ᠷᠠᠰᠢᠶᠠᠨ ᠬᠤᠲᠠ ᠤᠳᠤᠷᠢᠳᠬᠤ ᠺᠠᠳ᠋ᠷᠴᠤᠳ ᠤᠨ ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ ᠵᠢᠴᠢ ᠬᠠᠮᠲᠤ ᠶᠢᠨ ᠠᠷᠢᠭᠤᠨ ᠴᠢᠬᠡᠴᠢ ᠪᠠᠷ ᠵᠠᠰᠠᠭ ᠪᠠᠷᠢᠬᠤ ᠲᠤᠬᠠᠢ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/12/27
     12 ᠰᠠᠷ᠎ᠠ ᠶᠢᠨ 25 ᠤ ᠡᠳᠦᠷ᠂ ᠷᠠᠰᠢᠶᠠᠨ ᠬᠤᠲᠠ ᠤᠳᠤᠷᠢᠳᠬᠤ ᠺᠠᠳ᠋ᠷᠴᠤᠳ ᠤᠨ ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ ᠵᠢᠴᠢ ᠬᠠᠮᠲᠤ ᠶᠢᠨ ᠠᠷᠢᠭᠤᠨ ᠴᠢᠬᠡᠴᠢ ᠪᠠᠷ ᠵᠠᠰᠠᠭ ᠪᠠᠷᠢᠬᠤ ᠲᠤᠬᠠᠢ ᠶᠠᠷᠢᠯᠴᠠᠬᠤ ᠬᠤᠷᠠᠯ ᠬᠤᠷᠠᠯᠳᠤᠭᠤᠯᠵᠠᠢ᠃ ᠬᠤᠳᠠ ᠶᠢᠨ ᠨᠠᠮ ᠤᠨ ᠬᠤᠷᠢᠶᠠᠨ ᠤ ᠱᠦᠵᠢ ᠶᠠᠩ ᠶᠦᠩ ᠵᠢᠦ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠣ᠂ ᠸᠠᠩ ᠰᠢᠶᠣᠣ ᠬᠤᠸᠠᠨ᠂ ᠵᠣᠣ ᠳ᠋ᠧ ᠴᠢᠤᠸᠠᠨ᠂ ᠵᠠᠩ ᡁᠢ ᠵᠢᠶᠦ᠋ᠨ ᠵᠡᠷᠭᠡ ᠬᠤᠲᠠ  ᠶᠢᠨ ᠤᠳᠤᠷᠢᠳᠤᠯᠭ᠎ᠠ ᠬᠤᠷᠠᠯ ᠳᠤ ᠣᠷᠣᠯᠴᠠᠵᠤ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠶᠠᠨ ᠮᠣᠣ ᠯᠢᠨ ᠬᠤᠷᠠᠯ ᠢ ᠡᠷᠭᠢᠯᠡᠪᠡ᠃ ᠬᠤᠷᠠᠯ ᠠᠴᠠ ᠰᠡᠷᠡᠮᠵᠢᠯᠡᠭᠦᠯᠬᠦ ᠬᠥᠮᠦᠵᠢᠯ ᠤᠨ ᠺᠢᠨᠣ᠋ ᠶᠢ ᠵᠣᠬᠢᠶᠠᠨ ᠪᠠᠶᠢᠭᠤᠯᠤᠨ ᠦᠵᠡᠭᠦᠯᠪᠡ᠃      ᠬᠤᠷᠠᠯ ᠠᠴᠠ᠂ ᠪᠦᠬᠦ ᠬᠤᠲᠠ ᠶᠢᠨ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠰᠢ ᠶᠢᠨ ᠫᠢᠩ ᠶᠡᠷᠦᠩᠬᠡᠢ ᠱᠦᠵᠢ ᠶᠢᠨ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠤᠬᠠᠢ ᠪᠠᠶᠢᠯᠳᠤᠬᠤ ᠪᠣᠳᠣᠯᠭ᠎ᠠ ᠶᠢᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠣᠨ ᠢᠯᠵᠠᠷᠠᠯ ᠢ ᠡᠰᠡᠷᠭᠦᠴᠡᠬᠦ ᠲᠡᠮᠡᠴᠡᠯ ᠤᠨ ᠪᠠᠶᠢᠳᠠᠯ ᠢ ᠰᠡᠷᠭᠡᠭ ᠢᠶᠠᠷ ᠲᠠᠨᠢᠵᠤ᠂ ᠰᠠᠬᠢᠯᠭ᠎ᠠ ᠪᠠᠲᠤ ᠶᠢ ᠵᠥᠷᠢᠴᠡᠵᠦ ᠬᠠᠤᠯᠢ ᠴᠠᠭᠠᠵᠠ ᠶᠢ ᠵᠥᠷᠢᠴᠡᠭᠰᠡᠨ ᠬᠡᠷᠡᠭ ᠤᠨ ᠪᠤᠳᠠᠳᠤ ᠰᠤᠷᠭᠠᠮᠵᠢ ᠶᠢ ᠭᠦᠨᠵᠡᠭᠡᠢ ᠬᠦᠯᠢᠶᠡᠨ ᠠᠪᠴᠤ᠂ ᠰᠠᠨᠠᠭᠠᠰᠢᠷᠠᠨ ᠵᠣᠪᠠᠨᠢᠬᠤ ᠤᠬᠠᠮᠰᠠᠷ ᠢᠶᠠᠨ ᠦᠨᠡᠨ ᠬᠦ ᠴᠢᠩᠭᠠᠳᠬᠠᠵᠤ᠂ ᠬᠢᠵᠠᠭᠠᠷ ᠱᠤᠭᠤᠮ ᠤᠨ ᠰᠡᠳᠬᠢᠬᠦᠢ ᠶᠢ ᠪᠠᠲᠤ ᠪᠠᠬᠢ ᠪᠤᠢ ᠪᠣᠯᠭᠠᠨ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠠᠵᠢᠯ ᠤᠨ ᠭᠦᠨᠵᠡᠭᠡᠶᠢᠷᠡᠨ ᠬᠥᠭᠵᠢᠬᠦ ᠶᠢ ᠲᠦᠯᠬᠢᠨ ᠠᠬᠢᠭᠤᠯᠬᠤ ᠭᠡᠷᠡᠭᠳᠡᠢ ᠃ ᠠᠵᠢᠯ ᠤᠨ ᠪᠦᠲᠦᠮᠵᠢ ᠶᠢᠨ ᠲᠤᠬᠠᠢ ᠵᠥᠪ ᠦᠵᠡᠯᠲᠡ ᠶᠢ ᠪᠤᠢ ᠪᠣᠯᠭᠠᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠶᠢ ᠢᠮᠠᠭᠲᠠ ᠪᠠᠷᠢᠮᠲᠠᠯᠠᠵᠤ᠂ ᠢᠯᠵᠠᠷᠠᠯ ᠢ ᠡᠰᠡᠷᠭᠦᠴᠡᠨ ᠢᠯᠵᠠᠷᠠᠯ ᠢ ᠰᠡᠷᠭᠡᠶᠢᠯᠡᠬᠦ ︽ᠰᠡᠷᠭᠡᠶᠢᠯᠡᠯᠲᠡ ᠶᠢᠨ ᠬᠡᠷᠡᠮ︾ ᠢ ᠦᠨᠡᠨ ᠬᠦ ᠪᠠᠲᠤ ᠪᠠᠬᠢ ᠪᠠᠶᠢᠭᠤᠯᠵᠤ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠢ ᠡᠷᠡᠰ ᠢᠶᠠᠷ ᠴᠡᠭᠴᠡᠯᠡᠨ ᠵᠠᠰᠠᠵᠤ᠂ ᠤᠯᠠᠨ ᠲᠦᠮᠡᠨ ᠤ ᠵᠣᠯ ᠵᠢᠷᠭᠠᠯᠳᠤ ᠲᠥᠷᠥᠭᠳᠡᠯ᠂ ᠬᠦᠷᠲᠡᠮᠵᠢ ᠶᠢᠨ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ︽ᠭᠤᠷᠪᠠᠨ ᠢᠯᠵᠠᠷᠠᠯ ᠦᠭᠡᠢ ︾ ᠶᠢ ᠨᠢᠭᠡ ᠴᠣᠭᠴᠠᠵᠢᠭᠤᠯᠤᠨ ᠠᠬᠢᠭᠤᠯᠬᠤ ᠶᠢ ᠪᠠᠷᠢᠮᠲᠠᠯᠠᠵᠤ᠂ ᠬᠢᠨᠠᠯᠲᠠ ᠲᠠᠯᠪᠢᠬᠤ ᠲᠠᠪᠴᠠᠩ ᠤᠨ ᠦᠢᠯᠡᠳᠦᠯ ᠢ ᠭᠦᠢᠴᠡᠳ ᠪᠠᠳᠠᠷᠠᠭᠤᠯᠣᠨ᠂ ᠤᠯᠤᠰ ᠲᠦᠷᠦ ᠶᠢᠨ ᠠᠮᠢ ᠠᠬᠤᠢ ᠶᠢ ᠲᠠᠰᠤᠷᠠᠯᠳᠡ ᠦᠭᠡᠢ ᠴᠡᠪᠡᠷᠰᠢᠭᠦᠯᠵᠦ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠺᠠᠳ᠋ᠷᠴᠤᠳ ᠤᠨ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠵᠤ ᠂ ᠷᠠᠰᠢᠶᠠᠨ ᠬᠤᠳᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠪᠠᠲᠤ ᠴᠢᠩᠭ᠎ᠠ ᠤᠯᠤᠰ ᠲᠦᠷᠦ ᠶᠢᠨ ᠪᠠᠲᠤᠯᠠᠭ᠎ᠠ ᠬᠠᠩᠭᠠᠬᠤ ᠬᠡᠷᠡᠭᠲᠡᠢ ᠭᠡᠵᠣ ᠴᠢᠬᠤᠯᠠᠴᠢᠯᠠᠭᠰᠠᠨ ᠪᠠᠶᠢᠨ᠎ᠠ᠃  
 
ᠢᠷᠡᠯᠲᠡ᠄ ᠷᠡᠰᠢᠶᠠᠨ ᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号