ᠶᠠᠩ ᠶᠦᠩ ᠵᠢᠦ ᠱᠦᠵᠢ ᠨᠠᠷ ᠤᠨ ᠲᠤᠰᠬᠠᠢ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/12/27
     12 ᠰᠠᠷ᠎ᠠ ᠶᠢᠨ 25 ᠤ ᠡᠳᠦᠷ᠂ ᠷᠡᠰᠢᠶᠠᠨ ᠬᠤᠲᠠ ᠶᠢᠨ ᠨᠠᠮ ᠤᠨ ᠬᠤᠷᠢᠶᠠᠨ ᠤ ᠱᠦᠵᠢ ᠶᠠᠩ ᠶᠦᠩ ᠵᠢᠦ ᠱᠦᠵᠢ ᠨᠠᠷ ᠤᠨ ᠲᠤᠰᠬᠠᠢ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ︽ᠲᠠᠪᠤᠨ ᠶᠡᠭᠡ ᠡᠭᠦᠷᠭᠡ︾ ᠶᠢ ᠰᠣᠨᠣᠰᠴᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠲᠦᠯᠬᠢᠨ ᠠᠬᠢᠭᠤᠯᠵᠤ᠂ ᠳᠥᠷᠪᠡᠨ ᠵᠦᠢᠯ ᠤᠨ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠡᠭᠦᠷᠭᠡᠯᠡᠯ ᠢ ᠲᠤᠰᠬᠠᠢ ᠬᠠᠷᠠᠯᠲᠠ ᠶᠢᠨ ᠬᠢᠨᠠᠨ ᠰᠢᠯᠭᠠᠬᠤ ᠠᠵᠢᠯ ᠪᠣᠯᠭᠠᠨ ᠥᠷᠨᠢᠭᠦᠯᠦᠭᠰᠡᠨ ᠪᠠᠶᠢᠳᠠᠯ ᠤᠨ ᠬᠤᠪᠢ ᠪᠠᠷ ᠲᠠᠷᠠᠭᠠᠴᠢ ᠶᠢᠨ ᠠᠯᠬᠤᠮ ᠤᠨ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠪᠠ᠃ ᠸᠠᠩ ᠰᠢᠶᠣᠣ ᠬᠤᠸᠠᠨ᠂ ᠸᠠᠩ ᠲᠢᠶᠠᠨ ᠹᠧᠩ᠂ ᠰᠦᠨ ᠪᠠᠢ ᠴᠤᠸᠠᠨ᠂ ᠬᠠᠨ ᠴᠠᠩ ᠵᠢᠦ᠂ ᠶᠠᠨ ᠮᠣᠣ ᠯᠢᠨ᠂ ᠯᠦ ᠴᠢ ᠭᠦᠸᠧ᠂ ᠭᠦᠸᠧ ᠴᠢᠩ ᠵᠡᠷᠭᠡ ᠬᠤᠲᠠ ᠶᠢᠨ ᠤᠳᠤᠷᠢᠳᠤᠯᠭ᠎ᠠ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠢ᠃      ᠬᠤᠷᠠᠯ ᠠᠴᠠ᠂ ᠪᠦᠬᠦ ᠬᠤᠳᠠ ᠪᠠᠷ ᠢᠶᠠᠨ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ ᠴᠤᠭᠴᠠᠯᠠᠬᠤ ᠭᠤᠣᠯ ᠰᠢᠵᠢᠮ ᠤᠨ ᠤᠬᠠᠮᠰᠠᠷ ᠢ ᠢᠮᠠᠭᠲᠠ ᠲᠤᠭᠤᠰᠢᠯᠠᠭᠤᠯᠵᠤ᠂ ᠪᠠᠷᠢᠮᠵᠢᠶ᠎ᠠ ᠶᠢ ᠬᠢᠨᠠᠨ ᠰᠢᠯᠭᠠᠬᠤ ᠱᠠᠭᠠᠷᠳᠠᠯᠭ᠎ᠠ ᠶᠢ ᠣᠨᠣᠪᠴᠢᠲᠠᠢ ᠲᠤᠯᠭᠠᠵᠤ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠨᠢᠭᠲᠠ ᠠᠩᠬᠠᠷᠣᠨ᠂ ︽ᠡᠳᠦᠷ ᠤᠨ ᠲᠣᠬᠢᠷᠠᠭᠤᠯᠤᠯᠲᠠ︾ ᠶᠢᠨ ᠠᠵᠢᠯ ᠤᠨ ᠲᠣᠭᠲᠠᠴᠠ ᠶᠢ ᠪᠠᠶᠢᠭᠤᠯᠵᠤ᠂ ᠰᠠᠨᠠᠭᠠᠴᠢᠯᠠᠭ᠎ᠠ ᠠᠴᠠ ᠪᠠᠨ ᠳᠡᠭᠡᠭᠰᠢ ᠬᠠᠷᠢᠭᠤ ᠮᠡᠳᠡᠭᠦᠯᠵᠦ ᠵᠣᠯᠭᠠᠭᠤᠯᠵᠤ᠂ ᠳᠤᠲᠠᠭᠤᠳᠠᠯ ᠪᠤᠯᠤᠨ ᠪᠠᠭᠤᠷᠠᠢ ᠲᠠᠯ᠎ᠠ ᠪᠠᠨ ᠲᠦᠷᠭᠡᠨ ᠨᠥᠬᠦᠪᠦᠷᠢᠯᠡᠨ᠂ ᠡᠯ᠎ᠡ ᠵᠦᠢᠯ ᠤᠨ ᠠᠵᠢᠯ ᠢᠶᠠᠨ ᠲᠦᠷᠭᠡᠨ ᠠᠬᠢᠭᠤᠯᠵᠤ᠂ ᠬᠠᠷᠠᠯᠲᠠ ᠡᠭᠦᠷᠭᠡ ᠪᠠᠨ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠢᠷᠡᠬᠦ ᠵᠢᠯ ᠤᠨ ᠭᠤᠣᠯᠳᠠᠯᠭ᠎ᠠ ᠲᠠᠢ ᠠᠵᠢᠯ ᠢ ᠤᠷᠢᠳᠴᠢᠯᠠᠨ ᠲᠥᠯᠥᠪᠵᠢᠭᠦᠯᠵᠦ᠂ ᠵᠤᠭᠠᠴᠠᠯ ᠤᠨ ᠭᠤᠣᠯᠯᠠᠭᠴᠢ ᠠᠵᠤ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠣᠨ᠂ ᠲᠦᠷᠦ ᠶᠢᠨ ᠪᠣᠳᠣᠯᠭ᠎ᠠ ᠶᠢᠨ ᠠᠵᠠ ᠲᠣᠬᠢᠶᠠᠯ ᠢ ᠠᠮᠵᠢᠵᠤ᠂ ᠭᠤᠣᠯᠳᠠᠯᠭ᠎ᠠ ᠲᠠᠢ ᠲᠦᠷᠦᠯ ᠵᠦᠢᠯ ᠢ ᠨᠠᠷᠢᠨ ᠬᠢᠨᠠᠮᠠᠭᠠᠢ ᠬᠦᠢᠴᠡᠳᠭᠡᠵᠣ᠂ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠲᠡᠰ ᠳᠡᠪᠰᠢᠭᠦᠯᠬᠦ ᠶᠢ ᠪᠡᠶᠡᠯᠡᠭᠦᠯᠵᠦ᠂ ᠪᠣᠳᠠᠲᠠᠢ ᠦᠷ᠎ᠡ ᠪᠦᠲᠦᠮᠵᠢ ᠪᠠᠷ ᠢᠶᠠᠨ ᠷᠠᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃  
 
ᠢᠷᠡᠯᠲᠡ᠄ ᠷᠡᠰᠢᠶᠠᠨ ᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号