ᠷᠠᠰᠢᠶᠠᠨ ᠬᠤᠲᠠ ᠶᠢᠨ 2023 ᠣᠨ ᠤ ᠳᠡᠭᠡᠷ᠎ᠡ ᠬᠠᠭᠠᠰ ᠵᠢᠯ ᠤᠨ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠤᠨ ᠲᠤᠬᠠᠢ ᠵᠠᠳᠠᠯᠤᠯᠲᠠ
ᠨᠡᠶᠢᠲᠡᠯᠡᠭᠰᠡᠨ ᠴᠠᠭ᠄
2023/12/28
︵ᠲᠠᠪᠤ︶ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠵᠠᠷᠤᠯᠭ᠎ᠠ ᠲᠣᠭᠲᠠᠭᠤᠨ ᠪᠠᠶᠢᠨ᠎ᠠ      ᠲᠦᠷᠦᠭᠦᠸ ᠬᠠᠭᠠᠰ ᠵᠢᠯ ᠳᠤ᠂ ᠪᠥᠬᠦ ᠬᠤᠲᠠ ᠶᠢᠨ ᠪᠥᠬᠦ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 13620 ᠲᠥᠭᠦᠷᠢᠭ ᠲᠤ ᠬᠦᠷᠴᠦ᠂ ᠲᠦᠷᠦᠭᠦᠸ ᠵᠢᠯ ᠤᠨ ᠬᠢ ᠠᠴᠠ 6.3% ᠪᠠᠷ ᠨᠡᠮᠡᠭᠳᠡᠪᠡ᠃ ᠡᠭᠦᠨ ᠤ ᠳᠣᠲᠣᠷ᠎ᠠ᠄ ᠬᠤᠳᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 18881 ᠲᠥᠭᠦᠷᠢᠭ ᠲᠤ ᠬᠦᠷᠴᠦ᠂ 5.4% ᠪᠠᠷ ᠨᠡᠮᠡᠭᠳᠡᠪᠡ︔ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 7450 ᠲᠥᠭᠦᠷᠢᠭ ᠲᠤ ᠬᠦᠷᠴᠦ᠂ 8.9% ᠪᠠᠷ ᠨᠡᠮᠡᠭᠳᠡᠪᠡ᠃ ᠰᠠᠭᠤᠭᠠᠯᠢ ᠠᠷᠠᠳ ᠤᠨ ᠬᠡᠷᠡᠭᠯᠡᠭᠡᠨ ᠤ ᠬᠢᠷᠢ ᠲᠦᠪᠰᠢᠨ ᠲᠣᠭᠲᠠᠭᠤᠨ ᠢᠶᠠᠷ ᠳᠡᠭᠡᠭᠰᠢᠯᠡᠪᠡ᠃ ᠪᠥᠬᠦ ᠬᠤᠲᠠ ᠶᠢᠨ ᠪᠥᠬᠦ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠬᠡᠷᠡᠭᠯᠡᠭᠡᠨ ᠤ ᠵᠠᠷᠤᠯᠭ᠎ᠠ 10427 ᠲᠥᠭᠦᠷᠢᠭ ᠲᠤ ᠬᠦᠷᠴᠦ᠂ ᠲᠦᠷᠦᠭᠦᠸ ᠵᠢᠯ ᠤᠨ ᠬᠢ ᠠᠴᠠ 22% ᠢᠶᠠᠷ ᠨᠡᠮᠡᠭᠳᠡᠪᠡ᠂ ᠡᠭᠦᠨ ᠳᠤ᠄ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠬᠡᠷᠡᠭᠯᠡᠭᠡᠨ ᠤ ᠵᠠᠷᠤᠯᠭ᠎ᠠ 13098 ᠲᠥᠭᠦᠷᠢᠭ ᠲᠤ ᠬᠦᠷᠴᠦ᠂ 26.2% ᠢᠶᠠᠷ ᠨᠡᠮᠡᠭᠳᠡᠪᠡ︔ ᠮᠠᠯᠵᠢᠬᠤ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠬᠡᠷᠡᠭᠯᠡᠭᠡᠨ ᠤ ᠵᠠᠷᠤᠯᠭ᠎ᠠ 7974 ᠲᠥᠭᠦᠷᠢᠭ ᠲᠤ ᠬᠦᠷᠴᠦ᠂ 26.7% ᠪᠠᠷ ᠨᠡᠮᠡᠭᠳᠡᠪᠡ᠃  
 
ᠢᠷᠡᠯᠲᠡ᠄ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号