ᠳᠠᠭᠠᠯᠳᠤᠭᠤᠯᠤᠯ 1 | ᠷᠠᠰᠢᠶᠠᠨ ᠬᠤᠲᠠ ᠶᠢᠨ ᠵᠣᠭᠠᠴᠠᠯ ᠤᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠲᠣᠬᠠᠢ | ᠬᠡᠷᠡᠭᠵᠢᠭᠦᠯᠬᠦ ᠲᠥᠰᠥᠯ | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠣᠭᠤᠰᠢᠯᠠᠭᠤᠯᠣᠨ | ᠨᠠᠶᠢᠳᠠᠪᠤᠷᠢᠵᠢᠭᠤᠯᠵᠤ᠂ ᠮᠠᠨ ᠤ ᠬᠤᠲᠠ ᠶᠢᠨ ᠵᠣᠭᠠᠴᠠᠯ ᠤᠨ ᠪᠠᠷᠢᠮᠵᠢᠶᠠᠵᠢᠭᠤᠯᠤᠯᠲᠠ ᠶᠢᠨ ᠠᠵᠢᠯ ᠢ ᠭᠦᠨᠵᠡᠭᠡᠢ | ᠠᠬᠢᠭᠤᠯᠵᠤ᠂ ᠵᠣᠭᠠᠴᠠᠯ ᠤᠨ ᠦᠢᠯᠡᠰ ᠤᠨ ᠦᠢᠯᠡᠴᠢᠯᠡᠭᠡᠨ ᠤ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ | ᠵᠣᠭᠠᠴᠠᠬᠰᠠᠳ ᠤᠨ ᠬᠠᠨᠤᠮᠵᠢ ᠶᠢᠨ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠮᠠᠨ ᠤ ᠬᠤᠲᠠ ᠶᠢᠨ | ᠦᠢᠯᠡᠴᠢᠯᠡᠭᠡᠨ ᠤ ᠦᠢᠯᠡᠰ ᠤᠨ ᠰᠠᠶᠢᠨ ᠰᠠᠶᠢᠬᠠᠨ ᠳᠦᠷᠢ ᠲᠥᠷᠬᠦ ᠶᠢ ᠪᠣᠶ ᠪᠣᠯᠭᠠᠬᠤ ᠶᠢᠨ ᠲᠥᠯᠥᠭᠡ᠂ 2023 | ᠣᠨ ᠢ ︽ ᠵᠣᠭᠠᠴᠠᠯ ᠤᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠣᠨ︾ ᠢᠶᠠᠷ ᠲᠣᠭᠲᠠᠭᠠᠪᠠ᠃ | ᠠᠵᠢᠯ ᠢᠶᠠᠨ ᠯᠠᠪᠳᠠᠭᠤᠨ ᠢᠶᠠᠷ ᠥᠷᠨᠢᠭᠦᠯᠬᠦ ᠶᠢ ᠠᠬᠢᠭᠤᠯᠬᠤ ᠶᠢᠨ ᠲᠥᠯᠥᠭᠡ᠂ ᠮᠠᠨ ᠤ ᠬᠤᠲᠠ ᠶᠢᠨ | ᠪᠣᠳᠠᠲᠠᠢ ᠲᠠᠢ ᠪᠠᠨ ᠤᠶᠠᠯᠳᠤᠭᠤᠯᠵᠤ᠂ ᠳᠣᠣᠷᠠᠬᠢ ᠮᠡᠲᠦ ᠲᠥᠰᠥᠯ ᠢ ᠲᠣᠭᠲᠠᠭᠠᠪᠠ᠄ | ᠨᠢᠭᠡ᠂ ᠦᠨᠳᠦᠰᠦᠨ ᠵᠠᠷᠴᠢᠮ | ᠨᠢᠭᠡ ᠳᠤ ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠠᠷᠭ᠎ᠠ ᠮᠠᠶ᠋ᠢᠭ ᠢ ᠰᠢᠯᠢᠳᠡᠭᠵᠢᠭᠦᠯᠦᠨ | ᠰᠠᠶᠢᠵᠢᠷᠠᠭᠤᠯᠬᠤ ᠶᠢ ᠪᠠᠷᠢᠮᠲᠠᠯᠠᠵᠤ᠂ ᠵᠣᠭᠠᠴᠠᠯ ᠤᠨ ᠬᠠᠮᠢᠶᠠᠷᠤᠯᠲᠠ ᠶᠢᠨ ᠲᠦᠷᠦ ᠶᠢᠨ ᠪᠣᠳᠣᠯᠭ᠎ᠠ ᠶᠢ | ᠲᠡᠭᠦᠯᠳᠡᠷᠵᠢᠭᠦᠯᠵᠦ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠡᠷᠡᠭᠦᠯ ᠢᠶᠠᠷ ᠬᠥᠭᠵᠢᠬᠦ ᠶᠢ ᠲᠡᠮᠵᠢᠵᠤ᠂ | ᠬᠥᠲᠥᠯᠥᠨ ᠵᠢᠯᠤᠭᠤᠳᠴᠤ ᠵᠢᠷᠤᠮᠵᠢᠭᠤᠯᠤᠨ᠎ᠠ᠃ | ᠬᠤᠶᠠᠷ ᠲᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ | ᠪᠠᠷᠢᠮᠲᠠᠯᠠᠵᠤ᠂ ᠳᠣᠲᠣᠭᠠᠳᠤ ᠬᠥᠳᠡᠯᠭᠡᠬᠦ ᠬᠦᠴᠦᠨ ᠢ ᠴᠢᠩᠭᠠᠳᠬᠠᠵᠤ᠂ ᠵᠤᠭᠠᠴᠠᠯ ᠤᠨ ᠦᠢᠯᠡᠴᠢᠯᠡᠭᠡ | ᠬᠠᠩᠭᠠᠭᠴᠢ ᠶᠢᠨ ᠵᠤᠭᠠᠴᠠᠯ ᠤᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠤᠬᠠᠮᠰᠠᠷᠲᠤ ᠴᠢᠨᠠᠷ ᠢ | ᠳᠡᠭᠡᠭᠰᠢᠯᠡᠭᠦᠯᠦᠨ᠎ᠡ᠃ | ᠭᠤᠷᠪᠠ ᠳᠤ᠂ ᠠᠵᠢᠯ ᠲᠦᠷᠦᠯ ᠤᠨ ᠵᠣᠬᠢᠶᠠᠨ ᠪᠠᠶᠢᠭᠤᠯᠤᠯᠲᠠ ᠶᠢᠨ ᠵᠣᠬᠢᠴᠠᠭᠤᠯᠬᠤ ᠦᠢᠯᠡᠳᠦᠯ ᠪᠣᠯᠣᠨ | ᠠᠵᠢᠯ ᠲᠦᠷᠦᠯ ᠤᠨ ᠪᠠᠷᠢᠮᠵᠢᠶ᠎ᠠ ᠶᠢᠨ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠬᠤ ᠶᠢ ᠪᠠᠷᠢᠮᠲᠠᠯᠠᠵᠤ᠂ | ᠠᠵᠢᠯ ᠲᠦᠷᠦᠯ ᠤᠨ ᠥᠪᠡᠷ ᠢ ᠪᠠᠨ ᠱᠠᠭᠠᠷᠳᠠᠬᠤ ᠶᠢ ᠴᠢᠩᠭᠠᠳᠬᠠᠵᠤ᠂ ᠵᠤᠭᠠᠴᠠᠯ ᠤᠨ ᠬᠠᠮᠢᠶᠠᠷᠤᠯᠲᠠ ᠪᠣᠯᠣᠨ | ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠦᠨ᠎ᠡ᠃ | ᠳᠥᠷᠪᠡ ᠳᠤ᠂ ᠠᠵᠢᠯᠯᠠᠵᠤ ᠪᠠᠶᠢᠭ᠎ᠠ ᠬᠥᠮᠥᠰ ᠤᠨ ᠲᠤᠰᠬᠠᠢ ᠮᠡᠷᠭᠡᠵᠢᠯ ᠤᠨ ᠪᠣᠯᠪᠠᠰᠤᠷᠠᠯ ᠪᠣᠯᠣᠨ | ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ ᠶᠢ ᠪᠠᠷᠢᠮᠲᠠᠯᠠᠵᠤ᠂ ᠥᠷᠭᠡᠨ ᠤᠯᠠᠨ ᠠᠷᠡᠳ ᠲᠦᠮᠡᠨ ᠤ | ᠲᠤᠰ ᠭᠠᠵᠠᠷ ᠣᠷᠣᠨ ᠤ ᠵᠤᠭᠠᠴᠠᠯ ᠤᠨ ᠦᠢᠯᠡᠴᠢᠯᠡᠭᠡᠨ ᠤ ᠲᠠᠯ᠎ᠠ ᠪᠠᠷ ᠬᠢ ᠢᠳᠡᠪᠬᠢᠵᠢᠯ ᠪᠣᠯᠣᠨ ᠰᠠᠨᠠᠭᠠᠴᠢᠯᠠᠭᠠᠲᠤ | ᠴᠢᠨᠠᠷ ᠢ ᠲᠠᠶᠢᠴᠢᠯᠠᠨ᠎ᠠ᠃ | ᠬᠤᠶᠠᠷ᠂ ᠭᠤᠣᠯ ᠬᠠᠷᠠᠯᠲᠠ | ᠪᠥᠬᠦ ᠬᠤᠲᠠ ᠶᠢᠨ ᠵᠣᠭᠠᠴᠠᠯ ᠤᠨ ᠠᠵᠢᠯ ᠲᠥᠷᠥᠯ ᠤᠨ ᠶᠠᠰᠤ ᠴᠢᠨᠠᠷ ᠤᠨ ᠬᠠᠮᠢᠶᠠᠷᠤᠯᠲᠠ ᠶᠢᠨ ᠬᠢᠷᠢ | ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠵᠣᠭᠠᠴᠠᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ | ᠬᠢᠨᠠᠨ ᠬᠠᠮᠢᠶᠠᠷᠬᠤ ᠴᠢᠳᠠᠪᠤᠷᠢ ᠶᠢ ᠤᠯᠠᠮ ᠨᠢᠭᠡ ᠠᠯᠬᠤᠮ ᠴᠢᠩᠭᠠᠷᠠᠭᠤᠯᠤᠨ᠂ ᠢᠲᠡᠭᠡᠮᠵᠢ ᠶᠢᠨ ᠬᠢᠨᠠᠨ ᠬᠠᠮᠢᠶᠠᠷᠬᠤ | ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠵᠦ᠂ ᠵᠣᠭᠠᠴᠠᠯ ᠤᠨ ᠲᠣᠬᠠᠢ ᠵᠠᠭᠠᠯᠳᠤᠯᠭ᠎ᠠ ᠶᠢ ᠴᠠᠭ ᠲᠤᠬᠠᠢ ᠳᠤᠨᠢ | ᠪᠦᠲᠦᠮᠵᠢᠲᠡᠶ ᠰᠢᠢᠳᠪᠦᠷᠢᠯᠡᠵᠦ᠂ ᠵᠣᠭᠠᠴᠠᠯ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠨᠠᠩ ᠵᠢᠷᠤᠮᠵᠢᠭᠤᠯᠤᠨ᠂ | ᠵᠣᠭᠠᠴᠠᠯ ᠤᠨ ᠬᠡᠷᠡᠭᠯᠡᠭᠡᠨ ᠤ ᠣᠷᠴᠢᠨ ᠨᠥᠬᠦᠴᠡᠯ ᠢ ᠢᠯᠡᠳᠲᠡ ᠰᠠᠶᠢᠵᠢᠷᠠᠭᠤᠯᠵᠤ᠂ ᠵᠣᠭᠠᠴᠠᠯ ᠤᠨ | ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠨᠡᠶᠢᠯᠡᠮᠡᠯ ᠬᠦᠴᠦᠨ ᠢ ᠢᠯᠡᠳᠲᠡ ᠴᠢᠩᠭᠠᠷᠠᠭᠤᠯᠤᠨ᠎ᠠ᠃ | ᠭᠤᠷᠪᠠ᠂ ᠠᠵᠢᠯ ᠤᠨ ᠭᠤᠣᠯᠳᠠᠯᠭ᠎ᠠ | ︵ᠨᠢᠭᠡ︶ ᠪᠠᠷᠢᠮᠵᠢᠶ᠎ᠠ ᠶᠢᠨ ᠰᠢᠰᠲ᠋ᠧᠮ ᠢ ᠪᠠᠶᠢᠭᠤᠯᠤᠨ ᠪᠦᠷᠢᠨᠰᠢᠭᠦᠯᠦᠨ᠎ᠡ | 1. ᠠᠵᠢᠯ ᠲᠥᠷᠥᠯ ᠤᠨ ᠬᠤᠭᠤᠷᠣᠨᠳᠣ ᠨᠢ ᠠᠳᠠᠯᠢᠳᠬᠠᠨ ᠰᠢᠯᠭᠠᠷᠠᠭᠤᠯᠬᠤ ᠠᠵᠢᠯ ᠢ ᠲᠠᠰᠤᠷᠠᠯᠲᠠ ᠦᠭᠡᠢ | ᠰᠢᠯᠢᠳᠡᠭᠵᠢᠭᠦᠯᠵᠦ᠂ ᠵᠣᠭᠠᠴᠠᠯ ᠤᠨ ᠭᠠᠵᠠᠷ᠂ ᠵᠣᠴᠢᠳ ᠤᠨ ᠪᠠᠭᠤᠳᠠᠯ᠂ ᠵᠣᠭᠠᠴᠠᠯ ᠤᠨ ᠬᠥᠲᠥᠴᠢ᠂ ᠵᠢᠯᠣᠭᠤᠴᠢ᠂ | ᠵᠣᠭᠠᠴᠠᠯ ᠤᠨ ᠳᠤᠷᠠᠰᠬᠠᠯ ᠤᠨ ᠡᠳ᠋ ᠤᠨ ᠳᠡᠯᠭᠡᠭᠦᠷ ᠪᠠ ᠬᠥᠳᠡᠭᠡ ᠲᠣᠰᠬᠤᠨ ᠤ ᠵᠣᠭᠠᠴᠠᠯ ᠤᠨ ᠬᠦᠯᠢᠶᠡᠨ ᠠᠪᠬᠤ | ᠡᠷᠦᠬᠡ ᠵᠡᠷᠭᠡ ᠵᠣᠭᠠᠴᠠᠯ ᠳᠤ ᠬᠤᠯᠪᠣᠭᠳᠠᠬᠤ ᠠᠵᠤ ᠠᠬᠤᠶᠢᠯᠠᠯ ᠤᠨ ᠠᠵᠢᠯᠲᠠᠳ ᠤᠨ ᠠᠵᠢᠯ ᠲᠥᠷᠥᠯ ᠤᠨ | ᠰᠢᠯᠭᠠᠷᠠᠭᠤᠯᠤᠯᠲᠠ ᠶᠢᠨ ᠠᠵᠢᠯᠯᠠᠭ᠎ᠠ ᠶᠢ ᠥᠷᠨᠢᠭᠦᠯᠵᠦ᠂ ᠪᠠᠷᠢᠮᠵᠢᠶ᠎ᠠ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠲᠤᠰᠬᠠᠢ ᠮᠡᠷᠭᠡᠵᠢᠯ ᠤᠨ ᠪᠦᠯᠬᠦᠮ ᠢ ᠤᠷᠢᠵᠤ ᠵᠣᠭᠠᠴᠠᠯ ᠳᠤ ᠬᠤᠯᠪᠣᠭᠳᠠᠭᠰᠠᠨ | ᠦᠢᠯᠡᠴᠢᠯᠡᠭᠡᠨ ᠤ ᠨᠠᠷᠢᠨ ᠬᠠᠭᠤᠳᠠᠰᠤ ᠶᠢ ᠪᠥᠬᠦ ᠲᠠᠯ᠎ᠠ ᠪᠠᠷ ᠡᠮᠬᠢᠯᠡᠵᠦ᠂ ᠪᠠᠭᠤᠳᠠᠯ᠂ ᠦᠵᠡᠮᠵᠢ ᠶᠢᠨ ᠣᠷᠣᠨ᠂ | ᠵᠣᠭᠠᠴᠠᠯ ᠤᠨ ᠭᠠᠵᠠᠷ᠂ ᠵᠣᠭᠠᠴᠠᠯ ᠤᠨ ᠬᠥᠲᠥᠴᠢ᠂ ᠵᠢᠯᠣᠭᠤᠴᠢ ᠵᠡᠷᠭᠡ ᠠᠵᠢᠯ ᠲᠥᠷᠥᠯ ᠤᠨ ᠠᠵᠤ ᠠᠬᠤᠶᠢᠯᠠᠯ ᠳᠤ | ᠴᠢᠭᠯᠡᠭᠦᠯᠦᠨ ᠠᠵᠢᠯ ᠲᠥᠷᠥᠯ ᠤᠨ ᠵᠢᠷᠤᠮᠵᠢᠯ ᠲᠣᠭᠲᠠᠭᠠᠵᠤ᠂ ᠵᠣᠭᠠᠴᠠᠯ ᠳᠤ ᠬᠤᠯᠪᠣᠭᠳᠠᠭᠰᠠᠨ ᠠᠵᠤ ᠠᠬᠤᠶᠢᠯᠠᠯ ᠤᠨ | ᠵᠢᠷᠤᠮᠵᠢᠯ ᠲᠠᠢ ᠡᠵᠡᠩᠨᠡᠯᠲᠡ ᠶᠢ ᠠᠬᠢᠭᠤᠯᠤᠨ᠂ ᠪᠠᠷᠢᠮᠵᠢᠶ᠎ᠠ ᠶᠢ ᠳᠡᠭᠡᠭᠰᠢᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ | ᠰᠣᠶᠣᠯ ᠵᠣᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ | ᠬᠤᠳᠠᠯᠳᠤᠭᠠᠨ ᠤ ᠶᠠᠪᠤᠳᠠᠯ ᠤᠨ ᠠᠵᠤ ᠠᠬᠤᠢ ᠮᠡᠳᠡᠭᠡ ᠵᠠᠩᠭᠢᠵᠢᠯᠲᠠ ᠶᠢᠨ ᠲᠣᠪᠴᠢᠶ᠎ᠠ︶ | 2. ᠥᠪᠡᠷᠲᠡᠭᠡᠨ ᠵᠠᠰᠠᠬᠤ ᠣᠷᠣᠨ ᠤ ︽ᠬᠥᠳᠡᠭᠡ ᠲᠣᠰᠬᠤᠨ ᠤ ᠵᠣᠭᠠᠴᠠᠯ ᠤᠨ ᠭᠥᠯᠢᠶᠡᠨ ᠠᠪᠬᠤ | ᠡᠷᠦᠬᠡ ᠶᠢᠨ ᠣᠳᠣᠨ ᠲᠠᠰ ᠤᠨ ᠦᠨᠡᠯᠡᠨ ᠲᠣᠭᠲᠠᠭᠠᠯᠲᠠ︾ ᠶᠢᠨ ᠣᠷᠣᠨ ᠨᠤᠲᠤᠭ ᠤᠨ ᠪᠠᠷᠢᠮᠵᠢᠶ᠎ᠠ ᠶᠣᠰᠣᠭᠠᠷ᠂ | ᠬᠥᠳᠡᠭᠡ ᠲᠣᠰᠬᠤᠨ ᠤ ᠵᠣᠭᠠᠴᠠᠯ ᠤᠨ ᠭᠥᠯᠢᠶᠡᠨ ᠠᠪᠬᠤ ᠡᠷᠦᠬᠡ ᠶᠢ ᠭᠤᠶᠤᠴᠢᠯᠠᠨ ᠮᠡᠳᠡᠭᠦᠯᠬᠦ ᠪᠠ ᠬᠠᠮᠢᠶᠠᠷᠬᠤ | ᠠᠵᠢᠯ ᠤᠨ ᠡᠷᠴᠢᠮ ᠢ ᠴᠢᠩᠭᠠᠷᠠᠭᠤᠯᠤᠨ᠎ᠠ᠃ ᠲᠦᠷᠢᠶᠡᠰᠦᠨ ᠲᠡᠷᠭᠡ᠂ ᠲᠦᠷᠢᠶᠡᠰᠦᠨ ᠮᠠᠰᠢᠨ ᠲᠡᠷᠭᠡ᠂ ᠲᠣᠮᠣ | ᠰᠠᠭᠤᠳᠠᠯ ᠤᠨ ᠮᠠᠰᠢᠨ ᠲᠡᠷᠭᠡ ᠶᠢ ᠵᠢᠷᠤᠮᠵᠢᠭᠤᠯᠤᠨ ᠬᠠᠮᠢᠶᠠᠷᠬᠤ ᠶᠢ ᠴᠢᠩᠭᠠᠳᠬᠠᠵᠤ᠂ ᠳᠠᠭᠠᠭᠠᠴᠠ ᠠᠴᠠ ᠬᠡᠲᠦᠷᠡᠭᠦᠯᠬᠦ | ᠂ ᠠᠶᠠᠨᠴᠢᠳ ᠤᠨ ᠵᠣᠭᠤᠰ ᠮᠦᠩᠬᠦ ᠶᠢ ᠵᠠᠪᠰᠢᠬᠤ ᠦᠨᠡᠮᠯᠡᠯ ᠦᠭᠡᠢ ᠪᠠᠷ ᠡᠵᠡᠩᠨᠡᠬᠦ ᠵᠡᠷᠭᠡ ᠬᠠᠤᠯᠢ ᠪᠤᠰᠤ ᠡᠵᠡᠩᠨᠡᠯᠲᠡ | ᠬᠢᠬᠦ ᠶᠢ ᠴᠢᠩᠭ᠎ᠠ ᠴᠠᠭᠠᠵᠠᠯᠠᠵᠤ᠂ ᠬᠠᠤᠯᠢ ᠶᠢ ᠰᠠᠬᠢᠵᠤ ᠡᠵᠡᠩᠨᠡᠬᠦ᠂ ᠦᠨᠡᠨᠴᠢ ᠢᠲᠡᠭᠡᠮᠵᠢᠲᠡᠢ ᠪᠠᠷ ᠡᠵᠡᠩᠨᠡᠬᠦ ᠶᠢ | ᠳᠠᠰᠤᠷᠠᠯᠳᠠ ᠦᠭᠡᠢ ᠴᠢᠩᠭᠠᠳᠬᠠᠬᠤ ᠬᠡᠷᠡᠭᠲᠡᠢ᠃ ᠠᠵᠢᠯ ᠲᠥᠷᠥᠯ ᠤᠨ ᠵᠢᠯᠣᠭᠤᠳᠤᠯᠭ᠎ᠠ ᠶᠢ ᠴᠢᠩᠭᠠᠳᠬᠠᠵᠤ᠂ | ᠲᠥᠷᠥ ᠶᠢᠨ ᠪᠣᠳᠣᠯᠭ᠎ᠠ ᠪᠠᠷ ᠲᠡᠳᠬᠦᠬᠦ ᠪᠠᠷ ᠳᠠᠮᠵᠢᠭᠤᠯᠤᠨ᠂ ᠠᠵᠤ ᠠᠬᠤᠶᠢᠯᠠᠯ ᠤᠨ ᠣᠳᠣᠬᠢᠴᠢᠯᠠᠭᠰᠠᠨ᠂ | ᠪᠠᠷᠢᠮᠵᠢᠶᠠᠵᠢᠭᠰᠠᠨ ᠡᠵᠡᠩᠨᠡᠯᠲᠡ ᠶᠢ ᠵᠣᠷᠢᠭᠵᠢᠭᠤᠯᠤᠨ ᠬᠥᠲᠥᠯᠥᠨ ᠵᠢᠯᠣᠭᠤᠳᠤᠨ᠎ᠠ᠃ ᠰᠠᠶᠢᠰᠢᠶᠠᠨ ᠬᠦᠬᠢᠬᠦᠯᠬᠦ | ᠳᠠᠮᠵᠢᠭᠤᠯᠤᠨ᠂ ᠡᠯ᠎ᠡ ᠵᠣᠭᠠᠴᠠᠯ ᠤᠨ ᠠᠵᠤ ᠠᠬᠤᠶᠢᠯᠠᠯ ᠵᠢᠴᠢ ᠬᠤᠳᠠᠯᠳᠤᠭᠠᠴᠢᠨ ᠡᠷᠦᠬᠡ ᠶᠢᠨ ᠢᠷᠠᠭᠤ ᠠᠯᠳᠠᠷ ᠤᠨ | ᠰᠡᠳᠬᠢᠯᠭᠡ ᠪᠠ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠰᠣᠶᠣᠯ | ᠵᠣᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ | ᠬᠤᠳᠠᠯᠳᠤᠭᠠᠨ ᠤ ᠶᠠᠪᠤᠳᠠᠯ ᠤᠨ ᠠᠵᠤ ᠠᠬᠤᠢ ᠮᠡᠳᠡᠭᠡ ᠵᠠᠩᠭᠢᠵᠢᠯᠲᠠ ᠶᠢᠨ ᠲᠣᠪᠴᠢᠶ᠎ᠠ︶ | 3. ᠬᠤᠲᠠ ᠵᠢᠴᠢ ᠵᠣᠭᠠᠴᠠᠯ ᠤᠨ ᠦᠵᠡᠮᠵᠢ ᠶᠢᠨ ᠣᠷᠣᠨ ᠤ ᠵᠣᠭᠠᠴᠠᠯ ᠤᠨ ᠵᠠᠮ ᠬᠠᠷᠢᠯᠴᠠᠭᠠᠨ ᠤ ᠲᠡᠮᠳᠡᠭ ᠤᠨ | ᠬᠥᠲᠥᠯᠥᠮᠵᠢ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠬᠤᠲᠠ ᠶᠢᠨ ᠣᠷᠣᠵᠤ ᠭᠠᠷᠬᠤ ᠭᠠᠵᠠᠷ ᠲᠤ ᠵᠣᠭᠠᠴᠠᠯ ᠤᠨ | ᠭᠠᠵᠠᠷ ᠤᠨ ᠵᠢᠷᠤᠭ ᠢ ᠰᠦᠢᠳᠬᠡᠯ ᠬᠤᠷᠢᠶᠠᠬᠤ ᠦᠭᠡᠢ ᠪᠠᠷ ᠭᠠᠷᠭᠠᠨ ᠠᠪᠬᠤ ᠭᠠᠵᠠᠷ ᠲᠣᠬᠢᠷᠠᠭᠤᠯᠵᠤ᠂ ᠡᠯ᠎ᠡ | ᠱᠠᠲᠤᠨ ᠤ ᠦᠢᠯᠡᠴᠢᠯᠡᠭᠡᠨ ᠤ ᠲᠥᠪ ᠢ ᠪᠠᠶᠢᠭᠤᠯᠤᠨ᠂ ᠵᠣᠭᠠᠴᠠᠯ ᠤᠨ ᠯᠠᠪᠯᠠᠭ᠎ᠠ ᠥᠭᠬᠦ᠂ ᠤᠬᠠᠭᠤᠯᠤᠨ | ᠲᠠᠶᠢᠯᠪᠤᠷᠢᠯᠠᠬᠤ᠂ ᠵᠠᠬᠢᠶᠠᠯᠠᠨ ᠦᠢᠯᠡᠳᠬᠦ ᠵᠡᠷᠭᠡ ᠦᠢᠯᠡᠴᠢᠯᠡᠭᠡᠨ ᠢ ᠲᠡᠭᠦᠯᠳᠡᠷᠵᠢᠭᠦᠯᠦᠨ᠎ᠡ᠃ ᠵᠣᠭᠠᠴᠠᠯ ᠤᠨ ᠭᠥᠯᠢᠶᠡᠨ | ᠠᠪᠬᠤ ᠲᠥᠬᠦᠭᠡᠷᠦᠮᠵᠢ ᠶᠢᠨ ᠲᠡᠰ ᠢ ᠳᠡᠭᠡᠭᠰᠢᠯᠡᠭᠦᠯᠵᠦ᠂ ᠬᠤᠳᠠ ᠶᠢᠨ ᠵᠣᠭᠠᠴᠠᠯ ᠤᠨ ᠲᠥᠬᠦᠭᠡᠷᠦᠮᠵᠢ ᠶᠢᠨ | ᠴᠢᠳᠠᠮᠵᠢ ᠶᠢ ᠲᠡᠭᠦᠯᠳᠡᠷᠵᠢᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠰᠣᠶᠣᠯ ᠵᠣᠭᠠᠴᠠᠯ ᠪᠡᠶ᠎ᠡ ᠶᠢᠨ ᠲᠠᠮᠢᠷ ᠤᠨ | ᠲᠣᠪᠴᠢᠶ᠎ᠠ᠂ ᠰᠣᠶᠣᠯ ᠵᠣᠭᠠᠴᠠᠯ ᠤᠨ ᠨᠡᠭᠡᠭᠡᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ︶ | 4. ᠶᠠᠰᠤ ᠴᠢᠨᠠᠷ ᠤᠨ ᠬᠠᠮᠢᠶᠠᠷᠤᠯᠲᠠ ᠶᠢ ᠴᠢᠩᠭᠠᠳᠬᠠᠵᠤ᠂ ᠪᠠᠷᠢᠮᠵᠢᠶᠠᠲᠤ ᠵᠢᠱᠢᠶ᠎ᠡ ᠦᠵᠡᠭᠦᠯᠬᠦ ᠢᠨᠵᠧᠨᠧᠷᠢᠩ ᠢ | ᠬᠡᠷᠡᠭᠵᠢᠭᠦᠯᠦᠨ᠎ᠡ᠃ ᠵᠣᠭᠠᠴᠠᠯ ᠤᠨ ᠡᠬᠢ ᠪᠠᠶᠠᠯᠢᠭ ᠤᠨ ᠨᠡᠭᠡᠭᠡᠨ ᠬᠥᠭᠵᠢᠭᠦᠯᠦᠯᠲᠡ᠂ ᠦᠢᠯᠡᠳᠬᠦᠨ ᠤ | ᠡᠵᠡᠩᠨᠡᠯᠲᠡ ᠶᠢᠨ ᠬᠡᠯᠪᠡᠷᠢ ᠪᠠᠶᠢᠳᠠᠯ᠂ ᠵᠣᠭᠠᠴᠠᠯ ᠤᠨ ᠰᠠᠭᠤᠷᠢ ᠲᠦᠬᠦᠭᠡᠷᠣᠮᠵᠢ ᠪᠠ ᠣᠯᠠᠨ ᠨᠡᠶᠢᠲᠡ ᠶᠢᠨ | ᠦᠢᠯᠡᠴᠢᠯᠡᠭᠡ᠂ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡ᠂ ᠵᠣᠭᠠᠴᠠᠯ ᠤᠨ ᠠᠮᠤᠷ ᠲᠦᠪᠰᠢᠨ᠂ ᠠᠵᠢᠯ | ᠲᠥᠷᠥᠯ ᠤᠨ ᠬᠠᠮᠢᠶᠠᠷᠤᠯᠲᠠ ᠵᠡᠷᠭᠡ ᠲᠠᠯ᠎ᠠ ᠶᠢ ᠬᠠᠮᠤᠷᠤᠭᠰᠠᠨ ᠵᠣᠭᠠᠴᠠᠯ ᠤᠨ ᠶᠠᠰᠤ ᠴᠢᠨᠠᠷ ᠤᠨ ᠪᠠᠷᠢᠮᠵᠢᠶ᠎ᠠ ᠶᠢᠨ | ᠰᠢᠰᠲ᠋ᠧᠮ ᠢ ᠪᠠᠶᠢᠭᠤᠯᠤᠨ ᠪᠦᠷᠢᠨᠰᠢᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠰᠣᠶᠣᠯ ᠵᠣᠭᠠᠴᠠᠯ ᠪᠡᠶ᠎ᠡ ᠶᠢᠨ | ᠲᠠᠮᠢᠷ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠳᠠᠯᠳᠤᠭᠠᠨ ᠤ | ᠶᠠᠪᠤᠳᠠᠯ ᠤᠨ ᠠᠵᠤ ᠠᠬᠤᠢ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠭᠠᠬᠤ | ᠬᠠᠮᠢᠶᠠᠷᠤᠯᠲᠠ ᠶᠢᠨ ᠲᠣᠪᠴᠢᠶ᠎ᠠ︶ | 5. ᠵᠣᠭᠠᠴᠠᠯ ᠤᠨ ᠠᠵᠢᠯ ᠡᠷᠬᠢᠯᠡᠭᠰᠡᠳ ᠤᠨ ᠦᠢᠯᠡᠴᠢᠯᠡᠭᠡᠨ ᠤ ᠦᠶᠯᠡ ᠠᠵᠢᠯᠯᠠᠭ᠎ᠠ ᠶᠢᠨ ᠬᠠᠮᠢᠶᠠᠷᠤᠯᠲᠠ ᠶᠢ | ᠴᠢᠩᠭᠠᠳᠬᠠᠵᠤ᠂ ︽ᠢᠨᠢᠶᠡᠮᠰᠦᠩᠭᠦᠢ ᠴᠢᠷᠠᠢ ᠲᠠᠢ᠂ ᠠᠷᠢᠭᠤᠨ ᠴᠡᠪᠡᠷ ᠣᠷᠴᠢᠨ᠂ ᠨᠢᠭᠡ ᠴᠣᠮᠣ ᠬᠠᠷ᠎ᠠ ᠴᠠᠢ᠂ ᠨᠢᠭᠡ | ᠰᠢᠷᠡᠭᠡ ᠰᠠᠶᠢᠨ ᠨᠣᠭᠤᠭ᠎ᠠ ᠪᠣᠳᠠᠭ᠎ᠠ᠂ ᠵᠣᠭᠠᠴᠠᠬᠰᠠᠳ ᠰᠠᠨᠠᠭ᠎ᠠ ᠠᠮᠤᠷ᠂ ᠨᠢᠭᠡ ᠭᠠᠷ ᠳᠠᠯᠠᠯᠣᠨ ᠶᠣᠰᠣ | ᠬᠦᠢᠴᠡᠳᠭᠡᠬᠦ︾ ᠵᠡᠷᠭᠡ ᠦᠢᠯᠡᠴᠢᠯᠡᠭᠡᠨ ᠤ ᠵᠠᠭᠪᠤᠷ ᠢ ᠪᠠᠶᠢᠭᠤᠯᠤᠨ ᠳᠡᠯᠭᠡᠷᠡᠭᠦᠯᠵᠦ᠂ ᠠᠵᠢᠯ ᠡᠷᠬᠢᠯᠡᠭᠰᠡᠳ ᠤᠨ | ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠂ ᠵᠣᠭᠠᠴᠠᠯ ᠤᠨ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠤ | ᠪᠥᠬᠦ ᠲᠠᠯ᠎ᠠ ᠪᠠᠷ ᠰᠢᠯᠢᠳᠡᠭᠵᠢᠬᠦ ᠶᠢ ᠠᠬᠢᠭᠤᠯᠵᠤ᠂ ᠪᠣᠯᠪᠠᠰᠤᠨ ᠡᠶ᠎ᠡ ᠵᠣᠬᠢᠴᠠᠯ ᠲᠠᠢ᠂ ᠠᠮᠤᠷ ᠲᠦᠪᠰᠢᠨ ᠡᠮᠬᠢ | ᠵᠢᠷᠤᠮ ᠲᠠᠢ ᠵᠣᠭᠠᠴᠠᠯ ᠤᠨ ᠣᠷᠴᠢᠨ ᠲᠣᠭᠤᠷᠢᠨ ᠢ ᠪᠣᠶ ᠪᠣᠯᠭᠠᠨ᠎ᠠ᠃ ︵ᠬᠠᠷᠢᠭᠤᠴᠠᠯᠭᠠᠲᠤ ᠨᠢᠭᠡᠴᠢ᠄ ᠰᠣᠶᠣᠯ | ᠵᠣᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ | ᠬᠤᠳᠠᠯᠳᠤᠭᠠᠨ ᠤ ᠶᠠᠪᠤᠳᠠᠯ ᠤᠨ ᠠᠵᠤ ᠠᠬᠤᠢ ᠮᠡᠳᠡᠭᠡ ᠵᠠᠩᠭᠢᠵᠢᠯᠲᠠ ᠶᠢᠨ ᠲᠣᠪᠴᠢᠶ᠎ᠠ︶ | ︵ᠬᠤᠶᠠᠷ︶ ᠵᠣᠭᠠᠴᠠᠯ ᠤᠨ ᠭᠠᠵᠠᠷ ᠤᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠬᠦᠯᠣᠨ᠎ᠠ | 1. ᠵᠣᠭᠠᠴᠠᠯ ᠤᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠠᠵᠢᠯ ᠲᠥᠷᠥᠯ ᠤᠨ ᠪᠠᠷᠢᠮᠵᠢᠶ᠎ᠠ ᠶᠢᠨ | ︽ᠵᠣᠭᠠᠴᠠᠯ ᠤᠨ ᠦᠢᠯᠡᠴᠢᠯᠡᠭᠡᠨ ᠤ ᠶᠡᠷᠦᠩᠬᠡᠢ ᠳᠦᠷᠢᠮ︾ ᠢ ᠭᠦᠨᠵᠡᠭᠡᠢ ᠲᠤᠭᠤᠰᠢᠯᠠᠭᠤᠯᠣᠨ ᠨᠠᠶᠢᠳᠠᠪᠤᠷᠢᠵᠢᠭᠤᠯᠵᠤ᠂ | ᠵᠣᠭᠠᠴᠠᠯ ᠤᠨ ᠦᠢᠯᠡᠴᠢᠯᠡᠭᠡᠨ ᠤ ᠶᠠᠪᠣᠴᠠ ᠶᠢᠨ ᠬᠠᠮᠢᠶᠠᠷᠤᠯᠲᠠ ᠶᠢ ᠴᠢᠩᠭᠠᠷᠠᠭᠤᠯᠤᠨ᠂ ᠵᠢᠭᠤᠯᠴᠢᠯᠠᠯ ᠤᠨ ᠬᠤᠷᠢᠶ᠎ᠠ | ᠶᠢᠨ ᠡᠵᠡᠩᠨᠡᠯᠳᠡ ᠵᠢᠴᠢ ᠦᠨᠡᠨᠴᠢ ᠢᠳᠡᠭᠡᠮᠵᠢ ᠶᠢᠨ ᠣᠬᠠᠮᠰᠠᠷ᠂ ᠨᠠᠷ᠎ᠡ ᠲᠠᠮᠳᠡᠭᠳᠣ ᠶᠢᠨ ᠣᠬᠠᠮᠰᠠᠷ᠂ ᠰᠢᠯᠢᠳᠡᠭ | ᠣᠶᠢᠯᠡᠴᠢᠯᠡᠭᠡ ᠶᠢᠨ ᠣᠬᠠᠮᠰᠠᠷ ᠢ ᠪᠣᠢ ᠪᠣᠯᠭᠠᠨ᠂ ᠵᠢᠭᠤᠯᠴᠢᠯᠠᠯ ᠤᠨ ᠬᠤᠷᠢᠶ᠎ᠠ ᠶᠢᠨ A ᠲᠠᠰ ᠤᠨ ᠰᠢᠯᠢᠳᠡᠭ ᠢ | ᠡᠬᠦᠳᠬᠦ ᠶᠢ ᠵᠢᠯᠣᠭᠤᠳᠣᠨ᠎ᠠ᠃ ︽ᠵᠢᠭᠤᠯᠴᠢᠯᠠᠯ ᠤᠨ ᠬᠤᠷᠢᠶ᠎ᠠ ᠶᠢᠨ ᠳᠦᠷᠢᠮ︾ ᠢ ᠬᠢᠨᠠᠮᠠᠭᠠᠢ ᠨᠠᠶᠢᠳᠠᠪᠤᠷᠢᠵᠢᠭᠤᠯᠵᠤ᠂ | ᠵᠢᠭᠤᠯᠴᠢᠯᠠᠯ ᠤᠨ ᠬᠤᠷᠢᠶ᠎ᠠ ᠶᠢᠨ ᠬᠠᠮᠢᠶᠠᠷᠤᠯᠲᠠ ᠶᠢ ᠴᠢᠩᠭᠠᠳᠬᠠᠨ᠎ᠠ᠃ ᠪᠦᠯᠬᠦᠮ ᠢ ᠳᠠᠭᠠᠵᠤ ᠳᠠᠯᠳᠠᠭᠤᠷ | ᠰᠤᠷᠪᠤᠯᠵᠢᠯᠠᠬᠤ᠂ ᠲᠠᠰᠢᠷᠠᠮ ᠳᠠᠭᠠᠤ ᠰᠤᠭᠤᠴᠢᠨ ᠪᠠᠶᠢᠴᠠᠭᠠᠬᠤ᠂ ᠣᠯᠠᠨ ᠲᠦᠮᠡᠨ ᠢᠯᠡᠴᠢᠯᠡᠨ ᠮᠡᠳᠡᠭᠦᠯᠬᠦ ᠵᠡᠷᠭᠡ | ᠠᠷᠭ᠎ᠠ ᠮᠠᠶ᠋ᠢᠭ ᠢᠶᠠᠷ ᠳᠠᠮᠵᠢᠭᠤᠯᠤᠨ᠂ ᠵᠣᠭᠠᠴᠠᠯ ᠤᠨ ᠦᠢᠯᠡᠴᠢᠯᠡᠭᠡᠨ ᠤ ᠭᠠᠵᠠᠷ ᠤᠨ ᠰᠦᠯᠵᠢᠶᠡᠨ ᠳᠡᠭᠡᠷᠡᠬᠢ ᠪᠠ | ᠰᠦᠯᠵᠢᠶᠡᠨ ᠠᠴᠠ ᠭᠠᠳᠠᠭᠤᠷᠬᠢ ᠡᠵᠡᠩᠨᠡᠯᠲᠡ ᠶᠢ ᠵᠢᠷᠤᠮᠵᠢᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠰᠣᠶᠣᠯ | ᠵᠣᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ︶ | 2.ᠵᠢᠭᠤᠯᠴᠢᠯᠠᠯ ᠤᠨ ᠬᠤᠷᠢᠶ᠎ᠠ ᠶᠢᠨ ᠣᠨᠴᠠᠯᠢᠭᠲᠤ ᠡᠵᠡᠩᠨᠡᠯᠲᠡ ᠶᠢ ᠠᠬᠢᠭᠤᠯᠤᠨ᠎ᠠ᠃ ᠵᠣᠭᠠᠴᠠᠯ ᠤᠨ | ᠦᠢᠯᠡᠴᠢᠯᠡᠭᠡᠨ ᠤ ᠭᠠᠵᠠᠷ ᠤᠨ ᠵᠠᠬ᠎ᠠ ᠳᠡᠯᠭᠡᠭᠦᠷ ᠢ ᠭᠦᠨᠵᠡᠭᠡᠢ ᠵᠠᠳᠡᠯᠵᠤ ᠨᠠᠷᠢᠨ ᠬᠤᠪᠢᠶᠠᠷᠢᠯᠠᠬᠤ ᠶᠢ ᠵᠣᠷᠢᠭᠵᠢᠭᠤᠯᠵᠤ | ᠂ ᠲᠤᠰᠬᠠᠢ᠂ ᠨᠠᠷᠢᠯᠢᠭ᠂ ᠣᠨᠴᠠᠭᠠᠶ ᠪᠠᠶᠢᠬᠤ ᠳᠡᠭᠡᠷ᠎ᠡ ᠬᠦᠴᠦ ᠣᠷᠣᠭᠤᠯᠤᠨ᠂ ᠨᠢᠭᠡ ᠪᠦᠯᠦᠭ ᠰᠤᠳᠤᠯᠤᠨ | ᠰᠤᠷᠤᠯᠴᠠᠵᠤ ᠵᠣᠭᠠᠴᠠᠬᠤ᠂ ᠥᠪᠡᠷ ᠢᠶᠠᠨ ᠮᠠᠰᠢᠨ ᠵᠢᠯᠤᠭᠤᠳᠣᠨ ᠵᠣᠭᠠᠴᠠᠬᠤ᠂ ᠡᠷᠡᠭᠦᠯᠵᠢᠯ ᠰᠤᠪᠢᠯᠠᠠ ᠵᠣᠭᠠᠴᠠᠬᠤ᠂ | ᠬᠥᠳᠡᠭᠡ ᠲᠣᠰᠬᠤᠨ ᠤ ᠵᠣᠭᠠᠴᠠᠯ ᠵᠡᠷᠭᠡ ᠣᠨᠴᠠᠯᠢᠭᠲᠤ ᠡᠵᠡᠩᠨᠡᠯᠲᠡ ᠶᠢᠨ ᠨᠠᠷᠠᠲᠤ ᠲᠡᠮᠳᠡᠭᠲᠦ ᠠᠵᠤ ᠠᠬᠤᠶᠢᠯᠠᠯ ᠢ | ᠪᠣᠶᠢᠵᠢᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠰᠣᠶᠣᠯ ᠵᠣᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ︶ | ︵ᠭᠤᠷᠪᠠ︶ ᠵᠣᠭᠠᠴᠠᠯ ᠤᠨ ᠠᠵᠢᠯ ᠡᠷᠬᠢᠯᠡᠭᠰᠡᠳ ᠤᠨ ᠦᠢᠯᠡᠴᠢᠯᠡᠭᠡᠨ ᠤ ᠶᠠᠰᠤ ᠴᠢᠨᠠᠷ ᠢ ᠲᠡᠭᠡᠭᠰᠢᠯᠠᠬᠦᠯᠣᠨ᠎ᠠ | 1. ᠵᠠᠮᠴᠢᠯᠠᠭᠴᠢ ᠶᠢᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠠᠵᠢᠯ ᠲᠥᠷᠥᠯ ᠤᠨ | ᠪᠠᠷᠢᠮᠵᠢᠶ᠎ᠠ ᠶᠢᠨ ︽ᠵᠣᠭᠠᠴᠠᠯ ᠤᠨ ᠬᠥᠲᠥᠴᠢ ᠶᠢᠨ ᠬᠠᠮᠢᠶᠠᠷᠤᠯᠲᠠ ᠶᠢᠨ ᠳᠦᠷᠢᠮ︾ ᠢ ᠭᠦᠨᠵᠡᠭᠡᠢ ᠲᠤᠭᠤᠰᠢᠯᠠᠭᠤᠯᠣᠨ | ᠨᠠᠶᠢᠳᠠᠪᠤᠷᠢᠵᠢᠭᠤᠯᠵᠤ᠂ ᠪᠥᠬᠦ ᠠᠷᠠᠳ ᠤᠨ ᠵᠣᠭᠠᠴᠠᠯ ᠤᠨ ᠬᠥᠲᠥᠴᠢ ᠶᠢᠨ ᠪᠣᠯᠪᠠᠰᠤᠷᠠᠯ ᠤᠨ ᠪᠣᠯᠪᠠᠰᠤᠷᠠᠭᠤᠯᠬᠤ | ᠲᠥᠯᠥᠪᠯᠡᠭᠡ ᠲᠣᠭᠲᠠᠭᠠᠵᠤ᠂ ᠪᠣᠯᠪᠠᠰᠤᠷᠠᠬᠤ ᠠᠵᠢᠯ ᠢ ᠲᠥᠪᠯᠡᠷᠡᠭᠦᠯᠦᠨ ᠵᠣᠬᠢᠶᠠᠨ ᠪᠠᠶᠢᠭᠤᠯᠵᠤ ᠥᠷᠨᠢᠭᠦᠯᠦᠨ᠎ᠡ᠃ | ᠬᠤᠲᠠ ᠶᠢᠨ ᠵᠣᠭᠠᠴᠠᠯ ᠤᠨ ᠬᠥᠲᠥᠴᠢ ᠶᠢᠨ ᠦᠭᠡᠰ ᠢ ᠳᠠᠬᠢᠨ ᠨᠠᠶᠢᠷᠠᠭᠤᠯᠤᠨ ᠵᠣᠬᠢᠶᠠᠵᠤ᠂ ᠭᠤᠷᠪᠠᠨ ᠵᠢᠯ ᠤᠨ | ᠪᠣᠯᠪᠠᠰᠤᠷᠠᠯ ᠢᠶᠠᠷ ᠳᠠᠮᠵᠢᠭᠤᠯᠤᠨ ᠪᠥᠬᠦ ᠠᠷᠠᠳ ᠢᠶᠠᠷ ᠢᠶᠠᠨ ᠵᠣᠭᠠᠴᠠᠯ ᠤᠨ ᠬᠥᠲᠥᠴᠢ ᠪᠣᠯᠬᠤ ᠬᠠᠷᠠᠯᠲᠠ ᠶᠢ | ᠪᠡᠶᠡᠯᠡᠭᠦᠯᠬᠦ ᠬᠡᠷᠡᠭᠲᠡᠢ᠃ ︽ᠵᠣᠭᠠᠴᠠᠯ ᠤᠨ ᠬᠥᠲᠥᠴᠢ + ᠲᠦᠷᠢᠶᠡᠰᠦᠨ ᠮᠠᠰᠢᠨ ᠲᠡᠷᠭᠡ︾ ᠶᠢᠨ ᠦᠢᠯᠡᠴᠢᠯᠡᠭᠡ ᠶᠢᠨ | ᠰᠢᠨ᠎ᠡ ᠶᠢ ᠡᠬᠦᠳᠣᠨ᠎ᠠ᠃ ᠵᠣᠭᠠᠴᠠᠯ ᠤᠨ ᠵᠠᠬ᠎ᠠ ᠳᠡᠯᠭᠡᠭᠦᠷ ᠤᠨ ᠵᠢᠵᠢᠭ ᠪᠦᠯᠬᠦᠮ᠂ ᠵᠠᠬᠢᠶᠠᠯᠠᠨ ᠦᠢᠯᠡᠳᠬᠦ | ᠬᠡᠷᠡᠭᠯᠡᠭᠡᠨ ᠤ ᠬᠡᠷᠡᠭᠴᠡᠭᠡ ᠳᠤ ᠵᠣᠬᠢᠴᠠᠭᠤᠯᠤᠨ᠎ᠠ᠃ ᠵᠣᠭᠠᠴᠠᠯ ᠤᠨ ᠬᠥᠲᠥᠴᠢ ᠶᠢᠨ ᠭᠤᠣᠯ ᠨᠡᠪᠲᠡᠷᠡᠭᠦᠯᠭᠡ ᠶᠢᠨ ᠰᠢᠨ᠎ᠡ | ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠣᠶᠢᠵᠢᠭᠤᠯᠬᠤ ᠶᠢ ᠴᠢᠩᠭᠠᠳᠬᠠᠵᠤ᠂ ᠵᠣᠭᠠᠴᠠᠯ ᠤᠨ ᠬᠥᠲᠥᠴᠢ ᠶᠢ ᠬᠥᠲᠥᠯᠥᠨ | ᠵᠢᠯᠤᠭᠤᠳᠴᠤ ᠪᠠᠶᠢᠭᠠᠳ ᠣᠬᠤᠷ ᠬᠠᠷᠠᠭᠠᠨ ᠳᠠᠪᠲᠠᠮᠵᠢ ᠶᠢᠨ ᠰᠢᠨ᠎ᠡ ᠵᠠᠭᠤᠴᠢᠯᠠᠭᠤᠷ ᠢᠶᠠᠷ ᠲᠠᠪᠴᠠᠩ ᠪᠣᠯᠭᠠᠨ᠂ | ᠷᠠᠰᠢᠶᠠᠨ ᠤ ᠥᠯᠢᠭᠡᠷ ᠢ ᠰᠠᠶᠢᠲᠤᠷ ᠶᠠᠷᠢᠭᠤᠯᠤᠨ᠎ᠠ᠃ ᠰᠢᠯᠢᠳᠡᠭ ᠵᠣᠭᠠᠴᠠᠯ ᠤᠨ ᠬᠥᠲᠥᠴᠢ ᠶᠢᠨ ᠭᠤᠣᠯ | ᠨᠡᠪᠲᠡᠷᠡᠭᠦᠯᠦᠭᠴᠢ ᠶᠢ ᠰᠢᠯᠭᠠᠷᠠᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠨᠢᠭᠡ ᠪᠦᠯᠦᠭ | ᠵᠣᠭᠠᠴᠠᠯ ᠤᠨ ᠬᠥᠲᠥᠴᠢ ᠶᠢᠨ ᠭᠤᠣᠯ ᠨᠡᠪᠲᠡᠷᠡᠭᠦᠯᠦᠭᠴᠢ ᠲᠡᠷᠢᠭᠦᠨ ᠤ ᠨᠡᠶᠢᠲᠡᠯᠢᠭ ᠵᠢᠱᠢᠶ᠎ᠡ ᠶᠢ ᠱᠣᠭᠤᠨ᠎ᠠ᠃ ︵ | ᠬᠠᠷᠢᠭᠤᠴᠠᠯᠭᠠᠲᠤ ᠨᠢᠭᠡᠴᠢ᠄ ᠰᠣᠶᠣᠯ ᠵᠣᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ︶ | 2. ᠵᠣᠭᠠᠴᠠᠯ ᠤᠨ ᠬᠤᠳᠠᠯᠳᠤᠭᠠᠴᠢᠨ ᠤ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ᠃ | ᠵᠣᠴᠢᠳ ᠤᠨ ᠪᠠᠭᠤᠳᠠᠯ᠂ ᠬᠤᠭᠤᠯᠡᠨ ᠭᠡᠷ᠂ ᠵᠢᠯᠣᠭᠤᠴᠢ ᠣᠶᠢᠯᠡᠴᠢᠯᠡᠭᠴᠢ᠂ ᠵᠣᠭᠠᠴᠠᠯ ᠤᠨ ᠳᠤᠷᠠᠰᠬᠠᠯ ᠤᠨ ᠡᠳ᠋ ᠤᠨ | ᠳᠡᠯᠭᠡᠭᠦᠷ ᠪᠠ ᠬᠥᠳᠡᠭᠡ ᠲᠣᠰᠬᠤᠨ ᠤ ᠵᠣᠭᠠᠴᠠᠯ ᠤᠨ ᠬᠦᠯᠢᠶᠡᠨ ᠠᠪᠬᠤ ᠡᠷᠦᠬᠡ ᠵᠡᠷᠭᠡ ᠵᠣᠭᠠᠴᠠᠯ ᠤᠨ | ᠬᠤᠳᠠᠯᠳᠤᠭᠠᠴᠢᠨ ᠦᠢᠯᠡᠴᠢᠯᠡᠭᠴᠢ ᠶᠢᠨ ᠦᠢᠯᠡᠴᠢᠯᠡᠭᠡᠨ ᠤ ᠤᠬᠠᠮᠰᠠᠷ᠂ ᠦᠢᠯᠡᠴᠢᠯᠡᠭᠡᠨ ᠤ ᠬᠦᠰᠡᠯ ᠪᠠ | ᠦᠢᠯᠡᠴᠢᠯᠡᠭᠡᠨ ᠤ ᠤᠷ᠎ᠠ ᠴᠢᠳᠠᠪᠤᠷᠢ ᠪᠠᠨ ᠳᠡᠭᠡᠭᠰᠢᠯᠡᠭᠦᠯᠵᠦ᠂ ᠦᠢᠯᠡᠴᠢᠯᠡᠭᠡᠨ ᠤ ᠠᠷᠭ᠎ᠠ ᠮᠠᠶ᠋ᠢᠭ ᠲᠤ ᠲᠠᠰᠤᠷᠠᠯᠲᠠ | ᠦᠭᠡᠢ ᠰᠢᠨ᠎ᠡ ᠶᠢ ᠡᠭᠦᠳᠴᠦ᠂ ᠵᠣᠭᠠᠴᠠᠬᠰᠠᠳ ᠤᠨ ᠲᠠᠰᠤᠷᠠᠯᠲᠠ ᠦᠭᠡᠢ ᠨᠡᠮᠡᠭᠳᠡᠵᠦ ᠪᠠᠶᠢᠭ᠎ᠠ ᠦᠢᠯᠡᠴᠢᠯᠡᠭᠡᠨ ᠤ | ᠬᠡᠷᠡᠭᠴᠡᠭᠡ ᠱᠠᠭᠠᠷᠳᠠᠯᠭ᠎ᠠ ᠳᠤ ᠵᠣᠬᠢᠴᠠᠭᠤᠯᠤᠨ᠂ ᠣᠲᠣ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠢ ᠭᠦᠢᠴᠡᠳ | ᠬᠡᠷᠡᠭᠯᠡᠨ ᠵᠣᠭᠠᠴᠠᠬᠰᠠᠳ ᠲᠤ ᠨᠠᠩ ᠰᠢᠯᠢᠳᠡᠭ ᠦᠢᠯᠡᠴᠢᠯᠡᠭᠡ ᠬᠠᠩᠭᠠᠵᠤ᠂ ᠦᠢᠯᠡᠴᠢᠯᠡᠭᠡᠨ ᠤ ᠶᠠᠪᠤᠴᠠ ᠳᠤ | ᠵᠣᠭᠠᠴᠠᠬᠰᠠᠳ ᠢᠶᠠᠷ ᠲᠥᠪ ᠪᠣᠯᠭᠠᠨ᠂ ᠦᠢᠯᠡᠴᠢᠯᠡᠭᠡᠨ ᠤ ᠶᠠᠰᠤ ᠴᠢᠨᠠᠷ ᠲᠤ ᠪᠦᠲᠦᠮᠵᠢᠲᠡᠶ ᠬᠠᠮᠢᠶᠠᠷᠤᠯᠲᠠ | ᠶᠠᠪᠤᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠰᠣᠶᠣᠯ ᠵᠣᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ | ᠬᠤᠳᠠᠯᠳᠤᠭᠠᠨ ᠤ ᠶᠠᠪᠤᠳᠠᠯ ᠤᠨ ᠠᠵᠤ ᠠᠬᠤᠢ ᠮᠡᠳᠡᠭᠡ ᠵᠠᠩᠭᠢᠵᠢᠯᠲᠠ ᠶᠢᠨ ᠲᠣᠪᠴᠢᠶ᠎ᠠ︶ | 3. ᠵᠣᠭᠠᠴᠠᠬᠰᠠᠳ ᠲᠤ ᠣᠶᠢᠯᠡᠴᠢᠯᠡᠬᠦ ᠲᠥᠪ ︵ᠲᠣᠭᠤᠷᠢᠭ᠂ ᠴᠡᠭ︶ ᠤᠨ ᠠᠵᠢᠯᠲᠠᠨ ᠤ ᠦᠢᠯᠡᠴᠢᠯᠡᠭᠡᠨ ᠤ | ᠶᠠᠰᠤ ᠴᠢᠨᠠᠷ ᠢ ᠳᠡᠭᠡᠭᠰᠢᠯᠡᠭᠦᠯᠦᠨ᠎ᠡ᠃ ᠰᠠᠭᠤᠷᠢ ᠲᠦᠬᠦᠭᠡᠷᠣᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ | ᠵᠣᠭᠠᠴᠠᠬᠰᠠᠳ ᠲᠤ ᠣᠶᠢᠯᠡᠴᠢᠯᠡᠬᠦ ᠲᠥᠪ ︵ᠣᠷᠣᠨ᠂ ᠴᠡᠭ︶ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ | ᠠᠰᠢᠭ ᠢ ᠨᠡᠮᠡᠭᠳᠡᠭᠦᠯᠬᠦ ᠶᠢ ᠲᠠᠰᠤᠷᠠᠯᠲᠠ ᠦᠭᠡᠢ ᠠᠬᠢᠭᠤᠯᠵᠤ᠂ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ | ᠵᠣᠭᠠᠴᠠᠯ ᠤᠨ ᠦᠢᠯᠡᠴᠢᠯᠡᠭᠡᠨ ᠤ ᠲᠥᠪ ︵ᠲᠣᠭᠤᠷᠢᠭ᠂ ᠴᠡᠭ︶ ᠤᠨ ᠠᠵᠢᠯᠲᠠᠨ ᠤ ᠪᠣᠯᠪᠠᠰᠤᠷᠠᠯ ᠢ ᠲᠣᠭᠲᠠᠮᠠᠯ | ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠵᠤ᠂ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠦᠨ᠂ | ᠥᠨᠳᠥᠷ ᠬᠢᠷᠢ ᠲᠦᠪᠰᠢᠨ ᠪᠦᠬᠦᠢ᠂ ᠴᠢᠨᠠᠷ ᠰᠠᠶᠢᠲᠠᠢ ᠵᠣᠭᠠᠴᠠᠯ ᠤᠨ ᠠᠵᠢᠯ ᠡᠷᠬᠢᠯᠡᠭᠰᠡᠳ ᠤᠨ ᠡᠩᠨᠡᠭᠡ ᠶᠢ | ᠪᠠᠶᠢᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠰᠣᠶᠣᠯ ᠵᠣᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ᠂ | ᠠᠮᠠᠷᠠᠯᠲᠠ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ᠂ ᠰᠣᠶᠣᠯ ᠵᠣᠭᠠᠴᠠᠯ ᠤᠨ ᠨᠡᠭᠡᠭᠡᠯᠲᠡ ᠶᠢᠨ ᠬᠢᠵᠠᠭᠠᠷᠲᠤ | ᠺᠣᠮᠫᠠᠨᠢ᠂ ᠡᠯ᠎ᠡ ᠦᠵᠡᠮᠵᠢ ᠶᠢᠨ ᠣᠷᠣᠨ︶ | 4. ᠵᠢᠯᠣᠭᠤᠴᠢ ᠣᠶᠢᠯᠡᠴᠢᠯᠡᠭᠴᠢ ᠶᠢᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ᠃ ︽ | ᠦᠢᠯᠡᠴᠢᠯᠡᠬᠦ ᠪᠠᠷ ᠦᠨᠳᠦᠰᠦ ᠪᠣᠯᠭᠠᠵᠤ᠂ ᠠᠶᠠᠨᠴᠢᠳ ᠢ ᠳᠡᠭᠡᠳᠦᠯᠡᠬᠦ︾ ᠵᠣᠷᠢᠯᠲᠠ ᠪᠠ ︽ᠠᠶᠠᠨᠴᠢᠳ ᠲᠠᠢ | ᠰᠡᠳᠬᠢᠯ ᠢᠶᠠᠨ ᠬᠤᠯᠪᠣᠵᠤ᠂ ᠰᠡᠳᠬᠢᠯ ᠲᠠᠯᠪᠢᠨ ᠦᠢᠯᠡᠴᠢᠯᠡᠬᠦ︾ ᠦᠢᠯᠡᠴᠢᠯᠡᠭᠡᠨ ᠤ ᠣᠨᠣᠯᠵᠢᠬᠤᠨ ᠢ ᠪᠠᠲᠤ ᠪᠠᠬᠢ | ᠪᠣᠶ ᠪᠣᠯᠭᠠᠵᠤ᠂ ᠠᠶᠠᠨᠴᠢᠳ ᠲᠤ ᠬᠠᠨᠤᠮᠵᠢᠲᠠᠶ ᠪᠠᠶᠢᠬᠤ ᠶᠢ ᠠᠯᠢᠪᠠ ᠠᠵᠢᠯ ᠤᠨ ᠢᠶᠠᠨ ᠡᠭᠦᠰᠬᠡᠯ ᠪᠠ ᠲᠡᠭᠦᠰᠬᠡᠯ | ᠪᠣᠯᠭᠠᠬᠤ ᠬᠡᠷᠡᠭᠲᠡᠢ᠃ ᠵᠢᠯᠣᠭᠤᠴᠢ ᠪᠠ ᠠᠵᠢᠯᠲᠠᠨ ᠦᠢᠯᠡᠴᠢᠯᠡᠭᠡᠨ ᠤ ᠪᠠᠷᠢᠮᠵᠢᠶ᠎ᠠ ᠶᠢ ᠪᠣᠯᠪᠠᠰᠤᠷᠠᠩᠭᠤᠢ ᠡᠵᠡᠮᠰᠢᠵᠦ᠂ | ᠦᠢᠯᠡᠴᠢᠯᠡᠭᠡᠨ ᠤ ᠬᠢᠷᠢ ᠬᠡᠮᠵᠢᠶ᠎ᠡ ᠪᠠᠨ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠵᠢᠷᠤᠮᠵᠢᠭᠰᠠᠨ ᠦᠢᠯᠡᠴᠢᠯᠡᠭᠡᠨ ᠤ | ᠰᠠᠭᠤᠷᠢᠨ ᠳᠡᠭᠡᠷ᠎ᠡ᠂ ᠥᠪᠡᠷᠮᠢᠴᠡ᠂ ᠨᠠᠷᠢᠯᠢᠭ᠂ ᠬᠥᠮᠥᠡᠯᠢᠭ ᠦᠢᠯᠡᠴᠢᠯᠡᠭᠡ ᠶᠢ ᠠᠭᠤᠰᠬᠠᠵᠤ᠂ ᠠᠶᠠᠨᠴᠢᠳ ᠲᠤ | ᠲᠠᠭᠠᠯᠠᠮᠵᠢᠳᠡᠢ᠂ ᠪᠠᠶᠠᠷ ᠬᠥᠷ ᠲᠠᠢ᠂ ᠴᠢᠯᠦᠭᠡᠲᠡᠢ᠂ ᠬᠠᠨᠤᠮᠵᠢᠲᠠᠶ ᠰᠢᠯᠢᠳᠡᠭ ᠦᠢᠯᠡᠴᠢᠯᠡᠭᠡ ᠶᠢ ᠬᠦᠷᠲᠡᠭᠡᠵᠦ᠂ | ᠬᠤᠲᠠ ᠶᠢᠨ ᠦᠵᠡᠰᠬᠦᠯᠡᠩᠲᠦ ᠰᠠᠶᠢᠬᠠᠨ ︽ᠰᠢᠯᠵᠢᠮᠡᠯ ᠨᠡᠷ᠎ᠡ ᠶᠢᠨ ᠬᠠᠭᠤᠳᠠᠰᠤ︾ ᠶᠢ ᠪᠣᠶ ᠪᠣᠯᠭᠠᠬᠤ ᠬᠡᠷᠡᠭᠲᠡᠢ᠃ ︵ | ᠬᠠᠷᠢᠭᠤᠴᠠᠬᠤ ᠨᠢᠭᠡᠴᠢ ᠄ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ︶ | ︵ᠳᠥᠷᠪᠡ︶ ᠵᠣᠭᠠᠴᠠᠯ ᠬᠤᠨᠤᠭ ᠤᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ | 1. ᠪᠠᠭᠤᠳᠠᠯ ᠤᠨ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠣᠳᠣᠨ ᠲᠠᠰ ᠤᠨ | ᠪᠠᠭᠤᠳᠠᠯ ᠤᠨ ᠡᠩᠨᠡᠭᠡᠨ ᠳᠤ ᠢᠳᠡᠪᠬᠢᠲᠡᠢ ᠣᠷᠣᠯᠴᠠᠭᠤᠯᠵᠤ᠂ ᠣᠳᠣᠨ ᠲᠠᠰ ᠤᠨ ᠪᠠᠭᠤᠳᠠᠯ ᠢ ᠦᠨᠡᠯᠡᠨ ᠲᠣᠭᠲᠠᠭᠠᠬᠤ | ᠪᠠ ᠳᠠᠬᠢᠨ ᠬᠢᠨᠠᠬᠤ ᠠᠵᠢᠯ ᠢ ᠴᠢᠩᠭᠠᠳᠬᠠᠨ᠂ ᠣᠳᠣᠨ ᠲᠠᠰ ᠤᠨ ᠪᠠᠭᠤᠳᠠᠯ ᠢ ᠲᠠᠰ ᠲᠠᠪᠰᠢᠬᠦᠯᠵᠣ ᠪᠠᠭᠤᠷᠡᠭᠤᠯᠬᠤ | ᠲᠣᠭᠲᠠᠴᠠ ᠪᠠ ᠣᠳᠣᠨ ᠲᠠᠰ ᠤᠨ ᠦᠨᠡᠯᠡᠯᠲᠡ ᠶᠢᠨ ᠠᠵᠢᠯ ᠳᠤ ᠬᠢᠨᠠᠯᠲᠠ ᠲᠠᠯᠪᠢᠬᠤ ᠲᠣᠭᠲᠠᠴᠠ ᠶᠢ | ᠲᠡᠭᠦᠯᠳᠡᠷᠵᠢᠭᠦᠯᠵᠦ᠂ ᠣᠳᠣᠨ ᠲᠠᠰ ᠤᠨ ᠪᠠᠭᠤᠳᠠᠯ ᠤᠨ ᠪᠦᠬᠦᠯᠢ ᠴᠣᠭᠴᠠ ᠶᠢᠨ ᠬᠢᠷᠢ ᠬᠡᠮᠵᠢᠶ᠎ᠡ ᠶᠢ ᠪᠠᠲᠤᠯᠠᠨ᠎ᠠ᠃ ︵ | ᠬᠠᠷᠢᠭᠤᠴᠠᠯᠭᠠᠲᠤ ᠨᠢᠭᠡᠴᠢ᠄ ᠰᠣᠶᠣᠯ ᠵᠣᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ︶ | 2. ᠣᠳᠣᠨ ᠲᠠᠰ ᠤᠨ ᠪᠤᠰᠤ ᠪᠠᠭᠤᠳᠠᠯ ᠳᠤ ᠪᠣᠯ᠂ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠪᠠᠨ | ᠴᠢᠩᠭᠠᠳᠬᠠᠬᠤ ᠶᠢᠨ ᠬᠠᠮᠲᠤ᠂ ᠡᠷᠡᠭᠦᠯ ᠬᠠᠮᠠᠭᠠᠯᠠᠯ᠂ ᠦᠢᠯᠡᠴᠢᠯᠡᠭᠡ᠂ ᠦᠨ᠎ᠡ ᠬᠠᠩᠰᠢ ᠶᠢᠨ ᠪᠠᠶᠢᠴᠠᠭᠠᠯᠲᠠ ᠶᠢ | ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠭᠤᠮᠣᠳᠡᠯ ᠲᠣᠭᠠᠴᠢᠬᠤ᠂ ᠢᠯᠡᠴᠢᠯᠡᠨ ᠮᠡᠳᠡᠭᠦᠯᠬᠦ ᠬᠠᠯᠠᠮᠰᠢᠯ | ᠤᠲᠠᠰᠤ ᠪᠠᠶᠢᠭᠤᠯᠤᠨ᠂ ᠵᠣᠭᠠᠴᠠᠬᠰᠠᠳ ᠤᠨ ᠭᠤᠮᠣᠳᠡᠯ ᠲᠣᠭᠠᠴᠢᠬᠤ᠂ ᠢᠯᠡᠴᠢᠯᠡᠨ ᠮᠡᠳᠡᠭᠦᠯᠬᠦ ᠶᠢ ᠴᠠᠭ ᠲᠤᠬᠠᠢ | ᠳᠤᠨᠢ ᠰᠢᠢᠳᠪᠦᠷᠢᠯᠡᠵᠦ᠂ ᠵᠣᠭᠠᠴᠠᠯ ᠤᠨ ᠪᠠᠭᠤᠳᠠᠯ ᠤᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | ︵ᠬᠠᠷᠢᠭᠤᠴᠠᠯᠭᠠᠲᠤ ᠨᠢᠭᠡᠴᠢ᠄ ᠰᠣᠶᠣᠯ ᠵᠣᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶ | 3. ᠰᠣᠳᠣᠨ ᠠᠷᠠᠳ ᠤᠨ ᠪᠠᠭᠤᠳᠡᠯ᠂ ᠪᠠᠭᠤᠳᠠᠯ ᠤᠨ ᠬᠥᠭᠵᠢᠯᠲᠡ ᠶᠢ ᠭ᠊ ᠲᠦᠷᠭᠡᠳᠭᠡᠵᠣ᠂ ᠰᠣᠶᠣᠯ ᠤᠨ | ᠭᠤᠣᠯ ᠰᠡᠳᠦᠪᠲᠦ ᠣᠨᠴᠠᠯᠢᠭ ᠢ ᠪᠣᠶ ᠪᠣᠯᠭᠠᠨ᠂ ᠠᠷᠠᠳ ᠤᠨ ᠪᠠᠭᠤᠳᠠᠯ ᠤᠨ ᠨᠡᠶᠢᠭᠡᠮᠯᠢᠭ ᠢ ᠵᠣᠬᠢᠶᠠᠨ ᠪᠠᠶᠢᠭᠤᠯᠵᠤ᠂ | ᠠᠷᠠᠳ ᠤᠨ ᠪᠠᠭᠤᠳᠠᠯ ᠤᠨ ᠵᠢᠷᠤᠮᠵᠢᠭᠡᠳ ᠬᠥᠭᠵᠢᠯᠲᠡ ᠶᠢ ᠠᠬᠢᠭᠤᠯᠤᠨ᠎ᠠ᠃ ᠬᠤᠨᠣᠭᠯᠠᠬᠤ ᠴᠢᠨᠠᠷ ᠴᠢᠨᠰᠠᠭ᠎ᠠ ᠶᠢ | ᠳᠡᠭᠡᠭᠰᠢᠯᠡᠭᠦᠯᠵᠦ᠂ ᠲᠠᠭᠠᠯᠠᠮᠵᠢᠳᠡᠢ ᠬᠤᠨᠣᠭᠯᠠᠬᠤ ᠢᠨᠵᠧᠨᠧᠷᠢᠩ ᠢ ᠬᠡᠷᠡᠭᠵᠢᠭᠦᠯᠦᠨ᠂ ᠨᠢᠭᠡ ᠪᠦᠯᠦᠭ ᠥᠷᠢᠰᠦᠯᠳᠦᠬᠦ | ᠬᠦᠴᠦᠨ ᠲᠠᠢ ᠬᠤᠨᠣᠭᠯᠠᠬᠤ ᠨᠠᠷᠠᠲᠤ ᠲᠥᠷᠥᠯ ᠲᠡᠮᠳᠡᠭᠲᠦ ᠶᠢ ᠪᠣᠢ ᠪᠣᠯᠭᠠᠵᠣ᠂ ᠬᠤᠨᠣᠭᠯᠠᠬᠤ ᠠᠵᠤ ᠠᠬᠤᠶᠢᠯᠠᠯ ᠤᠨ | ᠬᠡᠯᠬᠢᠶᠡᠵᠢᠬᠦ᠂ ᠨᠠᠷᠠᠲᠤ ᠲᠥᠷᠥᠯ ᠲᠡᠮᠳᠡᠭᠵᠢᠬᠦ ᠬᠥᠭᠵᠢᠯᠲᠡ ᠶᠢ ᠠᠬᠢᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ | ᠰᠣᠶᠣᠯ ᠵᠣᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ︶ | 4. ᠪᠦᠲᠦᠴᠡ ᠶᠢ ᠰᠢᠯᠢᠳᠡᠭᠵᠢᠭᠦᠯᠵᠦ᠂ ᠳᠡᠭᠡᠳᠦ ᠲᠠᠰ ᠤᠨ ᠵᠣᠴᠢᠳ ᠤᠨ ᠪᠠᠭᠤᠳᠠᠯ ᠤᠨ ᠨᠠᠷᠠᠲᠤ | ᠲᠡᠮᠳᠡᠭᠴᠢᠯᠡᠯᠲᠡ᠂ ᠠᠮᠠᠷᠠᠯᠲᠠ ᠶᠢᠨ ᠵᠣᠴᠢᠳ ᠤᠨ ᠪᠠᠭᠤᠳᠠᠯ ᠤᠨ ᠭᠤᠣᠯ ᠰᠡᠳᠦᠪᠴᠢᠯᠡᠯᠲᠡ᠂ ᠠᠵᠤ ᠠᠬᠤᠢ ᠶᠢᠨ | ᠵᠣᠴᠢᠳ ᠤᠨ ᠪᠠᠭᠤᠳᠠᠯ ᠤᠨ ᠬᠡᠯᠬᠢᠶᠡᠵᠢᠯᠲᠡ᠂ ᠬᠥᠳᠡᠭᠡ ᠲᠣᠰᠬᠤᠨ ᠤ ᠵᠣᠴᠢᠳ ᠤᠨ ᠪᠠᠭᠤᠳᠠᠯ ᠤᠨ ᠪᠠᠷᠢᠮᠵᠢᠶᠠᠵᠢᠯᠲᠠ | ᠂ ᠭᠤᠣᠯ ᠰᠡᠳᠦᠪᠲᠦ ᠵᠣᠴᠢᠳ ᠤᠨ ᠪᠠᠭᠤᠳᠠᠯ ᠤᠨ ᠥᠪᠡᠷᠮᠢᠴᠡ ᠴᠢᠨᠠᠷᠵᠢᠯᠲᠠ ᠶᠢ ᠠᠬᠢᠭᠤᠯᠵᠤ᠂ ᠣᠯᠠᠨ ᠡᠰᠢᠲᠦ | ᠵᠣᠭᠠᠴᠠᠯ ᠬᠤᠨᠤᠭ ᠤᠨ ᠥᠩᠭᠡᠷᠡᠭᠡᠯᠲᠡ ᠶᠢ ᠬᠠᠩᠭᠠᠨ᠎ᠠ᠃ ᠳᠡᠭᠡᠳᠦ ᠳᠡᠰ ᠤᠨ ᠪᠠᠭᠤᠳᠠᠯ ᠤᠨ ᠦᠢᠯᠡᠴᠢᠯᠡᠭᠡ | ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠬᠤᠪᠢ ᠪᠠᠷ ᠢᠶᠠᠨ ᠲᠡᠷᠭᠡ ᠵᠢᠯᠤᠭᠤᠳᠬᠤ᠂ ᠭᠡᠷᠳᠣ | ᠲᠡᠷᠭᠡ᠂ ᠮᠠᠶᠢᠬᠠᠨ ᠪᠠᠭᠤᠴᠠ ᠵᠡᠷᠭᠡ ᠶᠢᠨ ᠪᠦᠲᠦᠭᠡᠨ ᠪᠠᠢᠭᠤᠯᠤᠯᠲᠠ ᠶᠢ ᠶᠡᠭᠡ ᠪᠠᠷ ᠠᠬᠢᠭᠤᠯᠤᠨ᠎ᠠ᠃ ︽ᠢᠨᠲ᠋ᠧᠷ | ᠰᠦᠯᠵᠢᠶ᠎ᠡ +︾ ᠰᠢᠨ᠎ᠡ ᠮᠡᠷᠭᠡᠵᠢᠯ᠂ ᠣᠷᠣᠨ ᠲᠣᠭᠤᠷᠢᠭ ᠤᠨ ᠬᠡᠯᠬᠢᠶ᠎ᠠ ᠶᠢᠨ ᠵᠠᠭᠪᠤᠷ ᠲᠠᠢ ᠤᠶᠠᠯᠳᠤᠭᠤᠯᠤᠨ | ᠣᠶᠤᠨᠴᠢ ᠪᠠᠭᠤᠳᠠᠯ᠂ ᠲᠦᠷᠭᠡᠨ ᠪᠠᠭᠤᠳᠠᠯ ᠪᠠᠶᠢᠭᠤᠯᠵᠤ᠂ ᠰᠠᠭᠤᠭᠠᠯᠢ ᠠᠷᠠᠳ ᠤᠨ ᠤᠯᠠᠷᠢᠯ ᠤᠨ ᠴᠢᠨᠠᠷᠲᠠᠢ | ᠪᠠᠭᠤᠳᠠᠯ ᠤᠨ ᠮᠠᠶ᠋ᠢᠭ ᠤᠨ ᠨᠡᠶᠢᠲᠡ ᠶᠢᠨ ᠪᠠᠶᠢᠷᠢ ᠲᠦᠷᠢᠶᠡᠰᠦᠯᠡᠬᠦ ᠲᠤᠬᠠᠶᠢᠯᠠᠭᠰᠠᠨ ᠠᠵᠢᠯ ᠥᠷᠨᠢᠭᠦᠯᠬᠦ ᠶᠢ | ᠵᠣᠷᠢᠭᠵᠢᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠰᠣᠶᠣᠯ ᠵᠣᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠠᠵᠤ ᠠᠬᠤᠢ ᠮᠡᠳᠡᠭᠡ | ᠵᠠᠩᠭᠢᠵᠢᠯᠲᠠ ᠶᠢᠨ ᠲᠣᠪᠴᠢᠶ᠎ᠠ︶ | ︵ᠲᠠᠪᠤ︶ ᠵᠣᠭᠠᠴᠠᠯ ᠤᠨ ᠢᠳᠡᠭᠡᠨ ᠤᠮᠳᠠᠭᠠᠨ ᠤ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ | 1. ᠤᠯᠤᠰ ᠤᠨ ᠪᠠᠷᠢᠮᠵᠢᠶ᠎ᠠ ︽ᠵᠣᠭᠠᠴᠠᠯ ᠤᠨ ᠵᠣᠴᠢᠳ ᠤᠨ ᠪᠠᠭᠤᠳᠠᠯ ᠤᠨ ᠣᠳᠣᠨ ᠳᠡᠰ ᠢ ᠬᠤᠪᠢᠶᠠᠷᠢᠯᠠᠬᠤ | ᠪᠠ ᠦᠨᠡᠯᠡᠨ ᠲᠣᠭᠲᠠᠭᠠᠬᠤ︾ ᠶᠢ ᠭᠦᠨᠵᠡᠭᠡᠢ ᠲᠤᠭᠤᠰᠢᠯᠠᠭᠤᠯᠵᠣ᠂ ᠠᠵᠢᠯ ᠲᠥᠷᠥᠯ ᠤᠨ ᠪᠠᠷᠢᠮᠵᠢᠶ᠎ᠠ ᠶᠢᠨ | ᠦᠨᠳᠦᠰᠦᠯᠡᠯ᠂ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ᠂ ᠠᠵᠢᠯᠲᠠᠨ ᠤ ᠬᠡᠪ ᠴᠢᠨᠠᠷ ᠢ ᠳᠡᠭᠡᠭᠰᠢᠯᠡᠭᠦᠯᠬᠦ | ᠵᠡᠷᠭᠡ ᠪᠠᠷ ᠭᠤᠣᠯ ᠪᠣᠯᠭᠠᠵᠤ᠂ ᠵᠣᠭᠠᠴᠠᠯ ᠤᠨ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦᠯᠬᠦ | ᠱᠠᠭᠠᠷᠳᠠᠯᠭ᠎ᠠ ᠶᠢᠨ ᠲᠣᠭᠤᠷᠢᠨ ᠳᠤ᠂ ᠲᠤᠰᠬᠠᠢ ᠮᠡᠷᠭᠡᠵᠢᠯ ᠤᠨ ᠪᠦᠯᠬᠦᠮ ᠢ ᠵᠣᠬᠢᠶᠠᠨ ᠪᠠᠶᠢᠭᠤᠯᠤᠨ ᠮᠠᠨ ᠤ | ᠬᠤᠲᠠ ᠶᠢᠨ ᠬᠤᠭᠤᠯᠠ ᠤᠮᠳᠠ᠂ ᠬᠤᠨᠤᠭ ᠤᠨ ᠪᠠᠷᠢᠮᠵᠢᠶ᠎ᠠ ᠶᠢᠨ ᠵᠢᠷᠤᠮᠵᠢᠯ ᠢ ᠲᠣᠭᠲᠠᠭᠠᠵᠤ᠂ ᠮᠠᠨ ᠤ ᠬᠤᠲᠠ ᠶᠢᠨ | ᠣᠳᠣᠨ ᠲᠠᠰ ᠤᠨ ᠵᠣᠴᠢᠳ ᠤᠨ ᠪᠠᠭᠤᠳᠠᠯ ᠤᠨ ᠦᠢᠯᠡᠴᠢᠯᠡᠭᠡᠨ ᠤ ᠦᠵᠡᠯ ᠤᠬᠠᠮᠰᠠᠷ᠂ ᠶᠠᠰᠤ ᠴᠢᠨᠠᠷ ᠤᠨ ᠦᠵᠡᠯ | ᠤᠬᠠᠮᠰᠠᠷ᠂ ᠨᠠᠷᠠᠲᠤ ᠲᠥᠷᠥᠯ ᠲᠡᠮᠳᠡᠭᠲᠦ ᠶᠢᠨ ᠦᠵᠡᠯ ᠤᠬᠠᠮᠰᠠᠷ ᠢ ᠳᠡᠭᠡᠭᠰᠢᠯᠡᠭᠦᠯᠦᠨ᠎ᠡ᠃ ︵ᠬᠠᠷᠢᠭᠤᠴᠠᠯᠭᠠᠲᠤ | ᠨᠢᠭᠡᠴᠢ᠄ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ | 2. ᠢᠳᠡᠭᠡᠨ ᠤᠮᠳᠠᠭᠠᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠠᠮᠲᠠᠲᠤ ᠢᠳᠡᠭᠡᠨ ᠤ ᠢᠨᠵᠧᠨᠧᠷᠢᠩ ᠢ | ᠬᠡᠷᠡᠭᠵᠢᠭᠦᠯᠦᠨ᠎ᠡ᠃ ᠷᠠᠰᠢᠶᠠᠨ ᠤ ᠠᠮᠲᠠᠲᠤ ᠢᠳᠡᠭᠡᠨ ᠤ ᠣᠨᠴᠠᠯᠢᠭᠲᠤ ᠬᠥᠭᠵᠢᠯᠲᠡ ᠶᠢ ᠵᠣᠷᠢᠭᠵᠢᠭᠤᠯᠵᠤ᠂ ︽ | ᠷᠠᠰᠢᠶᠠᠨ ᠤ ᠦᠨᠣᠷ ᠠᠮᠲᠠ︾ ᠶᠢᠨ ᠠᠮᠲᠠᠲᠤ ᠢᠳᠡᠭᠡᠨ ᠤ ᠨᠠᠷᠠᠲᠤ ᠲᠥᠷᠥᠯ ᠲᠡᠮᠳᠡᠭᠲᠦ ᠶᠢ ᠡᠬᠦᠳᠣᠨ᠎ᠠ᠃ ᠣᠯᠠᠨ | ᠬᠡᠯᠪᠡᠷᠢ ᠪᠠᠷ ᠠᠮᠲᠠᠲᠤ ᠢᠳᠡᠭᠡᠨ ᠤ ᠪᠠᠶᠠᠷ᠂ ᠠᠮᠲᠠᠲᠤ ᠢᠳᠡᠭᠡᠨ ᠤ ᠰᠠᠷ᠎ᠠ᠂ ᠠᠮᠲᠠᠲᠤ ᠢᠳᠡᠭᠡᠨ ᠤ ᠭᠠᠷᠠᠭ ᠵᠡᠷᠭᠡ | ᠢᠳᠡᠭᠡᠨ ᠤᠮᠳᠠᠭᠠᠨ ᠤ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ ᠡᠷᠭᠢᠯᠡᠬᠦ ᠶᠢᠨ ᠬᠠᠮᠲᠤ᠂ ᠵᠢᠯ ᠪᠦᠷᠢ ᠲᠣᠭᠲᠠᠮᠠᠯ | ᠬᠤᠭᠤᠴᠠᠭ᠎ᠠ ᠲᠠᠢ ᠪᠠᠷ ︽ᠬᠤᠭᠤᠯᠠ ᠬᠢᠬᠦ ᠮᠡᠷᠭᠡᠵᠢᠯ ᠤᠨ ᠤᠷᠤᠯᠳᠤᠭᠠᠨ︾ ᠢ ᠡᠷᠭᠢᠯᠡᠵᠦ᠂ ᠠᠷᠠᠳ ᠤᠨ ᠳᠤᠮᠳᠠᠬᠢ | ᠬᠤᠭᠤᠯᠠ ᠬᠢᠬᠦ ᠮᠡᠷᠭᠡᠵᠢᠯ ᠤᠨ ᠰᠣᠯᠢᠯᠴᠠᠭ᠎ᠠ ᠪᠠ ᠰᠢᠨ᠎ᠡ ᠶᠢ ᠡᠭᠦᠳᠬᠦ ᠶᠢ ᠠᠬᠢᠭᠤᠯᠤᠨ᠎ᠠ᠃ ᠬᠤᠲᠠ ᠶᠢᠨ | ᠲᠣᠭᠤᠷᠢᠭ ᠲᠤ 1-2 ᠭᠤᠣᠯ ᠰᠡᠳᠦᠪᠲᠦ ᠠᠮᠲᠠᠲᠤ ᠢᠳᠡᠭᠡᠨ ᠤ ᠵᠡᠭᠡᠯᠢ᠂ ᠣᠯᠠᠨ ᠰᠦᠯᠵᠢᠶᠡᠨ ᠤ ᠬᠠᠯᠠᠮᠰᠢᠯ | ᠢᠳᠡᠭᠡᠨ ᠤᠮᠳᠠᠭᠠᠨ ᠤ ᠳᠡᠯᠭᠡᠭᠦᠷ᠂ ᠤᠷᠠᠨ ᠰᠠᠶᠢᠬᠠᠨ ᠤ ᠬᠡᠯᠪᠡᠷᠢ ᠶᠢᠨ ᠬᠤᠭᠤᠯᠠᠨ ᠭᠡᠷ ᠵᠡᠷᠭᠡ ᠢᠳᠡᠭᠡᠨ | ᠤᠮᠳᠠᠭᠠᠨ ᠤ ᠲᠥᠷᠥᠯ ᠵᠦᠢᠯ ᠢ ᠪᠠᠶᠢᠭᠤᠯᠤᠨ᠎ᠠ᠃ ︵ᠬᠠᠷᠢᠭᠤᠴᠠᠬᠤ ᠨᠢᠭᠡᠴᠢ᠄ ᠬᠤᠳᠠᠯᠳᠤᠭᠠᠨ ᠤ ᠶᠠᠪᠤᠳᠠᠯ ᠤᠨ | ᠠᠵᠤ ᠠᠬᠤᠢ ᠮᠠᠳᠡᠭᠡ ᠵᠠᠩᠬᠢᠵᠢᠯᠳᠡ ᠶᠢᠨ ᠲᠣᠪᠴᠢᠶ᠎ᠠ︶ | 3. ︽ᠢᠳᠡᠭᠡᠨ ᠤᠮᠳᠠᠭᠠᠨ ᠤ ᠲᠠᠯ᠎ᠠ ᠶᠢᠨ ᠪᠣᠳᠠᠰ ᠤᠨ ᠪᠤᠰᠤ ᠰᠣᠶᠣᠯ ᠤᠨ ᠥᠪ︾ ᠢ ᠵᠣᠴᠢᠳ ᠤᠨ | ᠪᠠᠭᠤᠳᠠᠯ ᠳᠤ ᠣᠷᠣᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ᠎ᠠ᠃ ︽ᠢᠳᠡᠭᠡᠨ ᠤᠮᠳᠠᠭᠠᠨ ᠤ ᠲᠠᠯ᠎ᠠ ᠪᠠᠷ ᠬᠢ | ᠪᠣᠳᠠᠰ ᠤᠨ ᠪᠤᠰᠤ ᠰᠣᠶᠣᠯ ᠤᠨ ᠥᠪ︾ ᠶᠢ ᠪᠠᠳᠠᠷᠠᠭᠤᠯᠤᠨ ᠳᠡᠯᠭᠡᠷᠡᠭᠦᠯᠵᠦ᠂ ᠣᠳᠣᠨ ᠲᠠᠰ ᠠᠴᠠ ᠳᠡᠭᠡᠭᠰᠢᠬᠢ | ᠵᠣᠴᠢᠳ ᠤᠨ ᠪᠠᠭᠤᠳᠠᠯ ᠤᠨ ᠪᠣᠳᠠᠰ ᠤᠨ ᠪᠤᠰᠤ ᠰᠣᠶᠣᠯ ᠤᠨ ᠥᠪ ᠤᠨ ᠠᠮᠲᠠᠲᠤ ᠢᠳᠡᠭᠡᠨ ᠤ ᠲᠤᠰᠬᠠᠢ ᠣᠷᠣᠨ | ᠪᠤᠶᠤ ᠲᠤᠰᠬᠠᠢ ᠯᠠᠩᠭᠦᠢ ᠭᠠᠷᠭᠠᠬᠤ ᠶᠢ ᠵᠣᠷᠢᠭᠵᠢᠭᠤᠯᠤᠨ᠂ ᠵᠣᠴᠢᠳ ᠲᠤ ᠣᠯᠠᠨ ᠲᠦᠮᠡᠨᠴᠢᠯᠡᠭᠰᠡᠨ᠂ ᠳᠥᠭᠦᠮ | ᠳᠥᠲᠡᠴᠢᠯᠡᠭᠰᠡᠨ᠂ ᠴᠢᠨᠠᠷ ᠰᠠᠶᠢᠲᠠᠢ ᠢᠳᠡᠭᠡᠨ ᠤᠮᠳᠠᠭᠠᠨ ᠤ ᠦᠢᠯᠡᠴᠢᠯᠡᠭᠡ ᠬᠠᠩᠭᠠᠨ᠎ᠠ᠃ ︵ᠬᠠᠷᠢᠭᠤᠴᠠᠯᠭᠠᠲᠤ | ᠨᠢᠭᠡᠴᠢ᠄ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠰᠣᠶᠣᠯ ᠵᠣᠭᠠᠴᠠᠯ ᠪᠡᠶ᠎ᠡ ᠶᠢᠨ | ᠲᠠᠮᠢᠷ ᠤᠨ ᠲᠣᠪᠴᠢᠶ᠎ᠠ︶ | ︵ᠵᠢᠷᠭᠤᠭ᠎ᠠ︶ ᠵᠣᠭᠠᠴᠠᠯ ᠤᠨ ᠦᠵᠡᠮᠵᠢᠲᠦ ᠣᠷᠣᠨ ᠤ ᠦᠢᠯᠡᠴᠢᠯᠡᠭᠡᠨ ᠤ ᠶᠠᠰᠤ ᠴᠢᠨᠠᠷ ᠢ | ᠳᠡᠭᠡᠭᠰᠢᠯᠡᠭᠦᠯᠦᠨ᠎ᠡ | 1. ᠵᠣᠭᠠᠴᠠᠯ ᠤᠨ ᠦᠵᠡᠮᠵᠢ ᠶᠢᠨ ᠣᠷᠣᠨ ᠤ ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠶᠢ ᠴᠢᠩᠭᠠᠳᠬᠠᠵᠤ᠂ | ᠤᠯᠤᠰ ᠤᠨ ᠪᠠᠷᠢᠮᠵᠢᠶ᠎ᠠ ᠶᠢᠨ ︽ᠵᠣᠭᠠᠴᠠᠯ ᠤᠨ ᠦᠵᠡᠮᠵᠢ ᠶᠢᠨ ᠣᠷᠣᠨ ᠤ ᠶᠠᠰᠤ ᠴᠢᠨᠠᠷ ᠤᠨ ᠵᠡᠷᠭᠡ ᠳᠡᠰ ᠢ ᠦᠨᠡᠯᠡᠨ | ᠲᠣᠭᠲᠠᠭᠠᠬᠤ ᠪᠠ ᠬᠤᠪᠢᠶᠠᠷᠢᠯᠠᠬᠤ︾ ᠲᠠᠢ ᠬᠠᠷᠢᠴᠠᠭᠤᠯᠤᠨ᠂ A ᠲᠠᠰ ᠤᠨ ᠵᠣᠭᠠᠴᠠᠯ ᠤᠨ ᠦᠵᠡᠮᠵᠢ ᠶᠢᠨ ᠣᠷᠣᠨ ᠢ | ᠭᠤᠶᠤᠴᠢᠯᠠᠨ ᠮᠡᠳᠡᠭᠦᠯᠬᠦ ᠪᠠ ᠬᠠᠮᠢᠶᠠᠷᠬᠤ ᠠᠵᠢᠯ ᠤᠨ ᠡᠷᠴᠢᠮ ᠢ ᠴᠢᠩᠭᠠᠷᠠᠭᠤᠯᠵᠤ᠂ A ᠲᠠᠰ ᠤᠨ ᠵᠣᠭᠠᠴᠠᠯ ᠤᠨ | ᠦᠵᠡᠮᠵᠢ ᠶᠢᠨ ᠣᠷᠣᠨ ᠢ ᠬᠥᠲᠥᠯᠥᠨ ᠵᠢᠯᠤᠭᠤᠳᠴᠤ ᠪᠠᠶᠢᠭᠠᠳ ᠠᠵᠢᠯ ᠤᠨ ᠪᠠᠶᠢᠷᠢ ᠶᠢᠨ ᠦᠢᠯᠡᠴᠢᠯᠡᠭᠡᠨ ᠤ | ᠵᠢᠷᠤᠮᠵᠢᠯ ᠢ ᠲᠣᠭᠲᠠᠭᠠᠨ ᠲᠡᠭᠦᠯᠳᠡᠷᠵᠢᠭᠦᠯᠬᠦ ᠶᠢᠨ ᠬᠠᠮᠲᠤ ᠵᠢᠷᠤᠮᠵᠢᠯ ᠶᠣᠰᠣᠭᠠᠷ ᠴᠢᠨᠠᠷ ᠰᠠᠶᠢᠲᠠᠢ ᠦᠢᠯᠡᠴᠢᠯᠡᠭᠡ | ᠬᠠᠩᠭᠠᠨ᠎ᠠ᠃ ︵ᠬᠠᠷᠢᠭᠤᠴᠠᠯᠭᠠᠲᠤ ᠨᠢᠭᠡᠴᠢ᠄ ᠰᠣᠶᠣᠯ ᠵᠣᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ︶ | 2. ᠦᠵᠡᠮᠵᠢ ᠶᠢᠨ ᠣᠷᠣᠨ ᠤ ᠢᠵᠢ ᠪᠦᠷᠢᠳᠦᠭᠦᠯᠬᠦ ᠲᠦᠬᠦᠭᠡᠷᠣᠮᠵᠢ ᠶᠢᠨ ᠪᠦᠲᠦᠭᠡᠨ ᠪᠠᠶᠢᠭᠤᠯᠤᠯᠲᠠ ᠶᠢ | ᠴᠢᠩᠭᠠᠳᠬᠠᠨ᠂ ᠦᠵᠡᠮᠵᠢ ᠶᠢᠨ ᠣᠷᠣᠨ ᠤ ᠲᠠᠷᠬᠠᠯᠲᠠ ᠶᠢᠨ ᠪᠠᠶᠢᠳᠠᠯ ᠢ ᠦᠨᠳᠦᠰᠦᠯᠡᠨ᠂ ᠵᠠᠮ ᠬᠢᠭᠡᠳ ᠲᠡᠷᠭᠡ | ᠵᠣᠭᠰᠣᠬᠤ ᠪᠠᠶᠢᠷᠢ ᠶᠢ ᠵᠦᠢ ᠵᠣᠬᠢᠰᠲᠠᠢ ᠲᠥᠯᠥᠪᠵᠢᠭᠦᠯᠵᠦ᠂ ᠤᠳᠤᠷᠢᠳᠤᠮᠵᠢ ᠶᠢᠨ ᠲᠡᠮᠳᠡᠭ ᠢ ᠲᠡᠭᠦᠯᠳᠡᠷᠵᠢᠭᠦᠯᠦᠨ᠂ | ᠤᠷᠬᠢᠯ ᠤᠨ ᠬᠤᠭᠤᠴᠠᠭᠠᠨ ᠤ ᠲᠡᠷᠭᠡ ᠬᠥᠰᠬᠡ ᠶᠢ ᠰᠠᠯᠭᠠᠨ ᠲᠣᠬᠢᠷᠠᠭᠤᠯᠬᠤ ᠠᠵᠢᠯ ᠢ ᠴᠢᠩᠭᠠᠳᠬᠠᠨ᠂ ᠵᠠᠮ | ᠬᠠᠷᠢᠯᠴᠠᠭᠠᠨ ᠤ ᠳᠠᠷᠤᠯᠲᠠ ᠶᠢ ᠪᠠᠭᠤᠷᠠᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠰᠣᠶᠣᠯ ᠵᠣᠭᠠᠴᠠᠯ ᠪᠡᠶ᠎ᠡ ᠶᠢᠨ | ᠲᠠᠮᠢᠷ ᠤᠨ ᠲᠣᠪᠴᠢᠶ᠎ᠠ᠂ ᠡᠯ᠎ᠡ ᠦᠵᠡᠮᠵᠢ ᠶᠢᠨ ᠣᠷᠣᠨ︶ | 3. ᠦᠵᠡᠮᠵᠢ ᠶᠢᠨ ᠣᠷᠣᠨ ᠦᠵᠡᠮᠵᠢ ᠶᠢᠨ ᠭᠠᠵᠠᠷ ᠤᠨ ᠣᠷᠴᠢᠨ ᠲᠣᠭᠤᠷᠢᠨ ᠤ ᠠᠷᠢᠭᠤᠨ ᠴᠡᠪᠡᠷ ᠢ | ᠴᠡᠭᠴᠡᠯᠡᠨ ᠵᠠᠰᠠᠬᠤ ᠶᠢ ᠲᠡᠭᠦᠯᠳᠡᠷᠵᠢᠭᠦᠯᠵᠦ᠂ ᠬᠤᠭ ᠨᠣᠪᠰᠢ ᠴᠤᠭᠯᠠᠭᠤᠯᠬᠤ ᠲᠦᠬᠦᠭᠡᠷᠣᠮᠵᠢ ᠶᠢ ᠵᠦᠢ ᠵᠣᠬᠢᠰᠲᠠᠢ | ᠲᠣᠬᠢᠷᠠᠭᠤᠯᠤᠨ᠂ ᠡᠯ᠎ᠡ ᠵᠣᠭᠠᠴᠠᠯ ᠤᠨ ᠵᠠᠮ ᠱᠤᠭᠤᠮ ᠪᠠ ᠡᠵᠡᠩᠨᠡᠯᠲᠡ ᠶᠢᠨ ᠳᠡᠯᠭᠡᠭᠡ ᠮᠠᠶᠢᠮᠠᠢ ᠳᠤ ᠬᠤᠭ | ᠨᠣᠪᠰᠢ ᠶᠢᠨ ᠰᠠᠪᠠ ᠲᠠᠯᠪᠢᠵᠤ᠂ ᠵᠣᠭᠠᠴᠠᠬᠰᠠᠳ ᠤᠨ ᠬᠤᠭ ᠨᠣᠪᠰᠢ ᠬᠠᠶᠠᠬᠤ ᠳᠤ ᠲᠥᠬᠦᠮ ᠦᠵᠡᠭᠦᠯᠦᠨ᠎ᠡ᠃ ᠵᠠᠬ᠎ᠠ | ᠳᠡᠯᠭᠡᠭᠦᠷ᠂ ᠳᠡᠯᠭᠡᠭᠡ ᠮᠠᠶᠢᠮᠠᠢ ᠶᠢᠨ ᠴᠡᠭ ᠢ ᠴᠡᠭᠴᠡᠯᠡᠨ ᠵᠠᠰᠠᠬᠤ ᠶᠢ ᠪᠣᠳᠠᠲᠠᠶᠢᠵᠢᠭᠤᠯᠵᠤ᠂ ᠳᠦᠷᠢᠮ ᠠᠴᠠ ᠵᠥᠷᠢᠴᠡᠨ | ᠳᠡᠯᠭᠡᠭᠦᠷ ᠤᠨ ᠭᠠᠳᠠᠨ᠎ᠠ ᠡᠵᠡᠩᠨᠡᠬᠦ ᠦᠭᠡᠢ᠂ ᠵᠠᠮ ᠡᠵᠡᠯᠡᠨ ᠡᠵᠡᠩᠨᠡᠬᠦ ᠦᠭᠡᠢ᠂ ᠳᠤᠷ᠎ᠠ ᠪᠠᠷ ᠢᠶᠠᠨ ᠣᠪᠣᠭᠠᠯᠠᠵᠤ | ᠳᠤᠷ᠎ᠠ ᠪᠠᠷ ᠢᠶᠠᠨ ᠲᠠᠯᠪᠢᠬᠤ ᠦᠭᠡᠢ᠂ ᠳᠤᠷ᠎ᠠ ᠪᠠᠷ ᠢᠶᠠᠨ ᠪᠠᠶᠢᠭᠤᠯᠬᠤ ᠦᠭᠡᠢ᠂ ᠡᠷᠬᠢᠨ ᠲᠣᠭᠤᠷᠢᠨ ᠤ ᠣᠷᠴᠢᠨ | ᠲᠣᠭᠤᠷᠢᠨ ᠤ ᠠᠷᠢᠭᠤᠨ ᠴᠡᠪᠡᠷ ᠢ ᠴᠡᠪᠡᠷ ᠲᠡᠭᠰᠢ ᠪᠠᠶᠢᠯᠭᠠᠬᠤ ᠶᠢ ᠪᠠᠲᠤᠯᠠᠬᠤ ᠬᠡᠷᠡᠭᠲᠡᠢ᠃ ᠦᠨᠡᠮᠯᠡᠯ ᠦᠭᠡᠢ ᠪᠠᠷ | ᠡᠵᠡᠩᠨᠡᠬᠦ ᠶᠢ ᠴᠢᠩᠭ᠎ᠠ ᠪᠠᠶᠢᠴᠠᠭᠠᠵᠤ᠂ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠨ᠂ ᠦᠵᠡᠮᠵᠢ ᠶᠢᠨ | ᠣᠷᠣᠨ ᠤ ᠳᠣᠲᠣᠷᠠᠬᠢ ᠪᠠ ᠦᠵᠡᠮᠵᠢ ᠶᠢᠨ ᠣᠷᠣᠨ ᠤ ᠡᠷᠬᠢᠨ ᠲᠣᠭᠤᠷᠢᠨ ᠤ ᠣᠷᠣᠨ ᠪᠦᠰᠡ ᠵᠢᠴᠢ | ᠭᠤᠣᠯᠳᠠᠯᠭ᠎ᠠ ᠲᠠᠢ ᠵᠣᠭᠠᠴᠠᠯ ᠤᠨ ᠵᠠᠮ ᠤᠨ ᠬᠤᠶᠠᠷ ᠬᠠᠵᠠᠭᠤ ᠶᠢᠨ ᠦᠨᠡᠮᠯᠡᠯ ᠦᠭᠡᠢ ᠪᠠᠷ ᠡᠵᠡᠩᠨᠡᠬᠦ ᠶᠢ ᠬᠦᠴᠦᠨ | ᠦᠭᠡᠢ ᠪᠣᠯᠭᠠᠨ᠎ᠠ᠃ ︵ᠬᠠᠷᠢᠭᠤᠴᠠᠯᠭᠠᠲᠤ ᠨᠢᠭᠡᠴᠢ᠄ ᠰᠣᠶᠣᠯ ᠵᠣᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ | ᠡᠯ᠎ᠡ ᠦᠵᠡᠮᠵᠢ ᠶᠢᠨ ᠣᠷᠣᠨ᠂ ᠬᠠᠷᠢᠶ᠎ᠠ ᠭᠠᠵᠠᠷ ᠤᠨ ᠡᠯ᠎ᠡ ᠪᠠᠯᠭᠠᠰᠤ ᠵᠡᠭᠡᠯᠢ︶ | ︵ᠳᠣᠯᠤᠭ᠎ᠠ︶ ᠵᠤᠭᠠᠴᠠᠭᠰᠠᠳ ᠤᠨ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠬᠦᠯᠣᠨ᠎ᠠ | 1. ᠵᠤᠭᠠᠴᠠᠭᠰᠠᠳ ᠤᠨ ᠬᠠᠨᠤᠮᠵᠢ ᠶᠢᠨ ᠬᠡᠮᠵᠢᠶ᠎ᠡ ᠶᠢᠨ ᠪᠠᠶᠢᠴᠠᠭᠠᠯᠲᠠ ᠶᠢ ᠦᠷᠨᠢᠬᠦᠯᠣᠨ᠎ᠠ᠃ ᠲᠤᠰᠬᠠᠢ | ᠪᠠᠶᠢᠭᠤᠯᠤᠮᠵᠢ ᠳᠤ ᠨᠠᠶᠢᠳᠠᠵᠤ ᠵᠤᠭᠠᠴᠠᠭᠰᠠᠳ ᠤᠨ ᠰᠡᠳᠬᠢᠯ ᠬᠠᠨᠤᠮᠵᠢᠲᠠᠶ ᠪᠠᠶᠢᠬᠤ ᠬᠡᠮᠵᠢᠶ᠎ᠡ ᠶᠢᠨ ᠪᠠᠶᠢᠴᠠᠭᠠᠯᠲᠠ ᠶᠢ | ᠥᠷᠨᠢᠭᠦᠯᠵᠦ᠂ ᠪᠠᠶᠢᠴᠠᠭᠠᠯᠲᠠ ᠶᠢᠨ ᠠᠭᠤᠯᠭ᠎ᠠ ᠳᠤ ᠢᠳᠡᠬᠦ᠂ ᠰᠠᠭᠤᠬᠤ᠂ ᠶᠠᠪᠤᠬᠤ᠂ ᠵᠢᠭᠤᠯᠴᠢᠯᠠᠬᠤ᠂ ᠬᠤᠳᠠᠯᠳᠤᠨ | ᠠᠪᠬᠤ᠂ ᠵᠤᠭ᠎ᠠ ᠴᠡᠩᠭᠡᠯ ᠵᠡᠷᠭᠡ ᠭᠤᠣᠯᠳᠠᠯᠭ᠎ᠠ ᠲᠠᠢ ᠭᠤᠭᠴᠤᠭ᠎ᠠ ᠵᠢᠴᠢ ᠬᠤᠲᠠ ᠶᠢᠨ ᠠᠷᠠᠳ ᠤᠨ ᠵᠣᠴᠢᠨᠰᠠᠭ | ᠪᠠᠶᠢᠬᠤ ᠬᠡᠮᠵᠢᠶ᠎ᠡ᠂ ᠵᠣᠭᠠᠴᠠᠯ ᠤᠨ ᠣᠷᠴᠢᠨ ᠲᠣᠭᠤᠷᠢᠨ ᠵᠡᠷᠭᠡ ᠬᠠᠮᠢᠶ᠎ᠠ ᠪᠦᠬᠦᠢ ᠠᠭᠤᠯᠭ᠎ᠠ ᠶᠢ ᠬᠠᠮᠤᠷᠴᠤ᠂ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠳᠤᠲᠠᠭᠤᠳᠠᠯ ᠢᠶᠠᠨ ᠨᠥᠬᠦᠪᠦᠷᠢᠯᠡᠵᠦ᠂ | ᠦᠢᠯᠡᠴᠢᠯᠡᠭᠡ ᠪᠠᠨ ᠰᠠᠶᠢᠵᠢᠷᠠᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠰᠣᠶᠣᠯ ᠵᠣᠭᠠᠴᠠᠯ ᠪᠡᠶ᠎ᠡ ᠶᠢᠨ ᠲᠠᠮᠢᠷ ᠤᠨ | ᠲᠣᠪᠴᠢᠶ᠎ᠠ︶ | 2.ᠪᠠᠷᠠᠭ᠎ᠠ ᠬᠤᠳᠠᠯᠳᠤᠨ ᠠᠪᠬᠤ ᠶᠠᠰᠤ ᠴᠢᠨᠠᠷ ᠢ ᠳᠡᠭᠡᠭᠰᠢᠯᠡᠭᠦᠯᠦᠨ᠂ ᠭᠤᠶᠤ ᠰᠠᠶᠢᠬᠠᠨ ᠪᠣᠳᠠᠰ ᠤᠨ | ᠢᠨᠵᠧᠨᠧᠷᠢᠩ ᠢ ᠬᠡᠷᠡᠭᠵᠢᠭᠦᠯᠦᠨ᠎ᠡ᠃ ᠷᠠᠰᠢᠶᠠᠨ ᠤ ᠠᠷᠢᠭᠤᠨ ᠪᠤᠯᠠᠭ ᠤᠨ ᠰᠣᠶᠣᠯ᠂ ᠮᠥᠰᠥ ᠴᠠᠰᠤᠨ ᠤ ᠰᠣᠶᠣᠯ᠂ | ᠣᠶ ᠰᠢᠭᠤᠢ ᠶᠢᠨ ᠰᠣᠶᠣᠯ ᠵᠡᠷᠭᠡ ᠰᠣᠶᠣᠯ ᠤᠨ ᠡᠬᠢ ᠪᠠᠶᠠᠯᠢᠭ ᠢ ᠭᠦᠨᠵᠡᠭᠡᠢ ᠠᠭᠤᠳᠠᠯᠵᠤ᠂ ︽ ᠷᠡᠰᠢᠶᠠᠨ ᠤ ᠪᠣᠭᠤ︾ | ᠪᠠᠷ ᠭᠤᠣᠯ ᠪᠣᠯᠭᠠᠨ᠂ ᠰᠣᠶᠣᠯ ᠵᠣᠭᠠᠴᠠᠯ ᠤᠨ ᠠᠵᠤ ᠦᠢᠯᠡᠰ ᠤᠨ IP ᠶᠢ ᠪᠣᠶ ᠪᠣᠯᠭᠠᠵᠤ᠂ ᠵᠣᠭᠠᠴᠠᠯ ᠤᠨ | ᠡᠭᠦᠰᠦᠮᠡᠯ ᠡᠳ᠋ ᠢ ᠪᠠᠶᠠᠯᠢᠭᠵᠢᠭᠤᠯᠤᠨ᠎ᠠ᠃ ᠵᠣᠭᠠᠴᠠᠯ ᠤᠨ ᠲᠠᠸᠠᠷ ᠢ ᠰᠤᠳᠤᠯᠤᠨ ᠨᠡᠭᠡᠭᠡᠬᠦ ᠪᠠ ᠪᠣᠷᠣᠯᠠᠭᠤᠯᠬᠤ ᠶᠢ | ᠳᠡᠮᠵᠢᠬᠦ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠲᠣᠭᠲᠠᠭᠠᠵᠤ᠂ ᠵᠣᠭᠠᠴᠠᠯ ᠤᠨ ᠲᠠᠸᠠᠷ ᠢ ᠰᠤᠳᠤᠯᠤᠨ ᠨᠡᠭᠡᠭᠡᠬᠦ | ᠂ ᠠᠵᠤ ᠠᠬᠤᠶᠢᠯᠠᠯ ᠢ ᠨᠡᠪᠴᠢᠭᠦᠯᠬᠦ ᠪᠠ ᠵᠣᠭᠠᠴᠠᠯ ᠤᠨ ᠰᠣᠶᠣᠯ ᠤᠨ ᠪᠦᠲᠦᠭᠡᠯᠴᠢ ᠲᠥᠰᠥᠪᠯᠡᠯ ᠤᠨ ᠬᠦᠷᠢᠶᠡᠯᠡᠩ | ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠭᠤᠣᠯᠳᠠᠯᠭ᠎ᠠ ᠲᠠᠢ ᠲᠡᠳᠬᠦᠨ᠎ᠡ᠃ ᠵᠣᠭᠠᠴᠠᠯ ᠤᠨ ᠲᠠᠸᠠᠷ ᠤᠨ | ᠲᠡᠮᠳᠡᠭ᠂ ᠲᠤᠰᠬᠠᠢ ᠠᠰᠢᠭ ᠵᠡᠷᠭᠡ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠯ ᠤᠨ ᠡᠷᠬᠡ ᠶᠢ ᠳᠠᠩᠰᠠᠯᠠᠬᠤ ᠪᠠ | ᠬᠠᠮᠠᠭᠠᠯᠠᠬᠤ ᠡᠷᠴᠢᠮ ᠢ ᠴᠢᠩᠭᠠᠷᠠᠭᠤᠯᠤᠨ᠎ᠠ᠃ ︵ᠬᠠᠷᠢᠭᠤᠴᠠᠬᠤ ᠨᠢᠭᠡᠴᠢ᠄ ᠬᠤᠳᠠᠯᠳᠤᠭᠠᠨ ᠤ ᠶᠠᠪᠤᠳᠠᠯ ᠤᠨ ᠠᠵᠤ | ᠠᠬᠤᠢ ᠮᠠᠳᠡᠭᠡ ᠵᠠᠩᠬᠢᠵᠢᠯᠳᠡ ᠶᠢᠨ ᠲᠣᠪᠴᠢᠶ᠎ᠠ︶ | 3. ᠤᠷᠠᠨ ᠰᠠᠶᠢᠬᠠᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ᠤᠷᠠᠨ ᠰᠠᠶᠢᠬᠠᠨ ᠤ ᠢᠨᠵᠧᠨᠧᠷᠢᠩ ᠢ | ᠬᠡᠷᠡᠭᠵᠢᠭᠦᠯᠦᠨ᠎ᠡ᠃ ᠡᠳᠦᠷ ᠲᠤᠲᠤᠮ ᠤᠨ ᠰᠣᠶᠣᠯ ᠴᠡᠩᠭᠡᠯ ᠤᠨ ᠪᠦᠲᠦᠭᠡᠭᠳᠡᠬᠦᠨ ᠢ ᠪᠠᠶᠠᠯᠢᠭᠵᠢᠭᠤᠯᠵᠤ᠂ ᠷᠠᠰᠢᠶᠠᠨ ᠤ | ᠡᠵᠡᠨ ᠵᠣᠴᠢᠳ ᠤᠨ ᠬᠠᠮᠲᠤ ᠪᠠᠷ ᠡᠳ᠋ᠯᠡᠬᠦ ᠠᠮᠢᠳᠤᠷᠠᠯ ᠤᠨ ᠠᠭᠤᠷ ᠠᠮᠢᠰᠬᠤᠯ ᠢ ᠳᠡᠭᠡᠭᠰᠢᠯᠡᠭᠦᠯᠦᠨ᠂ ᠢᠯᠠᠩᠭᠤᠶ᠎ᠠ | ᠪᠡᠶ᠎ᠡ ᠶᠢᠨ ᠲᠠᠮᠢᠷ ᠵᠤᠭ᠎ᠠ ᠴᠡᠩᠭᠡᠯ᠂ ᠺᠣᠹᠧ ᠪᠠ ᠴᠠᠢ᠂ ᠠᠷᠢᠬᠢᠨ ᠮᠤᠬᠤᠯᠠᠭ ᠤᠨ ᠭᠤᠣᠯ ᠰᠡᠳᠦᠪᠲᠦ ᠣᠷᠣᠨ ᠵᠠᠢ᠂ | ᠭᠤᠣᠯ ᠰᠡᠳᠦᠪᠲᠦ ᠨᠡᠶᠢᠭᠡᠮᠯᠢᠭ ᠤᠨ ᠰᠦᠷᠦᠭᠵᠢᠯ ᠤᠨ ᠠᠵᠢᠯᠯᠠᠭ᠎ᠠ ᠵᠡᠷᠭᠡ ᠰᠣᠶᠣᠯ ᠴᠡᠩᠭᠡᠯ ᠤᠨ ᠠᠭᠤᠯᠭ᠎ᠠ ᠶᠢ | ᠨᠡᠮᠡᠭᠳᠡᠭᠦᠯᠬᠦ ᠪᠠ ᠳᠡᠭᠡᠭᠰᠢᠯᠡᠭᠦᠯᠬᠦ ᠶᠢ ᠵᠣᠷᠢᠭᠵᠢᠭᠤᠯᠤᠨ᠎ᠠ᠃ ᠳᠠᠭᠤᠤ ᠬᠥᠭᠵᠢᠮ ᠤᠨ ᠨᠠᠶᠢᠷ᠂ ᠳ᠋ᠧᠩ ᠤᠨ ᠬᠡᠷᠡᠯ ᠤᠨ | ᠦᠵᠡᠭᠦᠯᠭᠡ᠂ ᠫᠢᠸᠤ᠋ ᠶᠢᠨ ᠨᠠᠶᠢᠷ ᠵᠡᠷᠭᠡ ᠰᠣᠶᠣᠯ ᠤᠨ ᠵᠣᠭᠠᠴᠠᠯ ᠤᠨ ᠠᠵᠢᠯᠯᠠᠭ᠎ᠠ ᠶᠢ ᠡᠷᠭᠢᠯᠡᠵᠦ᠂ ︽ ᠷᠠᠰᠢᠶᠠᠨ ᠤ | ᠠᠶᠠᠯᠭᠤ︾ ᠭᠡᠬᠦ ᠰᠣᠳᠣᠨ ᠲᠣᠭᠯᠠᠯᠲᠠ ᠶᠢᠨ ᠵᠦᠴᠦᠭᠡ ᠶᠢ ᠡᠭᠦᠳᠦᠨ ᠪᠦᠲᠦᠭᠡᠵᠦ᠂ ᠵᠤᠭᠠᠴᠠᠭᠰᠠᠳ ᠢ | ᠬᠤᠨᠣᠯᠠᠭᠤᠯᠬᠤ ᠪᠠᠷ ᠲᠠᠲᠠᠨ᠎ᠠ᠃ ︵ᠬᠠᠷᠢᠭᠤᠴᠠᠯᠭᠠᠲᠤ ᠨᠢᠭᠡᠴᠢ᠄ ᠰᠣᠶᠣᠯ ᠵᠣᠭᠠᠴᠠᠯ ᠪᠡᠶ᠎ᠡ ᠶᠢᠨ ᠲᠠᠮᠢᠷ ᠤᠨ | ᠲᠣᠪᠴᠢᠶ᠎ᠠ︶ | ︵ᠨᠠᠢᠮᠠ︶ ᠵᠣᠭᠠᠴᠠᠯ ᠤᠨ ᠤᠯᠠᠨ ᠨᠡᠶᠢᠲᠡ ᠶᠢᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ | 1. ᠵᠣᠭᠠᠴᠠᠯ ᠤᠨ ᠵᠣᠷᠯᠣᠩ ᠤᠨ ᠬᠡᠮᠵᠢᠶ᠎ᠡ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠬᠦ ᠶᠢ | ᠠᠬᠢᠭᠤᠯᠤᠨ᠎ᠠ᠃ ᠵᠠᠮ ᠬᠠᠷᠢᠯᠴᠠᠭ᠎ᠠ ᠵᠠᠮ ᠳᠠᠭᠠᠤ ᠪᠠ ᠵᠡᠭᠡᠯᠢ ᠨᠢᠭᠤᠷᠯᠠᠭᠰᠠᠨ᠂ ᠦᠵᠡᠮᠵᠢ ᠨᠢᠭᠤᠷᠯᠠᠭᠰᠠᠨ ᠪᠣᠶ ᠪᠦᠬᠦᠢ | ᠨᠢᠭᠤᠴᠠ ᠳᠤ ᠥᠯᠥ ᠬᠤᠯᠪᠣᠭᠳᠠᠬᠤ ᠪᠠᠶᠢᠭᠤᠯᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ | ᠬᠤᠳᠠᠯᠳᠤᠭᠠᠨ ᠤ ᠳᠡᠯᠭᠡᠭᠦᠷ ᠴᠢᠯᠣᠭᠡᠳᠣ ᠳᠡᠯᠭᠡᠭᠦᠷ᠂ ᠨᠡᠶᠢᠳᠡ ᠶᠢᠨ ᠬᠤᠭᠤᠯᠠᠨ ᠭᠡᠷ᠂ ᠲᠣᠰᠣ ᠨᠡᠮᠡᠬᠦ ᠥᠷᠲᠡᠭᠡ᠂ | ᠲᠡᠷᠭᠡᠨ ᠥᠷᠲᠡᠭᠡ ᠪᠠ ᠲᠦᠷᠭᠡᠨ ᠤ ᠵᠠᠰᠠᠮᠠᠯ ᠵᠠᠮ ᠤᠨ ᠦᠢᠯᠡᠴᠢᠯᠡᠭᠡᠨ ᠤ ᠲᠣᠭᠤᠷᠢᠭ ᠵᠡᠷᠭᠡ ᠶᠢᠨ ᠵᠣᠷᠯᠣᠩ ᠢ | ᠰᠦᠢᠳᠬᠡᠯ ᠬᠤᠷᠢᠶᠠᠬᠤ ᠦᠭᠡᠢ ᠪᠠᠷ ᠭᠠᠳᠠᠭᠰᠢ ᠨᠡᠭᠡᠭᠡᠬᠦ ᠶᠢ ᠵᠣᠷᠢᠭᠵᠢᠭᠤᠯᠵᠤ᠂ ᠵᠣᠭᠠᠴᠠᠯ ᠤᠨ ᠵᠣᠷᠯᠣᠩ ᠤᠨ | ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠪᠠᠷᠢᠮᠵᠢᠶᠠᠵᠢᠭᠤᠯᠤᠯᠲᠠ ᠶᠢᠨ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠎ᠡ᠃ ︵ᠬᠠᠷᠢᠭᠤᠴᠠᠬᠤ ᠨᠢᠭᠡᠴᠢ᠄ ᠡᠯ᠎ᠡ ᠪᠦᠷᠢᠯᠳᠦᠭᠦᠨ ᠨᠢᠭᠡᠴᠢ︶ | 2. ᠣᠶᠤᠨᠴᠢ ᠵᠣᠭᠠᠴᠠᠯ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ︽ᠵᠡᠭᠦᠳᠦ ᠵᠡᠷᠭᠡᠯᠭᠡᠳᠣ | ᠷᠠᠰᠢᠶᠠᠨ︾ ᠭᠡᠬᠦ ᠮᠠᠰᠢᠨ ᠢᠶᠠᠷ ᠵᠢᠭᠤᠯᠴᠢᠯᠠᠬᠤ ᠫᠷᠣᠭ᠍ᠷᠠᠮ ᠢ ᠨᠡᠶᠢᠲᠡᠯᠡᠵᠦ᠂ ︽ᠬᠤᠷᠤᠭᠤᠨ ᠡᠷᠳᠡᠮ ᠳᠠᠬᠢ ᠬᠢᠩᠭᠠᠨ | ᠠᠶᠢᠮᠠᠭ︾ ᠤᠨ APP ᠵᠢᠵᠢᠭ ᠫᠷᠣᠭ᠍ᠷᠠᠮ ᠳᠠᠬᠢ ᠷᠠᠰᠢᠶᠠᠨ ᠤ ᠬᠠᠪᠲᠠᠭᠠᠢ ᠬᠡᠰᠡᠭ ᠢ ᠨᠠᠷᠢᠯᠢᠭᠵᠢᠭᠤᠯᠤᠨ | ᠲᠡᠭᠦᠯᠳᠡᠷᠵᠢᠭᠦᠯᠦᠨ᠎ᠡ᠃ ᠵᠣᠭᠠᠴᠠᠯ ᠤᠨ ᠦᠨᠳᠦᠰᠦᠨ ᠮᠡᠳᠡᠭᠡ ᠵᠠᠩᠭᠢ ᠶᠢ ᠲᠡᠭᠦᠯᠳᠡᠷᠵᠢᠭᠦᠯᠵᠦ᠂ ᠬᠡᠷᠡᠭᠯᠡᠭᠴᠢᠳ ᠤᠨ | ᠬᠡᠷᠡᠭᠯᠡᠭᠡᠨ ᠤ ᠲᠦᠷᠭᠡᠨ ᠴᠢᠨᠠᠷ ᠢ ᠳᠡᠭᠡᠭᠰᠢᠯᠡᠭᠦᠯᠵᠦ᠂ ᠵᠣᠭᠠᠴᠠᠬᠰᠠᠳ ᠤᠨ ᠬᠠᠲᠠᠭᠤ ᠲᠣᠨᠤᠭ ᠤᠨ ᠬᠡᠷᠡᠭᠴᠡᠭᠡ ᠶᠢ | ᠬᠠᠩᠭᠠᠨ᠎ᠠ᠃ ᠰᠦᠯᠵᠢᠶᠡᠨ ᠳᠡᠭᠡᠷ᠎ᠡ ᠪᠢᠯᠧᠲ ᠬᠤᠳᠠᠯᠳᠤᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠡᠭᠦᠳᠡᠨ | ᠪᠢᠯᠧᠲ ᠪᠣᠷᠣᠯᠠᠭᠤᠯᠬᠤ ᠠᠷᠭ᠎ᠠ ᠵᠠᠮ ᠢ ᠨᠡᠮᠡᠭᠳᠡᠭᠦᠯᠵᠦ᠂ ᠦᠵᠡᠮᠵᠢ ᠶᠢᠨ ᠣᠷᠣᠨ ᠤ ᠡᠵᠡᠩᠨᠡᠯᠲᠡ ᠬᠠᠮᠢᠶᠠᠷᠤᠯᠲᠠ ᠶᠢᠨ | ᠳᠠᠷᠤᠯᠲᠠ ᠪᠠ ᠪᠢᠯᠧᠲ ᠬᠤᠳᠠᠯᠳᠤᠬᠤ ᠳᠠᠷᠤᠯᠲᠠ ᠶᠢ ᠪᠦᠲᠦᠮᠵᠢᠲᠡᠶ ᠪᠠᠭᠠᠰᠬᠠᠨ᠂ ᠠᠵᠢᠯᠲᠠᠨ ᠤ ᠬᠠᠮᠢᠶᠠᠷᠤᠯᠲᠠ ᠶᠢᠨ | ᠥᠪᠡᠷ ᠤᠨ ᠥᠷᠲᠡᠭ ᠢ ᠪᠠᠭᠤᠷᠠᠭᠤᠯᠵᠤ᠂ ᠦᠵᠡᠮᠵᠢ ᠶᠢᠨ ᠣᠷᠣᠨ ᠢ ᠬᠠᠪᠰᠤᠷᠤᠨ ᠠᠵᠢᠯ ᠤᠨ ᠦᠷ᠎ᠡ ᠪᠦᠲᠦᠮᠵᠢ ᠶᠢ | ᠨᠢ ᠳᠡᠭᠡᠭᠰᠢᠯᠡᠭᠦᠯᠵᠦ᠂ ᠵᠣᠭᠠᠴᠠᠯ ᠤᠨ ᠦᠵᠡᠮᠵᠢ ᠶᠢᠨ ᠣᠷᠣᠨ ᠤ ᠬᠥᠮᠥᠨ ᠤ ᠬᠦᠴᠦᠨ ᠪᠣᠳᠠᠰ ᠤᠨ ᠬᠦᠴᠦᠨ | ᠡᠳ᠋ ᠤᠨ ᠬᠦᠴᠦᠨ ᠢ ᠠᠷᠪᠢᠯᠠᠵᠤ᠂ ᠠᠵᠢᠯᠲᠠᠨ ᠤ ᠠᠵᠢᠯ ᠤᠨ ᠦᠷ᠎ᠡ ᠪᠦᠳᠣᠮᠵᠢ ᠶᠢᠨ ᠬᠡᠮᠵᠢᠶ᠎ᠡ ᠶᠢ ᠨᠡᠮᠡᠭᠳᠡᠭᠦᠯᠬᠦ ᠶᠢ | ᠠᠬᠢᠭᠤᠯᠤᠨ᠎ᠠ᠃ ᠡᠭᠦᠨ ᠤ ᠵᠡᠷᠭᠡ ᠳᠤ ᠵᠣᠭᠠᠴᠠᠯ ᠤᠨ ᠦᠢᠯᠡᠳᠬᠦᠨ ᠢ ᠨᠠᠷᠢᠯᠢᠭᠵᠢᠭᠤᠯᠤᠨ ᠡᠮᠬᠢ ᠵᠢᠷᠤᠮ ᠲᠠᠢ | ᠲᠥᠷᠥᠯ ᠬᠤᠪᠢᠶᠠᠨ ᠢᠯᠡᠷᠡᠭᠦᠯᠵᠦ᠂ ᠲᠦᠷᠦᠭᠦᠸ ᠨᠢᠭᠤᠷ ᠤᠨ ᠲᠠᠨᠢᠯᠴᠠᠭᠤᠯᠬᠤ ᠦᠢᠯᠡᠳᠬᠦᠨ ᠢ ᠳᠡᠮᠵᠢᠬᠦ᠂ ᠲᠣᠰ | ᠤᠯᠠᠷᠢᠯ ᠤᠨ ᠬᠠᠯᠠᠮᠰᠢᠯ ᠦᠢᠯᠡᠳᠬᠦᠨ ᠢ ᠳᠡᠯᠭᠡᠨ ᠦᠵᠡᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ | ᠵᠣᠭᠠᠴᠠᠬᠰᠠᠳ ᠡᠯ᠎ᠡ ᠲᠥᠷᠥᠯ ᠤᠨ ᠵᠣᠭᠠᠴᠠᠯ ᠤᠨ ᠦᠢᠯᠡᠳᠬᠦᠨ ᠢ ᠣᠶᠢᠯᠠᠭᠠᠬᠤ ᠬᠡᠷᠡᠭᠴᠡᠭᠡ ᠶᠢ ᠬᠠᠩᠭᠠᠵᠤ᠂ | ᠦᠢᠯᠡᠳᠬᠦᠨ ᠢ ᠰᠣᠩᠭᠤᠬᠤ ᠳᠤ ᠨᠠᠩ ᠲᠥᠬᠦᠮ᠂ ᠦᠢᠯᠡᠴᠢᠯᠡᠭᠡᠨ ᠤ ᠯᠠᠪᠯᠠᠭ᠎ᠠ ᠨᠠᠩ ᠥᠨᠳᠥᠷ ᠪᠦᠲᠦᠮᠵᠢᠲᠡᠶ ᠪᠠᠶᠢᠵᠤ | ᠂ ᠵᠣᠭᠠᠴᠠᠬᠰᠠᠳ ᠤᠨ ᠣᠶᠢᠯᠠᠭᠠᠬᠤ ᠲᠥᠷᠥᠭᠳᠡᠯ ᠢ ᠳᠡᠭᠡᠭᠰᠢᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠰᠣᠶᠣᠯ | ᠵᠣᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠠᠮᠠᠷᠠᠯᠲᠠ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ︶ | 3. ᠵᠡᠭᠡᠯᠢ ᠪᠠᠯᠭᠠᠰᠤᠨ ᠤ ᠵᠣᠭᠠᠴᠠᠯ ᠤᠨ ᠴᠢᠳᠠᠮᠵᠢ ᠶᠢ ᠲᠡᠭᠦᠯᠳᠡᠷᠵᠢᠭᠦᠯᠦᠨ᠎ᠡ᠃ ᠡᠯ᠎ᠡ ᠪᠠᠯᠭᠠᠰᠤ ᠵᠡᠭᠡᠯᠢ ᠶᠢᠨ | ᠨᠠᠮ ᠣᠯᠠᠨ ᠲᠦᠮᠡᠨ ᠤ ᠠᠵᠢᠯ ᠤᠨ ᠦᠢᠯᠡᠴᠢᠯᠡᠭᠡᠨ ᠤ ᠲᠥᠪ ᠨᠢ ᠵᠣᠭᠠᠴᠠᠯ ᠤᠨ ᠴᠢᠳᠠᠮᠵᠢ ᠶᠢ ᠪᠦᠷᠢᠳᠦᠭᠦᠯᠵᠦ᠂ | ᠵᠣᠭᠠᠴᠠᠬᠰᠠᠳ ᠲᠤ ᠦᠨᠳᠦᠰᠦᠨ ᠵᠣᠭᠠᠴᠠᠯ ᠤᠨ ᠵᠥᠪᠯᠡᠯᠭᠡ ᠥᠭᠬᠦ᠂ ᠲᠠᠶᠢᠯᠤᠮᠵᠢ ᠬᠢᠬᠦ᠂ ᠬᠥᠲᠥᠯᠥᠨ ᠵᠢᠯᠤᠭᠤᠳᠬᠤ | ᠵᠡᠷᠭᠡ ᠦᠢᠯᠡᠴᠢᠯᠡᠭᠡ ᠬᠠᠩᠭᠠᠬᠤ ᠬᠡᠷᠡᠭᠲᠡᠢ᠃ ᠰᠠᠶᠢᠨ ᠳᠤᠷ᠎ᠠ ᠶᠢᠨ ᠣᠶᠢᠯᠡᠴᠢᠯᠡᠭᠴᠢ ᠶᠢᠨ ᠦᠢᠯᠡᠴᠢᠯᠡᠭᠡ ᠬᠢᠭᠡᠳ | ᠵᠣᠭᠠᠴᠠᠯ ᠤᠨ ᠦᠢᠯᠡᠴᠢᠯᠡᠭᠡ ᠶᠢ ᠬᠠᠷᠢᠯᠴᠠᠨ ᠤᠶᠠᠯᠳᠤᠭᠤᠯᠵᠤ᠂ ᠵᠣᠭᠠᠴᠠᠯ ᠤᠨ ᠦᠢᠯᠡᠴᠢᠯᠡᠭᠡ ᠶᠢ ᠰᠠᠶᠢᠨ | ᠳᠤᠷ᠎ᠠ ᠶᠢᠨ ᠣᠶᠢᠯᠡᠴᠢᠯᠡᠭᠴᠢ ᠶᠢᠨ ᠦᠢᠯᠡᠴᠢᠯᠡᠭᠡᠨ ᠤ ᠲᠥᠯᠥᠪᠯᠡᠭᠡ ᠳᠤ ᠣᠷᠣᠭᠤᠯᠤᠨ᠂ ᠷᠠᠰᠢᠶᠠᠨ ᠤ ᠵᠣᠭᠠᠴᠠᠯ ᠤᠨ | ᠰᠠᠶᠢᠨ ᠳᠤᠷ᠎ᠠ ᠶᠢᠨ ᠦᠢᠯᠡᠴᠢᠯᠡᠭᠡᠨ ᠤ ᠨᠠᠷᠠᠲᠤ ᠲᠥᠷᠥᠯ ᠢ ᠡᠬᠦᠳᠣᠨ᠎ᠠ᠃ ︵ᠬᠠᠷᠢᠭᠤᠴᠠᠯᠭᠠᠲᠤ ᠨᠢᠭᠡᠴᠢ᠄ ᠬᠠᠷᠢᠶ᠎ᠠ | ᠭᠠᠵᠠᠷ ᠤᠨ ᠡᠯ᠎ᠡ ᠪᠠᠯᠭᠠᠰᠤ ᠵᠡᠭᠡᠯᠢ︶ | 4. ᠵᠠᠮ ᠬᠠᠷᠢᠯᠴᠠᠭᠠᠨ ᠤ ᠠᠮᠤᠷ ᠲᠦᠪᠰᠢᠨ ᠢ ᠳᠡᠭᠡᠭᠰᠢᠯᠡᠭᠦᠯᠦᠨ᠎ᠡ᠃ ᠵᠠᠮ ᠬᠠᠷᠢᠯᠴᠠᠭᠠᠨ ᠤ ᠠᠮᠤᠷ | ᠲᠦᠪᠰᠢᠨ ᠤ ᠬᠠᠮᠢᠶᠠᠷᠤᠯᠲᠠ ᠶᠢᠨ ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ ᠰᠤᠳᠤᠯᠬᠤ ᠬᠡᠷᠡᠭᠲᠡᠢ᠃ | ᠠᠶᠤᠯᠭᠦᠢ ᠶᠢᠨ ᠡᠯ᠎ᠡ ᠵᠦᠢᠯ ᠤᠨ ᠳᠦᠷᠢᠮ ᠲᠣᠭᠲᠠᠭᠠᠯ ᠢ ᠲᠤᠭᠤᠰᠢᠯᠠᠭᠤᠯᠣᠨ ᠨᠠᠶᠢᠳᠠᠪᠤᠷᠢᠵᠢᠭᠤᠯᠤᠨ᠎ᠠ᠃ ᠵᠠᠮ | ᠬᠠᠷᠢᠯᠴᠠᠭᠠᠨ ᠤ ᠠᠮᠤᠷ ᠲᠦᠪᠰᠢᠨ ᠤ ᠮᠡᠳᠡᠯᠭᠡ ᠶᠢᠨ ᠤᠬᠠᠭᠤᠯᠭ᠎ᠠ ᠶᠢ ᠴᠢᠩᠭᠠᠳᠬᠠᠵᠤ᠂ ᠥᠷᠭᠡᠨ ᠣᠯᠠᠨ ᠠᠷᠡᠳ | ᠲᠦᠮᠡᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠦᠵᠡᠯ ᠤᠬᠠᠮᠰᠠᠷ ᠪᠠ ᠥᠪᠡᠷ ᠢ ᠪᠠᠨ ᠬᠠᠮᠠᠭᠠᠯᠠᠬᠤ | ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ ᠬᠤᠳᠠ ᠶᠢᠨ ᠵᠠᠮ ᠬᠠᠷᠢᠯᠴᠠᠭᠠᠨ ᠤ ᠪᠦᠲᠦᠭᠡᠨ ᠪᠠᠶᠢᠭᠤᠯᠤᠯᠲᠠ ᠶᠢ | ᠢᠳᠡᠪᠬᠢᠲᠡᠢ ᠪᠠᠷ ᠠᠬᠢᠭᠤᠯᠵᠤ᠂ ᠦᠵᠡᠮᠵᠢ ᠶᠢᠨ ᠣᠷᠣᠨ ᠤ ᠵᠠᠮ ᠤᠨ ᠲᠠᠭᠠᠯᠠᠮᠵᠢᠲᠠᠢ ᠴᠢᠨᠠᠷ ᠪᠣᠯᠣᠨ ᠳᠥᠭᠦᠮ | ᠳᠥᠲᠡ ᠴᠢᠨᠠᠷ ᠢ ᠳᠡᠭᠡᠭᠰᠢᠯᠡᠭᠦᠯᠦᠨ᠎ᠡ᠃ ︵ᠬᠠᠷᠢᠭᠤᠴᠠᠬᠤ ᠨᠢᠭᠡᠴᠢ ᠄ ᠵᠠᠮ ᠬᠠᠷᠢᠯᠴᠠᠭ᠎ᠠ ᠲᠡᠭᠡᠭᠡᠪᠦᠷᠢ ᠶᠢᠨ | ᠲᠣᠪᠴᠢᠶ᠎ᠠ︶ | ︵ᠶᠢᠰᠦ︶ ᠵᠣᠭᠠᠴᠠᠯ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠳᠡᠭᠡᠭᠰᠢᠯᠡᠭᠦᠯᠦᠨ᠎ᠡ | 1. ᠦᠨ᠎ᠡ ᠬᠠᠩᠰᠢ ᠶᠢᠨ ᠪᠠᠶᠢᠴᠠᠭᠠᠯᠲᠠ ᠶᠢ ᠴᠢᠩᠳᠠᠯᠠᠨ᠎ᠠ᠃ ︽ᠬᠠᠷᠢᠶ᠎ᠠ ᠣᠷᠣᠨ ᠠᠴᠠ ᠬᠠᠮᠢᠶᠠᠷᠬᠤ᠂ | ᠰᠠᠯᠠᠭ᠎ᠠ ᠮᠥᠴᠢᠷ ᠬᠠᠮᠲᠤᠷᠠᠨ ᠬᠥᠳᠡᠯᠦᠯᠴᠡᠬᠦ᠂ ᠠᠵᠢᠯ ᠲᠥᠷᠥᠯ ᠥᠪᠡᠷ ᠢ ᠪᠠᠨ ᠱᠠᠭᠠᠷᠳᠠᠬᠤ᠂ ᠲᠣᠰ ᠲᠣᠰ ᠤᠨ | ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ᠂ ᠵᠡᠷᠭᠡᠪᠡᠷ ᠠᠳᠬᠤᠨ ᠬᠠᠮᠲᠤᠪᠠᠷ ᠬᠠᠮᠢᠶᠠᠷᠬᠤ︾ ᠵᠠᠷᠴᠢᠮ ᠶᠣᠰᠣᠭᠠᠷ᠂ | ᠵᠣᠭᠠᠴᠠᠯ ᠤᠨ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠬᠢᠨᠠᠯᠲᠠ ᠬᠠᠮᠢᠶᠠᠷᠤᠯᠲᠠ ᠶᠢ ᠭᠤᠣᠯᠳᠠᠯᠭ᠎ᠠ ᠲᠠᠢ | ᠴᠢᠩᠭᠠᠳᠬᠠᠵᠤ᠂ ᠦᠨ᠎ᠡ ᠬᠠᠩᠰᠢ ᠶᠢᠨ ᠮᠡᠬᠡᠯᠡᠯ ᠵᠢᠴᠢ ᠥᠪᠡᠷ ᠤᠨ ᠥᠷᠲᠡᠭ ᠤᠨ ᠦᠨ᠎ᠡ ᠠᠴᠠ ᠳᠣᠣᠷ᠎ᠠ ᠦᠨ᠎ᠡ ᠪᠠᠷ | ᠥᠷᠢᠰᠦᠯᠳᠦᠬᠦ ᠵᠡᠷᠭᠡ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ︔ ᠦᠵᠡᠮᠵᠢ ᠶᠢᠨ ᠣᠷᠣᠨ ᠤ ᠡᠷᠬᠢᠨ | ᠲᠣᠭᠤᠷᠢᠨ ᠤ ᠪᠠᠷᠠᠭ᠎ᠠ ᠬᠤᠳᠠᠯᠳᠤᠨ ᠠᠪᠬᠤ ᠬᠤᠳᠠᠯᠳᠤᠭᠠᠨ ᠤ ᠲᠠᠯᠠᠪᠤᠷ ᠤᠨ ᠦᠨ᠎ᠡ ᠬᠠᠩᠰᠢ ᠶᠢᠨ ᠬᠢᠨᠠᠯᠲᠠ | ᠬᠠᠮᠢᠶᠠᠷᠤᠯᠲᠠ ᠶᠢ ᠴᠢᠩᠭᠠᠷᠠᠭᠤᠯᠵᠤ᠂ ᠲᠣᠭᠲᠠᠭᠠᠯ ᠶᠣᠰᠣᠭᠠᠷ ᠦᠨ᠎ᠡ ᠬᠠᠩᠰᠢ ᠶᠢ ᠢᠯᠡ ᠬᠠᠳᠡᠬᠤ ᠦᠭᠡᠢ᠂ ︽ | ᠬᠤᠶᠠᠷ ᠶᠠᠩᠵᠣ ᠶᠢᠨ ᠦᠨ᠎ᠡ ᠬᠠᠩᠰᠢ ᠶᠢᠨ ᠬᠠᠭᠤᠳᠠᠰᠤ︾᠂ ᠬᠡᠯᠪᠡᠷᠢ ᠶᠢ ᠨᠢ ᠥᠭᠡᠷᠡᠲᠦᠭᠦᠯᠦᠨ ᠦᠨ᠎ᠡ ᠥᠰᠬᠡᠬᠦ᠂ | ᠲᠦᠷ ᠴᠠᠭ ᠦᠨ᠎ᠡ ᠥᠰᠬᠡᠬᠦ ᠵᠡᠷᠭᠡ ᠵᠦᠢ ᠪᠤᠰᠤ ᠦᠨ᠎ᠡ ᠬᠠᠩᠰᠢ ᠶᠢᠨ ᠦᠶᠯᠡ ᠠᠵᠢᠯᠯᠠᠭ᠎ᠠ ᠶᠢ ᠬᠠᠤᠯᠢ ᠶᠣᠰᠣᠭᠠᠷ | ᠪᠠᠶᠢᠴᠠᠭᠠᠨ ᠰᠢᠢᠳᠪᠦᠷᠢᠯᠡᠨ᠎ᠡ᠃ ︵ᠬᠠᠷᠢᠭᠤᠴᠠᠯᠭᠠᠲᠤ ᠨᠢᠭᠡᠴᠢ᠄ ᠰᠣᠶᠣᠯ ᠵᠣᠭᠠᠴᠠᠯ ᠪᠡᠶ᠎ᠡ ᠶᠢᠨ ᠲᠠᠮᠢᠷ ᠤᠨ | ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ | ᠠᠵᠤ ᠠᠬᠤᠢ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠬᠠᠷᠢᠶ᠎ᠠ ᠭᠠᠵᠠᠷ ᠤᠨ ᠡᠯ᠎ᠡ ᠪᠠᠯᠭᠠᠰᠤ ᠵᠡᠭᠡᠯᠢ︶ | 2. ᠬᠠᠮᠲᠤᠷᠠᠨ ᠬᠠᠤᠯᠢ ᠬᠡᠷᠡᠭᠵᠢᠭᠦᠯᠬᠦ ᠶᠢ ᠴᠢᠩᠭᠠᠳᠬᠠᠨ᠎ᠠ᠃ ᠬᠠᠮᠲᠤᠷᠠᠨ ᠬᠠᠤᠯᠢ ᠬᠡᠷᠡᠭᠵᠢᠭᠦᠯᠬᠦ ᠶᠢ | ᠴᠢᠩᠭᠠᠳᠬᠠᠵᠤ᠂ ᠬᠠᠮᠲᠤᠷᠠᠨ ᠬᠠᠤᠯᠢ ᠬᠡᠷᠡᠭᠵᠢᠭᠦᠯᠬᠦ ᠳᠦᠷᠢᠮ ᠢ ᠬᠢᠨᠠᠮᠠᠭᠠᠢ ᠨᠠᠶᠢᠳᠠᠪᠤᠷᠢᠵᠢᠭᠤᠯᠤᠨ᠎ᠠ᠃ ᠤᠯᠠᠷᠢᠯ | ᠪᠦᠷᠢ ᠳᠤ ᠠᠳᠠᠭ ᠲᠠᠭᠠᠨ ᠬᠤᠶᠠᠷ ᠤᠳᠠᠭ᠎ᠠ ᠰᠠᠯᠠᠭ᠎ᠠ ᠮᠥᠴᠢᠷ ᠠᠯᠤᠰᠯᠠᠨ ᠬᠠᠮᠲᠤᠷᠠᠨ ᠬᠠᠤᠯᠢ ᠬᠡᠷᠡᠭᠵᠢᠭᠦᠯᠵᠦ | ᠪᠠᠶᠢᠭ᠎ᠠ ᠪᠠᠶᠢᠳᠠᠯ ᠢ ᠪᠠᠶᠢᠴᠠᠭᠠᠬᠤ ᠠᠵᠢᠯᠯᠠᠭ᠎ᠠ ᠶᠢ ᠥᠷᠨᠢᠭᠦᠯᠵᠦ᠂ ᠬᠥᠨᠳᠡᠯᠡᠨ ᠪᠠ ᠭᠤᠯᠳᠤ ᠪᠠᠷ ᠬᠠᠤᠯᠢ | ᠬᠡᠷᠡᠭᠵᠢᠭᠦᠯᠬᠦ ᠶᠢ ᠠᠬᠢᠭᠤᠯᠵᠤ᠂ ᠬᠠᠮᠢᠶᠠᠷᠤᠯᠲᠠ ᠶᠢᠨ ᠮᠡᠳᠡᠭᠡ ᠵᠠᠩᠭᠢ ᠪᠠᠨ ᠬᠠᠷᠢᠯᠴᠠᠨ ᠨᠡᠪᠲᠡᠷᠡᠯᠴᠡᠵᠦ᠂ ᠲᠤᠰᠢᠶᠠᠯ | ᠬᠠᠷᠢᠭᠤᠴᠠᠯᠭ᠎ᠠ ᠪᠠᠨ ᠰᠢᠯᠤᠭᠤᠳᠬᠠᠨ᠎ᠠ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠪᠠᠴᠢᠮ | ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠭᠠᠯ ᠰᠠᠷᠭᠡᠶᠢᠯᠠᠵᠣ ᠤᠨᠲᠠᠷᠠᠭᠠᠬᠤ ᠶᠡᠭᠡ ᠠᠩᠭᠢ ᠵᠡᠷᠭᠡ | ᠰᠠᠯᠠᠭ᠎ᠠ ᠮᠥᠴᠢᠷ ᠤᠨ ᠬᠤᠭᠤᠷᠣᠨᠳᠤ ᠪᠠᠨ ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠰᠡᠷᠭᠡᠶᠢᠯᠡᠬᠦ | ᠲᠣᠭᠲᠠᠴᠠ ᠶᠢ ᠪᠠᠶᠢᠭᠤᠯᠤᠨ᠂ ᠪᠠᠶᠢᠴᠠᠭᠠᠯᠲᠠ ᠶᠢᠨ ᠮᠡᠳᠡᠭᠡ ᠵᠠᠩᠭᠢ ᠶᠢ ᠴᠠᠭ ᠲᠤᠬᠠᠢ ᠳᠤᠨᠢ ︽ᠬᠤᠶᠠᠷ ᠢ ᠲᠠᠰᠢᠷᠠᠮ | ᠳᠠᠭᠠᠤ᠂ ᠨᠢᠭᠡ ᠶᠢ ᠢᠯᠡ ᠪᠣᠯᠭᠠᠬᠤ︾ ᠬᠠᠮᠲᠤᠷᠠᠨ ᠬᠠᠤᠯᠢ ᠬᠡᠷᠡᠭᠵᠢᠭᠦᠯᠬᠦ ᠰᠢᠰᠲ᠋ᠧᠮ ᠳᠤ ᠣᠷᠣᠭᠤᠯᠵᠤ᠂ ᠬᠠᠮᠲᠤᠷᠠᠨ | ᠬᠠᠤᠯᠢ ᠬᠡᠷᠡᠭᠵᠢᠭᠦᠯᠬᠦ᠂ ᠲᠠᠰᠢᠷᠠᠮ ᠳᠠᠭᠠᠤ ᠰᠤᠭᠤᠴᠢᠨ ᠪᠠᠶᠢᠴᠠᠭᠠᠬᠤ ᠳᠦᠷᠢᠮ ᠤᠨ ᠨᠠᠶᠢᠳᠠᠪᠤᠷᠢᠵᠢᠭᠤᠯᠤᠯᠲᠠ ᠶᠢ | ᠤᠯᠠᠮ ᠨᠢᠭᠡ ᠠᠯᠬᠤᠮ ᠴᠢᠩᠭᠠᠷᠠᠭᠤᠯᠤᠨ᠂ ᠰᠤᠭᠤᠴᠢᠨ ᠪᠠᠶᠢᠴᠠᠭᠠᠬᠤ ᠠᠵᠢᠯ ᠤᠨ ᠵᠢᠷᠤᠮᠵᠢᠭᠤᠯᠤᠯᠲᠠ᠂ | ᠪᠠᠷᠢᠮᠵᠢᠶᠠᠵᠢᠭᠤᠯᠤᠯᠲᠠ ᠶᠢᠨ ᠬᠢᠷᠢ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠬᠠᠤᠯᠢ | ᠬᠡᠷᠡᠭᠵᠢᠭᠦᠯᠬᠦ ᠰᠠᠯᠠᠭ᠎ᠠ ᠮᠥᠴᠢᠷ ᠤᠳ ᠲᠠᠰᠢᠷᠠᠮ ᠳᠠᠭᠠᠤ ᠰᠤᠭᠤᠴᠢᠨ ᠪᠠᠶᠢᠴᠠᠭᠠᠵᠤ ᠬᠢᠨᠠᠨ ᠬᠠᠮᠢᠶᠠᠷᠬᠤ ᠠᠷᠭ᠎ᠠ | ᠮᠠᠶ᠋ᠢᠭ ᠢ ᠬᠡᠷᠡᠭᠯᠡᠨ ᠡᠳᠦᠷ ᠲᠤᠲᠤᠮ ᠤᠨ ᠪᠠᠶᠢᠩᠭᠤ ᠶᠢᠨ ᠬᠢᠨᠠᠯᠲᠠ ᠬᠠᠮᠢᠶᠠᠷᠤᠯᠲᠠ ᠬᠢᠬᠦ ᠶᠢ ᠪᠡᠶᠡᠯᠡᠭᠦᠯᠵᠦ᠂ | ᠰᠤᠭᠤᠴᠢᠨ ᠪᠠᠶᠢᠴᠠᠭᠠᠬᠤ ᠵᠦᠢᠯᠡᠰ ᠤᠨ ᠨᠠᠷᠢᠨ ᠬᠠᠭᠤᠳᠠᠰᠤ ᠶᠢ ᠣᠨ ᠤ ᠪᠦᠬᠦᠨ ᠢ ᠪᠦᠷᠬᠦᠬᠦᠯᠬᠦ ᠶᠢ ᠪᠡᠶᠡᠯᠡᠭᠦᠯᠬᠦ | ᠬᠡᠷᠡᠭᠲᠡᠢ᠃ ︵ᠬᠠᠷᠢᠭᠤᠴᠠᠬᠤ ᠨᠢᠭᠡᠴᠢ᠄ ᠡᠯ᠎ᠡ ᠪᠦᠷᠢᠯᠳᠦᠭᠦᠨ ᠨᠢᠭᠡᠴᠢ︶ | ︵ᠠᠷᠪᠠ︶ ᠠᠶᠤᠯᠬᠦᠢ ᠦᠢᠯᠡᠳᠪᠦᠷᠢᠯᠡᠯ ᠤᠨ ᠠᠵᠢᠯ ᠢ ᠳᠡᠭᠡᠭᠰᠢᠯᠡᠭᠦᠯᠬᠦ ᠬᠡᠷᠡᠭᠲᠡᠢ | 1. ᠠᠶᠤᠯᠬᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ︽ᠡ᠊ᠨᠳᠡᠯ ᠤᠨ ᠳᠠᠯᠳᠠ | ᠭᠡᠮ ᠢ ᠦᠨᠳᠦᠰᠦᠨ ᠠᠴᠠ ᠨᠢ ᠠᠷᠢᠯᠭᠠᠬᠤ︾ ᠲᠣᠭᠤᠷᠢᠨ ᠳᠤ᠂ ︽ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ | ᠂ ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ᠂ ᠵᠡᠷᠭᠡᠪᠡᠷ ᠠᠳᠬᠤᠨ ᠬᠠᠮᠲᠤᠪᠠᠷ ᠬᠠᠮᠢᠶᠠᠷᠬᠤ᠂ | ᠲᠤᠰᠢᠶᠠᠯ ᠳᠠᠭᠠᠨ ᠣᠰᠣᠯᠳᠠᠪᠠᠯ ᠬᠠᠷᠢᠭᠤᠴᠠᠯᠭ᠎ᠠ ᠨᠡᠬᠡᠮᠵᠢᠯᠡᠬᠦ︾ ᠪᠠ ︽ᠠᠵᠢᠯ ᠲᠥᠷᠥᠯ ᠢ ᠬᠠᠮᠢᠶᠠᠷᠬᠤ ᠳᠤ ᠡᠷᠬᠡᠪᠰᠢ | ᠠᠮᠤᠷ ᠲᠦᠪᠰᠢᠨ ᠢ ᠬᠠᠮᠢᠶᠠᠷᠬᠤ᠂ ᠲᠤᠬᠠᠶᠢᠯᠠᠭᠰᠠᠨ ᠠᠵᠢᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ | ᠬᠠᠮᠢᠶᠠᠷᠬᠤ᠂ ᠦᠢᠯᠡᠳᠪᠦᠷᠢᠯᠡᠯ ᠡᠵᠡᠩᠨᠡᠯᠲᠡ ᠶᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ︾ | ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠠᠷᠢᠶ᠎ᠠ ᠭᠠᠵᠠᠷ ᠤᠨ ᠬᠠᠷᠢᠭᠤᠴᠠᠯᠭ᠎ᠠ᠂ ᠰᠠᠯᠠᠭ᠎ᠠ ᠮᠥᠴᠢᠷ ᠤᠨ | ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ᠂ | ᠠᠵᠢᠯᠲᠠᠨ ᠤ ᠠᠵᠢᠯ ᠤᠨ ᠪᠠᠶᠢᠷᠢ ᠶᠢᠨ ᠬᠠᠷᠢᠭᠤᠴᠠᠯᠭ᠎ᠠ ᠶᠢ ᠴᠢᠩᠭᠠᠷᠠᠭᠤᠯᠤᠨ᠂ ᠨᠢᠭᠡ ᠱᠠᠲᠤ ᠨᠢ ᠨᠢᠭᠡ ᠱᠠᠲᠤ ᠪᠠᠨ | ᠠᠳᠬᠤᠬᠤ᠂ ᠱᠠᠲᠤ ᠱᠠᠲᠤ ᠪᠠᠷ ᠨᠠᠶᠢᠳᠠᠪᠤᠷᠢᠵᠢᠭᠤᠯᠬᠤ ᠠᠵᠢᠯ ᠤᠨ ᠪᠠᠶᠢᠷᠢᠰᠢᠯ ᠢ ᠪᠣᠶ ᠪᠣᠯᠭᠠᠬᠤ ᠬᠡᠷᠡᠭᠲᠡᠢ᠃ ︵ | ᠬᠠᠷᠢᠭᠤᠴᠠᠬᠤ ᠨᠢᠭᠡᠴᠢ᠄ ᠡᠯ᠎ᠡ ᠪᠦᠷᠢᠯᠳᠦᠭᠦᠨ ᠨᠢᠭᠡᠴᠢ︶ | 2. ᠠᠶᠤᠯᠬᠦᠢ ᠦᠢᠯᠡᠳᠪᠦᠷᠢᠯᠡᠯ ᠤᠨ ︽ᠭᠤᠷᠪᠠ ᠶᠢ ᠪᠣᠳᠠᠲᠠᠶᠢᠵᠢᠭᠤᠯᠬᠤ︾ ᠠᠵᠢᠯ ᠢ ᠪᠠᠬᠢᠵᠢᠭᠦᠯᠦᠨ᠎ᠡ᠃ | ᠠᠵᠤ ᠠᠬᠤᠶᠢᠯᠠᠯ ᠢ ᠵᠢᠯᠣᠭᠤᠳᠤᠨ ᠠᠶᠤᠯᠬᠦᠢ ᠦᠢᠯᠡᠳᠪᠦᠷᠢᠯᠡᠯ ᠤᠨ ᠰᠤᠷᠤᠯᠴᠠᠯᠭ᠎ᠠ ᠪᠣᠯᠪᠠᠰᠤᠷᠠᠯ ᠢ ᠴᠢᠩᠭᠠᠳᠬᠠᠵᠤ᠂ | ᠠᠶᠤᠯᠬᠦᠢ ᠦᠢᠯᠡᠳᠪᠦᠷᠢᠯᠡᠯ ᠤᠨ ᠳᠦᠷᠢᠮ ᠤᠨ ᠵᠢᠷᠤᠮᠵᠢᠯ ᠢ ᠪᠦᠷᠢᠨᠰᠢᠭᠦᠯᠦᠨ᠂ ᠪᠠᠴᠢᠮ ᠪᠠᠶᠢᠳᠠᠯ ᠢ ᠠᠷᠭᠠᠴᠠᠭᠠᠨ | ᠰᠢᠢᠳᠪᠦᠷᠢᠯᠡᠬᠦ ᠰᠣᠷᠢᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠡ᠊ᠨᠳᠡᠯ ᠢ ᠰᠡᠷᠭᠡᠶᠢᠯᠡᠬᠦ ᠪᠠ ᠪᠠᠴᠢᠮ ᠪᠠᠶᠢᠳᠠᠯ ᠢ | ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠡᠯ᠎ᠡ ᠲᠥᠷᠥᠯ ᠤᠨ ᠠᠵᠤ ᠠᠬᠤᠶᠢᠯᠠᠯ ᠢ | ᠱᠠᠯᠠᠪᠳᠡᠭᠤᠯᠣᠨ ᠵᠢᠯᠤᠭᠤᠳᠴᠤ ᠪᠠᠶᠢᠭᠠᠳ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢ ᠵᠢᠯ ᠪᠦᠷᠢ | ᠠᠳᠠᠭ ᠲᠠᠭᠠᠨ ᠨᠢᠭᠡ ᠤᠳᠠᠭ᠎ᠠ ᠵᠣᠬᠢᠶᠠᠨ ᠪᠠᠶᠢᠭᠤᠯᠵᠤ᠂ ᠭᠤᠣᠯᠳᠠᠯᠭ᠎ᠠ ᠲᠠᠢ ᠠᠵᠤ ᠠᠬᠤᠶᠢᠯᠠᠯ ᠤᠳ ᠪᠠᠴᠢᠮ | ᠪᠠᠶᠢᠳᠠᠯ ᠢ ᠠᠷᠭᠠᠴᠠᠭᠠᠬᠤ ᠰᠣᠷᠢᠯᠲᠠ ᠶᠢ ᠵᠢᠯ ᠪᠦᠷᠢ ᠠᠳᠠᠭ ᠲᠠᠭᠠᠨ ᠨᠢᠭᠡ ᠤᠳᠠᠭ᠎ᠠ ᠵᠣᠬᠢᠶᠠᠨ ᠪᠠᠶᠢᠭᠤᠯᠣᠨ᠎ᠠ᠃ ︵ | ᠬᠠᠷᠢᠭᠤᠴᠠᠬᠤ ᠨᠢᠭᠡᠴᠢ᠄ ᠡᠯ᠎ᠡ ᠪᠦᠷᠢᠯᠳᠦᠭᠦᠨ ᠨᠢᠭᠡᠴᠢ︶ | 3. ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠴᠢᠩᠭᠠᠳᠬᠠᠨ᠎ᠠ᠃ ᠰᠣᠶᠣᠯ ᠪᠠ | ᠵᠣᠭᠠᠴᠠᠯ ᠤᠨ ᠬᠦᠷᠢᠶ᠎ᠠ ᠬᠡᠪᠴᠢᠶᠠᠨ ᠳᠠᠬᠢ ᠬᠡᠮ ᠰᠣᠭᠤᠭ ᠢ ᠶᠡᠭᠡ ᠪᠠᠷ ᠵᠢᠭᠰᠠᠭᠠᠨ ᠪᠠᠶᠢᠴᠠᠭᠠᠵᠤ ᠶᠡᠭᠡ ᠪᠠᠷ | ᠴᠡᠭᠴᠡᠯᠡᠨ ᠵᠠᠰᠠᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠵᠣᠨ ᠤ ᠠᠮᠠᠷᠠᠯᠲᠠ ᠶᠢᠨ ᠬᠤᠭᠤᠴᠠᠭ᠎ᠠ᠂ ᠦᠶᠡᠷ ᠤᠨ | ᠬᠤᠭᠤᠴᠠᠭ᠎ᠠ᠂ ᠪᠠᠶᠠᠷ ᠳᠤᠷᠠᠰᠬᠠᠯ ᠤᠨ ᠡᠳᠦᠷ ᠵᠡᠷᠭᠡ ᠭᠤᠣᠯᠳᠠᠯᠭ᠎ᠠ ᠲᠠᠢ ᠴᠠᠭ ᠬᠤᠭᠤᠴᠠᠭᠠᠨ ᠳᠠᠬᠢ ᠠᠮᠤᠷ | ᠲᠦᠪᠰᠢᠨ ᠤ ᠬᠢᠨᠠᠨ ᠵᠢᠯᠤᠭᠤᠳᠴᠤ ᠪᠠᠶᠢᠴᠠᠭᠠᠬᠤ᠂ ᠬᠡᠮ ᠰᠣᠭᠤᠭ ᠢ ᠵᠢᠭᠰᠠᠭᠠᠨ ᠪᠠᠶᠢᠴᠠᠭᠠᠬᠤ ᠠᠵᠢᠯ ᠢ | ᠲᠣᠪᠤᠶᠢᠯᠭᠠᠨ᠂ ᠡᠯ᠎ᠡ ᠲᠥᠷᠥᠯ ᠤᠨ ᠡ᠊ᠨᠳᠡᠯ ᠭᠠᠷᠬᠤ ᠶᠢ ᠴᠢᠩᠭ᠎ᠠ ᠰᠡᠷᠭᠡᠶᠢᠯᠡᠨ᠎ᠡ᠃ ︵ᠬᠠᠷᠢᠭᠤᠴᠠᠬᠤ ᠨᠢᠭᠡᠴᠢ᠄ ᠡᠯ᠎ᠡ | ᠪᠦᠷᠢᠯᠳᠦᠭᠦᠨ ᠨᠢᠭᠡᠴᠢ︶ | 4. ᠤᠬᠠᠭᠤᠯᠵᠤ ᠰᠡᠷᠡᠮᠵᠢᠯᠡᠭᠦᠯᠬᠦ ᠶᠢ ᠴᠢᠩᠭᠠᠳᠬᠠᠨ᠎ᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ | ᠭᠠᠯ ᠢ ᠰᠡᠷᠭᠡᠶᠢᠯᠡᠵᠦ ᠭᠠᠮᠰᠢᠭ ᠢ ᠰᠡᠷᠭᠡᠶᠢᠯᠡᠬᠦ᠂ ᠪᠠᠴᠢᠮ ᠪᠠᠶᠢᠳᠠᠯ ᠢ ᠠᠷᠭᠠᠴᠠᠭᠠᠵᠤ ᠠᠶᠤᠯ ᠠᠴᠠ ᠵᠠᠶᠢᠯᠠᠭᠤᠯᠬᠤ᠂ | ᠥᠪᠡᠷ ᠢ ᠪᠠᠨ ᠠᠪᠤᠷᠠᠵᠤ ᠬᠠᠷᠢᠯᠴᠠᠨ ᠠᠪᠤᠷᠠᠬᠤ ᠵᠡᠷᠭᠡ ᠶᠡᠷᠦ ᠶᠢᠨ ᠮᠡᠳᠡᠯᠭᠡ ᠪᠠ ᠤᠷ᠎ᠠ ᠴᠢᠳᠠᠪᠤᠷᠢ ᠶᠢ ᠥᠷᠭᠡᠨ ᠢᠶᠠᠷ | ᠲᠦᠭᠡᠮᠡᠯᠵᠢᠭᠦᠯᠵᠦ᠂ ᠵᠤᠭᠠᠴᠠᠭᠰᠠᠳ ᠪᠠ ᠠᠵᠢᠯ ᠡᠷᠬᠢᠯᠡᠭᠰᠡᠳ ᠤᠨ ᠠᠮᠤᠷ ᠲᠦᠪᠰᠢᠨ ᠤ ᠤᠬᠠᠮᠰᠠᠷ ᠪᠠ ᠰᠡᠷᠭᠡᠶᠢᠯᠡᠬᠦ | ᠴᠢᠳᠠᠪᠤᠷᠢ ᠶᠢ ᠳᠡᠭᠡᠭᠰᠢᠯᠡᠭᠦᠯᠦᠨ᠎ᠡ᠃ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠪᠣᠯᠬᠤ ᠪᠦᠷᠢ ᠠᠮᠤᠷ ᠲᠦᠪᠰᠢᠨ ᠤ | ᠰᠡᠷᠡᠮᠵᠢ ᠶᠢᠨ ᠮᠡᠳᠡᠭᠡ ᠵᠠᠩᠭᠢ ᠶᠢ ᠴᠠᠭ ᠲᠤᠬᠠᠢ ᠳᠤᠨᠢ ᠨᠡᠶᠢᠲᠡᠯᠡᠵᠦ᠂ ᠣᠯᠠᠨ ᠨᠡᠶᠢᠲᠡ ᠶᠢ ᠬᠥᠲᠥᠯᠥᠨ ᠵᠢᠯᠤᠭᠤᠳᠴᠤ | ᠪᠠᠶᠢᠭᠠᠳ ᠠᠶᠤᠯ ᠲᠦᠭᠰᠢᠭᠦᠷᠢ ᠠᠴᠠ ᠵᠠᠶᠢᠯᠠᠭᠤᠯᠤᠨ᠂ ᠠᠶᠤᠯ ᠲᠦᠭᠰᠢᠭᠦᠷᠢ ᠶᠢ ᠤᠷᠢᠳᠴᠢᠯᠠᠨ ᠰᠡᠷᠭᠡᠶᠢᠯᠡᠬᠦ ᠬᠡᠷᠡᠭᠲᠡᠢ | ᠃ ︵ᠬᠠᠷᠢᠭᠤᠴᠠᠬᠤ ᠨᠢᠭᠡᠴᠢ᠄ ᠡᠯ᠎ᠡ ᠪᠦᠷᠢᠯᠳᠦᠭᠦᠨ ᠨᠢᠭᠡᠴᠢ︶ | ᠳᠥᠷᠪᠡ᠂ ᠠᠬᠢᠴᠠ ᠶᠢᠨ ᠲᠣᠬᠢᠷᠠᠭᠤᠯᠤᠯᠲᠠ | ︵ᠨᠢᠭᠡ︶ ᠳᠠᠶᠢᠴᠢᠯᠠᠯᠲᠠ ᠪᠠᠶᠢᠷᠢᠯᠠᠭᠤᠯᠤᠯᠲᠠ ︵2023 ᠣᠨ ᠤ 4 ᠰᠠᠷ᠎ᠠ ᠶᠢᠨ 1 ᠤ ᠡᠳᠦᠷ ᠠᠴᠠ 4 | ᠰᠠᠷ᠎ᠠ ᠶᠢᠨ 15 ᠤ ᠡᠳᠦᠷ︶᠂ ᠡᠯ᠎ᠡ ᠪᠦᠷᠢᠯᠳᠦᠭᠦᠨ ᠨᠢᠭᠡᠴᠢ ᠨᠦᠭᠦᠳ ᠠᠵᠢᠯ ᠤᠨ ᠬᠤᠪᠢᠶᠠᠷᠢᠯᠠᠯ ᠶᠣᠰᠣᠭᠠᠷ᠂ ᠪᠥᠬᠦ | ᠵᠢᠯ ᠤᠨ ᠠᠵᠢᠯ ᠤᠨ ᠡᠭᠦᠷᠭᠡ ᠶᠢᠨ ᠲᠤᠬᠠᠢ ᠳᠠᠶᠢᠴᠢᠯᠠᠯᠲᠠ ᠪᠠᠶᠢᠷᠢᠯᠠᠭᠤᠯᠤᠯᠲᠠ ᠬᠢᠨ᠎ᠡ᠃ | ︵ᠬᠤᠶᠠᠷ︶ ᠨᠠᠶᠢᠳᠠᠪᠤᠷᠢᠵᠢᠭᠤᠯᠤᠨ ᠠᠬᠢᠭᠤᠯᠬᠤ ︵2023 ᠣᠨ ᠤ 4 ᠰᠠᠷ᠎ᠠ ᠶᠢᠨ 16 ᠤ ᠡᠳᠦᠷ ︱ | 10 ᠰᠠᠷ᠎ᠠ ᠶᠢᠨ ᠰᠡᠭᠦᠯᠴᠢ︶᠂ ᠡᠯ᠎ᠡ ᠰᠠᠯᠠᠭ᠎ᠠ ᠮᠥᠴᠢᠷ ᠤᠳ ᠡᠭᠦᠷᠭᠡ ᠴᠢᠳᠠᠪᠤᠷᠢ ᠶᠢᠨ ᠶᠣᠰᠣᠭᠠᠷ ᠯᠠᠪᠳᠠᠭᠤᠨ | ᠪᠠᠲᠤᠲᠠᠢ ᠠᠬᠢᠭᠤᠯᠬᠤ ᠶᠢᠨ ᠬᠠᠮᠲᠤ ᠤᠬᠠᠭᠤᠯᠬᠤ᠂ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠶᠢ ᠰᠠᠶᠢᠲᠤᠷ ᠬᠢᠨ᠎ᠡ᠃ | | ︵ᠭᠤᠷᠪᠠ︶ ᠳ᠋ᠦᠩᠨᠡᠨ ᠳᠡᠭᠡᠭᠰᠢᠯᠡᠭᠦᠯᠬᠦ ︵2023 ᠣᠨ ᠤ 11 ᠰᠠᠷ᠎ᠠ ︱ 12 ᠰᠠᠷ᠎ᠠ︶᠂ ᠪᠥᠬᠦ | ᠲᠠᠯ᠎ᠠ ᠪᠠᠷ ᠳ᠋ᠦᠩᠨᠡᠬᠦ ᠪᠠ ᠦᠨᠡᠯᠡᠨ ᠵᠢᠱᠢᠬᠦ ᠠᠵᠢᠯ ᠢ ᠰᠠᠶᠢᠲᠤᠷ ᠬᠢᠵᠦ᠂ ᠵᠣᠭᠠᠴᠠᠯ ᠤᠨ ᠵᠠᠬ᠎ᠠ ᠳᠡᠯᠭᠡᠭᠦᠷ ᠤᠨ | ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ | ᠰᠦᠪᠡᠭᠴᠢᠯᠡᠨ ᠪᠠᠶᠢᠭᠤᠯᠤᠨ᠎ᠠ᠃ | ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠤᠳᠤᠷᠢᠳᠤᠯᠭ᠎ᠠ ᠪᠠᠨ ᠴᠢᠩᠭᠠᠳᠬᠠᠵᠤ ᠦᠵᠡᠯ ᠰᠠᠨᠠᠭ᠎ᠠ ᠪᠠᠨ ᠨᠢᠭᠡᠳᠬᠡᠬᠦ ᠬᠡᠷᠡᠭᠲᠡᠢ | ᠵᠣᠭᠠᠴᠠᠯ ᠤᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠶᠢ ᠬᠡᠷᠡᠭᠵᠢᠭᠦᠯᠬᠦ ᠪᠣᠯ ᠵᠣᠭᠠᠴᠠᠯ ᠤᠨ ᠠᠵᠤ | ᠠᠬᠤᠢ ᠶᠢᠨ ᠦᠷ᠎ᠡ ᠠᠰᠢᠭ ᠢ ᠳᠡᠭᠡᠭᠰᠢᠯᠡᠭᠦᠯᠬᠦ᠂ ᠭᠠᠵᠠᠷ ᠣᠷᠣᠨ ᠤ ᠵᠣᠭᠠᠴᠠᠯ ᠤᠨ ᠳᠦᠷᠢ ᠲᠥᠷᠬᠦ ᠶᠢ ᠪᠣᠶ | ᠪᠣᠯᠭᠠᠬᠤ ᠶᠢᠨ ᠴᠢᠬᠤᠯᠠ ᠠᠷᠭ᠎ᠠ ᠪᠠᠷᠢᠯ ᠮᠥᠨ᠂ ᠵᠣᠭᠠᠴᠠᠯ ᠤᠨ ᠶᠡᠷᠦᠩᠬᠡᠶᠢᠯᠡᠭᠰᠡᠨ ᠪᠣᠳᠠᠲᠤ ᠬᠦᠴᠦᠨ ᠪᠠ | ᠥᠷᠢᠰᠦᠯᠳᠦᠬᠦ ᠬᠦᠴᠦᠨ ᠢ ᠳᠡᠭᠡᠭᠰᠢᠯᠡᠭᠦᠯᠬᠦ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠃ ᠡᠯ᠎ᠡ ᠭᠠᠵᠠᠷ ᠡᠯ᠎ᠡ | ᠰᠠᠯᠠᠭ᠎ᠠ ᠮᠥᠴᠢᠷ ᠵᠢᠴᠢ ᠵᠣᠭᠠᠴᠠᠯ ᠳᠤ ᠬᠤᠯᠪᠣᠭᠳᠠᠬᠤ ᠠᠵᠤ ᠠᠬᠤᠶᠢᠯᠠᠯ ᠤᠳ ᠵᠣᠬᠢᠶᠠᠨ ᠪᠠᠶᠢᠭᠤᠯᠤᠯᠲᠠ ᠶᠢᠨ | ᠤᠳᠤᠷᠢᠳᠤᠯᠭ᠎ᠠ ᠪᠠᠨ ᠴᠢᠩᠭᠠᠳᠬᠠᠵᠤ᠂ ᠦᠵᠡᠯ ᠰᠠᠨᠠᠭ᠎ᠠ ᠪᠠᠨ ᠨᠢᠭᠡᠳᠬᠡᠨ᠂ ᠵᠣᠭᠠᠴᠠᠯ ᠤᠨ ᠦᠢᠯᠡᠴᠢᠯᠡᠭᠡᠨ ᠤ ᠶᠠᠰᠤ | ᠴᠢᠨᠠᠷ ᠢ ᠳᠡᠭᠡᠭᠰᠢᠯᠡᠭᠦᠯᠬᠦ ᠣᠨ ᠤ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠬᠤ ᠬᠡᠷᠡᠭᠲᠡᠢ᠃ ᠠᠵᠤ | ᠠᠬᠤᠶᠢᠯᠠᠯ ᠤᠨ ᠭᠤᠣᠯ ᠤᠳᠤᠷᠢᠳᠤᠯᠭ᠎ᠠ ᠪᠡᠶ᠎ᠡ ᠪᠠᠷ ᠢᠶᠠᠨ ᠣᠷᠣᠯᠴᠠᠵᠤ᠂ ᠣᠯᠠᠨ ᠵᠦᠢᠯ ᠤᠨ ᠬᠡᠯᠪᠡᠷᠢ ᠮᠠᠶ᠋ᠢᠭ ᠢ | ᠠᠪᠴᠤ ᠪᠠᠶᠢᠭᠠᠳ ᠵᠣᠭᠠᠴᠠᠯ ᠤᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠣᠨ ᠤ ᠠᠵᠢᠯ ᠢ ᠥᠷᠨᠢᠭᠦᠯᠬᠦ | ᠬᠡᠷᠡᠭᠲᠡᠢ᠃ ᠱᠠᠯᠠᠪᠳᠡᠭᠤᠯᠣᠨ ᠪᠠᠶᠢᠴᠠᠭᠠᠬᠤ ᠪᠠᠨ ᠴᠢᠩᠭᠠᠳᠬᠠᠵᠤ᠂ ᠦᠷ᠎ᠡ ᠪᠦᠲᠦᠮᠵᠢ ᠶᠢ ᠪᠣᠳᠠᠲᠠᠶᠢᠵᠢᠭᠤᠯᠤᠨ | ᠮᠥᠷᠳᠡᠨ ᠠᠰᠠᠭᠤᠵᠤ᠂ ᠠᠵᠢᠯ ᠡᠷᠬᠢᠯᠡᠭᠰᠡᠳ ᠤᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠳᠤ | ᠣᠷᠣᠯᠴᠠᠬᠤ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠴᠢᠩᠭᠠᠳᠬᠠᠵᠤ᠂ ᠪᠥᠬᠦ ᠠᠵᠢᠯ ᠲᠥᠷᠥᠯ ᠢᠶᠠᠷ ᠢᠶᠠᠨ | ᠵᠣᠭᠠᠴᠠᠯ ᠤᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠠᠵᠢᠯ ᠤᠨ ᠥᠷᠨᠢᠯᠲᠡ ᠶᠢ ᠦᠳᠲᠡᠷ ᠲᠦᠷᠭᠡᠨ | ᠪᠣᠶ ᠪᠣᠯᠭᠠᠬᠤ ᠬᠡᠷᠡᠭᠲᠡᠢ᠃ | ︵ᠬᠤᠶᠠᠷ︶ ᠨᠠᠷᠢᠨ ᠨᠢᠮᠪᠠᠢ ᠵᠣᠬᠢᠶᠠᠨ ᠪᠠᠶᠢᠭᠤᠯᠵᠤ ᠨᠠᠷᠢᠨ ᠨᠢᠮᠪᠠᠢ ᠲᠣᠬᠢᠷᠠᠭᠤᠯᠬᠤ ᠬᠡᠷᠡᠭᠲᠡᠢ | ᠵᠤᠭᠠᠴᠠᠯ ᠤᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠣᠨ ᠤ ᠠᠵᠢᠯᠯᠠᠭ᠎ᠠ ᠶᠢ ᠪᠦᠬᠦ ᠡᠯ᠎ᠡ ᠭᠠᠵᠠᠷ | ᠡᠯ᠎ᠡ ᠰᠠᠯᠠᠭ᠎ᠠ ᠮᠥᠴᠢᠷ ᠵᠢᠴᠢ ᠵᠣᠭᠠᠴᠠᠯ ᠳᠤ ᠬᠤᠯᠪᠣᠭᠳᠠᠬᠤ ᠠᠵᠤ ᠠᠬᠤᠶᠢᠯᠠᠯ ᠤᠳ ᠬᠠᠷᠠᠯᠲᠠ ᠪᠠᠨ | ᠲᠣᠳᠣᠷᠬᠠᠶᠢᠯᠠᠵᠤ᠂ ᠠᠷᠭ᠎ᠠ ᠬᠡᠮᠵᠢᠶ᠎ᠡ ᠪᠠᠨ ᠲᠣᠳᠣᠷᠬᠠᠶᠢᠯᠠᠵᠤ᠂ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠲᠣᠰ | ᠪᠡᠶ᠎ᠡ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠡᠳᠦᠷ ᠲᠤᠲᠤᠮ ᠤᠨ ᠠᠵᠢᠯ ᠲᠠᠢ ᠪᠠᠨ ᠤᠶᠠᠯᠳᠤᠭᠤᠯᠤᠨ᠂ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠵᠢᠯᠴᠠᠨ ᠡᠯ᠎ᠡ ᠵᠦᠢᠯ ᠤᠨ ᠠᠵᠢᠯᠯᠠᠭ᠎ᠠ ᠶᠢ ᠵᠣᠯᠭᠠᠭᠤᠯᠬᠤ ᠶᠢ | ᠰᠠᠶᠢᠲᠤᠷ ᠬᠢᠵᠦ᠂ ᠭᠤᠣᠯᠳᠠᠯᠭ᠎ᠠ ᠶᠢ ᠲᠣᠪᠤᠶᠢᠯᠭᠠᠨ᠂ ᠠᠴᠢᠶᠠᠯᠠᠪᠤᠷᠢ ᠶᠢ ᠰᠠᠶᠢᠲᠤᠷ ᠰᠣᠩᠭᠤᠵᠤ᠂ ᠵᠣᠭᠠᠴᠠᠯ ᠤᠨ | ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠣᠨ ᠤ ᠠᠵᠢᠯᠯᠠᠭ᠎ᠠ ᠶᠢ ᠨᠠᠷᠢᠨ ᠨᠢᠮᠪᠠᠢ ᠰᠠᠶᠢᠲᠤᠷ ᠵᠣᠬᠢᠶᠠᠨ | ᠪᠠᠶᠢᠭᠤᠯᠵᠤ᠂ ᠤᠯᠠᠷᠢᠯ ᠳᠤ ᠭᠤᠣᠯᠳᠠᠯᠭ᠎ᠠ ᠲᠠᠢ᠂ ᠰᠠᠷ᠎ᠠ ᠪᠦᠷᠢ ᠬᠥᠳᠡᠯᠦᠯ ᠲᠠᠢ᠂ ᠦᠷᠭᠦᠯᠵᠢ ᠲᠠᠭᠤᠨ ᠲᠠᠢ | ᠪᠠᠶᠢᠬᠤ ᠶᠢ ᠪᠡᠶᠡᠯᠡᠭᠦᠯᠬᠦ ᠬᠡᠷᠡᠭᠲᠡᠢ᠃ | ︵ᠭᠤᠷᠪᠠ︶ ᠤᠬᠠᠭᠤᠯᠭ᠎ᠠ ᠪᠠᠨ ᠴᠢᠩᠭᠠᠳᠬᠠᠵᠤ ᠰᠠᠶᠢᠨ ᠠᠭᠤᠷ ᠠᠮᠢᠰᠬᠤᠯ ᠢ ᠪᠣᠶ ᠪᠣᠯᠭᠠᠨ᠎ᠠ | ᠡᠯ᠎ᠡ ᠭᠠᠵᠠᠷ ᠤᠨ ᠰᠠᠯᠠᠭ᠎ᠠ ᠮᠥᠴᠢᠷ ᠵᠢᠴᠢ ᠵᠣᠭᠠᠴᠠᠯ ᠳᠤ ᠬᠤᠯᠪᠣᠭᠳᠠᠬᠤ ᠠᠵᠤ ᠠᠬᠤᠶᠢᠯᠠᠯ ᠤᠳ ᠵᠥᠪ | ᠲᠠᠯ᠎ᠠ ᠠᠴᠠ ᠤᠬᠠᠭᠤᠯᠤᠨ ᠬᠥᠲᠥᠯᠥᠨ ᠵᠢᠯᠤᠭᠤᠳᠬᠤ ᠪᠠᠨ ᠴᠢᠩᠭᠠᠳᠬᠠᠵᠤ᠂ ᠵᠣᠭᠠᠴᠠᠯ ᠤᠨ ᠦᠢᠯᠡᠴᠢᠯᠡᠭᠡᠨ ᠤ ᠶᠠᠰᠤ | ᠴᠢᠨᠠᠷ ᠢ ᠳᠡᠭᠡᠭᠰᠢᠯᠡᠭᠦᠯᠬᠦ ᠣᠨ ᠤ ᠠᠵᠢᠯᠯᠠᠭ᠎ᠠ ᠶᠢᠨ ᠭᠤᠣᠯ ᠬᠥᠭ ᠠᠶᠠᠰ ᠢ ᠬᠠᠩᠭᠢᠨᠠᠭᠤᠯᠵᠤ᠂ ᠠᠵᠢᠯᠯᠠᠭ᠎ᠠ ᠶᠢᠨ | ᠭᠦᠨᠵᠡᠭᠡᠢ ᠥᠷᠨᠢᠬᠦ ᠶᠢ ᠠᠬᠢᠭᠤᠯᠬᠤ ᠬᠡᠷᠡᠭᠲᠡᠢ᠃ ᠲᠧᠯᠸᠢᠰ᠂ ᠷᠠᠳᠢᠣ᠋ ᠨᠡᠪᠲᠡᠷᠡᠭᠦᠯᠭᠡ᠂ ᠰᠣᠨᠢᠨ ᠰᠡᠳᠬᠦᠯ᠂ | ᠰᠦᠯᠵᠢᠶ᠎ᠡ ᠵᠢᠴᠢ ᠡᠯ᠎ᠡ ᠲᠥᠷᠥᠯ ᠤᠨ ᠰᠢᠨ᠎ᠡ ᠵᠠᠭᠤᠴᠢᠯᠠᠭᠤᠷ ᠢ ᠭᠦᠢᠴᠡᠳ ᠠᠰᠢᠭᠯᠠᠨ᠂ ᠶᠠᠰᠤ ᠴᠢᠨᠠᠷ ᠤᠨ ᠣᠨ ᠤ | ᠠᠵᠢᠯᠯᠠᠭ᠎ᠠ ᠶᠢᠨ ᠠᠭᠤᠯᠭ᠎ᠠ ᠶᠢ ᠶᠡᠬᠡᠪᠡᠷ ᠤᠬᠠᠭᠤᠯᠵᠤ᠂ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠣᠷᠴᠢᠨ | ᠲᠣᠭᠤᠷᠢᠨ ᠢ ᠪᠣᠶ ᠪᠣᠯᠭᠠᠵᠤ᠂ ᠥᠷᠭᠡᠨ ᠳᠡᠯᠭᠡᠷ ᠨᠡᠶᠢᠭᠡᠮ ᠤᠨ ᠨᠥᠯᠥᠭᠡ ᠶᠢ ᠪᠣᠶ ᠪᠣᠯᠭᠠᠬᠤ ᠶᠢᠨ ᠬᠠᠮᠲᠤ᠂ | ᠠᠰᠠᠭᠤᠯᠲᠠ ᠶᠢᠨ ᠬᠠᠭᠤᠳᠠᠰᠤ ᠲᠠᠷᠬᠠᠭᠠᠬᠤ᠂ ᠰᠠᠨᠠᠯ ᠤᠨ ᠬᠠᠶᠢᠷᠴᠠᠭ ᠭᠠᠷᠭᠠᠬᠤ ᠪᠠᠷ ᠳᠠᠮᠵᠢᠭᠤᠯᠤᠨ᠂ ᠥᠷᠭᠡᠨ | ᠣᠯᠠᠨ ᠵᠤᠭᠠᠴᠠᠭᠰᠠᠳ ᠢ ᠵᠢᠯᠤᠭᠤᠳᠴᠤ ᠪᠠᠶᠢᠭᠠᠳ ᠵᠣᠭᠠᠴᠠᠯ ᠤᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ | ᠠᠵᠢᠯ ᠳᠤ ᠣᠷᠣᠯᠴᠠᠭᠤᠯᠤᠨ᠎ᠠ᠃ | ︵ᠳᠥᠷᠪᠡ︶ ᠴᠠᠭ ᠲᠤᠬᠠᠢ ᠳᠤᠨᠢ ᠳ᠋ᠦᠩᠨᠠᠵᠣ ᠲᠠᠰᠤᠷᠠᠯᠳᠠ ᠦᠭᠡᠢ ᠲᠡᠭᠦᠯᠳᠡᠷᠵᠢᠭᠦᠯᠬᠦ ᠬᠡᠷᠡᠭᠲᠡᠢ | ᠠᠵᠢᠯᠯᠠᠭ᠎ᠠ ᠥᠷᠨᠢᠭᠦᠯᠬᠦ ᠶᠠᠪᠤᠴᠠ ᠳᠤ᠂ ᠡᠯ᠎ᠡ ᠭᠠᠵᠠᠷ ᠤᠨ ᠰᠠᠯᠠᠭ᠎ᠠ ᠮᠥᠴᠢᠷ ᠬᠢᠭᠡᠳ ᠵᠣᠭᠠᠴᠠᠯ ᠳᠤ | ᠬᠤᠯᠪᠣᠭᠳᠠᠬᠤ ᠠᠵᠤ ᠠᠬᠤᠶᠢᠯᠠᠯ ᠤᠳ ᠲᠤᠰ ᠲᠤᠰ ᠤᠨ ᠠᠷᠭ᠎ᠠ ᠪᠠ ᠲᠤᠷᠰᠢᠯᠭ᠎ᠠ ᠪᠠᠨ ᠬᠢᠨᠠᠮᠠᠭᠠᠢ ᠳ᠋ᠦᠩᠨᠠᠵᠣ᠂ | ᠠᠵᠢᠯᠯᠠᠭ᠎ᠠ ᠪᠠᠨ ᠲᠡᠭᠦᠯᠳᠡᠷᠵᠢᠭᠦᠯᠬᠦ ᠲᠥᠰᠥᠯ ᠪᠠ ᠠᠷᠭ᠎ᠠ ᠬᠡᠮᠵᠢᠶ᠎ᠡ ᠪᠠᠨ ᠴᠠᠭ ᠲᠤᠬᠠᠢ ᠳᠤᠨᠢ ᠳᠤᠷᠠᠳᠬᠤ ᠬᠡᠷᠡᠭᠲᠡᠢ᠃ | ᠲᠡᠷᠢᠭᠦᠨ ᠤ ᠨᠡᠶᠢᠲᠡᠯᠢᠭ ᠵᠢᠱᠢᠶ᠎ᠡ ᠶᠢ ᠪᠣᠶ ᠪᠣᠯᠭᠠᠵᠤ᠂ ᠲᠡᠷᠢᠭᠦᠨ ᠤ ᠵᠢᠱᠢᠶ᠎ᠡ ᠦᠵᠡᠭᠦᠯᠬᠦ ᠪᠠ ᠤᠷᠮᠠᠰᠢᠭᠤᠯᠬᠤ | ᠦᠢᠯᠡᠳᠦᠯ ᠢ ᠪᠠᠳᠠᠷᠠᠭᠤᠯᠤᠨ᠂ ᠵᠣᠭᠠᠴᠠᠯ ᠤᠨ ᠦᠢᠯᠡᠴᠢᠯᠡᠭᠡᠨ ᠢ ᠳᠡᠭᠡᠭᠰᠢᠯᠡᠭᠦᠯᠬᠦ ᠣᠨ ᠤ ᠠᠵᠢᠯᠯᠠᠭ᠎ᠠ ᠶᠢ ᠯᠠᠪᠳᠠᠭᠤᠨ | ᠪᠥᠭᠡᠳ ᠪᠦᠲᠦᠮᠵᠢᠲᠡᠶ ᠥᠷᠨᠢᠭᠦᠯᠬᠦ ᠶᠢ ᠠᠬᠢᠭᠤᠯᠤᠨ᠎ᠠ᠃ | ᠳᠠᠭᠠᠯᠳᠤᠭᠤᠯᠤᠯ 2 | ᠷᠠᠰᠢᠶᠠᠨ ᠬᠤᠲᠠ ᠶᠢᠨ ᠵᠣᠭᠠᠴᠠᠯ ᠤᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠠᠵᠢᠯ ᠤᠨ | ᠤᠳᠤᠷᠢᠳᠬᠤ ᠳᠤᠭᠤᠶᠢᠯᠠᠩ | ᠳᠤᠭᠤᠶᠢᠯᠠᠩ ᠤᠨ ᠳᠠᠷᠤᠭ᠎ᠠ᠄ ᠶᠠᠩ ᠪᠦᠦ ᠲᠢᠶᠠᠨ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ | ᠳᠡᠳ᠋ ᠳᠤᠭᠤᠶᠢᠯᠠᠩ ᠤᠨ ᠳᠠᠷᠤᠭ᠎ᠠ᠄ ᠪᠠᠢ ᠹᠧᠩ ᠬᠤᠲᠠ ᠶᠢᠨ ᠰᠣᠶᠣᠯ ᠵᠣᠭᠠᠴᠠᠯ ᠪᠡᠶ᠎ᠡ ᠶᠢᠨ ᠲᠠᠮᠢᠷ ᠤᠨ | ᠲᠣᠪᠴᠢᠶ᠎ᠠ ᠶᠢᠨ ᠳᠠᠷᠤᠭ᠎ᠠ | ᠪᠦᠷᠢᠯᠳᠦᠭᠦᠨ᠄ ᠸᠠᠩ ᠵᠢᠶᠠᠨ ᠪᠥᠸᠧ ᠶᠡᠭᠡ ᠬᠢᠩᠭᠠᠨ ᠷᠠᠰᠢᠶᠠᠨ ᠤ ᠵᠤᠭᠠᠴᠠᠯ ᠤᠨ ᠺᠣᠮᠫᠠᠨᠢ ᠶᠢᠨ ᠳᠡᠳ᠋ | ᠶᠡᠷᠦᠩᠬᠡᠢ ᠳᠠᠭᠠᠭᠠᠮᠠᠯ | ᠯᠢ ᠬᠤᠩ ᠸᠧᠢ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ | ᠲᠣᠪᠴᠢᠶᠠᠨ ᠲᠠᠷᠤᠭ᠎ᠠ | ᠸᠠᠩ ᠠᠢ ᠵᠢᠶᠦ᠋ᠨ ᠬᠤᠲᠠ ᠶᠢᠨ ᠵᠠᠮ ᠲᠡᠭᠡᠭᠡᠪᠦᠷᠢ ᠶᠢᠨ ᠲᠣᠪᠴᠢᠶᠠᠨ ᠤ ᠲᠣᠪᠴᠢᠶᠠᠨ ᠳᠠᠷᠤᠭ᠎ᠠ | ᠬᠣ᠋ ᠷᠦᠢ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠠᠵᠤ ᠠᠬᠤᠢ ᠮᠡᠳᠡᠭᠡ ᠵᠠᠩᠬᠢᠵᠢᠯᠳᠡ ᠶᠢᠨ | ᠲᠣᠪᠴᠢᠶᠠᠨ ᠤ ᠲᠣᠪᠴᠢᠶᠠᠨ ᠲᠠᠷᠤᠭ᠎ᠠ | ᠵᠣᠣ ᠰᠢᠶᠣᠣ ᠭᠤᠸᠠᠩ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶᠠᠨ | ᠤ ᠲᠣᠪᠴᠢᠶᠠᠨ ᠲᠠᠷᠤᠭ᠎ᠠ | ᠸᠠᠩ ᠵᠢᠶᠠᠨ ᠯᠢᠨ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶᠠᠨ ᠤ | ᠲᠣᠪᠴᠢᠶᠠᠨ ᠳᠠᠷᠤᠭ᠎ᠠ | ᠪᠠᠢ ᠮᠢᠩ ᠱᠦᠨ ᠲᠢᠶᠠᠨ ᡂᠢ ᠪᠠᠯᠭᠠᠰᠤᠨ ᠤ ᠳᠠᠷᠤᠭ᠎ᠠ | ᠰᠢᠦᠢ ᠭᠦᠸᠧ ᠴᠢᠶᠠᠩ ᠪᠠᠢ ᠯᠠᠩ ᠪᠠᠯᠭᠠᠰᠤᠨ ᠤ ᠳᠠᠷᠤᠭ᠎ᠠ | ᠵᠠᠩ ᠪᠦᠦ ᠯᠢᠶᠠᠩ ᠦ᠋ ᠴᠠ ᠭᠧᠦ ᠪᠠᠯᠭᠠᠰᠤᠨ ᠤ ᠳᠠᠷᠤᠭ᠎ᠠ | ᠸᠠᠩ ᠱᠣ᠋ ᠴᠢᠩ ᠮᠢᠩ ᠱᠦᠢ ᠾᠧ ᠪᠠᠯᠭᠠᠰᠤᠨ ᠤ ᠳᠠᠷᠤᠭ᠎ᠠ | ᠾᠥᠸᠧ ᠮᠢᠩ ᠰᠢᠤᠸᠠᠨ ᠸᠧᠨᠴᠢᠣᠸᠠᠨ ᠵᠡᠭᠡᠯᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ | ᠵᠧᠩ ᠸᠧᠢ ᠰᠧ ᠯᠢᠨ ᠬᠠᠢ ᠵᠡᠭᠡᠯᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ | ᠯᠢᠨ ᠬᠤᠩ ᠰᠢᠨ ᠴᠧᠩ ᠵᠡᠭᠡᠯᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ | ᠠᠨ ᠰᠢᠸ ᠬᠤᠩ ᠢᠷᠪᠢᠰ ᠵᠡᠭᠡᠯᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ | ᠯᠢ ᠯᠢᠶᠠᠩ ᠷᠠᠰᠢᠶᠠᠨ ᠤ ᠵᠣᠭᠠᠴᠠᠯ ᠤᠨ ᠠᠮᠠᠷᠠᠯᠲᠠ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ ᠤᠨ | ᠡᠷᠬᠢᠯᠡᠭᠴᠢ | ᠷᠣᠣ ᠫᠢᠩ ᠰᠣᠶᠣᠯ ᠵᠣᠭᠠᠴᠠᠯ ᠤᠨ ᠨᠡᠭᠡᠭᠡᠨ ᠬᠥᠭᠵᠢᠭᠦᠯᠣᠯᠳᠡ ᠶᠢᠨ ᠬᠢᠵᠠᠭᠠᠷᠲᠤ ᠺᠣᠮᠫᠠᠨᠢ ᠶᠢᠨ ᠬᠡᠷᠡᠭ | ᠮᠡᠳᠡᠭᠴᠢᠳ ᠤᠨ ᠲᠠᠷᠤᠭ᠎ᠠ | ᠱᠠᠨ ᠱᠧᠩ ᠬᠠᠢ ᠱᠧᠨ ᠱᠧᠩ ᠴᠢᠣᠸᠠᠨ ᠵᠣᠭᠠᠴᠠᠯ ᠤᠨ ᠠᠮᠠᠷᠠᠯᠲᠠ ᠶᠢᠨ ᠣᠷᠣᠨ ᠤ ᠶᠡᠷᠦᠩᠬᠡᠢ | ᠳᠠᠭᠠᠭᠠᠮᠠᠯ | ᠯᠢ ᠵᠢᠶᠠᠨ ᠣᠯᠡᠠᠪᠣᠷᠬᠠᠨ ᠦᠵᠡᠮᠵᠢ ᠶᠢᠨ ᠣᠷᠣᠨ ᠤ ᠶᠡᠷᠦᠩᠬᠡᠢ ᠳᠠᠭᠠᠭᠠᠮᠠᠯ | ᠵᠣᠣ ᠹᠠᠩ ᠮᠧᠶ ᠪᠠᠢ ᠯᠠᠩ ᠹᠧᠩ ᠦᠵᠡᠮᠵᠢ ᠶᠢᠨ ᠣᠷᠣᠨ ᠤ ᠶᠡᠷᠦᠩᠬᠡᠢ ᠳᠠᠭᠠᠭᠠᠮᠠᠯ | ᠵᠧᠩ ᠬᠤᠩ ᠶᠠᠨ ᠬᠤᠭᠤᠰᠣᠠᠵᠢᠯᠠᠭᠠ ᠭᠤᠣ ᠤᠢ ᠰᠢᠭᠤᠢ ᠶᠢᠨ ᠲᠠᠯᠠᠪᠠᠢ ᠶᠢᠨ ᠳᠠᠷᠤᠭ᠎ᠠ | ᠵᠣᠭᠠᠴᠠᠯ ᠤᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠤᠳᠤᠷᠢᠳᠬᠤ ᠳᠤᠭᠤᠶᠢᠯᠠᠩ ᠤᠨ ᠠᠯᠪᠠᠨ | ᠭᠡᠷ ᠢ ᠬᠤᠲᠠ ᠶᠢᠨ ᠰᠣᠶᠣᠯ ᠵᠣᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ ᠳᠤ ᠪᠠᠶᠢᠷᠢᠯᠠᠭᠤᠯᠵᠤ᠂ ᠡᠳᠦᠷ | ᠲᠤᠲᠤᠮ ᠤᠨ ᠠᠵᠢᠯ ᠢ ᠬᠠᠷᠢᠭᠤᠴᠠᠭᠤᠯᠤᠨ᠎ᠠ᠂ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠪᠠᠢ ᠹᠧᠩ | ᠬᠠᠪᠰᠤᠷᠭᠠᠨ ᠬᠠᠷᠢᠭᠤᠴᠠᠵᠤ᠂ ᠬᠤᠯᠪᠣᠭᠠᠴᠢᠨ ᠢ ᠵᠠᠩ ᠷᠦᠢ ᠬᠠᠪᠰᠤᠷᠭᠠᠨ ᠬᠠᠷᠢᠭᠤᠴᠠᠨ᠎ᠠ᠂ ᠬᠠᠷᠢᠯᠴᠠᠬᠤ ᠠᠷᠭ᠎ᠠ | ᠮᠠᠶ᠋ᠢᠭ᠄ 0482 ︱ 7185548᠃ |