ᠷᠠᠰᠢᠶᠠᠨ ᠬᠤᠲᠠ ᠶᠢᠨ ᠪᠠᠢ ᠯᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ
ᠨᠡᠶᠢᠲᠡᠯᠡᠭᠰᠡᠨ ᠴᠠᠭ᠄
2023/12/29
     ᠪᠠᠢ ᠯᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ      1. ᠨᠠᠮ ᠤᠨ ᠱᠤᠭᠤᠮ᠂ ᠴᠢᠭᠯᠡᠯᠲᠡ᠂ ᠲᠦᠷᠦ ᠶᠢᠨ ᠪᠣᠳᠣᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠬᠡᠷᠡᠭᠵᠢᠭᠦᠯᠵᠦ᠂ ᠨᠠᠮ ᠤᠨ ᠦᠵᠡᠯ ᠰᠠᠨᠠᠭ᠎ᠠ᠂ ᠵᠣᠬᠢᠶᠠᠨ ᠪᠠᠶᠢᠭᠤᠯᠤᠯᠲᠠ᠂ ᠤᠬᠠᠭᠤᠯᠭ᠎ᠠ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠤᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠨᠡᠶᠢᠭᠡᠮ ᠵᠢᠷᠤᠮ ᠤᠨ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠵᠢᠯ ᠢ ᠴᠢᠩᠭᠠᠳᠬᠠᠨ᠎ᠠ᠃      2. ᠬᠤᠲᠠ   ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠦᠬᠦ ᠬᠤᠲᠠ   ᠶᠢᠨ ᠬᠥᠭᠵᠢᠯᠲᠡ   ᠶᠢᠨ ᠶᠡᠷᠦᠩᠬᠡᠢ ᠱᠠᠭᠠᠷᠳᠠᠯᠭ᠎ᠠ   ᠶᠢ ᠦᠨᠳᠦᠰᠦᠯᠡᠨ᠂ ᠪᠦᠬᠦ ᠪᠠᠯᠭᠠᠰᠤᠨ ᠤ ᠠᠵᠤ ᠠᠬᠤᠢ   ᠶᠢᠨ ᠪᠦᠲᠦᠭᠡᠨ ᠪᠠᠶᠢᠭᠤᠯᠤᠯᠲᠠ ᠪᠠ ᠨᠡᠶᠢᠭᠡᠮ ᠤᠨ ᠬᠥᠭᠵᠢᠯᠲᠡ   ᠶᠢᠨ ᠳᠤᠮᠳᠠᠬᠢ ᠴᠢᠬᠤᠯᠠ ᠠᠰᠠᠭᠤᠳᠠᠯ   ᠢ ᠰᠤᠳᠤᠯᠵᠤ᠂ ᠦᠨᠡᠨ ᠬᠦ ᠬᠡᠷᠡᠭᠵᠢᠭᠦᠯᠵᠦ ᠪᠣᠯᠬᠤ ᠠᠵᠢᠯ ᠤᠨ ᠲᠥᠯᠦᠪᠵᠢᠭᠦᠯᠭᠡ   ᠶᠢ ᠲᠣᠭᠲᠠᠭᠠᠬᠤ   ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠠᠵᠤ ᠠᠬᠤᠢ   ᠶᠢᠨ ᠣᠷᠴᠢᠨ ᠨᠥᠬᠦᠴᠡᠯ   ᠢ ᠰᠠᠶᠢᠵᠢᠷᠠᠭᠤᠯᠤᠨ ᠰᠢᠯᠢᠳᠡᠭᠵᠢᠭᠦᠯᠵᠦ᠂ ᠪᠦᠬᠦ ᠪᠠᠯᠭᠠᠰᠤᠨ ᠤ ᠠᠵᠤ ᠠᠬᠤᠢ ᠨᠡᠶᠢᠭᠡᠮ ᠤᠨ ᠬᠥᠭᠵᠢᠯᠲᠡ   ᠶᠢ ᠠᠬᠢᠭᠤᠯᠤᠨ᠎ᠠ᠃ ᡽      3. ᠬᠠᠷᠢᠶ᠎ᠠ ᠣᠷᠣᠨ ᠤ ᠬᠠᠮᠢᠶᠠᠷᠤᠯᠲᠠ ᠶᠢᠨ ᠠᠵᠢᠯ ᠢ ᠶᠡᠬᠡᠪᠡᠷ ᠴᠢᠩᠭᠠᠳᠬᠠᠵᠤ᠂ ᠬᠠᠷᠢᠶ᠎ᠠ ᠣᠷᠣᠨ ᠤ ᠳᠣᠲᠣᠷᠠᠬᠢ ᠬᠤᠲᠠ ᠶᠢᠨ ᠳᠦᠷᠰᠦ ᠪᠠᠶᠢᠳᠠᠯ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂  ᠪᠠᠭ᠎ᠠ ᠲᠣᠭᠤᠷᠢᠭ ᠤᠨ ᠠᠳᠠᠯ ᠠᠬᠤᠢ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ᠂ ᠦᠶᠡᠷ ᠢ ᠰᠡᠷᠭᠡᠶᠢᠯᠡᠨ ᠭᠠᠩ ᠭᠠᠭᠰᠠᠷᠭᠠᠨ ᠲᠠᠢ ᠲᠡᠮᠡᠴᠡᠬᠦ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ᠂ ᠠᠮᠢᠲᠠᠨ ᠤ ᠬᠢᠵᠢᠭ ᠢ ᠰᠡᠷᠭᠡᠶᠢᠯᠡᠬᠦ᠂ ︽ᠬᠤᠲᠠ ᠶᠢ ᠪᠠᠶᠢᠭᠤᠯᠬᠤ︾ ᠵᠡᠷᠭᠡ ᠠᠵᠢᠯ ᠢ ᠵᠣᠬᠢᠶᠠᠨ ᠪᠠᠶᠢᠭᠤᠯᠤᠨ ᠰᠠᠶᠢᠲᠤᠷ ᠥᠷᠨᠢᠭᠦᠯᠦᠨ᠎ᠡ᠃      4᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠬᠤᠶᠠᠷ ᠵᠥᠪᠯᠡᠯ ᠤᠨ ᠵᠣᠬᠢᠶᠠᠨ ᠪᠠᠶᠢᠭᠤᠯᠤᠯᠲᠠ ᠶᠢᠨ ᠴᠣᠬᠴᠠᠯᠠᠯᠳᠡ ᠪᠠ ᠳᠦᠷᠢᠮ ᠤᠨ ᠪᠠᠶᠢᠭᠤᠯᠤᠯᠲᠠ ᠶᠢ ᠵᠢᠯᠤᠭᠤᠳᠴᠤ᠂ ᠣᠯᠠᠨ ᠲᠦᠮᠡᠨ ᠢ ᠳᠠᠶᠢᠴᠢᠯᠠᠨ ᠣᠯᠠᠨ ᠲᠦᠮᠡᠨ ᠳᠤ ᠦᠢᠯᠡᠴᠢᠯᠡᠭᠦᠯᠵᠦ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠬᠤᠶᠠᠷ ᠵᠥᠪᠯᠡᠯ ᠤᠨ ᠬᠠᠤᠯᠢ ᠴᠠᠭᠠᠵᠠ ᠶᠢ ᠤᠬᠠᠭᠤᠯᠬᠤ᠂ ᠰᠠᠭᠤᠭᠠᠯᠢ ᠠᠷᠠᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ᠂ ᠰᠠᠭᠤᠭᠠᠯᠢ ᠠᠷᠠᠳ ᠢ ᠰᠤᠷᠭᠠᠨ ᠬᠥᠮᠥᠵᠢᠭᠦᠯᠵᠦ ᠬᠠᠤᠯᠢ ᠶᠣᠰᠣᠭᠠᠷ ᠭᠦᠢᠴᠡᠳᠬᠡᠪᠡᠰᠦ ᠵᠣᠬᠢᠬᠤ ᠡᠭᠦᠷᠭᠡ ᠪᠠᠨ ᠭᠦᠢᠴᠡᠳᠬᠡᠬᠦ ᠵᠡᠷᠭᠡ ᠲᠠᠯ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠎ᠠ  ᠃      5᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠬᠤᠯᠪᠣᠭᠳᠠᠯ ᠪᠦᠬᠦᠢ ᠲᠦᠷᠦ ᠶᠢᠨ ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠠᠵᠤ ᠦᠢᠯᠡᠰ ᠢ ᠲᠥᠯᠥᠪᠵᠢᠭᠦᠯᠦᠨ ᠬᠥᠭᠵᠢᠭᠦᠯᠬᠦ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ ᠵᠡᠷᠭᠡ ᠲᠠᠷᠢᠶᠠᠯᠠᠩ ᠳᠤ ᠬᠤᠯᠪᠣᠭᠳᠠᠬᠤ ᠡᠯ᠎ᠡ ᠵᠦᠢᠯ ᠤᠨ ᠠᠵᠢᠯ ᠢ ᠰᠠᠶᠢᠲᠤᠷ ᠥᠷᠨᠢᠭᠦᠯᠦᠨ᠎ᠡ︔      6᠂ ᠴᠡᠷᠢᠭ ᠢᠶᠠᠨ ᠬᠦᠷᠢᠶᠡᠯᠡᠨ ᠴᠡᠷᠢᠭ ᠤᠨ ᠭᠡᠷ ᠪᠦᠯᠢ ᠶᠢ ᠨᠢ ᠬᠠᠷᠠᠭᠠᠯᠵᠠᠬᠤ᠂ ᠭᠠᠮᠰᠢᠭ ᠢ ᠰᠡᠷᠭᠡᠶᠢᠯᠡᠨ ᠭᠠᠮᠰᠢᠭ ᠠᠴᠠ ᠠᠪᠤᠷᠠᠬᠤ᠂ ᠬᠦᠴᠢᠷᠳᠡᠯ ᠢ ᠲᠡᠳᠬᠦᠨ ᠵᠡᠮᠳᠡᠭᠴᠦᠳ ᠢ ᠲᠤᠰᠠᠯᠠᠬᠤ᠂ ᠨᠡᠶᠢᠭᠡᠮ ᠤᠨ ᠲᠡᠳᠬᠦᠮᠵᠢ᠂ ᠨᠡᠶᠢᠭᠡᠮ ᠤᠨ ᠪᠠᠲᠤᠯᠠᠭ᠎ᠠ᠂ ᠬᠥᠳᠡᠯᠮᠦᠷᠢ ᠠᠵᠢᠯ ᠣᠯᠭᠤᠯᠲᠠ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠰᠣᠶᠣᠯ᠂ ᠡᠷᠡᠭᠦᠯ ᠬᠠᠮᠠᠭᠠᠯᠠᠯ ᠡᠷᠡᠭᠦᠯ ᠮᠡᠨᠳᠤ ᠵᠡᠷᠭᠡ ᠨᠡᠶᠢᠭᠡᠮ ᠤᠨ ᠬᠡᠷᠡᠭ ᠶᠠᠪᠤᠳᠠᠯ ᠤᠨ ᠠᠵᠢᠯ ᠢ ᠰᠠᠶᠢᠲᠤᠷ ᠬᠢᠬᠦ ᠶᠢ ᠬᠠᠷᠢᠭᠤᠴᠠᠨ᠎ᠠ︔ ᠠᠷᠠᠳ ᠤᠨ ᠵᠡᠪᠰᠡᠭᠲᠦ ᠬᠦᠴᠦᠨ ᠤ ᠬᠤᠯᠪᠣᠭᠳᠠᠯ ᠪᠦᠬᠦᠢ ᠠᠵᠢᠯ ᠢ ᠬᠠᠷᠢᠭᠤᠴᠠᠨ᠎ᠠ᠃      7. ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠪᠠ ᠬᠠᠤᠯᠢ ᠴᠠᠭᠠᠵᠠ ᠶᠢᠨ ᠦᠢᠯᠡᠴᠢᠯᠡᠭᠡ ᠶᠢ ᠥᠷᠨᠢᠭᠦᠯᠵᠦ᠂ ᠨᠡᠶᠢᠭᠡᠮ ᠤᠨ ᠵᠥᠷᠢᠴᠡᠯ ᠪᠠ ᠵᠢᠭᠤᠷᠠᠯᠳᠤᠭᠠᠨ ᠢ ᠠᠷᠢᠯᠭᠠᠵᠤ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠵᠠᠬᠢᠳᠠᠯ ᠰᠣᠷᠪᠤᠯᠵᠢᠯᠠᠯ ᠤᠨ ᠲᠣᠭᠲᠠᠭᠤᠨ ᠪᠠᠶᠢᠳᠠᠯ ᠢ ᠬᠠᠮᠠᠭᠠᠯᠠᠬᠤ ᠪᠠ ᠨᠡᠶᠢᠭᠡᠮ ᠢ ᠶᠡᠷᠦᠩᠬᠡᠶᠢᠯᠡᠨ ᠵᠠᠰᠠᠬᠤ ᠠᠵᠢᠯ ᠢ ᠰᠠᠶᠢᠲᠤᠷ ᠬᠢᠵᠦ᠂ ᠨᠡᠶᠢᠭᠡᠮ ᠤᠨ ᠡᠮᠬᠢ ᠵᠢᠷᠤᠮ ᠤᠨ ᠲᠣᠭᠲᠠᠭᠤᠨ ᠪᠠᠶᠢᠳᠠᠯ ᠢ ᠬᠠᠮᠠᠭᠠᠯᠠᠨ᠂ ᠲᠤᠤᠷᠵᠢᠭᠤᠯᠣᠬᠰᠠᠨ ᠬᠠᠮᠢᠶᠠᠷᠤᠯᠲᠠ ᠶᠢ ᠰᠠᠶᠢᠲᠤᠷ ᠠᠳᠬᠤᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠨ᠎ᠠ᠃      8. ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠠᠵᠢᠯ ᠤᠳ ᠢ ᠪᠡᠶᠡᠯᠡᠭᠦᠯᠦᠨ᠎ᠡ᠃  
 
ᠢᠷᠡᠯᠲᠡ᠄ ᠪᠠᠢ ᠯᠠᠩ ᠪᠠᠯᠭᠠᠰᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号