ᠷᠡᠰᠢᠶᠠᠨ ᠢᠷᠪᠢᠰ ᠤᠨ ᠬᠤᠭᠤᠷᠣᠨᠳᠣᠬᠢ ᠲᠣᠭᠤᠷᠢᠯ ᠵᠠᠮ ᠤᠨ ᠪᠠᠷᠠᠭᠤᠨ ᠱᠤᠭᠤᠮ ᠤᠨ ᠵᠠᠮ ᠤᠨ ᠭᠠᠳᠠᠷᠭᠤ ᠶᠢ ᠰᠠᠶᠢᠵᠢᠷᠠᠭᠤᠯᠬᠤ ᠪᠠᠷᠢᠯᠭ᠎ᠠ ᠶᠢᠨ ᠬᠤᠭᠤᠴᠠᠭᠠᠨ ᠳᠠᠬᠢ ᠵᠠᠮ ᠵᠢᠭᠡᠯᠡᠨ ᠨᠡᠪᠲᠡᠷᠡᠬᠦ ᠲᠤᠬᠠᠢ ᠮᠠᠳᠡᠭᠳᠡᠯ
ᠨᠡᠶᠢᠲᠡᠯᠡᠭᠰᠡᠨ ᠴᠠᠭ᠄
2023/8/29
     ᠷᠡᠰᠢᠶᠠᠨ ᠵᠠᠰᠠᠭ ᠮᠠᠳᠡᠭᠳᠡᠯ ᠦᠰᠦᠭᠳᠣ 〔2023〕 6 ᠳ᠋ᠤᠭᠠᠷ ᠲᠣᠭᠠᠲᠤ       2023 ᠣᠨ ᠤ 6 ᠰᠠᠷ᠎ᠠ ᠶᠢᠨ 14 ᠤ ᠡᠳᠦᠷ ᠠᠴᠠ 2023 ᠣᠨ ᠤ 6 ᠰᠠᠷ᠎ᠠ ᠶᠢᠨ 30 ᠤ ᠡᠳᠦᠷ ᠪᠣᠯᠲᠠᠯ᠎ᠠ᠂ ᠷᠡᠰᠢᠶᠠᠨ ᠢᠷᠪᠢᠰ ᠤᠨ ᠬᠤᠭᠤᠷᠣᠨᠳᠣᠬᠢ ᠲᠣᠭᠤᠷᠢᠯ ᠵᠠᠮ ᠤᠨ ᠪᠠᠷᠠᠭᠤᠨ ᠱᠤᠭᠤᠮ ᠤᠨ ᠵᠠᠮ ᠤᠨ ᠭᠠᠳᠠᠷᠭᠤ ᠶᠢ ᠰᠠᠶᠢᠵᠢᠷᠠᠭᠤᠯᠬᠤ ᠠᠵᠢᠯ ᠬᠢᠨ᠎ᠡ᠃      ᠪᠠᠷᠢᠯᠭ᠎ᠠ ᠶᠢᠨ ᠠᠵᠢᠯ ᠤᠨ ᠬᠤᠭᠤᠴᠠᠭᠠᠨ ᠳᠤ ᠠᠰᠬᠠᠨ ᠶᠡᠭᠡ ᠬᠥᠭᠦᠷᠭᠡ ᠠᠴᠠ ᠹᠧᠩ ᠱᠧᠩ ᠭᠧᠦ ᠬᠦᠷᠬᠦ ᠵᠠᠮ ᠤᠨ ᠠᠭᠤᠯᠵᠠᠷ ᠤᠨ ᠬᠡᠰᠡᠭ ᠲᠤ ᠪᠦᠬᠦᠨ ᠢ ᠪᠢᠲᠡᠭᠦᠮᠵᠢᠯᠡᠨ ᠬᠠᠮᠢᠶᠠᠷᠤᠨ᠎ᠠ᠃  ᠸᠧᠨᠴᠢᠣᠸᠠᠨ ᠵᠡᠭᠡᠯᠢ ᠠᠴᠠ ᠢᠷᠪᠢᠰ ᠬᠦᠷᠬᠦ ᠴᠢᠭᠯᠡᠯ ᠢᠶᠠᠷ ᠶᠠᠪᠤᠬᠤ ᠮᠠᠰᠢᠨ ᠲᠡᠷᠭᠡ ᠷᠡᠰᠢᠶᠠᠨ ᠢᠷᠪᠢᠰ ᠤᠨ ᠬᠤᠭᠤᠷᠣᠨᠳᠣᠬᠢ ᠲᠣᠭᠤᠷᠢᠯ ᠵᠠᠮ ᠤᠨ ᠵᠡᠭᠦᠨ ᠱᠤᠭᠤᠮ ᠤᠨ ᠡᠰᠡᠷᠭᠦ ᠴᠢᠭᠯᠡᠯ ᠢᠶᠠᠷ ᠶᠠᠪᠤᠬᠤ ᠬᠡᠷᠡᠭᠲᠡᠢ᠃       ᠷᠡᠰᠢᠶᠠᠨ ᠢᠷᠪᠢᠰ ᠤᠨ ᠬᠤᠭᠤᠷᠣᠨᠳᠣᠬᠢ ᠲᠣᠭᠤᠷᠢᠯ ᠵᠠᠮ ᠤᠨ ᠵᠡᠭᠦᠨ ᠱᠤᠭᠤᠮ ᠢᠶᠠᠷ ᠬᠤᠶᠠᠷ ᠴᠢᠭᠯᠡᠯ ᠢᠶᠠᠷ ᠨᠡᠪᠲᠡᠷᠡᠭᠰᠡᠨ ᠤ ᠳᠠᠷᠠᠭ᠎ᠠ᠂ ᠲᠡᠷᠭᠡᠨ ᠤ ᠤᠷᠤᠰᠬᠠᠯ ᠤᠨ ᠬᠡᠮᠵᠢᠶ᠎ᠡ ᠨᠡᠯᠢᠶᠡᠳ ᠶᠡᠭᠡ ᠪᠣᠯᠬᠤᠷ᠂ ᠲᠣᠮᠣ ᠬᠡᠯᠪᠡᠷᠢ ᠶᠢᠨ ᠪᠠᠷᠠᠭᠠᠨ ᠤ ᠲᠡᠷᠭᠡ ᠪᠣᠯᠣᠨ ᠪᠠᠷᠢᠯᠭ᠎ᠠ ᠶᠢᠨ ᠲᠡᠷᠭᠡ ᠷᠡᠰᠢᠶᠠᠨ ᠢᠷᠪᠢᠰ ᠤᠨ ᠬᠤᠭᠤᠷᠣᠨᠳᠣᠬᠢ ᠲᠣᠭᠤᠷᠢᠯ ᠵᠠᠮ ᠤᠨ ᠵᠡᠭᠦᠨ ᠱᠤᠭᠤᠮ ᠢᠶᠠᠷ ᠨᠡᠪᠲᠡᠷᠡᠬᠦ ᠶᠢ ᠴᠠᠭᠠᠵᠠᠯᠠᠨ᠎ᠠ᠃ ᠲᠣᠮᠣ ᠬᠡᠯᠪᠡᠷᠢ ᠶᠢᠨ ᠪᠠᠷᠠᠭᠠᠨ ᠤ ᠲᠡᠷᠭᠡ ᠪᠣᠯᠣᠨ ᠪᠠᠷᠢᠯᠭ᠎ᠠ ᠶᠢᠨ ᠮᠠᠰᠢᠨ ᠲᠡᠷᠭᠡ  ᠸᠧᠨᠴᠢᠣᠸᠠᠨ ᠵᠡᠭᠡᠯᠢ ᠶᠢᠨ G302 ᠷᠠᠰᠢᠶᠠᠨ ᠤ ᠡᠮᠦᠨ᠎ᠡ  ᠡᠬᠦᠳᠡ ᠶᠢᠨ G331 ᠢᠷᠪᠢᠰ ᠣᠷᠣᠨ ᠢᠶᠠᠷ ᠲᠣᠭᠤᠷᠢᠨ ᠶᠠᠪᠤᠨ᠎ᠠ᠃      