ᠷᠠᠰᠢᠶᠠᠨ ᠬᠤᠲᠠ ᠶᠢᠨ ᠸᠧᠨᠴᠢᠣᠸᠠᠨ ᠵᠡᠭᠡᠯᠢ ᠶᠢᠨ ᠬᠡᠷᠡᠭ ᠡᠷᠬᠢᠯᠡᠬᠦ ᠭᠠᠵᠠᠷ
ᠨᠡᠶᠢᠲᠡᠯᠡᠭᠰᠡᠨ ᠴᠠᠭ᠄
2023/12/29
     ︵ᠨᠢᠭᠡ︶ ᠨᠠᠮ ᠤᠨ ᠱᠤᠭᠤᠮ᠂ ᠴᠢᠭᠯᠡᠯᠲᠡ᠂ ᠲᠦᠷᠣ ᠶᠢᠨ ᠪᠣᠳᠣᠯᠭ᠎ᠠ ᠪᠠ ᠤᠯᠤᠰ ᠤᠨ ᠬᠠᠤᠯᠢ ᠴᠠᠭᠠᠵᠠ᠂ ᠬᠠᠤᠯᠢ ᠲᠣᠭᠲᠠᠭᠠᠯ ᠢ ᠤᠬᠠᠭᠤᠯᠤᠨ ᠲᠤᠭᠤᠰᠢᠯᠠᠭᠤᠯᠵᠤ᠂ ᠳᠡᠭᠡᠳᠦ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠰᠢᠢᠳᠪᠦᠷᠢ᠂ ᠲᠣᠭᠲᠠᠭᠠᠯ ᠢ ᠬᠡᠷᠡᠭᠵᠢᠭᠦᠯᠵᠦ᠂ ᠨᠠᠮ ᠪᠠ ᠵᠠᠰᠠᠭ ᠤᠨ ᠣᠷᠳᠣᠨ ᠤ ᠡᠯ᠎ᠡ ᠵᠦᠢᠯ ᠤᠨ ᠡᠭᠦᠷᠭᠡ ᠶᠢᠨ ᠤᠷᠤᠭᠰᠢᠲᠠᠢ ᠪᠡᠶᠡᠯᠡᠭᠳᠡᠬᠦ ᠶᠢ ᠪᠠᠲᠤᠯᠠᠨ᠎ᠠ᠃      ︵ᠬᠤᠶᠠᠷ︶ ᠲᠣᠰ ᠵᠡᠭᠡᠯᠢ ᠶᠢᠨ ᠬᠤᠲᠠ ᠶᠢᠨ ᠬᠠᠮᠢᠶᠠᠷᠤᠯᠲᠠ᠂ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠪᠠ ᠨᠡᠶᠢᠭᠡᠮ ᠲᠣᠭᠤᠷᠢᠭ ᠤᠨ ᠦᠢᠯᠡᠴᠢᠯᠡᠭᠡ ᠵᠡᠷᠭᠡ ᠲᠠᠯ᠎ᠠ ᠶᠢᠨ ᠴᠢᠬᠤᠯᠠ ᠶᠡᠭᠡ ᠠᠰᠠᠭᠤᠳᠠᠯ ᠢ ᠰᠤᠳᠤᠯᠤᠨ ᠲᠣᠭᠲᠠᠭᠠᠨ᠎ᠠ᠃      ︵ᠭᠤᠷᠪᠠ︶ ᠬᠠᠷᠢᠶ᠎ᠠ ᠣᠷᠣᠨ ᠤ ᠪᠠᠨ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠲᠥᠯᠦᠪᠵᠢᠭᠦᠯᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠨᠠᠶᠢᠳᠠᠪᠤᠷᠢᠵᠢᠭᠤᠯᠤᠨ᠎ᠠ︔      ︵ᠲᠦᠷᠪᠡ︶ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭ᠎ᠠ ᠵᠡᠷᠭᠡ ᠤᠯᠡᠠ ᠨᠠᠶᠢᠳᠡ ᠶᠢᠨ ᠵᠣᠬᠢᠶᠠᠨ ᠪᠠᠶᠢᠭᠤᠯᠤᠯᠲᠠ ᠶᠢ ᠤᠳᠤᠷᠢᠳᠴᠤ᠂ ᠵᠠᠰᠠᠭ ᠵᠠᠬᠢᠷᠭᠠᠨ ᠤ ᠵᠣᠬᠢᠶᠠᠨ ᠪᠠᠶᠢᠭᠤᠯᠤᠯᠲᠠ᠂ ᠤᠯᠡᠠ  ᠨᠠᠶᠢᠳᠡ ᠶᠢᠨ ᠥᠪᠡᠷᠲᠡᠭᠡᠨ ᠵᠠᠰᠠᠬᠤ ᠵᠣᠬᠢᠶᠠᠨ ᠪᠠᠶᠢᠭᠤᠯᠤᠯᠲᠠ ᠶᠢᠨ ᠬᠠᠤᠯᠢ ᠴᠠᠭᠠᠵᠠ ᠪᠠ ᠲᠤᠰ ᠲᠤᠰ ᠤᠨ ᠲᠦᠷᠢᠮ ᠶᠣᠰᠣᠭᠠᠷ ᠪᠡᠶ᠎ᠡ ᠪᠠᠨ ᠳᠠᠭᠠᠭᠠᠵᠤ ᠠᠵᠢᠯ ᠢᠶᠠᠨ ᠥᠷᠨᠢᠭᠦᠯᠬᠦ ᠶᠢ ᠲᠡᠮᠵᠢᠵᠦ ᠪᠠᠲᠤᠯᠠᠨ᠎ᠠ᠃      ︵ᠲᠠᠪᠤ︶ ᠵᠡᠭᠡᠯᠢ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠲᠤᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠵᠡᠭᠡᠯᠢ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠦᠢᠯᠡᠳᠦᠯ ᠪᠠ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠎ᠠ᠃      ︵ᠵᠢᠷᠭᠤᠭ᠎ᠠ︶ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠴᠢᠩᠭᠠᠳᠬᠠᠵᠤ᠂ ᠢᠯᠵᠠᠷᠠᠯ ᠢ ᠡᠰᠡᠷᠭᠦᠴᠡᠨ ᠠᠷᠢᠭᠤᠨ ᠴᠢᠬᠡᠴᠢ ᠶᠢ ᠡᠷᠬᠢᠮᠯᠡᠬᠦ ᠦᠵᠡᠯ ᠰᠠᠨᠠᠭᠠᠨ ᠤ ᠬᠥᠮᠦᠵᠢᠯ ᠤᠨ ᠠᠵᠢᠯ ᠢ ᠥᠷᠨᠢᠭᠦᠯᠦᠨ᠎ᠡ᠃      ︵ᠲᠤᠯᠤᠭ᠎ᠠ︶ ᠨᠡᠶᠢᠭᠡᠮ ᠲᠣᠭᠤᠷᠢᠭ ᠤᠨ ᠨᠠᠮ ᠤᠨ ᠪᠠᠶᠢᠭᠤᠯᠤᠯᠲᠠ ᠶᠢᠨ ᠲᠥᠯᠦᠪᠵᠢᠭᠦᠯᠭᠡ ᠶᠢ ᠵᠣᠬᠢᠶᠠᠨ ᠪᠠᠶᠢᠭᠤᠯᠤᠨ ᠲᠣᠭᠲᠠᠭᠠᠵᠤ᠂ ᠨᠡᠶᠢᠭᠡᠮ ᠲᠣᠭᠤᠷᠢᠭ ᠤᠨ ᠨᠢᠭᠡᠴᠢ ᠶᠢᠨ ᠨᠠᠮ ᠤᠨ ᠵᠣᠬᠢᠶᠠᠨ ᠪᠠᠶᠢᠭᠤᠯᠤᠯᠲᠠ ᠪᠠ ᠨᠡᠶᠢᠭᠡᠮ ᠲᠣᠭᠤᠷᠢᠭ ᠲᠤ ᠠᠵᠢᠯᠯᠠᠵᠤ ᠪᠠᠶᠢᠭ᠎ᠠ ᠨᠠᠮ ᠤᠨ ᠭᠡᠰᠢᠭᠦᠨ ᠤ ᠨᠡᠶᠢᠭᠡᠮ ᠲᠣᠭᠤᠷᠢᠭ ᠤᠨ ᠤᠯᠤᠰ ᠲᠦᠷᠦ ᠶᠢᠨ ᠠᠮᠢᠳᠤᠷᠠᠯ ᠳᠤ ᠢᠳᠡᠪᠬᠢᠲᠡᠢ ᠣᠷᠣᠯᠴᠠᠬᠤ ᠶᠢ ᠵᠣᠬᠢᠴᠠᠭᠤᠯᠤᠨ ᠵᠢᠯᠣᠭᠤᠳᠤᠨ᠎ᠠ᠃      ︵ᠨᠠᠢᠮᠠ︶ ᠺᠠᠳ᠋ᠷ ᠢ ᠬᠠᠮᠢᠶᠠᠷᠬᠤ ᠡᠷᠬᠡ ᠶᠢᠨ ᠬᠡᠪᠴᠢᠶ᠎ᠡ ᠶᠢᠨ ᠶᠣᠰᠣᠭᠠᠷ ᠲᠤᠰ ᠵᠡᠭᠡᠯᠢ ᠶᠢᠨ ᠺᠠᠳ᠋ᠷ ᠢ ᠬᠥᠮᠥᠵᠢᠭᠦᠯᠬᠦ᠂ ᠰᠢᠯᠢᠨ ᠳᠡᠪᠰᠢᠭᠦᠯᠬᠦ᠂ ᠬᠢᠨᠠᠨ ᠰᠢᠯᠭᠠᠬᠤ ᠪᠠ ᠬᠢᠨᠠᠯᠲᠠ ᠲᠠᠯᠪᠢᠬᠤ ᠠᠵᠢᠯ ᠢ ᠰᠠᠶᠢᠲᠤᠷ ᠬᠢᠬᠦ ᠬᠡᠷᠡᠭᠲᠡᠢ᠃      ︵ᠶᠢᠰᠦ︶ ᠨᠡᠶᠢᠭᠡᠮ ᠲᠣᠭᠤᠷᠢᠭ ᠤᠨ ᠦᠵᠡᠯ ᠰᠠᠨᠠᠭ᠎ᠠ ᠤᠯᠤᠰ ᠲᠦᠷᠣ ᠶᠢᠨ ᠠᠵᠢᠯ᠂ ᠦᠵᠡᠯ ᠤᠬᠠᠮᠰᠠᠷ ᠤᠨ ᠬᠡᠯᠪᠡᠷᠢ ᠪᠠ ᠤᠶᠦᠠ ᠤ ᠪᠣᠯᠪᠠᠰᠤᠨ ᠤ ᠪᠠᠶᠢᠭᠤᠯᠤᠯᠲᠠ ᠶᠢ ᠤᠳᠤᠷᠢᠳᠤᠨ᠎ᠠ᠃       ︵ᠠᠷᠪᠠ︶ ᠨᠢᠭᠡᠳᠦᠮᠡᠯ ᠹᠷᠣᠨᠲ ᠤᠨ ᠠᠵᠢᠯ ᠢ ᠰᠠᠶᠢᠳᠣᠷ ᠬᠢᠬᠦ ᠬᠡᠷᠡᠭᠲᠡᠢ︔ ᠠᠷᠠᠳ ᠤᠨ ᠵᠡᠪᠰᠡᠭᠲᠦ ᠬᠦᠴᠦᠨ ᠤ ᠠᠵᠢᠯ ᠢ ᠰᠠᠶᠢᠲᠤᠷ ᠬᠢᠨ᠎ᠡ᠃      ︵ᠠᠷᠪᠠᠨ ᠨᠢᠭᠡ︶ ᠰᠠᠭᠤᠭᠠᠯᠢ ᠠᠷᠠᠳ ᠤᠨ ᠲᠣᠭᠤᠷᠢᠭ᠂ ᠵᠡᠭᠡᠯᠢ ᠭᠤᠳᠤᠮᠵᠢ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠪᠠ ᠨᠣᠭᠤᠭᠠᠷᠠᠭᠤᠯᠤᠯᠲᠠ ᠭᠤᠶᠣᠵᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ ᠂ ᠬᠠᠷᠢᠶ᠎ᠠ ᠣᠷᠣᠨ ᠤ ᠳᠣᠲᠣᠷᠠᠬᠢ ᠨᠢᠭᠡᠴᠢ ᠪᠠ ᠰᠠᠭᠤᠭᠠᠯᠢ ᠠᠷᠠᠳ ᠢ ᠵᠣᠬᠢᠶᠠᠨ ᠪᠠᠶᠢᠭᠤᠯᠤᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠥᠷᠨᠢᠭᠦᠯᠵᠦ᠂ ᠭᠤᠣᠯ ᠮᠥᠷᠡᠨ ᠤ ᠳᠠᠷᠤᠭ᠎ᠠ ᠶᠢᠨ ᠳᠦᠷᠢᠮ ᠤᠨ ᠠᠵᠢᠯ ᠢ ᠠᠬᠢᠭᠤᠯᠤᠨ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ ᠪᠠ ᠣᠷᠴᠢᠨ ᠲᠣᠭᠤᠷᠢᠨ ᠤ ᠡᠮᠬᠢ ᠳᠢᠭᠯᠢᠮ ᠢ ᠶᠡᠷᠦᠩᠬᠡᠶᠢᠯᠡᠨ ᠵᠠᠰᠠᠬᠤ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢ ᠠᠬᠢᠭᠤᠯᠤᠨ᠎ᠠ᠃      ︵ᠠᠷᠪᠠᠨ ᠬᠤᠶᠠᠷ︶ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠵᠢᠯᠣᠭᠤᠳᠤᠯᠭ᠎ᠠ ᠳᠣᠣᠷ᠎ᠠ ᠴᠡᠷᠢᠭ ᠢᠶᠠᠨ ᠬᠦᠷᠢᠶᠡᠯᠡᠨ ᠭᠡᠷ ᠪᠦᠯᠢ ᠶᠢ ᠨᠢ ᠬᠠᠷᠠᠭᠠᠯᠵᠠᠬᠤ᠂ ᠭᠠᠵᠠᠷ ᠣᠷᠣᠨ ᠤ ᠵᠠᠮ ᠬᠠᠷᠢᠯᠴᠠᠭᠠᠨ ᠤ ᠠᠮᠤᠷ ᠲᠦᠪᠰᠢᠨ᠂ ᠠᠷᠠᠳ ᠤᠨ ᠠᠭᠠᠷ ᠤᠨ ᠰᠡᠷᠭᠡᠶᠢᠯᠡᠯᠲᠡ ᠵᠡᠷᠭᠡ ᠠᠵᠢᠯ ᠢ ᠥᠷᠨᠢᠭᠦᠯᠦᠨ᠎ᠡ᠃      ︵ᠠᠷᠪᠠᠨ ᠭᠤᠷᠪᠠ︶ ᠨᠠᠰᠤᠲᠠᠶᠢᠴᠤᠳ᠂ ᠡᠮᠡᠭᠲᠡᠶᠢᠴᠦᠳ᠂ ᠨᠠᠰᠤᠨ ᠳᠤ ᠦᠯᠣ ᠬᠦᠷᠦᠭᠰᠡᠦᠠ ᠪᠠ ᠵᠡᠮᠳᠡᠭᠴᠦᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃      ︵ᠠᠷᠪᠠᠨ ᠳᠥᠷᠪᠡ︶ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ᠂ ᠨᠡᠶᠢᠭᠡᠮ ᠤᠨ ᠳᠠᠭᠠᠳᠬᠠᠯ ᠵᠡᠷᠭᠡ ᠨᠡᠶᠢᠭᠡᠮ ᠤᠨ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠣᠷᠣᠨ ᠰᠠᠭᠤᠴᠠ ᠶᠢᠨ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠴᠠᠭᠤᠯᠤᠨ ᠬᠥᠳᠡᠯᠮᠦᠷᠢ ᠠᠵᠢᠯ ᠣᠯᠭᠤᠯᠲᠠ ᠶᠢᠨ ᠠᠵᠢᠯ ᠢ ᠰᠠᠶᠢᠲᠤᠷ ᠬᠢᠨ᠎ᠡ᠃      ︵ᠠᠷᠪᠠᠨ ᠲᠠᠪᠤ︶ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ᠂ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠬᠥᠭᠵᠢᠯᠲᠡ ᠶᠢᠨ ᠲᠥᠯᠦᠪᠵᠢᠭᠦᠯᠭᠡ ᠶᠢ ᠲᠣᠭᠲᠠᠭᠠᠵᠤ᠂ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠣᠶᠢᠯᠡᠰ ᠢ ᠬᠥᠭᠵᠢᠭᠦᠯᠦᠨ᠂ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠡᠬᠢ ᠪᠠᠶᠠᠯᠢᠭ ᠢ ᠵᠦᠢ ᠵᠣᠬᠢᠰᠲᠠᠢ ᠲᠣᠬᠢᠷᠠᠭᠤᠯᠬᠤ ᠬᠡᠷᠡᠭᠲᠡᠢ᠃      ︵ᠠᠷᠪᠠᠨ ᠵᠢᠷᠭᠤᠭ᠎ᠠ︶ ᠨᠡᠶᠢᠭᠡᠮ ᠲᠣᠭᠤᠷᠢᠭ   ᠤᠨ ᠦᠢᠯᠡᠴᠢᠯᠡᠭᠡᠨ ᠤ ᠰᠠᠶᠢᠨ ᠳᠤᠷ᠎ᠠ ᠶᠢᠨ ᠣᠶᠢᠯᠡᠴᠢᠯᠡᠭᠴᠢᠳ ᠤᠨ ᠡᠩᠨᠡᠭᠡ ᠶᠢ ᠵᠣᠬᠢᠶᠠᠨ ᠪᠠᠶᠢᠭᠤᠯᠵᠤ᠂ ᠨᠢᠭᠡᠴᠢ ᠪᠣᠯᠣᠨ ᠰᠠᠭᠤᠭᠠᠯᠢ ᠠᠷᠠᠳ ᠢ ᠲᠠᠶᠢᠴᠢᠯᠠᠨ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠦᠢᠯᠡᠰ ᠢ ᠡᠷᠬᠢᠯᠡᠬᠦᠯᠬᠦ ᠬᠡᠷᠡᠭᠲᠡᠢ᠃      ︵ᠠᠷᠪᠠᠨ ᠳᠣᠯᠤᠭ᠎ᠠ︶ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ ᠤᠨ ᠠᠵᠢᠯ ᠢ ᠵᠢᠯᠤᠭᠤᠳᠴᠤ᠂ ᠳᠡᠭᠡᠳᠦ ᠱᠠᠲᠤᠨ ᠳᠤ ᠰᠠᠭᠤᠭᠠᠯᠢ ᠠᠷᠠᠳ ᠤᠨ ᠰᠠᠨᠠᠯ ᠪᠠ ᠱᠠᠭᠠᠷᠳᠠᠯᠭ᠎ᠠ ᠶᠢ ᠴᠠᠭ ᠲᠤᠬᠠᠢ ᠳᠤᠨᠢ ᠲᠤᠰᠬᠠᠬᠤ ᠬᠡᠷᠡᠭᠲᠡᠢ᠃      ︵ᠠᠷᠪᠠᠨ ᠨᠠᠢᠮᠠ︶ ᠰᠠᠭᠤᠭᠠᠯᠢ ᠠᠷᠠᠳ ᠲᠤ ᠬᠠᠤᠯᠢ ᠪᠠᠷ ᠵᠠᠰᠠᠬᠤ ᠪᠠ ᠨᠡᠶᠢᠭᠡᠮ ᠨᠡᠶᠢᠲᠡ ᠶᠢᠨ ᠶᠣᠰᠣ  ᠰᠣᠷᠳᠡᠬᠤᠨ ᠤ ᠬᠥᠮᠦᠵᠢᠯ ᠬᠢᠵᠦ᠂ ᠰᠠᠭᠤᠭᠠᠯᠢ ᠠᠷᠠᠳ ᠢ ᠵᠣᠬᠢᠶᠠᠨ ᠪᠠᠶᠢᠭᠤᠯᠤᠨ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠵᠡᠷᠭᠡ ᠨᠡᠶᠢᠭᠡᠮ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠳᠤ ᠣᠷᠣᠯᠴᠠᠭᠤᠯᠤᠨ᠎ᠠ      ︵ᠠᠷᠪᠠ ᠶᠢᠰᠦ︶ ᠬᠠᠷᠢᠶ᠎ᠠ ᠣᠷᠣᠨ ᠤ ᠪᠠᠨ ᠳᠣᠲᠣᠷᠠᠬᠢ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ ᠤᠨ ᠪᠠᠶᠢᠭᠤᠯᠤᠭᠳᠠᠬᠤ ᠵᠢᠴᠢ ᠠᠵᠢᠯᠯᠠᠭ᠎ᠠ ᠳᠤ ᠬᠠᠮᠵᠢᠯᠴᠠᠬᠤ᠂ ᠵᠢᠯᠤᠭᠤᠳᠬᠤ ᠪᠠ ᠬᠢᠨᠠᠯᠲᠠ ᠲᠠᠯᠪᠢᠬᠤ ᠶᠢ ᠬᠠᠷᠢᠭᠤᠴᠠᠵᠤ᠂ ᠵᠢᠭᠤᠷᠠᠯᠳᠤᠭᠠᠨ ᠢ ᠵᠣᠬᠢᠴᠠᠭᠤᠯᠤᠨ ᠰᠢᠢᠳᠪᠦᠷᠢᠯᠡᠨ᠎ᠡ᠃      ︵ᠬᠤᠷᠢ︶ ᠬᠥᠮᠥᠨ ᠠᠮᠠ ᠪᠠ ᠲᠥᠯᠥᠪᠯᠡᠭᠡ ᠲᠠᠢ ᠪᠠᠷ ᠬᠡᠦᠬᠡᠳ ᠠᠪᠬᠤ ᠠᠵᠢᠯ ᠢ ᠬᠠᠷᠢᠭᠤᠴᠠᠨ᠎ᠠ︔ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ   ᠤᠨ ᠠᠵᠢᠯ ᠢ ᠰᠠᠶᠢᠲᠤᠷ ᠬᠢᠨ᠎ᠡ᠃      ︵ᠬᠤᠷᠢᠨ ᠨᠢᠭᠡ︶ ᠣᠯᠠᠨ  ᠨᠠᠶᠢᠳᠡ ᠶᠢᠨ ᠰᠣᠶᠣᠯ᠂ ᠪᠡᠶ᠎ᠡ ᠶᠢᠨ ᠲᠠᠮᠢᠷ ᠤᠨ ᠠᠵᠢᠯᠯᠠᠭ᠎ᠠ ᠪᠠ ᠨᠡᠶᠢᠭᠡᠮ ᠲᠣᠭᠤᠷᠢᠭ ᠤᠨ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ ᠤᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠰᠢᠨᠵᠢᠯᠡᠬᠦ ᠤᠬᠠᠭᠠᠨ ᠤ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠦᠨ᠎ᠡ᠃      ︵ᠬᠤᠷᠢᠨ ᠬᠤᠶᠠᠷ︶ ᠲᠤᠰ ᠣᠷᠣᠨ ᠤ ᠪᠠᠨ ᠦᠨᠳᠦᠰᠦᠨ ᠱᠠᠲᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠬᠢᠭᠡᠳ ᠡᠯ᠎ᠡ ᠲᠥᠷᠥᠯ   ᠤᠨ ᠭᠡᠨᠡᠳᠲᠡ ᠶᠢᠨ ᠬᠡᠷᠡᠭ   ᠢ ᠠᠷᠭᠠᠴᠠᠭᠠᠬᠤ ᠠᠵᠢᠯ ᠢ ᠬᠠᠷᠢᠭᠤᠴᠠᠨ ᠵᠣᠬᠢᠶᠠᠨ ᠪᠠᠶᠢᠭᠤᠯᠤᠨ ᠶᠠᠪᠤᠭᠳᠠᠭᠤᠯᠤᠨ᠎ᠠ᠃      ︵ᠬᠤᠷᠢᠨ ᠭᠤᠷᠪᠠ︶ ᠲᠤᠰ ᠭᠠᠵᠠᠷ ᠣᠷᠣᠨ   ᠤ ᠪᠠᠨ ᠠᠶᠤᠯᠬᠦᠢ ᠦᠢᠯᠡᠳᠪᠦᠷᠢᠯᠡᠯ ᠤᠨ ᠠᠵᠢᠯ ᠳᠤ ᠬᠢᠨᠠᠯᠲᠠ ᠲᠠᠯᠪᠢᠬᠤ ᠪᠠ ᠪᠠᠶᠢᠴᠠᠭᠠᠯᠲᠠ ᠬᠢᠬᠦ ᠶᠢ ᠬᠠᠷᠢᠭᠤᠴᠠᠨ᠎ᠠ᠃      ︵ᠬᠤᠷᠢᠨ ᠳᠥᠷᠪᠡ︶ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠶᠠᠪᠤᠳᠠᠯ ᠤᠳ ᠢ ᠳᠠᠭᠠᠭᠠᠴᠢᠯᠡᠨ ᠭᠦᠢᠴᠡᠳᠬᠡᠨ᠎ᠡ᠃
 
ᠢᠷᠡᠯᠲᠡ᠄ ᠸᠧᠨᠴᠢᠣᠸᠠᠨ ᠵᠡᠭᠡᠯᠢ ᠶᠢᠨ ᠬᠡᠷᠡᠭ ᠡᠷᠬᠢᠯᠡᠬᠦ ᠭᠠᠵᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号