ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ ᠰᠢᠨ᠎ᠡ ᠵᠢᠯ ᠴᠠᠭᠠᠨ ᠰᠠᠷ᠎ᠠ ᠠᠴᠠ ᠡᠮᠦᠨᠡᠬᠢ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/12/29
     ᠲᠥᠪ ᠬᠤᠷᠢᠶᠠᠨ ᠤ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠴᠢᠬᠤᠯᠠ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠴᠢᠩᠭ᠎ᠠ ᠠᠩᠬᠠᠷᠴᠤ᠂ ᠰᠠᠬᠢᠯᠭ᠎ᠠ ᠪᠠᠲᠤ ᠶᠣᠰᠣ ᠳᠦᠷᠢᠮ ᠢ ᠴᠢᠩᠳᠠᠯᠠᠵᠤ᠂ ᠰᠤᠷᠲᠠᠯ ᠤᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ︽ᠲᠦᠷᠪᠡᠨ ᠰᠤᠷᠲᠠᠯ︾  ᠢ ᠴᠥᠬᠦᠷᠡᠰᠢ ᠦᠭᠡᠢ ᠵᠠᠯᠠᠷᠠᠭᠤᠯᠣᠨ᠂ ᠰᠤᠷᠲᠠᠯ ᠴᠢᠬᠡᠴᠢ ᠣᠪᠣᠷ ᠲᠥᠪ ᠠᠷᠢᠭᠤᠨ ᠴᠢᠬᠡᠴᠢ ᠠᠭᠤᠷ ᠠᠮᠢᠰᠬᠤᠯ ᠢ ᠴᠢᠷᠮᠠᠶᠢᠨ ᠪᠤᠢ ᠪᠣᠯᠭᠠᠵᠤ᠂ ᠠᠮᠤᠷ ᠲᠦᠪᠰᠢᠨ ᠡᠮᠬᠢ ᠵᠢᠷᠤᠮ ᠲᠠᠢ ᠪᠠᠷ ᠪᠠᠶᠠᠷ ᠤᠨ ᠡᠳᠦᠷ ᠢ ᠥᠩᠭᠡᠷᠡᠭᠦᠯᠬᠦ ᠳᠤ ᠪᠠᠲᠤ ᠴᠢᠩᠭ᠎ᠠ ᠰᠠᠬᠢᠯᠭ᠎ᠠ ᠪᠠᠲᠤ ᠶᠢᠨ ᠪᠠᠲᠤᠯᠠᠭ᠎ᠠ ᠬᠠᠩᠭᠠᠬᠤ ᠶᠢᠨ ᠲᠦᠯᠣᠭᠡ᠂ 12 ᠰᠠᠷ᠎ᠠ ᠶᠢᠨ 27 ᠤ ᠡᠳᠦᠷ᠂ ᠷᠠᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠰᠢᠨ᠎ᠡ ᠵᠢᠯ ᠴᠠᠭᠠᠨ ᠰᠠᠷ᠎ᠠ ᠶᠢᠨ ᠬᠤᠭᠤᠴᠠᠭᠠᠨ ᠳᠠᠬᠢ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠬᠤᠷᠠᠯᠳᠤᠭᠤᠯᠪᠠ᠃ ᠪᠦᠬᠦ ᠨᠠᠮ ᠤᠨ ᠭᠡᠰᠢᠭᠦᠨ ᠺᠠᠳ᠋ᠷ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ︽2024 ᠣᠨ ᠤ ᠰᠢᠨ᠎ᠡ ᠵᠢᠯ ᠴᠠᠭᠠᠨ ᠰᠠᠷ᠎ᠠ ᠶᠢᠨ ᠬᠤᠭᠤᠴᠠᠭᠠᠨ ᠳᠠᠬᠢ ᠬᠤᠯᠪᠣᠭᠳᠠᠯ ᠪᠦᠬᠦᠢ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾᠂ ᠲᠥᠪ ᠬᠤᠷᠢᠶᠠᠨ ᠤ ᠨᠠᠢᠮᠠᠨ ᠲᠣᠭᠲᠠᠭᠠᠯ᠂ ᠷᠠᠰᠢᠶᠠᠨ ᠬᠤᠲᠠ ᠶᠢᠨ ᠨᠠᠮ ᠤᠨ ᠬᠤᠷᠢᠶᠠᠨ ᠤ ᠱᠦᠵᠢ ᠶᠢᠨ ᠪᠥᠬᠦ ᠬᠤᠲᠠ ᠶᠢᠨ ᠤᠳᠤᠷᠢᠳᠬᠤ ᠺᠠᠳ᠋ᠷᠴᠤᠳ ᠤᠨ ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ ᠵᠢᠴᠢ ᠬᠠᠮᠲᠤ ᠶᠢᠨ ᠠᠷᠢᠭᠤᠨ ᠴᠢᠬᠡᠴᠢ ᠪᠠᠷ ᠵᠠᠰᠠᠭ ᠪᠠᠷᠢᠬᠤ ᠶᠠᠷᠢᠯᠴᠠᠭᠠᠨ ᠤ ᠬᠤᠷᠠᠯ ᠳᠡᠭᠡᠷᠡᠬᠢ ᠶᠠᠷᠢᠶ᠎ᠠ ᠵᠡᠷᠭᠡ ᠠᠭᠤᠯᠭ᠎ᠠ ᠶᠢ ᠤᠯᠠᠮᠵᠢᠯᠠᠨ ᠰᠤᠷᠤᠯᠴᠠᠪᠠ᠃      ᠬᠤᠷᠠᠯ ᠠᠴᠠ᠂ ᠪᠥᠬᠦ ᠺᠠᠳ᠋ᠷᠴᠤᠳ ᠲᠥᠪ ᠬᠤᠷᠢᠶᠠᠨ ᠤ ᠨᠠᠢᠮᠠᠨ ᠵᠦᠢᠯ ᠤᠨ ᠲᠣᠭᠲᠠᠭᠠᠯ ᠤᠨ ᠵᠣᠷᠢᠭ ᠰᠠᠨᠠᠭ᠎ᠠ ᠶᠢ ᠤᠬᠠᠮᠰᠠᠷ ᠠᠴᠠ ᠪᠠᠨ ᠵᠢᠷᠤᠮᠯᠠᠨ ᠰᠠᠬᠢᠵᠤ᠂ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠡᠨᠡ ᠬᠦ ᠬᠥᠪᠴᠢ ᠶᠢ ᠴᠠᠭ ᠢᠮᠠᠭᠲᠠ ᠴᠢᠩᠭᠠᠯᠠᠵᠤ᠂ ᠡᠯ᠎ᠡ ᠵᠦᠢᠯ ᠤᠨ ᠮᠠᠭᠤ ᠰᠤᠷᠲᠠᠯ   ᠢ ᠡᠷᠡᠰ ᠡᠰᠡᠷᠭᠦᠴᠡᠨ ᠬᠤᠷᠢᠭᠯᠠᠵᠤ᠂ ᠰᠠᠨᠠᠭᠠᠴᠢᠯᠠᠭ᠎ᠠ ᠠᠴᠠ ᠪᠠᠨ ᠬᠢᠨᠠᠯᠲᠠ ᠶᠢ ᠬᠦᠯᠢᠶᠡᠵᠦ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ᠂ ᠠᠯᠪᠠᠨ ᠤ ᠲᠡᠷᠭᠡ ᠶᠢ ᠬᠤᠪᠢᠨ ᠳᠠᠭᠠᠨ ᠬᠡᠷᠡᠭᠯᠡᠬᠦ᠂ ᠪᠡᠯᠡᠭ ᠰᠡᠯᠲᠡ ᠪᠡᠯᠡᠭ ᠤᠨ ᠵᠣᠭᠤᠰ ᠬᠤᠷᠢᠶᠠᠵᠤ ᠬᠦᠷᠭᠡᠬᠦ ᠵᠡᠷᠭᠡ ︽ᠪᠠᠶᠠᠷ ᠤᠨ ᠡᠳᠦᠷ ᠤᠨ ᠡᠪᠡᠳᠴᠢᠨ︾ ᠢ ᠴᠢᠩᠭ᠎ᠠ ᠰᠡᠷᠭᠡᠶᠢᠯᠡᠬᠦ ᠬᠡᠷᠡᠭᠲᠡᠢ᠃ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠢᠮᠠᠭᠲᠠ ᠪᠠᠷᠢᠮᠲᠠᠯᠠᠵᠤ᠂ ᠠᠶᠤᠯᠬᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠦᠨᠡᠨ ᠬᠦ ᠴᠢᠩᠭᠠᠷᠠᠭᠤᠯᠵᠤ᠂ ᠵᠢᠵᠢᠭᠦᠷᠯᠡᠨ ᠰᠠᠬᠢᠬᠤ ᠳᠦᠷᠢᠮ ᠢ ᠨᠠᠶᠢᠳᠠᠪᠤᠷᠢᠵᠢᠭᠤᠯᠤᠨ᠂ ᠠᠶᠤᠯᠬᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠰᠠᠭᠤᠳᠠᠯ ᠤᠨ ᠳᠠᠯᠳᠠ ᠬᠡᠮ ᠢ ᠭᠦᠨᠵᠡᠭᠡᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠡᠯ᠎ᠡ ᠲᠥᠷᠥᠯ ᠤᠨ ᠠᠶᠤᠯᠬᠦᠢ  ᠦᠢᠯᠡᠳᠪᠦᠷᠢᠯᠡᠯ ᠤᠨ ᠡ᠊ᠨᠳᠡᠯ ᠭᠠᠷᠬᠤ ᠶᠢ ᠴᠢᠩᠭ᠎ᠠ ᠰᠡᠷᠭᠡᠶᠢᠯᠡᠨ᠂ ᠵᠢᠯ ᠤᠨ ᠡᠴᠦᠰ᠂ ᠰᠢᠨ᠎ᠠ ᠵᠢᠯ ᠤᠨ ᠡᠬᠢᠨ ᠤ ᠠᠶᠤᠯᠬᠦᠢ  ᠦᠢᠯᠡᠳᠪᠦᠷᠢᠯᠡᠯ ᠤᠨ ᠠᠵᠢᠯ ᠢ ᠴᠢᠩᠭ᠎ᠠ ᠨᠢᠮᠪᠠᠢ ᠰᠠᠶᠢᠲᠤᠷ ᠠᠳᠬᠤᠵᠤ᠂ ᠠᠮᠤᠷ ᠠᠮᠤᠭᠤᠯᠠᠩ ᠥᠯᠵᠡᠢ ᠪᠡᠯᠭᠡ ᠲᠠᠢ ᠰᠢᠨ᠎ᠡ ᠵᠢᠯ ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭ᠎ᠠ ᠶᠢ ᠥᠩᠭᠡᠷᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ ᠭᠡᠵᠣ ᠴᠢᠬᠤᠯᠠᠴᠢᠯᠠᠪᠡ᠃
 
ᠢᠷᠡᠯᠲᠡ᠄ ᠷᠡᠰᠢᠶᠠᠨ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号