12 ᠰᠠᠷ᠎ᠠ ᠶᠢᠨ 23 ᠤ ᠡᠳᠥᠷ᠂ ᠵᠦᠭᠡᠯᠡᠨ ᠰᠡᠪᠰᠡᠭᠡᠷ ᠴᠠᠰᠥ ᠨᠢ ᠭᠡᠭᠡᠷ᠎ᠡ ᠳᠠᠯ᠎ᠠ ᠶᠢ ᠦᠪᠴᠢ ᠪᠦᠷᠬᠦᠨ᠂ | ᠨᠤᠤᠰᠥᠨ ᠬᠡᠪᠢᠰ ᠰᠢᠭ ᠳᠡᠯᠡᠷᠡᠭᠡᠳ ᠳᠡᠭᠷᠢ ᠭᠠᠵᠠᠷ ᠨᠢ ᠨᠡᠶᠢᠯᠡᠭᠰᠡᠨ ᠨᠡᠯᠥᠭᠡᠷ ᠠᠭᠤᠳᠠᠮ ᠷᠠᠰᠢᠶᠠᠨ ᠤ ᠳᠠᠯ᠎ᠠ | ᠨᠤᠳᠤᠭ ᠲᠤ ᠠᠮᠢᠵᠢᠷᠠᠯ ᠤᠨ ᠬᠢᠯᠪᠠᠭ᠎ᠠ ᠶᠢ ᠰᠠᠴᠤᠷᠠᠭᠤᠯᠥᠨᠠ᠃ ᠬᠢᠩᠭᠠᠨ ᠠᠶᠢᠮᠠᠭ ᠤᠨ ᠵᠠᠬᠢᠷᠭ᠎ᠠ ᠠᠴᠠ ᠭᠤᠣᠯᠯᠠᠨ | ᠡᠷᠬᠢᠯᠡᠵᠦ᠂ ᠷᠠᠰᠢᠶᠠᠨ ᠬᠤᠳᠠ ᠶᠢᠨ ᠠᠷᠠᠳ ᠤᠨ ᠵᠠᠰᠠᠭ ᠤᠨ ᠣᠷᠳᠣᠨ ᠪᠣᠯᠤᠨ ᠬᠢᠩᠭᠠᠨ ᠠᠶᠢᠮᠠᠭ ᠤᠨ ᠰᠣᠶᠣᠯ | ᠵᠢᠭᠤᠯᠴᠢᠯᠠᠯ ᠪᠡᠶ᠎ᠡ ᠶᠢᠨ ᠲᠠᠮᠢᠷ ᠤᠨ ᠲᠤᠪᠴᠢᠶ᠎ᠠ ᠠᠴᠠ ᠳᠠᠭᠠᠭᠠᠴᠢᠯᠠᠨ ᠡᠷᠬᠢᠯᠡᠭᠰᠡᠨ ᠠᠷᠪᠠᠨ ᠨᠠᠢᠮᠠᠳᠤᠭᠠᠷ | ᠬᠤᠭᠤᠴᠠᠭᠠᠨ ᠤ ᠷᠠᠰᠢᠶᠠᠨ ᠤ ᠮᠥᠰᠥ ᠴᠠᠰᠤᠨ ᠤ ᠨᠠᠶᠢᠷ ᠤᠨ ᠡᠬᠢᠯᠡᠯᠲᠡ ᠶᠢᠨ ᠶᠣᠰᠣᠯᠠᠯ ᠵᠢᠴᠢ 2023 ᠳᠤᠮᠳᠠᠳᠤ | ᠮᠣᠩᠭᠤᠯ ᠤᠷᠤᠰ ︵ᠷᠠᠰᠢᠶᠠᠨ︶ ᠤᠨ ᠤᠯᠠᠨ ᠤᠯᠤᠰ ᠤᠨ ᠮᠠᠰᠢᠨ ᠲᠡᠷᠭᠡᠨ ᠤ ᠮᠥᠰᠥ ᠴᠠᠰᠤᠨ ᠲᠡᠭᠡᠷᠡᠬᠢ | ᠦᠷᠢᠰᠦᠯᠳᠦᠭᠡᠨ ᠷᠠᠰᠢᠶᠠᠨ ᠬᠤᠳᠠ ᠳᠤ ᠦᠪᠡᠳᠡᠭᠰᠢ ᠶᠡᠭᠡ ᠪᠠᠷ ᠶᠠᠪᠤᠬᠳᠠᠪᠠ᠃ | ᠲᠤᠰ ᠬᠤᠭᠤᠴᠠᠭᠠᠨ ᠤ ᠷᠠᠰᠢᠶᠠᠨ ᠤ ᠮᠥᠰᠥ ᠴᠠᠰᠤᠨ ᠤ ᠨᠠᠶᠢᠷ ᠳᠡᠭᠡᠷ᠎ᠡ ᠰᠢᠨ᠎ᠡ ᠶᠢ ᠡᠬᠦᠳᠥᠭᠰᠡᠨ ︽1996 | ︾ ᠲᠦᠷᠦᠯ ᠵᠦᠢᠯ ᠤᠨ ᠠᠭᠤᠯᠭ᠎ᠠ ᠶᠢ ᠳᠤᠬᠢᠷᠠᠭᠤᠯᠥᠨ᠂ ᠪᠦᠬᠦ ᠲᠠᠯ᠎ᠠ ᠪᠠᠷ᠂ ᠪᠦᠬᠦ ᠣᠷᠣᠨ ᠵᠠᠢ ᠪᠠᠷ᠂ ᠪᠦᠬᠦ | ᠡᠵᠡᠩᠨᠡᠯᠲᠡ ᠶᠢᠨ ᠬᠡᠯᠪᠡᠷᠢ ᠪᠠᠷ ︽ᠮᠥᠰᠥ ᠴᠠᠰᠤ +︾᠂ ︽+ ᠮᠥᠰᠥ ᠴᠠᠰᠤ︾ ᠶᠢᠨ ᠤᠯᠠᠨ ᠡᠰᠢᠲᠦ | ᠣᠶᠢᠯᠠᠭᠠᠯᠲᠠ ᠶᠢ ᠪᠤᠢ ᠪᠤᠯᠭᠠᠵᠠᠢ᠃ ᠡᠶᠢᠨᠬᠦ ᠠᠭᠤᠯᠭ᠎ᠠ ᠬᠡᠯᠪᠡᠷᠢ ᠪᠠᠷ ᠪᠠᠶᠠᠯᠢᠭ ᠠᠵᠢᠯᠯᠠᠭ᠎ᠠ ᠦᠷᠨᠢᠬᠦᠯᠬᠦ ᠪᠠᠷ ᠳᠠᠮᠵᠢᠨ | ︽ᠠᠷᠪᠠᠨ ᠲᠦᠷᠪᠡᠳᠥᠭᠡᠷ ᠬᠤᠭᠤᠴᠠᠭᠠᠨ ᠤ ᠪᠦᠬᠦ ᠤᠯᠤᠰ ᠤᠨ ᠡᠪᠤᠯ ᠤᠨ ᠤᠯᠠᠷᠢᠯ ᠤᠨ ᠲᠠᠮᠢᠷ ᠤᠨ ᠴᠤᠭᠯᠠᠭᠠᠨ︾ | ᠳᠤ ᠬᠦᠴᠥ ᠨᠡᠮᠡᠷᠢᠯᠡᠭᠰᠡᠨ ᠪᠠᠶᠢᠨ᠎ᠠ᠃ | | | | | | | | | | | | ᠵᠢᠷᠤᠭ ᠤᠨ ᠳᠠᠶᠢᠯᠪᠤᠷᠢ᠄ | ᠵᠢᠷᠤᠭ 1. ᠤᠷᠠᠨ ᠰᠠᠶᠢᠬᠠᠨ ᠤ ᠲᠤᠭᠯᠠᠯᠳᠠ ᠭᠠᠷᠭᠠᠨ᠎ᠠ᠃ | ᠵᠢᠷᠤᠭ 2. ᠮᠦᠰᠥ ᠴᠠᠰᠥᠨ ᠳᠤ ᠭᠤᠯᠭᠤᠵᠤ ᠪᠠᠶᠢᠨ᠎ᠠ᠃ | ᠵᠢᠷᠤᠭ 3. ᠵᠢᠭᠤᠯᠴᠢᠯᠠᠭᠰᠠᠳ ᠷᠠᠰᠢᠶᠠᠨ ᠤᠰᠥ ᠪᠠᠷ ᠴᠢᠨᠠᠭᠰᠠᠨ ᠪᠠᠩᠰᠢ ᠢᠳᠡᠵᠤ ᠪᠤᠢ᠃ | ᠵᠢᠷᠤᠭ 4. ᠳᠡᠭᠡᠰᠥ ᠳᠠᠳᠠᠬᠤ ᠤᠷᠤᠯᠳᠤᠭᠠᠨ ᠳᠤ ᠤᠷᠤᠯᠴᠠᠨ᠎ᠠ᠃ | ᠵᠢᠷᠤᠭ 5. 7. ᠳᠤᠷ᠎ᠠ ᠰᠤᠨᠢᠷᠬᠠᠯᠳᠥ ᠬᠦᠳᠡᠯᠭᠡᠭᠡᠨ ᠳᠤ ᠤᠷᠤᠯᠴᠠᠵᠤ ᠪᠤᠢ᠃ | ᠵᠢᠷᠤᠭ 6. ᠴᠠᠰᠥᠳᠥ ᠲᠤᠰᠬᠤᠨ ᠤ ᠦᠵᠡᠮᠵᠢ᠃ | ᠵᠢᠷᠤᠭ 8. ᠬᠡᠷᠡᠯ ᠵᠢᠷᠤᠭ ᠤᠨ ᠦᠵᠡᠬᠦᠯᠭᠡ ᠶᠢ ᠰᠤᠨᠢᠷᠬᠠᠵᠤ ᠪᠤᠢ᠃ | |