ᠷᠠᠰᠢᠶᠠᠨ ᠬᠤᠲᠠ ᠶᠢᠨ 2023 ᠵᠣᠭᠠᠴᠠᠯ ᠤᠨ ᠵᠠᠬ᠎ᠠ ᠳᠡᠯᠭᠡᠭᠦᠷ ᠢ ᠲᠤᠰᠬᠠᠢ ᠴᠡᠭᠴᠡᠯᠡᠨ ᠵᠠᠰᠠᠬᠤ ᠲᠥᠰᠥᠯ
ᠨᠡᠶᠢᠲᠡᠯᠡᠭᠰᠡᠨ ᠴᠠᠭ᠄
2023/8/29
ᠳᠠᠭᠠᠯᠳᠤᠭᠤᠯᠤᠯ 1      ᠷᠠᠰᠢᠶᠠᠨ ᠬᠤᠲᠠ ᠶᠢᠨ 2023 ᠵᠣᠭᠠᠴᠠᠯ ᠤᠨ ᠵᠠᠬ᠎ᠠ ᠳᠡᠯᠭᠡᠭᠦᠷ ᠢ ᠲᠤᠰᠬᠠᠢ ᠴᠡᠭᠴᠡᠯᠡᠨ ᠵᠠᠰᠠᠬᠤ ᠲᠥᠰᠥᠯ      ᠮᠠᠨ ᠤ ᠬᠤᠲᠠ ᠶᠢᠨ ᠵᠣᠭᠠᠴᠠᠯ ᠤᠨ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠡᠮᠬᠢ ᠳᠢᠭᠯᠢᠮ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠵᠣᠭᠠᠴᠠᠯ ᠤᠨ ᠬᠡᠷᠡᠭᠯᠡᠭᠴᠢᠳ ᠬᠢᠭᠡᠳ ᠡᠵᠡᠩᠨᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠂ ᠮᠠᠨ ᠤ ᠬᠤᠲᠠ ᠶᠢᠨ ᠵᠣᠭᠠᠴᠠᠯ ᠤᠨ ᠪᠠᠷᠢᠮᠵᠢᠶᠠᠵᠢᠭᠤᠯᠤᠯᠲᠠ ᠶᠢᠨ ᠠᠵᠢᠯ ᠢ ᠠᠬᠢᠭᠤᠯᠵᠤ᠂ ᠮᠠᠨ ᠤ ᠬᠤᠲᠠ ᠶᠢᠨ ᠵᠣᠭᠠᠴᠠᠯ ᠤᠨ ᠦᠢᠯᠡᠰ ᠤᠨ ᠰᠠᠶᠢᠨ ᠰᠠᠶᠢᠬᠠᠨ ᠳᠦᠷᠢ ᠲᠥᠷᠬᠦ ᠶᠢ ᠪᠣᠶ ᠪᠣᠯᠭᠠᠵᠤ᠂ ᠡᠷᠬᠡ ᠲᠡᠭᠰᠢ ᠪᠠᠷ ᠥᠷᠢᠰᠦᠯᠳᠦᠬᠦ᠂ ᠦᠨᠡᠨᠴᠢ ᠢᠲᠡᠭᠡᠮᠵᠢᠲᠡᠢ ᠪᠠᠷ ᠡᠵᠡᠩᠨᠡᠬᠦ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠪᠣᠶ ᠪᠣᠯᠭᠠᠬᠤ ᠶᠢᠨ ᠲᠤᠰᠠᠳᠠ᠂ ᠲᠣᠰ ᠠᠵᠢᠯ ᠤᠨ ᠲᠥᠰᠥᠯ ᠢ ᠲᠣᠭᠲᠠᠭᠠᠪᠠ᠃      ᠨᠢᠭᠡ᠂ ᠠᠵᠢᠯ ᠤᠨ ᠬᠠᠷᠠᠯᠲᠠ      ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠵᠣᠭᠠᠴᠠᠯ ᠤᠨ ᠵᠠᠬ᠎ᠠ ᠳᠡᠯᠭᠡᠭᠦᠷ ᠢ ᠴᠡᠭᠴᠡᠯᠡᠨ ᠵᠠᠰᠠᠬᠤ ᠶᠡᠷᠦᠩᠬᠡᠢ ᠪᠠᠶᠢᠷᠢᠯᠠᠭᠤᠯᠤᠯᠲᠠ ᠶᠢ ᠴᠢᠩᠭ᠎ᠠ ᠵᠢᠷᠤᠮᠯᠠᠨ᠂ ᠷᠠᠰᠢᠶᠠᠨ ᠤ ᠤᠯᠤᠰ ᠤᠨ ᠳᠡᠰ ᠤᠨ ᠵᠤᠭᠠᠴᠠᠯ ᠤᠨ ᠠᠮᠠᠷᠠᠯᠲᠠ ᠶᠢᠨ ᠣᠷᠣᠨ ᠢ ᠡᠭᠦᠳᠦᠨ ᠪᠠᠶᠢᠭᠤᠯᠬᠤ ᠪᠠ ᠵᠤᠭᠠᠴᠠᠯ ᠤᠨ ᠦᠢᠯᠡᠰ ᠢ ᠴᠢᠨᠠᠷ ᠰᠠᠶᠢᠲᠠᠢ ᠬᠥᠭᠵᠢᠭᠦᠯᠬᠦ ᠪᠣᠳᠠᠲᠤ ᠬᠡᠷᠡᠭᠴᠡᠭᠡ ᠲᠠᠢ ᠤᠶᠠᠯᠳᠤᠭᠤᠯᠤᠨ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠵᠤᠭᠠᠴᠠᠯ ᠤᠨ ᠬᠡᠷᠡᠭᠯᠡᠭᠴᠢᠳ ᠤᠨ ᠲᠤᠰᠬᠠᠯ ᠴᠢᠩᠭ᠎ᠠ ᠪᠠᠶᠢᠭ᠎ᠠ ᠲᠣᠪᠣᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠰᠠᠮᠠᠭᠤᠷᠠᠭᠤᠯᠤᠭᠰᠠᠨ᠂ ᠵᠣᠭᠠᠴᠠᠯ ᠤᠨ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠤᠬᠢᠷᠠᠭᠤᠯᠤᠭᠰᠠᠨ ᠨᠢᠭᠡ ᠪᠦᠯᠦᠭ ᠬᠠᠤᠯᠢ ᠲᠣᠭᠲᠠᠭᠠᠯ ᠠᠴᠠ ᠵᠥᠷᠢᠴᠡᠭᠰᠡᠨ ᠬᠡᠷᠡᠭ ᠢ ᠲᠥᠪᠯᠡᠷᠡᠭᠦᠯᠦᠨ ᠪᠠᠶᠢᠴᠠᠭᠠᠨ ᠰᠢᠢᠳᠪᠦᠷᠢᠯᠡᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠰᠢᠯᠢᠳᠡᠭ ᠨᠢ  ᠰᠣᠩᠭᠤᠬᠳᠡᠵᠣ ᠰᠢᠭᠠᠷᠤ ᠶᠢ ᠨᠢ ᠰᠢᠭᠰᠢᠬᠦ ᠪᠠ ᠡᠬᠢ ᠪᠠᠶᠠᠯᠢᠭ ᠢ ᠰᠢᠯᠢᠳᠡᠭᠵᠢᠭᠦᠯᠦᠨ ᠲᠣᠬᠢᠷᠠᠭᠤᠯᠬᠤ ᠶᠢ ᠠᠬᠢᠭᠤᠯᠤᠨ᠂ ᠨᠢᠭᠡᠳᠦᠯᠲᠡᠢ ᠪᠥᠭᠡᠳ ᠨᠡᠭᠡᠭᠡᠯᠲᠡᠲᠡᠢ᠂ ᠥᠷᠢᠰᠦᠯᠳᠦᠭᠡᠨ ᠨᠢ ᠡᠮᠬᠢ ᠵᠢᠷᠤᠮ ᠲᠠᠢ ᠰᠣᠶᠣᠯ ᠤᠨ ᠪᠠ ᠵᠣᠭᠠᠴᠠᠯ ᠤᠨ ᠵᠠᠬ᠎ᠠ ᠳᠡᠯᠭᠡᠭᠦᠷ ᠤᠨ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠷᠠᠰᠢᠶᠠᠨ ᠬᠤᠲᠠ ᠶᠢᠨ ᠵᠣᠭᠠᠴᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠲᠡᠢ ᠪᠠᠲᠤᠯᠠᠭ᠎ᠠ ᠬᠠᠩᠭᠠᠨ᠎ᠠ᠃      ᠬᠤᠶᠠᠷ᠂ ᠠᠵᠢᠯ ᠤᠨ ᠡᠭᠦᠷᠭᠡ      ︵ᠨᠢᠭᠡ︶ ᠵᠣᠭᠠᠴᠠᠯ ᠤᠨ ᠵᠠᠬ᠎ᠠ ᠳᠡᠯᠭᠡᠭᠦᠷ ᠤᠨ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠥᠷᠨᠢᠭᠦᠯᠦᠨ᠎ᠡ      ᠨᠢᠭᠡ ᠳᠤ ᠵᠣᠭᠠᠴᠠᠯ ᠤᠨ ᠵᠠᠮ ᠱᠤᠭᠤᠮ ᠪᠠ ᠦᠵᠡᠮᠵᠢᠲᠦ ᠣᠷᠣᠨ ᠤ ᠠᠮᠤᠷ ᠲᠦᠪᠰᠢᠨ ᠤ ᠰᠡᠷᠭᠡᠶᠢᠯᠡᠯᠲᠡ ᠶᠢ ᠰᠠᠶᠢᠲᠤᠷ ᠬᠢᠨ᠎ᠠ᠃ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠪᠡᠯᠡᠳᠬᠡᠯ ᠲᠥᠰᠥᠯ ᠢ ᠴᠢᠩᠭ᠎ᠠ ᠪᠠᠶᠢᠭᠤᠯᠤᠨ ᠲᠡᠭᠦᠯᠳᠡᠷᠵᠢᠭᠦᠯᠵᠦ᠂ ᠭᠤᠣᠯᠳᠠᠯᠭ᠎ᠠ ᠲᠠᠢ ᠵᠣᠭᠠᠴᠠᠯ ᠤᠨ ᠵᠠᠮ ᠱᠤᠭᠤᠮ ᠪᠠ ᠦᠵᠡᠮᠵᠢ ᠶᠢᠨ ᠣᠷᠣᠨ ᠤ ᠵᠠᠮ ᠳᠤᠮᠳᠠᠬᠢ ᠠᠶᠤᠯᠲᠠᠢ ᠵᠠᠮ ᠤᠨ ᠬᠡᠰᠡᠭ ᠪᠠ ᠡ᠊ᠨᠳᠡᠯ ᠣᠯᠠᠨ ᠭᠠᠷᠳᠠᠭ ᠭᠠᠵᠠᠷ ᠢ ᠬᠢᠨᠠᠮᠠᠭᠠᠢ ᠵᠢᠭᠰᠠᠭᠠᠨ ᠪᠠᠶᠢᠴᠠᠭᠠᠬᠤ ᠪᠠ ᠴᠡᠭᠴᠡᠯᠡᠨ ᠰᠠᠶᠢᠵᠢᠷᠠᠭᠤᠯᠵᠤ᠂ ᠲᠦᠭᠰᠢᠭᠦᠷᠢ ᠶᠢᠨ ᠰᠡᠷᠡᠮᠵᠢ ᠶᠢᠨ ᠲᠡᠮᠳᠡᠭ ᠪᠠ ᠬᠠᠮᠢᠶ᠎ᠠ ᠪᠦᠬᠦᠢ ᠲᠦᠬᠦᠭᠡᠷᠣᠮᠵᠢ ᠶᠢ ᠪᠠᠶᠢᠭᠤᠯᠬᠤ ᠬᠡᠷᠡᠭᠲᠡᠢ︔ ᠦᠵᠡᠮᠵᠢ ᠶᠢᠨ ᠣᠷᠣᠨ ᠤ ᠲᠦᠭᠰᠢᠭᠦᠷᠢ ᠮᠡᠳᠡᠭᠦᠯᠬᠦ ᠶᠢ ᠰᠢᠢᠳᠪᠦᠷᠢᠯᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠭᠡᠨᠡᠳᠲᠡ ᠶᠢᠨ ᠬᠡᠷᠡᠭ ᠢ ᠴᠠᠭ ᠲᠤᠬᠠᠢ ᠳᠤᠨᠢ ᠠᠷᠭᠠᠴᠠᠭᠠᠨ᠂ ᠠᠮᠤᠷ ᠲᠦᠪᠰᠢᠨ ᠤ ᠡ᠊ᠨᠳᠡᠯ ᠭᠠᠷᠬᠤ ᠶᠢ ᠰᠡᠷᠭᠡᠶᠢᠯᠡᠨ ᠪᠠᠭᠠᠰᠬᠠᠬᠤ ᠬᠡᠷᠡᠭᠲᠡᠢ︔ ᠦᠵᠡᠮᠵᠢ ᠶᠢᠨ ᠣᠷᠣᠨ ᠤ ᠤᠢ ᠰᠢᠭᠤᠢ ᠶᠢᠨ ᠭᠠᠯ ᠲᠣᠶᠢᠮᠡᠷ ᠢ ᠰᠡᠷᠭᠡᠶᠢᠯᠡᠬᠦ ᠪᠠ ᠭᠠᠵᠠᠷ  ᠰᠢᠨᠵᠢᠯᠡᠭᠡᠨ ᠤ ᠭᠠᠢ ᠭᠠᠮᠰᠢᠭ ᠢ ᠰᠡᠷᠭᠡᠶᠢᠯᠡᠨ ᠵᠠᠰᠠᠬᠤ ᠠᠵᠢᠯ ᠢ ᠰᠠᠶᠢᠲᠤᠷ ᠬᠢᠨ᠎ᠠ᠃ ︵ᠬᠠᠷᠢᠭᠤᠴᠠᠯᠭᠠᠲᠤ ᠨᠢᠭᠡᠴᠢ᠄ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠰᠣᠶᠣᠯ ᠵᠣᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ︶      ᠬᠤᠶᠠᠷ ᠲᠤ ᠣᠨᠴᠠ ᠲᠦᠷᠦᠯ ᠤᠨ ᠲᠥᠬᠦᠭᠡᠷᠦᠮᠵᠢ᠂ ᠢᠳᠡᠭᠡᠨ ᠤ ᠠᠷᠢᠭᠤᠨ ᠴᠡᠪᠡᠷ ᠤᠨ ᠠᠶᠤᠯᠭᠦᠢ ᠶᠢᠨ ᠪᠠᠶᠢᠴᠠᠭᠠᠯᠲᠠ ᠶᠢ ᠴᠢᠩᠭᠠᠳᠬᠠᠨ᠎ᠠ᠃  ᠣᠰᠣᠨ ᠳᠤ ᠬᠥᠪᠬᠦ ᠭᠠᠵᠠᠷ᠂ ᠭᠠᠷᠠᠮ᠂ ᠴᠠᠰᠤᠨ ᠳᠤ ᠭᠤᠯᠭᠤᠬᠤ ᠲᠠᠯᠠᠪᠠᠶ ᠵᠡᠷᠭᠡ ᠠᠶᠤᠯ ᠶᠡᠬᠡᠲᠡᠢ ᠵᠣᠭᠠᠴᠠᠯ ᠤᠨ ᠲᠠᠯᠠᠪᠤᠷ ᠭᠠᠵᠠᠷ ᠵᠢᠴᠢ ᠭᠦᠸᠧᠯᠦ᠂ ᠭᠠᠯ ᠰᠠᠷᠭᠡᠶᠢᠯᠡᠵᠣ ᠤᠨᠲᠠᠷᠠᠭᠠᠬᠤ ᠵᠡᠷᠭᠡ ᠵᠣᠭᠠᠴᠠᠯ ᠤᠨ ᠲᠥᠬᠦᠭᠡᠷᠦᠮᠵᠢ ᠶᠢᠨ ᠠᠮᠤᠷ ᠲᠦᠪᠰᠢᠨ ᠤ ᠪᠠᠶᠢᠴᠠᠭᠠᠯᠲᠠ ᠶᠢ ᠴᠢᠩᠭᠠᠳᠬᠠᠵᠤ᠂ ᠠᠮᠤᠷ ᠲᠦᠪᠰᠢᠨ ᠤ ᠳᠠᠯᠳᠠ ᠬᠡᠮ ᠢ ᠬᠢᠨᠠᠮᠠᠭᠠᠢ ᠵᠢᠭᠰᠠᠭᠠᠨ ᠪᠠᠶᠢᠴᠠᠭᠠᠨ᠎ᠠ︔ ᠦᠵᠡᠮᠵᠢ ᠶᠢᠨ ᠣᠷᠣᠨ ᠤ ᠡᠮᠴᠢᠯᠡᠭᠡᠨ ᠤ ᠲᠦᠷᠭᠡᠨ ᠠᠪᠤᠷᠠᠬᠤ ᠨᠥᠬᠦᠴᠡᠯ ᠢ ᠰᠠᠶᠢᠵᠢᠷᠠᠭᠤᠯᠵᠤ᠂ ᠢᠳᠡᠭᠡᠨ ᠤ ᠠᠷᠢᠭᠤᠨ ᠴᠡᠪᠡᠷ ᠪᠠ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠶᠤᠯᠭᠦᠢ ᠶᠢᠨ ᠠᠵᠢᠯ ᠢ ᠰᠠᠶᠢᠲᠤᠷ ᠬᠢᠨ᠎ᠡ᠃ ︵ᠬᠠᠷᠢᠭᠤᠴᠠᠯᠭᠠᠲᠤ ᠨᠢᠭᠡᠴᠢ᠄ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶       ᠭᠤᠷᠪᠠ ᠳᠤ ᠵᠣᠭᠠᠴᠠᠯ ᠤᠨ ᠭᠠᠵᠠᠷ ᠤᠨ ᠲᠦᠷᠢᠶᠡᠰᠦᠯᠡᠭᠰᠡᠨ ᠲᠡᠷᠭᠡ ᠬᠥᠰᠬᠡ ᠶᠢ ᠴᠡᠭᠴᠡᠯᠡᠬᠦ ᠠᠵᠢᠯ ᠢ ᠥᠷᠨᠢᠭᠦᠯᠦᠨ᠎ᠡ᠃ ᠵᠣᠭᠠᠴᠠᠯ ᠤᠨ ᠭᠠᠵᠠᠷ ᠪᠦᠯᠬᠦᠮ ᠬᠦᠯᠢᠶᠡᠨ ᠠᠪᠴᠤ ᠲᠡᠷᠭᠡ ᠬᠡᠷᠡᠭᠯᠡᠬᠦ ᠳᠦᠷᠢᠮ ᠢ ᠲᠡᠭᠦᠯᠳᠡᠷᠵᠢᠭᠦᠯᠵᠦ᠂ ᠵᠣᠭᠠᠴᠠᠯ ᠤᠨ ᠭᠠᠵᠠᠷ ᠪᠠ ᠮᠠᠰᠢᠨ ᠲᠡᠷᠭᠡᠨ ᠤ ᠺᠣᠮᠫᠠᠨᠢ ᠶᠢᠨ ᠲᠡᠷᠭᠡ ᠬᠥᠰᠬᠡ ᠲᠦᠷᠢᠶᠡᠰᠦᠯᠡᠨ ᠬᠡᠷᠡᠭᠯᠡᠬᠦ ᠭᠡᠷ᠎ᠡ ᠶᠢ ᠵᠢᠷᠤᠮᠵᠢᠭᠤᠯᠬᠤ ᠶᠢᠨ ᠬᠠᠮᠲᠤ ᠭᠡᠷ᠎ᠡ ᠶᠢ ᠭᠦᠢᠴᠡᠳᠬᠡᠭᠰᠡᠨ ᠪᠠᠶᠢᠳᠠᠯ ᠳᠤ ᠬᠢᠨᠠᠯᠲᠠ ᠲᠠᠯᠪᠢᠨ᠎ᠠ᠃ ︵ᠬᠠᠷᠢᠭᠤᠴᠠᠯᠭᠠᠲᠤ ᠨᠢᠭᠡᠴᠢ᠄ ᠰᠣᠶᠣᠯ ᠵᠣᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ︶      ︵ᠬᠤᠶᠠᠷ︶  ᠵᠢᠭᠤᠯᠴᠢᠯᠠᠯ ᠤᠨ ᠬᠤᠷᠢᠶ᠎ᠠ ᠶᠢᠨ ᠵᠠᠬ᠎ᠠ ᠳᠡᠯᠭᠡᠭᠦᠷ   ᠤᠨ ᠡᠵᠡᠩᠨᠡᠯᠲᠡ ᠶᠢᠨ ᠥᠢᠯᠡ ᠠᠵᠢᠯᠯᠠᠭ᠎ᠠ ᠶᠢ ᠲᠤᠰᠬᠠᠢ ᠵᠦᠢᠯ ᠢᠶᠠᠷ ᠴᠡᠭᠴᠡᠯᠡᠨ ᠵᠠᠰᠠᠬᠤ ᠠᠵᠢᠯ ᠢ ᠦᠷᠨᠢᠬᠦᠯᠣᠨ᠎ᠠ      ᠨᠢᠭᠡ ᠳᠤ ᠵᠢᠭᠤᠯᠴᠢᠯᠠᠯ ᠤᠨ ᠬᠤᠷᠢᠶ᠎ᠠ ᠶᠢᠨ ᠲᠤᠬᠠᠶᠢᠯᠠᠭᠰᠠᠨ ᠠᠵᠢᠯ ᠢ ᠵᠥᠪᠰᠢᠶᠡᠷᠡᠭᠦᠯᠦᠭᠰᠡᠨ ᠦᠭᠡᠢ ᠪᠠᠷ ᠡᠵᠡᠩᠨᠡᠬᠦ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢ ᠲᠥᠪᠯᠡᠷᠡᠭᠦᠯᠦᠨ ᠥᠷᠨᠢᠭᠦᠯᠦᠨ᠎ᠡ᠃ ᠵᠥᠪᠯᠡᠯᠭᠡ ᠥᠭᠬᠦ ᠦᠢᠯᠡᠴᠢᠯᠡᠭᠡ᠂ ᠬᠤᠯᠪᠣᠭ᠎ᠠ ᠠᠪᠬᠤ ᠬᠡᠷᠡᠭ ᠡᠷᠬᠢᠯᠡᠬᠦ ᠭᠠᠵᠠᠷ᠂ ᠬᠤᠷᠠᠯ ᠴᠤᠭᠯᠠᠭᠠᠨ ᠦᠵᠡᠭᠦᠯᠭᠡ᠂ ᠭᠡᠷ ᠤᠨ ᠭᠠᠳᠠᠨᠠᠬᠢ ᠬᠥᠳᠡᠯᠭᠡᠭᠡᠨ᠂ ᠮᠠᠰᠢᠨ ᠲᠡᠷᠭᠡ ᠲᠦᠷᠢᠶᠡᠰᠦᠯᠡᠬᠦ᠂ ᠡᠷᠡᠭᠦᠯᠵᠢᠯ ᠰᠤᠪᠢᠯᠠᠯᠲᠠ᠂ ᠳᠠᠭᠠᠳᠬᠠᠯ ᠬᠢᠭᠡᠳ ᠡᠷᠡᠭᠦᠯᠵᠢᠯ ᠤᠨ ᠡᠳ᠋ ᠢ ᠡᠵᠡᠩᠨᠡᠨ ᠪᠣᠷᠣᠯᠠᠭᠤᠯᠬᠤ ᠠᠵᠢᠯᠯᠠᠭ᠎ᠠ ᠵᠡᠷᠭᠡ ᠨᠡᠷ᠎ᠡ ᠪᠠᠷ ᠵᠢᠭᠤᠯᠴᠢᠯᠠᠯ ᠤᠨ ᠬᠤᠷᠢᠶ᠎ᠠ ᠶᠢᠨ ᠲᠤᠬᠠᠶᠢᠯᠠᠭᠰᠠᠨ ᠠᠵᠢᠯ ᠢ ᠦᠨᠡᠮᠯᠡᠯ ᠦᠭᠡᠢ ᠪᠠᠷ ᠡᠵᠡᠩᠨᠡᠵᠦ ᠪᠠᠶᠢᠭ᠎ᠠ ︽ᠨᠢᠭᠤᠴᠠ ᠵᠢᠭᠤᠯᠴᠢᠯᠠᠯ ᠤᠨ ᠬᠤᠷᠢᠶ᠎ᠠ︾ ᠶᠢ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃ ︵ᠬᠠᠷᠢᠭᠤᠴᠠᠯᠭᠠᠲᠤ ᠨᠢᠭᠡᠴᠢ᠄ ᠰᠣᠶᠣᠯ ᠵᠣᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ︶      ᠬᠤᠶᠠᠷ ᠲᠤ ᠵᠦᠢ ᠵᠣᠬᠢᠰ ᠦᠭᠡᠢ ᠬᠢᠮᠳᠠ ᠦᠨ᠎ᠡ ᠶᠢᠨ ᠵᠣᠭᠠᠴᠠᠯ ᠤᠨ ᠦᠢᠯᠡᠳᠬᠦᠨ ᠳᠤ ᠴᠣᠬᠢᠯᠲᠠ ᠥᠭᠴᠦ ᠪᠠᠶᠢᠴᠠᠭᠠᠨ ᠰᠢᠢᠳᠪᠦᠷᠢᠯᠡᠨ᠎ᠡ᠃ ᠵᠢᠭᠤᠯᠴᠢᠯᠠᠯ ᠤᠨ ᠬᠤᠷᠢᠶ᠎ᠠ  ᠵᠣᠭᠠᠴᠠᠯ ᠤᠨ ᠥᠪᠡᠷ ᠤᠨ ᠥᠷᠲᠡᠭ ᠠᠴᠠ ᠳᠣᠣᠷ᠎ᠠ ᠪᠠᠶᠢᠬᠤ᠂ ᠵᠦᠢ ᠵᠣᠬᠢᠰ ᠦᠭᠡᠢ ᠳᠣᠣᠷ᠎ᠠ ᠦᠨ᠎ᠡ ᠪᠠᠷ ᠵᠣᠭᠠᠴᠠᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠪᠦᠯᠬᠦᠮ ᠤᠨ ᠵᠣᠭᠤᠰ ᠢ ᠲᠥᠯᠥᠬᠦ ᠦᠭᠡᠢ ᠪᠤᠶᠤ ᠲᠥᠯᠥᠬᠦ ᠪᠦᠯᠬᠦᠮ ᠤᠨ ᠵᠣᠭᠤᠰ ᠢ ᠥᠪᠡᠷ ᠤᠨ ᠥᠷᠲᠡᠭ ᠠᠴᠠ ᠳᠣᠣᠷ᠎ᠠ ᠪᠠᠶᠢᠯᠭᠠᠬᠤ ᠵᠣᠭᠠᠴᠠᠯ ᠤᠨ ᠪᠦᠯᠬᠦᠮ ᠨᠡᠶᠢᠲᠡ ᠶᠢ ᠭᠥᠯᠢᠶᠡᠨ ᠠᠪᠴᠤ ᠵᠣᠴᠢᠯᠠᠬᠤ᠂ ᠵᠣᠭᠠᠴᠠᠯ ᠤᠨ ᠬᠥᠲᠥᠴᠢ ᠪᠠᠷ ᠣᠷᠣᠯᠠᠨ ᠲᠥᠯᠥᠭᠦᠯᠬᠦ ᠪᠤᠶᠤ ᠵᠣᠭᠠᠴᠠᠯ ᠤᠨ ᠬᠥᠲᠥᠴᠢ ᠠᠴᠠ ᠵᠠᠷᠤᠳᠠᠯ ᠬᠤᠷᠢᠶᠠᠬᠤ᠂ ᠪᠦᠯᠬᠦᠮ  ᠠᠴᠠ ᠬᠤᠳᠠᠯᠳᠤᠨ ᠠᠪᠴᠤ  ᠬᠤᠳᠡᠯᠳᠣᠭᠤᠯᠬᠤ ᠵᠡᠷᠭᠡ ᠵᠣᠭᠠᠴᠠᠭᠰᠠᠳ ᠢ ᠵᠠᠪᠰᠢᠬᠤ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠬᠠᠤᠯᠢ ᠶᠣᠰᠣᠭᠠᠷ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃ ︵ᠬᠠᠷᠢᠭᠤᠴᠠᠯᠭᠠᠲᠤ ᠨᠢᠭᠡᠴᠢ᠄ ᠰᠣᠶᠣᠯ ᠵᠣᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ︶       ᠭᠤᠷᠪᠠ ᠳᠤ ᠵᠣᠭᠠᠴᠠᠯ ᠤᠨ ᠠᠵᠢᠯᠯᠠᠭ᠎ᠠ ᠶᠢᠨ ᠳᠤᠮᠳᠠᠬᠢ ᠮᠡᠬᠡᠯᠡᠯ᠂ ᠠᠯᠪᠠᠳᠠᠯᠭ᠎ᠠ ᠪᠠᠷ ᠪᠠᠷᠠᠭ᠎ᠠ ᠬᠤᠳᠠᠯᠳᠤᠨ ᠠᠪᠤᠭᠰᠠᠨ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠴᠣᠬᠢᠯᠲᠠ ᠥᠭᠴᠦ ᠪᠠᠶᠢᠴᠠᠭᠠᠨ ᠰᠢᠢᠳᠪᠦᠷᠢᠯᠡᠨ᠎ᠡ᠃ ᠵᠢᠭᠤᠯᠴᠢᠯᠠᠯ ᠤᠨ ᠬᠤᠷᠢᠶ᠎ᠠ ᠵᠣᠭᠠᠴᠠᠭᠴᠢ ᠶᠢᠨ ᠵᠥᠪᠰᠢᠶᠡᠷᠡᠯ ᠦᠭᠡᠢ ᠪᠠᠷ ᠵᠣᠭᠠᠴᠠᠯ ᠤᠨ ᠭᠡᠷ᠎ᠡ ᠳᠤ ᠪᠣᠯᠵᠣᠨ ᠲᠣᠭᠲᠠᠭᠰᠠᠨ ᠠᠴᠠ ᠭᠠᠳᠠᠨ᠎ᠠ ᠵᠣᠭᠠᠴᠠᠯ ᠤᠨ ᠠᠶᠠᠯᠠᠯ ᠢ ᠳᠤᠷ᠎ᠠ ᠪᠠᠷ ᠢᠶᠠᠨ ᠬᠤᠪᠢᠷᠠᠭᠤᠯᠵᠤ ᠠᠯᠪᠠᠳᠠᠯᠭ᠎ᠠ ᠪᠠᠷ ᠪᠠᠷᠠᠭ᠎ᠠ ᠬᠤᠳᠠᠯᠳᠤᠨ ᠠᠪᠬᠤ ᠪᠤᠶᠤ ᠪᠤᠰᠤᠳ ᠲᠥᠯᠥᠪᠦᠷᠢᠲᠦ ᠦᠢᠯᠡᠴᠢᠯᠡᠭᠡ ᠬᠠᠩᠭᠠᠬᠤ  ᠶᠢ ᠬᠠᠤᠯᠢ ᠶᠣᠰᠣᠭᠠᠷ ᠴᠢᠩᠭ᠎ᠠ ᠪᠠᠶᠢᠴᠠᠭᠠᠨ ᠰᠢᠢᠳᠪᠦᠷᠢᠯᠡᠨ᠎ᠠ᠂ ᠵᠣᠭᠠᠴᠠᠯ ᠤᠨ ᠭᠠᠵᠠᠷ᠂ ᠵᠣᠭᠠᠴᠠᠯ ᠤᠨ ᠬᠥᠲᠥᠴᠢ ᠵᠣᠭᠠᠴᠠᠭᠴᠢ ᠶᠢᠨ ᠪᠡᠶ᠎ᠡ ᠮᠠᠬᠠᠪᠤᠳ ᠢ ᠰᠦᠷᠳᠡᠭᠦᠯᠬᠦ᠂ ᠬᠦᠴᠣᠷᠭᠡᠭᠯᠡᠯ ᠰᠦᠷᠳᠡᠭᠦᠯᠬᠦ ᠵᠡᠷᠭᠡ ᠠᠵᠢᠯᠯᠠᠭ᠎ᠠ ᠪᠠᠷ ᠵᠣᠭᠠᠴᠠᠭᠴᠢ ᠶᠢ ᠠᠯᠪᠠᠳᠠᠵᠤ ᠪᠠᠶᠢᠭᠠᠳ ᠪᠠᠷᠠᠭ᠎ᠠ ᠬᠤᠳᠠᠯᠳᠤᠨ ᠠᠪᠤᠭᠤᠯᠵᠤ᠂ ᠵᠢᠭᠤᠯᠴᠢᠯᠠᠯ ᠤᠨ ᠬᠤᠷᠢᠶ᠎ᠠ᠂ ᠵᠣᠭᠠᠴᠠᠯ ᠤᠨ ᠬᠥᠲᠥᠴᠢ ᠶᠢᠨ ᠲᠣᠬᠢᠷᠠᠭᠤᠯᠤᠭᠰᠠᠨ ᠪᠠᠷᠠᠭ᠎ᠠ ᠬᠤᠳᠠᠯᠳᠤᠨ ᠠᠪᠬᠤ ᠲᠠᠯᠠᠪᠤᠷ ᠭᠠᠵᠠᠷ ᠨᠢ ᠬᠠᠤᠯᠢ ᠪᠤᠰᠤ ᠪᠠᠷ ᠡᠵᠡᠩᠨᠡᠭᠰᠡᠨ ᠪᠤᠶᠤ ᠨᠡᠶᠢᠭᠡᠮ ᠨᠡᠶᠢᠲᠡ ᠳᠤ ᠨᠡᠭᠡᠭᠡᠭᠰᠡᠨ ᠦᠭᠡᠢ᠂ ᠲᠣᠬᠢᠷᠠᠭᠤᠯᠤᠭᠰᠠᠨ ᠪᠠᠷᠠᠭ᠎ᠠ ᠬᠤᠳᠠᠯᠳᠤᠨ ᠠᠪᠬᠤ ᠲᠠᠯᠠᠪᠤᠷ ᠭᠠᠵᠠᠷ ᠤᠨ ᠲᠠᠸᠠᠷ ᠪᠣᠷᠣᠯᠠᠭᠤᠯᠬᠤ ᠳᠠᠭᠠᠨ ᠬᠠᠭᠤᠷᠮᠠᠭ ᠶᠠᠭᠤᠮ᠎ᠠ ᠪᠠᠷ ᠬᠤᠯᠢᠭᠰᠠᠨ᠂ ᠬᠠᠭᠤᠷᠮᠠᠭ ᠢᠶᠠᠷ ᠵᠢᠩᠬᠢᠨᠢ ᠶᠢ ᠣᠷᠣᠯᠠᠭᠤᠯᠤᠭᠰᠠᠨ᠂ ᠮᠠᠭᠤ ᠪᠠᠷ ᠰᠠᠶᠢᠨ ᠢ ᠣᠷᠣᠯᠠᠭᠤᠯᠤᠭᠰᠠᠨ ᠳᠤ᠂ ᠵᠣᠭᠠᠴᠠᠭᠴᠢ ᠶᠢ ᠥᠳᠥᠭᠡᠨ ᠮᠡᠬᠡᠯᠡᠵᠦ ᠪᠠᠶᠢᠭᠠᠳ ᠵᠣᠭᠠᠴᠠᠯ ᠤᠨ ᠲᠠᠸᠠᠷ ᠢ ᠬᠤᠳᠠᠯᠳᠤᠭᠤᠯᠵᠤ ᠬᠠᠷᠢᠭᠤ ᠬᠠᠷᠠᠮᠵᠢ᠂ ᠬᠤᠪᠢᠳᠠᠯ ᠵᠡᠷᠭᠡ ᠵᠦᠢ ᠪᠤᠰᠤ ᠠᠰᠢᠭ ᠣᠯᠬᠤ ᠵᠡᠷᠭᠡ ᠬᠠᠤᠯᠢ ᠲᠣᠭᠲᠠᠭᠠᠯ ᠢ ᠵᠥᠷᠢᠴᠡᠭᠰᠡᠨ ᠦᠶᠯᠡ ᠠᠵᠢᠯᠯᠠᠭ᠎ᠠ ᠳᠤ ᠲᠣᠭᠠᠴᠠᠭᠳᠠᠨ᠎ᠠ᠃ ︵ᠬᠠᠷᠢᠭᠤᠴᠠᠯᠭᠠᠲᠤ ᠨᠢᠭᠡᠴᠢ᠄ ᠰᠣᠶᠣᠯ ᠵᠣᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ︶      ᠳᠥᠷᠪᠡ ᠳᠤ ᠵᠢᠭᠤᠯᠴᠢᠯᠠᠯ ᠤᠨ ᠬᠤᠷᠢᠶ᠎ᠠ ᠶᠢᠨ ᠬᠢᠷᠢ ᠲᠡᠩᠴᠡᠬᠦ ᠦᠭᠡᠢ ᠬᠠᠩᠭᠠᠯᠭ᠎ᠠ ᠶᠢᠨ  ᠪᠣᠳᠡᠰ ᠢ ᠬᠤᠳᠠᠯᠳᠤᠭᠠᠴᠢᠨ ᠠᠴᠠ ᠦᠢᠯᠡᠳᠬᠦᠨ ᠪᠠ ᠦᠢᠯᠡᠴᠢᠯᠡᠭᠡ ᠵᠠᠬᠢᠶᠠᠯᠠᠨ ᠠᠪᠬᠤ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠳᠤ ᠴᠣᠬᠢᠯᠲᠠ ᠥᠭᠭᠦᠨ᠎ᠡ᠃ ᠵᠢᠭᠤᠯᠴᠢᠯᠠᠯ ᠤᠨ ᠬᠤᠷᠢᠶ᠎ᠠ ᠶᠢᠨ ᠵᠣᠭᠠᠴᠠᠯ ᠤᠨ ᠡᠵᠡᠩᠨᠡᠯᠲᠡ ᠶᠢᠨ ᠬᠢᠷᠢ ᠬᠡᠮ ᠦᠭᠡᠢ ︽ᠬᠠᠷ᠎ᠠ ᠲᠡᠷᠭᠡ︾ ᠶᠢ ᠬᠥᠯᠥᠰᠦᠯᠡᠨ ᠬᠡᠷᠡᠭᠯᠡᠭᠰᠡᠨ ᠶᠠᠪᠤᠳᠠᠯ ᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠵᠦ᠂ ᠵᠣᠭᠠᠴᠠᠯ ᠤᠨ ᠪᠦᠯᠬᠦᠮ ᠤᠨ ᠬᠢᠨ ᠲᠣᠭᠲᠠᠭᠠᠯ ᠠᠴᠠ ᠵᠥᠷᠢᠴᠡᠨ ᠪᠦᠲᠦᠭᠡᠨ ᠪᠠᠶᠢᠭᠤᠯᠤᠭᠰᠠᠨ᠂ ᠦᠨᠡᠮᠯᠡᠯ ᠪᠦᠷᠢᠨ ᠪᠤᠰᠤ ︽ᠬᠠᠷ᠎ᠠ ᠲᠠᠩᠰᠠᠳᠣ ᠦᠵᠡᠮᠵᠢ ᠶᠢᠨ ᠣᠷᠣᠨ︾ ︽ᠬᠠᠷ᠎ᠠ ᠲᠠᠩᠰᠠᠳᠣ ᠳᠡᠯᠭᠡᠭᠦᠷ︾ ᠲᠤ ᠣᠷᠣᠵᠤ᠂ ᠵᠢᠭᠤᠯᠴᠢᠯᠠᠯ ᠤᠨ ᠬᠤᠷᠢᠶ᠎ᠠ ᠵᠣᠭᠠᠴᠠᠭᠴᠢ ᠶᠢ ᠮᠣᠷᠢ ᠤᠨᠤᠬᠤ᠂ ᠬᠥᠪᠬᠦ ᠨᠠᠭᠠᠳᠣᠮ ᠵᠡᠷᠭᠡ ᠠᠶᠤᠯᠲᠠᠢ ᠵᠣᠭᠠᠴᠠᠯ ᠤᠨ ᠠᠵᠢᠯᠯᠠᠭ᠎ᠠ ᠳᠤ ᠣᠷᠣᠯᠴᠠᠭᠤᠯᠬᠤ ᠪᠠᠷ ᠲᠣᠬᠢᠷᠠᠭᠤᠯᠤᠭᠰᠠᠨ ᠪᠥᠭᠡᠳ ᠦᠨᠡᠮᠯᠡᠯ ᠨᠢ ᠪᠦᠷᠢᠨ ᠭᠦᠢᠴᠡᠳ ᠪᠠ ᠵᠣᠬᠢᠴᠠᠩᠭᠤᠢ ᠳᠠᠭᠠᠳᠬᠠᠯ ᠳᠤ ᠣᠷᠣᠯᠴᠠᠭᠰᠠᠨ ᠡᠵᠡᠩᠨᠡᠯᠲᠡ ᠶᠢᠨ ᠨᠢᠭᠡᠴᠢ ᠶᠢ ᠰᠣᠩᠭᠤᠭᠰᠠᠨ ᠦᠭᠡᠢ᠂ ᠵᠢᠭᠤᠯᠴᠢᠯᠠᠯ ᠤᠨ ᠬᠤᠷᠢᠶ᠎ᠠ ᠵᠢᠴᠢ ᠲᠡᠭᠦᠨ ᠤ ᠠᠵᠢᠯᠯᠠᠭᠴᠢᠳ ᠵᠣᠭᠠᠴᠠᠭᠴᠢ ᠶᠢ ᠵᠣᠬᠢᠶᠠᠨ ᠪᠠᠶᠢᠭᠤᠯᠵᠤ᠂ ᠬᠦᠯᠢᠶᠡᠨ ᠠᠪᠴᠣ᠂ ᠬᠠᠤᠯᠢ ᠴᠠᠭᠠᠵᠠ ᠬᠠᠤᠯᠢ ᠲᠣᠭᠲᠠᠭᠠᠯ ᠪᠠ ᠨᠡᠶᠢᠭᠡᠮ ᠨᠡᠶᠢᠲᠡ ᠶᠢᠨ ᠶᠣᠰᠣ ᠮᠣᠷᠠᠯ ᠢ ᠵᠥᠷᠢᠴᠡᠭᠰᠡᠨ ᠵᠦᠢᠯᠡᠰ ᠪᠤᠶᠤ ᠠᠵᠢᠯᠯᠠᠭ᠎ᠠ ᠶᠢ ᠲᠣᠭᠤᠷᠢᠨ ᠦᠵᠡᠬᠦ ᠪᠤᠶᠤ ᠲᠡᠭᠦᠨ ᠳᠤ ᠣᠷᠣᠯᠴᠠᠬᠤ ᠪᠠᠷ ᠲᠣᠬᠢᠷᠠᠭᠤᠯᠤᠭᠰᠠᠨ ᠵᠡᠷᠭᠡ ᠬᠠᠤᠯᠢ ᠲᠣᠭᠲᠠᠭᠠᠯ ᠢ ᠵᠥᠷᠢᠴᠡᠭᠰᠡᠨ ᠦᠢᠯᠡ ᠠᠵᠢᠯᠯᠠᠭ᠎ᠠ ᠪᠠᠭᠳᠡᠨ᠎ᠠ᠃ ︵ᠬᠠᠷᠢᠭᠤᠴᠠᠯᠭᠠᠲᠤ ᠨᠢᠭᠡᠴᠢ᠄ ᠰᠣᠶᠣᠯ ᠵᠣᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ︶      ᠲᠠᠪᠤ ᠳᠤ ᠵᠢᠭᠤᠯᠴᠢᠯᠠᠯ ᠤᠨ ᠬᠤᠷᠢᠶ᠎ᠠ ᠶᠢᠨ ᠭᠡᠷ᠎ᠡ ᠶᠢᠨ ᠠᠵᠢᠯᠯᠠᠭ᠎ᠠ ᠶᠢ ᠴᠢᠩᠭ᠎ᠠ ᠪᠠᠶᠢᠴᠠᠭᠠᠨ᠎ᠠ᠃ ᠵᠢᠭᠤᠯᠴᠢᠯᠠᠯ ᠤᠨ ᠬᠤᠷᠢᠶ᠎ᠠ ᠵᠣᠭᠠᠴᠠᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠬᠤ ᠪᠠ ᠲᠣᠬᠢᠷᠠᠭᠤᠯᠬᠤ ᠳᠠᠭᠠᠨ ᠵᠣᠭᠠᠴᠠᠭᠴᠢ ᠲᠠᠢ ᠵᠣᠭᠠᠴᠠᠯ ᠤᠨ ᠭᠡᠷ᠎ᠡ ᠲᠣᠭᠲᠠᠭᠠᠭᠰᠠᠨ ᠦᠭᠡᠢ᠂ ᠪᠦᠯᠬᠦᠮ ᠵᠣᠬᠢᠶᠠᠨ ᠪᠠᠶᠢᠭᠤᠯᠣᠨ ᠭᠡᠷ᠎ᠡ ᠲᠣᠭᠲᠠᠭᠠᠭᠰᠠᠨ ᠦᠭᠡᠢ᠂ ︽ᠪᠦᠬᠦ ᠤᠯᠤᠰ ᠤᠨ ᠵᠣᠭᠠᠴᠠᠯ ᠤᠨ ᠬᠢᠨᠠᠯᠲᠠ ᠬᠠᠮᠢᠶᠠᠷᠤᠯᠲᠠ ᠶᠢᠨ ᠦᠢᠯᠡᠴᠢᠯᠡᠭᠡᠨ ᠤ ᠲᠠᠪᠴᠠᠩ︾ ᠤᠨ ᠡᠯᠧᠺᠲᠷᠣᠨ ᠭᠡᠷ᠎ᠡ ᠶᠢᠨ ᠵᠢᠱᠢᠶ᠎ᠡ ᠦᠵᠡᠭᠦᠯᠬᠦ ᠪᠢᠴᠢᠭ ᠢ ᠵᠢᠷᠤᠮᠵᠢᠭᠤᠯᠤᠨ ᠬᠡᠷᠡᠭᠯᠡᠭᠰᠡᠨ ᠦᠭᠡᠢ ᠪᠠᠶᠢᠳᠡᠯ ᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠵᠦ᠂ ᠵᠣᠭᠠᠴᠠᠯ ᠤᠨ ᠦᠵᠡᠮᠵᠢ ᠶᠢᠨ ᠣᠷᠣᠨ᠂ ᠵᠣᠴᠢᠳ ᠤᠨ ᠪᠠᠭᠤᠳᠠᠯ᠂ ᠵᠣᠭᠠᠴᠠᠯ ᠤᠨ ᠮᠠᠰᠢᠨ ᠲᠡᠷᠭᠡᠨ ᠤ ᠺᠣᠮᠫᠠᠨᠢ ᠵᠡᠷᠭᠡ ᠯᠦᠭᠡ ᠵᠢᠷᠤᠮᠵᠢᠭᠰᠠᠨ ᠠᠳᠠᠯᠢ ᠠᠵᠢᠯ ᠲᠥᠷᠥᠯ ᠤᠨ ᠭᠡᠷ᠎ᠡ ᠲᠣᠭᠲᠠᠭᠠᠭᠰᠠᠨ ᠦᠭᠡᠢ᠂ ᠤᠷᠢᠨ ᠬᠡᠷᠡᠭᠯᠡᠭᠰᠡᠨ ᠵᠣᠭᠠᠴᠠᠯ ᠤᠨ ᠬᠥᠲᠥᠴᠢ ᠯᠦᠭᠡ ᠬᠥᠳᠡᠯᠮᠦᠷᠢ ᠶᠢᠨ ᠭᠡᠷ᠎ᠡ ᠲᠣᠭᠲᠠᠭᠠᠭᠰᠠᠨ ᠦᠭᠡᠢ᠂ ᠬᠥᠳᠡᠯᠮᠦᠷᠢ ᠶᠢᠨ ᠬᠥᠯᠥᠰᠦ ᠣᠯᠭᠤᠮᠵᠢ ᠥᠭᠭᠦᠭᠰᠡᠨ ᠦᠭᠡᠢ᠂ ᠨᠡᠶᠢᠭᠡᠮ ᠤᠨ ᠳᠠᠭᠠᠳᠬᠠᠯ ᠤᠨ ᠵᠠᠷᠤᠳᠠᠯ ᠲᠤᠰᠢᠶᠠᠭᠰᠠᠨ ᠦᠭᠡᠢ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠪᠠᠭᠳᠡᠨ᠎ᠠ᠃ ︵ᠬᠠᠷᠢᠭᠤᠴᠠᠯᠭᠠᠲᠤ ᠨᠢᠭᠡᠴᠢ᠄ ᠰᠣᠶᠣᠯ ᠵᠣᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ︶      ︵ᠭᠤᠷᠪᠠ︶ ᠵᠣᠭᠠᠴᠠᠯ ᠤᠨ ᠬᠥᠲᠥᠴᠢ ᠶᠢᠨ ᠦᠢᠯᠡᠴᠢᠯᠡᠭᠡᠨ ᠤ ᠥᠢᠯᠡ ᠠᠵᠢᠯᠯᠠᠭ᠎ᠠ ᠶᠢ ᠲᠤᠰᠬᠠᠢ ᠵᠦᠢᠯ ᠢᠶᠠᠷ ᠴᠡᠭᠴᠡᠯᠡᠨ ᠵᠠᠰᠠᠨ᠎ᠠ       ᠨᠢᠭᠡ ᠳᠤ ᠵᠣᠭᠠᠴᠠᠯ ᠤᠨ ᠬᠥᠲᠥᠴᠢ ᠶᠢᠨ ᠦᠨᠡᠮᠯᠡᠯ ᠦᠭᠡᠢ ᠪᠠᠷ ᠵᠣᠭᠠᠴᠠᠯ ᠤᠨ ᠬᠥᠲᠥᠴᠢ ᠶᠢᠨ ᠦᠢᠯᠡᠴᠢᠯᠡᠭᠡᠨ ᠤ ᠠᠵᠢᠯ ᠡᠷᠭᠢᠯᠡᠵᠦ ᠪᠠᠶᠢᠭ᠎ᠠ ︽ᠬᠠᠷ᠎ᠠ ᠲᠠᠩᠰᠠᠳᠣ  ᠵᠣᠭᠠᠴᠠᠯ ᠤᠨ ᠬᠦᠳᠣᠴᠢ︾ ᠵᠢᠴᠢ ᠵᠢᠭᠤᠯᠴᠢᠯᠠᠯ ᠤᠨ ᠬᠤᠷᠢᠶ᠎ᠠ ᠶᠢᠨ ᠲᠣᠮᠢᠯᠠᠯᠲᠠ ᠶᠢ ᠳᠠᠮᠵᠢᠭᠰᠠᠨ ᠦᠭᠡᠢ ᠪᠠᠷ ᠵᠣᠭᠠᠴᠠᠯ ᠤᠨ ᠪᠦᠯᠬᠦᠮ ᠢ ᠳᠤᠷ᠎ᠠ ᠪᠠᠷ ᠢᠶᠠᠨ ᠲᠠᠲᠠᠵᠤ ᠠᠪᠴᠢᠷᠠᠭᠰᠠᠨ᠂ ᠭᠥᠯᠢᠶᠡᠨ ᠠᠪᠴᠤ ᠵᠣᠴᠢᠯᠠᠬᠤ ᠶᠢ ᠵᠣᠬᠢᠶᠠᠨ ᠪᠠᠶᠢᠭᠤᠯᠤᠭᠰᠠᠨ᠂ ᠵᠣᠭᠠᠴᠠᠯ ᠤᠨ ᠬᠥᠲᠥᠴᠢ ᠶᠢᠨ ᠲᠤᠬᠠᠶᠢᠯᠠᠭᠰᠠᠨ ᠠᠵᠢᠯ ᠢ ᠳᠠᠭᠠᠭᠠᠨ ᠠᠪᠤᠭᠰᠠᠨ ᠬᠠᠤᠯᠢ ᠠᠴᠠ ᠵᠥᠷᠢᠴᠡᠭᠰᠡᠨ ᠠᠵᠢᠯᠯᠠᠭ᠎ᠠ ᠪᠠᠭᠳᠡᠨ᠎ᠠ᠃ ︵ᠬᠠᠷᠢᠭᠤᠴᠠᠯᠭᠠᠲᠤ ᠨᠢᠭᠡᠴᠢ᠄ ᠰᠣᠶᠣᠯ ᠵᠣᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ︶      ᠬᠤᠶᠠᠷ ᠲᠤ ᠵᠣᠭᠠᠴᠠᠯ ᠤᠨ ᠬᠥᠲᠥᠴᠢ ᠪᠠ ᠪᠦᠯᠬᠦᠮ ᠳᠠᠭᠠᠭᠤᠯᠤᠭᠴᠢ ᠶᠢᠨ ᠵᠣᠭᠠᠴᠠᠯ ᠤᠨ ᠭᠡᠷ᠎ᠡ ᠠᠴᠠ ᠵᠥᠷᠢᠴᠡᠭᠰᠡᠨ ᠠᠶᠠᠯᠠᠯ ᠤᠨ ᠲᠣᠬᠢᠷᠠᠭᠤᠯᠤᠯᠲᠠ ᠳᠤ ᠴᠢᠩᠭ᠎ᠠ ᠴᠣᠬᠢᠯᠲᠠ ᠥᠭᠴᠦ ᠪᠠᠶᠢᠴᠠᠭᠠᠨ ᠰᠢᠢᠳᠪᠦᠷᠢᠯᠡᠨ᠎ᠠ᠃ ᠠᠶᠠᠨ ᠵᠠᠮ ᠢᠶᠠᠨ ᠳᠤᠷ᠎ᠠ ᠪᠠᠷ ᠢᠶᠠᠨ ᠬᠤᠪᠢᠷᠠᠭᠤᠯᠬᠤ ᠪᠤᠶᠤ ᠦᠢᠯᠡᠴᠢᠯᠡᠭᠡᠨ ᠤ ᠠᠵᠢᠯᠯᠠᠭ᠎ᠠ ᠪᠠᠨ ᠵᠣᠭᠰᠤᠭᠠᠬᠤ᠂ ᠦᠢᠯᠡᠴᠢᠯᠡᠭᠡᠨ ᠤ ᠪᠠᠷᠢᠮᠵᠢᠶ᠎ᠠ ᠪᠣᠯᠣᠨ ᠦᠢᠯᠡᠴᠢᠯᠡᠭᠡᠨ ᠤ ᠶᠠᠰᠤ ᠴᠢᠨᠠᠷ ᠢ ᠲᠥᠯᠥᠪᠯᠡᠭᠡ ᠠᠴᠠ ᠬᠡᠲᠦᠷᠡᠭᠦᠯᠦᠨ ᠴᠠᠭ ᠨᠡᠮᠡᠵᠦ᠂ ᠴᠠᠭ ᠠᠴᠠ ᠬᠡᠲᠦᠷᠡᠭᠦᠯᠦᠨ ᠪᠠᠷᠠᠭ᠎ᠠ ᠬᠤᠳᠠᠯᠳᠤᠨ ᠠᠪᠴᠤ᠂ ᠦᠵᠡᠮᠵᠢ ᠶᠢᠨ ᠣᠷᠣᠨ ︵ᠴᠡᠭ︶᠂ ᠪᠠᠷᠠᠭ᠎ᠠ ᠬᠤᠳᠠᠯᠳᠤᠨ ᠠᠪᠬᠤ ᠵᠢᠴᠢ ᠢᠳᠡᠭᠡᠨ ᠤᠮᠳᠠᠭᠠᠨ ᠤ ᠲᠠᠯᠠᠪᠤᠷ᠂ ᠵᠣᠭᠠᠴᠠᠯ ᠤᠨ ᠲᠡᠷᠭᠡᠨ ᠤ ᠵᠢᠯᠣᠭᠤᠴᠢ ᠵᠡᠷᠭᠡ ᠪᠤᠰᠤᠳ ᠵᠣᠭᠠᠴᠠᠯ ᠤᠨ ᠡᠵᠡᠩᠨᠡᠭᠴᠢ ᠪᠠ ᠦᠢᠯᠡᠴᠢᠯᠡᠭᠴᠢ ᠯᠦᠭᠡ ᠬᠠᠷᠢᠯᠴᠠᠨ ᠰᠥᠯᠪᠡᠭᠡᠯᠳᠦᠵᠦ᠂ ᠵᠣᠭᠠᠴᠠᠭᠴᠢ ᠶᠢ ᠬᠠᠭᠤᠷᠤᠨ ᠮᠡᠬᠡᠯᠡᠬᠦ᠂ ᠠᠯᠪᠠᠳᠠᠬᠤ ᠪᠤᠶᠤ ᠬᠡᠯᠪᠡᠷᠢ ᠶᠢ ᠨᠢ ᠥᠭᠡᠷᠡᠲᠦᠭᠦᠯᠦᠨ ᠠᠯᠪᠠᠳᠠᠵᠤ ᠪᠠᠶᠢᠭᠠᠳ ᠪᠠᠷᠠᠭ᠎ᠠ ᠬᠤᠳᠠᠯᠳᠤᠨ ᠠᠪᠤᠭᠤᠯᠵᠤ ᠬᠡᠷᠡᠭᠯᠡᠭᠡ ᠬᠢᠯᠭᠡᠬᠦ ᠪᠤᠶᠤ ᠠᠰᠲᠠᠭᠠᠨ ᠵᠠᠷᠤᠳᠠᠯ ᠲᠤᠰᠢᠶᠠᠬᠤ ᠵᠣᠭᠠᠴᠠᠯ ᠤᠨ ᠲᠥᠷᠥᠯ ᠵᠦᠢᠯ ᠳᠤ ᠣᠷᠣᠯᠴᠠᠭᠤᠯᠵᠤ᠂ ᠳᠤᠷ᠎ᠠ ᠪᠠᠷ ᠢᠶᠠᠨ ᠵᠣᠭᠠᠴᠠᠯ ᠤᠨ ᠲᠠᠸᠠᠷ ᠢ ᠬᠤᠳᠠᠯᠳᠤᠨ ᠥᠭᠴᠦ᠂ ᠬᠠᠷᠢᠭᠤ ᠬᠠᠷᠠᠮᠵᠢ ᠠᠪᠴᠤ᠂ ᠮᠥᠩᠭᠦ ᠠᠪᠬᠤ ︽ᠵᠣᠴᠢᠨ ᠢ  ᠵᠠᠪᠰᠢᠬᠤ︾ ᠦᠶᠯᠡ ᠠᠵᠢᠯᠯᠠᠭ᠎ᠠ ᠪᠠᠭᠳᠡᠨ᠎ᠠ᠃ ︵ᠬᠠᠷᠢᠭᠤᠴᠠᠯᠭᠠᠲᠤ ᠨᠢᠭᠡᠴᠢ᠄ ᠰᠣᠶᠣᠯ ᠵᠣᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ︶      ︵ᠳᠥᠷᠪᠡ︶ ᠵᠣᠭᠠᠴᠠᠯ ᠤᠨ ᠦᠵᠡᠮᠵᠢ ᠶᠢᠨ ᠣᠷᠣᠨ ᠬᠢᠭᠡᠳ ᠬᠥᠳᠡᠭᠡ ᠲᠣᠰᠬᠤᠨ ᠤ ᠵᠣᠭᠠᠴᠠᠯ ᠤᠨ ᠭᠥᠯᠢᠶᠡᠨ ᠠᠪᠬᠤ ᠡᠷᠦᠬᠡ ᠶᠢᠨ ᠦᠢᠯᠡᠴᠢᠯᠡᠭᠡᠨ ᠤ ᠶᠠᠰᠤ ᠴᠢᠨᠠᠷ ᠢ ᠲᠤᠰᠬᠠᠢ ᠴᠡᠭᠴᠡᠯᠡᠨ ᠵᠠᠰᠠᠨ᠎ᠠ      ᠨᠢᠭᠡ ᠳᠤ᠂ ᠵᠤᠭᠠᠴᠠᠯ ᠤᠨ ᠦᠵᠡᠮᠵᠢ ᠶᠢᠨ ᠣᠷᠣᠨ ᠤ ᠣᠷᠴᠢᠨ ᠲᠣᠭᠤᠷᠢᠨ ᠤ ᠴᠡᠭᠴᠡᠯᠡᠨ ᠵᠠᠰᠠᠬᠤ ᠠᠵᠢᠯ ᠢ ᠴᠢᠩᠭᠠᠳᠬᠠᠨ᠎ᠠ᠃ ᠦᠵᠡᠮᠵᠢ ᠶᠢᠨ ᠣᠷᠣᠨ ᠤ ᠡᠮᠬᠢ ᠵᠠᠮᠪᠠᠷᠠᠭ᠎ᠠ ᠦᠭᠡᠢ ᠪᠠᠶᠢᠬᠤ ᠦᠵᠡᠭᠳᠡᠯ ᠢ ᠴᠡᠭᠴᠡᠯᠡᠨ ᠵᠠᠰᠠᠵᠤ᠂ ᠦᠵᠡᠮᠵᠢ ᠶᠢᠨ ᠣᠷᠣᠨ ᠤ ᠡᠯᠳᠡᠪ ᠪᠣᠳᠠᠰ ᠢ ᠳᠤᠷ᠎ᠠ ᠪᠠᠷ ᠢᠶᠠᠨ ᠣᠪᠣᠭᠠᠯᠠᠵᠤ ᠲᠠᠯᠪᠢᠬᠤ᠂ ᠪᠠᠷᠢᠯᠭ᠎ᠠ ᠶᠢᠨ ᠬᠤᠭ ᠨᠣᠪᠰᠢ ᠶᠢ ᠴᠡᠪᠡᠷᠯᠡᠭᠰᠡᠨ ᠨᠢ ᠴᠡᠪᠡᠷ ᠪᠤᠰᠤ᠂ ᠠᠮᠢᠳᠤᠷᠠᠯ ᠤᠨ ᠬᠤᠭ ᠨᠣᠪᠰᠢ ᠶᠢ ᠴᠠᠭ ᠲᠤᠬᠠᠢ ᠳᠤᠨᠢ ᠴᠡᠪᠡᠷᠯᠡᠭᠰᠡᠨ ᠦᠭᠡᠢ᠂ ᠵᠣᠭᠠᠴᠠᠯ ᠤᠨ ᠵᠠᠮ ᠪᠠ ᠵᠦᠯᠭᠡᠨ ᠳᠡᠭᠡᠷᠡᠬᠢ ᠬᠠᠶᠠᠭᠳᠠᠮᠠᠯ ᠴᠠᠭᠠᠰᠤ ᠪᠠ ᠣᠰᠣᠨ ᠯᠣᠩᠬᠤ ᠵᠡᠷᠭᠡ ᠬᠤᠭ ᠨᠣᠪᠰᠢ ᠶᠢ ᠴᠠᠭ ᠲᠤᠬᠠᠢ ᠳᠤᠨᠢ ᠴᠡᠪᠡᠷᠯᠡᠭᠰᠡᠨ ᠦᠭᠡᠢ᠂ ᠲᠣᠣᠷ ᠬᠠᠰᠢᠶ᠎ᠠ ᠳᠤ ᠰᠦᠯᠢᠶᠥᠦ ᠤᠭᠤᠲᠠ ᠡᠯᠭᠦᠭᠳᠡᠭᠰᠠᠨ ᠵᠡᠷᠭᠡ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠰᠠᠭᠤᠳᠠᠯ ᠢ ᠭᠤᠣᠯᠳᠠᠯᠭ᠎ᠠ ᠲᠠᠢ ᠵᠠᠰᠠᠨ᠎ᠠ᠃ ᠲᠣᠭᠤᠭᠠᠨ ᠭᠡᠷ᠂ ᠬᠤᠭᠤᠯᠠᠨ ᠭᠡᠷ᠂ ᠠᠷᠢᠭᠤᠨ ᠴᠡᠪᠡᠷ ᠤᠨ ᠲᠠᠰᠣᠯᠭ᠎ᠠ ᠵᠡᠷᠭᠡ ᠭᠤᠣᠯᠳᠠᠯᠭ᠎ᠠ ᠲᠠᠢ ᠣᠷᠣᠨ ᠪᠠᠶᠢᠷᠢ ᠶᠢ ᠳᠣᠪᠤᠶᠢᠯᠭᠠᠵᠤ᠂ ᠨᠠᠷᠢᠨ ᠵᠦᠢᠯᠡᠰ ᠠᠴᠠ ᠭᠠᠷᠳᠠᠵᠤ ᠠᠷᠢᠭᠤᠨ ᠴᠡᠪᠡᠷ ᠤᠨ ᠵᠠᠰᠠᠯᠲᠠ ᠶᠢ ᠪᠥᠬᠦ ᠲᠠᠯ᠎ᠠ ᠪᠠᠷ ᠰᠠᠶᠢᠲᠤᠷ ᠠᠳᠬᠤᠨ᠎ᠠ᠃ ᠦᠵᠡᠮᠵᠢ ᠶᠢᠨ ᠣᠷᠣᠨ ᠤ ᠢᠯᠭᠠᠬᠤ ᠲᠡᠮᠳᠡᠭ ᠤᠨ ᠰᠢᠰᠲ᠋ᠧᠮ ᠢ ᠲᠡᠭᠦᠯᠳᠡᠷᠵᠢᠭᠦᠯᠵᠦ᠂ ᠪᠠᠶᠢᠷᠢᠯᠠᠭᠤᠯᠤᠯᠲᠠ ᠨᠢ ᠵᠦᠢ ᠵᠣᠬᠢᠰᠲᠠᠢ᠂ ᠵᠢᠭᠠᠪᠤᠷᠢ ᠨᠢ ᠣᠨᠣᠪᠴᠢᠲᠠᠶ᠂ ᠥᠰᠥᠭ ᠤᠨ ᠲᠢᠭ ᠨᠢ ᠲᠣᠳᠣᠷᠬᠠᠢ᠂ ᠪᠦᠷᠢᠨ ᠪᠦᠲᠦᠨ ᠪᠥᠭᠡᠳ ᠪᠦᠲᠦᠮᠵᠢᠲᠡᠶ ᠪᠠᠶᠢᠬᠤ ᠶᠢ ᠦᠨᠡᠨ ᠬᠦ ᠪᠠᠲᠤᠯᠠᠨ᠎ᠠ᠃ ︵ᠬᠠᠷᠢᠭᠤᠴᠠᠯᠭᠠᠲᠤ ᠨᠢᠭᠡᠴᠢ᠄ ᠡᠯ᠎ᠡ ᠦᠵᠡᠮᠵᠢ ᠶᠢᠨ ᠣᠷᠣᠨ ᠤ ᠬᠠᠷᠢᠶ᠎ᠠ ᠭᠠᠵᠠᠷ ᠤᠨ ᠪᠠᠯᠭᠠᠰᠤ ᠵᠡᠭᠡᠯᠢ᠂ ᠰᠣᠶᠣᠯ ᠵᠣᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ︶       ᠬᠤᠶᠠᠷ ᠲᠤ᠂ ᠬᠤᠯᠪᠣᠭᠳᠠᠯ ᠪᠦᠬᠦᠢ ᠡᠭᠦᠷᠭᠡ ᠴᠢᠳᠠᠪᠬᠢᠳᠣ ᠰᠠᠯᠠᠭ᠎ᠠ ᠮᠥᠴᠢᠷ ᠲᠠᠢ ᠢᠳᠡᠪᠬᠢᠲᠡᠢ ᠬᠤᠯᠪᠣᠭᠠᠯᠠᠬᠤ ᠪᠠ ᠬᠠᠮᠵᠢᠯᠴᠠᠵᠤ᠂ A ᠲᠠᠰ ᠤᠨ ᠵᠣᠭᠠᠴᠠᠯ ᠤᠨ ᠦᠵᠡᠮᠵᠢ ᠶᠢᠨ ᠣᠷᠣᠨ᠂ ᠬᠥᠳᠡᠭᠡ ᠲᠣᠰᠬᠤᠨ ᠤ ᠵᠣᠭᠠᠴᠠᠯ ᠤᠨ ᠭᠥᠯᠢᠶᠡᠨ ᠠᠪᠬᠤ ᠡᠷᠦᠬᠡ ᠶᠢᠨ ᠭᠠᠯ ᠢ ᠰᠠᠷᠭᠡᠶᠢᠯᠡᠨ ᠤᠨᠲᠠᠷᠠᠭᠠᠬᠤ ᠠᠮᠤᠷ ᠲᠦᠪᠰᠢᠨ᠂ ᠢᠳᠡᠭᠡᠨ ᠤ ᠠᠮᠤᠷ ᠲᠦᠪᠰᠢᠨ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ᠂ ᠠᠶᠤᠯ ᠲᠦᠭᠰᠢᠭᠦᠷᠢ ᠶᠡᠬᠡᠲᠡᠢ ᠵᠣᠭᠠᠴᠠᠯ ᠤᠨ ᠠᠵᠢᠯᠯᠠᠭ᠎ᠠ ᠶᠢᠨ ᠲᠥᠷᠥᠯ ᠵᠦᠢᠯ ᠵᠢᠴᠢ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠤᠯᠪᠣᠭᠳᠠᠯ ᠪᠦᠬᠦᠢ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠬᠠᠤᠯᠢ ᠶᠣᠰᠣᠭᠠᠷ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃ ︵ᠬᠠᠷᠢᠭᠤᠴᠠᠯᠭᠠᠲᠤ ᠨᠢᠭᠡᠴᠢ᠄ ᠰᠣᠶᠣᠯ ᠵᠣᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠭᠠᠯ ᠰᠠᠷᠭᠡᠶᠢᠯᠠᠵᠣ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶      ᠭᠤᠷᠪᠠ ᠳᠤ᠂ ᠵᠤᠭᠠᠴᠠᠯ ᠤᠨ ᠦᠵᠡᠮᠵᠢ ᠶᠢᠨ ᠣᠷᠣᠨ᠂ ᠬᠥᠳᠡᠭᠡ ᠲᠣᠰᠬᠤᠨ ᠤ ᠵᠤᠭᠠᠴᠠᠯ ᠤᠨ ᠬᠦᠯᠢᠶᠡᠨ ᠠᠪᠬᠤ ᠡᠷᠦᠬᠡ ᠶᠢᠨ ᠡᠵᠡᠩᠨᠡᠯᠲᠡ ᠶᠢᠨ ᠡᠮᠬᠢ ᠳᠢᠭᠯᠢᠮ ᠢ ᠴᠡᠭᠴᠡᠯᠡᠨ ᠵᠠᠰᠠᠵᠤ᠂ ᠨᠡᠬᠡᠵᠦ ᠪᠣᠷᠣᠯᠠᠭᠤᠯᠬᠤ᠂ ᠠᠯᠪᠠᠳᠠᠯᠭ᠎ᠠ ᠪᠠᠷ ᠬᠤᠳᠠᠯᠳᠤᠨ ᠠᠪᠴᠤ ᠠᠯᠪᠠᠳᠠᠯᠭ᠎ᠠ ᠪᠠᠷ ᠬᠤᠳᠠᠯᠳᠤᠬᠤ᠂ ᠰᠦᠢᠳᠬᠡᠯ ᠬᠤᠷᠢᠶᠠᠬᠤ ᠨᠢ ᠵᠢᠷᠤᠮᠵᠢᠯ ᠦᠭᠡᠢ᠂ ᠬᠠᠭᠤᠷᠮᠠᠭ ᠮᠠᠭᠤ ᠲᠠᠸᠠᠷ ᠢ ᠬᠤᠳᠠᠯᠳᠤᠬᠤ᠂ ᠳᠤᠷ᠎ᠠ ᠪᠠᠷ ᠢᠶᠠᠨ ᠪᠠᠷᠢᠯᠭ᠎ᠠ ᠪᠠᠷᠢᠬᠤ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃ ︵ᠬᠠᠷᠢᠭᠤᠴᠠᠯᠭᠠᠲᠤ ᠨᠢᠭᠡᠴᠢ᠄ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠡᠯ᠎ᠡ ᠦᠵᠡᠮᠵᠢ ᠶᠢᠨ ᠣᠷᠣᠨ ᠤ ᠬᠠᠷᠢᠶ᠎ᠠ ᠭᠠᠵᠠᠷ ᠤᠨ ᠪᠠᠯᠭᠠᠰᠤ ᠵᠡᠭᠡᠯᠢ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ︶      ︵ᠲᠠᠪᠤ︶ ᠣᠳᠣᠨ ᠲᠡᠰ ᠤᠨ ᠪᠠᠭᠤᠳᠠᠯ ᠤᠨ ᠡᠵᠡᠩᠨᠡᠯᠲᠡ ᠦᠢᠯᠡᠴᠢᠯᠡᠭᠡᠨ ᠤ ᠥᠢᠯᠡ ᠠᠵᠢᠯᠯᠠᠭ᠎ᠠ ᠶᠢ ᠲᠤᠰᠬᠠᠢ ᠵᠦᠢᠯ ᠢᠶᠠᠷ ᠴᠡᠭᠴᠡᠯᠡᠨ ᠵᠠᠰᠠᠬᠤ  ᠠᠵᠢᠯ ᠢ ᠥᠷᠨᠢᠭᠦᠯᠣᠨ᠎ᠠ       ᠨᠢᠭᠡ ᠳᠤ ᠣᠳᠣᠨ ᠲᠠᠰ ᠤᠨ ᠪᠠᠭᠤᠳᠠᠯ ᠤᠨ ᠭᠠᠯ ᠢ ᠰᠠᠷᠭᠡᠶᠢᠯᠡᠨ ᠤᠨᠲᠠᠷᠠᠭᠠᠬᠤ ᠠᠮᠤᠷ ᠲᠦᠪᠰᠢᠨ᠂ ᠢᠳᠡᠭᠡᠨ ᠤ ᠠᠮᠤᠷ ᠲᠦᠪᠰᠢᠨ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠵᠢᠴᠢ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠤᠯᠪᠣᠭᠳᠠᠯ ᠪᠦᠬᠦᠢ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠬᠠᠤᠯᠢ ᠶᠣᠰᠣᠭᠠᠷ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃ ᠬᠤᠶᠠᠷ ᠲᠤ ᠣᠳᠣᠨ ᠲᠠᠰ ᠤᠨ ᠵᠣᠴᠢᠳ ᠤᠨ ᠪᠠᠭᠤᠳᠠᠯ ᠤᠨ ᠡᠵᠡᠩᠨᠡᠯᠲᠡ ᠶᠢᠨ ᠡᠮᠬᠢ ᠳᠢᠭᠯᠢᠮ ᠢ ᠴᠡᠭᠴᠡᠯᠡᠨ ᠵᠠᠰᠠᠵᠤ᠂ ᠵᠣᠴᠢᠳ ᠤᠨ ᠪᠠᠭᠤᠳᠠᠯ ᠤᠨ ᠦᠨ᠎ᠡ ᠬᠠᠩᠰᠢ ᠶᠢᠨ ᠰᠦᠢᠳᠬᠡᠯ ᠬᠤᠷᠢᠶᠠᠯᠲᠠ ᠨᠢ ᠵᠢᠷᠤᠮᠵᠢᠯ ᠦᠭᠡᠢ᠂ ᠬᠠᠭᠤᠷᠮᠠᠭ ᠮᠠᠭᠤ ᠲᠠᠸᠠᠷ ᠬᠤᠳᠠᠯᠳᠤᠬᠤ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃ ᠭᠤᠷᠪᠠ ᠳᠤ ᠣᠳᠣᠨ ᠲᠠᠰ ᠤᠨ ᠵᠣᠴᠢᠳ ᠤᠨ ᠪᠠᠭᠤᠳᠠᠯ ᠨᠢ ᠭᠡᠷ᠎ᠡ ᠶᠢᠨ ᠬᠡᠯᠡᠯᠴᠡᠭᠡᠷ ᠤᠨ ᠪᠣᠯᠵᠣᠯ ᠢ ᠥᠯᠥ ᠵᠢᠷᠤᠮᠯᠠᠬᠤ᠂ ᠭᠡᠷ᠎ᠡ ᠠᠴᠠ ᠵᠥᠷᠢᠴᠡᠨ ᠭᠡᠷ᠎ᠡ ᠶᠢ ᠡᠪᠳᠡᠬᠦ᠂ ᠬᠤᠳᠠᠯ ᠬᠠᠭᠤᠷᠮᠠᠭ ᠨᠡᠷ᠎ᠡ ᠪᠠᠷ ᠵᠡᠷᠭᠡ ᠡᠯ᠎ᠡ ᠵᠦᠢᠯ ᠤᠨ ᠮᠡᠬᠡᠯᠡᠯ ᠤᠨ ᠠᠷᠭ᠎ᠠ ᠪᠠᠷᠢᠯ ᠢᠶᠠᠷ ᠵᠣᠭᠠᠴᠠᠯ ᠤᠨ ᠦᠢᠯᠡᠴᠢᠯᠡᠭᠡᠨ ᠤ ᠭᠠᠵᠠᠷ ᠤᠨ ᠪᠦᠯᠬᠦᠮ ᠨᠡᠶᠢᠲᠡ ᠪᠠ ᠵᠣᠭᠠᠴᠠᠬᠰᠠᠳ ᠤᠨ ᠭᠡᠷ ᠵᠠᠬᠢᠶᠠᠯᠠᠬᠤ ᠶᠢ ᠳᠤᠷ᠎ᠠ ᠪᠠᠷ ᠢᠶᠠᠨ ᠬᠦᠴᠦᠨ ᠦᠭᠡᠢ ᠪᠣᠯᠭᠠᠬᠤ ᠦᠶᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ᠎ᠠ᠃ ︵ᠬᠠᠷᠢᠭᠤᠴᠠᠯᠭᠠᠲᠤ ᠨᠢᠭᠡᠴᠢ᠄ ᠰᠣᠶᠣᠯ ᠵᠣᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠭᠠᠯ ᠰᠠᠷᠭᠡᠶᠢᠯᠡᠵᠣ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶       ︵ᠵᠢᠷᠭᠤᠭ᠎ᠠ︶ ᠬᠥᠭᠵᠢᠯᠲᠡᠢ ᠤᠯᠠᠷᠢᠯ ᠤᠨ ᠵᠣᠭᠠᠴᠠᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠬᠢᠭᠡᠳ ᠬᠤᠯᠪᠤᠭᠠᠯᠠᠨ ᠬᠥᠳᠡᠯᠦᠯᠴᠡᠵᠦ ᠬᠠᠤᠯᠢ ᠬᠡᠷᠡᠭᠵᠢᠭᠦᠯᠬᠦ  ᠠᠵᠢᠯ ᠢ ᠥᠷᠨᠢᠭᠦᠯᠦᠨ᠎ᠡ      ᠳᠣᠲᠣᠭᠠᠳᠤ ᠶᠢ ᠬᠠᠮᠠᠭᠠᠯᠠᠬᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠵᠠᠮ ᠬᠠᠷᠢᠯᠴᠠᠭ᠎ᠠ᠂ ᠡᠷᠡᠭᠦᠯ ᠬᠠᠮᠠᠭᠠᠯᠠᠯ᠂ ᠪᠠᠴᠢᠮ ᠪᠠᠶᠢᠳᠠᠯ ᠢ ᠠᠷᠭᠠᠴᠠᠭᠠᠬᠤ ᠵᠡᠷᠭᠡ ᠰᠠᠯᠠᠭ᠎ᠠ ᠮᠥᠴᠢᠷ ᠤᠨ ᠬᠢᠨ ᠵᠤᠭᠠᠴᠠᠯ ᠤᠨ ᠬᠥᠭᠵᠢᠯᠲᠡᠢ ᠤᠯᠠᠷᠢᠯ ᠳᠤ ᠥᠪᠡᠷ ᠤᠨ ᠡᠭᠦᠷᠭᠡᠯᠡᠵᠦ ᠪᠠᠶᠢᠭ᠎ᠠ ᠪᠣᠳᠠᠲᠠᠢ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠵᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠪᠠ ᠬᠢᠨᠠᠯᠲᠠ ᠬᠠᠮᠢᠶᠠᠷᠤᠯᠲᠠ ᠶᠢᠨ ᠬᠡᠪᠴᠢᠶ᠎ᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠲᠣᠳᠣᠷᠬᠠᠶᠢᠯᠠᠵᠤ᠂ ᠵᠣᠭᠠᠴᠠᠯ ᠤᠨ ᠵᠠᠬ᠎ᠠ ᠳᠡᠯᠭᠡᠭᠦᠷ ᠤᠨ ᠲᠤᠰᠬᠠᠢ ᠲᠤᠰᠢᠶᠠᠯ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠴᠢᠩᠭᠠᠷᠠᠭᠤᠯᠬᠤ ᠶᠢᠨ ᠬᠠᠮᠲᠤ᠂ ᠬᠠᠮᠲᠤᠷᠠᠨ ᠬᠠᠤᠯᠢ ᠬᠡᠷᠡᠭᠵᠢᠭᠦᠯᠬᠦ ᠠᠵᠢᠯ ᠤᠨ ᠲᠣᠭᠲᠠᠴᠠ ᠶᠢᠨ ᠦᠢᠯᠡᠳᠦᠯ ᠢ ᠦᠨᠡᠨ ᠬᠦ ᠪᠠᠳᠠᠷᠠᠭᠤᠯᠵᠤ᠂ ᠮᠡᠳᠡᠭᠡ ᠵᠠᠩᠭᠢ ᠶᠢ ᠬᠠᠮᠲᠤᠪᠠᠷ ᠬᠤᠪᠢᠶᠠᠯᠴᠠᠨ ᠂ ᠵᠣᠭᠠᠴᠠᠯ ᠤᠨ ᠵᠠᠬ᠎ᠠ ᠳᠡᠯᠭᠡᠭᠦᠷ ᠤᠨ ᠬᠠᠤᠯᠢ ᠲᠣᠭᠲᠠᠭᠠᠯ ᠠᠴᠠ ᠵᠥᠷᠢᠴᠡᠭᠰᠡᠨ ᠡᠵᠡᠩᠨᠡᠯᠲᠡ ᠶᠢᠨ ᠦᠵᠡᠭᠳᠡᠯ ᠳᠤ ᠬᠠᠮᠲᠤᠷᠠᠨ ᠴᠣᠬᠢᠯᠲᠠ ᠥᠭᠭᠦᠨ᠎ᠡ᠃ ︵ᠬᠠᠷᠢᠭᠤᠴᠠᠬᠤ ᠨᠢᠭᠡᠴᠢ᠄ ᠡᠯ᠎ᠡ ᠪᠦᠷᠢᠯᠳᠦᠭᠦᠨ ᠨᠢᠭᠡᠴᠢ︶      ︵ᠳᠣᠯᠤᠭ᠎ᠠ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠ ᠵᠠᠭᠠᠯᠳᠤᠯᠭ᠎ᠠ ᠶᠢ ᠬᠦᠯᠢᠶᠡᠨ ᠠᠪᠴᠤ ᠰᠢᠢᠳᠪᠦᠷᠢᠯᠡᠬᠦ ᠳᠦᠷᠢᠮ ᠢ ᠴᠢᠩᠭᠠᠳᠬᠠᠨ᠎ᠠ      ᠨᠢᠭᠡ ᠳᠤ ᠵᠣᠭᠠᠴᠠᠯ ᠤᠨ ᠵᠠᠬ᠎ᠠ ᠳᠡᠯᠭᠡᠭᠦᠷ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠢᠯᠡ ᠨᠡᠶᠢᠲᠡᠯᠡᠬᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠪᠥᠬᠦ ᠶᠠᠪᠤᠴᠠ ᠶᠢ ᠲᠡᠮᠳᠡᠭᠯᠡᠬᠦ ᠪᠠ ᠴᠢᠬᠤᠯᠠ ᠶᠡᠭᠡ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠲᠣᠭᠲᠠᠭᠠᠯ ᠳᠤ ᠬᠠᠤᠯᠢ ᠳᠦᠷᠢᠮ ᠤᠨ ᠬᠢᠨᠠᠨ ᠬᠠᠷᠭᠤᠭᠤᠯᠬᠤ ᠳᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠮᠡᠳᠡᠭᠡ ᠵᠠᠩᠭᠢ ᠶᠢ ᠴᠠᠭ ᠲᠤᠬᠠᠢ ᠳᠤᠨᠢ ᠣᠨᠣᠪᠴᠢᠲᠠᠶ ᠢᠯᠡ ᠨᠡᠶᠢᠲᠡᠯᠡᠬᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠪᠥᠬᠦ ᠶᠠᠪᠤᠴᠠ ᠳᠤ ᠣᠷᠣ ᠮᠥᠷ ᠦᠯᠡᠳᠡᠭᠡᠬᠦ ᠪᠠ ᠮᠥᠷᠳᠡᠨ ᠨᠡᠬᠡᠮᠵᠢᠯᠡᠵᠦ ᠪᠣᠯᠬᠤ ᠬᠠᠮᠢᠶᠠᠷᠤᠯᠲᠠ᠂ ᠴᠢᠬᠤᠯᠠ ᠶᠡᠭᠡ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠲᠣᠭᠲᠠᠭᠠᠯ ᠳᠤ ᠬᠠᠤᠯᠢ ᠳᠦᠷᠢᠮ ᠤᠨ ᠬᠢᠨᠠᠨ ᠬᠠᠷᠭᠤᠭᠤᠯᠬᠤ ᠶᠢ ᠪᠦᠬᠦᠨ ᠢ ᠪᠦᠷᠬᠦᠬᠦᠯᠣᠨ᠎ᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠴᠢᠯᠦᠭᠡᠲᠦ ᠲᠠᠰᠤᠯᠤᠯᠲᠠ ᠶᠢᠨ ᠰᠠᠭᠤᠷᠢ ᠪᠠᠷᠢᠮᠵᠢᠶ᠎ᠠ ᠶᠢᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠲᠠᠰᠤᠯᠤᠯᠲᠠ ᠶᠢᠨ ᠬᠡᠪᠴᠢᠶ᠎ᠡ᠂ ᠲᠦᠷᠦᠯ ᠵᠦᠢᠯ ᠪᠠ ᠬᠡᠮᠵᠢᠶ᠎ᠡ ᠶᠢ ᠵᠦᠢ ᠵᠣᠬᠢᠰᠲᠠᠢ ᠲᠣᠭᠲᠠᠭᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠴᠢᠯᠦᠭᠡᠲᠦ ᠲᠠᠰᠤᠯᠤᠯᠲᠠ ᠶᠢᠨ ᠡᠷᠬᠡ ᠶᠢᠨ ᠬᠡᠷᠡᠭᠵᠢᠭᠦᠯᠦᠯᠲᠡ ᠶᠢ ᠵᠢᠷᠤᠮᠵᠢᠭᠤᠯᠤᠨ᠎ᠠ᠃ ︵ᠬᠠᠷᠢᠭᠤᠴᠠᠬᠤ ᠨᠢᠭᠡᠴᠢ᠄ ᠡᠯ᠎ᠡ ᠪᠦᠷᠢᠯᠳᠦᠭᠦᠨ ᠨᠢᠭᠡᠴᠢ︶      ᠬᠤᠶᠠᠷ ᠲᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ 12345 ᠬᠠᠯᠠᠮᠰᠢᠯ ᠤᠲᠠᠰᠤ ᠶᠢ ᠡᠮᠬᠢᠯᠡᠨ ᠨᠡᠶᠢᠯᠡᠭᠦᠯᠬᠦ ᠠᠵᠢᠯ ᠤᠨ ᠲᠤᠬᠠᠢ ᠬᠤᠲᠠ ᠶᠢᠨ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠪᠠ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠵᠣᠭᠠᠴᠠᠯ ᠤᠨ ᠵᠠᠭᠠᠯᠳᠤᠯᠭ᠎ᠠ ᠶᠢ ᠭᠥᠯᠢᠶᠡᠨ ᠠᠪᠴᠤ ᠳᠠᠮᠵᠢᠭᠤᠯᠬᠤ ᠭᠥᠯᠢᠶᠡᠨ ᠠᠪᠴᠤ ᠰᠢᠢᠳᠪᠦᠷᠢᠯᠡᠬᠦ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠤᠨ᠂ ︽ᠬᠠᠮᠤᠭ ᠤᠨ ᠲᠡᠷᠢᠭᠦᠨ ᠳᠤ︾ ᠭᠥᠯᠢᠶᠡᠨ ᠠᠪᠴᠤ ᠰᠢᠢᠳᠪᠦᠷᠢᠯᠡᠬᠦ ᠶᠢ ᠦᠨᠡᠨ ᠬᠦ ᠪᠠᠲᠤᠯᠠᠵᠤ᠂ ᠪᠠᠶᠢᠴᠠᠭᠠᠨ ᠬᠠᠷᠭᠤᠭᠤᠯᠬᠤ ᠪᠠ ᠰᠦᠪᠡᠭᠴᠢ ᠶᠢ ᠵᠢᠭᠰᠠᠭᠠᠨ ᠪᠠᠶᠢᠴᠠᠭᠠᠬᠤ ᠶᠢ ᠳᠠᠷᠤᠢ ᠲᠦᠷᠭᠡᠨ ᠥᠷᠨᠢᠭᠦᠯᠵᠦ᠂ ᠵᠣᠭᠠᠴᠠᠯ ᠤᠨ ᠵᠠᠭᠠᠯᠳᠤᠯᠭ᠎ᠠ ᠶᠢ ᠭᠥᠯᠢᠶᠡᠨ ᠠᠪᠴᠤ ᠰᠢᠢᠳᠪᠦᠷᠢᠯᠡᠬᠦ ᠦᠷ᠎ᠡ ᠪᠦᠲᠦᠮᠵᠢ ᠪᠠ ᠶᠠᠰᠤ ᠴᠢᠨᠠᠷ ᠢ ᠦᠨᠡᠨ ᠬᠦ ᠳᠡᠭᠡᠭᠰᠢᠯᠡᠭᠦᠯᠦᠨ᠂ ᠵᠠᠭᠠᠯᠳᠤᠯᠭ᠎ᠠ ᠶᠢᠨ ᠬᠡᠷᠡᠭ ᠢ ᠰᠢᠢᠳᠪᠦᠷᠢᠯᠡᠬᠦ ᠳᠤ ᠬᠠᠨᠤᠮᠵᠢᠲᠠᠶ ᠪᠠᠶᠢᠬᠤ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠵᠠᠭᠠᠯᠳᠤᠯᠭ᠎ᠠ ᠶᠢᠨ ᠰᠦᠪᠡᠭᠴᠢ ᠶᠢ ᠦᠨᠳᠦᠰᠦᠯᠡᠨ ᠵᠢᠭᠰᠠᠭᠠᠨ ᠪᠠᠶᠢᠴᠠᠭᠠᠵᠤ᠂ ᠬᠠᠤᠯᠢ ᠶᠢ ᠵᠥᠷᠢᠴᠡᠭᠰᠡᠨ ᠰᠡᠵᠢᠭᠯᠡᠯᠲᠡᠢ ᠦᠶᠯᠡ ᠠᠵᠢᠯᠯᠠᠭ᠎ᠠ ᠶᠢ ᠲᠡᠷᠡ ᠳᠠᠷᠤᠢ ᠳᠤᠨᠢ ᠬᠡᠷᠡᠭ ᠪᠣᠯᠭᠠᠨ ᠳᠡᠩᠰᠡᠯᠡᠵᠦ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃ ︵ᠬᠠᠷᠢᠭᠤᠴᠠᠯᠭᠠᠲᠤ ᠨᠢᠭᠡᠴᠢ᠄ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠂ ᠡᠯ᠎ᠡ ᠪᠦᠷᠢᠯᠳᠦᠭᠦᠨ ᠨᠢᠭᠡᠴᠢ︶      ᠭᠤᠷᠪᠠ ᠳᠤ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠰᠠᠮᠠᠭᠤᠷᠠᠭᠤᠯᠤᠭᠰᠠᠨ᠂ ᠵᠣᠭᠠᠴᠠᠯ ᠤᠨ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠤᠬᠢᠷᠠᠭᠤᠯᠤᠭᠰᠠᠨ ᠨᠢᠭᠡ ᠪᠦᠯᠦᠭ ᠨᠡᠶᠢᠲᠡᠯᠢᠭ ᠬᠡᠷᠡᠭ ᠤᠨ ᠵᠢᠱᠢᠶ᠎ᠡ ᠶᠢ ᠲᠥᠪᠯᠡᠷᠡᠭᠦᠯᠦᠨ ᠪᠠᠶᠢᠴᠠᠭᠠᠨ ᠰᠢᠢᠳᠪᠦᠷᠢᠯᠡᠬᠦ ᠶᠢᠨ ᠬᠠᠮᠲᠤ ᠢᠯᠡᠴᠢᠯᠡᠬᠦ ᠪᠠᠷ ᠳᠠᠮᠵᠢᠭᠤᠯᠤᠨ᠂ ᠬᠠᠤᠯᠢ ᠶᠢ ᠵᠥᠷᠢᠴᠡᠪᠡᠯ ᠵᠠᠪᠠᠯ ᠨᠡᠬᠡᠮᠵᠢᠯᠡᠬᠦ᠂ ᠬᠠᠤᠯᠢ ᠶᠢ ᠵᠠᠪᠠᠯ ᠴᠢᠩᠭ᠎ᠠ ᠬᠡᠷᠡᠭᠵᠢᠭᠦᠯᠬᠦ ᠶᠢᠨ ᠰᠦᠷᠳᠡᠭᠦᠯᠬᠦ ᠬᠦᠴᠦᠨ ᠢ ᠳᠡᠭᠡᠭᠰᠢᠯᠡᠭᠦᠯᠬᠦ ᠬᠡᠷᠡᠭᠲᠡᠢ᠃ ︵ᠬᠠᠷᠢᠭᠤᠴᠠᠬᠤ ᠨᠢᠭᠡᠴᠢ᠄ ᠡᠯ᠎ᠡ ᠪᠦᠷᠢᠯᠳᠦᠭᠦᠨ ᠨᠢᠭᠡᠴᠢ︶      ᠳᠥᠷᠪᠡ ᠳᠤ ᠵᠤᠭᠠᠴᠠᠯ ᠤᠨ ᠵᠠᠭᠠᠯᠳᠤᠯᠭ᠎ᠠ ᠶᠢᠨ ᠲᠦᠷᠭᠡᠨ ᠲᠥᠯᠥᠪᠦᠷᠢ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠵᠤᠭᠠᠴᠠᠯ ᠤᠨ ᠵᠠᠭᠠᠯᠳᠤᠯᠭ᠎ᠠ ᠠᠴᠠ ᠡᠭᠦᠰᠦᠭᠰᠡᠨ ᠰᠦᠯᠵᠢᠶᠡᠨ ᠤ ᠶᠠᠷᠢᠶ᠎ᠠ ᠬᠡᠯᠡᠯᠴᠡᠭᠡᠨ ᠤ ᠪᠠᠶᠢᠳᠠᠯ ᠤᠨ ᠮᠡᠳᠡᠭᠡ ᠵᠠᠩᠭᠢ ᠶᠢ ᠨᠢᠭᠲᠠ ᠠᠩᠬᠠᠷᠴᠤ᠂ ᠶᠠᠷᠢᠶ᠎ᠠ ᠬᠡᠯᠡᠯᠴᠡᠭᠡᠨ ᠤ ᠪᠠᠶᠢᠳᠠᠯ ᠤᠨ ᠬᠢᠨᠠᠨ ᠬᠡᠮᠵᠢᠯᠲᠡ ᠶᠢ ᠴᠢᠩᠭᠠᠳᠬᠠᠨ᠂ ᠬᠤᠯᠪᠣᠭᠳᠠᠯ ᠪᠦᠬᠦᠢ ᠶᠠᠷᠢᠶ᠎ᠠ ᠬᠡᠯᠡᠯᠴᠡᠭᠡᠨ ᠤ ᠪᠠᠶᠢᠳᠠᠯ ᠤᠨ ᠮᠡᠳᠡᠭᠡ ᠵᠠᠩᠭᠢ ᠶᠢ ᠲᠣᠬᠢᠲᠠᠢ ᠪᠥᠭᠡᠳ ᠥᠨᠳᠥᠷ ᠪᠦᠲᠦᠮᠵᠢᠲᠡᠢ ᠪᠠᠷ ᠠᠷᠭᠠᠴᠠᠭᠠᠨ ᠰᠢᠢᠳᠪᠦᠷᠢᠯᠡᠬᠦ ᠬᠡᠷᠡᠭᠲᠡᠢ᠃ ︵ᠬᠠᠷᠢᠭᠤᠴᠠᠬᠤ ᠨᠢᠭᠡᠴᠢ᠄ ᠡᠯ᠎ᠡ ᠪᠦᠷᠢᠯᠳᠦᠭᠦᠨ ᠨᠢᠭᠡᠴᠢ︶     ᠭᠤᠷᠪᠠ᠂ ᠠᠵᠢᠯᠯᠠᠬᠤ ᠴᠠᠭ ᠤᠨ ᠲᠣᠬᠢᠷᠠᠭᠤᠯᠤᠯᠲᠠ      ︵ᠨᠢᠭᠡ︶ ᠳᠠᠶᠢᠴᠢᠯᠠᠨ ᠪᠠᠶᠢᠷᠢᠯᠠᠭᠤᠯᠬᠤ ᠱᠠᠲᠤ ᠦᠶ᠎ᠡ ︵2023 ᠣᠨ ᠤ 4 ᠰᠠᠷ᠎ᠠ ᠶᠢᠨ 1 ᠤ ᠡᠳᠦᠷ ᠠᠴᠠ 4 ᠰᠠᠷ᠎ᠠ ᠶᠢᠨ 15 ᠤ ᠡᠳᠦᠷ ᠪᠣᠯᠲᠠᠯ᠎ᠠ ᠶᠠᠪᠣᠬᠳᠡᠨ᠎ᠠ︶      ᠡᠯ᠎ᠡ ᠰᠠᠯᠠᠭ᠎ᠠ ᠮᠥᠴᠢᠷ ᠤᠳ ᠲᠤᠰᠬᠠᠢ ᠵᠦᠢᠯ ᠢᠶᠠᠷ ᠴᠡᠭᠴᠡᠯᠡᠨ ᠵᠠᠰᠠᠬᠤ ᠠᠵᠢᠯ ᠢ ᠪᠥᠬᠦ ᠲᠠᠯ᠎ᠠ ᠪᠠᠷ ᠳᠠᠶᠢᠴᠢᠯᠠᠬᠤ ᠪᠠ ᠨᠢᠭᠡᠳᠦᠯᠲᠡᠢ ᠪᠠᠶᠢᠷᠢᠯᠠᠭᠤᠯᠵᠤ᠂ ᠲᠤᠰᠬᠠᠢ ᠵᠦᠢᠯ ᠢᠶᠠᠷ ᠴᠡᠭᠴᠡᠯᠡᠨ ᠵᠠᠰᠠᠬᠤ ᠠᠵᠢᠯ ᠤᠨ ᠳᠤᠭᠤᠶᠢᠯᠠᠩ ᠪᠠᠶᠢᠭᠤᠯᠵᠤ᠂ ᠲᠣᠰ ︽ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ᠂ ᠲᠣᠰ ᠭᠠᠵᠠᠷ ᠣᠷᠣᠨ ᠤ ᠪᠣᠳᠠᠲᠤ ᠪᠠᠶᠢᠳᠠᠯ ᠢᠶᠠᠨ ᠦᠨᠳᠦᠰᠦᠯᠡᠨ ᠪᠣᠳᠠᠲᠠᠢ ᠠᠵᠢᠯ ᠤᠨ ᠲᠥᠰᠥᠯ ᠢᠶᠠᠨ ᠲᠣᠭᠲᠠᠭᠠᠨ᠎ᠠ︔ ᠰᠣᠨᠢᠨ᠂ ᠲᠧᠯᠸᠢᠰ᠂ ᠰᠢᠨ᠎ᠡ ᠵᠠᠭᠤᠴᠢᠯᠠᠭᠤᠷ ᠵᠡᠷᠭᠡ ᠤᠬᠠᠭᠤᠯᠭ᠎ᠠ ᠶᠢᠨ ᠠᠷᠭ᠎ᠠ ᠪᠠᠷᠢᠯ ᠢ ᠴᠢᠳᠠᠮᠠᠭᠠᠢ ᠪᠠᠷ ᠠᠰᠢᠭᠯᠠᠵᠤ᠂ ᠶᠠᠷᠢᠶ᠎ᠠ ᠬᠡᠯᠡᠯᠴᠡᠭᠡᠨ ᠤ ᠤᠬᠠᠭᠤᠯᠭ᠎ᠠ ᠶᠢᠨ ᠠᠵᠢᠯ ᠢ ᠰᠠᠶᠢᠲᠤᠷ ᠬᠢᠵᠦ᠂ ᠥᠷᠭᠡᠨ ᠤᠯᠠᠨ ᠲᠦᠮᠡᠨ ᠢ ᠲᠠᠶᠢᠴᠢᠯᠠᠨ᠂ ᠶᠠᠷᠢᠶ᠎ᠠ ᠬᠡᠯᠡᠯᠴᠡᠭᠡᠨ ᠤ ᠰᠦᠷ ᠬᠦᠴᠦᠨ ᠢ ᠭᠦᠢᠴᠡᠳ ᠪᠤᠢ ᠪᠣᠯᠭᠠᠬᠤ ᠬᠡᠷᠡᠭᠲᠡᠢ  ᠃      ︵ᠬᠤᠶᠠᠷ︶ ᠲᠤᠰᠬᠠᠢ ᠴᠡᠭᠴᠡᠯᠡᠨ ᠵᠠᠰᠠᠬᠤ ᠱᠠᠲᠤ ᠦᠶ᠎ᠡ ︵2023 ᠣᠨ ᠤ 4 ᠰᠠᠷ᠎ᠠ ᠶᠢᠨ 16 ᠤ ᠡᠳᠦᠷ ᠠᠴᠠ 11 ᠰᠠᠷ᠎ᠠ ᠶᠢᠨ 15 ᠤ ᠡᠳᠦᠷ ᠪᠣᠯᠲᠠᠯ᠎ᠠ ᠶᠠᠪᠣᠬᠳᠡᠨ᠎ᠠ︶      ᠡᠯ᠎ᠡ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠳ ᠭᠤᠣᠯᠳᠠᠯᠭ᠎ᠠ ᠲᠠᠢ ᠴᠡᠭᠴᠡᠯᠡᠨ ᠵᠠᠰᠠᠬᠤ ᠠᠭᠤᠯᠭ᠎ᠠ ᠳᠤ ᠴᠢᠭᠯᠡᠭᠦᠯᠦᠨ ᠲᠣᠰ ᠬᠠᠷᠢᠶ᠎ᠠ ᠣᠷᠣᠨ ᠤ ᠪᠠᠨ ᠳᠣᠲᠣᠷᠠᠬᠢ ᠡᠯ᠎ᠡ ᠲᠥᠷᠥᠯ ᠤᠨ ᠵᠣᠭᠠᠴᠠᠯ ᠤᠨ ᠡᠵᠡᠩᠨᠡᠯᠲᠡ ᠶᠢᠨ ᠨᠢᠭᠡᠴᠢ ᠵᠢᠴᠢ ᠠᠵᠢᠯᠯᠠᠭ᠎ᠠ ᠶᠢ ᠬᠢᠨᠠᠨ ᠬᠠᠮᠢᠶᠠᠷᠴᠤ ᠪᠠᠶᠢᠴᠠᠭᠠᠬᠤ ᠪᠠᠨ ᠴᠢᠩᠭᠠᠳᠬᠠᠵᠤ᠂ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃ ᠡᠯ᠎ᠡ ᠬᠠᠮᠢᠶ᠎ᠠ ᠪᠦᠬᠦᠢ ᠠᠵᠤ ᠠᠬᠤᠶᠢᠯᠠᠯ ᠤᠳ ᠪᠠᠶᠢᠴᠠᠭᠠᠬᠤ ᠠᠭᠤᠯᠭ᠎ᠠ ᠪᠠᠨ ᠬᠢᠨᠠᠮᠠᠭᠠᠢ ᠬᠠᠷᠢᠴᠠᠭᠤᠯᠤᠨ᠂ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠬᠤ ᠠᠵᠢᠯ ᠢ ᠦᠳᠲᠡᠷ ᠲᠦᠷᠭᠡᠨ ᠥᠷᠨᠢᠭᠦᠯᠬᠦ ᠬᠡᠷᠡᠭᠲᠡᠢ᠃ ᠬᠠᠮᠢᠶ᠎ᠠ ᠪᠦᠬᠦᠢ ᠰᠠᠯᠠᠭ᠎ᠠ ᠮᠥᠴᠢᠷ ᠯᠦᠭᠡ ᠬᠤᠯᠪᠤᠭᠠᠯᠠᠨ ᠬᠥᠳᠡᠯᠦᠯᠴᠡᠬᠦ ᠶᠢ ᠢᠳᠡᠪᠬᠢᠲᠡᠢ ᠥᠷᠨᠢᠭᠦᠯᠵᠦ᠂ ᠠᠶᠤᠯᠬᠦᠢ ᠦᠢᠯᠡᠳᠪᠦᠷᠢᠯᠡᠯ᠂ ᠵᠠᠬ᠎ᠠ ᠳᠡᠯᠭᠡᠭᠦᠷ ᠤᠨ ᠡᠮᠬᠢ ᠳᠢᠭᠯᠢᠮ ᠤᠨ ᠬᠢᠨᠠᠯᠲᠠ ᠪᠠᠶᠢᠴᠠᠭᠠᠯᠲᠠ ᠶᠢ ᠴᠢᠩᠭᠠᠳᠬᠠᠨ᠂ ᠵᠣᠭᠠᠴᠠᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃      ︵ᠭᠤᠷᠪᠠ︶ ᠳ᠋ᠦᠩᠨᠡᠨ ᠳᠡᠭᠡᠭᠰᠢᠯᠡᠭᠦᠯᠬᠦ ᠱᠠᠲᠤ ᠦᠶ᠎ᠡ ︵2022 ᠣᠨ ᠤ 11 ᠰᠠᠷ᠎ᠠ ᠶᠢᠨ 16 ᠤ ᠡᠳᠦᠷ ᠠᠴᠠ 11 ᠰᠠᠷ᠎ᠠ ᠶᠢᠨ 30 ᠤ ᠡᠳᠦᠷ ᠪᠣᠯᠲᠠᠯ᠎ᠠ ᠶᠠᠪᠣᠬᠳᠡᠨ᠎ᠠ︶      ᠡᠯ᠎ᠡ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠳ ᠲᠣᠰ ᠤᠳᠠᠭᠠᠨ ᠤ ᠴᠡᠭᠴᠡᠯᠡᠨ ᠵᠠᠰᠠᠬᠤ ᠠᠵᠢᠯᠯᠠᠭ᠎ᠠ ᠶᠢᠨ ᠠᠵᠢᠯ ᠤᠨ ᠲᠤᠷᠰᠢᠯᠭ᠎ᠠ᠂ ᠣᠯᠣᠭᠰᠠᠨ ᠦᠷ᠎ᠡ ᠪᠦᠲᠦᠭᠡᠯ᠂ ᠣᠷᠣᠰᠢᠵᠤ ᠪᠠᠶᠢᠭ᠎ᠠ ᠠᠰᠠᠭᠤᠳᠠᠯ ᠵᠡᠷᠭᠡ ᠳᠤ ᠳ᠋ᠦᠩᠨᠡᠯᠲᠡ ᠬᠢᠵᠦ᠂ ᠲᠠᠷᠠᠭᠠᠴᠢ ᠶᠢᠨ ᠠᠯᠬᠤᠮ ᠤᠨ ᠠᠵᠢᠯ ᠤᠨ ᠠᠷᠭ᠎ᠠ ᠬᠡᠮᠵᠢᠶ᠎ᠡ ᠪᠠ ᠰᠠᠨᠠᠭᠤᠯᠭ᠎ᠠ ᠶᠢ ᠳᠤᠷᠠᠳᠴᠤ᠂ ᠠᠵᠢᠯ ᠤᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠬᠡᠷᠡᠭᠲᠡᠢ᠃      ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ     ︵ᠨᠢᠭᠡ︶ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ      ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠡᠭᠦᠷᠭᠡ ᠬᠠᠷᠢᠭᠤᠴᠠᠯᠭ᠎ᠠ ᠪᠠᠨ ᠴᠢᠩᠭᠠᠳᠬᠠᠵᠤ᠂ ᠠᠷᠠᠳ ᠤᠯᠠᠨ ᠤ ᠠᠮᠤᠷ ᠲᠦᠪᠰᠢᠨ ᠪᠠ ᠠᠰᠢᠭ ᠲᠤᠰᠠ ᠶᠢ ᠬᠠᠮᠠᠭᠠᠯᠠᠬᠤ ᠶᠢ ᠦᠨᠡᠨ ᠬᠦ ᠴᠡᠭᠴᠡᠯᠡᠨ ᠵᠠᠰᠠᠬᠤ ᠠᠵᠢᠯ ᠤᠨ ᠭᠠᠷᠤᠭ᠎ᠠ ᠪᠠ ᠲᠤᠰᠤᠯᠲᠠ ᠪᠣᠯᠭᠠᠵᠤ᠂ ᠴᠡᠭᠴᠡᠯᠡᠨ ᠵᠠᠰᠠᠬᠤ ᠠᠵᠢᠯᠯᠠᠭ᠎ᠠ ᠶᠢ ᠯᠠᠪᠳᠠᠭᠤᠨ ᠪᠠᠲᠤᠲᠠᠢ ᠰᠠᠶᠢᠲᠤᠷ ᠥᠷᠨᠢᠭᠦᠯᠬᠦ ᠬᠡᠷᠡᠭᠲᠡᠢ᠃      ︵ᠬᠤᠶᠠᠷ︶ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠶᠢ ᠲᠤᠪᠤᠶᠢᠯᠭᠠᠨ᠎ᠠ      ᠡᠯ᠎ᠡ ᠰᠠᠯᠠᠭ᠎ᠠ ᠮᠥᠴᠢᠷ ᠤᠳ ᠳᠠᠯᠳᠠᠭᠤᠷ ᠰᠤᠷᠪᠤᠯᠵᠢᠯᠠᠵᠤ ᠳᠠᠯᠳᠠᠭᠤᠷ ᠪᠠᠶᠢᠴᠠᠭᠠᠬᠤ ᠶᠢ ᠠᠰᠠᠭᠤᠳᠠᠯ ᠢ ᠢᠯᠡᠷᠡᠭᠦᠯᠬᠦ ᠶᠢᠨ ᠭᠤᠣᠯ ᠭᠠᠷᠳᠠᠴᠠ ᠪᠣᠯᠭᠠᠵᠤ᠂ ᠬᠠᠷᠢᠶ᠎ᠠ ᠣᠷᠣᠨ ᠤ ᠳᠣᠲᠣᠷᠠᠬᠢ ᠵᠣᠭᠠᠴᠠᠯ ᠤᠨ ᠵᠠᠬ᠎ᠠ ᠳᠡᠯᠭᠡᠭᠦᠷ ᠲᠤ ᠪᠥᠬᠦ ᠲᠠᠯ᠎ᠠ ᠶᠢᠨ ︽ᠪᠡᠶ᠎ᠡ ᠶᠢᠨ ᠪᠠᠶᠢᠴᠠᠭᠠᠯᠲᠠ ᠶᠢᠨ ᠮᠠᠶ᠋ᠢᠭ︾ ᠤᠨ ᠳᠠᠯᠳᠠᠭᠤᠷ ᠰᠤᠷᠪᠤᠯᠵᠢᠯᠠᠵᠤ ᠦᠨᠡᠯᠡᠨ ᠵᠢᠱᠢᠯᠲᠡ ᠬᠢᠵᠦ᠂ ᠣᠷᠣᠰᠢᠵᠤ ᠪᠠᠶᠢᠭ᠎ᠠ ᠡᠯ᠎ᠡ ᠲᠥᠷᠥᠯ ᠤᠨ ᠠᠰᠠᠭᠤᠳᠠᠯ ᠤᠨ ᠳᠠᠯᠳᠠ ᠬᠡᠮ ᠢ ᠭᠦᠨᠵᠡᠭᠡᠢ ᠵᠢᠭᠰᠠᠭᠠᠨ ᠪᠠᠶᠢᠴᠠᠭᠠᠬᠤ ᠬᠡᠷᠡᠭᠲᠡᠢ᠃ ᠬᠤᠶᠠᠷ ᠢ ᠲᠠᠰᠢᠷᠠᠮ ᠳᠠᠭᠠᠤ ᠪᠠᠶᠢᠴᠠᠭᠠᠬᠤ ᠪᠠᠷ ᠰᠠᠭᠤᠷᠢ ᠪᠣᠯᠭᠠᠵᠤ᠂ ᠭᠡᠨᠡᠳᠡᠭᠦᠯᠦᠨ ᠪᠠᠶᠢᠴᠠᠭᠠᠬᠤ᠂ ᠭᠤᠣᠯᠳᠠᠯᠭ᠎ᠠ ᠲᠠᠢ ᠪᠠᠶᠢᠴᠠᠭᠠᠬᠤ᠂ ᠣᠷᠣᠵᠤ ᠰᠠᠭᠤᠨ ᠪᠠᠶᠢᠴᠠᠭᠠᠬᠤ ᠵᠡᠷᠭᠡ ᠠᠷᠭ᠎ᠠ ᠮᠠᠶ᠋ᠢᠭ ᠢ ᠶᠡᠷᠦᠩᠬᠡᠶᠢᠯᠡᠨ ᠬᠡᠷᠡᠭᠯᠡᠵᠦ᠂ ᠬᠠᠤᠯᠢ ᠬᠡᠷᠡᠭᠵᠢᠭᠦᠯᠵᠦ ᠬᠢᠨᠠᠨ ᠬᠠᠮᠢᠶᠠᠷᠬᠤ ᠡᠷᠴᠢᠮ ᠢᠶᠠᠨ ᠴᠢᠩᠭᠠᠷᠠᠭᠤᠯᠤᠨ᠂ ᠡᠯ᠎ᠡ ᠲᠥᠷᠥᠯ ᠤᠨ ᠬᠡᠷᠡᠭ ᠤᠨ ᠰᠦᠪᠡᠭᠴᠢ ᠶᠢ ᠬᠢᠨᠠᠮᠠᠭᠠᠢ ᠡᠮᠬᠢᠯᠡᠵᠦ᠂ ᠴᠡᠭᠴᠡᠯᠡᠨ ᠵᠠᠰᠠᠬᠤ ᠭᠤᠣᠯᠳᠠᠯᠭ᠎ᠠ ᠶᠢ ᠣᠨᠣᠪᠴᠢᠲᠠᠶ ᠡᠷᠢᠵᠦ᠂ ᠵᠠᠩᠭᠢᠯᠠᠭ᠎ᠠ ᠶᠢᠨ ᠭᠤᠭᠴᠤᠭ᠎ᠠ ᠶᠢ ᠲᠣᠪᠤᠶᠢᠯᠭᠠᠨ᠂ ᠬᠡᠷᠡᠭ ᠢ ᠪᠠᠶᠢᠴᠠᠭᠠᠨ ᠰᠢᠢᠳᠪᠦᠷᠢᠯᠡᠬᠦ᠂  ᠱᠠᠯᠠᠪᠳᠡᠭᠤᠯᠣᠨ ᠰᠢᠢᠳᠪᠦᠷᠢᠯᠡᠬᠦ᠂ ᠰᠢᠯᠵᠢᠭᠦᠯᠦᠨ ᠰᠢᠢᠳᠪᠦᠷᠢᠯᠡᠬᠦ᠂ ᠬᠠᠮᠵᠢᠯᠴᠠᠨ ᠰᠢᠢᠳᠪᠦᠷᠢᠯᠡᠬᠦ ᠠᠵᠢᠯ ᠢ ᠴᠢᠩᠭᠠᠳᠬᠠᠵᠤ᠂ ᠴᠡᠭᠴᠡᠯᠡᠨ ᠵᠠᠰᠠᠬᠤ ᠬᠠᠨᠳᠤᠯᠭᠠᠲᠤ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃ ᠪᠠᠶᠢᠴᠠᠭᠠᠬᠤ ᠶᠠᠪᠤᠴᠠ ᠳᠤ ᠣᠯᠵᠤ ᠮᠡᠳᠡᠭᠰᠡᠨ ᠠᠰᠠᠭᠤᠳᠠᠯ ᠢ ᠲᠡᠷᠡ ᠳᠠᠷᠤᠢ ᠳᠤᠨᠢ ᠴᠡᠭᠴᠡᠯᠡᠨ ᠰᠠᠶᠢᠵᠢᠷᠠᠭᠤᠯᠵᠤ᠂ ᠬᠠᠤᠯᠢ ᠲᠣᠭᠲᠠᠭᠠᠯ ᠢ ᠬᠦᠨᠳᠦ ᠨᠣᠴᠢᠲᠠᠢ ᠵᠥᠷᠢᠴᠡᠭᠰᠡᠨ ᠠᠰᠠᠭᠤᠳᠠᠯ ᠢ ᠡᠷᠡᠰ ᠢᠶᠠᠷ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠂ ᠶᠠᠭᠠᠬᠢᠭᠰᠠᠨ ᠴᠤ ᠢᠯᠳᠠᠷ ᠬᠠᠶᠠᠵᠤ ᠪᠣᠯᠬᠤ ᠦᠭᠡᠢ᠃ ᠵᠢᠷᠤᠮ ᠢ ᠴᠢᠩᠭ᠎ᠠ ᠵᠢᠷᠤᠮᠯᠠᠨ ᠬᠠᠤᠯᠢ ᠶᠣᠰᠣᠭᠠᠷ ᠠᠵᠢᠯ ᠢᠶᠠᠨ ᠥᠷᠨᠢᠭᠦᠯᠵᠦ᠂ ᠪᠤᠰᠤᠳᠴᠢ ᠲᠥᠪ ᠭᠤᠣᠯᠴᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠴᠡᠭᠴᠡᠯᠡᠨ ᠵᠠᠰᠠᠬᠤ ᠠᠵᠢᠯᠯᠠᠭ᠎ᠠ ᠶᠢᠨ ᠳᠤᠮᠳᠠ ᠠᠵᠢᠯ ᠤᠨ ᠰᠠᠬᠢᠯᠭ᠎ᠠ ᠪᠠᠲᠤ ᠶᠢ ᠴᠢᠩᠳᠠᠯᠠᠵᠤ᠂ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠵᠤ᠂ ᠲᠥᠪ ᠬᠤᠷᠢᠶᠠᠨ ᠤ ᠨᠠᠢᠮᠠᠨ ᠲᠣᠭᠲᠠᠭᠠᠯ   ᠢ ᠴᠢᠩᠭ᠎ᠠ ᠵᠢᠷᠤᠮᠯᠠᠬᠤ ᠬᠡᠷᠡᠭᠲᠡᠢ᠃     ︵ᠭᠤᠷᠪᠠ︶ ᠠᠵᠢᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ ᠬᠠᠷᠢᠭᠤᠴᠠᠯᠭ᠎ᠠ ᠬᠡᠯᠡᠯᠴᠡᠵᠦ ᠱᠠᠯᠠᠪᠳᠡᠭᠤᠯᠣᠨ ᠪᠠᠶᠢᠴᠠᠭᠠᠬᠤ ᠶᠢ ᠴᠢᠩᠭᠠᠷᠠᠭᠤᠯᠤᠨ᠎ᠠ      ᠡᠯ᠎ᠡ ᠰᠠᠯᠠᠭ᠎ᠠ ᠮᠥᠴᠢᠷ ᠤᠳ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠮᠠᠨ ᠤ ᠬᠤᠲᠠ ᠶᠢᠨ ᠵᠣᠭᠠᠴᠠᠯ ᠤᠨ ᠵᠠᠬ᠎ᠠ ᠳᠡᠯᠭᠡᠭᠦᠷ ᠤᠨ ᠪᠣᠳᠠᠲᠤ ᠪᠠᠶᠢᠳᠠᠯ ᠢ ᠦᠨᠳᠦᠰᠦᠯᠡᠨ᠂ ᠠᠵᠢᠯ ᠤᠨ ᠲᠥᠰᠥᠯ ᠢᠶᠠᠨ ᠨᠠᠷᠢᠯᠢᠭᠵᠢᠭᠤᠯᠵᠤ᠂ ᠬᠠᠮᠵᠢᠯᠴᠠᠬᠤ ᠲᠣᠭᠲᠠᠴᠠ ᠶᠢ ᠪᠠᠶᠢᠭᠤᠯᠤᠨ᠂ ᠠᠵᠢᠯ ᠤᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠨᠠᠷᠢᠨ ᠨᠢᠮᠪᠠᠢ ᠲᠥᠯᠥᠪᠯᠡᠨ᠂ ᠨᠠᠶᠢᠳᠠᠪᠤᠷᠢᠵᠢᠭᠤᠯᠤᠯᠲᠠ ᠶᠢ ᠬᠦᠴᠦᠲᠡᠢ ᠠᠳᠬᠤᠵᠤ᠂ ᠴᠡᠭᠴᠡᠯᠡᠨ ᠵᠠᠰᠠᠬᠤ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠬᠤᠶᠠᠷ ᠠᠯᠪᠠᠨ ᠭᠡᠷ ᠤᠨ ᠱᠠᠯᠠᠪᠳᠡᠭᠤᠯᠣᠨ ᠪᠠᠶᠢᠴᠠᠭᠠᠬᠤ ᠲᠠᠰᠤᠭ ᠳᠠᠯᠳᠠᠭᠤᠷ ᠰᠤᠷᠪᠤᠯᠵᠢᠯᠠᠬᠤ᠂ ᠱᠠᠯᠠᠪᠳᠡᠭᠤᠯᠣᠨ ᠪᠠᠶᠢᠴᠠᠭᠠᠬᠤ ᠶᠢ ᠵᠣᠬᠢᠶᠠᠨ ᠪᠠᠶᠢᠭᠤᠯᠵᠤ᠂ ᠬᠦᠷᠢᠶ᠎ᠡ ᠴᠠᠷᠠᠭ᠎ᠠ ᠳᠠᠬᠢ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠦᠭᠰᠡᠨ ᠪᠠᠶᠢᠳᠠᠯ ᠢ ︽ᠡᠷᠭᠢᠵᠦ ᠦᠵᠡᠬᠦ︾ ᠠᠵᠢᠯᠯᠠᠭ᠎ᠠ ᠬᠢᠵᠦ᠂ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠦᠭᠰᠡᠨ ᠪᠠ ᠬᠡᠷᠡᠭ ᠢ ᠪᠠᠶᠢᠴᠠᠭᠠᠨ ᠰᠢᠢᠳᠪᠦᠷᠢᠯᠡᠭᠰᠡᠨ ᠨᠢ ᠬᠦᠴᠦᠨ ᠦᠭᠡᠢ᠂ ᠨᠡᠯᠢᠶᠡᠳ ᠣᠯᠠᠨ ᠠᠰᠠᠭᠤᠳᠠᠯ ᠣᠷᠣᠰᠢᠵᠤ ᠪᠠᠶᠢᠬᠤ ᠶᠢ ᠨᠢ ᠵᠠᠷᠯᠠᠨ ᠮᠡᠳᠡᠭᠳᠡᠵᠦ᠂ ᠬᠦᠨᠳᠦ ᠨᠣᠴᠢᠲᠠᠢ ᠠᠰᠠᠭᠤᠳᠠᠯ ᠲᠠᠢ ᠪᠣᠯ ᠪᠠᠶᠢᠳᠠᠯ ᠢ ᠨᠢ ᠦᠵᠡᠵᠦ ᠪᠠᠶᠢᠭᠠᠳ ᠬᠠᠮᠢᠶ᠎ᠠ ᠪᠦᠬᠦᠢ ᠰᠠᠯᠠᠭ᠎ᠠ ᠮᠥᠴᠢᠷ ᠲᠤ ᠰᠢᠯᠵᠢᠭᠦᠯᠦᠨ ᠲᠤᠰᠢᠶᠠᠵᠤ ᠰᠢᠢᠳᠪᠦᠷᠢᠯᠡᠭᠦᠯᠦᠨ᠎ᠡ᠃      ︵ᠳᠥᠷᠪᠡ︶ ᠶᠠᠷᠢᠶ᠎ᠠ ᠬᠡᠯᠡᠯᠴᠡᠭᠡᠨ ᠤ ᠤᠬᠠᠭᠤᠯᠭ᠎ᠠ ᠶᠢ ᠰᠠᠶᠢᠲᠤᠷ ᠬᠢᠨ᠎ᠠ      ᠡᠯ᠎ᠡ ᠰᠠᠯᠠᠭ᠎ᠠ ᠮᠥᠴᠢᠷ ᠤᠳ ᠵᠣᠭᠠᠴᠠᠯ ᠤᠨ ᠬᠥᠭᠵᠢᠯᠲᠡᠢ ᠤᠯᠠᠷᠢᠯ ᠲᠠᠢ ᠤᠶᠠᠯᠳᠤᠭᠤᠯᠤᠨ᠂ ᠤᠬᠠᠭᠤᠯᠭ᠎ᠠ ᠶᠢᠨ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠬᠦ ᠪᠠᠶᠢᠷᠢᠯᠠᠭᠤᠯᠤᠯᠲᠠ᠂ ᠬᠡᠷᠡᠭᠵᠢᠭᠦᠯᠦᠯᠲᠡ᠂ ᠦᠷ᠎ᠡ ᠪᠦᠲᠦᠭᠡᠯ ᠵᠡᠷᠭᠡ ᠪᠠᠶᠢᠳᠠᠯ ᠢᠶᠠᠨ ᠴᠠᠭ ᠲᠤᠬᠠᠢ ᠳᠤᠨᠢ ᠨᠡᠶᠢᠭᠡᠮ ᠳᠤ ᠨᠡᠶᠢᠲᠡᠯᠡᠵᠦ᠂ ᠠᠵᠢᠯ ᠲᠥᠷᠥᠯ ᠳᠤ ᠮᠡᠳᠡᠭᠳᠡᠵᠦ᠂ ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠬᠤ ᠦᠢᠯᠡᠳᠦᠯ ᠢ ᠪᠠᠳᠠᠷᠠᠭᠤᠯᠤᠨ᠂ ᠵᠠᠬ᠎ᠠ ᠳᠡᠯᠭᠡᠭᠦᠷ ᠲᠤ ᠳᠠᠷᠤᠯᠲᠠ ᠥᠭᠴᠦ᠂ ᠣᠯᠠᠨ ᠨᠡᠶᠢᠲᠡ ᠳᠤ ᠮᠡᠳᠡᠭᠡ ᠵᠠᠩᠭᠢ ᠳᠠᠮᠵᠢᠭᠤᠯᠵᠤ᠂ ᠦᠨᠡᠨᠴᠢ ᠢᠲᠡᠭᠡᠮᠵᠢᠲᠡᠢ ᠪᠠᠷ ᠡᠵᠡᠩᠨᠡᠬᠦ ᠨᠡᠶᠢᠭᠡᠮ ᠤᠨ ᠣᠷᠴᠢᠨ ᠲᠣᠭᠤᠷᠢᠨ ᠢ ᠪᠣᠶ ᠪᠣᠯᠭᠠᠨ᠎ᠠ᠃      ︵ᠲᠠᠪᠤ︶ ᠴᠠᠭ ᠲᠤᠬᠠᠢ ᠳᠤᠨᠢ ᠮᠡᠳᠡᠭᠡ ᠵᠠᠩᠭᠢ ᠪᠠᠨ ᠮᠡᠳᠡᠭᠦᠯᠦᠨ ᠬᠦᠷᠭᠡᠨ᠎ᠠ      ᠡᠯ᠎ᠡ ᠰᠠᠯᠠᠭ᠎ᠠ ᠮᠥᠴᠢᠷ ᠤᠳ 4 ᠰᠠᠷ᠎ᠠ ᠶᠢᠨ 15 ᠤ ᠡᠳᠦᠷ ᠠᠴᠠ ᠡᠮᠦᠨ᠎ᠡ ᠠᠵᠢᠯ ᠤᠨ ᠲᠥᠰᠥᠯ᠂ ᠠᠵᠢᠯ ᠤᠨ ᠪᠠᠶᠢᠷᠢᠯᠠᠭᠤᠯᠤᠯᠲᠠ ᠶᠢᠨ ᠪᠠᠶᠢᠳᠠᠯ ᠪᠠ ᠴᠡᠭᠴᠡᠯᠡᠨ ᠵᠠᠰᠠᠬᠤ ᠠᠵᠢᠯᠯᠠᠭ᠎ᠠ ᠶᠢᠨ ᠠᠵᠢᠯ ᠤᠨ ᠬᠠᠷᠢᠭᠤᠴᠠᠯᠭᠠᠲᠠᠨ ᠪᠠ ᠬᠤᠯᠪᠣᠭᠠᠴᠢᠨ ᠢᠶᠠᠨ ᠮᠡᠳᠡᠭᠦᠯᠦᠨ ᠬᠦᠷᠭᠡᠬᠦ ᠬᠡᠷᠡᠭᠲᠡᠢ ︵ᠳᠠᠭᠠᠯᠳᠤᠭᠤᠯᠤᠯ 1 ᠶᠢ ᠦᠵᠡ︶︔ 2023 ᠣᠨ ᠤ 5 ᠰᠠᠷ᠎ᠠ ᠠᠴᠠ ᠡᠬᠢᠯᠡᠨ᠂ ᠰᠠᠷ᠎ᠠ ᠪᠦᠷᠢ ᠶᠢᠨ 10 ᠤ ᠡᠳᠦᠷ ᠠᠴᠠ ᠡᠮᠦᠨ᠎ᠡ ᠵᠣᠭᠠᠴᠠᠯ ᠤᠨ ᠵᠠᠬ᠎ᠠ ᠳᠡᠯᠭᠡᠭᠦᠷ ᠢ ᠴᠡᠭᠴᠡᠯᠡᠨ ᠵᠠᠰᠠᠬᠤ ᠠᠵᠢᠯᠯᠠᠭ᠎ᠠ ᠶᠢᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ᠂ ᠬᠡᠷᠡᠭ ᠢ ᠪᠠᠶᠢᠴᠠᠭᠠᠨ ᠰᠢᠢᠳᠪᠦᠷᠢᠯᠡᠭᠰᠡᠨ ᠰᠠᠷ᠎ᠠ ᠶᠢᠨ ᠪᠠᠶᠢᠳᠠᠯ ᠤᠨ ᠬᠤᠷᠢᠶᠠᠩᠭᠤᠢ ᠬᠦᠰᠦᠨᠦᠭᠲᠦ ᠶᠢ ᠮᠡᠳᠡᠭᠦᠯᠦᠨ ᠬᠦᠷᠭᠡᠨ᠎ᠡ ︵ᠳᠠᠭᠠᠯᠳᠤᠭᠤᠯᠤᠯ 2 