ᠷᠠᠰᠢᠶᠠᠨ ᠬᠤᠲᠠ ᠶᠢᠨ ᠬᠢᠨᠠᠨ ᠪᠣᠳᠣᠬᠤ ᠲᠣᠪᠴᠢᠶ᠎ᠠ
ᠨᠡᠶᠢᠲᠡᠯᠡᠭᠰᠡᠨ ᠴᠠᠭ᠄
2023/12/29
      ᠷᠠᠰᠢᠶᠠᠨ ᠬᠤᠲᠠ ᠶᠢᠨ ᠬᠢᠨᠠᠨ ᠪᠤᠳᠤᠬᠤ ᠲᠣᠪᠴᠢᠶ᠎ᠠ ᠪᠣᠯ ᠷᠠᠰᠢᠶᠠᠨ ᠬᠤᠲᠠ ᠶᠢᠨ ᠵᠠᠰᠠᠭ ᠤᠨ ᠣᠷᠳᠣᠨ ᠤ ᠪᠦᠷᠢᠯᠳᠦᠭᠦᠨ  ᠪᠠᠶᠢᠵᠤ᠂ ᠵᠢᠩᠬᠢᠨᠢ ᠰᠠᠯᠠᠭᠠᠨ ᠤ ᠲᠠᠰ ᠤᠨ ᠰᠠᠯᠠᠭ᠎ᠠ ᠮᠥᠴᠢᠷ ᠪᠣᠯᠣᠨ᠎ᠠ᠃      ︵ᠨᠢᠭᠡ︶ ᠪᠥᠬᠦ ᠬᠤᠲᠠ ᠶᠢᠨ ᠬᠢᠨᠠᠨ ᠪᠤᠳᠤᠬᠤ ᠠᠵᠢᠯ ᠢ ᠭᠤᠣᠯᠯᠠᠨ ᠬᠠᠮᠢᠶᠠᠷᠤᠨ᠎ᠠ᠃      ︵ᠬᠤᠶᠠᠷ︶ ᠪᠥᠬᠦ ᠬᠤᠲᠠ ᠶᠢᠨ ᠬᠢᠨᠠᠨ ᠪᠣᠳᠣᠯᠲᠠ ᠶᠢᠨ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠲᠤᠭᠤᠷᠪᠢᠨ᠎ᠠ᠃      ︵ᠭᠤᠷᠪᠠ︶ ᠷᠠᠰᠢᠶᠠᠨ ᠬᠤᠲᠠ ᠶᠢᠨ ᠨᠠᠮ ᠤᠨ ᠬᠤᠷᠢᠶ᠎ᠠ ᠶᠢᠨ ᠬᠢᠨᠠᠨ ᠪᠤᠳᠤᠬᠤ ᠵᠥᠪᠯᠡᠯ ᠳᠤ ᠣᠨ ᠤ ᠷᠠᠰᠢᠶᠠᠨ ᠬᠤᠲᠠ ᠶᠢᠨ ᠲᠥᠰᠥᠪ ᠢ ᠭᠦᠢᠴᠡᠳᠬᠡᠭᠰᠡᠨ ᠪᠠ ᠪᠤᠰᠤᠳ ᠡᠳ᠋ ᠤᠨ ᠵᠠᠰᠠᠭ ᠤᠨ ᠵᠠᠷᠤᠯᠭ᠎ᠠ ᠶᠢᠨ ᠪᠠᠶᠢᠳᠠᠯ ᠤᠨ ᠬᠢᠨᠠᠨ ᠪᠣᠳᠣᠯᠲᠠ ᠶᠢᠨ ᠮᠡᠳᠡᠭᠦᠯᠦᠯᠲᠡ ᠶᠢ ᠳᠤᠷᠠᠳᠤᠨ᠎ᠠ᠃      ︵ᠳᠥᠷᠪᠡ︶ ᠳᠣᠣᠷᠠᠬᠢ ᠵᠦᠢᠯᠡᠰ ᠲᠤ ᠰᠢᠭᠤᠳ ᠬᠢᠨᠠᠨ ᠪᠣᠳᠣᠯᠲᠠ ᠬᠢᠵᠦ᠂ ᠬᠢᠨᠠᠨ ᠪᠣᠳᠣᠯᠲᠠ ᠶᠢᠨ ᠮᠡᠳᠡᠭᠦᠯᠦᠯᠲᠡ ᠬᠢᠵᠦ᠂ ᠬᠠᠤᠯᠢ ᠪᠠᠷ ᠲᠣᠭᠲᠠᠭᠠᠭᠰᠠᠨ ᠡᠷᠬᠡ ᠲᠤᠰᠢᠶᠠᠯ ᠤᠨ ᠬᠡᠪᠴᠢᠶᠡᠨ ᠳᠣᠲᠣᠷ᠎ᠠ ᠬᠢᠨᠠᠨ ᠪᠣᠳᠣᠯᠲᠠ ᠶᠢᠨ ᠲᠣᠭᠲᠠᠭᠠᠯ ᠭᠠᠷᠭᠠᠨ᠎ᠠ᠂ ᠡᠭᠦᠨ ᠳᠤ ᠤᠯᠤᠰ᠂ ᠥᠪᠡᠷᠲᠡᠭᠡᠨ ᠵᠠᠰᠠᠬᠤ ᠣᠷᠣᠨ᠂ ᠬᠢᠩᠭᠠᠨ ᠠᠶᠢᠮᠠᠭ ᠪᠠ ᠷᠠᠰᠢᠶᠠᠨ ᠬᠤᠲᠠ ᠶᠢᠨ ᠬᠤᠯᠪᠣᠭᠳᠠᠯ ᠪᠦᠬᠦᠢ ᠴᠢᠬᠤᠯᠠ ᠶᠡᠭᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠪᠠᠭᠲᠠᠨ᠎ᠠ︔      ︵ᠲᠠᠪᠤ︶ ᠲᠣᠭᠲᠠᠭᠠᠯ ᠶᠣᠰᠣᠭᠠᠷ ᠵᠢᠩᠬᠢᠨᠢ ᠰᠠᠯᠠᠭᠠᠨ ᠤ ᠲᠠᠰ ᠤᠨ ᠨᠠᠮ ᠵᠠᠰᠠᠭ᠂ ᠠᠵᠤ ᠠᠬᠤᠶᠢᠯᠠᠯ ᠠᠵᠢᠯ ᠦᠢᠯᠡᠰ ᠤᠨ ᠭᠤᠣᠯ ᠤᠳᠤᠷᠢᠳᠬᠤ ᠺᠠᠳ᠋ᠷ ᠵᠢᠴᠢ ᠪᠤᠰᠤᠳ ᠨᠢᠭᠡᠴᠢ ᠶᠢᠨ ᠭᠤᠣᠯ ᠬᠠᠷᠢᠭᠤᠴᠠᠯᠭᠠᠲᠠᠨ ᠳᠤ ᠠᠵᠤ ᠠᠬᠤᠢ ᠶᠢᠨ ᠬᠠᠷᠢᠭᠤᠴᠠᠯᠭ᠎ᠠ ᠶᠢᠨ ᠬᠢᠨᠠᠨ ᠪᠣᠳᠣᠯᠲᠠ ᠪᠠ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠲᠤᠰᠢᠶᠠᠯ ᠠᠴᠠ ᠪᠠᠨ ᠰᠠᠯᠬᠤ ︵ᠲᠤᠰᠢᠶᠠᠯ ᠳᠤ ᠪᠠᠶᠢᠭ᠎ᠠ︶ ᠬᠢᠨᠠᠨ ᠪᠣᠳᠣᠯᠲᠠ ᠶᠢ ᠬᠡᠷᠡᠭᠵᠢᠭᠦᠯᠦᠨ᠎ᠡ᠃      ︵ᠵᠢᠷᠭᠤᠭ᠎ᠠ︶ ᠤᠯᠤᠰ᠂ ᠥᠪᠡᠷᠲᠡᠭᠡᠨ ᠵᠠᠰᠠᠬᠤ ᠣᠷᠣᠨ᠂ ᠠᠶᠢᠮᠠᠭ ᠪᠠ ᠷᠠᠰᠢᠶᠠᠨ ᠬᠤᠲᠠ ᠶᠢᠨ ᠡᠳ᠋ ᠤᠨ ᠵᠠᠰᠠᠭ ᠠᠵᠤ ᠠᠬᠤᠢ ᠶᠢᠨ ᠬᠠᠤᠯᠢ ᠴᠠᠭᠠᠵᠠ ᠬᠠᠤᠯᠢ ᠲᠣᠭᠲᠠᠭᠠᠯ᠂ ᠳᠦᠷᠢᠮ ᠲᠣᠭᠲᠠᠭᠠᠯ᠂ ᠲᠥᠷᠥ ᠶᠢᠨ ᠪᠣᠳᠣᠯᠭ᠎ᠠ ᠪᠠ ᠬᠤᠷᠸ᠎ᠠ ᠲᠣᠬᠢᠷᠠᠭᠤᠯᠤᠯ ᠡᠵᠡᠮᠳᠡᠯ ᠤᠨ ᠠᠷᠭ᠎ᠠ ᠬᠡᠮᠵᠢᠶ᠎ᠡ ᠶᠢ ᠬᠡᠷᠡᠭᠵᠢᠭᠦᠯᠦᠭᠰᠡᠨ ᠪᠠᠶᠢᠳᠠᠯ᠂ ᠡᠳ᠋ ᠤᠨ ᠵᠠᠰᠠᠭ ᠤᠨ ᠲᠥᠰᠥᠪ ᠤᠨ ᠬᠠᠮᠢᠶᠠᠷᠤᠯᠲᠠ ᠵᠢᠴᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠬᠡᠷᠡᠭᠯᠡᠯᠲᠡ ᠵᠡᠷᠭᠡ ᠤᠯᠤᠰ ᠤᠨ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠳᠤ ᠬᠤᠯᠪᠣᠭᠳᠠᠬᠤ ᠣᠨᠴᠠ ᠲᠣᠭᠲᠠᠭᠠᠭᠰᠠᠨ ᠵᠦᠢᠯᠡᠰ ᠲᠤ ᠲᠤᠰᠬᠠᠢ ᠵᠦᠢᠯ ᠤᠨ ᠬᠢᠨᠠᠨ ᠪᠣᠳᠣᠯᠲᠠ ᠶᠢᠨ ᠪᠠᠶᠢᠴᠠᠭᠠᠯᠲᠠ ᠬᠢᠬᠦ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃      ︵ᠳᠣᠯᠤᠭ᠎ᠠ︶ ᠬᠢᠨᠠᠨ ᠪᠣᠳᠣᠯᠲᠠ ᠶᠢᠨ ᠲᠣᠭᠲᠠᠭᠠᠯ ᠢ ᠬᠡᠷᠡᠭᠵᠢᠭᠦᠯᠦᠭᠰᠡᠨ ᠪᠠᠶᠢᠳᠠᠯ ᠢ ᠬᠠᠤᠯᠢ ᠶᠣᠰᠣᠭᠠᠷ ᠪᠠᠶᠢᠴᠠᠭᠠᠵᠤ᠂ ᠬᠢᠨᠠᠨ ᠪᠣᠳᠣᠯᠲᠠ ᠶᠢᠨ ᠪᠠᠶᠢᠴᠠᠭᠠᠵᠤ ᠭᠠᠷᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠱᠠᠯᠠᠪᠳᠡᠭᠤᠯᠵᠣ᠂ ᠬᠢᠨᠠᠨ ᠪᠣᠳᠣᠯᠲᠠ ᠬᠢᠯᠭᠡᠭᠰᠡᠨ ᠨᠢᠭᠡᠴᠢ ᠶᠢᠨ ᠬᠢᠨᠠᠨ ᠪᠣᠳᠣᠯᠲᠠ ᠶᠢᠨ ᠲᠣᠭᠲᠠᠭᠠᠯ ᠢ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠪᠠᠷ ᠳᠡᠪᠰᠢᠭᠦᠯᠬᠦ᠂ ᠵᠠᠰᠠᠭ ᠵᠠᠬᠢᠷᠭᠠᠨ ᠤ ᠵᠠᠷᠭᠤ ᠬᠢᠬᠦ ᠪᠤᠶᠤ ᠷᠠᠰᠢᠶᠠᠨ ᠬᠤᠲᠠ ᠶᠢᠨ ᠵᠠᠰᠠᠭ ᠤᠨ ᠣᠷᠳᠣᠨ ᠤ ᠲᠠᠰᠤᠯᠤᠯᠲᠠ ᠳᠠᠬᠢ ᠬᠤᠯᠪᠣᠭᠳᠠᠯ ᠪᠦᠬᠦᠢ ᠵᠦᠢᠯᠡᠰ ᠢ ᠬᠠᠤᠯᠢ ᠶᠣᠰᠣᠭᠠᠷ ᠰᠢᠢᠳᠪᠦᠷᠢᠯᠡᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠬᠠᠮᠢᠶ᠎ᠠ ᠪᠦᠬᠦᠢ ᠬᠦᠨᠳᠦ ᠶᠡᠭᠡ ᠬᠡᠷᠡᠭ ᠢ ᠪᠠᠶᠢᠴᠠᠭᠠᠨ ᠰᠢᠢᠳᠪᠦᠷᠢᠯᠡᠨ᠎ᠡ  ᠃      ︵ᠨᠠᠢᠮᠠ︶ ᠳᠣᠲᠣᠭᠠᠳᠤ ᠶᠢᠨ ᠬᠢᠨᠠᠨ ᠪᠤᠳᠤᠬᠤ ᠠᠵᠢᠯ ᠢ ᠵᠢᠯᠤᠭᠤᠳᠬᠤ ᠪᠠ ᠬᠢᠨᠠᠯᠲᠠ ᠲᠠᠯᠪᠢᠵᠤ᠂ ᠤᠯᠤᠰ ᠤᠨ ᠲᠣᠭᠲᠠᠭᠠᠯ ᠶᠣᠰᠣᠭᠠᠷ ᠷᠠᠰᠢᠶᠠᠨ ᠬᠤᠲᠠ ᠶᠢᠨ ᠨᠡᠶᠢᠭᠡᠮ ᠤᠨ ᠬᠢᠨᠠᠨ ᠪᠤᠳᠤᠬᠤ ᠪᠠᠶᠢᠭᠤᠯᠤᠮᠵᠢ ᠶᠢᠨ ᠬᠠᠤᠯᠢ ᠶᠣᠰᠣᠭᠠᠷ ᠬᠢᠨᠠᠨ ᠪᠤᠳᠤᠵᠤ ᠬᠢᠨᠠᠯᠲᠠ ᠲᠠᠯᠪᠢᠬᠤ ᠡᠲᠡᠭᠡᠳ ᠲᠤ ᠬᠠᠷᠢᠶᠠᠯᠠᠭᠳᠠᠬᠤ ᠨᠢᠭᠡᠴᠢ ᠳᠤ ᠭᠠᠷᠭᠠᠭᠰᠠᠨ ᠬᠠᠮᠢᠶ᠎ᠠ ᠪᠦᠬᠦᠢ ᠬᠢᠨᠠᠨ ᠪᠤᠳᠤᠭᠰᠠᠨ ᠮᠡᠳᠡᠭᠦᠯᠦᠯᠲᠡ ᠶᠢ ᠬᠢᠨᠠᠨ ᠪᠠᠶᠢᠴᠠᠭᠠᠨ᠎ᠠ᠃      ︵ᠶᠢᠰᠦ︶ ᠬᠢᠨᠠᠨ ᠪᠤᠳᠤᠬᠤ ᠵᠠᠬᠢᠷᠭ᠎ᠠ᠂ ᠥᠪᠡᠷᠲᠡᠭᠡᠨ ᠵᠠᠰᠠᠬᠤ ᠣᠷᠣᠨ ᠤ ᠬᠢᠨᠠᠨ ᠪᠤᠳᠤᠬᠤ ᠲᠢᠩᠬᠢᠮ᠂ ᠠᠶᠢᠮᠠᠭ ᠤᠨ ᠬᠢᠨᠠᠨ ᠪᠤᠳᠤᠬᠤ ᠲᠣᠪᠴᠢᠶ᠎ᠠ ᠪᠠ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠳᠣᠣᠷ᠎ᠠ ᠬᠢᠨᠠᠨ ᠪᠤᠳᠤᠬᠤ ᠬᠦᠷᠢᠶ᠎ᠡ ᠴᠠᠷᠠᠭ᠎ᠠ ᠶᠢᠨ ᠣᠯᠠᠨ ᠤᠯᠤᠰ ᠤᠨ ᠰᠣᠯᠢᠯᠴᠠᠭ᠎ᠠ ᠪᠠ ᠬᠠᠮᠲᠤᠷᠠᠯᠴᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠷᠠᠰᠢᠶᠠᠨ ᠬᠤᠲᠠ ᠶᠢᠨ ᠬᠢᠨᠠᠨ ᠪᠤᠳᠤᠬᠤ ᠬᠦᠷᠢᠶ᠎ᠡ ᠴᠠᠷᠠᠭ᠎ᠠ ᠳᠠᠬᠢ ᠮᠡᠳᠡᠭᠡ ᠵᠠᠩᠭᠢ ᠶᠢᠨ ᠮᠡᠷᠭᠡᠵᠢᠯ ᠤᠨ ᠬᠡᠷᠡᠭᠯᠡᠯᠲᠡ ᠶᠢ ᠵᠢᠯᠤᠭᠤᠳᠬᠤ ᠪᠠ ᠳᠡᠯᠭᠡᠷᠡᠭᠦᠯᠦᠨ᠎ᠡ᠃      ︵ᠠᠷᠪᠠ︶ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠨᠦᠭᠦᠳ ᠢ ᠪᠡᠶᠡᠯᠡᠭᠦᠯᠦᠨ᠎ᠡ᠃  
 
ᠢᠷᠡᠯᠲᠡ᠄ ᠷᠠᠰᠢᠶᠠᠨ ᠬᠤᠲᠠ ᠶᠢᠨ ᠬᠢᠨᠠᠨ ᠪᠤᠳᠤᠬᠤ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号