ᠷᠠᠰᠢᠶᠠᠨ ᠬᠤᠲᠠ ᠶᠢᠨ ᠢᠷᠪᠢᠰ ᠣᠷᠣᠨ ᠤ ᠬᠤᠲᠠ ᠶᠢᠨ ᠦᠵᠡᠮᠵᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ
ᠨᠡᠶᠢᠲᠡᠯᠡᠭᠰᠡᠨ ᠴᠠᠭ᠄
2023/8/29
ᠳᠠᠭᠠᠯᠳᠤᠭᠤᠯᠤᠯ       ᠷᠠᠰᠢᠶᠠᠨ ᠬᠤᠲᠠ ᠶᠢᠨ ᠢᠷᠪᠢᠰ ᠣᠷᠣᠨ ᠤ ᠬᠤᠲᠠ ᠶᠢᠨ ᠦᠵᠡᠮᠵᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ       ᠢᠷᠪᠢᠰ ᠣᠷᠣᠨ ᠤ ᠬᠤᠲᠠ ᠶᠢᠨ ᠦᠵᠡᠮᠵᠢ ᠶᠢᠨ ᠣᠷᠴᠢᠨ ᠲᠣᠭᠤᠷᠢᠨ ᠪᠠ ᠬᠤᠲᠠ ᠶᠢᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠤ᠂ ︽ᠬᠠᠷᠢᠶ᠎ᠠ ᠣᠷᠣᠨ  ᠪᠣᠯ ᠲᠠᠷᠣᠢ ᠦᠵᠡᠮᠵᠢ ᠶᠢᠨ ᠣᠷᠣᠨ︾ ᠪᠠ ︽ᠦᠵᠡᠮᠵᠢ ᠬᠤᠲᠠ ᠶᠢ ᠠᠭᠤᠰᠤᠯᠴᠠᠭᠤᠯᠬᠤ︾ ᠬᠥᠭᠵᠢᠯᠲᠡ ᠶᠢᠨ ᠣᠨᠣᠯᠵᠢᠬᠤᠨ ᠢ ᠦᠢᠯᠡᠳᠦᠯᠭᠡᠵᠢᠭᠦᠯᠵᠦ᠂ ᠷᠠᠰᠢᠶᠠᠨ ᠤ ᠵᠣᠭᠠᠴᠠᠯ ᠤᠨ ᠬᠤᠲᠠ ᠶᠢᠨ ᠨᠠᠷᠠᠲᠤ ᠲᠡᠮᠳᠡᠭᠲᠦ ᠶᠢ ᠲᠠᠰᠤᠷᠠᠯᠲᠠ ᠦᠭᠡᠢ ᠭᠡᠷᠡᠯᠲᠦᠭᠦᠯᠦᠨ᠂ ᠳᠤᠮᠳᠠᠳᠤ ᠤᠯᠤᠰ ᠤᠨ ᠵᠣᠭᠠᠴᠠᠯ ᠤᠨ ᠶᠡᠭᠡ ᠬᠤᠷᠠᠯ ᠪᠠ ᠵᠣᠭᠠᠴᠠᠯ ᠤᠨ ᠬᠥᠭᠵᠢᠯᠲᠡᠢ ᠤᠯᠠᠷᠢᠯ ᠳᠤ ᠭᠦᠢᠴᠡᠳ ᠪᠡᠯᠡᠳᠬᠡᠯ ᠬᠢᠵᠬᠦ ᠶᠢᠨ ᠲᠦᠯᠣᠭᠡ᠂ ᠭᠠᠵᠠᠷ ᠣᠷᠣᠨ ᠤ ᠪᠣᠳᠠᠲᠠᠢ ᠲᠠᠢ ᠪᠠᠨ ᠤᠶᠠᠯᠳᠤᠭᠤᠯᠤᠨ᠂ ᠳᠣᠣᠷᠠᠬᠢ ᠬᠡᠷᠡᠭᠵᠢᠭᠦᠯᠬᠦ ᠲᠥᠰᠥᠯ ᠢ ᠲᠣᠭᠲᠠᠭᠠᠨ᠎ᠠ᠄       ᠨᠢᠭᠡ᠂ ᠵᠢᠯᠤᠭᠤᠳᠬᠤ ᠦᠵᠡᠯ ᠰᠠᠨᠠᠭ᠎ᠠ       ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠣᠨ ᠨᠠᠶᠢᠳᠠᠪᠤᠷᠢᠵᠢᠭᠤᠯᠵᠤ᠂ ︽ᠲᠠᠪᠤᠨ ᠶᠡᠭᠡ ᠬᠥᠭᠵᠢᠯᠲᠡ ᠶᠢᠨ ᠣᠨᠣᠯᠵᠢᠬᠤᠨ︾ ᠢ ᠪᠠᠷᠢᠮᠲᠠᠯᠠᠨ᠂ ᠲᠥᠪᠯᠡᠷᠡᠭᠦᠯᠦᠨ ᠴᠡᠭᠴᠡᠯᠡᠨ ᠵᠠᠰᠠᠬᠤ᠂ ᠵᠢᠷᠤᠮᠵᠢᠭᠤᠯᠤᠨ ᠬᠥᠲᠥᠯᠥᠨ ᠵᠢᠯᠤᠭᠤᠳᠬᠤ᠂ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠬᠤ ᠰᠡᠳᠬᠢᠴᠡ ᠶᠣᠰᠣᠭᠠᠷ᠂ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠪᠠᠭᠤᠷᠠᠢ ᠲᠠᠯ᠎ᠠ ᠶᠢ ᠴᠢᠩᠭ᠎ᠠ ᠠᠳᠬᠤᠵᠤ᠂ ᠢᠷᠪᠢᠰ ᠣᠷᠣᠨ ᠤ ︽ᠪᠤᠵᠠᠷ᠂ ᠡᠷᠣᠢ ᠬᠤᠷᠣᠢ ᠦᠭᠡᠢ᠂ ᠪᠠᠷᠤᠭᠲᠠᠢ︾ ᠵᠡᠷᠭᠡ ᠲᠣᠪᠣᠶᠢᠮ᠎ᠠ ᠠᠰᠠᠭᠤᠳᠠᠯ ᠢ ᠦᠨᠡᠨ ᠬᠦ ᠴᠡᠭᠴᠡᠯᠡᠨ ᠵᠠᠰᠠᠵᠤ᠂ ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠦᠢᠯᠡᠴᠢᠯᠡᠭᠡᠨ ᠤ ᠴᠢᠳᠠᠪᠤᠷᠢ ᠶᠢ ᠴᠢᠩᠭᠠᠷᠠᠭᠤᠯᠤᠨ᠂ ᠷᠠᠰᠢᠶᠠᠨ ᠬᠤᠲᠠ ᠶᠢᠨ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠪᠠ ᠬᠤᠲᠠ ᠶᠢᠨ ᠶᠡᠷᠦᠩᠬᠡᠶᠢᠯᠡᠨ ᠵᠠᠰᠠᠬᠤ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠴᠢᠩᠭᠠᠳᠬᠠᠨ᠎ᠠ᠃       ᠬᠤᠶᠠᠷ᠂ ᠠᠵᠢᠯ ᠤᠨ ᠬᠠᠷᠠᠯᠲᠠ       ᠢᠷᠪᠢᠰ ᠣᠷᠣᠨ ᠤ ᠬᠤᠲᠠ ᠶᠢᠨ ᠦᠵᠡᠮᠵᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠵᠤ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ︽ᠳᠣᠯᠤᠭ᠎ᠠ ᠭᠤᠷᠪᠠ ᠭᠤᠷᠪᠡ︾ ᠶᠢᠨ ᠢᠨᠵᠧᠨᠧᠷᠢᠩ ︵ᠳᠠᠷᠤᠢ ︽ᠳᠣᠯᠤᠭ᠎ᠠ ᠶᠢ ᠲᠣᠳᠣᠷᠬᠠᠶᠢᠯᠠᠬᠤ︾᠂ ︽ᠭᠤᠷᠪᠠ ᠶᠢ ᠥᠭᠡᠷᠡᠴᠢᠯᠡᠬᠦ︾᠂ ︽ᠭᠤᠷᠪᠠ ᠶᠢ ᠣᠳᠣᠬᠢᠴᠢᠯᠠᠬᠤ︾︶ ᠢ ᠥᠷᠨᠢᠭᠦᠯᠵᠦ᠂ ᠣᠬᠤᠷ ᠬᠤᠭᠤᠴᠠᠭᠠᠨ ᠤ ᠲᠥᠪᠯᠡᠷᠡᠭᠦᠯᠦᠨ ᠪᠣᠭᠤᠮᠲᠠ ᠰᠢᠪᠲᠤᠯᠬᠤ ᠪᠠ ᠣᠷᠳᠣ ᠬᠤᠭᠤᠴᠠᠭᠠᠨ ᠤ ᠶᠡᠷᠦᠩᠬᠡᠶᠢᠯᠡᠨ ᠵᠠᠰᠠᠬᠤ ᠶᠢ ᠬᠠᠷᠢᠯᠴᠠᠨ ᠤᠶᠠᠯᠳᠤᠭᠤᠯᠵᠤ᠂ ᠢᠷᠪᠢᠰ ᠣᠷᠣᠨ ᠤ ᠬᠤᠲᠠ ᠶᠢᠨ ᠲᠣᠭᠤᠷᠢᠭ ᠤᠨ ᠬᠤᠭ ᠨᠣᠪᠰᠢ᠂ ᠳᠦᠷᠢᠮ ᠠᠴᠠ ᠵᠥᠷᠢᠴᠡᠭᠰᠡᠨ ᠪᠠᠷᠢᠯᠭ᠎ᠠ᠂ ᠬᠠᠶᠠᠭᠳᠠᠮᠠᠯ ᠲᠡᠷᠭᠡ ᠬᠥᠰᠬᠡ᠂ ᠡᠷᠦᠢ ᠬᠤᠷᠤᠢ ᠦᠭᠡᠢ ᠵᠠᠮ ᠱᠤᠭᠤᠮ᠂ ᠡᠪᠳᠡᠷᠬᠡᠢ ᠬᠠᠭᠤᠴᠢᠨ ᠫᠠᠶᠢᠰᠠ ᠢᠯᠡᠷᠬᠡᠶᠢᠯᠡᠯ᠂ ᠲᠣᠭᠲᠠᠭᠠᠯ ᠠᠴᠠ ᠵᠥᠷᠢᠴᠡᠨ ᠳᠠᠷᠢᠵᠤ ᠲᠡᠵᠢᠭᠡᠬᠦ᠂ ᠭᠠᠵᠠᠷ ᠰᠢᠷᠣᠢ ᠡᠳ᠋ ᠬᠥᠷᠥᠩᠭᠡ ᠳᠤ ᠴᠢᠭᠯᠡᠭᠦᠯᠦᠨ ᠪᠥᠬᠦ ᠲᠠᠯ᠎ᠠ ᠪᠠᠷ ᠴᠡᠪᠡᠷᠯᠡᠵᠦ᠂ ᠬᠤᠲᠠ ᠶᠢᠨ ᠲᠣᠭᠤᠷᠢᠭ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠶᠠᠰᠤ ᠴᠢᠨᠠᠷ ᠢ ᠢᠯᠡᠳᠲᠡ ᠳᠡᠭᠡᠭᠰᠢᠯᠡᠭᠦᠯᠵᠦ᠂ ᠬᠤᠲᠠ ᠶᠢᠨ ᠳᠦᠷᠰᠦ ᠪᠠᠶᠢᠳᠠᠯ ᠤᠨ ᠡᠮᠬᠢ ᠳᠢᠭᠯᠢᠮ ᠢ ᠢᠯᠡᠳᠲᠡ ᠰᠠᠶᠢᠵᠢᠷᠠᠭᠤᠯᠤᠨ᠎ᠠ︔ ᠪᠠᠶᠢᠰᠢᠩ ᠭᠡᠷ ᠤᠨ ᠣᠷᠣᠨ ᠪᠦᠰᠡ᠂ ᠬᠠᠭᠤᠴᠢᠨ ᠬᠦᠷᠢᠶ᠎ᠡ᠂ ᠰᠠᠭᠤᠷᠢ ᠲᠥᠬᠦᠭᠡᠷᠦᠮᠵᠢ ᠳᠤ ᠴᠢᠭᠯᠡᠭᠦᠯᠦᠨ ᠵᠢᠷᠤᠮᠵᠢᠭᠤᠯᠤᠨ ᠥᠭᠡᠷᠡᠴᠢᠯᠡᠬᠦ ᠶᠢ ᠬᠡᠷᠡᠭᠵᠢᠭᠦᠯᠵᠦ᠂ ᠬᠤᠳᠠ ᠶᠢᠨ ᠶᠠᠪᠤᠳᠠᠯ ᠤᠨ ᠨᠡᠶᠢᠲᠡ ᠶᠢᠨ ᠬᠡᠷᠡᠭᠯᠡᠭᠡᠨ ᠤ ᠲᠥᠬᠦᠭᠡᠷᠦᠮᠵᠢ ᠶᠢ ᠨᠡᠩ ᠲᠡᠭᠦᠯᠳᠡᠷᠵᠢᠭᠦᠯᠵᠦ᠂ ᠬᠤᠳᠠ ᠶᠢᠨ ᠦᠢᠯᠡᠴᠢᠯᠡᠭᠡ ᠶᠢ ᠨᠡᠩ ᠳᠥᠭᠦᠮ ᠳᠥᠲᠡ ᠪᠣᠯᠭᠠᠨ᠎ᠠ︔ ᠬᠤᠳᠠ ᠶᠢᠨ ᠬᠤᠭᠤᠰᠤᠨ ᠭᠠᠵᠠᠷ᠂ ᠵᠠᠮ ᠳᠠᠭᠠᠤ᠂ ᠴᠢᠬᠤᠯᠠ ᠣᠷᠣᠨ ᠪᠦᠰᠡ ᠳᠤ ᠴᠢᠭᠯᠡᠭᠦᠯᠦᠨ ᠨᠣᠭᠤᠭᠠᠷᠠᠭᠤᠯᠬᠤ᠂ ᠭᠤᠶᠣᠵᠢᠭᠤᠯᠬᠤ᠂ ᠭᠡᠷᠡᠯᠲᠦᠭᠦᠯᠬᠦ ᠢᠨᠵᠧᠨᠧᠷᠢᠩ ᠢ ᠬᠡᠷᠡᠭᠵᠢᠭᠦᠯᠵᠦ᠂ ᠬᠤᠳᠠ ᠶᠢᠨ ᠣᠷᠴᠢᠨ ᠲᠣᠭᠤᠷᠢᠨ ᠢ ᠨᠡᠩ ᠭᠤᠶᠤ ᠰᠠᠶᠢᠬᠠᠨ ᠪᠣᠯᠭᠠᠵᠤ᠂ ᠤᠯᠠᠨ ᠲᠦᠮᠡᠨ ᠤ ᠵᠣᠯ ᠵᠢᠷᠭᠠᠯ ᠤᠨ ᠲᠥᠷᠥᠭᠳᠡᠯ ᠢ ᠲᠠᠰᠤᠷᠠᠯᠳᠠ ᠦᠭᠡᠢ ᠳᠡᠭᠡᠭᠰᠢᠯᠡᠭᠦᠯᠦᠨ᠎ᠡ᠃       ᠭᠤᠷᠪᠠ᠂ ᠦᠨᠳᠦᠰᠦᠨ ᠵᠠᠷᠴᠢᠮ       ︵ᠨᠢᠭᠡ︶ ᠲᠥᠪᠯᠡᠷᠡᠭᠦᠯᠦᠨ ᠴᠡᠭᠴᠡᠯᠡᠨ ᠵᠠᠰᠠᠬᠤ ᠬᠢᠭᠡᠳ ᠬᠡᠪ ᠤᠨ ᠬᠠᠮᠢᠶᠠᠷᠤᠯᠲᠠ ᠶᠢ ᠬᠠᠷᠢᠯᠴᠠᠨ ᠤᠶᠠᠯᠳᠤᠭᠤᠯᠬᠤ ᠵᠠᠷᠴᠢᠮ ᠢ ᠪᠠᠷᠢᠮᠲᠠᠯᠠᠨ᠎ᠠ       ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠣᠶᠤᠨ ᠴᠢᠳᠠᠯ ᠢᠶᠠᠨ ᠲᠥᠪᠯᠡᠷᠡᠭᠦᠯᠦᠨ ᠭᠤᠣᠯᠳᠠᠯᠭ᠎ᠠ ᠶᠢ ᠠᠳᠬᠤᠵᠤ᠂ ᠬᠦᠴᠢᠷ ᠠᠰᠠᠭᠤᠳᠠᠯ ᠢ ᠰᠢᠢᠳᠪᠦᠷᠢᠯᠡᠵᠦ᠂ ᠳᠤᠲᠠᠭᠤᠳᠠᠯ ᠢ ᠨᠥᠬᠦᠪᠦᠷᠢᠯᠡᠵᠦ᠂ ᠬᠤᠲᠠ ᠶᠢᠨ ᠲᠣᠭᠤᠷᠢᠭ ᠤᠨ ᠡᠷᠡᠭᠦᠯ ᠬᠠᠮᠠᠭᠠᠯᠠᠯ ᠤᠨ ᠬᠡᠮ ᠰᠣᠭᠤᠭ ᠢ ᠬᠦᠴᠦᠯᠡᠨ ᠰᠢᠢᠳᠪᠦᠷᠢᠯᠡᠵᠦ᠂ ︽ᠨᠠᠩ ᠴᠢᠩᠭ᠎ᠠ᠂ ᠨᠠᠩ ᠪᠣᠳᠠᠲᠠᠢ᠂ ᠨᠠᠩ ᠨᠠᠷᠢᠯᠢᠭ︾ ᠪᠠᠶᠢᠬᠤ ᠪᠠᠷᠢᠮᠵᠢᠶ᠎ᠠ ᠶᠢ ᠡᠵᠡᠮᠳᠡᠨ᠂ ᠡᠳᠦᠷ ᠲᠤᠲᠤᠮ ᠤᠨ ᠠᠵᠢᠯ ᠢ ᠴᠢᠬᠤᠯᠠᠴᠢᠯᠠᠵᠤ᠂ ᠨᠠᠷᠢᠨ ᠵᠦᠢᠯᠡᠰ ᠢ ᠴᠢᠬᠤᠯᠠᠴᠢᠯᠠᠨ᠂ ᠬᠤᠲᠠ ᠶᠢᠨ ᠬᠠᠮᠢᠶᠠᠷᠤᠯᠲᠠ ᠶᠢᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠰᠢᠨᠵᠢᠯᠡᠬᠦ ᠤᠬᠠᠭᠠᠨᠴᠢ ᠳᠦᠷᠢᠮ ᠪᠠ ᠪᠦᠷᠢᠨ ᠲᠡᠭᠦᠯᠳᠡᠷ ᠲᠣᠭᠲᠠᠴᠠ ᠪᠠᠷ ᠬᠤᠲᠠ ᠶᠢᠨ ᠬᠠᠮᠢᠶᠠᠷᠤᠯᠲᠠ ᠶᠢᠨ ᠨᠠᠷᠢᠯᠢᠭᠵᠢᠬᠤ᠂ ᠵᠢᠷᠤᠮᠵᠢᠬᠤ ᠶᠢ ᠦᠨᠡᠨ ᠬᠦ ᠪᠠᠲᠤᠯᠠᠬᠤ ᠬᠡᠷᠡᠭᠲᠡᠢ᠃       ︵ᠬᠤᠶᠠᠷ︶ ᠭᠤᠣᠯᠳᠠᠯᠭ᠎ᠠ ᠲᠠᠢ ᠪᠠᠷ ᠪᠡᠷᠬᠡ ᠰᠡᠳᠦᠪ ᠢ ᠰᠢᠢᠳᠪᠦᠷᠢᠯᠡᠬᠦ ᠪᠠ ᠨᠡᠶᠢᠳᠡᠮ ᠰᠠᠶᠢᠵᠢᠷᠠᠭᠤᠯᠬᠤ ᠶᠢ ᠤᠶᠠᠯᠳᠤᠭᠤᠯᠬᠤ ᠵᠠᠷᠴᠢᠮ ᠢ ᠪᠠᠷᠢᠮᠲᠠᠯᠠᠨ᠎ᠠ       ᠴᠡᠭᠴᠡᠯᠡᠨ ᠵᠠᠰᠠᠬᠤ ᠠᠵᠢᠯ ᠤᠨ ᠳᠤᠮᠳᠠ ᠡᠬᠢ ᠡᠭᠦᠰᠦᠯ ᠠᠴᠠ ᠨᠢ ᠵᠠᠰᠠᠬᠤ ᠶᠢ ᠴᠢᠬᠤᠯᠠᠴᠢᠯᠠᠵᠤ᠂ ᠢᠷᠪᠢᠰ ᠣᠷᠣᠨ ᠳᠤ ᠪᠦᠬᠦ ᠲᠠᠯ᠎ᠠ ᠪᠠᠷ ᠨᠠᠷᠢᠨ ᠨᠢᠮᠪᠠᠢ ᠪᠠᠶᠢᠴᠠᠭᠠᠯᠲᠠ ᠬᠢᠭᠰᠡᠨ ᠰᠠᠭᠤᠷᠢᠨ ᠳᠡᠭᠡᠷ᠎ᠡ᠂ ᠬᠤᠳᠠ ᠶᠢᠨ ᠬᠠᠮᠢᠶᠠᠷᠤᠯᠲᠠ ᠶᠢᠨ ᠳᠤᠮᠳᠠᠬᠢ ᠪᠠᠴᠢᠮ ᠰᠢᠢᠳᠪᠦᠷᠢᠯᠡᠬᠦ ᠴᠢᠬᠤᠯᠠᠲᠠᠢ ᠲᠣᠪᠣᠶᠢᠮ᠎ᠠ ᠠᠰᠠᠭᠤᠳᠠᠯ ᠢ ᠡᠮᠬᠢᠯᠡᠨ ᠭᠠᠷᠭᠠᠵᠤ᠂ ᠲᠥᠪᠯᠡᠷᠡᠩᠭᠦᠢ ᠪᠥᠭᠡᠳ ᠡᠮᠬᠢ ᠵᠢᠷᠤᠮ ᠲᠠᠢ ᠠᠬᠢᠭᠤᠯᠬᠤ ᠶᠢ ᠪᠠᠲᠤᠯᠠᠬᠤ ᠶᠢᠨ ᠬᠠᠮᠲᠤ᠂ ᠭᠤᠣᠯᠳᠠᠯᠭ᠎ᠠ ᠲᠠᠢ ᠠᠰᠠᠭᠤᠳᠠᠯ ᠢ ᠲᠤᠪᠤᠶᠢᠯᠭᠠᠵᠦ᠂ ᠬᠦᠴᠦᠨ ᠢᠶᠠᠨ ᠲᠥᠪᠯᠡᠷᠡᠭᠦᠯᠵᠦ᠂ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠶᠢᠨ ᠬᠠᠮᠲᠤ ᠴᠡᠭ ᠢᠶᠠᠷ ᠨᠡᠶᠢᠳᠡᠮ ᠢ ᠲᠠᠶᠢᠴᠢᠯᠠᠵᠤ᠂ ᠶᠠᠰᠤ ᠴᠢᠨᠠᠷ ᠢ ᠳᠡᠭᠡᠭᠰᠢᠯᠡᠭᠦᠯᠦᠨ ᠬᠡᠪᠴᠢᠶ᠎ᠡ ᠶᠢ ᠥᠷᠭᠡᠳᠬᠡᠨ᠂ ᠢᠷᠪᠢᠰ ᠣᠷᠣᠨ ᠤ ᠣᠷᠴᠢᠨ ᠲᠣᠭᠤᠷᠢᠨ ᠪᠣᠯᠣᠨ ᠬᠤᠳᠠ ᠶᠢᠨ ᠶᠠᠰᠤ ᠴᠢᠨᠠᠷ ᠤᠨ ᠪᠦᠬᠦᠯᠢ ᠴᠣᠭᠴᠠ ᠶᠢᠨ ᠳᠡᠭᠡᠭᠰᠢᠯᠡᠯᠲᠡ ᠶᠢ ᠠᠬᠢᠭᠤᠯᠤᠨ᠎ᠠ᠃       ︵ᠭᠤᠷᠪᠠ︶ ᠵᠠᠰᠠᠭ ᠤᠨ ᠣᠷᠳᠣᠨ ᠤ ᠬᠠᠮᠢᠶᠠᠷᠤᠯᠲᠠ ᠪᠣᠯᠣᠨ ᠰᠠᠭᠤᠭᠠᠯᠢ ᠠᠷᠠᠳ ᠤᠨ ᠥᠪᠡᠷᠲᠡᠭᠡᠨ ᠵᠠᠰᠠᠬᠤ ᠶᠢ ᠤᠶᠠᠯᠳᠤᠭᠤᠯᠬᠤ ᠵᠠᠷᠴᠢᠮ ᠢ ᠪᠠᠷᠢᠮᠲᠠᠯᠠᠨ᠎ᠠ       ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠬᠤᠲᠠ ᠶᠢᠨ ᠦᠵᠡᠮᠵᠢ   ᠶᠢᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠤᠨ ᠳᠤᠮᠳᠠᠬᠢ ᠲᠦᠷᠦᠭᠦᠯᠡᠨ ᠬᠠᠷᠢᠭᠤᠴᠠᠬᠤ ᠬᠠᠷᠢᠭᠤᠴᠠᠯᠭ᠎ᠠ  ᠶᠢ ᠯᠠᠪᠳᠠᠭᠤᠨ ᠪᠠᠲᠤᠲᠠᠢ ᠨᠠᠶᠢᠳᠠᠪᠤᠷᠢᠵᠢᠭᠤᠯᠵᠤ᠂ ᠡᠭᠦᠨ ᠤ ᠬᠠᠮᠲᠤ ᠤᠯᠠᠨ ᠲᠦᠮᠡᠨ ᠤ ᠢᠳᠡᠪᠬᠢᠵᠢᠯ ᠢ  ᠲᠠᠶᠢᠴᠢᠯᠠᠵᠥ᠂ ᠰᠠᠭᠤᠭ᠎ᠠ ᠠᠵᠤ ᠠᠬᠤᠶᠢᠯᠠᠯ ᠤᠨ ᠬᠠᠷᠢᠶ᠎ᠠ ᠭᠠᠵᠠᠷ ᠤᠨ ᠳᠠᠪᠠᠭᠤᠯᠢᠭ ᠢ ᠭᠦᠢᠴᠡᠳ ᠪᠠᠳᠠᠷᠠᠭᠤᠯᠣᠨ᠂ ᠣᠷᠴᠢᠨ ᠲᠣᠭᠤᠷᠢᠨ ᠤ ᠵᠠᠰᠠᠯᠲᠠ ᠶᠢᠨ ᠳᠠᠪᠬᠤᠴᠠᠯ ᠦᠢᠯᠡᠳᠦᠯ ᠢ ᠥᠷᠭᠡᠳᠬᠡᠵᠦ᠂ ᠬᠠᠮᠲᠤᠪᠠᠷ ᠵᠥᠪᠳᠡᠯᠴᠡᠨ ᠬᠠᠮᠲᠤᠪᠠᠷ ᠪᠠᠶᠢᠭᠤᠯᠬᠤ᠂ ᠬᠠᠮᠲᠤᠪᠠᠷ ᠵᠠᠰᠠᠵᠤ ᠬᠠᠮᠲᠤᠪᠠᠷ ᠡᠳ᠋ᠯᠡᠬᠦ ᠶᠢ ᠪᠡᠶᠡᠯᠡᠭᠦᠯᠵᠦ᠂ ︽ᠵᠠᠰᠠᠭ ᠤᠨ ᠣᠷᠳᠣᠨ ᠵᠣᠬᠢᠶᠠᠨ ᠪᠠᠶᠢᠭᠤᠯᠬᠤ᠂ ᠣᠷᠣᠨ ᠨᠤᠲᠤᠭ ᠠᠵᠤ ᠠᠬᠤᠶᠢᠯᠠᠯ ᠬᠤᠯᠪᠤᠭᠠᠯᠠᠨ ᠬᠥᠳᠡᠯᠦᠯᠴᠡᠬᠦ᠂ ᠬᠤᠳᠠ ᠶᠢᠨ ᠠᠷᠠᠳ ᠥᠪᠡᠷᠲᠡᠭᠡᠨ ᠵᠠᠰᠠᠬᠤ︾ ᠬᠤᠳᠠ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢᠨ ᠪᠠᠶᠢᠷᠢᠰᠢᠯ ᠢ ᠪᠦᠷᠢᠯᠳᠦᠭᠦᠯᠵᠦ᠂ ᠢᠷᠪᠢᠰ ᠣᠷᠣᠨ ᠤ ᠣᠷᠴᠢᠨ ᠲᠣᠭᠤᠷᠢᠨ ᠤ ᠦᠩᠭᠡᠨ ᠲᠠᠯ᠎ᠠ ᠪᠠ ᠦᠨᠳᠦᠰᠦ ᠠᠴᠠ ᠨᠢ ᠵᠠᠰᠠᠬᠤ ᠶᠢ ᠦᠨᠡᠨ ᠬᠦ ᠠᠬᠢᠭᠤᠯᠤᠨ᠎ᠠ᠃       ︵ᠳᠥᠷᠪᠡ︶ ᠴᠢᠩᠭ᠎ᠠ ᠬᠠᠮᠢᠶᠠᠷᠤᠨ ᠡᠵᠡᠮᠳᠡᠬᠦ ᠬᠢᠭᠡᠳ ᠦᠢᠯᠡᠴᠢᠯᠡᠭᠡ ᠲᠠᠷᠬᠠᠭᠠᠨ ᠰᠠᠯᠭᠠᠬᠤ ᠶᠢ ᠬᠠᠷᠢᠯᠴᠠᠨ ᠤᠶᠠᠯᠳᠤᠭᠤᠯᠬᠤ ᠵᠠᠷᠴᠢᠮ   ᠢ ᠪᠠᠷᠢᠮᠲᠠᠯᠠᠨ᠎ᠠ       ᠠᠷᠠᠳ ᠣᠯᠠᠨ ᠳᠤ ᠦᠢᠯᠡᠴᠢᠯᠡᠬᠦ ᠪᠠᠷ ᠠᠵᠢᠯ ᠤᠨ ᠢᠶᠠᠨ ᠡᠭᠦᠰᠬᠡᠯ ᠪᠣᠯᠭᠠᠬᠤ ᠶᠢ ᠪᠠᠷᠢᠮᠲᠠᠯᠠᠵᠤ᠂ ᠢᠯᠡ ᠲᠣᠳᠣ ᠠᠵᠢᠯᠯᠠᠬᠤ ᠶᠢ ᠪᠠᠷᠢᠮᠲᠠᠯᠠᠵᠤ᠂ ᠬᠠᠤᠯᠢ ᠶᠣᠰᠣᠭᠠᠷ ᠡᠮᠬᠢ ᠵᠢᠷᠤᠮ ᠲᠠᠢ ᠵᠠᠰᠠᠵᠤ᠂ ᠭᠦᠨᠵᠡᠭᠡᠢ ᠪᠥᠭᠡᠳ ᠨᠠᠷᠢᠨ ᠨᠢᠮᠪᠠᠢ ᠠᠵᠢᠯᠯᠠᠨ᠂ ᠴᠢᠩᠭ᠎ᠠ ᠬᠠᠮᠢᠶᠠᠷᠤᠨ ᠡᠵᠡᠮᠳᠡᠭᠰᠡᠨ ᠰᠠᠭᠤᠷᠢᠨ ᠳᠡᠭᠡᠷ᠎ᠡ᠂ ᠦᠢᠯᠡᠴᠢᠯᠡᠭᠡ ᠶᠢ ᠲᠠᠷᠬᠠᠭᠠᠬᠤ᠂ ᠣᠷᠴᠢᠨ ᠲᠣᠭᠤᠷᠢᠨ ᠢ ᠰᠠᠶᠢᠵᠢᠷᠠᠭᠤᠯᠬᠤ᠂ ᠭᠡᠮ ᠰᠣᠭᠤᠭ ᠢ ᠠᠷᠢᠯᠭᠠᠬᠤ᠂ ᠳᠤᠲᠠᠭᠤᠳᠠᠯ ᠢ ᠨᠥᠬᠦᠪᠦᠷᠢᠯᠡᠬᠦ᠂ ᠴᠢᠳᠠᠪᠬᠢ ᠶᠢ ᠳᠡᠭᠡᠭᠰᠢᠯᠡᠭᠦᠯᠬᠦ ᠵᠡᠷᠭᠡ ᠪᠠᠷ ᠭᠤᠣᠯᠳᠠᠯᠭ᠎ᠠ ᠪᠣᠯᠭᠠᠵᠤ᠂ ᠠᠷᠠᠳ ᠤᠨ ᠵᠣᠪᠠᠭᠤᠷᠢ ᠶᠢ ᠲᠠᠶᠢᠯᠬᠤ᠂ ᠠᠷᠠᠳ ᠤᠨ ᠬᠦᠴᠢᠷᠳᠡᠯ ᠢ ᠠᠷᠢᠯᠭᠠᠬᠤ᠂ ᠠᠷᠠᠳ ᠤᠨ ᠰᠡᠳᠬᠢᠯ ᠢ ᠳᠤᠯᠠᠭᠠᠴᠠᠭᠤᠯᠬᠤ ᠨᠢᠭᠡ ᠪᠦᠯᠦᠭ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠪᠠᠶᠢᠭᠤᠯᠵᠤ᠂ ᠠᠷᠠᠳ ᠤᠯᠠᠨ ᠤ ᠬᠦᠷᠲᠡᠮᠵᠢ ᠶᠢᠨ ᠲᠥᠷᠥᠭᠳᠡᠯ ᠢ ᠦᠨᠡᠨ ᠬᠦ ᠨᠡᠮᠡᠭᠳᠡᠭᠦᠯᠦᠨ᠎ᠡ᠃       ᠳᠥᠷᠪᠡ᠂ ᠭᠤᠣᠯᠳᠠᠯᠭ᠎ᠠ ᠲᠠᠢ ᠡᠭᠦᠷᠭᠡ       ︵ᠨᠢᠭᠡ︶ ︽ᠳᠤᠯᠤᠭ᠎ᠠ ᠶᠢ ᠴᠡᠪᠡᠷᠯᠡᠬᠦ︾ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠥᠷᠨᠢᠭᠦᠯᠦᠨ᠎ᠡ       1. ᠬᠤᠲᠠ ᠲᠣᠭᠤᠷᠢᠭ ᠤᠨ ᠬᠤᠭ ᠨᠣᠪᠰᠢ ᠶᠢ ᠴᠡᠪᠡᠷᠯᠡᠨ᠎ᠡ᠃ ᠢᠷᠪᠢᠰ ᠣᠷᠣᠨ ᠤ ᠠᠮᠢᠳᠤᠷᠠᠯ ᠤᠨ ᠬᠤᠭ ᠨᠣᠪᠰᠢ᠂ ᠪᠠᠷᠢᠯᠭ᠎ᠠ ᠶᠢᠨ ᠬᠤᠭ ᠨᠣᠪᠰᠢ᠂ ᠴᠠᠭᠠᠨ ᠥᠩᠭᠡᠲᠦ ᠬᠤᠭ ᠨᠣᠪᠰᠢ᠂ ᠬᠠᠶᠠᠭᠳᠠᠮᠠᠯ ᠡᠳ᠋ ᠤᠨ ᠣᠪᠣᠭᠠᠷᠠᠯ ᠪᠣᠳᠠᠰ᠂ ᠤᠷᠭᠤᠮᠠᠯ ᠤᠨ ᠬᠤᠪᠠᠭ᠋ᠠᠢ ᠮᠥᠴᠢᠷ᠂ ᠭᠤᠣᠯ ᠤᠨ ᠭᠤᠯᠳᠤᠷᠢᠯ ᠤᠨ ᠬᠥᠪᠥᠮᠡᠯ ᠪᠣᠳᠠᠰ᠂ ᠬᠤᠲᠠ ᠶᠢᠨ ᠪᠠᠷᠢᠮᠵᠢᠶ᠎ᠠ ᠳᠤ ᠥᠯᠥ ᠬᠦᠷᠬᠦ ᠬᠤᠭ ᠨᠣᠪᠰᠢ ᠶᠢᠨ ᠴᠡᠭ᠂ ᠪᠠᠶᠢᠰᠢᠩ ᠤᠨ ᠡᠷᠭᠢᠨ ᠲᠣᠭᠤᠷᠢᠨ ᠤ ᠣᠪᠣᠭᠠᠷᠠᠯ ᠪᠣᠳᠠᠰ᠂ ᠮᠥᠰᠥᠨ ᠪᠠᠭᠯᠠᠭ᠎ᠠ ᠵᠡᠷᠭᠡ ᠬᠠᠶᠠᠭᠳᠠᠮᠠᠯ ᠪᠣᠳᠠᠰ ᠢ ᠪᠦᠬᠦ ᠲᠠᠯ᠎ᠠ  ᠪᠠᠷ ᠴᠡᠪᠡᠷᠯᠡᠨ᠎ᠡ᠃ ᠨᠢᠰᠬᠡᠯ ᠤᠨ ᠪᠠᠭᠤᠳᠠᠯ ᠵᠠᠮ ᠳᠠᠭᠠᠤ᠂ ᠢᠷᠪᠢᠰ ᠭᠤᠣᠯ ᠵᠡᠭᠡᠯᠢ ᠶᠢᠨ ᠬᠤᠶᠠᠷ ᠬᠠᠵᠠᠭᠤ᠂ ᠰᠠᠭᠤᠭᠠᠯᠢ ᠠᠷᠠᠳ ᠤᠨ ᠠᠰᠠᠷ ᠤᠨ ᠡᠮᠦᠨ᠎ᠡ᠂ ᠬᠠᠶᠠᠭᠳᠠᠮᠠᠯ ᠡᠳ᠋ ᠢ ᠬᠤᠳᠠᠯᠳᠤᠨ ᠠᠪᠬᠤ ᠡᠷᠬᠢᠨ ᠲᠣᠭᠤᠷᠢᠨ ᠵᠡᠷᠭᠡ ᠪᠠᠷ ᠭᠤᠣᠯᠳᠠᠯᠭ᠎ᠠ ᠲᠠᠢ ᠣᠷᠣᠨ ᠪᠦᠰᠡ ᠪᠣᠯᠭᠠᠵᠤ᠂ ᠵᠡᠭᠡᠯᠢ ᠭᠤᠳᠤᠮᠵᠢ ᠪᠠᠷ ᠲᠦᠷᠦᠭᠦᠯᠡᠨ ᠬᠠᠷᠢᠶ᠎ᠠ ᠣᠷᠣᠨ ᠤ ᠰᠠᠭᠤᠭ᠎ᠠ ᠨᠢᠭᠡᠴᠢ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠬᠤᠳᠠᠯᠳᠤᠭᠠᠨ ᠤ ᠡᠷᠦᠬᠡ᠂ ᠰᠠᠭᠤᠭᠠᠯᠢ ᠠᠷᠠᠳ ᠢ ᠵᠣᠬᠢᠶᠠᠨ ᠪᠠᠶᠢᠭᠤᠯᠵᠤ ᠲᠣᠭᠤᠷᠢᠭ ᠬᠤᠪᠢᠶᠠᠨ ᠬᠡᠰᠡᠭ ᠬᠤᠪᠢᠶᠠᠨ ᠲᠥᠪᠯᠡᠷᠡᠭᠦᠯᠦᠨ ᠢᠯᠭᠠᠷᠠᠭᠤᠯᠬᠤ᠂ ᠵᠢᠷᠤᠭ ᠡᠯᠭᠦᠨ ᠪᠠᠶᠢᠯᠳᠤᠬᠤ᠂ ᠨᠢᠭᠡ ᠨᠢᠭᠡ ᠪᠠᠷ ᠳ᠋ᠤᠭᠠᠷ ᠢ ᠬᠠᠰᠤᠵᠤ᠂ ᠲᠣᠮᠣ ᠬᠡᠯᠪᠡᠷᠢ ᠶᠢᠨ ᠮᠠᠰᠢᠨ ᠮᠧᠬᠠᠨᠢᠭ ᠢ ᠳᠠᠶᠢᠴᠢᠯᠠᠨ ᠴᠡᠪᠡᠷᠯᠡᠨ ᠲᠡᠭᠡᠭᠡᠪᠦᠷᠢᠯᠡᠬᠦ ᠦᠷ᠎ᠡ ᠪᠦᠲᠦᠮᠵᠢ ᠶᠢ ᠨᠡᠮᠡᠭᠳᠡᠭᠦᠯᠦᠨ᠎ᠡ︔ ᠵᠡᠭᠡᠯᠢ ᠭᠤᠳᠤᠮᠵᠢ᠂ ᠬᠤᠲᠠ ᠶᠢᠨ ᠬᠠᠮᠢᠶᠠᠷᠤᠯᠲᠠ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢᠶᠠᠷ ᠪᠦᠷᠢᠯᠳᠦᠭᠰᠡᠨ ᠣᠯᠠᠨ ᠲᠠᠯ᠎ᠠ ᠶᠢᠨ ᠲᠣᠭᠤᠷᠢᠨ ᠴᠠᠭᠳᠠᠬᠤ ᠡᠩᠨᠡᠭᠡ ᠶᠢ ᠪᠦᠬᠦᠯᠢ ᠳᠤᠭᠤᠶᠢᠯᠠᠩ ᠢᠶᠠᠷ ᠨᠢ ᠲᠡᠭᠦᠯᠳᠡᠷᠵᠢᠭᠦᠯᠵᠦ᠂ ᠲᠣᠭᠤᠷᠢᠨ ᠪᠠᠶᠢᠴᠠᠭᠠᠬᠤ ᠳᠠᠪᠲᠠᠮᠵᠢ ᠶᠢ ᠨᠡᠮᠡᠭᠳᠡᠭᠦᠯᠦᠨ᠂ ᠲᠣᠭᠲᠠᠭᠠᠯ  ᠠᠴᠠ ᠵᠥᠷᠢᠴᠡᠨ ᠬᠤᠭ ᠨᠣᠪᠰᠢ ᠬᠠᠶᠠᠬᠰᠠᠨ ᠢ ᠰᠢᠳᠬᠡᠬᠦ ᠡᠷᠴᠢᠮ ᠢ ᠴᠢᠩᠭᠠᠷᠠᠭᠤᠯᠵᠤ᠂ ᠱᠠᠩᠨᠠᠵᠤ ᠲᠣᠷᠭᠠᠭᠰᠠᠨ ᠦᠷ᠎ᠡ ᠳ᠋ᠦᠩ ᠢ ᠵᠠᠷᠯᠠᠨ ᠨᠡᠶᠢᠲᠡᠯᠡᠵᠦ᠂ ᠬᠤᠲᠠ ᠶᠢᠨ ᠦᠵᠡᠮᠵᠢ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠵᠤ ᠳᠡᠭᠡᠭᠰᠢᠯᠡᠭᠦᠯᠬᠦ ᠠᠵᠢᠯᠯᠠᠭ᠎ᠠ ᠶᠢᠨ ᠰᠦᠷᠳᠡᠭᠦᠯᠬᠦ ᠡᠷᠴᠢᠮ ᠢ ᠴᠢᠩᠭᠠᠷᠠᠭᠤᠯᠤᠨ᠂ ᠣᠷᠳᠣ ᠬᠤᠭᠤᠴᠠᠭᠠᠨ ᠤ ᠪᠦᠲᠦᠮᠵᠢᠲᠡᠶ ᠵᠠᠰᠠᠯᠲᠠ ᠶᠢᠨ ᠦᠷ᠎ᠡ ᠪᠦᠲᠦᠮᠵᠢ ᠳᠤ ᠦᠨᠡᠨ ᠬᠦ ᠬᠦᠷᠦᠭᠦᠯᠦᠨ᠎ᠡ᠃       ᠲᠦᠷᠦᠭᠦᠯᠡᠨ ᠬᠢᠬᠦ ᠰᠠᠯᠠᠭ᠎ᠠ ᠮᠥᠴᠢᠷ᠄ ᠢᠷᠪᠢᠰ ᠵᠡᠭᠡᠯᠢ᠂  ᠰᠢᠨ ᠴᠧᠩ ᠵᠡᠭᠡᠯᠢ᠂ ᠯᠢᠨ ᠬᠠᠢ ᠵᠡᠭᠡᠯᠢ       ᠬᠠᠮᠵᠢᠯᠴᠠᠬᠤ ᠰᠠᠯᠠᠭ᠎ᠠ ᠮᠥᠴᠢᠷ᠄ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠲᠠᠷᠢᠶᠠᠯᠠᠩ ᠤᠰᠤᠨ ᠠᠰᠢᠬᠯᠠᠯᠳᠡ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠷᠠᠰᠢᠶᠠᠨ ᠤ  ᠰᠧᠨ ᠭᠥᠩ ᠺᠣᠮᠫᠠᠨᠢ       2. ᠳᠦᠷᠢᠮ ᠠᠴᠠ ᠵᠥᠷᠢᠴᠡᠭᠰᠡᠨ ᠪᠠᠷᠢᠯᠭ᠎ᠠ ᠶᠢ ᠴᠡᠪᠡᠷᠯᠡᠨ᠎ᠡ᠃ ᠳᠤᠷ᠎ᠠ ᠪᠠᠷ ᠢᠶᠠᠨ ᠪᠠᠶᠢᠭᠤᠯᠤᠭᠰᠠᠨ᠂ ᠬᠤᠭᠤᠴᠠᠭ᠎ᠠ ᠲᠣᠯᠵᠣ ᠨᠤᠷᠠᠭᠠᠭᠰᠠᠨ ᠦᠭᠡᠢ ᠲᠦᠷ ᠴᠠᠭ ᠤᠨ ᠪᠠᠷᠢᠯᠭ᠎ᠠ᠂ ᠳᠤᠷ᠎ᠠ ᠪᠠᠷ ᠢᠶᠠᠨ ᠭᠠᠵᠠᠷ ᠡᠵᠡᠯᠡᠨ ᠵᠠᠯᠭᠠᠨ ᠪᠠᠶᠢᠭᠤᠯᠤᠭᠰᠠᠨ᠂ ᠥᠭᠡᠷᠡᠴᠢᠯᠡᠨ ᠪᠠᠶᠢᠭᠤᠯᠤᠭᠰᠠᠨ ᠡᠯ᠎ᠡ ᠲᠥᠷᠥᠯ ᠤᠨ ᠳᠦᠷᠢᠮ ᠠᠴᠠ ᠵᠥᠷᠢᠴᠡᠭᠰᠡᠨ ᠪᠠᠷᠢᠯᠭ᠎ᠠ ᠶᠢ ᠪᠥᠬᠦ ᠲᠠᠯ᠎ᠠ ᠪᠠᠷ ᠴᠡᠪᠡᠷᠯᠡᠨ᠎ᠡ᠃ ᠨᠤᠷᠠᠭᠠᠳᠤᠢ ᠪᠠᠶᠢᠰᠢᠩ ᠤᠨ ᠡᠷᠬᠢᠨ ᠲᠣᠭᠤᠷᠢᠨ᠂ ᠭᠤᠣᠯ ᠵᠡᠭᠡᠯᠢ ᠵᠠᠮ ᠤᠨ ᠬᠤᠶᠠᠷ ᠲᠠᠯ᠎ᠠ ᠪᠣᠯᠣᠨ ᠰᠠᠭᠤᠭᠠᠯᠢ ᠠᠷᠠᠳ ᠤᠨ ᠪᠠᠭ᠎ᠠ ᠲᠣᠭᠤᠷᠢᠭ ᠤᠨ ᠳᠣᠲᠣᠷᠠᠬᠢ ᠳᠦᠷᠢᠮ ᠠᠴᠠ ᠵᠥᠷᠢᠴᠡᠭᠰᠡᠨ ᠪᠠᠷᠢᠯᠭ᠎ᠠ ᠶᠢ ᠭᠤᠣᠯᠳᠠᠯᠭ᠎ᠠ ᠲᠠᠢ ᠢᠯᠭᠠᠷᠠᠭᠤᠯᠬᠤ ᠬᠡᠷᠡᠭᠲᠡᠢ᠃ ᠬᠤᠲᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠲᠦᠷᠦᠭᠦᠯᠡᠨ ᠵᠡᠭᠡᠯᠢ ᠭᠤᠳᠤᠮᠵᠢ ᠪᠠ ᠠᠵᠢᠯ ᠲᠥᠷᠥᠯ ᠤᠨ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠳᠡᠰ ᠳᠠᠪᠬᠤᠷᠭ᠎ᠠ᠂ ᠱᠠᠲᠤ ᠦᠶ᠎ᠡ ᠬᠤᠪᠢᠶᠠᠨ ᠳᠦᠷᠢᠮ ᠠᠴᠠ ᠵᠥᠷᠢᠴᠡᠭᠰᠡᠨ ᠪᠠᠷᠢᠯᠭ᠎ᠠ ᠶᠢ ᠨᠤᠷᠠᠭᠠᠬᠤ ᠠᠵᠢᠯ ᠢ ᠠᠬᠢᠭᠤᠯᠵᠤ᠂ ᠰᠠᠭᠤᠭᠠᠯᠢ ᠠᠷᠠᠳ ᠤᠨ ᠪᠦᠯᠦᠭ ᠪᠣᠯᠣᠨ ᠲᠣᠣᠷᠵᠢᠭᠤᠯᠣᠬᠴᠢ ᠶᠢᠨ ᠤᠬᠠᠭᠤᠯᠬᠤ ᠬᠦᠴᠦᠨ ᠢ ᠠᠰᠢᠭᠯᠠᠵᠤ᠂ ᠥᠪᠡᠷᠲᠡᠭᠡᠨ ᠨᠤᠷᠠᠭᠠᠬᠤ ᠶᠢ ᠬᠥᠲᠥᠯᠥᠨ ᠵᠢᠯᠤᠭᠤᠳᠬᠤ ᠪᠠ ᠠᠯᠪᠠᠳᠠᠯᠭ᠎ᠠ ᠪᠠᠷ ᠨᠤᠷᠠᠭᠠᠬᠤ ᠶᠢ ᠤᠶᠠᠯᠳᠤᠭᠤᠯᠬᠤ ᠠᠷᠭ᠎ᠠ ᠮᠠᠶ᠋ᠢᠭ ᠢ ᠠᠪᠴᠤ᠂ ᠳᠦᠷᠢᠮ ᠠᠴᠠ ᠵᠥᠷᠢᠴᠡᠭᠰᠡᠨ ᠪᠠᠷᠢᠯᠭ᠎ᠠ ᠶᠢ ᠨᠢᠭᠡ ᠶᠢ ᠢᠯᠡᠷᠡᠭᠦᠯᠪᠡᠯ ᠨᠢᠭᠡ ᠶᠢ ᠰᠢᠢᠳᠪᠦᠷᠢᠯᠡᠵᠦ᠂ ᠨᠢᠭᠡ ᠭᠡᠰᠡᠭ ᠢ ᠰᠦᠷᠳᠡᠭᠦᠯᠦᠨ᠂ ︽ᠪᠥᠬᠦ ᠲᠠᠯ᠎ᠠ ᠪᠠᠷ ᠴᠡᠪᠡᠷᠯᠡᠵᠣ ᠲᠠᠭᠤᠰᠬᠠᠨ᠎ᠠ︾ ᠬᠦᠷᠲᠡᠯ᠎ᠡ ᠬᠤᠳᠠ ᠶᠢᠨ ᠲᠣᠭᠤᠷᠢᠭ ᠤᠨ ᠳᠦᠷᠢᠮ ᠠᠴᠠ ᠵᠥᠷᠢᠴᠡᠭᠰᠡᠨ ᠪᠠᠷᠢᠯᠭ᠎ᠠ ᠶᠢᠨ ᠥᠢᠯᠡ ᠠᠵᠢᠯᠯᠠᠭ᠎ᠠ ᠶᠢ ᠪᠦᠲᠦᠮᠵᠢᠲᠡᠶ ᠬᠤᠷᠢᠭᠯᠠᠵᠤ᠂ ᠬᠤᠳᠠ ᠶᠢᠨ ᠦᠵᠡᠮᠵᠢ᠂ ᠣᠷᠴᠢᠨ ᠲᠣᠭᠤᠷᠢᠨ ᠢ ᠨᠥᠯᠥᠭᠡᠯᠡᠬᠦ ᠳᠦᠷᠢᠮ ᠠᠴᠠ ᠵᠥᠷᠢᠴᠡᠭᠰᠡᠨ ᠡᠯ᠎ᠡ ᠲᠥᠷᠥᠯ ᠤᠨ ᠪᠠᠷᠢᠯᠭ᠎ᠠ ᠶᠢ ᠲᠤᠶᠢᠯᠪᠤᠷᠢᠲᠠᠢ ᠴᠡᠪᠡᠷᠯᠡᠵᠦ᠂ ᠬᠤᠳᠠ ᠶᠢᠨ ᠳᠦᠷᠰᠦ ᠪᠠᠶᠢᠳᠠᠯ ᠢ ᠪᠦᠲᠦᠮᠵᠢᠲᠡᠶ ᠰᠠᠶᠢᠵᠢᠷᠠᠭᠤᠯᠤᠨ᠎ᠠ᠃        ᠲᠦᠷᠣᠬᠦᠯᠡᠨ ᠬᠢᠬᠦ ᠰᠠᠯᠠᠭ᠎ᠠ ᠮᠦᠴᠢᠷ᠄ ᠬᠤᠲᠠ ᠶᠢᠨ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ       ᠬᠠᠮᠵᠢᠯᠴᠠᠬᠤ ᠰᠠᠯᠠᠭ᠎ᠠ ᠮᠥᠴᠢᠷ᠄ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠵᠠᠬᠢᠳᠠᠯ ᠰᠣᠷᠪᠤᠯᠵᠢᠯᠠᠯ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠭᠠᠯ ᠰᠠᠷᠭᠡᠶᠢᠯᠠᠵᠣ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ᠂ ᠢᠷᠪᠢᠰ ᠵᠡᠭᠡᠯᠢ᠂  ᠰᠢᠨ ᠴᠧᠩ ᠵᠡᠭᠡᠯᠢ᠂ ᠯᠢᠨ ᠬᠠᠢ ᠵᠡᠭᠡᠯᠢ᠂ ᠷᠠᠰᠢᠶᠠᠨ ᠤ  ᠰᠧᠨ ᠭᠥᠩ ᠺᠣᠮᠫᠠᠨᠢ       3.