ᠷᠡᠰᠢᠶᠠᠨ ᠢᠷᠪᠢᠰ ᠤᠨ ᠬᠤᠭᠤᠷᠣᠨᠳᠣᠬᠢ ᠲᠣᠭᠤᠷᠢᠯ ᠬᠡᠰᠡᠭ ᠤᠨ ᠵᠠᠮ ᠢ ᠪᠢᠲᠡᠭᠦᠮᠵᠢᠯᠡᠬᠦ ᠲᠤᠬᠠᠢ ᠮᠠᠳᠡᠭᠳᠡᠯ
ᠨᠡᠶᠢᠲᠡᠯᠡᠭᠰᠡᠨ ᠴᠠᠭ᠄
2023/8/29
       ᠷᠡᠰᠢᠶᠠᠨ ᠵᠠᠰᠠᠭ ᠮᠠᠳᠡᠭᠳᠡᠯ ᠦᠰᠦᠭᠳᠣ 〔2023〕 3 ᠳ᠋ᠤᠭᠠᠷ ᠲᠣᠭᠠᠲᠤ        ᠷᠡᠰᠢᠶᠠᠨ ᠢᠷᠪᠢᠰ ᠤᠨ ᠬᠤᠭᠤᠷᠣᠨᠳᠣᠬᠢ ᠲᠣᠭᠤᠷᠢᠯ ᠵᠠᠮ ᠤᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢ ᠰᠠᠶᠢᠵᠢᠷᠠᠭᠤᠯᠬᠤ ᠬᠡᠷᠡᠭᠴᠡᠭᠡ ᠠᠴᠠ ᠪᠣᠯᠵᠤ᠂ ᠪᠠᠷᠢᠯᠭ᠎ᠠ ᠶᠢᠨ ᠶᠠᠰᠤ ᠴᠢᠨᠠᠷ ᠪᠠ ᠬᠥᠮᠥᠨ ᠬᠠᠷ᠎ᠠ᠂ ᠲᠡᠷᠭᠡ ᠬᠥᠰᠬᠡ ᠶᠢᠨ ᠠᠮᠤᠷ ᠲᠦᠪᠰᠢᠨ ᠢ ᠪᠠᠲᠤᠯᠠᠵᠤ᠂ ᠪᠢᠲᠡᠭᠦᠮᠵᠢᠯᠡᠭᠰᠡᠨ ᠵᠠᠮ ᠬᠠᠷᠢᠯᠴᠠᠭ᠎ᠠ ᠶᠢᠨ ᠰᠠᠭᠤᠭᠠᠯᠢ ᠠᠷᠠᠳ ᠪᠠ  ᠵᠣᠭᠠᠴᠠᠬᠰᠠᠳ ᠲᠤ ᠦᠵᠡᠭᠦᠯᠬᠦ ᠨᠥᠯᠥᠭᠡ ᠶᠢ ᠠᠯᠢ ᠴᠢᠳᠠᠬᠤ ᠪᠠᠷ ᠪᠠᠭᠠᠰᠬᠠᠬᠤ ᠶᠢᠨ ᠲᠥᠯᠥᠭᠡ᠂ ᠷᠡᠰᠢᠶᠠᠨ ᠢᠷᠪᠢᠰ ᠤᠨ ᠬᠤᠭᠤᠷᠣᠨᠳᠣᠬᠢ ᠲᠣᠭᠤᠷᠢᠯ ᠵᠠᠮ ᠢ ᠬᠡᠰᠡᠭ ᠬᠤᠪᠢᠶᠠᠨ ᠪᠢᠲᠡᠭᠦᠮᠵᠢᠯᠡᠬᠦ ᠠᠷᠭ᠎ᠠ ᠮᠠᠶ᠋ᠢᠭ ᠢᠶᠠᠷ ᠪᠠᠷᠢᠯᠭ᠎ᠠ ᠪᠠᠷᠢᠬᠤ ᠪᠠᠷ ᠲᠥᠯᠥᠪᠯᠡᠵᠦ ᠪᠣᠶ᠂ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠮᠠᠳᠡᠭᠳᠡᠶ᠎ᠠ᠄       ᠨᠢᠭᠡ᠂ ᠬᠡᠰᠡᠭ ᠬᠤᠪᠢᠶᠠᠨ ᠪᠢᠲᠡᠭᠦᠮᠵᠢᠯᠡᠭᠰᠡᠨ ᠵᠠᠮ ᠤᠨ ᠬᠡᠰᠡᠭ ᠵᠢᠴᠢ ᠴᠠᠭ ᠬᠤᠭᠤᠴᠠᠭ᠎ᠠ       ᠰᠠᠷᠭᠠᠢ ᠴᠡᠴᠡᠭᠳᠣ ᠤᠷᠬᠢᠯ ᠤᠨ ᠵᠠᠮ ᠤᠨ ᠠᠭᠤᠯᠵᠠᠷ ︵ᠯᠣᠣ ᠮᠧᠩ ᠨᠦᠬᠦᠨ ᠵᠠᠰᠠᠬᠤ ᠭᠠᠵᠡᠷ ᠤᠨ ᠡᠮᠦᠨ᠎ᠡ︶ ᠠᠴᠠ ᠬᠢᠯᠢ ᠶᠢᠨ ᠪᠠᠶᠢᠴᠠᠭᠠᠯᠲᠠ ᠶᠢᠨ ᠲᠡᠮᠦᠷ ᠵᠠᠮ ᠤᠨ ᠠᠮᠠᠰᠠᠷ ᠬᠦᠷᠦᠨ᠎ᠡ᠃        ᠪᠢᠲᠡᠭᠦᠮᠵᠢᠯᠡᠬᠦ ᠴᠠᠭ᠄ 2023 ᠣᠨ ᠤ 5 ᠰᠠᠷ᠎ᠠ ᠶᠢᠨ 24 ᠤ ᠡᠳᠦᠷ ᠠᠴᠠ 2023 ᠣᠨ ᠤ 6 ᠰᠠᠷ᠎ᠠ ᠶᠢᠨ 8 ᠤ ᠡᠳᠦᠷ ᠪᠣᠯᠲᠠᠯ᠎ᠠ ᠪᠢᠳᠡᠬᠦᠮᠵᠢᠯᠡᠨ᠎ᠠ᠃        ᠬᠤᠶᠠᠷ᠂ ᠲᠡᠷᠭᠡ ᠬᠥᠰᠬᠡ ᠶᠢᠨ ᠲᠣᠭᠤᠷᠢᠵᠤ ᠶᠠᠪᠤᠬᠤ ᠵᠠᠮ        1. ᠰᠠᠷᠭᠠᠢ ᠴᠡᠴᠡᠭᠳᠣ ᠤᠷᠬᠢᠯ ᠵᠠᠮ ᠤᠨ ᠠᠭᠤᠯᠵᠠᠷ ︵ᠯᠣᠣ ᠮᠧᠩ ᠨᠦᠬᠦᠨ ᠵᠠᠰᠠᠬᠤ ᠭᠠᠵᠡᠷ ᠤᠨ ᠡᠮᠦᠨ᠎ᠡ ︶ ᠠᠴᠠ ᠬᠢᠯᠢ ᠶᠢᠨ ᠪᠠᠶᠢᠴᠠᠭᠠᠯᠲᠠ ᠶᠢᠨ ᠲᠡᠮᠦᠷ ᠵᠠᠮ ᠤᠨ ᠠᠮᠠᠰᠠᠷ ᠬᠦᠷᠬᠦ ᠵᠠᠮ ᠢ ᠪᠢᠳᠡᠬᠦᠮᠵᠢᠯᠡᠬᠦ ᠬᠤᠭᠤᠴᠠᠭᠠᠨ ᠳᠤ ᠢᠷᠪᠢᠰ ᠣᠷᠣᠨ ᠠᠴᠠ ᠸᠧᠨᠴᠢᠣᠸᠠᠨ ᠵᠡᠭᠡᠯᠢ ᠬᠦᠷᠬᠦ ᠲᠡᠷᠭᠡ ᠰᠠᠷᠭᠠᠢ ᠴᠡᠴᠡᠭᠳᠣ ᠣᠷᠭᠢᠯ ᠵᠠᠮ ᠢ ᠲᠣᠭᠤᠷᠢᠨ ᠶᠠᠪᠤᠵᠤ ᠪᠣᠯᠣᠨ᠎ᠠ → ᠨᠢᠰᠬᠡᠯ ᠤᠨ ᠪᠠᠭᠤᠳᠠᠯ ᠵᠠᠮ → ᠶᠢᠨ ᠯᠢᠶᠠᠨ ᠵᠡᠭᠡᠯᠢ → ᠬᠢᠯᠢ ᠶᠢᠨ ᠪᠠᠶᠢᠴᠠᠭᠠᠯᠲᠠ ᠶᠢᠨ ᠲᠡᠮᠦᠷ ᠵᠠᠮ ᠤᠨ ᠠᠮᠠᠰᠠᠷ → ᠷᠡᠰᠢᠶᠠᠨ ᠢᠷᠪᠢᠰ ᠤᠨ ᠬᠤᠭᠤᠷᠣᠨᠳᠣᠬᠢ ᠲᠣᠭᠤᠷᠢᠯ ᠵᠠᠮ ᠤᠨ ᠵᠡᠭᠦᠨ ᠱᠤᠭᠤᠮ →  ᠸᠧᠨᠴᠢᠣᠸᠠᠨ ᠵᠡᠭᠡᠯᠢ᠃      2. ᠪᠠᠷᠢᠯᠭ᠎ᠠ ᠶᠢᠨ ᠬᠤᠭᠤᠴᠠᠭᠠᠨ ᠳᠤ᠂ ᠵᠠᠮ ᠳᠠᠭᠠᠤ ᠨᠢᠭᠡᠴᠢ᠂ ᠰᠠᠭᠤᠭᠠᠯᠢ ᠠᠷᠠᠳ ᠪᠣᠯᠣᠨ ᠨᠠᠰᠢ ᠴᠠᠰᠢ ᠥᠩᠭᠡᠷᠡᠬᠦ ᠲᠡᠷᠭᠡ ᠬᠥᠰᠬᠡ ᠪᠠᠷ ᠵᠠᠮ ᠬᠠᠷᠢᠯᠴᠠᠭᠠᠨ ᠤ ᠬᠠᠤᠯᠢ ᠴᠠᠭᠠᠵᠠ ᠬᠠᠤᠯᠢ ᠲᠣᠭᠲᠠᠭᠠᠯ ᠢ ᠵᠢᠷᠤᠮᠯᠠᠵᠣ᠂ ᠵᠠᠮ ᠬᠠᠷᠢᠯᠴᠠᠭᠠᠨ ᠤ ᠵᠢᠯᠣᠭᠤᠳᠤᠯᠭ᠎ᠠ ᠪᠣᠯᠣᠨ ᠵᠠᠮ ᠬᠠᠷᠢᠯᠴᠠᠭᠠᠨ ᠤ ᠵᠠᠬᠢᠷᠤᠨ ᠬᠠᠮᠢᠶᠠᠷᠬᠤ ᠲᠡᠮᠳᠡᠭ ᠤᠨ ᠶᠣᠰᠣᠭᠠᠷ ᠶᠠᠪᠤᠬᠤ ᠬᠡᠷᠡᠭᠲᠡᠢ᠃ ᠡᠭᠦᠨ ᠤ ᠤᠯᠠᠮ ᠠᠴᠠ ᠥᠷᠭᠡᠨ ᠤᠯᠠᠨ ᠬᠤᠳᠠ ᠶᠢᠨ ᠠᠷᠠᠳ ᠲᠤ ᠳᠥᠭᠦᠮ ᠦᠭᠡᠢ ᠪᠣᠯᠤᠭᠰᠠᠨ ᠲᠤᠯᠠ ᠠᠭᠤᠴᠢᠯᠠᠬᠤ ᠪᠣᠯᠪᠠᠤ︕                                                            2023 ᠣᠨ ᠤ 5 ᠰᠠᠷ᠎ᠠ ᠶᠢᠨ 24 ᠤ ᠡᠳᠣᠷ
 
ᠢᠷᠡᠯᠲᠡ᠄ ᠷᠡᠰᠢᠶᠠᠨ ᠬᠤᠳᠡ ᠶᠢᠨ ᠠᠷᠡᠳ ᠤᠨ ᠵᠠᠰᠠᠭ ᠤᠨ ᠣᠷᠳᠣᠨ ᠤ ᠠᠯᠪᠡᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号