ᠷᠠᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠮᠡᠳᠡᠭᠡ 2023 ᠣᠨ ᠤ 2 ᠳ᠋ᠣᠭᠠᠷ ᠬᠤᠭᠤᠴᠠᠭ᠎ᠠ ︵ᠶᠡᠷᠦᠩᠬᠡᠢ 10 ᠳ᠋ᠤᠭᠠᠷ ᠬᠤᠭᠤᠴᠠᠭ᠎ᠠ︶
ᠨᠡᠶᠢᠲᠡᠯᠡᠭᠰᠡᠨ ᠴᠠᠭ᠄
2023/8/29
    ᠵᠠᠰᠠᠭ ᠤᠨ ᠣᠷᠳᠣᠨ ᠤ ᠬᠤᠲᠠ ᠶᠢᠨ ᠳᠠᠷᠤᠭ᠎ᠠ᠂ ᠳᠡᠳ᠋ ᠬᠤᠲᠠ ᠶᠢᠨ ᠳᠠᠷᠤᠭ᠎ᠠ ᠶᠢᠨ ᠠᠵᠢᠯ ᠤᠨ ᠬᠤᠪᠢᠶᠠᠷᠢᠯᠠᠯ ᠢ ᠲᠣᠬᠢᠷᠠᠭᠤᠯᠬᠤ ᠲᠤᠬᠠᠢ ᠷᠠᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ      ᠷᠡᠰᠢᠶᠠᠨ ᠵᠠᠰᠠᠭ ᠲᠠᠷᠬᠠᠭᠠᠬᠤ 〔2023〕 29 ᠳ᠋ᠣᠭᠡᠷ ᠲᠣᠭᠠᠲᠤ      ᠡᠯ᠎ᠡ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ ᠶᠢᠨ ᠬᠡᠷᠡᠭ ᠡᠷᠬᠢᠯᠡᠬᠦ ᠭᠠᠵᠠᠷ᠂ ᠬᠤᠲᠠ ᠶᠢᠨ ᠰᠢᠭᠤᠳ ᠬᠠᠷᠢᠶ᠎ᠠ ᠡᠯ᠎ᠡ ᠵᠥᠪᠯᠡᠯ᠂ ᠠᠯᠪᠠᠨ ᠭᠡᠷ᠂ ᠲᠣᠪᠴᠢᠶ᠎ᠠ᠂ ᠡᠯ᠎ᠡ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ᠂ ᠰᠢᠭᠤᠳ ᠬᠠᠮᠢᠶᠠᠷᠤᠯᠲᠠ ᠶᠢᠨ ᠨᠢᠭᠡᠴᠢ ᠳᠤ᠄      ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠵᠣᠬᠢᠶᠠᠨ ᠪᠠᠶᠢᠭᠤᠯᠬᠤ ᠬᠠᠤᠯᠢ︾ ᠶᠢᠨ ᠲᠣᠭᠲᠠᠭᠠᠯ ᠢ ᠦᠨᠳᠦᠰᠦᠯᠡᠪᠡᠯ᠂ ᠬᠤᠳᠠ ᠶᠢᠨ ᠵᠠᠰᠠᠭ ᠤᠨ ᠣᠷᠳᠣᠨ ᠳᠤ ᠬᠤᠳᠠ ᠶᠢᠨ ᠳᠠᠷᠤᠭ᠎ᠠ ᠬᠠᠷᠢᠭᠤᠴᠠᠬᠤ ᠲᠥᠷᠢᠮ ᠢ ᠬᠡᠷᠡᠭᠵᠢᠭᠦᠯᠵᠦ᠂ ᠬᠤᠳᠠ ᠶᠢᠨ ᠳᠠᠷᠤᠭ᠎ᠠ  ᠨᠢ ᠬᠤᠳᠠ ᠶᠢᠨ ᠵᠠᠰᠠᠭ ᠤᠨ ᠣᠷᠳᠣᠨ ᠤ ᠪᠦᠬᠦ ᠲᠠᠯ᠎ᠠ ᠶᠢᠨ ᠠᠵᠢᠯ ᠢ ᠤᠳᠤᠷᠢᠳᠣᠨ᠂ ᠬᠤᠳᠠ ᠶᠢᠨ ᠳᠡᠳ᠋  ᠲᠠᠷᠤᠭ᠎ᠠ ᠂ ᠪᠠᠶᠢᠴᠠᠭᠠᠬᠴᠢ ᠬᠤᠳᠡ ᠶᠢᠨ ᠲᠠᠷᠤᠭ᠎ᠠ ᠶᠢᠨ ᠠᠵᠢᠯ ᠢ ᠬᠠᠮᠵᠢᠯᠴᠠᠨ᠎ᠠ᠃ ᠠᠵᠢᠯᠲᠠᠨ ᠤ ᠶᠠᠪᠤᠳᠠᠯ ᠤᠨ ᠬᠤᠪᠢᠷᠠᠯᠲᠠ ᠶᠢᠨ ᠪᠠᠶᠢᠳᠠᠯ ᠪᠠ ᠠᠵᠢᠯ ᠤᠨ ᠬᠡᠷᠡᠭᠴᠡᠭᠡ ᠶᠢ ᠦᠨᠳᠦᠰᠦᠯᠡᠨ᠂ ᠰᠤᠳᠤᠯᠤᠨ ᠲᠣᠭᠲᠠᠭᠠᠬᠤ ᠪᠠᠷ ᠲᠠᠮᠵᠢᠵᠣ᠂ ᠬᠤᠳᠠ ᠶᠢᠨ ᠵᠠᠰᠠᠭ ᠤᠨ ᠣᠷᠳᠣᠨ ᠤ ᠤᠳᠤᠷᠢᠳᠬᠤ ᠪᠦᠷᠢᠯᠳᠦᠭᠦᠨ ᠤ ᠠᠵᠢᠯ ᠤᠨ ᠬᠤᠪᠢᠶᠠᠷᠢᠯᠠᠯ ᠳᠤ ᠲᠣᠬᠢᠷᠠᠭᠤᠯᠤᠯᠲᠠ ᠬᠢᠬᠦ ᠪᠠᠷ ᠲᠣᠭᠲᠠᠭᠠᠪᠠ᠂ ᠤᠳᠤ ᠪᠣᠳᠠᠲᠠᠢ ᠠᠵᠢᠯ ᠤᠨ ᠬᠤᠪᠢᠶᠠᠷᠢᠯᠠᠯ ᠢ ᠳᠣᠣᠷᠠᠬᠢ ᠮᠡᠲᠦ ᠮᠡᠳᠡᠭᠳᠡᠯ᠎ᠠ᠄      ᠬᠤᠲᠠ ᠶᠢᠨ ᠳᠠᠷᠤᠭ᠎ᠠ ᠸᠠᠩ ᠰᠢᠶᠣᠣ ᠬᠤᠸᠠᠨ ᠬᠤᠲᠠ ᠶᠢᠨ ᠵᠠᠰᠠᠭ ᠤᠨ ᠣᠷᠳᠣᠨ ᠤ ᠪᠥᠬᠦ ᠲᠠᠯ᠎ᠠ ᠶᠢᠨ ᠠᠵᠢᠯ ᠢ ᠡᠷᠬᠢᠯᠡᠨ᠎ᠠ᠃ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠣᠷᠣᠨ ᠰᠠᠭᠤᠴᠠ ᠶᠢᠨ ᠪᠠᠲᠤᠯᠠᠭ᠎ᠠ᠂ ᠵᠣᠭᠠᠴᠠᠯ ᠤᠨ ᠨᠡᠭᠡᠭᠡᠨ ᠬᠥᠭᠵᠢᠭᠦᠯᠦᠯᠲᠡ᠂ ᠰᠣᠶᠣᠯ ᠪᠡᠶ᠎ᠡ ᠶᠢᠨ ᠲᠠᠮᠢᠷ᠂ ᠬᠢᠨᠠᠨ ᠪᠤᠳᠤᠵᠤ ᠬᠢᠨᠠᠯᠲᠠ ᠲᠠᠯᠪᠢᠬᠤ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠰᠣᠶᠣᠯ ᠵᠣᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠬᠢᠨᠠᠨ ᠪᠤᠳᠤᠬᠤ ᠲᠣᠪᠴᠢᠶ᠎ᠠ ᠶᠢ ᠬᠤᠪᠢᠳᠠᠨ ᠬᠠᠮᠢᠶᠠᠷᠤᠨ᠎ᠠ᠃       ᠬᠤᠲᠠ ᠶᠢᠨ ᠳᠡᠳ᠋ ᠳᠠᠷᠤᠭ᠎ᠠ ᠰᠦᠨ ᠪᠠᠢ ᠴᠤᠸᠠᠨ  ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠠᠵᠢᠯ ᠢ ᠬᠠᠷᠢᠭᠤᠴᠠᠵᠤ᠂ ᠬᠤᠲᠠ ᠶᠢᠨ ᠳᠠᠷᠤᠭ᠎ᠠ ᠶᠢ ᠬᠠᠮᠵᠢᠨ ᠪᠠᠶᠢᠭᠤᠯᠭ᠎ᠠ ᠶᠢᠨ ᠶᠠᠪᠤᠳᠠᠯ᠂ ᠬᠥᠭᠵᠢᠭᠦᠯᠦᠯᠲᠡ ᠥᠭᠡᠷᠡᠴᠢᠯᠡᠯᠲᠡ᠂ ᠬᠢᠨᠠᠨ ᠪᠤᠳᠤᠬᠤ ᠬᠢᠨᠠᠯᠲᠠ ᠲᠠᠯᠪᠢᠬᠤ᠂ ᠠᠵᠤ ᠦᠢᠯᠡᠳᠪᠦᠷᠢ ᠶᠢᠨ ᠬᠥᠭᠵᠢᠯᠲᠡ᠂ ᠡᠳ᠋ ᠤᠨ ᠵᠠᠰᠠᠭ ᠭᠠᠶᠢᠯᠢ ᠲᠠᠲᠠᠪᠤᠷᠢ᠂ ᠮᠥᠩᠭᠦᠨ ᠭᠦᠢᠯᠭᠡᠭᠡ ᠳᠠᠭᠠᠳᠬᠠᠯ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠠᠶᠤᠯᠭᠦᠢ ᠦᠢᠯᠡᠳᠪᠦᠷᠢᠯᠡᠯ᠂ ᠲᠤᠭ᠎ᠠ ᠪᠦᠷᠢᠳᠬᠡᠯ ᠲᠤᠭ᠎ᠠ ᠪᠠᠷᠢᠮᠲᠠ᠂ ᠭᠠᠳᠠᠭᠠᠳᠤ ᠶᠠᠪᠤᠳᠠᠯ ᠪᠣᠭᠤᠮᠲᠠ᠂ ᠬᠤᠳᠠᠯᠳᠤᠭᠠᠨ ᠤ ᠶᠠᠪᠤᠳᠠᠯ ᠭᠦᠢᠯᠭᠡᠭᠡ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ᠂ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃      ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠲᠤᠭ᠎ᠠ ᠪᠦᠷᠢᠳᠬᠡᠯ ᠤᠨ ᠲᠣᠪᠴᠢᠶ᠎ᠠ᠂ ᠭᠠᠳᠠᠭᠠᠳᠤ ᠶᠠᠪᠤᠳᠠᠯ ᠤᠨ ᠠᠯᠪᠠᠨ ᠭᠡᠷ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ᠂ ᠲᠣᠮᠣ ᠳ᠋ᠠᠶᠢᠲ᠋ᠠ ᠶᠢᠨ ᠲᠥᠪ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠭᠡᠷ᠂ ᠬᠤᠲᠠ ᠶᠢᠨ ᠹᠧᠩ ᠱᠧᠩ ᠶᠤᠸᠠᠨ ᠪᠡᠯᠡ ᠣᠷᠣᠭᠤᠯᠤᠯᠲᠠ ᠶᠢᠨ  ᠪᠦᠷᠢᠨ ᠪᠣᠰᠣ ᠬᠠᠷᠢᠭᠤᠴᠠᠯᠭᠠᠲᠤ ᠺᠣᠮᠫᠠᠨᠢ ᠶᠢ ᠬᠤᠪᠢᠳᠠᠨ ᠬᠠᠮᠢᠶᠠᠷᠤᠨ᠎ᠠ᠃ ᠬᠤᠲᠠ ᠶᠢᠨ ᠳᠠᠷᠤᠭ᠎ᠠ ᠶᠢ ᠬᠠᠪᠰᠤᠷᠤᠨ ᠬᠢᠨᠠᠨ ᠪᠣᠳᠣᠬᠤ ᠲᠣᠪᠴᠢᠶ᠎ᠠ ᠶᠢ ᠬᠤᠪᠢᠳᠠᠨ ᠬᠠᠮᠢᠶᠠᠷᠤᠨ᠎ᠠ᠃      ᠬᠠᠷᠢᠯᠴᠠᠬᠤ ᠨᠢᠭᠡᠴᠢ᠄ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠤᠯᠤᠰ ᠲᠥᠷᠥ ᠶᠢᠨ ᠵᠥᠪᠯᠡᠯᠭᠡᠨ᠂ ᠬᠤᠲᠠ ᠶᠢᠨ ᠬᠢᠨᠠᠨ ᠪᠠᠶᠢᠴᠠᠭᠠᠬᠤ ᠵᠥᠪᠯᠡᠯ᠂ ᠠᠷᠠᠳ ᠤᠨ ᠵᠡᠪᠰᠡᠭᠲᠦ ᠬᠦᠴᠦᠨ ᠤ ᠬᠡᠯᠳᠡᠰ᠂ ᠷᠠᠰᠢᠶᠠᠨ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠥᠷᠲᠡᠭᠡ ᠂ ᠷᠠᠰᠢᠶᠠᠨ ᠪᠣᠭᠤᠮᠲᠠ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠷᠠᠰᠢᠶᠠᠨ ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠷᠠᠰᠢᠶᠠᠨ ᠰᠠᠯᠪᠤᠷᠢ ᠪᠠᠩᠬᠢ᠂ ᠡᠯ᠎ᠡ ᠪᠠᠩᠬᠢ᠂ ᠳᠠᠭᠠᠳᠬᠠᠯ᠂ ᠲᠡᠮᠳᠡᠭᠲᠦ ᠵᠡᠷᠭᠡ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠷᠠᠰᠢᠶᠠᠨ ᠠᠷᠠᠳ ᠤᠨ ᠠᠭᠠᠷ ᠤᠨ ᠲᠡᠭᠡᠭᠡᠪᠦᠷᠢ ᠶᠢᠨ ᠨᠢᠰᠬᠡᠯ ᠤᠨ ᠪᠠᠭᠤᠳᠠᠯ ᠤᠨ ᠺᠣᠮᠫᠠᠨᠢ᠂ ᠳᠤᠮᠳᠠᠳᠤ ᠤᠯᠤᠰ ᠤᠨ ᠠᠭᠠᠷ ᠤᠨ ᠲᠡᠭᠡᠭᠡᠪᠦᠷᠢ ᠶᠢᠨ ᠲᠣᠰᠣᠨ ᠤ ᠮᠠᠲ᠋ᠧᠷᠢᠶᠠᠯ ᠤᠨ ᠪᠦᠷᠢᠨ ᠪᠣᠰᠣ ᠬᠠᠷᠢᠭᠤᠴᠠᠯᠭᠠᠲᠤ ᠺᠣᠮᠫᠠᠨᠢ ᠶᠢᠨ ᠷᠠᠰᠢᠶᠠᠨ  ᠳᠠᠬᠢ ᠬᠠᠩᠭᠠᠯᠭ᠎ᠠ ᠶᠢᠨ ᠥᠷᠲᠡᠭᠡ᠂ ᠬᠤᠲᠠ ᠶᠢᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠰᠢᠤᠳᠠᠨ ᠤ ᠺᠣᠮᠫᠠᠨᠢ᠂ ᠴᠠᠬᠢᠯᠭᠠᠨ ᠬᠠᠩᠭᠠᠬᠤ ᠺᠣᠮᠫᠠᠨᠢ᠂ ᠨᠠᠪᠴᠢᠨ ᠲᠠᠮᠠᠬᠢ ᠶᠢᠨ ᠺᠣᠮᠫᠠᠨᠢ᠂ ᠴᠢᠯᠠᠭᠤᠨ ᠲᠣᠰᠣᠨ ᠤ ᠺᠣᠮᠫᠠᠨᠢ᠂ ᠳᠠᠪᠤᠰᠤᠨ ᠤ ᠦᠢᠯᠡᠰ ᠤᠨ ᠺᠣᠮᠫᠠᠨᠢ᠂ ᠳᠤᠮᠳᠠᠳᠤ ᠤᠯᠤᠰ ᠤᠨ ᠷᠠᠳᠢᠣ᠋ ᠲᠧᠯᠸᠢᠰ ᠤᠨ ᠥᠪᠥᠷ ᠮᠣᠩᠭᠤᠯ ᠤᠨ ᠰᠦᠯᠵᠢᠶᠡᠨ ᠤ ᠬᠢᠵᠠᠭᠠᠷᠲᠤ ᠺᠣᠮᠫᠠᠨᠢ ᠶᠢᠨ ᠷᠠᠰᠢᠶᠠᠨ ᠬᠤᠲᠠ ᠶᠢᠨ ᠬᠤᠪᠢᠶᠠᠷᠢ ᠺᠣᠮᠫᠠᠨᠢ᠂ ᠨᠢᠭᠡᠳᠣᠮᠠᠯ ᠬᠤᠯᠪᠣᠭ᠎ᠠ ᠶᠢᠨ ᠺᠣᠮᠫᠠᠨᠢ᠂ ᠰᠢᠯᠵᠢᠮᠡᠯ ᠬᠤᠯᠪᠣᠭ᠎ᠠ ᠶᠢᠨ ᠺᠣᠮᠫᠠᠨᠢ᠂ ᠴᠠᠬᠢᠯᠭᠠᠨ ᠬᠤᠯᠪᠣᠭᠠᠨ ᠤ ᠺᠣᠮᠫᠠᠨᠢ᠂ ᠡᠯ᠎ᠡ ᠭᠤᠣᠯᠳᠠᠯᠭ᠎ᠠ ᠲᠠᠢ ᠠᠵᠤ ᠦᠢᠯᠡᠳᠪᠦᠷᠢ ᠶᠢᠨ ᠠᠵᠤ ᠠᠬᠤᠶᠢᠯᠠᠯ᠂ ᠰᠢᠤᠳᠠᠨ ᠬᠤᠯᠪᠣᠭᠠᠨ ᠤ ᠠᠵᠤ ᠠᠬᠤᠶᠢᠯᠠᠯ᠃      ᠬᠤᠲᠠ ᠶᠢᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃       ᠬᠤᠲᠠ ᠶᠢᠨ ᠳᠡᠳ᠋ ᠳᠠᠷᠤᠭ᠎ᠠ ᠰᠦᠨ ᠴᠠᠩ ᠶᠦᠩ  ᠬᠤᠲᠠ ᠶᠢᠨ ᠳᠠᠷᠤᠭ᠎ᠠ ᠶᠢ ᠬᠠᠮᠵᠢᠨ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃      ᠬᠤᠲᠠ ᠶᠢᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃      ᠬᠤᠲᠠ ᠶᠢᠨ ᠳᠡᠳ᠋ ᠳᠠᠷᠤᠭ᠎ᠠ ᠶᠠᠩ ᠪᠦᠦ ᠲᠢᠶᠠᠨ   ᠬᠤᠲᠠ ᠶᠢᠨ ᠳᠠᠷᠤᠭ᠎ᠠ ᠶᠢ ᠬᠠᠪᠰᠤᠷᠤᠨ ᠵᠣᠭᠠᠴᠠᠯ ᠤᠨ ᠨᠡᠭᠡᠭᠡᠨ ᠬᠥᠭᠵᠢᠭᠦᠯᠦᠯᠲᠡ᠂ ᠬᠥᠮᠥᠨ ᠤ ᠬᠦᠴᠦᠨ ᠤ ᠡᠬᠢ ᠪᠠᠶᠠᠯᠢᠭ᠂ ᠨᠡᠶᠢᠭᠡᠮ ᠤᠨ ᠪᠠᠲᠤᠯᠠᠭ᠎ᠠ᠂ ᠵᠠᠬ᠎ᠠ ᠳᠡᠯᠭᠡᠭᠦᠷ ᠤᠨ ᠬᠠᠮᠢᠶᠠᠷᠤᠯᠲᠠ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃      ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠷᠠᠰᠢᠶᠠᠨ ᠤ ᠶᠠᠷᠢᠶᠠᠨ ᠤ ᠲᠠᠪᠴᠠᠩ ᠤᠨ ᠲᠥᠪ᠂ ᠠᠮᠠᠷᠠᠯᠲᠠ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠷᠠᠰᠢᠶᠠᠨ ᠤ ᠰᠣᠶᠣᠯ ᠵᠣᠭᠠᠴᠠᠯ ᠤᠨ ᠨᠡᠭᠡᠭᠡᠯᠲᠡ ᠶᠢᠨ ᠬᠢᠵᠠᠭᠠᠷᠲᠤ ᠺᠣᠮᠫᠠᠨᠢ ᠶᠢ ᠬᠤᠪᠢᠳᠠᠨ ᠬᠠᠮᠢᠶᠠᠷᠤᠨ᠎ᠠ᠃ ᠬᠤᠳᠠ ᠶᠢᠨ ᠳᠠᠷᠤᠭ᠎ᠠ ᠶᠢ ᠬᠠᠮᠵᠢᠨ ᠰᠣᠶᠣᠯ ᠵᠣᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ ᠶᠢ ᠬᠤᠪᠢᠳᠠᠨ ᠬᠠᠮᠢᠶᠠᠷᠣᠨ᠎ᠠ᠃      ᠬᠠᠷᠢᠯᠴᠠᠬᠤ ᠨᠢᠭᠡᠴᠢ᠄ ᠬᠤᠲᠠ ᠶᠢᠨ ᠡᠯ᠎ᠡ ᠠᠷᠠᠳᠴᠢᠯᠠᠭᠰᠠᠨ ᠨᠠᠮ ᠪᠦᠯᠦᠭ᠂ ᠬᠤᠲᠠ ᠶᠢᠨ ᠨᠠᠮ ᠤᠨ ᠬᠤᠷᠢᠶᠠᠨ ᠤ ᠪᠠᠶᠢᠭᠤᠯᠤᠮᠵᠢ ᠶᠢᠨ ᠣᠷᠣᠨ ᠲᠤᠭ᠎ᠠ ᠶᠢᠨ ᠵᠥᠪᠯᠡᠯ ᠤᠨ ᠠᠯᠪᠠᠨ ᠭᠡᠷ᠂ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠶᠡᠭᠡ ᠬᠢᠩᠭᠠᠨ ᠷᠠᠰᠢᠶᠠᠨ ᠤ ᠵᠤᠭᠠᠴᠠᠯ ᠤᠨ ᠺᠣᠮᠫᠠᠨᠢ᠂ ᠡᠯ᠎ᠡ ᠰᠣᠨᠢᠨ ᠮᠡᠳᠡᠭᠡᠨ ᠤ ᠨᠢᠭᠡᠴᠢ᠂ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ᠂ ᠰᠢᠨᠬᠤᠸᠠ ᠨᠣᠮ ᠤᠨ ᠳᠡᠯᠭᠡᠭᠦᠷ᠃      ᠬᠤᠲᠠ ᠶᠢᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃      ᠬᠤᠲᠠ ᠶᠢᠨ ᠳᠡᠳ᠋ ᠳᠠᠷᠤᠭ᠎ᠠ ᠰᠢᠩ ᠪᠥᠸᠧ   ᠬᠤᠲᠠ ᠶᠢᠨ ᠳᠠᠷᠤᠭ᠎ᠠ ᠶᠢ ᠬᠠᠮᠵᠢᠨ ᠰᠣᠶᠣᠯ ᠪᠠ ᠵᠣᠭᠠᠴᠠᠯ ᠤᠨ ᠶᠠᠮᠤᠨ ᠤ ᠴᠡᠭ ᠲᠣᠭᠲᠠᠭᠠᠨ ᠬᠠᠪᠰᠤᠷᠤᠨ ᠲᠡᠳᠬᠦᠬᠦ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃      ᠬᠤᠲᠠ ᠶᠢᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃      ᠬᠤᠲᠠ ᠶᠢᠨ ᠳᠡᠳ᠋ ᠳᠠᠷᠤᠭ᠎ᠠ ᠸᠧᠢ ᠵᠢᠦ ᠴᠢᠶᠠᠩ  ᠬᠤᠲᠠ ᠶᠢᠨ ᠳᠠᠷᠤᠭ᠎ᠠ ᠶᠢ ᠬᠠᠪᠰᠤᠷᠤᠨ ᠠᠷᠠᠳ ᠤᠨ ᠠᠮᠢᠳᠤᠷᠠᠯ ᠤᠨ ᠦᠢᠯᠡᠰ᠂ ᠬᠤᠶᠠᠷ ᠢ ᠬᠦᠷᠢᠶᠡᠯᠡᠨ ᠬᠠᠮᠲᠤ ᠪᠠᠷ ᠪᠠᠶᠢᠭᠤᠯᠬᠤ᠂ ᠠᠷᠡᠯᠵᠢᠶᠠᠴᠢᠨ ᠤᠷᠢᠵᠤ ᠪᠡᠯᠡ ᠮᠦᠩᠬᠦ ᠣᠷᠣᠭᠤᠯᠣᠨ ᠠᠪᠴᠢᠷᠡᠬᠤ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃      ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ᠂ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ᠂ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠬᠤᠯᠪᠣᠭᠠᠲᠤ ᠬᠤᠷᠰᠢᠶ᠎ᠠ᠂ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠲᠥᠪ ᠢ ᠬᠤᠪᠢᠳᠠᠨ ᠬᠠᠮᠢᠶᠠᠷᠤᠨ᠎ᠠ᠃      ᠬᠠᠷᠢᠯᠴᠠᠬᠤ ᠨᠢᠭᠡᠴᠢ᠄ 32107 ᠴᠡᠷᠢᠭ ᠠᠩᠭᠢ᠂ ᠠᠭᠠᠷ ᠤᠨ ᠴᠡᠷᠢᠭ ᠤᠨ ᠷᠠᠳᠠᠷ ᠤᠨ ᠥᠷᠲᠡᠭᠡ᠂ 768  ᠰᠠᠴᠣᠷᠡᠭᠤᠯᠬᠤ ᠲᠠᠪᠴᠠᠩ᠃      ᠬᠤᠲᠠ ᠶᠢᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃      ᠬᠤᠲᠠ ᠶᠢᠨ ᠳᠡᠳ᠋ ᠳᠠᠷᠤᠭ᠎ᠠ ᠸᠧᠢ ᠵᠢᠦ ᠴᠢᠶᠠᠩ    ᠲᠦᠷ ᠴᠠᠭ ᠲᠤᠰᠢᠶᠠᠯ ᠡᠭᠦᠷᠭᠡᠯᠡᠬᠦ ᠬᠤᠭᠤᠴᠠᠭᠠᠨ ᠳᠤ ᠠᠷᠠᠳ ᠤᠨ ᠠᠮᠢᠳᠤᠷᠠᠯ ᠤᠨ ᠦᠢᠯᠡᠰ᠂ ᠬᠤᠶᠠᠷ   ᠢ ᠬᠦᠷᠢᠶᠡᠯᠡᠨ ᠬᠠᠮᠲᠤ ᠪᠠᠷ ᠪᠠᠶᠢᠭᠤᠯᠬᠤ᠂ ᠠᠷᠡᠯᠵᠢᠶᠠᠴᠢᠨ ᠤᠷᠢᠵᠤ ᠪᠡᠯᠡ ᠮᠦᠩᠬᠦ ᠣᠷᠣᠭᠤᠯᠣᠨ ᠠᠪᠴᠢᠷᠡᠬᠤ ᠵᠡᠷᠭᠡ ᠲᠠᠯ᠎ᠠ   ᠶᠢᠨ ᠠᠵᠢᠯ ᠪᠣᠯᠣᠨ ᠬᠤᠲᠠ ᠶᠢᠨ ᠠᠷᠠᠳ ᠤᠨ ᠤᠯᠤᠰ ᠲᠥᠷᠥ   ᠶᠢᠨ ᠲᠣᠪᠴᠢᠶ᠎ᠠ᠂ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ᠂ ᠬᠠᠩᠭᠠᠨ ᠪᠣᠷᠣᠯᠠᠭᠤᠯᠬᠤ ᠬᠤᠷᠰᠢᠶᠠᠨ ᠤ  ᠬᠤᠯᠪᠣᠭᠠᠳᠣ ᠬᠤᠷᠰᠢᠶ᠎ᠠ᠂ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠠᠯᠪᠠᠨ ᠭᠡᠷ ᠢ  ᠬᠤᠲᠠ   ᠶᠢᠨ ᠳᠡᠳ᠋ ᠳᠠᠷᠤᠭ᠎ᠠ ᠦ᠋ ᠫᠧᠢ ᠣᠷᠣᠯᠠᠨ ᠬᠠᠮᠢᠶᠠᠷᠤᠨ᠎ᠠ᠃       ᠬᠤᠳᠠ ᠶᠢᠨ ᠳᠡᠳ᠋ ᠳᠠᠷᠤᠭ᠎ᠠ ᠵᠤᠤ ᠫᠧᠩ ᠴᠢ   ᠬᠤᠳᠠ ᠶᠢᠨ ᠳᠠᠷᠤᠭ᠎ᠠ ᠶᠢ ᠬᠠᠮᠵᠢᠨ ᠮᠠᠯ ᠠᠵᠤ ᠠᠬᠤᠢ ᠲᠠᠷᠢᠶᠠᠯᠠᠩ ᠤᠨ ᠬᠥᠭᠵᠢᠯᠲᠡ᠂ ᠮᠠᠯᠵᠢᠬᠤ ᠲᠠᠷᠢᠶᠠᠯᠠᠬᠤ ᠣᠷᠣᠨ᠂ ᠤᠰᠤᠨ ᠠᠰᠢᠭᠯᠠᠯᠲᠠ᠂ ᠤᠢ ᠰᠢᠭᠤᠢ ᠨᠤᠲᠤᠭ ᠪᠡᠯᠴᠢᠭᠡᠷ᠂ ᠤᠢ ᠰᠢᠭᠤᠢ ᠨᠤᠲᠤᠭ ᠪᠡᠯᠴᠢᠭᠡᠷ ᠤᠨ ᠭᠠᠯ ᠲᠣᠶᠢᠮᠠᠷ ᠢ ᠰᠡᠷᠭᠡᠶᠢᠯᠡᠨ ᠭᠠᠯ ᠤᠨᠲᠠᠷᠠᠭᠠᠬᠤ᠂  ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠮᠢ ᠠᠬᠤᠢ ᠣᠷᠴᠢᠨ ᠲᠣᠭᠤᠷᠢᠨ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃      ᠬᠤᠲᠠ ᠶᠢᠨ ᠲᠠᠷᠢᠶᠠᠯᠠᠩ ᠮᠠᠯ ᠠᠵᠤ ᠠᠬᠤᠢ ᠤᠰᠤᠨ ᠠᠰᠢᠭᠯᠠᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠬᠢᠩᠭᠠᠨ ᠠᠶᠢᠮᠠᠭ ᠤᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ ᠶᠢᠨ ᠷᠠᠰᠢᠶᠠᠨ ᠬᠤᠲᠠ ᠶᠢᠨ ᠬᠤᠪᠢᠶᠠᠷᠢ ᠲᠣᠪᠴᠢᠶ᠎ᠠ᠂ ᠲᠣᠯᠠᠷ ᠣᠷᠣᠨ ᠨᠤᠲᠤᠭ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠲᠣᠪᠴᠢᠶ᠎ᠠ᠂ ᠬᠤᠲᠠ ᠶᠢᠨ ᠲᠠᠷᠢᠶᠠᠯᠠᠩ ᠬᠤᠳᠠᠯᠳᠤᠭᠠᠨ ᠤ ᠬᠥᠭᠵᠢᠯᠲᠡ ᠶᠢᠨ ᠪᠦᠷᠢᠨ ᠪᠣᠰᠣ ᠬᠠᠷᠢᠭᠤᠴᠠᠯᠭᠠᠲᠤ ᠺᠣᠮᠫᠠᠨᠢ ᠶᠢ ᠬᠤᠪᠢᠳᠠᠨ ᠬᠠᠮᠢᠶᠠᠷᠤᠨ᠎ᠠ᠃      ᠬᠠᠷᠢᠯᠴᠠᠬᠤ ᠨᠢᠭᠡᠴᠢ᠄ ᠷᠠᠰᠢᠶᠠᠨ ᠤ ᠳᠡᠯᠡᠬᠡᠢ ᠶᠢᠨ ᠭᠠᠵᠠᠷ ᠰᠢᠨᠵᠢᠯᠡᠭᠡᠨ ᠤ ᠴᠡᠴᠡᠷᠯᠢᠭ ᠤᠨ ᠬᠠᠮᠢᠶᠠᠷᠤᠯᠲᠠ ᠶᠢᠨ ᠲᠣᠪᠴᠢᠶ᠎ᠠ᠂ ᠴᠠᠭ ᠠᠭᠤᠷ ᠤᠨ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠠᠬᠠᠮᠠᠳ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠷᠠᠰᠢᠶᠠᠨ ᠬᠤᠲᠠ ᠶᠢᠨ ᠣᠶ ᠰᠢᠭᠤᠢ ᠶᠢᠨ ᠭᠠᠯ ᠰᠠᠷᠭᠡᠶᠢᠯᠠᠵᠣ ᠤᠨᠲᠠᠷᠠᠭᠠᠬᠤ ᠶᠡᠭᠡ ᠠᠩᠭᠢ᠂ ᠦ᠋ ᠴᠠ ᠭᠧᠦ ᠣᠶ ᠰᠢᠭᠤᠢ ᠶᠢᠨ ᠭᠠᠯ ᠰᠠᠷᠭᠡᠶᠢᠯᠠᠵᠣ ᠤᠨᠲᠠᠷᠠᠭᠠᠬᠤ ᠶᠡᠭᠡ ᠠᠩᠭᠢ᠂ ᠪᠠᠢ ᠯᠠᠩ ᠣᠶ ᠰᠢᠭᠤᠢ ᠶᠢᠨ ᠭᠠᠯ ᠰᠠᠷᠭᠡᠶᠢᠯᠠᠵᠣ ᠤᠨᠲᠠᠷᠠᠭᠠᠬᠤ ᠳᠤᠮᠳᠠ ᠠᠩᠭᠢ᠂ ᠷᠠᠰᠢᠶᠠᠨ ᠬᠤᠲᠠ ᠶᠢᠨ ᠭᠠᠯ ᠰᠠᠷᠭᠡᠶᠢᠯᠠᠵᠣ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ᠂ ᠷᠠᠰᠢᠶᠠᠨ ᠤ ᠣᠶ ᠰᠢᠭᠤᠢ ᠶᠢᠨ ᠠᠵᠤ ᠦᠢᠯᠡᠳᠪᠦᠷᠢ ᠶᠢᠨ ᠺᠣᠮᠫᠠᠨᠢ᠂ ᠪᠠᠢ ᠯᠠᠩ ᠣᠶ ᠰᠢᠭᠤᠢ ᠶᠢᠨ ᠲᠣᠪᠴᠢᠶ᠎ᠠ᠂ ᠦ᠋ ᠴᠠ ᠭᠧᠦ ᠣᠶ ᠰᠢᠭᠤᠢ ᠶᠢᠨ ᠲᠣᠪᠴᠢᠶ᠎ᠠ᠂ ᠬᠢᠩᠭᠠᠨ ᠤᠰᠤᠨ ᠰᠢᠨᠵᠢᠯᠡᠭᠡᠨ ᠤ ᠬᠠᠶᠢᠨ ᠬᠡᠮᠵᠢᠯᠲᠡ ᠶᠢᠨ ᠲᠣᠪᠴᠢᠶ᠎ᠠ ᠶᠢᠨ ᠦ᠋ ᠴᠠ ᠭᠧᠦ ᠤᠰᠤᠨ ᠰᠢᠨᠵᠢᠯᠡᠭᠡᠨ ᠤ ᠥᠷᠲᠡᠭᠡ᠂ ᠲᠠᠷᠢᠶᠠᠯᠠᠩ ᠳᠤ ᠬᠤᠯᠪᠣᠭᠳᠠᠬᠤ ᠡᠯ᠎ᠡ ᠳᠠᠭᠠᠳᠬᠠᠯ ᠤᠨ ᠺᠣᠮᠫᠠᠨᠢ᠃      ᠬᠤᠲᠠ ᠶᠢᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃      ᠬᠤᠲᠠ ᠶᠢᠨ ᠳᠡᠳ᠋ ᠳᠠᠷᠤᠭ᠎ᠠ ᠯᠢᠦ ᠽᠧᠩ ᠺᠧ   ᠬᠤᠲᠠ ᠶᠢᠨ ᠳᠡᠳ᠋ ᠳᠠᠷᠤᠭ᠎ᠠ ᠰᠦᠨ ᠪᠠᠢ ᠴᠤᠸᠠᠨ ᠢ ᠬᠠᠪᠰᠤᠷᠤᠨ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃      ᠬᠤᠲᠠ ᠶᠢᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃      ᠬᠤᠳᠠ ᠶᠢᠨ ᠳᠡᠳ᠋ ᠳᠠᠷᠤᠭ᠎ᠠ ᠦ᠋ ᠫᠧᠢ   ᠬᠤᠳᠠ ᠶᠢᠨ ᠳᠠᠷᠤᠭ᠎ᠠ ᠶᠢ ᠬᠠᠪᠰᠤᠷᠤᠨ ᠰᠤᠷᠭᠠᠨ ᠬᠥᠮᠦᠵᠢᠯ ᠤᠨ ᠬᠥᠭᠵᠢᠯᠲᠡ᠂ ᠦᠨᠳᠦᠰᠦᠲᠡᠨ ᠤ ᠬᠡᠷᠡᠭ ᠶᠠᠪᠤᠳᠠᠯ᠂ ᠡᠷᠡᠭᠦᠯ ᠬᠠᠮᠠᠭᠠᠯᠠᠯ ᠡᠷᠡᠭᠦᠯ ᠮᠡᠨᠳᠤ᠂ ᠡᠮ ᠡᠮᠨᠡᠯᠭᠡ ᠶᠢᠨ ᠪᠠᠲᠤᠯᠠᠭ᠎ᠠ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃      ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ᠂ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠶᠢ ᠬᠤᠪᠢᠳᠠᠨ ᠬᠠᠮᠢᠶᠠᠷᠤᠨ᠎ᠠ᠃      ᠬᠠᠷᠢᠯᠴᠠᠬᠤ ᠨᠢᠭᠡᠴᠢ᠄ ᠬᠤᠳᠠ ᠶᠢᠨ ᠠᠵᠢᠯᠴᠢᠨ ᠤ ᠶᠡᠷᠦᠩᠬᠡᠢ ᠡᠪᠯᠡᠯ᠂ ᠬᠤᠳᠠ ᠶᠢᠨ ᠡᠪᠯᠡᠯ ᠤᠨ ᠬᠤᠷᠢᠶ᠎ᠠ᠂ ᠡᠮᠡᠭᠲᠡᠶᠢᠴᠦᠳ ᠤᠨ ᠬᠤᠯᠪᠣᠭ᠎ᠠ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ᠂ ᠵᠡᠮᠳᠡᠭᠴᠦᠳ ᠤᠨ ᠬᠤᠯᠪᠣᠭ᠎ᠠ᠂ ᠨᠠᠰᠤᠲᠠᠶᠢᠴᠤᠳ ᠤᠨ ᠠᠬᠢᠭᠤᠯᠣᠯᠳᠡ ᠶᠢᠨ ᠨᠡᠶᠢᠭᠡᠮᠯᠢᠭ᠂ ᠬᠤᠶᠢᠴᠢ ᠦᠶ᠎ᠠ ᠶᠢᠨ ᠬᠢᠨ ᠢ ᠬᠠᠯᠠᠮᠵᠢᠯᠠᠬᠤ ᠠᠵᠢᠯ ᠤᠨ ᠵᠦᠪᠯᠡᠯ᠃      ᠬᠤᠲᠠ ᠶᠢᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃       ᠬᠤᠳᠠ ᠶᠢᠨ ᠳᠡᠳ᠋ ᠳᠠᠷᠤᠭ᠎ᠠ ᠴᠢᠶᠣᠤ ᠹᠧᠩ ᠯᠢᠨ ᠬᠤᠳᠠ ᠶᠢᠨ ᠳᠠᠷᠤᠭ᠎ᠠ ᠶᠢ ᠬᠠᠪᠰᠤᠷᠤᠨ ᠪᠠᠶᠢᠭᠠᠯᠢ ᠶᠢᠨ ᠡᠬᠢ ᠪᠠᠶᠠᠯᠢᠭ᠂ ᠵᠠᠮ ᠲᠡᠭᠡᠭᠡᠪᠦᠷᠢ᠂ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠡᠵᠡᠩᠨᠡᠯᠲᠡ ᠶᠢᠨ ᠪᠤᠰᠤ ᠴᠢᠨᠠᠷᠲᠠᠢ ᠵᠦᠢᠯᠡᠰ ᠤᠨ ᠪᠦᠲᠦᠭᠡᠨ ᠪᠠᠶᠢᠭᠤᠯᠤᠯᠲᠠ᠂ ᠬᠤᠳᠠ ᠶᠢᠨ ᠬᠠᠮᠢᠶᠠᠷᠤᠯᠲᠠ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃      ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠲᠣᠰ ᠱᠠᠲᠤᠨ ᠤ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠡᠵᠡᠩᠨᠡᠯᠲᠡ ᠶᠢᠨ ᠪᠤᠰᠤ ᠴᠢᠨᠠᠷᠲᠠᠢ ᠲᠥᠷᠥᠯ ᠵᠦᠢᠯ ᠤᠨ ᠣᠷᠣᠯᠠᠨ ᠪᠠᠶᠢᠭᠤᠯᠬᠤ ᠲᠥᠪ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠂ ᠱᠢ ᠱᠧᠩ ᠵᠢᠩ ᠴᠧᠩ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢᠨ ᠪᠦᠷᠢᠨ ᠪᠣᠰᠣ ᠬᠠᠷᠢᠭᠤᠴᠠᠯᠭᠠᠲᠤ ᠺᠣᠮᠫᠠᠨᠢ᠂ ᠱᠢ ᠮᠢᠨ ᠲᠠᠢ ᠣᠷᠴᠢᠨ ᠲᠣᠭᠤᠷᠢᠨ ᠤ ᠪᠡᠯᠡ ᠣᠷᠣᠭᠤᠯᠤᠯᠲᠠ ᠶᠢᠨ ᠪᠦᠷᠢᠨ ᠪᠣᠰᠣ ᠬᠠᠷᠢᠭᠤᠴᠠᠯᠭᠠᠲᠤ ᠺᠣᠮᠫᠠᠨᠢ ᠶᠢ ᠬᠤᠪᠢᠳᠠᠨ ᠬᠠᠮᠢᠶᠠᠷᠤᠨ᠎ᠠ᠃ ᠬᠤᠳᠠ ᠶᠢᠨ ᠳᠠᠷᠤᠭ᠎ᠠ ᠶᠢ ᠬᠠᠪᠰᠤᠷᠤᠨ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢ ᠬᠤᠪᠢᠳᠠᠨ ᠬᠠᠮᠢᠶᠠᠷᠤᠨ᠎ᠠ᠃      ᠬᠠᠷᠢᠯᠴᠠᠬᠤ ᠨᠢᠭᠡᠴᠢ᠄  ᠸᠧᠨᠴᠢᠣᠸᠠᠨ ᠵᠡᠭᠡᠯᠢ ᠶᠢᠨ ᠬᠡᠷᠡᠭ ᠡᠷᠬᠢᠯᠡᠬᠦ ᠭᠠᠵᠠᠷ᠂  ᠰᠢᠨ ᠴᠧᠩ ᠵᠡᠭᠡᠯᠢ ᠶᠢᠨ ᠬᠡᠷᠡᠭ ᠡᠷᠬᠢᠯᠡᠬᠦ ᠭᠠᠵᠠᠷ᠂ ᠯᠢᠨ ᠬᠠᠢ ᠵᠡᠭᠡᠯᠢ  ᠶᠢᠨ ᠬᠡᠷᠡᠭ ᠡᠷᠬᠢᠯᠡᠬᠦ ᠭᠠᠵᠠᠷ᠂ ᠢᠷᠪᠢᠰ ᠵᠡᠭᠡᠯᠢ ᠶᠢᠨ ᠬᠡᠷᠡᠭ ᠡᠷᠬᠢᠯᠡᠬᠦ ᠭᠠᠵᠠᠷ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠠᠮᠢᠶᠠᠷᠤᠯᠲᠠ ᠶᠢᠨ ᠠᠯᠪᠠᠨ ᠭᠡᠷ᠂ ᠷᠠᠰᠢᠶᠠᠨ ᠭᠠᠯᠲᠤ ᠲᠡᠷᠭᠡᠨ ᠥᠷᠲᠡᠭᠡ᠂ ᠷᠠᠰᠢᠶᠠᠨ ᠭᠠᠯᠲᠤ ᠲᠡᠷᠭᠡᠨ ᠬᠤᠶᠢᠲᠤ ᠥᠷᠲᠡᠭᠡ᠂ ᠬᠢᠯᠢ ᠶᠢᠨ ᠬᠠᠮᠠᠭᠠᠯᠠᠯᠲᠠ ᠶᠢᠨ ᠵᠠᠮ ᠠᠷᠠᠴᠢᠯᠠᠬᠤ ᠠᠩᠭᠢ᠂ ᠥᠪᠥᠷ ᠮᠣᠩᠭᠤᠯ ᠤᠨ ᠵᠠᠰᠠᠮᠠᠯ ᠵᠠᠮ ᠤᠨ ᠵᠠᠮ ᠬᠠᠷᠢᠯᠴᠠᠭᠠᠨ ᠤ ᠪᠡᠯᠡ ᠣᠷᠣᠭᠤᠯᠤᠯᠲᠠ ᠶᠢᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠶᠢᠨ ᠬᠢᠩᠭᠠᠨ ᠬᠤᠪᠢᠶᠠᠷᠢ ᠺᠣᠮᠫᠠᠨᠢ ᠶᠢᠨ ᠢᠷᠪᠢᠰ ᠵᠠᠮ ᠤᠨ ᠰᠦᠢᠳᠬᠡᠯ ᠬᠤᠷᠢᠶᠠᠬᠤ ᠭᠠᠵᠠᠷ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠥᠷᠪᠡᠳᠦᠭᠡᠷ ᠰᠠᠯᠪᠤᠷᠢ ᠠᠩᠭᠢ ᠶᠢᠨ  ᠵᠢᠷᠭᠤᠳᠣᠭᠠᠷ ᠶᠡᠭᠡ ᠠᠩᠭᠢ᠃      ᠬᠤᠲᠠ ᠶᠢᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃       ᠬᠤᠳᠠ ᠶᠢᠨ ᠳᠡᠳ᠋ ᠳᠠᠷᠤᠭ᠎ᠠ ᠵᠤᠤ ᠰᠢ ᠵᠢᠦ ᠬᠤᠳᠠ ᠶᠢᠨ ᠳᠠᠷᠤᠭ᠎ᠠ ᠶᠢ ᠬᠠᠮᠵᠢᠨ ᠳᠣᠲᠣᠭᠠᠳᠤ ᠶᠢ ᠬᠠᠮᠠᠭᠠᠯᠠᠬᠤ᠂ ᠬᠠᠤᠯᠢ ᠴᠠᠭᠠᠵᠠ᠂ ᠵᠠᠬᠢᠳᠠᠯ ᠰᠣᠷᠪᠤᠯᠵᠢᠯᠠᠯ᠂ ᠤᠯᠤᠰ ᠤᠨ ᠠᠮᠤᠷ ᠲᠦᠪᠰᠢᠨ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠠᠵᠢᠯ ᠢ ᠡᠷᠬᠢᠯᠡᠵᠦ᠂ ᠬᠠᠤᠯᠢ ᠴᠠᠭᠠᠵᠠ ᠶᠢᠨ ᠲᠣᠪᠴᠢᠶ᠎ᠠ᠂ ᠵᠠᠬᠢᠳᠠᠯ ᠰᠣᠷᠪᠤᠯᠵᠢᠯᠠᠯ ᠤᠨ ᠲᠣᠪᠴᠢᠶ᠎ᠠ ᠶᠢ ᠬᠤᠪᠢᠳᠠᠨ ᠬᠠᠮᠢᠶᠠᠷᠤᠨ᠎ᠠ᠃      ᠬᠠᠷᠢᠯᠴᠠᠬᠤ ᠨᠢᠭᠡᠴᠢ᠄ ᠬᠤᠲᠠ ᠶᠢᠨ ᠠᠷᠠᠳ ᠤᠨ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠂ ᠤᠯᠤᠰ ᠤᠨ ᠠᠮᠤᠷ ᠲᠦᠪᠰᠢᠨ ᠤ ᠲᠣᠪᠴᠢᠶ᠎ᠠ᠂ ᠵᠡᠪᠰᠡᠭᠲᠦ ᠴᠠᠭᠳᠠᠭ᠎ᠠ ᠶᠢᠨ ᠳᠤᠮᠳᠠ ᠠᠩᠭᠢ᠂ ᠬᠤᠲᠠ ᠶᠢᠨ ᠬᠢᠯᠢ ᠶᠢᠨ ᠬᠠᠮᠢᠶᠠᠷᠤᠯᠲᠠ ᠶᠢᠨ ᠶᠡᠭᠡ ᠠᠩᠭᠢ᠂ ᠥᠪᠥᠷ ᠮᠣᠩᠭᠤᠯ ᠤᠨ ᠷᠠᠰᠢᠶᠠᠨ ᠤ ᠣᠶ ᠰᠢᠭᠤᠢ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠃      ᠬᠤᠲᠠ ᠶᠢᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃      ᠬᠤᠲᠠ ᠶᠢᠨ ᠳᠡᠳ᠋ ᠳᠠᠷᠤᠭ᠎ᠠ ᠼᠠᠢ ᠵᠢᠶᠠᠨ ᠴᠢᠩ ᠬᠤᠲᠠ ᠶᠢᠨ ᠳᠡᠳ᠋ ᠳᠠᠷᠤᠭ᠎ᠠ ᠴᠢᠶᠣᠤ ᠹᠧᠩ ᠯᠢᠨ ᠢ ᠬᠠᠪᠰᠤᠷᠤᠨ ᠬᠤᠲᠠ ᠶᠢᠨ ᠪᠦᠲᠦᠭᠡᠨ ᠪᠠᠶᠢᠭᠤᠯᠤᠯᠲᠠ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃      ᠬᠤᠲᠠ ᠶᠢᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃      ᠬᠤᠳᠠ ᠶᠢᠨ  ᠳᠡᠳ᠋ ᠳᠠᠷᠤᠭ᠎ᠠ  ᠴᠧᠨ ᠭᠤᠸᠠᠩ ᠹᠠᠩ  ᠬᠤᠳᠠ ᠶᠢᠨ ᠳᠡᠳ᠋ ᠳᠠᠷᠤᠭ᠎ᠠ ᠰᠦᠨ ᠪᠠᠢ ᠴᠤᠸᠠᠨ ᠢ ᠬᠠᠮᠵᠢᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠪᠣᠯᠣᠨ ᠴᠢᠬᠤᠯᠠ ᠶᠡᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃      ᠡᠳ᠋ ᠤᠨ ᠵᠠᠰᠠᠭ ᠤᠨ ᠲᠣᠪᠴᠢᠶ᠎ᠠ ︵ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ︶᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ︵ᠴᠢᠬᠤᠯᠠ ᠶᠡᠭᠡ ᠲᠥᠷᠥᠯ ᠵᠦᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ︶ ᠢ ᠬᠤᠪᠢᠳᠠᠨ ᠬᠠᠮᠢᠶᠠᠷᠤᠨ᠎ᠠ᠃      ᠬᠤᠲᠠ ᠶᠢᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃    ᠬᠤᠳᠠ ᠶᠢᠨ  ᠳᠡᠳ᠋ ᠳᠠᠷᠤᠭ᠎ᠠ ᠳ᠋ᠦᠩ ᠪᠢᠨ ᠬᠤᠳᠠ ᠶᠢᠨ ᠳᠠᠷᠤᠭ᠎ᠠ ᠶᠢ ᠬᠠᠪᠰᠤᠷᠤᠨ ᠬᠤᠸᠠ ᠷᠦᠨ ᠬᠦᠰᠠᠯᠠᠩᠳᠣ ᠪᠠᠭ᠎ᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢᠨ ᠠᠵᠢᠯ ᠢ ᠬᠤᠪᠢᠳᠠᠨ ᠬᠠᠮᠢᠶᠠᠷᠤᠨ᠎ᠠ᠃      ᠬᠤᠲᠠ ᠶᠢᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃      ᠪᠠᠶᠢᠴᠠᠭᠠᠨ ᠰᠤᠳᠤᠯᠤᠭᠴᠢ ᠶᠠᠩ ᠬᠦᠢ ᠶᠢᠩ    ᠬᠤᠳᠠ ᠶᠢᠨ  ᠳᠡᠳ᠋ ᠳᠠᠷᠤᠭ᠎ᠠ ᠶᠠᠩ ᠪᠦᠦ ᠲᠢᠶᠠᠨ ᠢ ᠬᠠᠪᠰᠤᠷᠤᠨ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠠᠵᠢᠯ ᠢ ᠬᠤᠪᠢᠳᠠᠨ ᠬᠠᠮᠢᠶᠠᠷᠣᠨ᠎ᠠ᠃      ᠬᠤᠲᠠ ᠶᠢᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃
 
ᠢᠷᠡᠯᠲᠡ᠄ ᠷᠡᠰᠢᠶᠠᠨ ᠬᠤᠳᠡ ᠶᠢᠨ ᠠᠷᠡᠳ ᠤᠨ ᠵᠠᠰᠠᠭ ᠤᠨ ᠣᠷᠳᠣᠨ ᠤ ᠠᠯᠪᠡᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号