ᠯᠢᠨ ᠬᠠᠢ ᠵᠡᠭᠡᠯᠢ ᠶᠢᠨ ᠭᠤᠣᠯ ᠵᠠᠮ ᠤᠨ ᠵᠠᠷᠢᠮ ᠬᠡᠰᠡᠭ ᠢ ᠪᠢᠲᠡᠭᠦᠮᠵᠢᠯᠡᠬᠦ ᠲᠤᠬᠠᠢ ᠮᠠᠳᠡᠭᠳᠡᠯ
ᠨᠡᠶᠢᠲᠡᠯᠡᠭᠰᠡᠨ ᠴᠠᠭ᠄
2023/8/29
       ᠷᠡᠰᠢᠶᠠᠨ ᠵᠠᠰᠠᠭ ᠮᠠᠳᠡᠭᠳᠡᠯ ᠦᠰᠦᠭᠳᠣ 〔2023〕 4 ᠳ᠋ᠣᠭᠡᠷ ᠲᠣᠭᠠᠲᠤ       ᠢᠷᠪᠢᠰ ᠵᠢᠯᠠᠭ᠎ᠠ ᠶᠢᠨ ᠠᠭᠤᠯᠠᠨ ᠦᠶᠡᠷ ᠢ ᠰᠡᠷᠭᠡᠶᠢᠯᠡᠨ ᠵᠠᠰᠠᠬᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠡᠷᠡᠭᠴᠡᠭᠡ ᠠᠴᠠ ᠪᠣᠯᠵᠤ᠂ ᠪᠠᠷᠢᠯᠭ᠎ᠠ ᠶᠢᠨ ᠶᠠᠰᠤ ᠴᠢᠨᠠᠷ ᠪᠣᠯᠣᠨ ᠬᠥᠮᠥᠨ ᠬᠠᠷ᠎ᠠ᠂ ᠲᠡᠷᠭᠡ ᠬᠥᠰᠬᠡ ᠶᠢᠨ ᠠᠮᠤᠷ ᠲᠦᠪᠰᠢᠨ ᠢ ᠪᠠᠲᠤᠯᠠᠨ᠂ ᠪᠢᠲᠡᠭᠦᠮᠵᠢᠯᠡᠭᠰᠡᠨ ᠵᠠᠮ ᠬᠠᠷᠢᠯᠴᠠᠭ᠎ᠠ ᠶᠢᠨ ᠬᠤᠳᠠ ᠶᠢᠨ ᠠᠷᠠᠳ ᠪᠣᠯᠣᠨ  ᠵᠣᠭᠠᠴᠠᠬᠰᠠᠳ ᠲᠤ ᠦᠵᠡᠭᠦᠯᠬᠦ ᠨᠥᠯᠥᠭᠡ ᠶᠢ ᠠᠯᠢ ᠴᠢᠳᠠᠬᠤ ᠪᠠᠷ ᠪᠠᠭᠠᠰᠬᠠᠬᠤ ᠶᠢᠨ ᠲᠤᠰᠠᠳᠠ᠂ ᠯᠢᠨ ᠬᠠᠢ ᠵᠡᠭᠡᠯᠢ ᠶᠢᠨ ᠭᠤᠣᠯ ᠵᠠᠮ ᠢ ᠬᠡᠰᠡᠭ ᠬᠤᠪᠢᠶᠠᠨ ᠪᠢᠲᠡᠭᠦᠮᠵᠢᠯᠡᠬᠦ ᠠᠷᠭ᠎ᠠ ᠮᠠᠶ᠋ᠢᠭ ᠢ ᠠᠪᠴᠤ ᠪᠠᠷᠢᠯᠭ᠎ᠠ ᠶᠢᠨ ᠠᠵᠢᠯ ᠬᠢᠬᠦ ᠪᠠᠷ ᠲᠥᠯᠥᠪᠯᠡᠵᠦ᠂ ᠡᠳᠦᠭᠡ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠮᠠᠳᠡᠭᠳᠡᠶ᠎ᠠ᠄       ᠨᠢᠭᠡ᠂ ᠬᠡᠰᠡᠭ ᠬᠤᠪᠢᠶᠠᠨ ᠪᠢᠲᠡᠭᠦᠮᠵᠢᠯᠡᠭᠰᠡᠨ ᠵᠠᠮ ᠤᠨ ᠬᠡᠰᠡᠭ ᠵᠢᠴᠢ ᠴᠠᠭ ᠬᠤᠭᠤᠴᠠᠭ᠎ᠠ      ᠪᠢᠲᠡᠭᠦᠮᠵᠢᠯᠡᠬᠦ ᠵᠠᠮ ᠤᠨ ᠬᠡᠰᠡᠭ᠄ ᠯᠢᠨ ᠬᠠᠢ ᠵᠡᠭᠡᠯᠢ ᠶᠢᠨ ᠭᠤᠣᠯ ᠵᠠᠮ ᠤᠨ ᠲᠢᠶᠧ ᠳ᠋ᠠᠨ ᠰᠠᠤᠷᠢ ᠮᠠᠰᠢᠨ ᠪᠣᠯᠪᠠᠰᠤᠷᠠᠭᠤᠯᠬᠤ ᠦᠢᠯᠡᠳᠪᠦᠷᠢ ᠠᠴᠠ ᠵᠡᠭᠦᠨᠰᠢ ᠪᠠᠨ 100 ᠮᠧᠲᠷ      ᠪᠢᠲᠡᠭᠦᠮᠵᠢᠯᠡᠬᠦ ᠴᠠᠭ᠄ 2023 ᠣᠨ ᠤ 5 ᠰᠠᠷ᠎ᠠ ᠶᠢᠨ 28 ᠤ ᠡᠳᠦᠷ ᠠᠴᠠ 2023 ᠣᠨ ᠤ 7 ᠰᠠᠷ᠎ᠠ ᠶᠢᠨ 5 ᠤ ᠡᠳᠦᠷ ᠪᠣᠯᠲᠠᠯ᠎ᠠ ᠪᠢᠳᠡᠬᠦᠮᠵᠢᠯᠠᠬᠦᠯᠣᠨ᠎ᠠ      ᠬᠤᠶᠠᠷ᠂ ᠪᠢᠲᠡᠭᠦᠮᠵᠢᠯᠡᠭᠰᠡᠨ ᠬᠤᠭᠤᠴᠠᠭᠠᠨ ᠳᠤ ᠲᠡᠷᠭᠡ ᠬᠥᠰᠬᠡ ᠶᠢᠨ ᠲᠣᠭᠤᠷᠢᠵᠤ ᠶᠠᠪᠤᠬᠤ ᠵᠠᠮ       1. ᠢᠷᠪᠢᠰ ᠣᠷᠣᠨ ᠠᠴᠠ ᠨᠢᠰᠬᠡᠯ ᠤᠨ ᠪᠠᠭᠤᠳᠠᠯ ᠬᠦᠷᠬᠦ ᠲᠡᠷᠭᠡ ᠨᠢ ᠢᠷᠪᠢᠰ ᠣᠷᠣᠨ ᠠᠴᠠ ᠨᠢᠰᠬᠡᠯ ᠤᠨ ᠪᠠᠭᠤᠳᠠᠯ ᠬᠦᠷᠬᠦ ᠵᠠᠮ ᠤᠨ ᠠᠷᠪᠠᠨ ᠭᠤᠷᠪᠠᠳᠤᠭᠠᠷ ᠵᠠᠮ ︵ᠳᠥᠭᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ︶ ᠤᠨ ᠵᠠᠮ ᠤᠨ ᠠᠭᠤᠯᠵᠠᠷ ︱ ᠨᠢᠰᠬᠡᠯ ᠤᠨ ᠪᠠᠭᠤᠳᠠᠯ ᠵᠠᠮ ︱ ᠨᠢᠰᠬᠡᠯ ᠤᠨ ᠪᠠᠭᠤᠳᠠᠯ   ᠢ ᠲᠣᠭᠤᠷᠢᠨ ᠶᠠᠪᠤᠵᠤ ᠪᠣᠯᠣᠨ᠎ᠠ᠃        2. ᠨᠢᠰᠬᠡᠯ ᠤᠨ ᠪᠠᠭᠤᠳᠠᠯ ᠠᠴᠠ ᠢᠷᠪᠢᠰ ᠣᠷᠣᠨ ᠳᠤ ᠬᠦᠷᠬᠦ ᠲᠡᠷᠭᠡ ᠨᠢᠰᠬᠡᠯ ᠤᠨ ᠪᠠᠭᠤᠳᠠᠯ ᠤᠨ ᠵᠠᠮ ᠢᠶᠠᠷ ᠲᠣᠭᠤᠷᠢᠵᠤ ᠪᠣᠯᠣᠨ᠎ᠠ ︱  ᠢᠷᠪᠢᠰ ᠤᠨ ᠠᠷᠪᠠᠨ ᠭᠤᠷᠪᠠᠳᠤᠭᠠᠷ ᠵᠠᠮ ︵ᠳᠥᠭᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ︶ ᠤᠨ ᠵᠠᠮ ᠤᠨ ᠠᠭᠤᠯᠵᠠᠷ ᠢᠶᠠᠷ ᠶᠠᠪᠤᠵᠤ ᠪᠣᠯᠣᠨ᠎ᠠ᠃      3. ᠪᠠᠷᠢᠯᠭ᠎ᠠ ᠶᠢᠨ ᠠᠵᠢᠯ ᠬᠢᠵᠦ ᠪᠠᠶᠢᠭ᠎ᠠ ᠬᠤᠭᠤᠴᠠᠭᠠᠨ ᠳᠤ᠂ ᠵᠠᠮ ᠳᠠᠭᠠᠤ ᠶᠢᠨ ᠨᠢᠭᠡᠴᠢ᠂ ᠰᠠᠭᠤᠭᠠᠯᠢ ᠠᠷᠠᠳ ᠪᠣᠯᠣᠨ ᠨᠠᠰᠢ ᠴᠠᠰᠢ ᠥᠩᠭᠡᠷᠡᠬᠦ ᠲᠡᠷᠭᠡ ᠬᠥᠰᠬᠡ ᠵᠠᠮ ᠬᠠᠷᠢᠯᠴᠠᠭᠠᠨ ᠤ ᠬᠠᠤᠯᠢ ᠴᠠᠭᠠᠵᠠ ᠬᠠᠤᠯᠢ ᠲᠣᠭᠲᠠᠭᠠᠯ ᠢ ᠵᠢᠷᠤᠮᠯᠠᠵᠤ᠂ ᠵᠠᠮ ᠬᠠᠷᠢᠯᠴᠠᠭᠠᠨ ᠤ ᠵᠢᠯᠣᠭᠤᠳᠤᠯᠭ᠎ᠠ ᠪᠣᠯᠣᠨ ᠵᠠᠮ ᠬᠠᠷᠢᠯᠴᠠᠭᠠᠨ ᠤ ᠵᠠᠬᠢᠷᠤᠨ ᠬᠠᠮᠢᠶᠠᠷᠤᠯᠲᠠ ᠶᠢᠨ ᠲᠡᠮᠳᠡᠭ ᠤᠨ ᠶᠣᠰᠣᠭᠠᠷ ᠶᠠᠪᠤᠬᠤ ᠬᠡᠷᠡᠭᠲᠡᠢ᠃ ᠡᠭᠦᠨ ᠠᠴᠠ ᠪᠣᠯᠵᠤ ᠥᠷᠭᠡᠨ ᠤᠯᠠᠨ ᠰᠠᠭᠤᠭᠠᠯᠢ ᠠᠷᠠᠳ ᠪᠣᠯᠣᠨ ᠵᠤᠭᠠᠴᠠᠭᠰᠠᠳ ᠲᠤ ᠳᠥᠭᠦᠮ ᠦᠭᠡᠢ ᠪᠣᠯᠤᠭᠰᠠᠨ ᠪᠠᠶᠢᠨ᠎ᠠ᠂ ᠠᠭᠤᠴᠢᠯᠠᠬᠤ ᠪᠣᠯᠪᠠᠤ︕                                                         2023 ᠣᠨ ᠤ 5 ᠰᠠᠷ᠎ᠠ ᠶᠢᠨ 28 ᠤ ᠡᠳᠣᠷ
 
ᠢᠷᠡᠯᠲᠡ᠄ ᠷᠡᠰᠢᠶᠠᠨ ᠬᠤᠳᠡ ᠶᠢᠨ ᠠᠷᠡᠳ ᠤᠨ ᠵᠠᠰᠠᠭ ᠤᠨ ᠣᠷᠳᠣᠨ ᠤ ᠠᠯᠪᠡᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号