︽ᠷᠠᠰᠢᠶᠠᠨ ᠤ  ᠵᠣᠭᠠᠴᠠᠯ ᠤᠨ ᠠᠮᠠᠷᠠᠯᠲᠠ ᠶᠢᠨ ᠣᠷᠣᠨ ᠤ ᠭᠠᠵᠠᠷ ᠤᠨ ᠢᠯᠴᠢ ᠶᠢᠨ ᠡᠬᠢ ᠪᠠᠶᠠᠯᠢᠭ ᠢ ᠬᠠᠮᠠᠭᠠᠯᠠᠬᠤ ᠪᠠ ᠨᠡᠭᠡᠭᠡᠨ ᠠᠰᠢᠭᠯᠠᠬᠤ ᠬᠠᠮᠢᠶᠠᠷᠤᠯᠲᠠ ᠶᠢᠨ ᠠᠷᠭ᠎ᠠ︾ ᠶᠢ ᠳᠠᠷᠤᠮᠠᠯᠯᠠᠨ ᠲᠠᠷᠬᠠᠭᠠᠬᠤ ᠲᠤᠬᠠᠢ ᠷᠠᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2023/8/29
     ᠷᠡᠰᠢᠶᠠᠨ ᠵᠠᠰᠠᠭ ᠲᠠᠷᠬᠠᠭᠠᠬᠤ 〔2023〕 35 ᠳ᠋ᠤᠭᠠᠷ ᠲᠣᠭᠠᠲᠤ      ᠡᠯ᠎ᠡ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ ᠶᠢᠨ ᠬᠡᠷᠡᠭ ᠡᠷᠬᠢᠯᠡᠬᠦ ᠭᠠᠵᠠᠷ᠂ ᠬᠤᠲᠠ ᠶᠢᠨ ᠰᠢᠭᠤᠳ ᠬᠠᠷᠢᠶ᠎ᠠ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠲᠤ᠄      ︽ᠷᠠᠰᠢᠶᠠᠨ ᠤ ᠵᠣᠭᠠᠴᠠᠯ ᠤᠨ ᠠᠮᠠᠷᠠᠯᠲᠠ ᠶᠢᠨ ᠣᠷᠣᠨ ᠤ ᠭᠠᠵᠠᠷ ᠤᠨ ᠢᠯᠴᠢ ᠶᠢᠨ ᠡᠬᠢ ᠪᠠᠶᠠᠯᠢᠭ ᠢ ᠬᠠᠮᠠᠭᠠᠯᠠᠬᠤ ᠪᠠ ᠨᠡᠭᠡᠭᠡᠨ ᠠᠰᠢᠭᠯᠠᠬᠤ ᠬᠠᠮᠢᠶᠠᠷᠤᠯᠲᠠ ᠶᠢᠨ ᠠᠷᠭ᠎ᠠ︾ ᠶᠢ ᠨᠢᠭᠡᠨᠲᠡ ᠬᠤᠲᠠ ᠶᠢᠨ ᠵᠠᠰᠠᠭ ᠤᠨ ᠣᠷᠳᠣᠨ ᠤ ᠶᠢᠰᠦᠳᠦᠭᠡᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠰᠤᠳᠤᠯᠤᠨ ᠪᠠᠲᠤᠯᠠᠪᠠ᠂ ᠡᠳᠦᠭᠡ ᠲᠠᠨᠠᠷ ᠲᠤ ᠳᠠᠷᠤᠮᠠᠯᠯᠠᠨ ᠲᠠᠷᠬᠠᠭᠠᠯ᠎ᠠ᠂ ᠲᠣᠰ ᠰᠠᠯᠠᠭ᠎ᠠ ᠮᠥᠴᠢᠷ ᠤᠨ ᠪᠣᠳᠠᠲᠠᠢ ᠲᠠᠢ ᠪᠠᠨ ᠤᠶᠠᠯᠳᠤᠭᠤᠯᠤᠨ ᠬᠢᠨᠠᠮᠠᠭᠠᠢ ᠲᠤᠭᠤᠰᠢᠯᠠᠭᠤᠯᠣᠨ ᠬᠡᠷᠡᠭᠵᠢᠭᠦᠯᠲᠦᠭᠡᠢ᠃      ᠳᠠᠭᠠᠯᠳᠤᠭᠤᠯᠤᠯ᠄ ᠷᠠᠰᠢᠶᠠᠨ ᠤ ᠵᠣᠭᠠᠴᠠᠯ ᠤᠨ ᠠᠮᠠᠷᠠᠯᠲᠠ ᠶᠢᠨ ᠣᠷᠣᠨ ᠤ ᠭᠠᠵᠠᠷ ᠤᠨ ᠢᠯᠴᠢ ᠶᠢᠨ ᠡᠬᠢ ᠪᠠᠶᠠᠯᠢᠭ ᠢ ᠬᠠᠮᠠᠭᠠᠯᠠᠬᠤ ᠪᠠ ᠨᠡᠭᠡᠭᠡᠨ ᠠᠰᠢᠭᠯᠠᠬᠤ ᠬᠠᠮᠢᠶᠠᠷᠤᠯᠲᠠ ᠶᠢᠨ ᠠᠷᠭ᠎ᠠ      2023 ᠣᠨ ᠤ 5 ᠰᠠᠷ᠎ᠠ ᠶᠢᠨ 9 ᠤ ᠡᠳᠣᠷ      ᠳᠠᠭᠠᠯᠳᠤᠭᠤᠯᠤᠯ      ᠷᠠᠰᠢᠶᠠᠨ ᠤ ᠵᠣᠭᠠᠴᠠᠯ ᠤᠨ ᠠᠮᠠᠷᠠᠯᠲᠠ ᠶᠢᠨ ᠣᠷᠣᠨ ᠤ ᠭᠠᠵᠠᠷ ᠤᠨ ᠢᠯᠴᠢ ᠶᠢᠨ ᠡᠬᠢ ᠪᠠᠶᠠᠯᠢᠭ ᠢ ᠬᠠᠮᠠᠭᠠᠯᠠᠬᠤ ᠪᠠ ᠨᠡᠭᠡᠭᠡᠨ ᠠᠰᠢᠭᠯᠠᠬᠤ ᠬᠠᠮᠢᠶᠠᠷᠤᠯᠲᠠ ᠶᠢᠨ ᠠᠷᠭ᠎ᠠ      ᠨᠢᠭᠡᠳᠦᠭᠡᠷ ᠵᠦᠢᠯ ᠷᠠᠰᠢᠶᠠᠨ ᠤ ᠵᠣᠭᠠᠴᠠᠯ ᠤᠨ ᠠᠮᠠᠷᠠᠯᠲᠠ ᠶᠢᠨ ᠣᠷᠣᠨ ᠤ ᠭᠠᠵᠠᠷ ᠤᠨ ᠢᠯᠴᠢ ᠶᠢᠨ ᠡᠬᠢ ᠪᠠᠶᠠᠯᠢᠭ ᠢ ᠬᠠᠮᠠᠭᠠᠯᠠᠬᠤ ᠪᠠ ᠨᠡᠭᠡᠭᠡᠨ ᠠᠰᠢᠭᠯᠠᠬᠤ ᠬᠠᠮᠢᠶᠠᠷᠤᠯᠲᠠ ᠶᠢ ᠴᠢᠩᠭᠠᠳᠬᠠᠵᠤ᠂ ᠭᠠᠵᠠᠷ ᠤᠨ ᠢᠯᠴᠢ ᠶᠢᠨ ᠡᠬᠢ ᠪᠠᠶᠠᠯᠢᠭ ᠢ ᠦᠷᠭᠦᠯᠵᠢᠯᠡᠨ ᠠᠰᠢᠭᠯᠠᠬᠤ   ᠶᠢ ᠠᠬᠢᠭᠤᠯᠬᠤ ᠶᠢᠨ ᠲᠦᠯᠣᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ   ᠤᠨ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠤᠨ ᠢᠯᠴᠢ   ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠳᠦᠷᠢᠮ︾᠂ ︽ᠤᠰᠤ ᠲᠠᠲᠠᠬᠤ ᠵᠥᠪᠰᠢᠶᠡᠷᠡᠯ ᠪᠠ ᠤᠰᠤᠨ ᠤ ᠡᠬᠢ ᠪᠠᠶᠠᠯᠢᠭ ᠤᠨ ᠰᠦᠢᠳᠬᠡᠯ ᠬᠤᠷᠢᠶᠠᠬᠤ ᠬᠠᠮᠢᠶᠠᠷᠤᠯᠲᠠ ᠶᠢᠨ ᠳᠦᠷᠢᠮ︾ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠢ ᠦᠨᠳᠦᠰᠦᠯᠡᠨ᠂ ᠮᠠᠨ ᠤ ᠬᠤᠳᠠ   ᠶᠢᠨ ᠪᠣᠳᠠᠲᠤ ᠪᠠᠶᠢᠳᠠᠯ ᠲᠠᠢ ᠤᠶᠠᠯᠳᠤᠭᠤᠯᠵᠤ ᠲᠤᠰ ᠠᠷᠭ᠎ᠠ   ᠶᠢ ᠲᠣᠭᠲᠠᠭᠠᠪᠠ᠃      ᠬᠤᠶᠠᠳᠤᠭᠠᠷ ᠵᠦᠢᠯ ᠷᠠᠰᠢᠶᠠᠨ ᠤ ᠵᠣᠭᠠᠴᠠᠯ ᠤᠨ ᠠᠮᠠᠷᠠᠯᠲᠠ ᠶᠢᠨ ᠣᠷᠣᠨ ᠤ ᠳᠣᠲᠣᠷ᠎ᠠ ᠭᠠᠵᠠᠷ ᠤᠨ ᠢᠯᠴᠢ ᠶᠢᠨ ᠡᠬᠢ ᠪᠠᠶᠠᠯᠢᠭ ᠢ ᠬᠠᠶᠢᠨ ᠪᠠᠶᠢᠴᠠᠭᠠᠬᠤ᠂ ᠨᠡᠭᠡᠭᠡᠬᠦ᠂ ᠬᠠᠮᠠᠭᠠᠯᠠᠬᠤ ᠪᠠ ᠬᠢᠨᠠᠯᠲᠠ ᠲᠠᠯᠪᠢᠵᠤ ᠬᠠᠮᠢᠶᠠᠷᠬᠤ  ᠲᠤ ᠲᠤᠰ ᠠᠷᠭ᠎ᠠ   ᠶᠢ ᠭᠡᠷᠡᠭᠯᠡᠨ᠎ᠠ᠃       ᠭᠤᠷᠪᠠᠳᠤᠭᠠᠷ ᠵᠦᠢᠯ ᠲᠤᠰ ᠠᠷᠭ᠎ᠠ ᠳᠤ ᠬᠡᠯᠡᠵᠦ ᠪᠠᠶᠢᠭ᠎ᠠ ᠭᠠᠵᠠᠷ ᠤᠨ ᠢᠯᠴᠢ   ᠶᠢᠨ ᠡᠬᠢ ᠪᠠᠶᠠᠯᠢᠭ ᠭᠡᠳᠡᠭ  ᠨᠢ ᠭᠠᠵᠠᠷ ᠤᠨ ᠦᠢᠯᠡᠳᠦᠯ   ᠢᠶᠠᠷ ᠪᠦᠷᠢᠯᠳᠦᠭᠰᠡᠨ᠂ ᠳᠡᠯᠡᠬᠡᠢ ᠶᠢᠨ ᠴᠠᠷᠴᠠᠳᠠᠰᠤᠨ ᠳᠤ ᠬᠠᠳᠠᠭᠠᠯᠠᠭᠳᠠᠵᠤ ᠪᠠᠶᠢᠭ᠎ᠠ ᠪᠤᠶᠤ ᠭᠠᠵᠠᠷ   ᠤᠨ ᠭᠠᠳᠠᠷᠭᠤ ᠠᠴᠠ ᠪᠢᠯᠬᠠᠨ ᠭᠠᠷᠤᠭᠰᠠᠨ ᠤᠷᠤᠰᠬᠠᠯ   ᠤᠨ ᠳᠤᠯᠠᠭᠠᠨ ᠨᠢ 25℃ ᠠᠴᠠ ᠳᠡᠭᠡᠭᠰᠢ ᠪᠠᠶᠢᠬᠤ ᠭᠠᠵᠠᠷ ᠳᠣᠣᠷᠠᠬᠢ ᠬᠠᠯᠠᠭᠤᠨ ᠤᠰᠤ᠂ ᠬᠠᠯᠠᠭᠤᠨ ᠣᠰᠣ ᠪᠣᠯᠣᠨ ᠬᠠᠯᠠᠭᠤᠨ ᠷᠠᠰᠢᠶᠠᠨ ᠢ ᠵᠢᠭᠠᠵᠤ ᠪᠤᠢ᠃      ᠳᠥᠷᠪᠡᠳᠦᠭᠡᠷ ᠵᠦᠢᠯ ᠭᠠᠵᠠᠷ ᠤᠨ ᠢᠯᠴᠢ ᠶᠢᠨ ᠡᠬᠢ ᠪᠠᠶᠠᠯᠢᠭ ᠪᠣᠯ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠲᠤ ᠬᠠᠷᠢᠶᠠᠯᠠᠭᠳᠠᠵᠤ᠂ ᠤᠯᠤᠰ ᠤᠨ ᠥᠮᠴᠢᠯᠡᠯ ᠳᠤ ᠬᠠᠷᠢᠶᠠᠯᠠᠭᠳᠠᠨ᠎ᠠ᠂ ᠲᠡᠭᠦᠨ ᠤ ᠣᠷᠣᠰᠢᠵᠤ ᠪᠠᠶᠢᠭ᠎ᠠ ᠭᠠᠵᠠᠷ ᠰᠢᠷᠣᠢ ᠶᠢᠨ ᠥᠮᠴᠢᠯᠡᠯ ᠤᠨ ᠡᠷᠬᠡ ᠪᠤᠶᠤ ᠬᠡᠷᠡᠭᠯᠡᠬᠦ ᠡᠷᠬᠡ ᠶᠢᠨ ᠠᠳᠠᠯᠢ ᠪᠤᠰᠤ ᠠᠴᠠ ᠪᠣᠯᠵᠤ ᠬᠤᠪᠢᠷᠠᠬᠤ ᠦᠭᠡᠢ᠃ ᠭᠠᠵᠠᠷ ᠤᠨ ᠢᠯᠴᠢ ᠶᠢᠨ ᠡᠬᠢ ᠪᠠᠶᠠᠯᠢᠭ ᠢ ᠬᠠᠶᠢᠨ ᠪᠠᠶᠢᠴᠠᠭᠠᠬᠤ᠂ ᠨᠡᠭᠡᠭᠡᠨ ᠠᠰᠢᠬᠯᠠᠬᠤ ᠳᠤ ᠡᠷᠬᠡᠪᠰᠢ ᠠᠭᠤᠷᠬᠠᠢ ᠬᠠᠶᠢᠬᠤ ᠡᠷᠬᠡ᠂ ᠠᠭᠤᠷᠬᠠᠢ ᠮᠠᠯᠲᠠᠬᠤ ᠡᠷᠬᠡ ᠶᠢ ᠬᠠᠤᠯᠢ ᠶᠣᠰᠣᠭᠠᠷ ᠣᠯᠬᠤ ᠬᠡᠷᠡᠭᠲᠡᠢ᠃       ᠲᠠᠪᠤᠳᠤᠭᠠᠷ ᠵᠦᠢᠯ ᠬᠤᠳᠠ ᠶᠢᠨ ᠪᠠᠶᠢᠭᠠᠯᠢ ᠶᠢᠨ ᠡᠬᠢ ᠪᠠᠶᠠᠯᠢᠭ   ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠣᠨ ᠤᠰᠤᠨ ᠠᠰᠢᠭᠯᠠᠯᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠲᠤᠰ ᠲᠤᠰ ᠤᠨ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ᠂ ᠷᠠᠰᠢᠶᠠᠨ ᠤ ᠵᠣᠭᠠᠴᠠᠯ ᠤᠨ ᠠᠮᠠᠷᠠᠯᠲᠠ ᠶᠢᠨ ᠣᠷᠣᠨ ᠤ ᠳᠣᠲᠣᠷᠠᠬᠢ ᠭᠠᠵᠠᠷ ᠤᠨ ᠢᠯᠴᠢ ᠶᠢᠨ ᠡᠬᠢ ᠪᠠᠶᠠᠯᠢᠭ ᠢ ᠬᠠᠶᠢᠨ ᠪᠠᠶᠢᠴᠠᠭᠠᠬᠤ᠂ ᠨᠡᠭᠡᠭᠡᠨ ᠠᠰᠢᠭᠯᠠᠬᠤ ᠪᠠ ᠬᠠᠮᠠᠭᠠᠯᠠᠬᠤ ᠳᠤ ᠬᠤᠯᠪᠣᠭᠳᠠᠬᠤ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃      ᠵᠢᠷᠭᠤᠳᠤᠭᠠᠷ ᠵᠦᠢᠯ ᠭᠠᠵᠠᠷ ᠤᠨ ᠢᠯᠴᠢ ᠶᠢᠨ ᠡᠬᠢ ᠪᠠᠶᠠᠯᠢᠭ ᠢ ᠬᠠᠶᠢᠨ ᠪᠠᠶᠢᠴᠠᠭᠠᠬᠤ ᠳᠤ ᠡᠷᠬᠡᠪᠰᠢ ᠭᠠᠵᠠᠷ ᠰᠢᠨᠵᠢᠯᠡᠭᠡ ᠠᠭᠤᠷᠬᠠᠢ ᠶᠢᠨ ᠭᠠᠷᠤᠯᠲᠠ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠲᠤ ᠭᠤᠶᠤᠴᠢᠯᠠᠨ ᠳᠠᠩᠰᠠᠯᠠᠭᠤᠯᠵᠤ᠂ ᠬᠠᠶᠢᠨ ᠪᠠᠶᠢᠴᠠᠭᠠᠬᠤ ᠵᠥᠪᠰᠢᠶᠡᠷᠡᠯ ᠤᠨ ᠦᠨᠡᠮᠯᠡᠯ ᠠᠪᠬᠤ ᠬᠡᠷᠡᠭᠲᠡᠢ᠃ ᠨᠢᠭᠡᠨᠲᠡ ᠬᠠᠶᠢᠨ ᠲᠣᠳᠣᠯᠠᠭᠰᠠᠨ ᠭᠠᠵᠠᠷ ᠤᠨ ᠢᠯᠴᠢ ᠶᠢᠨ ᠡᠬᠢ ᠪᠠᠶᠠᠯᠢᠭ ᠢ ᠨᠡᠭᠡᠭᠡᠨ ᠮᠠᠯᠲᠠᠬᠤ ᠳᠤ ᠤᠰᠦᠠ ᠤ ᠶᠠᠪᠤᠳᠠᠯ ᠤᠨ ᠵᠠᠰᠠᠭ ᠵᠠᠬᠢᠷᠭᠠᠨ ᠤ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠠᠴᠠ ᠤᠰᠤ ᠠᠪᠬᠤ ᠵᠥᠪᠰᠢᠶᠡᠷᠡᠯ ᠤᠨ ᠦᠨᠡᠮᠯᠡᠯ ᠠᠪᠤᠨ᠎ᠠ᠃ ᠬᠤᠳᠠᠯᠳᠤᠭᠠᠨ ᠤ ᠡᠵᠡᠩᠨᠡᠯᠲᠡ ᠳᠤ ᠬᠡᠷᠡᠭᠯᠡᠪᠡᠯ᠂ ᠭᠠᠵᠠᠷ ᠰᠢᠨᠵᠢᠯᠡᠭᠡ ᠠᠭᠤᠷᠬᠠᠢ ᠶᠢᠨ ᠭᠠᠷᠤᠯᠲᠠ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠠᠭᠤᠷᠬᠠᠢ ᠮᠠᠯᠲᠠᠬᠤ ᠵᠥᠪᠰᠢᠶᠡᠷᠡᠯ ᠤᠨ ᠦᠨᠡᠮᠯᠡᠯ ᠠᠪᠬᠤ ᠬᠡᠷᠡᠭᠲᠡᠢ᠃      ᠳᠣᠯᠣᠳᠤᠭᠠᠷ ᠵᠦᠢᠯ ᠭᠠᠵᠠᠷ ᠤᠨ ᠢᠯᠴᠢ ᠶᠢᠨ ᠡᠬᠢ ᠪᠠᠶᠠᠯᠢᠭ ᠤᠨ ᠬᠠᠮᠢᠶᠠᠷᠤᠯᠲᠠ ᠳᠤ ᠨᠢᠭᠡᠳᠦᠯᠲᠡᠢ ᠲᠥᠯᠥᠪᠵᠢᠭᠦᠯᠬᠦ᠂ ᠨᠢᠭᠡᠳᠦᠯᠲᠡᠢ ᠬᠠᠮᠢᠶᠠᠷᠬᠤ᠂ ᠰᠢᠨᠵᠢᠯᠡᠬᠦ ᠤᠬᠠᠭᠠᠨᠴᠢ ᠪᠠᠷ ᠨᠡᠭᠡᠭᠡᠨ ᠠᠰᠢᠭᠯᠠᠬᠤ᠂ ᠲᠥᠯᠥᠪᠦᠷᠢ ᠲᠠᠢ ᠪᠠᠷ ᠬᠡᠷᠡᠭᠯᠡᠬᠦ᠂ ᠪᠦᠲᠦᠮᠵᠢᠲᠡᠶ ᠪᠠᠷ ᠬᠠᠮᠠᠭᠠᠯᠠᠬᠤ ᠵᠠᠷᠴᠢᠮ ᠢ ᠵᠢᠷᠤᠮᠯᠠᠨ᠎ᠠ᠃      ᠨᠠᠢᠮᠠᠳᠤᠭᠠᠷ ᠵᠦᠢᠯ ᠭᠠᠵᠠᠷ ᠤᠨ ᠢᠯᠴᠢ ᠶᠢᠨ ᠡᠬᠢ ᠪᠠᠶᠠᠯᠢᠭ ᠢ ᠬᠠᠶᠢᠨ ᠪᠠᠶᠢᠴᠠᠭᠠᠬᠤ᠂ ᠨᠡᠭᠡᠭᠡᠨ ᠠᠰᠢᠭᠯᠠᠬᠤ᠂ ᠬᠠᠮᠠᠭᠠᠯᠠᠬᠤ᠂ ᠰᠢᠨᠵᠢᠯᠡᠬᠦ ᠤᠬᠠᠭᠠᠨ ᠤ ᠰᠤᠳᠤᠯᠭᠠᠨ ᠬᠢᠬᠦ ᠪᠠ ᠠᠷᠪᠢᠯᠠᠨ ᠬᠡᠷᠡᠭᠯᠡᠬᠦ ᠵᠡᠷᠭᠡ ᠲᠠᠯ᠎ᠠ ᠪᠠᠷ ᠢᠯᠡᠳᠲᠡ ᠠᠮᠵᠢᠯᠲᠠ ᠣᠯᠣᠭᠰᠠᠨ ᠨᠢᠭᠡᠴᠢ᠂ ᠬᠤᠪᠢ ᠬᠥᠮᠥᠨ ᠢ ᠬᠥᠬᠢᠭᠦᠯᠦᠨ ᠱᠠᠩᠨᠠᠨ᠎ᠠ᠃      ᠶᠢᠰᠦᠳᠦᠭᠡᠷ ᠵᠦᠢᠯ ᠤᠯᠤᠰ ᠠᠴᠠ ᠠᠭᠤᠷᠬᠠᠢ ᠬᠠᠶᠢᠬᠤ ᠡᠷᠬᠡ᠂ ᠠᠭᠤᠷᠬᠠᠢ ᠮᠠᠯᠲᠠᠬᠤ ᠡᠷᠬᠡ ᠶᠢ ᠲᠥᠯᠥᠪᠦᠷᠢ ᠲᠠᠢ ᠪᠠᠷ ᠣᠯᠭᠤᠬᠤ ᠳᠦᠷᠢᠮ ᠢ ᠬᠡᠷᠡᠭᠵᠢᠭᠦᠯᠦᠨ᠎ᠡ᠃ ᠤᠯᠤᠰ ᠠᠴᠠ ᠠᠭᠤᠷᠬᠠᠢ ᠬᠠᠶᠢᠬᠤ ᠡᠷᠬᠡ᠂ ᠠᠭᠤᠷᠬᠠᠢ ᠮᠠᠯᠲᠠᠬᠤ ᠡᠷᠬᠡ ᠶᠢᠨ ᠲᠥᠯᠥᠪᠦᠷᠢ ᠲᠠᠢ ᠪᠠᠷ ᠣᠯᠭᠤᠬᠤ ᠵᠠᠷᠤᠳᠠᠯ ᠢ ᠠᠳᠠᠯᠢ ᠪᠤᠰᠤ ᠪᠠᠶᠢᠳᠠᠯ ᠤᠨ ᠲᠣᠭᠲᠠᠭᠠᠯ ᠢ ᠦᠨᠳᠦᠰᠦᠯᠡᠨ ᠬᠠᠰᠤᠵᠤ ᠲᠤᠰᠢᠶᠠᠬᠤ ᠪᠤᠶᠤ ᠲᠤᠰᠢᠶᠠᠬᠤ ᠠᠴᠠ ᠬᠡᠯᠲᠦᠷᠢᠭᠦᠯᠵᠦ ᠪᠣᠯᠣᠨ᠎ᠠ᠃ ᠪᠣᠳᠠᠲᠠᠢ ᠠᠷᠭ᠎ᠠ ᠪᠠ ᠬᠡᠷᠡᠭᠵᠢᠭᠦᠯᠬᠦ ᠠᠯᠬᠤᠮ ᠲᠡᠷᠠᠭ᠎ᠠ ᠶᠢ  ᠲᠦᠷᠣ ᠶᠢᠨ ᠶᠠᠪᠤᠳᠠᠯ ᠤᠨ ᠬᠤᠷᠢᠶ᠎ᠠ ᠠᠴᠠ ᠲᠣᠭᠲᠠᠭᠠᠨ᠎ᠠ᠃ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠮᠠᠯᠲᠠᠬᠤ ᠳᠤ ᠡᠷᠬᠡᠪᠰᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠡᠬᠢ ᠪᠠᠶᠠᠯᠢᠭ ᠤᠨ ᠭᠠᠶᠢᠯᠢ ᠲᠤᠰᠢᠶᠠᠬᠤ ᠬᠡᠷᠡᠭᠲᠡᠢ᠃      ᠠᠷᠪᠠᠳᠤᠭᠠᠷ ᠵᠦᠢᠯ ᠭᠠᠵᠠᠷ   ᠤᠨ ᠢᠯᠴᠢ   ᠶᠢᠨ ᠡᠬᠢ ᠪᠠᠶᠠᠯᠢᠭ ᠤᠨ ᠠᠭᠤᠷᠬᠠᠢ ᠬᠠᠶᠢᠬᠤ ᠡᠷᠬᠡ ᠶᠢ ᠭᠤᠶᠤᠴᠢᠯᠠᠬᠤ ᠳᠤ᠂ ᠲᠦᠷᠦ ᠶᠢᠨ ᠶᠠᠪᠤᠳᠠᠯ   ᠤᠨ ᠬᠤᠷᠢᠶᠠᠨ ᠤ ︽ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ  ᠢ ᠬᠠᠶᠢᠨ ᠪᠠᠶᠢᠴᠠᠭᠠᠬᠤ ᠣᠷᠣᠨ ᠤ ᠬᠡᠰᠡᠭ ᠢ ᠳᠠᠩᠰᠠᠯᠠᠬᠤ ᠬᠠᠮᠢᠶᠠᠷᠤᠯᠲᠠ ᠶᠢᠨ ᠠᠷᠭ᠎ᠠ︾ ᠶᠢᠨ ᠲᠣᠭᠲᠠᠭᠠᠯ ᠶᠣᠰᠣᠭᠠᠷ ᠳᠠᠩᠰᠠᠯᠠᠭᠤᠯᠬᠤ ᠭᠠᠷᠳᠠᠮ ᠭᠦᠢᠴᠡᠳᠬᠡᠬᠦ ᠬᠡᠷᠡᠭᠲᠡᠢ᠃      ᠠᠷᠪᠠᠨ ᠨᠢᠭᠡᠳᠦᠭᠡᠷ ᠵᠦᠢᠯ ᠡᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠮᠠᠯᠲᠠᠬᠤ ᠳᠤ ᠡᠷᠬᠡᠪᠰᠢ ᠣᠷᠴᠢᠨ ᠠᠬᠤᠢ ᠶᠢ ᠬᠠᠮᠠᠭᠠᠯᠠᠬᠤ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠲᠣᠭᠲᠠᠭᠠᠯ ᠢ ᠵᠢᠷᠤᠮᠯᠠᠵᠤ᠂ ᠣᠷᠴᠢᠨ ᠠᠬᠤᠢ ᠶᠢ ᠪᠣᠬᠢᠷᠲᠤᠭᠤᠯᠬᠤ ᠶᠢ ᠰᠡᠷᠭᠡᠶᠢᠯᠡᠬᠦ ᠬᠡᠷᠡᠭᠲᠡᠢ᠃ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠮᠠᠯᠲᠠᠬᠤ ᠳᠤ ᠭᠠᠵᠠᠷ ᠢ ᠠᠷᠪᠢᠯᠠᠵᠤ᠂ ᠲᠠᠷᠢᠶᠠᠨ ᠭᠠᠵᠠᠷ᠂ ᠨᠤᠲᠤᠭ ᠪᠡᠯᠴᠢᠭᠡᠷ᠂ ᠣᠶᠢᠲᠤ ᠭᠠᠵᠠᠷ ᠠᠭᠤᠷᠬᠠᠢ ᠮᠠᠯᠲᠠᠭᠰᠠᠨ ᠠᠴᠠ ᠪᠣᠯᠵᠤ ᠡᠪᠳᠡᠭᠳᠡᠭᠰᠡᠨ ᠪᠠᠶᠢᠪᠠᠯ᠂ ᠠᠭᠤᠷᠬᠠᠢ ᠶᠢᠨ ᠠᠵᠤ ᠠᠬᠤᠶᠢᠯᠠᠯ ᠨᠢ ᠭᠠᠵᠠᠷ ᠣᠷᠣᠨ ᠤ ᠪᠠᠨ ᠪᠠᠶᠢᠳᠠᠯ ᠳᠤ ᠲᠣᠬᠢᠷᠠᠭᠤᠯᠤᠨ ᠲᠠᠬᠢᠨ ᠬᠠᠭᠠᠯᠪᠤᠷᠢᠯᠠᠨ ᠠᠰᠢᠭᠯᠠᠬᠤ᠂ ᠡᠪᠡᠰᠦ ᠮᠣᠳᠣ ᠲᠠᠷᠢᠬᠤ ᠪᠤᠶᠤ ᠪᠤᠰᠤᠳ ᠠᠰᠢᠭᠯᠠᠬᠤ ᠠᠷᠭ᠎ᠠ ᠬᠡᠮᠵᠢᠶ᠎ᠡ ᠠᠪᠬᠤ ᠬᠡᠷᠡᠭᠲᠡᠢ᠃ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠮᠠᠯᠲᠠᠭᠰᠠᠨ ᠠᠴᠠ ᠪᠣᠯᠵᠤ ᠪᠤᠰᠤᠳ ᠤᠨ ᠦᠢᠯᠡᠳᠪᠦᠷᠢᠯᠡᠯ᠂ ᠠᠮᠢᠳᠤᠷᠠᠯ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ ᠬᠠᠷᠢᠭᠤᠴᠠᠨ  ᠲᠦᠯᠣᠬᠦ ᠬᠡᠷᠡᠭᠲᠡᠢ ᠪᠥᠭᠡᠳ ᠴᠢᠬᠤᠯᠠ ᠪᠦᠬᠦᠢ ᠨᠥᠬᠦᠪᠦᠷᠢ ᠦᠭᠬᠦ ᠠᠷᠭ᠎ᠠ ᠬᠡᠮᠵᠢᠶ᠎ᠡ ᠠᠪᠬᠤ ᠬᠡᠷᠡᠭᠲᠡᠢ      ᠠᠷᠪᠠᠨ ᠬᠤᠶᠠᠳᠤᠭᠠᠷ ᠵᠦᠢᠯ ᠭᠠᠵᠠᠷ ᠤᠨ ᠢᠯᠴᠢ ᠶᠢᠨ ᠬᠤᠳᠳᠤᠭ ᠢ ᠥᠷᠥᠮᠳᠡᠨ ᠬᠠᠶᠢᠬᠤ ᠠᠵᠢᠯ ᠢ ᠡᠷᠬᠡᠪᠰᠢ ᠤᠯᠤᠰ ᠠᠴᠠ ᠲᠣᠭᠲᠠᠭᠠᠭᠰᠠᠨ ᠮᠡᠷᠭᠡᠵᠢᠯ ᠤᠨ ᠠᠷᠭ᠎ᠠ ᠪᠠ ᠪᠠᠷᠢᠯᠭ᠎ᠠ ᠶᠢᠨ ᠤᠷᠠᠨ ᠮᠡᠷᠭᠡᠰᠢᠯ ᠤᠨ ᠶᠣᠰᠣᠭᠠᠷ ᠬᠢᠬᠦ ᠬᠡᠷᠡᠭᠲᠡᠢ᠂ ᠭᠠᠵᠠᠷ ᠤᠨ ᠭᠠᠳᠠᠷᠭᠤ ᠶᠢᠨ ᠦᠵᠡᠮᠵᠢ ᠶᠢ ᠡᠪᠳᠡᠵᠦ ᠪᠣᠯᠬᠤ ᠦᠭᠡᠢ᠂ ᠨᠢᠭᠡᠨᠲᠡ ᠠᠰᠢᠭᠯᠠᠵᠤ ᠪᠣᠯᠬᠤ ᠭᠠᠵᠠᠷ ᠤᠨ ᠢᠯᠴᠢ ᠶᠢᠨ ᠬᠤᠳᠳᠤᠭ ᠪᠠ ᠬᠠᠯᠠᠭᠤᠨ ᠷᠠᠰᠢᠶᠠᠨ ᠤ ᠤᠷᠤᠰᠬᠠᠯ ᠤᠨ ᠬᠡᠮᠵᠢᠶ᠎ᠡ ᠶᠢ ᠨᠥᠯᠥᠭᠡᠯᠡᠵᠦ ᠪᠣᠯᠬᠤ ᠦᠭᠡᠢ᠃      ᠠᠷᠪᠠᠨ ᠭᠤᠷᠪᠠᠳᠤᠭᠠᠷ ᠵᠦᠢᠯ ᠭᠠᠵᠠᠷ ᠤᠨ ᠢᠯᠴᠢ ᠶᠢᠨ ᠡᠬᠢ ᠪᠠᠶᠠᠯᠢᠭ ᠢ ᠨᠡᠭᠡᠭᠡᠨ ᠮᠠᠯᠲᠠᠬᠤ ᠳᠤ ᠬᠢᠨᠠᠨ ᠲᠣᠭᠲᠠᠭᠠᠭᠰᠠᠨ ᠨᠡᠭᠡᠭᠡᠨ ᠮᠠᠯᠲᠠᠬᠤ ᠬᠡᠮᠵᠢᠶᠡᠨ ᠤ ᠭᠦᠢᠴᠡᠳᠬᠡᠬᠦ ᠲᠣᠭᠠᠨ ᠤ ᠳᠣᠲᠣᠷ᠎ᠠ ᠨᠡᠭᠡᠭᠡᠨ ᠮᠠᠯᠲᠠᠬᠤ ᠬᠡᠷᠡᠭᠲᠡᠢ᠃ ᠨᠡᠭᠡᠭᠡᠨ ᠠᠰᠢᠭᠯᠠᠬᠤ ᠨᠢᠭᠡᠴᠢ ᠲᠣᠭᠲᠠᠭᠠᠯ ᠶᠣᠰᠣᠭᠠᠷ ᠭᠠᠵᠠᠷ ᠰᠢᠨᠵᠢᠯᠡᠭᠡ ᠠᠭᠤᠷᠬᠠᠢ ᠶᠢᠨ ᠭᠠᠷᠤᠯᠲᠠ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠲᠤ ᠭᠠᠵᠠᠷ ᠤᠨ ᠢᠯᠴᠢ ᠶᠢᠨ ᠡᠬᠢ ᠪᠠᠶᠠᠯᠢᠭ ᠤᠨ ᠰᠠᠷ᠎ᠠ ᠶᠢᠨ ᠨᠡᠭᠡᠭᠡᠨ ᠮᠠᠯᠲᠠᠬᠤ ᠬᠡᠮᠵᠢᠶ᠎ᠡ᠂ ᠤᠰᠤᠨ ᠤ ᠳᠤᠯᠠᠭᠠᠨ᠂ ᠤᠰᠤᠨ ᠲᠦᠪᠰᠢᠨ ᠵᠡᠷᠭᠡ ᠮᠠᠲ᠋ᠧᠷᠢᠶᠠᠯ ᠢᠶᠠᠨ ᠮᠡᠳᠡᠭᠦᠯᠦᠨ ᠬᠦᠷᠭᠡᠬᠦ ᠬᠡᠷᠡᠭᠲᠡᠢ᠃ ᠭᠠᠵᠠᠷ ᠰᠢᠨᠵᠢᠯᠡᠭᠡ ᠠᠭᠤᠷᠬᠠᠢ ᠶᠢᠨ ᠭᠠᠷᠤᠯᠲᠠ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠨᠢ ᠨᠡᠭᠡᠭᠡᠨ ᠮᠠᠯᠲᠠᠭᠰᠠᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠬᠢᠨᠠᠵᠤ ᠬᠠᠮᠢᠶᠠᠷᠬᠤ ᠬᠡᠷᠡᠭᠲᠡᠢ᠃      ᠠᠷᠪᠠᠨ ᠳᠥᠷᠪᠡᠳᠦᠭᠡᠷ ᠵᠦᠢᠯ ᠭᠠᠵᠠᠷ ᠤᠨ ᠢᠯᠴᠢ ᠶᠢᠨ ᠡᠬᠢ ᠪᠠᠶᠠᠯᠢᠭ ᠢ ᠨᠡᠭᠡᠭᠡᠨ ᠮᠠᠯᠲᠠᠬᠤ ᠳᠤ ᠭᠠᠵᠠᠷ ᠤᠨ ᠢᠯᠴᠢ ᠶᠢᠨ ᠡᠬᠢ ᠪᠠᠶᠠᠯᠢᠭ ᠤᠨ ᠬᠠᠮᠠᠭᠠᠯᠠᠯᠲᠠ ᠶᠢ ᠴᠢᠩᠭᠠᠳᠬᠠᠵᠤ᠂ ᠭᠠᠵᠠᠷ ᠤᠨ ᠢᠯᠴᠢ ᠶᠢᠨ ᠡᠬᠢ ᠪᠠᠶᠠᠯᠢᠭ ᠤᠨ ᠠᠰᠢᠭᠯᠠᠯᠲᠠ ᠶᠢᠨ ᠨᠤᠷᠮ᠎ᠠ ᠪᠠ ᠶᠡᠷᠦᠩᠬᠡᠶᠢᠯᠡᠨ ᠠᠰᠢᠭᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠢᠯᠴᠢ ᠶᠢᠨ ᠬᠠᠳᠠᠭᠠᠯᠠᠭᠳᠠᠴᠠ ᠶᠢ ᠪᠣᠬᠢᠷᠲᠤᠭᠤᠯᠬᠤ ᠶᠢ ᠰᠡᠷᠭᠡᠶᠢᠯᠡᠬᠦ ᠬᠡᠷᠡᠭᠲᠡᠢ᠃ ᠭᠠᠵᠠᠷ ᠤᠨ ᠢᠯᠴᠢ ᠶᠢᠨ ᠬᠠᠶᠠᠭᠳᠠᠮᠠᠯ ᠤᠰᠤ ᠶᠢ ᠭᠠᠳᠠᠭᠰᠢᠯᠠᠭᠤᠯᠬᠤ ᠳᠠᠭᠠᠨ ᠣᠷᠴᠢᠨ ᠲᠣᠭᠤᠷᠢᠨ ᠢ ᠬᠠᠮᠠᠭᠠᠯᠠᠬᠤ ᠲᠣᠭᠲᠠᠭᠠᠯ ᠳᠤ ᠨᠡᠶᠢᠴᠡᠭᠦᠯᠵᠦ᠂ ᠣᠷᠴᠢᠨ ᠲᠣᠭᠤᠷᠢᠨ ᠢ ᠪᠣᠬᠢᠷᠲᠤᠭᠤᠯᠬᠤ ᠠᠴᠠ ᠰᠡᠷᠭᠡᠶᠢᠯᠡᠬᠦ ᠬᠡᠷᠡᠭᠲᠡᠢ᠃ ᠨᠢᠭᠡᠨᠲᠡ ᠪᠣᠬᠢᠷᠲᠤᠭᠤᠯᠤᠭᠰᠠᠨ ᠪᠠᠶᠢᠪᠠᠯ᠂ ᠣᠷᠴᠢᠨ ᠠᠬᠤᠢ ᠶᠢᠨ ᠬᠠᠮᠠᠭᠠᠯᠠᠯᠲᠠ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠵᠠᠰᠠᠬᠤ ᠬᠡᠷᠡᠭᠲᠡᠢ᠃      ᠠᠷᠪᠠᠨ ᠲᠠᠪᠤᠳᠤᠭᠠᠷ ᠵᠦᠢᠯ ᠣᠰᠣ ᠲᠠᠲᠠᠬᠤ ᠨᠢᠭᠡᠴᠢ ᠪᠤᠶᠤ ᠬᠤᠪᠢ ᠬᠥᠮᠥᠨ ᠤᠯᠤᠰ ᠤᠨ ᠮᠡᠷᠭᠡᠵᠢᠯ ᠤᠨ ᠪᠠᠷᠢᠮᠵᠢᠶ᠎ᠠ ᠶᠣᠰᠣᠭᠠᠷ ᠬᠡᠮᠵᠢᠯᠲᠡ ᠶᠢᠨ ᠲᠥᠬᠦᠭᠡᠷᠦᠮᠵᠢ ᠤᠭᠰᠠᠷᠠᠵᠤ᠂ ᠬᠡᠮᠵᠢᠯᠲᠡ ᠶᠢᠨ ᠲᠥᠬᠦᠭᠡᠷᠦᠮᠵᠢ ᠶᠢᠨ ᠬᠡᠪ ᠤᠨ ᠠᠵᠢᠯᠯᠠᠭ᠎ᠠ ᠶᠢ ᠪᠠᠲᠤᠯᠠᠬᠤ ᠶᠢᠨ ᠬᠠᠮᠲᠤ ᠲᠣᠭᠲᠠᠭᠠᠯ ᠶᠣᠰᠣᠭᠠᠷ ᠤᠰᠤ ᠲᠠᠲᠠᠭᠰᠠᠨ ᠲᠤᠭ᠎ᠠ ᠪᠦᠷᠢᠳᠬᠡᠯ ᠤᠨ ᠮᠡᠳᠡᠭᠦᠯᠦᠯᠲᠡ ᠶᠢᠨ ᠬᠦᠰᠦᠨᠦᠭᠲᠦ ᠶᠢ ᠲᠠᠭᠯᠠᠨ ᠮᠡᠳᠡᠭᠦᠯᠬᠦ ᠬᠡᠷᠡᠭᠲᠡᠢ᠃      ᠠᠷᠪᠠᠨ ᠵᠢᠷᠭᠤᠳᠤᠭᠠᠷ ᠵᠦᠢᠯ ᠨᠡᠭᠡᠭᠡᠨ ᠬᠥᠭᠵᠢᠭᠦᠯᠬᠦ ᠨᠢᠭᠡᠴᠢ ᠶᠢᠨ ᠢᠯᠴᠢ ᠶᠢᠨ ᠡᠨᠧᠷᠭᠢ ᠶᠢ ᠬᠤᠷᠣᠭᠳᠠᠭᠤᠯᠤᠭᠰᠠᠨ ᠤ ᠳᠠᠷᠠᠭᠠᠬᠢ ᠰᠡᠭᠦᠯᠴᠢ ᠶᠢᠨ ᠤᠰᠤ ᠶᠢ ᠠᠰᠢᠭᠯᠠᠨ ᠡᠭᠡᠭᠦᠯᠦᠨ ᠴᠢᠳᠬᠤᠬᠤ ᠶᠢ ᠵᠣᠷᠢᠭᠵᠢᠭᠤᠯᠤᠨ ᠲᠡᠮᠵᠢᠨ᠎ᠡ᠃ ᠭᠠᠵᠠᠷ ᠤᠨ ᠢᠯᠴᠢ ᠪᠠᠷ ᠳᠤᠯᠠᠭᠠᠯᠠᠬᠤ ᠳᠤ ᠬᠦᠷᠪᠡᠯ᠂ ᠨᠡᠭᠡᠭᠡᠨ ᠠᠰᠢᠭᠯᠠᠬᠤ ᠨᠢᠭᠡᠴᠢ  ᠨᠢ ᠨᠥᠬᠦᠴᠡᠯ ᠪᠦᠷᠢᠯᠳᠦᠭᠦᠯᠵᠦ ᠪᠠᠶᠢᠭᠠᠳ ᠭᠠᠵᠠᠷ ᠤᠨ ᠢᠯᠴᠢ ᠪᠠᠷ ᠳᠤᠯᠠᠭᠠᠯᠠᠰᠠᠨ ᠬᠠᠶᠠᠭᠳᠠᠮᠠᠯ ᠤᠰᠤ ᠶᠢ ᠴᠡᠪᠡᠷᠰᠢᠬᠦᠯᠣᠨ ᠬᠥᠮᠥᠨ ᠤ ᠬᠦᠴᠦ ᠪᠠᠷ ᠡᠭᠡᠭᠦᠯᠦᠨ ᠴᠢᠳᠬᠤᠬᠤ ᠬᠡᠷᠡᠭᠲᠡᠢ᠃  ᠬᠠᠷᠢᠨ ᠪᠣᠬᠢᠷ ᠤᠰᠤ  ᠪᠠᠨ ᠡᠭᠡᠭᠦᠯᠦᠨ ᠴᠢᠳᠬᠤᠬᠤ ᠶᠢ ᠴᠢᠩᠭ᠎ᠠ ᠴᠠᠭᠠᠵᠠᠯᠠᠨ᠎ᠠ᠃      ᠠᠷᠪᠠᠨ ᠳᠣᠯᠣᠳᠤᠭᠠᠷ ᠵᠦᠢᠯ ᠬᠡᠷᠡᠭᠯᠡᠭᠡᠨ ᠠᠴᠠ ᠭᠠᠷᠭᠠᠭᠰᠠᠨ ᠭᠠᠵᠠᠷ ᠤᠨ ᠢᠯᠴᠢ ᠶᠢᠨ ᠬᠤᠳᠳᠤᠭ ᠢ ᠥᠪᠡᠷᠲᠡᠭᠡᠨ ᠵᠠᠰᠠᠭ ᠣᠷᠣᠨ ᠤ ᠭᠠᠵᠠᠷ ᠰᠢᠨᠵᠢᠯᠡᠭᠡ ᠠᠭᠤᠷᠬᠠᠢ ᠶᠢᠨ ᠭᠠᠷᠤᠯᠲᠠ ᠶᠢᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠣᠨ ᠤᠰᠤᠨ ᠠᠰᠢᠬᠯᠠᠯᠳᠡ ᠶᠢᠨ ᠵᠠᠰᠠᠭ ᠵᠠᠬᠢᠷᠭᠠᠨ   ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠵᠥᠪᠰᠢᠶᠡᠷᠡᠭᠦᠯᠵᠤ᠂ ᠬᠡᠷᠡᠭᠯᠡᠭᠴᠢᠳ ᠵᠥᠪᠰᠢᠶᠡᠷᠡᠭᠰᠡᠨ ᠲᠥᠰᠥᠯ ᠤᠨ ᠶᠣᠰᠣᠭᠠᠷ ᠴᠢᠩᠭ᠎ᠠ ᠪᠢᠲᠡᠭᠦᠮᠵᠢᠯᠡᠬᠦ ᠬᠡᠷᠡᠭᠲᠡᠢ᠃ ᠡᠭᠦᠨ ᠤ ᠬᠠᠮᠲᠤ ᠦᠨᠡᠮᠯᠡᠯ ᠣᠯᠭᠤᠭᠰᠠᠨ ᠪᠠᠶᠢᠭᠤᠯᠭ᠎ᠠ ᠳᠤ ᠠᠭᠤᠷᠬᠠᠢ ᠮᠠᠯᠲᠠᠬᠤ ᠵᠥᠪᠰᠢᠶᠡᠷᠡᠯ ᠤᠨ ᠦᠨᠡᠮᠯᠡᠯ᠂ ᠤᠰᠤ ᠠᠪᠬᠤ ᠵᠥᠪᠰᠢᠶᠡᠷᠡᠯ ᠤᠨ ᠦᠨᠡᠮᠯᠡᠯ ᠢ ᠬᠦᠴᠦᠨ ᠦᠭᠡᠢ ᠪᠣᠯᠭᠠᠬᠤ ᠳᠠᠩᠰᠠᠯᠠᠯᠲᠠ ᠶᠢᠨ ᠭᠠᠷ ᠭᠦᠢᠴᠡᠳᠬᠡᠯ ᠬᠢᠬᠦ ᠬᠡᠷᠡᠭᠲᠡᠢ᠃     ᠠᠷᠪᠠᠨ ᠨᠠᠢᠮᠠᠳᠤᠭᠠᠷ ᠵᠦᠢᠯ ᠭᠠᠵᠠᠷ ᠤᠨ ᠢᠯᠴᠢ ᠶᠢᠨ ᠲᠠᠷᠢᠶ᠎ᠠ ᠪᠠ ᠭᠠᠵᠠᠷ ᠤᠨ ᠢᠯᠴᠢ ᠶᠢᠨ ᠦᠢᠯᠡᠳᠪᠦᠷᠢᠯᠡᠯ ᠤᠨ ᠬᠤᠳᠳᠤᠭ ᠤᠨ ᠠᠭᠤᠷᠬᠠᠢ ᠬᠠᠶᠢᠬᠤ ᠡᠷᠬᠡ ᠪᠠ ᠠᠭᠤᠷᠬᠠᠢ ᠮᠠᠯᠲᠠᠬᠤ ᠡᠷᠬᠡ ᠶᠢ ᠰᠢᠯᠵᠢᠭᠦᠯᠦᠨ ᠥᠭᠬᠦ ᠳᠤ ᠲᠦᠷᠦ ᠶᠢᠨ ᠶᠠᠪᠤᠳᠠᠯ ᠤᠨ ᠬᠤᠷᠢᠶᠠᠨ ᠤ ︽ᠠᠭᠤᠷᠬᠠᠢ ᠬᠠᠶᠢᠬᠤ ᠡᠷᠬᠡ ᠠᠭᠤᠷᠬᠠᠢ ᠮᠠᠯᠲᠠᠬᠤ ᠡᠷᠬᠡ ᠶᠢ ᠰᠢᠯᠵᠢᠭᠦᠯᠦᠨ ᠥᠭᠬᠦ ᠬᠠᠮᠢᠶᠠᠷᠤᠯᠲᠠ ᠶᠢᠨ ᠠᠷᠭ᠎ᠠ︾ ᠶᠢ ᠬᠡᠷᠡᠭᠵᠢᠭᠦᠯᠦᠨ᠎ᠡ᠃     ᠠᠷᠪᠠ ᠶᠢᠰᠦᠳᠦᠭᠡᠷ ᠵᠦᠢᠯ ᠶᠠᠮᠠᠷᠪᠠ ᠨᠢᠭᠡᠴᠢ ᠪᠠ ᠬᠤᠪᠢ ᠬᠥᠮᠥᠨ᠂ ᠬᠠᠶᠢᠨ ᠪᠠᠶᠢᠴᠠᠭᠠᠬᠤ ᠵᠥᠪᠰᠢᠶᠡᠷᠡᠯ ᠤᠨ ᠦᠨᠡᠮᠯᠡᠯ ᠣᠯᠣᠭᠰᠠᠨ ᠦᠭᠡᠢ ᠪᠠᠷ ᠳᠤᠷ᠎ᠠ ᠪᠠᠷ ᠢᠶᠠᠨ ᠬᠠᠶᠢᠨ ᠪᠠᠶᠢᠴᠠᠭᠠᠬᠤ ᠠᠵᠢᠯ ᠬᠢᠭᠰᠡᠨ ᠪᠤᠶᠤ ᠠᠭᠤᠷᠬᠠᠢ ᠮᠠᠯᠲᠠᠬᠤ ᠵᠥᠪᠰᠢᠶᠡᠷᠡᠯ ᠤᠨ ᠦᠨᠡᠮᠯᠡᠯ ᠣᠯᠣᠭᠰᠠᠨ ᠦᠭᠡᠢ ᠪᠠᠷ ᠭᠠᠵᠠᠷ   ᠤᠨ ᠢᠯᠴᠢ ᠶᠢᠨ ᠡᠬᠢ ᠪᠠᠶᠠᠯᠢᠭ ᠢ ᠳᠤᠷ᠎ᠠ ᠪᠠᠷ ᠢᠶᠠᠨ ᠨᠡᠭᠡᠭᠡᠨ ᠮᠠᠯᠲᠠᠭᠰᠠᠨ᠂ ᠠᠭᠤᠷᠬᠠᠢ ᠬᠠᠶᠢᠬᠤ ᠡᠷᠬᠡ ᠶᠢ ᠬᠡᠷᠡᠭᠯᠡᠬᠦ ᠰᠦᠢᠳᠬᠡᠯ᠂ ᠠᠭᠤᠷᠬᠠᠢ ᠮᠠᠯᠲᠠᠬᠤ ᠡᠷᠬᠡ ᠶᠢ ᠬᠡᠷᠡᠭᠯᠡᠬᠦ ᠰᠦᠢᠳᠬᠡᠯ ᠪᠣᠯᠣᠨ ᠭᠠᠵᠠᠷ ᠤᠨ ᠢᠯᠴᠢ ᠶᠢᠨ ᠡᠬᠢ ᠪᠠᠶᠠᠯᠢᠭ ᠤᠨ ᠨᠥᠬᠦᠪᠦᠷᠢ ᠰᠦᠢᠳᠬᠡᠯ ᠲᠤᠰᠢᠶᠠᠬᠤ ᠶᠢ ᠲᠡᠪᠴᠢᠭᠰᠡᠨ ᠪᠠᠶᠢᠪᠠᠯ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠭᠠᠵᠠᠷ ᠰᠢᠨᠵᠢᠯᠡᠭᠡ ᠠᠭᠤᠷᠬᠠᠢ ᠶᠢᠨ ᠭᠠᠷᠤᠯᠲᠠ ᠶᠢᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠲᠣᠭᠲᠠᠭᠠᠯ ᠶᠣᠰᠣᠭᠠᠷ ᠰᠢᠳᠬᠡᠨ ᠲᠣᠷᠭᠠᠬᠤ ᠬᠡᠷᠡᠭᠲᠡᠢ᠃      ᠬᠤᠷᠢᠳᠤᠭᠠᠷ ᠵᠦᠢᠯ ᠵᠥᠪᠰᠢᠶᠡᠷᠡᠭᠦᠯᠦᠭᠰᠡᠨ ᠠᠭᠤᠷᠬᠠᠢ ᠶᠢᠨ ᠣᠷᠣᠨ ᠤ ᠬᠡᠪᠴᠢᠶ᠎ᠡ ᠠᠴᠠ ᠳᠠᠪᠠᠵᠤ ᠠᠭᠤᠷᠬᠠᠢ ᠮᠠᠯᠲᠠᠭᠰᠠᠨ ᠪᠠᠶᠢᠪᠠᠯ᠂ ᠵᠠᠷᠯᠢᠭᠳᠠᠵᠤ ᠪᠠᠶᠢᠭᠠᠳ ᠲᠤᠰ ᠠᠭᠤᠷᠬᠠᠢ ᠶᠢᠨ ᠣᠷᠣᠨ ᠤ ᠬᠡᠪᠴᠢᠶᠡᠨ ᠳᠡᠭᠡᠨ ᠪᠤᠴᠠᠭᠠᠵᠤ ᠮᠠᠯᠲᠠᠭᠤᠯᠵᠤ᠂ ᠬᠤᠬᠢᠷᠠᠯ ᠢ ᠨᠢ ᠲᠥᠯᠥᠭᠦᠯᠵᠦ᠂ ᠵᠠᠭᠠᠭ ᠠᠴᠠ ᠳᠠᠪᠠᠵᠤ ᠮᠠᠯᠲᠠᠭᠰᠠᠨ ᠠᠭᠤᠷᠬᠠᠢ ᠶᠢᠨ ᠭᠠᠷᠤᠯᠲᠠ ᠪᠠ ᠬᠠᠤᠯᠢ  ᠪᠣᠰᠣ ᠣᠯᠵᠠ ᠠᠰᠢᠭ ᠢ ᠨᠢ ᠬᠤᠷᠢᠶᠠᠨ ᠠᠪᠬᠤ ᠪᠥᠭᠡᠳ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠳᠭᠡᠵᠦ ᠪᠣᠯᠣᠨ᠎ᠠ᠃ ᠲᠤᠰ ᠠᠭᠤᠷᠬᠠᠢ ᠶᠢᠨ ᠣᠷᠣᠨ ᠤ ᠪᠠᠨ ᠬᠡᠪᠴᠢᠶᠡᠨ ᠳᠤ ᠪᠤᠴᠠᠭᠠᠵᠤ ᠮᠠᠯᠲᠠᠭᠤᠯᠬᠤ ᠶᠢ ᠲᠡᠪᠴᠢᠭᠡᠳ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠡᠪᠳᠡᠭᠰᠡᠨ ᠪᠠᠶᠢᠪᠠᠯ᠂ ᠠᠭᠤᠷᠬᠠᠢ ᠮᠠᠯᠲᠠᠬᠤ ᠵᠥᠪᠰᠢᠶᠡᠷᠡᠯ ᠤᠨ ᠦᠨᠡᠮᠯᠡᠯ ᠢ ᠨᠢ ᠬᠤᠷᠢᠶᠠᠨ ᠠᠪᠴᠤ ᠬᠦᠴᠦᠨ ᠦᠭᠡᠢ ᠪᠣᠯᠭᠠᠵᠤ᠂ ᠡᠷᠡᠭᠦᠦ ᠶᠢᠨ ᠬᠠᠤᠯᠢ ᠶᠢᠨ ᠵᠠᠭᠤ ᠲᠠᠪᠢᠨ ᠵᠢᠷᠭᠤᠳᠤᠭᠠᠷ ᠵᠦᠢᠯ ᠤᠨ ᠲᠣᠭᠲᠠᠭᠠᠯ ᠶᠣᠰᠣᠭᠠᠷ ᠰᠢᠭᠤᠳ ᠬᠠᠷᠢᠭᠤᠴᠠᠯᠭ᠎ᠠ ᠲᠠᠢ ᠬᠥᠮᠥᠨ ᠠᠴᠠ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠬᠦ ᠭᠡᠷᠡᠭᠳᠡᠢ᠃      ᠬᠤᠷᠢᠨ ᠨᠢᠭᠡᠳᠦᠭᠡᠷ ᠵᠦᠢᠯ ᠲᠤᠰ ᠳᠦᠷᠢᠮ ᠤᠨ ᠠᠷᠭ᠎ᠠ ᠠᠴᠠ ᠵᠥᠷᠢᠴᠡᠵᠦ᠂ ᠨᠡᠭᠡᠭᠡᠨ ᠮᠠᠯᠲᠠᠬᠤ ᠶᠢ ᠵᠥᠪᠰᠢᠶᠡᠷᠡᠭᠰᠡᠨ ᠬᠢᠵᠠᠭᠠᠷ ᠬᠡᠮᠵᠢᠶ᠎ᠡ ᠠᠴᠠ ᠬᠡᠲᠦᠷᠡᠭᠦᠯᠦᠨ ᠤᠰᠤ ᠲᠠᠲᠠᠭᠰᠠᠨ ᠪᠣᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ   ᠤᠨ ᠣᠷᠳᠣᠨ ᠤ ᠤᠰᠤᠨ ᠠᠰᠢᠬᠯᠠᠯᠳᠡ ᠶᠢᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠵᠠᠯᠠᠷᠠᠭᠤᠯᠤᠭᠤᠯᠤᠨ᠎ᠠ᠃᡾ᠦᠶᠯᠡ ᠪᠠᠶᠢᠳᠠᠯ ᠨᠢ ᠬᠦᠨᠳᠦ ᠨᠣᠴᠢᠲᠠᠢ ᠪᠠᠶᠢᠪᠠᠯ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠵᠥᠪᠰᠢᠶᠡᠷᠡᠭᠦᠯᠵᠦ᠂ ᠤᠰᠤ ᠲᠠᠲᠠᠬᠤ ᠵᠥᠪᠰᠢᠶᠡᠷᠡᠯ ᠤᠨ ᠦᠨᠡᠮᠯᠡᠯ ᠢ ᠨᠢ ᠬᠤᠷᠢᠶᠠᠨ ᠠᠪᠴᠤ ᠬᠦᠴᠦᠨ ᠦᠭᠡᠢ ᠪᠣᠯᠭᠠᠨ᠎ᠠ︔ ᠤᠰᠤ ᠲᠠᠲᠠᠬᠤ ᠵᠥᠪᠰᠢᠶᠡᠷᠡᠯ ᠤᠨ ᠦᠨᠡᠮᠯᠡᠯ ᠠᠪᠤᠭᠰᠠᠨ ᠦᠭᠡᠢ ᠪᠠᠶᠢᠪᠠᠯ᠂ ᠵᠠᠷᠯᠢᠭᠳᠠᠵᠤ ᠪᠠᠶᠢᠭᠠᠳ ᠤᠰᠤ ᠲᠠᠲᠠᠬᠤ ᠠᠵᠢᠯ ᠢ ᠨᠢ ᠵᠣᠭᠰᠣᠭᠠᠨ᠎ᠠ᠃ᠬᠤᠷᠢᠨ ᠬᠤᠶᠠᠳᠤᠭᠠᠷ ᠵᠦᠢᠯ ᠠᠭᠤᠷᠬᠠᠶ ᠶᠢᠨ ᠠᠵᠤ ᠠᠬᠤᠶᠢᠯᠠᠯ ᠪᠠ ᠬᠠᠶᠢᠨ ᠪᠠᠶᠢᠴᠠᠭᠠᠬᠤ ᠨᠢᠭᠡᠴᠢ ᠶᠢᠨ ᠠᠭᠤᠷᠬᠠᠢ ᠶᠢᠨ ᠭᠠᠷᠤᠯᠲᠠ ᠪᠠ ᠪᠤᠰᠤᠳ ᠡᠳ᠋ ᠪᠣᠳᠠᠰ ᠢ ᠬᠤᠯᠠᠭᠠᠶᠢᠯᠠᠭᠰᠠᠨ᠂ ᠪᠤᠯᠢᠶᠠᠭᠰᠠᠨ᠂ ᠠᠭᠤᠷᠬᠠᠢ ᠮᠠᠯᠲᠠᠬᠤ᠂ ᠬᠠᠶᠢᠨ ᠪᠠᠶᠢᠴᠠᠭᠠᠬᠤ ᠲᠥᠬᠦᠭᠡᠷᠦᠮᠵᠢ ᠶᠢ ᠡᠪᠳᠡᠭᠰᠡᠨ᠂ ᠠᠭᠤᠷᠬᠠᠢ ᠶᠢᠨ ᠣᠷᠣᠨ ᠪᠠ ᠬᠠᠶᠢᠨ ᠪᠠᠶᠢᠴᠠᠭᠠᠬᠤ ᠠᠵᠢᠯ ᠤᠨ ᠲᠣᠭᠤᠷᠢᠭ ᠤᠨ ᠦᠢᠯᠡᠳᠪᠦᠷᠢᠯᠡᠯ ᠤᠨ ᠡᠮᠬᠢ ᠵᠢᠷᠤᠮ᠂ ᠠᠵᠢᠯ ᠤᠨ ᠡᠮᠬᠢ ᠵᠢᠷᠤᠮ ᠢ ᠰᠠᠮᠠᠭᠤᠷᠠᠭᠤᠯᠤᠭᠰᠠᠨ ᠪᠠᠶᠢᠪᠠᠯ᠂ ᠡᠷᠡᠭᠦᠦ ᠶᠢᠨ ᠬᠠᠤᠯᠢ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠲᠤᠰ ᠲᠤᠰ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ ᠦᠢᠯᠡ ᠪᠠᠶᠢᠳᠠᠯ ᠨᠢ ᠢᠯᠡᠳᠲᠡ ᠬᠥᠩᠭᠡᠪᠲᠦᠷ ᠪᠠᠶᠢᠪᠠᠯ᠂ ᠠᠮᠤᠷ ᠢ ᠬᠠᠮᠠᠭᠠᠯᠠᠬᠤ ᠠᠵᠢᠯ ᠤᠨ ᠬᠠᠮᠢᠶᠠᠷᠤᠯᠲᠠ ᠶᠢᠨ ᠰᠢᠳᠬᠡᠬᠦ ᠳᠦᠷᠢᠮ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠢᠳᠬᠡᠨ᠎ᠡ᠃      ᠬᠤᠷᠢᠨ ᠭᠤᠷᠪᠠᠳᠤᠭᠠᠷ ᠵᠦᠢᠯ ᠲᠤᠰ ᠠᠷᠭ᠎ᠠ ᠠᠴᠠ ᠵᠥᠷᠢᠴᠡᠵᠦ᠂ ᠳᠣᠣᠷᠠᠬᠢ ᠮᠡᠲᠦ ᠥᠢᠯᠡ ᠠᠵᠢᠯᠯᠠᠭ᠎ᠠ ᠶᠢᠨ ᠨᠢᠭᠡ ᠨᠢ ᠪᠠᠶᠢᠪᠠᠯ᠂ ︽ᠡᠷᠡᠭᠦᠦ ᠶᠢᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠤᠨ ᠢᠯᠴᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠳᠦᠷᠢᠮ︾ ᠵᠡᠷᠭᠡ ᠶᠢ ᠦᠨᠳᠦᠰᠦᠯᠡᠨ ᠰᠢᠢᠳᠪᠦᠷᠢᠯᠡᠨ᠎ᠡ᠃ ︵ᠨᠢᠭᠡ︶ ᠭᠠᠵᠠᠷ ᠤᠨ ᠢᠯᠴᠢ ᠶᠢᠨ ᠪᠠᠷᠢᠯᠭ᠎ᠠ ᠪᠠᠷᠢᠬᠤ ᠶᠢ ᠵᠥᠪᠰᠢᠶᠡᠷᠡᠭᠰᠡᠨ ᠪᠢᠴᠢᠭ ᠢ ᠭᠦᠢᠴᠡᠳᠬᠡᠭᠰᠡᠨ ᠦᠭᠡᠢ ᠪᠠᠷ ᠳᠤᠷ᠎ᠠ ᠪᠠᠷ ᠢᠶᠠᠨ ᠪᠠᠷᠢᠯᠭ᠎ᠠ ᠪᠠᠷᠢᠭᠰᠠᠨ᠃᡾︵ᠬᠤᠶᠠᠷ︶ ᠨᠢᠭᠡᠳᠦᠯᠲᠡᠢ ᠱᠠᠭᠠᠷᠳᠠᠯᠭ᠎ᠠ ᠶᠣᠰᠣᠭᠠᠷ ᠬᠡᠮᠵᠢᠯᠲᠡ ᠶᠢᠨ ᠲᠥᠬᠦᠭᠡᠷᠦᠮᠵᠢ ᠶᠢ ᠤᠭᠰᠠᠷᠠᠭᠰᠠᠨ ᠦᠭᠡᠢ ᠪᠤᠶᠤ ᠬᠡᠮᠵᠢᠯᠲᠡ ᠶᠢᠨ ᠲᠥᠬᠦᠭᠡᠷᠦᠮᠵᠢ ᠳᠤ ᠰᠠᠭᠠᠳ ᠭᠠᠷᠴᠤ ᠨᠢᠭᠤᠨ ᠳᠠᠯᠳᠠᠯᠠᠵᠤ ᠮᠡᠳᠡᠭᠦᠯᠦᠭᠰᠡᠨ ᠦᠭᠡᠢ᠃ ︵ᠭᠤᠷᠪᠠ︶ ᠨᠡᠭᠡᠭᠡᠨ ᠮᠠᠯᠲᠠᠬᠤ ᠬᠡᠮᠵᠢᠶ᠎ᠡ ᠪᠠᠨ ᠭᠦᠢᠴᠡᠳᠬᠡᠬᠦ ᠲᠤᠭ᠎ᠠ ᠦᠭᠡᠢ ᠪᠤᠶᠤ ᠵᠥᠪᠰᠢᠶᠡᠷᠡᠭᠰᠡᠨ ᠭᠦᠢᠴᠡᠳᠬᠡᠬᠦ ᠲᠤᠭ᠎ᠠ ᠶᠢ ᠦᠯᠦ ᠵᠢᠷᠤᠮᠯᠠᠨ ᠳᠤᠷ᠎ᠠ ᠪᠠᠷ ᠢᠶᠠᠨ ᠥᠷᠭᠡᠳᠬᠡᠭᠰᠡᠨ᠃ ︵ᠳᠥᠷᠪᠡ︶ ᠨᠡᠭᠡᠭᠡᠨ ᠮᠠᠯᠲᠠᠬᠤ ᠲᠥᠯᠥᠪᠯᠡᠭᠡ ᠪᠠ ᠨᠡᠭᠡᠭᠡᠨ ᠮᠠᠯᠲᠠᠬᠤ ᠮᠡᠳᠡᠭᠦᠯᠦᠯᠲᠡ ᠶᠢᠨ ᠬᠦᠰᠦᠨᠦᠭᠲᠦ ᠪᠠᠨ ᠴᠠᠭ ᠲᠤᠬᠠᠢ ᠳᠤᠨᠢ ᠦᠯᠦ ᠮᠡᠳᠡᠭᠦᠯᠦᠭᠰᠡᠨ᠃ ︵ᠲᠠᠪᠤ︶ ᠵᠥᠪᠰᠢᠶᠡᠷᠡᠭᠰᠡᠨ ᠲᠥᠰᠥᠯ ᠪᠤᠶᠤ ᠭᠠᠵᠠᠷ ᠤᠨ ᠢᠯᠴᠢ ᠶᠢᠨ ᠡᠬᠢ ᠪᠠᠶᠠᠯᠢᠭ ᠤᠨ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠯᠲᠠ ᠶᠢᠨ ᠵᠢᠷᠤᠮᠵᠢᠯ ᠶᠣᠰᠣᠭᠠᠷ ᠪᠠᠷᠢᠯᠭ᠎ᠠ ᠶᠢᠨ ᠠᠵᠢᠯ ᠢᠶᠠᠨ ᠦᠯᠦ ᠬᠢᠭᠰᠡᠨ᠃ ︵ᠵᠢᠷᠭᠤᠭ᠎ᠠ︶ ᠵᠥᠪᠰᠢᠶᠡᠷᠡᠭᠦᠯᠦᠭᠰᠡᠨ ᠦᠭᠡᠢ ᠪᠠᠷ ᠪᠤᠰᠤᠳ ᠬᠤᠳᠳᠤᠭ ᠥᠷᠥᠮᠳᠡᠬᠦ ᠶᠢ ᠳᠤᠷ᠎ᠠ ᠪᠠᠷ ᠢᠶᠠᠨ ᠭᠠᠵᠠᠷ ᠤᠨ ᠢᠯᠴᠢ ᠶᠢᠨ ᠬᠤᠳᠳᠤᠭ ᠪᠣᠯᠭᠠᠨ ᠬᠤᠪᠢᠷᠠᠭᠤᠯᠵᠤ ᠭᠠᠵᠠᠷ ᠤᠨ ᠢᠯᠴᠢ ᠶᠢᠨ ᠡᠬᠢ ᠪᠠᠶᠠᠯᠢᠭ ᠢ ᠨᠡᠭᠡᠭᠡᠨ ᠮᠠᠯᠲᠠᠭᠰᠠᠨ᠃ ( ᠲᠤᠯᠤᠭ᠎ᠠ ) ᠳᠤᠷ᠎ᠠ ᠪᠠᠷ ᠢᠶᠠᠨ ᠭᠠᠵᠠᠷ ᠤᠨ ᠢᠯᠴᠢ ᠶᠢ ᠡᠭᠡᠭᠦᠯᠦᠨ ᠴᠢᠳᠬᠤᠭᠠᠳ ᠬᠤᠣᠷ ᠬᠥᠨᠥᠭᠡᠯ ᠤᠴᠠᠷᠠᠭᠤᠯᠤᠭᠰᠠᠨ ᠪᠤᠶᠤ ᠪᠣᠬᠢᠷ ᠤᠰᠤ ᠶᠢ ᠡᠭᠡᠭᠦᠯᠦᠨ ᠴᠢᠳᠬᠤᠭᠰᠠᠨ᠃ ︵ᠨᠠᠢᠮᠠ︶ ᠡᠪᠳᠡᠯᠡᠭᠡ ᠶᠢᠨ ᠴᠢᠨᠠᠷᠲᠠᠢ ᠨᠡᠭᠡᠭᠡᠨ ᠮᠠᠯᠲᠠᠬᠤ ᠠᠷᠭ᠎ᠠ ᠪᠠᠷ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠮᠠᠯᠲᠠᠭᠰᠠᠨ᠃ ︵ᠶᠢᠰᠦ︶ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠬᠦᠨᠳᠦ ᠨᠣᠴᠢᠲᠠᠢ ᠡᠪᠳᠡᠭᠰᠡᠨ᠃      ᠬᠤᠷᠢᠨ ᠳᠥᠷᠪᠡᠳᠦᠭᠡᠷ ᠵᠦᠢᠯ ᠲᠤᠬᠠᠢ ᠶᠢᠨ ᠬᠥᠮᠥᠨ ᠨᠢ ᠵᠠᠰᠠᠭ ᠵᠠᠬᠢᠷᠭᠠᠨ ᠤ ᠰᠢᠳᠬᠡᠯ ᠤᠨ ᠲᠣᠭᠲᠠᠭᠠᠯ ᠢ ᠵᠥᠪᠰᠢᠶᠡᠷᠡᠬᠦ ᠦᠭᠡᠢ ᠪᠠᠶᠢᠪᠠᠯ᠂ ᠬᠠᠤᠯᠢ ᠶᠣᠰᠣᠭᠠᠷ ᠲᠠᠬᠢᠨ ᠵᠥᠪᠯᠡᠭᠦᠯᠬᠦ ᠪᠠᠷ ᠭᠤᠶᠤᠴᠢᠯᠠᠬᠤ ᠪᠤᠶᠤ ᠠᠷᠠᠳ ᠤᠨ ᠰᠢᠭᠦᠬᠦ ᠬᠤᠷᠢᠶᠠᠨ ᠳᠤ ᠵᠠᠭᠠᠯᠳᠤᠵᠤ ᠪᠣᠯᠣᠨ᠎ᠠ᠃ ᠬᠤᠭᠤᠴᠠᠭ᠎ᠠ ᠬᠡᠲᠦᠷᠡᠲᠡᠯ᠎ᠡ ᠲᠡᠬᠢᠠ ᠵᠥᠪᠯᠡᠭᠦᠯᠬᠦ ᠪᠠᠷ ᠭᠤᠶᠤᠴᠢᠯᠠᠭᠰᠠᠨ ᠦᠬᠡᠢ᠂ ᠠᠷᠠᠳ ᠤᠨ ᠰᠢᠭᠦᠬᠦ ᠬᠤᠷᠢᠶᠠᠨ ᠳᠤ ᠵᠠᠭᠠᠯᠳᠤᠭᠰᠠᠨ ᠤᠶᠢᠭᠡᠢ ᠪᠥᠭᠡᠳ ᠰᠢᠳᠬᠡᠬᠦ ᠲᠣᠭᠲᠠᠭᠠᠯ ᠢ ᠪᠠᠰᠠ ᠭᠦᠢᠴᠡᠳᠬᠡᠬᠦ ᠦᠭᠡᠢ ᠪᠠᠶᠢᠪᠠᠯ᠂ ᠰᠢᠳᠬᠡᠬᠦ ᠲᠣᠭᠲᠠᠭᠠᠯ ᠭᠠᠷᠭᠠᠭᠰᠠᠨ ᠪᠠᠶᠢᠭᠤᠯᠭ᠎ᠠ ᠠᠴᠠ ᠠᠷᠠᠳ ᠤᠨ ᠰᠢᠭᠦᠬᠦ ᠬᠤᠷᠢᠶᠠᠨ ᠳᠤ ᠭᠤᠶᠤᠴᠢᠯᠠᠵᠤ ᠠᠯᠪᠡᠳᠡᠠ ᠭᠦᠢᠴᠡᠳᠬᠡᠭᠦᠯᠦᠨ᠎ᠡ᠃      ᠬᠤᠷᠢᠨ ᠲᠠᠪᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠭᠠᠵᠠᠷ ᠰᠢᠨᠵᠢᠯᠡᠭᠡ ᠠᠭᠤᠷᠬᠠᠢ ᠶᠢᠨ ᠭᠠᠷᠤᠯᠲᠠ ᠶᠢᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠣᠨ ᠤᠰᠤᠨ ᠤ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠠᠵᠢᠯᠲᠠᠳ ᠡᠭᠦᠷᠭᠡ ᠲᠤᠰᠢᠶᠠᠯ ᠢᠶᠠᠨ ᠣᠮᠲᠣᠭᠠᠶᠢᠯᠠᠵᠤ ᠬᠠᠷᠢᠭᠤᠴᠠᠯᠭ᠎ᠠ ᠪᠠᠨ ᠠᠯᠳᠠᠭᠰᠠᠨ᠂ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠭᠰᠡᠨ᠂ ᠬᠤᠪᠢ ᠶᠢᠨ ᠨᠠᠶᠢᠷ ᠢᠶᠠᠷ ᠬᠠᠤᠯᠢ ᠶᠣᠰᠣ ᠶᠢ ᠵᠥᠷᠢᠴᠡᠭᠰᠡᠨ ᠪᠣᠯ ᠲᠡᠭᠦᠨ ᠤ ᠪᠠᠶᠢᠭ᠎ᠠ ᠨᠢᠭᠡᠴᠢ ᠪᠤᠶᠤ ᠳᠡᠭᠡᠳᠦ ᠱᠠᠲᠤᠨ   ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠰᠠᠭ ᠵᠠᠬᠢᠷᠭᠠᠨ ᠤ ᠰᠢᠳᠬᠡᠯ ᠣᠯᠭᠤᠨ᠎ᠠ᠃ ᡾ᠶᠠᠯ᠎ᠠ ᠪᠣᠯᠵᠤ ᠪᠦᠷᠢᠯᠳᠦᠭᠰᠡᠨ ᠪᠠᠶᠢᠪᠠᠯ᠂ ᠬᠠᠤᠯᠢ ᠴᠠᠭᠠᠵᠠ ᠶᠢᠨ ᠪᠠᠶᠢᠭᠤᠯᠭ᠎ᠠ ᠠᠴᠠ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃      ᠬᠤᠷᠢᠨ ᠵᠢᠷᠭᠤᠳᠤᠭᠠᠷ ᠵᠦᠢᠯ ᠲᠤᠰ ᠠᠷᠭ᠎ᠠ ᠶᠢ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠠᠴᠠ ᠬᠠᠷᠢᠭᠤᠴᠠᠨ ᠲᠠᠶᠢᠯᠪᠤᠷᠢᠯᠠᠨ᠎ᠠ᠃      ᠬᠤᠷᠢᠨ ᠳᠣᠯᠣᠳᠤᠭᠠᠷ ᠵᠦᠢᠯ ᠲᠤᠰ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃
 
ᠢᠷᠡᠯᠲᠡ᠄ ᠷᠡᠰᠢᠶᠠᠨ ᠬᠤᠳᠡ ᠶᠢᠨ ᠠᠷᠡᠳ ᠤᠨ ᠵᠠᠰᠠᠭ ᠤᠨ ᠣᠷᠳᠣᠨ ᠤ ᠠᠯᠪᠡᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号