ᠷᠠᠰᠢᠶᠠᠨ ᠬᠤᠲᠠ ᠶᠢᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ
ᠨᠡᠶᠢᠲᠡᠯᠡᠭᠰᠡᠨ ᠴᠠᠭ᠄
2023/12/29
      ᠷᠠᠰᠢᠶᠠᠨ ᠬᠤᠲᠠ ᠶᠢᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠪᠣᠯ ᠷᠠᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠪᠠᠶᠢᠵᠤ᠂ ᠵᠢᠩᠬᠢᠨᠢ ᠰᠠᠯᠠᠭᠠᠨ ᠤ ᠲᠠᠰ ᠤᠨ ᠰᠠᠯᠠᠭ᠎ᠠ ᠮᠦᠴᠢᠷ ᠪᠣᠯᠣᠨ᠎ᠠ᠃      ︵ᠨᠢᠭᠡ︶ ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶ᠎ᠡ ᠴᠠᠷᠠᠭ᠎ᠠ ᠳᠠᠬᠢ ᠬᠠᠤᠯᠢ ᠴᠠᠭᠠᠵᠠ ᠬᠠᠤᠯᠢ ᠲᠣᠭᠲᠠᠭᠠᠯ ᠳᠦᠷᠢᠮ ᠲᠣᠭᠲᠠᠭᠠᠯ ᠳᠤ ᠲᠣᠭᠲᠠᠭᠠᠭᠰᠠᠨ ᠪᠥᠬᠦ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠡᠷᠬᠡ ᠶᠢ ᠡᠭᠦᠷᠭᠡᠯᠡᠨ᠎ᠡ᠃      ︵ᠬᠤᠶᠠᠷ︶ ᠣᠷᠴᠢᠨ ᠲᠣᠭᠤᠷᠢᠨ ᠤ ᠬᠠᠮᠠᠭᠠᠯᠠᠯᠲᠠ ᠬᠠᠮᠢᠶᠠᠷᠤᠯᠲᠠ ᠶᠢᠨ ᠲᠠᠯ᠎ᠠ ᠪᠠᠷ ᠬᠢ ᠨᠡᠶᠢᠭᠡᠮ ᠤᠨ ᠠᠮᠢᠳᠤᠷᠠᠯ ᠤᠨ ᠲᠠᠭᠤ ᠱᠤᠤᠭᠢᠶᠠᠨ ᠤ ᠪᠣᠬᠢᠷᠲᠤᠯ᠂ ᠪᠠᠷᠢᠯᠭ᠎ᠠ ᠶᠢᠨ ᠠᠵᠢᠯ ᠤᠨ ᠲᠠᠭᠤ ᠱᠤᠤᠭᠢᠶᠠᠨ ᠤ ᠪᠣᠬᠢᠷᠲᠤᠯ᠂ ᠪᠠᠷᠢᠯᠭ᠎ᠠ ᠶᠢᠨ ᠠᠵᠢᠯ ᠤᠨ ᠲᠣᠭᠤᠰᠣᠨ ᠤ ᠪᠣᠬᠢᠷᠲᠤᠯ᠂ ᠢᠳᠡᠭᠡᠨ ᠤᠮᠳᠠᠭᠠᠨ ᠤ ᠦᠢᠯᠡᠴᠢᠯᠡᠭᠡᠨ ᠤ ᠦᠢᠯᠡᠰ ᠤᠨ ᠲᠤᠰᠤᠨ ᠣᠳᠤᠭ᠎ᠠ ᠶᠢᠨ ᠪᠣᠬᠢᠷᠲᠤᠯ᠂ ᠵᠠᠳᠠᠭᠠᠢ ᠰᠢᠷᠠᠮᠠᠯ ᠢᠳᠡᠭᠡᠨ ᠤ ᠣᠳᠤᠭ᠎ᠠ ᠲᠣᠭᠤᠰᠣᠨ ᠤ ᠪᠣᠬᠢᠷᠲᠤᠯ᠂ ᠬᠤᠳᠠ ᠶᠢᠨ ᠰᠢᠲᠠᠭᠠᠭᠴᠢ ᠪᠠᠷᠤᠭᠰᠢᠨ ᠰᠦᠯᠢᠶᠥᠦ ᠬᠤᠭ ᠨᠣᠪᠰᠢ ᠵᠡᠷᠭᠡ ᠣᠳᠤᠭ᠎ᠠ ᠲᠣᠭᠤᠰᠣ ᠪᠣᠯᠣᠨ ᠦᠮᠡᠬᠡᠢ ᠦᠨᠦᠷ ᠤᠨ ᠪᠣᠬᠢᠷᠲᠤᠯ᠂ ᠵᠠᠳᠠᠭᠠᠢ ᠰᠢᠲᠠᠭᠠᠭᠴᠢ ᠡᠰᠢ ᠰᠦᠷᠡᠯ ᠤᠨᠠᠭᠰᠠᠨ ᠨᠠᠪᠴᠢ ᠵᠡᠷᠭᠡ ᠶᠢ ᠣᠳᠤᠭ᠎ᠠ ᠲᠣᠭᠤᠰᠣᠨ  ᠤ ᠪᠣᠬᠢᠷᠲᠤᠯ᠂ ᠫᠣᠣᠵᠢᠩ ᠬᠤᠸᠠᠷ ᠫᠤᠤᠵᠢᠩ ᠲᠠᠯᠪᠢᠭᠰᠠᠨ ᠪᠣᠬᠢᠷᠲᠤᠯ ᠵᠡᠷᠭᠡ ᠵᠠᠰᠠᠭ ᠵᠠᠬᠢᠷᠭᠠᠨ ᠢᠶᠠᠷ ᠰᠢᠳᠬᠡᠨ ᠲᠣᠷᠭᠠᠬᠤ ᠡᠷᠬᠡ ᠶᠢ ᠡᠭᠦᠷᠭᠡᠯᠡᠨ᠎ᠡ᠃      ︵ᠭᠤᠷᠪᠠ︶ ᠠᠵᠤ ᠦᠢᠯᠡᠳᠪᠦᠷᠢ ᠬᠤᠳᠠᠯᠳᠤᠭᠠᠨ ᠤ ᠬᠠᠮᠢᠶᠠᠷᠤᠯᠲᠠ ᠶᠢᠨ ᠲᠠᠯ᠎ᠠ ᠶᠢᠨ ᠭᠡᠷ ᠤᠨ ᠭᠠᠳᠠᠨᠠᠬᠢ ᠣᠯᠠᠨ ᠨᠡᠶᠢᠲᠡ ᠶᠢᠨ ᠲᠠᠯᠠᠪᠤᠷ ᠲᠤ ᠦᠨᠡᠮᠯᠡᠯ ᠦᠭᠡᠢ ᠪᠠᠷ ᠡᠵᠡᠩᠨᠡᠬᠦ᠂  ᠬᠠᠣᠯᠢ ᠪᠣᠰᠣ ᠭᠡᠷ ᠤᠨ ᠭᠠᠳᠠᠨᠠᠬᠢ ᠵᠠᠷ ᠮᠡᠳᠡᠭᠡ ᠵᠡᠷᠭᠡ ᠳ᠋ᠣ᠋‌ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠦᠭᠬᠦᠨ᠎ᠠ᠃      ︵ᠲᠦᠷᠪᠡ︶ ᠵᠡᠮ ᠬᠠᠷᠢᠯᠴᠠᠭᠠᠨ ᠤ ᠬᠠᠮᠢᠶᠠᠷᠤᠯᠲᠠ ᠶᠢᠨ ᠲᠠᠯ᠎ᠠ ᠪᠠᠷ ᠬᠤᠳᠠ ᠶᠢᠨ ᠵᠡᠮ ᠢ ᠡᠵᠡᠯᠡᠭᠰᠡᠨ᠂ ᠬᠠᠤᠯᠢ ᠶᠢ ᠵᠥᠷᠢᠴᠡᠨ ᠲᠡᠷᠭᠡ ᠬᠥᠰᠬᠡ ᠵᠣᠭᠰᠣᠭᠠᠭᠰᠠᠨ ᠶᠠᠪᠤᠳᠠᠯ ᠳᠤ ᠵᠠᠰᠠᠭ ᠵᠠᠬᠢᠷᠭᠠᠨ ᠤ ᠰᠢᠳᠬᠡᠯ ᠥᠭᠬᠦ ᠡᠷᠬᠡ ᠶᠢ ᠡᠭᠦᠷᠭᠡᠯᠡᠨ᠎ᠡ᠃      ︵ᠲᠠᠪᠤ︶ ᠤᠰᠤᠨ ᠤ ᠶᠠᠪᠤᠳᠠᠯ ᠤᠨ ᠬᠠᠮᠢᠶᠠᠷᠤᠯᠲᠠ ᠶᠢᠨ ᠲᠠᠯ᠎ᠠ ᠪᠠᠷ ᠬᠤᠲᠠ ᠶᠢᠨ ᠭᠤᠣᠯ ᠤᠨ ᠵᠠᠮ ᠳᠤ ᠬᠠᠶᠠᠭᠳᠠᠮᠠᠯ ᠪᠣᠳᠠᠰ ᠪᠠ ᠬᠤᠭ ᠨᠣᠪᠰᠢ ᠴᠢᠳᠬᠤᠬᠤ ᠵᠢᠴᠢ ᠲᠣᠭᠲᠠᠭᠠᠯ ᠠᠴᠠ ᠵᠥᠷᠢᠴᠡᠨ ᠬᠦᠷᠣᠰᠣ ᠰᠢᠷᠣᠢ ᠠᠪᠬᠤ ᠂ ᠬᠤᠲᠠ ᠶᠢᠨ ᠭᠤᠣᠯ ᠤᠨ ᠭᠤᠯᠳᠣᠷᠢᠯ ᠳᠤ ᠬᠠᠤᠯᠢ ᠠᠴᠠ ᠵᠥᠷᠢᠴᠡᠭᠰᠡᠨ ᠪᠠᠷᠢᠯᠭ᠎ᠠ ᠶᠢ ᠨᠤᠷᠠᠭᠠᠬᠤ ᠳᠤ ᠵᠠᠰᠠᠭ ᠵᠠᠬᠢᠷᠭᠠᠨ ᠤ ᠰᠢᠳᠬᠡᠯ ᠥᠭᠬᠦ ᠡᠷᠬᠡ ᠶᠢ ᠡᠭᠦᠷᠭᠡᠯᠡᠨ᠎ᠡ᠃      ︵ᠵᠢᠷᠭᠤᠭ᠎ᠠ︶ ᠢᠳᠡᠭᠡᠨ ᠪᠠ ᠡᠮ ᠤᠨ ᠵᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠲᠠᠯ᠎ᠠ ᠪᠠᠷ ᠭᠡᠷ ᠤᠨ ᠭᠠᠳᠠᠨᠠᠬᠢ ᠣᠯᠠᠨ ᠨᠡᠶᠢᠲᠡ ᠶᠢᠨ ᠲᠠᠯᠠᠪᠤᠷ ᠲᠤ ᠢᠳᠡᠭᠡᠨ ᠪᠣᠷᠣᠯᠠᠭᠤᠯᠬᠤ ᠪᠠ ᠢᠳᠡᠭᠡᠨ ᠤᠮᠳᠠᠭᠠᠨ ᠤ ᠳᠡᠯᠭᠡᠭᠡ ᠮᠠᠶᠢᠮᠠᠢ ᠶᠢᠨ ᠦᠨᠡᠮᠯᠡᠯ ᠦᠭᠡᠢ ᠪᠠᠷ ᠡᠵᠡᠩᠨᠡᠬᠦ ᠵᠢᠴᠢ ᠬᠠᠤᠯᠢ ᠶᠢ ᠵᠥᠷᠢᠴᠡᠨ ᠡᠮ ᠤᠨ ᠵᠦᠢᠯᠡᠰ ᠢ ᠬᠤᠷᠢᠶᠠᠨ ᠠᠪᠴᠤ ᠫᠠᠨᠽᠠᠯᠠᠬᠤ ᠵᠡᠷᠭᠡ ᠳᠤ ᠵᠠᠰᠠᠭ ᠵᠠᠬᠢᠷᠭᠠᠨ ᠤ ᠰᠢᠳᠬᠡᠯ ᠦᠭᠬᠦᠨ᠎ᠠ᠃      ︵ᠲᠤᠯᠤᠭ᠎ᠠ︶ ᠬᠤᠳᠠ ᠶᠢᠨ ᠨᠠᠮ ᠤᠨ ᠬᠤᠷᠢᠶ᠎ᠠ ᠪᠠ ᠬᠤᠳᠠ ᠶᠢᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠨᠦᠭᠦᠳ ᠢ ᠪᠡᠶᠡᠯᠡᠭᠦᠯᠦᠨ᠎ᠡ᠃  
 
ᠢᠷᠡᠯᠲᠡ᠄ ᠷᠡᠰᠢᠶᠠᠨ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号