ᠷᠠᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠷᠡᠰᠢᠶᠠᠨ ᠢᠷᠪᠢᠰ ᠤᠨ ᠬᠤᠭᠤᠷᠣᠨᠳᠣᠬᠢ ᠲᠣᠭᠤᠷᠢᠯ ᠵᠠᠮ ᠤᠨ ᠤᠤᠯ ᠤᠨ ᠨᠡᠪᠲᠡᠷᠡᠬᠦ ᠠᠷᠭ᠎ᠠ ᠮᠠᠶ᠋ᠢᠭ ᠢ ᠰᠡᠷᠭᠦᠭᠡᠬᠦ ᠲᠤᠬᠠᠢ  ᠮᠠᠳᠡᠭᠳᠡᠯ
ᠨᠡᠶᠢᠲᠡᠯᠡᠭᠰᠡᠨ ᠴᠠᠭ᠄
2023/8/29
     ᠷᠡᠰᠢᠶᠠᠨ ᠵᠠᠰᠠᠭ ᠮᠠᠳᠡᠭᠳᠡᠯ ᠦᠰᠦᠭᠳᠣ 〔2023〕 8 ᠳ᠋ᠤᠭᠠᠷ ᠲᠣᠭᠠᠲᠤ      ᠷᠡᠰᠢᠶᠠᠨ ᠢᠷᠪᠢᠰ ᠤᠨ ᠬᠤᠭᠤᠷᠣᠨᠳᠣᠬᠢ ᠲᠣᠭᠤᠷᠢᠯ ᠵᠠᠮ ᠤᠨ ᠪᠦᠬᠦ ᠱᠤᠭᠤᠮ ᠤᠨ ᠵᠠᠮ ᠤᠨ ᠭᠠᠳᠠᠷᠭᠤ ᠶᠢ ᠰᠠᠶᠢᠵᠢᠷᠠᠭᠤᠯᠬᠤ ᠠᠵᠢᠯ ᠢ ᠨᠢᠭᠡᠨᠲᠡ ᠬᠢᠵᠦ ᠳᠠᠭᠤᠰᠬᠠᠭᠠᠳ ᠲᠡᠷᠭᠡ ᠨᠡᠪᠲᠡᠷᠡᠬᠦ ᠨᠥᠬᠦᠴᠡᠯ ᠢ ᠪᠦᠷᠢᠳᠦᠭᠦᠯᠦᠭᠰᠡᠨ ᠪᠠᠶᠢᠨ᠎ᠠ᠃      ᠮᠠᠨ ᠤ ᠬᠤᠲᠠ ᠤᠳᠠᠯ ᠦᠭᠡᠢ ᠵᠣᠨ ᠤ ᠤᠯᠠᠷᠢᠯ ᠤᠨ ᠵᠣᠭᠠᠴᠠᠯ ᠤᠨ ᠬᠥᠭᠵᠢᠯᠲᠡᠢ ᠤᠯᠠᠷᠢᠯ ᠳᠤ ᠣᠷᠣᠬᠤ ᠭᠡᠵᠦ ᠪᠠᠶᠢᠬᠤ ᠶᠢ ᠪᠣᠳᠣᠯᠬᠢᠯᠠᠭᠠᠳ᠂ ᠷᠡᠰᠢᠶᠠᠨ ᠢᠷᠪᠢᠰ ᠤᠨ ᠬᠤᠭᠤᠷᠣᠨᠳᠣᠬᠢ ᠲᠣᠭᠤᠷᠢᠯ ᠵᠠᠮ ᠤᠨ ᠵᠡᠭᠦᠨ ᠱᠤᠭᠤᠮ ᠢᠶᠠᠷ ᠬᠤᠶᠠᠷ ᠴᠢᠭᠯᠡᠯ ᠢᠶᠠᠷ ᠨᠡᠪᠲᠡᠷᠡᠵᠦ᠂ ᠲᠡᠷᠭᠡᠨ ᠤ ᠲᠤᠭ᠎ᠠ ᠬᠡᠮᠵᠢᠶ᠎ᠡ ᠨᠡᠯᠢᠶᠡᠳ ᠶᠡᠭᠡ ᠪᠠᠶᠢᠳᠠᠭ ᠪᠣᠯᠬᠤᠷ ᠥᠷᠭᠡᠨ ᠣᠯᠠᠨ ᠬᠤᠲᠠ ᠶᠢᠨ ᠠᠷᠠᠳ᠂  ᠵᠣᠭᠠᠴᠠᠬᠰᠠᠳ ᠤᠨ ᠵᠠᠮ ᠬᠠᠷᠢᠯᠴᠠᠭᠠᠨ ᠤ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ 6 ᠰᠠᠷ᠎ᠠ ᠶᠢᠨ 29 ᠤ ᠡᠳᠦᠷ ᠷᠡᠰᠢᠶᠠᠨ ᠢᠷᠪᠢᠰ ᠤᠨ ᠬᠤᠭᠤᠷᠣᠨᠳᠣᠬᠢ ᠲᠣᠭᠤᠷᠢᠯ ᠵᠠᠮ ᠤᠨ ᠬᠡᠪ ᠤᠨ ᠵᠠᠮ ᠢᠶᠠᠷ ᠨᠡᠪᠲᠡᠷᠡᠬᠦ ᠶᠢ ᠤᠷᠢᠳᠴᠢᠯᠠᠨ ᠰᠡᠷᠭᠦᠭᠡᠬᠦ ᠪᠠᠷ ᠲᠣᠭᠲᠠᠪᠠ᠂ ︽ᠷᠡᠰᠢᠶᠠᠨ ᠢᠷᠪᠢᠰ ᠤᠨ ᠬᠤᠭᠤᠷᠣᠨᠳᠣᠬᠢ ᠲᠣᠭᠤᠷᠢᠯ ᠵᠠᠮ ᠤᠨ ᠪᠠᠷᠠᠭᠤᠨ ᠱᠤᠭᠤᠮ ᠤᠨ ᠵᠠᠮ ᠤᠨ ᠭᠠᠳᠠᠷᠭᠤ ᠶᠢ ᠰᠠᠶᠢᠵᠢᠷᠠᠭᠤᠯᠬᠤ ᠪᠠᠷᠢᠯᠭ᠎ᠠ ᠶᠢᠨ ᠬᠤᠭᠤᠴᠠᠭᠠᠨ ᠳᠤ ᠵᠠᠮ ᠵᠢᠭᠡᠯᠡᠨ ᠨᠡᠪᠲᠡᠷᠡᠬᠦ ᠲᠤᠬᠠᠢ  ᠮᠠᠳᠡᠭᠳᠡᠯ︾ ︵ ᠷᠡᠰᠢᠶᠠᠨ ᠵᠠᠰᠠᠭ ᠮᠠᠳᠡᠭᠳᠡᠯ ᠥᠰᠥᠭᠳᠣ ﹇2023﹈ 6 ᠳ᠋ᠤᠭᠠᠷ ᠲᠣᠭᠠᠲᠤ︶ ᠢ ᠬᠦᠴᠦᠨ ᠦᠭᠡᠢ ᠪᠣᠯᠭᠠᠪᠠ᠃      ᠷᠡᠰᠢᠶᠠᠨ ᠢᠷᠪᠢᠰ ᠤᠨ ᠬᠤᠭᠤᠷᠣᠨᠳᠣᠬᠢ ᠲᠣᠭᠤᠷᠢᠯ ᠵᠠᠮ ᠤᠨ ᠬᠡᠪ ᠤᠨ ᠵᠠᠮ ᠢᠶᠠᠷ ᠨᠡᠪᠲᠡᠷᠡᠬᠦ ᠶᠢ ᠰᠡᠷᠭᠦᠭᠡᠭᠰᠡᠨ ᠤ ᠳᠠᠷᠠᠭ᠎ᠠ᠂  ᠸᠧᠨᠴᠢᠣᠸᠠᠨ ᠵᠡᠭᠡᠯᠢ ᠠᠴᠠ ᠢᠷᠪᠢᠰ ᠣᠷᠣᠨ ᠳᠤ ᠬᠦᠷᠬᠦ ᠮᠠᠰᠢᠨ ᠲᠡᠷᠭᠡ ᠲᠣᠭᠤᠷᠢᠯ ᠵᠠᠮ ᠤᠨ ᠪᠠᠷᠠᠭᠤᠨ ᠵᠠᠮ ᠢᠶᠠᠷ ᠠᠶᠠᠯᠠᠨ᠎ᠠ︔ ᠢᠷᠪᠢᠰ ᠣᠷᠣᠨ ᠠᠴᠠ  ᠸᠧᠨᠴᠢᠣᠸᠠᠨ ᠵᠡᠭᠡᠯᠢ ᠤᠷᠤᠭᠤ ᠶᠠᠪᠤᠬᠤ ᠲᠡᠷᠭᠡ ᠲᠣᠭᠤᠷᠢᠯ ᠵᠠᠮ ᠤᠨ ᠵᠡᠭᠦᠨ ᠱᠤᠭᠤᠮ ᠢᠶᠠᠷ ᠶᠠᠪᠤᠨ᠎ᠠ᠃      ᠵᠠᠮ ᠳᠠᠭᠠᠤ ᠶᠢᠨ ᠨᠢᠭᠡᠴᠢ᠂ ᠰᠠᠭᠤᠭᠠᠯᠢ ᠠᠷᠠᠳ᠂ ᠵᠤᠭᠠᠴᠠᠭᠰᠠᠳ ᠪᠣᠯᠣᠨ ᠨᠠᠰᠢ ᠴᠠᠰᠢ ᠥᠩᠭᠡᠷᠡᠬᠦ ᠲᠡᠷᠭᠡ ᠬᠥᠰᠬᠡ ᠨᠦᠭᠦᠳ ᠵᠠᠮ ᠬᠠᠷᠢᠯᠴᠠᠭᠠᠨ ᠤ ᠬᠠᠤᠯᠢ ᠴᠠᠭᠠᠵᠠ ᠬᠠᠤᠯᠢ ᠲᠣᠭᠲᠠᠭᠠᠯ ᠢ ᠵᠢᠷᠤᠮᠯᠠᠨ ᠰᠠᠬᠢᠵᠤ᠂ ᠵᠠᠮ ᠬᠠᠷᠢᠯᠴᠠᠭᠠᠨ ᠤ ᠰᠡᠷᠡᠮᠵᠢᠯᠡᠭᠦᠯᠦᠯ᠂ ᠬᠥᠲᠥᠯᠥᠨ ᠵᠢᠯᠤᠭᠤᠳᠬᠤ ᠲᠡᠮᠳᠡᠭ ᠢᠶᠠᠷ ᠨᠡᠪᠲᠡᠷᠡᠵᠦ᠂ ᠥᠷᠭᠡᠨ ᠣᠯᠠᠨ ᠰᠠᠭᠤᠭᠠᠯᠢ ᠠᠷᠠᠳ ᠪᠣᠯᠣᠨ ᠵᠤᠭᠠᠴᠠᠭᠰᠠᠳ ᠲᠤ ᠳᠥᠭᠦᠮ ᠦᠭᠡᠢ ᠪᠠᠶᠢᠳᠠᠯ ᠢ ᠠᠪᠴᠢᠷᠠᠬᠰᠠᠨ ᠳᠤ ᠠᠭᠤᠴᠢᠯᠠᠬᠤ ᠶᠢ ᠬᠦᠰᠡᠵᠦ ᠪᠠᠶᠢᠨ᠎ᠠ︕                                              2023 ᠣᠨ ᠤ 6 ᠰᠠᠷ᠎ᠠ ᠶᠢᠨ 28 ᠤ ᠡᠳᠣᠷ
 
ᠢᠷᠡᠯᠲᠡ᠄ ᠷᠡᠰᠢᠶᠠᠨ ᠬᠤᠳᠡ ᠶᠢᠨ ᠠᠷᠡᠳ ᠤᠨ ᠵᠠᠰᠠᠭ ᠤᠨ ᠣᠷᠳᠣᠨ ᠤ ᠠᠯᠪᠡᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号