ᠷᠠᠰᠢᠶᠠᠨ ᠬᠤᠲᠠ ᠶᠢᠨ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠢ ᠪᠠᠶᠢᠭᠤᠯᠬᠤ ᠲᠤᠬᠠᠢ ᠷᠠᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2023/8/29
       ᠷᠡᠰᠢᠶᠠᠨ ᠵᠠᠰᠠᠭ ᠲᠠᠷᠬᠠᠭᠠᠬᠤ 〔2023〕 43 ᠳ᠋ᠤᠭᠠᠷ ᠲᠣᠭᠠᠲᠤ      ᠡᠯ᠎ᠡ ᠪᠠᠯᠭᠠᠰᠣ ᠵᠡᠭᠡᠯᠢ  ᠶᠢᠨ ᠨᠠᠮ ᠤᠨ ︵ᠠᠵᠢᠯ ᠤᠨ ᠵᠦᠪᠯᠡᠯ︶ ᠬᠤᠷᠢᠶ᠎ᠠ᠂ ᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠶᠢᠨ ᠬᠡᠷᠡᠭ ᠡᠷᠬᠢᠯᠡᠬᠦ ᠭᠠᠵᠠᠷ᠂ ᠬᠤᠳᠠ ᠶᠢᠨ ᠨᠠᠮ ᠤᠨ ᠬᠤᠷᠢᠶᠠᠨ ᠤ ᠡᠯ᠎ᠡ ᠬᠡᠯᠳᠡᠰ ᠬᠤᠷᠢᠶ᠎ᠠ᠂ ᠬᠤᠳᠠ ᠶᠢᠨ ᠰᠢᠭᠤᠳ ᠬᠠᠷᠢᠶ᠎ᠠ ᠡᠯ᠎ᠡ ᠵᠥᠪᠯᠡᠯ ᠠᠯᠪᠠᠨ ᠭᠡᠷ ᠲᠣᠪᠴᠢᠶ᠎ᠠ᠂ ᠡᠯ᠎ᠡ ᠠᠷᠠᠳ ᠤᠨ ᠪᠦᠯᠬᠦᠮ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠤ᠄      ︽ᠪᠥᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠳᠦᠷᠢᠮ︾ ᠤᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠲᠥᠷᠥ ᠶᠢᠨ ᠶᠠᠪᠤᠳᠠᠯ ᠤᠨ ᠬᠤᠷᠢᠶ᠎ᠠ 2023 ᠣᠨ ᠳᠤ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢ ᠥᠷᠨᠢᠭᠦᠯᠬᠦ ᠪᠠᠷ ᠲᠣᠭᠲᠠᠪᠠ᠃ ︽ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢ ᠥᠷᠨᠢᠭᠦᠯᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠮᠡᠳᠡᠭᠳᠡᠯ︾ ︵ᠲᠥᠷᠥ ᠲᠠᠷᠬᠠᠭᠠᠭᠰᠠᠨ ﹇2022﹈ 22 ᠳ᠋ᠤᠭᠠᠷ ᠲᠣᠭᠠᠲᠤ︶ ᠪᠣᠯᠣᠨ ︽ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢ ᠥᠷᠨᠢᠭᠦᠯᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ ﹇2023﹈ 5 ᠳ᠋ᠤᠭᠠᠷ ᠲᠣᠭᠠᠲᠤ︶ ᠵᠢᠴᠢ ︽ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢ ᠥᠷᠨᠢᠭᠦᠯᠬᠦ ᠲᠤᠬᠠᠢ ᠬᠢᠩᠭᠠᠨ ᠠᠶᠢᠮᠠᠭ ᠤᠨ ᠵᠠᠬᠢᠷᠭ᠎ᠠ ᠶᠢᠨ ᠮᠡᠳᠡᠭᠳᠡᠯ︾ ︵ᠬᠢᠩᠭᠠᠨ ᠵᠠᠬᠢᠷᠭ᠎ᠠ ᠲᠠᠷᠬᠠᠭᠠᠭᠰᠠᠨ ﹇2023﹈ 55 ᠳ᠋ᠤᠭᠠᠷ ᠲᠣᠭᠠᠲᠤ ︶ ᠤᠨ ᠱᠠᠭᠠᠷᠳᠠᠯᠭ᠎ᠠ ᠶᠣᠰᠣᠭᠠᠷ᠂ ᠮᠠᠨ   ᠤ ᠬᠤᠳᠠ ᠶᠢᠨ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠦᠨᠡᠨ ᠬᠦ ᠰᠠᠶᠢᠲᠤᠷ ᠬᠢᠬᠦ ᠶᠢᠨ ᠲᠤᠰᠠᠳᠠ᠂ ᠷᠠᠰᠢᠶᠠᠨ ᠬᠤᠳᠠ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠡᠳᠦᠭᠡ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠮᠡᠳᠡᠭᠳᠡᠶ᠎ᠡ᠃      ᠨᠢᠭᠡ᠂ ᠶᠡᠷᠦᠩᠬᠡᠢ ᠱᠠᠭᠠᠷᠳᠠᠯᠭ᠎ᠠ       ︵ᠨᠢᠭᠡ︶ ᠵᠢᠯᠤᠭᠤᠳᠬᠤ ᠦᠵᠡᠯ ᠰᠠᠨᠠᠭ᠎ᠠ       ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠦᠷᠢᠨ ᠪᠦᠲᠦᠨ᠂ ᠣᠨᠣᠪᠴᠢᠲᠠᠶ᠂ ᠪᠥᠬᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠬᠦ ᠪᠠ ᠠᠭᠤᠰᠤᠯᠴᠠᠭᠤᠯᠤᠨ᠂ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ᠂ ᠬᠠᠤᠯᠢ ᠶᠣᠰᠣᠭᠠᠷ ᠨᠡᠶᠢᠳᠡᠮ ᠪᠠᠶᠢᠴᠠᠭᠠᠬᠤ᠂ ᠰᠢᠨᠵᠢᠯᠡᠬᠦ ᠤᠬᠠᠭᠠᠨᠴᠢ ᠪᠠᠷ ᠨᠡᠶᠢᠳᠡᠮ ᠪᠠᠶᠢᠴᠠᠭᠠᠬᠤ᠂ ᠠᠷᠠᠳ ᠤᠨ ᠲᠥᠯᠥᠭᠡ ᠨᠡᠶᠢᠳᠡᠮ ᠪᠠᠶᠢᠴᠠᠭᠠᠬᠤ ᠶᠢ ᠪᠠᠷᠢᠮᠲᠠᠯᠠᠨ᠂ ᠦᠨᠡᠨ ᠠᠴᠠ ᠵᠥᠪ ᠢ ᠡᠷᠢᠬᠦ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠦᠨᠡᠨ ᠪᠣᠳᠠᠲᠠᠢ ᠣᠨᠣᠪᠴᠢᠲᠠᠶ ᠪᠠᠶᠢᠬᠤ ᠶᠢ ᠦᠨᠡᠨ ᠬᠦ ᠪᠠᠲᠤᠯᠠᠵᠤ᠂ ᠷᠠᠰᠢᠶᠠᠨ ᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠳᠠᠯ ᠢ ᠪᠥᠬᠦ ᠲᠠᠯ᠎ᠠ ᠪᠠᠷ ᠪᠤᠰᠤᠳᠴᠢ ᠪᠠᠷ ᠲᠤᠰᠬᠠᠨ᠎ᠠ᠃       ︵ᠬᠤᠶᠠᠷ︶ ᠨᠡᠶᠢᠳᠡᠮ ᠪᠠᠶᠢᠴᠠᠭᠠᠯᠲᠠ ᠶᠢᠨ ᠵᠣᠷᠢᠯᠭ᠎ᠠ       ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠪᠣᠯ ᠨᠢᠭᠡᠨ ᠴᠢᠬᠤᠯᠠ ᠶᠡᠭᠡ ᠤᠯᠤᠰ ᠤᠨ ᠪᠠᠶᠢᠳᠠᠯ ᠤᠯᠤᠰ ᠤᠨ ᠬᠦᠴᠦᠨ ᠤ ᠪᠠᠶᠢᠴᠠᠭᠠᠯᠲᠠ ᠪᠣᠯᠣᠨ᠎ᠠ᠂ ᠠᠩᠬ᠎ᠠ ᠤᠳᠠᠭ᠎ᠠ ᠣᠷᠣᠭᠤᠯᠤᠯᠲᠠ ᠭᠠᠷᠭᠠᠯᠲᠠ ᠶᠢᠨ ᠪᠠᠶᠢᠴᠠᠭᠠᠯᠲᠠ ᠶᠢ ᠨᠢᠭᠡᠳᠦᠯᠲᠡᠢ ᠲᠥᠯᠥᠪᠯᠡᠵᠦ᠂ ᠷᠠᠰᠢᠶᠠᠨ ᠬᠤᠲᠠ ᠶᠢᠨ ᠬᠤᠶᠠᠳᠤᠭᠠᠷ ᠠᠵᠤ ᠦᠢᠯᠡᠰ ᠪᠣᠯᠣᠨ ᠭᠤᠷᠪᠠᠳᠤᠭᠠᠷ ᠠᠵᠤ ᠦᠢᠯᠡᠰ ᠤᠨ ᠬᠥᠭᠵᠢᠯᠲᠡ ᠶᠢᠨ ᠬᠡᠪᠴᠢᠶ᠎ᠡ᠂ ᠪᠠᠶᠢᠷᠢᠰᠢᠯ ᠪᠣᠯᠣᠨ ᠦᠷ᠎ᠡ ᠠᠰᠢᠭ ᠢ ᠪᠦᠬᠦ ᠲᠠᠯ᠎ᠠ  ᠪᠠᠷ ᠪᠠᠶᠢᠴᠠᠭᠠᠵᠤ᠂ ᠡᠯ᠎ᠡ ᠲᠥᠷᠥᠯ ᠤᠨ ᠨᠢᠭᠡᠴᠢ ᠶᠢᠨ ᠦᠨᠳᠦᠰᠦᠨ ᠪᠠᠶᠢᠳᠠᠯ ᠢ ᠣᠶᠢᠯᠠᠭᠠᠵᠤ᠂ ᠤᠯᠤᠰ ᠠᠷᠠᠳ ᠤᠨ ᠠᠵᠤ ᠠᠬᠤᠢ ᠶᠢᠨ ᠠᠵᠢᠯ ᠲᠦᠷᠦᠯ ᠤᠨ ᠬᠤᠭᠤᠷᠣᠨᠳᠣᠬᠢ ᠠᠵᠤ ᠠᠬᠤᠢ ᠶᠢᠨ ᠬᠠᠷᠢᠯᠴᠠᠭ᠎ᠠ ᠶᠢ ᠡᠵᠡᠮᠰᠢᠵᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠬᠦ ᠪᠠ ᠠᠭᠤᠰᠤᠯᠴᠠᠬᠤ᠂ ᠣᠳᠣᠬᠢᠴᠢᠯᠠᠭᠰᠠᠨ ᠠᠵᠤ ᠠᠬᠤᠢ ᠶᠢᠨ ᠰᠢᠰᠲ᠋ᠧᠮ ᠢ ᠪᠠᠶᠢᠭᠤᠯᠬᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠵᠢᠴᠢ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ᠂ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ᠂ ᠤᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠵᠡᠷᠭᠡ ᠲᠠᠯ᠎ᠠ ᠶᠢᠨ ᠰᠢᠨ᠎ᠡ ᠠᠬᠢᠴᠠ ᠶᠢ ᠪᠤᠰᠤᠳᠴᠢ ᠪᠠᠷ ᠲᠤᠰᠬᠠᠨ᠎ᠠ᠃ ᠨᠡᠶᠢᠳᠡᠮ ᠪᠠᠶᠢᠴᠠᠭᠠᠬᠤ ᠪᠠᠷ ᠳᠠᠮᠵᠢᠭᠤᠯᠤᠨ᠂ ᠲᠤᠭ᠎ᠠ ᠪᠦᠷᠢᠳᠬᠡᠯ  ᠤᠨ ᠰᠠᠭᠤᠷᠢ ᠶᠢ ᠤᠯᠠᠮ ᠨᠢᠭᠡ ᠠᠯᠬᠤᠮ ᠪᠠᠬᠢᠵᠢᠭᠦᠯᠵᠦ᠂ ᠲᠤᠭ᠎ᠠ ᠪᠦᠷᠢᠳᠬᠡᠯ   ᠤᠨ ᠣᠳᠣᠬᠢᠴᠢᠯᠠᠬᠤ ᠥᠭᠡᠷᠡᠴᠢᠯᠡᠯᠲᠡ ᠶᠢ ᠠᠬᠢᠭᠤᠯᠵᠤ᠂ ᠬᠤᠷᠸ᠎ᠠ ᠠᠵᠤ ᠠᠬᠤᠢ ᠶᠢᠨ ᠵᠠᠰᠠᠯᠲᠠ ᠶᠢ ᠴᠢᠩᠭᠠᠳᠬᠠᠨ ᠰᠠᠶᠢᠵᠢᠷᠠᠭᠤᠯᠬᠤ᠂ ᠤᠷᠳᠤ ᠬᠤᠭᠤᠴᠠᠭᠠᠨ ᠤ ᠬᠥᠭᠵᠢᠯᠲᠡ ᠶᠢᠨ ᠲᠥᠯᠦᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠬᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠰᠢᠨᠵᠢᠯᠡᠬᠦ ᠤᠬᠠᠭᠠᠨᠴᠢ ᠣᠨᠣᠪᠴᠢᠲᠠᠶ ᠲᠤᠭ᠎ᠠ ᠪᠦᠷᠢᠳᠬᠡᠯ ᠤᠨ ᠮᠡᠳᠡᠭᠡ ᠵᠠᠩᠭᠢ ᠶᠢᠨ ᠳᠡᠮᠵᠢᠯᠭᠡ ᠬᠠᠩᠭᠠᠨ᠎ᠠ᠃      ᠬᠤᠶᠠᠷ᠂ ᠨᠡᠶᠢᠳᠡᠮ ᠪᠠᠶᠢᠴᠠᠭᠠᠬᠤ ᠡᠲᠡᠭᠡᠳ ᠪᠣᠯᠣᠨ ᠬᠡᠪᠴᠢᠶ᠎ᠡ      ᠨᠡᠶᠢᠳᠡᠮ ᠪᠠᠶᠢᠴᠠᠭᠠᠯᠲᠠ ᠶᠢᠨ ᠡᠲᠡᠭᠡᠳ ᠪᠣᠯ ᠷᠠᠰᠢᠶᠠᠨ ᠬᠤᠲᠠ ᠶᠢᠨ ᠬᠢᠵᠠᠭᠠᠷ ᠳᠣᠲᠣᠷ᠎ᠠ ᠬᠤᠶᠠᠳᠤᠭᠠᠷ ᠠᠵᠤ ᠦᠢᠯᠡᠰ ᠪᠣᠯᠣᠨ ᠭᠤᠷᠪᠠᠳᠤᠭᠠᠷ ᠠᠵᠤ ᠦᠢᠯᠡᠰ ᠤᠨ ᠠᠵᠢᠯᠯᠠᠭ᠎ᠠ ᠡᠷᠭᠢᠯᠡᠵᠦ ᠪᠠᠶᠢᠭ᠎ᠠ ᠪᠥᠬᠦ ᠬᠠᠤᠯᠢ ᠶᠢᠨ ᠡᠷᠬᠡᠲᠡᠨ ᠤ ᠨᠢᠭᠡᠴᠢ᠂ ᠠᠵᠤ ᠦᠢᠯᠡᠰ ᠤᠨ ᠠᠵᠢᠯᠯᠠᠭ᠎ᠠ ᠶᠢᠨ ᠨᠢᠭᠡᠴᠢ ᠪᠣᠯᠣᠨ ᠬᠤᠪᠢ ᠶᠢᠨ ᠡᠵᠡᠩᠨᠡᠯᠲᠡ ᠶᠢᠨ ᠡᠷᠦᠬᠡ ᠪᠣᠯᠣᠨ᠎ᠠ᠃ ᠪᠣᠳᠠᠲᠠᠢ ᠬᠦᠷᠢᠶ᠎ᠡ ᠬᠡᠪᠴᠢᠶ᠎ᠡ ᠳᠤ ᠪᠠᠭᠲᠠᠬᠤ ᠨᠢ᠄ ᠠᠭᠤᠷᠬᠠᠢ ᠮᠠᠯᠲᠠᠬᠤ ᠦᠢᠯᠡᠰ᠂ ᠦᠢᠯᠡᠳᠬᠦ ᠦᠢᠯᠡᠰ᠂ ᠴᠠᠬᠢᠯᠭᠠᠨ ᠬᠦᠴᠦ᠂ ᠢᠯᠴᠢ ᠶᠢᠨ ᠬᠦᠴᠦ᠂ ᠰᠢᠲᠠᠮᠠᠬᠠᠢ ᠬᠡᠢ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠂ ᠪᠠᠷᠢᠯᠭ᠎ᠠ ᠶᠢᠨ ᠦᠢᠯᠡᠰ᠂ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢᠯᠡᠰ᠂ ᠵᠠᠮ ᠲᠡᠭᠡᠭᠡᠪᠦᠷᠢ᠂ ᠬᠥᠮᠥᠷᠭᠡᠯᠡᠯᠲᠡ ᠪᠠ ᠰᠢᠤᠳᠠᠨ ᠤ ᠦᠢᠯᠡᠰ᠂  ᠪᠠᠭᠤᠳᠡᠯ ᠪᠠ ᠢᠳᠡᠭᠡᠨ ᠤᠮᠳᠠᠭᠠᠨ ᠤ ᠦᠢᠯᠡᠰ᠂ ᠮᠡᠳᠡᠭᠡ ᠵᠠᠩᠭᠢ ᠶᠢᠨ ᠳᠠᠮᠵᠢᠭᠤᠯᠭ᠎ᠠ᠂ ᠵᠥᠭᠡᠯᠡᠨ ᠳᠤᠨᠤᠭ ᠪᠠ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ ᠦᠢᠯᠡᠰ᠂ ᠮᠥᠩᠭᠦᠨ ᠭᠦᠢᠯᠭᠡᠭᠡᠨ ᠤ ᠦᠢᠯᠡᠰ᠂ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠦᠢᠯᠡᠰ᠂ ᠲᠦᠷᠢᠶᠡᠰᠦᠯᠡᠬᠦᠯᠬᠦ ᠪᠠ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠦᠢᠯᠡᠰ᠂ ᠰᠢᠨᠵᠢᠯᠡᠬᠦ ᠤᠬᠠᠭᠠᠨ ᠤ ᠰᠤᠳᠤᠯᠭᠠᠨ ᠪᠠ ᠮᠡᠷᠭᠡᠵᠢᠯ ᠤᠨ ᠦᠢᠯᠡᠴᠢᠯᠡᠭᠡᠨ ᠤ ᠦᠢᠯᠡᠰ᠂ ᠤᠰᠤᠨ ᠠᠰᠢᠭᠯᠠᠯᠲᠠ᠂ ᠣᠷᠴᠢᠨ ᠠᠬᠤᠢ ᠪᠠ ᠤᠯᠠᠨ ᠨᠡᠶᠢᠲᠡ ᠶᠢᠨ ᠲᠥᠬᠦᠭᠡᠷᠦᠮᠵᠢ ᠶᠢᠨ ᠬᠠᠮᠢᠶᠠᠷᠤᠯᠲᠠ ᠶᠢᠨ ᠦᠢᠯᠡᠰ᠂ ᠰᠠᠭᠤᠭᠠᠯᠢ ᠠᠷᠠᠳ ᠤᠨ ᠦᠢᠯᠡᠴᠢᠯᠡᠭᠡ᠂ ᠰᠡᠯᠪᠢᠨ ᠵᠠᠰᠠᠯᠲᠠ ᠪᠠ ᠪᠤᠰᠤᠳ ᠦᠢᠯᠡᠴᠢᠯᠡᠭᠡᠨ ᠤ ᠦᠢᠯᠡᠰ᠂ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ ᠪᠠ ᠨᠡᠶᠢᠭᠡᠮ ᠤᠨ ᠠᠵᠢᠯ᠂ ᠰᠣᠶᠣᠯ᠂ ᠪᠡᠶ᠎ᠡ ᠶᠢᠨ ᠲᠠᠮᠢᠷ ᠪᠠ ᠵᠤᠭ᠎ᠠ ᠴᠡᠩᠭᠡᠯ ᠤᠨ ᠦᠢᠯᠡᠰ᠂ ᠤᠯᠠᠨ ᠨᠡᠶᠢᠲᠡ ᠶᠢᠨ ᠬᠠᠮᠢᠶᠠᠷᠤᠯᠲᠠ᠂ ᠨᠡᠶᠢᠭᠡᠮ ᠤᠨ ᠪᠠᠲᠤᠯᠠᠭ᠎ᠠ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠵᠡᠷᠭᠡ ᠶᠢ ᠪᠠᠭᠲᠠᠭᠠᠨ᠎ᠠ᠃       ᠭᠤᠷᠪᠠ᠂ ᠨᠡᠶᠢᠳᠡᠮ ᠪᠠᠶᠢᠴᠠᠭᠠᠯᠲᠠ   ᠶᠢᠨ ᠠᠭᠤᠯᠭ᠎ᠠ ᠪᠠ ᠴᠠᠭ ᠬᠤᠭᠤᠴᠠᠭ᠎ᠠ      ᠨᠡᠶᠢᠳᠡᠮ ᠪᠠᠶᠢᠴᠠᠭᠠᠯᠲᠠ ᠶᠢᠨ ᠭᠤᠣᠯ ᠠᠭᠤᠯᠭ᠎ᠠ ᠳᠤ ᠨᠡᠶᠢᠳᠡᠮ ᠪᠠᠶᠢᠴᠠᠭᠠᠯᠲᠠ ᠶᠢᠨ ᠡᠲᠡᠭᠡᠳ ᠤᠨ ᠦᠨᠳᠦᠰᠦᠨ ᠪᠠᠶᠢᠳᠠᠯ᠂ ᠵᠣᠬᠢᠶᠠᠨ ᠪᠠᠶᠢᠭᠤᠯᠤᠯᠲᠠ ᠶᠢᠨ ᠪᠦᠲᠦᠴᠡ᠂ ᠠᠵᠢᠯᠲᠠᠨ ᠤ ᠴᠠᠯᠢᠩ᠂ ᠦᠢᠯᠡᠳᠪᠦᠷᠢᠯᠡᠯ ᠤᠨ ᠴᠢᠳᠠᠪᠤᠷᠢ᠂ ᠡᠳ᠋ ᠤᠨ ᠶᠠᠪᠤᠳᠠᠯ ᠤᠨ ᠪᠠᠶᠢᠳᠠᠯ᠂ ᠦᠢᠯᠡᠳᠪᠦᠷᠢᠯᠡᠯ ᠡᠵᠡᠩᠨᠡᠯᠲᠡ᠂ ᠡᠨᠧᠷᠭᠢ ᠶᠢᠨ ᠦᠢᠯᠡᠳᠪᠦᠷᠢᠯᠡᠯ ᠪᠠ ᠬᠡᠷᠡᠭᠯᠡᠭᠡ᠂ ᠰᠤᠳᠤᠯᠤᠨ ᠨᠡᠭᠡᠭᠡᠬᠦ ᠠᠵᠢᠯᠯᠠᠭ᠎ᠠ᠂ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠪᠠ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠷᠠᠯᠵᠢᠶ᠎ᠠ ᠶᠢᠨ ᠪᠠᠶᠢᠳᠠᠯ ᠵᠢᠴᠢ ᠣᠷᠣᠭᠤᠯᠤᠯᠲᠠ ᠶᠢᠨ ᠪᠦᠲᠦᠴᠡ᠂ ᠦᠢᠯᠡᠳᠬᠦᠨ ᠤ ᠬᠡᠷᠡᠭᠯᠡᠯᠲᠡ ᠶᠢᠨ ᠬᠠᠨᠳᠤᠰᠢ ᠪᠠ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠪᠦᠷᠢᠯᠳᠦᠯ ᠤᠨ ᠪᠠᠶᠢᠳᠠᠯ ᠵᠡᠷᠭᠡ ᠪᠠᠭᠲᠠᠨ᠎ᠠ᠃      ᠨᠡᠶᠢᠳᠡᠮ ᠪᠠᠶᠢᠴᠠᠭᠠᠯᠲᠠ ᠶᠢᠨ ᠪᠠᠷᠢᠮᠵᠢᠶ᠎ᠠ ᠶᠢᠨ ᠴᠠᠭ ᠨᠢ 2023 ᠣᠨ ᠤ 12 ᠰᠠᠷ᠎ᠡ ᠶᠢᠨ 31 ᠤ ᠡᠳᠦᠷ ᠪᠠᠶᠢᠵᠤ᠂ ᠨᠡᠶᠢᠳᠡᠮ ᠪᠠᠶᠢᠴᠠᠭᠠᠯᠲᠠ ᠶᠢᠨ ᠬᠤᠭᠤᠴᠠᠭᠠᠨ ᠤ ᠮᠠᠲ᠋ᠧᠷᠢᠶᠠᠯ ᠨᠢ 2023 ᠣᠨ ᠤ ᠮᠠᠲ᠋ᠧᠷᠢᠶᠠᠯ ᠪᠣᠯᠣᠨ᠎ᠠ᠃       ᠳᠥᠷᠪᠡ᠂ ᠨᠡᠶᠢᠳᠡᠮ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ  ᠶᠠᠪᠣᠬᠳᠡᠭᠤᠯᠬᠤ      ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠪᠠᠶᠢᠴᠠᠭᠠᠯᠲᠠ ᠶᠢᠨ ᠠᠭᠤᠯᠭ᠎ᠠ ᠨᠡᠮᠡᠭᠳᠡᠵᠦ᠂ ᠮᠡᠷᠭᠡᠵᠢᠯ ᠤᠨ ᠱᠠᠭᠠᠷᠳᠠᠯᠭ᠎ᠠ ᠳᠡᠭᠡᠭᠰᠢᠯᠡᠨ᠂ ᠠᠵᠢᠯ ᠤᠨ ᠬᠦᠴᠢᠷᠳᠡᠯ ᠶᠡᠬᠡᠰᠴᠦ᠂ ᠡᠯ᠎ᠡ ᠪᠠᠯᠭᠠᠰᠤ ᠵᠡᠭᠡᠯᠢ ᠡᠯ᠎ᠡ ᠰᠠᠯᠠᠭ᠎ᠠ ᠮᠥᠴᠢᠷ ᠤᠳ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠪᠠᠨ ᠴᠢᠩᠭᠠᠳᠬᠠᠵᠤ᠂ ᠠᠷᠭ᠎ᠠ ᠮᠠᠶ᠋ᠢᠭ ᠢᠶᠠᠨ ᠰᠢᠯᠢᠳᠡᠭᠵᠢᠭᠦᠯᠦᠨ᠂ ᠭᠤᠣᠯᠳᠠᠯᠭ᠎ᠠ ᠪᠠᠨ ᠳᠣᠪᠤᠶᠢᠯᠭᠠᠵᠤ᠂ ᠠᠷᠭ᠎ᠠ ᠪᠠᠷᠢᠯ ᠤᠨ ᠰᠢᠨ᠎ᠡ ᠶᠢ ᠡᠭᠦᠳᠴᠦ᠂ ᠨᠡᠶᠢᠳᠡᠮ ᠪᠠᠶᠢᠴᠠᠭᠠᠯᠲᠠ ᠶᠢᠨ ᠤᠬᠠᠭᠤᠯᠤᠨ ᠳᠠᠶᠢᠴᠢᠯᠠᠬᠤ ᠪᠠ ᠵᠣᠬᠢᠶᠠᠨ ᠪᠠᠶᠢᠭᠤᠯᠤᠨ ᠬᠡᠷᠡᠭᠵᠢᠭᠦᠯᠬᠦ ᠠᠵᠢᠯ ᠢ ᠬᠢᠨᠠᠮᠠᠭᠠᠢ ᠰᠠᠶᠢᠲᠤᠷ ᠬᠢᠬᠦ ᠬᠡᠷᠡᠭᠲᠡᠢ᠃     ᠨᠡᠶᠢᠳᠡᠮ ᠪᠠᠶᠢᠴᠠᠭᠠᠯᠲᠠ ᠶᠢᠨ ᠠᠵᠢᠯ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠬᠤ ᠶᠢᠨ ᠲᠥᠯᠥᠭᠡ᠂ ᠷᠠᠰᠢᠶᠠᠨ ᠬᠤᠲᠠ ᠶᠢᠨ ᠵᠠᠰᠠᠭ ᠤᠨ ᠣᠷᠳᠣᠨ ᠠᠴᠠ ᠷᠠᠰᠢᠶᠠᠨ ᠬᠤᠲᠠ ᠶᠢᠨ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠢ ᠪᠠᠶᠢᠭᠤᠯᠬᠤ ᠪᠠᠷ ᠲᠣᠭᠲᠠᠪᠠ᠃      ︵ᠨᠢᠭᠡ︶ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ      ᠳᠤᠭᠤᠶᠢᠯᠠᠩ ᠤᠨ ᠳᠠᠷᠤᠭ᠎ᠠ᠄ ᠰᠦᠨ ᠪᠠᠢ ᠴᠤᠸᠠᠨ   ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ      ᠳᠤᠭᠤᠶᠢᠯᠠᠩ ᠤᠨ ᠳᠡᠳ᠋ ᠳᠠᠷᠤᠭ᠎ᠠ᠄  ᠵᠣ᠋ ᠮᠢᠩ ᠬᠤᠩ   ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠪᠠᠶᠢᠩᠭᠤ ᠶᠢᠨ ᠳᠡᠳ᠋ ᠳᠠᠷᠤᠭ᠎ᠠ      ᠴᠧᠨ ᠶᠠᠩ     ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ ᠤᠨ ᠲᠡᠳ᠋ ᠡᠷᠬᠢᠯᠡᠭᠴᠢ       ᠰᠦᠨ ᠱᠢ ᠴᠢᠶᠠᠩ   ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶᠠᠨ ᠤ ᠳᠠᠷᠤᠭ᠎ᠠ       ᠹᠦ᠋ ᠭᠤᠸᠠᠩ ᠱᠧᠩ   ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ       ᠪᠦᠷᠢᠯᠳᠦᠭᠦᠨ᠄ ᠸᠠᠩ ᡁᠢ ᠵᠢᠶᠦ᠋ᠨ   ᠬᠤᠲᠠ ᠶᠢᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠵᠦᠪᠯᠡᠯ ᠤᠨ ᠳᠡᠳ᠋ ᠱᠦᠵᠢ      ᠯᠢᠨ ᠬᠠᠨ   ᠬᠤᠳᠠ ᠶᠢᠨ ᠨᠠᠮ ᠤᠨ ᠬᠤᠷᠢᠶᠠᠨ ᠤ  ᠣᠷᠣᠨ ᠲᠣᠭᠠᠨ ᠤ ᠠᠯᠪᠠᠨ ᠭᠡᠷ ᠤᠨ ᠳᠡᠳ᠋ ᠡᠷᠬᠢᠯᠡᠭᠴᠢ       ᠰᠦᠨ ᠵᠢᠶᠠᠨ   ᠬᠤᠲᠠ ᠶᠢᠨ ᠡᠳ᠋ ᠤᠨ ᠵᠠᠰᠠᠭ ᠤᠨ ᠲᠣᠪᠴᠢᠶᠠᠨ ᠤ ᠳᠡᠳ᠋ ᠳᠠᠷᠤᠭ᠎ᠠ᠂ ᠮᠥᠩᠭᠦᠨ ᠭᠦᠢᠯᠭᠡᠭᠡᠨ ᠤ ᠠᠯᠪᠠᠨ ᠭᠡᠷ ᠤᠨ ᠡᠷᠬᠢᠯᠡᠭᠴᠢ       ᠵᠣᠣ ᠮᠢᠨ   ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠳᠡᠳ᠋ ᠳᠠᠷᠤᠭ᠎ᠠ       ᠳ᠋ᠦ᠋ ᠸᠧᠨ ᠭᠦᠸᠧ   ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶᠠᠨ ᠤ ᠷᠠᠰᠢᠶᠠᠨ ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶᠠᠨ ᠤ ᠳᠡᠳ᠋ ᠳᠠᠷᠤᠭ᠎ᠠ       ᠲᠢᠶᠠᠨ ᠺᠦᠨ   ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶᠠᠨ ᠤ ᠳᠡᠳ᠋ ᠳᠠᠷᠤᠭ᠎ᠠ      ︵ᠬᠤᠶᠠᠷ︶ ᠪᠤᠰᠤᠳ ᠵᠦᠢᠯᠡᠰ      ᠤᠳᠤᠷᠢᠳᠬᠤ ᠳᠤᠭᠤᠶᠢᠯᠠᠩ ᠤᠨ ᠭᠤᠣᠯ ᠡᠭᠦᠷᠭᠡ ᠬᠠᠷᠢᠭᠤᠴᠠᠯᠭ᠎ᠠ᠄ ᠪᠥᠬᠦ ᠬᠤᠳᠠ ᠶᠢᠨ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢ ᠵᠣᠬᠢᠶᠠᠨ ᠪᠠᠶᠢᠭᠤᠯᠬᠤ ᠪᠠ ᠬᠡᠷᠡᠭᠵᠢᠭᠦᠯᠬᠦ ᠶᠢ ᠬᠠᠷᠢᠭᠤᠴᠠᠵᠤ᠂ ᠨᠡᠶᠢᠳᠡᠮ ᠪᠠᠶᠢᠴᠠᠭᠠᠯᠲᠠ ᠶᠢᠨ ᠳᠤᠮᠳᠠᠬᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃       ᠤᠳᠤᠷᠢᠳᠬᠤ ᠳᠤᠭᠤᠶᠢᠯᠠᠩ ᠤᠨ ᠠᠯᠪᠠᠨ ᠭᠡᠷ ᠢ ᠷᠠᠰᠢᠶᠠᠨ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠳᠤ ᠪᠠᠶᠢᠷᠢᠯᠠᠭᠤᠯᠵᠤ᠂ ᠨᠡᠶᠢᠳᠡᠮ ᠪᠠᠶᠢᠴᠠᠭᠠᠯᠲᠠ ᠶᠢᠨ ᠪᠣᠳᠠᠲᠠᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠ ᠵᠣᠬᠢᠴᠠᠭᠤᠯᠬᠤ ᠶᠢ ᠬᠠᠷᠢᠭᠤᠴᠠᠭᠤᠯᠵᠤ᠂ ᠡᠯ᠎ᠡ ᠪᠦᠷᠢᠯᠳᠦᠭᠦᠨ ᠨᠢᠭᠡᠴᠢ ᠨᠦᠭᠦᠳ ᠲᠣᠰ ᠲᠣᠰ ᠤᠨ ᠡᠭᠦᠷᠭᠡ ᠴᠢᠳᠠᠪᠤᠷᠢ ᠶᠢᠨ ᠢᠶᠠᠨ ᠶᠣᠰᠣᠭᠠᠷ᠂ ᠬᠦᠴᠦ ᠪᠠᠨ ᠬᠠᠮᠲᠤᠳᠬᠠᠨ ᠬᠠᠮᠲᠤᠷᠠᠯᠴᠠᠵᠤ᠂ ᠮᠡᠳᠡᠭᠡ ᠵᠠᠩᠭᠢ ᠶᠢ ᠬᠠᠮᠲᠤᠪᠠᠷ ᠭᠥᠷᠳᠡᠬᠦ ᠶᠢ ᠴᠢᠩᠭᠠᠷᠠᠭᠤᠯᠬᠤ ᠬᠡᠷᠡᠭᠲᠡᠢ᠃ ᠪᠠᠩᠬᠢ᠂ ᠲᠡᠮᠳᠡᠭᠲᠦ᠂ ᠳᠠᠭᠠᠳᠬᠠᠯ᠂ ᠲᠡᠮᠦᠷ ᠵᠠᠮ ᠵᠡᠷᠭᠡ ᠰᠠᠯᠠᠭ᠎ᠠ ᠮᠥᠴᠢᠷ ᠪᠣᠯᠣᠨ ᠨᠢᠭᠡᠴᠢ ᠬᠢᠭᠡᠳ ᠬᠤᠯᠪᠣᠭᠳᠠᠯ ᠪᠦᠬᠦᠢ ᠲᠠᠯ᠎ᠠ ᠶᠢᠨ ᠬᠢᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠱᠠᠭᠠᠷᠳᠠᠯᠭ᠎ᠠ ᠶᠣᠰᠣᠭᠠᠷ᠂ ᠲᠤᠰ ᠰᠢᠰᠲ᠋ᠧᠮ ᠤᠨ ᠢᠶᠠᠨ ᠨᠡᠶᠢᠳᠡᠮ ᠪᠠᠶᠢᠴᠠᠭᠠᠯᠲᠠ ᠶᠢᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠬᠦ ᠶᠢ ᠬᠠᠷᠢᠭᠤᠴᠠᠨ᠎ᠠ᠃᡾ᠷᠠᠰᠢᠶᠠᠨ ᠪᠣᠭᠤᠮᠲᠠ ᠨᠢ ᠨᠡᠶᠢᠳᠡᠮ ᠪᠠᠶᠢᠴᠠᠭᠠᠯᠲᠠ ᠶᠢᠨ ᠠᠵᠢᠯ ᠤᠨ ᠳᠤᠮᠳᠠᠬᠢ ᠭᠠᠳᠠᠭᠠᠳᠤ ᠠᠴᠠ ᠣᠷᠣᠭᠤᠯᠬᠤ ᠪᠠᠷᠠᠭ᠎ᠠ ᠶᠢᠨ ᠬᠡᠷᠡᠭᠯᠡᠯᠲᠡ ᠶᠢᠨ ᠴᠢᠭᠯᠡᠯ ᠢ ᠪᠠᠶᠢᠴᠠᠭᠠᠬᠤ ᠡᠭᠦᠷᠭᠡ ᠶᠢ ᠵᠣᠬᠢᠶᠠᠨ ᠪᠠᠶᠢᠭᠤᠯᠤᠨ ᠥᠷᠨᠢᠭᠦᠯᠬᠦ ᠶᠢ ᠬᠠᠷᠢᠭᠤᠴᠠᠨ᠎ᠠ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠨᠢᠭᠡᠴᠢ ᠨᠦᠭᠦᠳ ᠮᠡᠳᠡᠭᠡ ᠵᠠᠩᠭᠢ ᠶᠢ ᠬᠠᠮᠲᠤᠪᠠᠷ ᠬᠤᠪᠢᠶᠠᠯᠴᠠᠬᠤ ᠪᠠᠨ ᠴᠢᠩᠭᠠᠳᠬᠠᠵᠤ᠂ ᠨᠡᠶᠢᠳᠡᠮ ᠪᠠᠶᠢᠴᠠᠭᠠᠯᠲᠠ ᠶᠢᠨ ᠬᠤᠯᠪᠣᠭᠳᠠᠯ ᠪᠦᠬᠦᠢ ᠰᠠᠭᠤᠷᠢ ᠮᠠᠲ᠋ᠧᠷᠢᠶᠠᠯ ᠢ ᠡᠵᠡᠮᠰᠢᠭᠰᠡᠨ ᠡᠯ᠎ᠡ ᠱᠠᠲᠤᠨ ᠤ ᠰᠠᠯᠠᠭ᠎ᠠ ᠮᠥᠴᠢᠷ ᠤᠳ ᠰᠠᠯᠠᠭ᠎ᠠ ᠮᠥᠴᠢᠷ ᠤᠨ ᠢᠶᠠᠨ ᠵᠠᠰᠠᠭ ᠵᠠᠬᠢᠷᠭᠠᠨ ᠤ ᠲᠡᠮᠳᠡᠭᠯᠡᠯ ᠪᠣᠯᠣᠨ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢ ᠴᠠᠭ ᠲᠤᠬᠠᠢ ᠳᠤᠨᠢ ᠣᠨᠣᠪᠴᠢᠲᠠᠶ ᠬᠠᠩᠭᠠᠬᠤ ᠬᠡᠷᠡᠭᠲᠡᠢ᠃ ᠷᠠᠰᠢᠶᠠᠨ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠨᠢ ᠪᠥᠬᠦ ᠬᠤᠲᠠ ᠶᠢᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠪᠣᠳᠠᠲᠠᠢ ᠬᠡᠷᠡᠭᠵᠢᠭᠦᠯᠬᠦ ᠪᠠ ᠶᠡᠷᠦᠩᠬᠡᠶᠢᠯᠡᠨ ᠵᠣᠬᠢᠴᠠᠭᠤᠯᠬᠤ ᠠᠵᠢᠯ ᠢ ᠬᠠᠷᠢᠭᠤᠴᠠᠨ᠎ᠠ︔ ᠨᠡᠶᠢᠳᠡᠮ ᠪᠠᠶᠢᠴᠠᠭᠠᠯᠲᠠ ᠶᠢᠨ ᠵᠠᠷᠤᠳᠠᠯ ᠤᠨ ᠲᠠᠯ᠎ᠠ ᠳᠤ ᠬᠤᠯᠪᠣᠭᠳᠠᠬᠤ ᠵᠦᠢᠯᠡᠰ ᠢ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠠᠴᠠ ᠬᠠᠷᠢᠭᠤᠴᠠᠨ ᠵᠣᠬᠢᠴᠠᠭᠤᠯᠤᠨ᠎ᠠ︔ ᠲᠤᠭ᠎ᠠ ᠪᠠᠷᠢᠮᠲᠠ ᠶᠢ ᠰᠢᠢᠳᠪᠦᠷᠢᠯᠡᠬᠦ ᠴᠢᠳᠠᠪᠤᠷᠢ ᠶᠢᠨ ᠪᠠᠶᠢᠭᠤᠯᠤᠯᠲᠠ ᠶᠢᠨ ᠲᠠᠯ᠎ᠠ ᠳᠤ ᠬᠤᠯᠪᠣᠭᠳᠠᠬᠤ ᠵᠦᠢᠯᠡᠰ ᠢ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠲᠣᠮᠣ ᠳ᠋ᠠᠶᠢᠲ᠋ᠠ ᠶᠢᠨ ᠲᠥᠪ ᠠᠴᠠ ᠬᠠᠷᠢᠭᠤᠴᠠᠬᠤ ᠪᠠ ᠵᠣᠬᠢᠴᠠᠭᠤᠯᠤᠨ᠎ᠠ︔ ᠨᠡᠶᠢᠳᠡᠮ ᠪᠠᠶᠢᠴᠠᠭᠠᠯᠲᠠ ᠶᠢᠨ ᠤᠬᠠᠭᠤᠯᠤᠨ ᠳᠠᠶᠢᠴᠢᠯᠠᠬᠤ ᠲᠠᠯ᠎ᠠ ᠳᠤ ᠬᠤᠯᠪᠣᠭᠳᠠᠬᠤ ᠵᠦᠢᠯᠡᠰ ᠢ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠠᠴᠠ ᠬᠠᠷᠢᠭᠤᠴᠠᠬᠤ ᠪᠠ ᠵᠣᠬᠢᠴᠠᠭᠤᠯᠤᠨ᠎ᠠ︔ ᠠᠵᠤ ᠠᠬᠤᠶᠢᠯᠠᠯ ᠪᠠ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠨᠡᠷᠡᠰ ᠤᠨ ᠵᠢᠭᠰᠠᠭᠠᠯᠲᠠ ᠳᠤ ᠬᠤᠯᠪᠣᠭᠳᠠᠬᠤ ᠵᠦᠢᠯᠡᠰ ᠢ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠠᠴᠠ ᠬᠠᠷᠢᠭᠤᠴᠠᠵᠤ ᠵᠣᠬᠢᠴᠠᠭᠤᠯᠤᠨ᠎ᠠ︔ ᠪᠠᠶᠢᠭᠤᠯᠭ᠎ᠠ ᠪᠠ ᠠᠵᠢᠯ ᠦᠢᠯᠡᠰ ᠤᠨ ᠨᠢᠭᠡᠴᠢ ᠶᠢᠨ ᠨᠡᠷᠡᠰ ᠤᠨ ᠵᠢᠭᠰᠠᠭᠠᠯᠲᠠ ᠳᠤ ᠬᠤᠯᠪᠣᠭᠳᠠᠬᠤ ᠤᠴᠢᠷ ᠶᠠᠪᠤᠳᠠᠯ ᠢ ᠬᠤᠲᠠ ᠶᠢᠨ ᠨᠠᠮ ᠤᠨ ᠬᠤᠷᠢᠶᠠᠨ ᠤ ᠣᠷᠣᠨ ᠲᠤᠭ᠎ᠠ ᠶᠢᠨ ᠠᠯᠪᠠᠨ ᠭᠡᠷ ᠠᠴᠠ ᠬᠠᠷᠢᠭᠤᠴᠠᠨ ᠵᠣᠬᠢᠴᠠᠭᠤᠯᠤᠨ᠎ᠠ︔ ᠨᠡᠶᠢᠭᠡᠮ ᠤᠨ ᠪᠦᠯᠬᠦᠮ᠂ ᠰᠠᠭᠤᠷᠢ ᠮᠥᠩᠭᠦᠨ ᠤ ᠨᠡᠶᠢᠭᠡᠮᠯᠢᠭ᠂ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠤᠨ ᠪᠤᠰᠤ ᠨᠢᠭᠡᠴᠢ ᠵᠢᠴᠢ ᠦᠨᠳᠦᠰᠦᠨ ᠱᠠᠲᠤᠨ ᠤ ᠥᠪᠡᠷᠲᠡᠭᠡᠨ ᠵᠠᠰᠠᠬᠤ ᠵᠣᠬᠢᠶᠠᠨ ᠪᠠᠶᠢᠭᠤᠯᠤᠯᠲᠠ ᠶᠢᠨ ᠨᠡᠷᠡᠰ ᠤᠨ ᠵᠢᠭᠰᠠᠭᠠᠯᠲᠠ ᠳᠤ ᠬᠤᠯᠪᠣᠭᠳᠠᠬᠤ ᠵᠦᠢᠯᠡᠰ ᠢ ᠬᠤᠳᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠠᠴᠠ ᠬᠠᠷᠢᠭᠤᠴᠠᠵᠤ ᠵᠣᠬᠢᠴᠠᠭᠤᠯᠤᠨ᠎ᠠ᠃ ᠨᠢᠭᠡᠳᠦᠯᠲᠡᠢ ᠨᠡᠶᠢᠭᠡᠮ ᠤᠨ ᠢᠲᠡᠭᠡᠮᠵᠢ ᠶᠢᠨ ᠣᠷᠣᠯᠠᠬᠤ ᠨᠣᠮᠧᠷ ᠤᠨ ᠮᠡᠳᠡᠭᠡ ᠵᠠᠩᠭᠢ ᠶᠢ ᠬᠠᠮᠲᠤᠪᠠᠷ ᠭᠥᠷᠳᠡᠬᠦ ᠲᠠᠯ᠎ᠠ ᠳᠤ ᠬᠤᠯᠪᠣᠭᠳᠠᠬᠤ ᠵᠦᠢᠯᠡᠰ ᠢ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠬᠠᠷᠢᠭᠤᠴᠠᠬᠤ ᠪᠠ ᠵᠣᠬᠢᠴᠠᠭᠤᠯᠤᠨ᠎ᠠ︔ ᠬᠤᠲᠠ ᠬᠥᠳᠡᠭᠡ ᠶᠢᠨ ᠨᠡᠶᠢᠭᠡᠮ ᠲᠣᠭᠤᠷᠢᠭ ᠤᠨ ᠲᠣᠥᠷᠵᠢᠭᠤᠯᠤᠭᠰᠠᠨ ᠦᠢᠯᠡᠴᠢᠯᠡᠭᠡᠨ ᠤ ᠬᠠᠮᠢᠶᠠᠷᠤᠯᠲᠠ ᠶᠢᠨ ᠠᠵᠢᠯ ᠳᠤ ᠬᠤᠯᠪᠣᠭᠳᠠᠬᠤ ᠵᠦᠢᠯᠡᠰ ᠢ ᠬᠤᠲᠠ ᠶᠢᠨ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ ᠠᠴᠠ ᠵᠣᠬᠢᠴᠠᠭᠤᠯᠤᠨ᠎ᠠ᠃       ᠡᠯ᠎ᠡ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ ᠶᠢᠨ ᠬᠡᠷᠡᠭ ᠡᠷᠬᠢᠯᠡᠬᠦ ᠭᠠᠵᠠᠷ ᠴᠤ ᠭᠡᠳ ᠵᠣᠬᠢᠴᠠᠩᠭᠤᠢ ᠪᠦᠬᠦᠢ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢ ᠪᠠᠶᠢᠭᠤᠯᠵᠤ᠂ ᠲᠤᠰ ᠭᠠᠵᠠᠷ ᠣᠷᠣᠨ ᠤ ᠪᠠᠨ ᠨᠡᠶᠢᠳᠡᠮ ᠪᠠᠶᠢᠴᠠᠭᠠᠯᠲᠠ ᠶᠢ ᠬᠡᠷᠡᠭᠵᠢᠭᠦᠯᠬᠦ ᠠᠵᠢᠯ ᠢ ᠬᠢᠨᠠᠮᠠᠭᠠᠢ ᠰᠠᠶᠢᠲᠤᠷ ᠵᠣᠬᠢᠶᠠᠨ ᠪᠠᠶᠢᠭᠤᠯᠵᠤ᠂ ᠴᠠᠭ ᠲᠤᠬᠠᠢ ᠳᠤᠨᠢ ᠠᠷᠭ᠎ᠠ ᠬᠡᠮᠵᠢᠶ᠎ᠡ ᠠᠪᠴᠤ ᠪᠠᠶᠢᠭᠠᠳ ᠨᠡᠶᠢᠳᠡᠮ ᠪᠠᠶᠢᠴᠠᠭᠠᠯᠲᠠ ᠶᠢᠨ ᠠᠵᠢᠯ ᠤᠨ ᠳᠤᠮᠳᠠ ᠲᠤᠯᠭᠠᠷᠠᠭᠰᠠᠨ ᠬᠦᠴᠢᠷᠳᠡᠯ ᠪᠣᠯᠣᠨ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠃ ᠪᠠᠯᠭᠠᠰᠤᠨ ᠤ ᠵᠠᠰᠠᠭ ᠤᠨ ᠣᠷᠳᠣᠨ᠂ ᠵᠡᠭᠡᠯᠢ ᠶᠢᠨ ᠬᠡᠷᠡᠭ ᠡᠷᠬᠢᠯᠡᠬᠦ ᠭᠠᠵᠠᠷ ᠪᠣᠯᠣᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠠᠳᠠᠯ ᠠᠬᠤᠢ ᠪᠣᠯᠣᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠠᠭᠪᠤᠷ ᠢ ᠭᠦᠢᠴᠡᠳ ᠠᠰᠢᠭᠯᠠᠨ᠂ ᠨᠡᠶᠢᠭᠡᠮ ᠤᠨ ᠬᠦᠴᠦᠨ ᠢ ᠥᠷᠭᠡᠨ ᠢᠶᠠᠷ ᠳᠠᠶᠢᠴᠢᠯᠠᠬᠤ ᠪᠠ ᠵᠣᠬᠢᠶᠠᠨ ᠪᠠᠶᠢᠭᠤᠯᠵᠤ ᠪᠠᠶᠢᠭᠠᠳ ᠢᠳᠡᠪᠬᠢᠲᠡᠢ ᠣᠷᠣᠯᠴᠠᠭᠤᠯᠵᠤ᠂ ᠨᠡᠶᠢᠳᠡᠮ ᠪᠠᠶᠢᠴᠠᠭᠠᠯᠲᠠ ᠶᠢᠨ ᠠᠵᠢᠯ ᠢ ᠬᠢᠨᠠᠮᠠᠭᠠᠢ ᠬᠠᠮᠵᠢᠯᠴᠠᠨ ᠰᠠᠶᠢᠲᠤᠷ ᠬᠢᠬᠦ ᠬᠡᠷᠡᠭᠲᠡᠢ᠃ ᠣᠷᠣᠨ ᠨᠤᠲᠤᠭ ᠤᠨ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠠᠵᠢᠯ ᠤᠨ ᠬᠡᠷᠡᠭᠴᠡᠭᠡ ᠪᠠᠨ ᠦᠨᠳᠦᠰᠦᠯᠡᠵᠦ᠂ ᠨᠥᠬᠦᠴᠡᠯ ᠳᠤ ᠨᠡᠶᠢᠴᠡᠬᠦ ᠨᠡᠶᠢᠳᠡᠮ ᠪᠠᠶᠢᠴᠠᠭᠠᠯᠲᠠ ᠶᠢᠨ ᠵᠢᠭᠠᠨ ᠵᠢᠯᠣᠭᠤᠳᠤᠭᠴᠢ ᠪᠣᠯᠣᠨ ᠨᠡᠶᠢᠳᠡᠮ ᠪᠠᠶᠢᠴᠠᠭᠠᠭᠴᠢ ᠶᠢ ᠤᠷᠢᠨ ᠬᠡᠷᠡᠭᠯᠡᠬᠦ ᠪᠤᠶᠤ ᠬᠤᠯᠪᠣᠭᠳᠠᠯ ᠪᠦᠬᠦᠢ ᠨᠢᠭᠡᠴᠢ ᠠᠴᠠ ᠵᠥᠪᠳᠡᠯᠴᠡᠨ ᠰᠢᠯᠵᠢᠭᠦᠯᠵᠦ ᠪᠣᠯᠣᠨ᠎ᠠ᠂ ᠤᠷᠢᠨ ᠬᠡᠷᠡᠭᠯᠡᠬᠦ ᠬᠥᠮᠥᠰ ᠤᠨ ᠬᠥᠳᠡᠯᠮᠦᠷᠢ ᠶᠢᠨ ᠬᠥᠯᠥᠰᠦ ᠣᠯᠭᠤᠮᠵᠢ ᠶᠢ ᠴᠠᠭ ᠲᠤᠬᠠᠢ ᠳᠤᠨᠢ ᠥᠭᠴᠦ᠂ ᠵᠥᠪᠳᠡᠯᠴᠡᠨ ᠰᠢᠯᠵᠢᠭᠦᠯᠬᠦ ᠬᠥᠮᠥᠰ ᠤᠨ ᠤᠤᠯ ᠤᠨ ᠨᠢᠭᠡᠴᠢ ᠳᠠᠬᠢ ᠴᠠᠯᠢᠩ᠂ ᠠᠰᠠᠷᠠᠮᠵᠢ ᠵᠢᠴᠢ ᠪᠤᠰᠤᠳ ᠣᠯᠭᠤᠮᠵᠢ ᠶᠢ ᠬᠤᠪᠢᠷᠠᠭᠤᠯᠬᠤ ᠦᠭᠡᠢ ᠪᠠᠶᠢᠬᠤ ᠶᠢ ᠪᠠᠲᠤᠯᠠᠵᠤ᠂ ᠲᠤᠬᠠᠶᠢᠯᠠᠭᠰᠠᠨ ᠠᠵᠢᠯ ᠤᠨ ᠪᠣᠯᠪᠠᠰᠤᠷᠠᠯ᢭ ᠢ ᠢᠳᠡᠪᠬᠢᠲᠡᠢ ᠪᠠᠷ ᠥᠷᠨᠢᠭᠦᠯᠦᠨ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠬᠡᠪ ᠴᠢᠨᠠᠷ ᠢ ᠳᠡᠭᠡᠭᠰᠢᠯᠡᠭᠦᠯᠬᠦ ᠶᠢᠨ ᠬᠠᠮᠲᠤ ᠱᠠᠯᠠᠪᠳᠡᠭᠤᠯᠣᠨ ᠵᠢᠯᠤᠭᠤᠳᠬᠤ ᠪᠠᠨ ᠴᠢᠩᠭᠠᠳᠬᠠᠵᠤ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠡᠩᠨᠡᠭᠡ ᠶᠢ ᠲᠣᠭᠲᠠᠪᠤᠷᠢᠵᠢᠭᠤᠯᠤᠨ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠤᠷᠤᠭᠰᠢᠲᠠᠢ ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠢ᠃       ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠢ ᠠᠵᠢᠯ ᠤᠨ ᠬᠤᠪᠢᠷᠠᠯᠲᠠ ᠠᠴᠠ ᠪᠣᠯᠵᠤ ᠲᠣᠬᠢᠷᠠᠭᠤᠯᠬᠤ ᠴᠢᠬᠤᠯᠠᠲᠠᠢ ᠪᠠᠶᠢᠪᠠᠯ᠂ ᠪᠠᠶᠢᠭ᠎ᠠ ᠨᠢᠭᠡᠴᠢ ᠠᠴᠠ ᠨᠢ ᠤᠳᠤᠷᠢᠳᠬᠤ ᠳᠤᠭᠤᠶᠢᠯᠠᠩ ᠤᠨ ᠠᠯᠪᠠᠨ ᠭᠡᠷ ᠲᠤ ᠳᠤᠷᠠᠳᠤᠨ ᠭᠠᠷᠭᠠᠵᠤ᠂ ᠤᠳᠤᠷᠢᠳᠬᠤ ᠳᠤᠭᠤᠶᠢᠯᠠᠩ ᠤᠨ ᠳᠠᠷᠤᠭ᠎ᠠ ᠳᠤ ᠮᠡᠳᠡᠭᠦᠯᠵᠦ ᠬᠢᠨᠠᠨ ᠵᠥᠪᠰᠢᠶᠡᠷᠡᠭᠦᠯᠦᠨ᠎ᠡ᠃ ᠤᠳᠤᠷᠢᠳᠬᠤ ᠳᠤᠭᠤᠶᠢᠯᠠᠩ ᠨᠢ ᠷᠠᠰᠢᠶᠠᠨ ᠬᠤᠲᠠ ᠶᠢᠨ ᠬᠡᠷᠡᠭ ᠵᠥᠪᠯᠡᠵᠦ ᠵᠣᠬᠢᠴᠠᠭᠤᠯᠬᠤ ᠪᠠᠶᠢᠭᠤᠯᠤᠮᠵᠢ  ᠪᠢᠰᠢ᠂ ᠡᠭᠦᠷᠭᠡ ᠪᠠᠨ ᠪᠡᠶᠡᠯᠡᠭᠦᠯᠦᠭᠰᠡᠨ ᠤ ᠳᠠᠷᠠᠭ᠎ᠠ ᠠᠶᠠᠨᠳᠠᠭᠠᠨ ᠬᠦᠴᠦᠨ ᠦᠭᠡᠢ ᠪᠣᠯᠭᠠᠨ᠎ᠠ᠃       ᠲᠠᠪᠤ᠂ ᠨᠡᠶᠢᠳᠡᠮ ᠪᠠᠶᠢᠴᠠᠭᠠᠯᠲᠠ ᠶᠢᠨ ᠵᠠᠷᠤᠳᠠᠯ ᠤᠨ ᠪᠠᠲᠤᠯᠠᠭ᠎ᠠ       ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠳᠤ ᠬᠡᠷᠡᠭᠰᠡᠬᠦ ᠵᠠᠷᠤᠳᠠᠯ ᠢ ᠣᠲᠣ ᠶᠢᠨ ᠬᠡᠷᠡᠭᠵᠢᠭᠦᠯᠵᠦ ᠪᠠᠶᠢᠭ᠎ᠠ ᠵᠠᠷᠤᠳᠠᠯ ᠤᠨ ᠠᠷᠭ᠎ᠠ ᠵᠠᠮ ᠢᠶᠠᠷ ᠲᠥᠪ ᠪᠠ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠬᠠᠮᠲᠤᠪᠠᠷ ᠡᠭᠦᠷᠭᠡᠯᠡᠵᠦ᠂ ᠵᠣᠬᠢᠬᠤ ᠣᠨ ᠤ ᠡᠳ᠋ ᠤᠨ ᠵᠠᠰᠠᠭ ᠤᠨ ᠲᠥᠰᠥᠪ ᠲᠤ ᠣᠷᠣᠭᠤᠯᠤᠨ᠎ᠠ᠃ ᠡᠯ᠎ᠡ ᠬᠤᠰᠢᠭᠤ ᠰᠢᠶᠠᠨ  ᠬᠤᠳᠡᠨ ᠤ ᠠᠷᠠᠳ ᠤᠨ ᠵᠠᠰᠠᠭ   ᠤᠨ ᠣᠷᠳᠣᠨ ᠨᠤᠭᠤᠳ ᠨᠡᠶᠢᠳᠡᠮ ᠪᠠᠶᠢᠴᠠᠭᠠᠯᠲᠠ ᠶᠢᠨ ᠵᠠᠷᠤᠳᠠᠯ ᠢ ᠴᠠᠭ ᠬᠤᠭᠤᠴᠠᠭ᠎ᠠ ᠶᠣᠰᠣᠭᠠᠷ ᠰᠠᠯᠭᠠᠨ ᠥᠭᠬᠦ ᠶᠢ ᠬᠦᠴᠦᠯᠡᠨ ᠠᠬᠢᠭᠤᠯᠵᠤ᠂ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠵᠤ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ᠃ ᠡᠯ᠎ᠡ ᠱᠠᠲᠤᠨ ᠤ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠨᠤᠭᠤᠳ ᠬᠠᠮᠢᠶᠠᠷᠤᠯᠲᠠ ᠪᠠᠨ ᠴᠢᠩᠭᠠᠳᠬᠠᠨ᠂ ᠰᠠᠶᠢᠲᠤᠷ ᠠᠷᠪᠢᠯᠠᠵᠤ᠂ ᠲᠤᠰᠬᠠᠢ ᠵᠣᠭᠤᠰ   ᠢ ᠲᠤᠰᠬᠠᠢ ᠵᠦᠢᠯ ᠳᠤᠨᠢ ᠬᠡᠷᠡᠭᠯᠡᠵᠦ᠂ ᠨᠡᠶᠢᠳᠡᠮ ᠪᠠᠶᠢᠴᠠᠭᠠᠯᠲᠠ ᠶᠢᠨ ᠵᠠᠷᠤᠳᠠᠯ ᠤᠨ ᠬᠡᠷᠡᠭᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃       ᠵᠢᠷᠭᠤᠭ᠎ᠠ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠱᠠᠭᠠᠷᠳᠠᠯᠭ᠎ᠠ      ︵ᠨᠢᠭᠡ︶ ᠬᠠᠤᠯᠢ ᠶᠣᠰᠣᠭᠠᠷ ᠨᠡᠶᠢᠳᠡᠮ ᠪᠠᠶᠢᠴᠠᠭᠠᠬᠤ ᠶᠢ ᠪᠠᠷᠢᠮᠲᠠᠯᠠᠬᠤ ᠬᠡᠷᠡᠭᠲᠡᠢ      ᠨᠡᠶᠢᠳᠡᠮ ᠪᠠᠶᠢᠴᠠᠭᠠᠯᠲᠠ ᠶᠢᠨ ᠠᠵᠢᠯᠲᠠᠨ ᠪᠣᠯᠣᠨ ᠨᠡᠶᠢᠳᠡᠮ ᠪᠠᠶᠢᠴᠠᠭᠠᠯᠲᠠ ᠶᠢᠨ ᠡᠲᠡᠭᠡᠳ ᠪᠦᠬᠦᠨ ᠡᠷᠬᠡᠪᠰᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ ᠪᠦᠷᠢᠳᠬᠡᠯ ᠤᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ ᠪᠦᠷᠢᠳᠬᠡᠯ   ᠤᠨ ᠬᠠᠤᠯᠢ ᠶᠢ ᠬᠡᠷᠡᠭᠵᠢᠭᠦᠯᠬᠦ ᠳᠦᠷᠢᠮ︾᠂ ︽ᠪᠦᠬᠦ ᠤᠯᠤᠰ ᠤᠨ ᠠᠵᠤ ᠠᠬᠤᠢ   ᠶᠢᠨ ᠨᠡᠶᠢᠳᠡᠮ ᠪᠠᠶᠢᠴᠠᠭᠠᠯᠲᠠ   ᠶᠢᠨ ᠳᠦᠷᠢᠮ︾ ᠤᠨ ᠲᠣᠭᠲᠠᠭᠠᠯ   ᠢ ᠴᠢᠩᠭ᠎ᠠ ᠵᠢᠷᠤᠮᠯᠠᠨ᠂  ᠨᠡᠶᠢᠳᠡᠮ ᠪᠠᠶᠢᠴᠠᠭᠠᠯᠲᠠ ᠶᠢᠨ ᠬᠦᠰᠦᠨᠦᠭᠲᠦ ᠶᠢ ᠴᠠᠭ ᠲᠤᠬᠠᠢ ᠳᠤᠨᠢ᠂ ᠦᠨᠡᠨ ᠮᠥᠨ ᠢᠶᠠᠷ ᠨᠢ ᠲᠠᠭᠯᠠᠨ ᠮᠡᠳᠡᠭᠦᠯᠬᠦ ᠬᠡᠷᠡᠭᠲᠡᠢ᠃ ᠶᠠᠮᠠᠷᠪᠠ ᠨᠢᠭᠡᠴᠢ ᠪᠣᠯᠣᠨ ᠬᠤᠪᠢ ᠬᠥᠮᠥᠨ ᠬᠤᠳᠠᠯ ᠢᠶᠠᠷ ᠮᠡᠳᠡᠭᠦᠯᠵᠦ᠂ ᠨᠢᠭᠤᠬᠤ᠂ ᠮᠡᠳᠡᠭᠦᠯᠬᠦ ᠶᠢ ᠲᠡᠪᠴᠢᠬᠦ᠂ ᠤᠳᠠᠭᠠᠰᠢᠷᠠᠭᠤᠯᠤᠨ ᠮᠡᠳᠡᠭᠦᠯᠵᠦ ᠪᠣᠯᠬᠤ ᠦᠭᠡᠢ᠂ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠬᠠᠭᠤᠷᠮᠠᠭᠯᠠᠨ ᠵᠣᠬᠢᠶᠠᠵᠤ᠂ ᠥᠭᠡᠷᠡᠲᠦᠭᠦᠯᠵᠦ ᠪᠣᠯᠬᠤ ᠦᠭᠡᠢ᠃ ᠨᠡᠶᠢᠳᠡᠮ ᠪᠠᠶᠢᠴᠠᠭᠠᠯᠲᠠ ᠶᠢᠨ ᠣᠯᠣᠭᠰᠠᠨ ᠨᠢᠭᠡᠴᠢ ᠪᠣᠯᠣᠨ ᠬᠤᠪᠢ ᠬᠥᠮᠥᠨ ᠤ ᠮᠠᠲ᠋ᠧᠷᠢᠶᠠᠯ ᠢ ᠨᠡᠶᠢᠳᠡᠮ ᠪᠠᠶᠢᠴᠠᠭᠠᠯᠲᠠ ᠳᠤ ᠬᠡᠷᠡᠭᠯᠡᠬᠦ ᠵᠣᠷᠢᠯᠭ᠎ᠠ ᠪᠠᠷ ᠴᠢᠩᠭ᠎ᠠ ᠬᠢᠵᠠᠭᠠᠷᠯᠠᠨ ᠲᠣᠭᠲᠠᠭᠠᠵᠤ᠂ ᠶᠠᠮᠠᠷᠪᠠ ᠨᠢᠭᠡᠴᠢ ᠠᠴᠠ ᠨᠡᠶᠢᠳᠡᠮ ᠪᠠᠶᠢᠴᠠᠭᠠᠯᠲᠠ ᠶᠢᠨ ᠡᠲᠡᠭᠡᠳ  ᠢ ᠱᠠᠩᠨᠠᠵᠤ ᠲᠣᠷᠭᠠᠬᠤ ᠶᠢᠨ ᠦᠨᠳᠦᠰᠦᠯᠡᠯ ᠪᠣᠯᠭᠠᠬᠤ ᠦᠭᠡᠢ᠃ ᠡᠯ᠎ᠡ ᠱᠠᠲᠤᠨ ᠤ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠵᠢᠴᠢ ᠲᠡᠭᠦᠨ ᠤ ᠠᠵᠢᠯᠲᠠᠳ᠂ ᠨᠡᠶᠢᠳᠡᠮ ᠪᠠᠶᠢᠴᠠᠭᠠᠯᠲᠠ ᠶᠢᠨ ᠳᠤᠮᠳᠠ ᠣᠯᠵᠤ ᠮᠡᠳᠡᠭᠰᠡᠨ ᠤᠯᠤᠰ ᠤᠨ ᠨᠢᠭᠤᠴᠠ ᠪᠠ ᠨᠡᠶᠢᠳᠡᠮ ᠪᠠᠶᠢᠴᠠᠭᠠᠯᠲᠠ ᠶᠢᠨ ᠡᠲᠡᠭᠡᠳ ᠤᠨ ᠬᠤᠳᠠᠯᠳᠤᠭᠠᠨ ᠤ ᠨᠢᠭᠤᠴᠠ᠂ ᠬᠤᠪᠢ ᠬᠥᠮᠥᠨ ᠤ ᠮᠡᠳᠡᠭᠡ ᠵᠠᠩᠭᠢ ᠶᠢᠨ ᠨᠢᠭᠤᠴᠠ ᠶᠢ ᠬᠠᠮᠠᠭᠠᠯᠠᠬᠤ ᠡᠭᠦᠷᠭᠡ ᠶᠢ ᠡᠷᠬᠡᠪᠰᠢ ᠴᠢᠩᠭ᠎ᠠ ᠭᠦᠢᠴᠡᠳᠬᠡᠬᠦ ᠬᠡᠷᠡᠭᠲᠡᠢ︔ ᠵᠥᠪᠰᠢᠶᠡᠷᠡᠭᠦᠯᠦᠭᠰᠡᠨ ᠦᠭᠡᠢ ᠪᠣᠯ ᠶᠠᠮᠠᠷᠪᠠ ᠨᠢᠭᠡᠴᠢ ᠪᠣᠯᠣᠨ ᠬᠤᠪᠢ ᠬᠥᠮᠥᠨ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠭᠠᠳᠠᠭᠰᠢ ᠨᠡᠶᠢᠲᠡᠯᠡᠵᠦ ᠪᠣᠯᠬᠤ ᠦᠭᠡᠢ᠃ ᠨᠡᠶᠢᠳᠡᠮ ᠪᠠᠶᠢᠴᠠᠭᠠᠯᠲᠠ ᠶᠢᠨ ᠠᠵᠢᠯ ᠤᠨ ᠳᠤᠮᠳᠠᠬᠢ ᠰᠠᠬᠢᠯᠭ᠎ᠠ ᠪᠠᠲᠤ ᠬᠠᠤᠯᠢ ᠴᠠᠭᠠᠵᠠ ᠠᠴᠠ ᠵᠥᠷᠢᠴᠡᠭᠰᠡᠨ ᠵᠡᠷᠭᠡ ᠦᠶᠯᠡ ᠠᠵᠢᠯᠯᠠᠭ᠎ᠠ ᠶᠢ ᠰᠠᠬᠢᠯᠭ᠎ᠠ ᠪᠠᠲᠤ ᠬᠠᠤᠯᠢ ᠴᠠᠭᠠᠵᠠ ᠶᠢᠨ ᠶᠣᠰᠣᠭᠠᠷ ᠰᠢᠢᠳᠪᠦᠷᠢᠯᠡᠬᠦ ᠶᠢᠨ ᠬᠠᠮᠲᠤ ᠨᠡᠶᠢᠲᠡᠯᠡᠨ ᠢᠯᠡᠴᠢᠯᠡᠬᠦ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃      ︵ᠬᠤᠶᠠᠷ︶ ᠲᠤᠭ᠎ᠠ ᠪᠠᠷᠢᠮᠲᠠ ᠶᠢᠨ ᠶᠠᠰᠤ ᠴᠢᠨᠠᠷ ᠢ ᠦᠨᠡᠨ ᠬᠦ ᠪᠠᠲᠤᠯᠠᠬᠤ ᠬᠡᠷᠡᠭᠲᠡᠢ       ᠲᠤᠭ᠎ᠠ ᠪᠠᠷᠢᠮᠲᠠ ᠶᠢᠨ ᠶᠠᠰᠤ ᠴᠢᠨᠠᠷ ᠢ ᠲᠡᠷᠢᠭᠦᠨ ᠳᠤ ᠲᠠᠯᠪᠢᠬᠤ ᠵᠠᠷᠴᠢᠮ ᠢ ᠢᠮᠠᠭᠲᠠ ᠪᠠᠲᠤ ᠰᠠᠬᠢᠵᠤ᠂ ᠨᠡᠶᠢᠳᠡᠮ ᠪᠠᠶᠢᠴᠠᠭᠠᠯᠲᠠ ᠶᠢᠨ ᠠᠷᠭ᠎ᠠ ᠶᠢ ᠴᠢᠩᠭ᠎ᠠ ᠬᠡᠷᠡᠭᠵᠢᠭᠦᠯᠦᠨ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠶᠠᠪᠣᠴᠠ ᠶᠢ ᠵᠢᠷᠤᠮᠵᠢᠭᠤᠯᠵᠤ᠂ ᠬᠡᠷᠡᠭ ᠤᠨ ᠡᠮᠦᠨ᠎ᠡ ᠬᠡᠷᠡᠭ ᠤᠨ ᠳᠤᠮᠳᠠ ᠪᠠ ᠬᠡᠷᠡᠭ ᠤᠨ ᠳᠠᠷᠠᠭᠠᠬᠢ ᠲᠤᠭ᠎ᠠ ᠪᠠᠷᠢᠮᠲᠠ ᠶᠢᠨ ᠶᠠᠰᠤ ᠴᠢᠨᠠᠷ ᠢ ᠬᠠᠷᠭᠤᠭᠤᠯᠤᠨ ᠪᠠᠶᠢᠴᠠᠭᠠᠬᠤ ᠶᠢ ᠴᠢᠩᠭᠠᠷᠠᠭᠤᠯᠤᠨ᠂ ᠲᠤᠭ᠎ᠠ ᠪᠦᠷᠢᠳᠬᠡᠯ ᠢ ᠬᠠᠭᠤᠷᠮᠠᠭ ᠢᠶᠠᠷ ᠵᠣᠬᠢᠶᠠᠬᠤ᠂ ᠬᠤᠳᠠᠯ ᠢᠶᠠᠷ ᠵᠣᠬᠢᠶᠠᠨ ᠬᠠᠭᠤᠷᠮᠠᠭ ᠢᠶᠠᠷ ᠵᠣᠬᠢᠶᠠᠬᠤ ᠶᠢ ᠦᠨᠡᠨ ᠬᠦ ᠰᠡᠷᠭᠡᠶᠢᠯᠡᠬᠦ ᠪᠠ ᠵᠠᠯᠬᠠᠭᠠᠨ ᠰᠢᠳᠭᠡᠵᠦ᠂ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠦᠨᠡᠨ ᠪᠣᠳᠠᠲᠠᠢ ᠣᠨᠣᠪᠴᠢᠲᠠᠶ᠂ ᠪᠦᠷᠢᠨ ᠪᠦᠲᠦᠨ ᠢᠲᠡᠭᠡᠮᠵᠢᠲᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠡᠯ᠎ᠡ ᠱᠠᠲᠤᠨ ᠤ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠨᠤᠭᠤᠳ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠡᠵᠡᠮᠳᠡᠬᠦ ᠰᠢᠰᠲ᠋ᠧᠮ ᠪᠣᠯᠣᠨ ᠠᠵᠢᠯ ᠤᠨ ᠪᠠᠶᠢᠷᠢ   ᠶᠢᠨ ᠬᠠᠷᠢᠭᠤᠴᠠᠯᠭ᠎ᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠨᠡᠬᠡᠮᠵᠢᠯᠡᠬᠦ ᠪᠠ ᠬᠠᠷᠢᠭᠤᠴᠠᠯᠭ᠎ᠠ ᠬᠡᠯᠡᠯᠴᠡᠬᠦ ᠲᠣᠭᠲᠠᠴᠠ ᠶᠢ ᠲᠡᠭᠦᠯᠳᠡᠷᠵᠢᠭᠦᠯᠦᠨ᠂ ᠨᠡᠶᠢᠳᠡᠮ ᠪᠠᠶᠢᠴᠠᠭᠠᠯᠲᠠ ᠶᠢᠨ ᠰᠠᠬᠢᠯᠭ᠎ᠠ ᠪᠠᠲᠤ ᠶᠢ ᠴᠢᠩᠳᠠᠯᠠᠵᠤ᠂ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠳᠤ ᠵᠣᠷᠢᠭᠤᠳᠠ ᠭᠠᠷ ᠲᠦᠷᠦᠭᠦ ᠡᠯ᠎ᠡ ᠵᠦᠢᠯ ᠤᠨ ᠥᠢᠯᠡ ᠠᠵᠢᠯᠯᠠᠭ᠎ᠠ ᠶᠢ ᠡᠷᠡᠰ ᠬᠤᠷᠢᠭᠯᠠᠬᠤ ᠬᠡᠷᠡᠭᠲᠡᠢ᠃ ᠪᠦᠲᠦᠮᠵᠢᠲᠡᠶ ᠮᠡᠷᠭᠡᠵᠢᠯ ᠤᠨ ᠠᠷᠭ᠎ᠠ ᠪᠠᠷᠢᠯ ᠪᠣᠯᠣᠨ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠠᠪᠴᠤ᠂ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠴᠤᠭᠯᠠᠭᠤᠯᠬᠤ᠂ ᠳᠠᠮᠵᠢᠭᠤᠯᠬᠤ᠂ ᠬᠠᠳᠠᠭᠠᠯᠠᠬᠤ ᠪᠠ ᠬᠡᠷᠡᠭᠯᠡᠬᠦ ᠶᠢᠨ ᠠᠶᠤᠯ ᠦᠭᠡᠢ ᠶᠢ ᠦᠨᠡᠨ ᠬᠦ ᠪᠠᠲᠤᠯᠠᠬᠤ ᠬᠡᠷᠡᠭᠲᠡᠢ᠃ ᠨᠡᠶᠢᠳᠡᠮ ᠪᠠᠶᠢᠴᠠᠭᠠᠯᠲᠠ ᠶᠢᠨ ᠠᠵᠢᠯ ᠢ ᠥᠷᠨᠢᠭᠦᠯᠦᠭᠰᠡᠨ ᠪᠠᠶᠢᠳᠠᠯ ᠢ ᠱᠠᠯᠠᠪᠳᠡᠭᠤᠯᠣᠨ ᠪᠠᠶᠢᠴᠠᠭᠠᠵᠤ ᠰᠢᠢᠳᠪᠦᠷᠢᠯᠡᠬᠦ ᠵᠦᠢᠯᠡᠰ ᠲᠤ ᠴᠠᠭ ᠲᠤᠨᠢ ᠲᠣᠬᠢᠷᠠᠭᠤᠯᠤᠨ ᠣᠷᠣᠭᠤᠯᠬᠤ ᠬᠡᠷᠡᠭᠲᠡᠢ᠃       ︵ᠭᠤᠷᠪᠠ︶ ᠠᠷᠭ᠎ᠠ ᠪᠠᠷᠢᠯ ᠠᠷᠭ᠎ᠠ ᠮᠠᠶ᠋ᠢᠭ ᠤᠨ ᠰᠢᠨ᠎ᠡ ᠶᠢ ᠡᠭᠦᠳᠬᠦ ᠭᠡᠷᠡᠭᠳᠡᠢ       ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠲᠡᠮᠳᠡᠭᠯᠡᠯ ᠢ ᠥᠷᠭᠡᠨ ᠢᠶᠠᠷ ᠬᠡᠷᠡᠭᠯᠡᠵᠦ᠂ ᠡᠯᠧᠺᠲᠷᠣᠨ ᠦᠨᠡᠮᠯᠡᠯ ᠤᠨ ᠮᠡᠳᠡᠭᠡ ᠵᠠᠩᠭᠢ ᠵᠡᠷᠭᠡ ᠶᠢᠨ ᠨᠡᠶᠢᠳᠡᠮ ᠪᠠᠶᠢᠴᠠᠭᠠᠯᠲᠠ ᠶᠢᠨ ᠳᠤᠮᠳᠠᠬᠢ ᠬᠡᠷᠡᠭᠯᠡᠯᠲᠡ ᠶᠢ ᠠᠬᠢᠭᠤᠯᠵᠤ᠂ ᠰᠦᠯᠵᠢᠶᠡᠨ ᠳᠡᠭᠡᠷ᠎ᠡ ᠲᠠᠭᠯᠠᠨ ᠮᠡᠳᠡᠭᠦᠯᠬᠦ ᠪᠠ ᠡᠯᠧᠺᠲᠷᠣᠨ ᠦᠵᠦᠭᠦᠷ ᠤᠨ ᠲᠤᠬᠠᠢ ᠶᠢᠨ ᠲᠠᠯᠠᠪᠤᠷ ᠲᠤ ᠲᠤᠭ᠎ᠠ ᠪᠠᠷᠢᠮᠲᠠ ᠴᠤᠭᠯᠠᠭᠤᠯᠬᠤ ᠶᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢ ᠠᠪᠴᠤ ᠪᠠᠶᠢᠭᠠᠳ ᠨᠡᠶᠢᠳᠡᠮ ᠪᠠᠶᠢᠴᠠᠭᠠᠯᠲᠠ ᠶᠢ ᠥᠷᠨᠢᠭᠦᠯᠵᠦ᠂ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢᠶᠠᠷ ᠳᠠᠮᠵᠢᠭᠤᠯᠤᠨ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠰᠢᠢᠳᠪᠦᠷᠢᠯᠡᠬᠦ ᠬᠦᠴᠦᠨ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ ᠪᠠᠶᠢᠩᠭᠤᠵᠢᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠡᠷᠡᠭᠴᠡᠭᠡ ᠳᠤ ᠵᠣᠬᠢᠴᠠᠭᠤᠯᠤᠨ᠂ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠨᠡᠶᠢᠳᠡᠮ ᠪᠠᠶᠢᠴᠠᠭᠠᠯᠲᠠ ᠶᠢᠨ ᠡᠲᠡᠭᠡᠳ ᠤᠨ ᠰᠦᠯᠵᠢᠶ᠎ᠡ ᠪᠠᠷ ᠳᠡᠮᠵᠢᠨ ᠪᠡᠶ᠎ᠡ ᠪᠠᠨ ᠳᠠᠭᠠᠭᠠᠨ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠪᠠᠨ ᠮᠡᠳᠡᠭᠦᠯᠦᠨ ᠬᠦᠷᠭᠡᠬᠦ ᠶᠢ ᠳᠡᠮᠵᠢᠵᠦ᠂ ᠨᠡᠶᠢᠳᠡᠮ ᠪᠠᠶᠢᠴᠠᠭᠠᠯᠲᠠ ᠶᠢᠨ ᠠᠵᠢᠯ ᠢ ᠰᠢᠨᠵᠢᠯᠡᠬᠦ ᠤᠬᠠᠭᠠᠨᠴᠢ ᠪᠠᠷ᠂ ᠵᠢᠷᠤᠮᠵᠢᠯ ᠲᠠᠢ᠂ ᠥᠨᠳᠥᠷ ᠦᠷ᠎ᠡ ᠪᠦᠲᠦᠮᠵᠢᠲᠡᠶ ᠪᠠᠷ ᠠᠬᠢᠭᠤᠯᠬᠤ ᠭᠡᠷᠡᠭᠳᠡᠢ᠃       ︵ᠳᠥᠷᠪᠡ︶ ᠤᠬᠠᠭᠤᠯᠵᠤ ᠬᠥᠲᠥᠯᠥᠨ ᠵᠢᠯᠤᠭᠤᠳᠬᠤ ᠶᠢ ᠴᠢᠩᠭᠠᠳᠬᠠᠬᠤ ᠭᠡᠷᠡᠭᠳᠡᠢ      ᠡᠯ᠎ᠡ ᠱᠠᠲᠤᠨ ᠤ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠨᠤᠭᠤᠳ ᠤᠬᠠᠭᠤᠯᠬᠤ ᠰᠠᠯᠠᠭ᠎ᠠ ᠮᠥᠴᠢᠷ ᠲᠠᠢ ᠬᠠᠮᠲᠤᠷᠠᠨ ᠨᠡᠶᠢᠳᠡᠮ ᠪᠠᠶᠢᠴᠠᠭᠠᠯᠲᠠ ᠶᠢᠨ ᠤᠬᠠᠭᠤᠯᠭ᠎ᠠ ᠶᠢ ᠲᠥᠰᠥᠪᠯᠡᠬᠦ ᠪᠠ ᠵᠣᠬᠢᠶᠠᠨ ᠪᠠᠶᠢᠭᠤᠯᠬᠤ ᠠᠵᠢᠯ ᠢ ᠬᠢᠨᠠᠮᠠᠭᠠᠢ ᠰᠠᠶᠢᠲᠤᠷ ᠬᠢᠬᠦ ᠬᠡᠷᠡᠭᠲᠡᠢ᠃ ᠡᠯ᠎ᠡ ᠲᠥᠷᠥᠯ ᠤᠨ ᠰᠣᠨᠢᠨ ᠮᠡᠳᠡᠭᠡᠨ ᠤ ᠵᠠᠭᠤᠴᠢᠯᠠᠭᠤᠷ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠦᠢᠯᠡᠴᠢᠯᠡᠭᠡᠨ ᠤ ᠲᠠᠪᠴᠠᠩ ᠵᠡᠷᠭᠡ ᠤᠬᠠᠭᠤᠯᠭ᠎ᠠ ᠶᠢᠨ ᠠᠷᠭ᠎ᠠ ᠵᠠᠮ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠠᠵᠤ ᠠᠬᠤᠢ   ᠶᠢᠨ ᠨᠡᠶᠢᠳᠡᠮ ᠪᠠᠶᠢᠴᠠᠭᠠᠯᠲᠠ ᠶᠢᠨ ᠴᠢᠬᠤᠯᠠ ᠠᠴᠢ ᠬᠤᠯᠪᠣᠭᠳᠠᠯ ᠪᠣᠯᠣᠨ ᠱᠠᠭᠠᠷᠳᠠᠯᠭ᠎ᠠ ᠶᠢ ᠥᠷᠭᠡᠨ ᠳᠡᠯᠭᠡᠷ ᠭᠦᠨᠵᠡᠭᠡᠢ ᠤᠬᠠᠭᠤᠯᠵᠤ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠳᠤᠮᠳᠠ ᠴᠣᠯᠭᠤᠷᠠᠨ ᠭᠠᠷᠤᠭᠰᠠᠨ ᠨᠡᠶᠢᠲᠡᠯᠢᠭ ᠦᠢᠯᠡ ᠶᠠᠪᠤᠳᠠᠯ ᠢ ᠤᠬᠠᠭᠤᠯᠤᠨ᠂ ᠬᠠᠤᠯᠢ ᠴᠠᠭᠠᠵᠠ ᠰᠠᠬᠢᠯᠭ᠎ᠠ ᠪᠠᠲᠤ  ᠶᠢ ᠵᠥᠷᠢᠴᠡᠭᠰᠡᠨ ᠬᠡᠷᠡᠭ ᠢ ᠪᠠᠶᠢᠴᠠᠭᠠᠨ ᠰᠢᠢᠳᠪᠦᠷᠢᠯᠡᠭᠰᠡᠨ ᠪᠠᠶᠢᠳᠠᠯ ᠢ ᠨᠠᠪᠲᠠᠷᠡᠭᠦᠯᠵᠦ᠂ ᠥᠷᠭᠡᠨ ᠤᠯᠠᠨ ᠨᠡᠶᠢᠳᠡᠮ ᠪᠠᠶᠢᠴᠠᠭᠠᠯᠲᠠ ᠶᠢᠨ ᠡᠲᠡᠭᠡᠳ ᠢ ᠬᠥᠲᠥᠯᠥᠨ ᠵᠢᠯᠤᠭᠤᠳᠴᠤ ᠪᠠᠶᠢᠭᠠᠳ ᠨᠡᠶᠢᠳᠡᠮ ᠪᠠᠶᠢᠴᠠᠭᠠᠯᠲᠠ ᠳᠤ ᠬᠠᠤᠯᠢ ᠶᠣᠰᠣᠭᠠᠷ ᠬᠠᠮᠵᠢᠯᠴᠠᠭᠤᠯᠤᠨ᠂ ᠨᠡᠶᠢᠳᠡᠮ ᠪᠠᠶᠢᠴᠠᠭᠠᠯᠲᠠ ᠳᠤ ᠪᠦᠬᠦ ᠨᠡᠶᠢᠭᠡᠮ   ᠢᠶᠠᠷ ᠢᠶᠠᠨ ᠢᠳᠡᠪᠬᠢᠲᠡᠢ ᠣᠷᠣᠯᠴᠠᠭᠤᠯᠵᠤ᠂ ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠤᠷᠤᠭᠰᠢᠲᠠᠢ ᠶᠠᠪᠤᠭᠳᠠᠬᠤ ᠳᠤ ᠰᠠᠶᠢᠨ ᠰᠠᠶᠢᠬᠠᠨ ᠨᠡᠶᠢᠭᠡᠮ ᠤᠨ ᠣᠷᠴᠢᠨ ᠠᠬᠤᠢ ᠶᠢ ᠪᠤᠢ ᠪᠣᠯᠭᠠᠬᠤ ᠬᠡᠷᠡᠭᠲᠡᠢ᠃       ︵ᠲᠠᠪᠤ︶ ᠦᠷ᠎ᠡ ᠪᠦᠲᠦᠭᠡᠯ ᠤᠨ ᠬᠡᠷᠡᠭᠯᠡᠯᠲᠡ ᠶᠢ ᠰᠠᠶᠢᠲᠤᠷ ᠠᠳᠬᠤᠬᠤ ᠭᠡᠷᠡᠭᠳᠡᠢ       ᠡᠯ᠎ᠡ ᠱᠠᠲᠤᠨ ᠤ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠨᠤᠭᠤᠳ ᠨᠡᠶᠢᠳᠡᠮ ᠪᠠᠶᠢᠴᠠᠭᠠᠯᠲᠠ ᠶᠢᠨ ᠦᠷ᠎ᠡ ᠪᠦᠲᠦᠭᠡᠯ ᠢ ᠴᠠᠭ ᠲᠤᠬᠠᠢ   ᠳᠤᠨᠢ ᠨᠡᠶᠢᠲᠡᠯᠡᠵᠦ᠂ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠥᠷᠳᠡᠭ ᠢ ᠭᠦᠨᠵᠡᠭᠡᠢ ᠠᠭᠤᠳᠠᠯᠯᠠᠨ᠂ ᠷᠠᠰᠢᠶᠠᠨ ᠬᠤᠳᠠ ᠶᠢᠨ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠪᠣᠯᠣᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠰᠢᠨ᠎ᠡ ᠬᠤᠪᠢᠷᠠᠯᠲᠠ ᠰᠢᠨ᠎ᠡ ᠣᠨᠴᠠᠯᠢᠭ ᠢ ᠵᠠᠳᠠᠯᠤᠨ ᠰᠤᠳᠤᠯᠵᠤ ᠮᠠᠭᠠᠳᠯᠠᠨ᠂ ᠬᠤᠷᠸ᠎ᠠ ᠰᠢᠢᠳᠪᠦᠷᠢᠲᠦ ᠪᠣᠳᠣᠯᠭ᠎ᠠ ᠳᠤ ᠢᠳᠡᠪᠬᠢᠲᠡᠢ ᠪᠥᠭᠡᠳ ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ᠂ ᠲᠤᠭ᠎ᠠ ᠪᠦᠷᠢᠳᠬᠡᠯ   ᠤᠨ ᠵᠥᠪᠯᠡᠭᠴᠢ ᠶᠢᠨ ᠵᠠᠰᠠᠭ ᠲᠤ ᠲᠤᠰᠠᠯᠠᠬᠤ ᠦᠢᠯᠡᠳᠦᠯ ᠢ ᠦᠨᠡᠨ ᠬᠦ ᠰᠠᠶᠢᠲᠤᠷ ᠪᠠᠳᠠᠷᠠᠭᠤᠯᠬᠤ ᠬᠡᠷᠡᠭᠲᠡᠢ᠃                                         2023 ᠣᠨ ᠤ 6 ᠰᠠᠷ᠎ᠠ ᠶᠢᠨ 5 ᠤ ᠡᠳᠣᠷ
 
ᠢᠷᠡᠯᠲᠡ᠄ ᠷᠡᠰᠢᠶᠠᠨ ᠬᠤᠳᠡ ᠶᠢᠨ ᠠᠷᠡᠳ ᠤᠨ ᠵᠠᠰᠠᠭ ᠤᠨ ᠣᠷᠳᠣᠨ ᠤ ᠠᠯᠪᠡᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号