ᠷᠠᠰᠢᠶᠠᠨ ᠤ ᠵᠣᠭᠠᠴᠠᠯ ᠤᠨ ᠠᠮᠠᠷᠠᠯᠲᠠ ᠶᠢᠨ ᠣᠷᠣᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ
ᠨᠡᠶᠢᠲᠡᠯᠡᠭᠰᠡᠨ ᠴᠠᠭ᠄
2023/8/29
  ᠳᠠᠭᠠᠯᠳᠤᠭᠤᠯᠤᠯ     ᠷᠠᠰᠢᠶᠠᠨ ᠤ ᠵᠣᠭᠠᠴᠠᠯ ᠤᠨ ᠠᠮᠠᠷᠠᠯᠲᠠ ᠶᠢᠨ ᠣᠷᠣᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ     ᠨᠢᠭᠡᠳᠦᠭᠡᠷ ᠵᠦᠢᠯ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠤᠣᠯ ᠡᠭᠦᠷᠭᠡ ᠬᠠᠷᠢᠭᠤᠴᠠᠯᠭ᠎ᠠ       ︵ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠪᠠ ᠦᠨᠳᠦᠰᠦᠨ ᠳᠦᠷᠢᠮ ᠢ ᠲᠤᠭᠤᠰᠢᠯᠠᠭᠤᠯᠣᠨ ᠬᠡᠷᠡᠭᠵᠢᠭᠦᠯᠦᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠭᠤᠣᠯᠳᠠᠯᠭ᠎ᠠ ᠲᠠᠢ ᠣᠷᠣᠨ ᠪᠦᠰᠡ᠂ ᠰᠠᠪᠠ ᠭᠠᠵᠠᠷ᠂ ᠤᠤᠭᠤᠬᠤ ᠤᠰᠤᠨ ᠤ ᠡᠬᠢ ᠰᠤᠷᠪᠤᠯᠵᠢ ᠶᠢᠨ ᠠᠮᠢ ᠠᠬᠤᠢ ᠶᠢᠨ ᠣᠷᠴᠢᠨ ᠨᠥᠬᠦᠴᠡᠯ ᠤᠨ ᠲᠥᠯᠦᠪᠵᠢᠭᠦᠯᠭᠡ ᠪᠠ ᠤᠰᠤᠨ ᠤ ᠴᠢᠳᠠᠮᠵᠢᠲᠤ ᠣᠷᠣᠨ ᠤ ᠬᠤᠪᠢᠶᠠᠷᠢᠯᠠᠯ ᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃     ︵ᠬᠤᠶᠠᠷ︶ ᠠᠮᠠᠷᠠᠯᠲᠠ ᠶᠢᠨ ᠣᠷᠣᠨ ᠤ ᠳᠣᠲᠣᠷᠠᠬᠢ ᠬᠠᠷᠢᠶ᠎ᠠ ᠣᠷᠣᠨ ᠤ ᠴᠢᠬᠤᠯᠠ ᠶᠡᠭᠡ ᠠᠮᠢ ᠠᠬᠤᠢ ᠣᠷᠴᠢᠨ ᠲᠣᠭᠤᠷᠢᠨ ᠤ ᠠᠰᠠᠭᠤᠳᠠᠯ ᠢ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠪᠠ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃ ᠪᠦᠬᠦ ᠠᠶᠢᠮᠠᠭ ᠤᠨ ᠬᠦᠨᠳᠦ ᠣᠨᠴᠠ ᠶᠡᠭᠡ ᠣᠷᠴᠢᠨ ᠲᠣᠭᠤᠷᠢᠨ ᠤ ᠪᠣᠬᠢᠷᠲᠤᠯ ᠤᠨ ᠡ᠊ᠨᠳᠡᠯ ᠪᠣᠯᠣᠨ ᠠᠮᠢ ᠠᠬᠤᠢ ᠶᠢᠨ ᠡᠪᠳᠡᠭᠳᠡᠯ ᠤᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠠᠵᠢᠯ ᠢ ᠲᠦᠷᠦᠭᠦᠯᠡᠨ ᠵᠣᠬᠢᠴᠠᠭᠤᠯᠵᠤ᠂ ᠠᠮᠠᠷᠠᠯᠲᠠ ᠶᠢᠨ ᠣᠷᠣᠨ ᠤ ᠳᠣᠲᠣᠷᠠᠬᠢ ᠬᠦᠨᠳᠦ ᠶᠡᠭᠡ ᠣᠨᠴᠠ ᠶᠡᠭᠡ ᠭᠡᠨᠡᠳᠲᠡ ᠡᠭᠦᠰᠦᠭᠰᠡᠨ ᠠᠮᠢ ᠠᠬᠤᠢ ᠶᠢᠨ ᠣᠷᠴᠢᠨ ᠲᠣᠭᠤᠷᠢᠨ ᠤ ᠬᠡᠷᠡᠭ ᠢ ᠰᠢᠢᠳᠪᠦᠷᠢᠯᠡᠬᠦ ᠪᠠᠴᠢᠮ ᠪᠠᠶᠢᠳᠠᠯ ᠢ ᠠᠷᠭᠠᠴᠠᠭᠠᠬᠤ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠵᠢᠯᠣᠭᠤᠳᠤᠨ ᠵᠣᠬᠢᠴᠠᠭᠤᠯᠵᠤ᠂ ᠠᠮᠢ ᠠᠬᠤᠢ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ ᠲᠥᠯᠥᠪᠦᠷᠢ ᠶᠢᠨ ᠳᠦᠷᠢᠮ ᠢ ᠬᠡᠷᠡᠭᠵᠢᠭᠦᠯᠬᠦ ᠶᠢ ᠲᠦᠷᠦᠭᠦᠯᠡᠨ ᠵᠢᠯᠤᠭᠤᠳᠴᠤ᠂ ᠬᠤᠯᠪᠣᠭᠳᠠᠯ ᠪᠦᠬᠦᠢ ᠣᠷᠣᠨ ᠪᠦᠰᠡ ᠠᠯᠤᠰᠯᠠᠭᠰᠠᠨ ᠣᠷᠴᠢᠨ ᠲᠣᠭᠤᠷᠢᠨ ᠤ ᠪᠣᠬᠢᠷᠲᠤᠯ ᠤᠨ ᠵᠢᠭᠤᠷᠠᠯᠳᠤᠭᠠᠨ ᠢ ᠵᠣᠬᠢᠴᠠᠭᠤᠯᠤᠨ ᠰᠢᠢᠳᠪᠦᠷᠢᠯᠡᠵᠦ᠂ ᠪᠥᠬᠦ ᠠᠶᠢᠮᠠᠭ ᠤᠨ ᠭᠤᠣᠯᠳᠠᠯᠭ᠎ᠠ ᠲᠠᠢ ᠣᠷᠣᠨ ᠪᠦᠰᠡ᠂ ᠨᠡᠭᠦᠳᠡᠯ ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠳᠤ ᠬᠢᠨᠠᠯᠲᠠ ᠲᠠᠯᠪᠢᠵᠤ ᠨᠠᠶᠢᠳᠠᠪᠤᠷᠢᠵᠢᠭᠤᠯᠤᠨ᠎ᠠ᠃︵ᠭᠤᠷᠪᠠ︶ ᠠᠮᠠᠷᠠᠯᠲᠠ ᠶᠢᠨ ᠣᠷᠣᠨ ᠤ ᠳᠣᠲᠣᠷᠠᠬᠢ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠠᠷᠠᠯᠲᠠ ᠶᠢᠨ ᠨᠠᠶᠢᠳᠠᠪᠤᠷᠢᠵᠢᠭᠤᠯᠤᠯᠲᠠ ᠶᠢ ᠬᠠᠷᠢᠭᠤᠴᠠᠨ ᠬᠢᠨᠠᠯᠲᠠ ᠲᠠᠯᠪᠢᠵᠤ ᠬᠠᠮᠢᠶᠠᠷᠤᠨ᠎ᠠ᠃ ᠭᠤᠣᠯ ᠪᠣᠯᠬᠤ ᠪᠣᠬᠢᠷᠲᠤᠯ ᠪᠣᠳᠠᠰ ᠭᠠᠳᠠᠭᠰᠢᠯᠠᠭᠤᠯᠬᠤ ᠶᠡᠷᠦᠩᠬᠡᠢ ᠬᠡᠮᠵᠢᠶ᠎ᠡ ᠶᠢ ᠬᠢᠵᠠᠭᠠᠷᠯᠠᠬᠤ᠂ ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ ᠤᠨ ᠦᠨᠡᠮᠯᠡᠯ ᠤᠨ ᠳᠦᠷᠢᠮ ᠢ ᠵᠣᠬᠢᠶᠠᠨ ᠪᠠᠶᠢᠭᠤᠯᠤᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠠᠭᠠᠷ ᠮᠠᠨᠳᠠᠯ᠂ ᠤᠰᠤ ᠵᠡᠷᠭᠡ ᠣᠷᠴᠢᠨ ᠠᠬᠤᠢ ᠶᠢᠨ ᠰᠢᠰᠲ᠋ᠧᠮ ᠤᠨ ᠪᠣᠬᠢᠷᠲᠤᠯ ᠪᠣᠳᠠᠰ ᠬᠦᠯᠢᠶᠡᠨ ᠠᠪᠬᠤ ᠴᠢᠳᠠᠪᠤᠷᠢ ᠶᠢ ᠲᠣᠭᠲᠠᠭᠠᠵᠤ᠂ ᠶᠡᠷᠦᠩᠬᠡᠢ ᠬᠡᠮᠵᠢᠶ᠎ᠡ ᠶᠢ ᠬᠢᠵᠠᠭᠠᠷᠯᠠᠬᠤ ᠶᠢ ᠬᠡᠷᠡᠭᠵᠢᠭᠦᠯᠬᠦ ᠪᠣᠬᠢᠷᠲᠤᠯ ᠪᠣᠳᠠᠰ ᠢ ᠬᠢᠵᠠᠭᠠᠷᠯᠠᠬᠤ ᠭᠦᠢᠴᠡᠳᠬᠡᠯ ᠲᠤᠭ᠎ᠠ ᠶᠢ ᠳᠤᠷᠠᠳᠤᠨ ᠭᠠᠷᠭᠠᠵᠤ᠂ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠡᠭᠦᠷᠭᠡ ᠶᠢ ᠪᠡᠶᠡᠯᠡᠭᠦᠯᠦᠭᠰᠡᠨ ᠪᠠᠶᠢᠳᠠᠯ ᠢ ᠬᠢᠨᠠᠨ ᠪᠠᠶᠢᠴᠠᠭᠠᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠷᠠᠯᠲᠠᠲᠤ ᠬᠠᠷᠢᠭᠤᠴᠠᠯᠭ᠎ᠠ ᠶᠢᠨ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃       ︵ᠳᠥᠷᠪᠡ︶ ᠠᠮᠠᠷᠠᠯᠲᠠ ᠶᠢᠨ ᠣᠷᠣᠨ ᠤ ᠳᠣᠲᠣᠷᠠᠬᠢ ᠣᠷᠴᠢᠨ ᠲᠣᠭᠤᠷᠢᠨ ᠤ ᠪᠣᠬᠢᠷᠲᠤᠯ ᠢ ᠰᠡᠷᠭᠡᠶᠢᠯᠡᠨ ᠵᠠᠰᠠᠬᠤ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃ ᠡᠯ᠎ᠡ ᠲᠦᠷᠦᠯ ᠤᠨ ᠣᠷᠴᠢᠨ ᠠᠬᠤᠢ ᠶᠢᠨ ᠡᠯᠧᠮᠧᠨ᠋ᠲ ᠤᠨ ᠪᠣᠬᠢᠷᠲᠤᠯ ᠢ ᠰᠡᠷᠭᠡᠶᠢᠯᠡᠨ ᠵᠠᠰᠠᠬᠤ ᠳᠦᠷᠢᠮ ᠤᠨ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠬᠤ ᠶᠢᠨ ᠬᠠᠮᠳᠣ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠤᠤᠭᠤᠬᠤ ᠤᠰᠤᠨ ᠤ ᠡᠬᠢ ᠰᠤᠷᠪᠤᠯᠵᠢ ᠶᠢᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠬᠢᠨᠠᠨ ᠬᠠᠮᠢᠶᠠᠷᠴᠤ᠂ ᠬᠤᠳᠠ ᠬᠥᠳᠡᠭᠡ ᠶᠢᠨ ᠠᠮᠢ ᠠᠬᠤᠢ ᠶᠢᠨ ᠣᠷᠴᠢᠨ ᠨᠥᠬᠦᠴᠡᠯ ᠢ ᠶᠡᠷᠦᠩᠬᠡᠶᠢᠯᠡᠨ ᠵᠠᠰᠠᠬᠤ ᠠᠵᠢᠯ ᠢ ᠵᠣᠬᠢᠶᠠᠨ ᠪᠠᠶᠢᠭᠤᠯᠤᠨ ᠵᠢᠯᠤᠭᠤᠳᠴᠤ᠂ ᠲᠠᠷᠢᠶᠠᠯᠠᠩ ᠤᠨ ᠤᠯᠠᠨ ᠡᠬᠢᠲᠦ ᠪᠣᠬᠢᠷᠲᠤᠯ ᠢ ᠵᠠᠰᠠᠬᠤ ᠠᠵᠢᠯ ᠢ ᠬᠢᠨᠠᠨ ᠵᠢᠯᠣᠭᠤᠳᠤᠨ᠎ᠠ᠃ ᠣᠷᠣᠨ ᠪᠦᠰᠡ ᠶᠢᠨ ᠠᠭᠠᠷ ᠮᠠᠨᠳᠠᠯ ᠤᠨ ᠪᠣᠬᠢᠷᠲᠤᠯ ᠢ ᠬᠠᠮᠲᠤᠷᠠᠨ ᠰᠡᠷᠭᠡᠶᠢᠯᠡᠵᠦ ᠬᠠᠮᠲᠤᠷᠠᠨ ᠡᠵᠡᠮᠳᠡᠬᠦ ᠬᠠᠮᠵᠢᠯᠴᠠᠭᠠᠨ ᠤ ᠲᠣᠭᠲᠠᠴᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃       ︵ᠲᠠᠪᠤ︶ ᠠᠮᠠᠷᠠᠯᠲᠠ ᠶᠢᠨ ᠣᠷᠣᠨ ᠤ ᠳᠣᠲᠣᠷᠠᠬᠢ ᠠᠮᠢ ᠠᠬᠤᠢ ᠶᠢ ᠬᠠᠮᠠᠭᠠᠯᠠᠵᠤ ᠰᠡᠷᠭᠦᠭᠡᠬᠦ ᠠᠵᠢᠯ ᠢ ᠵᠢᠯᠣᠭᠤᠳᠤᠨ ᠵᠣᠬᠢᠴᠠᠭᠤᠯᠬᠤ ᠪᠠ ᠬᠢᠨᠠᠯᠲᠠ ᠲᠠᠯᠪᠢᠨ᠎ᠠ᠃ ᠠᠮᠢ ᠠᠬᠤᠢ ᠶᠢᠨ ᠣᠷᠴᠢᠨ ᠨᠥᠬᠦᠴᠡᠯ ᠳᠤ ᠨᠥᠯᠥᠭᠡ ᠲᠠᠢ ᠪᠠᠶᠢᠭᠠᠯᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠠᠵᠢᠯᠯᠠᠭ᠎ᠠ᠂ ᠴᠢᠬᠤᠯᠠ  ᠠᠮᠢ ᠠᠬᠤᠢ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠪᠠ ᠠᠮᠢ ᠠᠬᠤᠢ ᠶᠢ ᠡᠪᠳᠡᠵᠦ ᠰᠡᠷᠭᠦᠭᠡᠬᠦ ᠠᠵᠢᠯ ᠳᠤ ᠬᠢᠨᠠᠯᠲᠠ ᠲᠠᠯᠪᠢᠨ᠎ᠠ᠃ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠡᠯ᠎ᠡ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠳᠦᠷᠢᠮ ᠢ ᠵᠣᠬᠢᠶᠠᠨ ᠪᠠᠶᠢᠭᠤᠯᠤᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠠᠤᠯᠢ ᠬᠡᠷᠡᠭᠵᠢᠭᠦᠯᠵᠦ᠂ ᠠᠮᠠᠷᠠᠯᠲᠠ ᠶᠢᠨ ᠣᠷᠣᠨ ᠤ ᠬᠡᠭᠡᠷ᠎ᠡ ᠶᠢᠨ ᠠᠮᠢᠲᠠᠨ ᠤᠷᠭᠤᠮᠠᠯ ᠤᠨ ᠬᠠᠮᠠᠭᠠᠯᠠᠯᠲᠠ᠂ ᠨᠣᠭᠤ ᠭᠠᠵᠠᠷ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠴᠦᠯᠯᠡᠷᠭᠡᠭᠵᠢᠯ ᠢ ᠰᠡᠷᠭᠡᠶᠢᠯᠡᠨ ᠵᠠᠰᠠᠬᠤ ᠵᠡᠷᠭᠡ ᠠᠵᠢᠯ ᠳᠤ ᠬᠢᠨᠠᠯᠳᠡ ᠲᠠᠯᠪᠢᠨ᠎ᠠ᠃ ᠠᠮᠠᠷᠠᠯᠲᠠ ᠶᠢᠨ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠵᠢᠯᠣᠭᠤᠳᠤᠨ ᠵᠣᠬᠢᠴᠠᠭᠤᠯᠬᠤ ᠪᠠ ᠬᠢᠨᠠᠯᠲᠠ ᠲᠠᠯᠪᠢᠨ᠎ᠠ᠃ ᠠᠮᠢᠳᠤ ᠪᠣᠳᠠᠰ ᠤᠨ ᠮᠡᠷᠭᠡᠵᠢᠯ ᠤᠨ ᠣᠷᠴᠢᠨ ᠲᠣᠭᠤᠷᠢᠨ ᠤ ᠠᠮᠤᠷ ᠲᠦᠪᠰᠢᠨ ᠳᠤ ᠬᠢᠨᠠᠯᠲᠠ ᠲᠠᠯᠪᠢᠵᠤ᠂ ᠠᠮᠢᠳᠤ ᠪᠣᠳᠠᠰ ᠤᠨ ᠳᠦᠷᠰᠦ ︵ᠤᠳᠤᠮᠯᠠᠯ ᠤᠨ ᠡᠬᠢ ᠪᠠᠶᠠᠯᠢᠭ ᠪᠠᠭᠲᠠᠨ᠎ᠠ︶ ᠶᠢᠨ ᠠᠵᠢᠯ ᠢ ᠲᠦᠷᠦᠭᠦᠯᠡᠨ ᠬᠢᠵᠦ᠂ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ᠂ ᠠᠮᠢᠳᠤ ᠪᠣᠳᠠᠰ ᠤᠨ ᠤᠳᠤᠮᠯᠠᠯ ᠤᠨ ᠡᠬᠢ ᠪᠠᠶᠠᠯᠢᠭ ᠢ ᠬᠠᠮᠠᠭᠠᠯᠠᠬᠤ᠂ ᠠᠮᠢᠳᠤ ᠪᠣᠳᠠᠰ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠥᠭᠬᠦ ᠠᠵᠢᠯ ᠳᠤ ᠣᠷᠣᠯᠴᠠᠨ᠎ᠠ᠃       ︵ᠵᠢᠷᠭᠤᠭ᠎ᠠ︶ ᠴᠥᠮ᠎ᠡ ᠪᠣᠯᠣᠨ ᠰᠠᠴᠤᠷᠠᠭ ᠤᠨ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠴᠥᠮ᠎ᠡ ᠬᠢᠭᠡᠳ ᠰᠠᠴᠤᠷᠠᠭ ᠤᠨ ᠠᠮᠤᠷ ᠲᠦᠪᠰᠢᠨ ᠤ ᠠᠵᠢᠯ ᠤᠨ ᠵᠣᠬᠢᠴᠠᠭᠤᠯᠬᠤ ᠲᠣᠭᠲᠠᠴᠠ ᠶᠢᠨ ᠬᠤᠯᠪᠣᠭᠳᠠᠯ ᠪᠦᠬᠦᠢ ᠠᠵᠢᠯ ᠢ ᠲᠦᠷᠦᠭᠦᠯᠡᠨ ᠬᠠᠷᠢᠭᠤᠴᠠᠵᠤ᠂ ᠴᠥᠮ᠎ᠡ ᠶᠢᠨ ᠡ᠊ᠨᠳᠡᠯ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠳᠤ ᠣᠷᠣᠯᠴᠠᠨ᠂ ᠰᠠᠴᠤᠷᠠᠭ ᠤᠨ ᠣᠷᠴᠢᠨ ᠲᠣᠭᠤᠷᠢᠨ ᠤ ᠡ᠊ᠨᠳᠡᠯ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠵᠢᠯ ᠢ ᠬᠠᠷᠢᠭᠤᠴᠠᠨ᠎ᠠ᠃ ᠴᠥᠮ᠎ᠡ ᠶᠢᠨ ᠲᠥᠬᠦᠭᠡᠷᠦᠮᠵᠢ ᠪᠠ ᠰᠠᠴᠤᠷᠠᠭ ᠡᠭᠦᠰᠬᠡᠭᠴᠢ ᠶᠢᠨ ᠠᠶᠤᠯᠭᠦᠢ ᠶᠢ ᠬᠢᠨᠠᠨ ᠬᠠᠮᠢᠶᠠᠷᠴᠤ᠂ ᠴᠥᠮ᠎ᠡ ᠶᠢᠨ ᠲᠥᠬᠦᠭᠡᠷᠦᠮᠵᠢ᠂ ᠴᠥᠮ᠎ᠡ ᠶᠢᠨ ᠮᠡᠷᠭᠡᠵᠢᠯ ᠤᠨ ᠬᠡᠷᠡᠭᠯᠡᠯᠲᠡ᠂ ᠴᠠᠬᠢᠯᠭᠠᠨ ᠰᠣᠷᠢᠨᠵᠢᠨ ᠰᠠᠴᠤᠷᠠᠭ᠂ ᠰᠠᠴᠤᠷᠠᠭ ᠴᠢᠨᠠᠷᠲᠠᠢ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠶᠠᠪᠤᠴᠠ ᠳᠠᠬᠢ ᠪᠣᠬᠢᠷᠲᠤᠯ ᠢ ᠰᠡᠷᠭᠡᠶᠢᠯᠡᠨ ᠵᠠᠰᠠᠬᠤ ᠶᠠᠪᠤᠳᠠᠯ ᠢ ᠬᠢᠨᠠᠨ ᠬᠠᠮᠢᠶᠠᠷᠤᠨ᠎ᠠ᠃       ︵ᠳᠣᠯᠤᠭ᠎ᠠ︶ ᠠᠮᠢ ᠠᠬᠤᠢ ᠣᠷᠴᠢᠨ ᠲᠣᠭᠤᠷᠢᠨ ᠤ ᠬᠢᠨᠠᠨ ᠬᠡᠮᠵᠢᠬᠦ ᠠᠵᠢᠯ ᠢ ᠬᠠᠷᠢᠭᠤᠴᠠᠨ᠎ᠠ᠃ ᠠᠮᠢ ᠠᠬᠤᠢ ᠣᠷᠴᠢᠨ ᠨᠥᠬᠦᠴᠡᠯ ᠤᠨ ᠬᠢᠨᠠᠨ ᠬᠡᠮᠵᠢᠯᠲᠡ ᠶᠢᠨ ᠳᠦᠷᠢᠮ᠂ ᠪᠠᠷᠢᠮᠵᠢᠶ᠎ᠠ ᠪᠠ ᠵᠢᠷᠤᠮᠵᠢᠯ ᠢ ᠬᠡᠷᠡᠭᠵᠢᠭᠦᠯᠬᠦ ᠳᠤ ᠬᠢᠨᠠᠯᠲᠠ ᠲᠠᠯᠪᠢᠨ᠎ᠠ᠃ ᠪᠣᠬᠢᠷᠲᠤᠯ ᠤᠨ ᠡᠬᠢ ᠰᠤᠷᠪᠤᠯᠵᠢ ᠳᠤ ᠬᠢᠨᠠᠯᠲᠠ ᠲᠠᠯᠪᠢᠬᠤ ᠴᠢᠨᠠᠷᠲᠠᠢ ᠬᠢᠨᠠᠨ ᠬᠡᠮᠵᠢᠯᠲᠡ᠂ ᠣᠷᠴᠢᠨ ᠠᠬᠤᠢ ᠶᠢᠨ ᠬᠢᠨᠠᠨ ᠪᠠᠶᠢᠴᠠᠭᠠᠯᠲᠠ ᠶᠢᠨ ᠬᠠᠤᠯᠢ ᠬᠡᠷᠡᠭᠵᠢᠭᠦᠯᠬᠦ ᠬᠢᠨᠠᠨ ᠬᠡᠮᠵᠢᠯᠲᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠠᠮᠠᠷᠠᠯᠲᠠ ᠶᠢᠨ ᠣᠷᠣᠨ ᠤ ᠳᠣᠲᠣᠷᠠᠬᠢ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠤᠨ ᠪᠠᠶᠢᠳᠠᠯ ᠳᠤ ᠪᠠᠶᠢᠴᠠᠭᠠᠨ ᠦᠨᠡᠯᠡᠯᠲᠡ ᠬᠢᠬᠦ᠂ ᠤᠷᠢᠳᠴᠢᠯᠠᠨ ᠰᠡᠷᠡᠮᠵᠢᠯᠡᠭᠦᠯᠵᠦ ᠲᠥᠰᠥᠭᠡᠯᠡᠬᠦ ᠶᠢ ᠵᠣᠬᠢᠶᠠᠨ ᠪᠠᠶᠢᠭᠤᠯᠵᠤ᠂ ᠠᠮᠢ ᠠᠬᠤᠢ ᠣᠷᠴᠢᠨ ᠲᠣᠭᠤᠷᠢᠨ ᠤ ᠬᠢᠨᠠᠨ ᠬᠡᠮᠵᠢᠬᠦ ᠰᠦᠯᠵᠢᠶ᠎ᠡ ᠪᠠ ᠠᠮᠢ ᠠᠬᠤᠢ ᠶᠢᠨ ᠣᠷᠴᠢᠨ ᠲᠣᠭᠤᠷᠢᠨ ᠤ ᠮᠡᠳᠡᠭᠡ ᠵᠠᠩᠭᠢ ᠶᠢᠨ ᠰᠦᠯᠵᠢᠶ᠎ᠡ ᠶᠢ ᠵᠣᠬᠢᠶᠠᠨ ᠪᠠᠶᠢᠭᠤᠯᠤᠨ ᠬᠠᠮᠢᠶᠠᠷᠤᠨ᠎ᠠ᠃  ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢ ᠵᠠᠷᠯᠠᠨ ᠨᠡᠶᠢᠲᠡᠯᠡᠬᠦ ᠳᠦᠷᠢᠮ ᠢ ᠪᠠᠶᠢᠭᠤᠯᠤᠨ ᠬᠡᠷᠡᠭᠵᠢᠭᠦᠯᠵᠦ᠂ ᠠᠮᠢ ᠠᠬᠤᠢ ᠶᠢᠨ ᠣᠷᠴᠢᠨ ᠨᠥᠬᠦᠴᠡᠯ ᠤᠨ ᠶᠡᠷᠦᠩᠬᠡᠶᠢᠯᠡᠭᠰᠡᠨ ᠴᠢᠨᠠᠷᠲᠠᠢ ᠮᠡᠳᠡᠭᠦᠯᠦᠯᠲᠡ ᠪᠠ ᠴᠢᠬᠤᠯᠠ ᠶᠡᠭᠡ ᠠᠮᠢ ᠠᠬᠤᠢ ᠶᠢᠨ ᠣᠷᠴᠢᠨ ᠨᠥᠬᠦᠴᠡᠯ ᠤᠨ ᠮᠡᠳᠡᠭᠡ ᠵᠠᠩᠭᠢ ᠶᠢ ᠨᠢᠭᠡᠳᠦᠯᠲᠡᠢ ᠨᠡᠶᠢᠲᠡᠯᠡᠨ᠎ᠡ᠃       ︵ᠨᠠᠢᠮᠠ︶ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠠᠵᠢᠯ ᠢ ᠬᠠᠷᠢᠭᠤᠴᠠᠨ᠎ᠠ᠃ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠵᠢᠴᠢ ᠬᠦᠯᠡᠮᠵᠢ ᠶᠢᠨ ᠬᠡᠢ ᠪᠡᠶᠡᠲᠦ ᠶᠢᠨ ᠭᠠᠳᠠᠭᠰᠢᠯᠠᠭᠤᠯᠤᠯᠲᠠ ᠶᠢ ᠪᠠᠭᠠᠰᠬᠠᠬᠤ ᠴᠢᠬᠤᠯᠠ ᠶᠡᠭᠡ ᠪᠠᠶᠢᠯᠳᠤᠬᠤ ᠪᠣᠳᠣᠯᠭ᠎ᠠ᠂ ᠲᠥᠯᠦᠪᠵᠢᠭᠦᠯᠭᠡ ᠪᠠ ᠲᠦᠷᠦ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠤᠯᠤᠰ᠂ ᠥᠪᠡᠷᠲᠡᠭᠡᠨ ᠵᠠᠰᠠᠬᠤ ᠣᠷᠣᠨ ᠤ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠬᠠᠮᠢᠶ᠎ᠠ ᠪᠦᠬᠦᠢ ᠠᠵᠢᠯ ᠢ ᠨᠠᠶᠢᠳᠠᠪᠤᠷᠢᠵᠢᠭᠤᠯᠵᠤ᠂ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠣᠯᠠᠨ ᠤᠯᠤᠰ ᠤᠨ ᠬᠠᠮᠲᠤᠷᠠᠯᠴᠠᠭ᠎ᠠ ᠪᠠ ᠴᠢᠳᠠᠪᠤᠷᠢ ᠶᠢᠨ ᠪᠠᠶᠢᠭᠤᠯᠤᠯᠲᠠ ᠶᠢ ᠵᠣᠬᠢᠴᠠᠭᠤᠯᠤᠨ ᠥᠷᠨᠢᠭᠦᠯᠦᠨ᠎ᠡ᠃       ︵ᠶᠢᠰᠦ︶ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ  ᠱᠠᠯᠠᠪᠳᠡᠭᠤᠯᠣᠨ ᠪᠠᠶᠢᠴᠠᠭᠠᠬᠤ ᠠᠵᠢᠯ ᠢ ᠬᠠᠷᠢᠭᠤᠴᠠᠨ᠎ᠠ᠃ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠡᠭᠤᠯᠣᠨ ᠪᠠᠶᠢᠴᠠᠭᠠᠬᠤ ᠬᠠᠮᠢᠶ᠎ᠠ ᠪᠦᠬᠦᠢ ᠠᠵᠢᠯ ᠢ ᠵᠣᠬᠢᠴᠠᠭᠤᠯᠤᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠣᠷᠴᠢᠨ ᠠᠬᠤᠢ ᠶᠢᠨ ᠬᠠᠮᠠᠭᠠᠯᠠᠯᠲᠠ ᠶᠢ  ᠱᠠᠯᠠᠪᠳᠡᠭᠤᠯᠣᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ ᠶᠢᠨ ᠬᠡᠷᠡᠭᠵᠢᠭᠦᠯᠬᠦ ᠲᠥᠰᠥᠯ ᠢ ᠲᠤᠭᠤᠷᠪᠢᠨ ᠲᠣᠭᠲᠠᠭᠠᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠡᠭᠤᠯᠣᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠬᠤ᠂ ᠰᠢᠯᠭᠠᠨ ᠬᠤᠷᠢᠶᠠᠵᠤ ᠳ᠋ᠤᠭᠠᠷ ᠢ ᠬᠠᠰᠤᠬᠤ ᠵᠡᠷᠭᠡ ᠠᠵᠢᠯ ᠢ ᠨᠢᠭᠡᠳᠦᠯᠲᠡᠢ ᠲᠥᠯᠥᠪᠯᠡᠨ᠎ᠠ᠃       ︵ᠠᠷᠪᠠ︶ ᠷᠠᠰᠢᠶᠠᠨ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃       ᠬᠤᠶᠠᠳᠤᠭᠠᠷ ᠵᠦᠢᠯ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠳᠤᠷᠢᠳᠬᠤ ᠲᠣᠭᠤᠶᠢᠯᠡᠩ       ᠳᠤᠭᠤᠶᠢᠯᠠᠩ ᠤᠨ ᠳᠠᠷᠤᠭ᠎ᠠ᠄ ᠶᠠᠩ ᠪᠦᠦ ᠲᠢᠶᠠᠨ   ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ       ᠳᠡᠳ᠋ ᠳᠤᠭᠤᠶᠢᠯᠠᠩ ᠤᠨ ᠳᠠᠷᠤᠭ᠎ᠠ᠄ ᠹᠦ᠋ ᠬᠠᠢ ᠵᠢᠶᠦ᠋ᠨ   ᠬᠢᠩᠭᠠᠨ ᠠᠶᠢᠮᠠᠭ ᠤᠨ ᠠᠮᠢ ᠠᠬᠤᠢ ᠲᠣᠭᠤᠷᠢᠨ ᠤ ᠲᠣᠪᠴᠢᠶ᠎ᠠ ᠶᠢᠨ ᠷᠠᠰᠢᠶᠠᠨ ᠬᠤᠲᠠ ᠶᠢᠨ ᠬᠤᠪᠢᠶᠠᠷᠢ ᠲᠣᠪᠴᠢᠶ᠎ᠠ ᠶᠢᠨ ᠳᠠᠷᠤᠭ᠎ᠠ       ᠯᠢ ᠯᠢᠶᠠᠩ   ᠷᠠᠰᠢᠶᠠᠨ ᠤ ᠵᠣᠭᠠᠴᠠᠯ ᠤᠨ ᠠᠮᠠᠷᠠᠯᠲᠠ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ       ᠪᠦᠷᠢᠯᠳᠦᠭᠦᠨ᠄ ᠯᠢᠶᠠᠩ ᠸᠧᠨ ᠯᠦᠩ    ᠸᠧᠨᠴᠢᠣᠸᠠᠨ ᠵᠡᠭᠡᠯᠢ   ᠶᠢᠨ ᠨᠠᠮ ᠤᠨ ᠠᠵᠢᠯ ᠤᠨ ᠵᠦᠪᠯᠡᠯ ᠤᠨ ᠱᠦᠵᠢ       ᠪᠠᠢ ᠹᠧᠩ   ᠬᠤᠲᠠ ᠶᠢᠨ ᠰᠣᠶᠣᠯ ᠵᠣᠭᠠᠴᠠᠯ ᠪᠡᠶ᠎ᠡ ᠶᠢᠨ ᠲᠠᠮᠢᠷ ᠤᠨ ᠲᠣᠪᠴᠢᠶᠠᠨ ᠤ ᠳᠠᠷᠤᠭ᠎ᠠ       ᠸᠠᠩ ᠬᠠᠢ ᠵᠢᠶᠦ᠋ᠨ   ᠬᠤᠲᠠ ᠶᠢᠨ ᠣᠷᠣᠨ ᠰᠠᠭᠤᠴᠠ ᠪᠠ ᠪᠦᠲᠦᠭᠡᠨ ᠪᠠᠶᠢᠭᠤᠯᠤᠯᠲᠠ ᠶᠢᠨ ᠲᠣᠪᠴᠢᠶᠠᠨ ᠤ ᠲᠣᠪᠴᠢᠶᠠᠨ ᠳᠠᠷᠤᠭ᠎ᠠ       ᠯᠢ ᠬᠤᠩ ᠸᠧᠢ   ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠲᠣᠪᠴᠢᠶᠠᠨ ᠳᠠᠷᠤᠭ᠎ᠠ       ᠸᠠᠩ ᠠᠢ ᠵᠢᠶᠦ᠋ᠨ   ᠬᠤᠲᠠ ᠶᠢᠨ ᠵᠠᠮ ᠲᠡᠭᠡᠭᠡᠪᠦᠷᠢ ᠶᠢᠨ ᠲᠣᠪᠴᠢᠶᠠᠨ ᠤ  ᠲᠣᠪᠴᠢᠶᠠᠨ ᠳᠠᠷᠤᠭ᠎ᠠ       ᠯᠢ ᠺᠧ ᠰᠢᠨ   ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠷᠬᠢᠯᠡᠭᠴᠢ       ᠵᠣᠣ ᠰᠢᠶᠣᠣ ᠭᠤᠸᠠᠩ    ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶᠠᠨ ᠤ  ᠲᠣᠪᠴᠢᠶᠠᠨ ᠳᠠᠷᠤᠭ᠎ᠠ       ᠸᠠᠩ ᠶᠠᠨ ᠫᠢᠩ   ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ       ᠬᠣ᠋ ᠷᠦᠢ    ᠬᠤᠳᠠ ᠶᠢᠨ ᠭᠠᠳᠠᠭᠠᠳᠤ ᠶᠠᠪᠤᠳᠠᠯ ᠤᠨ ᠠᠯᠪᠠᠨ ᠭᠡᠷ ᠤᠨ ᠡᠷᠬᠢᠯᠡᠭᠴᠢ       ᠯᠢ ᠺᠦᠨ   ᠬᠤᠲᠠ ᠶᠢᠨ ᠬᠤᠲᠠ ᠶᠢᠨ ᠬᠠᠮᠢᠶᠠᠷᠤᠯᠲᠠ ᠶᠢᠨ ᠲᠣᠪᠴᠢᠶᠠᠨ ᠤ  ᠲᠣᠪᠴᠢᠶᠠᠨ ᠳᠠᠷᠤᠭ᠎ᠠ       ᠴᠧᠨ ᠯᠧᠢ   ᠬᠤᠲᠠ ᠶᠢᠨ ᠭᠠᠯ ᠰᠠᠷᠭᠡᠶᠢᠯᠠᠵᠣ ᠤᠨᠲᠠᠷᠠᠭᠠᠬᠤ ᠶᠡᠭᠡ ᠠᠩᠭᠢ ᠶᠢᠨ ᠳᠠᠷᠤᠭ᠎ᠠ       ᠵᠠᠩ ᠷᠦᠢ   ᠬᠤᠲᠠ ᠶᠢᠨ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶᠠᠨ ᠤ  ᠲᠣᠪᠴᠢᠶᠠᠨ ᠳᠠᠷᠤᠭ᠎ᠠ
 
ᠢᠷᠡᠯᠲᠡ᠄ ᠷᠡᠰᠢᠶᠠᠨ ᠬᠤᠳᠡ ᠶᠢᠨ ᠠᠷᠡᠳ ᠤᠨ ᠵᠠᠰᠠᠭ ᠤᠨ ᠣᠷᠳᠣᠨ ᠤ ᠠᠯᠪᠡᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号