ᠵᠠᠮ ᠳᠠᠭᠠᠤ ᠶᠢᠨ ᠨᠢᠭᠡᠴᠢ᠂ ᠰᠠᠭᠤᠭᠠᠯᠢ ᠠᠷᠠᠳ᠂ ᠵᠤᠭᠠᠴᠠᠭᠰᠠᠳ ᠪᠠ ᠨᠠᠰᠢ ᠴᠠᠰᠢ ᠥᠩᠭᠡᠷᠡᠬᠦ ᠲᠡᠷᠭᠡ ᠬᠥᠰᠬᠡ ᠨᠦᠭᠦᠳ ᠵᠠᠮ ᠬᠠᠷᠢᠯᠴᠠᠭᠠᠨ ᠤ ᠬᠠᠤᠯᠢ ᠴᠠᠭᠠᠵᠠ ᠬᠠᠤᠯᠢ ᠲᠣᠭᠲᠠᠭᠠᠯ ᠢ ᠵᠢᠷᠤᠮᠯᠠᠨ ᠰᠠᠬᠢᠵᠤ᠂ ᠵᠠᠮ ᠬᠠᠷᠢᠯᠴᠠᠭᠠᠨ ᠤ ᠵᠢᠯᠣᠭᠤᠳᠤᠯᠭ᠎ᠠ ᠪᠠ ᠵᠠᠮ ᠬᠠᠷᠢᠯᠴᠠᠭᠠᠨ ᠤ ᠵᠠᠬᠢᠷᠤᠨ ᠬᠠᠮᠢᠶᠠᠷᠤᠯᠲᠠ᠂ ᠰᠡᠷᠡᠮᠵᠢᠯᠡᠭᠦᠯᠦᠯ᠂ ᠬᠥᠲᠥᠯᠥᠨ ᠵᠢᠯᠤᠭᠤᠳᠬᠤ ᠲᠡᠮᠳᠡᠭ ᠢᠶᠠᠷ ᠶᠠᠪᠤᠬᠤ ᠭᠡᠷᠡᠭᠳᠡᠢ᠂ ᠡᠭᠦᠨ ᠠᠴᠠ ᠪᠣᠯᠵᠤ ᠥᠷᠭᠡᠨ ᠣᠯᠠᠨ ᠰᠠᠭᠤᠭᠠᠯᠢ ᠠᠷᠠᠳ ᠪᠠ  ᠵᠣᠭᠠᠴᠠᠬᠰᠠᠳ ᠲᠤ ᠳᠥᠭᠦᠮ ᠦᠭᠡᠢ ᠪᠠᠶᠢᠳᠠᠯ ᠢ ᠠᠪᠴᠢᠷᠠᠬᠰᠠᠨ ᠳᠤ ᠠᠭᠤᠴᠢᠯᠠᠬᠤ ᠶᠢ ᠬᠦᠰᠡᠵᠦ ᠪᠠᠶᠢᠨ᠎ᠠ︕                                               2023 ᠣᠨ ᠤ 6 ᠰᠠᠷ᠎ᠠ ᠶᠢᠨ 13 ᠤ ᠡᠳᠣᠷ
 
ᠢᠷᠡᠯᠲᠡ᠄ ᠷᠡᠰᠢᠶᠠᠨ ᠬᠤᠳᠡ ᠶᠢᠨ ᠠᠷᠡᠳ ᠤᠨ ᠵᠠᠰᠠᠭ ᠤᠨ ᠣᠷᠳᠣᠨ ᠤ ᠠᠯᠪᠡᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号