ᠸᠠᠩ ᠰᠢᠶᠣᠣ ᠬᠤᠸᠠᠨ 2023 ᠣᠨ ᠤ ᠠᠷᠪᠠᠨ ᠵᠢᠷᠭᠤᠳᠤᠭᠠᠷ ᠤᠳᠠᠭ᠎ᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/12/27
      12 ᠰᠠᠷ᠎ᠠ ᠶᠢᠨ 25 ᠤ ᠡᠳᠦᠷ᠂ ᠷᠡᠰᠢᠶᠠᠨ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᠰᠢᠶᠣᠣ ᠬᠤᠸᠠᠨ 2023 ᠣᠨ ᠤ ᠠᠷᠪᠠᠨ ᠵᠢᠷᠭᠤᠳᠤᠭᠠᠷ ᠤᠳᠠᠭ᠎ᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠪᠥᠬᠦ ᠬᠤᠲᠠ ᠶᠢᠨ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠶᠢᠨ ᠠᠵᠢᠯᠯᠠᠭᠠᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠠᠨᠠᠯ ᠳᠤᠷᠠᠳᠤᠯᠭ᠎ᠠ᠂ ᠷᠠᠰᠢᠶᠠᠨ ᠤ ᠰᠣᠶᠣᠯ ᠵᠢᠭᠤᠯᠴᠢᠯᠠᠯ ᠤᠨ ᠨᠡᠭᠡᠭᠡᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠶᠢᠨ ᠡᠳ᠋ ᠬᠥᠷᠥᠩᠭᠡ  ᠶᠢ ᠠᠮᠢᠳᠤᠯᠢᠭ ᠢᠶᠠᠷ ᠬᠡᠷᠡᠭᠯᠡᠬᠦ ᠵᠢᠴᠢ ︽ᠷᠠᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠬᠢᠭᠤᠯᠬᠤ︾ ᠡᠭᠦᠷᠭᠡᠯᠡᠯ ᠢ ︽ᠦᠨᠡᠯᠡᠨ ᠶᠠᠷᠢᠯᠴᠠᠬᠤ ᠲᠣᠭᠲᠠᠴᠠ ᠶᠢᠨ ᠬᠡᠷᠡᠭᠵᠢᠭᠦᠯᠬᠦ ᠲᠥᠰᠥᠯ︾ ᠵᠡᠷᠭᠡ ᠬᠠᠮᠢᠶ᠎ᠠ ᠪᠦᠬᠦᠢ ᠵᠦᠢᠯᠡᠰ ᠢ ᠰᠤᠳᠤᠯᠤᠨ ᠰᠣᠨᠣᠰᠪᠠ᠃      ᠬᠤᠷᠠᠯ ᠠᠴᠠ᠂ ᠪᠥᠬᠦ ᠬᠤᠲᠠ ᠪᠠᠷ ᠢᠶᠠᠨ ︽12345︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤᠨ ᠤ ᠠᠵᠢᠯ ᠤᠨ ᠴᠢᠬᠤᠯᠠ ᠴᠢᠨᠠᠷ ᠤᠨ ᠲᠤᠬᠠᠢ ᠲᠠᠨᠢᠯᠲᠠ ᠪᠠᠨ ᠦᠨᠡᠨ ᠬᠦ ᠳᠡᠭᠡᠭᠰᠢᠯᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤᠨ ᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠴᠢᠩᠭᠠᠳᠬᠠᠨ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠪᠠᠨ ᠴᠢᠩᠭᠠᠳᠬᠠᠵᠤ᠂ ᠭᠤᠮᠣᠳᠠᠯ ᠲᠣᠭᠠᠴᠢᠭᠰᠠᠳ ᠲᠠᠢ ᠢᠳᠡᠪᠬᠢᠲᠡᠢ ᠪᠠᠷ ᠬᠠᠷᠢᠯᠴᠠᠨ ᠨᠡᠪᠲᠡᠷᠡᠯᠴᠡᠵᠦ ᠬᠠᠷᠢᠯᠴᠠᠬᠤ᠂ ᠲᠠᠶᠢᠯᠪᠤᠷᠢᠯᠠᠨ ᠬᠠᠷᠢᠭᠤᠯᠬᠤ ᠠᠵᠢᠯ ᠢ ᠰᠠᠶᠢᠲᠤᠷ ᠬᠢᠵᠦ᠂ ᠣᠯᠠᠨ ᠲᠦᠮᠡᠨ ᠤ ᠰᠡᠳᠬᠢᠯ ᠤᠨ ᠵᠠᠩᠭᠢᠷᠠᠭ᠎ᠠ ᠶᠢ ᠰᠢᠯᠤᠭᠤᠳᠬᠠᠨ᠂ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ᠃ ᠵᠢᠯ ᠤᠨ ᠡᠴᠦᠰ ᠤᠨ ᠭᠤᠣᠯᠳᠠᠯᠭ᠎ᠠ ᠲᠠᠢ ᠠᠵᠢᠯ ᠪᠣᠯᠣᠨ ᠡᠯ᠎ᠡ ᠵᠦᠢᠯ ᠤᠨ ᠬᠢᠨᠠᠨ ᠰᠢᠯᠭᠠᠬᠤ ᠡᠭᠦᠷᠭᠡ ᠶᠢ ᠲᠣᠭᠲᠠᠭᠠᠵᠤ᠂ ᠨᠡᠩ ᠥᠨᠳᠥᠷ ᠪᠠᠷᠢᠮᠵᠢᠶ᠎ᠠ᠂ ᠨᠡᠩ ᠴᠢᠩᠭ᠎ᠠ ᠱᠠᠭᠠᠷᠳᠠᠯᠭ᠎ᠠ᠂ ᠨᠡᠩ ᠪᠣᠳᠠᠲᠠᠢ ᠰᠤᠷᠲᠠᠯ ᠢᠶᠠᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠭᠠᠷᠭᠠᠬᠤ ᠴᠢᠳᠠᠪᠤᠷᠢ ᠪᠠᠨ ᠴᠢᠨᠠᠭᠰᠢᠳᠠ ᠳᠡᠭᠡᠭᠰᠢᠯᠡᠭᠦᠯᠣᠨ᠂ ᠳᠡᠭᠡᠳᠦ ᠱᠠᠲᠤᠨ ᠤ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠡᠷᠡ ᠬᠡᠪ ᠢᠶᠠᠷ ᠨᠢ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃ ᠮᠠᠨ ᠤ ᠬᠤᠳᠠ ᠶᠢᠨ ᠠᠵᠢᠯ ᠤᠨ ᠪᠣᠳᠠᠲᠤ ᠪᠠᠶᠢᠳᠠᠯ ᠤᠨ ᠲᠣᠭᠤᠷᠢᠨ ᠳᠤ᠂ ᠵᠣᠬᠢᠴᠠᠩᠭᠤᠢ ᠬᠥᠭᠵᠢᠯᠲᠡ ᠶᠢ ᠠᠬᠢᠭᠤᠯᠬᠤ᠂ ᠠᠷᠠᠳ ᠤᠨ ᠠᠮᠢᠳᠤᠷᠠᠯ ᠤᠨ ᠳᠤᠲᠠᠭᠤᠳᠠᠯ ᠢ ᠨᠥᠬᠦᠪᠦᠷᠢᠯᠡᠬᠦ᠂ ᠵᠤᠭᠠᠴᠠᠯ ᠤᠨ ᠬᠥᠭᠵᠢᠯᠲᠡ ᠶᠢ ᠠᠬᠢᠭᠤᠯᠬᠤ ᠵᠡᠷᠭᠡ ᠲᠠᠯ᠎ᠠ ᠪᠠᠷ ᠭᠠᠷᠳᠠᠬᠤ ᠴᠡᠭ ᠢᠶᠠᠨ ᠣᠨᠣᠪᠴᠢᠲᠠᠢ ᠣᠯᠵᠤ᠂ ᠬᠤᠳᠠ ᠶᠢᠨ ᠪᠠᠶᠢᠳᠠᠯ ᠪᠣᠯᠣᠨ ᠠᠷᠠᠳ ᠤᠨ ᠰᠠᠨᠠᠭᠠᠨ ᠳᠤ ᠨᠡᠶᠢᠴᠡᠭᠰᠡᠨ ᠰᠠᠨᠠᠯ ᠰᠠᠨᠠᠭᠤᠯᠭ᠎ᠠ ᠳᠤᠷᠠᠳᠴᠤ᠂ ᠷᠠᠰᠢᠶᠠᠨ ᠤ ᠬᠥᠭᠵᠢᠯᠲᠡ ᠶᠢᠨ ᠬᠦᠴᠢᠷ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠣᠨ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠪᠠᠰᠠ ᠪᠤᠰᠤᠳ ᠠᠵᠢᠯ ᠶᠠᠪᠤᠳᠠᠯ ᠢ ᠰᠤᠳᠤᠯᠵᠠᠢ᠃  
 
ᠢᠷᠡᠯᠲᠡ᠄ ᠷᠡᠰᠢᠶᠠᠨ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号