ᠠᠷᠪᠠᠨ ᠨᠠᠢᠮᠠᠳᠤᠭᠠᠷ ᠬᠤᠭᠤᠴᠠᠭᠠᠨ ᠤ ᠷᠠᠰᠢᠶᠠᠨ ᠤ ᠮᠥᠰᠥ ᠴᠠᠰᠤᠨ ᠤ ᠨᠠᠶᠢᠷ ᠬᠦᠭᠵᠢᠶᠡᠨᠳᠡᠢ ᠶᠠᠪᠤᠬᠳᠠᠵᠤ ᠪᠤᠢ
ᠨᠡᠶᠢᠲᠡᠯᠡᠭᠰᠡᠨ ᠴᠠᠭ᠄
2023/12/29
     12 ᠰᠠᠷ᠎ᠠ ᠶᠢᠨ 23 ᠤ ᠡᠳᠥᠷ᠂ ᠵᠦᠭᠡᠯᠡᠨ ᠰᠡᠪᠰᠡᠭᠡᠷ ᠴᠠᠰᠥ ᠨᠢ ᠭᠡᠭᠡᠷ᠎ᠡ ᠳᠠᠯ᠎ᠠ ᠶᠢ ᠦᠪᠴᠢ ᠪᠦᠷᠬᠦᠨ᠂ ᠨᠤᠤᠰᠥᠨ ᠬᠡᠪᠢᠰ ᠰᠢᠭ ᠳᠡᠯᠡᠷᠡᠭᠡᠳ ᠳᠡᠭᠷᠢ ᠭᠠᠵᠠᠷ ᠨᠢ ᠨᠡᠶᠢᠯᠡᠭᠰᠡᠨ ᠨᠡᠯᠥᠭᠡᠷ ᠠᠭᠤᠳᠠᠮ ᠷᠠᠰᠢᠶᠠᠨ ᠤ ᠳᠠᠯ᠎ᠠ ᠨᠤᠳᠤᠭ ᠲᠤ ᠠᠮᠢᠵᠢᠷᠠᠯ ᠤᠨ ᠬᠢᠯᠪᠠᠭ᠎ᠠ ᠶᠢ ᠰᠠᠴᠤᠷᠠᠭᠤᠯᠥᠨ᠎ᠠ᠃ ᠬᠢᠩᠭᠠᠨ ᠠᠶᠢᠮᠠᠭ ᠤᠨ ᠵᠠᠬᠢᠷᠭ᠎ᠠ ᠠᠴᠠ ᠭᠤᠣᠯᠯᠠᠨ ᠡᠷᠬᠢᠯᠡᠵᠦ᠂ ᠷᠠᠰᠢᠶᠠᠨ ᠬᠤᠳᠠ ᠶᠢᠨ ᠠᠷᠠᠳ ᠤᠨ ᠵᠠᠰᠠᠭ ᠤᠨ ᠣᠷᠳᠣᠨ ᠪᠣᠯᠤᠨ ᠬᠢᠩᠭᠠᠨ ᠠᠶᠢᠮᠠᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠤᠪᠴᠢᠶ᠎ᠠ ᠠᠴᠠ ᠳᠠᠭᠠᠭᠠᠴᠢᠯᠠᠨ ᠡᠷᠬᠢᠯᠡᠭᠰᠡᠨ ᠠᠷᠪᠠᠨ ᠨᠠᠢᠮᠠᠳᠤᠭᠠᠷ ᠬᠤᠭᠤᠴᠠᠭᠠᠨ ᠤ ᠷᠠᠰᠢᠶᠠᠨ ᠤ ᠮᠥᠰᠥ ᠴᠠᠰᠤᠨ ᠤ ᠨᠠᠶᠢᠷ ᠤᠨ ᠡᠬᠢᠯᠡᠯᠲᠡ ᠶᠢᠨ ᠶᠣᠰᠣᠯᠠᠯ ᠵᠢᠴᠢ 2023 ᠳᠤᠮᠳᠠᠳᠤ ᠮᠣᠩᠭᠤᠯ ᠤᠷᠤᠰ ︵ᠷᠠᠰᠢᠶᠠᠨ︶ ᠤᠨ ᠤᠯᠠᠨ ᠤᠯᠤᠰ ᠤᠨ ᠮᠠᠰᠢᠨ ᠲᠡᠷᠭᠡᠨ ᠤ ᠮᠥᠰᠥ ᠴᠠᠰᠤᠨ ᠲᠡᠭᠡᠷᠡᠬᠢ ᠦᠷᠢᠰᠦᠯᠳᠦᠭᠡᠨ ᠷᠠᠰᠢᠶᠠᠨ ᠬᠤᠳᠠ ᠳᠤ ᠦᠪᠡᠳᠡᠭᠰᠢ ᠶᠡᠭᠡ ᠪᠠᠷ ᠶᠠᠪᠤᠬᠳᠠᠪᠠ᠃      ᠲᠤᠰ ᠬᠤᠭᠤᠴᠠᠭᠠᠨ ᠤ ᠷᠠᠰᠢᠶᠠᠨ ᠤ ᠮᠥᠰᠥ ᠴᠠᠰᠤᠨ ᠤ ᠨᠠᠶᠢᠷ ᠳᠡᠭᠡᠷ᠎ᠡ ᠰᠢᠨ᠎ᠡ ᠶᠢ ᠡᠬᠦᠳᠥᠭᠰᠡᠨ ︽1996︾ ᠲᠦᠷᠦᠯ ᠵᠦᠢᠯ ᠤᠨ ᠠᠭᠤᠯᠭ᠎ᠠ ᠶᠢ ᠳᠤᠬᠢᠷᠠᠭᠤᠯᠥᠨ᠂ ᠪᠦᠬᠦ ᠲᠠᠯ᠎ᠠ ᠪᠠᠷ᠂ ᠪᠦᠬᠦ ᠣᠷᠣᠨ ᠵᠠᠢ ᠪᠠᠷ᠂ ᠪᠦᠬᠦ ᠡᠵᠡᠩᠨᠡᠯᠲᠡ ᠶᠢᠨ ᠬᠡᠯᠪᠡᠷᠢ ᠪᠠᠷ ︽ᠮᠥᠰᠥ ᠴᠠᠰᠤ +︾᠂ ︽+ ᠮᠥᠰᠥ ᠴᠠᠰᠤ︾ ᠶᠢᠨ ᠤᠯᠠᠨ ᠡᠰᠢᠲᠦ ᠣᠶᠢᠯᠠᠭᠠᠯᠲᠠ ᠶᠢ ᠪᠤᠢ ᠪᠤᠯᠭᠠᠵᠠᠢ᠃ ᠡᠶᠢᠨᠬᠦ ᠠᠭᠤᠯᠭ᠎ᠠ ᠬᠡᠯᠪᠡᠷᠢ ᠪᠠᠷ ᠪᠠᠶᠠᠯᠢᠭ ᠠᠵᠢᠯᠯᠠᠭ᠎ᠠ ᠦᠷᠨᠢᠬᠦᠯᠬᠦ ᠪᠠᠷ ᠳᠠᠮᠵᠢᠨ ︽ᠠᠷᠪᠠᠨ ᠲᠦᠷᠪᠡᠳᠥᠭᠡᠷ ᠬᠤᠭᠤᠴᠠᠭᠠᠨ ᠤ ᠪᠦᠬᠦ ᠤᠯᠤᠰ ᠤᠨ ᠡᠪᠤᠯ ᠤᠨ ᠤᠯᠠᠷᠢᠯ ᠤᠨ ᠲᠠᠮᠢᠷ ᠤᠨ ᠴᠤᠭᠯᠠᠭᠠᠨ︾ ᠳᠤ ᠬᠦᠴᠥ ᠨᠡᠮᠡᠷᠢᠯᠡᠭᠰᠡᠨ ᠪᠠᠶᠢᠨ᠎ᠠ᠃
ᠵᠢᠷᠤᠭ ᠤᠨ ᠳᠠᠶᠢᠯᠪᠤᠷᠢ᠄ᠵᠢᠷᠤᠭ 1. ᠤᠷᠠᠨ ᠰᠠᠶᠢᠬᠠᠨ ᠤ ᠲᠤᠭᠯᠠᠯᠳᠠ ᠭᠠᠷᠭᠠᠨ᠎ᠠ᠃ᠵᠢᠷᠤᠭ 2. ᠮᠦᠰᠥ ᠴᠠᠰᠥᠨ ᠳᠤ ᠭᠤᠯᠭᠤᠵᠤ ᠪᠠᠶᠢᠨ᠎ᠠ᠃ᠵᠢᠷᠤᠭ 3. ᠵᠢᠭᠤᠯᠴᠢᠯᠠᠭᠰᠠᠳ ᠷᠠᠰᠢᠶᠠᠨ ᠤᠰᠥ ᠪᠠᠷ ᠴᠢᠨᠠᠭᠰᠠᠨ ᠪᠠᠩᠰᠢ ᠢᠳᠡᠵᠤ ᠪᠤᠢ᠃ᠵᠢᠷᠤᠭ 4. ᠳᠡᠭᠡᠰᠥ ᠳᠠᠳᠠᠬᠤ ᠤᠷᠤᠯᠳᠤᠭᠠᠨ ᠳᠤ ᠤᠷᠤᠯᠴᠠᠨ᠎ᠠ᠃ᠵᠢᠷᠤᠭ 5. 7. ᠳᠤᠷ᠎ᠠ ᠰᠤᠨᠢᠷᠬᠠᠯᠳᠥ ᠬᠦᠳᠡᠯᠭᠡᠭᠡᠨ ᠳᠤ ᠤᠷᠤᠯᠴᠠᠵᠤ ᠪᠤᠢ᠃ᠵᠢᠷᠤᠭ 6. ᠴᠠᠰᠥᠳᠥ ᠲᠤᠰᠬᠤᠨ ᠤ ᠦᠵᠡᠮᠵᠢ᠃ᠵᠢᠷᠤᠭ 8. ᠬᠡᠷᠡᠯ ᠵᠢᠷᠤᠭ ᠤᠨ ᠦᠵᠡᠬᠦᠯᠭᠡ ᠶᠢ ᠰᠤᠨᠢᠷᠬᠠᠵᠤ ᠪᠤᠢ᠃
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号