ᠬᠠᠩᠰᠢ ᠶᠢᠨ ᠬᠤᠭᠤᠴᠠᠭᠠᠨ ᠳᠠᠬᠢ ᠣᠶ ᠰᠢᠭᠤᠢ ᠶᠢᠨ ᠭᠠᠯ ᠲᠣᠶᠢᠮᠡᠷ ᠢ ᠰᠡᠷᠭᠡᠶᠢᠯᠡᠬᠦ ᠠᠵᠢᠯ ᠢ ᠦᠨᠡᠨ ᠬᠦ ᠴᠢᠩᠭᠠᠳᠬᠠᠬᠤ ᠲᠤᠬᠠᠢ ᠷᠠᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2023/8/29
       ᠷᠡᠰᠢᠶᠠᠨ ᠵᠠᠰᠠᠭ ᠠᠯᠪᠠᠨ ᠲᠠᠷᠬᠠᠭᠠᠭᠰᠠᠨ ﹇2023﹈ 17 ᠳ᠋ᠤᠭᠠᠷ ᠲᠣᠭᠠᠲᠤ      ᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠶᠢᠨ ᠬᠡᠷᠡᠭ ᠡᠷᠬᠢᠯᠡᠬᠦ ᠭᠠᠵᠠᠷ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ᠄      ᠣᠳᠣᠬᠠᠨ ᠳᠤ᠂ ᠮᠠᠨ ᠤ ᠬᠤᠲᠠ ᠨᠢᠭᠡᠨᠲᠡ ᠣᠶ ᠰᠢᠭᠤᠢ ᠨᠤᠲᠤᠭ ᠪᠡᠯᠴᠢᠭᠡᠷ ᠤᠨ ᠭᠠᠯ ᠲᠣᠶᠢᠮᠡᠷ ᠢ ᠰᠡᠷᠭᠡᠶᠢᠯᠡᠬᠦ ᠵᠠᠩᠭᠢᠯᠠᠭ᠎ᠠ ᠶᠢᠨ ᠴᠠᠭ ᠦᠶ᠎ᠡ ᠳᠤ ᠣᠷᠣᠭᠠᠳ ᠪᠠᠶᠢᠨ᠎ᠠ᠂ ᠣᠶ ᠰᠢᠭᠤᠢ ᠨᠤᠲᠤᠭ ᠪᠡᠯᠴᠢᠭᠡᠷ ᠤᠨ ᠭᠠᠯ ᠲᠣᠶᠢᠮᠡᠷ ᠢ ᠰᠡᠷᠭᠡᠶᠢᠯᠡᠨ ᠤᠨᠲᠠᠷᠠᠭᠠᠬᠤ ᠠᠵᠢᠯ ᠢ ᠦᠨᠡᠨ ᠬᠦ ᠰᠠᠶᠢᠲᠤᠷ ᠬᠢᠵᠦ᠂ ᠬᠡᠭᠡᠷ᠎ᠡ ᠭᠠᠳᠡᠨᠠᠬᠢ ᠳᠠᠬᠢᠯᠭ᠎ᠠ ᠳᠤ ᠭᠠᠯ ᠬᠡᠷᠡᠭᠯᠡᠬᠦ ᠦᠶᠯᠡ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠤᠨ᠂ ᠣᠶ ᠰᠢᠭᠤᠢ ᠨᠣᠳᠤᠭ ᠪᠡᠯᠴᠢᠭᠡᠷ ᠤᠨ ᠡᠬᠢ ᠪᠠᠶᠠᠯᠢᠭ ᠪᠠ ᠥᠷᠭᠡᠨ ᠣᠯᠠᠨ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠦᠲᠦᠮᠵᠢᠲᠡᠶ ᠬᠠᠮᠠᠭᠠᠯᠠᠵᠤ᠂ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠨ᠂ ᠬᠡᠭᠡᠷ᠎ᠡ ᠭᠠᠳᠡᠨᠠᠬᠢ ᠳᠠᠬᠢᠯᠭ᠎ᠠ ᠳᠤ ᠭᠠᠯ ᠬᠡᠷᠡᠭᠯᠡᠬᠦ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠶᠢᠨ ᠲᠤᠰᠠᠳᠠ᠂ ᠡᠳᠦᠭᠡ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠮᠡᠳᠡᠭᠳᠡᠶ᠎ᠡ᠄       ᠨᠢᠭᠡ᠂ ᠵᠣᠭᠰᠣᠴᠠ ᠪᠠᠨ ᠳᠡᠭᠡᠭᠰᠢᠯᠡᠭᠦᠯᠵᠦ ᠪᠠᠶᠢᠳᠠᠯ ᠢ ᠲᠣᠳᠣᠷᠬᠠᠢ ᠲᠠᠨᠢᠬᠤ ᠬᠡᠷᠡᠭᠲᠡᠢ      ᠣᠳᠣᠬᠠᠨ ᠳᠤ ᠶᠠᠭ ᠰᠠᠶ᠋ᠢᠬᠠᠨ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠪᠠ ᠬᠠᠩᠰᠢ ᠶᠢᠨ ᠦᠶ᠎ᠡ ᠳᠤ ᠪᠠᠶᠢᠭ᠎ᠠ ᠪᠣᠯᠬᠤᠷ ᠤᠢ ᠰᠢᠭᠤᠢ ᠶᠢᠨ ᠭᠠᠯ ᠲᠦᠢᠮᠡᠷ ᠢ ᠰᠡᠷᠭᠡᠶᠢᠯᠡᠬᠦ ᠪᠠᠶᠢᠳᠠᠯ ᠲᠤᠶᠢᠯ ᠤᠨ ᠬᠦᠨᠳᠦ ᠬᠡᠴᠡᠭᠦᠦ ᠪᠠᠶᠢᠨ᠎ᠠ᠃ ᠡᠯ᠎ᠡ ᠱᠠᠲᠤ᠂ ᠡᠯ᠎ᠡ ᠰᠠᠯᠠᠭ᠎ᠠ ᠮᠥᠴᠢᠷ ᠤᠳ ᠤᠯᠤᠰ ᠲᠥᠷᠥ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠬᠠᠷᠢᠭᠤᠴᠠᠯᠭᠠᠲᠤ ᠦᠵᠡᠯ ᠤᠬᠠᠮᠰᠠᠷ ᠢᠶᠠᠨ ᠴᠢᠩᠭᠠᠷᠠᠭᠤᠯᠤᠨ᠂ ᠮᠢᠨᠴᠦᠭᠦᠷᠡᠬᠦ ᠦᠵᠡᠯ ᠰᠠᠨᠠᠭ᠎ᠠ ᠪᠠᠨ ᠲᠡᠪᠴᠢᠵᠦ᠂ ᠣᠶ ᠰᠢᠭᠤᠢ ᠶᠢᠨ ᠭᠠᠯ  ᠲᠣᠶᠢᠮᠠᠷ ᠰᠡᠷᠭᠡᠶᠢᠯᠡᠬᠦ ᠡᠭᠦᠷᠭᠡ ᠬᠠᠷᠢᠭᠤᠴᠠᠯᠭ᠎ᠠ ᠪᠠᠨ ᠢᠳᠡᠪᠬᠢᠲᠡᠢ ᠭᠦᠢᠴᠡᠳᠬᠡᠵᠦ᠂ ᠬᠡᠭᠡᠷ᠎ᠡ  ᠭᠠᠳᠡᠨᠠᠬᠢ ᠳᠠᠬᠢᠯᠭ᠎ᠠ ᠳᠤ ᠭᠠᠯ ᠬᠡᠷᠡᠭᠯᠡᠬᠦ ᠬᠠᠮᠢᠶᠠᠷᠤᠯᠲᠠ ᠶᠢᠨ ᠠᠵᠢᠯ ᠢ ᠦᠨᠡᠨ ᠬᠦ ᠰᠠᠶᠢᠲᠤᠷ ᠬᠢᠵᠦ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠨ᠂ ᠠᠯᠢᠪᠠ ᠬᠡᠭᠡᠷ᠎ᠡ ᠭᠠᠳᠡᠨᠠᠬᠢ ᠳᠠᠬᠢᠯᠭ᠎ᠠ ᠳᠤ ᠭᠠᠯ ᠬᠡᠷᠡᠭᠯᠡᠬᠦ ᠶᠢ ᠴᠢᠩᠭ᠎ᠠ ᠴᠠᠭᠠᠵᠠᠯᠠᠵᠤ᠂ ᠢᠯᠠᠩᠭᠤᠶ᠎ᠠ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠳᠤ ᠠᠲᠠᠷ ᠭᠠᠵᠡᠷ ᠢ ᠰᠢᠲᠠᠭᠠᠬᠤ᠂ ᠡᠰᠢ ᠰᠦᠷᠡᠯ ᠢ ᠰᠢᠲᠠᠭᠠᠬᠤ ᠶᠢ ᠴᠢᠩᠭ᠎ᠠ ᠴᠠᠭᠠᠵᠠᠯᠠᠵᠤ᠂ ᠣᠶ ᠰᠢᠭᠤᠢ ᠶᠢ ᠬᠠᠮᠠᠭᠠᠯᠠᠨ ᠭᠠᠯ ᠢ ᠰᠡᠷᠭᠡᠶᠢᠯᠡᠬᠦ ᠳᠤ ᠥᠴᠥᠬᠡᠨ ᠴᠦ ᠠᠯᠳᠠᠰᠢ ᠭᠠᠷᠭᠠᠵᠤ ᠪᠣᠯᠬᠤ ᠦᠭᠡᠢ᠃       ᠬᠤᠶᠠᠷ᠂ ᠤᠳᠤᠷᠢᠳᠤᠯᠭ᠎ᠠ ᠪᠠᠨ ᠴᠢᠩᠭᠠᠳᠬᠠᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ      ᠡᠯ᠎ᠡ ᠱᠠᠲᠤ᠂ ᠡᠯ᠎ᠡ ᠰᠠᠯᠠᠭ᠎ᠠ ᠮᠥᠴᠢᠷ ᠤᠳ ᠤᠢ ᠰᠢᠭᠤᠢ ᠶᠢᠨ ᠭᠠᠯ  ᠲᠣᠶᠢᠮᠠᠷ ᠢ ᠰᠡᠷᠭᠡᠶᠢᠯᠡᠬᠦ ᠠᠵᠢᠯ ᠤᠨ ᠵᠠᠰᠠᠭ ᠵᠠᠬᠢᠷᠭᠠᠨ ᠤ ᠤᠳᠤᠷᠢᠳᠤᠯᠭ᠎ᠠ ᠶᠢᠨ ᠬᠠᠷᠢᠭᠤᠴᠠᠬᠤ ᠳᠦᠷᠢᠮ ᠢ ᠬᠢᠨᠠᠮᠠᠭᠠᠢ ᠨᠠᠶᠢᠳᠠᠪᠤᠷᠢᠵᠢᠭᠤᠯᠵᠤ᠂ ᠨᠠᠶᠢᠳᠠᠪᠤᠷᠢᠵᠢᠭᠤᠯᠤᠯᠲᠠ ᠶᠢ ᠵᠤᠷᠪᠤᠰ ᠳᠠᠷᠠᠭᠠᠯᠠᠨ ᠰᠠᠶᠢᠲᠤᠷ ᠠᠳᠬᠤᠨ᠂ ᠤᠢ ᠰᠢᠭᠤᠢ ᠶᠢᠨ ᠭᠠᠯ ᠲᠣᠶᠢᠮᠠᠷ ᠢ ᠰᠡᠷᠭᠡᠶᠢᠯᠡᠬᠦ ᠠᠵᠢᠯ ᠢ ᠨᠢᠭᠡ ᠵᠦᠢᠯ ᠤᠨ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠨ ᠠᠳᠬᠤᠵᠤ᠂ ᠰᠠᠯᠠᠭ᠎ᠠ ᠮᠥᠴᠢᠷ ᠤᠨ ᠠᠵᠢᠯ ᠤᠨ ᠬᠤᠪᠢᠶᠠᠷᠢᠯᠠᠯ ᠢ ᠬᠠᠷᠢᠭᠤᠴᠠᠬᠤ ᠳᠦᠷᠢᠮ ᠢ ᠦᠨᠡᠨ ᠬᠦ ᠨᠠᠶᠢᠳᠠᠪᠤᠷᠢᠵᠢᠭᠤᠯᠵᠤ᠂ ᠠᠵᠢᠯ  ᠤᠨ ᠡᠭᠦᠷᠭᠡ ᠶᠢ ᠬᠤᠪᠢᠶᠠᠷᠢᠯᠠᠨ ᠬᠤᠪᠢ ᠬᠥᠮᠥᠨ ᠳᠤ ᠬᠦᠷᠲᠡᠯ᠎ᠡ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠶᠢᠨ ᠬᠡᠷᠡᠭ ᠡᠷᠬᠢᠯᠡᠬᠦ ᠭᠠᠵᠠᠷ ᠬᠡᠭᠡᠷ᠎ᠡ  ᠭᠠᠳᠡᠨᠠᠬᠢ ᠲᠠᠬᠢᠯᠭ᠎ᠠ ᠳᠤ ᠭᠠᠯ ᠬᠡᠷᠡᠭᠯᠡᠬᠦ ᠡᠳᠦᠷ ᠲᠤᠳᠤᠮ ᠤᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂  ᠲᠣᠰᠬᠤᠨ ᠤ ᠠᠷᠠᠳ ᠤᠨ ᠵᠥᠪᠯᠡᠯ᠂ ᠰᠠᠭᠤᠭᠠᠯᠢ ᠠᠷᠠᠳ ᠤᠨ ᠵᠥᠪᠯᠡᠯ ᠤᠨ ᠤᠯᠠᠨ ᠲᠦᠮᠡᠨᠴᠢ ᠴᠢᠨᠠᠷᠲᠠᠢ ᠭᠠᠯ ᠰᠡᠷᠭᠡᠶᠢᠯᠡᠨ ᠤᠨᠲᠠᠷᠠᠭᠠᠬᠤ ᠠᠵᠢᠯ ᠢ ᠵᠢᠯᠣᠭᠤᠳᠤᠨ ᠳᠡᠮᠵᠢᠬᠦ ᠪᠠ ᠬᠠᠪᠰᠤᠷᠬᠤ ᠬᠡᠷᠡᠭᠲᠡᠢ᠃      ᠭᠤᠷᠪᠠ᠂ ᠬᠠᠤᠯᠢ ᠶᠢ ᠴᠢᠩᠭ᠎ᠠ ᠬᠡᠷᠡᠭᠵᠢᠭᠦᠯᠣᠨ ᠬᠠᠤᠯᠢ ᠪᠠᠷ ᠵᠠᠰᠠᠬᠤ ᠶᠢ ᠪᠠᠲᠤᠯᠠᠬᠤ ᠬᠡᠷᠡᠭᠲᠡᠢ       ᠡᠯ᠎ᠡ ᠱᠠᠲᠤ᠂ ᠡᠯ᠎ᠡ ᠰᠠᠯᠠᠭ᠎ᠠ ᠮᠥᠴᠢᠷ ᠤᠳ ᠬᠠᠤᠯᠢ ᠬᠡᠷᠡᠭᠵᠢᠭᠦᠯᠬᠦ ᠬᠠᠮᠢᠶᠠᠷᠤᠯᠲᠠ ᠶᠢᠨ ᠪᠠᠶᠢᠭᠤᠯᠤᠯ ᠢ ᠪᠦᠷᠢᠨᠰᠢᠭᠦᠯᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠳᠬᠠᠨ᠂ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠭᠤᠣᠯ ᠴᠣᠭᠴᠠ ᠶᠢ ᠲᠣᠳᠣᠷᠬᠠᠶᠢᠯᠠᠵᠤ᠂ ᠬᠠᠤᠯᠢ ᠬᠡᠷᠡᠭᠵᠢᠭᠦᠯᠬᠦ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠭᠠᠯ ᠰᠡᠷᠭᠡᠶᠢᠯᠡᠯᠲᠡ ᠶᠢᠨ ᠲᠣᠥᠷᠵᠢᠭᠤᠯᠤᠭᠰᠠᠨ ᠬᠢᠨᠠᠯᠲᠠ ᠲᠠᠯᠪᠢᠯᠲᠠ ᠶᠢ ᠨᠡᠶᠢᠳᠡᠮ ᠪᠦᠷᠬᠦᠭᠦᠯᠬᠦ ᠶᠢ ᠦᠨᠡᠨ ᠬᠦ ᠪᠠᠲᠤᠯᠠᠵᠤ᠂ ᠴᠢᠩᠭ᠎ᠠ ᠵᠢᠷᠤᠮᠵᠢᠭᠤᠨ ᠲᠥᠪ ᠭᠤᠥᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠬᠡᠷᠡᠭᠲᠡᠢ᠃ ᠬᠠᠩᠰᠢ   ᠶᠢᠨ ᠬᠤᠭᠤᠴᠠᠭᠠᠨ ᠳᠤ ᠬᠡᠭᠡᠷ᠎ᠡ ᠭᠠᠳᠠᠨ᠎ᠠ ᠭᠠᠯ ᠬᠡᠷᠡᠭᠯᠡᠬᠦ   ᠶᠢ ᠴᠢᠩᠭ᠎ᠠ ᠴᠠᠭᠠᠵᠠᠯᠠᠵᠤ᠂ ᠬᠤᠲᠠ ᠬᠥᠳᠡᠭᠡ ᠶᠢᠨ ᠵᠠᠮ᠂ ᠠᠭᠤᠳᠡᠮ ᠲᠠᠯᠠᠪᠠᠶ᠂ ᠰᠠᠭᠤᠭᠠᠯᠢ ᠠᠷᠠᠳ ᠤᠨ ᠲᠣᠭᠤᠷᠢᠭ᠂ ᠴᠡᠴᠡᠷᠯᠢᠭ᠂ ᠵᠦᠯᠭᠡ ᠭᠠᠵᠠᠷ ᠵᠡᠷᠭᠡ ᠣᠯᠠᠨ ᠨᠡᠶᠢᠲᠡ ᠶᠢᠨ ᠲᠠᠯᠠᠪᠤᠷ ᠲᠤ ᠴᠠᠭᠠᠰᠤᠨ ᠵᠣᠭᠤᠰ᠂ ᠬᠦᠵᠢ ᠵᠤᠯᠠ ᠵᠡᠷᠭᠡ ᠳᠠᠬᠢᠯᠭ᠎ᠠ ᠶᠢᠨ ᠬᠡᠷᠡᠭᠰᠡᠯ ᠢ ᠰᠢᠲᠠᠭᠠᠬᠤ ᠶᠢ ᠪᠦᠬᠦ ᠲᠠᠯ᠎ᠠ ᠪᠠᠷ ᠴᠠᠭᠠᠵᠠᠯᠠᠨ᠎ᠠ᠃ ᠪᠠᠶᠢᠭᠠᠯᠢ ᠶᠢᠨ ᠡᠬᠢ ᠪᠠᠶᠠᠯᠢᠭ ︵ᠣᠶ ᠰᠢᠭᠤᠢ︶ ᠤᠨ ᠰᠠᠯᠠᠭ᠎ᠠ ᠮᠥᠴᠢᠷ ᠤᠳ ᠣᠶ ᠰᠢᠭᠤᠢ ᠶᠢᠨ ᠭᠠᠯ ᠲᠣᠶᠢᠮᠡᠷ ᠢ ᠰᠡᠷᠭᠡᠶᠢᠯᠡᠬᠦ ᠣᠷᠣᠨ ᠤ ᠬᠡᠭᠡᠷ᠎ᠡ ᠭᠠᠳᠡᠨᠠᠬᠢ ᠳᠠᠬᠢᠯᠭ᠎ᠠ ᠳᠤ ᠭᠠᠯ ᠬᠡᠷᠡᠭᠯᠡᠬᠦ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ︔ ᠬᠤᠲᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠬᠤᠲᠠ ᠶᠢᠨ ᠲᠣᠭᠤᠷᠢᠭ ᠤᠨ ᠳᠣᠲᠣᠷᠠᠬᠢ ᠵᠠᠮ᠂ ᠠᠭᠤᠳᠠᠮ ᠲᠠᠯᠠᠪᠠᠶ᠂ ᠴᠡᠴᠡᠷᠯᠢᠭ᠂ ᠵᠦᠯᠭᠡ ᠭᠠᠵᠠᠷ ᠵᠡᠷᠭᠡ ᠣᠯᠠᠨ ᠨᠡᠶᠢᠲᠡ ᠶᠢᠨ ᠲᠠᠯᠠᠪᠤᠷ ᠤᠨ ᠲᠠᠬᠢᠯᠭ᠎ᠠ ᠳᠤ ᠭᠠᠯ ᠬᠡᠷᠡᠭᠯᠡᠬᠦ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ︔ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠠᠴᠠ ᠣᠷᠣᠰᠢᠭᠤᠯᠭ᠎ᠠ ᠶᠢᠨ ᠪᠠᠶᠢᠭᠤᠯᠤᠮᠵᠢ ᠶᠢᠨ ᠬᠠᠮᠢᠶᠠᠷᠤᠯᠲᠠ ᠪᠠ ᠳᠠᠬᠢᠯᠭ᠎ᠠ ᠶᠢᠨ ᠦᠢᠯᠡᠴᠢᠯᠡᠭᠡ ᠶᠢ ᠴᠢᠩᠭᠠᠳᠬᠠᠬᠤ ᠶᠢ ᠬᠠᠷᠢᠭᠤᠴᠠᠨ᠎ᠠ᠃ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠠᠴᠠ ᠭᠠᠯ ᠰᠡᠷᠭᠡᠶᠢᠯᠡᠬᠦ ᠠᠵᠢᠯᠲᠠᠨ ᠤ ᠬᠡᠪ ᠤᠨ ᠬᠠᠮᠢᠶᠠᠷᠤᠯᠲᠠ ᠶᠢ ᠬᠠᠷᠰᠢᠯᠠᠭᠰᠠᠨ᠂ ᠬᠠᠮᠢᠶᠠᠷᠤᠯᠲᠠ ᠶᠢᠨ ᠠᠵᠢᠯᠲᠠᠨ ᠢ ᠭᠤᠲᠤᠭᠠᠨ ᠳᠣᠷᠣᠮᠵᠢᠯᠠᠭᠰᠠᠨ᠂ ᠵᠣᠳᠣᠭᠰᠠᠨ ᠪᠠᠶᠢᠪᠠᠯ᠂ ᠬᠠᠤᠯᠢ ᠶᠣᠰᠣᠭᠠᠷ ᠶᠠᠯᠠᠯᠠᠨ ᠰᠢᠳᠬᠡᠨ᠎ᠡ᠃ ᠲᠠᠷᠢᠶᠠᠯᠠᠩ ᠬᠥᠳᠡᠭᠡ ᠲᠣᠰᠬᠤᠨ᠂ ᠵᠠᠬ᠎ᠠ ᠳᠡᠯᠭᠡᠭᠦᠷ ᠤᠨ ᠬᠠᠮᠢᠶᠠᠷᠤᠯᠲᠠ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠰᠤᠷᠭᠠᠨ ᠬᠥᠮᠦᠵᠢᠯ᠂ ᠡᠳ᠋ ᠤᠨ ᠵᠠᠰᠠᠭ᠂ ᠵᠠᠮ ᠬᠠᠷᠢᠯᠴᠠᠭ᠎ᠠ᠂ ᠵᠠᠰᠠᠮᠠᠯ ᠵᠠᠮ᠂ ᠴᠠᠬᠢᠯᠭᠠᠨ ᠬᠦᠴᠦᠨ ᠵᠡᠷᠭᠡ ᠰᠠᠯᠠᠭ᠎ᠠ ᠮᠥᠴᠢᠷ ᠤᠳ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ ᠬᠡᠭᠡᠷ᠎ᠡ ᠶᠢᠨ ᠳᠠᠬᠢᠯᠭ᠎ᠠ ᠳᠤ ᠭᠠᠯ ᠬᠡᠷᠡᠭᠯᠡᠬᠦ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠬᠡᠷᠡᠭᠲᠡᠢ᠃ ᠡᠯ᠎ᠡ ᠱᠠᠲᠤ᠂ ᠡᠯ᠎ᠡ ᠰᠠᠯᠠᠭ᠎ᠠ ᠮᠥᠴᠢᠷ ᠤᠳ ᠬᠠᠤᠯᠢ ᠬᠡᠷᠡᠭᠵᠢᠭᠦᠯᠬᠦ ᠡᠷᠴᠢᠮ ᠢᠶᠠᠨ ᠨᠡᠮᠡᠭᠳᠡᠭᠦᠯᠦᠨ᠂ ᠲᠤᠰ ᠲᠤᠰ ᠤᠨ ᠣᠷᠣᠨ ᠤ ᠪᠠᠨ ᠭᠠᠯ ᠤᠨ ᠠᠶᠤᠯ ᠤᠨ ᠲᠡᠯᠳᠠ ᠭᠡᠮ ᠢ ᠵᠢᠭᠰᠠᠭᠠᠨ ᠪᠠᠶᠢᠴᠠᠭᠠᠬᠤ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠲᠡᠯᠳᠠ ᠭᠡᠮ ᠢ ᠵᠢᠭᠰᠠᠭᠠᠨ ᠪᠠᠶᠢᠴᠠᠭᠠᠬᠤ ᠶᠢ ᠭᠤᠯᠳᠤ ᠪᠠᠷ ᠡᠴᠦᠰ ᠲᠤᠨᠢ ᠲᠤᠯᠲᠠᠯ᠎ᠠ ᠬᠢᠵᠦ᠂ ᠬᠥᠨᠳᠡᠯᠡᠨ ᠢᠶᠠᠷ ᠵᠠᠬ᠎ᠠ ᠬᠢᠵᠠᠭᠠᠷ ᠲᠤᠨᠢ ᠬᠦᠷᠲᠡᠯ᠎ᠡ ᠬᠢᠵᠦ᠂ ᠥᠨᠴᠥᠭ ᠪᠤᠯᠤᠩ ᠦᠯᠡᠳᠡᠭᠡᠯ ᠦᠭᠡᠢ᠂ ᠪᠠᠯᠠᠢ ᠣᠷᠣᠨ ᠦᠯᠡᠳᠡᠭᠡᠬᠦ ᠦᠭᠡᠢ ᠪᠠᠶᠢᠵᠤ᠂ ᠠᠯᠳᠠᠰᠢ ᠭᠠᠷᠬᠤ  ᠭᠠᠷᠬᠤ ᠠᠴᠠ ᠴᠢᠩᠭ᠎ᠠ ᠰᠠᠷᠭᠡᠶᠢᠯᠡᠵᠣ᠂ ᠲᠡᠯᠳᠠ ᠭᠡᠮ ᠢ ᠴᠠᠭ ᠲᠤᠬᠠᠢ ᠳᠤᠨᠢ ᠠᠷᠢᠯᠭᠠᠬᠤ ᠶᠢ ᠦᠨᠡᠨ ᠬᠦ ᠪᠠᠲᠤᠯᠠᠬᠤ ᠬᠡᠷᠡᠭᠲᠡᠢ᠃        ᠳᠥᠷᠪᠡ᠂ ᠥᠷᠭᠡᠨ ᠢᠶᠠᠷ ᠤᠬᠠᠭᠤᠯᠵᠤ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠢ      ᠡᠯ᠎ᠡ ᠱᠠᠲᠤ᠂ ᠡᠯ᠎ᠡ ᠰᠠᠯᠠᠭ᠎ᠠ ᠮᠥᠴᠢᠷ ᠤᠨ ᠬᠢᠨ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠬᠥᠮᠦᠵᠢᠯ ᠤᠨ ᠡᠷᠴᠢᠮ ᠢᠶᠠᠨ ᠴᠢᠩᠭᠠᠷᠠᠭᠤᠯᠵᠤ᠂ ᠲᠧᠯᠸᠢᠰ᠂  ᠷᠡᠳᠢᠣᠰ ᠨᠡᠪᠲᠡᠷᠡᠭᠦᠯᠭᠡ᠂ ᠰᠣᠨᠢᠨ ᠰᠡᠳᠬᠦᠯ᠂ ᠵᠠᠰᠠᠭ  ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠵᠡᠷᠭᠡ ᠤᠯᠠᠨ ᠵᠦᠢᠯ   ᠤᠨ ᠠᠷᠭ᠎ᠠ ᠮᠠᠶ᠋ᠢᠭ ᠢ ᠠᠰᠢᠭᠯᠠᠨ᠂ ᠤᠬᠠᠭᠤᠯᠭ᠎ᠠ ᠬᠥᠮᠦᠵᠢᠯ ᠢ ᠥᠷᠭᠡᠨ ᠢᠶᠠᠷ ᠥᠷᠨᠢᠭᠦᠯᠵᠦ᠂ ᠤᠬᠠᠭᠤᠯᠭ᠎ᠠ ᠬᠥᠮᠦᠵᠢᠯ ᠢ ᠤᠢ ᠰᠢᠭᠤᠢ ᠶᠢᠨ ᠭᠠᠯ  ᠲᠣᠶᠢᠮᠡᠷ ᠢ ᠰᠡᠷᠭᠡᠶᠢᠯᠡᠬᠦ ᠠᠵᠢᠯ ᠤᠨ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠪᠣᠯᠭᠠᠬᠤ ᠶᠢ ᠪᠠᠷᠢᠮᠲᠠᠯᠠᠨ᠂ ᠰᠢᠭᠤᠶᠢᠲᠤ ᠣᠷᠣᠨ᠂ ᠠᠭᠤᠯᠠᠨ  ᠬᠠᠵᠠᠭᠤ ᠳᠤ ᠭᠠᠯ ᠰᠡᠷᠭᠡᠶᠢᠯᠡᠯᠲᠡ ᠶᠢᠨ ᠰᠡᠷᠡᠮᠵᠢᠯᠡᠭᠦᠯᠬᠦ ᠲᠡᠮᠳᠡᠭ ᠪᠣᠯᠣᠨ ᠤᠬᠠᠭᠤᠯᠬᠤ ᠤᠷᠢᠶ᠎ᠠ ᠲᠡᠮᠳᠡᠭ  ᠢ ᠨᠡᠮᠡᠭᠳᠡᠭᠦᠯᠵᠦ᠂ ᠤᠯᠠᠨ ᠵᠦᠢᠯ ᠤᠨ ᠠᠷᠭ᠎ᠠ ᠬᠡᠮᠵᠢᠶ᠎ᠡ ᠠᠪᠴᠤ᠂ ᠪᠣᠯᠪᠠᠰᠤᠨ ᠳᠠᠬᠢᠯᠭ᠎ᠠ ᠶᠢᠨ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠴᠢᠷᠮᠠᠶᠢᠨ ᠪᠤᠢ ᠪᠣᠯᠭᠠᠵᠤ᠂ ᠠᠷᠠᠳ ᠢᠷᠭᠡᠳ   ᠤᠨ ᠭᠠᠯ ᠰᠡᠷᠭᠡᠶᠢᠯᠡᠬᠦ ᠦᠵᠡᠯ ᠤᠬᠠᠮᠰᠠᠷ   ᠢ ᠳᠡᠭᠡᠭᠰᠢᠯᠡᠭᠦᠯᠬᠦ ᠬᠡᠷᠡᠭᠲᠡᠢ᠃      ᠲᠠᠪᠤ᠂  ᠱᠠᠯᠠᠪᠳᠡᠭᠤᠯᠣᠨ ᠪᠠᠶᠢᠴᠠᠭᠠᠬᠤ ᠶᠢ ᠴᠢᠩᠭᠠᠷᠠᠭᠤᠯᠵᠤ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠳᠠᠯᠠᠨ᠎ᠠ       ᠡᠯ᠎ᠡ ᠱᠠᠲᠤ᠂ ᠡᠯ᠎ᠡ ᠰᠠᠯᠠᠭ᠎ᠠ ᠮᠥᠴᠢᠷ ᠤᠳ ᠴᠢᠬᠤᠯᠠ ᠵᠠᠮ ᠤᠨ ᠠᠭᠤᠯᠵᠠᠷ ᠲᠤ ᠭᠠᠯ ᠰᠡᠷᠭᠡᠶᠢᠯᠡᠬᠦ ᠪᠠᠶᠢᠴᠠᠭᠠᠬᠤ ᠦᠷᠳᠡᠭᠡ ᠪᠠᠶᠢᠭᠤᠯᠵᠤ᠂ ᠭᠠᠯ ᠬᠤᠷᠢᠭᠠᠲᠠᠢ ᠣᠷᠣᠨ ᠳᠤ ᠣᠷᠣᠬᠤ ᠲᠡᠷᠭᠡ ᠬᠥᠰᠬᠡ ᠪᠣᠯᠣᠨ ᠬᠥᠮᠥᠰ ᠲᠤ ᠭᠠᠯ ᠰᠡᠷᠭᠡᠶᠢᠯᠡᠬᠦ ᠪᠠᠶᠢᠴᠠᠭᠠᠯᠲᠠ ᠬᠢᠵᠦ᠂ ᠭᠤᠣᠯᠳᠠᠯᠭ᠎ᠠ ᠲᠠᠢ ᠭᠠᠵᠠᠷ᠂  ᠭᠤᠣᠯᠳᠠᠯᠭ᠎ᠠ ᠲᠠᠢ ᠣᠷᠣᠨ  ᠳᠤ ᠠᠭᠤᠯᠠ ᠲᠣᠭᠤᠷᠢᠨ ᠴᠠᠭᠳᠠᠬᠤ᠂ ᠠᠭᠤᠯᠠ ᠬᠠᠮᠠᠭᠠᠯᠠᠬᠤ ᠲᠤᠰᠬᠠᠢ ᠲᠣᠭᠤᠷᠢᠨ ᠴᠠᠭᠳᠠᠬᠤ ᠠᠩᠭᠢ ᠪᠠᠶᠢᠭᠤᠯᠵᠤ᠂ ᠲᠣᠭᠤᠷᠢᠨ ᠪᠠᠶᠢᠴᠠᠭᠠᠬᠤ ᠶᠢ ᠰᠠᠶᠢᠲᠤᠷ ᠬᠢᠬᠦ ᠬᠡᠷᠡᠭᠲᠡᠢ᠃ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠳ ᠢᠯᠡᠴᠢᠯᠡᠨ ᠮᠡᠳᠡᠭᠦᠯᠬᠦ ᠣᠳᠡᠰᠣ ᠶᠢ ᠨᠡᠶᠢᠲᠡᠯᠡᠵᠦ᠂ ᠱᠠᠯᠠᠪᠳᠡᠭᠤᠯᠣᠨ ᠪᠠᠶᠢᠴᠠᠭᠠᠬᠤ ᠶᠢ ᠴᠢᠩᠭᠠᠳᠬᠠᠨ᠂ ᠮᠡᠳᠡᠭᠡ ᠵᠠᠩᠭᠢ ᠶᠢ ᠴᠠᠭ ᠲᠤᠬᠠᠢ ᠳᠤᠨᠢ ᠳᠡᠭᠡᠭᠰᠢ ᠮᠡᠳᠡᠭᠦᠯᠵᠦ᠂ ᠵᠠᠰᠠᠭ ᠤᠨ ᠵᠠᠷᠯᠢᠭ   ᠢ ᠰᠠᠭᠠᠳ ᠦᠭᠡᠢ ᠶᠠᠪᠤᠭᠳᠠᠭᠤᠯᠵᠤ᠂ ᠭᠤᠣᠯ ᠬᠠᠷᠢᠭᠤᠴᠠᠯᠭᠠᠲᠠᠨ ᠨᠢ ᠪᠡᠶ᠎ᠡ ᠪᠠᠷ ᠢᠶᠠᠨ ᠲᠣᠬᠢᠷᠠᠭᠤᠯᠤᠨ ᠪᠠᠶᠢᠷᠢᠯᠠᠭᠤᠯᠵᠤ᠂ ᠪᠡᠶ᠎ᠡ ᠪᠠᠷ ᠢᠶᠠᠨ ᠱᠠᠯᠠᠪᠳᠡᠭᠤᠯᠣᠨ ᠨᠠᠶᠢᠳᠠᠪᠤᠷᠢᠵᠢᠭᠤᠯᠵᠤ᠂ ᠬᠡᠭᠡᠷ᠎ᠡ ᠭᠠᠳᠠᠨ᠎ᠠ ᠳᠠᠬᠢᠯᠭ᠎ᠠ ᠬᠢᠬᠦ ᠳᠤ ᠭᠠᠯ ᠬᠡᠷᠡᠭᠯᠡᠬᠦ ᠬᠠᠮᠢᠶᠠᠷᠤᠯᠲᠠ ᠶᠢᠨ ᠬᠠᠷᠢᠭᠤᠴᠠᠯᠭ᠎ᠠ  ᠶᠢ ᠰᠠᠶᠢᠲᠤᠷ ᠨᠠᠶᠢᠳᠠᠪᠤᠷᠢᠵᠢᠭᠤᠯᠤᠭᠰᠠᠨ ᠦᠭᠡᠢ ᠨᠢᠭᠡᠴᠢ ᠬᠢᠭᠡᠳ ᠬᠤᠪᠢ ᠬᠥᠮᠥᠨ ᠶᠢ ᠰᠠᠬᠢᠯᠭ᠎ᠠ ᠪᠠᠲᠤ ᠬᠠᠤᠯᠢ ᠴᠠᠭᠠᠵᠠ ᠶᠢᠨ ᠶᠣᠰᠣᠭᠠᠷ ᠰᠢᠢᠳᠪᠦᠷᠢᠯᠡᠬᠦ ᠬᠡᠷᠡᠭᠲᠡᠢ᠃                                          2023 ᠣᠨ ᠤ 4 ᠰᠠᠷ᠎ᠠ ᠶᠢᠨ 1 ᠤ ᠡᠳᠣᠷ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号