ᠢ ᠦᠵᠡ︶︔11 ᠰᠠᠷ᠎ᠠ ᠶᠢᠨ 10 ᠤ ᠡᠳᠦᠷ ᠠᠴᠠ ᠡᠮᠦᠨ᠎ᠡ ᠪᠥᠬᠦ ᠬᠤᠲᠠ ᠶᠢᠨ ᠴᠡᠭᠴᠡᠯᠡᠨ ᠵᠠᠰᠠᠬᠤ ᠠᠵᠢᠯᠯᠠᠭ᠎ᠠ ᠶᠢᠨ ᠠᠵᠢᠯ ᠤᠨ ᠳ᠋ᠦᠩᠨᠡᠯᠲᠡ ᠶᠢ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ ᠲᠤ ᠮᠠᠳᠡᠬᠦᠯᠣᠨ ᠬᠦᠷᠭᠡᠬᠦ ᠭᠡᠷᠡᠭᠳᠡᠢ᠃      ᠳᠠᠭᠠᠯᠳᠤᠭᠤᠯᠤᠯ 2      ᠷᠠᠰᠢᠶᠠᠨ ᠬᠤᠲᠠ ᠶᠢᠨ ᠵᠣᠭᠠᠴᠠᠯ ᠤᠨ ᠵᠠᠬ᠎ᠠ ᠳᠡᠯᠭᠡᠭᠦᠷ ᠤᠨ ᠲᠤᠰᠬᠠᠢ ᠴᠡᠭᠴᠡᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ      ᠳᠤᠭᠤᠶᠢᠯᠠᠩ ᠤᠨ ᠳᠠᠷᠤᠭ᠎ᠠ᠄ ᠶᠠᠩ ᠪᠦᠦ ᠲᠢᠶᠠᠨ   ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ      ᠳᠡᠳ᠋ ᠳᠤᠭᠤᠶᠢᠯᠠᠩ ᠤᠨ ᠳᠠᠷᠤᠭ᠎ᠠ᠄ ᠪᠠᠢ ᠹᠧᠩ   ᠬᠤᠲᠠ ᠶᠢᠨ ᠰᠣᠶᠣᠯ ᠵᠣᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠳᠠᠷᠤᠭ᠎ᠠ     ᠪᠦᠷᠢᠯᠳᠦᠭᠦᠨ᠄ ᠸᠠᠩ ᠵᠢᠶᠦ᠋ᠨ ᠷᠦᠩ   ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠳᠡᠳ᠋ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠳᠡᠳ᠋ ᠡᠷᠬᠢᠯᠡᠭᠴᠢ      ᠵᠦ ᠭᠦᠸᠧ ᠬᠤᠩ   ᠬᠤᠲᠠ ᠶᠢᠨ ᠨᠠᠮ ᠤᠨ ᠬᠤᠷᠢᠶᠠᠨ ᠤ ᠠᠯᠪᠠᠨ ᠭᠡᠷ ᠤᠨ ᠳᠡᠳ᠋ ᠡᠷᠬᠢᠯᠡᠭᠴᠢ     ᠵᠠᠩ ᠰᠢᠨ   ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ ᠤᠨ ᠲᠡᠳ᠋ ᠡᠷᠬᠢᠯᠡᠭᠴᠢ      ᠴᠧᠨ ᠯᠧᠢ   ᠬᠤᠲᠠ ᠶᠢᠨ ᠭᠠᠯ ᠰᠠᠷᠭᠡᠶᠢᠯᠠᠵᠣ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠳᠠᠷᠤᠭ᠎ᠠ      ᠯᠢ ᠾᠧ   ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠤᠯᠤᠰ ᠲᠦᠷᠦ ᠶᠢᠨ ᠭᠡᠰᠢᠭᠦᠨ       ᠵᠣᠣ ᠰᠢᠶᠣᠣ ᠭᠤᠸᠠᠩ   ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶᠠᠨ  ᠤ ᠲᠣᠪᠴᠢᠶᠠᠨ ᠲᠠᠷᠤᠭ᠎ᠠ      ᠸᠠᠩ ᠵᠢᠶᠠᠨ ᠯᠢᠨ   ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶᠠᠨ ᠤ ᠲᠣᠪᠴᠢᠶᠠᠨ ᠳᠠᠷᠤᠭ᠎ᠠ      ᠯᠢ ᠬᠤᠩ ᠸᠧᠢ   ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠲᠣᠪᠴᠢᠶᠠᠨ ᠲᠠᠷᠤᠭ᠎ᠠ      ᠸᠠᠩ ᠠᠢ ᠵᠢᠶᠦ᠋ᠨ   ᠬᠤᠲᠠ ᠶᠢᠨ ᠵᠠᠮ ᠲᠡᠭᠡᠭᠡᠪᠦᠷᠢ ᠶᠢᠨ ᠲᠣᠪᠴᠢᠶᠠᠨ ᠤ  ᠲᠣᠪᠴᠢᠶᠠᠨ ᠳᠠᠷᠤᠭ᠎ᠠ      ᠵᠠᠩ ᠪᠢᠨ ᠸᠠᠩ   ᠬᠤᠲᠠ ᠶᠢᠨ ᠲᠠᠷᠢᠶᠠᠯᠠᠩ ᠮᠠᠯ ᠠᠵᠤ ᠠᠬᠤᠢ ᠤᠰᠤᠨ ᠠᠰᠢᠭᠯᠠᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶᠠᠨ ᠤ ᠲᠣᠪᠴᠢᠶᠠᠨ ᠳᠠᠷᠤᠭ᠎ᠠ      ᠪᠠᠢ ᠮᠢᠩ ᠱᠦᠨ   ᠲᠢᠶᠠᠨ ᡂᠢ ᠪᠠᠯᠭᠠᠰᠤᠨ ᠤ ᠳᠠᠷᠤᠭ᠎ᠠ      ᠰᠢᠦᠢ ᠭᠦᠸᠧ ᠴᠢᠶᠠᠩ   ᠪᠠᠢ ᠯᠠᠩ ᠪᠠᠯᠭᠠᠰᠤᠨ ᠤ ᠳᠠᠷᠤᠭ᠎ᠠ      ᠵᠠᠩ ᠪᠦᠦ ᠯᠢᠶᠠᠩ    ᠦ᠋ ᠴᠠ ᠭᠧᠦ ᠪᠠᠯᠭᠠᠰᠤᠨ ᠤ ᠳᠠᠷᠤᠭ᠎ᠠ      ᠸᠠᠩ ᠱᠣ᠋ ᠴᠢᠩ    ᠮᠢᠩ ᠱᠦᠢ ᠾᠧ ᠪᠠᠯᠭᠠᠰᠤᠨ ᠤ ᠳᠠᠷᠤᠭ᠎ᠠ      ᠾᠥᠸᠧ ᠮᠢᠩ ᠰᠢᠤᠸᠠᠨ    ᠸᠧᠨᠴᠢᠣᠸᠠᠨ ᠵᠡᠭᠡᠯᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ     ᠵᠧᠩ ᠸᠧᠢ ᠰᠧ    ᠯᠢᠨ ᠬᠠᠢ ᠵᠡᠭᠡᠯᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ     ᠯᠢᠨ  ᠬᠤᠩ    ᠰᠢᠨ ᠴᠧᠩ ᠵᠡᠭᠡᠯᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ     ᠠᠨ ᠰᠢᠸ ᠬᠤᠩ    ᠢᠷᠪᠢᠰ ᠵᠡᠭᠡᠯᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ      ᠯᠢ ᠺᠦᠨ   ᠬᠤᠲᠠ ᠶᠢᠨ ᠬᠠᠮᠢᠶᠠᠷᠤᠯᠲᠠ ᠶᠢᠨ ᠶᠡᠷᠦᠩᠬᠡᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶᠠᠨ ᠤ ᠲᠣᠪᠴᠢᠶᠠᠨ ᠳᠠᠷᠤᠭ᠎ᠠ      ᠰᠢᠶᠧ ᠵᠥᠩ ᠶᠢᠩ   ᠬᠤᠲᠠ ᠶᠢᠨ ᠵᠠᠮ ᠲᠡᠭᠡᠭᠡᠪᠦᠷᠢ ᠶᠢᠨ ᠶᠡᠷᠦᠩᠬᠡᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠶᠢᠨ ᠳᠠᠷᠤᠭ᠎ᠠ      ᠸᠠᠩ ᠬᠤᠩ ᠳ᠋ᠠ   ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠶᠢᠨ ᠳᠠᠷᠤᠭ᠎ᠠ     ᠯᠢ ᠸᠧᠨ ᠴᠢᠤᠸᠠᠨ   ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠶᠡᠷᠦᠩᠬᠡᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠶᠢᠨ ᠳᠠᠷᠤᠭ᠎ᠠ     ᠭᠦᠸᠧ ᠴᠢᠩ ᠴᠦᠨ   ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠡᠷᠦᠩᠬᠡᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠶᠢᠨ ᠳᠠᠷᠤᠭ᠎ᠠ     ᠪᠦᠦ ᠶᠦᠨ ᠯᠦᠩ   ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠲᠠᠯᠪᠢᠬᠤ ᠶᠡᠷᠦᠩᠬᠡᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠶᠢᠨ ᠳᠠᠷᠤᠭ᠎ᠠ     ᠵᠠᠩ ᠷᠦᠢ   ᠬᠤᠲᠠ ᠶᠢᠨ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶᠠᠨ ᠤ ᠲᠣᠪᠴᠢᠶᠠᠨ ᠳᠠᠷᠤᠭ᠎ᠠ     ᠤᠳᠤᠷᠢᠳᠬᠤ ᠳᠤᠭᠤᠶᠢᠯᠠᠩ ᠤᠨ ᠠᠯᠪᠠᠨ ᠭᠡᠷ ᠢ ᠬᠤᠲᠠ ᠶᠢᠨ ᠰᠣᠶᠣᠯ ᠵᠣᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ ᠳᠤ ᠪᠠᠶᠢᠷᠢᠯᠠᠭᠤᠯᠵᠤ᠂ ᠡᠳᠦᠷ ᠲᠤᠲᠤᠮ ᠤᠨ ᠠᠵᠢᠯ ᠢ ᠬᠠᠷᠢᠭᠤᠴᠠᠭᠤᠯᠤᠨ᠎ᠠ᠂ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠪᠠᠢ ᠹᠧᠩ ᠬᠠᠪᠰᠤᠷᠭᠠᠨ ᠬᠠᠷᠢᠭᠤᠴᠠᠵᠤ᠂ ᠬᠤᠯᠪᠣᠭᠠᠴᠢᠨ ᠵᠠᠩ ᠷᠦᠢ ᠬᠠᠪᠰᠤᠷᠭᠠᠨ ᠢ ᠬᠠᠷᠢᠭᠤᠴᠠᠨ᠎ᠠ᠂ ᠬᠠᠷᠢᠯᠴᠠᠬᠤ  ᠣᠳᠡᠰᠣ᠄ 0482 ︱ 7185548 ᠪᠣᠯᠣᠨ᠎ᠠ᠃                  ᠨᠠᠷᠢᠨ ᠠᠭᠤᠯᠭ᠎ᠠ ᠶᠢ ᠷᠡᠰᠢᠶᠠᠨ ᠬᠤᠳᠡ ᠶᠢᠨ ᠠᠷᠡᠳ ᠤᠨ ᠵᠠᠰᠠᠭ ᠤᠨ ᠣᠷᠳᠣᠨ ᠤ ᠬᠢᠳᠡᠳ ᠰᠦᠯᠵᠢᠶ᠎ᠠ ᠠᠴᠠ ᠦᠵᠡᠭᠡᠷᠡᠢ︕
 
ᠢᠷᠡᠯᠲᠡ᠄ ᠷᠡᠰᠢᠶᠠᠨ ᠬᠤᠳᠡ ᠶᠢᠨ ᠠᠷᠡᠳ ᠤᠨ ᠵᠠᠰᠠᠭ ᠤᠨ ᠣᠷᠳᠣᠨ ᠤ ᠠᠯᠪᠡᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号