ᠷᠠᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠷᠡᠰᠢᠶᠠᠨ ᠢᠷᠪᠢᠰ ᠤᠨ ᠬᠤᠭᠤᠷᠣᠨᠳᠣᠬᠢ ᠲᠣᠭᠤᠷᠢᠯ ᠵᠠᠮ ᠤᠨ ᠵᠡᠭᠦᠨ ᠱᠤᠭᠤᠮ ᠤᠨ ᠪᠠᠷᠢᠯᠭ᠎ᠠ ᠶᠢᠨ ᠠᠵᠢᠯ ᠢ ᠰᠠᠶᠢᠵᠢᠷᠠᠭᠤᠯᠬᠤ ᠬᠤᠭᠤᠴᠠᠭᠠᠨ ᠳᠤ ᠵᠠᠮ ᠵᠢᠭᠡᠯᠡᠨ ᠨᠡᠪᠲᠡᠷᠡᠬᠦ ᠲᠤᠬᠠᠢ ᠮᠠᠳᠡᠭᠳᠡᠯ
ᠨᠡᠶᠢᠲᠡᠯᠡᠭᠰᠡᠨ ᠴᠠᠭ᠄
2023/8/29
      ᠷᠡᠰᠢᠶᠠᠨ ᠵᠠᠰᠠᠭ ᠮᠠᠳᠡᠭᠳᠡᠯ ᠦᠰᠦᠭᠳᠣ 〔2023〕 5 ᠳ᠋ᠤᠭᠠᠷ ᠲᠣᠭᠠᠲᠤ      2023 ᠣᠨ ᠤ 5 ᠰᠠᠷ᠎ᠠ ᠶᠢᠨ 31 ᠤ ᠡᠳᠦᠷ ᠠᠴᠠ 2023 ᠣᠨ ᠤ 6 ᠰᠠᠷ᠎ᠠ ᠶᠢᠨ 14 ᠤ ᠡᠳᠦᠷ ᠪᠣᠯᠲᠠᠯ᠎ᠠ᠂ ᠷᠡᠰᠢᠶᠠᠨ ᠢᠷᠪᠢᠰ ᠤᠨ ᠬᠤᠭᠤᠷᠣᠨᠳᠣᠬᠢ ᠲᠣᠭᠤᠷᠢᠯ ᠵᠠᠮ ᠤᠨ ᠵᠡᠭᠦᠨ ᠱᠤᠭᠤᠮ ᠤᠨ ᠵᠠᠮ ᠤᠨ ᠭᠠᠳᠠᠷᠭᠤ ᠶᠢ ᠰᠠᠶᠢᠵᠢᠷᠠᠭᠤᠯᠬᠤ ᠴᠢᠬᠤᠯᠠᠲᠠᠢ ᠪᠠᠶᠢᠨ᠎ᠠ᠃       ᠪᠠᠷᠢᠯᠭ᠎ᠠ ᠶᠢᠨ ᠵᠢᠷᠤᠭ ᠲᠥᠯᠥᠪᠯᠡᠭᠡ ᠶᠢᠨ ᠪᠢᠴᠢᠭ ᠮᠠᠲ᠋ᠧᠷᠢᠶᠠᠯ ᠪᠠ ᠤᠳᠤᠷᠢᠳᠤᠮᠵᠢ ᠶᠢᠨ ᠲᠥᠰᠥᠯ ᠤᠨ ᠱᠠᠭᠠᠷᠳᠠᠯᠭ᠎ᠠ ᠶᠢ ᠦᠨᠳᠦᠰᠦᠯᠡᠪᠡᠯ᠂ ᠲᠦᠷ ᠴᠠᠭ ᠪᠦᠬᠦᠨ ᠢ ᠪᠢᠲᠡᠭᠦᠮᠵᠢᠯᠡᠵᠦ ᠪᠠᠶᠢᠭ᠎ᠠ ᠷᠡᠰᠢᠶᠠᠨ ᠢᠷᠪᠢᠰ ᠤᠨ ᠬᠤᠭᠤᠷᠣᠨᠳᠣᠬᠢ ᠲᠣᠭᠤᠷᠢᠯ ᠵᠠᠮ ᠤᠨ ᠵᠡᠭᠦᠨ ᠱᠤᠭᠤᠮ ᠤᠨ ᠬᠢᠯᠢ ᠶᠢᠨ ᠪᠠᠶᠢᠴᠠᠭᠠᠯᠲᠠ ᠶᠢᠨ ᠲᠡᠮᠦᠷ ᠵᠠᠮ ᠤᠨ ᠠᠮᠠᠰᠠᠷ ᠠᠴᠠ ᠦ᠋ ᠯᠢ ᠴᠢᠤᠸᠠᠨ ᠲᠡᠷᠭᠡᠨ ᠵᠣᠭᠰᠣᠭᠠᠯ ᠬᠦᠷᠬᠦ ᠵᠠᠮ ᠤᠨ ᠬᠡᠰᠡᠭ ᠪᠣᠯᠣᠨ᠎ᠠ᠂ ᠪᠠᠷᠢᠯᠭ᠎ᠠ ᠶᠢᠨ ᠬᠤᠭᠤᠴᠠᠭᠠᠨ ᠳᠤ᠂ ᠢᠷᠪᠢᠰ ᠣᠷᠣᠨ ᠠᠴᠠ ᠸᠧᠨᠴᠢᠣᠸᠠᠨ ᠵᠡᠭᠡᠯᠢ ᠬᠦᠷᠬᠦ ᠲᠡᠷᠭᠡ ᠬᠥᠰᠬᠡ ᠨᠢ ᠷᠡᠰᠢᠶᠠᠨ ᠢᠷᠪᠢᠰ  ᠤᠨ ᠬᠤᠭᠤᠷᠣᠨᠳᠣᠬᠢ ᠲᠣᠭᠤᠷᠢᠯ ᠵᠠᠮ ᠤᠨ ᠪᠠᠷᠠᠭᠤᠨ ᠱᠤᠭᠤᠮ ᠤᠨ ᠡᠰᠡᠷᠭᠦ ᠴᠢᠭᠯᠡᠯ ᠤᠨ ᠲᠡᠷᠭᠡᠨ ᠵᠠᠮ ᠢᠶᠠᠷ ᠶᠠᠪᠤᠬᠤ ᠬᠡᠷᠡᠭᠲᠡᠢ᠃      ᠷᠡᠰᠢᠶᠠᠨ ᠢᠷᠪᠢᠰ ᠤᠨ ᠬᠤᠭᠤᠷᠣᠨᠳᠣᠬᠢ ᠲᠣᠭᠤᠷᠢᠯ ᠵᠠᠮ ᠤᠨ ᠪᠠᠷᠠᠭᠤᠨ ᠱᠤᠭᠤᠮ ᠢᠶᠠᠷ ᠬᠤᠶᠠᠷ ᠴᠢᠭᠯᠡᠯ ᠢᠶᠠᠷ ᠨᠡᠪᠲᠡᠷᠡᠭᠰᠡᠨ ᠤ ᠳᠠᠷᠠᠭ᠎ᠠ᠂ ᠲᠡᠷᠭᠡᠨ ᠤ ᠤᠷᠤᠰᠬᠠᠯ ᠤᠨ ᠬᠡᠮᠵᠢᠶ᠎ᠡ ᠨᠡᠯᠢᠶᠡᠳ ᠶᠡᠭᠡ ᠪᠣᠯᠬᠤᠷ᠂ ᠲᠣᠮᠣ ᠬᠡᠯᠪᠡᠷᠢ ᠶᠢᠨ ᠪᠠᠷᠠᠭᠠᠨ ᠤ ᠲᠡᠷᠭᠡ ᠪᠣᠯᠣᠨ ᠪᠠᠷᠢᠯᠭ᠎ᠠ ᠶᠢᠨ ᠲᠡᠷᠭᠡ ᠷᠡᠰᠢᠶᠠᠨ ᠢᠷᠪᠢᠰ ᠤᠨ ᠬᠤᠭᠤᠷᠣᠨᠳᠣᠬᠢ ᠲᠣᠭᠤᠷᠢᠯ ᠵᠠᠮ ᠤᠨ ᠪᠠᠷᠠᠭᠤᠨ ᠱᠤᠭᠤᠮ ᠢᠶᠠᠷ ᠨᠡᠪᠲᠡᠷᠡᠬᠦ ᠶᠢ ᠴᠠᠭᠠᠵᠠᠯᠠᠨ᠎ᠠ᠃ ᠲᠣᠮᠣ ᠬᠡᠯᠪᠡᠷᠢ ᠶᠢᠨ ᠪᠠᠷᠠᠭᠠᠨ ᠤ ᠲᠡᠷᠭᠡ ᠪᠣᠯᠣᠨ ᠪᠠᠷᠢᠯᠭ᠎ᠠ ᠶᠢᠨ ᠮᠠᠰᠢᠨ ᠲᠡᠷᠭᠡ ᠸᠧᠨᠴᠢᠣᠸᠠᠨ ᠵᠡᠭᠡᠯᠢ ᠶᠢᠨ G302 ᠷᠠᠰᠢᠶᠠᠨ ᠤ ᠡᠮᠦᠨ᠎ᠡ ᠡᠬᠦᠳᠡ ᠶᠢᠨ G331 ᠢᠷᠪᠢᠰ ᠣᠷᠣᠨ ᠢᠶᠠᠷ ᠲᠣᠭᠤᠷᠢᠨ ᠶᠠᠪᠤᠨ᠎ᠠ᠃      ᠪᠠᠷᠢᠯᠭ᠎ᠠ ᠶᠢᠨ ᠬᠤᠭᠤᠴᠠᠭᠠᠨ ᠳᠤ᠂ ᠵᠠᠮ ᠳᠠᠭᠠᠤ ᠶᠢᠨ ᠨᠢᠭᠡᠴᠢ᠂ ᠰᠠᠭᠤᠭᠠᠯᠢ ᠠᠷᠠᠳ᠂ ᠵᠣᠭᠠᠴᠠᠬᠰᠠᠳ ᠪᠣᠯᠣᠨ ᠨᠠᠰᠢ ᠴᠠᠰᠢ ᠥᠩᠭᠡᠷᠡᠬᠦ ᠲᠡᠷᠭᠡ ᠬᠥᠰᠬᠡ᠂ ᠵᠠᠮ ᠬᠠᠷᠢᠯᠴᠠᠭᠠᠨ ᠤ ᠬᠠᠤᠯᠢ ᠴᠠᠭᠠᠵᠠ ᠬᠠᠤᠯᠢ ᠲᠣᠭᠲᠠᠭᠠᠯ ᠢ ᠵᠢᠷᠤᠮᠯᠠᠵᠤ᠂ ᠵᠠᠮ ᠬᠠᠷᠢᠯᠴᠠᠭᠠᠨ ᠤ ᠵᠢᠯᠣᠭᠤᠳᠤᠯᠭ᠎ᠠ ᠪᠣᠯᠣᠨ ᠵᠠᠮ ᠬᠠᠷᠢᠯᠴᠠᠭᠠᠨ ᠤ ᠵᠠᠬᠢᠷᠤᠨ ᠬᠠᠮᠢᠶᠠᠷᠬᠤ᠂ ᠰᠡᠷᠡᠮᠵᠢᠯᠡᠭᠦᠯᠬᠦ᠂ ᠬᠥᠲᠥᠯᠥᠨ ᠵᠢᠯᠤᠭᠤᠳᠬᠤ ᠲᠡᠮᠳᠡᠭ ᠤᠨ ᠶᠣᠰᠣᠭᠠᠷ ᠶᠠᠪᠤᠬᠤ ᠬᠡᠷᠡᠭᠲᠡᠢ᠃ ᠡᠭᠦᠨ ᠠᠴᠠ ᠥᠷᠭᠡᠨ ᠤᠯᠠᠨ ᠰᠠᠭᠤᠭᠠᠯᠢ ᠠᠷᠠᠳ ᠪᠣᠯᠣᠨ ᠵᠤᠭᠠᠴᠠᠭᠰᠠᠳ ᠲᠤ ᠳᠥᠭᠦᠮ ᠦᠭᠡᠢ ᠪᠣᠯᠤᠭᠰᠠᠨ ᠢ ᠠᠭᠤᠴᠢᠯᠠᠬᠤ ᠪᠣᠯᠪᠠᠤ︕                                          2023 ᠣᠨ ᠤ 5 ᠰᠠᠷ᠎ᠠ ᠶᠢᠨ 29 ᠤ ᠡᠳᠣᠷ
 
ᠢᠷᠡᠯᠲᠡ᠄ ᠷᠡᠰᠢᠶᠠᠨ ᠬᠤᠳᠡ ᠶᠢᠨ ᠠᠷᠡᠳ ᠤᠨ ᠵᠠᠰᠠᠭ ᠤᠨ ᠣᠷᠳᠣᠨ ᠤ ᠠᠯᠪᠡᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号