ᠸᠧᠨᠴᠢᠣᠸᠠᠨ ᠵᠡᠭᠡᠯᠢ ᠶᠢᠨ ᠭᠤᠣᠯ ᠤᠨ ᠪᠠᠷᠠᠭᠤᠨᠳᠡᠬᠢ ᠭᠠᠳᠠᠷ ᠲᠣᠭᠤᠷᠢᠯ ᠵᠠᠮ ᠤᠨ ᠬᠡᠰᠡᠭ ᠵᠠᠮ ᠢ ᠪᠢᠲᠡᠭᠦᠮᠵᠢᠯᠡᠬᠦ ᠲᠤᠬᠠᠢ  ᠮᠠᠳᠡᠭᠳᠡᠯ
ᠨᠡᠶᠢᠲᠡᠯᠡᠭᠰᠡᠨ ᠴᠠᠭ᠄
2023/8/29
      ᠷᠡᠰᠢᠶᠠᠨ ᠵᠠᠰᠠᠭ ᠮᠠᠳᠡᠭᠳᠡᠯ ᠦᠰᠦᠭᠳᠣ 〔2023〕 7 ᠳ᠋ᠤᠭᠠᠷ ᠲᠣᠭᠠᠲᠤ      ᠷᠠᠰᠢᠶᠠᠨ ᠤ ᠪᠠᠷᠠᠭᠤᠨ ᠡᠮᠦᠨ᠎ᠡ ᠵᠢᠯᠠᠭ᠎ᠠ ᠠᠭᠤᠯᠠ ᠶᠢᠨ ᠦᠶᠡᠷ ᠢ ᠰᠡᠷᠭᠡᠶᠢᠯᠡᠨ ᠵᠠᠰᠠᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠬᠡᠷᠡᠭᠴᠡᠭᠡ ᠠᠴᠠ ᠪᠣᠯᠵᠤ᠂ ᠪᠠᠷᠢᠯᠭ᠎ᠠ ᠶᠢᠨ ᠶᠠᠰᠤ ᠴᠢᠨᠠᠷ ᠪᠠ ᠠᠵᠢᠯᠲᠠᠨ ᠤ ᠠᠮᠤᠷ ᠲᠦᠪᠰᠢᠨ᠂ ᠲᠡᠷᠭᠡ ᠬᠥᠰᠬᠡ ᠶᠢᠨ ᠠᠮᠤᠷ ᠲᠦᠪᠰᠢᠨ ᠢ ᠪᠠᠲᠤᠯᠠᠵᠤ᠂ ᠪᠢᠲᠡᠭᠦᠮᠵᠢᠯᠡᠭᠰᠡᠨ ᠵᠠᠮ ᠬᠠᠷᠢᠯᠴᠠᠭ᠎ᠠ ᠨᠢ ᠬᠤᠲᠠ ᠶᠢᠨ ᠠᠷᠠᠳ ᠪᠠ  ᠵᠣᠭᠠᠴᠠᠬᠰᠠᠳ ᠲᠤ ᠦᠵᠡᠭᠦᠯᠬᠦ ᠨᠥᠯᠥᠭᠡ ᠶᠢ ᠠᠯᠢ ᠴᠢᠳᠠᠬᠤ ᠪᠠᠷ ᠪᠠᠭᠠᠰᠬᠠᠬᠤ ᠶᠢᠨ ᠲᠥᠯᠥᠭᠡ᠂ ᠬᠡᠰᠡᠭ ᠬᠤᠪᠢᠶᠠᠨ ᠪᠢᠲᠡᠭᠦᠮᠵᠢᠯᠡᠭᠰᠡᠨ ᠵᠠᠮ ᠤᠨ ᠬᠡᠰᠡᠭ ᠤᠨ ᠠᠷᠭ᠎ᠠ ᠮᠠᠶ᠋ᠢᠭ ᠢᠶᠠᠷ ᠪᠠᠷᠢᠯᠭ᠎ᠠ ᠪᠠᠷᠢᠬᠤ ᠪᠠᠷ ᠲᠥᠯᠥᠪᠯᠡᠵᠦ ᠪᠣᠶ᠂ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ  ᠮᠠᠳᠡᠭᠳᠡᠶ᠎ᠠ᠄      ᠨᠢᠭᠡ᠂ ᠬᠡᠰᠡᠭ ᠬᠤᠪᠢᠶᠠᠨ ᠪᠢᠲᠡᠭᠦᠮᠵᠢᠯᠡᠭᠰᠡᠨ ᠵᠠᠮ ᠤᠨ ᠬᠡᠰᠡᠭ ᠵᠢᠴᠢ ᠴᠠᠭ ᠬᠤᠭᠤᠴᠠᠭ᠎ᠠ      1. ᠪᠢᠲᠡᠭᠦᠮᠵᠢᠯᠡᠭᠰᠡᠨ ᠵᠠᠮ ᠤᠨ ᠬᠡᠰᠡᠭ᠄ ᠭᠠᠳᠠᠷ ᠲᠣᠭᠤᠷᠢᠯ ᠵᠠᠮ ᠤᠨ ᠨᠠ ᠯᠦᠨ ᠪᠠᠭᠤᠳᠠᠯ ᠠᠴᠠ ᠷᠦ ᠵᠢᠶᠠ ᠵᠣᠴᠢᠳ ᠤᠨ ᠪᠠᠭᠤᠳᠠᠯ ᠬᠦᠷᠳᠡᠯᠡᠬᠢ ᠵᠠᠮ᠃       2. ᠪᠢᠲᠡᠭᠦᠮᠵᠢᠯᠡᠬᠦ ᠴᠠᠭ᠄ 2023 ᠣᠨ ᠤ 6 ᠰᠠᠷ᠎ᠠ ᠶᠢᠨ 15 ᠤ ᠡᠳᠦᠷ ᠠᠴᠠ 2023 ᠣᠨ ᠤ 6 ᠰᠠᠷ᠎ᠠ ᠶᠢᠨ 30 ᠤ ᠡᠳᠦᠷ ᠪᠣᠯᠲᠠᠯ᠎ᠠ ᠪᠢᠳᠡᠬᠦᠮᠵᠢᠯᠡᠨ᠎ᠠ᠃      ᠬᠤᠶᠠᠷ᠂ ᠪᠢᠲᠡᠭᠦᠮᠵᠢᠯᠡᠭᠰᠡᠨ ᠬᠤᠭᠤᠴᠠᠭᠠᠨ ᠳᠤ ᠲᠡᠷᠭᠡ ᠬᠥᠰᠬᠡ ᠶᠢᠨ ᠲᠣᠭᠤᠷᠢᠵᠤ ᠶᠠᠪᠤᠬᠤ ᠵᠠᠮ       1. ᠨᠠ ᠯᠦᠨ ᠵᠣᠴᠢᠳ ᠤᠨ ᠪᠠᠭᠤᠳᠠᠯ ᠠᠴᠠ ᠲᠦᠭᠡᠭᠡᠯ ᠤᠰᠤᠨ ᠤ ᠦᠢᠯᠡᠳᠪᠦᠷᠢ ᠳᠤ ᠬᠦᠷᠬᠦ ᠳᠤ ᠸᠧᠨᠴᠢᠣᠸᠠᠨ ᠵᠠᠮ ︱ ᠯᠦ ᠮᠢᠩ ᠵᠡᠭᠡᠯᠢ ︱ ᠨᠠ ᠯᠦᠨ ᠵᠣᠴᠢᠳ ᠤᠨ ᠪᠠᠭᠤᠳᠠᠯ ᠢ ᠲᠣᠭᠤᠷᠢᠵᠤ ᠶᠠᠪᠤᠭᠠᠷᠠᠢ᠃      2. ᠢᠷᠪᠢᠰ ᠵᠦᠭ ᠶᠠᠪᠤᠬᠤ ᠳᠤ ᠸᠧᠨᠴᠢᠣᠸᠠᠨ ᠵᠠᠮ ᠢᠶᠠᠷ ᠲᠣᠭᠤᠷᠢᠵᠤ ᠶᠠᠪᠤᠭᠠᠷᠠᠢ᠃      3. ᠤᠯᠠᠭᠠᠨᠬᠤᠲᠠ ᠳᠤ ᠣᠴᠢᠬᠤ ᠳᠤ᠂ ᠪᠠᠢ ᠯᠠᠩ ᠵᠦᠭ ᠸᠧᠨᠴᠢᠣᠸᠠᠨ ᠵᠠᠮ ᠢᠶᠠᠷ ᠲᠣᠭᠤᠷᠢᠵᠤ ᠶᠠᠪᠤᠭᠠᠷᠠᠢ᠃      4. ᠪᠠᠷᠢᠯᠭ᠎ᠠ ᠶᠢᠨ ᠬᠤᠭᠤᠴᠠᠭᠠᠨ ᠳᠤ᠂ ᠵᠠᠮ ᠳᠠᠭᠠᠤ ᠨᠢᠭᠡᠴᠢ ᠶᠢᠨ ᠰᠠᠭᠤᠭᠠᠯᠢ ᠠᠷᠠᠳ ᠪᠣᠯᠣᠨ ᠨᠠᠰᠢ ᠴᠠᠰᠢ ᠥᠩᠭᠡᠷᠡᠬᠦ ᠲᠡᠷᠭᠡ ᠬᠥᠰᠬᠡ ᠵᠠᠮ ᠬᠠᠷᠢᠯᠴᠠᠭᠠᠨ ᠤ ᠬᠠᠤᠯᠢ ᠴᠠᠭᠠᠵᠠ ᠬᠠᠤᠯᠢ ᠲᠣᠭᠲᠠᠭᠠᠯ ᠢ ᠵᠢᠷᠤᠮᠯᠠᠵᠤ᠂ ᠵᠠᠮ ᠬᠠᠷᠢᠯᠴᠠᠭᠠᠨ ᠤ ᠵᠢᠯᠣᠭᠤᠳᠤᠯᠭ᠎ᠠ ᠪᠣᠯᠣᠨ ᠵᠠᠮ ᠬᠠᠷᠢᠯᠴᠠᠭᠠᠨ   ᠤ ᠵᠠᠬᠢᠷᠤᠨ ᠬᠠᠮᠢᠶᠠᠷᠬᠤ ᠲᠡᠮᠳᠡᠭ ᠤᠨ ᠶᠣᠰᠣᠭᠠᠷ ᠶᠠᠪᠤᠬᠤ ᠬᠡᠷᠡᠭᠲᠡᠢ᠃ ᠡᠭᠦᠨ ᠠᠴᠠ ᠪᠣᠯᠵᠤ ᠥᠷᠭᠡᠨ ᠤᠯᠠᠨ ᠰᠠᠭᠤᠭᠠᠯᠢ ᠠᠷᠠᠳ ᠪᠣᠯᠣᠨ ᠵᠤᠭᠠᠴᠠᠭᠰᠠᠳ ᠲᠤ ᠳᠥᠭᠦᠮ ᠦᠭᠡᠢ ᠪᠣᠯᠤᠭᠰᠠᠨ ᠪᠠᠶᠢᠨ᠎ᠠ᠂ ᠠᠭᠤᠴᠢᠯᠠᠬᠤ ᠪᠣᠯᠪᠠᠤ︕                                                   2023 ᠣᠨ ᠤ 6 ᠰᠠᠷ᠎ᠠ ᠶᠢᠨ 14 ᠤ ᠡᠳᠣᠷ
 
ᠢᠷᠡᠯᠲᠡ᠄ ᠷᠡᠰᠢᠶᠠᠨ ᠬᠤᠳᠡ ᠶᠢᠨ ᠠᠷᠡᠳ ᠤᠨ ᠵᠠᠰᠠᠭ ᠤᠨ ᠣᠷᠳᠣᠨ ᠤ ᠠᠯᠪᠡᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号