ᠷᠠᠰᠢᠶᠠᠨ ᠬᠤᠲᠠ ᠶᠢᠨ ᠣᠶ ᠰᠢᠭᠤᠢ ᠶᠢᠨ ᠠᠮᠢ ᠠᠬᠤᠢ ᠶᠢᠨ ᠬᠥᠮᠥᠨ ᠰᠣᠶᠣᠯ ᠤᠨ ᠳᠤᠷᠠᠰᠬᠠᠯ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢᠨ ᠬᠦᠷᠢᠶ᠎ᠡ ᠬᠡᠪᠴᠢᠶᠡᠨ ᠤ ᠣᠶᠢᠷᠠᠯᠴᠠᠭᠠᠬᠢ ᠪᠤᠯᠠᠰᠢ ᠶᠢᠨ ᠭᠠᠵᠠᠷ ᠢ ᠲᠥᠪᠯᠡᠷᠡᠭᠦᠯᠦᠨ ᠨᠡᠭᠦᠯᠭᠡᠬᠦ ᠲᠤᠬᠠᠢ ᠠᠯᠪᠠᠨ ᠵᠠᠷᠯᠠᠯ
ᠨᠡᠶᠢᠲᠡᠯᠡᠭᠰᠡᠨ ᠴᠠᠭ᠄
2023/8/29
      ᠷᠡᠰᠢᠶᠠᠨ ᠵᠠᠰᠠᠭ ᠲᠠᠷᠬᠠᠭᠠᠬᠤ 〔2023〕 38 ᠳ᠋ᠤᠭᠠᠷ ᠲᠣᠭᠠᠲᠤ       ︽ᠲᠥᠷᠥ ᠶᠢᠨ ᠶᠠᠪᠤᠳᠠᠯ ᠤᠨ ᠬᠤᠷᠢᠶᠠᠨ ᠤ ᠣᠷᠣᠰᠢᠭᠤᠯᠭ᠎ᠠ ᠶᠢᠨ ᠬᠠᠮᠢᠶᠠᠷᠤᠯᠲᠠ ᠶᠢᠨ ᠳᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠰᠢᠭᠤᠯᠭ᠎ᠠ ᠶᠢᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠲᠣᠭᠲᠠᠭᠠᠯ ᠢ ᠬᠡᠷᠡᠭᠵᠢᠭᠦᠯᠬᠦ ᠠᠷᠭ᠎ᠠ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶᠢᠲᠤ ᠭᠠᠵᠠᠷ ᠤᠨ ᠬᠠᠮᠢᠶᠠᠷᠤᠯᠲᠠ ᠶᠢᠨ ᠳᠦᠷᠢᠮ︾ ︽ᠠᠶᠢᠮᠠᠭ ᠤᠨ ᠵᠠᠬᠢᠷᠭ᠎ᠠ ᠶᠢᠨ ︿ᠬᠢᠩᠭᠠᠨ ᠠᠶᠢᠮᠠᠭ ᠤᠨ ᠣᠷᠣᠰᠢᠭᠤᠯᠭ᠎ᠠ ᠶᠢᠨ ᠬᠦᠷᠢᠶᠡᠨ ᠤ ᠵᠠᠰᠠᠯᠲᠠ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠲᠤᠬᠠᠢ ᠬᠡᠷᠡᠭᠵᠢᠭᠦᠯᠬᠦ ᠲᠥᠰᠥᠯ﹀ ᠢ ᠳᠠᠷᠤᠮᠠᠯᠯᠠᠨ ᠲᠠᠷᠬᠠᠭᠠᠬᠤ ᠮᠡᠳᠡᠭᠳᠡᠯ︾ ᠵᠡᠷᠭᠡ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠷᠠᠰᠢᠶᠠᠨ ᠬᠤᠲᠠ ᠶᠢᠨ ᠤᠯᠤᠰ ᠤᠨ ᠲᠠᠰ ᠤᠨ ᠵᠣᠭᠠᠴᠠᠯ ᠤᠨ ᠠᠮᠠᠷᠠᠯᠲᠠ ᠶᠢᠨ ᠣᠷᠣᠨ ᠢ ᠡᠭᠦᠳᠦᠨ ᠪᠠᠶᠢᠭᠤᠯᠬᠤ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ᠂ ᠷᠠᠰᠢᠶᠠᠨ ᠤ ᠣᠶ ᠰᠢᠭᠤᠢ ᠶᠢᠨ ᠠᠮᠢ ᠠᠬᠤᠢ ᠶᠢᠨ ᠬᠥᠮᠥᠨ ᠰᠣᠶᠣᠯ ᠤᠨ ᠳᠤᠷᠠᠰᠬᠠᠯ ᠤᠨ ᠬᠦᠷᠢᠶᠡᠯᠡᠩ ᠤᠨ ᠤᠷᠤᠭᠰᠢᠲᠠᠢ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠣᠯᠠᠨ ᠲᠦᠮᠡᠨ ᠤ ᠳᠠᠷᠤᠭᠠᠰᠤ ᠶᠢ ᠬᠥᠩᠭᠡᠷᠡᠭᠦᠯᠵᠦ᠂ ᠵᠠᠩ ᠳᠠᠳᠬᠠᠯ ᠢ ᠥᠭᠡᠷᠡᠴᠢᠯᠡᠬᠦ᠂ ᠰᠠᠶᠢᠳᠣᠷ  ᠠᠴᠢᠯᠡᠨ ᠬᠦᠨᠳᠣᠳᠭᠡᠵᠣ ᠣᠷᠣᠰᠢᠭᠤᠯᠬᠤ ᠶᠢ ᠰᠠᠨᠠᠭᠠᠴᠢᠯᠠᠵᠤ᠂ ᠤᠯᠠᠮᠵᠢᠯᠠᠯᠲᠤ ︽ᠰᠢᠷᠣᠢ ᠳᠤ ᠣᠷᠣᠰᠢᠭᠤᠯᠬᠤ︾ ᠶᠢ ᠠᠮᠢ ᠠᠬᠤᠢ ᠶᠢᠨ ︽ᠮᠣᠳᠣᠨ ᠣᠷᠣᠰᠢᠭᠤᠯᠭ᠎ᠠ︾ ᠳᠠᠰᠢ ᠬᠤᠪᠢᠷᠠᠭᠤᠯᠬᠤ ᠶᠢ ᠢᠳᠡᠪᠬᠢᠲᠡᠢ ᠠᠬᠢᠭᠤᠯᠵᠤ᠂ ᠢᠳᠡᠪᠬᠢᠲᠡᠢ ᠪᠠᠷ ᠥᠭᠡᠳᠡᠷᠬᠡᠭ᠂ ᠪᠣᠬᠢᠷᠲᠤᠯ ᠦᠭᠡᠢ ᠣᠷᠴᠢᠨ ᠲᠣᠭᠤᠷᠢᠨ ᠢ ᠬᠠᠮᠠᠭᠠᠯᠠᠬᠤ ᠠᠮᠢ ᠠᠬᠤᠢ ᠶᠢᠨ ᠣᠨᠣᠯᠵᠢᠬᠤᠨ ᠢ ᠳᠠᠮᠵᠢᠭᠤᠯᠤᠨ᠎ᠠ᠃ ᠡᠳᠦᠭᠡ ᠷᠠᠰᠢᠶᠠᠨ ᠤ ᠣᠶ ᠰᠢᠭᠤᠢ ᠶᠢᠨ ᠠᠮᠢ ᠠᠬᠤᠢ ᠬᠥᠮᠥᠨ ᠰᠣᠶᠣᠯ ᠤᠨ ᠳᠤᠷᠠᠰᠬᠠᠯ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢᠨ ᠬᠦᠷᠢᠶ᠎ᠡ ᠬᠡᠪᠴᠢᠶᠡᠨ ᠤ ᠣᠶᠢᠷ᠎ᠠ ᠬᠠᠪᠢ ᠶᠢᠨ ᠪᠤᠯᠠᠰᠢᠨ ᠭᠠᠵᠠᠷ ᠢ ᠲᠥᠪᠯᠡᠷᠡᠭᠦᠯᠦᠨ ᠨᠡᠭᠦᠯᠭᠡᠬᠦ ᠬᠤᠯᠪᠣᠭᠳᠠᠯ ᠪᠦᠬᠦᠢ ᠵᠦᠢᠯᠡᠰ ᠤᠨ ᠲᠤᠬᠠᠢ ᠳᠣᠣᠷᠠᠬᠢ ᠮᠡᠲᠦ ᠵᠠᠷᠯᠠᠶ᠎ᠠ᠄      ᠨᠢᠭᠡ᠂ ᠨᠡᠭᠦᠯᠭᠡᠬᠦ ᠬᠡᠪᠴᠢᠶ᠎ᠡ      1. ᠷᠠᠰᠢᠶᠠᠨ ᠬᠤᠲᠠ ᠶᠢᠨ ᠯᠢᠨ ᠬᠠᠢ ᠵᠡᠭᠡᠯᠢ ᠶᠢᠨ ᠳᠤᠯᠠᠭᠠᠯᠭ᠎ᠠ ᠶᠢᠨ ᠲᠥᠪ ᠠᠴᠠ ᠵᠡᠭᠦᠨ ᠡᠮᠦᠨ᠎ᠡ 200 ᠮᠧᠲᠷ ᠤᠨ ᠭᠠᠵᠠᠷ ᠲᠤ ᠪᠠᠶᠢᠭ᠎ᠠ 2  ᠣᠩᠭᠤᠨ ᠢ ᠰᠢᠯᠵᠢᠬᠦᠯᠣᠨ᠎ᠠ︔      2. ᠷᠠᠰᠢᠶᠠᠨ ᠬᠤᠲᠠ ᠶᠢᠨ ᠯᠢᠨ ᠬᠠᠢ ᠵᠡᠭᠡᠯᠢ ᠶᠢᠨ ᠳᠤᠯᠠᠭᠠᠯᠭ᠎ᠠ ᠶᠢᠨ ᠲᠥᠪ ᠠᠴᠠ ᠵᠡᠭᠦᠨ ᠡᠮᠦᠨ᠎ᠡ 500 ᠮᠧᠲᠷ ᠤᠨ ᠭᠠᠵᠠᠷ ᠲᠤ ᠪᠠᠶᠢᠭ᠎ᠠ 1 ᠣᠩᠭᠤᠨ ᠢ ᠰᠢᠯᠵᠢᠬᠦᠯᠣᠨ᠎ᠠ︔      3. ᠷᠠᠰᠢᠶᠠᠨ ᠬᠤᠲᠠ ᠶᠢᠨ ᠯᠢᠨ ᠬᠠᠢ ᠵᠡᠭᠡᠯᠢ ᠶᠢᠨ ᠳᠤᠯᠠᠭᠠᠯᠠᠭ᠎ᠠ ᠶᠢᠨ ᠲᠥᠪ ᠠᠴᠠ ᠵᠡᠭᠦᠨ ᠡᠮᠦᠨ᠎ᠡ  ᠵᠢᠯᠠᠭ᠎ᠠ ᠳᠠᠬᠢ 3 ᠺᠢᠯᠣᠮᠧᠲᠷ ᠤᠨ 72 ᠣᠶ ᠰᠢᠭᠤᠢ ᠶᠢᠨ ᠲᠠᠰᠤᠭ ᠤᠨ ᠭᠠᠵᠠᠷ᠂ ᠷᠠᠰᠢᠶᠠᠨ ᠬᠤᠲᠠ ᠶᠢᠨ ᠣᠷᠣᠰᠢᠭᠤᠯᠭ᠎ᠠ ᠶᠢᠨ ᠭᠠᠵᠠᠷ ᠤᠨ ᠬᠤᠶᠢᠲᠤ 100 ᠮᠧᠲᠷ ᠤᠨ ᠭᠠᠵᠠᠷ  ᠲᠤ 17 ᠣᠩᠭᠤᠨ ᠤ ᠭᠠᠵᠡᠷ ᠢ ᠰᠢᠨ᠎ᠡ ᠪᠠᠷ ᠪᠠᠶᠢᠭᠤᠯᠤᠨ᠎ᠠ᠃      ᠬᠤᠶᠠᠷ᠂ ᠨᠡᠭᠦᠯᠭᠡᠬᠦ ᠠᠷᠭ᠎ᠠ ᠬᠡᠮᠵᠢᠶ᠎ᠡ      1. ᠷᠠᠰᠢᠶᠠᠨ ᠤ ᠣᠶ ᠰᠢᠭᠤᠢ ᠶᠢᠨ ᠠᠮᠢ ᠠᠬᠤᠢ ᠶᠢᠨ ᠬᠥᠮᠥᠨ ᠰᠣᠶᠣᠯ ᠤᠨ ᠳᠤᠷᠠᠰᠬᠠᠯ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢᠨ ᠬᠦᠷᠢᠶ᠎ᠡ ᠬᠡᠪᠴᠢᠶ᠎ᠡ ᠶᠢᠨ ᠣᠶᠢᠷ᠎ᠠ ᠬᠠᠪᠢ ᠶᠢᠨ ᠣᠩᠭᠤᠨ ᠢ ᠬᠠᠤᠯᠢ ᠶᠣᠰᠣᠭᠠᠷ ᠨᠡᠭᠦᠯᠭᠡᠵᠦ᠂ ᠲᠥᠪᠯᠡᠷᠡᠭᠦᠯᠦᠨ ᠪᠤᠯᠠᠰᠢᠯᠠᠬᠤ ᠭᠠᠵᠠᠷ ᠲᠤ ᠨᠢᠭᠡᠳᠦᠯᠲᠡᠢ ᠨᠡᠭᠦᠯᠭᠡᠨ᠎ᠡ᠃      2. ᠡᠵᠡᠨ ᠦᠭᠡᠢ ᠣᠩᠭᠤᠨ ᠢ ᠢᠯᠡ ᠨᠡᠶᠢᠲᠡᠯᠡᠭᠰᠡᠨ ᠤ ᠳᠠᠷᠠᠭ᠎ᠠ᠂ ᠲᠠᠨᠢᠵᠤ ᠠᠪᠬᠤ ᠬᠥᠮᠥᠨ ᠦᠭᠡᠢ ᠪᠣᠯ ᠠᠷᠠᠳ ᠤᠨ ᠶᠠᠪᠤᠳᠠᠯ ᠤᠨ ᠲᠣᠪᠴᠢᠶ᠎ᠠ ᠪᠠᠷ ᠲᠦᠷᠦᠭᠦᠯᠡᠭᠦᠯᠦᠨ᠂ ᠲᠥᠪᠯᠡᠷᠡᠭᠦᠯᠦᠨ ᠪᠤᠯᠠᠰᠢᠯᠠᠬᠤ ᠭᠠᠵᠠᠷ ᠲᠤ ᠨᠢᠭᠡᠳᠦᠯᠲᠡᠢ ᠨᠡᠭᠦᠯᠭᠡᠨ᠎ᠡ᠃      3. ᠲᠣᠰ ᠠᠯᠪᠠᠨ ᠵᠠᠷᠯᠡᠯ ᠢ ᠨᠡᠶᠢᠲᠡᠯᠡᠭᠰᠡᠨ ᠡᠳᠦᠷ ᠠᠴᠠ ᠡᠬᠢᠯᠡᠨ᠂ ᠷᠠᠰᠢᠶᠠᠨ ᠬᠤᠲᠠ ᠶᠢᠨ ᠪᠥᠬᠦ ᠨᠠᠮ ᠤᠨ ᠭᠡᠰᠢᠭᠦᠨ ᠺᠠᠳ᠋ᠷ ᠪᠣᠯᠣᠨ ᠠᠵᠢᠯᠲᠠᠨ ᠠᠵᠢᠯᠴᠢᠨ ᠣᠯᠠᠨ ᠲᠦᠮᠡᠨ ᠢ ᠤᠷᠢᠵᠤ ᠢᠳᠡᠪᠬᠢᠲᠡᠢ ᠪᠠᠷ ᠤᠬᠠᠭᠤᠯᠵᠤ᠂ ᠰᠠᠨᠠᠭᠠᠴᠢᠯᠠᠭ᠎ᠠ ᠠᠴᠠ ᠪᠠᠨ ᠬᠠᠮᠵᠢᠯᠴᠠᠨ ᠷᠠᠰᠢᠶᠠᠨ ᠤ ᠣᠶ ᠰᠢᠭᠤᠢ ᠶᠢᠨ ᠠᠮᠢ ᠠᠬᠤᠢ ᠬᠥᠮᠥᠨ ᠰᠣᠶᠣᠯ ᠤᠨ ᠳᠤᠷᠠᠰᠬᠠᠯ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢᠨ ᠬᠦᠷᠢᠶ᠎ᠡ ᠬᠡᠪᠴᠢᠶᠡᠨ ᠤ ᠣᠶᠢᠷ᠎ᠠ ᠬᠠᠪᠢ ᠶᠢᠨ ᠣᠩᠭᠤᠨ ᠢ ᠲᠥᠪᠯᠡᠷᠡᠭᠦᠯᠦᠨ ᠨᠡᠭᠦᠯᠭᠡᠬᠦ ᠠᠵᠢᠯ ᠢ ᠰᠠᠶᠢᠲᠤᠷ ᠬᠢᠨ᠎ᠡ᠃      ᠭᠤᠷᠪᠠ᠂ ᠲᠥᠪᠯᠡᠷᠡᠭᠦᠯᠦᠨ ᠨᠡᠭᠦᠯᠭᠡᠬᠦ ᠴᠠᠭ ᠬᠤᠭᠤᠴᠠᠭ᠎ᠠ      ᠠᠯᠪᠠᠨ ᠵᠠᠷᠯᠠᠯ ᠢ ᠨᠡᠶᠢᠲᠡᠯᠡᠭᠰᠡᠨ ᠡᠳᠦᠷ ᠠᠴᠠ 2023 ᠣᠨ ᠤ 6 ᠰᠠᠷ᠎ᠠ ᠶᠢᠨ 15 ᠤ ᠡᠳᠦᠷ ᠪᠣᠯᠲᠠᠯ᠎ᠠ᠂ ᠷᠠᠰᠢᠶᠠᠨ ᠤ ᠣᠶ ᠰᠢᠭᠤᠢ ᠶᠢᠨ ᠠᠮᠢ ᠠᠬᠤᠢ ᠶᠢᠨ ᠬᠥᠮᠥᠨ ᠰᠣᠶᠣᠯ ᠤᠨ ᠳᠤᠷᠠᠰᠬᠠᠯ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢᠨ ᠬᠦᠷᠢᠶ᠎ᠡ ᠬᠡᠪᠴᠢᠶᠡᠨ ᠤ ᠣᠶᠢᠷ᠎ᠠ ᠬᠠᠪᠢ ᠶᠢᠨ ᠣᠩᠭᠤᠨ ᠢ ᠥᠪᠡᠰᠦᠪᠡᠨ ᠨᠡᠭᠦᠯᠭᠡᠵᠦ᠂ ᠲᠣᠭᠲᠠᠭᠰᠠᠨ ᠴᠠᠭ ᠬᠤᠭᠤᠴᠠᠭᠠᠨ ᠳᠤ ᠨᠡᠭᠦᠯᠭᠡᠭᠰᠡᠨ ᠦᠭᠡᠢ ᠶᠢ ᠨᠢ ᠯᠢᠨ ᠬᠠᠢ ᠵᠡᠭᠡᠯᠢ ᠵᠢᠴᠢ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠬᠠᠤᠯᠢ ᠶᠣᠰᠣᠭᠠᠷ ᠣᠷᠣᠯᠠᠨ ᠨᠡᠭᠦᠯᠭᠡᠨ᠎ᠡ᠃                                         ᠡᠭᠦᠨ ᠤ ᠲᠤᠯᠠ ᠣᠨᠴᠠᠭᠠᠶᠢᠯᠠᠨ ᠵᠠᠷᠯᠠᠪᠠ᠃                                         2023 ᠣᠨ ᠤ 5 ᠰᠠᠷ᠎ᠠ ᠶᠢᠨ 12 ᠤ ᠡᠳᠣᠷ
 
ᠢᠷᠡᠯᠲᠡ᠄ ᠷᠡᠰᠢᠶᠠᠨ ᠬᠤᠳᠡ ᠶᠢᠨ ᠠᠷᠡᠳ ᠤᠨ ᠵᠠᠰᠠᠭ ᠤᠨ ᠣᠷᠳᠣᠨ ᠤ ᠠᠯᠪᠡᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号