ᠰᠦᠬᠡ ᠡᠮᠦᠨᠡᠲᠦ ᠬᠤᠰᠢᠭᠤ ᠷᠠᠰᠢᠶᠠᠨ ᠬᠤᠳᠡ ᠪᠠᠷ ᠰᠢᠨᠵᠢᠯᠡᠨ ᠪᠠᠶᠢᠴᠠᠭᠠᠵᠠᠢ
ᠨᠡᠶᠢᠲᠡᠯᠡᠭᠰᠡᠨ ᠴᠠᠭ᠄
2023/12/26
      12 ᠰᠠᠷ᠎ᠠ ᠶᠢᠨ 20 ᠤ ᠡᠳᠦᠷ᠂ ᠠᠢᠮᠠᠭ ᠤᠨ ᠨᠠᠮ   ᠤᠨ ᠬᠤᠷᠢᠶᠠᠨ ᠤ ᠳᠡᠳ᠋ ᠱᠦᠵᠢ᠂ ᠠᠢᠮᠠᠭ ᠤᠨ ᠳᠠᠷᠤᠭ᠎ᠠ ᠰᠦᠬᠡ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠪᠣᠯᠤᠨ ᠷᠠᠰᠢᠶᠠᠨ ᠬᠤᠳᠡ ᠶᠢᠨ ︽ᠲᠠᠪᠤᠨ ᠶᠡᠭᠡ ᠡᠭᠦᠷᠭᠡ︾᠂ ︽ᠲᠠᠪᠤ ᠶᠢ ᠲᠦᠢᠯᠪᠦᠷᠢᠳᠡᠢ ᠪᠠᠶᠢᠴᠠᠭᠠᠬᠤ ᠠᠵᠢᠯᠯᠠᠭ᠎ᠠ︾ ᠶᠢᠨ ᠭᠤᠣᠯᠳᠠᠯᠭ᠎ᠠ ᠲᠠᠢ ᠲᠦᠷᠦᠯ ᠵᠦᠢᠯ ᠤᠨ ᠪᠠᠶᠢᠭᠤᠯᠤᠯᠲᠠ᠂ ᠰᠢᠶᠠᠩ ᠪᠠᠯᠭᠠᠰᠣᠨ ᠤ ᠰᠠᠭᠤᠭᠠᠯᠢ ᠠᠷᠠᠳ ᠨᠢᠭᠡᠳᠦᠯᠳᠡᠢ ᠳᠤᠯᠠᠭᠠᠯᠠᠭ᠎ᠠ ᠶᠢᠨ ᠪᠠᠲᠤᠯᠠᠭ᠎ᠠ᠂ ᠡᠪᠤᠯ‌‍ᠣᠨ ᠤᠯᠠᠷᠢᠯ ᠤᠨ ᠤᠢ ᠰᠢᠭᠤᠢ ᠨᠤᠳᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ᠂ ᠬᠢᠯᠢ ᠶᠢᠨ ᠬᠤᠰᠢᠭᠤ ᠰᠢᠶᠠᠨ ᠬᠤᠳᠠ ᠶᠢᠨ ᠦᠨᠳᠦᠰᠦᠨ ᠦᠢᠯᠡᠴᠢᠯᠡᠭᠡᠨ ᠤ ᠲᠦᠬᠦᠭᠡᠷᠦᠮᠵᠢ ᠶᠢᠨ ᠪᠠᠶᠢᠭᠤᠯᠤᠯᠳᠠ ᠪᠠ ᠡᠮ ᠡᠮᠨᠡᠯᠭᠡ ᠶᠢᠨ ᠦᠭᠡᠷᠡᠴᠢᠯᠡᠯᠳᠡ᠂ ᠬᠢᠯᠢ ᠬᠢᠵᠠᠭᠠᠷ ᠤᠨ ᠲᠣᠭᠤᠷᠢᠨ ᠪᠠᠶᠢᠴᠠᠭᠠᠬᠤ ᠪᠠ ᠤᠢ ᠰᠢᠭᠤᠢ ᠶᠢ ᠲᠤᠭᠤᠷᠢᠨ ᠪᠠᠶᠢᠴᠠᠭᠠᠬᠤ ᠵᠡᠷᠭᠡ ᠭᠤᠤᠯᠳᠠᠯᠭ᠎ᠠ ᠲᠠᠢ ᠠᠵᠢᠯ ᠢ ᠱᠠᠯᠠᠪᠳᠠᠭᠤᠯᠤᠨ ᠵᠢᠯᠤᠭᠤᠳᠴᠦ ᠰᠢᠨᠵᠢᠯᠡᠨ ᠪᠠᠢᠴᠠᠭᠠᠪᠠ᠃       ᠰᠦᠬᠡ ᠷᠠᠰᠢᠶᠠᠨ ᠬᠤᠳᠡ ᠶᠢᠨ ᠬᠢᠯᠢ ᠶᠢᠨ ᠬᠠᠮᠠᠭᠠᠯᠠᠯᠳ᠋ᠨ ᠶᠢᠨ ᠭᠠᠯ ᠰᠡᠷᠭᠡᠶᠢᠯᠡᠬᠦ ᠠᠵᠢᠯ ᠤᠨ ︽ᠨᠢᠭᠡ ᠵᠠᠮ  ᠢ ᠭᠤᠷᠪᠠᠨ ᠲᠠᠯ᠎ᠠ ᠪᠠᠷ ᠬᠡᠷᠡᠭᠯᠡᠬᠦ︾ ᠲᠦᠷᠦᠯ ᠵᠦᠢᠯ ᠢ ᠪᠠᠶᠢᠴᠠᠭᠠᠬᠤ ᠳᠠᠭᠠᠨ ᠡᠯ᠎ᠡ ᠭᠠᠵᠠᠷ ᠡᠯ᠎ᠡ ᠬᠤᠯᠪᠤᠭᠳᠠᠯ ᠪᠦᠬᠦᠢ ᠰᠠᠯᠠᠭ᠎ᠠ ᠮᠥᠴᠢᠷ ᠤᠨ ᠬᠢᠨ ᠤᠯᠤᠰ ᠲᠦᠷᠣ ᠶᠢᠨ ᠲᠠᠯ᠎ᠠ ᠠᠴᠠ ᠦᠵᠡᠬᠦ᠂ ᠤᠯᠤᠰ ᠲᠦᠷᠣ ᠶᠢᠨ ᠲᠠᠯ᠎ᠠ ᠠᠴᠠ ᠬᠦᠢᠴᠡᠳᠭᠡᠬᠦ ᠪᠠᠷᠢᠮᠲᠠᠯᠠᠵᠤ᠂ ᠭᠤᠣᠯᠳᠠᠯᠭ᠎ᠠ ᠲᠠᠢ ᠲᠦᠷᠦᠯ ᠵᠦᠢᠯ ᠤᠨ ᠪᠠᠢᠭᠤᠯᠤᠯᠳᠡ ᠶᠢᠨ ᠭᠤᠣᠯ ᠴᠤᠭᠴᠠ ᠶᠢᠨ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠵᠦ᠂ ᠪᠡᠯᠡ ᠣᠷᠣᠭᠤᠯᠤᠯᠳᠡ ᠪᠠᠨ ᠦᠷᠭᠦᠯᠵᠢᠯᠡᠨ ᠨᠡᠮᠡᠭᠳᠡᠬᠦᠯᠵᠦ᠂ ᠲᠦᠷᠦᠯ ᠵᠦᠢᠯ ᠢ ᠨᠢᠭᠡᠳᠦᠯᠲᠡᠢ ᠲᠥᠯᠥᠪᠵᠢᠭᠦᠯᠦᠨ ᠲᠤᠬᠢᠷᠠᠭᠤᠯᠵᠦ᠂ ︽ᠲᠠᠪᠤᠨ ᠶᠡᠭᠡ ᠡᠭᠦᠷᠭᠡ︾᠂ ︽ᠲᠠᠪᠤ ᠶᠢ ᠲᠦᠢᠯᠪᠤᠷᠢᠳᠠᠢ ᠪᠠᠶᠢᠴᠠᠭᠠᠬᠤ︾ ᠠᠵᠢᠯᠯᠠᠭ᠎ᠠ ᠶᠢ ᠮᠠᠨ ᠤ ᠠᠶᠢᠮᠠᠭ ᠲᠤ ᠬᠡᠷᠡᠭᠵᠢᠬᠦᠯᠦᠨ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠳᠡᠢ ᠭᠡᠵᠡᠢ᠃ ᠰᠦᠬᠡ ᠴᠢᠬᠤᠯᠠᠴᠢᠯᠠᠭᠰᠠᠨ ᠨᠢ᠂ ᠤᠶᠢᠷ᠎ᠠ ᠶᠢᠨ ᠬᠤᠭᠤᠴᠠᠭᠠᠨ ᠳᠤ ᠶᠡᠭᠡ ᠰᠠᠯᠬᠢ᠂ ᠬᠦᠢᠳᠡᠨ ᠤᠷᠤᠰᠬᠠᠯ ᠵᠡᠷᠭᠡ ᠣᠨᠴᠠᠭᠠᠢ ᠴᠠᠭ ᠠᠭᠤᠷ ᠪᠠᠶᠢᠨ ᠲᠠᠬᠢᠨ ᠢᠯᠡᠷᠡᠵᠦ ᠪᠠᠢᠨ᠎ᠠ᠂ ᠮᠢᠨᠴᠦᠭᠦᠷᠡᠬᠦ ᠦᠵᠡᠯ ᠰᠠᠨᠠᠭ᠎ᠠ ᠪᠣᠯᠤᠨ ᠠᠵᠠ ᠵᠠᠪᠰᠢᠶᠠᠨ ᠢ ᠬᠦᠰᠡᠬᠦ ᠪᠤᠳᠤᠯ ᠢᠶᠠᠨ ᠡᠷᠡᠰ ᠲᠡᠪᠴᠢᠵᠦ᠂ ᠣᠨᠴᠠᠭᠠᠢ ᠴᠠᠭ ᠠᠭᠤᠷ ᠢ ᠤᠷᠢᠳᠴᠢᠯᠠᠨ ᠰᠡᠷᠡᠮᠵᠢᠯᠡᠵᠦ᠂ ᠠᠷᠭᠠᠴᠠᠭᠠᠬᠤ ᠠᠵᠢᠯ ᠢᠶᠠᠨ ᠴᠢᠩᠭ᠎ᠠ ᠪᠣᠳᠠᠲᠠᠢ ᠨᠠᠷᠢᠯᠢᠭᠵᠢᠭᠤᠯᠤᠨ᠂ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠳᠡᠢ ᠭᠡᠪᠡ᠃      ᠰᠦᠬᠡ ᠨᠠᠷ ᠪᠠᠰᠠ ᠷᠠᠰᠢᠶᠠᠨ ᠬᠤᠳᠡ ᠶᠢᠨ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠶᠢᠨ ᠤᠯᠠᠨ ᠨᠡᠢᠳ᠋ᠨ  ᠶᠢᠨ ᠦᠢᠯᠡᠴᠢᠯᠡᠭᠡᠨ ᠤ ᠰᠠᠭᠤᠷᠢ ᠲᠦᠬᠦᠭᠡᠷᠦᠮᠵᠢ ᠶᠢᠨ ᠪᠠᠶᠢᠭᠤᠯᠤᠯᠳᠠ ᠪᠤᠯᠤᠨ ᠡᠮ ᠡᠮᠨᠡᠯᠭᠡ ᠶᠢᠨ ᠥᠭᠡᠷᠡᠴᠢᠯᠡᠯᠳ᠋ᠨ  ᠶᠢᠨ ᠠᠵᠢᠯ ᠢ ᠪᠠᠶᠢᠴᠠᠭᠠᠨ ᠰᠤᠳᠤᠯᠵᠠᠢ᠃ ᠰᠦᠬᠡ ᠴᠢᠬᠤᠯᠠᠴᠢᠯᠠᠭᠰᠠᠨ ᠨᠢ᠂ ᠡᠯ᠎ᠡ ᠭᠠᠵᠠᠷ ᠡᠯ᠎ᠡ ᠬᠤᠯᠪᠤᠭᠳᠠᠯ ᠪᠦᠬᠦᠢ ᠰᠠᠯᠠᠭ᠎ᠠ ᠮᠥᠴᠢᠷ ᠦᠨ ᠬᠢᠨ ᠬᠢᠯᠢ ᠶᠢᠨ ᠬᠤᠰᠢᠭᠤ ᠰᠢᠶᠠᠨ ᠬᠤᠳᠡ ᠶᠢᠨ ᠦᠢᠯᠡᠴᠢᠯᠡᠭᠡᠨ ᠤ ᠰᠠᠭᠤᠷᠢ ᠲᠦᠬᠦᠭᠡᠷᠦᠮᠵᠢ ᠶᠢᠨ ᠪᠠᠶᠢᠭᠤᠯᠤᠯᠳᠠ ᠪᠤᠯᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠢᠭᠤᠯᠤᠮᠵᠢ ᠶᠢᠨ ᠦᠭᠡᠷᠡᠴᠢᠯᠡᠯᠳᠡ ᠶᠢᠨ ᠠᠵᠢᠯ ᠢ ᠲᠡᠭᠡᠳᠦ ᠬᠡᠮᠵᠢᠶ᠎ᠡ ᠪᠠᠷ ᠴᠢᠬᠤᠯᠠᠴᠢᠯᠠᠵᠦ᠂ ᠲᠦᠷᠦᠯ ᠵᠦᠢᠯ ᠤᠨ ᠪᠠᠶᠢᠭᠤᠯᠤᠯᠳᠠ ᠶᠢᠨ ᠦᠢᠯᠡᠴᠢᠯᠡᠭᠡᠨ ᠤ ᠪᠠᠳᠤᠯᠠᠭ᠎ᠠ ᠶᠢ ᠪᠦᠬᠦ ᠬᠦᠴᠦᠨ ᠢᠶᠠᠷ ᠢᠶᠠᠨ ᠰᠠᠢᠳᠤᠷ ᠬᠢᠵᠦ᠂ ᠲᠦᠷᠦᠯ ᠵᠦᠢᠯ ᠤᠨ ᠪᠠᠶᠢᠭᠤᠯᠤᠯᠳᠠ  ᠶᠢᠨ ᠳᠤᠮᠳᠠ ᠲᠤᠯᠭᠠᠷᠠᠬᠰᠠᠨ ᠬᠦᠴᠢᠷ ᠠᠰᠠᠭᠤᠳᠠᠯ ᠢ ᠴᠠᠭ ᠲᠤᠬᠠᠢ ᠲᠤᠨᠢ ᠰᠢᠢᠳᠪᠦᠷᠢᠯᠡᠵᠦ᠂ ᠬᠢᠯᠢ ᠶᠢᠨ ᠬᠤᠰᠢᠭᠤ ᠰᠢᠶᠠᠨ ᠬᠤᠳᠡ ᠶᠢᠨ ᠦᠨᠳᠦᠰᠦᠨ ᠦᠢᠯᠡᠴᠢᠯᠡᠭᠡᠨ ᠤ ᠲᠦᠪᠰᠢᠨ ᠢ ᠪᠦᠳᠦᠮᠵᠢᠳᠡᠢ ᠲᠡᠭᠡᠭᠰᠢᠯᠡᠬᠦᠯᠵᠦ᠂ ᠬᠢᠯᠢ ᠶᠢᠨ ᠰᠠᠭᠤᠭᠠᠯᠢ ᠠᠷᠠᠳ ᠲᠤ ᠳᠥᠭᠦᠮ ᠳᠥᠲᠡ᠂ ᠲᠠᠭᠠᠯᠠᠮᠵᠢᠳᠠᠢ ᠠᠮᠢᠳᠤᠷᠠᠯ ᠤᠨ ᠤᠷᠴᠢᠨ ᠲᠤᠭᠤᠷᠢᠨ ᠬᠠᠩᠭᠠᠬᠤ ᠬᠡᠷᠡᠭᠳᠡᠢ ᠭᠡᠪᠡ᠃      ᠰᠦᠬᠡ ᠡᠮᠦᠨᠡᠲᠦ ᠬᠤᠰᠢᠭᠤᠨ ᠤ ᠪᠤᠷᠭᠠᠰᠤᠳᠠᠢ ᠰᠢᠶᠠᠩ ᠤᠨ ᠰᠠᠭᠤᠭᠠᠯᠢ ᠠᠷᠠᠳᠣᠨ ᠨᠢᠭᠡᠳᠦᠯᠳᠡᠢ ᠲᠤᠯᠠᠭᠠᠯᠠᠭ᠎ᠠ ᠶᠢᠨ ᠪᠠᠶᠢᠳᠠᠯ ᠢ ᠰᠢᠨᠵᠢᠯᠡᠨ ᠪᠠᠢᠴᠠᠭᠠᠪᠠ᠃      ᠠᠢᠮᠠᠭ ᠤᠨ ᠰᠢᠭᠤᠳ ᠬᠠᠷᠢᠶ᠎ᠠ ᠬᠤᠯᠪᠤᠭᠳᠠᠯ ᠪᠥᠬᠦᠶ ᠰᠠᠯᠠᠭ᠎ᠠ ᠮᠥᠴᠢᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ᠂ ᠷᠠᠰᠢᠶᠠᠨ ᠬᠤᠳ᠋ᠨ ᠶᠢᠨ ᠬᠤᠯᠪᠣᠭᠳᠠᠯ ᠪᠥᠬᠦᠶ ᠰᠠᠯᠠᠭ᠎ᠠ ᠮᠦᠴᠢᠷ ᠤᠨ ᠬᠠᠷᠢᠭᠤᠴᠠᠯᠭᠠᠲᠠᠨ ᠰᠢᠨᠵᠢᠯᠡᠨ ᠪᠠᠶᠢᠴᠠᠭᠠᠯᠳᠠ ᠳᠤ ᠤᠷᠤᠯᠴᠠᠪᠠ᠃    ︵ᠰᠤᠨᠢᠨ︶
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号