ᠷᠠᠰᠢᠶᠠᠨ ᠤ ᠵᠣᠭᠠᠴᠠᠯ ᠤᠨ ᠠᠮᠠᠷᠠᠯᠲᠠ ᠶᠢᠨ ᠣᠷᠣᠨ ᠤ ᠵᠣᠭᠠᠴᠠᠯ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ
ᠨᠡᠶᠢᠲᠡᠯᠡᠭᠰᠡᠨ ᠴᠠᠭ᠄
2023/8/29
ᠳᠠᠭᠠᠯᠳᠤᠭᠤᠯᠤᠯ         ᠷᠠᠰᠢᠶᠠᠨ ᠤ ᠵᠣᠭᠠᠴᠠᠯ ᠤᠨ ᠠᠮᠠᠷᠠᠯᠲᠠ ᠶᠢᠨ ᠣᠷᠣᠨ ᠤ ᠵᠣᠭᠠᠴᠠᠯ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ       ᠨᠢᠭᠡᠳᠦᠭᠡᠷ ᠵᠦᠢᠯ  ᠨᠠᠶᠢᠷᠠᠭᠤᠯᠤᠨ ᠵᠣᠬᠢᠶᠠᠬᠤ ᠵᠣᠷᠢᠯᠭ᠎ᠠ       ᠷᠠᠰᠢᠶᠠᠨ ᠤ ᠵᠤᠭᠠᠴᠠᠯ ᠤᠨ ᠠᠮᠠᠷᠠᠯᠲᠠ ᠶᠢᠨ ᠣᠷᠣᠨ ᠤ ᠵᠤᠭᠠᠴᠠᠯ ᠤᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠣ᠂ ᠵᠣᠭᠠᠴᠠᠯ ᠤᠨ ᠭᠡᠨᠡᠳᠲᠡ ᠶᠢᠨ ᠬᠡᠷᠡᠭ ᠢ  ᠠᠷᠭᠠᠴᠠᠭᠠᠬᠤ ᠴᠢᠳᠠᠪᠤᠷᠢ ᠪᠠᠨ ᠳᠡᠭᠡᠭᠰᠢᠯᠡᠭᠦᠯᠵᠦ᠂ ᠵᠣᠭᠠᠴᠠᠯ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠵᠢᠯ ᠢ ᠴᠠᠭ ᠲᠤᠬᠠᠢ ᠳᠤᠨᠢ᠂ ᠡᠮᠬᠢ ᠵᠢᠷᠤᠮ ᠲᠠᠢ᠂ ᠥᠨᠳᠥᠷ ᠦᠷ᠎ᠡ ᠪᠦᠲᠦᠮᠵᠢᠲᠡᠶ ᠪᠠᠷ ᠰᠠᠶᠢᠲᠤᠷ ᠬᠢᠵᠦ᠂ ᠵᠣᠭᠠᠴᠠᠯ ᠤᠨ ᠭᠡᠨᠡᠳᠲᠡ ᠶᠢᠨ ᠬᠡᠷᠡᠭ ᠠᠴᠠ ᠪᠣᠯᠤᠭᠰᠠᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠨ᠂  ᠵᠣᠭᠠᠴᠠᠬᠰᠠᠳ ᠤᠨ ᠪᠡᠶ᠎ᠡ ᠮᠠᠬᠠᠪᠤᠳ᠂ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠵᠤ᠂ ᠷᠠᠰᠢᠶᠠᠨ ᠤ ᠵᠣᠭᠠᠴᠠᠯ ᠤᠨ ᠠᠮᠠᠷᠠᠯᠲᠠ ᠶᠢᠨ ᠣᠷᠣᠨ ᠤ ᠵᠣᠭᠠᠴᠠᠯ ᠤᠨ ᠳᠦᠷᠢ ᠲᠥᠷᠬᠦ ᠶᠢ ᠬᠠᠮᠠᠭᠠᠯᠠᠨ᠂ ᠵᠣᠭᠠᠴᠠᠯ ᠤᠨ ᠦᠢᠯᠡᠰ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠶᠢᠨ ᠲᠥᠯᠥᠭᠡ  ᠪᠣᠯᠣᠨ᠎ᠠ᠃       ᠬᠤᠶᠠᠳᠤᠭᠠᠷ ᠵᠦᠢᠯ ᠣᠷᠣᠨ ᠲᠣᠭᠠᠨ ᠤ ᠦᠨᠳᠦᠰᠦᠯᠡᠯ        ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠨᠡᠳᠲᠡ ᠶᠢᠨ ᠬᠡᠷᠡᠭ ᠶᠠᠪᠣᠳᠡᠯ ᠢ ᠠᠷᠭᠠᠴᠠᠭᠠᠬᠤ ᠬᠠᠣᠯᠢ︾ ︽ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠤᠨ ᠬᠠᠮᠢᠶᠠᠷᠤᠯᠲᠠ ᠶᠢᠨ ᠠᠷᠭ᠎ᠠ︾ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠵᠢᠴᠢ ︽ᠤᠯᠤᠰ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠶᠡᠷᠦᠩᠬᠡᠢ ᠲᠥᠰᠥᠯ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠥᠯ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠶᠡᠷᠦᠩᠬᠡᠢ ᠲᠥᠰᠥᠯ ︵ᠲᠤᠷᠰᠢᠨ ᠬᠡᠷᠡᠭᠵᠢᠭᠦᠯᠬᠦ︶︾ ︽ᠬᠢᠩᠭᠠᠨ ᠠᠶᠢᠮᠠᠭ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠶᠡᠷᠦᠩᠬᠡᠢ ᠲᠥᠰᠥᠯ︾ ︽ᠷᠠᠰᠢᠶᠠᠨ ᠬᠤᠲᠠ ᠶᠢᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠶᠡᠷᠦᠩᠬᠡᠢ ᠲᠥᠰᠥᠯ ᠤᠨ ᠬᠠᠮᠢᠶᠠᠷᠤᠯᠲᠠ ᠶᠢᠨ ᠠᠷᠭ᠎ᠠ︾ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠪᠠ ᠪᠢᠴᠢᠭ ᠮᠠᠲ᠋ᠧᠷᠢᠶᠠᠯ ᠤᠨ ᠲᠣᠭᠲᠠᠭᠠᠯ ᠳᠤ᠂ ᠠᠮᠠᠷᠠᠯᠲᠠ ᠶᠢᠨ ᠣᠷᠣᠨ ᠤ ᠵᠣᠭᠠᠴᠠᠯ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠤᠨ ᠪᠣᠳᠠᠲᠠᠢ ᠲᠠᠢ ᠤᠶᠠᠯᠳᠤᠭᠤᠯᠤᠨ᠂ ᠲᠣᠰ ᠪᠡᠯᠡᠳᠬᠡᠯ ᠲᠥᠰᠥᠯ ᠢ ᠲᠣᠭᠲᠠᠭᠠᠪᠡ᠃       ᠭᠤᠷᠪᠠᠳᠤᠭᠠᠷ ᠵᠦᠢᠯ  ᠬᠡᠷᠡᠭᠯᠡᠬᠦ ᠬᠡᠪᠴᠢᠶ᠎ᠡ       ᠲᠣᠰ ᠪᠡᠯᠡᠳᠬᠡᠯ ᠲᠥᠰᠥᠯ ᠪᠣᠯ ᠠᠮᠠᠷᠠᠯᠲᠠ ᠶᠢᠨ ᠣᠷᠣᠨ ᠤ ᠵᠣᠭᠠᠴᠠᠯ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠤᠨ ᠰᠢᠰᠲ᠋ᠧᠮ ᠤᠨ ᠶᠡᠷᠦᠩᠬᠡᠢ ᠬᠥᠲᠥᠯᠪᠦᠷᠢ ᠪᠠᠶᠢᠵᠤ᠂ ᠲᠣᠰ ᠠᠮᠠᠷᠠᠯᠲᠠ ᠶᠢᠨ ᠣᠷᠣᠨ ᠤ ᠬᠠᠷᠢᠭᠤᠴᠠᠵᠤ ᠪᠠᠶᠢᠭ᠎ᠠ ᠪᠤᠶᠤ ᠣᠷᠣᠯᠴᠠᠭᠰᠠᠨ ᠵᠣᠭᠠᠴᠠᠯ ᠤᠨ ᠭᠡᠨᠡᠳᠲᠡ ᠶᠢᠨ ᠬᠡᠷᠡᠭ ᠤᠨ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠵᠢᠴᠢ ᠬᠡᠷᠡᠭ ᠤᠨ ᠳᠠᠷᠠᠭ᠎ᠠ ᠰᠡᠷᠭᠦᠭᠡᠨ ᠳᠠᠬᠢᠨ ᠪᠠᠶᠢᠭᠤᠯᠬᠤ ᠵᠡᠷᠭᠡ ᠠᠵᠢᠯ ᠢ ᠵᠢᠯᠤᠭᠤᠳᠬᠤ ᠳᠤ ᠬᠡᠷᠡᠭᠯᠡᠨ᠎ᠡ᠃       ᠲᠤᠰ ᠪᠡᠯᠡᠳᠬᠡᠯ ᠲᠥᠰᠥᠯ ᠳᠤ ᠬᠡᠯᠡᠵᠦ ᠪᠠᠶᠢᠭ᠎ᠠ ᠭᠡᠨᠡᠳᠲᠡ ᠶᠢᠨ ᠬᠡᠷᠡᠭ ᠭᠡᠳᠡᠭ ᠪᠣᠯ ᠭᠡᠨᠡᠳᠲᠡ ᠡᠭᠦᠰᠦᠭᠰᠡᠨ᠂ ᠬᠦᠨᠳᠦ ᠨᠣᠴᠢᠲᠠᠢ ