ᠳᠠᠭᠠᠯᠳᠤᠭᠤᠯᠤᠯ 1 | ᠷᠠᠰᠢᠶᠠᠨ ᠬᠤᠲᠠ ᠶᠢᠨ ᠵᠣᠭᠠᠴᠠᠯ ᠤᠨ ᠠᠮᠤᠷ ᠲᠦᠪᠰᠢᠨ ᠤ ᠲᠤᠰᠬᠠᠢ ᠠᠵᠢᠯ ᠤᠨ ᠲᠥᠰᠥᠯ | ᠮᠠᠨ ᠤ ᠬᠤᠲᠠ ᠶᠢᠨ ᠵᠣᠭᠠᠴᠠᠯ ᠤᠨ ᠠᠶᠤᠯᠬᠦᠢ ᠦᠢᠯᠡᠳᠪᠦᠷᠢᠯᠡᠯ ᠤᠨ ᠠᠵᠢᠯ ᠢ ᠦᠨᠡᠨ ᠬᠦ ᠰᠠᠶᠢᠲᠤᠷ ᠬᠢᠵᠦ᠂ | ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠶᠢᠨ ᠲᠤᠰᠠᠳᠠ᠂ ᠬᠤᠲᠠ ᠶᠢᠨ ᠨᠠᠮ ᠤᠨ ᠬᠤᠷᠢᠶ᠎ᠠ᠂ | ᠬᠤᠲᠠ ᠶᠢᠨ ᠵᠠᠰᠠᠭ ᠤᠨ ᠣᠷᠳᠣᠨ ᠤ ᠵᠣᠭᠠᠴᠠᠯ ᠤᠨ ᠠᠮᠤᠷ ᠲᠦᠪᠰᠢᠨ ᠤ ᠠᠵᠢᠯ ᠤᠨ ᠶᠡᠷᠦᠩᠬᠡᠢ ᠪᠠᠶᠢᠷᠢᠯᠠᠭᠤᠯᠤᠯᠲᠠ | ᠶᠣᠰᠣᠭᠠᠷ᠂ ᠮᠠᠨ ᠤ ᠬᠤᠲᠠ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠤᠰ ᠲᠥᠰᠥᠯ ᠢ ᠣᠨᠴᠠᠭᠠᠶᠢᠯᠠᠨ | ᠲᠣᠭᠲᠠᠭᠠᠪᠠ᠃ | ᠨᠢᠭᠡ᠂ ᠵᠢᠯᠤᠭᠤᠳᠬᠤ ᠦᠵᠡᠯ ᠰᠠᠨᠠᠭ᠎ᠠ | ᠰᠢ ᠶᠢᠨ ᠫᠢᠩ ᠶᠡᠷᠦᠩᠬᠡᠢ ᠱᠦᠵᠢ ᠶᠢᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠶᠢ | ᠭᠦᠨᠵᠡᠭᠡᠢ ᠲᠤᠭᠤᠰᠢᠯᠠᠭᠤᠯᠣᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ | ᠵᠠᠰᠠᠭ ᠤᠨ ᠣᠷᠳᠣᠨ ᠪᠣᠯᠣᠨ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠶᠢᠨ ᠠᠶᠤᠯᠭᠦᠢ | ᠦᠢᠯᠡᠳᠪᠦᠷᠢᠯᠡᠯ ᠤᠨ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠢ | ᠨᠠᠶᠢᠳᠠᠪᠤᠷᠢᠵᠢᠭᠤᠯᠵᠤ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠡ᠊ᠨᠳᠡᠯ ᠤᠨ ᠲᠠᠯᠳᠠ ᠭᠡᠮ ᠢ | ᠦᠨᠳᠦᠰᠦᠨ ᠠᠴᠠ ᠨᠢ ᠠᠷᠢᠯᠭᠠᠬᠤ᠂ ᠠᠰᠠᠭᠤᠳᠠᠯ ᠢ ᠦᠨᠳᠦᠰᠦᠨ ᠠᠴᠠ ᠨᠢ ᠰᠢᠢᠳᠪᠦᠷᠢᠯᠡᠬᠦ ᠶᠢᠨ ᠲᠣᠭᠤᠷᠢᠨ ᠳᠤ | ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ | ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠦᠯᠲᠡ ᠶᠢ | ᠴᠢᠩᠭᠠᠳᠬᠠᠵᠤ᠂ ᠬᠦᠨᠳᠦ ᠶᠡᠭᠡ ᠠᠶᠤᠯᠭᠦᠢ ᠶᠢᠨ ᠠᠶᠤᠯ ᠲᠦᠭᠰᠢᠭᠦᠷᠢ ᠶᠢ ᠪᠦᠲᠦᠮᠵᠢᠲᠡᠶ ᠪᠠᠷ ᠰᠡᠷᠭᠡᠶᠢᠯᠡᠨ ᠠᠷᠢᠯᠭᠠᠵᠤ | ᠂ ᠬᠦᠨᠳᠦ ᠲᠣᠮᠣ ᠣᠨᠴᠠ ᠶᠡᠭᠡ ᠦᠢᠯᠡᠳᠪᠦᠷᠢᠯᠡᠯ ᠤᠨ ᠠᠶᠤᠯᠭᠦᠢ ᠶᠢᠨ ᠡ᠊ᠨᠳᠡᠯ ᠢ ᠡᠷᠡᠰ ᠬᠤᠷᠢᠭᠯᠠᠵᠤ᠂ ᠪᠦᠬᠦ | ᠬᠤᠳᠠ ᠶᠢᠨ ᠵᠣᠭᠠᠴᠠᠯ ᠤᠨ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠰᠠᠶᠢᠵᠢᠷᠠᠬᠤ ᠶᠢ | ᠠᠬᠢᠭᠤᠯᠤᠨ᠎ᠠ᠃ | ᠬᠤᠶᠠᠷ᠂ ᠠᠵᠢᠯ ᠤᠨ ᠭᠤᠣᠯᠳᠠᠯᠭ᠎ᠠ | ︵ᠨᠢᠭᠡ︶ ᠵᠣᠭᠠᠴᠠᠯ ᠳᠤ ᠬᠤᠯᠪᠣᠭᠳᠠᠬᠤ ᠠᠵᠤ ᠠᠬᠤᠶᠢᠯᠠᠯ ᠤᠨ ᠠᠶᠤᠯᠬᠦᠢ ᠦᠢᠯᠡᠳᠪᠦᠷᠢᠯᠡᠯ ᠤᠨ ᠲᠠᠩᠰᠠ | ᠡᠪᠬᠡᠮᠡᠯ ᠤᠨ ᠮᠠᠲ᠋ᠧᠷᠢᠶᠠᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠥᠷᠨᠢᠭᠦᠯᠦᠨ᠎ᠡ | ᠡᠯ᠎ᠡ ᠵᠤᠭᠠᠴᠠᠯ ᠳᠤ ᠬᠤᠯᠪᠣᠭᠳᠠᠭᠰᠠᠨ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠪᠠᠴᠢᠮ | ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠪᠠᠶᠢᠭᠤᠯᠤᠭᠰᠠᠨ ᠡᠰᠡᠬᠦ᠂ ᠲᠣᠭᠲᠠᠮᠠᠯ ᠬᠤᠭᠤᠴᠠᠭ᠎ᠠ ᠲᠠᠢ ᠠᠮᠤᠷ | ᠲᠦᠪᠰᠢᠨ ᠤ ᠰᠣᠷᠢᠯᠲᠠ ᠬᠢᠭᠰᠡᠨ ᠡᠰᠡᠬᠦ ᠶᠢ ᠪᠠᠶᠢᠴᠠᠭᠠᠨ᠎ᠠ︔ ᠠᠶᠤᠯᠭᠦᠢ ᠦᠢᠯᠡᠳᠪᠦᠷᠢᠯᠡᠯ ᠤᠨ ᠲᠤᠨᠤᠭ | ᠲᠥᠬᠦᠭᠡᠷᠦᠮᠵᠢ ᠶᠢ ᠲᠣᠬᠢᠷᠠᠭᠤᠯᠤᠭᠰᠠᠨ ᠡᠰᠡᠬᠦ᠂ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠨ ᠰᠡᠯᠪᠢᠬᠦ ᠡᠰᠡᠬᠦ᠂ | ᠠᠶᠤᠯᠬᠦᠢ ᠦᠢᠯᠡᠳᠪᠦᠷᠢᠯᠡᠯ ᠤᠨ ᠲᠠᠩᠰᠠ ᠡᠪᠬᠡᠮᠡᠯ ᠪᠦᠷᠢᠨ ᠭᠦᠢᠴᠡᠳ ᠪᠠᠶᠢᠬᠤ ᠡᠰᠡᠬᠦ᠂ ᠠᠶᠤᠯᠬᠦᠢ | ᠦᠢᠯᠡᠳᠪᠦᠷᠢᠯᠡᠯ ᠤᠨ ᠠᠵᠢᠯ ᠤᠨ ᠡᠳᠦᠷ ᠤᠨ ᠲᠡᠮᠳᠡᠭᠯᠡᠯ᠂ ᠪᠣᠳᠠᠲᠤ ᠦᠵᠡᠮᠵᠢ ᠶᠢᠨ ᠬᠡᠷᠡᠯ ᠵᠢᠷᠤᠭ᠂ ᠲᠠᠭᠤ ᠳᠦᠷᠰᠦ | ᠰᠢᠩᠭᠡᠭᠡᠯᠲᠡ᠂ ᠠᠵᠢᠯ ᠤᠨ ᠲᠡᠮᠳᠡᠭᠯᠡᠯ ᠵᠡᠷᠭᠡ ᠮᠠᠲ᠋ᠧᠷᠢᠶᠠᠯ ᠢ ᠪᠠᠶᠢᠭᠤᠯᠤᠭᠰᠠᠨ ᠪᠠᠶᠢᠳᠠᠯ︔ ᠲᠣᠭᠲᠠᠮᠠᠯ | ᠬᠤᠭᠤᠴᠠᠭ᠎ᠠ ᠲᠠᠢ ᠪᠠᠷ ᠪᠠᠶᠢᠴᠠᠭᠠᠬᠤ᠂ ᠪᠠᠶᠢᠴᠠᠭᠠᠨ ᠵᠠᠰᠠᠬᠤ ᠳᠦᠷᠢᠮ ᠪᠠᠶᠢᠬᠤ ᠡᠰᠡᠬᠦ᠂ ᠤᠯᠤᠰ ᠤᠨ ᠬᠠᠤᠯᠢ | ᠴᠠᠭᠠᠵᠠ᠂ ᠬᠠᠤᠯᠢ ᠲᠣᠭᠲᠠᠭᠠᠯ ᠤᠨ ᠶᠣᠰᠣᠭᠠᠷ ᠠᠶᠤᠯᠭᠦᠢ ᠦᠢᠯᠡᠳᠪᠦᠷᠢᠯᠡᠯ ᠤᠨ ᠵᠣᠬᠢᠶᠠᠨ ᠪᠠᠶᠢᠭᠤᠯᠤᠯᠲᠠ ᠶᠢᠨ | ᠪᠦᠲᠦᠴᠡ ᠶᠢ ᠪᠠᠶᠢᠭᠤᠯᠤᠭᠰᠠᠨ ᠡᠰᠡᠬᠦ᠂ ᠠᠶᠤᠯᠭᠦᠢ ᠦᠢᠯᠡᠳᠪᠦᠷᠢᠯᠡᠯ ᠤᠨ ᠱᠠᠭᠠᠷᠳᠠᠯᠭ᠎ᠠ ᠶᠣᠰᠣᠭᠠᠷ ᠪᠦᠬᠦ | ᠶᠠᠪᠤᠴᠠ ᠳᠤ ᠬᠢᠨᠠᠯᠲᠠ ᠲᠠᠯᠪᠢᠵᠤ᠂ ᠪᠠᠶᠢᠴᠠᠭᠠᠵᠤ᠂ ᠵᠠᠯᠠᠷᠠᠭᠤᠯᠤᠭᠰᠠᠨ ᠡᠰᠡᠬᠦ᠂ ᠦᠢᠯᠡᠳᠪᠦᠷᠢᠯᠡᠯ ᠤᠨ ᠠᠵᠢᠯᠲᠠᠨ ᠨᠢ | ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ ᠬᠢᠷᠢ ᠲᠡᠩᠴᠡᠭᠰᠡᠨ ᠮᠡᠷᠭᠡᠵᠢᠯ ᠪᠠ ᠠᠶᠤᠯᠭᠦᠢ ᠶᠢᠨ ᠪᠣᠯᠪᠠᠰᠤᠷᠠᠯ ᠢ | ᠥᠩᠭᠡᠷᠡᠭᠡᠭᠰᠡᠨ ᠡᠰᠡᠬᠦ ᠳᠤ ᠠᠵᠢᠯᠯᠠᠬᠤ ᠦᠨᠡᠮᠯᠡᠯ ᠲᠠᠢ ᠪᠠᠶᠢᠬᠤ᠂ ᠠᠶᠤᠯᠭᠦᠢ ᠦᠢᠯᠡᠳᠪᠦᠷᠢᠯᠡᠯ ᠤᠨ | ᠬᠠᠷᠢᠭᠤᠴᠠᠯᠭ᠎ᠠ ᠶᠢᠨ ᠪᠢᠴᠢᠭ ᠲᠤ ᠱᠠᠲᠤ ᠳᠠᠷᠠᠭᠠᠯᠠᠨ ᠭᠠᠷ ᠤᠨ ᠦᠰᠦᠭ ᠵᠢᠷᠤᠭᠰᠠᠨ ᠡᠰᠡᠬᠦ᠃ ︵ᠬᠤᠯᠪᠣᠭᠠᠯᠠᠨ | ᠲᠠᠭᠠᠭᠠᠴᠢᠯᠠᠬᠰᠠᠨ ᠨᠢᠭᠡᠴᠢ ᠶᠢᠨ ᠤᠳᠤᠷᠢᠳᠤᠯᠭ᠎ᠠ᠄ ᠶᠠᠩ ᠪᠦᠦ ᠲᠢᠶᠠᠨ᠂ ᠲᠦᠷᠦᠭᠦᠯᠡᠬᠦ ᠨᠢᠭᠡᠴᠢ᠄ ᠰᠣᠶᠣᠯ ᠵᠣᠭᠠᠴᠠᠯ | ᠪᠡᠶ᠎ᠡ ᠶᠢᠨ ᠲᠠᠮᠢᠷ ᠤᠨ ᠲᠣᠪᠴᠢᠶ᠎ᠠ︔ ᠬᠠᠮᠵᠢᠯᠴᠠᠬᠤ ᠨᠢᠭᠡᠴᠢ᠄ ᠡᠯ᠎ᠡ ᠪᠦᠷᠢᠯᠳᠦᠭᠦᠨ ᠨᠢᠭᠡᠴᠢ︶ | ︵ᠬᠤᠶᠠᠷ︶ ᠵᠣᠭᠠᠴᠠᠯ ᠤᠨ ᠦᠵᠡᠮᠵᠢᠲᠦ ᠣᠷᠣᠨ ᠤ ᠠᠮᠤᠷ ᠲᠦᠪᠰᠢᠨ ᠤ ᠴᠡᠭᠴᠡᠯᠡᠨ ᠵᠠᠰᠠᠯᠲᠠ ᠶᠢ | ᠴᠢᠩᠭᠠᠳᠬᠠᠨ᠎ᠠ | ᠦᠵᠡᠮᠵᠢ ᠶᠢᠨ ᠣᠷᠣᠨ ᠤ ᠬᠥᠭᠦᠷᠭᠡᠨ ᠵᠠᠮ ᠵᠡᠷᠭᠡ ᠲᠥᠷᠥᠯ ᠵᠦᠢᠯ ᠤᠨ ᠠᠮᠤᠷ ᠲᠦᠪᠰᠢᠨ ᠤ | ᠬᠠᠮᠢᠶᠠᠷᠤᠯᠲᠠ ᠶᠢ ᠴᠢᠩᠭᠠᠳᠬᠠᠵᠤ᠂ ᠶᠡᠷᠦᠩᠬᠡᠶᠢᠯᠡᠨ ᠬᠢᠨᠠᠨ ᠬᠠᠮᠢᠶᠠᠷᠴᠤ ᠵᠢᠯᠤᠭᠤᠳᠬᠤ ᠶᠢ ᠠᠬᠢᠭᠤᠯᠤᠨ᠂ ᠣᠨᠴᠠ | ᠲᠥᠷᠥᠯ ᠤᠨ ᠲᠣᠨᠤᠭ ᠲᠥᠬᠦᠭᠡᠷᠦᠮᠵᠢ ᠶᠢᠨ ᠬᠠᠮᠢᠶᠠᠷᠤᠯᠲᠠ ᠪᠠ ᠡᠳᠦᠷ ᠲᠤᠲᠤᠮ ᠤᠨ ᠬᠠᠮᠠᠭᠠᠯᠠᠵᠤ ᠪᠠᠶᠢᠴᠠᠭᠠᠨ | ᠵᠠᠰᠠᠬᠤ᠂ ᠠᠮᠤᠷ ᠲᠦᠪᠰᠢᠨ ᠤ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠵᠣᠭᠠᠴᠠᠯ ᠤᠨ | ᠦᠵᠡᠮᠵᠢ ᠶᠢᠨ ᠣᠷᠣᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠡᠳᠦᠷ ᠲᠤᠲᠤᠮ ᠤᠨ | ᠡᠵᠡᠩᠨᠡᠯᠲᠡ ᠬᠠᠮᠢᠶᠠᠷᠤᠯᠲᠠ ᠶᠢ ᠵᠢᠷᠤᠮᠵᠢᠭᠤᠯᠤᠨ᠎ᠠ᠃ ᠰᠠᠨᠠᠭᠤᠯᠬᠤ᠂ ᠰᠡᠷᠡᠮᠵᠢᠯᠡᠭᠦᠯᠬᠦ ᠫᠠᠶᠢᠰᠠ ᠶᠢ ᠪᠣᠰᠬᠠᠵᠣ᠂ A | ᠲᠠᠰ ᠤᠨ ᠵᠣᠭᠠᠴᠠᠯ ᠤᠨ ᠦᠵᠡᠮᠵᠢ ᠶᠢᠨ ᠣᠷᠣᠨ ᠤ ᠲᠥᠷᠥᠯ ᠵᠦᠢᠯ ᠤᠨ ᠠᠮᠤᠷ ᠲᠦᠪᠰᠢᠨ ᠤ ᠲᠦᠭᠰᠢᠭᠦᠷᠢ ᠶᠢᠨ | ᠦᠨᠡᠯᠡᠨ ᠵᠢᠱᠢᠯᠲᠡ ᠶᠢ ᠨᠠᠶᠢᠳᠠᠪᠤᠷᠢᠵᠢᠭᠤᠯᠬᠤ ᠶᠢ ᠱᠠᠯᠠᠪᠳᠡᠭᠤᠯᠵᠣ᠂ ᠡᠯ᠎ᠡ ᠲᠥᠷᠥᠯ ᠤᠨ ᠠᠰᠠᠭᠤᠳᠠᠯ ᠤᠨ ᠳᠠᠯᠳᠠ | ᠬᠡᠮ ᠢ ᠡᠷᠡᠰ ᠢᠶᠠᠷ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠨ᠎ᠠ᠃ ᠵᠣᠭᠠᠴᠠᠯ ᠤᠨ ᠦᠵᠡᠮᠵᠢ ᠶᠢᠨ ᠣᠷᠣᠨ ᠢ | ᠵᠢᠯᠣᠭᠤᠳᠤᠨ ᠬᠠᠮᠤᠭ ᠤᠨ ᠶᠡᠭᠡ ᠳᠠᠭᠠᠭᠠᠴᠠ ᠶᠢᠨ ᠬᠡᠮᠵᠢᠶ᠎ᠡ ᠶᠢ ᠰᠢᠨᠵᠢᠯᠡᠬᠦ ᠤᠬᠠᠭᠠᠨᠴᠢ ᠪᠠᠷ ᠬᠢᠨᠠᠨ ᠲᠣᠭᠲᠠᠭᠠᠵᠤ᠂ | ᠬᠠᠮᠤᠭ ᠤᠨ ᠶᠡᠭᠡ ᠳᠠᠭᠠᠭᠠᠴᠠ ᠶᠢᠨ ᠬᠡᠮᠵᠢᠶ᠎ᠡ ᠶᠢ ᠵᠠᠷᠯᠠᠨ ᠨᠡᠶᠢᠲᠡᠯᠡᠬᠦ ᠠᠯᠪᠠᠨ ᠵᠠᠷᠯᠠᠯ ᠢ ᠨᠠᠶᠢᠳᠠᠪᠤᠷᠢᠵᠢᠭᠤᠯᠤᠨ᠂ | ᠦᠵᠡᠮᠵᠢ ᠶᠢᠨ ᠣᠷᠣᠨ ᠤ ᠵᠣᠭᠠᠴᠠᠬᠰᠠᠳ ᠤᠨ ᠪᠠᠶᠢᠳᠡᠯ ᠢ ᠡᠵᠡᠮᠳᠡᠬᠦ ᠲᠥᠰᠥᠯ ᠢ ᠲᠣᠭᠲᠠᠭᠠᠨ ᠬᠡᠷᠡᠭᠵᠢᠭᠦᠯᠵᠦ᠂ | ᠬᠠᠮᠤᠭ ᠤᠨ ᠶᠡᠭᠡ ᠳᠠᠭᠠᠭᠠᠴᠠ ᠶᠢᠨ ᠬᠡᠮᠵᠢᠶ᠎ᠡ ᠠᠴᠠ ᠬᠡᠲᠦᠷᠡᠭᠦᠯᠦᠨ ᠵᠣᠭᠠᠴᠠᠬᠰᠠᠳ ᠢ ᠭᠥᠯᠢᠶᠡᠨ ᠠᠪᠬᠤ ᠦᠭᠡᠢ | ᠪᠠᠶᠢᠵᠤ᠂ ᠦᠵᠡᠮᠵᠢ ᠶᠢᠨ ᠣᠷᠣᠨ ᠤ ᠠᠶᠠᠨᠴᠢᠳ ᠤᠨ ᠤᠷᠤᠰᠴᠠ ᠶᠢᠨ ᠣᠷᠭᠢᠯ ᠦᠶ᠎ᠡ ᠶᠢᠨ ᠠᠷᠭᠠᠴᠠᠭᠠᠬᠤ ᠴᠢᠳᠡᠪᠣᠷᠢ | ᠶᠢ ᠲᠡᠭᠡᠭᠰᠢᠯᠠᠬᠦᠯᠣᠨ᠎ᠠ᠃ ᠡᠯ᠎ᠡ ᠦᠵᠡᠮᠵᠢ ᠶᠢᠨ ᠣᠷᠣᠨ ᠦᠵᠡᠮᠵᠢ ᠶᠢᠨ ᠭᠠᠵᠠᠷ ᠤᠨ ᠪᠠᠷᠠᠭ᠎ᠠ ᠬᠤᠳᠠᠯᠳᠤᠬᠤ | ᠭᠠᠵᠠᠷ ᠤᠨ ᠪᠠᠷᠠᠭᠠᠨ ᠤ ᠦᠨ᠎ᠡ ᠶᠢ ᠬᠠᠮᠢᠶᠠᠷᠤᠨ ᠡᠵᠡᠮᠳᠡᠬᠦ ᠶᠢ ᠪᠥᠬᠦ ᠲᠠᠯ᠎ᠠ ᠪᠠᠷ ᠴᠢᠩᠭᠠᠳᠬᠠᠵᠤ᠂ ᠪᠠᠷᠠᠭᠠᠨ ᠤ | ᠦᠨ᠎ᠡ ᠶᠢ ᠳᠦᠷᠭᠢᠯᠳᠦᠨ ᠥᠰᠬᠡᠬᠦ᠂ ᠬᠠᠤᠯᠢ ᠲᠣᠭᠲᠠᠭᠠᠯ ᠠᠴᠠ ᠵᠥᠷᠢᠴᠡᠨ ᠡᠵᠡᠩᠨᠡᠬᠦ ᠠᠵᠢᠯᠯᠠᠭ᠎ᠠ ᠳᠤ ᠴᠣᠬᠢᠯᠲᠠ | ᠥᠭᠴᠦ ᠴᠡᠭᠴᠡᠯᠡᠨ ᠵᠠᠰᠠᠨ᠎ᠠ᠃ ︵ᠬᠤᠯᠪᠣᠭᠠᠯᠠᠨ ᠲᠠᠭᠠᠭᠠᠴᠢᠯᠠᠬᠰᠠᠨ ᠨᠢᠭᠡᠴᠢ ᠶᠢᠨ ᠤᠳᠤᠷᠢᠳᠤᠯᠭ᠎ᠠ᠄ ᠶᠠᠩ ᠪᠦᠦ | ᠲᠢᠶᠠᠨ᠂ ᠲᠦᠷᠦᠭᠦᠯᠡᠬᠦ ᠨᠢᠭᠡᠴᠢ᠄ ᠰᠣᠶᠣᠯ ᠵᠣᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ︔ ᠬᠠᠮᠵᠢᠯᠴᠠᠬᠤ ᠨᠢᠭᠡᠴᠢ᠄ | ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ︶ | ︵ᠭᠤᠷᠪᠠ︶ ᠭᠠᠯ ᠰᠠᠷᠭᠡᠶᠢᠯᠠᠵᠣ ᠤᠨᠲᠠᠷᠠᠭᠠᠬᠤ ᠠᠶᠤᠯ ᠠᠴᠠ ᠬᠠᠮᠠᠭᠠᠯᠠᠬᠤ ᠶᠢᠨ ᠲᠤᠰᠬᠠᠢ ᠵᠦᠢᠯ ᠢᠶᠠᠷ | ᠴᠡᠭᠴᠡᠯᠡᠨ ᠵᠠᠰᠠᠬᠤ ᠠᠵᠢᠯ ᠥᠷᠨᠢᠭᠦᠯᠬᠦ ᠬᠡᠷᠡᠭᠲᠡᠢ | ᠵᠣᠭᠠᠴᠠᠯ ᠳᠤ ᠬᠤᠯᠪᠣᠭᠳᠠᠬᠤ ᠠᠵᠤ ᠠᠬᠤᠶᠢᠯᠠᠯ ᠢ ᠱᠠᠯᠠᠪᠳᠡᠭᠤᠯᠵᠣ ᠪᠠᠶᠢᠭᠠᠳ ᠭᠠᠯ ᠰᠠᠷᠭᠡᠶᠢᠯᠠᠵᠣ | ᠤᠨᠲᠠᠷᠠᠭᠠᠬᠤ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠢ ᠲᠡᠭᠦᠯᠳᠡᠷᠵᠢᠭᠦᠯᠵᠦ᠂ | ᠦᠵᠡᠮᠵᠢ ᠶᠢᠨ ᠣᠷᠣᠨ ᠦᠵᠡᠮᠵᠢ ᠶᠢᠨ ᠭᠠᠵᠠᠷ᠂ ᠵᠣᠭᠠᠴᠠᠯ ᠤᠨ ᠭᠠᠵᠠᠷ᠂ ᠣᠳᠣᠨ ᠲᠠᠰ ᠤᠨ ᠪᠠᠭᠤᠳᠠᠯ᠂ ᠳᠠᠭᠤᠤ | ᠪᠥᠵᠢᠭ ᠵᠤᠭ᠎ᠠ ᠴᠡᠩᠭᠡᠯ ᠤᠨ ᠭᠠᠵᠠᠷ ᠲᠠᠯᠠᠪᠤᠷ᠂ ᠢᠨᠲ᠋ᠧᠷ ᠰᠦᠯᠵᠢᠶᠡᠨ ᠤ ᠰᠦᠯᠵᠢᠶᠡᠨ ᠳᠤ ᠭᠠᠷᠬᠤ | ᠦᠢᠯᠡᠴᠢᠯᠡᠭᠡᠨ ᠤ ᠭᠠᠵᠠᠷ ᠲᠠᠯᠠᠪᠤᠷ᠂ ᠰᠣᠶᠣᠯ ᠦᠵᠡᠰᠬᠦᠯᠡᠩ ᠤᠨ ᠨᠢᠭᠡᠴᠢ᠂ ᠪᠡᠶ᠎ᠡ ᠶᠢᠨ ᠲᠠᠮᠢᠷ ᠤᠨ ᠲᠠᠯᠠᠪᠤᠷ | ᠣᠷᠳᠣᠨ᠂ ᠣᠯᠠᠨ ᠨᠡᠶᠢᠲᠡ ᠶᠢᠨ ᠨᠣᠮ ᠤᠨ ᠰᠠᠩ᠂ ᠰᠣᠶᠣᠯ ᠤᠨ ᠣᠷᠳᠣᠨ ︵ᠥᠷᠲᠡᠭᠡ︶ ᠤ ᠭᠠᠯ ᠰᠠᠷᠭᠡᠶᠢᠯᠠᠵᠣ | ᠤᠨᠲᠠᠷᠠᠭᠠᠬᠤ ᠠᠮᠤᠷ ᠲᠦᠪᠰᠢᠨ ᠤ ᠵᠠᠰᠠᠯᠲᠠ ᠶᠢᠨ ᠠᠵᠢᠯ ᠢ ᠥᠷᠨᠢᠭᠦᠯᠬᠦ ᠬᠡᠷᠡᠭᠲᠡᠢ᠃ ᠴᠢᠬᠤᠯᠠ ᠭᠠᠵᠠᠷ ᠲᠤ ᠭᠠᠯ | ᠰᠡᠷᠭᠡᠶᠢᠯᠡᠬᠦ ᠪᠠᠶᠢᠴᠠᠭᠠᠯᠲᠠ ᠬᠢᠵᠦ᠂ ᠠᠰᠠᠭᠤᠳᠠᠯ ᠢ ᠣᠯᠵᠤ ᠮᠡᠳᠡᠪᠡᠯ ᠤᠷᠢᠳᠴᠢᠯᠠᠨ ᠮᠡᠳᠡᠭᠡᠯᠡᠵᠦ᠂ ᠴᠠᠭ ᠲᠤᠬᠠᠢ | ᠳᠤᠨᠢ ᠰᠢᠢᠳᠪᠦᠷᠢᠯᠡᠬᠦ ᠬᠡᠷᠡᠭᠲᠡᠢ᠃ ᠬᠠᠷᠢᠭᠤᠴᠠᠯᠭ᠎ᠠ ᠶᠢᠨ ᠬᠡᠪᠴᠢᠶᠡᠨ ᠳᠣᠲᠣᠷᠠᠬᠢ ᠠᠮᠣᠷ ᠲᠦᠪᠰᠢᠨ ᠭᠠᠯ | ᠰᠠᠷᠭᠡᠶᠢᠯᠠᠵᠣ ᠤᠨᠲᠠᠷᠠᠭᠠᠬᠤ ᠠᠵᠢᠯ ᠢ ᠰᠠᠶᠢᠲᠤᠷ ᠬᠢᠵᠦ᠂ ᠰᠠᠨᠠᠭᠠᠨ ᠳᠤ ᠦᠭᠡᠢ ᠭᠠᠯ ᠤᠨ ᠠᠶᠤᠯ ᠭᠠᠷᠬᠤ ᠶᠢ | ᠰᠡᠷᠭᠡᠶᠢᠯᠡᠨ ᠬᠤᠷᠢᠭᠯᠠᠬᠤ ᠬᠡᠷᠡᠭᠲᠡᠢ᠃ ᠦᠵᠡᠮᠵᠢ ᠶᠢᠨ ᠣᠷᠣᠨ᠂ ᠲᠠᠯᠠᠪᠤᠷ ᠣᠷᠳᠣᠨ᠂ ᠲᠣᠮᠣ ᠬᠡᠯᠪᠡᠷᠢ ᠶᠢᠨ | ᠠᠵᠢᠯᠯᠠᠭ᠎ᠠ ᠶᠢᠨ ᠤᠷᠤᠯᠳᠤᠭᠠᠨ ᠤ ᠲᠠᠯᠠᠪᠤᠷ ᠲᠤ ᠱᠠᠭᠠᠷᠳᠠᠯᠭ᠎ᠠ ᠳᠤ ᠨᠡᠶᠢᠴᠡᠭᠰᠡᠨ ᠭᠠᠯ ᠰᠠᠷᠭᠡᠶᠢᠯᠠᠵᠣ ᠤᠨᠲᠠᠷᠠᠭᠠᠬᠤ | ᠲᠦᠬᠦᠭᠡᠷᠣᠮᠵᠢ ᠶᠢ ᠲᠣᠬᠢᠷᠠᠭᠤᠯᠵᠤ᠂ ᠭᠠᠯ ᠰᠠᠷᠭᠡᠶᠢᠯᠠᠵᠣ ᠤᠨᠲᠠᠷᠠᠭᠠᠬᠤ ᠲᠦᠬᠦᠭᠡᠷᠣᠮᠵᠢ ᠶᠢ ᠲᠣᠭᠲᠠᠮᠠᠯ | ᠬᠤᠭᠤᠴᠠᠭ᠎ᠠ ᠲᠠᠢ ᠪᠠᠷ ᠪᠠᠶᠢᠴᠠᠭᠠᠨ ᠰᠢᠯᠭᠠᠵᠤ᠂ ᠰᠣᠯᠢᠬᠤ ᠬᠡᠷᠡᠭᠲᠡᠢ᠂ ᠵᠤᠭᠠᠴᠠᠭᠰᠠᠳ᠂ ᠲᠣᠭᠤᠷᠢᠨ | ᠦᠵᠡᠭᠴᠢᠳ ᠤᠨ ᠨᠣᠴᠣᠮᠠᠲᠠᠭᠠᠢ ᠳᠡᠯᠪᠡᠷᠡᠮᠡᠲᠡᠭᠡᠢ ᠪᠣᠳᠠᠰ ᠠᠪᠴᠤ ᠣᠷᠣᠬᠤ ᠶᠢ ᠴᠠᠭᠠᠵᠠᠯᠠᠬᠤ ᠬᠡᠷᠡᠭᠲᠡᠢ᠃ ︵ | ᠬᠤᠯᠪᠣᠭᠠᠯᠠᠨ ᠲᠠᠭᠠᠭᠠᠴᠢᠯᠠᠬᠰᠠᠨ ᠨᠢᠭᠡᠴᠢ ᠶᠢᠨ ᠤᠳᠤᠷᠢᠳᠤᠯᠭ᠎ᠠ᠄ ᠰᠦᠨ ᠪᠠᠢ ᠴᠤᠸᠠᠨ᠂ ᠲᠦᠷᠦᠭᠦᠯᠡᠬᠦ ᠨᠢᠭᠡᠴᠢ᠄ | ᠭᠠᠯ ᠰᠠᠷᠭᠡᠶᠢᠯᠠᠵᠣ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ︔ ᠬᠠᠮᠵᠢᠯᠴᠠᠬᠤ ᠨᠢᠭᠡᠴᠢ᠄ ᠪᠠᠴᠢᠮ ᠪᠠᠶᠢᠳᠠᠯ ᠢ | ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠰᠣᠶᠣᠯ ᠵᠣᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ︶ | ︵ᠳᠥᠷᠪᠡ︶ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠨ᠎ᠠ | ᠮᠠᠨ ᠤ ᠬᠤᠲᠠ ᠶᠢᠨ ᠬᠠᠷᠢᠶ᠎ᠠ ᠲᠣᠭᠤᠷᠢᠭ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠡᠮ ᠰᠣᠭᠤᠭ ᠢ | ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠵᠠᠮ ᠤᠨ ᠭᠠᠳᠡᠷᠭᠤ ᠳᠠᠬᠢ ᠠᠰᠬ᠎ᠠ ᠬᠠᠳᠠ᠂ | ᠨᠠᠯᠠᠤᠴᠠ᠂ ᠤᠰᠤ᠂ ᠮᠥᠰᠥ᠂ ᠮᠠᠨᠠᠨ᠂ ᠪᠣᠷᠣᠭᠠᠨ ᠴᠠᠰᠤ ᠵᠡᠷᠭᠡ ᠪᠤᠳᠤᠯᠢᠶᠠᠨᠲᠠᠢ ᠵᠠᠮ ᠤᠨ ᠬᠡᠰᠡᠭ ᠲᠤ ᠢᠯᠭᠠᠬᠤ | ᠫᠠᠶᠢᠰᠠ ᠪᠣᠰᠬᠠᠬᠤ ᠬᠡᠷᠡᠭᠲᠡᠢ᠃ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ ᠤᠨ ᠬᠠᠩᠭᠠᠭᠰᠠᠨ ᠵᠠᠮ ᠲᠡᠭᠡᠭᠡᠪᠦᠷᠢ ᠶᠢᠨ ᠡᠵᠡᠩᠨᠡᠯᠲᠡ ᠶᠢᠨ ᠬᠢᠷᠢ ᠴᠢᠳᠠᠮᠵᠢ ᠶᠢᠨ ᠮᠡᠳᠡᠭᠡ ᠵᠠᠩᠭᠢ ᠪᠣᠯᠣᠨ | ᠲᠡᠷᠭᠡ ᠬᠥᠰᠬᠡ ᠶᠢᠨ ᠬᠡᠷᠡᠭᠯᠡᠯᠲᠡ ᠶᠢᠨ ᠰᠢᠨᠵᠢ ᠴᠢᠨᠠᠷ ᠤᠨ ᠮᠡᠳᠡᠭᠡ ᠵᠠᠩᠭᠢ ᠶᠢ ᠬᠠᠷᠭᠤᠭᠤᠯᠬᠤ ᠬᠡᠷᠡᠭᠲᠡᠢ᠃ ᠵᠠᠰᠠᠮᠠᠯ | ᠵᠠᠮ ᠤᠨ ᠠᠶᠠᠨᠴᠢᠳ ᠤᠨ ᠲᠡᠭᠡᠭᠡᠪᠦᠷᠢ᠂ ᠵᠣᠭᠠᠴᠠᠯ ᠤᠨ ᠠᠶᠠᠨᠴᠢᠳ ᠤᠨ ᠲᠡᠭᠡᠭᠡᠪᠦᠷᠢ ᠶᠢᠨ ᠦᠯᠡᠳᠡᠭᠡᠯ ᠮᠠᠰᠢᠨᠲᠤ | ᠲᠡᠷᠭᠡᠨ ᠤ ᠮᠡᠳᠡᠭᠡ ᠵᠠᠩᠭᠢ ᠶᠢ ᠡᠮᠬᠢᠯᠡᠨ ᠳᠡᠩᠰᠡᠯᠡᠵᠦ᠂ ᠠᠳᠠᠯᠢ ᠱᠠᠲᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠨᠡᠪᠲᠡᠷᠡᠭᠦᠯᠦᠨ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠴᠢᠯᠠᠨ | ᠬᠠᠮᠢᠶᠠᠷᠬᠤ ᠰᠠᠯᠠᠭ᠎ᠠ ᠮᠥᠴᠢᠷ ᠠᠴᠠ ᠵᠠᠮ ᠲᠡᠭᠡᠭᠡᠪᠦᠷᠢ ᠶᠢᠨ ᠦᠨᠡᠮᠯᠡᠯ ᠭᠦᠢᠴᠡᠳᠬᠡᠭᠰᠡᠨ ᠡᠰᠡᠬᠦ ᠶᠢ ᠵᠢᠭᠰᠠᠭᠠᠨ | ᠪᠠᠶᠢᠴᠠᠭᠠᠵᠤ᠂ ᠵᠠᠮ ᠲᠡᠭᠡᠭᠡᠪᠦᠷᠢ ᠶᠢᠨ ᠦᠨᠡᠮᠯᠡᠯ ᠭᠦᠢᠴᠡᠳᠬᠡᠭᠰᠡᠨ ᠦᠭᠡᠢ ᠮᠥᠷᠲᠡᠭᠡᠨ ᠭᠦᠢᠴᠡᠳᠬᠡᠬᠦ ᠨᠥᠬᠦᠴᠡᠯ ᠳᠤ | ᠨᠡᠶᠢᠴᠡᠬᠦ ᠦᠭᠡᠢ ᠪᠠᠶᠢᠪᠠᠯ᠂ ᠮᠠᠰᠢᠨᠲᠤ ᠲᠡᠷᠭᠡᠨ ᠤ ᠥᠮᠴᠢᠯᠡᠭᠴᠢ ᠳᠤ ᠲᠡᠷᠭᠡ ᠬᠥᠰᠬᠡ ᠶᠢᠨ ᠬᠡᠷᠡᠭᠯᠡᠭᠡᠨ ᠤ ᠰᠢᠨᠵᠢ | ᠴᠢᠨᠠᠷ ᠤᠨ ᠬᠤᠪᠢᠷᠠᠯᠲᠠ ᠶᠢ ᠭᠦᠢᠴᠡᠳᠬᠡᠬᠦ ᠶᠢ ᠮᠡᠳᠡᠭᠳᠡᠨ᠎ᠡ᠃ ᠵᠣᠭᠠᠴᠠᠯ ᠤᠨ ᠭᠠᠵᠠᠷ ᠤᠨ ᠵᠣᠭᠠᠴᠠᠯ ᠤᠨ ᠲᠡᠷᠭᠡ | ᠳᠠᠭᠠᠭᠠᠴᠢᠯᠠᠭᠰᠠᠨ ᠠᠮᠤᠷ ᠲᠦᠪᠰᠢᠨ ᠤ ᠲᠤᠰᠬᠠᠢ ᠴᠡᠭᠴᠡᠯᠡᠨ ᠵᠠᠰᠠᠯᠲᠠ ᠶᠢ ᠥᠷᠨᠢᠭᠦᠯᠦᠨ᠎ᠡ᠃ ᠵᠣᠭᠠᠴᠠᠯ ᠤᠨ | ᠭᠠᠵᠠᠷ ᠤᠨ ︽ᠲᠠᠪᠤ ᠶᠢ ᠥᠯᠥ ᠲᠦᠷᠢᠶᠡᠰᠦᠯᠡᠬᠦ︾ ︽ᠭᠤᠷᠪᠠᠨ ᠦᠨᠡᠮᠯᠡᠯ ᠨᠢᠭᠡ ᠫᠠᠶᠢᠰᠠ ᠨᠢᠭᠡ ᠬᠠᠭᠤᠳᠠᠰᠤ︾ ᠶᠢᠨ | ᠱᠠᠭᠠᠷᠳᠠᠯᠭ᠎ᠠ ᠶᠣᠰᠣᠭᠠᠷ ᠲᠡᠷᠭᠡ ᠬᠥᠰᠬᠡ ᠲᠦᠷᠢᠶᠡᠰᠦᠯᠡᠨ ᠬᠡᠷᠡᠭᠯᠡᠬᠦ ᠶᠢ ᠵᠢᠷᠤᠮᠵᠢᠭᠤᠯᠤᠨ᠂ ᠵᠣᠭᠠᠴᠠᠯ ᠤᠨ | ᠲᠡᠭᠡᠭᠡᠪᠦᠷᠢ ᠶᠢᠨ ᠠᠵᠤ ᠠᠬᠤᠶᠢᠯᠠᠯ ᠯᠤᠭ᠎ᠠ ᠵᠣᠭᠠᠴᠠᠯ ᠤᠨ ᠭᠡᠷ᠎ᠡ ᠶᠢ ᠵᠢᠷᠤᠮᠵᠢᠭᠤᠯᠤᠨ ᠲᠣᠭᠲᠠᠵᠤ᠂ ᠵᠣᠭᠠᠴᠠᠬᠰᠠᠳ | ᠤᠨ ᠠᠮᠤᠷ ᠲᠦᠪᠰᠢᠨ ᠢᠶᠠᠷ ᠲᠡᠷᠭᠡᠨ ᠳᠤ ᠰᠠᠭᠤᠬᠤ ᠶᠢ ᠰᠠᠨᠠᠭᠤᠯᠬᠤ᠂ ᠰᠠᠨᠠᠭᠤᠯᠬᠤ ᠦᠢᠯᠡᠴᠢᠯᠡᠭᠡ ᠶᠢ ᠰᠠᠶᠢᠲᠤᠷ | ᠬᠢᠬᠦ ᠶᠢ ᠱᠠᠯᠠᠪᠳᠡᠭᠤᠯᠣᠨ ᠵᠢᠯᠣᠭᠤᠳᠤᠨ᠎ᠠ᠃ ︵ᠬᠤᠯᠪᠣᠭᠠᠯᠠᠨ ᠲᠠᠭᠠᠭᠠᠴᠢᠯᠠᠬᠰᠠᠨ ᠨᠢᠭᠡᠴᠢ ᠶᠢᠨ ᠤᠳᠤᠷᠢᠳᠤᠯᠭ᠎ᠠ᠄ | ᠴᠢᠶᠣᠤ ᠹᠧᠩ ᠯᠢᠨ᠂ ᠲᠦᠷᠦᠭᠦᠯᠡᠬᠦ ᠨᠢᠭᠡᠴᠢ᠄ ᠵᠠᠮ ᠬᠠᠷᠢᠯᠴᠠᠭᠠᠨ ᠤ ᠲᠡᠭᠡᠭᠡᠪᠦᠷᠢ ᠶᠢᠨ ᠲᠣᠪᠴᠢᠶ᠎ᠠ︔ ᠬᠠᠮᠵᠢᠯᠴᠠᠬᠤ | ᠨᠢᠭᠡᠴᠢ᠄ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠰᠣᠶᠣᠯ ᠵᠣᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ︶ | ︵ᠲᠠᠪᠤ︶ ᠬᠤᠭᠤᠯᠠ ᠤᠮᠳᠠ ᠬᠤᠨᠤᠭ ᠪᠠᠭᠤᠳᠠᠯ ᠤᠨ ᠠᠵᠢᠯ ᠲᠥᠷᠥᠯ ᠤᠨ ᠠᠮᠤᠷ ᠲᠦᠪᠰᠢᠨ ᠤ ᠴᠡᠭᠴᠡᠯᠡᠨ | ᠵᠠᠰᠠᠯᠲᠠ ᠶᠢ ᠴᠢᠩᠭᠠᠳᠬᠠᠵᠤ ᠣᠳᠣᠨ ᠲᠠᠰ ᠤᠨ ᠵᠣᠴᠢᠳ ᠤᠨ ᠪᠠᠭᠤᠳᠠᠯ ᠠᠷᠠᠳ ᠤᠨ ᠪᠠᠭᠤᠳᠠᠯ ᠵᠡᠷᠭᠡ ᠬᠤᠨᠤᠭ | ᠪᠠᠭᠤᠳᠠᠯ ᠤᠨ ᠦᠢᠯᠡᠰ ᠤᠨ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠥᠷᠨᠢᠭᠦᠯᠦᠨ᠎ᠡ | ᠵᠣᠭᠠᠴᠠᠯ ᠤᠨ ᠦᠵᠡᠮᠵᠢ ᠶᠢᠨ ᠣᠷᠣᠨ ᠤ ᠳᠣᠲᠣᠷᠠᠬᠢ ᠢᠳᠡᠭᠡᠨ ᠤᠮᠳᠠᠭᠠᠨ ᠤ ᠳᠡᠯᠭᠡᠭᠦᠷ᠂ ᠴᠢᠯᠣᠭᠡᠳᠣ | ᠳᠡᠯᠭᠡᠭᠦᠷ ᠪᠠ ᠣᠳᠣᠨ ᠲᠠᠰ ᠤᠨ ᠵᠣᠴᠢᠳ ᠤᠨ ᠪᠠᠭᠤᠳᠠᠯ ᠤᠨ ᠳᠣᠲᠣᠷᠠᠬᠢ ᠬᠤᠭᠤᠯᠠᠨ ᠲᠢᠩᠬᠢᠮ ᠤᠨ | ᠦᠨᠡᠮᠯᠡᠯ ᠲᠠᠢ ᠪᠠᠷ ᠡᠵᠡᠩᠨᠡᠬᠦ ᠶᠢ ᠱᠠᠯᠠᠪᠳᠡᠭᠤᠯᠵᠣ᠂ ᠠᠵᠢᠯ ᠡᠷᠬᠢᠯᠡᠭᠰᠡᠳ ᠤᠨ ᠡᠷᠡᠭᠦᠯ ᠮᠡᠨᠳᠦ ᠶᠢᠨ ᠬᠠᠮᠢᠶᠠᠷᠤᠯᠲᠠ᠂ | ᠪᠠᠷᠠᠭ᠎ᠠ ᠣᠷᠣᠭᠤᠯᠬᠤ ᠶᠢ ᠪᠠᠶᠢᠴᠠᠭᠠᠨ ᠰᠢᠯᠭᠠᠬᠤ᠂ ᠢᠳᠡᠭᠡᠨ ᠡᠳ᠋ᠰᠢᠭᠦᠯᠦᠨ ᠪᠣᠯᠪᠠᠰᠣᠷᠡᠭᠤᠯᠬᠤ ᠵᠡᠷᠭᠡ ᠲᠠᠯ᠎ᠠ ᠶᠢᠨ | ᠬᠠᠮᠢᠶᠠᠷᠤᠯᠲᠠ ᠶᠢ ᠰᠠᠶᠢᠲᠤᠷ ᠬᠢᠵᠦ᠂ ᠢᠳᠡᠭᠡᠨ ᠤ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ | ᠲᠥᠰᠥᠯ ᠪᠠ ᠪᠣᠯᠪᠠᠰᠤᠷᠠᠯ ᠰᠣᠷᠢᠯᠲᠠ ᠶᠢ ᠲᠡᠭᠦᠯᠳᠡᠷᠵᠢᠭᠦᠯᠬᠦ ᠬᠡᠷᠡᠭᠲᠡᠢ᠃ ᠢᠳᠡᠭᠡᠨ ᠤ ᠠᠷᠢᠭᠤᠨ ᠴᠡᠪᠡᠷ ᠤᠨ | ᠬᠠᠮᠢᠶᠠᠷᠤᠯᠲᠠ ᠶᠢᠨ ᠳᠦᠷᠢᠮ ᠢ ᠴᠢᠩᠭ᠎ᠠ ᠬᠡᠷᠡᠭᠵᠢᠭᠦᠯᠵᠦ᠂ ᠬᠤᠣᠷ ᠲᠠᠢ ᠪᠤᠶᠤ ᠴᠢᠨᠠᠷ ᠬᠤᠪᠢᠷᠠᠭᠰᠠᠨ ᠢᠳᠡᠭᠡᠨ ᠪᠤᠶᠤ | ᠪᠣᠬᠢᠷᠲᠤᠭᠰᠠᠨ ᠢᠳᠡᠭᠡᠨ ᠬᠤᠳᠠᠯᠳᠤᠨ ᠠᠪᠬᠤ ᠶᠢ ᠴᠠᠭᠠᠵᠠᠯᠠᠵᠤ᠂ ᠢᠳᠡᠭᠡᠨ ᠬᠢᠬᠦ᠂ ᠬᠠᠳᠠᠭᠠᠯᠠᠬᠤ᠂ ᠬᠡᠷᠡᠭᠯᠡᠬᠦ | ᠶᠠᠪᠤᠴᠠ ᠳᠤ ᠠᠷᠢᠭᠤᠨ ᠴᠡᠪᠡᠷ ᠤᠨ ᠬᠠᠮᠢᠶᠠᠷᠤᠯᠲᠠ ᠶᠢᠨ ᠱᠠᠭᠠᠷᠳᠠᠯᠭ᠎ᠠ ᠳᠤ ᠨᠡᠶᠢᠴᠡᠭᠦᠯᠬᠦ ᠬᠡᠷᠡᠭᠲᠡᠢ᠃ ᠢᠳᠡᠭᠡᠨ ᠤ | ᠡᠵᠡᠩᠨᠡᠯᠲᠡ ᠶᠢᠨ ᠠᠵᠢᠯᠲᠠᠳ ᠲᠤ ᠲᠣᠭᠲᠠᠮᠠᠯ ᠬᠤᠭᠤᠴᠠᠭ᠎ᠠ ᠲᠠᠢ ᠪᠠᠷ ᠪᠡᠶ᠎ᠡ ᠶᠢᠨ ᠪᠠᠶᠢᠴᠠᠭᠠᠯᠲᠠ ᠬᠢᠵᠦ᠂ ᠢᠳᠡᠭᠡᠨ ᠤ | ᠠᠷᠢᠭᠤᠨ ᠴᠡᠪᠡᠷ ᠢ ᠰᠡᠷᠭᠡᠶᠢᠯᠡᠨ ᠬᠠᠮᠠᠭᠠᠯᠠᠬᠤ ᠲᠦᠬᠦᠭᠡᠷᠣᠮᠵᠢ ᠶᠢ ᠪᠦᠷᠢᠨᠰᠢᠬᠦᠯᠣᠨᠠ᠃ ︵ᠬᠤᠯᠪᠣᠭᠠᠯᠠᠨ | ᠲᠠᠭᠠᠭᠠᠴᠢᠯᠠᠬᠰᠠᠨ ᠨᠢᠭᠡᠴᠢ ᠶᠢᠨ ᠤᠳᠤᠷᠢᠳᠤᠯᠭ᠎ᠠ᠄ ᠶᠠᠩ ᠪᠦᠦ ᠲᠢᠶᠠᠨ᠂ ᠲᠦᠷᠦᠭᠦᠯᠡᠬᠦ ᠨᠢᠭᠡᠴᠢ᠄ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︔ ᠬᠠᠮᠵᠢᠯᠴᠠᠬᠤ ᠨᠢᠭᠡᠴᠢ᠄ ᠬᠤᠳᠠᠯᠳᠤᠭᠠᠨ ᠤ | ᠶᠠᠪᠤᠳᠠᠯ ᠤᠨ ᠠᠵᠤ ᠠᠬᠤᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠷᠠᠰᠢᠶᠠᠨ ᠬᠤᠲᠠ ᠶᠢᠨ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠥᠪᠯᠡᠯ᠂ ᠰᠣᠶᠣᠯ ᠵᠣᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ︶ | ︵ᠵᠢᠷᠭᠤᠭ᠎ᠠ︶ ᠨᠡᠶᠢᠭᠡᠮ ᠤᠨ ᠲᠠᠯ᠎ᠠ ᠶᠢᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠶᠢ ᠴᠢᠩᠭᠠᠳᠬᠠᠨ᠎ᠠ | ᠨᠡᠶᠢᠭᠡᠮ ᠤᠨ ᠲᠠᠯ᠎ᠠ ᠶᠢᠨ ᠠᠮᠤᠷ ᠲᠦᠪᠰᠢᠨ ᠤ ᠲᠣᠭᠤᠷᠢᠨ ᠴᠠᠭᠳᠠᠵᠤ ᠰᠡᠷᠭᠡᠶᠢᠯᠡᠨ ᠡᠵᠡᠮᠳᠡᠬᠦ ᠠᠵᠢᠯ ᠤᠨ | ᠲᠣᠭᠲᠠᠴᠠ ᠶᠢ ᠪᠥᠬᠦ ᠲᠠᠯ᠎ᠠ ᠪᠠᠷ ᠴᠢᠩᠭᠠᠳᠬᠠᠵᠤ᠂ ᠨᠡᠶᠢᠭᠡᠮ ᠤᠨ ᠲᠠᠯ᠎ᠠ ᠶᠢᠨ ᠡᠯ᠎ᠡ ᠲᠥᠷᠥᠯ ᠤᠨ ᠬᠠᠤᠯᠢ ᠠᠴᠠ | ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠬᠦᠨᠳᠦ ᠶᠡᠭᠡ ᠬᠡᠷᠡᠭ ᠡᠭᠦᠰᠬᠦ ᠶᠢ ᠴᠢᠩᠭ᠎ᠠ | ᠰᠡᠷᠭᠡᠶᠢᠯᠡᠨ᠂ ᠬᠤᠯᠠᠭᠠᠶᠢᠯᠠᠬᠤ ᠪᠤᠯᠢᠶᠠᠬᠤ ᠮᠡᠬᠡᠯᠡᠬᠦ ᠶᠢ ᠰᠡᠷᠭᠡᠶᠢᠯᠡᠬᠦ ᠠᠷᠭ᠎ᠠ ᠬᠡᠮᠵᠢᠶ᠎ᠡ ᠪᠠᠷ ᠠᠮᠤᠷ ᠲᠦᠪᠰᠢᠨ ᠢ | ᠦᠨᠡᠨ ᠬᠦ ᠪᠠᠲᠤᠯᠠᠵᠤ᠂ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ ᠶᠢ ᠦᠨᠡᠨ ᠬᠦ | ᠪᠠᠶᠢᠭᠤᠯᠣᠨ᠂ ᠡᠯ᠎ᠡ ᠲᠥᠷᠥᠯ ᠤᠨ ᠭᠡᠨᠡᠳᠲᠡ ᠶᠢᠨ ᠬᠡᠷᠡᠭ ᠢ ᠴᠠᠭ ᠲᠤᠬᠠᠢ ᠳᠤᠨᠢ ᠲᠣᠬᠢᠲᠠᠢ ᠰᠢᠢᠳᠪᠦᠷᠢᠯᠡᠵᠦ᠂ ᠠᠮᠤᠷ | ᠲᠠᠶᠢᠪᠤᠩ ᠡᠮᠬᠢ ᠵᠢᠷᠤᠮ ᠲᠠᠢ ᠵᠣᠭᠠᠴᠠᠯ ᠤᠨ ᠣᠷᠴᠢᠨ ᠲᠣᠭᠤᠷᠢᠨ ᠢ ᠬᠦᠴᠦᠯᠡᠨ ᠪᠣᠶ ᠪᠣᠯᠭᠠᠬᠤ ᠬᠡᠷᠡᠭᠲᠡᠢ᠃ ︵ | ᠬᠤᠯᠪᠣᠭᠠᠯᠠᠨ ᠲᠠᠭᠠᠭᠠᠴᠢᠯᠠᠬᠰᠠᠨ ᠨᠢᠭᠡᠴᠢ ᠶᠢᠨ ᠤᠳᠤᠷᠢᠳᠤᠯᠭ᠎ᠠ᠄ ᠵᠣᠣ ᠰᠢ ᠵᠢᠦ︔ ᠲᠦᠷᠦᠭᠦᠯᠡᠬᠦ ᠨᠢᠭᠡᠴᠢ᠄ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ︔ ᠬᠠᠮᠵᠢᠯᠴᠠᠬᠤ ᠨᠢᠭᠡᠴᠢ᠄ ᠡᠯ᠎ᠡ ᠪᠦᠷᠢᠯᠳᠦᠭᠦᠨ ᠨᠢᠭᠡᠴᠢ︶ | ︵ᠳᠣᠯᠤᠭ᠎ᠠ︶ ᠲᠠᠯᠠᠪᠤᠷ ᠭᠠᠵᠠᠷ ᠤᠨ ᠠᠮᠤᠷ ᠲᠦᠪᠰᠢᠨ ᠢᠶᠠᠷ ᠴᠠᠬᠢᠯᠭᠠᠨ ᠬᠡᠷᠡᠭᠯᠡᠬᠦ ᠶᠢ ᠵᠢᠭᠰᠠᠭᠠᠨ | ᠪᠠᠶᠢᠴᠠᠭᠠᠵᠤ ᠴᠡᠭᠴᠡᠯᠡᠨ ᠵᠠᠰᠠᠬᠤ ᠶᠢ ᠥᠷᠨᠢᠭᠦᠯᠦᠨ᠎ᠡ | ᠡᠯ᠎ᠡ ᠦᠵᠡᠮᠵᠢ ᠶᠢᠨ ᠣᠷᠣᠨ᠂ ᠬᠤᠨᠣᠭᠯᠠᠬᠤ ᠲᠠᠯᠠᠪᠤᠷ ᠭᠠᠵᠠᠷ᠂ ᠰᠣᠶᠣᠯ ᠵᠣᠭᠠᠴᠠᠯ ᠤᠨ ᠲᠠᠯᠠᠪᠠᠶ | ᠣᠷᠳᠣᠨ ᠤ ᠬᠦᠴᠦᠳᠡᠯ ᠥᠭᠡᠷᠡᠴᠢᠯᠡᠭᠴᠢ᠂ ᠴᠠᠬᠢᠯᠭᠠᠨ ᠲᠦᠭᠡᠭᠡᠬᠦ ᠬᠠᠶᠢᠷᠴᠠᠭ᠂ ᠰᠤᠯᠠ ᠴᠠᠬᠢᠯᠭᠠᠨ ᠳᠠᠮᠵᠢᠭᠤᠯᠬᠤ | ᠤᠲᠠᠰᠤ ᠶᠢᠨ ᠵᠠᠯᠭᠠᠭᠤᠷ ᠨᠢ ᠰᠤᠯᠠᠷᠠᠭᠰᠠᠨ ᠡᠰᠡᠬᠦ᠂ ᠬᠠᠯᠠᠭᠤᠷᠠᠭᠰᠠᠨ ᠡᠰᠡᠬᠦ᠂ ᠬᠤᠭᠤᠯᠠᠢ ᠨᠡᠪᠲᠡᠯᠦᠭᠰᠡᠨ ᠡᠰᠡᠬᠦ᠂ | ᠠᠭᠠᠷ ᠲᠣᠬᠢᠷᠡᠭᠤᠯᠣᠬᠴᠢ ᠶᠢᠨ ᠨᠡᠭᠡᠭᠡᠯᠭᠡ ᠶᠢᠨ ᠲᠣᠬᠢᠷᠠᠭᠤᠯᠤᠯᠲᠠ ᠨᠢ ᠵᠦᠢ ᠵᠣᠬᠢᠰᠲᠠᠢ ᠡᠰᠡᠬᠦ᠂ ᠳᠠᠭᠠᠭᠠᠴᠠ ᠠᠴᠠ | ᠬᠡᠲᠦᠷᠡᠭᠦᠯᠦᠨ ᠴᠠᠬᠢᠯᠭᠠᠨ ᠬᠡᠷᠡᠭᠯᠡᠭᠰᠡᠨ ᠦᠵᠡᠭᠳᠡᠯ ᠪᠠᠶᠢᠬᠤ ᠡᠰᠡᠬᠦ᠂ ᠳᠤᠷ᠎ᠠ ᠪᠠᠷ ᠢᠶᠠᠨ ᠤᠲᠠᠰᠤ ᠲᠠᠲᠠᠭᠰᠠᠨ ᠡᠰᠡᠬᠦ | ᠵᠡᠷᠭᠡ ᠠᠰᠠᠭᠤᠳᠠᠯ ᠤᠨ ᠳᠠᠯᠳᠠ ᠬᠡᠮ ᠢ ᠵᠢᠭᠰᠠᠭᠠᠨ ᠪᠠᠶᠢᠴᠠᠭᠠᠵᠤ᠂ ᠬᠡᠷᠡᠭᠯᠡᠭᠴᠢᠳ ᠢ ᠵᠢᠯᠣᠭᠤᠳᠤᠨ ᠱᠠᠯᠠᠪᠳᠡᠭᠤᠯᠵᠣ | ᠪᠠᠶᠢᠭᠠᠳ ᠴᠡᠭᠴᠡᠯᠡᠨ ᠵᠠᠰᠠᠭᠤᠯᠤᠨ᠎ᠠ᠃ ᠴᠠᠬᠢᠯᠭᠠᠨ ᠲᠥᠬᠦᠭᠡᠷᠦᠮᠵᠢ ᠳᠤ ᠠᠶᠤᠩᠭ᠎ᠠ ᠠᠴᠠ ᠰᠡᠷᠭᠡᠶᠢᠯᠡᠬᠦ ᠪᠠ ᠭᠠᠵᠠᠷ | ᠵᠠᠯᠭᠠᠵᠤ ᠬᠠᠮᠠᠭᠠᠯᠠᠬᠤ ᠶᠢ ᠲᠡᠭᠦᠯᠳᠡᠷᠵᠢᠭᠦᠯᠬᠦ ᠬᠡᠷᠡᠭᠲᠡᠢ᠂ ᠪᠤᠢ ᠪᠦᠬᠦᠢ ᠴᠠᠬᠢᠯᠭᠠᠨ ᠲᠥᠬᠦᠭᠡᠷᠦᠮᠵᠢ ᠪᠠ ᠬᠡᠯᠬᠢᠶ᠎ᠡ ᠳᠤ | ᠬᠥᠮᠥᠨ ᠳᠤ ᠤᠴᠠᠷᠠᠭᠤᠯᠬᠤ ᠬᠤᠣᠷ ᠬᠥᠨᠥᠭᠡᠯ ᠤᠨ ᠬᠡᠮᠵᠢᠶ᠎ᠡ ᠶᠢ ᠦᠨᠳᠦᠰᠦᠯᠡᠨ ᠢᠯᠡᠷᠬᠡᠢ ᠰᠡᠷᠡᠮᠵᠢ ᠶᠢᠨ ᠲᠡᠮᠳᠡᠭ᠂ | ᠬᠠᠮᠠᠭᠠᠯᠠᠯᠲᠠ ᠶᠢᠨ ᠲᠣᠣᠷ ᠪᠠ ᠠᠶᠤᠯᠭᠦᠢ ᠶᠢᠨ ᠬᠠᠯᠬᠠᠪᠴᠢ ᠲᠠᠯᠪᠢᠬᠤ ᠬᠡᠷᠡᠭᠲᠡᠢ᠃ ᠴᠠᠬᠢᠯᠭᠠᠨ ᠲᠥᠬᠦᠭᠡᠷᠦᠮᠵᠢ ᠶᠢᠨ | ᠬᠥᠮᠥᠨ ᠬᠦᠨᠳᠡᠵᠣ ᠮᠡᠳᠡᠬᠦ ᠨᠢᠴᠦᠭᠦᠨ ᠴᠠᠬᠢᠯᠭᠠᠨ ᠲᠠᠢ ᠬᠡᠰᠡᠭ ᠲᠤ ᠬᠠᠮᠠᠭᠠᠯᠠᠬᠤ ᠪᠦᠷᠬᠦᠭᠦᠯ ᠪᠤᠶᠤ ᠬᠠᠯᠬᠠᠪᠴᠢ | ᠵᠢᠴᠢ ᠰᠡᠷᠡᠮᠵᠢ ᠶᠢᠨ ᠫᠠᠶᠢᠰᠠ ᠲᠠᠭᠠᠷᠠᠭᠤᠯᠬᠤ ᠬᠡᠷᠡᠭᠲᠡᠢ᠃ ᠱᠠᠭᠠᠷᠳᠠᠯᠭ᠎ᠠ ᠶᠣᠰᠣᠭᠠᠷ ᠲᠣᠭᠤᠷᠢᠨ ᠪᠠᠶᠢᠴᠠᠭᠠᠬᠤ ᠪᠠ | ᠬᠢᠨᠠᠨ ᠠᠵᠢᠭᠯᠠᠵᠤ᠂ ᠵᠠᠯᠭᠠᠰᠤ ᠶᠢᠨ ᠬᠠᠯᠠᠭᠤᠷᠠᠵᠤ ᠪᠠᠶᠢᠬᠤ ᠡᠰᠡᠬᠦ ᠵᠢᠴᠢ ᠣᠨᠳᠣᠣᠰᠢᠵᠤ ᠪᠠᠶᠢᠬᠤ ᠡᠰᠡᠬᠦ ᠶᠢ | ᠪᠠᠶᠢᠴᠠᠭᠠᠨ᠎ᠠ᠃ ︵ᠬᠤᠯᠪᠣᠭᠠᠯᠠᠨ ᠲᠠᠭᠠᠭᠠᠴᠢᠯᠠᠬᠰᠠᠨ ᠨᠢᠭᠡᠴᠢ ᠶᠢᠨ ᠤᠳᠤᠷᠢᠳᠤᠯᠭ᠎ᠠ᠄ ᠸᠧᠢ ᠵᠢᠦ ᠴᠢᠶᠠᠩ︔ | ᠲᠦᠷᠦᠭᠦᠯᠡᠬᠦ ᠨᠢᠭᠡᠴᠢ᠄ ᠤᠯᠤᠰ ᠤᠨ ᠴᠠᠬᠢᠯᠭᠠᠨ ᠲᠣᠣᠷ ᠤᠨ ᠷᠠᠰᠢᠶᠠᠨ ᠬᠤᠲᠠ ᠶᠢᠨ ᠴᠠᠬᠢᠯᠭᠠᠨ ᠬᠠᠩᠭᠠᠬᠤ ᠺᠣᠮᠫᠠᠨᠢ︔ | ᠬᠠᠮᠵᠢᠯᠴᠠᠬᠤ ᠨᠢᠭᠡᠴᠢ᠄ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠪᠠᠴᠢᠮ ᠪᠠᠶᠢᠳᠠᠯ ᠢ ᠠᠷᠭᠠᠴᠠᠭᠠᠬᠤ | ᠬᠠᠮᠢᠶᠠᠷᠤᠯᠲᠠ ᠶᠢᠨ ᠲᠣᠪᠴᠢᠶ᠎ᠠ᠂ ᠣᠶ ᠰᠢᠭᠤᠢ ᠨᠣᠳᠤᠭ ᠪᠡᠯᠴᠢᠭᠡᠷ ᠤᠨ ᠲᠣᠪᠴᠢᠶ᠎ᠠ︶ | ︵ᠨᠠᠢᠮᠠ︶ ᠭᠤᠮᠣᠳᠡᠯ ᠲᠣᠭᠠᠴᠢᠬᠤ ᠵᠠᠭᠠᠯᠳᠤᠬᠤ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠦᠨ᠎ᠡ | ᠭᠤᠮᠣᠳᠡᠯ ᠲᠣᠭᠠᠴᠢᠬᠤ ᠵᠠᠭᠠᠯᠳᠤᠵᠤ ᠢᠯᠡᠴᠢᠯᠡᠨ ᠮᠡᠳᠡᠭᠦᠯᠬᠦ ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ᠂ | 12345 ᠦᠢᠯᠡᠴᠢᠯᠡᠭᠡᠨ ᠤ ᠬᠠᠯᠠᠮᠰᠢᠯ ᠤᠲᠠᠰᠤ ᠪᠠ ᠵᠣᠭᠠᠴᠠᠯ ᠤᠨ ᠲᠣᠬᠠᠢ ᠭᠤᠮᠣᠳᠡᠯ ᠲᠣᠭᠠᠴᠢᠬᠤ | ᠵᠠᠭᠠᠯᠳᠤᠯᠭ᠎ᠠ ᠶᠢᠨ ᠬᠠᠯᠠᠮᠰᠢᠯ ᠤᠲᠠᠰᠤ᠂ ᠡᠯ᠎ᠡ ᠱᠠᠲᠤᠨ ᠤ ᠲᠠᠪᠴᠠᠩ ᠠᠴᠠ ᠰᠢᠯᠵᠢᠭᠦᠯᠦᠨ ᠭᠦᠢᠴᠡᠳᠬᠡᠬᠦ ᠯᠠᠪᠯᠠᠭ᠎ᠠ᠂ | ᠭᠤᠮᠣᠳᠡᠯ ᠲᠣᠭᠠᠴᠢᠬᠤ ᠵᠠᠭᠠᠯᠳᠤᠯᠭ᠎ᠠ ᠪᠠ ᠢᠯᠡᠴᠢᠯᠡᠨ ᠮᠡᠳᠡᠭᠦᠯᠦᠯᠲᠡ ᠶᠢ ᠨᠠᠷᠢᠨ ᠬᠢᠨᠠᠮᠠᠭᠠᠢ ᠭᠥᠯᠢᠶᠡᠨ ᠠᠪᠴᠤ᠂ | ᠴᠠᠭ ᠲᠤᠬᠠᠢ ᠳᠤᠨᠢ ᠰᠢᠢᠳᠪᠦᠷᠢᠯᠡᠨ᠎ᠡ᠃ ᠡᠬᠢ ᠡᠭᠦᠰᠦᠯ ᠠᠴᠠ ᠨᠢ ᠵᠠᠰᠠᠬᠤ ᠶᠢ ᠠᠩᠬᠠᠷᠴᠣ᠂ ᠲᠦᠷᠭᠡᠨ ᠭᠥᠯᠢᠶᠡᠨ | ᠠᠪᠴᠤ ᠰᠢᠯᠵᠢᠭᠦᠯᠦᠨ ᠰᠢᠢᠳᠪᠦᠷᠢᠯᠡᠭᠦᠯᠬᠦ᠂ ᠱᠠᠯᠠᠪᠳᠡᠭᠤᠯᠣᠨ ᠰᠢᠢᠳᠪᠦᠷᠢᠯᠡᠭᠦᠯᠬᠦ ᠶᠢ ᠪᠡᠶᠡᠯᠡᠭᠦᠯᠵᠦ᠂ ᠲᠣᠭᠲᠠᠭᠰᠠᠨ | ᠬᠤᠭᠤᠴᠠᠭᠠᠨ ᠳᠤ ᠬᠠᠷᠢᠭᠤᠯᠲᠠ ᠥᠭᠬᠦ ᠬᠡᠷᠡᠭᠲᠡᠢ᠃ ᠨᠢᠭᠡᠨᠲᠡ ᠰᠢᠢᠳᠪᠦᠷᠢᠯᠡᠵᠦ ᠳᠠᠭᠤᠰᠬᠠᠭᠰᠠᠨ ᠬᠡᠷᠡᠭ ᠠᠴᠠ | ᠥᠯᠢᠭᠡᠷ ᠠᠪᠴᠤ ᠬᠠᠷᠢᠭᠤ ᠰᠤᠷᠪᠤᠯᠵᠢᠯᠠᠬᠤ᠂ ᠰᠢᠢᠳᠪᠦᠷᠢᠯᠡᠭᠰᠡᠨ ᠦᠷ᠎ᠡ ᠳ᠋ᠦᠩ ᠤᠨ ᠦᠨᠡᠨ ᠪᠣᠳᠠᠲᠤ ᠴᠢᠨᠠᠷ ᠵᠢᠴᠢ | ᠵᠣᠭᠠᠴᠠᠬᠰᠠᠳ ᠤᠨ ᠬᠠᠨᠤᠮᠵᠢ ᠶᠢᠨ ᠬᠡᠮᠵᠢᠶ᠎ᠡ ᠶᠢ ᠣᠶᠢᠯᠠᠭᠠᠨ ᠬᠠᠷᠭᠤᠭᠤᠯᠵᠤ᠂ ᠵᠣᠭᠠᠴᠠᠬᠰᠠᠳ ᠤᠨ ᠬᠦᠴᠢᠷ | ᠵᠣᠪᠠᠭᠤᠷᠢ ᠶᠢ ᠦᠨᠡᠨ ᠬᠦ ᠰᠢᠢᠳᠪᠦᠷᠢᠯᠡᠵᠦ ᠥᠭᠬᠦ ᠬᠡᠷᠡᠭᠲᠡᠢ᠃ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ ᠳᠤ | ᠳᠥᠭᠦᠮ ᠳᠥᠲᠡ ᠪᠣᠯᠭᠠᠬᠤ ᠶᠢ ᠲᠠᠰᠤᠷᠠᠯᠲᠠ ᠦᠭᠡᠢ ᠠᠬᠢᠭᠤᠯᠵᠤ᠂ ᠠᠰᠠᠭᠤᠳᠠᠯ ᠢ ᠰᠠᠶ᠋ᠢ ᠢᠯᠡᠷᠡᠵᠣ ᠪᠠᠶᠢᠭ᠎ᠠ | ᠪᠠᠶᠢᠳᠠᠯ ᠳᠤᠨᠢ ᠰᠢᠢᠳᠪᠦᠷᠢᠯᠡᠵᠦ᠂ ᠥᠷᠭᠡᠨ ᠤᠯᠠᠨ ᠠᠷᠠᠳ ᠲᠦᠮᠡᠨ ᠳᠤ ᠲᠦᠷᠭᠡᠨ᠂ ᠰᠠᠨᠠᠭ᠎ᠠ ᠠᠮᠤᠷ᠂ | ᠲᠠᠭᠠᠯᠠᠮᠵᠢᠲᠠᠢ ᠵᠣᠭᠠᠴᠠᠯ ᠤᠨ ᠣᠷᠴᠢᠨ ᠨᠥᠬᠦᠴᠡᠯ ᠢ ᠪᠤᠢ ᠪᠣᠯᠭᠠᠵᠤ ᠥᠭᠭᠦᠨ᠎ᠡ᠃ ︵ᠬᠤᠯᠪᠣᠭᠠᠯᠠᠨ | ᠲᠠᠭᠠᠭᠠᠴᠢᠯᠠᠬᠰᠠᠨ ᠨᠢᠭᠡᠴᠢ ᠶᠢᠨ ᠤᠳᠤᠷᠢᠳᠤᠯᠭ᠎ᠠ᠄ ᠰᠦᠨ ᠪᠠᠢ ᠴᠤᠸᠠᠨ᠂ ᠲᠦᠷᠦᠭᠦᠯᠡᠬᠦ ᠨᠢᠭᠡᠴᠢ᠄ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ︔ ᠬᠠᠮᠵᠢᠯᠴᠠᠬᠤ ᠨᠢᠭᠡᠴᠢ᠄ ᠡᠯ᠎ᠡ ᠬᠠᠮᠢᠶ᠎ᠠ ᠪᠦᠬᠦᠢ ᠨᠢᠭᠡᠴᠢ︶ | ᠭᠤᠷᠪᠠ᠂ ᠠᠵᠢᠯᠯᠠᠬᠤ ᠴᠠᠭ ᠤᠨ ᠲᠣᠬᠢᠷᠠᠭᠤᠯᠤᠯᠲᠠ | ︵ᠨᠢᠭᠡ︶ ᠳᠠᠶᠢᠴᠢᠯᠠᠨ ᠪᠠᠶᠢᠷᠢᠯᠠᠭᠤᠯᠬᠤ ᠱᠠᠲᠤ ᠦᠶ᠎ᠡ ︵2023 ᠣᠨ ᠤ 4 ᠰᠠᠷ᠎ᠠ ᠶᠢᠨ 6 ᠤ | ᠡᠳᠦᠷ ᠠᠴᠠ 4 ᠰᠠᠷ᠎ᠠ ᠶᠢᠨ 10 ᠤ ᠡᠳᠦᠷ ᠪᠣᠯᠲᠠᠯ᠎ᠠ︶᠃ ᠡᠯ᠎ᠡ ᠰᠠᠯᠠᠭ᠎ᠠ ᠮᠥᠴᠢᠷ ᠤᠳ ᠲᠤᠰᠬᠠᠢ ᠵᠦᠢᠯ ᠢᠶᠠᠷ | ᠴᠡᠭᠴᠡᠯᠡᠨ ᠵᠠᠰᠠᠬᠤ ᠠᠵᠢᠯ ᠢ ᠪᠥᠬᠦ ᠲᠠᠯ᠎ᠠ ᠪᠠᠷ ᠳᠠᠶᠢᠴᠢᠯᠠᠬᠤ ᠪᠠ ᠨᠢᠭᠡᠳᠦᠯᠲᠡᠢ ᠪᠠᠶᠢᠷᠢᠯᠠᠭᠤᠯᠵᠤ᠂ ᠲᠤᠰᠬᠠᠢ | ᠵᠦᠢᠯ ᠢᠶᠠᠷ ᠴᠡᠭᠴᠡᠯᠡᠨ ᠵᠠᠰᠠᠬᠤ ᠠᠵᠢᠯ ᠤᠨ ᠳᠤᠭᠤᠶᠢᠯᠠᠩ ᠢ ᠪᠠᠶᠢᠭᠤᠯᠤᠨ᠂ ᠲᠣᠰ ᠲᠥᠰᠥᠯ ᠤᠨ ᠱᠠᠭᠠᠷᠳᠠᠯᠭ᠎ᠠ | ᠶᠣᠰᠣᠭᠠᠷ᠂ ᠪᠣᠳᠠᠲᠠᠢ ᠪᠠᠨ ᠦᠨᠳᠦᠰᠦᠯᠡᠨ ᠪᠣᠳᠠᠲᠠᠢ ᠠᠵᠢᠯ ᠤᠨ ᠲᠥᠰᠥᠯ ᠢᠶᠠᠨ ᠲᠣᠭᠲᠠᠭᠠᠨ᠎ᠠ︔ ᠰᠣᠨᠢᠨ᠂ | ᠲᠧᠯᠸᠢᠰ᠂ ᠰᠢᠨ᠎ᠡ ᠵᠠᠭᠤᠴᠢᠯᠠᠭᠤᠷ ᠵᠡᠷᠭᠡ ᠤᠬᠠᠭᠤᠯᠭ᠎ᠠ ᠶᠢᠨ ᠠᠷᠭ᠎ᠠ ᠪᠠᠷᠢᠯ ᠢ ᠴᠢᠳᠠᠮᠠᠭᠠᠢ ᠪᠠᠷ ᠠᠰᠢᠭᠯᠠᠵᠤ᠂ ᠶᠠᠷᠢᠶ᠎ᠠ | ᠬᠡᠯᠡᠯᠴᠡᠭᠡᠨ ᠤ ᠤᠬᠠᠭᠤᠯᠭ᠎ᠠ ᠶᠢᠨ ᠠᠵᠢᠯ ᠢ ᠰᠠᠶᠢᠲᠤᠷ ᠬᠢᠵᠦ᠂ ᠥᠷᠭᠡᠨ ᠤᠯᠠᠨ ᠲᠦᠮᠡᠨ ᠢ ᠲᠠᠶᠢᠴᠢᠯᠠᠨ᠂ ᠶᠠᠷᠢᠶ᠎ᠠ | ᠬᠡᠯᠡᠯᠴᠡᠭᠡᠨ ᠤ ᠰᠦᠷ ᠬᠦᠴᠦᠨ ᠢ ᠭᠦᠢᠴᠡᠳ ᠪᠤᠢ ᠪᠣᠯᠭᠠᠬᠤ ᠬᠡᠷᠡᠭᠲᠡᠢ᠃ | ︵ᠬᠤᠶᠠᠷ︶ ᠲᠤᠰᠬᠠᠢ ᠵᠦᠢᠯ ᠢᠶᠠᠷ ᠴᠡᠭᠴᠡᠯᠡᠨ ᠵᠠᠰᠠᠬᠤ ᠱᠠᠲᠤ ᠦᠶ᠎ᠡ ︵2023 ᠣᠨ ᠤ 4 ᠰᠠᠷ᠎ᠠ ᠶᠢᠨ | 11 ᠤ ᠡᠳᠦᠷ ᠠᠴᠠ 11 ᠰᠠᠷ᠎ᠠ ᠶᠢᠨ 30 ᠤ ᠡᠳᠦᠷ ᠪᠣᠯᠲᠠᠯ᠎ᠠ︶᠃ ᠡᠯ᠎ᠡ ᠬᠠᠷᠢᠭᠤᠴᠠᠯᠭᠠᠲᠤ ᠰᠠᠯᠠᠭ᠎ᠠ | ᠮᠥᠴᠢᠷ ᠤᠳ ᠭᠤᠣᠯᠳᠠᠯᠭ᠎ᠠ ᠲᠠᠢ ᠴᠡᠭᠴᠡᠯᠡᠨ ᠵᠠᠰᠠᠬᠤ ᠠᠭᠤᠯᠭ᠎ᠠ ᠳᠤ ᠴᠢᠭᠯᠡᠭᠦᠯᠦᠨ ᠲᠣᠰ ᠬᠠᠷᠢᠶ᠎ᠠ ᠣᠷᠣᠨ ᠤ ᠪᠠᠨ | ᠡᠯ᠎ᠡ ᠲᠥᠷᠥᠯ ᠤᠨ ᠵᠣᠭᠠᠴᠠᠯ ᠤᠨ ᠡᠵᠡᠩᠨᠡᠯᠲᠡ ᠶᠢᠨ ᠨᠢᠭᠡᠴᠢ ᠶᠢᠨ ᠠᠶᠤᠯᠬᠦᠢ ᠦᠢᠯᠡᠳᠪᠦᠷᠢᠯᠡᠯ ᠤᠨ ᠬᠢᠨᠠᠯᠲᠠ | ᠬᠠᠮᠢᠶᠠᠷᠤᠯᠲᠠ ᠶᠢᠨ ᠪᠠᠶᠢᠴᠠᠭᠠᠯᠲᠠ ᠪᠠᠨ ᠴᠢᠩᠭᠠᠳᠬᠠᠵᠤ᠂ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ | ᠬᠠᠤᠯᠢ ᠶᠣᠰᠣᠭᠠᠷ ᠪᠠᠶᠢᠴᠠᠭᠠᠨ ᠰᠢᠢᠳᠪᠣᠷᠢᠯᠠᠨ᠎ᠠ᠃ ᠡᠯ᠎ᠡ ᠬᠠᠮᠢᠶ᠎ᠠ ᠪᠦᠬᠦᠢ ᠠᠵᠤ ᠠᠬᠤᠶᠢᠯᠠᠯ ᠤᠳ ᠪᠠᠶᠢᠴᠠᠭᠠᠬᠤ | ᠠᠭᠤᠯᠭ᠎ᠠ ᠪᠠᠨ ᠬᠢᠨᠠᠮᠠᠭᠠᠢ ᠬᠠᠷᠢᠴᠠᠭᠤᠯᠤᠨ᠂ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠬᠤ ᠠᠵᠢᠯ ᠢ | ᠦᠳᠲᠡᠷ ᠲᠦᠷᠭᠡᠨ ᠥᠷᠨᠢᠭᠦᠯᠬᠦ ᠬᠡᠷᠡᠭᠲᠡᠢ᠃ ᠬᠠᠮᠢᠶ᠎ᠠ ᠪᠦᠬᠦᠢ ᠰᠠᠯᠠᠭ᠎ᠠ ᠮᠥᠴᠢᠷ ᠯᠦᠭᠡ ᠬᠤᠯᠪᠤᠭᠠᠯᠠᠨ | ᠬᠥᠳᠡᠯᠦᠯᠴᠡᠬᠦ ᠶᠢ ᠢᠳᠡᠪᠬᠢᠲᠡᠢ ᠥᠷᠨᠢᠭᠦᠯᠵᠦ᠂ ᠵᠣᠭᠠᠴᠠᠯ ᠤᠨ ᠠᠵᠢᠯ ᠲᠥᠷᠥᠯ ᠤᠨ ᠠᠶᠤᠯᠬᠦᠢ ᠦᠢᠯᠡᠳᠪᠦᠷᠢᠯᠡᠯ ᠤᠨ | ᠬᠢᠨᠠᠯᠲᠠ ᠪᠠᠶᠢᠴᠠᠭᠠᠯᠲᠠ ᠶᠢ ᠴᠢᠩᠭᠠᠷᠠᠭᠤᠯᠤᠨ᠂ ᠵᠣᠭᠠᠴᠠᠯ ᠤᠨ ᠵᠠᠬ᠎ᠠ ᠳᠡᠯᠭᠡᠭᠦᠷ ᠤᠨ ᠠᠶᠤᠯᠬᠦᠢ ᠦᠢᠯᠡᠳᠪᠦᠷᠢᠯᠡᠯ ᠤᠨ | ᠠᠰᠠᠭᠤᠳᠠᠯ ᠤᠨ ᠳᠠᠯᠳᠠ ᠬᠡᠮ ᠢ ᠴᠡᠭᠴᠡᠯᠡᠨ ᠵᠠᠰᠠᠬᠤ ᠠᠵᠢᠯ ᠤᠨ ᠬᠦᠴᠦᠨ ᠴᠢᠳᠠᠪᠤᠷᠢ ᠶᠢ ᠳᠡᠭᠡᠭᠰᠢᠯᠡᠭᠦᠯᠦᠨ᠎ᠡ᠃ | ︵ᠭᠤᠷᠪᠠ︶ ᠳ᠋ᠦᠩᠨᠡᠨ ᠳᠡᠭᠡᠭᠰᠢᠯᠡᠭᠦᠯᠬᠦ ᠱᠠᠲᠤ ᠦᠶ᠎ᠡ ︵2023 ᠣᠨ ᠤ 12 ᠰᠠᠷ᠎ᠠ ᠶᠢᠨ 1 ᠤ | ᠡᠳᠦᠷ ᠠᠴᠠ 12 ᠰᠠᠷ᠎ᠠ ᠶᠢᠨ 31 ᠤ ᠡᠳᠦᠷ ᠪᠣᠯᠲᠠᠯ᠎ᠠ︶᠃ ᠡᠯ᠎ᠡ ᠬᠠᠷᠢᠭᠤᠴᠠᠯᠭᠠᠲᠤ ᠰᠠᠯᠠᠭ᠎ᠠ ᠮᠥᠴᠢᠷ ᠤᠳ ᠲᠣᠰ | ᠤᠳᠠᠭᠠᠨ ᠤ ᠴᠡᠭᠴᠡᠯᠡᠨ ᠵᠠᠰᠠᠬᠤ ᠠᠵᠢᠯᠯᠠᠭ᠎ᠠ ᠶᠢᠨ ᠠᠵᠢᠯ ᠤᠨ ᠲᠤᠷᠰᠢᠯᠭ᠎ᠠ᠂ ᠣᠯᠣᠭᠰᠠᠨ ᠦᠷ᠎ᠡ ᠪᠦᠲᠦᠭᠡᠯ᠂ | ᠣᠷᠣᠰᠢᠵᠤ ᠪᠠᠶᠢᠭ᠎ᠠ ᠠᠰᠠᠭᠤᠳᠠᠯ ᠵᠡᠷᠭᠡ ᠳᠤ ᠳ᠋ᠦᠩᠨᠡᠯᠲᠡ ᠬᠢᠵᠦ᠂ ᠲᠠᠷᠠᠭᠠᠴᠢ ᠶᠢᠨ ᠠᠯᠬᠤᠮ ᠤᠨ ᠠᠵᠢᠯ ᠤᠨ ᠠᠷᠭ᠎ᠠ | ᠬᠡᠮᠵᠢᠶ᠎ᠡ ᠪᠠ ᠰᠠᠨᠠᠭᠤᠯᠭ᠎ᠠ ᠶᠢ ᠳᠤᠷᠠᠳᠤᠨ ᠭᠠᠷᠭᠠᠵᠤ᠂ ᠠᠵᠢᠯ ᠤᠨ ᠣᠷᠳᠣ ᠬᠤᠭᠤᠴᠠᠭᠠᠨ ᠤ ᠪᠦᠲᠦᠮᠵᠢᠲᠡᠶ | ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠬᠡᠷᠡᠭᠲᠡᠢ᠃ | ᠳᠥᠷᠪᠡ᠂ ᠠᠵᠢᠯ ᠤᠨ ᠱᠠᠭᠠᠷᠳᠠᠯᠭ᠎ᠠ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠠᠵᠢᠯ ᠤᠨ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ | ᠡᠯ᠎ᠡ ᠬᠠᠮᠢᠶ᠎ᠠ ᠪᠦᠬᠦᠢ ᠨᠢᠭᠡᠴᠢ ᠶᠢᠨ ᠬᠢᠨ ᠰᠣᠶᠣᠯ ᠵᠤᠭᠠᠴᠠᠯ ᠤᠨ ᠠᠵᠢᠯ ᠲᠦᠷᠦᠯ ᠤᠨ ᠭᠤᠣᠯᠳᠠᠯᠭ᠎ᠠ ᠲᠠᠢ | ᠬᠦᠷᠢᠶᠡᠨ ᠤ ᠠᠶᠤᠯᠭᠦᠢ ᠦᠢᠯᠡᠳᠪᠦᠷᠢᠯᠡᠯ ᠤᠨ ᠬᠡᠮ ᠰᠣᠭᠤᠭ ᠢ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠰᠠᠶᠢᠲᠤᠷ | ᠬᠢᠬᠦ ᠶᠢᠨ ᠴᠢᠬᠤᠯᠠ ᠴᠢᠨᠠᠷ ᠢ ᠭᠦᠨᠵᠡᠭᠡᠢ ᠲᠠᠨᠢᠵᠤ᠂ ᠵᠤᠭᠠᠴᠠᠯ ᠤᠨ ᠠᠮᠤᠷ ᠲᠦᠪᠰᠢᠨ ᠢ ᠡᠳᠦᠷ ᠲᠤᠲᠤᠮ ᠤᠨ | ᠵᠥᠪᠯᠡᠬᠦ ᠵᠦᠢᠯ ᠳᠡᠭᠡᠨ ᠣᠷᠣᠭᠤᠯᠵᠤ᠂ ︽ᠨᠠᠮ ᠵᠠᠰᠠᠭ ᠠᠳᠠᠯᠢ ᠬᠠᠷᠢᠭᠤᠴᠠᠯᠭ᠎ᠠ ᠲᠠᠢ᠂ ᠨᠢᠭᠡ ᠠᠵᠢᠯ ᠤᠨ ᠪᠠᠶᠢᠷᠢ ᠳᠤ | ᠬᠤᠶᠠᠷ ᠬᠠᠷᠢᠭᠤᠴᠠᠯᠭ᠎ᠠ ᠲᠠᠢ ᠪᠠᠶᠢᠬᠤ︾ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠵᠦ᠂ ᠭᠤᠣᠯ ᠤᠳᠤᠷᠢᠳᠤᠯᠭ᠎ᠠ ᠨᠢ | ᠵᠤᠭᠠᠴᠠᠯ ᠤᠨ ᠠᠮᠤᠷ ᠲᠦᠪᠰᠢᠨ ᠤ ᠡᠯ᠎ᠡ ᠵᠦᠢᠯ ᠤᠨ ᠠᠵᠢᠯ ᠥᠷᠨᠢᠭᠦᠯᠬᠦ ᠶᠢ ᠪᠡᠶ᠎ᠡ ᠪᠠᠷ ᠢᠶᠠᠨ ᠪᠠᠶᠢᠷᠢᠯᠠᠭᠤᠯᠤᠨ | ᠠᠬᠢᠭᠤᠯᠵᠤ᠂ ᠵᠣᠬᠢᠬᠤ ᠠᠵᠢᠯ ᠤᠨ ᠲᠥᠰᠥᠯ ᠢ ᠰᠤᠳᠤᠯᠤᠨ ᠲᠣᠭᠲᠠᠭᠠᠵᠤ᠂ ᠪᠣᠳᠠᠲᠠᠢ ᠵᠣᠬᠢᠶᠠᠨ ᠪᠠᠶᠢᠭᠤᠯᠤᠨ | ᠬᠡᠷᠡᠭᠵᠢᠭᠦᠯᠬᠦ ᠬᠠᠷᠢᠭᠤᠴᠠᠯᠭᠠᠲᠠᠨ ᠪᠠ ᠬᠠᠷᠢᠯᠴᠠᠬᠤ ᠬᠥᠮᠥᠨ ᠢ ᠲᠣᠳᠣᠷᠬᠠᠶᠢᠯᠠᠵᠤ᠂ ᠨᠠᠷᠢᠨ ᠨᠢᠮᠪᠠᠢ ᠵᠣᠬᠢᠶᠠᠨ | ᠪᠠᠶᠢᠭᠤᠯᠤᠨ᠂ ᠡᠭᠦᠷᠭᠡ ᠪᠠᠨ ᠨᠠᠷᠢᠯᠢᠭᠵᠢᠭᠤᠯᠵᠤ᠂ ᠬᠠᠷᠢᠭᠤᠴᠠᠯᠭ᠎ᠠ ᠪᠠᠨ ᠴᠢᠩᠭᠠᠷᠠᠭᠤᠯᠤᠨ᠂ ᠠᠷᠭ᠎ᠠ ᠬᠡᠮᠵᠢᠶ᠎ᠡ ᠪᠠᠨ | ᠨᠠᠶᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ | ︵ᠬᠤᠶᠠᠷ︶ ᠭᠦᠨᠵᠡᠭᠡᠢ ᠱᠠᠯᠠᠪᠳᠡᠭᠤᠯᠣᠨ ᠵᠢᠯᠤᠭᠤᠳᠴᠤ ᠪᠠᠶᠢᠴᠠᠭᠠᠨ᠂ ᠭᠤᠣᠯ ᠴᠣᠭᠴᠠ ᠶᠢᠨ | ᠬᠠᠷᠢᠭᠤᠴᠠᠯᠭ᠎ᠠ ᠶᠢ ᠴᠢᠩᠭ᠎ᠠ ᠠᠳᠬᠤᠨ᠎ᠠ᠃ | ︽ᠲᠥᠰᠥᠯ︾ ᠳᠤ ᠲᠣᠳᠣᠷᠬᠠᠶᠢᠯᠠᠭᠰᠠᠨ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ | ᠂ ᠲᠣᠰ ᠲᠣᠰ ᠤᠨ ᠬᠢᠨᠠᠨ ᠬᠠᠮᠢᠶᠠᠷᠴᠤ ᠪᠠᠶᠢᠭ᠎ᠠ ᠠᠵᠢᠯ ᠲᠥᠷᠥᠯ ᠤᠨ ᠬᠦᠷᠢᠶ᠎ᠡ ᠴᠠᠷᠠᠭ᠎ᠠ ᠳᠤ ᠰᠤᠭᠤᠴᠢᠨ | ᠪᠠᠶᠢᠴᠠᠭᠠᠯᠲᠠ ᠬᠢᠬᠦ ᠬᠡᠷᠡᠭᠲᠡᠢ᠃ ᠠᠰᠠᠭᠤᠳᠠᠯ ᠤᠨ ᠳᠠᠯᠳᠠ ᠭᠡᠮ ᠪᠣᠯᠣᠨ ᠪᠠᠭᠤᠷᠠᠢ ᠭᠤᠭᠴᠤᠭ᠎ᠠ ᠶᠢ ᠴᠢᠩᠭ᠎ᠠ | ᠠᠩᠬᠠᠷᠴᠤ᠂ ᠥᠨᠴᠥᠭ ᠪᠤᠯᠤᠩ ᠦᠯᠡᠳᠡᠭᠡᠬᠦ ᠦᠭᠡᠢ᠂ ᠪᠠᠯᠠᠢ ᠭᠠᠵᠠᠷ ᠦᠯᠡᠳᠡᠭᠡᠬᠦ ᠦᠭᠡᠢ᠂ ᠬᠠᠰᠢ ᠶᠠᠰᠢ ᠪᠠᠷ | ᠥᠩᠭᠡᠷᠡᠭᠦᠯᠬᠦ ᠦᠭᠡᠢ ᠪᠠᠶᠢᠬᠤ ᠬᠡᠷᠡᠭᠲᠡᠢ᠃ ᠠᠰᠠᠭᠤᠳᠠᠯ ᠢ ᠢᠯᠡᠷᠡᠭᠦᠯᠪᠡᠯ᠂ ᠲᠡᠷᠡ ᠳᠠᠷᠤᠢ ᠳᠤᠨᠢ ᠬᠡᠷᠡᠭᠵᠢᠭᠦᠯᠵᠦ | ᠲᠡᠷᠡ ᠳᠠᠷᠤᠢ ᠳᠤᠨᠢ ᠥᠭᠡᠷᠡᠴᠢᠯᠡᠵᠦ ᠪᠣᠯᠬᠤ ᠶᠢ ᠨᠢ ᠳᠠᠷᠤᠶᠢᠬᠠᠨ ᠴᠡᠭᠴᠡᠯᠡᠨ ᠰᠠᠶᠢᠵᠢᠷᠠᠭᠤᠯᠵᠤ᠂ ᠲᠡᠷᠡ ᠳᠠᠷᠤᠢ | ᠳᠤᠨᠢ ᠴᠡᠭᠴᠡᠯᠡᠨ ᠰᠠᠶᠢᠵᠢᠷᠠᠭᠤᠯᠵᠤ ᠳᠡᠶᠢᠯᠬᠦ ᠦᠭᠡᠢ ᠶᠢ ᠨᠢ ᠱᠠᠯᠠᠪᠳᠡᠭᠤᠯᠣᠨ ᠲᠣᠭᠲᠠᠭᠰᠠᠨ ᠬᠤᠭᠤᠴᠠᠭᠠᠨ ᠳᠤ | ᠴᠡᠭᠴᠡᠯᠡᠨ ᠰᠠᠶᠢᠵᠢᠷᠠᠭᠤᠯᠵᠤ᠂ ᠮᠠᠨ ᠤ ᠬᠤᠲᠠ ᠶᠢᠨ ᠵᠤᠭᠠᠴᠠᠯ ᠤᠨ ᠠᠮᠤᠷ ᠲᠦᠪᠰᠢᠨ ᠤ ᠪᠠᠶᠢᠳᠠᠯ ᠤᠨ ᠲᠣᠭᠲᠠᠭᠤᠨ | ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ | ︵ᠭᠤᠷᠪᠠ︶ ᠴᠠᠭ ᠲᠤᠬᠠᠢ ᠳᠤᠨᠢ ᠳ᠋ᠦᠩᠨᠡᠨ ᠮᠡᠳᠡᠭᠦᠯᠵᠦ᠂ ᠣᠷᠳᠣ ᠬᠤᠭᠤᠴᠠᠭᠠᠨ ᠤ ᠪᠦᠲᠦᠮᠵᠢᠲᠡᠶ | ᠲᠣᠭᠲᠠᠴᠠ ᠶᠢ ᠪᠠᠶᠢᠭᠤᠯᠬᠤ ᠬᠡᠷᠡᠭᠲᠡᠢ᠃ | ᠠᠵᠤ ᠠᠬᠤᠶᠢᠯᠠᠯ ᠤᠨ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ | ᠠᠵᠢᠯ ᠤᠨ ᠳᠤᠮᠳᠠ ᠣᠯᠵᠤ ᠮᠡᠳᠡᠭᠰᠡᠨ ᠠᠰᠠᠭᠤᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠵᠠᠳᠠᠯᠤᠨ ᠰᠢᠨᠵᠢᠯᠡᠵᠦ | ᠰᠤᠳᠤᠯᠤᠨ ᠮᠠᠭᠠᠳᠯᠠᠵᠤ᠂ ᠠᠰᠠᠭᠤᠳᠠᠯ ᠤᠨ ᠡᠬᠡ ᠲᠠᠩᠰᠠ ᠪᠠᠶᠢᠭᠤᠯᠣᠨ᠂ ᠪᠠᠷᠢᠮᠵᠢᠶ᠎ᠠ ᠶᠣᠰᠣᠭᠠᠷ ᠳ᠋ᠤᠭᠠᠷ ᠢ ᠨᠢ | ᠬᠠᠰᠤᠬᠤ ᠶᠢ ᠬᠡᠷᠡᠭᠵᠢᠭᠦᠯᠬᠦ ᠬᠡᠷᠡᠭᠲᠡᠢ᠃ ᠡᠭᠦᠨ ᠤ ᠬᠠᠮᠲᠤ᠂ ᠵᠣᠭᠠᠴᠠᠯ ᠤᠨ ᠠᠮᠤᠷ ᠲᠦᠪᠰᠢᠨ ᠪᠠ ᠵᠠᠬ᠎ᠠ | ᠳᠡᠯᠭᠡᠭᠦᠷ ᠤᠨ ᠡᠮᠬᠢ ᠳᠢᠭᠯᠢᠮ ᠤᠨ ᠲᠠᠯ᠎ᠠ ᠶᠢᠨ ᠰᠡᠳᠬᠢᠴᠡ ᠠᠷᠭ᠎ᠠ ᠬᠡᠮᠵᠢᠶ᠎ᠡ᠂ ᠲᠤᠷᠰᠢᠯᠭ᠎ᠠ ᠠᠷᠭ᠎ᠠ ᠬᠢᠳᠡᠯ᠂ | ᠨᠡᠶᠢᠲᠡᠯᠢᠭ ᠬᠡᠷᠡᠭ ᠤᠨ ᠵᠢᠱᠢᠶ᠎ᠡ᠂ ᠠᠵᠢᠯ ᠤᠨ ᠠᠬᠢᠴᠠ ᠵᠡᠷᠭᠡ ᠬᠥᠳᠡᠯᠦᠩᠭᠦᠢ ᠴᠢᠨᠠᠷᠲᠠᠢ ᠮᠡᠳᠡᠭᠡ ᠵᠠᠩᠭᠢ ᠶᠢ | ᠮᠡᠳᠡᠭᠦᠯᠦᠨ ᠬᠦᠷᠭᠡᠬᠦ ᠠᠵᠢᠯ ᠢ ᠰᠠᠶᠢᠲᠤᠷ ᠠᠳᠬᠤᠨ᠎ᠠ᠃ | ᠳᠠᠭᠠᠯᠳᠤᠭᠤᠯᠤᠯ 2 | ᠷᠠᠰᠢᠶᠠᠨ ᠬᠤᠲᠠ ᠶᠢᠨ ᠵᠣᠭᠠᠴᠠᠯ ᠤᠨ ᠠᠮᠤᠷ ᠲᠦᠪᠰᠢᠨ ᠤ ᠠᠵᠢᠯ ᠤᠨ ᠤᠳᠤᠷᠢᠳᠬᠤ ᠳᠤᠭᠤᠶᠢᠯᠠᠩ | ᠳᠤᠭᠤᠶᠢᠯᠠᠩ ᠤᠨ ᠳᠠᠷᠤᠭ᠎ᠠ᠄ ᠸᠠᠩ ᠰᠢᠶᠣᠣ ᠬᠤᠸᠠᠨ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ | ᠬᠤᠲᠠ ᠶᠢᠨ ᠳᠠᠷᠤᠭ᠎ᠠ | ᠳᠤᠭᠤᠶᠢᠯᠠᠩ ᠤᠨ ᠳᠡᠳ᠋ ᠳᠠᠷᠤᠭ᠎ᠠ᠄ ᠰᠦᠨ ᠪᠠᠢ ᠴᠤᠸᠠᠨ ᠬᠤᠲᠠ ᠶᠢᠨ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ | ᠶᠠᠩ ᠪᠦᠦ ᠲᠢᠶᠠᠨ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ | ᠳᠠᠷᠤᠭ᠎ᠠ | ᠸᠧᠢ ᠵᠢᠦ ᠴᠢᠶᠠᠩ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ | ᠴᠢᠶᠣᠤ ᠹᠧᠩ ᠯᠢᠨ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ | ᠵᠣᠣ ᠰᠢ ᠵᠢᠦ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ | ᠲᠣᠪᠴᠢᠶᠠᠨ ᠤ ᠳᠠᠷᠤᠭ᠎ᠠ | ᠪᠦᠷᠢᠯᠳᠦᠭᠦᠨ᠄ ᠤᠣ ᠹᠧᠩ ᠪᠢᠨ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ | ᠪᠠᠢ ᠹᠧᠩ ᠷᠠᠰᠢᠶᠠᠨ ᠬᠤᠲᠠ ᠶᠢᠨ ᠰᠣᠶᠣᠯ ᠵᠣᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠳᠠᠷᠤᠭ᠎ᠠ | ᠴᠧᠨ ᠯᠧᠢ ᠷᠡᠰᠢᠶᠠᠨ ᠬᠤᠲᠠ ᠶᠢᠨ ᠭᠠᠯ ᠰᠠᠷᠭᠡᠶᠢᠯᠠᠵᠣ ᠤᠨᠲᠠᠷᠠᠭᠠᠬᠤ ᠠᠪᠤᠷᠠᠨ ᠲᠤᠰᠠᠯᠠᠬᠤ ᠶᠡᠭᠡ | ᠠᠩᠭᠢ ᠶᠢᠨ ᠳᠠᠷᠤᠭ᠎ᠠ | ᠯᠢ ᠬᠤᠩ ᠸᠧᠢ ᠷᠠᠰᠢᠶᠠᠨ ᠬᠤᠲᠠ ᠶᠢᠨ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠲᠣᠪᠴᠢᠶᠠᠨ ᠤ ᠳᠠᠷᠤᠭ᠎ᠠ | ᠯᠢᠦ ᠳ᠋ᠢᠶᠠᠨ ᠵᠢᠶᠦ᠋ᠨ ᠷᠠᠰᠢᠶᠠᠨ ᠬᠤᠲᠠ ᠶᠢᠨ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ | ᠳᠠᠷᠤᠭ᠎ᠠ | ᠬᠣ᠋ ᠷᠦᠢ ᠷᠠᠰᠢᠶᠠᠨ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠠᠵᠤ ᠠᠬᠤᠢ ᠮᠡᠳᠡᠭᠡ | ᠵᠠᠩᠭᠢᠵᠢᠯᠲᠠ ᠶᠢᠨ ᠲᠣᠪᠴᠢᠶ᠎ᠠ ᠶᠢᠨ ᠳᠠᠷᠤᠭ᠎ᠠ | ᠯᠢ ᠺᠧ ᠰᠢᠨ ᠷᠠᠰᠢᠶᠠᠨ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠷᠬᠢᠯᠡᠭᠴᠢ | ᠸᠠᠩ ᠠᠢ ᠵᠢᠶᠦ᠋ᠨ ᠷᠠᠰᠢᠶᠠᠨ ᠬᠤᠲᠠ ᠶᠢᠨ ᠵᠠᠮ ᠲᠡᠭᠡᠭᠡᠪᠦᠷᠢ ᠶᠢᠨ ᠬᠠᠮᠢᠶᠠᠷᠤᠯᠲᠠ ᠶᠢᠨ ᠲᠣᠪᠴᠢᠶᠠᠨ ᠤ | ᠳᠠᠷᠤᠭ᠎ᠠ | ᠵᠣᠣ ᠰᠢᠶᠣᠣ ᠭᠤᠸᠠᠩ ᠷᠠᠰᠢᠶᠠᠨ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ | ᠲᠣᠪᠴᠢᠶ᠎ᠠ ᠶᠢᠨ ᠳᠠᠷᠤᠭ᠎ᠠ | ᠸᠠᠩ ᠵᠢᠶᠠᠨ ᠯᠢᠨ ᠷᠠᠰᠢᠶᠠᠨ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ | ᠳᠠᠷᠤᠭ᠎ᠠ | ᠬᠤᠸᠠᠩ ᠶᠦᠩ ᠼᠠᠢ ᠤᠯᠤᠰ ᠤᠨ ᠴᠠᠬᠢᠯᠭᠠᠨ ᠲᠣᠣᠷ ᠤᠨ ᠷᠠᠰᠢᠶᠠᠨ ᠬᠤᠲᠠ ᠶᠢᠨ ᠴᠠᠬᠢᠯᠭᠠᠨ ᠬᠠᠩᠭᠠᠬᠤ | ᠺᠣᠮᠫᠠᠨᠢ ᠶᠢᠨ ᠶᠡᠷᠦᠩᠬᠡᠢ ᠳᠠᠭᠠᠭᠠᠮᠠᠯ | ᠵᠠᠩ ᠶᠦᠩ ᠴᠢᠶᠠᠩ ᠷᠠᠰᠢᠶᠠᠨ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ | ᠬᠠᠷᠢᠯᠴᠠᠭᠠᠨ ᠤ ᠴᠠᠭᠳᠠᠭ᠎ᠠ ᠶᠢᠨ ᠶᠡᠭᠡ ᠠᠩᠭᠢ ᠶᠢᠨ ᠳᠠᠷᠤᠭ᠎ᠠ |