠩ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠠᠵᠢᠯ ᠤᠨ ᠲᠤᠰᠬᠠᠢ ᠠᠩᠭᠢ ᠪᠠᠶᠢᠭᠤᠯᠣᠨ᠂ ᠴᠠᠭ ᠤᠨ ᠬᠦᠰᠦᠨᠦᠭᠲᠦ᠂ ᠵᠠᠮ ᠱᠤᠭᠤᠮ ᠤᠨ ᠵᠢᠷᠤᠭ ᠪᠠ ᠬᠠᠷᠢᠭᠤᠴᠠᠯᠭᠠᠲᠠᠨ ᠢ ᠵᠦᠢᠯ ᠳᠠᠷᠠᠭᠠᠯᠠᠨ ᠲᠣᠳᠣᠷᠬᠠᠶᠢᠯᠠᠵᠤ᠂ ᠬᠠᠮᠲᠤᠷᠠᠯᠴᠠᠭᠠᠨ ᠤ ᠵᠦᠢᠯᠡᠰ ᠢ ᠪᠣᠳᠠᠲᠠᠢ ᠭᠠᠵᠠᠷ  ᠲᠤᠨᠢ ᠨᠠᠶᠢᠳᠠᠪᠤᠷᠢᠵᠢᠭᠤᠯᠬᠤ ᠶᠢ ᠲᠦᠷᠭᠡᠳᠬᠡᠨ ᠠᠬᠢᠭᠤᠯᠵᠤ᠂ ᠡᠬᠢ ᠪᠠᠶᠠᠯᠢᠭ ᠤᠨ ᠬᠠᠷᠢᠯᠴᠠᠨ ᠨᠥᠬᠦᠪᠦᠷᠢᠯᠡᠬᠦ᠂ ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠭᠥᠷᠳᠡᠬᠦ ᠶᠢ ᠪᠡᠶᠡᠯᠡᠭᠦᠯᠦᠨ᠎ᠡ ᠭᠡᠵᠡᠢ᠃
 
ᠢᠷᠡᠯᠲᠡ᠄ ᠷᠡᠰᠢᠶᠠᠨ ᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号