ᠲᠣᠭᠲᠠᠭᠠᠯ ᠠᠴᠠ ᠵᠥᠷᠢᠴᠡᠨ  ᠵᠣᠬᠰᠣᠬᠰᠠᠨ ᠲᠡᠷᠭᠡ ᠬᠥᠰᠬᠡ ᠶᠢ  ᠴᠡᠪᠡᠷᠯᠠᠨ᠎ᠠ᠃ ᠢᠷᠪᠢᠰ ᠣᠷᠣᠨ ᠤ ᠤᠷᠲᠤ ᠬᠤᠭᠤᠴᠠᠭ᠎ᠠ  ᠪᠠᠷ ᠬᠦᠳᠡᠯᠬᠦ ᠦᠭᠡᠢ᠂ ᠬᠠᠮᠠᠭᠠᠯᠠᠬᠤ ᠪᠠ ᠬᠡᠷᠡᠭᠯᠡᠬᠦ ᠬᠥᠮᠥᠨ ᠦᠭᠡᠢ ᠵᠠᠮ ᠡᠵᠡᠯᠡᠨ ᠭᠠᠵᠠᠷ ᠡᠵᠡᠯᠡᠨ ᠵᠣᠬᠰᠣᠬᠰᠠᠨ ᠮᠠᠰᠢᠨ ᠲᠡᠷᠭᠡ᠂ ᠪᠠᠷᠢᠯᠭ᠎ᠠ ᠶᠢᠨ ᠮᠠᠰᠢᠨ ᠲᠡᠷᠭᠡ᠂ ᠲᠠᠷᠢᠶᠠᠯᠠᠩ ᠳᠤ ᠬᠡᠷᠡᠭᠯᠡᠬᠦ ᠮᠠᠰᠢᠨ ᠮᠧᠬᠠᠨᠢᠭ ᠵᠡᠷᠭᠡ ᠶᠢ ᠪᠦᠬᠦ ᠲᠠᠯ᠎ᠠ ᠪᠠᠷ ᠴᠡᠪᠡᠷᠯᠡᠵᠦ᠂ ᠰᠥᠷᠭᠡᠦ ᠴᠢᠭᠯᠡᠯ ᠢᠶᠠᠷ ᠲᠡᠷᠭᠡ ᠵᠣᠭᠰᠤᠭᠠᠬᠤ᠂ ᠰᠣᠬᠤᠷ ᠬᠥᠮᠥᠨ ᠤ ᠵᠠᠮ ᠢ ᠰᠢᠬᠠᠨ ᠡᠵᠡᠯᠡᠬᠦ ᠵᠡᠷᠭᠡ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠬᠤᠲᠠ ᠶᠢᠨ ᠵᠠᠮ ᠤᠨ ᠬᠤᠶᠠᠷ ᠬᠠᠵᠠᠭᠤ ᠶᠢᠨ ᠵᠠᠮ ᠤᠨ ᠵᠠᠬ᠎ᠠ ᠶᠢᠨ ᠴᠢᠯᠠᠭᠤ ᠠᠴᠠ ᠳᠡᠭᠡᠭᠰᠢ᠂ ᠣᠷᠣᠨ ᠰᠠᠭᠤᠴᠠ ᠶᠢᠨ  ᠪᠠᠭ᠎ᠠ ᠲᠣᠭᠤᠷᠢᠭ ᠤᠨ ᠣᠷᠣᠵᠤ ᠭᠠᠷᠬᠤ ᠡᠭᠦᠳᠡ᠂ ᠣᠯᠠᠨ ᠨᠡᠶᠢᠲᠡ ᠶᠢᠨ ᠲᠡᠷᠭᠡ ᠵᠣᠭᠰᠣᠬᠤ ᠲᠠᠯᠠᠪᠤᠷ ᠵᠡᠷᠭᠡ ᠣᠷᠣᠨ ᠪᠦᠰᠡ ᠶᠢ ᠭᠤᠣᠯᠳᠠᠯᠭ᠎ᠠ ᠲᠠᠢ ᠴᠡᠪᠡᠷᠯᠡᠵᠦ᠂ ᠬᠤᠲᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠲᠦᠷᠦᠭᠦᠯᠡᠨ ᠵᠡᠭᠡᠯᠢ ᠭᠤᠳᠤᠮᠵᠢ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠳᠣᠲᠣᠭᠠᠳᠤ ᠶᠢ ᠬᠠᠮᠠᠭᠠᠯᠠᠬᠤ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ᠂ ᠮᠡᠳᠡᠭᠳᠡᠵᠦ ᠰᠠᠨᠠᠭᠤᠯᠬᠤ᠂ ᠲᠥᠪᠯᠡᠷᠡᠭᠦᠯᠦᠨ ᠬᠠᠳᠠᠭᠠᠯᠠᠬᠤ  ᠴᠡᠭ ᠪᠠᠶᠢᠭᠤᠯᠣᠨ᠂ ᠪᠠᠷᠢᠯᠭ᠎ᠠ ᠶᠢᠨ ᠠᠵᠤ ᠠᠬᠤᠶᠢᠯᠠᠯ ᠤᠨ ᠬᠠᠮᠢᠶᠠᠷᠤᠨ ᠡᠵᠡᠮᠳᠡᠬᠦ ᠡᠷᠴᠢᠮ ᠢ ᠴᠢᠩᠭᠠᠷᠠᠭᠤᠯᠬᠤ᠂ ᠵᠠᠮ ᠬᠠᠷᠢᠯᠴᠠᠭᠠᠨ ᠤ ᠴᠠᠭᠳᠠᠭ᠎ᠠ ᠶᠢᠨ ᠴᠠᠭᠳᠠᠭ᠎ᠠ ᠭᠠᠷᠭᠠᠬᠤ ᠳᠠᠪᠲᠠᠮᠵᠢ ᠶᠢ ᠨᠡᠮᠡᠭᠳᠡᠭᠦᠯᠬᠦ᠂ ᠣᠯᠠᠨ ᠨᠡᠶᠢᠲᠡ ᠶᠢᠨ ᠲᠡᠷᠭᠡᠨ ᠵᠣᠭᠰᠣᠭᠠᠯ ᠤᠨ ᠭᠠᠵᠠᠷ ᠢ ᠵᠦᠢ ᠵᠣᠬᠢᠰᠲᠠᠢ ᠲᠥᠯᠥᠪᠵᠢᠭᠦᠯᠦᠨ ᠪᠦᠲᠦᠭᠡᠨ ᠪᠠᠶᠢᠭᠤᠯᠬᠤ᠂ ᠰᠡᠷᠡᠮᠵᠢᠯᠡᠭᠦᠯᠬᠦ ᠲᠡᠮᠳᠡᠭ ᠨᠡᠮᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠣᠭᠲᠠᠭᠠᠯ ᠠᠴᠠ ᠵᠥᠷᠢᠴᠡᠨ ᠲᠡᠷᠭᠡ ᠵᠣᠭᠰᠤᠭᠠᠵᠣ ᠪᠠᠶᠢᠭ᠎ᠠ ᠡᠷᠦᠢ ᠬᠤᠷᠤᠢ ᠦᠭᠡᠢ ᠦᠵᠡᠭᠳᠡᠯ ᠢ ᠲᠠᠰᠤ ᠠᠷᠢᠯᠭᠠᠨ᠂ ᠣᠯᠠᠨ ᠲᠦᠮᠡᠨ ᠤ ︽ᠲᠡᠷᠭᠡ ᠵᠣᠭᠰᠤᠭᠠᠬᠤ ᠳᠤ ᠬᠦᠴᠢᠷ︾ ︽ᠲᠡᠷᠭᠡ ᠵᠣᠭᠰᠤᠭᠠᠬᠤ ᠳᠤ ᠡᠷᠦᠢ ᠬᠤᠷᠤᠢ ᠦᠭᠡᠢ ᠪᠠᠶᠢᠬᠤ︾ ᠠᠰᠠᠭᠤᠳᠠᠯ ᠢ ᠦᠨᠡᠨ ᠬᠦ ᠰᠢᠢᠳᠪᠦᠷᠢᠯᠡᠬᠦ ᠬᠡᠷᠡᠭᠲᠡᠢ᠃       ᠲᠦᠷᠣᠬᠦᠯᠡᠨ ᠬᠢᠬᠦ ᠰᠠᠯᠠᠭ᠎ᠠ ᠮᠦᠴᠢᠷ᠄ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ       ᠬᠠᠮᠵᠢᠯᠴᠠᠬᠤ ᠰᠠᠯᠠᠭ᠎ᠠ ᠮᠥᠴᠢᠷ᠄ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂  ᠢᠷᠪᠢᠰ ᠵᠡᠭᠡᠯᠢ᠂  ᠰᠢᠨ ᠴᠧᠩ ᠵᠡᠭᠡᠯᠢ᠂ ᠯᠢᠨ ᠬᠠᠢ ᠵᠡᠭᠡᠯᠢ       4. ᠡᠮᠬᠢ ᠵᠠᠮᠪᠠᠷᠠᠭ᠎ᠠ ᠦᠭᠡᠢ ᠵᠠᠮ ᠱᠤᠭᠤᠮ ᠢ ᠴᠡᠪᠡᠷᠯᠡᠨ᠎ᠡ᠃ ᠢᠷᠪᠢᠰ ᠣᠷᠣᠨ ᠤ ᠠᠭᠠᠷ ᠲᠠᠬᠢ ᠲᠠᠲᠠᠯᠭ᠎ᠠ ᠤᠲᠠᠰᠤ ᠶᠢ ᠪᠥᠬᠦ ᠲᠠᠯ᠎ᠠ ᠪᠠᠷ ᠴᠡᠪᠡᠷᠯᠡᠵᠦ᠂ ᠳᠤᠷ᠎ᠠ ᠪᠠᠷ ᠢᠶᠠᠨ ᠵᠠᠯᠭᠠᠨ ᠳᠤᠷ᠎ᠠ ᠪᠠᠷ ᠢᠶᠠᠨ ᠲᠠᠭᠠᠷᠠᠭᠤᠯᠬᠤ᠂ ᠨᠢᠰᠦᠭᠡ ᠤᠲᠠᠰᠤ ᠪᠠᠷ ᠴᠠᠬᠢᠯᠭᠠᠨ ᠴᠡᠨᠡᠭᠯᠡᠬᠦ ᠵᠡᠷᠭᠡ ᠶᠢ ᠭᠤᠣᠯᠳᠠᠯᠭ᠎ᠠ ᠲᠠᠢ ᠴᠡᠪᠡᠷᠯᠡᠵᠦ᠂ ᠢᠷᠪᠢᠰ ᠣᠷᠣᠨ ᠤ ᠭᠤᠣᠯ ᠵᠡᠭᠡᠯᠢ ᠶᠢᠨ ᠬᠤᠶᠠᠷ ᠬᠠᠵᠠᠭᠤ᠂ ᠠᠷᠤ ᠭᠤᠳᠤᠮᠵᠢ ᠶᠢᠨ ᠵᠢᠵᠢᠭ ᠭᠤᠳᠤᠮᠵᠢ ᠵᠡᠷᠭᠡ ᠭᠠᠵᠠᠷ ᠣᠷᠣᠨ ᠢ ᠭᠤᠣᠯᠳᠠᠯᠭ᠎ᠠ ᠲᠠᠢ ᠴᠡᠪᠡᠷᠯᠡᠨ᠎ᠡ᠃ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠠᠴᠠ ᠲᠦᠷᠦᠭᠦᠯᠡᠨ ᠵᠡᠭᠡᠯᠢ ᠭᠤᠳᠤᠮᠵᠢ᠂ ᠡᠯ᠎ᠡ ᠴᠢᠮᠡᠭᠡ ᠬᠤᠯᠪᠣᠭ᠎ᠠ ᠶᠢᠨ ᠡᠵᠡᠩᠨᠡᠯᠲᠡ ᠶᠢᠨ ᠬᠤᠳᠠᠯᠳᠤᠭᠠᠴᠢᠨ᠂ ᠴᠠᠬᠢᠯᠭᠠᠨ ᠬᠠᠩᠭᠠᠬᠤ ᠺᠣᠮᠫᠠᠨᠢ ᠵᠡᠷᠭᠡ ᠲᠠᠢ ᠬᠠᠮᠲᠤᠷᠠᠨ᠂ ᠡᠮᠬᠢᠯᠡᠬᠦ᠂ ᠪᠣᠭᠤᠬᠤ᠂ ᠬᠤᠭᠤᠯᠠᠢ   ᠳᠤ ᠣᠷᠣᠭᠤᠯᠬᠤ᠂ ᠬᠡᠷᠡᠮ ᠳᠤ  ᠨᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠭᠠᠷ ᠲᠠᠬᠢ ᠳᠤᠷ᠎ᠠ ᠪᠠᠷ ᠢᠶᠠᠨ ᠲᠠᠲᠠᠵᠤ ᠳᠤᠷ᠎ᠠ ᠪᠠᠷ ᠢᠶᠠᠨ ᠵᠠᠯᠭᠠᠬᠤ᠂ ᠬᠠᠶᠠᠭᠳᠠᠮᠠᠯ ᠬᠠᠭᠤᠴᠢᠨ ᠣᠳᠡᠰᠣ ᠬᠡᠢ ᠳᠡᠭᠡᠷ᠎ᠡ ᠵᠠᠩᠭᠢᠳᠬᠤ ᠵᠡᠷᠭᠡ ᠡᠯ᠎ᠡ ᠲᠥᠷᠥᠯ ᠤᠨ ᠣᠳᠡᠰᠣ ᠶᠢ ᠥᠭᠡᠷᠡᠴᠢᠯᠡᠬᠦ᠂ ᠡᠮᠬᠢᠯᠡᠬᠦ᠂ ᠨᠤᠷᠠᠭᠠᠵᠤ᠂  ᠴᠠᠬᠢᠯᠭᠠᠨ ᠣᠳᠡᠰᠣᠨ ᠤ ᠪᠠᠶᠢᠷᠢᠰᠢᠭᠤᠯᠤᠯᠲᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠬᠡᠷᠡᠭᠲᠡᠢ᠃ ᠵᠡᠭᠡᠯᠢ ᠭᠤᠳᠤᠮᠵᠢ᠂ ᠬᠤᠲᠠ ᠶᠢᠨ ᠬᠠᠮᠢᠶᠠᠷᠤᠯᠲᠠ ᠪᠠᠷ ᠪᠦᠷᠢᠯᠳᠦᠭᠰᠡᠨ ᠣᠯᠠᠨ ᠲᠠᠯ᠎ᠠ ᠶᠢᠨ ᠲᠣᠭᠤᠷᠢᠨ ᠪᠠᠶᠢᠴᠠᠭᠠᠬᠤ ᠬᠦᠴᠦᠨ ᠢ ᠡᠮᠬᠢᠯᠡᠨ ᠨᠡᠶᠢᠯᠡᠭᠦᠯᠵᠦ ᠲᠡᠭᠦᠯᠳᠡᠷᠵᠢᠭᠦᠯᠦᠨ᠂ ᠲᠣᠭᠤᠷᠢᠨ ᠪᠠᠶᠢᠴᠠᠭᠠᠬᠤ ᠡᠷᠴᠢᠮ ᠪᠠ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠤᠳᠠᠭ᠎ᠠ ᠳᠠᠷᠠᠭ᠎ᠠ ᠶᠢ ᠴᠢᠩᠭᠠᠷᠠᠭᠤᠯᠵᠤ᠂ ᠬᠤᠲᠠ ᠶᠢᠨ ︽ᠠᠭᠠᠯᠵᠢᠨ ᠲᠣᠣᠷ︾ ᠤᠨ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠨ᠎ᠡ᠃       ᠲᠦᠷᠣᠬᠦᠯᠡᠨ ᠬᠢᠬᠦ ᠰᠠᠯᠠᠭ᠎ᠠ ᠮᠦᠴᠢᠷ᠄ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠣᠷᠣᠯᠠᠨ ᠪᠠᠶᠢᠭᠤᠯᠬᠤ ᠲᠥᠪ       ᠬᠠᠮᠵᠢᠯᠴᠠᠬᠤ ᠰᠠᠯᠠᠭ᠎ᠠ ᠮᠥᠴᠢᠷ᠄ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂  ᠢᠷᠪᠢᠰ ᠵᠡᠭᠡᠯᠢ᠂  ᠰᠢᠨ ᠴᠧᠩ ᠵᠡᠭᠡᠯᠢ  ᠂ ᠯᠢᠨ ᠬᠠᠢ ᠵᠡᠭᠡᠯᠢ᠂ ᠴᠠᠬᠢᠯᠭᠠᠨ ᠬᠦᠴᠦᠨ ᠤ ᠺᠣᠮᠫᠠᠨᠢ᠂ ᠡᠯ᠎ᠡ ᠴᠢᠮᠡᠭᠡ ᠬᠤᠯᠪᠣᠭᠠᠨ ᠤ ᠡᠵᠡᠩᠨᠡᠯᠲᠡ ᠶᠢᠨ ᠬᠤᠳᠠᠯᠳᠤᠭᠠᠴᠢᠨ       5. ᠡᠪᠳᠡᠷᠬᠡᠢ ᠬᠠᠭᠤᠴᠢᠨ ᠫᠠᠶᠢᠰᠠ ᠢᠯᠡᠷᠬᠡᠶᠢᠯᠡᠯ ᠢ ᠴᠡᠪᠡᠷᠯᠡᠨ᠎ᠡ᠃ ᠢᠷᠪᠢᠰ ᠣᠷᠣᠨ ᠤ ᠡᠪᠳᠡᠷᠡᠵᠦ ᠰᠦᠢᠳᠦᠭᠰᠡᠨ  ᠂ ᠵᠢᠪᠡᠷᠡᠵᠦ ᠢᠳᠡᠭᠳᠡᠭᠰᠡᠨ᠂ ᠬᠠᠶᠢᠪᠠᠯᠵᠠᠵᠤ ᠳᠠᠶᠢᠪᠠᠯᠵᠠᠭᠰᠠᠨ ᠵᠡᠷᠭᠡ ᠠᠮᠤᠷ ᠲᠦᠪᠰᠢᠨ ᠤ ᠳᠠᠯᠳᠠ ᠬᠡᠮ ᠣᠷᠣᠰᠢᠵᠤ ᠪᠠᠶᠢᠭ᠎ᠠ ᠭᠡᠷ ᠤᠨ ᠭᠠᠳᠠᠨᠠᠬᠢ ᠵᠠᠷ ᠮᠡᠳᠡᠭᠡ ᠪᠠ ᠫᠠᠶᠢᠰᠠ ᠢᠯᠡᠷᠬᠡᠶᠢᠯᠡᠯ ᠤᠨ ᠲᠦᠬᠦᠭᠡᠷᠣᠮᠵᠢ ᠶᠢ ᠪᠥᠬᠦ ᠲᠠᠯ᠎ᠠ ᠪᠠᠷ ᠴᠡᠪᠡᠷᠯᠡᠵᠦ᠂ ᠢᠷᠪᠢᠰ ᠣᠷᠣᠨ ᠤ ᠭᠤᠣᠯ ᠵᠡᠭᠡᠯᠢ ᠵᠠᠮ ᠤᠨ ᠬᠤᠶᠠᠷ ᠬᠠᠵᠠᠭᠤ᠂  ᠪᠠᠭ᠎ᠠ ᠲᠣᠭᠤᠷᠢᠭ ᠤᠨ ᠬᠡᠷᠡᠮ ᠵᠡᠷᠭᠡ ᠣᠷᠣᠨ ᠪᠦᠰᠡ ᠶᠢ ᠭᠤᠣᠯᠳᠠᠯᠭ᠎ᠠ ᠲᠠᠢ ᠴᠡᠪᠡᠷᠯᠡᠨ᠎ᠡ᠃ ᠬᠤᠲᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠲᠦᠷᠦᠭᠦᠯᠡᠨ ᠵᠡᠭᠡᠯᠢ ᠭᠤᠳᠤᠮᠵᠢ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠲᠠᠢ ᠬᠠᠮᠲᠤᠷᠠᠨ᠂ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ ᠪᠢᠴᠢᠭ ᠣᠯᠭᠤᠬᠤ᠂ ᠥᠪᠡᠰᠦᠪᠡᠨ ᠨᠤᠷᠠᠭᠠᠬᠤ ᠪᠠ ᠠᠯᠪᠠᠳᠠᠯᠭ᠎ᠠ ᠪᠠᠷ ᠨᠤᠷᠠᠭᠠᠬᠤ ᠵᠡᠷᠭᠡ ᠠᠷᠭ᠎ᠠ ᠮᠠᠶ᠋ᠢᠭ ᠢᠶᠠᠷ ᠲᠥᠪᠯᠡᠷᠡᠭᠦᠯᠦᠨ ᠢᠯᠭᠠᠷᠠᠭᠤᠯᠬᠤ ᠶᠢ ᠥᠷᠨᠢᠭᠦᠯᠵᠦ᠂ ᠲᠣᠭᠲᠠᠭᠠᠯ ᠳᠤ ᠥᠯᠥ ᠨᠡᠶᠢᠴᠡᠬᠦ ᠭᠡᠷ ᠤᠨ ᠭᠠᠳᠠᠨᠠᠬᠢ ᠵᠠᠷ ᠮᠡᠳᠡᠭᠡ ᠶᠢᠨ ᠲᠦᠬᠦᠭᠡᠷᠣᠮᠵᠢ ᠵᠢᠴᠢ ᠫᠠᠶᠢᠰᠠ ᠢᠯᠡᠷᠬᠡᠶᠢᠯᠡᠯ ᠢ ᠨᠤᠷᠠᠭᠠᠬᠤ ᠬᠡᠷᠡᠭᠲᠡᠢ᠃ ᠬᠤᠳᠠ ᠠᠴᠠ ᠬᠠᠮᠢᠶᠠᠷᠬᠤ᠂ ᠵᠡᠭᠡᠯᠢ ᠭᠤᠳᠤᠮᠵᠢ ᠵᠡᠷᠭᠡ ᠤᠯᠠᠨ ᠲᠠᠯ᠎ᠠ ᠶᠢᠨ ᠲᠣᠭᠤᠷᠢᠨ ᠪᠠᠶᠢᠴᠠᠭᠠᠬᠤ ᠬᠦᠴᠦᠨ ᠢ ᠡᠮᠬᠢᠯᠡᠨ ᠨᠡᠶᠢᠯᠡᠭᠦᠯᠵᠦ ᠲᠡᠭᠦᠯᠳᠡᠷᠵᠢᠭᠦᠯᠦᠨ᠂ ︽ᠪᠦᠬᠦᠯᠢ ᠡᠳᠦᠷ ᠢᠶᠠᠷ᠂ ᠪᠦᠬᠦᠨ ᠢ ᠬᠠᠮᠤᠷᠬᠤ︾ ᠬᠠᠤᠯᠢ ᠬᠡᠷᠡᠭᠵᠢᠭᠦᠯᠬᠦ ᠦᠢᠯᠡᠴᠢᠯᠡᠭᠡᠨ ᠤ ᠵᠠᠭᠪᠤᠷ ᠢ ᠡᠬᠢᠯᠡᠭᠦᠯᠵᠦ᠂ ᠲᠣᠭᠲᠠᠭᠠᠯ ᠠᠴᠠ ᠵᠥᠷᠢᠴᠡᠭᠰᠡᠨ ᠫᠠᠶᠢᠰᠠ ᠢᠯᠡᠷᠬᠡᠶᠢᠯᠡᠯ᠂ ᠵᠢᠵᠢᠭ ᠵᠠᠷ ᠮᠠᠳᠡᠭᠡ᠂ ᠡᠯᠭᠦᠭᠡ ᠪᠢᠴᠢᠭᠡᠰᠦ ᠶᠢ  ᠠᠷᠢᠯᠭᠠᠬᠤ ᠶᠢ ᠦᠷᠭᠦᠯᠵᠢᠯᠡᠨ ᠪᠠᠲᠤᠯᠠᠪᠠ᠃       ᠲᠦᠷᠣᠬᠦᠯᠡᠨ ᠬᠢᠬᠦ ᠰᠠᠯᠠᠭ᠎ᠠ ᠮᠦᠴᠢᠷ᠄ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ       ᠬᠠᠮᠵᠢᠯᠴᠠᠬᠤ ᠰᠠᠯᠠᠭ᠎ᠠ ᠮᠥᠴᠢᠷ᠄  ᠢᠷᠪᠢᠰ ᠵᠡᠭᠡᠯᠢ᠂  ᠰᠢᠨ ᠴᠧᠩ ᠵᠡᠭᠡᠯᠢ᠂ ᠯᠢᠨ ᠬᠠᠢ ᠵᠡᠭᠡᠯᠢ       6. ᠲᠣᠭᠲᠠᠭᠠᠯ ᠠᠴᠠ ᠵᠥᠷᠢᠴᠡᠨ ᠳᠠᠷᠢᠵᠤ ᠲᠡᠵᠢᠭᠡᠬᠦ ᠶᠢ ᠴᠡᠪᠡᠷᠯᠡᠨ᠎ᠡ᠃ ᠲᠣᠭᠲᠠᠭᠠᠯ ᠠᠴᠠ ᠵᠥᠷᠢᠴᠡᠨ ᠭᠠᠵᠠᠷ ᠬᠦᠷᠢᠶᠡᠯᠡᠨ ᠨᠣᠭᠤᠭ᠎ᠠ ᠳᠠᠷᠢᠬᠤ᠂ ᠳᠤᠷ᠎ᠠ ᠪᠠᠷ ᠢᠶᠠᠨ ᠭᠡᠷ ᠤᠨ ᠵᠢᠭᠦᠷᠲᠡᠨ ᠲᠡᠵᠢᠭᠡᠬᠦ᠂ ᠲᠠᠷᠠᠬᠠᠢ ᠮᠠᠯᠵᠢᠵᠤ ᠬᠤᠯᠠᠭᠠᠶᠢᠯᠠᠨ ᠮᠠᠯᠵᠢᠬᠤ᠂ ᠨᠠᠭᠤᠷ ᠴᠥᠭᠦᠷᠥᠮ ᠢ ᠬᠦᠷᠢᠶᠡᠯᠡᠨ ᠵᠢᠭᠠᠰᠤ ᠲᠡᠵᠢᠭᠡᠬᠦ ᠵᠡᠷᠭᠡ ᠠᠵᠢᠯᠯᠠᠭ᠎ᠠ ᠶᠢ ᠪᠥᠬᠦ ᠲᠠᠯ᠎ᠠ ᠪᠠᠷ ᠴᠡᠪᠡᠷᠯᠡᠵᠦ᠂ ᠨᠢᠰᠬᠡᠯ ᠤᠨ ᠪᠠᠭᠤᠳᠠᠯ ᠤᠨ ᠵᠠᠮ ᠵᠡᠷᠭᠡ ᠭᠤᠣᠯ ᠪᠣᠯᠬᠤ ᠵᠠᠰᠠᠮᠠᠯ ᠵᠠᠮ ᠳᠠᠭᠠᠤ᠂ ᠰᠤᠯᠠ ᠭᠠᠵᠠᠷ ᠵᠡᠷᠭᠡ ᠣᠷᠣᠨ ᠪᠦᠰᠡ ᠶᠢ ᠭᠤᠣᠯᠳᠠᠯᠭ᠎ᠠ ᠲᠠᠢ ᠴᠡᠪᠡᠷᠯᠡᠨ᠎ᠡ᠃ ᠲᠠᠷᠢᠶᠠᠯᠠᠩ ᠤᠨ ᠰᠠᠯᠠᠭ᠎ᠠ ᠮᠥᠴᠢᠷ ᠠᠴᠠ ᠲᠦᠷᠦᠭᠦᠯᠡᠨ ᠬᠤᠲᠠ ᠶᠢᠨ ᠬᠠᠮᠢᠶᠠᠷᠤᠯᠲᠠ᠂ ᠵᠡᠭᠡᠯᠢ ᠭᠤᠳᠤᠮᠵᠢ᠂ ᠡᠯ᠎ᠡ ᠰᠠᠭᠤᠭ᠎ᠠ ᠨᠢᠭᠡᠴᠢ ᠲᠠᠢ ᠬᠠᠮᠲᠤᠷᠠᠨ ᠲᠣᠭᠤᠷᠢᠭ ᠬᠡᠰᠡᠭ ᠬᠤᠪᠢᠶᠠᠨ ᠲᠣᠭᠤᠷᠢᠨ ᠪᠠᠶᠢᠴᠠᠭᠠᠵᠤ ᠢᠯᠭᠠᠷᠠᠭᠤᠯᠬᠤ ᠠᠵᠢᠯ ᠢ ᠥᠷᠨᠢᠭᠦᠯᠵᠦ᠂ ᠬᠠᠤᠯᠢ ᠲᠣᠭᠲᠠᠭᠠᠯ ᠶᠣᠰᠣᠭᠠᠷ᠂ ᠲᠣᠭᠲᠠᠭᠠᠯ ᠠᠴᠠ ᠵᠥᠷᠢᠴᠡᠨ ᠳᠠᠷᠢᠵᠤ ᠲᠡᠵᠢᠭᠡᠬᠦ᠂ ᠮᠠᠯ ᠤᠨᠤᠭ᠎ᠠ ᠶᠢ ᠬᠤᠲᠠ ᠳᠤ ᠣᠷᠣᠭᠤᠯᠬᠤ ᠵᠡᠷᠭᠡ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠢ᠃ ᠵᠠᠷ ᠨᠡᠶᠢᠲᠡᠯᠡᠨ᠂ ᠢᠯᠡᠴᠢᠯᠡᠨ ᠮᠡᠳᠡᠭᠦᠯᠬᠦ ᠲᠤᠰᠬᠠᠢ ᠱᠤᠭᠤᠮ ᠭᠠᠷᠭᠠᠵᠤ᠂ ᠵᠠᠯᠬᠠᠭᠠᠨ ᠰᠢᠳᠬᠡᠭᠰᠡᠨ ᠦᠷ᠎ᠡ ᠳ᠋ᠦᠩ ᠢ ᠨᠡᠶᠢᠲᠡᠯᠡᠨ᠂ ᠨᠡᠶᠢᠭᠡᠮ ᠤᠨ ᠬᠢᠨᠠᠯᠲᠠ ᠶᠢ ᠴᠢᠩᠭᠠᠳᠬᠠᠵᠤ᠂ ᠰᠦᠷᠳᠡᠭᠦᠯᠬᠦ ᠡᠷᠴᠢᠮ ᠢᠶᠠᠨ ᠴᠢᠩᠭᠠᠷᠠᠭᠤᠯᠤᠨ᠂ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢᠶᠠᠨ ᠪᠠᠬᠢᠵᠢᠭᠦᠯᠵᠦ᠂ ᠣᠷᠳᠣ ᠬᠤᠭᠤᠴᠠᠭᠠᠨ ᠤ ᠪᠦᠲᠦᠮᠵᠢᠲᠡᠶ ᠵᠠᠰᠠᠯᠲᠠ ᠶᠢᠨ ᠦᠷ᠎ᠡ ᠪᠦᠲᠦᠮᠵᠢ ᠳᠤ ᠦᠨᠡᠨ ᠬᠦ ᠬᠦᠷᠦᠭᠦᠯᠦᠨ᠎ᠡ᠃       ᠲᠦᠷᠣᠬᠦᠯᠡᠨ ᠬᠢᠬᠦ ᠰᠠᠯᠠᠭ᠎ᠠ ᠮᠦᠴᠢᠷ᠄ ᠬᠤᠲᠠ ᠶᠢᠨ ᠲᠠᠷᠢᠶᠠᠯᠠᠩ ᠤᠰᠤᠨ ᠠᠰᠢᠬᠯᠠᠯᠳᠡ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ       ᠬᠠᠮᠵᠢᠯᠴᠠᠬᠤ ᠰᠠᠯᠠᠭ᠎ᠠ ᠮᠥᠴᠢᠷ᠄ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ᠂  ᠢᠷᠪᠢᠰ ᠵᠡᠭᠡᠯᠢ᠂  ᠰᠢᠨ ᠴᠧᠩ ᠵᠡᠭᠡᠯᠢ  ᠂ ᠯᠢᠨ ᠬᠠᠢ ᠵᠡᠭᠡᠯᠢ᠂ ᠷᠠᠰᠢᠶᠠᠨ ᠤ  ᠰᠧᠨ ᠭᠥᠩ ᠺᠣᠮᠫᠠᠨᠢ       7. ᠭᠠᠵᠠᠷ ᠰᠢᠷᠣᠢ ᠶᠢᠨ ᠡᠳ᠋ ᠬᠥᠷᠥᠩᠭᠡ ᠶᠢ ᠢᠯᠭᠠᠷᠠᠭᠤᠯᠤᠨ᠎ᠠ᠃ ᠢᠷᠪᠢᠰ ᠣᠷᠣᠨ ᠤ ᠭᠠᠵᠠᠷ ᠰᠢᠷᠣᠢ ᠶᠢ ᠪᠦᠬᠦ ᠲᠠᠯ᠎ᠠ ᠪᠠᠷ ᠴᠡᠪᠡᠷᠯᠡᠨ ᠪᠠᠶᠢᠴᠠᠭᠠᠵᠤ᠂ ᠬᠡᠷᠡᠭᠯᠡᠭᠡᠳᠦᠢ᠂ ᠦᠷ᠎ᠡ ᠠᠰᠢᠭ ᠢᠶᠠᠷ ᠳᠣᠣᠷ᠎ᠠ ᠰᠤᠯᠠ ᠪᠠᠶᠢᠬᠤ ᠵᠡᠷᠭᠡ ᠭᠠᠵᠠᠷ ᠰᠢᠷᠣᠢ ᠶᠢ ᠲᠠᠲᠠᠪᠤᠷᠢᠯᠠᠬᠤ ᠪᠠᠷ ᠭᠤᠣᠯᠳᠠᠯᠭ᠎ᠠ ᠲᠠᠢ ᠡᠲᠡᠭᠡᠳ ᠪᠣᠯᠭᠠᠵᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠠᠴᠠ ᠲᠦᠷᠦᠭᠦᠯᠡᠨ ᠡᠯ᠎ᠡ ᠬᠠᠷᠢᠶ᠎ᠠ ᠲᠣᠭᠤᠷᠢᠭ ᠤᠨ ᠪᠠᠯᠭᠠᠰᠤ ᠵᠡᠭᠡᠯᠢ᠂ ᠰᠠᠭᠤᠭ᠎ᠠ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠢᠷᠪᠢᠰ ᠤᠨ ᠰᠤᠯᠠ ᠪᠠᠶᠢᠬᠤ ᠭᠠᠵᠠᠷ ᠰᠢᠷᠣᠢ ᠶᠢ ᠲᠥᠪᠯᠡᠷᠡᠭᠦᠯᠦᠨ ᠲᠡᠭᠰᠢᠯᠡᠨ ᠴᠡᠪᠡᠷᠯᠡᠵᠦ᠂ ᠰᠤᠯᠠ ᠪᠠᠶᠢᠭ᠎ᠠ ᠭᠡᠷ ᠪᠠᠶᠢᠰᠢᠩ᠂ ᠬᠤᠲᠠ ᠪᠠᠯᠭᠠᠰᠤ ᠶᠢᠨ ᠨᠤᠷᠠᠬᠤ ᠠᠶᠤᠯᠲᠠᠢ ᠭᠡᠷ ᠪᠠᠶᠢᠰᠢᠩ᠂ ᠰᠤᠯᠠ ᠪᠠᠶᠢᠭ᠎ᠠ ᠦᠢᠯᠡᠳᠪᠦᠷᠢ ᠶᠢᠨ ᠭᠡᠷ ᠪᠠᠶᠢᠰᠢᠩ ᠵᠡᠷᠭᠡ ᠶᠢ ᠴᠡᠪᠡᠷᠯᠡᠵᠦ᠂ ᠭᠠᠵᠠᠷ ᠰᠢᠷᠣᠢ ᠶᠢ ᠬᠤᠷᠢᠶᠠᠨ ᠠᠪᠬᠤ ᠳᠤ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠠᠴᠠ ᠬᠤᠷᠢᠶᠠᠨ ᠬᠠᠳᠠᠭᠠᠯᠠᠬᠤ ᠡᠬᠡ ᠲᠠᠩᠰᠠ ᠶᠢ ᠪᠠᠶᠢᠭᠤᠯᠤᠨ ᠲᠡᠭᠦᠯᠳᠡᠷᠵᠢᠭᠦᠯᠬᠦ ᠶᠢᠨ ᠬᠠᠮᠲᠤ ᠰᠤᠯᠠ ᠪᠠᠶᠢᠭ᠎ᠠ ᠭᠠᠵᠠᠷ ᠰᠢᠷᠣᠢ ᠶᠢ ᠳᠡᠩᠰᠡᠯᠡᠨ ᠲᠣᠳᠣᠷᠬᠠᠶᠢᠯᠠᠵᠤ ᠬᠠᠳᠠᠬᠤ ᠠᠵᠢᠯ ᠢ ᠰᠠᠶᠢᠲᠤᠷ ᠬᠢᠨ᠎ᠡ᠃ ᠲᠠᠷᠢᠶᠠᠯᠠᠬᠤ ᠶᠢ ᠰᠡᠷᠭᠦᠭᠡᠵᠦ ᠨᠣᠭᠤᠭᠠᠷᠠᠭᠤᠯᠬᠤ ᠶᠢ ᠰᠡᠷᠭᠦᠭᠡᠬᠦ᠂ ᠨᠡᠮᠡᠭᠳᠡᠯ ᠬᠤᠷᠣᠬᠳᠡᠯ ᠲᠠᠢ ᠨᠢ ᠬᠤᠯᠪᠣᠭᠳᠠᠭᠤᠯᠬᠤ᠂ ᠫᠠᠶᠢᠰᠠ ᠡᠯᠭᠦᠨ ᠰᠢᠯᠵᠢᠭᠦᠯᠦᠨ ᠬᠤᠳᠠᠯᠳᠤᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠭᠠᠵᠠᠷ ᠰᠢᠷᠣᠢ ᠶᠢᠨ ᠠᠰᠢᠭᠯᠠᠯᠲᠠ ᠶᠢᠨ ᠦᠷ᠎ᠡ ᠪᠦᠲᠦᠮᠵᠢ ᠶᠢ ᠦᠨᠡᠨ ᠬᠦ ᠳᠡᠭᠡᠭᠰᠢᠯᠡᠭᠦᠯᠦᠨ᠎ᠡ᠃       ᠲᠦᠷᠦᠭᠦᠯᠡᠨ ᠬᠢᠬᠦ ᠰᠠᠯᠠᠭ᠎ᠠ ᠮᠥᠴᠢᠷ᠄ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ       ᠬᠠᠮᠵᠢᠯᠴᠠᠬᠤ ᠰᠠᠯᠠᠭ᠎ᠠ ᠮᠥᠴᠢᠷ᠄ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂  ᠢᠷᠪᠢᠰ ᠵᠡᠭᠡᠯᠢ᠂ ᠰᠢᠨ ᠴᠧᠩ ᠵᠡᠭᠡᠯᠢ᠂ ᠯᠢᠨ ᠬᠠᠢ ᠵᠡᠭᠡᠯᠢ       ︵ᠬᠤᠶᠠᠷ︶ ︽ᠭᠤᠷᠪᠠ ᠶᠢ ᠥᠭᠡᠷᠡᠴᠢᠯᠡᠬᠦ︾ ᠶᠢᠨ ᠶᠠᠰᠤ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ ᠢ ᠥᠷᠨᠢᠭᠦᠯᠦᠨ᠎ᠡ       8. ᠲᠡᠭᠰᠢ ᠣᠷᠣᠶᠢᠳᠣ ᠭᠡᠷ ᠪᠠᠶᠢᠰᠢᠩ ᠢ ᠰᠢᠨᠡᠳᠬᠡᠨ ᠵᠠᠰᠠᠬᠤ ᠠᠵᠢᠯ ᠢ ᠲᠦᠷᠭᠡᠳᠬᠡᠨ᠎ᠡ᠃ ᠢᠷᠪᠢᠰ ᠣᠷᠣᠨ ᠤ ᠲᠡᠭᠰᠢ ᠣᠷᠣᠶᠢᠳᠣ ᠪᠠᠶᠢᠰᠢᠩ ᠢ ᠪᠦᠬᠦ ᠲᠠᠯ᠎ᠠ  ᠪᠠᠷ ᠰᠢᠨᠡᠳᠬᠡᠨ ᠥᠭᠡᠷᠡᠴᠢᠯᠡᠵᠦ᠂ ᠭᠤᠣᠯ ᠵᠡᠭᠡᠯᠢ ᠶᠢᠨ ᠬᠤᠶᠠᠷ ᠬᠠᠵᠠᠭᠤ ᠶᠢᠨ᠂ ᠲᠠᠷᠠᠬᠠᠢ ᠪᠤᠲᠠᠷᠬᠠᠢ ᠪᠠᠶᠢᠰᠢᠩ ᠢᠶᠠᠷ ᠭᠤᠣᠯᠳᠠᠯᠭᠠᠳᠣ ᠡᠲᠡᠭᠡᠳ ᠢᠶᠠᠨ ᠪᠣᠯᠭᠠᠵᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠠᠴᠠ ᠡᠯ᠎ᠡ ᠵᠡᠭᠡᠯᠢ ᠭᠤᠳᠤᠮᠵᠢ ᠲᠠᠢ ᠬᠠᠮᠲᠤᠷᠠᠨ ᠪᠠᠶᠢᠰᠢᠩ ᠤᠨ ᠰᠠᠭᠤᠷᠢ ᠲᠤᠭ᠎ᠠ ᠶᠢ ᠪᠠᠶᠢᠴᠠᠭᠠᠨ ᠵᠢᠭᠰᠠᠭᠠᠬᠤ ᠠᠵᠢᠯ ᠢ ᠰᠠᠶᠢᠲᠤᠷ ᠬᠢᠵᠦ ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠲᠣᠳᠣᠷᠬᠠᠶᠢᠯᠠᠵᠤ᠂ ᠬᠠᠷᠠᠯᠲᠠ ᠡᠭᠦᠷᠭᠡ ᠪᠠᠨ ᠨᠠᠷᠢᠯᠢᠭᠵᠢᠭᠤᠯᠵᠤ᠂ ᠠᠬᠢᠭᠤᠯᠬᠤ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠪᠠᠷᠢᠯᠭ᠎ᠠ ᠶᠢᠨ ᠠᠵᠢᠯ ᠤᠨ ᠳᠡᠰ ᠳᠠᠷᠠᠭ᠎ᠠ ᠶᠢ ᠵᠦᠢ ᠵᠣᠬᠢᠰᠲᠠᠢ ᠲᠣᠬᠢᠷᠠᠭᠤᠯᠵᠤ᠂ ᠪᠠᠷᠢᠯᠭ᠎ᠠ ᠶᠢᠨ ᠬᠤᠭᠤᠴᠠᠭ᠎ᠠ ᠶᠢ ᠲᠣᠩᠭᠤᠷᠠᠭᠤᠯᠤᠨ ᠵᠢᠭᠰᠠᠭᠠᠵᠤ᠂ ᠵᠢᠷᠤᠭ ᠡᠯᠭᠦᠵᠦ ᠪᠠᠶᠢᠯᠳᠤᠭᠠᠨ ᠳᠤ ᠣᠷᠣᠯᠴᠠᠵᠤ᠂ ᠬᠤᠳᠠ ᠶᠢᠨ ᠪᠦᠬᠦᠯᠢ ᠴᠣᠭᠴᠠ ᠶᠢᠨ ᠲᠥᠯᠦᠪᠵᠢᠭᠦᠯᠭᠡ ᠶᠢ ᠲᠦᠷᠦᠯ ᠬᠤᠪᠢᠶᠠᠨ ᠭᠠᠵᠠᠷ ᠬᠤᠪᠢᠶᠠᠨ ᠲᠠᠲᠠᠪᠤᠷᠢᠯᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠨᠤᠷᠠᠭᠠᠬᠤ ᠳᠤ ᠲᠣᠬᠢᠷᠠᠮᠵᠢᠲᠠᠢ ᠪᠣᠯ ᠨᠤᠷᠠᠭᠠᠬᠤ᠂ ᠥᠭᠡᠷᠡᠴᠢᠯᠡᠬᠦ ᠳᠤ ᠲᠣᠬᠢᠷᠠᠮᠵᠢᠲᠠᠢ ᠪᠣᠯ ᠥᠭᠡᠷᠡᠴᠢᠯᠡᠬᠦ᠂ ᠤᠷᠢᠳᠠᠪᠠᠷ ᠰᠣᠯᠢᠬᠤ ᠵᠠᠷᠴᠢᠮ ᠢ ᠠᠪᠴᠤ᠂ ᠢᠷᠪᠢᠰ ᠣᠷᠣᠨ ᠤ ᠪᠠᠶᠢᠰᠢᠩ ᠭᠡᠷ ᠢ ᠨᠤᠷᠠᠭᠠᠬᠤ ᠠᠰᠠᠭᠤᠳᠠᠯ ᠢ ᠠᠯᠬᠤᠮ ᠠᠯᠬᠤᠮ ᠢᠶᠠᠷ ᠰᠢᠢᠳᠪᠦᠷᠢᠯᠡᠵᠦ᠂ ᠣᠷᠣᠨ ᠰᠠᠭᠤᠴᠠ ᠪᠠ ᠪᠠᠷᠢᠯᠭ᠎ᠠ ᠪᠠᠷᠢᠬᠤ᠂ ᠣᠷᠣᠯᠠᠨ ᠪᠠᠷᠢᠬᠤ ᠵᠡᠷᠭᠡ ᠰᠠᠯᠠᠭ᠎ᠠ ᠮᠥᠴᠢᠷ ᠤᠨ ᠬᠦᠴᠦᠨ ᠢ ᠡᠮᠬᠢᠯᠡᠨ ᠨᠡᠶᠢᠯᠡᠭᠦᠯᠵᠦ᠂ ᠬᠠᠭᠤᠴᠢᠨ ᠬᠤᠳᠠ ᠶᠢ ᠥᠭᠡᠷᠡᠴᠢᠯᠡᠬᠦ ᠪᠠᠷ ᠳᠠᠮᠵᠢᠭᠤᠯᠤᠨ᠂ ᠢᠵᠢ ᠪᠦᠷᠢᠳᠦᠭᠦᠯᠬᠦ ᠲᠦᠬᠦᠬᠡᠷᠣᠮᠵᠢ ᠪᠦᠷᠢᠨ ᠪᠤᠰᠤ ᠪᠠᠶᠢᠬᠤ ᠠᠰᠠᠭᠤᠳᠠᠯ ᠢ ᠰᠢᠢᠳᠪᠦᠷᠢᠯᠡᠨ᠎ᠡ᠃        ᠲᠦᠷᠣᠬᠦᠯᠡᠨ ᠬᠢᠬᠦ ᠰᠠᠯᠠᠭ᠎ᠠ ᠮᠦᠴᠢᠷ᠄ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠣᠯᠳᠡ ᠶᠢᠨ ᠲᠣᠪᠴᠢᠶ᠎ᠠ       ᠬᠠᠮᠵᠢᠯᠴᠠᠬᠤ ᠰᠠᠯᠠᠭ᠎ᠠ ᠮᠥᠴᠢᠷ᠄  ᠢᠷᠪᠢᠰ ᠵᠡᠭᠡᠯᠢ᠂ ᠰᠢᠨ ᠴᠧᠩ ᠵᠡᠭᠡᠯᠢ᠂ ᠯᠢᠨ ᠬᠠᠢ ᠵᠡᠭᠡᠯᠢ       9. ᠬᠠᠭᠤᠴᠢᠨ ᠬᠦᠷᠢᠶᠡᠨ ᠤ ᠥᠭᠡᠷᠡᠴᠢᠯᠡᠯᠲᠡ ᠶᠢᠨ ᠠᠵᠢᠯ ᠢ ᠲᠦᠷᠭᠡᠳᠬᠡᠨ᠎ᠡ᠃ ᠢᠷᠪᠢᠰ ᠣᠷᠣᠨ ᠤ ᠬᠠᠭᠤᠴᠢᠨ ᠬᠦᠷᠢᠶ᠎ᠡ ᠶᠢ ᠪᠦᠬᠦ ᠲᠠᠯ᠎ᠠ  ᠪᠠᠷ ᠰᠢᠨᠡᠳᠬᠡᠨ ᠥᠭᠡᠷᠡᠴᠢᠯᠡᠵᠦ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠪᠠᠶᠢᠰᠢᠩ ᠭᠡᠷ ᠲᠠᠢ ᠰᠠᠭᠤᠭᠠᠯᠢ ᠠᠷᠠᠳ ᠤᠨ ᠰᠤᠯᠠ ᠪᠠᠶᠢᠬᠤ ᠬᠦᠷᠢᠶ᠎ᠡ᠂ ᠢᠳᠡᠰᠢᠨ ᠨᠣᠭᠤᠭ᠎ᠠ ᠶᠢᠨ ᠭᠠᠵᠠᠷ ᠢᠶᠠᠷ ᠭᠤᠣᠯᠳᠠᠯᠭᠠᠳᠣ ᠡᠲᠡᠭᠡᠳ ᠪᠣᠯᠭᠠᠨ᠂ ᠵᠡᠭᠡᠯᠢ ᠭᠤᠳᠤᠮᠵᠢ ᠪᠠᠷ ᠲᠦᠷᠦᠭᠦᠯᠡᠭᠦᠯᠦᠨ ᠣᠷᠣᠨ ᠰᠠᠭᠤᠴᠠ ᠪᠠ ᠬᠤᠳᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠬᠠᠮᠲᠤᠷᠠᠨ ᠪᠦᠬᠦ ᠲᠠᠯ᠎ᠠ ᠶᠢᠨ ᠬᠦᠰᠡᠯ ᠡᠷᠡᠮᠡᠯᠵᠡᠯ ᠤᠨ ᠪᠠᠶᠢᠴᠠᠭᠠᠯᠲᠠ ᠶᠢ ᠥᠷᠨᠢᠭᠦᠯᠵᠦ᠂ ᠬᠠᠭᠤᠴᠢᠷᠠᠭᠰᠠᠨ ᠬᠦᠷᠢᠶ᠎ᠡ ᠪᠠᠨ ᠥᠭᠡᠷᠡᠴᠢᠯᠡᠬᠦ ᠨᠠᠷᠢᠨ ᠬᠠᠭᠤᠳᠠᠰᠤ ᠶᠢ ᠵᠣᠬᠢᠶᠠᠵᠣ ᠂ ᠵᠦᠢ ᠵᠣᠬᠢᠰᠲᠠᠢ ᠲᠥᠯᠥᠪᠵᠢᠭᠦᠯᠵᠤ᠂ ᠣᠨᠴᠠᠯᠢᠭ ᠢ ᠲᠤᠪᠤᠶᠢᠯᠭᠠᠵᠤ᠂ ᠱᠠᠩᠨᠠᠵᠤ ᠲᠤᠰᠠᠯᠠᠬᠤ ᠳᠦᠷᠢᠮ ᠪᠠᠶᠢᠭᠤᠯᠬᠤ  ᠪᠠᠷ ᠳᠠᠮᠵᠢᠭᠤᠯᠤᠨ᠂ ᠤᠬᠠᠭᠤᠯᠭ᠎ᠠ ᠶᠢ ᠥᠷᠭᠡᠨ ᠢᠶᠠᠷ ᠥᠷᠨᠢᠭᠦᠯᠵᠦ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠪᠠ ᠰᠠᠭᠤᠭᠠᠯᠢ ᠠᠷᠠᠳ ᠤᠨ ᠰᠤᠯᠠ ᠪᠠᠶᠢᠬᠤ ᠬᠦᠷᠢᠶ᠎ᠡ ᠪᠠᠨ ᠥᠪᠡᠷᠲᠡᠭᠡᠨ ᠥᠭᠡᠷᠡᠴᠢᠯᠡᠬᠦ ᠶᠢ ᠵᠣᠷᠢᠭᠵᠢᠭᠤᠯᠤᠨ᠎ᠠ᠃ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ︽ᠬᠥᠮᠥᠨ ᠣᠷᠣᠵᠤ ᠪᠣᠯᠬᠤ᠂ ᠠᠵᠢᠯᠯᠠᠬᠤ ᠣᠷᠣᠨ ᠵᠠᠢ ᠲᠠᠢ᠂ ᠦᠢᠯᠡᠴᠢᠯᠡᠭᠡᠨ ᠤ ᠴᠢᠳᠠᠮᠵᠢ ᠲᠠᠢ︾ ᠪᠠᠶᠢᠬᠤ ᠵᠠᠷᠴᠢᠮ ᠶᠣᠰᠣᠭᠠᠷ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠨᠡᠭᠡᠭᠡᠯᠲᠡᠲᠤ ᠮᠠᠶ᠋ᠢᠭ ᠤᠨ ᠬᠦᠷᠢᠶ᠎ᠡ ᠬᠠᠰᠢᠶ᠎ᠠ ᠶᠢ ᠪᠠᠶᠢᠭᠤᠯᠵᠤ᠂ ᠡᠷᠬᠢᠨ ᠲᠣᠭᠤᠷᠢᠨ ᠤ ᠤᠯᠠᠨ ᠲᠦᠮᠡᠨ ᠤ ᠠᠵᠢᠯᠯᠠᠭᠠᠨ ᠤ ᠲᠠᠯᠠᠪᠤᠷ ᠢ ᠨᠡᠮᠡᠭᠳᠡᠭᠦᠯᠵᠦ᠂ ᠰᠠᠭᠤᠭᠠᠯᠢ ᠠᠷᠠᠳ ᠤᠨ ᠠᠮᠢᠳᠤᠷᠠᠯ ᠤᠨ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠢ ᠳᠡᠭᠡᠭᠰᠢᠯᠡᠭᠦᠯᠬᠦ ᠶᠢ ᠰᠠᠨᠠᠭᠠᠴᠢᠯᠠᠨ᠎ᠠ᠃       ᠲᠦᠷᠣᠬᠦᠯᠡᠨ ᠬᠢᠬᠦ ᠰᠠᠯᠠᠭ᠎ᠠ ᠮᠦᠴᠢᠷ᠄  ᠢᠷᠪᠢᠰ ᠵᠡᠭᠡᠯᠢ᠂ ᠰᠢᠨ ᠴᠧᠩ ᠵᠡᠭᠡᠯᠢ᠂ ᠯᠢᠨ ᠬᠠᠢ ᠵᠡᠭᠡᠯᠢ       ᠬᠠᠮᠵᠢᠯᠴᠠᠬᠤ ᠰᠠᠯᠠᠭ᠎ᠠ ᠮᠥᠴᠢᠷ᠄ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ       10.ᠰᠠᠭᠤᠷᠢ ᠲᠦᠬᠦᠭᠡᠷᠣᠮᠵᠢ ᠶᠢᠨ ᠶᠠᠰᠤ ᠴᠢᠨᠠᠷ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠶᠢ ᠲᠦᠷᠭᠡᠳᠬᠡᠨ᠎ᠡ ᠃ ᠢᠷᠪᠢᠰ ᠣᠷᠣᠨ ᠤ ᠬᠠᠭᠤᠴᠢᠨ ᠰᠠᠭᠤᠷᠢ ᠲᠥᠬᠦᠭᠡᠷᠦᠮᠵᠢ ᠶᠢ ᠪᠦᠬᠦ ᠲᠠᠯ᠎ᠠ  ᠪᠠᠷ ᠰᠢᠨᠡᠳᠬᠡᠨ ᠥᠭᠡᠷᠡᠴᠢᠯᠡᠵᠦ᠂ ᠬᠤᠲᠠ ᠶᠢᠨ ᠲᠥᠪᠯᠡᠷᠡᠭᠦᠯᠦᠨ ᠤᠰᠤ ᠬᠠᠩᠭᠠᠬᠤ᠂ ᠢᠯᠴᠢ ᠬᠠᠩᠭᠠᠬᠤ᠂ ᠤᠰᠤ ᠵᠠᠯᠠᠬᠤ  ᠶᠢ ᠲᠡᠭᠦᠯᠳᠡᠷᠵᠢᠭᠦᠯᠵᠦ᠂ ᠪᠠᠭ᠎ᠠ ᠲᠣᠭᠤᠷᠢᠭ ᠤᠨ ᠵᠠᠮ ᠳᠡᠭᠡᠷ᠎ᠡ᠂ ᠰᠢᠨ᠎ᠡ ᠬᠡᠯᠪᠡᠷᠢ ᠶᠢᠨ ᠰᠠᠭᠤᠷᠢ ᠲᠥᠬᠦᠭᠡᠷᠦᠮᠵᠢ ᠪᠠ ᠠᠳᠠᠯ ᠠᠬᠤᠢ ᠶᠢᠨ ᠦᠢᠯᠡᠴᠢᠯᠡᠭᠡᠨ ᠤ ᠬᠠᠮᠢᠶᠠᠷᠤᠯᠲᠠ ᠪᠠᠷ ᠭᠤᠣᠯᠳᠠᠯᠭ᠎ᠠ ᠲᠠᠢ ᠡᠭᠦᠷᠭᠡ ᠪᠣᠯᠭᠠᠵᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ᠂ ᠣᠷᠣᠯᠠᠨ ᠪᠠᠶᠢᠭᠤᠯᠬᠤ ᠲᠥᠪ ᠠᠴᠠ ᠲᠦᠷᠦᠭᠦᠯᠡᠨ ᠬᠤᠲᠠ ᠶᠢᠨ ᠬᠠᠮᠢᠶᠠᠷᠤᠯᠲᠠ᠂ ᠵᠠᠮ ᠬᠠᠷᠢᠯᠴᠠᠭ᠎ᠠ ᠪᠠ ᠵᠡᠭᠡᠯᠢ ᠭᠤᠳᠤᠮᠵᠢ ᠲᠠᠢ ᠬᠠᠮᠲᠤᠷᠠᠨ᠂ ᠤᠯᠤᠰ ᠤᠨ ᠬᠢᠯᠢ ᠬᠢᠵᠠᠭᠠᠷ ᠣᠷᠣᠨ ᠢ ᠬᠥᠭᠵᠢᠭᠦᠯᠵᠦ ᠠᠷᠠᠳ ᠢ ᠪᠠᠶᠠᠵᠢᠭᠤᠯᠬᠤ ᠠᠵᠢᠯᠯᠠᠭ᠎ᠠ ᠶᠢᠨ ᠲᠥᠪ ᠤᠨ ᠬᠤᠲᠠ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠪᠠ ᠤᠯᠤᠰ ᠠᠴᠠ ᠰᠢᠨ᠎ᠡ ᠬᠡᠯᠪᠡᠷᠢ ᠶᠢᠨ ᠰᠠᠭᠤᠷᠢ ᠲᠦᠬᠦᠭᠡᠷᠣᠮᠵᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠪᠠᠷ ᠠᠵᠠ ᠲᠣᠬᠢᠶᠠᠯ ᠪᠣᠯᠭᠠᠵᠤ᠂ ᠬᠤᠲᠠ ᠶᠢᠨ ᠤᠰᠤ ᠬᠠᠩᠭᠠᠬᠤ᠂ ᠤᠰᠤ ᠵᠠᠯᠠᠬᠤ᠂ ᠳᠤᠯᠠᠭᠠᠯᠠᠭ᠎ᠠ ᠶᠢᠨ ᠬᠤᠭᠤᠯᠠᠢ ᠶᠢᠨ ᠲᠣᠣᠷ᠂  ᠪᠠᠭ᠎ᠠ ᠲᠣᠭᠤᠷᠢᠭ ᠤᠨ ᠵᠠᠮ ᠤᠨ ᠭᠠᠳᠠᠷᠭᠤ ᠶᠢ ᠰᠢᠨᠡᠳᠬᠡᠨ ᠥᠭᠡᠷᠡᠴᠢᠯᠡᠬᠦ ᠶᠢ ᠡᠮᠬᠢ ᠵᠢᠷᠤᠮ ᠲᠠᠢ ᠠᠬᠢᠭᠤᠯᠵᠤ᠂ ᠴᠠᠬᠢᠯᠭᠠᠨ ᠴᠡᠨᠡᠭᠯᠡᠬᠦ ᠪᠠᠭᠠᠨ᠎ᠠ᠂ ︽ᠣᠶᠤᠨᠴᠢ ᠨᠢᠳᠦ ︾ ᠵᠡᠷᠭᠡ ᠰᠢᠨ᠎ᠡ ᠬᠡᠯᠪᠡᠷᠢ ᠶᠢᠨ ᠰᠠᠭᠤᠷᠢ ᠲᠦᠬᠦᠭᠡᠷᠣᠮᠵᠢ ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠬᠤᠲᠠ ᠶᠢᠨ ᠶᠠᠪᠤᠳᠠᠯ ᠤᠨ ᠲᠦᠬᠦᠭᠡᠷᠣᠮᠵᠢ ᠶᠢ ᠴᠠᠭ ᠲᠤᠬᠠᠢ ᠳᠤᠨᠢ ᠰᠡᠯᠪᠢᠨ ᠵᠠᠰᠠᠵᠤ ᠰᠣᠯᠢᠬᠤ᠂ ᠡᠪᠳᠡᠷᠡᠵᠦ ᠬᠠᠭᠤᠴᠢᠷᠠᠭᠰᠠᠨ ᠪᠠ ᠡᠪᠳᠡᠷᠡᠵᠦ ᠰᠦᠢᠳᠦᠭᠰᠡᠨ᠂ ᠪᠠᠶᠢᠷᠢᠯᠠᠭᠤᠯᠤᠯᠲᠠ ᠨᠢ ᠵᠢᠷᠤᠮᠵᠢᠯ ᠦᠭᠡᠢ ᠪᠠᠶᠢᠬᠤ ᠠᠰᠠᠭᠤᠳᠠᠯ ᠢ ᠪᠥᠬᠦ ᠲᠠᠯ᠎ᠠ ᠪᠠᠷ ᠰᠢᠢᠳᠪᠦᠷᠢᠯᠡᠨ᠎ᠡ᠃ ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠰᠢᠷᠢᠰ ᠳᠦᠷᠢᠮ ᠢ ᠪᠠᠶᠢᠭᠤᠯᠤᠨ ᠪᠦᠷᠢᠨᠰᠢᠭᠦᠯᠬᠦ ᠪᠠᠷ ᠳᠠᠮᠵᠢᠭᠤᠯᠤᠨ᠂ ᠠᠳᠠᠯ ᠠᠬᠤᠢ ᠶᠢᠨ ᠦᠢᠯᠡᠴᠢᠯᠡᠭᠡᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠤᠲᠠ ᠶᠢᠨ ᠵᠢᠷᠦᠮᠵᠢᠯᠲᠡ᠂ ᠪᠠᠷᠢᠮᠵᠢᠶᠠᠵᠢᠯᠲᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃       ᠲᠦᠷᠦᠭᠦᠯᠡᠨ ᠬᠢᠬᠦ ᠰᠠᠯᠠᠭ᠎ᠠ ᠮᠥᠴᠢᠷ᠄ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠣᠷᠣᠯᠠᠨ ᠪᠠᠶᠢᠭᠤᠯᠬᠤ ᠲᠥᠪ       ᠬᠠᠮᠵᠢᠯᠴᠠᠬᠤ ᠰᠠᠯᠠᠭ᠎ᠠ ᠮᠥᠴᠢᠷ᠄ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ᠂ ᠢᠷᠪᠢᠰ ᠵᠡᠭᠡᠯᠢ᠂ ᠯᠢᠨ ᠬᠠᠢ ᠵᠡᠭᠡᠯᠢ᠂  ᠰᠢᠨ ᠴᠧᠩ ᠵᠡᠭᠡᠯᠢ       ︵ᠭᠤᠷᠪᠠ︶ ︽ᠭᠤᠷᠪᠠᠵᠢᠭᠤᠯᠬᠤ︾ ᠦᠵᠡᠮᠵᠢ ᠶᠢᠨ ᠢᠨᠵᠧᠨᠧᠷᠢᠩ ᠢ ᠥᠷᠨᠢᠭᠦᠯᠦᠨ᠎ᠡ       11. ᠬᠤᠲᠠ ᠲᠣᠭᠤᠷᠢᠭ ᠤᠨ ᠨᠣᠭᠤᠭᠠᠷᠠᠭᠤᠯᠤᠯᠲᠠ ᠶᠢ ᠰᠠᠶᠢᠲᠤᠷ ᠬᠢᠨ᠎ᠡ᠃ ᠢᠷᠪᠢᠰ ᠣᠷᠣᠨ ᠤ ᠣᠶ ᠮᠣᠳᠣ ᠵᠦᠯᠭᠡ ᠶᠢ ᠪᠦᠬᠦ ᠲᠠᠯ᠎ᠠ ᠪᠠᠷ ᠵᠠᠰᠠᠵᠤ᠂ ᠲᠣᠭᠲᠠᠭᠠᠯ ᠠᠴᠠ ᠵᠥᠷᠢᠴᠡᠨ ᠨᠣᠭᠤᠭ᠎ᠠ ᠳᠠᠷᠢᠵᠤ᠂ ᠨᠣᠭᠤᠭᠠᠷᠠᠭᠤᠯᠤᠯᠲᠠ   ᠨᠢ ᠬᠢᠷᠢ ᠲᠠᠩᠴᠠᠬᠦ ᠦᠭᠡᠢ᠂ ᠰᠢᠷ᠎ᠠ ᠬᠥᠷᠥᠰᠥ ᠶᠢ ᠢᠯᠡ ᠭᠠᠷᠭᠠᠬᠤ ᠵᠡᠷᠭᠡ ᠶᠢ ᠪᠦᠬᠦ ᠲᠠᠯ᠎ᠠ ᠪᠠᠷ ᠵᠠᠰᠠᠵᠤ᠂ ᠨᠢᠰᠬᠡᠯ ᠤᠨ ᠪᠠᠭᠤᠳᠠᠯ ᠤᠨ ᠵᠠᠮ ᠳᠠᠭᠠᠤ ᠂ ᠢᠷᠪᠢᠰ ᠭᠤᠣᠯ ᠵᠡᠭᠡᠯᠢ ᠶᠢᠨ ᠬᠤᠶᠠᠷ ᠬᠠᠵᠠᠭᠤ᠂ ᠰᠤᠯᠠ ᠭᠠᠵᠠᠷ   ᠢᠶᠠᠷ ᠭᠤᠣᠯᠳᠠᠯᠭ᠎ᠠ ᠲᠠᠢ ᠣᠷᠣᠨ ᠪᠦᠰᠡ ᠪᠣᠯᠭᠠᠵᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠠᠴᠠ ᠵᠡᠭᠡᠯᠢ ᠭᠤᠳᠤᠮᠵᠢ ᠲᠠᠢ ᠬᠠᠮᠲᠤᠷᠠᠨ ᠨᠢᠭᠡᠨᠲᠡ ᠪᠠᠶᠢᠭ᠎ᠠ ᠵᠦᠯᠭᠡ ᠭᠠᠵᠠᠷ᠂ ᠪᠣᠳᠠ ᠰᠥᠭᠡᠭ ᠮᠣᠳᠣᠨ ᠤ ᠦᠵᠡᠮᠵᠢ ᠵᠡᠷᠭᠡ ᠶᠢ ᠵᠠᠰᠠᠨ᠂ ᠨᠣᠭᠤᠭᠠᠷᠠᠭᠤᠯᠤᠯᠲᠠ ᠶᠢ ᠨᠡᠮᠡᠨ ᠨᠥᠬᠦᠪᠦᠷᠢᠯᠡᠵᠦ᠂ ᠬᠤᠲᠠ ᠶᠢ ᠰᠢᠨᠡᠳᠬᠡᠬᠦ᠂ ᠬᠠᠭᠤᠴᠢᠨ ᠪᠠᠭ᠎ᠠ ᠲᠣᠭᠤᠷᠢᠭ ᠢ ᠥᠭᠡᠷᠡᠴᠢᠯᠡᠬᠦ ᠵᠡᠷᠭᠡ ᠠᠵᠢᠯ ᠲᠠᠢ ᠤᠶᠠᠯᠳᠤᠭᠤᠯᠤᠨ᠂ ᠬᠠᠶᠠᠭᠳᠠᠮᠠᠯ ᠭᠠᠵᠠᠷ᠂ ᠥᠨᠴᠥᠭ ᠪᠤᠯᠤᠩ ᠭᠠᠵᠠᠷ᠂ ᠭᠡᠷ ᠤᠨ ᠠᠷᠤ ᠡᠮᠦᠨ᠎ᠡ  ᠲᠠᠯ᠎ᠠ ᠵᠡᠷᠭᠡ ᠶᠢ ᠭᠦᠢᠴᠡᠳ ᠠᠰᠢᠭᠯᠠᠨ ᠨᠣᠭᠤᠭᠠᠷᠠᠭᠤᠯᠤᠨ᠎ᠠ᠃ ᠣᠷᠣᠨ ᠰᠠᠭᠤᠴᠠ ᠪᠠ ᠪᠦᠲᠦᠭᠡᠨ ᠪᠠᠶᠢᠭᠤᠯᠤᠯᠲᠠ᠂ ᠵᠡᠭᠡᠯᠢ ᠭᠤᠳᠤᠮᠵᠢ᠂ ᠰᠠᠭᠤᠭ᠎ᠠ ᠠᠵᠤ ᠠᠬᠤᠶᠢᠯᠠᠯ ᠵᠡᠷᠭᠡ ᠣᠯᠠᠨ ᠲᠠᠯ᠎ᠠ ᠶᠢᠨ ᠬᠦᠴᠦᠨ ᠢ ᠡᠮᠬᠢᠯᠡᠨ ᠨᠡᠶᠢᠯᠡᠭᠦᠯᠵᠦ ᠵᠣᠬᠢᠶᠠᠨ ᠪᠠᠶᠢᠭᠤᠯᠵᠤ᠂ ᠬᠤᠲᠠ ᠶᠢᠨ ᠵᠦᠯᠭᠡ ᠭᠠᠵᠠᠷ ᠢ ᠨᠠᠷᠢᠯᠢᠭᠵᠢᠭᠤᠯᠤᠨ ᠠᠷᠠᠴᠢᠯᠠᠨ ᠬᠠᠮᠠᠭᠠᠯᠠᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠦᠵᠡᠮᠵᠢ ᠶᠢᠨ ᠨᠣᠭᠤᠭᠠᠷᠠᠭᠤᠯᠤᠯᠲᠠ ᠶᠢᠨ ᠲᠥᠷᠥᠯ ᠵᠦᠢᠯ ᠢ ᠠᠯᠬᠤᠮ ᠠᠯᠬᠤᠮ ᠢᠶᠠᠷ ᠰᠢᠯᠢᠳᠡᠭᠵᠢᠭᠦᠯᠦᠨ᠎ᠡ᠃ ᠥᠷᠭᠡᠨ ᠳᠡᠯᠭᠡᠷ ᠤᠬᠠᠭᠤᠯᠭ᠎ᠠ ᠬᠥᠮᠦᠵᠢᠯ ᠢᠶᠠᠷ ᠳᠠᠮᠵᠢᠭᠤᠯᠤᠨ᠂ ᠰᠠᠭᠤᠭᠠᠯᠢ ᠠᠷᠠᠳ ᠤᠨ ᠨᠣᠭᠤᠭᠠᠷᠠᠭᠤᠯᠤᠯᠲᠠ ᠶᠢ ᠬᠠᠶᠢᠷᠠᠯᠠᠬᠤ᠂ ᠨᠣᠭᠤᠭᠠᠷᠠᠭᠤᠯᠤᠯᠲᠠ ᠶᠢ ᠬᠠᠮᠠᠭᠠᠯᠠᠬᠤ ᠦᠵᠡᠯ ᠤᠬᠠᠮᠰᠠᠷ ᠢ ᠴᠢᠩᠭᠠᠷᠠᠭᠤᠯᠵᠤ ᠂ ᠰᠠᠶᠢᠨ ᠰᠠᠶᠢᠬᠠᠨ ᠠᠮᠢ ᠠᠬᠤᠢ ᠶᠢᠨ ᠬᠠᠮᠠᠭᠠᠯᠠᠯᠲᠠ ᠶᠢᠨ ᠠᠭᠤᠷ ᠠᠮᠢᠰᠬᠤᠯ ᠢ ᠪᠣᠶ ᠪᠣᠯᠭᠠᠵᠤ᠂ ᠦᠵᠡᠰᠬᠦᠯᠡᠩᠲᠦ ᠰᠠᠶᠢᠬᠠᠨ ᠵᠣᠭᠠᠴᠠᠯ ᠤᠨ ᠬᠤᠲᠠ ᠶᠢ ᠴᠣᠭᠴᠠᠯᠠᠨ ᠪᠠᠶᠢᠭᠤᠯᠤᠨ᠎ᠠ᠃        ᠲᠦᠷᠣᠬᠦᠯᠡᠨ ᠬᠢᠬᠦ ᠰᠠᠯᠠᠭ᠎ᠠ ᠮᠦᠴᠢᠷ᠄ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ       ᠬᠠᠮᠵᠢᠯᠴᠠᠬᠤ ᠰᠠᠯᠠᠭ᠎ᠠ ᠮᠥᠴᠢᠷ᠄ ᠢᠷᠪᠢᠰ ᠵᠡᠭᠡᠯᠢ᠂ ᠯᠢᠨ ᠬᠠᠢ ᠵᠡᠭᠡᠯᠢ᠂  ᠰᠢᠨ ᠴᠧᠩ ᠵᠡᠭᠡᠯᠢ᠂ ᠷᠠᠰᠢᠶᠠᠨ ᠤ  ᠰᠧᠨ ᠭᠥᠩ ᠺᠣᠮᠫᠠᠨᠢ       12. ᠬᠤᠲᠠ ᠶᠢᠨ ᠲᠣᠭᠤᠷᠢᠭ ᠤᠨ ᠭᠤᠶᠣᠵᠢᠭᠤᠯᠣᠯᠳᠡ ᠶᠢᠨ ᠠᠵᠢᠯ ᠢ ᠰᠠᠶᠢᠲᠤᠷ ᠬᠢᠨ᠎ᠡ᠃ ᠢᠷᠪᠢᠰ ᠣᠷᠣᠨ ᠤ ᠳᠦᠷᠢ ᠲᠥᠷᠬᠦ ᠶᠢ ᠪᠦᠬᠦ ᠲᠠᠯ᠎ᠠ  ᠪᠠᠷ ᠭᠤᠶᠣᠵᠢᠭᠤᠯᠬᠤ ᠶᠢ ᠪᠦᠬᠦ ᠲᠠᠯ᠎ᠠ  ᠪᠠᠷ ᠳᠡᠭᠡᠭᠰᠢᠯᠡᠭᠦᠯᠵᠦ᠂ ᠬᠤᠲᠠ ᠶᠢᠨ ᠦᠵᠡᠮᠵᠢ ᠪᠠᠷ ᠬᠠᠷᠠᠯᠲᠠ ᠪᠣᠯᠭᠠᠵᠤ᠂ ᠢᠷᠪᠢᠰ ᠣᠷᠣᠨ ᠤ ᠭᠤᠣᠯ ᠵᠡᠭᠡᠯᠢ ᠶᠢᠨ ᠬᠤᠶᠠᠷ ᠬᠠᠵᠠᠭᠤ᠂ ᠰᠤᠯᠠ ᠭᠠᠵᠠᠷ᠂ ᠭᠤᠣᠯ ᠮᠥᠷᠡᠨ ᠤ ᠡᠷᠭᠢ ᠳᠠᠭᠠᠤ᠂ ᠰᠠᠭᠤᠭᠠᠯᠢ ᠠᠷᠠᠳ ᠤᠨ ᠲᠣᠭᠤᠷᠢᠭ ᠢᠶᠠᠷ ᠭᠤᠣᠯᠳᠠᠯᠭᠠᠳᠣ ᠣᠷᠣᠨ ᠪᠦᠰᠡ ᠪᠣᠯᠭᠠᠵᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠠᠴᠠ ᠲᠦᠷᠦᠭᠦᠯᠡᠨ ᠤᠰᠤᠨ ᠠᠰᠢᠭᠯᠠᠯᠲᠠ᠂ ᠣᠷᠣᠯᠠᠨ ᠪᠠᠶᠢᠭᠤᠯᠬᠤ᠂ ᠵᠡᠭᠡᠯᠢ ᠭᠤᠳᠤᠮᠵᠢ ᠲᠠᠢ ᠬᠠᠮᠲᠤᠷᠠᠵᠤ ᠂ ᠨᠢᠭᠡᠳᠦᠯᠲᠡᠢ ᠲᠥᠯᠥᠪᠵᠢᠭᠦᠯᠬᠦ᠂ ᠨᠢᠭᠡᠳᠦᠯᠲᠡᠢ ᠵᠢᠷᠤᠭᠯᠠᠨ ᠲᠥᠯᠥᠪᠯᠡᠬᠦ᠂ ᠨᠢᠭᠡᠳᠦᠯᠲᠡᠢ ᠬᠡᠪ ᠨᠠᠮᠪᠠ ᠪᠠᠷ ᠳᠠᠮᠵᠢᠭᠤᠯᠤᠨ᠂ ᠨᠣᠭᠤᠭᠠᠷᠠᠭᠤᠯᠤᠯᠲᠠ ᠶᠢᠨ ᠦᠵᠡᠮᠵᠢ᠂ ᠤᠰᠤᠨ ᠣᠷᠣᠨ ᠤ ᠦᠵᠡᠮᠵᠢ᠂ ᠪᠠᠷᠢᠯᠭ᠎ᠠ᠂ ᠰᠡᠯᠡᠭᠦᠴᠡᠯ ᠤᠨ ᠲᠦᠬᠦᠭᠡᠷᠣᠮᠵᠢ ᠵᠡᠷᠭᠡ ᠢᠨᠵᠧᠨᠧᠷᠢᠩ ᠢ ᠭᠤᠣᠯᠳᠠᠯᠭ᠎ᠠ ᠲᠠᠢ ᠪᠦᠲᠦᠭᠡᠨ ᠪᠠᠶᠢᠭᠤᠯᠵᠤ᠂ ᠱᠠᠲᠤ ᠦᠶ᠎ᠡ᠂ ᠵᠠᠮ ᠱᠤᠭᠤᠮ᠂ ᠣᠷᠣᠨ ᠪᠦᠰᠡ ᠬᠤᠪᠢᠶᠠᠨ ᠬᠤᠲᠠ ᠶᠢᠨ ᠦᠵᠡᠮᠵᠢ ᠶᠢᠨ ᠣᠷᠣᠨ ᠤ ᠥᠭᠡᠷᠡᠴᠢᠯᠡᠯᠲᠡ ᠶᠢᠨ ᠠᠵᠢᠯ ᠢ ᠥᠷᠨᠢᠭᠦᠯᠵᠦ᠂ ᠬᠤᠲᠠ ᠶᠢᠨ ᠦᠵᠡᠮᠵᠢ ᠶᠢᠨ ᠣᠷᠣᠨᠴᠢᠯᠠᠬᠤ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃       ᠲᠦᠷᠦᠭᠦᠯᠡᠨ ᠬᠢᠬᠦ ᠰᠠᠯᠠᠭ᠎ᠠ ᠮᠥᠴᠢᠷ᠄ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠲᠠᠷᠢᠶᠠᠯᠠᠩ ᠤᠰᠤᠨ ᠠᠰᠢᠬᠯᠠᠯᠳᠡ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠣᠷᠣᠯᠠᠨ ᠪᠠᠶᠢᠭᠤᠯᠬᠤ ᠲᠥᠪ       ᠬᠠᠮᠵᠢᠯᠴᠠᠬᠤ ᠰᠠᠯᠠᠭ᠎ᠠ ᠮᠥᠴᠢᠷ᠄ ᠢᠷᠪᠢᠰ ᠵᠡᠭᠡᠯᠢ᠂ ᠯᠢᠨ ᠬᠠᠢ ᠵᠡᠭᠡᠯᠢ᠂ ᠰᠢᠨ ᠴᠧᠩ ᠵᠡᠭᠡᠯᠢ᠂ ᠷᠠᠰᠢᠶᠠᠨ ᠤ  ᠰᠧᠨ ᠭᠥᠩ ᠺᠣᠮᠫᠠᠨᠢ       13. ᠬᠤᠲᠠ ᠶᠢᠨ ᠲᠣᠭᠤᠷᠢᠭ ᠤᠨ ᠭᠡᠷᠡᠯᠲᠦᠭᠦᠯᠭᠡ ᠶᠢ ᠰᠠᠶᠢᠲᠤᠷ ᠬᠢᠨ᠎ᠡ᠃ ᠢᠷᠪᠢᠰ ᠣᠷᠣᠨ ᠤ ᠬᠠᠭᠤᠴᠢᠨ ᠭᠡᠷᠡᠯᠲᠦᠭᠦᠯᠭᠡ ᠶᠢᠨ  ᠲᠦᠬᠦᠭᠡᠷᠣᠮᠵᠢ᠂  ᠭᠡᠷᠡᠯᠳᠣᠬᠦᠯᠭᠡ ᠦᠭᠡᠢ ᠦᠨᠴᠣᠭ᠌ ᠪᠣᠯᠣᠩ᠂ ᠦᠵᠡᠮᠵᠢ ᠶᠢᠨ ᠭᠡᠷᠡᠯᠲᠦᠭᠦᠯᠭᠡ ᠶᠢᠨ ᠲᠦᠬᠦᠭᠡᠷᠣᠮᠵᠢ᠂ ᠭᠡᠷ ᠤᠨ ᠭᠠᠳᠠᠨᠠᠬᠢ ᠳ᠋ᠧᠩ ᠤᠨ ᠬᠠᠶᠢᠷᠴᠠᠭ ᠢ ᠪᠥᠬᠦ ᠲᠠᠯ᠎ᠠ ᠪᠠᠷ ᠰᠢᠨᠡᠳᠬᠡᠵᠦ᠂ ᠢᠷᠪᠢᠰ ᠤᠨ ᠭᠤᠣᠯ ᠳᠡᠳ᠋ ᠵᠡᠭᠡᠯᠢ ᠭᠤᠳᠤᠮᠵᠢ᠂ ᠭᠤᠣᠯ ᠪᠣᠯᠬᠤ ᠠᠰᠠᠷ ᠵᠡᠷᠭᠡ ᠪᠠᠷ ᠭᠤᠣᠯᠳᠠᠯᠭ᠎ᠠ ᠲᠠᠢ ᠣᠷᠣᠨ ᠪᠦᠰᠡ ᠪᠣᠯᠭᠠᠨ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠠᠴᠠ ᠲᠦᠷᠦᠭᠦᠯᠡᠨ ᠵᠡᠭᠡᠯᠢ ᠭᠤᠳᠤᠮᠵᠢ ᠲᠠᠢ ᠬᠠᠮᠲᠤᠷᠠᠨ᠂ ᠨᠠᠭᠤᠷ ᠲᠣᠭᠤᠷᠢᠭᠰᠠᠨ ᠦᠵᠡᠮᠵᠢ᠂ ᠬᠤᠲᠠ ᠶᠢᠨ ᠰᠥᠨᠢ ᠶᠢᠨ ᠦᠵᠡᠮᠵᠢ ᠶᠢᠨ ᠠᠭᠤᠷ ᠠᠮᠢᠰᠬᠤᠯ᠂ ᠣᠨᠴᠠᠯᠢᠭᠲᠤ ᠵᠡᠭᠡᠯᠢ ᠲᠣᠭᠤᠷᠢᠭ ᠵᠡᠷᠭᠡ ᠭᠠᠵᠠᠷ ᠣᠷᠣᠨ ᠳᠤ ᠲᠥᠪᠯᠡᠷᠡᠭᠦᠯᠦᠨ ᠭᠡᠷᠡᠯᠲᠦᠭᠦᠯᠬᠦ ᠥᠭᠡᠷᠡᠴᠢᠯᠡᠯᠲᠡ ᠬᠢᠬᠦ ᠪᠠᠷ ᠳᠠᠮᠵᠢᠭᠤᠯᠤᠨ᠂ ᠣᠲᠣ ᠶᠢᠨ ᠪᠠᠶᠢᠭ᠎ᠠ ᠭᠠᠵᠠᠷ ᠣᠷᠣᠨ ᠤ ᠭᠡᠷᠡᠯᠲᠦᠭᠦᠯᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠣᠷᠣᠨ ᠰᠠᠭᠤᠴᠠ ᠪᠠ ᠪᠦᠲᠦᠭᠡᠨ ᠪᠠᠶᠢᠭᠤᠯᠤᠯᠲᠠ᠂ ᠵᠣᠭᠠᠴᠠᠯ᠂ ᠤᠰᠤᠨ ᠠᠰᠢᠭᠯᠠᠯᠲᠠ ᠶᠢᠨ ᠲᠥᠷᠥᠯ ᠵᠦᠢᠯ ᠢ ᠡᠮᠬᠢᠯᠡᠨ ᠨᠡᠶᠢᠯᠡᠭᠦᠯᠵᠦ᠂ ᠤᠰᠤᠨ ᠬᠥᠰᠢᠭᠡ ᠶᠢᠨ ᠯᠠᠶᠢᠰᠧᠷ ᠤᠨ ᠲᠤᠰᠬᠠᠯᠲᠠ᠂ ᠠᠰᠠᠷ ᠤᠨ ᠪᠡᠶ᠎ᠡ ᠶᠢᠨ ᠲᠤᠰᠬᠠᠯᠲᠠ ᠵᠡᠷᠭᠡ ᠮᠡᠷᠭᠡᠵᠢᠯ ᠢ ᠬᠡᠷᠡᠭᠯᠡᠨ ᠰᠥᠨᠢ ᠶᠢᠨ ᠦᠵᠡᠮᠵᠢ ᠶᠢᠨ ᠳ᠋ᠧᠩ ᠤᠨ ᠬᠡᠷᠡᠯ ᠤᠨ ᠦᠵᠡᠮᠵᠢ ᠪᠦᠲᠦᠭᠡᠬᠦ ᠠᠵᠢᠯ ᠢ ᠥᠷᠨᠢᠭᠦᠯᠦᠨ᠎ᠡ᠃ ᠬᠤᠲᠠ ᠲᠣᠭᠤᠷᠢᠭ ᠤᠨ ᠭᠡᠷᠡᠯᠲᠦᠭᠦᠯᠭᠡ ᠶᠢᠨ ᠲᠦᠬᠦᠭᠡᠷᠣᠮᠵᠢ ᠶᠢ ᠲᠣᠭᠤᠷᠢᠨ ᠪᠠᠶᠢᠴᠠᠭᠠᠬᠤ᠂ ᠬᠠᠮᠠᠭᠠᠯᠠᠬᠤ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠵᠠᠮ ᠤᠨ ᠳ᠋ᠧᠩ ᠤᠨ ᠲᠤᠰᠬᠠᠢ ᠬᠠᠶᠢᠷᠴᠠᠭ ᠢ ᠬᠤᠪᠢᠷᠠᠭᠤᠯᠬᠤ᠂ ᠡᠵᠡᠮᠳᠡᠬᠦ ᠬᠤᠷᠭᠤ᠂ ᠤᠲᠠᠰᠤ ᠦᠭᠡᠢ ᠪᠠᠷ ᠬᠢᠨᠠᠨ ᠡᠵᠡᠮᠳᠡᠬᠦ ᠦᠵᠦᠭᠦᠷ ᠤᠨ ᠪᠦᠷᠢᠨ ᠪᠦᠲᠦᠨ ᠪᠠᠶᠢᠬᠤ ᠪᠠᠶᠢᠳᠠᠯ ᠵᠢᠴᠢ ᠠᠮᠤᠷ ᠲᠦᠪᠰᠢᠨ ᠤ ᠳᠠᠯᠳᠠ ᠬᠡᠮ ᠢ ᠲᠣᠭᠲᠠᠮᠠᠯ ᠬᠤᠭᠤᠴᠠᠭ᠎ᠠ ᠲᠠᠢ ᠪᠠᠷ ᠵᠢᠭᠰᠠᠭᠠᠨ ᠪᠠᠶᠢᠴᠠᠭᠠᠬᠤ ᠶᠢ ᠴᠢᠩᠭᠠᠳᠬᠠᠵᠤ᠂ ᠵᠠᠮ ᠤᠨ ᠳ᠋ᠧᠩ ᠤᠨ ᠭᠡᠷᠡᠯᠲᠦᠭᠦᠯᠭᠡ ᠶᠢᠨ ᠲᠦᠬᠦᠭᠡᠷᠣᠮᠵᠢ ᠶᠢᠨ ᠠᠮᠤᠷ ᠲᠦᠪᠰᠢᠨ ᠪᠥᠭᠡᠳ ᠰᠠᠶᠢᠨ ᠰᠠᠶᠢᠬᠠᠨ ᠪᠠᠶᠢᠬᠤ ᠶᠢ ᠦᠨᠡᠨ ᠬᠦ ᠪᠠᠲᠤᠯᠠᠨ᠎ᠠ᠃        ᠲᠦᠷᠣᠬᠦᠯᠡᠨ ᠬᠢᠬᠦ ᠰᠠᠯᠠᠭ᠎ᠠ ᠮᠦᠴᠢᠷ᠄ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ       ᠬᠠᠮᠵᠢᠯᠴᠠᠬᠤ ᠰᠠᠯᠠᠭ᠎ᠠ ᠮᠥᠴᠢᠷ᠄ ᠬᠤᠲᠠ ᠶᠢᠨ ᠰᠣᠶᠣᠯ ᠵᠣᠭᠠᠴᠠᠯ ᠤᠨ ᠲᠣᠪᠴᠢᠶ᠎ᠠ᠂ ᠢᠷᠪᠢᠰ ᠵᠡᠭᠡᠯᠢ᠂ ᠯᠢᠨ ᠬᠠᠢ ᠵᠡᠭᠡᠯᠢ᠂ ᠰᠢᠨ ᠴᠧᠩ ᠵᠡᠭᠡᠯᠢ      ᠲᠠᠪᠤ᠂ ᠠᠵᠢᠯ ᠢ ᠶᠠᠪᠣᠬᠳᠡᠭᠤᠯᠬᠤ ᠱᠠᠲᠤ ᠦᠶ᠎ᠡ ᠶᠢᠨ ᠡᠭᠦᠷᠭᠡ       ︵ᠨᠢᠭᠡ︶ ᠣᠬᠤᠷ ᠬᠤᠭᠤᠴᠠᠭᠠᠨ ᠳᠤ ᠦᠷ᠎ᠡ ᠪᠦᠲᠦᠮᠵᠢ ᠣᠯᠣᠨ᠎ᠠ ︵2023 ᠣᠨ ᠤ 4 ᠰᠠᠷ᠎ᠠ ᠶᠢᠨ 18 ᠤ ᠡᠳᠦᠷ ᠠᠴᠠ 5 ᠰᠠᠷ᠎ᠠ ᠶᠢᠨ 10 ᠤ ᠡᠳᠦᠷ︶       ᠣᠬᠤᠷ ᠬᠤᠭᠤᠴᠠᠭ᠎ᠠ ᠠᠴᠠ ᠠᠪᠴᠤ ᠬᠡᠯᠡᠪᠡᠯ ︽ᠲᠦᠷᠭᠡᠨ ᠦᠷ᠎ᠡ ᠪᠦᠲᠦᠮᠵᠢ ᠣᠯᠬᠤ︾ ᠬᠡᠷᠡᠭᠲᠡᠢ᠂ ᠰᠠᠭᠤᠭᠠᠯᠢ ᠠᠷᠠᠳ ᠤᠨ ᠲᠣᠭᠤᠷᠢᠭ ᠲᠤ ᠲᠡᠷᠭᠡ ᠬᠦᠰᠭᠡ ᠪᠠᠨ ᠳᠤᠷ᠎ᠠ ᠪᠠᠷ ᠢᠶᠠᠨ ᠵᠣᠭᠰᠣᠭᠠᠵᠤ ᠳᠤᠷ᠎ᠠ ᠪᠠᠷ ᠢᠶᠠᠨ ᠲᠠᠯᠪᠢᠬᠤ᠂ ᠳᠤᠷ᠎ᠠ ᠪᠠᠷ ᠢᠶᠠᠨ ᠣᠳᠡᠰᠣ ᠲᠠᠲᠠᠵᠤ ᠳᠤᠷ᠎ᠠ ᠪᠠᠷ ᠢᠶᠠᠨ ᠡᠭᠡᠭᠡᠬᠦ᠂ ᠭᠠᠯ ᠰᠠᠷᠭᠡᠶᠢᠯᠠᠵᠣ ᠤᠨᠲᠠᠷᠠᠭᠠᠬᠤ ᠵᠠᠮ ᠢ ᠪᠥᠭᠯᠡᠬᠦ ᠵᠡᠷᠭᠡ ᠡᠯ᠎ᠡ ᠵᠦᠢᠯ ᠤᠨ ᠡᠷᠦᠢ ᠬᠤᠷᠤᠢ ᠦᠭᠡᠢ ᠦᠵᠡᠭᠳᠡᠯ ᠢ ᠲᠥᠪᠯᠡᠷᠡᠭᠦᠯᠦᠨ ᠰᠢᠢᠳᠪᠦᠷᠢᠯᠡᠵᠦ᠂ ᠣᠯᠠᠨ ᠨᠡᠶᠢᠲᠡ ᠶᠢᠨ ᠣᠷᠣᠨ ᠪᠦᠰᠡ ᠪᠠ ᠠᠲᠠᠷ ᠭᠠᠵᠠᠷ ᠢ ᠡᠵᠡᠯᠡᠭᠰᠡᠨ ᠦᠶᠯᠡ ᠠᠵᠢᠯᠯᠠᠭ᠎ᠠ ᠶᠢ ᠴᠡᠪᠡᠷᠯᠡᠨ ᠴᠡᠭᠴᠡᠯᠡᠨ᠎ᠡ︔ ᠮᠠᠰᠢᠨᠲᠤ ᠲᠡᠷᠭᠡ ᠶᠢ ᠳᠤᠷ᠎ᠠ ᠪᠠᠷ ᠢᠶᠠᠨ ᠵᠣᠭᠰᠣᠭᠠᠵᠤ ᠳᠤᠷ᠎ᠠ ᠪᠠᠷ ᠢᠶᠠᠨ ᠲᠠᠯᠪᠢᠬᠤ᠂ ᠭᠠᠯ ᠰᠠᠷᠭᠡᠶᠢᠯᠠᠵᠣ ᠤᠨᠲᠠᠷᠠᠭᠠᠬᠤ ᠨᠡᠪᠲᠡᠷᠡᠬᠦ ᠵᠠᠮ ᠢ ᠡᠵᠡᠯᠡᠨ ᠬᠡᠷᠡᠭᠯᠡᠬᠦ ᠵᠡᠷᠭᠡ ᠦᠢᠯᠡ ᠠᠵᠢᠯᠯᠠᠭ᠎ᠠ ᠶᠢ ᠴᠡᠭᠴᠡᠯᠡᠨ ᠵᠠᠰᠠᠵᠤ᠂ ᠲᠡᠷᠭᠡ ᠵᠣᠭᠰᠣᠬᠤ ᠣᠷᠣᠨ ᠪᠦᠰᠡ ᠵᠢᠴᠢ ᠲᠡᠷᠭᠡᠨ ᠵᠣᠭᠰᠣᠭᠠᠯ ᠤᠨ ᠲᠡᠮᠳᠡᠭ ᠵᠢᠷᠤᠭᠠᠰᠤ ᠶᠢ ᠵᠦᠢ ᠵᠣᠬᠢᠰᠲᠠᠢ ᠵᠠᠭᠠᠭᠯᠠᠨ ᠲᠣᠭᠲᠠᠭᠠᠵᠤ᠂ ᠵᠠᠮ ᠨᠡᠪᠲᠡᠷᠡᠯᠭᠡ ᠶᠢᠨ ᠰᠠᠭᠠᠳ ᠦᠭᠡᠢ ᠨᠡᠪᠲᠡᠷᠡᠬᠦ ᠶᠢ ᠪᠠᠲᠤᠯᠠᠨ᠎ᠠ ; ︽ᠦᠬᠦᠰᠢᠷᠡᠮᠡᠯ ᠲᠡᠷᠭᠡ︾ ᠶᠢᠨ ᠬᠠᠮᠢᠶᠠᠷᠤᠯᠲᠠ ᠶᠢ ᠴᠢᠩᠭᠠᠳᠬᠠᠵᠤ᠂ ᠣᠷᠳᠣ ᠬᠤᠭᠤᠴᠠᠭ᠎ᠠ ᠪᠠᠷ ᠰᠢᠯᠵᠢᠭᠦᠯᠬᠦ ᠦᠭᠡᠢ᠂ ᠬᠠᠮᠠᠭᠠᠯᠠᠬᠤ ᠪᠠ ᠬᠡᠷᠡᠭᠯᠡᠬᠦ ᠬᠥᠮᠥᠨ ᠦᠭᠡᠢ ᠮᠠᠰᠢᠨᠲᠤ ᠲᠡᠷᠭᠡ᠂ ᠳᠤᠭᠤᠢ ᠲᠡᠷᠭᠡ ᠶᠢ ᠬᠠᠤᠯᠢ ᠲᠣᠭᠲᠠᠭᠠᠯ ᠶᠣᠰᠣᠭᠠᠷ ᠴᠡᠪᠡᠷᠯᠡᠨ ᠰᠢᠢᠳᠪᠦᠷᠢᠯᠡᠵᠦ᠂ ᠳᠠᠷᠤᠶᠢᠬᠠᠨ ᠴᠡᠪᠡᠷᠯᠡᠨ ᠴᠡᠭᠴᠡᠯᠡᠬᠤ ᠶᠢ ᠪᠥᠬᠦ ᠲᠠᠯ᠎ᠠ ᠪᠠᠷ ᠠᠬᠢᠭᠤᠯᠤᠨ᠂  ᠪᠦᠳᠣᠮᠵᠢᠳᠡᠢ ᠦᠷ᠎ᠡ ᠳ᠋ᠦᠩ ᠳᠤ ᠬᠦᠷᠦᠭᠦᠯᠦᠨ᠎ᠡ᠃       ︵ᠬᠤᠶᠠᠷ︶ ᠳᠤᠮᠳᠠ ᠬᠤᠭᠤᠴᠠᠭᠠᠨ ᠳᠤ ᠶᠠᠰᠤ ᠴᠢᠨᠠᠷ ᠢ ᠳᠡᠭᠡᠭᠰᠢᠯᠡᠭᠦᠯᠦᠨ᠎ᠡ ︵2023 ᠣᠨ ᠤ 5 ᠰᠠᠷ᠎ᠠ ᠶᠢᠨ 10 ᠤ ᠡᠳᠦᠷ ︱ 7 ᠰᠠᠷ᠎ᠠ ᠶᠢᠨ 31 ᠤ ᠡᠳᠦᠷ︶       ᠪᠣᠭᠤᠮᠲᠠ ᠰᠢᠪᠲᠤᠯᠵᠤ ᠴᠡᠭᠴᠡᠯᠡᠨ ᠳᠡᠭᠡᠭᠰᠢᠯᠡᠭᠦᠯᠬᠦ ᠠᠵᠢᠯᠯᠠᠭ᠎ᠠ ᠶᠢ ᠲᠥᠪᠯᠡᠷᠡᠭᠦᠯᠦᠨ ᠥᠷᠨᠢᠭᠦᠯᠵᠦ᠂ ᠬᠤᠲᠠ ᠶᠢᠨ ᠴᠡᠴᠡᠷᠯᠢᠭ᠂ ᠵᠦᠯᠭᠡ ᠭᠠᠵᠠᠷ ᠤᠨ ︽ᠬᠠᠮᠢᠶᠠᠷᠬᠤ᠂ ᠠᠷᠠᠴᠢᠯᠠᠬᠤ᠂ ᠬᠠᠮᠠᠭᠠᠯᠠᠬᠤ︾ ᠵᠡᠷᠭᠡ ᠳᠤ ᠴᠢᠭᠯᠡᠭᠦᠯᠦᠨ ᠵᠣᠬᠢᠬᠤ ᠴᠠᠭ ᠬᠤᠭᠤᠴᠠᠭ᠎ᠠ ᠬᠡᠷᠡᠭᠰᠡᠵᠦ ᠪᠠᠶᠢᠭᠠᠳ ᠪᠣᠭᠤᠮᠲᠠ ᠰᠢᠪᠲᠤᠯᠬᠤ ᠡᠭᠦᠷᠭᠡ ᠶᠢ ᠪᠡᠶᠡᠯᠡᠭᠦᠯᠵᠦ᠂ ᠪᠡᠶᠡᠯᠡᠭᠦᠯᠬᠦ ᠴᠠᠭ ᠬᠤᠭᠤᠴᠠᠭ᠎ᠠ ᠶᠢ ᠲᠣᠳᠣᠷᠬᠠᠶᠢᠯᠠᠵᠤ᠂ ᠠᠵᠢᠯ ᠤᠨ ᠬᠤᠭᠤᠴᠠᠭ᠎ᠠ ᠶᠢ ᠲᠣᠩᠭᠤᠷᠠᠭᠤᠯᠤᠨ ᠵᠢᠭᠰᠠᠭᠠᠵᠤ᠂ ᠠᠬᠢᠭᠤᠯᠬᠤ ᠡᠷᠴᠢᠮ ᠢᠶᠠᠨ ᠴᠢᠩᠭᠠᠷᠠᠭᠤᠯᠤᠨ᠂ ᠡᠯ᠎ᠡ ᠬᠠᠮᠢᠶ᠎ᠠ ᠪᠦᠬᠦᠢ ᠨᠢᠭᠡᠴᠢ ᠶᠢ ᠨᠢᠭᠡᠳᠦᠯᠲᠡᠢ ᠲᠥᠯᠥᠪᠯᠡᠵᠦ ᠪᠠᠶᠢᠭᠠᠳ ᠨᠡᠶᠢᠯᠡᠮᠡᠯ ᠬᠦᠴᠦᠨ ᠢ ᠪᠦᠷᠢᠯᠳᠦᠭᠦᠯᠣᠨ᠂ ᠬᠤᠯᠪᠣᠭᠳᠠᠬᠤ ᠠᠰᠠᠭᠤᠳᠠᠯ ᠢ ᠪᠥᠬᠦ ᠲᠠᠯ᠎ᠠ ᠪᠠᠷ᠂ ᠲᠤᠶᠢᠯᠪᠤᠷᠢᠲᠠᠢ ᠴᠡᠭᠴᠡᠯᠡᠨ ᠵᠠᠰᠠᠵᠤ᠂ ᠱᠠᠭᠠᠷᠳᠠᠭᠰᠠᠨ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠠᠴᠠ ᠡᠮᠦᠨ᠎ᠡ ᠪᠥᠬᠦ ᠶᠡᠷᠦᠩᠬᠡᠶᠢᠯᠡᠭᠰᠡᠨ ᠴᠡᠭᠴᠡᠯᠡᠨ ᠵᠠᠰᠠᠬᠤ ᠡᠭᠦᠷᠭᠡ ᠶᠢ ᠪᠡᠶᠡᠯᠡᠭᠦᠯᠬᠦ ᠬᠡᠷᠡᠭᠲᠡᠢ᠃       ︵ᠭᠤᠷᠪᠠ︶ ᠣᠷᠳᠣ ᠬᠤᠭᠤᠴᠠᠭ᠎ᠠ ᠪᠠᠷ ᠪᠠᠷᠢᠮᠲᠠᠯᠠᠨ᠎ᠠ ︵2023 ᠣᠨ ᠤ 7 ᠰᠠᠷ᠎ᠠ ᠶᠢᠨ 31 ᠤ ᠡᠳᠦᠷ ︱︶       ᠡᠯ᠎ᠡ ᠨᠢᠭᠡᠴᠢ ᠨᠦᠭᠦᠳ ᠲᠥᠪᠯᠡᠷᠡᠭᠦᠯᠦᠨ ᠴᠡᠭᠴᠡᠯᠡᠨ ᠵᠠᠰᠠᠭᠰᠠᠨ ᠰᠠᠭᠤᠷᠢᠨ ᠳᠡᠭᠡᠷ᠎ᠡ᠂ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢᠶᠠᠨ ᠦᠷᠭᠦᠯᠵᠢᠯᠡᠨ ᠪᠠᠬᠢᠵᠢᠭᠦᠯᠵᠦ᠂ ᠬᠤᠲᠠ ᠶᠢᠨ ᠬᠠᠮᠢᠶᠠᠷᠤᠯᠲᠠ ᠶᠢᠨ ᠠᠵᠢᠯ ᠢ ᠪᠠᠶᠢᠩᠭᠤᠵᠢᠭᠤᠯᠤᠨ ᠥᠷᠨᠢᠭᠦᠯᠬᠦ ᠶᠢ ᠪᠠᠲᠤᠯᠠᠨ᠂ ᠡᠷᠡᠭᠦᠯ ᠬᠠᠮᠠᠭᠠᠯᠠᠯ ᠤᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢᠨ ᠵᠠᠯᠭᠠᠮᠵᠢ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠵᠤ᠂ ᠬᠤᠲᠠ ᠶᠢᠨ ᠬᠡᠪᠴᠢᠶᠡᠨ ᠤ ᠡᠷᠡᠭᠦᠯ ᠬᠠᠮᠠᠭᠠᠯᠠᠯ ᠤᠨ ᠣᠷᠴᠢᠨ ᠲᠣᠭᠤᠷᠢᠨ ᠤ ︽ᠪᠤᠵᠠᠷ ᠰᠠᠮᠠᠭᠤᠨ ᠪᠠᠷᠤᠭᠲᠠᠢ︾ ᠦᠵᠡᠭᠳᠡᠯ ᠳᠠᠬᠢᠨ ᠭᠠᠷᠬᠤ ᠶᠢ ᠲᠠᠰᠤ ᠬᠤᠷᠢᠭᠯᠠᠵᠤ᠂ ᠡᠯ᠎ᠡ ᠵᠦᠢᠯ ᠤᠨ ᠠᠵᠢᠯ ᠢ ᠪᠥᠬᠦ ᠲᠠᠯ᠎ᠠ ᠪᠠᠷ ᠰᠢᠯᠭᠠᠨ ᠬᠢᠨᠠᠵᠤ ᠰᠢᠯᠭᠠᠨ ᠠᠪᠬᠤ ᠪᠠ ︽ᠡᠷᠬᠢᠨ ᠬᠠᠷᠠᠬᠤ︾ ᠬᠡᠷᠡᠭᠲᠡᠢ᠃       ᠵᠢᠷᠭᠤᠭ᠎ᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ       ︵ᠨᠢᠭᠡ︶ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠢ       ᠬᠤᠲᠠ ᠶᠢᠨ ᠲᠣᠭᠤᠷᠢᠭ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠶᠡᠷᠦᠩᠬᠡᠶᠢᠯᠡᠨ ᠴᠡᠭᠴᠡᠯᠡᠨ ᠵᠠᠰᠠᠵᠤ ᠳᠡᠭᠡᠭᠰᠢᠯᠡᠭᠦᠯᠬᠦ ᠠᠵᠢᠯ ᠤᠨ ᠱᠠᠭᠠᠷᠳᠠᠯᠭ᠎ᠠ ᠶᠢ  ᠰᠠᠶᠢᠳᠣᠷ ᠠᠬᠢᠭᠤᠯᠬᠤ ᠶᠢᠨ ᠲᠥᠯᠥᠭᠡ᠂ ᠬᠠᠮᠢᠶ᠎ᠠ ᠪᠦᠬᠦᠢ ᠠᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠴᠢᠩᠭᠠᠳᠬᠠᠵᠤ᠂ ᠨᠢᠭᠡᠳᠦᠯᠲᠡᠢ ᠲᠥᠯᠥᠪᠯᠡᠨ ᠠᠬᠢᠭᠤᠯᠬᠤ ᠪᠠ ᠵᠣᠬᠢᠴᠠᠭᠤᠯᠤᠨ ᠲᠣᠬᠢᠷᠠᠭᠤᠯᠤᠨ᠎ᠠ᠃ ᠷᠠᠰᠢᠶᠠᠨ ᠬᠤᠳᠠ ᠶᠢᠨ ᠬᠤᠳᠠ ᠶᠢᠨ ᠲᠣᠭᠤᠷᠢᠭ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠶᠡᠷᠦᠩᠬᠡᠶᠢᠯᠡᠨ ᠴᠡᠭᠴᠡᠯᠡᠨ ᠳᠡᠭᠡᠭᠰᠢᠯᠡᠭᠦᠯᠬᠦ ᠠᠵᠢᠯᠯᠠᠭ᠎ᠠ ᠶᠢᠨ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠬᠤ ᠪᠠᠷ ᠲᠣᠭᠲᠠᠪᠠ᠂ ᠪᠦᠷᠢᠯᠳᠦᠭᠦᠨ ᠨᠢ ᠳᠣᠣᠷᠠᠬᠢ ᠮᠡᠲᠦ᠄       ᠳᠤᠭᠤᠶᠢᠯᠠᠩ ᠤᠨ ᠳᠠᠷᠤᠭ᠎ᠠ᠄ ᠸᠠᠩ ᠰᠢᠶᠣᠣ ᠬᠤᠸᠠᠨ   ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠲᠠ ᠶᠢᠨ ᠳᠠᠷᠤᠭ᠎ᠠ       ᠪᠠᠶᠢᠩᠭᠤ ᠶᠢᠨ ᠳᠡᠳ᠋ ᠳᠤᠭᠤᠶᠢᠯᠠᠩ ᠤᠨ ᠳᠠᠷᠤᠭ᠎ᠠ᠄ ᠴᠢᠶᠣᠤ ᠹᠧᠩ ᠯᠢᠨ   ᠬᠤᠲᠠ ᠶᠢᠨ ᠵᠠᠰᠠᠭ ᠤᠨ ᠣᠷᠳᠣᠨ ᠤ  ᠬᠤᠲᠠ ᠶᠢᠨ ᠳᠡᠳ᠋ ᠳᠠᠷᠤᠭ᠎ᠠ       ᠳᠤᠭᠤᠶᠢᠯᠠᠩ ᠤᠨ ᠳᠡᠳ᠋ ᠳᠠᠷᠤᠭ᠎ᠠ᠄ ᠰᠢᠦᠢ ᠴᠧᠩ ᠼᠠᠢ   ᠷᠠᠰᠢᠶᠠᠨ ᠬᠤᠲᠠ ᠶᠢᠨ ᠰᠧᠨ ᠭᠥᠩ ᠺᠣᠮᠫᠠᠨᠢ ᠶᠢᠨ ᠶᠡᠷᠦᠩᠬᠡᠢ ᠳᠠᠭᠠᠭᠠᠮᠠᠯ       ᠰᠦᠨ ᠪᠠᠢ ᠴᠤᠸᠠᠨ   ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ       ᠵᠤᠤ  ᠫᠧᠩ ᠴᠢ    ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ       ᠯᠢᠦ ᠽᠧᠩ ᠺᠧ    ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ       ᠵᠣᠣ ᠰᠢ ᠵᠢᠦ     ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠲᠣᠪᠴᠢᠶᠠᠨ ᠳᠠᠷᠤᠭ᠎ᠠ       ᠴᠧᠩ ᠷᠦᠩ ᠱᠠᠨ    ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ       ᠽᠥᠩ ᠯᠢ ᠪᠢᠨ    ᠷᠠᠰᠢᠶᠠᠨ ᠤ ᠰᠧᠨ ᠭᠥᠩ ᠺᠣᠮᠫᠠᠨᠢ ᠶᠢᠨ ᠳᠡᠳ᠋ ᠶᠡᠷᠦᠩᠬᠡᠢ ᠳᠠᠭᠠᠭᠠᠮᠠᠯ       ᠶᠠᠩ ᠬᠦᠶ ᠶᠢᠩ    ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ ᠤᠨ ᠳᠥᠷᠪᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ       ᠪᠦᠷᠢᠯᠳᠦᠭᠦᠨ᠄ ᠡᠯ᠎ᠡ ᠵᠡᠭᠡᠯᠢ ᠶᠢᠨ ᠨᠠᠮ ︵ᠠᠵᠢᠯ︶ ᠤᠨ ᠵᠦᠪᠯᠡᠯ᠂ ᠵᠡᠭᠡᠯᠢ ᠶᠢᠨ ᠬᠡᠷᠡᠭ ᠡᠷᠬᠢᠯᠡᠬᠦ ᠭᠠᠵᠠᠷ᠂ ᠬᠤᠲᠠ ᠶᠢᠨ ᠨᠠᠮ ᠤᠨ ᠬᠤᠷᠢᠶ᠎ᠠ ᠶᠢᠨ ᠡᠯ᠎ᠡ ᠶᠠᠮᠤᠨ ᠬᠤᠷᠢᠶ᠎ᠠ᠂ ᠬᠤᠲᠠ ᠶᠢᠨ ᠰᠢᠭᠤᠳ ᠬᠠᠷᠢᠶ᠎ᠠ ᠡᠯ᠎ᠡ ᠵᠥᠪᠯᠡᠯ ᠠᠯᠪᠠᠨ ᠭᠡᠷ ᠲᠣᠪᠴᠢᠶ᠎ᠠ᠂ ᠡᠯ᠎ᠡ ᠠᠷᠠᠳ ᠤᠨ ᠪᠦᠯᠬᠦᠮ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠰᠢᠭᠤᠳ ᠬᠠᠮᠢᠶᠠᠷᠤᠯᠲᠠ ᠶᠢᠨ ᠨᠢᠭᠡᠴᠢ       ᠬᠠᠮᠢᠶ᠎ᠠ ᠪᠦᠬᠦᠢ ᠠᠵᠢᠯ ᠳᠤ ᠭᠠᠵᠠᠷ ᠤᠨ ᠲᠠᠰ ᠤᠨ ᠤᠳᠤᠷᠢᠳᠤᠯᠭ᠎ᠠ ᠶᠢᠨ ᠬᠡᠰᠡᠭ ᠳᠠᠭᠠᠭᠠᠨ ᠬᠠᠷᠢᠯᠴᠠᠬᠤ᠂  ᠱᠠᠯᠠᠪᠳᠡᠭᠤᠯᠬᠤ ᠳᠦᠷᠢᠮ ᠢ ᠨᠠᠶᠢᠳᠠᠪᠤᠷᠢᠵᠢᠭᠤᠯᠤᠨ᠎ᠠ᠃ ᠸᠠᠩ ᠭᠦᠸᠧ ᠯᠢᠶᠠᠩ᠂ ᠦ᠋ ᠫᠧᠢ ᠨᠥᠬᠦᠷ ᠢᠷᠪᠢᠰ ᠵᠡᠭᠡᠯᠢ ᠶᠢᠨ ᠵᠠᠯᠭᠠᠯᠳᠤᠭᠰᠠᠨ ᠲᠣᠭᠤᠷᠢᠭ ᠤᠨ ᠲᠠᠢ ᠬᠠᠷᠢᠯᠴᠠᠵᠣ᠂ ᠱᠠᠯᠠᠪᠳᠡᠭᠤᠯᠬᠤ ᠠᠵᠢᠯ ᠢ ᠬᠠᠷᠢᠭᠤᠴᠠᠵᠣ᠂ ᠲᠠᠢ ᠬᠠᠢ ᠹᠧᠩ᠂ ᠮᠦ ᠯᠢ ᠵᠢᠶᠦ᠋ᠨ ᠨᠥᠬᠦᠷ ᠰᠢᠨ ᠴᠧᠩ ᠵᠡᠭᠡᠯᠢ ᠶᠢᠨ ᠵᠠᠯᠭᠠᠯᠳᠤᠭᠰᠠᠨ ᠲᠣᠭᠤᠷᠢᠭ  ᠲᠠᠢ ᠬᠠᠷᠢᠯᠴᠠᠵᠣ᠂ ᠱᠠᠯᠠᠪᠳᠡᠭᠤᠯᠬᠤ ᠠᠵᠢᠯ ᠢ ᠬᠠᠷᠢᠭᠤᠴᠠᠵᠣ᠂ ᠶᠠᠨ ᠮᠣᠣ ᠯᠢᠨ᠂ ᠪᠠᠢ ᠰᠢᠸ ᠮᠧᠢ ᠨᠥᠬᠦᠷ ᠯᠢᠨ ᠬᠠᠢ ᠵᠡᠭᠡᠯᠢ ᠶᠢᠨ ᠵᠠᠯᠭᠠᠯᠳᠤᠭᠰᠠᠨ ᠲᠣᠭᠤᠷᠢᠭ  ᠲᠠᠢ ᠬᠠᠷᠢᠯᠴᠠᠵᠣ᠂ ᠱᠠᠯᠠᠪᠳᠡᠭᠤᠯᠬᠤ ᠠᠵᠢᠯ ᠢ ᠬᠠᠷᠢᠭᠤᠴᠠᠨ᠎ᠠ᠃       ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠪᠥᠭᠡᠳ ᠡᠮᠬᠢ ᠵᠢᠷᠤᠮ ᠲᠠᠢ ᠠᠬᠢᠭᠤᠯᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ ᠤᠳᠤᠷᠢᠳᠬᠤ ᠳᠤᠭᠤᠶᠢᠯᠠᠩ ᠤᠨ ᠳᠣᠣᠷ᠎ᠠ ᠨᠡᠶᠢᠳᠡ 1 ᠶᠡᠷᠦᠩᠬᠡᠶᠢᠯᠡᠭᠰᠡᠨ ᠠᠯᠪᠠᠨ ᠭᠡᠷ ᠪᠠ 4 ᠲᠤᠰᠬᠠᠢ ᠠᠵᠢᠯ ᠤᠨ ᠳᠤᠭᠤᠶᠢᠯᠠᠩ ᠪᠠᠶᠢᠭᠤᠯᠪᠠ᠃ ᠶᠡᠷᠦᠩᠬᠡᠶᠢᠯᠡᠭᠰᠡᠨ ᠠᠯᠪᠠᠨ ᠭᠡᠷ ᠢ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠳᠤ ᠪᠠᠶᠢᠷᠢᠯᠠᠭᠤᠯᠵᠤ᠂ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠳᠠᠷᠤᠭ᠎ᠠ ᠸᠠᠩ ᠬᠠᠢ ᠵᠢᠶᠦ᠋ᠨ ᠬᠠᠪᠰᠤᠷᠭᠠᠨ ᠡᠭᠦᠷᠭᠡᠯᠡᠵᠦ᠂ ᠶᠡᠷᠦᠩᠬᠡᠶᠢᠯᠡᠭᠰᠡᠨ ᠠᠯᠪᠠᠨ ᠭᠡᠷ ᠠᠴᠠ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠲᠤᠭᠤᠷᠪᠢᠬᠤ ᠠᠵᠢᠯ ᠢ ᠬᠠᠷᠢᠭᠤᠴᠠᠵᠤ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠪᠠᠶᠢᠭᠤᠯᠤᠨ᠂ ᠡᠭᠦᠷᠭᠡ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠬᠤ ᠬᠤᠷᠠᠯ ᠬᠤᠷᠠᠯᠳᠤᠭᠤᠯᠵᠤ᠂ ᠡᠳᠦᠷ ᠤᠨ ᠮᠡᠳᠡᠭᠦᠯᠦᠯᠲᠡ ᠶᠢ ᠳᠡᠭᠡᠭᠰᠢ ᠮᠡᠳᠡᠭᠦᠯᠵᠦ᠂ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠢ ᠳᠤᠨᠢ ᠡᠮᠬᠢᠯᠡᠨ ᠳᠢᠭᠯᠡᠵᠦ᠂ ᠡᠯ᠎ᠡ ᠵᠦᠢᠯ ᠤᠨ ᠠᠵᠢᠯ ᠢ ᠯᠠᠪᠳᠠᠭᠤᠨ ᠢᠶᠠᠷ ᠠᠬᠢᠭᠤᠯᠬᠤ ᠶᠢ ᠦᠨᠡᠨ ᠬᠦ ᠪᠠᠲᠤᠯᠠᠨ᠎ᠠ᠃       ︵ᠨᠢᠭᠡ︶ ︽ᠳᠤᠯᠤᠭ᠎ᠠ ᠶᠢ ᠲᠣᠳᠣᠷᠬᠠᠶᠢᠯᠠᠬᠤ︾ ᠠᠵᠢᠯ ᠤᠨ ᠳᠤᠭᠤᠶᠢᠯᠠᠩ       ᠳᠤᠭᠤᠶᠢᠯᠠᠩ ᠤᠨ ᠳᠠᠷᠤᠭ᠎ᠠ᠄ ᠴᠢᠶᠣᠤ ᠹᠧᠩ ᠯᠢᠨ   ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ       ᠳᠡᠳ᠋ ᠳᠤᠭᠤᠶᠢᠯᠠᠩ ᠤᠨ ᠳᠠᠷᠤᠭ᠎ᠠ᠄ ᠵᠣᠣ ᠰᠢ ᠵᠢᠦ   ᠬᠤᠲᠠ   ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ   ᠶᠢ ᠬᠠᠮᠠᠭᠠᠯᠠᠬᠤ ᠲᠣᠪᠴᠢᠶᠠᠨ ᠤ ᠲᠣᠪᠴᠢᠶᠠᠨ ᠳᠠᠷᠤᠭ᠎ᠠ       ᠽᠥᠩ ᠯᠢ ᠪᠢᠨ   ᠷᠠᠰᠢᠶᠠᠨ ᠤ  ᠰᠧᠨ ᠭᠥᠩ ᠺᠣᠮᠫᠠᠨᠢ ᠶᠢᠨ ᠳᠡᠳ᠋ ᠶᠡᠷᠦᠩᠬᠡᠢ ᠳᠠᠭᠠᠭᠠᠮᠠᠯ       ᠪᠦᠷᠢᠯᠳᠦᠭᠦᠨ᠄ ᠭᠤᠸ ᠵᠢᠶᠠᠨ ᠴᠢᠶᠠᠩ   ᠢᠷᠪᠢᠰ ᠵᠡᠭᠡᠯᠢ ᠶᠢᠨ ᠨᠠᠮ ᠤᠨ  ᠠᠵᠢᠯ ᠤᠨ ᠵᠦᠪᠯᠡᠯ ᠤᠨ ᠱᠦᠵᠢ       ᠸᠠᠩ ᠲᠤᠤ   ᠰᠢᠨ ᠴᠧᠩ ᠵᠡᠭᠡᠯᠢ ᠶᠢᠨ ᠨᠠᠮ ᠤᠨ ᠠᠵᠢᠯ ᠤᠨ ᠵᠦᠪᠯᠡᠯ ᠤᠨ ᠱᠦᠵᠢ       ᠯᠢ ᠪᠢᠨ   ᠯᠢᠨ ᠬᠠᠢ ᠵᠡᠭᠡᠯᠢ ᠶᠢᠨ ᠨᠠᠮ ᠤᠨ ᠠᠵᠢᠯ ᠤᠨ ᠵᠦᠪᠯᠡᠯ ᠤᠨ ᠱᠦᠵᠢ       ᠸᠠᠩ ᠬᠠᠢ ᠵᠢᠶᠦ᠋ᠨ   ᠬᠤᠲᠠ ᠶᠢᠨ ᠣᠷᠣᠨ ᠰᠠᠭᠤᠴᠠ ᠪᠠ ᠪᠦᠲᠦᠭᠡᠨ ᠪᠠᠶᠢᠭᠤᠯᠤᠯᠲᠠ ᠶᠢᠨ ᠲᠣᠪᠴᠢᠶᠠᠨ ᠤ ᠲᠣᠪᠴᠢᠶᠠᠨ ᠳᠠᠷᠤᠭ᠎ᠠ       ᠯᠢ ᠺᠦᠨ   ᠬᠤᠲᠠ ᠶᠢᠨ ᠬᠤᠲᠠ ᠶᠢᠨ ᠬᠠᠮᠢᠶᠠᠷᠤᠯᠲᠠ ᠶᠢᠨ ᠲᠣᠪᠴᠢᠶᠠᠨ ᠤ ᠲᠣᠪᠴᠢᠶᠠᠨ ᠳᠠᠷᠤᠭ᠎ᠠ       ᠵᠠᠩ ᠪᠢᠨ ᠸᠠᠩ   ᠬᠤᠲᠠ ᠶᠢᠨ ᠲᠠᠷᠢᠶᠠᠯᠠᠩ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶᠠᠨ ᠤ ᠲᠣᠪᠴᠢᠶᠠᠨ ᠳᠠᠷᠤᠭ᠎ᠠ       ᠵᠣᠣ ᠰᠢᠶᠣᠣ ᠴᠧᠨ   ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠲᠣᠪᠴᠢᠶᠠᠨ ᠳᠠᠷᠤᠭ᠎ᠠ       ᠸᠠᠩ ᠠᠢ ᠵᠢᠶᠦ᠋ᠨ   ᠬᠤᠲᠠ ᠶᠢᠨ ᠵᠠᠮ ᠲᠡᠭᠡᠭᠡᠪᠦᠷᠢ ᠶᠢᠨ ᠲᠣᠪᠴᠢᠶᠠᠨ ᠤ ᠲᠣᠪᠴᠢᠶᠠᠨ ᠳᠠᠷᠤᠭ᠎ᠠ       ᠯᠢ ᠬᠤᠩ ᠸᠧᠢ   ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠲᠣᠪᠴᠢᠶᠠᠨ ᠳᠠᠷᠤᠭ᠎ᠠ       ᠬᠥ᠋ ᠯᠢ ᠪᠢᠨ   ᠬᠤᠲᠠ ᠶᠢᠨ ᠬᠢᠨᠠᠨ ᠪᠣᠳᠣᠬᠤ ᠲᠣᠪᠴᠢᠶᠠᠨ ᠤ ᠲᠣᠪᠴᠢᠶᠠᠨ ᠳᠠᠷᠤᠭ᠎ᠠ       ᠴᠧᠨ ᠯᠧᠢ   ᠬᠤᠲᠠ ᠶᠢᠨ ᠭᠠᠯ  ᠰᠠᠷᠭᠡᠶᠢᠯᠠᠵᠣ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠳᠠᠷᠤᠭ᠎ᠠ       ᠱᠠᠨ ᠢᠦᠢ  ᠭᠥᠸᠧ   ᠬᠤᠲᠠ ᠶᠢᠨ ᠵᠠᠬᠢᠳᠠᠯ ᠰᠣᠷᠪᠤᠯᠵᠢᠯᠠᠯ ᠤᠨ ᠲᠣᠪᠴᠢᠶᠠᠨ ᠤ ᠳᠡᠳ᠋ ᠳᠠᠷᠤᠭ᠎ᠠ       ᠯᠢ ᠾᠧ   ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠤᠯᠤᠰ ᠲᠦᠷᠦ ᠶᠢᠨ ᠭᠡᠰᠢᠭᠦᠨ       ᠴᠧᠦ ᠭᠤᠸᠠᠩ ᠵᠢᠶᠧ   ᠬᠤᠲᠠ ᠶᠢᠨ ᠬᠠᠤᠯᠢ ᠳᠦᠷᠢᠮ ᠤᠨ ᠠᠯᠪᠠᠨ ᠭᠡᠷ ᠤᠨ ᠡᠷᠬᠢᠯᠡᠭᠴᠢ       ᠬᠤᠸᠠᠩ ᠶᠦᠩ ᠼᠠᠢ   ᠬᠤᠲᠠ ᠶᠢᠨ ᠴᠠᠬᠢᠯᠭᠠᠨ ᠬᠠᠩᠭᠠᠬᠤ ᠺᠣᠮᠫᠠᠨᠢ ᠶᠢᠨ ᠶᠡᠷᠦᠩᠬᠡᠢ ᠳᠠᠭᠠᠭᠠᠮᠠᠯ       ᠶᠠᠩ ᠬᠠᠢ ᠪᠥᠸᠧ    ᠨᠢᠭᠡᠳᠦᠮᠡᠯ ᠬᠤᠯᠪᠣᠭ᠎ᠠ ᠶᠢᠨ ᠺᠣᠮᠫᠠᠨᠢ ᠶᠢᠨ ᠶᠡᠷᠦᠩᠬᠡᠢ ᠳᠠᠭᠠᠭᠠᠮᠠᠯ       ᠶᠤᠸᠠᠢ ᠶᠢᠩ    ᠰᠢᠯᠵᠢᠮᠡᠯ ᠬᠤᠯᠪᠣᠭᠠᠨ ᠤ ᠺᠣᠮᠫᠠᠨᠢ ᠶᠢᠨ ᠶᠡᠷᠦᠩᠬᠡᠢ ᠳᠠᠭᠠᠭᠠᠮᠠᠯ       ᠹᠧᠩ ᠶᠤᠸᠠᠢ ᠴᠢᠶᠠᠩ   ᠴᠠᠬᠢᠯᠭᠠᠨ ᠬᠤᠯᠪᠣᠭᠠᠨ ᠤ ᠺᠣᠮᠫᠠᠨᠢ ᠶᠢᠨ ᠶᠡᠷᠦᠩᠬᠡᠢ ᠳᠠᠭᠠᠭᠠᠮᠠᠯ       ᠵᠠᠩ ᠪᠥᠸᠧ ᠠ᠊ ᠷᠡᠰᠢᠶᠠᠨ ᠤ ᠰᠧᠨ ᠭᠥᠩ ᠺᠣᠮᠫᠠᠨᠢ ᠶᠢᠨ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠬᠡᠯᠲᠡᠰ ᠤᠨ ᠳᠠᠷᠤᠭ᠎ᠠ       ︵ᠬᠤᠶᠠᠷ︶ ︽ᠭᠤᠷᠪᠠ ᠶᠢ ᠥᠭᠡᠷᠡᠴᠢᠯᠡᠬᠦ︾ ᠠᠵᠢᠯ ᠤᠨ ᠳᠤᠭᠤᠶᠢᠯᠠᠩ       ᠳᠤᠭᠤᠶᠢᠯᠠᠩ ᠤᠨ ᠳᠠᠷᠤᠭ᠎ᠠ᠄ ᠴᠢᠶᠣᠤ ᠹᠧᠩ ᠯᠢᠨ   ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ       ᠳᠡᠳ᠋ ᠳᠤᠭᠤᠶᠢᠯᠠᠩ ᠤᠨ ᠳᠠᠷᠤᠭ᠎ᠠ᠄ ᠯᠢᠦ ᠽᠧᠩ ᠺᠧ   ᠬᠤᠲᠠ   ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ       ᠽᠥᠩ ᠯᠢ ᠪᠢᠨ    ᠷᠠᠰᠢᠶᠠᠨ ᠤ  ᠰᠧᠨ ᠭᠥᠩ ᠺᠣᠮᠫᠠᠨᠢ ᠶᠢᠨ ᠳᠡᠳ᠋ ᠶᠡᠷᠦᠩᠬᠡᠢ ᠳᠠᠭᠠᠭᠠᠮᠠᠯ       ᠪᠦᠷᠢᠯᠳᠦᠭᠦᠨ᠄ ᠭᠤᠸ ᠵᠢᠶᠠᠨ ᠴᠢᠶᠠᠩ    ᠢᠷᠪᠢᠰ ᠵᠡᠭᠡᠯᠢ ᠶᠢᠨ ᠨᠠᠮ ᠤᠨ ᠠᠵᠢᠯ ᠤᠨ ᠵᠦᠪᠯᠡᠯ ᠤᠨ ᠱᠦᠵᠢ       ᠸᠠᠩ ᠲᠤᠤ    ᠰᠢᠨ ᠴᠧᠩ ᠵᠡᠭᠡᠯᠢ ᠶᠢᠨ ᠨᠠᠮ ᠤᠨ ᠠᠵᠢᠯ ᠤᠨ ᠵᠦᠪᠯᠡᠯ ᠤᠨ ᠱᠦᠵᠢ       ᠯᠢ ᠪᠢᠨ   ᠯᠢᠨ ᠬᠠᠢ ᠵᠡᠭᠡᠯᠢ ᠶᠢᠨ ᠨᠠᠮ ᠤᠨ ᠠᠵᠢᠯ ᠤᠨ ᠵᠦᠪᠯᠡᠯ ᠤᠨ ᠱᠦᠵᠢ       ᠸᠠᠩ ᠬᠠᠢ ᠵᠢᠶᠦ᠋ᠨ   ᠬᠤᠲᠠ ᠶᠢᠨ ᠣᠷᠣᠨ ᠰᠠᠭᠤᠴᠠ ᠪᠠ ᠪᠦᠲᠦᠭᠡᠨ ᠪᠠᠶᠢᠭᠤᠯᠤᠯᠲᠠ ᠶᠢᠨ ᠲᠣᠪᠴᠢᠶᠠᠨ ᠤ ᠲᠣᠪᠴᠢᠶᠠᠨ ᠳᠠᠷᠤᠭ᠎ᠠ       ᠯᠢ ᠺᠦᠨ   ᠬᠤᠲᠠ ᠶᠢᠨ ᠬᠠᠮᠢᠶᠠᠷᠤᠯᠲᠠ ᠶᠢᠨ ᠲᠣᠪᠴᠢᠶᠠᠨ ᠤ ᠲᠣᠪᠴᠢᠶᠠᠨ ᠳᠠᠷᠤᠭ᠎ᠠ       ᠵᠣᠣ ᠰᠢᠶᠣᠣ ᠴᠧᠨ    ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠲᠣᠪᠴᠢᠶᠠᠨ ᠳᠠᠷᠤᠭ᠎ᠠ       ᠱᠠᠨ ᠢᠦᠢ  ᠭᠥᠸᠧ   ᠬᠤᠲᠠ ᠶᠢᠨ ᠵᠠᠬᠢᠳᠠᠯ ᠰᠣᠷᠪᠤᠯᠵᠢᠯᠠᠯ ᠤᠨ ᠲᠣᠪᠴᠢᠶᠠᠨ ᠤ ᠳᠡᠳ᠋ ᠳᠠᠷᠤᠭ᠎ᠠ       ᠵᠠᠩ ᠪᠥᠸᠧ ᠷᠡᠰᠢᠶᠠᠨ ᠤ ᠰᠧᠨ ᠭᠥᠩ ᠺᠣᠮᠫᠠᠨᠢ ᠶᠢᠨ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠬᠡᠯᠲᠡᠰ ᠤᠨ ᠳᠠᠷᠤᠭ᠎ᠠ       ︵ᠭᠤᠷᠪᠠ︶ ︽ᠭᠤᠷᠪᠠᠵᠢᠭᠤᠯᠬᠤ︾ ᠠᠵᠢᠯ ᠤᠨ ᠳᠤᠭᠤᠶᠢᠯᠠᠩ       ᠳᠤᠭᠤᠶᠢᠯᠠᠩ ᠤᠨ ᠳᠠᠷᠤᠭ᠎ᠠ᠄ ᠴᠢᠶᠣᠤ ᠹᠧᠩ ᠯᠢᠨ   ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ       ᠳᠡᠳ᠋ ᠳᠤᠭᠤᠶᠢᠯᠠᠩ ᠤᠨ ᠳᠠᠷᠤᠭ᠎ᠠ᠄ ᠴᠧᠩ ᠷᠦᠩ ᠱᠠᠨ   ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ       ᠽᠥᠩ ᠯᠢ ᠪᠢᠨ    ᠷᠠᠰᠢᠶᠠᠨ ᠤ  ᠰᠧᠨ ᠭᠥᠩ ᠺᠣᠮᠫᠠᠨᠢ ᠶᠢᠨ ᠳᠡᠳ᠋ ᠶᠡᠷᠦᠩᠬᠡᠢ ᠳᠠᠭᠠᠭᠠᠮᠠᠯ       ᠪᠦᠷᠢᠯᠳᠦᠭᠦᠨ᠄ ᠭᠤᠸ ᠵᠢᠶᠠᠨ ᠴᠢᠶᠠᠩ   ᠢᠷᠪᠢᠰ ᠵᠡᠭᠡᠯᠢ ᠶᠢᠨ ᠨᠠᠮ ᠤᠨ ᠠᠵᠢᠯ ᠤᠨ ᠵᠦᠪᠯᠡᠯ ᠤᠨ ᠱᠦᠵᠢ       ᠸᠠᠩ ᠲᠤᠤ   ᠰᠢᠨ ᠴᠧᠩ ᠵᠡᠭᠡᠯᠢ ᠶᠢᠨ ᠨᠠᠮ ᠤᠨ ᠠᠵᠢᠯ ᠤᠨ ᠵᠦᠪᠯᠡᠯ ᠤᠨ ᠱᠦᠵᠢ       ᠯᠢ ᠪᠢᠨ    ᠯᠢᠨ ᠬᠠᠢ ᠵᠡᠭᠡᠯᠢ ᠶᠢᠨ ᠨᠠᠮ ᠤᠨ ᠠᠵᠢᠯ ᠤᠨ ᠵᠦᠪᠯᠡᠯ ᠤᠨ ᠱᠦᠵᠢ       ᠸᠠᠩ ᠬᠠᠢ ᠵᠢᠶᠦ᠋ᠨ    ᠬᠤᠲᠠ ᠶᠢᠨ ᠣᠷᠣᠨ ᠰᠠᠭᠤᠴᠠ ᠪᠠ ᠪᠦᠲᠦᠭᠡᠨ ᠪᠠᠶᠢᠭᠤᠯᠤᠯᠲᠠ ᠶᠢᠨ ᠲᠣᠪᠴᠢᠶᠠᠨ ᠤ ᠲᠣᠪᠴᠢᠶᠠᠨ ᠳᠠᠷᠤᠭ᠎ᠠ       ᠯᠢ ᠺᠦᠨ      ᠬᠤᠲᠠ ᠶᠢᠨ ᠬᠠᠮᠢᠶᠠᠷᠤᠯᠲᠠ ᠶᠢᠨ ᠲᠣᠪᠴᠢᠶᠠᠨ ᠤ ᠲᠣᠪᠴᠢᠶᠠᠨ ᠳᠠᠷᠤᠭ᠎ᠠ       ᠵᠣᠣ ᠰᠢᠶᠣᠣ ᠴᠧᠨ    ᠬᠤᠲᠠ ᠶᠢᠨ ᠪᠠᠶᠢᠭᠠᠯᠢ ᠶᠢᠨ ᠡᠬᠢ  ᠪᠠᠶᠠᠯᠢᠭ ᠤᠨ ᠲᠣᠪᠴᠢᠶᠠᠨ ᠤ ᠲᠣᠪᠴᠢᠶᠠᠨ ᠳᠠᠷᠤᠭ᠎ᠠ       ᠵᠠᠩ ᠪᠦᠥᠸ᠋  ᠷᠡᠰᠢᠶᠠᠨ ᠤ ᠰᠧᠨ ᠭᠥᠩ ᠺᠣᠮᠫᠠᠨᠢ ᠶᠢᠨ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠬᠡᠯᠲᠡᠰ ᠤᠨ ᠳᠠᠷᠤᠭ᠎ᠠ       ︵ᠳᠥᠷᠪᠡ︶ ᠪᠡᠯᠡ ᠮᠥᠩᠭᠦ ᠶᠢᠨ ᠪᠠᠲᠤᠯᠠᠭ᠎ᠠ ᠶᠢᠨ ᠳᠤᠭᠤᠶᠢᠯᠠᠩ       ᠳᠤᠭᠤᠶᠢᠯᠠᠩ ᠤᠨ ᠳᠠᠷᠤᠭ᠎ᠠ᠄ ᠰᠦᠨ ᠪᠠᠢ ᠴᠤᠸᠠᠨ   ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ       ᠳᠡᠳ᠋ ᠳᠤᠭᠤᠶᠢᠯᠠᠩ ᠤᠨ ᠳᠠᠷᠤᠭ᠎ᠠ᠄ ᠯᠢᠦ ᠬᠦᠶ ᠵᠦ   ᠬᠤᠲᠠ ᠶᠢᠨ ᠡᠳ᠋ ᠤᠨ ᠵᠠᠰᠠᠭ ᠤᠨ ᠲᠣᠪᠴᠢᠶᠠᠨ ᠤ ᠲᠣᠪᠴᠢᠶᠠᠨ ᠳᠠᠷᠤᠭ᠎ᠠ       ᠪᠦᠷᠢᠯᠳᠦᠭᠦᠨ᠄ ᠬᠥ᠋ ᠯᠢ ᠪᠢᠨ   ᠬᠤᠲᠠ ᠶᠢᠨ ᠬᠢᠨᠠᠨ ᠪᠤᠳᠤᠬᠤ ᠲᠣᠪᠴᠢᠶᠠᠨ ᠤ ᠲᠣᠪᠴᠢᠶᠠᠨ ᠳᠠᠷᠤᠭ᠎ᠠ       ᠯᠢᠦ ᠶᠢᠩ    ᠬᠤᠲᠠ ᠶᠢᠨ ᠡᠳ᠋ ᠤᠨ ᠵᠠᠰᠠᠭ ᠤᠨ ᠲᠣᠪᠴᠢᠶᠠᠨ ᠤ ᠳᠡᠳ᠋ ᠳᠠᠷᠤᠭ᠎ᠠ       ᠰᠢᠦᠢ ᠫᠢᠩ ᠫᠢᠩ ᠷᠠᠰᠢᠶᠠᠨ ᠤ ᠰᠧᠨ ᠭᠥᠩ ᠺᠣᠮᠫᠠᠨᠢ ᠶᠢᠨ ᠡᠳ᠋ ᠤᠨ ᠶᠠᠪᠤᠳᠠᠯ ᠤᠨ ᠬᠡᠯᠳᠡᠰ ᠤᠨ ᠲᠠᠷᠤᠭ᠎ᠠ       ︵ᠬᠤᠶᠠᠷ︶ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ ᠥᠷᠭᠡᠨ ᠢᠶᠠᠷ ᠳᠠᠶᠢᠴᠢᠯᠠᠬᠤ ᠬᠡᠷᠡᠭᠲᠡᠢ       ᠡᠯ᠎ᠡ ᠬᠠᠷᠢᠭᠤᠴᠠᠯᠭᠠᠲᠤ ᠨᠢᠭᠡᠴᠢ ᠨᠦᠭᠦᠳ ᠬᠡᠷᠡᠭᠵᠢᠭᠦᠯᠬᠦ ᠨᠠᠷᠢᠨ ᠳᠦᠷᠢᠮ ᠲᠣᠭᠲᠠᠭᠠᠵᠤ᠂ ᠵᠠᠮ ᠱᠤᠭᠤᠮ ᠤᠨ ᠵᠢᠷᠤᠭ ᠪᠠ ᠴᠠᠭ ᠤᠨ ᠬᠦᠰᠦᠨᠦᠭᠲᠦ ᠪᠠᠨ ᠰᠠᠶᠢᠲᠤᠷ ᠵᠢᠭᠰᠠᠭᠠᠵᠤ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠤᠨ᠂ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠸᠢᠴᠠᠲ ᠤᠨ ᠣᠯᠠᠨ ᠨᠡᠶᠢᠲᠡ ᠶᠢᠨ ᠲᠠᠪᠴᠠᠩ᠂ ᠬᠤᠲᠠ ᠶᠢᠨ ᠬᠠᠮᠢᠶᠠᠷᠤᠯᠲᠠ ᠶᠢᠨ ᠣᠶᠤᠨᠲᠤ ᠲᠠᠪᠴᠠᠩ ᠢ ᠬᠡᠷᠡᠭᠯᠡᠨ᠂ ᠣᠯᠠᠨ ᠲᠦᠮᠡᠨ ᠢ ᠳᠠᠶᠢᠴᠢᠯᠠᠨ ᠬᠤᠲᠠ ᠶᠢᠨ ᠬᠠᠮᠢᠶᠠᠷᠤᠯᠲᠠ ᠳᠤ ᠢᠳᠡᠪᠬᠢᠲᠡᠢ ᠣᠷᠣᠯᠴᠠᠭᠤᠯᠬᠤ ᠬᠡᠷᠡᠭᠲᠡᠢ᠃ ᠬᠤᠳᠠ ᠶᠢᠨ ᠬᠠᠮ ᠵᠠᠭᠤᠴᠢᠯᠠᠭᠤᠷ ᠤᠨ ᠲᠥᠪ ᠤᠨ ᠬᠢᠨ ᠶᠡᠷᠦᠩᠬᠡᠶᠢᠯᠡᠨ ᠴᠡᠭᠴᠡᠯᠡᠨ ᠵᠠᠰᠠᠵᠤ ᠳᠡᠭᠡᠭᠰᠢᠯᠡᠭᠦᠯᠬᠦ ᠠᠵᠢᠯᠯᠠᠭ᠎ᠠ ᠶᠢᠨ ᠰᠠᠶᠢᠨ ᠲᠤᠷᠰᠢᠯᠭ᠎ᠠ᠂ ᠰᠠᠶᠢᠨ ᠠᠷᠭ᠎ᠠ ᠬᠢᠳᠡᠯ ᠢ ᠥᠷᠭᠡᠨ ᠢᠶᠠᠷ ᠤᠬᠠᠭᠤᠯᠵᠤ᠂ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃       ︵ᠭᠤᠷᠪᠠ︶ ᠲᠥᠷᠥᠯ ᠬᠤᠪᠢᠶᠠᠨ ᠲᠥᠷᠥ ᠶᠢᠨ ᠪᠣᠳᠣᠯᠭ᠎ᠠ ᠬᠡᠷᠡᠭᠵᠢᠭᠦᠯᠵᠦ᠂ ᠲᠣᠭᠲᠠᠴᠠ ᠶᠢ ᠪᠦᠷᠢᠨᠰᠢᠭᠦᠯᠦᠨ᠎ᠡ       ᠡᠯ᠎ᠡ ᠬᠠᠷᠢᠭᠤᠴᠠᠯᠭᠠᠲᠤ ᠨᠢᠭᠡᠴᠢ ᠨᠦᠭᠦᠳ ᠡᠯ᠎ᠡ ᠵᠦᠢᠯ ᠤᠨ ᠨᠠᠷᠢᠯᠢᠭᠵᠢᠭᠤᠯᠤᠭᠰᠠᠨ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠪᠠᠷ ᠪᠠᠷᠠᠬᠤ ᠦᠭᠡᠢ᠂ ᠪᠠᠰᠠ ᠣᠨᠴᠠᠯᠢᠭ ᠢᠶᠠᠨ ᠳᠣᠪᠤᠶᠢᠯᠭᠠᠬᠤ᠂ ᠲᠥᠷᠥᠯ ᠬᠤᠪᠢᠶᠠᠨ ᠲᠥᠷᠥ ᠶᠢᠨ ᠪᠣᠳᠣᠯᠭ᠎ᠠ ᠬᠡᠷᠡᠭᠵᠢᠭᠦᠯᠬᠦ ᠶᠢ ᠴᠢᠬᠤᠯᠠᠴᠢᠯᠠᠵᠤ᠂ ᠰᠣᠳᠣᠨ ᠵᠠᠮ ᠤᠨ ᠬᠡᠰᠡᠭ᠂ ᠰᠣᠳᠣᠨ ᠪᠠᠭ᠎ᠠ ᠲᠣᠭᠤᠷᠢᠭ ᠵᠡᠷᠭᠡ ᠶᠢ ᠵᠣᠬᠢᠶᠠᠨ  ᠪᠠᠶᠢᠭᠤᠯᠬᠤ ᠪᠠᠷ ᠳᠠᠮᠵᠢᠭᠤᠯᠤᠨ᠂ ᠬᠥᠲᠥᠯᠥᠨ ᠳᠠᠭᠠᠭᠤᠯᠬᠤ ᠪᠠ ᠵᠢᠱᠢᠶ᠎ᠡ ᠦᠵᠡᠭᠦᠯᠬᠦ ᠦᠢᠯᠡᠳᠦᠯ ᠢᠶᠠᠨ ᠪᠠᠳᠠᠷᠠᠭᠤᠯᠬᠤ ᠬᠡᠷᠡᠭᠲᠡᠢ᠃ ᠡᠯ᠎ᠡ ᠬᠠᠮᠢᠶ᠎ᠠ ᠪᠦᠬᠦᠢ ᠨᠢᠭᠡᠴᠢ ᠶᠢᠨ ᠬᠢᠨ ᠨᠢᠭᠡᠳᠦᠯᠲᠡᠢ ᠪᠠᠶᠢᠬᠤ ᠤᠬᠠᠮᠰᠠᠷ ᠢᠶᠠᠨ ᠳᠡᠭᠡᠭᠰᠢᠯᠡᠭᠦᠯᠵᠦ᠂ ᠠᠵᠢᠯ ᠤᠨ ᠪᠠᠷᠢᠮᠵᠢᠶ᠎ᠠ ᠶᠢᠨ ᠲᠠᠯ᠎ᠠ ᠪᠠᠷ ᠴᠢᠩᠭ᠎ᠠ ᠱᠠᠭᠠᠷᠳᠠᠵᠤ᠂ ᠠᠵᠢᠯ ᠤᠨ ᠰᠤᠷᠲᠠᠯ ᠤᠨ ᠲᠠᠯ᠎ᠠ ᠪᠠᠷ ᠨᠠᠶᠢᠳᠠᠪᠤᠷᠢᠵᠢᠭᠤᠯᠬᠤ ᠶᠢ ᠴᠢᠬᠤᠯᠠᠴᠢᠯᠠᠵᠤ᠂ ᠪᠣᠳᠠᠲᠤ ᠦᠷ᠎ᠡ ᠪᠦᠲᠦᠮᠵᠢ ᠶᠢ ᠪᠠᠲᠤᠯᠠᠵᠤ᠂ ᠬᠤᠭᠤᠰᠤᠨ ᠤᠷᠢᠶ᠎ᠠ ᠬᠠᠰᠬᠢᠷᠬᠤ᠂ ᠬᠤᠭᠤᠰᠣᠨ ᠦᠭᠡ ᠶᠠᠷᠢᠬᠤ ᠵᠡᠷᠭᠡ ᠬᠡᠯᠪᠡᠷᠢᠴᠢ ᠦᠵᠡᠯ ᠨᠣᠶᠠᠨᠴᠢ ᠰᠤᠷᠲᠠᠯ ᠤᠨ ᠠᠰᠠᠭᠤᠳᠠᠯ ᠢ ᠡᠷᠡᠰ ᠬᠤᠷᠢᠭᠯᠠᠵᠤ᠂ ᠠᠯᠢ ᠤᠯᠠᠨ ᠦᠨᠡᠨ ᠪᠣᠳᠠᠲᠠᠢ ᠠᠵᠢᠯ ᠤᠨ ᠠᠷᠭ᠎ᠠ ᠬᠡᠮᠵᠢᠶ᠎ᠡ ᠪᠣᠯᠣᠨ ᠦᠷ᠎ᠡ ᠪᠦᠲᠦᠮᠵᠢ ᠪᠠᠷ ᠳᠠᠮᠵᠢᠭᠤᠯᠵᠤ᠂ ᠬᠤᠳᠠ ᠶᠢᠨ ᠬᠠᠮᠢᠶᠠᠷᠤᠯᠲᠠ ᠶᠢᠨ ᠲᠦᠪᠰᠢᠨ ᠢ ᠬᠦᠴᠦᠯᠡᠨ ᠳᠡᠭᠡᠭᠰᠢᠯᠡᠭᠦᠯᠬᠦ ᠬᠡᠷᠡᠭᠲᠡᠢ᠃
 
ᠢᠷᠡᠯᠲᠡ᠄ ᠷᠡᠰᠢᠶᠠᠨ ᠬᠤᠳᠡ ᠶᠢᠨ ᠠᠷᠡᠳ ᠤᠨ ᠵᠠᠰᠠᠭ ᠤᠨ ᠣᠷᠳᠣᠨ ᠤ ᠠᠯᠪᠡᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号