ᠷᠠᠰᠢᠶᠠᠨ ᠬᠤᠲᠠ ᠶᠢᠨ ᠢᠷᠪᠢᠰ ᠵᠡᠭᠡᠯᠢ ᠶᠢᠨ ᠬᠡᠷᠡᠭ ᠡᠷᠬᠢᠯᠡᠬᠦ ᠭᠠᠵᠠᠷ
ᠨᠡᠶᠢᠲᠡᠯᠡᠭᠰᠡᠨ ᠴᠠᠭ᠄
2023/12/29
     ︵ᠨᠢᠭᠡ︶ ᠨᠠᠮ ᠤᠨ ᠱᠤᠭᠤᠮ᠂ ᠴᠢᠭᠯᠡᠯᠲᠡ᠂ ᠲᠦᠷᠣ ᠶᠢᠨ ᠪᠣᠳᠣᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠬᠡᠷᠡᠭᠵᠢᠭᠦᠯᠵᠦ᠂ ᠨᠠᠮ ᠤᠨ ᠦᠵᠡᠯ ᠰᠠᠨᠠᠭᠠᠨ ᠤ ᠵᠣᠬᠢᠶᠠᠨ ᠪᠠᠶᠢᠭᠤᠯᠤᠯᠲᠠ᠂ ᠤᠬᠠᠭᠤᠯᠭ᠎ᠠ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠤᠯᠡᠠ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠨᠡᠶᠢᠭᠡᠮ ᠵᠢᠷᠤᠮ ᠤᠨ ᠤᠶᠦᠠ ᠤ ᠪᠣᠯᠪᠠᠰᠤᠨ ᠤ ᠪᠠᠶᠢᠭᠤᠯᠤᠯᠲᠠ ᠪᠠ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠴᠢᠩᠭᠠᠳᠬᠠᠨ᠎ᠠ᠃      ︵ᠬᠤᠶᠠᠷ︶ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠤ ᠪᠦᠬᠦ ᠬᠤᠳᠠ ᠶᠢᠨ ᠬᠥᠭᠵᠢᠯᠲᠡ ᠳᠤ ᠲᠠᠯᠪᠢᠭᠰᠠᠨ ᠶᠡᠷᠦᠩᠬᠡᠢ ᠱᠠᠭᠠᠷᠳᠠᠯᠭ᠎ᠠ ᠶᠢ ᠦᠨᠳᠦᠰᠦᠯᠡᠨ᠂ ᠬᠠᠷᠢᠶ᠎ᠠ ᠣᠷᠣᠨ ᠤ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠪᠠ ᠨᠡᠶᠢᠭᠡᠮ ᠤᠨ ᠬᠥᠭᠵᠢᠯᠲᠡ ᠶᠢᠨ ᠳᠤᠮᠳᠠᠬᠢ ᠴᠢᠬᠤᠯᠠ ᠠᠰᠠᠭᠤᠳᠠᠯ ᠢ ᠰᠤᠳᠤᠯᠵᠤ᠂ ᠦᠨᠡᠨ ᠬᠦ ᠬᠡᠷᠡᠭᠵᠢᠭᠦᠯᠵᠦ ᠪᠣᠯᠬᠤᠶᠢᠴᠠ ᠠᠵᠢᠯ ᠤᠨ ᠲᠥᠯᠥᠪᠯᠡᠭᠡ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃      ︵ᠭᠤᠷᠪᠠ︶ ᠬᠤᠲᠠ ᠶᠢᠨ ᠬᠠᠮᠢᠶᠠᠷᠤᠯᠲᠠ ᠶᠢᠨ ᠠᠵᠢᠯ ᠢ ᠶᠡᠬᠡᠪᠡᠷ ᠴᠢᠩᠭᠠᠳᠬᠠᠵᠤ᠂ ᠬᠠᠷᠢᠶ᠎ᠠ ᠣᠷᠣᠨ ᠤ ᠳᠣᠲᠣᠷᠠᠬᠢ ᠬᠤᠲᠠ ᠶᠢᠨ ᠳᠦᠷᠰᠦ ᠪᠠᠶᠢᠳᠠᠯ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠪᠠᠭ᠎ᠠ ᠲᠣᠭᠤᠷᠢᠭ ᠤᠨ ᠠᠳᠠᠯ ᠠᠬᠤᠢ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ᠂ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ᠂ ᠠᠮᠢᠲᠠᠨ ᠤ ᠬᠢᠵᠢᠭ ᠢ ᠰᠡᠷᠭᠡᠶᠢᠯᠡᠬᠦ᠂ ︽ᠬᠤᠲᠠ ᠶᠢ ᠪᠠᠶᠢᠭᠤᠯᠬᠤ︾ ᠵᠡᠷᠭᠡ ᠠᠵᠢᠯ ᠢ ᠵᠣᠬᠢᠶᠠᠨ ᠪᠠᠶᠢᠭᠤᠯᠤᠨ ᠰᠠᠶᠢᠲᠤᠷ ᠥᠷᠨᠢᠭᠦᠯᠦᠨ᠎ᠡ︔ ᠬᠤᠲᠠ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ᠂ ᠣᠯᠠᠨ ᠨᠡᠶᠢᠲᠡ ᠶᠢᠨ ᠦᠢᠯᠡᠴᠢᠯᠡᠭᠡᠨ ᠤ ᠲᠦᠬᠦᠭᠡᠷᠣᠮᠵᠢ ᠶᠢᠨ ᠲᠥᠯᠦᠪᠵᠢᠭᠦᠯᠭᠡ ᠶᠢᠨ ᠵᠠᠬ᠎ᠠ ᠳᠡᠯᠭᠡᠭᠦᠷ ᠲᠤ ᠬᠢᠨᠠᠯᠲᠠ ᠲᠠᠯᠪᠢᠬᠤ᠂ ᠣᠷᠴᠢᠨ ᠲᠣᠭᠤᠷᠢᠨ ᠤ ᠬᠠᠮᠠᠭᠠᠯᠠᠯᠲᠠ᠂ ᠬᠠᠭᠤᠴᠢᠨ ᠪᠠᠭ᠎ᠠ ᠲᠣᠭᠤᠷᠢᠭ ᠢ ᠴᠡᠭᠴᠡᠯᠡᠨ ᠵᠠᠰᠠᠬᠤ᠂ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠬᠠᠮᠢᠶᠠᠷᠤᠯᠲᠠ ᠵᠡᠷᠭᠡ ᠠᠵᠢᠯ ᠢ ᠬᠠᠮᠵᠢᠨ ᠥᠷᠨᠢᠭᠦᠯᠦᠨ᠎ᠡ᠃      ︵ᠳᠥᠷᠪᠡ︶ ᠰᠠᠭᠤᠭᠠᠯᠢ ᠠᠷᠠᠳ ᠤᠨ ᠵᠥᠪᠯᠡᠯ ᠤᠨ ᠵᠣᠬᠢᠶᠠᠨ ᠪᠠᠶᠢᠭᠤᠯᠤᠯᠲᠠ ᠶᠢᠨ ᠴᠣᠬᠴᠠᠯᠠᠯᠳᠡ ᠪᠠ ᠳᠦᠷᠢᠮ ᠤᠨ ᠪᠠᠶᠢᠭᠤᠯᠤᠯᠲᠠ ᠶᠢ ᠵᠢᠯᠤᠭᠤᠳᠴᠤ᠂ ᠣᠯᠠᠨ ᠲᠦᠮᠡᠨ ᠢ ᠳᠠᠶᠢᠴᠢᠯᠠᠨ ᠣᠯᠠᠨ ᠲᠦᠮᠡᠨ ᠳᠤ ᠦᠢᠯᠡᠴᠢᠯᠡᠭᠦᠯᠵᠦ᠂ ᠰᠠᠭᠤᠭᠠᠯᠢ ᠠᠷᠠᠳ ᠤᠨ ᠵᠥᠪᠯᠡᠯ ᠤᠨ ᠬᠠᠤᠯᠢ ᠴᠠᠭᠠᠵᠠ ᠶᠢ ᠤᠬᠠᠭᠤᠯᠬᠤ᠂ ᠰᠠᠭᠤᠭᠠᠯᠢ ᠠᠷᠠᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ᠂ ᠰᠠᠭᠤᠭᠠᠯᠢ ᠠᠷᠠᠳ ᠢ ᠰᠤᠷᠭᠠᠨ ᠬᠥᠮᠥᠵᠢᠭᠦᠯᠵᠦ ᠬᠠᠤᠯᠢ ᠶᠣᠰᠣᠭᠠᠷ ᠭᠦᠢᠴᠡᠳᠬᠡᠪᠡᠰᠦ ᠵᠣᠬᠢᠬᠤ ᠡᠭᠦᠷᠭᠡ ᠶᠢ ᠨᠢ ᠭᠦᠢᠴᠡᠳᠬᠡᠬᠦ ᠵᠡᠷᠭᠡ ᠲᠠᠯ᠎ᠠ ᠪᠠᠷ ᠬᠢ ᠦᠢᠯᠡᠳᠦᠯ ᠢ ᠭᠦᠢᠴᠡᠳ ᠪᠠᠳᠠᠷᠠᠭᠤᠯᠤᠨ᠎ᠠ᠃      ︵ᠲᠠᠪᠤ︶ ᠴᠡᠷᠢᠭ ᠢᠶᠠᠨ ᠬᠦᠷᠢᠶᠡᠯᠡᠨ ᠭᠡᠷ ᠪᠦᠯᠢ ᠶᠢ ᠨᠢ ᠬᠠᠷᠠᠭᠠᠯᠵᠠᠬᠤ᠂ ᠭᠠᠮᠰᠢᠭ ᠠᠴᠠ ᠰᠡᠷᠭᠡᠶᠢᠯᠡᠨ ᠭᠠᠮᠰᠢᠭ ᠠᠴᠠ ᠠᠪᠤᠷᠠᠬᠤ᠂ ᠬᠦᠴᠢᠷ ᠵᠣᠪᠠᠭᠤᠷᠢ ᠲᠠᠢ ᠬᠦᠮᠣᠰ ᠢ ᠲᠡᠳᠬᠦᠵᠦ ᠵᠡᠮᠳᠡᠭᠴᠦᠳ ᠢ ᠲᠤᠰᠠᠯᠠᠬᠤ᠂ ᠨᠡᠶᠢᠭᠡᠮ  ᠤᠨ ᠰᠤᠷᠭᠠᠨ ᠬᠥᠮᠦᠵᠢᠯ᠂ ᠨᠡᠶᠢᠭᠡᠮ ᠤᠨ ᠪᠠᠲᠤᠯᠠᠭ᠎ᠠ᠂ ᠬᠥᠳᠡᠯᠮᠦᠷᠢ ᠠᠵᠢᠯ ᠣᠯᠭᠤᠯᠲᠠ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠰᠣᠶᠣᠯ᠂ ᠡᠷᠡᠭᠦᠯ ᠬᠠᠮᠠᠭᠠᠯᠠᠯ ᠡᠷᠡᠭᠦᠯ ᠮᠡᠨᠳᠤ ᠵᠡᠷᠭᠡ ᠨᠡᠶᠢᠭᠡᠮ ᠤᠨ ᠬᠡᠷᠡᠭ ᠶᠠᠪᠤᠳᠠᠯ   ᠤᠨ ᠠᠵᠢᠯ   ᠢ ᠬᠠᠷᠢᠭᠤᠴᠠᠨ᠎ᠠ᠃      ︵ᠵᠢᠷᠭᠤᠭ᠎ᠠ︶ ᠬᠠᠷᠢᠶ᠎ᠠ ᠣᠷᠣᠨ ᠤ ᠪᠠᠨ ᠠᠷᠠᠳ ᠤᠨ ᠵᠡᠪᠰᠡᠭᠲᠦ ᠬᠦᠴᠦᠨ ᠤ ᠬᠤᠯᠪᠣᠭᠳᠠᠯ ᠪᠦᠬᠦᠢ ᠠᠵᠢᠯ ᠢ ᠬᠠᠷᠢᠭᠤᠴᠠᠨ᠎ᠠ᠃      ︵ᠲᠤᠯᠤᠭ᠎ᠠ︶ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠪᠠ ᠬᠠᠤᠯᠢ ᠴᠠᠭᠠᠵᠠ ᠶᠢᠨ ᠦᠢᠯᠡᠴᠢᠯᠡᠭᠡ ᠶᠢ ᠥᠷᠨᠢᠭᠦᠯᠵᠦ᠂ ᠨᠡᠶᠢᠭᠡᠮ ᠤᠨ ᠵᠥᠷᠢᠴᠡᠯ ᠪᠠ ᠵᠢᠭᠤᠷᠠᠯᠳᠤᠭᠠᠨ ᠢ ᠠᠷᠢᠯᠭᠠᠵᠤ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠵᠠᠬᠢᠳᠠᠯ ᠰᠣᠷᠪᠤᠯᠵᠢᠯᠠᠯ ᠤᠨ ᠲᠣᠭᠲᠠᠭᠤᠨ ᠪᠠᠶᠢᠳᠠᠯ ᠢ ᠬᠠᠮᠠᠭᠠᠯᠠᠬᠤ ᠪᠠ ᠨᠡᠶᠢᠭᠡᠮ ᠢ ᠶᠡᠷᠦᠩᠬᠡᠶᠢᠯᠡᠨ ᠵᠠᠰᠠᠬᠤ ᠠᠵᠢᠯ ᠢ ᠰᠠᠶᠢᠲᠤᠷ ᠬᠢᠵᠦ᠂ ᠨᠡᠶᠢᠭᠡᠮ ᠤᠨ ᠡᠮᠬᠢ ᠵᠢᠷᠤᠮ ᠤᠨ ᠲᠣᠭᠲᠠᠭᠤᠨ ᠪᠠᠶᠢᠳᠠᠯ ᠢ ᠬᠠᠮᠠᠭᠠᠯᠠᠨ᠂ ᠲᠣᠣᠷᠵᠢᠭᠤᠯᠤᠭᠰᠠᠨ ᠬᠠᠮᠢᠶᠠᠷᠤᠯᠲᠠ ᠶᠢ ᠰᠠᠶᠢᠲᠤᠷ ᠠᠳᠬᠤᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠨ᠎ᠠ᠃      ︵ᠨᠠᠢᠮᠠ︶ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠠᠵᠢᠯ ᠤᠳ ᠢ ᠪᠡᠶᠡᠯᠡᠭᠦᠯᠬᠦ ᠬᠡᠷᠡᠭᠲᠡᠢ᠃  
 
ᠢᠷᠡᠯᠲᠡ᠄ ᠷᠡᠰᠢᠶᠠᠨ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号