ᠷᠠᠰᠢᠶᠠᠨ ᠬᠤᠲᠠ ᠶᠢᠨ 2023 ᠣᠨ ᠤ ᠡᠳ᠋ ᠤᠨ ᠵᠠᠰᠠᠭ ᠤᠨ ᠲᠠᠷᠢᠶᠠᠯᠠᠩ ᠮᠠᠯ ᠠᠵᠤ ᠠᠬᠤᠢ ᠳᠤ ᠬᠤᠯᠪᠣᠭᠳᠠᠬᠤ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠨ ᠡᠮᠬᠢᠯᠡᠨ ᠨᠡᠶᠢᠯᠡᠭᠦᠯᠵᠦ ᠬᠡᠷᠡᠭᠯᠡᠬᠦ ᠲᠥᠰᠥᠯ
ᠨᠡᠶᠢᠲᠡᠯᠡᠭᠰᠡᠨ ᠴᠠᠭ᠄
2023/8/29
ᠳᠠᠭᠠᠯᠳᠤᠭᠤᠯᠤᠯ     ᠷᠠᠰᠢᠶᠠᠨ ᠬᠤᠲᠠ ᠶᠢᠨ 2023 ᠣᠨ ᠤ ᠡᠳ᠋ ᠤᠨ ᠵᠠᠰᠠᠭ ᠤᠨ ᠲᠠᠷᠢᠶᠠᠯᠠᠩ ᠮᠠᠯ ᠠᠵᠤ ᠠᠬᠤᠢ ᠳᠤ ᠬᠤᠯᠪᠣᠭᠳᠠᠬᠤ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠨ ᠡᠮᠬᠢᠯᠡᠨ ᠨᠡᠶᠢᠯᠡᠭᠦᠯᠵᠦ ᠬᠡᠷᠡᠭᠯᠡᠬᠦ ᠲᠥᠰᠥᠯ     ᠳᠡᠭᠡᠳᠦ ᠱᠠᠲᠤᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠦᠷ᠎ᠡ ᠪᠦᠲᠦᠭᠡᠯ ᠢ ᠪᠠᠲᠤᠳᠬᠠᠨ ᠥᠷᠭᠡᠳᠬᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠯ᠎ᠡ ᠲᠥᠷᠥᠯ ᠤᠨ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠠᠬᠢᠭᠤᠯᠵᠤ᠂  ᠣᠷᠣᠨ᠂ ᠠᠶᠢᠮᠠᠭ ᠤᠨ ︽2023 ᠣᠨ ᠤ ᠶᠠᠳᠠᠭᠤ ᠠᠴᠠ ᠠᠩᠭᠢᠵᠢᠷᠠᠭᠤᠯᠬᠤ ᠬᠤᠰᠢᠭᠤ ᠰᠢᠶᠠᠨ ᠬᠤᠳᠡ ᠳᠤ ᠡᠳ᠋ ᠤᠨ ᠵᠠᠰᠠᠭ ᠤᠨ ᠲᠠᠷᠢᠶᠠᠯᠠᠩ ᠮᠠᠯ ᠠᠵᠤ ᠠᠬᠤᠢ ᠳᠤ ᠬᠤᠯᠪᠣᠭᠳᠠᠬᠤ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠨ ᠡᠮᠬᠢᠯᠡᠨ ᠨᠡᠶᠢᠯᠡᠭᠦᠯᠵᠦ ᠬᠡᠷᠡᠭᠯᠡᠬᠦ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ᠂ ᠮᠠᠨ ᠤ ᠬᠤᠲᠠ ᠶᠢᠨ ᠡᠳ᠋ ᠤᠨ ᠵᠠᠰᠠᠭ ᠤᠨ ᠲᠠᠷᠢᠶᠠᠯᠠᠩ ᠮᠠᠯ ᠠᠵᠤ ᠠᠬᠤᠢ ᠳᠤ ᠬᠤᠯᠪᠣᠭᠳᠠᠬᠤ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠬᠦ ᠲᠣᠭᠲᠠᠴᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠦᠨ᠂ ᠪᠣᠳᠠᠲᠠᠢ ᠲᠠᠢ ᠪᠠᠨ ᠤᠶᠠᠯᠳᠤᠭᠤᠯᠤᠨ᠂ ᠪᠡᠯᠡ ᠮᠥᠩᠭᠦ ᠶᠢ ᠡᠮᠬᠢᠯᠡᠨ ᠨᠡᠶᠢᠯᠡᠭᠦᠯᠬᠦ ᠲᠥᠰᠥᠯ ᠢ ᠣᠨᠴᠠᠭᠠᠶᠢᠯᠠᠨ ᠳᠣᠣᠷᠠᠬᠢ ᠮᠡᠲᠦ ᠲᠣᠭᠲᠠᠭᠠᠪᠠ᠃     ᠨᠢᠭᠡ᠂ ᠶᠡᠷᠦᠩᠬᠡᠢ ᠱᠠᠭᠠᠷᠳᠠᠯᠭ᠎ᠠ     ︵ᠨᠢᠭᠡ︶ ᠵᠢᠯᠤᠭᠤᠳᠬᠤ ᠦᠵᠡᠯ ᠰᠠᠨᠠᠭ᠎ᠠ     ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠭᠤᠶᠢᠪᠢᠰᠢ ᠦᠭᠡᠢ ᠲᠤᠭᠤᠰᠢᠯᠠᠭᠤᠯᠣᠨ᠂ ᠴᠢᠨᠠᠷ ᠰᠠᠶᠢᠲᠠᠢ ᠬᠥᠭᠵᠢᠯᠲᠡ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠬᠠᠮᠲᠤ ᠪᠠᠷ ᠴᠢᠨᠡᠭᠡᠯᠢᠭᠵᠢᠬᠦ ᠴᠢᠭᠯᠡᠯ ᠢ ᠪᠠᠷᠢᠮᠲᠠᠯᠠᠵᠤ᠂ ᠠᠵᠤ ᠦᠢᠯᠡᠰ ᠤᠨ ᠬᠥᠭᠵᠢᠯᠲᠡ ᠶᠢᠨ ᠵᠢᠮ᠎ᠡ ᠶᠣᠰᠣᠨ ᠳᠤ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢ ᠴᠢᠩᠭᠠᠳᠬᠠᠵᠤ᠂ ᠲᠦᠷᠦ ᠶᠢᠨ ᠪᠣᠳᠣᠯᠭ᠎ᠠ ᠪᠠᠷ ᠲᠡᠳᠬᠦᠨ ᠳᠡᠮᠵᠢᠬᠦ ᠶᠢ ᠴᠢᠩᠭᠠᠳᠬᠠᠨ᠂ ᠠᠵᠤ ᠦᠢᠯᠡᠰ ᠤᠨ ᠬᠡᠯᠬᠢᠶ᠎ᠡ ᠶᠢ ᠪᠦᠷᠢᠨᠰᠢᠭᠦᠯᠵᠦ᠂ ᠡᠯᠧᠮᠧᠨ᠋ᠲ ᠤᠨ ᠳᠤᠲᠠᠭᠤᠳᠠᠯ ᠢ ᠨᠥᠬᠦᠪᠦᠷᠢᠯᠡᠵᠦ ᠂ ᠶᠠᠳᠠᠭᠤ ᠠᠴᠠ ᠠᠩᠭᠢᠵᠢᠷᠠᠭᠤᠯᠬᠤ ᠭᠠᠵᠠᠷ ᠣᠷᠣᠨ ᠤ ᠣᠨᠴᠠᠯᠢᠭᠲᠤ ᠠᠵᠤ ᠦᠢᠯᠡᠰ ᠢ ᠤᠷᠳᠤ ᠬᠤᠭᠤᠴᠠᠭ᠎ᠠ ᠪᠠᠷ ᠪᠣᠶᠢᠵᠢᠭᠤᠯᠤᠨ ᠳᠡᠮᠵᠢᠵᠦ᠂ ᠠᠵᠤ ᠦᠢᠯᠡᠰ ᠤᠨ ᠦᠷᠳᠡᠭ ᠤᠨ ᠨᠡᠮᠡᠭᠳᠡᠯ  ᠦᠷ᠎ᠡ ᠠᠰᠢᠭ ᠢ ᠨᠡᠮᠡᠭᠳᠡᠭᠦᠯᠬᠦ ᠣᠷᠣᠨ ᠵᠠᠢ ᠶᠢ ᠥᠷᠭᠡᠳᠬᠡᠵᠦ᠂ ᠠᠵᠢᠯ ᠣᠯᠭᠤᠯᠲᠠ ᠶᠢᠨ ᠣᠷᠣᠯᠭ᠎ᠠ ᠶᠢ ᠨᠡᠮᠡᠭᠳᠡᠭᠦᠯᠬᠦ ᠨᠡᠩ ᠤᠯᠠᠨ ᠠᠵᠠ ᠲᠣᠬᠢᠶᠠᠯ ᠢ ᠡᠭᠦᠳᠣᠨ᠂ ᠳᠣᠲᠣᠭᠠᠳᠤ ᠶᠢᠨ ᠦᠷᠭᠦᠯᠵᠢᠯᠡᠬᠦ ᠬᠥᠭᠵᠢᠯᠲᠡ ᠶᠢ ᠠᠬᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠶᠢ ᠪᠡᠶᠡᠯᠡᠭᠦᠯᠬᠦ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ᠃      ︵ᠬᠤᠶᠠᠷ︶ ᠬᠡᠷᠡᠭᠵᠢᠭᠦᠯᠬᠦ ᠬᠠᠷᠠᠯᠲᠠ      ᠡᠳ᠋ ᠤᠨ ᠵᠠᠰᠠᠭ ᠤᠨ ᠲᠠᠷᠢᠶᠠᠯᠠᠩ ᠮᠠᠯ ᠠᠵᠤ ᠠᠬᠤᠢ ᠳᠤ ᠬᠤᠯᠪᠣᠭᠳᠠᠬᠤ ᠪᠡᠯᠡ ᠮᠥᠩᠭᠦ  ᠶᠢ ᠨᠢᠭᠡᠳᠦᠯᠲᠡᠢ ᠲᠥᠯᠥᠪᠯᠡᠨ ᠨᠢᠭᠡᠳᠬᠡᠬᠦ ᠪᠠᠷ ᠳᠡᠮᠵᠢᠨ᠂ ︽ᠲᠣᠰ ᠲᠣᠰ ᠲᠠᠭᠠᠨ ᠨᠢᠭᠡ ᠫᠢᠯᠠ ᠨᠣᠭᠤᠭ᠎ᠠ ᠬᠠᠭᠤᠷᠴᠤ᠂ ᠬᠠᠮᠲᠤ ᠪᠠᠷ ᠨᠢᠭᠡ ᠰᠢᠷᠡᠭᠡ ᠬᠤᠭᠤᠯᠠ ᠢᠳᠡᠬᠦ︾ ᠪᠡᠯᠡ ᠮᠥᠩᠭᠦ ᠶᠢ ᠡᠮᠬᠢᠯᠡᠨ ᠨᠡᠶᠢᠯᠡᠭᠦᠯᠬᠦ ᠰᠢᠨ᠎ᠡ ᠪᠠᠶᠢᠷᠢᠰᠢᠯ ᠢ ᠪᠣᠶ ᠪᠣᠯᠭᠠᠵᠤ᠂ ᠪᠠᠯᠭᠠᠰᠤ᠂ ᠲᠣᠰᠬᠤᠨ ᠤ ᠳᠣᠲᠣᠭᠠᠳᠤ ᠶᠢᠨ ᠬᠥᠳᠡᠯᠭᠡᠬᠦ ᠬᠦᠴᠦᠨ ᠢ ᠬᠥᠭᠵᠢᠭᠡᠨ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠᠷ ᠬᠠᠷᠠᠯᠲᠠ ᠪᠣᠯᠭᠠᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠥᠯᠦᠪᠵᠢᠭᠦᠯᠭᠡ ᠪᠠᠷ ᠵᠢᠯᠣᠭᠤᠳᠤᠮᠵᠢ ᠪᠣᠯᠭᠠᠵᠤ᠂ ᠲᠥᠷᠥᠯ ᠵᠦᠢᠯ ᠢᠶᠠᠷ ᠲᠠᠪᠴᠠᠩ ᠪᠣᠯᠭᠠᠨ᠂ ᠦᠷ᠎ᠡ ᠪᠦᠲᠦᠮᠵᠢ ᠪᠠᠷ ᠤᠳᠤᠷᠢᠳᠤᠮᠵᠢ ᠪᠣᠯᠭᠠᠵᠤ᠂ ᠡᠳ᠋ ᠤᠨ ᠵᠠᠰᠠᠭ ᠤᠨ ᠲᠠᠷᠢᠶᠠᠯᠠᠩ ᠮᠠᠯ ᠠᠵᠤ ᠠᠬᠤᠢ ᠳᠤ ᠬᠤᠯᠪᠣᠭᠳᠠᠬᠤ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠨ ᠡᠮᠬᠢᠯᠡᠨ ᠨᠡᠶᠢᠯᠡᠭᠦᠯᠵᠦ᠂ ᠡᠳ᠋ ᠤᠨ ᠵᠠᠰᠠᠭ ᠤᠨ ᠲᠠᠷᠢᠶᠠᠯᠠᠩ ᠮᠠᠯ ᠠᠵᠤ ᠠᠬᠤᠢ ᠳᠤ ᠬᠤᠯᠪᠣᠭᠳᠠᠬᠤ ᠪᠡᠯᠡ ᠮᠥᠩᠭᠦ ᠶᠢᠨ ᠬᠡᠷᠡᠭᠯᠡᠯᠲᠡ ᠶᠢᠨ ᠣᠨᠣᠪᠴᠢ ᠶᠢᠨ ᠬᠡᠮᠵᠢᠶ᠎ᠡ ᠪᠠ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠦᠨ᠎ᠡ᠃     ︵ᠭᠤᠷᠪᠠ︶ ᠦᠨᠳᠦᠰᠦᠨ ᠵᠠᠷᠴᠢᠮ     1.ᠨᠢᠭᠡᠳᠦᠯᠲᠡᠢ ᠲᠥᠯᠥᠪᠯᠡᠨ ᠲᠣᠬᠢᠷᠠᠭᠤᠯᠵᠤ᠂ ᠠᠷᠭ᠎ᠠ ᠵᠠᠮ ᠢ ᠨᠢ ᠬᠤᠪᠢᠷᠠᠭᠤᠯᠬᠤ ᠦᠭᠡᠢ᠃ ᠨᠢᠭᠡᠳᠦᠯᠲᠡᠢ ᠲᠥᠯᠥᠪᠯᠡᠨ ᠡᠮᠬᠢᠯᠡᠨ ᠨᠡᠶᠢᠯᠡᠭᠦᠯᠵᠦ ᠬᠡᠷᠡᠭᠯᠡᠬᠦ ᠬᠡᠪᠴᠢᠶᠡᠨ ᠳᠤ ᠣᠷᠣᠭᠤᠯᠤᠭᠰᠠᠨ ᠡᠳ᠋ ᠤᠨ ᠵᠠᠰᠠᠭ ᠤᠨ ᠲᠠᠷᠢᠶᠠᠯᠠᠩ ᠮᠠᠯ ᠠᠵᠤ ᠠᠬᠤᠢ ᠳᠤ ᠬᠤᠯᠪᠣᠭᠳᠠᠬᠤ ᠪᠡᠯᠡ ᠮᠥᠩᠭᠦ ᠳᠤ᠂ ᠪᠡᠯᠡ ᠮᠥᠩᠭᠦ ᠶᠢᠨ ᠰᠢᠨᠵᠢ ᠴᠢᠨᠠᠷ ᠢ ᠬᠤᠪᠢᠷᠠᠭᠤᠯᠬᠤ ᠦᠭᠡᠢ᠂ ᠠᠷᠭ᠎ᠠ ᠵᠠᠮ ᠢ ᠬᠤᠪᠢᠷᠠᠭᠤᠯᠬᠤ ᠦᠭᠡᠢ᠂ ᠬᠢᠨᠠᠯᠲᠠ ᠬᠠᠮᠢᠶᠠᠷᠤᠯᠲᠠ ᠶᠢ ᠬᠤᠪᠢᠷᠠᠭᠤᠯᠬᠤ ᠦᠭᠡᠢ ᠪᠠᠶᠢᠬᠤ ᠵᠠᠷᠴᠢᠮ ᠢ ᠪᠠᠷᠢᠮᠲᠠᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠯᠠᠭ᠎ᠠ ᠮᠥᠴᠢᠷ ᠠᠴᠠ ᠬᠤᠷᠢᠶᠠᠩᠭᠤᠶᠢᠯᠠᠭᠰᠠᠨ ᠤ ᠳᠠᠷᠠᠭ᠎ᠠ ᠬᠤᠲᠠ ᠶᠢᠨ ᠵᠠᠰᠠᠭ ᠤᠨ ᠣᠷᠳᠣᠨ ᠳᠤ ᠮᠡᠳᠡᠭᠦᠯᠦᠨ ᠬᠢᠨᠠᠨ ᠵᠥᠪᠰᠢᠶᠡᠷᠡᠭᠦᠯᠬᠦ ᠶᠢᠨ ᠬᠠᠮᠲᠤ ᠳᠠᠩᠰᠠᠯᠠᠭᠤᠯᠤᠨ᠎ᠠ᠃     2. ᠵᠠᠰᠠᠭ ᠤᠨ ᠣᠷᠳᠣᠨ ᠢᠶᠠᠷ ᠭᠤᠣᠯᠯᠠᠭᠤᠯᠵᠤ᠂ ᠡᠷᠬᠡ ᠬᠠᠷᠢᠭᠤᠴᠠᠯᠭ᠎ᠠ ᠶᠢ ᠨᠢᠭᠡᠳᠦᠯᠲᠡᠢ ᠪᠠᠶᠢᠯᠭᠠᠨ᠎ᠠ᠃ ᠪᠡᠯᠡ ᠮᠥᠩᠭᠦ ᠶᠢ ᠡᠮᠬᠢᠯᠡᠨ ᠨᠡᠶᠢᠯᠡᠭᠦᠯᠬᠦ ᠦᠢᠯᠡᠳᠦᠯ ᠢ ᠭᠦᠢᠴᠡᠳ ᠪᠠᠳᠠᠷᠠᠭᠤᠯᠵᠤ᠂ ᠬᠤᠲᠠ ᠶᠢᠨ ᠵᠠᠰᠠᠭ ᠤᠨ ᠣᠷᠳᠣᠨ ᠠᠴᠠ ᠨᠢᠭᠡᠳᠦᠯᠲᠡᠢ ᠲᠥᠯᠥᠪᠵᠢᠭᠦᠯᠵᠦ᠂ ᠪᠥᠬᠦ ᠬᠤᠲᠠ ᠶᠢᠨ ᠠᠵᠤ ᠦᠢᠯᠡᠰ ᠤᠨ ᠶᠡᠷᠦᠩᠬᠡᠢ ᠪᠠᠶᠢᠷᠢᠯᠠᠭᠤᠯᠤᠯᠲᠠ ᠶᠢ ᠨᠢᠭᠡᠳᠦᠯᠲᠡᠢ ᠲᠥᠯᠥᠪᠯᠡᠨ ᠪᠣᠳᠣᠯᠬᠢᠯᠠᠬᠤ ᠮᠥᠷᠲᠡᠭᠡᠨ ᠪᠠᠰᠠ ᠡᠯ᠎ᠡ ᠪᠠᠯᠭᠠᠰᠤᠨ ᠤ ᠠᠵᠤ ᠦᠢᠯᠡᠰ ᠤᠨ ᠬᠥᠭᠵᠢᠯᠲᠡ ᠶᠢᠨ ᠪᠣᠳᠠᠲᠤ ᠪᠠᠶᠢᠳᠠᠯ ᠢ ᠬᠠᠮᠲᠤ ᠳᠤᠨᠢ ᠬᠠᠷᠠᠭᠠᠯᠵᠠᠵᠤ᠂ ᠪᠡᠯᠡ ᠮᠥᠩᠭᠦ ᠶᠢ ᠶᠡᠷᠦᠩᠬᠡᠶᠢᠯᠡᠨ ᠨᠢᠭᠡᠳᠦᠯᠲᠡᠢ ᠲᠥᠯᠥᠪᠯᠡᠨ ᠬᠡᠷᠡᠭᠯᠡᠬᠦ ᠬᠡᠷᠡᠭᠲᠡᠢ᠃     3. ᠨᠠᠷᠢᠯᠢᠭ ᠣᠨᠣᠴᠠᠲᠠᠢ ᠪᠠᠷ ᠬᠡᠷᠡᠭᠯᠡᠵᠦ᠂ ᠦᠷ᠎ᠡ ᠠᠰᠢᠭ ᠢ ᠳᠡᠭᠡᠭᠰᠢᠯᠡᠭᠦᠯᠦᠨ᠎ᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠥᠯᠦᠪᠵᠢᠭᠦᠯᠭᠡ ᠪᠠᠷ ᠪᠡᠯᠡ ᠮᠥᠩᠭᠦ ᠶᠢᠨ ᠣᠷᠣᠭᠤᠯᠤᠯᠲᠠ ᠶᠢ ᠬᠥᠲᠥᠯᠥᠨ ᠳᠠᠭᠠᠭᠤᠯᠵᠤ᠂ ᠲᠦᠷᠦᠯ ᠵᠦᠢᠯ ᠤᠨ ᠣᠯᠣᠭᠰᠠᠨ ᠦᠷ᠎ᠡ ᠪᠦᠲᠦᠮᠵᠢ ᠶᠢ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠬᠡᠮᠵᠢᠬᠦ ᠭᠤᠣᠯ ᠪᠠᠷᠢᠮᠵᠢᠶ᠎ᠠ ᠪᠣᠯᠭᠠᠵᠤ᠂ ᠠᠵᠤ ᠦᠢᠯᠡᠰ ᠢᠶᠠᠷ ᠬᠥᠭᠵᠢᠭᠦᠯᠦᠨ ᠮᠠᠨᠳᠤᠭᠤᠯᠬᠤ᠂ ᠴᠢᠳᠠᠪᠤᠷᠢᠲᠠᠨ ᠢᠶᠠᠷ ᠬᠥᠭᠵᠢᠭᠦᠯᠦᠨ ᠮᠠᠨᠳᠤᠭᠤᠯᠬᠤ᠂ ᠰᠣᠶᠣᠯ ᠢᠶᠠᠷ ᠬᠥᠭᠵᠢᠭᠦᠯᠦᠨ ᠮᠠᠨᠳᠤᠭᠤᠯᠬᠤ᠂ ᠠᠮᠢ ᠠᠬᠤᠢ ᠢᠶᠠᠷ ᠬᠥᠭᠵᠢᠭᠦᠯᠦᠨ ᠮᠠᠨᠳᠤᠭᠤᠯᠬᠤ᠂ ᠵᠣᠬᠢᠶᠠᠨ ᠪᠠᠶᠢᠭᠤᠯᠤᠯᠲᠠ ᠢᠶᠠᠷ ᠬᠥᠭᠵᠢᠭᠦᠯᠦᠨ ᠮᠠᠨᠳᠤᠭᠤᠯᠬᠤ ᠲᠠᠢ ᠨᠢᠭᠲᠠ ᠤᠶᠠᠯᠳᠤᠭᠤᠯᠤᠨ ᠲᠦᠷᠦᠯ ᠵᠦᠢᠯ ᠢ ᠪᠠᠶᠢᠷᠢᠯᠠᠭᠤᠯᠵᠤ᠂ ᠤᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠦᠢᠯᠡᠰ ᠪᠣᠰᠬᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠠᠪᠤᠴᠠ ᠳᠤ ᠠᠷᠠᠳ ᠢ ᠪᠠᠶᠠᠵᠢᠭᠤᠯᠤᠨ ᠦᠢᠯᠡᠰ ᠢ ᠬᠥᠭᠵᠢᠭᠦᠯᠬᠦ ᠶᠢ ᠪᠡᠶᠡᠯᠡᠭᠦᠯᠬᠦ ᠬᠡᠷᠡᠭᠲᠡᠢ᠃     4. ᠵᠣᠬᠢᠴᠠᠭᠤᠯᠬᠤ ᠪᠠᠨ ᠴᠢᠩᠭᠠᠳᠬᠠᠵᠤ᠂  ᠱᠠᠯᠠᠪᠳᠡᠭᠤᠯᠣᠨ ᠵᠢᠯᠤᠭᠤᠳᠬᠤ  ᠠᠵᠢᠯ ᠢᠶᠠᠨ ᠴᠢᠩᠭᠠᠷᠠᠭᠤᠯᠤᠨ᠎ᠠ ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠵᠣᠬᠢᠴᠠᠭᠤᠯᠤᠨ ᠬᠠᠮᠵᠢᠯᠴᠠᠬᠤ ᠪᠠᠨ ᠴᠢᠩᠭᠠᠳᠬᠠᠵᠤ᠂ ᠡᠯ᠎ᠡ ᠪᠠᠯᠭᠠᠰᠤ ᠶᠢ ᠨᠠᠷᠢᠨ ᠨᠢᠮᠪᠠᠢ ᠵᠢᠯᠤᠭᠤᠳᠴᠤ ᠪᠠᠶᠢᠭᠠᠳ ᠪᠡᠯᠡ ᠮᠥᠩᠭᠦ ᠶᠢᠨ ᠬᠡᠷᠡᠭᠯᠡᠯᠲᠡ ᠶᠢ ᠡᠮᠬᠢᠯᠡᠨ ᠨᠡᠶᠢᠯᠡᠭᠦᠯᠬᠦ ᠠᠵᠢᠯ ᠢ ᠰᠠᠶᠢᠲᠤᠷ ᠥᠷᠨᠢᠭᠦᠯᠵᠦ᠂ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠪᠦᠲᠦᠮᠵᠢ ᠳᠤ ᠬᠢᠨᠠᠯᠲᠠ ᠲᠠᠯᠪᠢᠬᠤ ᠪᠠ ᠬᠢᠨᠠᠨ ᠰᠢᠯᠭᠠᠬᠤ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠬᠤ ᠬᠡᠷᠡᠭᠲᠡᠢ᠃     ᠬᠤᠶᠠᠷ᠂ ᠡᠮᠬᠢᠯᠡᠨ ᠨᠡᠶᠢᠯᠡᠭᠦᠯᠬᠦ ᠠᠷᠭ᠎ᠠ ᠬᠡᠮᠵᠢᠶ᠎ᠡ     ︵ᠨᠢᠭᠡ︶ ᠡᠮᠬᠢᠯᠡᠨ ᠨᠡᠶᠢᠯᠡᠭᠦᠯᠬᠦ ᠭᠤᠣᠯ ᠴᠣᠭᠴᠠ ᠶᠢ ᠲᠣᠳᠣᠷᠬᠠᠶᠢᠯᠠᠨ᠎ᠠ      ᠬᠤᠲᠠ ᠶᠢᠨ ᠲᠠᠷᠢᠶᠠᠯᠠᠩ ᠮᠠᠯ ᠠᠵᠤ ᠠᠬᠤᠢ ᠳᠤ ᠬᠤᠯᠪᠣᠭᠳᠠᠬᠤ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠨ ᠡᠮᠬᠢᠯᠡᠨ ᠨᠡᠶᠢᠯᠡᠭᠦᠯᠵᠦ ᠬᠡᠷᠡᠭᠯᠡᠬᠦ ᠤᠳᠤᠷᠢᠳᠬᠤ ᠳᠤᠭᠤᠶᠢᠯᠠᠩ ᠪᠦᠬᠦ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢ ᠦᠨᠳᠦᠰᠦᠯᠡᠨ᠂ ᠡᠳ᠋ ᠤᠨ ᠵᠠᠰᠠᠭ ᠤᠨ ᠲᠠᠷᠢᠶᠠᠯᠠᠩ ᠮᠠᠯ ᠠᠵᠤ ᠠᠬᠤᠢ ᠳᠤ ᠬᠤᠯᠪᠣᠭᠳᠠᠬᠤ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠨ ᠡᠮᠬᠢᠯᠡᠨ ᠨᠡᠶᠢᠯᠡᠭᠦᠯᠵᠦ ᠬᠡᠷᠡᠭᠯᠡᠬᠦ ᠪᠣᠳᠠᠲᠠᠢ ᠠᠷᠭ᠎ᠠ ᠪᠠ ᠬᠡᠷᠡᠭᠵᠢᠭᠦᠯᠬᠦ ᠲᠥᠰᠥᠯ ᠢ ᠲᠣᠭᠲᠠᠭᠠᠵᠤ᠂ ᠰᠠᠯᠠᠭ᠎ᠠ ᠮᠥᠴᠢᠷ ᠤᠨ ᠠᠵᠢᠯ ᠤᠨ ᠬᠤᠪᠢᠶᠠᠷᠢᠯᠠᠯ᠂ ᠠᠵᠢᠯᠯᠠᠬᠤ ᠲᠠᠰ ᠳᠠᠷᠠᠭᠠᠯᠠᠯ᠂ ᠪᠡᠯᠡ ᠮᠥᠩᠭᠦ ᠶᠢᠨ ᠬᠡᠷᠡᠭᠴᠡᠭᠡ᠂ ᠬᠢᠨᠠᠨ ᠬᠠᠮᠢᠶᠠᠷᠬᠤ ᠠᠷᠭ᠎ᠠ ᠬᠡᠮᠵᠢᠶ᠎ᠡ ᠵᠡᠷᠭᠡ ᠶᠢ ᠲᠣᠳᠣᠷᠬᠠᠶᠢᠯᠠᠵᠤ᠂ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠨ ᠡᠮᠬᠢᠯᠡᠨ ᠨᠡᠶᠢᠯᠡᠭᠦᠯᠵᠦ ᠬᠡᠷᠡᠭᠯᠡᠬᠦ ᠲᠥᠰᠥᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠯᠠᠭ᠎ᠠ ᠮᠥᠴᠢᠷ ᠠᠴᠠ ᠬᠤᠷᠢᠶᠠᠩᠭᠤᠶᠢᠯᠠᠭᠰᠠᠨ ᠤ ᠳᠠᠷᠠᠭ᠎ᠠ ᠬᠤᠲᠠ ᠶᠢᠨ ᠵᠠᠰᠠᠭ ᠤᠨ ᠣᠷᠳᠣᠨ ᠳᠤ ᠮᠡᠳᠡᠭᠦᠯᠦᠨ ᠬᠢᠨᠠᠨ ᠵᠥᠪᠰᠢᠶᠡᠷᠡᠭᠦᠯᠬᠦ ᠶᠢᠨ ᠬᠠᠮᠲᠤ ᠳᠠᠩᠰᠠᠯᠠᠭᠤᠯᠤᠨ᠎ᠠ᠃     ︵ᠬᠤᠶᠠᠷ︶ ᠲᠥᠷᠥᠯ ᠵᠦᠢᠯ ᠤᠨ ᠬᠢᠨᠠᠨ ᠵᠥᠪᠰᠢᠶᠡᠷᠡᠬᠦ ᠬᠠᠮᠢᠶᠠᠷᠤᠯᠲᠠ ᠶᠢ ᠴᠢᠩᠭᠠᠳᠬᠠᠨ᠎ᠠ     ᠲᠥᠰᠥᠯ ᠢᠶᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨᠴᠢ ᠪᠥᠭᠡᠳ ᠡᠮᠬᠢ ᠵᠢᠷᠤᠮ ᠲᠠᠢ ᠪᠠᠷ ᠠᠬᠢᠭᠤᠯᠤᠨ᠎ᠠ᠃ ᠡᠯ᠎ᠡ ᠪᠠᠯᠭᠠᠰᠤ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠨᠢᠭᠡᠳᠦᠯᠲᠡᠢ ᠤᠳᠤᠷᠢᠳᠤᠯᠭ᠎ᠠ ᠳᠣᠣᠷ᠎ᠠ᠂ ᠨᠢᠭᠡᠳᠦᠯᠲᠡᠢ ᠲᠥᠯᠥᠪᠯᠡᠨ ᠡᠮᠬᠢᠯᠡᠨ ᠨᠡᠶᠢᠯᠡᠭᠦᠯᠵᠦ ᠬᠡᠷᠡᠭᠯᠡᠬᠦ ᠲᠥᠰᠥᠯ ᠢ ᠴᠢᠩᠭ᠎ᠠ ᠬᠡᠷᠡᠭᠵᠢᠭᠦᠯᠵᠦ᠂ ᠲᠥᠰᠥᠯ ᠢᠶᠠᠷ ᠵᠢᠯᠣᠭᠤᠳᠤᠯᠭ᠎ᠠ ᠪᠣᠯᠭᠠᠨ᠂ ᠡᠮᠬᠢᠯᠡᠨ ᠨᠡᠶᠢᠯᠡᠭᠦᠯᠬᠦ ᠪᠡᠯᠡ ᠮᠥᠩᠭᠦ ᠶᠢ ᠰᠠᠶᠢᠲᠤᠷ ᠬᠡᠷᠡᠭᠯᠡᠵᠦ᠂ ᠲᠥᠷᠥᠯ ᠵᠦᠢᠯ ᠨᠢ ᠲᠥᠰᠥᠯ ᠢ ᠳᠠᠭᠠᠵᠤ ᠂ ᠪᠡᠯᠡ ᠮᠥᠩᠭᠦ ᠨᠢ ᠲᠥᠷᠥᠯ ᠵᠦᠢᠯ ᠢ ᠳᠠᠭᠠᠵᠤ᠂ ᠣᠷᠣᠭᠤᠯᠤᠯᠲᠠ ᠪᠠᠨ ᠲᠥᠪᠯᠡᠷᠡᠭᠦᠯᠦᠨ᠂ ᠪᠡᠯᠡ ᠮᠥᠩᠭᠦ ᠶᠢ ᠡᠮᠬᠢᠯᠡᠨ ᠨᠡᠶᠢᠯᠡᠭᠦᠯᠬᠦ ᠶᠢ ᠰᠢᠨᠵᠢᠯᠡᠬᠦ ᠤᠬᠠᠭᠠᠨᠴᠢᠯᠠᠬᠤ᠂ ᠳᠦᠷᠢᠮᠵᠢᠭᠦᠯᠬᠦ᠂ ᠵᠢᠷᠤᠮᠵᠢᠭᠤᠯᠬᠤ ᠬᠡᠷᠡᠭᠲᠡᠢ᠃     ᠭᠤᠷᠪᠠ᠂ ᠡᠮᠬᠢᠯᠡᠨ ᠨᠡᠶᠢᠯᠡᠭᠦᠯᠬᠦ ᠬᠡᠪᠴᠢᠶ᠎ᠡ      2023 ᠣᠨ ᠳᠤ 4769.3388 ᠲᠦᠮᠡᠨ ᠲᠥᠭᠦᠷᠢᠭ ᠤᠨ ᠲᠠᠷᠢᠶᠠᠯᠠᠩ ᠮᠠᠯ ᠠᠵᠤ ᠠᠬᠤᠢ ᠳᠤ ᠬᠤᠯᠪᠣᠭᠳᠠᠭᠰᠠᠨ ᠪᠡᠯᠡ ᠮᠥᠩᠭᠦ ᠶᠢ ᠡᠮᠬᠢᠯᠡᠨ ᠨᠡᠶᠢᠯᠡᠭᠦᠯᠬᠦ ᠪᠠᠷ ᠲᠥᠯᠥᠪᠯᠡᠵᠦ ᠪᠣᠶ᠂ ᠡᠭᠦᠨ ᠳᠤ᠄ ᠲᠥᠪ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠬᠤ ᠪᠡᠯᠡ ᠮᠥᠩᠭᠦ 3893 ᠲᠦᠮᠡᠨ ᠲᠥᠭᠦᠷᠢᠭ ︵ᠲᠥᠪ ᠠᠴᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢ ᠵᠣᠯᠭᠠᠭᠤᠯᠬᠤ ᠡᠭᠦᠷᠭᠡ ᠶᠢᠨ ᠨᠥᠬᠦᠪᠦᠷᠢ ᠪᠡᠯᠡ ᠮᠥᠩᠭᠦ 1010 ᠲᠦᠮᠡᠨ ᠲᠥᠭᠦᠷᠢᠭ᠂ ᠬᠥᠭᠵᠢᠭᠡᠳᠦᠢ ᠤᠯᠤᠰ ᠤᠨ ᠥᠮᠴᠢᠯᠡᠯ ᠤᠨ ᠣᠶ ᠰᠢᠭᠤᠢ ᠶᠢᠨ ᠲᠠᠯᠠᠪᠠᠶ ᠶᠢ ᠪᠠᠬᠢᠵᠢᠭᠦᠯᠦᠨ ᠳᠡᠭᠡᠭᠰᠢᠯᠡᠭᠦᠯᠬᠦ ᠡᠭᠦᠷᠭᠡ ᠶᠢᠨ ᠪᠡᠯᠡ ᠮᠥᠩᠭᠦ 100 ᠲᠦᠮᠡᠨ ᠲᠥᠭᠦᠷᠢᠭ ᠪᠠᠭᠲᠠᠨ᠎ᠠ︶ ᠢ ᠡᠮᠬᠢᠯᠡᠨ ᠨᠡᠶᠢᠯᠡᠭᠦᠯᠦᠨ᠎ᠡ︔ ᠣᠷᠣᠨ ᠤ ᠱᠠᠲᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠬᠤ ᠪᠡᠯᠡ ᠮᠥᠩᠭᠦ 598.5088 ᠲᠦᠮᠡᠨ ᠲᠥᠭᠦᠷᠢᠭ ︵ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠬᠤ ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢ ᠠᠬᠢᠭᠤᠯᠬᠤ ᠡᠭᠦᠷᠭᠡ ᠶᠢᠨ ᠨᠥᠬᠦᠪᠦᠷᠢ ᠪᠡᠯᠡ ᠮᠥᠩᠭᠦ 88 ᠲᠦᠮᠡᠨ ᠲᠥᠭᠦᠷᠢᠭ ᠪᠠᠭᠲᠠᠨ᠎ᠠ︶ ᠢ ᠡᠮᠬᠢᠯᠡᠨ ᠨᠡᠶᠢᠯᠡᠭᠦᠯᠵᠦ᠂ ᠠᠶᠢᠮᠠᠭ ᠤᠨ ᠱᠠᠲᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠬᠤ ᠪᠡᠯᠡ ᠮᠥᠩᠭᠦ 5.5 ᠲᠦᠮᠡᠨ ᠲᠥᠭᠦᠷᠢᠭ ᠢ ᠡᠮᠬᠢᠯᠡᠨ ᠨᠡᠶᠢᠯᠡᠭᠦᠯᠵᠦ᠂ ᠬᠤᠲᠠ ᠶᠢᠨ ᠲᠣᠰ ᠱᠠᠲᠤᠨ ᠤ ᠡᠳ᠋ ᠤᠨ ᠵᠠᠰᠠᠭ ᠤᠨ ᠢᠵᠢ ᠪᠦᠷᠢᠳᠦᠭᠦᠯᠬᠦ ᠪᠡᠯᠡ ᠮᠥᠩᠭᠦ 272.33 ᠲᠦᠮᠡᠨ ᠲᠥᠭᠦᠷᠢᠭ ᠢ ᠡᠮᠬᠢᠯᠡᠨ ᠨᠡᠶᠢᠯᠡᠭᠦᠯᠦᠨ᠎ᠡ᠃      ᠳᠥᠷᠪᠡ᠂ ᠡᠮᠬᠢᠯᠡᠨ ᠨᠡᠶᠢᠯᠡᠭᠦᠯᠬᠦ ᠪᠡᠯᠡ ᠮᠥᠩᠭᠦ ᠶᠢᠨ ᠣᠷᠣᠭᠤᠯᠤᠯᠲᠠ ᠶᠢᠨ ᠬᠠᠨᠳᠤᠰᠢ     ︵ᠨᠢᠭᠡ︶ ᠷᠠᠰᠢᠶᠠᠨ ᠬᠤᠲᠠ ᠶᠢᠨ ᠪᠣᠬᠢᠷᠲᠤᠯ ᠦᠭᠡᠢ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠡᠳ᠋ᠰᠢᠭᠦᠯᠬᠦ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ      ᠲᠤᠰ ᠲᠦᠷᠦᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ 3289.1088 ᠲᠦᠮᠡᠨ ᠲᠥᠭᠦᠷᠢᠭ ᠲᠤ ᠬᠦᠷᠴᠦ᠂ ᠡᠭᠦᠨ ᠳᠤ ᠲᠥᠪ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠭᠦᠷᠭᠡ ᠶᠢᠨ ᠪᠡᠯᠡ ᠮᠥᠩᠭᠦ 2309.1088 ᠲᠦᠮᠡᠨ ᠲᠥᠭᠦᠷᠢᠭ ᠲᠤ ᠬᠦᠷᠴᠡᠢ᠃      ᠲᠥᠷᠥᠯ ᠵᠦᠢᠯ ᠢ ᠬᠡᠷᠡᠭᠵᠢᠭᠦᠯᠬᠦ ᠭᠤᠣᠯ ᠴᠣᠭᠴᠠ᠄ ᠲᠢᠶᠠᠨ ᡂᠢ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ       ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠭᠠᠵᠠᠷ᠄ ᠲᠢᠶᠠᠨ ᡂᠢ ᠪᠠᠯᠭᠠᠰᠤᠨ ᠤ ᠷᠠᠰᠢᠶᠠᠨ ᠲᠣᠰᠬᠤᠨ     ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠤᠭᠤᠴᠠᠭ᠎ᠠ᠄ 2023 ᠣᠨ ᠤ 5 ᠰᠠᠷ᠎ᠠ ︱ 2023 ᠣᠨ ᠤ 11 ᠰᠠᠷ᠎ᠠ     ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠭᠤᠯᠭ᠎ᠠ᠄ ᠲᠣᠰ ᠲᠥᠷᠥᠯ ᠵᠦᠢᠯ ᠳᠤ ᠷᠠᠰᠢᠶᠠᠨ ᠤ ᠰᠢᠤᠸᠠᠢ ᠶᠤᠸᠠᠨ ᠢᠯᠴᠢ ᠶᠢᠨ ᠬᠦᠴᠦᠨ ᠤ ᠦᠢᠯᠡᠳᠪᠦᠷᠢ ᠶᠢᠨ ᠤᠤᠯ ᠤᠨ  ᠪᠠᠶᠢᠷᠢᠰᠢᠯ ᠳᠤ ᠡᠳ᠋ᠰᠢᠭᠦᠯᠦᠨ ᠬᠤᠷᠰᠢᠯᠴᠠᠬᠤ᠂ ᠠᠮᠲᠠᠲᠤ ᠢᠳᠡᠭᠡᠨ ᠪᠠᠷᠠᠭ᠎ᠠ ᠬᠤᠳᠠᠯᠳᠤᠨ ᠠᠪᠬᠤ᠂ ᠰᠣᠶᠣᠯ ᠤᠨ ᠦᠵᠡᠰᠬᠦᠯᠡᠩ᠂ ᠢᠳᠡᠭᠡᠨ ᠤᠮᠳᠠᠭᠠᠨ ᠰᠡᠯᠡᠭᠦᠴᠡᠯ ᠢ ᠨᠢᠭᠡ ᠴᠣᠭᠴᠠᠵᠢᠭᠤᠯᠤᠭᠰᠠᠨ ︽ᠪᠦᠲᠦᠭᠡᠯᠴᠢ ᠴᠢᠨᠠᠷᠲᠠᠢ ᠠᠮᠲᠠᠲᠤ ᠢᠳᠡᠭᠡᠨ ᠤ ᠴᠡᠴᠡᠷᠯᠢᠭ︾ ᠢ ᠰᠢᠨ᠎ᠡ ᠪᠠᠷ ᠪᠠᠶᠢᠭᠤᠯᠬᠤ ᠪᠠᠷ ᠲᠥᠯᠥᠪᠯᠡᠵᠦ ᠪᠣᠶ᠂ ᠪᠠᠷᠢᠯᠭ᠎ᠠ ᠳᠤ ᠪᠦᠯᠬᠦᠮ ᠪᠠᠶᠢᠭᠤᠯᠬᠤ ᠮᠠᠶ᠋ᠢᠭ ᠤᠨ ᠬᠦᠷᠢᠶ᠎ᠡ ᠬᠠᠰᠢᠶ᠎ᠠ ᠶᠢᠨ ᠪᠠᠶᠢᠷᠢᠰᠢᠭᠤᠯᠤᠯᠲᠠ ᠶᠢᠨ ᠠᠷᠭ᠎ᠠ ᠮᠠᠶ᠋ᠢᠭ ᠢ ᠬᠡᠷᠡᠭᠯᠡᠵᠦ᠂ ᠶᠡᠷᠦᠩᠬᠡᠢ ᠪᠠᠷᠢᠯᠭ᠎ᠠ ᠶᠢᠨ ᠲᠠᠯᠠᠪᠠᠶ ᠨᠢ ᠪᠠᠷᠤᠭ 8700 ᠲᠡᠭᠰᠢ ᠲᠦᠷᠪᠡᠯᠵᠢᠨ ᠮᠧᠲᠷ ᠲᠤ ᠬᠥᠷᠪᠡ᠃ ᠡᠭᠦᠨ ᠳᠤ ᠵᠠᠯᠭᠠᠭᠤᠯᠬᠤ ᠪᠡᠯᠡ ᠮᠥᠩᠭᠦ ᠶᠢ ᠰᠢᠨ᠎ᠡ ᠪᠠᠷ ᠪᠠᠶᠢᠭᠤᠯᠤᠭᠰᠠᠨ ᠰᠧᠨ ᠴᠢᠤᠸᠠᠨ ᠬᠤᠭᠤᠯᠠᠨ ᠲᠢᠩᠬᠢᠮ ᠤᠨ 3500ᠲᠡᠭᠰᠢ ᠲᠦᠷᠪᠡᠯᠵᠢᠨ ᠮᠧᠲᠷ᠂ ᠵᠢᠴᠢ ᠬᠤᠭᠤᠯᠠᠨ ᠲᠢᠩᠬᠢᠮ ᠤᠨ ᠵᠠᠰᠠᠯ ᠴᠢᠮᠡᠭᠯᠡᠯ ᠤᠨ ᠢᠨᠵᠧᠨᠧᠷᠢᠩ᠂ ᠴᠠᠬᠢᠯᠭᠠᠨ ᠤ ᠢᠨᠵᠧᠨᠧᠷᠢᠩ᠂ ᠭᠠᠯ ᠤᠨᠲᠠᠷᠠᠭᠠᠬᠤ ᠢᠨᠵᠧᠨᠧᠷᠢᠩ᠂ ᠤᠰᠤ ᠬᠠᠩᠭᠠᠬᠤ ᠤᠰᠤ ᠵᠠᠯᠠᠬᠤ ᠢᠨᠵᠧᠨᠧᠷᠢᠩ ᠵᠡᠷᠭᠡ ᠢᠵᠢ ᠪᠦᠷᠢᠳᠦᠭᠦᠯᠬᠦ ᠢᠨᠵᠧᠨᠧᠷᠢᠩ ᠳᠤ ᠬᠡᠷᠡᠭᠯᠡᠨ᠎ᠡ᠃      ᠬᠦᠳᠡᠭᠡ ᠲᠣᠰᠬᠤᠨ ᠲᠠᠢ ᠬᠤᠯᠪᠣᠭᠠᠯᠠᠵᠤ ᠬᠦᠳᠡᠭᠡ ᠲᠣᠰᠬᠤᠨ ᠢ ᠳᠠᠶᠢᠴᠢᠯᠠᠬᠤ ᠲᠣᠭᠲᠠᠴᠠ᠄ ᠥᠮᠴᠢᠯᠡᠯ ᠤᠨ ᠡᠷᠬᠡ ᠨᠢ ᠲᠢᠶᠠᠨ ᡂᠢ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠳᠤ ᠥᠮᠴᠢᠯᠡᠭᠳᠡᠨ᠎ᠡ᠃ ᠨᠢᠭᠡ ᠳᠤ ᠠᠷᠡᠯᠵᠢᠶᠠᠴᠢᠨ ᠤᠷᠢᠵᠤ ᠪᠡᠯᠡ ᠮᠦᠩᠬᠦ ᠣᠷᠣᠭᠤᠯᠣᠨ ᠠᠪᠴᠢᠷᠡᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠤᠰᠬᠠᠢ ᠮᠡᠷᠭᠡᠵᠢᠯ ᠤᠨ ᠴᠢᠨᠠᠷ ᠢᠶᠠᠷ ᠴᠢᠩᠭ᠎ᠠ᠂ ᠪᠣᠳᠠᠲᠤ ᠬᠦᠴᠦᠨ ᠲᠠᠢ ᠺᠣᠮᠫᠠᠨᠢ ᠶᠢᠨ ᠠᠵᠢᠯᠯᠠᠭᠤᠯᠵᠤ ᠪᠠᠲᠤᠯᠠᠬᠤ ᠬᠠᠮᠢᠶᠠᠷᠤᠯᠲᠠ ᠶᠢ ᠲᠡᠳᠡᠨ ᠠᠪᠴᠢᠷᠠᠵᠤ᠂ ᠶᠡᠷᠦᠩᠬᠡᠶᠢᠯᠡᠭᠰᠡᠨ ᠦᠷ᠎ᠡ ᠠᠰᠢᠭ ᠨᠢ 120 ᠲᠦᠮᠡᠨ ᠲᠥᠭᠦᠷᠢᠭ ᠲᠤ ᠬᠥᠷᠪᠡ᠃ ᠬᠤᠶᠠᠷ ᠲᠤ ᠲᠤᠬᠠᠢ ᠶᠢᠨ ᠭᠠᠵᠠᠷ ᠤᠨ ᠠᠷᠠᠳ ᠢᠷᠭᠡᠳ ᠢ ᠳᠠᠶᠢᠴᠢᠯᠠᠨ ᠠᠵᠢᠯ ᠣᠯᠭᠤᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠤᠭᠤᠴᠠᠭᠠᠨ ᠳᠤ ᠷᠠᠰᠢᠶᠠᠨ ᠲᠣᠰᠬᠤᠨ᠂ ᠢᠷᠪᠢᠰ ᠲᠣᠰᠬᠤᠨ ᠤ ᠠᠷᠠᠳ ᠲᠤ 26 ᠠᠵᠢᠯ ᠤᠨ ᠪᠠᠶᠢᠷᠢ ᠬᠠᠩᠭᠠᠵᠤ᠂ ᠲᠥᠷᠥᠯ ᠵᠦᠢᠯ ᠤᠨ ᠡᠵᠡᠩᠨᠡᠯᠲᠡ ᠶᠢᠨ ᠬᠤᠭᠤᠴᠠᠭᠠᠨ ᠳᠤ ᠷᠠᠰᠢᠶᠠᠨ ᠲᠣᠰᠬᠤᠨ᠂ ᠢᠷᠪᠢᠰ ᠲᠣᠰᠬᠤᠨ ᠤ ᠠᠷᠠᠳ ᠲᠤ 20 ᠠᠵᠢᠯ ᠤᠨ ᠪᠠᠶᠢᠷᠢ ᠬᠠᠩᠭᠠᠵᠤ᠂ ᠣᠷᠣᠯᠭ᠎ᠠ ᠶᠢ ᠨᠢ ᠦᠷᠭᠦᠯᠵᠢᠯᠡᠨ ᠨᠡᠮᠡᠭᠳᠡᠭᠦᠯᠦᠨ᠎ᠡ᠃ ᠭᠤᠷᠪᠠ ᠳᠤ ᠬᠦᠷᠢᠶᠡᠯᠡᠩ ᠲᠣᠭᠤᠷᠢᠭ ᠲᠤ ᠬᠡᠷᠡᠭᠯᠡᠭᠡᠨ ᠤ ᠬᠠᠪᠰᠤᠷᠤᠨ ᠲᠡᠳᠬᠦᠬᠦ 15 ᠳᠡᠯᠭᠡᠭᠦᠷ ᠭᠠᠷᠭᠠᠵᠤ᠂ ᠲᠣᠰ ᠭᠠᠵᠠᠷ ᠤᠨ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ︵ᠬᠢᠨᠠᠨ ᠰᠢᠯᠭᠠᠬᠤ ᠬᠥᠮᠥᠨ ᠠᠮᠠ︶ ᠶᠢᠨ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠵᠢᠴᠢ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠢ ᠪᠣᠷᠣᠯᠠᠭᠤᠯᠵᠤ᠂ 10 ᠬᠥᠮᠥᠨ ᠤ ᠠᠵᠢᠯ ᠣᠯᠭᠤᠯᠲᠠ ᠶᠢ ᠳᠠᠶᠢᠴᠢᠯᠠᠨ᠎ᠠ᠃      ᠲᠥᠷᠥᠯ ᠵᠦᠢᠯ ᠤᠨ ᠬᠠᠮᠢᠶᠠᠷᠤᠯᠲᠠ ᠶᠢᠨ ᠵᠠᠭᠪᠤᠷ᠄ ᠲᠤᠰᠬᠠᠢ ᠺᠣᠮᠫᠠᠨᠢ ᠶᠢ ᠤᠷᠢᠵᠤ ᠬᠠᠮᠢᠶᠠᠷᠤᠯᠲᠠ ᠶᠢᠨ ᠡᠵᠡᠩᠨᠡᠯᠲᠡ ᠶᠢ ᠬᠠᠷᠢᠭᠤᠴᠠᠭᠤᠯᠵᠤ᠂ ᠪᠠᠯᠭᠠᠰᠤᠨ ᠤ ᠵᠠᠰᠠᠭ ᠤᠨ ᠣᠷᠳᠣᠨ ᠨᠢ ᠲᠡᠭᠦᠨ ᠲᠠᠢ ᠲᠦᠷᠢᠶᠡᠰᠦᠯᠡᠬᠦ ᠬᠡᠯᠡᠯᠴᠡᠭᠡᠷ ᠲᠣᠭᠲᠠᠵᠤ᠂ ᠵᠢᠯ ᠪᠦᠷᠢ ᠵᠣᠬᠢᠬᠤ ᠬᠡᠮᠵᠢᠶᠡᠨ ᠤ ᠲᠦᠷᠢᠶᠡᠰᠦᠨ ᠮᠥᠩᠭᠦ ᠬᠤᠷᠢᠶᠠᠵᠤ᠂  ᠲᠤᠬᠠᠢ ᠶᠢᠨ ᠭᠠᠵᠠᠷ ᠤᠨ ᠤᠯᠠᠨ ᠲᠦᠮᠡᠨ ᠤ ᠠᠵᠢᠯ ᠣᠯᠭᠤᠯᠲᠠ ᠶᠢ ᠲᠠᠶᠢᠴᠢᠯᠠᠵᠦ᠂ ᠬᠢᠨᠠᠨ ᠬᠡᠮᠵᠢᠬᠦ ᠬᠥᠮᠥᠨ ᠠᠮᠠ᠂ ᠶᠠᠳᠠᠭᠤ ᠠᠴᠠ ᠠᠩᠭᠢᠵᠢᠷᠠᠭᠤᠯᠬᠤ ᠬᠥᠮᠥᠨ ᠠᠮᠠ᠂ ᠲᠦᠷᠦᠯ ᠵᠦᠢᠯ ᠤᠨ ᠠᠰᠢᠭ ᠣᠷᠣᠯᠭ᠎ᠠ ᠶᠢ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢ ᠨᠡᠭᠡᠭᠡᠨ ᠬᠥᠭᠵᠢᠭᠦᠯᠬᠦ ᠪᠠ ᠪᠠᠭ᠎ᠠ ᠬᠡᠯᠪᠡᠷᠢ ᠶᠢᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠰᠠᠭᠤᠷᠢ ᠲᠥᠬᠦᠭᠡᠷᠦᠮᠵᠢ ᠶᠢ ᠬᠥᠭᠵᠢᠭᠦᠯᠬᠦ ᠵᠢᠴᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠤᠯᠪᠣᠭᠳᠠᠯ ᠪᠦᠬᠦᠢ ᠪᠤᠰᠤᠳ ᠲᠦᠷᠦᠯ ᠵᠦᠢᠯ ᠳᠤ ᠬᠡᠷᠡᠭᠯᠡᠬᠦ ᠶᠢ ᠤᠷᠢᠳᠠᠪᠠᠷ ᠲᠠᠶᠢᠴᠢᠯᠠᠨ᠎ᠠ᠃     ︵ᠬᠤᠶᠠᠷ︶ ᠪᠠᠢ ᠯᠠᠩ ᠪᠠᠯᠭᠠᠰᠤᠨ ᠤ ᠤᠯᠠᠭᠠᠨ ᠨᠠᠷᠠᠰᠤᠨ  ᠮᠦᠬᠦ ᠦᠢᠯᠡᠳᠪᠦᠷᠢᠯᠡᠵᠦ ᠡᠳ᠋ᠰᠢᠭᠦᠯᠬᠦ ᠶᠢ ᠨᠢᠭᠡ ᠴᠣᠭᠴᠠᠵᠢᠭᠤᠯᠬᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ     ᠲᠤᠰ ᠲᠦᠷᠦᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ 600 ᠲᠦᠮᠡᠨ ᠲᠥᠭᠦᠷᠢᠭ ᠲᠤ ᠬᠦᠷᠴᠦ᠂ ᠲᠥᠪ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠪᠣᠯᠣᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠭᠦᠷᠭᠡ ᠶᠢᠨ ᠪᠡᠯᠡ ᠮᠥᠩᠭᠦ ᠶᠢ ᠪᠠᠬᠢᠵᠢᠭᠦᠯᠦᠨ ᠥᠷᠭᠡᠳᠬᠡᠬᠦ 320 ᠲᠦᠮᠡᠨ ᠲᠥᠭᠦᠷᠢᠭ᠂ ᠣᠷᠣᠨ ᠤ ᠲᠡᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠪᠣᠯᠣᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠭᠦᠷᠭᠡ ᠶᠢᠨ ᠪᠡᠯᠡ ᠮᠥᠩᠭᠦ ᠶᠢ ᠪᠠᠬᠢᠵᠢᠭᠦᠯᠦᠨ ᠥᠷᠭᠡᠳᠬᠡᠬᠦ ᠪᠡᠯᠡ ᠮᠥᠩᠭᠦ ᠶᠢ 280 ᠲᠦᠮᠡᠨ ᠲᠥᠭᠦᠷᠢᠭ ᠲᠤ ᠬᠦᠷᠭᠡᠪᠡ᠃     ᠲᠥᠷᠥᠯ ᠵᠦᠢᠯ ᠢ ᠬᠡᠷᠡᠭᠵᠢᠭᠦᠯᠬᠦ ᠭᠤᠣᠯ ᠴᠣᠭᠴᠠ᠄ ᠷᠠᠰᠢᠶᠠᠨ ᠬᠤᠲᠠ ᠶᠢᠨ ᠪᠠᠢ ᠯᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ      ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠭᠠᠵᠠᠷ᠄ ᠪᠠᠢ ᠯᠠᠩ ᠪᠠᠯᠭᠠᠰᠤᠨ ᠤ  ᠣᠢ ᠶᠢᠨ ᠢᠷᠭᠡᠳ  ᠤᠨ ᠵᠠᠩ ᠣᠶᠢᠯᠡ ᠶᠢᠨ ᠲᠣᠰᠬᠤᠨ     ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠤᠭᠤᠴᠠᠭ᠎ᠠ᠄ 2023 ᠣᠨ ᠤ 5 ᠰᠠᠷ᠎ᠠ ︱ 2023 ᠣᠨ ᠤ 11 ᠰᠠᠷ᠎ᠠ     ᠪᠦᠲᠦᠭᠡᠨ ᠪᠠᠶᠢᠭᠤᠯᠤᠯᠲᠠ ᠶᠢᠨ ᠵᠦᠢᠯ ᠤᠨ ᠠᠭᠤᠯᠭ᠎ᠠ᠄ ᠲᠤᠰ ᠪᠦᠲᠦᠭᠡᠨ ᠪᠠᠶᠢᠭᠤᠯᠤᠯᠲᠠ ᠶᠢᠨ ᠲᠦᠷᠣᠯ ᠵᠦᠢᠯ ᠤᠨ ᠡᠵᠡᠯᠡᠬᠦ ᠲᠠᠯᠠᠪᠠᠢ ᠨᠢ 59700 ᠲᠡᠭᠰᠢ ᠲᠦᠷᠪᠡᠯᠵᠢᠨ ᠮᠧᠲᠷ᠂ ᠡᠭᠦᠨ ᠳᠤ 50 ᠰᠠᠭᠤᠷᠢ ᠪᠣᠯᠣᠳ ᠵᠢᠶᠠᠰᠠ ᠲᠠᠢ ᠬᠦᠢᠲᠡᠨ ᠫᠧᠩ ᠪᠠᠷᠢᠵᠤ᠂ 59000 ᠲᠡᠭᠰᠢ ᠲᠦᠷᠪᠡᠯᠵᠢᠨ ᠮᠧᠲᠷ᠂ 28000 ᠲᠡᠭᠰᠢ ᠲᠦᠷᠪᠡᠯᠵᠢᠨ ᠮᠧᠲᠷ ᠤᠨ ᠪᠦᠲᠦᠭᠡᠨ ᠪᠠᠶᠢᠭᠤᠯᠤᠯᠲᠠ ᠶᠢᠨ ᠲᠠᠯᠠᠪᠠᠢ ᠡᠵᠡᠯᠠᠵᠣ᠂ ᠤᠯᠠᠭᠠᠨ ᠨᠠᠷᠠᠰᠤᠨ ᠮᠦᠬᠦ ᠶᠢᠨ ᠦᠷ᠎ᠡ᠂ ᠰᠠᠭᠤᠷᠢ ᠪᠠ ᠰᠢᠮ᠎ᠡ ᠲᠡᠵᠢᠭᠡᠯ ᠵᠡᠷᠭᠡ ᠶᠢ ᠢᠵᠢ ᠪᠦᠷᠢᠳᠦᠭᠦᠯᠦᠨ᠎ᠡ᠃ 700 ᠲᠡᠭᠰᠢ ᠲᠦᠷᠪᠡᠯᠵᠢᠨ ᠮᠧᠲᠷ ᠤᠨ ᠬᠦᠢᠲᠡᠨ ᠬᠥᠮᠥᠷᠭᠡ ᠶᠢᠨ ᠦᠢᠯᠡᠳᠪᠦᠷᠢ ᠶᠢᠨ ᠪᠠᠶᠢᠰᠢᠩ ᠢ ᠥᠭᠡᠷᠡᠴᠢᠯᠡᠨ᠎ᠡ᠃ ᠲᠦᠷᠭᠡᠨ ᠬᠥᠯᠳᠡᠭᠡᠬᠦ ᠬᠥᠮᠥᠷᠭᠡ ᠶᠢᠨ ᠲᠥᠬᠦᠭᠡᠷᠦᠮᠵᠢ 20P ᠮᠠᠰᠢᠨ ᠴᠣᠭᠴᠠᠯᠠᠪᠤᠷᠢ ᠶᠢᠨ 2 ᠰᠠᠤᠷᠢ᠂ ᠬᠥᠯᠳᠡᠭᠡᠵᠦ ᠬᠠᠳᠠᠭᠠᠯᠠᠬᠤ ᠬᠥᠮᠥᠷᠭᠡ ᠶᠢᠨ ᠲᠥᠬᠦᠭᠡᠷᠦᠮᠵᠢ 20P ᠮᠠᠰᠢᠨ ᠴᠣᠭᠴᠠᠯᠠᠪᠤᠷᠢ ᠶᠢ 1 ᠰᠠᠤᠷᠢ᠂ ᠰᠢᠨ᠎ᠡ ᠰᠣᠷᠭᠤᠭ ᠪᠠᠶᠢᠯᠭᠠᠬᠤ ᠬᠥᠮᠥᠷᠭᠡ ᠶᠢᠨ ᠲᠥᠬᠦᠭᠡᠷᠦᠮᠵᠢ 15P ᠮᠠᠰᠢᠨ ᠴᠣᠭᠴᠠᠯᠠᠪᠤᠷᠢ ᠶᠢ 1 ᠰᠠᠤᠷᠢ ᠬᠤᠳᠠᠯᠳᠤᠨ ᠠᠪᠤᠨ᠎ᠠ᠃     ᠬᠦᠳᠡᠭᠡ ᠲᠣᠰᠬᠤᠨ ᠲᠠᠢ ᠬᠤᠯᠪᠣᠭᠠᠯᠠᠵᠤ ᠬᠦᠳᠡᠭᠡ ᠲᠣᠰᠬᠤᠨ ᠢ ᠳᠠᠶᠢᠴᠢᠯᠠᠬᠤ ᠲᠣᠭᠲᠠᠴᠠ᠄ ᠥᠮᠴᠢᠯᠡᠯ ᠡᠷᠬᠡ  ᠨᠢ ᠪᠠᠢ ᠯᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠳᠤ ᠥᠮᠴᠢᠯᠡᠭᠳᠡᠨ᠎ᠡ᠃ ᠨᠢᠭᠡ ᠳᠤ ᠪᠠᠶᠢᠭᠤᠯᠵᠤ ᠳᠠᠭᠤᠰᠤᠭᠰᠠᠨ ᠤ ᠳᠠᠷᠠᠭ᠎ᠠ ᠠᠷᠡᠯᠵᠢᠶᠠᠴᠢᠨ ᠤᠷᠢᠵᠤ ᠪᠡᠯᠡ ᠮᠦᠩᠬᠦ ᠣᠷᠣᠭᠤᠯᠣᠨ ᠠᠪᠴᠢᠷᠡᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠤᠰᠬᠠᠢ ᠮᠡᠷᠭᠡᠵᠢᠯ ᠤᠨ ᠴᠢᠨᠠᠷ ᠢᠶᠠᠷ ᠴᠢᠩᠭ᠎ᠠ᠂ ᠪᠣᠳᠠᠲᠤ ᠬᠦᠴᠦᠨ ᠲᠠᠢ ᠺᠣᠮᠫᠠᠨᠢ ᠶᠢᠨ ᠠᠵᠢᠯᠯᠠᠭᠤᠯᠵᠤ ᠪᠠᠲᠤᠯᠠᠬᠤ ᠬᠠᠮᠢᠶᠠᠷᠤᠯᠲᠠ ᠶᠢ ᠲᠡᠳᠡᠨ ᠠᠪᠴᠢᠷᠠᠵᠤ᠂ ᠠᠵᠢᠯ ᠬᠥᠳᠡᠯᠮᠦᠷᠢ ᠬᠢᠬᠦ ᠪᠠᠷ ᠳᠠᠶᠢᠴᠢᠯᠠᠬᠤ᠂ ᠵᠠᠬᠢᠶᠠᠯᠠᠭ᠎ᠠ ᠶᠢᠨ ᠬᠠᠭᠤᠳᠠᠰᠤ ᠪᠠᠷ ᠬᠤᠳᠠᠯᠳᠤᠨ ᠠᠪᠬᠤ ᠵᠡᠷᠭᠡ ᠶᠡᠷᠦᠩᠬᠡᠶᠢᠯᠡᠭᠰᠡᠨ ᠦᠷ᠎ᠡ ᠠᠰᠢᠭ ᠢᠶᠠᠷ ᠳᠠᠮᠵᠢᠭᠤᠯᠤᠨ ᠶᠡᠷᠦᠩᠬᠡᠢ ᠪᠡᠯᠡ ᠣᠷᠣᠭᠤᠯᠤᠯᠲᠠ ᠶᠢᠨ 10% ᠳᠤ ᠬᠦᠷᠦᠭᠦᠯᠬᠦ ᠪᠠᠷ ᠴᠢᠷᠮᠠᠶᠢᠨ᠎ᠠ᠂ ᠡᠰᠡ ᠲᠡᠭᠡᠪᠡᠯ ᠲᠤᠰᠢᠶᠠᠭᠰᠠᠨ ᠶᠡᠷᠦᠩᠬᠡᠢ ᠪᠡᠯᠡ ᠣᠷᠣᠭᠤᠯᠤᠯᠲᠠ ᠶᠢᠨ 5% ᠶᠢ ᠲᠦᠷᠢᠶᠡᠰᠦᠨ ᠮᠥᠩᠭᠦ ᠪᠣᠯᠭᠠᠨ᠎ᠠ︔ ᠬᠤᠶᠠᠷ ᠲᠤ 50 ᠠᠵᠢᠯ ᠤᠨ ᠪᠠᠶᠢᠷᠢ ᠬᠠᠩᠭᠠᠵᠤ᠂ ᠲᠡᠭᠦᠬᠦ ᠬᠤᠭᠤᠴᠠᠭᠠᠨ ᠳᠤ ᠬᠥᠮᠥᠨ ᠳᠤᠮᠳᠠᠴᠢ ᠶᠢᠨ ᠡᠳᠦᠷ ᠤᠨ ᠴᠠᠯᠢᠩ ᠢ 150 ᠲᠥᠭᠦᠷᠢᠭ ᠣᠯᠭᠤᠨ᠎ᠠ᠃     ᠲᠥᠷᠥᠯ ᠵᠦᠢᠯ ᠤᠨ ᠬᠠᠮᠢᠶᠠᠷᠤᠯᠲᠠ ᠶᠢᠨ ᠵᠠᠭᠪᠤᠷ᠄ ᠲᠤᠰᠬᠠᠢ ᠺᠣᠮᠫᠠᠨᠢ ᠶᠢ ᠤᠷᠢᠵᠤ ᠬᠠᠮᠢᠶᠠᠷᠤᠯᠲᠠ ᠶᠢᠨ ᠡᠵᠡᠩᠨᠡᠯᠲᠡ ᠶᠢ ᠬᠠᠷᠢᠭᠤᠴᠠᠭᠤᠯᠵᠤ᠂ ᠪᠠᠯᠭᠠᠰᠤᠨ ᠤ ᠵᠠᠰᠠᠭ ᠤᠨ ᠣᠷᠳᠣᠨ ᠲᠡᠭᠦᠨ ᠲᠠᠢ ᠲᠦᠷᠢᠶᠡᠰᠦᠯᠡᠬᠦ ᠬᠡᠯᠡᠯᠴᠡᠭᠡᠷ ᠲᠣᠭᠲᠠᠵᠤ᠂ ᠬᠥᠯᠥᠰᠦᠨ ᠠᠵᠢᠯ ᠬᠢᠬᠦ ᠪᠠᠷ ᠳᠠᠶᠢᠴᠢᠯᠠᠬᠤ᠂ ᠵᠠᠬᠢᠶᠠᠯᠠᠭ᠎ᠠ ᠪᠠᠷ ᠬᠤᠳᠠᠯᠳᠤᠨ ᠠᠪᠬᠤ ᠵᠡᠷᠭᠡ ᠶᠡᠷᠦᠩᠬᠡᠶᠢᠯᠡᠭᠰᠡᠨ ᠦᠷ᠎ᠡ ᠠᠰᠢᠭ ᠢᠶᠠᠷ ᠳᠠᠮᠵᠢᠭᠤᠯᠤᠨ ᠪᠦᠬᠦ ᠪᠡᠯᠡ ᠣᠷᠣᠭᠤᠯᠤᠯᠲᠠ ᠶᠢᠨ 10% ᠳᠤ ᠬᠦᠷᠴᠦ᠂ ᠪᠦᠬᠦ ᠬᠤᠲᠠ ᠶᠢᠨ ᠤᠯᠠᠨ ᠲᠦᠮᠡᠨ ᠤ ᠠᠵᠢᠯ ᠣᠯᠭᠤᠯᠲᠠ ᠶᠢ ᠳᠠᠶᠢᠴᠢᠯᠠᠵᠤ᠂ ᠬᠢᠨᠠᠨ ᠬᠡᠮᠵᠢᠬᠦ ᠬᠥᠮᠥᠨ ᠠᠮᠠ᠂ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢ ᠤᠷᠢᠳ ᠢᠶᠠᠷ ᠳᠠᠶᠢᠴᠢᠯᠠᠨ᠎ᠠ᠂ ᠡᠰᠡ ᠲᠡᠭᠡᠪᠡᠯ ᠲᠤᠰᠢᠶᠠᠭᠰᠠᠨ ᠪᠦᠬᠦ ᠪᠡᠯᠡ ᠣᠷᠣᠭᠤᠯᠤᠯᠲᠠ ᠶᠢᠨ 5% ᠢ ᠲᠦᠷᠢᠶᠡᠰᠦᠨ ᠮᠥᠩᠭᠦ ᠪᠣᠯᠭᠠᠵᠤ᠂ ᠲᠦᠷᠢᠶᠡᠰᠦᠨ ᠮᠥᠩᠭᠦ ᠶᠢ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢ ᠨᠡᠭᠡᠭᠡᠨ ᠬᠥᠭᠵᠢᠭᠦᠯᠬᠦ ᠪᠠ ᠪᠠᠭ᠎ᠠ ᠬᠡᠯᠪᠡᠷᠢ ᠶᠢᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠰᠠᠭᠤᠷᠢ ᠲᠥᠬᠦᠭᠡᠷᠦᠮᠵᠢ ᠶᠢ ᠬᠥᠭᠵᠢᠭᠦᠯᠬᠦ ᠳᠤ ᠬᠡᠷᠡᠭᠯᠡᠨ᠎ᠡ᠃     ︵ᠭᠤᠷᠪᠠ︶ ᠷᠠᠰᠢᠶᠠᠨ ᠬᠤᠲᠠ ᠶᠢᠨ ᠬᠦᠷᠢᠶ᠎ᠡ ᠬᠠᠰᠢᠶ᠎ᠠ ᠶᠢᠨ ᠠᠵᠤ ᠠᠬᠤᠢ ᠶᠢᠨ ᠲᠥᠷᠥᠯ ᠵᠦᠢᠯ      ᠲᠤᠰ ᠲᠦᠷᠦᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ 191 ᠲᠦᠮᠡᠨ ᠲᠥᠭᠦᠷᠢᠭ ᠲᠤ ᠬᠦᠷᠴᠦ᠂ ᠲᠥᠪ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠪᠣᠯᠣᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠭᠦᠷᠭᠡ ᠶᠢᠨ ᠪᠡᠯᠡ ᠮᠥᠩᠭᠦ 153.8912 ᠲᠦᠮᠡᠨ ᠲᠥᠭᠦᠷᠢᠭ ᠢ ᠪᠠᠬᠢᠵᠢᠭᠦᠯᠦᠨ ᠥᠷᠭᠡᠳᠬᠡᠵᠦ᠂ ᠣᠷᠣᠨ ᠤ ᠲᠡᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠪᠣᠯᠣᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠭᠦᠷᠭᠡ ᠶᠢᠨ ᠪᠡᠯᠡ ᠮᠥᠩᠭᠦ 37.1088 ᠲᠦᠮᠡᠨ ᠲᠥᠭᠦᠷᠢᠭ ᠢ ᠪᠠᠬᠢᠵᠢᠭᠦᠯᠦᠨ ᠥᠷᠭᠡᠳᠬᠡᠪᠡ᠃      ᠬᠡᠷᠡᠭᠵᠢᠭᠦᠯᠬᠦ ᠭᠤᠣᠯ ᠴᠣᠭᠴᠠ᠄ ᠷᠠᠰᠢᠶᠠᠨ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ     ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠭᠠᠵᠠᠷ᠄ ᠷᠠᠰᠢᠶᠠᠨ ᠬᠤᠲᠠ      ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠤᠭᠤᠴᠠᠭ᠎ᠠ᠄ 2023 ᠣᠨ ᠤ 1 ᠰᠠᠷ᠎ᠠ ︱ 2023 ᠣᠨ ᠤ 12 ᠰᠠᠷ᠎ᠠ      ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠭᠤᠯᠭ᠎ᠠ᠄ ᠰᠠᠭᠤᠭᠠᠯᠢ ᠠᠷᠠᠳ ᠤᠨ ᠬᠦᠷᠢᠶ᠎ᠡ ᠬᠠᠰᠢᠶ᠎ᠠ ᠵᠢᠴᠢ ᠲᠣᠰ ᠪᠡᠶ᠎ᠡ ᠶᠢᠨ ᠪᠠᠶᠢᠳᠠᠯ ᠢᠶᠠᠨ ᠦᠨᠳᠦᠰᠦᠯᠡᠨ ᠬᠢᠲᠠᠳ ᠡᠪᠡᠰᠦᠨ ᠡᠮ᠂ ᠢᠳᠡᠭᠡᠨ ᠤ ᠮᠥᠭᠦ᠂ ᠬᠦᠢᠲᠡᠨ ᠫᠧᠩ ᠤᠨ ᠵᠢᠮᠢᠰ ᠨᠣᠭᠤᠭ᠎ᠠ ᠵᠡᠷᠭᠡ ᠠᠵᠤ ᠠᠬᠤᠢ ᠶᠢᠨ ᠲᠠᠷᠢᠮᠠᠯ ᠳᠠᠷᠢᠬᠤ ᠶᠢ ᠵᠣᠷᠢᠭᠵᠢᠭᠤᠯᠵᠤ᠂ ᠪᠤᠭᠤ᠂ ᠣᠶ ᠰᠢᠭᠤᠢ ᠶᠢᠨ ᠭᠠᠭ᠋ᠠᠢ᠂ ᠬᠦᠳᠡᠷᠢ ᠵᠡᠷᠭᠡ ᠣᠨᠴᠠᠯᠢᠭᠲᠤ ᠲᠡᠵᠢᠭᠡᠨ ᠦᠷᠡᠵᠢᠭᠦᠯᠬᠦ ᠦᠢᠯᠡᠰ ᠢ ᠬᠥᠭᠵᠢᠭᠦᠯᠵᠦ᠂ ᠲᠠᠷᠢᠶᠠᠴᠢᠨ ᠠᠶᠢᠯ ᠤᠨ ᠵᠤᠭᠠᠴᠠᠯ᠂ ᠭᠡᠷ ᠪᠦᠯᠢ ᠶᠢᠨ ᠠᠷᠠᠳ ᠤᠨ ᠪᠠᠭᠤᠳᠡᠯ ᠵᠡᠷᠭᠡ ᠣᠨᠴᠠᠯᠢᠭᠲᠤ ᠠᠵᠤ ᠦᠢᠯᠡᠰ ᠢ ᠬᠥᠭᠵᠢᠭᠦᠯᠬᠦ ᠶᠢᠨ ᠬᠠᠮᠲᠤ ᠲᠥᠷᠥᠯ ᠬᠤᠪᠢᠶᠠᠨ ᠨᠥᠬᠦᠪᠦᠷᠢ ᠥᠭᠴᠦ᠂ ᠣᠯᠠᠨ ᠲᠦᠮᠡᠨ ᠤ ᠠᠵᠤ ᠦᠢᠯᠡᠰ ᠤᠨ ᠬᠥᠭᠵᠢᠯᠲᠡ ᠶᠢᠨ ᠲᠦᠭᠰᠢᠭᠦᠷᠢ ᠶᠢ ᠪᠠᠭᠤᠷᠠᠭᠤᠯᠤᠨ᠂ ᠬᠦᠷᠢᠶ᠎ᠠ ᠬᠠᠰᠢᠶ᠎ᠠ ᠶᠢᠨ ᠠᠵᠤ ᠠᠬᠤᠢ ᠶᠢᠨ ᠬᠡᠪᠴᠢᠶᠡᠵᠢᠬᠦ᠂ ᠤᠨᠴᠠᠯᠢᠬᠵᠢᠬᠤ ᠳᠠᠰᠢ ᠬᠥᠭᠵᠢᠬᠦ ᠶᠢ ᠠᠬᠢᠭᠤᠯᠤᠨ᠎ᠠ᠃     ᠬᠦᠳᠡᠭᠡ ᠲᠣᠰᠬᠤᠨ ᠲᠠᠢ ᠬᠤᠯᠪᠣᠭᠠᠯᠠᠵᠤ ᠬᠦᠳᠡᠭᠡ ᠲᠣᠰᠬᠤᠨ ᠢ ᠳᠠᠶᠢᠴᠢᠯᠠᠬᠤ ᠲᠣᠭᠲᠠᠴᠠ᠄ ᠲᠤᠰ ᠲᠦᠷᠦᠯ ᠤᠨ ᠵᠣᠷᠢᠯᠭ᠎ᠠ ᠶᠢ ᠬᠡᠷᠡᠭᠵᠢᠭᠦᠯᠪᠡᠯ ᠲᠦᠷᠪᠡᠨ ᠪᠠᠯᠭᠠᠰᠤ ᠲᠣᠰᠬᠤᠨ ︵ᠰᠠᠭᠤᠭᠠᠯᠢ︶ ᠤ ᠠᠷᠠᠳ ᠤᠨ ᠭᠡᠷ ᠪᠠᠶᠢᠰᠢᠩ ᠤᠨ ᠠᠷᠤ ᠲᠠᠯ᠎ᠠ ᠶᠢᠨ ᠬᠦᠷᠢᠶ᠎ᠡ ᠬᠠᠰᠢᠶ᠎ᠠ ᠵᠢᠴᠢ ᠡᠷᠬᠢᠨ ᠲᠣᠭᠤᠷᠢᠨ ᠤ ᠰᠤᠯᠠ ᠪᠠᠶᠢᠬᠤ ᠲᠠᠯᠠᠪᠤᠷ ᠢ ᠭᠦᠢᠴᠡᠳ ᠠᠰᠢᠭᠯᠠᠵᠤ᠂  ᠬᠦᠷᠢᠶ᠎ᠠ ᠬᠠᠰᠢᠶᠠᠨ ᠤ ᠠᠵᠤ ᠠᠬᠤᠢ ᠶᠢ ᠣᠷᠣᠨ ᠪᠦᠰᠡᠵᠢᠭᠦᠯᠦᠨ ᠬᠥᠭᠵᠢᠭᠦᠯᠬᠦ᠂ ᠬᠡᠪᠴᠢᠶᠡᠵᠢᠭᠦᠯᠦᠨ ᠡᠵᠡᠩᠨᠡᠬᠦ ᠶᠢ ᠬᠦᠴᠦᠯᠡᠨ ᠠᠬᠢᠭᠤᠯᠵᠤ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠠᠷᠭ᠎ᠠ ᠵᠠᠮ ᠢ ᠥᠷᠭᠡᠳᠬᠡᠵᠦ᠂ ᠲᠠᠷᠢᠶᠠᠯᠠᠩ ᠤᠨ ᠣᠨᠴᠠᠯᠢᠭᠲᠤ ᠠᠵᠤ ᠦᠢᠯᠡᠰ ᠤᠨ ᠦᠷ᠎ᠡ ᠠᠰᠢᠭ ᠢ ᠳᠡᠭᠡᠭᠰᠢᠯᠡᠭᠦᠯᠵᠦ᠂ ᠤᠯᠠᠨ ᠲᠦᠮᠡᠨ ᠤ ᠠᠵᠤ ᠦᠢᠯᠡᠰ ᠢ ᠬᠥᠭᠵᠢᠭᠦᠯᠬᠦ ᠳᠣᠲᠣᠭᠠᠳᠤ ᠶᠢᠨ ᠬᠥᠳᠡᠯᠭᠡᠬᠦ ᠬᠦᠴᠦᠨ ᠢ ᠬᠥᠭᠵᠢᠭᠡᠵᠦ᠂ ᠤᠯᠠᠨ ᠲᠦᠮᠡᠨ ᠤ ᠣᠷᠣᠯᠭ᠎ᠠ ᠶᠢ ᠪᠦᠲᠦᠮᠵᠢᠲᠡᠶ ᠪᠠᠷ ᠨᠡᠮᠡᠭᠳᠡᠭᠦᠯᠦᠨ᠎ᠡ᠃      ︵ᠳᠥᠷᠪᠡ︶ ᠷᠠᠰᠢᠶᠠᠨ ᠬᠤᠳᠠ ᠶᠢᠨ ᠡᠪᠡᠰᠦ ᠪᠣᠷᠳᠤᠭ᠎ᠠ ᠶᠢ ᠬᠤᠷᠢᠶᠠᠨ ᠨᠥᠭᠡᠴᠡᠯᠡᠬᠦ ᠲᠥᠷᠥᠯ ᠵᠦᠢᠯ      ᠲᠤᠰ ᠲᠦᠷᠦᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ 98 ᠲᠦᠮᠡᠨ ᠲᠥᠭᠦᠷᠢᠭ ᠲᠤ ᠬᠦᠷᠴᠦ᠂ ᠣᠷᠣᠨ ᠤ ᠲᠡᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠭᠦᠷᠭᠡ ᠶᠢᠨ ᠪᠡᠯᠡ ᠮᠥᠩᠭᠦ 98 ᠲᠦᠮᠡᠨ ᠲᠥᠭᠦᠷᠢᠭ ᠲᠤ ᠬᠦᠷᠴᠡᠢ᠃     ᠲᠥᠷᠥᠯ ᠵᠦᠢᠯ ᠢ ᠬᠡᠷᠡᠭᠵᠢᠭᠦᠯᠬᠦ ᠭᠤᠣᠯ ᠴᠣᠭᠴᠠ᠄ ᠲᠢᠶᠠᠨ ᡂᠢ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ      ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠭᠠᠵᠠᠷ᠄ ᠲᠢᠶᠠᠨ ᡂᠢ ᠪᠠᠯᠭᠠᠰᠤᠨ ᠤ ᠢᠷᠪᠢᠰ ᠲᠣᠰᠬᠤᠨ     ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠤᠭᠤᠴᠠᠭ᠎ᠠ᠄ 2023 ᠣᠨ ᠤ 5 ᠰᠠᠷ᠎ᠠ ︱ 2023 ᠣᠨ ᠤ 11 ᠰᠠᠷ᠎ᠠ      ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠭᠤᠯᠭ᠎ᠠ᠄ 7 ᠰᠠᠭᠤᠷᠢ ᠲᠠᠷᠢᠶᠠᠯᠠᠩ ᠳᠤ ᠬᠡᠷᠡᠭᠯᠡᠬᠦ ᠲᠷᠠᠺᠲ᠋ᠣᠷ᠂ 1 ᠰᠠᠭᠤᠷᠢ ᠬᠠᠪᠲᠠᠭᠠᠶᠢᠷᠠᠭᠤᠯᠬᠤ ᠮᠠᠰᠢᠨ᠂ 6 ᠢᠵᠢ ᠡᠪᠡᠰᠦ ᠬᠠᠳᠤᠬᠤ ᠲᠥᠬᠦᠭᠡᠷᠦᠮᠵᠢ᠂ 1 ᠰᠠᠭᠤᠷᠢ ᠡᠪᠡᠰᠦ ᠠᠴᠢᠬᠤ ᠲᠡᠷᠭᠡ ᠵᠢᠴᠢ ᠬᠠᠮᠢᠶ᠎ᠠ ᠪᠦᠬᠦᠢ ᠲᠥᠬᠦᠭᠡᠷᠦᠮᠵᠢ ᠶᠢ ᠬᠤᠳᠠᠯᠳᠤᠨ ᠠᠪᠤᠨ᠎ᠠ᠃     ᠬᠦᠳᠡᠭᠡ ᠲᠣᠰᠬᠤᠨ ᠲᠠᠢ ᠬᠤᠯᠪᠣᠭᠠᠯᠠᠵᠤ ᠬᠦᠳᠡᠭᠡ ᠲᠣᠰᠬᠤᠨ ᠢ ᠳᠠᠶᠢᠴᠢᠯᠠᠬᠤ ᠲᠣᠭᠲᠠᠴᠠ᠄ ᠥᠮᠴᠢᠯᠡᠯ ᠤᠨ ᠡᠷᠬᠡ ᠨᠢ ᠲᠢᠶᠠᠨ ᡂᠢ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠳᠤ ᠥᠮᠴᠢᠯᠡᠭᠳᠡᠨ᠎ᠡ᠃ ᠨᠢᠭᠡ ᠳᠤ ᠲᠥᠬᠦᠭᠡᠷᠦᠮᠵᠢ ᠶᠢᠨ ᠲᠦᠷᠢᠶᠡᠰᠦᠨ ᠮᠥᠩᠭᠦ᠃ ᠲᠥᠬᠦᠭᠡᠷᠦᠮᠵᠢ ᠬᠤᠳᠠᠯᠳᠤᠨ ᠠᠪᠬᠤ ᠥᠮᠴᠢᠯᠡᠯ ᠤᠨ ᠡᠷᠬᠡ ᠨᠢ ᠲᠢᠶᠠᠨ ᡂᠢ ᠪᠠᠯᠭᠠᠰᠤᠨ ᠳᠤ ᠥᠮᠴᠢᠯᠡᠭᠳᠡᠵᠦ᠂ ᠲᠦᠷᠢᠶᠡᠰᠦᠯᠡᠬᠦ ᠬᠤᠷᠰᠢᠶ᠎ᠠ ᠠᠴᠠ ᠠᠰᠢᠭ ᠣᠷᠣᠯᠭ᠎ᠠ ᠣᠯᠵᠤ᠂ ᠲᠦᠷᠢᠶᠡᠰᠦᠨ ᠮᠥᠩᠭᠦ ᠨᠢ ᠶᠡᠷᠦᠩᠬᠡᠢ ᠪᠡᠯᠡ ᠣᠷᠣᠭᠤᠯᠤᠯᠲᠠ ᠶᠢᠨ 5% ᠳᠤ ᠬᠥᠷᠪᠡ᠃ ᠬᠤᠶᠠᠷ ᠲᠤ 1.5 ᠲᠦᠮᠡᠨ ᠮᠦ ᠲᠤᠬᠠᠢ ᠶᠢᠨ ᠭᠠᠵᠠᠷ ᠤᠨ ᠡᠪᠡᠰᠦ ᠪᠣᠷᠳᠤᠭ᠎ᠠ ᠶᠢ ᠬᠤᠷᠢᠶᠠᠨ ᠬᠠᠳᠠᠭᠠᠯᠠᠵᠤ᠂ ᠷᠠᠰᠢᠶᠠᠨ ᠬᠤᠲᠠ ᠶᠢᠨ ᠡᠪᠡᠰᠦ ᠪᠣᠷᠳᠤᠭ᠎ᠠ ᠶᠢᠨ ᠠᠰᠢᠭᠯᠠᠯᠲᠠ ᠶᠢᠨ ᠥᠷᠲᠡᠭ ᠢ ᠳᠡᠭᠡᠭᠰᠢᠯᠡᠭᠦᠯᠦᠨ᠎ᠡ᠃ ᠭᠤᠷᠪᠠ ᠳᠤ  ᠬᠥᠯᠥᠰᠦᠨ ᠠᠵᠢᠯ ᠬᠢᠬᠦ ᠠᠵᠢᠯ ᠤᠨ ᠪᠠᠶᠢᠷᠢ ᠬᠠᠩᠭᠠᠵᠤ᠂ ᠲᠥᠬᠦᠭᠡᠷᠦᠮᠵᠢ ᠬᠡᠷᠡᠭᠯᠡᠬᠦ ᠬᠤᠭᠤᠴᠠᠭᠠᠨ ᠳᠤ ᠲᠤᠰ ᠭᠠᠵᠠᠷ ᠤᠨ 10 ᠲᠣᠰᠬᠤᠨ ᠤ ᠠᠷᠠᠳ ᠢ ᠳᠠᠶᠢᠴᠢᠯᠠᠨ᠎ᠠ᠂ ᠡᠭᠦᠨ ᠳᠤ ᠬᠢᠨᠠᠨ ᠰᠢᠯᠭᠠᠬᠤ ᠡᠷᠦᠬᠡ ︵ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ︶ ᠶᠢᠨ 3 ︱ 5 ᠬᠥᠮᠥᠨ ᠢ ᠤᠷᠢᠳᠠᠪᠠᠷ ᠳᠠᠶᠢᠴᠢᠯᠠᠨ᠎ᠠ᠃      ᠲᠥᠷᠥᠯ ᠵᠦᠢᠯ ᠤᠨ ᠬᠠᠮᠢᠶᠠᠷᠤᠯᠲᠠ ᠶᠢᠨ ᠵᠠᠭᠪᠤᠷ᠄ ᠬᠢᠷᠢ ᠬᠡᠮ ᠲᠠᠢ ᠬᠤᠷᠰᠢᠶ᠎ᠠ ᠶᠢ ᠤᠷᠢᠵᠤ ᠨᠠᠶᠢᠳᠠᠨ ᠬᠠᠮᠢᠶᠠᠷᠤᠭᠤᠯᠵᠤ ᠡᠵᠡᠩᠨᠡᠭᠦᠯᠵᠦ᠂ ᠲᠥᠷᠥᠯ ᠵᠦᠢᠯ ᠤᠨ ᠠᠰᠢᠭ ᠣᠯᠵᠠᠪᠤᠷᠢ ᠶᠢ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢ ᠨᠡᠭᠡᠭᠡᠨ ᠬᠥᠭᠵᠢᠭᠦᠯᠬᠦ ᠪᠠ ᠵᠢᠵᠢᠭ ᠬᠡᠯᠪᠡᠷᠢ ᠶᠢᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠰᠠᠭᠤᠷᠢ  ᠲᠦᠬᠦᠭᠡᠷᠣᠮᠵᠢ ᠶᠢ ᠬᠥᠭᠵᠢᠭᠦᠯᠬᠦ ᠵᠢᠴᠢ ᠶᠠᠳᠠᠭᠤ ᠠᠴᠠ ᠠᠩᠭᠢᠵᠢᠷᠠᠭᠤᠯᠬᠤ ᠪᠣᠭᠤᠮᠳᠡ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠪᠤᠰᠤᠳ ᠬᠠᠮᠢᠶ᠎ᠠ ᠪᠦᠬᠦᠢ ᠲᠥᠷᠥᠯ ᠵᠦᠢᠯ ᠳᠤ ᠬᠡᠷᠡᠭᠯᠡᠨ᠎ᠡ᠃      ︵ᠲᠠᠪᠤ︶ ᠷᠠᠰᠢᠶᠠᠨ ᠬᠤᠲᠠ ᠶᠢᠨ  ᠲᠣᠯᠠᠷ ᠣᠶ ᠰᠢᠭᠤᠢ ᠶᠢᠨ ᠲᠠᠯᠠᠪᠠᠶ ᠶᠢᠨ ᠲᠥᠪ ᠤᠨ ᠡᠳ᠋ ᠤᠨ ᠵᠠᠰᠠᠭ ᠠᠴᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠤᠨ ᠠᠬᠢᠭᠤᠯᠬᠤ ᠨᠥᠬᠦᠪᠦᠷᠢ ︵ᠬᠥᠭᠵᠢᠭᠡᠳᠦᠢ ᠤᠯᠤᠰ ᠤᠨ ᠥᠮᠴᠢᠯᠡᠯ ᠤᠨ ᠣᠶ ᠰᠢᠭᠤᠢ ᠶᠢᠨ ᠲᠠᠯᠠᠪᠠᠶ ᠶᠢ ᠪᠠᠬᠢᠵᠢᠭᠦᠯᠦᠨ ᠳᠡᠭᠡᠭᠰᠢᠯᠡᠭᠦᠯᠬᠦ︶ ᠶᠢᠨ ᠲᠥᠷᠥᠯ ᠵᠦᠢᠯ      ᠲᠣᠰ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ 200 ᠲᠦᠮᠡᠨ ᠲᠥᠭᠦᠷᠢᠭ ᠪᠠᠶᠢᠵᠤ᠂ ᠲᠥᠪ ᠤᠨ ᠬᠥᠭᠵᠢᠭᠡᠳᠦᠢ ᠤᠯᠤᠰ ᠤᠨ ᠥᠮᠴᠢᠯᠡᠯ ᠤᠨ ᠣᠶ ᠰᠢᠭᠤᠢ ᠶᠢᠨ ᠲᠠᠯᠠᠪᠠᠶ ᠶᠢ ᠡᠮᠬᠢᠯᠡᠨ ᠨᠡᠶᠢᠯᠡᠭᠦᠯᠵᠦ 100 ᠲᠦᠮᠡᠨ ᠲᠥᠭᠦᠷᠢᠭ ᠤᠨ ᠨᠥᠬᠦᠪᠦᠷᠢ ᠮᠥᠩᠭᠦ᠂ ᠬᠤᠲᠠ ᠶᠢᠨ ᠲᠠᠰ ᠤᠨ ᠢᠵᠢ ᠪᠦᠷᠢᠳᠦᠭᠦᠯᠬᠦ ᠪᠡᠯᠡ ᠮᠥᠩᠭᠦ 100 ᠲᠦᠮᠡᠨ ᠲᠥᠭᠦᠷᠢᠭ ᠢ ᠪᠠᠬᠢᠵᠢᠭᠦᠯᠦᠨ ᠳᠡᠭᠡᠭᠰᠢᠯᠡᠭᠦᠯᠦᠨ᠎ᠡ᠃      ᠲᠥᠷᠥᠯ ᠵᠦᠢᠯ ᠢ ᠬᠡᠷᠡᠭᠵᠢᠭᠦᠯᠬᠦ ᠭᠤᠣᠯ ᠴᠣᠭᠴᠠ᠄ ᠷᠠᠰᠢᠶᠠᠨ ᠬᠤᠲᠠ ᠶᠢᠨ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ      ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠭᠠᠵᠠᠷ᠄  ᠲᠣᠯᠠᠷ ᠣᠶ ᠰᠢᠭᠤᠢ ᠶᠢᠨ ᠲᠠᠯᠠᠪᠠᠶ      ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠤᠭᠤᠴᠠᠭ᠎ᠠ᠄ 2023 ᠣᠨ ᠤ 5 ᠰᠠᠷ᠎ᠠ ︱ 2023 ᠣᠨ ᠤ 11 ᠰᠠᠷ᠎ᠠ      ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠭᠤᠯᠭ᠎ᠠ᠄ ᠰᠢᠨ᠎ᠡ ᠪᠠᠷ ᠪᠠᠶᠢᠭᠤᠯᠤᠭᠰᠠᠨ ᠰᠠᠶᠢᠨ ᠡᠭᠦᠯᠳᠡᠷ ᠤᠨ ᠴᠢᠬᠢ ᠮᠣᠳᠣ ᠵᠢᠴᠢ ᠨᠤᠲᠤᠭ ᠤᠨ ᠮᠣᠳᠣᠨ ᠤ ᠲᠥᠷᠥᠯ ᠤᠨ ᠴᠢᠬᠢ ᠪᠣᠶᠢᠵᠢᠭᠤᠯᠬᠤ ᠭᠠᠵᠠᠷ 200 ᠮᠦ ᠂ ᠴᠢᠬᠢ ᠪᠣᠶᠢᠵᠢᠭᠤᠯᠬᠤ ᠭᠠᠵᠠᠷ ᠤᠨ ᠦᠷ᠎ᠡ ᠰᠢᠢᠳᠪᠦᠷᠢᠯᠡᠵᠦ ᠬᠤᠷᠢᠶᠠᠨ ᠬᠠᠳᠠᠭᠠᠯᠠᠬᠤ ᠲᠠᠰᠤᠭ᠂ ᠬᠥᠮᠥᠷᠭᠡ᠂ ᠴᠢᠬᠢ ᠮᠣᠳᠣ ᠬᠠᠳᠠᠭᠠᠯᠠᠬᠤ ᠵᠣᠭᠤᠷᠢ᠂ ᠬᠠᠶᠢᠷ ᠴᠢᠯᠠᠭᠤᠨ ᠵᠠᠮ ᠤᠨ ᠳᠡᠪᠢᠰᠬᠡᠷ ᠵᠢᠴᠢ ᠴᠠᠬᠢᠯᠭᠠᠨ ᠬᠡᠯᠬᠢᠶ᠎ᠡ ᠶᠢᠨ ᠳᠡᠪᠢᠰᠬᠡᠷ᠂ ᠲᠥᠬᠦᠭᠡᠷᠦᠮᠵᠢ ᠲᠷᠠᠺᠲ᠋ᠣᠷ ᠵᠢᠴᠢ ᠡᠷᠭᠢᠯᠳᠦᠭᠦᠯᠦᠨ ᠬᠠᠭᠠᠯᠪᠤᠷᠢᠯᠠᠬᠤ ᠮᠠᠰᠢᠨ ᠵᠡᠷᠭᠡ︶ ᠴᠢᠬᠢ ᠪᠣᠶᠢᠵᠢᠭᠤᠯᠬᠤ ᠲᠥᠬᠦᠮ ᠲᠥᠬᠦᠭᠡᠷᠦᠮᠵᠢ᠂ ᠭᠠᠵᠠᠷ ᠲᠡᠭᠰᠢᠯᠡᠬᠦ ᠵᠢᠴᠢ ᠰᠢᠮ᠎ᠡ ᠲᠡᠵᠢᠭᠡᠯᠲᠦ ᠰᠢᠷᠣᠢ ᠶᠢᠨ ᠲᠣᠬᠢᠷᠠᠭᠤᠯᠤᠯᠲᠠ ᠵᠡᠷᠭᠡ ᠶᠢ ᠪᠠᠭᠲᠠᠭᠠᠨ᠎ᠠ᠃      ᠬᠦᠳᠡᠭᠡ ᠲᠣᠰᠬᠤᠨ ᠲᠠᠢ ᠬᠤᠯᠪᠤᠭᠠᠯᠠᠨ ᠬᠦᠳᠡᠭᠡ ᠲᠣᠰᠬᠤᠨ ᠢ ᠳᠠᠶᠢᠴᠢᠯᠠᠬᠤ ᠲᠣᠭᠲᠠᠴᠠ᠄ ᠲᠥᠷᠥᠯ ᠵᠦᠢᠯ ᠤᠨ ᠥᠮᠴᠢᠯᠡᠯ ᠤᠨ ᠡᠷᠬᠡ ᠶᠢ ᠷᠠᠰᠢᠶᠠᠨ ᠬᠤᠲᠠ ᠶᠢᠨ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠳᠤ ᠥᠮᠴᠢᠯᠡᠭᠦᠯᠦᠨ᠎ᠡ᠃ ᠲᠦᠷᠦᠯ ᠵᠦᠢᠯ ᠢ ᠬᠡᠷᠡᠭᠵᠢᠭᠦᠯᠦᠭᠰᠡᠨ ᠨᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠰᠢᠨᠵᠢᠯᠡᠬᠦ ᠤᠬᠠᠭᠠᠨᠴᠢ ᠪᠠᠷ ᠦᠢᠯᠡᠳᠪᠦᠷᠢᠯᠡᠬᠦ ᠶᠢ ᠠᠬᠢᠭᠤᠯᠵᠤ᠂ ᠡᠯ᠎ᠡ ᠲᠦᠷᠦᠯ ᠤᠨ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠤᠢ ᠰᠢᠭᠤᠢ ᠶᠢᠨ ᠲᠠᠯᠠᠪᠠᠢ ᠶᠢᠨ ᠠᠮᠢᠳᠤᠷᠠᠯ ᠤᠨ ᠳᠦᠷᠢ ᠲᠥᠷᠬᠦ ᠶᠢ ᠪᠦᠲᠦᠮᠵᠢᠲᠡᠢ ᠰᠠᠶᠢᠵᠢᠷᠠᠭᠤᠯᠵᠤ᠂ ᠤᠢ ᠰᠢᠭᠤᠢ ᠶᠢᠨ ᠲᠠᠯᠠᠪᠠᠢ ᠶᠢᠨ ᠣᠷᠴᠢᠨ ᠲᠣᠭᠤᠷᠢᠨ ᠤ ᠠᠰᠠᠭᠤᠳᠠᠯ ᠢ ᠰᠢᠢᠳᠪᠦᠷᠢᠯᠡᠵᠦ᠂ ᠠᠮᠢᠳᠤᠷᠠᠯ ᠤᠨ ᠣᠷᠴᠢᠨ ᠲᠣᠭᠤᠷᠢᠨ ᠢ ᠰᠠᠶᠢᠵᠢᠷᠠᠭᠤᠯᠤᠨ ᠳᠡᠭᠡᠭᠰᠢᠯᠡᠭᠦᠯᠵᠦ᠂ ᠤᠢ ᠰᠢᠭᠤᠢ ᠶᠢᠨ ᠲᠠᠯᠠᠪᠠᠢ ᠶᠢᠨ ᠠᠵᠢᠯᠲᠠᠨ ᠠᠵᠢᠯᠴᠢᠨ ᠳᠤ ᠲᠠᠭᠠᠯᠠᠮᠵᠢᠲᠠᠢ ᠠᠮᠢᠳᠤᠷᠠᠯ ᠤᠨ ᠣᠷᠴᠢᠨ ᠲᠣᠭᠤᠷᠢᠨ ᠢ ᠬᠠᠩᠭᠠᠵᠤ᠂ ᠤᠢ ᠰᠢᠭᠤᠢ ᠶᠢᠨ ᠲᠠᠯᠠᠪᠠᠢ ᠶᠢᠨ ᠠᠵᠤ ᠦᠢᠯᠡᠰ ᠤᠨ ᠬᠥᠭᠵᠢᠯᠲᠡ ᠶᠢ ᠳᠡᠭᠡᠭᠰᠢᠯᠡᠭᠦᠯᠬᠦ ᠳᠤ ᠠᠰᠢᠭᠲᠠᠢ ᠶᠤᠮ᠃      ᠲᠥᠷᠥᠯ ᠵᠦᠢᠯ ᠤᠨ ᠬᠠᠮᠢᠶᠠᠷᠤᠯᠲᠠ ᠶᠢᠨ ᠵᠠᠭᠪᠤᠷ᠄ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠦᠭᠰᠡᠨ ᠤ ᠳᠠᠷᠠᠭ᠎ᠠ ᠲᠣᠯᠠᠷ ᠣᠶ ᠰᠢᠭᠤᠢ ᠶᠢᠨ ᠲᠠᠯᠠᠪᠠᠶ ᠠᠴᠠ ᠬᠠᠮᠢᠶᠠᠷᠤᠨ ᠬᠠᠮᠠᠭᠠᠯᠠᠵᠤ ᠲᠡᠭᠡᠭᠡᠪᠦᠷᠢᠯᠡᠨ ᠬᠠᠮᠠᠭᠠᠯᠠᠬᠤ ᠶᠢ ᠬᠠᠷᠢᠭᠤᠴᠠᠵᠤ᠂ ᠣᠯᠣᠭᠰᠠᠨ ᠠᠰᠢᠭ ᠣᠷᠣᠯᠭ᠎ᠠ ᠶᠢ ᠣᠶ ᠰᠢᠭᠤᠢ ᠶᠢᠨ ᠲᠠᠯᠠᠪᠠᠶ ᠶᠢᠨ ᠬᠥᠭᠵᠢᠯᠲᠡ ᠳᠤ ᠬᠡᠷᠡᠭᠯᠡᠨ᠎ᠡ᠃      ︵ᠵᠢᠷᠭᠤᠭ᠎ᠠ︶ ᠷᠠᠰᠢᠶᠠᠨ ᠬᠤᠲᠠ ᠶᠢᠨ ᠮᠢᠩ ᠱᠦᠢ ᠾᠧ ᠪᠠᠯᠭᠠᠰᠤᠨ ᠤ ᠵᠣᠭᠠᠴᠠᠯ ᠤᠨ ᠦᠵᠡᠮᠵᠢ ᠶᠢᠨ ᠣᠷᠣᠨ ᠤ ᠲᠥᠷᠥᠯ ᠵᠦᠢᠯ ᠤᠨ ᠬᠤᠶᠠᠳᠤᠭᠠᠷ ᠬᠤᠭᠤᠴᠠᠭ᠎ᠠ      ᠲᠣᠰ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ 350 ᠲᠦᠮᠡᠨ ᠲᠥᠭᠦᠷᠢᠭ ᠪᠠᠶᠢᠵᠤ᠂ ᠲᠥᠪ ᠤᠨ ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠡᠭᠦᠷᠭᠡ ᠶᠢᠨ ᠪᠡᠯᠡ ᠮᠥᠩᠭᠦ 162 ᠲᠦᠮᠡᠨ ᠲᠥᠭᠦᠷᠢᠭ᠂ ᠣᠷᠣᠨ ᠤ ᠲᠠᠰ ᠤᠨ ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠡᠭᠦᠷᠭᠡ ᠶᠢᠨ ᠪᠡᠯᠡ ᠮᠥᠩᠭᠦ 88 ᠲᠦᠮᠡᠨ ᠲᠥᠭᠦᠷᠢᠭ᠂ ᠬᠤᠲᠠ ᠶᠢᠨ ᠲᠠᠰ ᠤᠨ ᠢᠵᠢ ᠪᠦᠷᠢᠳᠦᠭᠦᠯᠬᠦ ᠪᠡᠯᠡ ᠮᠥᠩᠭᠦ 100 ᠲᠦᠮᠡᠨ ᠲᠥᠭᠦᠷᠢᠭ ᠢ ᠨᠢᠭᠡᠳᠬᠡᠨ᠎ᠡ᠃      ᠲᠥᠷᠥᠯ ᠵᠦᠢᠯ ᠢ ᠬᠡᠷᠡᠭᠵᠢᠭᠦᠯᠬᠦ ᠭᠤᠣᠯ ᠴᠣᠭᠴᠠ᠄ ᠮᠢᠩ ᠱᠦᠢ ᠾᠧ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ      ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠭᠠᠵᠠᠷ᠄ ᠮᠢᠩ ᠱᠦᠢ ᠾᠧ ᠪᠠᠯᠭᠠᠰᠤᠨ ᠤ ᠰᠢ ᠺᠧᠦ ᠲᠣᠰᠬᠤᠨ     ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠤᠭᠤᠴᠠᠭ᠎ᠠ᠄ 2023 ᠣᠨ ᠤ 5 ᠰᠠᠷ᠎ᠠ ︱ 2023 ᠣᠨ ᠤ 11 ᠰᠠᠷ᠎ᠠ      ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠭᠤᠯᠭ᠎ᠠ᠄ ᠠᠭᠤᠯᠠᠨ ᠴᠣᠭᠴᠠ ᠶᠢᠨ ᠨᠢᠴᠦᠭᠦᠨ ᠴᠢᠯᠠᠭᠤᠯᠢᠭ ᠤᠨ ᠣᠷᠣᠨ ᠪᠦᠰᠡ ᠶᠢ ᠠᠰᠢᠭᠯᠠᠨ ᠪᠥᠬᠦ ᠣᠷᠣᠨ ᠪᠦᠰᠡ ᠶᠢᠨ ᠵᠣᠭᠠᠴᠠᠯ ᠤᠨ ᠦᠵᠡᠬᠦᠯᠭᠡ ᠶᠢᠨ ᠬᠥᠲᠥᠴᠢ ᠭᠠᠵᠠᠷ ᠤᠨ ᠵᠢᠷᠤᠭ ᠢ 4950 ᠲᠡᠭᠰᠢ ᠳᠥᠷᠪᠡᠯᠵᠢᠨ ᠮᠧᠲᠷ ᠪᠦᠲᠦᠭᠡᠨ ᠪᠠᠶᠢᠭᠤᠯᠵᠤ᠂ ᠪᠥᠬᠦ ᠣᠷᠣᠨ ᠪᠦᠰᠡ ᠶᠢᠨ ᠬᠥᠲᠥᠯᠥᠮᠵᠢ ᠵᠢᠷᠤᠭ ᠨᠢ ᠪᠣᠯᠣᠳ ᠪᠦᠲᠦᠴᠡ ᠶᠢᠨ ᠠᠷᠤᠭ ᠶᠠᠰᠤ ᠶᠢ ᠠᠰᠢᠭᠯᠠᠨ ᠠᠭᠤᠯᠠᠨ ᠳᠡᠭᠡᠷ᠎ᠡ ᠡᠯ᠎ᠡ ᠦᠵᠡᠮᠵᠢ ᠶᠢᠨ ᠣᠷᠣᠨ ᠤ ᠦᠵᠡᠮᠵᠢ ᠶᠢᠨ ᠵᠢᠷᠤᠭ ᠢ ᠢᠯᠡᠷᠡᠭᠦᠯᠵᠦ᠂ ᠨᠢᠭᠤᠷ ᠤᠨ ᠳᠠᠪᠬᠤᠷᠭ᠎ᠠ ᠶᠢᠨ ᠳᠦᠷᠰᠦ ᠪᠦᠲᠦᠭᠡᠯᠲᠡ ᠨᠢ ᠰᠦᠯᠢᠶᠥᠦ ᠴᠢᠯᠠᠭᠤ ᠪᠠᠶᠢᠵᠤ᠂ ᠡᠯ᠎ᠡ ᠦᠵᠡᠮᠵᠢ ᠶᠢᠨ ᠣᠷᠣᠨ ᠤ ᠭᠠᠳᠠᠷ ᠳᠦᠷᠰᠦ ᠵᠢᠴᠢ ᠵᠠᠮ ᠱᠤᠭᠤᠮ ᠢ ᠳᠡᠯᠭᠡᠨ ᠦᠵᠡᠭᠦᠯᠦᠨ᠎ᠡ᠃      ᠬᠦᠳᠡᠭᠡ ᠲᠣᠰᠬᠤᠨ ᠲᠠᠢ ᠬᠤᠯᠪᠣᠭᠠᠯᠠᠵᠤ ᠬᠦᠳᠡᠭᠡ ᠲᠣᠰᠬᠤᠨ ᠢ ᠳᠠᠶᠢᠴᠢᠯᠠᠬᠤ ᠲᠣᠭᠲᠠᠴᠠ᠄ ᠥᠮᠴᠢᠯᠡᠯ ᠤᠨ ᠡᠷᠬᠡ ᠨᠢ ᠮᠢᠩ ᠱᠦᠢ ᠾᠧ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠳᠤ ᠥᠮᠴᠢᠯᠡᠭᠳᠡᠨ᠎ᠡ᠃ ᠮᠢᠩ ᠱᠦᠢ ᠾᠧ ᠪᠠᠯᠭᠠᠰᠤᠨ ᠤ ᠵᠣᠭᠠᠴᠠᠯ ᠤᠨ ᠦᠵᠡᠮᠵᠢ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ︵ᠬᠤᠶᠠᠳᠤᠭᠠᠷ ᠬᠤᠭᠤᠴᠠᠭ᠎ᠠ︶᠂ ᠮᠢᠩ ᠱᠦᠢ ᠾᠧ ᠪᠠᠯᠭᠠᠰᠤ ᠶᠢᠨ ᠵᠣᠭᠠᠴᠠᠯ ᠤᠨ ᠦᠵᠡᠮᠵᠢ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ︵ᠨᠢᠭᠡᠳᠦᠭᠡᠷ ᠬᠤᠭᠤᠴᠠᠭ᠎ᠠ︶ ᠤᠨ ᠢᠵᠢ ᠪᠦᠷᠢᠳᠦᠭᠦᠯᠬᠦ ᠰᠠᠭᠤᠷᠢ ᠲᠦᠬᠦᠭᠡᠷᠣᠮᠵᠢ ᠶᠢᠨ ᠲᠥᠷᠥᠯ ᠵᠦᠢᠯ ᠪᠣᠯᠤᠭᠰᠠᠨ ᠤ ᠬᠤᠪᠢ ᠳᠤ᠂ ᠵᠣᠭᠠᠴᠠᠯ ᠤᠨ ᠦᠢᠯᠡᠰ ᠤᠨ ᠬᠡᠯᠪᠡᠷᠢ ᠪᠠᠶᠢᠳᠠᠯ ᠢ ᠤᠯᠠᠮ ᠨᠢᠭᠡ ᠠᠯᠬᠤᠮ ᠪᠠᠶᠠᠯᠢᠭᠵᠢᠭᠤᠯᠬᠤ᠂ ᠦᠵᠡᠮᠵᠢ ᠶᠢᠨ ᠣᠷᠣᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠪᠠᠷ ᠳᠠᠮᠵᠢᠭᠤᠯᠤᠨ᠂ ᠨᠠᠩ ᠣᠯᠠᠨ ᠵᠤᠭᠠᠴᠠᠭᠰᠠᠳ ᠤᠨ ᠬᠦᠷᠦᠯᠴᠡᠨ ᠢᠷᠡᠵᠦ ᠲᠣᠭᠤᠷᠢᠨ ᠵᠤᠭᠠᠴᠠᠬᠤ ᠪᠠ ᠰᠡᠯᠡᠭᠦᠴᠡᠨ ᠠᠮᠠᠷᠠᠬᠤ ᠶᠢ ᠲᠠᠲᠠᠵᠤ᠂ ᠦᠵᠡᠮᠵᠢ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ︵ᠨᠢᠭᠡᠳᠦᠭᠡᠷ ᠬᠤᠭᠤᠴᠠᠭ᠎ᠠ︶ ᠲᠠᠢ ᠬᠠᠮᠲᠤ ᠪᠠᠷ ᠰᠣᠶᠣᠯ ᠵᠣᠭᠠᠴᠠᠯ ᠤᠨ ᠭᠦᠨ ᠠᠭᠤᠰᠤᠯᠴᠠᠭᠰᠠᠨ ᠴᠢᠨᠠᠷ ᠰᠠᠶᠢᠲᠠᠢ ᠵᠣᠭᠠᠴᠠᠯ ᠤᠨ ᠦᠵᠡᠮᠵᠢ ᠶᠢᠨ ᠣᠷᠣᠨ ᠢ ᠪᠠᠶᠢᠭᠤᠯᠵᠤ᠂ ᠵᠤᠭᠠᠴᠠᠭᠰᠠᠳ ᠤᠨ ᠲᠠᠲᠠᠬᠤ ᠬᠦᠴᠦᠨ ᠢ ᠳᠡᠭᠡᠭᠰᠢᠯᠡᠭᠦᠯᠦᠨ᠎ᠡ᠃ ᠡᠭᠦᠨ ᠠᠴᠠ ᠭᠠᠳᠠᠨ᠎ᠠ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠤᠭᠤᠴᠠᠭᠠᠨ ᠳᠤ ᠲᠣᠰ ᠭᠠᠵᠠᠷ ᠤᠨ ᠣᠯᠠᠨ ᠲᠦᠮᠡᠨ ᠢ ᠳᠠᠶᠢᠴᠢᠯᠠᠨ 8 ᠬᠥᠮᠥᠨ ᠳᠤ ᠠᠵᠢᠯ ᠣᠯᠭᠤᠵᠤ᠂ ᠠᠵᠢᠯ ᠳᠠᠭᠤᠰᠤᠭᠰᠠᠨ ᠤ ᠳᠠᠷᠠᠭ᠎ᠠ 2 ᠠᠵᠢᠯ ᠤᠨ ᠪᠠᠶᠢᠷᠢ ᠬᠠᠩᠭᠠᠨ᠎ᠠ᠃     ︵ᠳᠣᠯᠤᠭ᠎ᠠ︶ ᠷᠠᠰᠢᠶᠠᠨ ᠬᠤᠲᠠ ᠶᠢᠨ ᠲᠢᠶᠠᠨ ᡂᠢ ᠪᠠᠯᠭᠠᠰᠤᠨ ᠤ ᠢᠷᠪᠢᠰ ᠰᠢᠨ᠎ᠡ ᠲᠣᠰᠬᠤᠨ ᠤ ᠢᠵᠢ ᠪᠦᠷᠢᠳᠦᠭᠦᠯᠬᠦ ᠰᠠᠭᠤᠷᠢ  ᠲᠦᠬᠦᠭᠡᠷᠣᠮᠵᠢ      ᠲᠣᠰ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ 649.43 ᠲᠦᠮᠡᠨ ᠲᠥᠭᠦᠷᠢᠭ ᠪᠠᠶᠢᠵᠤ᠂ ᠲᠥᠪ ᠤᠨ ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠡᠭᠦᠷᠭᠡ ᠶᠢᠨ ᠪᠡᠯᠡ ᠮᠥᠩᠭᠦ ᠶᠢ 649.43 ᠲᠦᠮᠡᠨ ᠲᠥᠭᠦᠷᠢᠭ ᠨᠡᠶᠢᠯᠡᠭᠦᠯᠪᠡ᠃       ᠲᠥᠷᠥᠯ ᠵᠦᠢᠯ ᠢ ᠬᠡᠷᠡᠭᠵᠢᠭᠦᠯᠬᠦ ᠭᠤᠣᠯ ᠴᠣᠭᠴᠠ᠄ ᠷᠠᠰᠢᠶᠠᠨ ᠬᠤᠲᠠ ᠶᠢᠨ ᠲᠢᠶᠠᠨ ᡂᠢ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ       ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠭᠠᠵᠠᠷ᠄ ᠲᠢᠶᠠᠨ ᡂᠢ ᠪᠠᠯᠭᠠᠰᠤᠨ ᠤ ᠢᠷᠪᠢᠰ ᠰᠢᠨ᠎ᠡ ᠲᠣᠰᠬᠤᠨ       ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠤᠭᠤᠴᠠᠭ᠎ᠠ᠄ 2023 ᠣᠨ ᠤ 5 ᠰᠠᠷ᠎ᠠ ︱ 2023 ᠣᠨ ᠤ 11 ᠰᠠᠷ᠎ᠠ      ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠭᠤᠯᠭ᠎ᠠ᠄ ᠪᠣᠬᠢᠷ ᠤᠰᠤᠨ ᠤ ᠬᠤᠭᠤᠯᠠᠢ ᠶᠢ 2500 ᠮᠧᠲᠷ ᠳᠡᠪᠢᠰᠴᠦ᠂ ᠤᠰᠤ ᠲᠠᠲᠠᠷᠠᠭᠤᠯᠬᠤ ᠶᠢ ᠪᠠᠶᠢᠴᠠᠭᠠᠬᠤ 60 ᠬᠤᠳᠳᠤᠭ ᠢ ᠰᠢᠨ᠎ᠡ ᠪᠠᠷ ᠪᠠᠶᠢᠭᠤᠯᠵᠤ᠂ ᠵᠠᠮ ᠤᠨ ᠭᠠᠳᠠᠷᠭᠤ ᠶᠢ 1000 ᠲᠡᠭᠰᠢ ᠳᠥᠷᠪᠡᠯᠵᠢᠨ ᠮᠧᠲᠷ᠂ ᠣᠷᠣᠢ ᠶᠢᠨ ᠬᠤᠭᠤᠯᠠᠢ ᠶᠢ 40m ᠰᠡᠷᠭᠦᠭᠡᠵᠦ᠂ ᠪᠦᠲᠦᠭᠡᠨ ᠪᠠᠶᠢᠭᠤᠯᠤᠯᠲᠠ ᠶᠢᠨ ᠤᠰᠤ ᠬᠠᠩᠭᠠᠬᠤ ᠬᠤᠭᠤᠯᠠᠢ ᠶᠢᠨ ᠱᠤᠭᠤᠮ ᠤᠨ ᠣᠷᠳᠣ ᠶᠢᠨ ᠬᠡᠮᠵᠢᠶ᠎ᠡ ᠶᠢ 1000m ᠪᠠᠶᠢᠭᠤᠯᠣᠨ᠎ᠠ᠃      ᠬᠦᠳᠡᠭᠡ ᠲᠣᠰᠬᠤᠨ ᠲᠠᠢ ᠬᠤᠯᠪᠣᠭᠠᠯᠠᠵᠤ ᠬᠦᠳᠡᠭᠡ ᠲᠣᠰᠬᠤᠨ ᠢ ᠳᠠᠶᠢᠴᠢᠯᠠᠬᠤ ᠲᠣᠭᠲᠠᠴᠠ᠄ ᠥᠮᠴᠢᠯᠡᠯ ᠤᠨ ᠡᠷᠬᠡ ᠨᠢ ᠲᠢᠶᠠᠨ ᡂᠢ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠳᠤ ᠥᠮᠴᠢᠯᠡᠭᠳᠡᠨ᠎ᠡ᠃ ᠲᠦᠷᠦᠯ ᠵᠦᠢᠯ ᠨᠢ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠣᠯᠤᠭᠰᠠᠨ ᠤ ᠬᠤᠪᠢ ᠳᠤ᠂ ᠢᠷᠪᠢᠰ ᠰᠢᠨ᠎ᠡ ᠲᠣᠰᠬᠤᠨ ᠤ ᠤᠰᠤ ᠬᠠᠩᠭᠠᠬᠤ ᠲᠦᠭᠡᠮᠡᠯᠵᠢᠯᠲᠡ ᠶᠢᠨ ᠨᠤᠷᠮ᠎ᠠ ᠪᠣᠯᠣᠨ ᠪᠣᠬᠢᠷ ᠤᠰᠤ ᠶᠢ ᠴᠤᠭᠯᠠᠭᠤᠯᠬᠤ ᠨᠤᠷᠮ᠎ᠠ ᠶᠢ ᠪᠦᠬᠦᠯᠢ ᠴᠣᠭᠴᠠ ᠠᠴᠠ ᠨᠢ ᠳᠡᠭᠡᠭᠰᠢᠯᠡᠭᠦᠯᠵᠦ᠂ ᠠᠷᠠᠳ ᠢᠷᠭᠡᠳ ᠤᠨ ᠠᠮᠢᠳᠤᠷᠠᠯ ᠤᠨ ᠶᠠᠰᠤ ᠴᠢᠨᠠᠷ ᠢ ᠳᠡᠭᠡᠭᠰᠢᠯᠡᠭᠦᠯᠵᠦ᠂ ᠲᠤᠬᠠᠢ ᠶᠢᠨ ᠭᠠᠵᠠᠷ ᠤᠨ ᠠᠵᠤ ᠦᠢᠯᠡᠰ ᠤᠨ ᠲᠦᠷᠦᠯ ᠵᠦᠢᠯ ᠤᠨ ᠬᠥᠭᠵᠢᠯᠲᠡ ᠶᠢ ᠠᠬᠢᠭᠤᠯᠣᠨ᠎ᠠ᠃       ︵ᠨᠠᠢᠮᠠ︶ ᠷᠠᠰᠢᠶᠠᠨ ᠬᠤᠲᠠ ᠶᠢᠨ ᠦ᠋ ᠴᠠ ᠭᠧᠦ ᠪᠠᠯᠭᠠᠰᠤᠨ ᠤ ᠯᠢᠨ ᠱᠧᠨ ᠵᠢᠶᠠᠨ ᠯᠦ  ᠰᠢᠨ᠎ᠠ ᠶᠢ ᠡᠬᠦᠳᠬᠦ ᠤᠷᠠᠯᠢᠭ ᠤᠨ ᠬᠦᠷᠢᠶᠡᠯᠡᠩ      ᠲᠣᠰ ᠲᠥᠷᠥᠯ ᠵᠦᠢᠯ ᠳᠤ ᠨᠡᠶᠢᠲᠡ 250 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠲᠥᠪ ᠤᠨ ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠡᠭᠦᠷᠭᠡ ᠶᠢᠨ ᠪᠡᠯᠡ ᠮᠥᠩᠭᠦ 198.57 ᠲᠦᠮᠡᠨ ᠲᠥᠭᠦᠷᠢᠭ᠂ ᠬᠤᠲᠠ ᠶᠢᠨ ᠲᠠᠰ ᠤᠨ ᠢᠵᠢ ᠪᠦᠷᠢᠳᠦᠭᠦᠯᠬᠦ ᠪᠡᠯᠡ ᠮᠥᠩᠭᠦ 51.43 ᠲᠦᠮᠡᠨ ᠲᠥᠭᠦᠷᠢᠭ ᠢ ᠨᠢᠭᠡᠳᠬᠡᠨ᠎ᠡ᠃     ᠲᠥᠷᠥᠯ ᠵᠦᠢᠯ ᠢ ᠬᠡᠷᠡᠭᠵᠢᠭᠦᠯᠬᠦ ᠭᠤᠣᠯ ᠴᠣᠭᠴᠠ᠄ ᠷᠠᠰᠢᠶᠠᠨ ᠬᠤᠲᠠ ᠶᠢᠨ ᠦ᠋ ᠴᠠ ᠭᠧᠦ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ     ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠭᠠᠵᠠᠷ᠄ ᠦ᠋ ᠴᠠ ᠭᠧᠦ ᠪᠠᠯᠭᠠᠰᠤᠨ ᠤ ᠦ᠋ ᠴᠠ ᠭᠧᠦ ᠲᠣᠰᠬᠤᠨ     ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠤᠭᠤᠴᠠᠭ᠎ᠠ᠄ 2023 ᠣᠨ ᠤ 5 ᠰᠠᠷ᠎ᠠ ︱ 2023 ᠣᠨ ᠤ 12 ᠰᠠᠷ᠎ᠠ     ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠭᠤᠯᠭ᠎ᠠ᠄ ᠵᠣᠭᠠᠴᠠᠯ ᠤᠨ ᠭᠥᠯᠢᠶᠡᠨ ᠠᠪᠬᠤ ᠶᠡᠷᠦᠩᠬᠡᠶᠢᠯᠡᠭᠰᠡᠨ ᠦᠢᠯᠡᠴᠢᠯᠡᠭᠡᠨ ᠤ ᠴᠣᠭᠴᠠ 300 ᠲᠡᠭᠰᠢ ᠳᠥᠷᠪᠡᠯᠵᠢᠨ ᠮᠧᠲᠷ᠂ ᠲᠡᠭᠦᠬᠦ ᠣᠷᠣᠨ 350 ᠲᠡᠭᠰᠢ ᠳᠥᠷᠪᠡᠯᠵᠢᠨ ᠮᠧᠲᠷ᠂ ᠬᠠᠷᠢᠯᠴᠠᠨ ᠬᠥᠳᠡᠯᠦᠯᠴᠡᠬᠦ ᠣᠷᠣᠨ 840 ᠲᠡᠭᠰᠢ ᠳᠥᠷᠪᠡᠯᠵᠢᠨ ᠮᠧᠲᠷ᠂ ᠠᠮᠠᠷᠠᠵᠤ ᠰᠡᠯᠡᠭᠦᠴᠡᠬᠦ ᠣᠷᠣᠨ 900 ᠲᠡᠭᠰᠢ ᠳᠥᠷᠪᠡᠯᠵᠢᠨ ᠮᠧᠲᠷ᠂ ᠲᠡᠷᠭᠡ ᠵᠣᠭᠰᠣᠬᠤ ᠣᠷᠣᠨ 1000 ᠲᠡᠭᠰᠢ ᠳᠥᠷᠪᠡᠯᠵᠢᠨ ᠮᠧᠲᠷ ᠵᠢᠴᠢ ᠤᠰᠤ᠂ ᠴᠠᠬᠢᠯᠭᠠᠨ ᠵᠡᠷᠭᠡ ᠬᠠᠮᠢᠶ᠎ᠠ ᠪᠦᠬᠦᠢ ᠠᠵᠤ ᠦᠢᠯᠡᠰ ᠤᠨ ᠢᠵᠢ ᠪᠦᠷᠢᠳᠦᠭᠦᠯᠬᠦ ᠲᠦᠬᠦᠭᠡᠷᠣᠮᠵᠢ ᠶᠢ ᠪᠦᠲᠦᠭᠡᠨ ᠪᠠᠶᠢᠭᠤᠯᠤᠨ᠎ᠠ᠃      ‍ᠦ᠋ᠳᠡᠭᠡ ᠲᠣᠰᠬᠤᠨ ᠲᠠᠢ ᠬᠤᠯᠪᠣᠭᠠᠯᠠᠵᠤ ᠬᠦᠳᠡᠭᠡ ᠲᠣᠰᠬᠤᠨ ᠢ ᠳᠠᠶᠢᠴᠢᠯᠠᠬᠤ ᠲᠣᠭᠲᠠᠴᠠ᠄ ᠥᠮᠴᠢᠯᠡᠯ ᠤᠨ ᠡᠷᠬᠡ ᠨᠢ ᠦ᠋ ᠴᠠ ᠭᠧᠦ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠳᠤ ᠥᠮᠴᠢᠯᠡᠭᠳᠡᠨ᠎ᠡ᠃ ᠨᠢᠭᠡ ᠳᠤ ᠠᠷᠡᠯᠵᠢᠶᠠᠴᠢᠨ ᠤᠷᠢᠵᠤ ᠪᠡᠯᠡ ᠮᠦᠩᠬᠦ ᠣᠷᠣᠭᠤᠯᠣᠨ ᠠᠪᠴᠢᠷᠡᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠤᠰᠬᠠᠢ ᠮᠡᠷᠭᠡᠵᠢᠯ ᠤᠨ ᠴᠢᠨᠠᠷ ᠢᠶᠠᠷ ᠴᠢᠩᠭ᠎ᠠ᠂ ᠪᠣᠳᠠᠲᠤ ᠬᠦᠴᠦᠨ ᠲᠠᠢ ᠠᠵᠤ ᠠᠬᠤᠶᠢᠯᠠᠯ ᠢ ᠣᠷᠣᠭᠤᠯᠤᠨ ᠠᠵᠢᠯᠯᠠᠭᠤᠯᠵᠤ᠂ ᠠᠰᠢᠭ ᠣᠷᠣᠯᠭ᠎ᠠ ᠶᠢ ᠨᠢ ᠠᠳᠠᠯᠢ ᠬᠤᠭᠤᠴᠠᠭᠠᠨ ᠤ ᠵᠢᠭᠡᠯᠡᠯᠭᠡ ᠶᠢᠨ ᠵᠠᠬ᠎ᠠ ᠳᠡᠯᠭᠡᠭᠦᠷ ᠤᠨ ᠮᠡᠳᠡᠭᠦᠯᠦᠭᠰᠡᠨ ᠦᠨ᠎ᠡ ᠶᠢᠨ ᠬᠦᠦ ᠨᠣᠷᠮ᠎ᠠ ᠠᠴᠠ ᠳᠣᠣᠷ᠎ᠠ ᠪᠠᠶᠢᠯᠭᠠᠵᠤ ᠪᠣᠯᠬᠤ ᠦᠭᠡᠢ᠃ ᠬᠤᠶᠠᠷ ᠲᠤ ᠲᠤᠬᠠᠢ ᠶᠢᠨ ᠭᠠᠵᠠᠷ ᠤᠨ ᠣᠯᠠᠨ ᠲᠦᠮᠡᠨ ᠢ ᠳᠠᠶᠢᠴᠢᠯᠠᠨ ᠠᠵᠢᠯ ᠣᠯᠭᠤᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠤᠭᠤᠴᠠᠭᠠᠨ ᠳᠤ ᠲᠤᠬᠠᠢ ᠶᠢᠨ ᠭᠠᠵᠠᠷ ᠤᠨ ᠣᠯᠠᠨ ᠲᠦᠮᠡᠨ ᠢ ᠬᠥᠯᠥᠰᠦᠯᠡᠨ ᠠᠵᠢᠯ ᠬᠢᠯᠭᠡᠵᠦ ᠪᠣᠯᠣᠨ᠎ᠠ᠂ ᠡᠵᠡᠩᠨᠡᠯᠲᠡ ᠶᠢᠨ ᠬᠤᠭᠤᠴᠠᠭᠠᠨ ᠳᠤ ᠦ᠋ ᠴᠠ ᠭᠧᠦ ᠪᠠᠯᠭᠠᠰᠤᠨ ᠳᠤ 10 ᠠᠵᠢᠯ ᠤᠨ ᠪᠠᠶᠢᠷᠢ ᠬᠠᠩᠭᠠᠵᠤ᠂ ᠶᠠᠳᠠᠭᠤ  ᠠᠴᠠ ᠠᠩᠭᠢᠵᠢᠷᠠᠭᠰᠠᠨ ᠬᠥᠮᠥᠨ ᠠᠮᠠ᠂ ᠬᠢᠨᠠᠨ ᠬᠡᠮᠵᠢᠭᠳᠡᠬᠦ ᠡᠲᠡᠭᠡᠳ ᠢ ᠤᠷᠢᠳ ᠢᠶᠠᠷ ᠳᠠᠶᠢᠴᠢᠯᠠᠨ ᠠᠵᠢᠯ ᠬᠢᠯᠭᠡᠵᠦ ᠪᠣᠯᠣᠨ᠎ᠠ᠃ ᠭᠤᠷᠪᠠ ᠳᠤ᠂ ᠲᠥᠷᠥᠯ ᠵᠦᠢᠯ ᠢ ᠪᠠᠶᠢᠭᠤᠯᠤᠭᠰᠠᠨ ᠤ ᠳᠠᠷᠠᠭ᠎ᠠ᠂ ᠬᠦᠷᠢᠶᠡᠯᠡᠩ ᠲᠣᠭᠤᠷᠢᠭ ᠤᠨ  ᠬᠡᠰᠡᠭ  ᠲᠤ ᠳᠡᠯᠭᠡᠭᠡ ᠮᠠᠶᠢᠮᠠᠢ ᠶᠢᠨ ᠣᠷᠣ ᠭᠠᠷᠭᠠᠵᠤ᠂ ᠲᠤᠬᠠᠢ ᠶᠢᠨ ᠭᠠᠵᠠᠷ ᠤᠨ ᠣᠨᠴᠠᠯᠢᠭᠲᠤ ᠣᠶ ᠶᠢᠨ ᠬᠤᠷᠮᠣᠢ ᠶᠢᠨ ᠪᠦᠲᠦᠭᠡᠭᠳᠡᠬᠦᠨ᠂ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠵᠢᠴᠢ ᠢᠳᠡᠭᠡᠨ ᠤ ᠵᠢᠵᠢᠭ ᠲᠠᠸᠠᠷ ᠵᠡᠷᠭᠡ ᠶᠢ ᠪᠣᠷᠣᠯᠠᠭᠤᠯᠬᠤ ᠳᠤ ᠬᠡᠷᠡᠭᠯᠡᠵᠦ ᠪᠣᠯᠣᠨ᠎ᠠ᠃      ᠲᠥᠷᠥᠯ ᠵᠦᠢᠯ ᠤᠨ ᠬᠠᠮᠢᠶᠠᠷᠤᠯᠲᠠ ᠶᠢᠨ ᠵᠠᠭᠪᠤᠷ᠄ ᠭᠤᠷᠪᠠᠳᠠᠭᠢ ᠡᠲᠡᠭᠡᠳ ᠢ ᠤᠷᠢᠵᠤ ᠨᠠᠶᠢᠳᠠᠨ ᠬᠠᠮᠢᠶᠠᠷᠤᠭᠤᠯᠬᠤ ᠡᠵᠡᠩᠨᠡᠯᠲᠡ ᠬᠢᠯᠭᠡᠵᠦ᠂ ᠲᠥᠷᠥᠯ ᠵᠦᠢᠯ ᠤᠨ ᠠᠰᠢᠭ ᠣᠯᠵᠠᠪᠤᠷᠢ ᠶᠢ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢ ᠨᠡᠭᠡᠭᠡᠨ ᠬᠥᠭᠵᠢᠭᠦᠯᠬᠦ ᠪᠠ ᠵᠢᠵᠢᠭ ᠬᠡᠯᠪᠡᠷᠢ ᠶᠢᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠰᠠᠭᠤᠷᠢ ᠲᠦᠬᠦᠭᠡᠷᠣᠮᠵᠢ ᠶᠢ ᠬᠥᠭᠵᠢᠭᠦᠯᠬᠦ ᠵᠢᠴᠢ ᠶᠠᠳᠠᠭᠤ ᠠᠴᠠ ᠠᠩᠭᠢᠵᠢᠷᠠᠭᠤᠯᠬᠤ ᠪᠣᠭᠤᠮᠳᠡ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠪᠤᠰᠤᠳ ᠬᠠᠮᠢᠶ᠎ᠠ ᠪᠦᠬᠦᠢ ᠲᠥᠷᠥᠯ ᠵᠦᠢᠯ ᠳᠤ ᠬᠡᠷᠡᠭᠯᠡᠨ᠎ᠡ᠃      ︵ᠶᠢᠰᠦ︶ ᠷᠠᠰᠢᠶᠠᠨ ᠬᠤᠲᠠ ᠶᠢᠨ ᠡᠷᠦᠬᠡ ᠶᠢᠨ ᠵᠣᠷᠯᠣᠩ ᠢ ᠥᠭᠡᠷᠡᠴᠢᠯᠡᠨ ᠪᠠᠶᠢᠭᠤᠯᠬᠤ ᠲᠥᠷᠥᠯ ᠵᠦᠢᠯ      ᠲᠤᠰ ᠲᠦᠷᠦᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ 68.2 ᠲᠦᠮᠡᠨ ᠲᠥᠭᠦᠷᠢᠭ ᠲᠤ ᠬᠦᠷᠴᠦ᠂ ᠥᠪᠡᠷᠲᠡᠭᠡᠨ ᠵᠠᠰᠠᠬᠤ ᠣᠷᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠭᠦᠷᠭᠡ ᠶᠢᠨ ᠪᠡᠯᠡ ᠮᠥᠩᠭᠦ 36.3 ᠲᠦᠮᠡᠨ ᠲᠥᠭᠦᠷᠢᠭ᠂ ᠠᠶᠢᠮᠠᠭ ᠤᠨ ᠲᠡᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠭᠦᠷᠭᠡ ᠶᠢᠨ ᠪᠡᠯᠡ ᠮᠥᠩᠭᠦ 5.5 ᠲᠦᠮᠡᠨ ᠲᠥᠭᠦᠷᠢᠭ᠂ ᠬᠤᠳᠠ ᠶᠢᠨ ᠲᠡᠰ ᠤᠨ ᠢᠵᠢ ᠪᠦᠷᠢᠳᠦᠭᠦᠯᠬᠦ ᠪᠡᠯᠡ ᠮᠥᠩᠭᠦ 20.9 ᠲᠦᠮᠡᠨ ᠲᠥᠭᠦᠷᠢᠭ᠂ ᠠᠷᠡᠳ ᠤᠯᠠᠨ ᠥᠪᠡᠷ ᠢᠶᠠᠨ 5.5 ᠲᠦᠮᠡᠨ ᠲᠥᠭᠦᠷᠢᠭ ᠴᠤᠭᠯᠠᠭᠤᠯᠣᠨ᠎ᠠ᠃      ᠲᠥᠷᠥᠯ ᠵᠦᠢᠯ ᠢ ᠬᠡᠷᠡᠭᠵᠢᠭᠦᠯᠬᠦ ᠭᠤᠣᠯ ᠴᠣᠭᠴᠠ᠄ ᠮᠢᠩ ᠱᠦᠢ ᠾᠧ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠦ᠋ ᠴᠠ ᠭᠧᠦ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ      ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠭᠠᠵᠠᠷ᠄ ᠮᠢᠩ ᠱᠦᠢ ᠾᠧ ᠪᠠᠯᠭᠠᠰᠤ᠂ ᠦ᠋ ᠴᠠ ᠭᠧᠦ ᠪᠠᠯᠭᠠᠰᠤ      ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠤᠭᠤᠴᠠᠭ᠎ᠠ᠄ 2023 ᠣᠨ ᠤ 5 ᠰᠠᠷ᠎ᠠ ︱ 2023 ᠣᠨ ᠤ 11 ᠰᠠᠷ᠎ᠠ      ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠭᠤᠯᠭ᠎ᠠ᠄ ᠨᠢᠭᠡ ᠳᠤ᠂ ᠮᠢᠩ ᠱᠦᠢ ᠾᠧ ᠪᠠᠯᠭᠠᠰᠤᠨ ᠤ 60 ᠡᠷᠦᠬᠡ ︵ᠰᠠᠭᠤᠭᠠᠯᠢ ᠠᠷᠠᠳ︶ ᠶᠢᠨ ᠵᠣᠷᠯᠣᠩ ᠳᠤ ᠥᠭᠡᠷᠡᠴᠢᠯᠡᠯᠲᠡ ᠬᠢᠨ᠎ᠠ᠂᠃ ︵37.2 ᠲᠦᠮᠡᠨ ᠲᠥᠭᠦᠷᠢᠭ᠂ ᠡᠭᠦᠨ ᠳᠤ ᠵᠣᠯᠭᠠᠭᠤᠯᠬᠤ ᠪᠡᠯᠡ ᠮᠥᠩᠭᠦ 34.2 ᠲᠦᠮᠡᠨ ᠲᠥᠭᠦᠷᠢᠭ᠂ ᠣᠯᠠᠨ ᠲᠦᠮᠡᠨ ᠥᠪᠡᠰᠦᠪᠡᠨ 3 ᠲᠦᠮᠡᠨ ᠲᠥᠭᠦᠷᠢᠭ ᠴᠤᠭᠯᠠᠭᠤᠯᠤᠨ᠎ᠠ︶᠂ ᠬᠤᠶᠠᠷ ᠲᠤ᠂ ᠦ᠋ ᠴᠠ ᠭᠧᠦ ᠪᠠᠯᠭᠠᠰᠤᠨ ᠤ 50 ᠰᠠᠭᠤᠭᠠᠯᠢ ᠠᠷᠠᠳ ᠤᠨ ᠡᠷᠦᠬᠡ ᠶᠢᠨ ᠵᠣᠷᠯᠣᠩ ᠳᠤ ᠥᠭᠡᠷᠡᠴᠢᠯᠡᠯᠲᠡ ︵31 ᠲᠦᠮᠡᠨ ᠲᠥᠭᠦᠷᠢᠭ᠂ ᠡᠭᠦᠨ ᠳᠤ ᠵᠣᠯᠭᠠᠭᠤᠯᠬᠤ ᠪᠡᠯᠡ ᠮᠥᠩᠭᠦ 28.5 ᠲᠦᠮᠡᠨ ᠲᠥᠭᠦᠷᠢᠭ᠂ ᠣᠯᠠᠨ ᠲᠦᠮᠡᠨ ᠥᠪᠡᠰᠦᠪᠡᠨ 2.5 ᠲᠦᠮᠡᠨ ᠲᠥᠭᠦᠷᠢᠭ ᠴᠤᠭᠯᠠᠭᠤᠯᠤᠨ᠎ᠠ︶ ᠬᠢᠵᠦ᠂ ᠰᠠᠭᠤᠭᠠᠯᠢ ᠠᠷᠠᠳ ᠤᠨ ᠠᠮᠢᠳᠤᠷᠠᠯ ᠤᠨ ᠨᠥᠬᠦᠴᠡᠯ ᠢ ᠰᠠᠶᠢᠵᠢᠷᠠᠭᠤᠯᠤᠨ᠂ ᠡᠷᠡᠭᠦᠯ ᠬᠠᠮᠠᠭᠠᠯᠠᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃       ᠬᠥᠳᠡᠭᠡ ᠲᠣᠰᠬᠤᠨ ᠲᠠᠢ ᠬᠤᠯᠪᠣᠭᠠᠯᠠᠵᠤ ᠬᠥᠳᠡᠭᠡ ᠲᠣᠰᠬᠤᠨ ᠢ ᠳᠠᠶᠢᠴᠢᠯᠠᠬᠤ ᠲᠣᠭᠲᠠᠴᠠ᠄ ᠲᠣᠰᠬᠤᠨ ︵ᠰᠠᠭᠤᠭᠠᠯᠢ︶ ᠤ ᠠᠷᠠᠳ ᠤᠨ ᠠᠮᠢᠳᠤᠷᠠᠯ ᠤᠨ ᠶᠠᠰᠤ ᠴᠢᠨᠠᠷ ᠢ ᠤᠯᠠᠮ ᠴᠢᠨᠠᠭᠰᠢᠳᠠ ᠳᠡᠭᠡᠭᠰᠢᠯᠡᠭᠦᠯᠵᠦ᠂ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠤᠨ᠎ᠠ᠃ ᠶᠠᠰᠤ ᠴᠢᠨᠠᠷ ᠪᠣᠳᠠᠲᠤ ᠦᠷ᠎ᠡ ᠪᠦᠲᠦᠮᠵᠢ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠨᠢᠭᠡ ᠡᠷᠦᠬᠡ ᠶᠢ ᠥᠭᠡᠷᠡᠴᠢᠯᠡᠪᠡᠯ᠂ ᠨᠢᠭᠡ ᠡᠷᠦᠬᠡ ᠶᠢ ᠰᠠᠶᠢᠵᠢᠷᠡᠭᠤᠯᠵᠤ ᠂ ᠨᠢᠭᠡ ᠡᠷᠦᠬᠡ ᠭᠡᠷᠡᠭᠯᠡᠪᠡᠯ᠂ ᠨᠢᠭᠡ ᠡᠷᠦᠬᠡ ᠶᠢ ᠰᠠᠶᠢᠨ ᠪᠣᠯᠭᠠᠬᠤ ᠶᠢ ᠦᠨᠡᠨ ᠬᠦ ᠪᠠᠲᠤᠯᠠᠨ᠎ᠠ᠃       ︵ᠠᠷᠪᠠ︶ ᠷᠠᠰᠢᠶᠠᠨ ᠬᠤᠲᠠ ᠶᠢᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢᠨ ᠲᠥᠷᠥᠯ ᠵᠦᠢᠯ      ᠲᠣᠰ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ 59.1 ᠲᠦᠮᠡᠨ ᠲᠥᠭᠦᠷᠢᠭ ᠪᠠᠶᠢᠵᠤ᠂ ᠣᠷᠣᠨ ᠤ ᠲᠠᠰ ᠤᠨ ᠶᠠᠳᠠᠭᠤ   ᠠᠴᠠ ᠠᠩᠭᠢᠵᠢᠷᠠᠭᠤᠯᠬᠤ ᠪᠣᠭᠤᠮᠳᠡ ᠰᠢᠪᠳᠣᠯᠥᠬᠰᠠᠨ ᠦᠷ᠎ᠡ ᠪᠦᠲᠦᠭᠡᠯ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠭᠦᠷᠭᠡ ᠶᠢᠨ ᠪᠡᠯᠡ ᠮᠥᠩᠭᠦ ᠶᠢ 59.1 ᠲᠦᠮᠡᠨ ᠲᠥᠭᠦᠷᠢᠭ ᠪᠠᠬᠢᠵᠢᠭᠦᠯᠦᠨ ᠥᠷᠭᠡᠳᠬᠡᠨ᠎ᠠ᠃     ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠤᠭᠤᠴᠠᠭ᠎ᠠ᠄ 2023 ᠣᠨ ᠤ 1 ᠰᠠᠷ᠎ᠠ ︱ 2023 ᠣᠨ ᠤ 12 ᠰᠠᠷ᠎ᠠ      ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠭᠤᠯᠭ᠎ᠠ᠄ ᠨᠢᠭᠡ ᠳᠤ 100 ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ︽ᠠᠵᠢᠯ ᠣᠯᠭᠤᠯᠲᠠ ᠶᠢ ᠲᠣᠭᠲᠠᠪᠤᠷᠢᠵᠢᠭᠤᠯᠵᠤ᠂ ᠣᠷᠣᠯᠭ᠎ᠠ ᠶᠢᠨ ᠨᠡᠮᠡᠭᠳᠡᠯ ᠢ ᠠᠬᠢᠭᠤᠯᠬᠤ︾ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠳᠤ ᠴᠠᠯᠢᠩ ᠣᠯᠭᠤᠵᠤ᠂ ᠬᠥᠮᠥᠨ ᠳᠤᠮᠳᠠᠴᠢ ᠪᠠᠷ ᠰᠠᠷ᠎ᠠ ᠪᠦᠷᠢ 400 ᠲᠥᠭᠦᠷᠢᠭ ᠣᠯᠭᠤᠨ᠎ᠠ᠃ ᠬᠤᠶᠠᠷ ᠲᠤ ᠲᠣᠰᠬᠤᠨ ᠤ ᠱᠠᠲᠤᠨ ᠤ ᠬᠠᠪᠰᠤᠷᠤᠨ ᠲᠡᠳᠬᠦᠬᠦ ᠠᠵᠢᠯ ᠣᠯᠭᠤᠯᠲᠠ ᠶᠢᠨ ᠬᠠᠪᠰᠤᠷᠤᠨ ᠬᠠᠮᠢᠶᠠᠷᠤᠭᠴᠢ ᠶᠢᠨ ᠠᠵᠢᠯ ᠤᠨ ᠪᠠᠶᠢᠷᠢ ᠶᠢ 5 ᠲᠣᠬᠢᠷᠠᠭᠤᠯᠵᠤ᠂ ᠬᠥᠮᠥᠨ ᠪᠦᠷᠢ ᠳᠤ ᠳᠤᠮᠳᠠᠴᠢ ᠪᠠᠷ ᠰᠠᠷ᠎ᠠ ᠪᠦᠷᠢ ᠳᠤ 1850 ᠲᠥᠭᠦᠷᠢᠭ  ᠣᠯᠭᠤᠨ᠎ᠠ᠃       ᠬᠥᠳᠡᠭᠡ ᠲᠣᠰᠬᠤᠨ ᠲᠠᠢ ᠬᠤᠯᠪᠣᠭᠠᠯᠠᠵᠤ  ᠬᠥᠳᠡᠭᠡ ᠲᠣᠰᠬᠤᠨ  ᠢ ᠳᠠᠶᠢᠴᠢᠯᠠᠬᠤ ᠲᠣᠭᠲᠠᠴᠠ᠄ ᠨᠢᠭᠡ ᠳᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠭᠠᠷᠭᠠᠬᠤ ᠶᠢ ᠠᠰᠢᠭᠯᠠᠨ᠂ ᠶᠠᠳᠠᠭᠤ ᠠᠴᠠ ᠠᠩᠭᠢᠵᠢᠷᠠᠭᠰᠠᠨ ᠡᠷᠦᠬᠡ ᠶᠢᠨ ᠠᠵᠢᠯ ᠬᠥᠳᠡᠯᠮᠦᠷᠢ ᠬᠢᠬᠦ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠤᠨ᠎ᠠ︔ ᠬᠤᠶᠠᠷ ᠲᠤ᠂ ᠲᠣᠰᠬᠤᠨ ᠤ ᠬᠤᠶᠠᠷ ᠵᠥᠪᠯᠡᠯ ᠢ ᠬᠠᠮᠵᠢᠨ ᠠᠵᠢᠯ ᠣᠯᠭᠤᠯᠲᠠ ᠶᠢᠨ ᠦᠢᠯᠡᠴᠢᠯᠡᠭᠡ᠂ ᠲᠣᠭᠤᠷᠢᠨ ᠴᠠᠭᠳᠠᠵᠤ ᠵᠠᠰᠠᠬᠤ᠂ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠵᠡᠷᠭᠡ ᠠᠵᠢᠯ ᠥᠷᠨᠢᠭᠦᠯᠬᠦ ᠶᠢ ᠬᠠᠷᠢᠭᠤᠴᠠᠨ᠎ᠠ᠃     ᠲᠠᠪᠤ᠂ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ      1. ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ     ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠨᠢᠭᠡᠳᠦᠯᠲᠡᠢ ᠲᠥᠯᠦᠪᠵᠢᠭᠦᠯᠭᠡ ᠶᠢᠨ ᠳᠣᠣᠷ᠎ᠠ᠂ ᠢᠵᠢ ᠪᠦᠷᠢᠳᠦᠭᠦᠯᠬᠦ ᠲᠥᠷᠥ ᠶᠢᠨ ᠪᠣᠳᠣᠯᠭ᠎ᠠ ᠲᠣᠭᠲᠠᠭᠠᠬᠤ᠂ ᠣᠨ ᠤ ᠪᠦᠲᠦᠭᠡᠨ ᠪᠠᠶᠢᠭᠤᠯᠤᠯᠲᠠ ᠶᠢᠨ ᠲᠥᠯᠥᠪᠯᠡᠭᠡ ᠶᠢᠨ ᠠᠵᠢᠯ ᠢ ᠰᠠᠶᠢᠲᠤᠷ ᠬᠢᠬᠦ ᠶᠢᠨ ᠬᠠᠮᠲᠤ ᠡᠯ᠎ᠡ ᠪᠠᠯᠭᠠᠰᠤᠨ ᠤ ᠲᠥᠷᠥᠯ ᠵᠦᠢᠯ ᠢ ᠵᠢᠯᠤᠭᠤᠳᠬᠤ᠂ ᠬᠢᠨᠠᠨ ᠵᠥᠪᠰᠢᠶᠡᠷᠡᠬᠦ᠂ ᠬᠡᠷᠡᠭᠵᠢᠭᠦᠯᠬᠦ ᠠᠵᠢᠯ ᠢ ᠵᠣᠬᠢᠴᠠᠭᠤᠯᠤᠨ ᠰᠠᠶᠢᠲᠤᠷ ᠬᠢᠨ᠎ᠡ᠃      2. ᠬᠤᠳᠠ ᠶᠢᠨ ᠡᠳ᠋ ᠤᠨ ᠵᠠᠰᠠᠭ ᠤᠨ ᠲᠣᠪᠴᠢᠶ᠎ᠠ       ᠬᠥᠳᠡᠭᠡ ᠲᠣᠰᠬᠤᠨ ᠳᠤ ᠬᠤᠯᠪᠣᠭᠳᠠᠬᠤ ᠵᠦᠢᠯᠡᠰ ᠤᠨ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠪᠡᠯᠡ ᠮᠥᠩᠭᠦ ᠶᠢᠨ ᠬᠠᠮᠤᠭ ᠤᠨ ᠶᠡᠭᠡ ᠦᠷ᠎ᠡ ᠠᠰᠢᠭ ᠪᠠᠳᠠᠷᠠᠭᠤᠯᠬᠤ ᠶᠢ ᠦᠨᠡᠨ ᠬᠦ ᠪᠠᠳᠣᠯᠠᠨ᠎ᠠ᠃ ᠡᠳ᠋ ᠤᠨ ᠵᠠᠰᠠᠭ ᠤᠨ ᠪᠡᠯᠡ ᠮᠥᠩᠭᠦ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠪᠠᠯᠭᠠᠰᠤ ᠲᠣᠰᠬᠤᠨ ᠤ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠶᠢᠨ ᠪᠡᠯᠡ ᠮᠥᠩᠭᠦ ᠶᠢᠨ ᠬᠡᠷᠡᠭᠴᠡᠭᠡ ᠶᠢ ᠪᠠᠲᠤᠯᠠᠨ᠎ᠠ᠃      3. ᠬᠤᠳᠠ ᠶᠢᠨ ᠬᠢᠨᠠᠨ ᠪᠤᠳᠤᠬᠤ ᠲᠣᠪᠴᠢᠶ᠎ᠠ      ᠡᠳ᠋ ᠤᠨ ᠶᠠᠪᠤᠳᠠᠯ ᠤᠨ ᠶᠡᠷᠦᠩᠬᠡᠶᠢᠯᠡᠭᠰᠡᠨ ᠬᠢᠨᠠᠨ ᠪᠣᠳᠣᠯᠲᠠ ᠪᠠ ᠡᠯ᠎ᠡ ᠲᠥᠷᠥᠯ ᠤᠨ ᠵᠣᠯᠭᠠᠭᠤᠯᠤᠭᠰᠠᠨ ᠪᠡᠯᠡ ᠮᠥᠩᠭᠦ ᠶᠢ ᠬᠢᠨᠠᠨ ᠪᠤᠳᠤᠵᠤ ᠪᠠᠶᠢᠴᠠᠭᠠᠬᠤ ᠠᠵᠢᠯ ᠢ ᠰᠠᠶᠢᠲᠤᠷ ᠬᠢᠨ᠎ᠡ᠃     4. ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ     ᠪᠠᠯᠭᠠᠰᠤ ᠲᠣᠰᠬᠤᠨ ᠤ ᠭᠠᠵᠠᠷ ᠰᠢᠷᠣᠢ ᠶᠢᠨ ᠠᠰᠢᠭᠯᠠᠯᠲᠠ ᠶᠢᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠰᠠᠶᠢᠲᠤᠷ ᠬᠢᠵᠦ᠂ ᠭᠠᠵᠠᠷ ᠰᠢᠷᠣᠢ ᠶᠢᠨ ᠡᠬᠢ ᠪᠠᠶᠠᠯᠢᠭ ᠢ ᠵᠦᠢ ᠵᠣᠬᠢᠰᠲᠠᠢ ᠲᠣᠬᠢᠷᠠᠭᠤᠯᠤᠨ᠂ ᠪᠠᠯᠭᠠᠰᠤ ᠲᠣᠰᠬᠤᠨ ᠤ ᠠᠵᠤ ᠦᠢᠯᠡᠰ ᠤᠨ ᠬᠥᠭᠵᠢᠯᠲᠡ ᠳᠤ ᠭᠠᠵᠠᠷ ᠰᠢᠷᠣᠢ ᠬᠡᠷᠡᠭᠯᠡᠬᠦ ᠳᠤ ᠪᠠᠲᠤᠯᠠᠭ᠎ᠠ ᠬᠠᠩᠭᠠᠨ᠎ᠠ᠃      5. ᠬᠤᠳᠠ ᠶᠢᠨ ᠵᠠᠮ ᠲᠡᠭᠡᠭᠡᠪᠦᠷᠢ ᠶᠢᠨ ᠲᠣᠪᠴᠢᠶ᠎ᠠ       ᠪᠠᠯᠭᠠᠰᠤ ᠲᠣᠰᠬᠤᠨ ᠤ ᠲᠣᠰᠬᠤᠨ ᠳᠤ ᠨᠡᠪᠲᠡᠷᠡᠬᠦ ᠵᠠᠰᠠᠮᠠᠯ ᠵᠠᠮ ᠤᠨ ᠲᠥᠯᠦᠪᠵᠢᠭᠦᠯᠭᠡ ᠶᠢ ᠲᠣᠭᠲᠠᠭᠠᠵᠤ᠂ ᠲᠣᠰᠬᠤᠨ ᠪᠣᠯᠭᠠᠨ ᠳᠤ ᠱᠦᠢᠨᠢ ᠵᠠᠮ ᠨᠡᠪᠲᠡᠷᠡᠭᠦᠯᠬᠦ ᠶᠢ ᠪᠡᠶᠡᠯᠡᠭᠦᠯᠦᠨ᠎ᠡ᠃     6. ᠬᠤᠲᠠ ᠶᠢᠨ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ      ᠣᠶᠢᠵᠢᠭᠤᠯᠵᠤ ᠨᠣᠭᠤᠭᠠᠷᠠᠭᠤᠯᠬᠤ ᠲᠥᠯᠦᠪᠵᠢᠭᠦᠯᠭᠡ ᠶᠢ ᠲᠣᠭᠲᠠᠭᠠᠵᠤ᠂ ᠪᠠᠯᠭᠠᠰᠤ ᠲᠣᠰᠬᠤᠨ ᠤ ᠡᠷᠬᠢᠨ ᠲᠣᠭᠤᠷᠢᠨ ᠤ ᠣᠷᠴᠢᠨ ᠲᠣᠭᠤᠷᠢᠨ ᠢ ᠨᠣᠭᠤᠭᠠᠷᠠᠭᠤᠯᠬᠤ ᠪᠠ ᠠᠶᠢᠯ ᠲᠣᠰᠬᠤᠨ ᠤ ᠳᠣᠲᠣᠭᠠᠳᠤ ᠶᠢᠨ ᠣᠷᠴᠢᠨ ᠲᠣᠭᠤᠷᠢᠨ ᠢ ᠭᠤᠶᠣᠵᠢᠭᠤᠯᠬᠤ ᠶᠢ ᠠᠬᠢᠭᠤᠯᠵᠤ᠂ ᠪᠠᠯᠭᠠᠰᠤ ᠲᠣᠰᠬᠤᠨ ᠤ ᠠᠮᠢ ᠠᠬᠤᠢ ᠶᠢᠨ ᠣᠷᠴᠢᠨ ᠲᠣᠭᠤᠷᠢᠨ ᠢ ᠰᠠᠶᠢᠵᠢᠷᠠᠭᠤᠯᠬᠤ ᠶᠢ ᠲᠦᠷᠭᠡᠳᠬᠡᠬᠦ ᠶᠢᠨ ᠬᠠᠮᠲᠤ ᠡᠯ᠎ᠡ ᠪᠠᠯᠭᠠᠰᠤ ᠶᠢ ᠵᠣᠬᠢᠴᠠᠭᠤᠯᠤᠨ ᠤᠢ ᠰᠢᠭᠤᠢ ᠶᠢᠨ ᠠᠵᠤ ᠦᠢᠯᠡᠰ ᠤᠨ ᠬᠥᠭᠵᠢᠯᠲᠡ ᠳᠤ ᠬᠤᠯᠪᠣᠭᠳᠠᠬᠤ ᠲᠦᠷᠦᠯ ᠵᠦᠢᠯ ᠢ ᠰᠠᠶᠢᠲᠤᠷ ᠬᠢᠨ᠎ᠠ᠃      7. ᠬᠤᠲᠠ ᠶᠢᠨ ᠲᠠᠷᠢᠶᠠᠯᠠᠩ ᠮᠠᠯ ᠠᠵᠤ ᠠᠬᠤᠢ ᠤᠰᠤᠨ ᠠᠰᠢᠭᠯᠠᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ      ᠪᠠᠯᠭᠠᠰᠤ ᠲᠣᠰᠬᠤᠨ ᠤ ᠠᠵᠤ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ ᠶᠢ ᠲᠣᠭᠲᠠᠭᠠᠵᠤ᠂ ᠡᠯ᠎ᠡ ᠲᠣᠰᠬᠤᠨ ᠵᠢᠴᠢ ᠲᠠᠷᠢᠶᠠᠴᠢᠨ ᠡᠷᠦᠬᠡ ᠶᠢ ᠵᠢᠯᠣᠭᠤᠳᠤᠨ ᠪᠠᠶᠠᠵᠢᠭᠤᠯᠬᠤ ᠠᠵᠤ ᠦᠢᠯᠡᠰ ᠪᠠ ᠲᠥᠷᠥᠯ ᠵᠦᠢᠯ ᠢ ᠬᠥᠭᠵᠢᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠪᠦᠲᠦᠴᠡ ᠶᠢᠨ ᠲᠣᠬᠢᠷᠠᠭᠤᠯᠤᠯᠲᠠ ᠶᠢ ᠲᠦᠷᠭᠡᠳᠬᠡᠨ᠂ ᠮᠠᠯᠴᠢᠨ ᠲᠠᠷᠢᠶᠠᠴᠢᠳ ᠤᠨ ᠳᠠᠷᠢᠵᠤ ᠲᠡᠵᠢᠭᠡᠬᠦ ᠮᠡᠷᠭᠡᠵᠢᠯ ᠤᠨ ᠪᠣᠯᠪᠠᠰᠤᠷᠠᠯ ᠢ ᠴᠢᠩᠭᠠᠳᠬᠠᠵᠤ᠂ ᠲᠠᠷᠢᠶᠠᠴᠢᠳ ᠤᠨ ᠣᠷᠣᠯᠭ᠎ᠠ ᠶᠢ ᠦᠨᠡᠨ ᠬᠦ ᠨᠡᠮᠡᠭᠳᠡᠭᠦᠯᠦᠨ᠎ᠡ᠃ ᠬᠥᠳᠡᠭᠡ ᠲᠣᠰᠬᠤᠨ ᠤ ᠬᠤᠷᠰᠢᠭᠰᠠᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢ ᠶᠡᠬᠡᠪᠡᠷ ᠬᠥᠭᠵᠢᠭᠦᠯᠵᠦ᠂ ᠲᠠᠷᠢᠶᠠᠴᠢᠳ ᠤᠨ ᠵᠣᠬᠢᠶᠠᠨ ᠪᠠᠶᠢᠭᠤᠯᠤᠯᠴᠠᠭᠰᠠᠨ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠪᠠᠯᠭᠠᠰᠤ᠂ ᠲᠣᠰᠬᠤᠨ ᠤ ᠤᠰᠤᠨ ᠠᠰᠢᠭᠯᠠᠯᠲᠠ ᠵᠡᠷᠭᠡ ᠰᠠᠭᠤᠷᠢ ᠲᠦᠬᠦᠭᠡᠷᠣᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠦᠢᠯᠡᠳᠪᠦᠷᠢᠯᠡᠯ ᠠᠮᠢᠳᠤᠷᠠᠯ ᠳᠤ ᠬᠡᠷᠡᠭᠯᠡᠬᠦ ᠤᠰᠤ ᠶᠢ ᠪᠠᠲᠤᠯᠠᠨ᠎ᠠ᠃ ᠤᠤᠭᠤᠬᠤ ᠤᠰᠤᠨ ᠤ ᠠᠶᠤᠯᠭᠦᠢ ᠶᠢᠨ ᠢᠨᠵᠧᠨᠧᠷᠢᠩ ᠤᠨ ᠪᠠᠶᠢᠭᠤᠯᠤᠯᠲᠠ ᠶᠢᠨ ᠠᠯᠬᠤᠴᠠ ᠶᠢ ᠲᠦᠷᠭᠡᠳᠬᠡᠵᠦ᠂ ᠤᠤᠭᠤᠬᠤ ᠤᠰᠤᠨ ᠤ ᠠᠮᠣᠷ ᠲᠦᠪᠰᠢᠨ ᠢ ᠪᠠᠳᠣᠯᠠᠨ᠎ᠠ᠃ ᠬᠥᠷᠥᠰᠥ ᠰᠢᠷᠣᠢ ᠶᠢ ᠬᠠᠮᠠᠭᠠᠯᠠᠬᠤ ᠲᠥᠯᠦᠪᠵᠢᠭᠦᠯᠭᠡ ᠶᠢ ᠲᠣᠭᠲᠠᠭᠠᠵᠤ᠂ ᠬᠥᠷᠥᠰᠥ ᠰᠢᠷᠣᠢ ᠶᠢᠨ ᠢᠳᠡᠭᠳᠡᠯ ᠢ ᠬᠢᠨᠠᠨ ᠬᠡᠮᠵᠢᠬᠦ ᠪᠠ ᠶᠡᠷᠦᠩᠬᠡᠶᠢᠯᠡᠨ ᠰᠡᠷᠭᠡᠶᠢᠯᠡᠨ ᠵᠠᠰᠠᠬᠤ ᠠᠵᠢᠯ ᠢ ᠴᠢᠩᠭᠠᠳᠬᠠᠨ᠎ᠠ᠃      8. ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ     ᠬᠥᠳᠡᠭᠡ ᠲᠣᠰᠬᠤᠨ ᠤ ᠬᠥᠳᠡᠯᠮᠦᠷᠢ ᠶᠢᠨ ᠬᠦᠴᠦᠨ ᠤ ᠰᠢᠯᠵᠢᠯᠲᠡ ᠶᠢᠨ ᠪᠣᠯᠪᠠᠰᠤᠷᠠᠯ᠂ ᠠᠵᠢᠯ ᠣᠯᠭᠤᠯᠲᠠ ᠶᠢ ᠵᠢᠯᠤᠭᠤᠳᠬᠤ ᠦᠢᠯᠡᠴᠢᠯᠡᠭᠡᠨ ᠤ ᠠᠵᠢᠯ ᠢ ᠴᠢᠩᠭᠠᠳᠬᠠᠵᠤ᠂ ᠬᠥᠳᠡᠭᠡ ᠲᠣᠰᠬᠤᠨ ᠤ ᠦᠯᠡᠭᠦᠦ ᠬᠥᠳᠡᠯᠮᠦᠷᠢ ᠶᠢᠨ ᠬᠦᠴᠦᠨ ᠤ ᠠᠳᠠᠯ ᠦᠢᠯᠡᠰ ᠴᠣᠭᠴᠠᠯᠠᠬᠤ ᠠᠵᠢᠯ ᠣᠯᠬᠤ ᠬᠦᠷᠢᠶ᠎ᠡ ᠶᠢ ᠦᠷᠭᠡᠳᠭᠡᠨ᠎ᠠ᠃      ᠡᠯ᠎ᠡ ᠨᠢᠭᠡᠴᠢ᠂ ᠰᠠᠯᠠᠭ᠎ᠠ ᠮᠥᠴᠢᠷ ᠤᠳ ᠲᠣᠰ ᠲᠣᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠲᠤᠰᠬᠠᠢ ᠮᠡᠷᠭᠡᠵᠢᠯ ᠤᠨ ᠠᠵᠢᠯᠲᠠᠨ ᠢ ᠵᠣᠬᠢᠶᠠᠨ ᠪᠠᠶᠢᠭᠤᠯᠤᠨ ᠪᠥᠬᠦ ᠬᠤᠲᠠ ᠶᠢᠨ ᠡᠯ᠎ᠡ ᠲᠣᠰᠬᠤᠨ ᠳᠤ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ᠂ ᠲᠣᠰ ᠰᠠᠯᠠᠭ᠎ᠠ ᠮᠥᠴᠢᠷ ᠤᠨ ᠠᠵᠢᠯ ᠲᠥᠷᠥᠯ ᠤᠨ ᠡᠭᠦᠷᠭᠡ ᠴᠢᠳᠠᠪᠤᠷᠢ ᠲᠠᠢ ᠪᠠᠨ ᠤᠶᠠᠯᠳᠤᠭᠤᠯᠤᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠣᠰᠣᠭᠠᠷ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠭᠠᠵᠠᠷ ᠣᠷᠣᠨ᠂ ᠬᠡᠪᠴᠢᠶ᠎ᠡ᠂ ᠠᠭᠤᠯᠭ᠎ᠠ᠂ ᠴᠠᠭ ᠬᠤᠭᠤᠴᠠᠭ᠎ᠠ᠂ ᠦᠷ᠎ᠡ ᠠᠰᠢᠭ ᠵᠢᠴᠢ ᠪᠡᠯᠡ ᠮᠥᠩᠭᠦ ᠶᠢᠨ ᠬᠡᠷᠡᠭᠯᠡᠯᠲᠡ ᠶᠢᠨ ᠪᠠᠶᠢᠳᠠᠯ ᠢ ᠲᠣᠳᠣᠷᠬᠠᠶᠢᠯᠠᠬᠤ ᠶᠢᠨ ᠬᠠᠮᠲᠤ ᠵᠣᠬᠢᠬᠤ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠨ᠎ᠠ᠃      ᠵᠢᠷᠭᠤᠭ᠎ᠠ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ      ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠢ      ᠲᠠᠷᠢᠶᠠᠯᠠᠩ ᠮᠠᠯ ᠠᠵᠤ ᠠᠬᠤᠢ ᠳᠤ ᠬᠤᠯᠪᠣᠭᠳᠠᠬᠤ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠨ ᠡᠮᠬᠢᠯᠡᠨ ᠨᠡᠶᠢᠯᠡᠭᠦᠯᠵᠦ ᠬᠡᠷᠡᠭᠯᠡᠬᠦ ᠳᠤ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠨᠢᠭᠡᠳᠦᠯᠲᠡᠢ ᠤᠳᠤᠷᠢᠳᠤᠯᠭ᠎ᠠ ᠳᠣᠣᠷ᠎ᠠ᠂ ᠨᠠᠮ ᠵᠠᠰᠠᠭ ᠤᠨ ᠨᠢᠭᠡᠳᠦᠭᠡᠷ ᠬᠠᠷᠢᠭᠤᠴᠠᠯᠭᠠᠲᠠᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠡᠯᠡ ᠮᠥᠩᠭᠦ ᠪᠠ ᠲᠥᠷᠥᠯ ᠵᠦᠢᠯ ᠤᠨ ᠲᠣᠬᠢᠷᠠᠭᠤᠯᠤᠯᠲᠠ ᠶᠢ ᠵᠣᠬᠢᠴᠠᠭᠤᠯᠤᠨ᠂ ᠠᠵᠢᠯ ᠤᠨ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠪᠡᠯᠡ ᠮᠥᠩᠭᠦ ᠶᠢ ᠡᠮᠬᠢᠯᠡᠨ ᠨᠡᠶᠢᠯᠡᠭᠦᠯᠬᠦ ᠪᠠ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠨ᠎ᠠ︔ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ  ᠯᠦᠭᠡ ᠶᠢᠨ ᠬᠠᠷᠢᠯᠴᠠᠨ ᠵᠣᠬᠢᠴᠠᠭᠤᠯᠬᠤ ᠪᠠᠨ ᠴᠢᠩᠭᠠᠳᠬᠠᠵᠤ᠂ ᠨᠢᠭᠡᠳᠦᠯᠲᠡᠢ ᠲᠥᠯᠥᠪᠯᠡᠨ ᠡᠮᠬᠢᠯᠡᠨ ᠨᠡᠶᠢᠯᠡᠭᠦᠯᠬᠦ ᠠᠵᠢᠯ ᠢ ᠬᠠᠮᠲᠤᠪᠠᠷ ᠠᠬᠢᠭᠤᠯᠤᠨ᠎ᠠ᠃      ︵ᠬᠤᠶᠠᠷ︶ ᠢᠯᠡ ᠪᠠᠷ ᠨᠡᠶᠢᠲᠡᠯᠡᠬᠦ ᠳᠦᠷᠢᠮ ᠢ ᠪᠥᠬᠦ ᠲᠠᠯ᠎ᠠ ᠪᠠᠷ ᠶᠠᠪᠤᠭᠤᠯᠬᠤ ᠬᠡᠷᠡᠭᠲᠡᠢ       ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠠᠬᠢᠭᠤᠯᠵᠤ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ  ᠤᠳ ᠲᠠᠷᠢᠶᠠᠯᠠᠩ ᠮᠠᠯ ᠠᠵᠤ ᠠᠬᠤᠢ ᠲᠠᠢ ᠬᠤᠯᠪᠣᠭᠳᠠᠬᠤ ᠪᠡᠯᠡ ᠮᠥᠩᠭᠦ ᠶᠢᠨ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ᠂ ᠬᠠᠮᠢᠶᠠᠷᠤᠯᠲᠠ ᠶᠢᠨ ᠳᠦᠷᠢᠮ᠂ ᠪᠡᠯᠡ ᠮᠥᠩᠭᠦ ᠶᠢᠨ ᠬᠤᠪᠢᠶᠠᠷᠢᠯᠠᠯᠲᠠ᠂ ᠠᠵᠢᠯ ᠤᠨ ᠠᠬᠢᠴᠠ ᠵᠡᠷᠭᠡ ᠮᠡᠳᠡᠭᠡ ᠵᠠᠩᠭᠢ ᠶᠢ ᠴᠠᠭ ᠲᠤᠬᠠᠢ ᠳᠤᠨᠢ ᠨᠡᠶᠢᠭᠡᠮ ᠳᠤ ᠢᠯᠡ ᠪᠣᠯᠭᠠᠬᠤ ᠬᠡᠷᠡᠭᠲᠡᠢ᠃ ᠪᠡᠯᠡ ᠮᠥᠩᠭᠦ ᠶᠢ ᠡᠮᠬᠢᠯᠡᠨ ᠨᠡᠶᠢᠯᠡᠭᠦᠯᠦᠭᠰᠡᠨ ᠤ ᠳᠠᠷᠠᠭ᠎ᠠ ᠬᠤᠲᠠ ᠶᠢᠨ ᠵᠠᠰᠠᠭ ᠤᠨ ᠣᠷᠳᠣᠨ ᠤ ᠠᠯᠪᠡᠨ ᠰᠦᠯᠵᠢᠶ᠎ᠡ ᠪᠠ ᠭᠤᠣᠯ ᠪᠣᠯᠬᠤ ᠵᠠᠭᠤᠴᠢᠯᠠᠭᠤᠷ ᠲᠤ ᠨᠢᠭᠡᠳᠦᠯᠲᠡᠢ ᠲᠥᠯᠥᠪᠯᠡᠨ ᠡᠮᠬᠢᠯᠡᠨ ᠨᠡᠶᠢᠯᠡᠭᠦᠯᠵᠦ ᠬᠡᠷᠡᠭᠯᠡᠭᠰᠡᠨ ᠲᠠᠷᠢᠶᠠᠯᠠᠩ ᠮᠠᠯ ᠠᠵᠤ ᠠᠬᠤᠢ ᠳᠤ ᠬᠤᠯᠪᠣᠭᠳᠠᠬᠤ ᠪᠡᠯᠡ ᠮᠥᠩᠭᠦ ᠶᠢᠨ ᠢᠷᠡᠯᠲᠡ᠂ ᠬᠡᠷᠡᠭᠴᠡᠭᠡ ᠪᠠ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠵᠡᠷᠭᠡ ᠪᠠᠶᠢᠳᠠᠯ ᠢ ᠢᠯᠡ ᠪᠣᠯᠭᠠᠬᠤ ᠶᠢᠨ ᠬᠠᠮᠲᠤ ᠪᠠᠯᠭᠠᠰᠤ ᠲᠣᠰᠬᠤᠨ ᠤ ᠢᠯᠡ ᠨᠡᠶᠢᠲᠡᠯᠡᠬᠦ ᠳᠦᠷᠢᠮ ᠢ ᠬᠡᠷᠡᠭᠵᠢᠭᠦᠯᠵᠦ᠂ ᠣᠯᠠᠨ ᠲᠦᠮᠡᠨ ᠪᠠ ᠨᠡᠶᠢᠭᠡᠮ ᠤᠨ ᠬᠢᠨᠠᠯᠲᠠ ᠶᠢ ᠬᠦᠯᠢᠶᠡᠨ᠎ᠡ᠃      ︵ᠭᠤᠷᠪᠠ︶ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠳᠠᠯᠠᠬᠤ ᠬᠡᠷᠡᠭᠲᠡᠢ      ᠡᠯ᠎ᠡ ᠪᠠᠯᠭᠠᠰᠤ᠂ ᠡᠯ᠎ᠡ ᠰᠠᠯᠠᠭ᠎ᠠ ᠮᠥᠴᠢᠷ ᠤᠳ ᠨᠢᠭᠡᠳᠦᠯᠲᠡᠢ ᠲᠥᠯᠥᠪᠯᠡᠨ ᠡᠮᠬᠢᠯᠡᠨ ᠨᠡᠶᠢᠯᠡᠭᠦᠯᠬᠦ ᠬᠦᠷᠢᠶ᠎ᠡ ᠬᠡᠪᠴᠢᠶᠡᠨ ᠳᠤ ᠣᠷᠣᠭᠤᠯᠤᠭᠰᠠᠨ ᠡᠳ᠋ ᠤᠨ ᠵᠠᠰᠠᠭ ᠤᠨ ᠲᠠᠷᠢᠶᠠᠯᠠᠩ ᠮᠠᠯ ᠠᠵᠤ ᠠᠬᠤᠢ ᠳᠤ ᠬᠤᠯᠪᠣᠭᠳᠠᠬᠤ ᠪᠡᠯᠡ ᠮᠥᠩᠭᠦ ᠶᠢ ᠬᠢᠨᠠᠨ ᠬᠠᠮᠢᠶᠠᠷᠬᠤ ᠭᠤᠣᠯᠳᠠᠯᠭ᠎ᠠ ᠪᠣᠯᠭᠠᠬᠤ ᠬᠡᠷᠡᠭᠲᠡᠢ᠃ ᠨᠢᠭᠡᠳᠦᠭᠡᠷ ᠱᠦᠵᠢ᠂ ᠲᠣᠰᠬᠤᠨ ᠳᠤ ᠰᠠᠭᠤᠭ᠎ᠠ ᠠᠵᠢᠯᠯᠠᠬᠤ ᠠᠩᠭᠢ᠂ ᠲᠣᠰᠬᠤᠨ ᠤ ︽ᠬᠤᠶᠠᠷ ᠵᠥᠪᠯᠡᠯ︾ ᠨᠢ ᠲᠠᠷᠢᠶᠠᠯᠠᠩ ᠮᠠᠯ ᠠᠵᠤ ᠠᠬᠤᠢ ᠳᠤ ᠬᠤᠯᠪᠣᠭᠳᠠᠬᠤ ᠪᠡᠯᠡ ᠮᠥᠩᠭᠦ ᠶᠢᠨ ᠲᠥᠷᠥᠯ ᠵᠦᠢᠯ ᠪᠠ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠳᠤ ᠭᠦᠨᠵᠡᠭᠡᠢ ᠣᠷᠣᠯᠴᠠᠬᠤ ᠬᠡᠷᠡᠭᠲᠡᠢ᠃ ᠬᠢᠨᠠᠨ ᠪᠤᠳᠤᠬᠤ᠂ ᠡᠳ᠋ ᠤᠨ ᠵᠠᠰᠠᠭ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠬᠢᠨᠠᠨ ᠪᠤᠳᠤᠬᠤ ᠪᠠ ᠬᠢᠨᠠᠯᠲᠠ ᠲᠠᠯᠪᠢᠵᠤ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠬᠤ ᠶᠢᠨ ᠬᠠᠮᠲᠤ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠮᠥᠷᠳᠡᠨ ᠦᠷ᠎ᠡ ᠪᠦᠲᠦᠮᠵᠢ ᠶᠢ ᠨᠢ ᠠᠰᠠᠭᠤᠵᠤ᠂ ᠡᠯ᠎ᠡ ᠪᠠᠯᠭᠠᠰᠤ ᠶᠢᠨ ᠦᠢᠯᠡᠳᠦᠯᠭᠡ ᠶᠢᠨ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠨ ᠡᠮᠬᠢᠯᠡᠨ ᠨᠡᠶᠢᠯᠡᠭᠦᠯᠵᠦ ᠬᠡᠷᠡᠭᠯᠡᠬᠦ ᠶᠢ ᠰᠦᠪᠡᠭᠴᠢᠯᠡᠵᠦ᠂ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠬᠦ ᠳᠤ ᠬᠦᠴᠦᠲᠡᠢ ᠳᠡᠮᠵᠢᠯᠭᠡ ᠦᠵᠡᠭᠦᠯᠬᠦ ᠬᠡᠷᠡᠭᠲᠡᠢ᠃     ︵ᠳᠥᠷᠪᠡ︶ ᠠᠮᠵᠢᠯᠲᠠ ᠪᠦᠲᠦᠮᠵᠢ ᠶᠢᠨ ᠦᠨᠡᠯᠡᠯᠲᠡ ᠶᠢ ᠥᠷᠨᠢᠭᠦᠯᠬᠦ ᠬᠡᠷᠡᠭᠲᠡᠢ     ᠪᠡᠯᠡ ᠮᠥᠩᠭᠦ ᠶᠢ ᠨᠢᠭᠡᠳᠦᠯᠲᠡᠢ ᠲᠥᠯᠥᠪᠯᠡᠨ ᠡᠮᠬᠢᠯᠡᠨ ᠨᠡᠶᠢᠯᠡᠭᠦᠯᠵᠦ ᠬᠡᠷᠡᠭᠯᠡᠭᠰᠡᠨ ᠠᠵᠢᠯ ᠤᠨ ᠠᠮᠵᠢᠯᠲᠠ ᠪᠦᠲᠦᠮᠵᠢ ᠶᠢᠨ ᠦᠨᠡᠯᠡᠯᠲᠡ ᠶᠢ ᠴᠢᠩᠭᠠᠳᠬᠠᠬᠤ ᠶᠢᠨ ᠬᠠᠮᠲᠤ᠂ ᠲᠡᠭᠦᠨ ᠢ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠪᠥᠬᠦ ᠲᠠᠯ᠎ᠠ ᠪᠠᠷ ᠬᠡᠷᠡᠭᠵᠢᠭᠦᠯᠬᠦ ᠠᠵᠢᠯ ᠤᠨ ᠦᠷ᠎ᠡ ᠪᠦᠲᠦᠮᠵᠢ ᠶᠢ ᠰᠢᠯᠭᠠᠨ ᠬᠢᠨᠠᠬᠤ ᠳᠤ ᠣᠷᠣᠭᠤᠯᠵᠤ ᠂ ᠨᠢᠭᠡᠳᠦᠯᠲᠡᠢ ᠲᠥᠯᠥᠪᠯᠡᠨ ᠡᠮᠬᠢᠯᠡᠨ ᠨᠡᠶᠢᠯᠡᠭᠦᠯᠬᠦ ᠠᠵᠢᠯ ᠢ ᠰᠠᠶᠢᠲᠤᠷ ᠥᠷᠨᠢᠭᠦᠯᠦᠭᠰᠡᠨ᠂ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢᠶᠠᠷ ᠥᠨᠳᠥᠷ ᠪᠠᠯᠭᠠᠰᠤ ᠪᠠ ᠰᠠᠯᠠᠭ᠎ᠠ ᠮᠥᠴᠢᠷ ᠲᠤ ᠡᠳ᠋ ᠤᠨ ᠵᠠᠰᠠᠭ ᠤᠨ ᠲᠤᠰᠬᠠᠢ ᠵᠦᠢᠯ ᠤᠨ ᠵᠣᠯᠭᠠᠭᠤᠯᠬᠤ ᠪᠡᠯᠡ ᠮᠥᠩᠭᠦ ᠶᠢ ᠬᠤᠪᠢᠶᠠᠷᠢᠯᠠᠬᠤ ᠳᠠᠭᠠᠨ ᠱᠠᠩᠨᠠᠨ ᠬᠥᠬᠢᠭᠦᠯᠬᠦ ᠪᠠ ᠬᠡᠯᠪᠡᠶᠢᠯᠭᠡᠨ᠎ᠡ᠃    ᠳᠣᠯᠤᠭ᠎ᠠ᠂ ᠷᠠᠰᠢᠶᠠᠨ ᠬᠤᠲᠠ ᠶᠢᠨ ᠲᠠᠷᠢᠶᠠᠯᠠᠩ ᠮᠠᠯ ᠠᠵᠤ ᠠᠬᠤᠢ ᠳᠤ ᠬᠤᠯᠪᠣᠭᠳᠠᠬᠤ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠨ ᠡᠮᠬᠢᠯᠡᠨ ᠨᠡᠶᠢᠯᠡᠭᠦᠯᠵᠦ ᠬᠡᠷᠡᠭᠯᠡᠬᠦ ᠤᠳᠤᠷᠢᠳᠬᠤ ᠳᠤᠭᠤᠶᠢᠯᠠᠩ     ᠳᠤᠭᠤᠶᠢᠯᠠᠩ ᠤᠨ ᠳᠠᠷᠤᠭ᠎ᠠ᠄ ᠴᠢᠶᠣᠤ ᠹᠧᠩ ᠯᠢᠨ   ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ     ᠪᠦᠷᠢᠯᠳᠦᠭᠦᠨ᠄ ᠸᠠᠩ ᠰᠢᠶᠣᠣ ᠯᠦᠩ   ᠲᠢᠶᠠᠨ ᡂᠢ ᠪᠠᠯᠭᠠᠰᠤᠨ ᠤ ᠨᠠᠮ ᠤᠨ ᠬᠤᠷᠢᠶᠠᠨ ᠤ ᠱᠦᠵᠢ       ᠶᠢᠨ ᡁᠢ ᠲᠤᠤ   ᠪᠠᠢ ᠯᠠᠩ ᠪᠠᠯᠭᠠᠰᠤᠨ ᠤ ᠨᠠᠮ ᠤᠨ ᠬᠤᠷᠢᠶᠠᠨ ᠤ ᠱᠦᠵᠢ     ᠬᠠᠨ ᠹᠦ᠋ ᠴᠢᠶᠠᠨ   ᠦ᠋ ᠴᠠ ᠭᠧᠦ ᠪᠠᠯᠭᠠᠰᠤᠨ ᠤ ᠨᠠᠮ ᠤᠨ ᠬᠤᠷᠢᠶᠠᠨ ᠤ ᠱᠦᠵᠢ     ᠴᠢ ᠰᠢᠤᠸᠠᠢ ᠳ᠋ᠦᠩ   ᠮᠢᠩ ᠱᠦᠢ ᠾᠧ ᠪᠠᠯᠭᠠᠰᠤᠨ ᠤ ᠨᠠᠮ ᠤᠨ ᠬᠤᠷᠢᠶᠠᠨ ᠤ ᠱᠦᠵᠢ     ᡂᠢ ᠹᠦ᠋ ᠱᠦᠨ   ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶᠠᠨ ᠤ ᠲᠣᠪᠴᠢᠶᠠᠨ ᠳᠠᠷᠤᠭ᠎ᠠ      ᠯᠢᠦ ᠬᠦᠢ ᠵᠦ   ᠬᠤᠲᠠ ᠶᠢᠨ ᠡᠳ᠋ ᠤᠨ ᠵᠠᠰᠠᠭ ᠤᠨ ᠲᠣᠪᠴᠢᠶᠠᠨ ᠤ ᠲᠣᠪᠴᠢᠶᠠᠨ ᠳᠠᠷᠤᠭ᠎ᠠ     ᠸᠠᠩ ᠵᠠᠨ ᠵᠢᠶᠦ᠋ᠨ   ᠬᠤᠲᠠ ᠶᠢᠨ ᠬᠢᠨᠠᠨ ᠪᠣᠳᠣᠬᠤ ᠲᠣᠪᠴᠢᠶᠠᠨ ᠤ ᠲᠣᠪᠴᠢᠶᠠᠨ ᠳᠠᠷᠤᠭ᠎ᠠ     ᠯᠢᠦ ᠬᠤᠩ ᠶᠠᠨ   ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶᠠᠨ ᠤ ᠲᠣᠪᠴᠢᠶᠠᠨ ᠲᠠᠷᠤᠭ᠎ᠠ     ᠵᠠᠩ ᠪᠢᠨ ᠸᠠᠩ   ᠬᠤᠲᠠ ᠶᠢᠨ ᠲᠠᠷᠢᠶᠠᠯᠠᠩ ᠮᠠᠯ ᠠᠵᠤ ᠠᠬᠤᠢ ᠤᠰᠤᠨ ᠠᠰᠢᠭᠯᠠᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶᠠᠨ ᠤ ᠲᠣᠪᠴᠢᠶᠠᠨ ᠳᠠᠷᠤᠭ᠎ᠠ     ᠵᠣᠣ ᠰᠢᠶᠣᠣ ᠴᠧᠨ   ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠲᠣᠪᠴᠢᠶᠠᠨ ᠳᠠᠷᠤᠭ᠎ᠠ      ᠯᠢᠦ ᠳ᠋ᠢᠶᠠᠨ ᠵᠢᠶᠦ᠋ᠨ   ᠬᠤᠲᠠ ᠶᠢᠨ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶᠠᠨ ᠤ ᠲᠣᠪᠴᠢᠶᠠᠨ ᠳᠠᠷᠤᠭ᠎ᠠ      ᠽᠧᠩ ᠴᠢᠩ ᠵᠦ   ᠬᠤᠲᠠ ᠶᠢᠨ ᠠᠷᠠᠳ ᠤᠨ  ᠶᠠᠪᠣᠳᠡᠯ ᠤᠨ ᠲᠣᠪᠴᠢᠶᠠᠨ ᠤ ᠲᠣᠪᠴᠢᠶᠠᠨ ᠲᠠᠷᠤᠭ᠎ᠠ     ᠸᠠᠩ ᠠᠢ ᠵᠢᠶᠦ᠋ᠨ   ᠬᠤᠲᠠ ᠶᠢᠨ ᠵᠠᠮ ᠲᠡᠭᠡᠭᠡᠪᠦᠷᠢ ᠶᠢᠨ ᠲᠣᠪᠴᠢᠶᠠᠨ ᠤ ᠲᠣᠪᠴᠢᠶᠠᠨ ᠳᠠᠷᠤᠭ᠎ᠠ     ᠹᠠᠩ ᠺᠠᠢ    ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠳᠥᠷᠪᠡᠳᠦᠭᠡᠷ ᠳᠡᠰ ᠤᠨ ᠡᠷᠬᠢᠯᠡᠭᠴᠢ ᠭᠡᠰᠢᠭᠦᠨ     ᠤᠳᠤᠷᠢᠳᠬᠤ ᠳᠤᠭᠤᠶᠢᠯᠠᠩ ᠲᠣᠷᠣᠬᠰᠢ ᠠᠯᠪᠠᠨ ᠭᠡᠷ ᠭᠠᠷᠭᠠᠵᠤ᠂ ᠠᠯᠪᠠᠨ ᠭᠡᠷ ᠢ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠳᠤ ᠲᠣᠬᠢᠷᠠᠭᠤᠯᠤᠨ᠎ᠠ᠃ ᠠᠯᠪᠠᠨ ᠭᠡᠷ ᠤᠨ ᠡᠷᠬᠢᠯᠡᠭᠴᠢ᠄ ᡂᠢ ᠹᠦ᠋ ᠱᠦᠨ ︵ᠬᠠᠪᠰᠤᠷᠭᠠᠨ ᠬᠠᠷᠢᠭᠤᠴᠠᠨ᠎ᠠ︶᠂ ᠬᠠᠷᠢᠯᠴᠠᠬᠤ ᠬᠥᠮᠥᠨ᠄ ᠴᠧᠨ ᠰᠢᠦᠢ᠂ ᠬᠠᠷᠢᠯᠴᠠᠬᠤ ᠤᠲᠠᠰᠤ ᠄ 0482 ︱ 7123203᠃
 
ᠢᠷᠡᠯᠲᠡ᠄ ᠷᠡᠰᠢᠶᠠᠨ ᠬᠤᠳᠡ ᠶᠢᠨ ᠠᠷᠡᠳ ᠤᠨ ᠵᠠᠰᠠᠭ ᠤᠨ ᠣᠷᠳᠣᠨ ᠤ ᠠᠯᠪᠡᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号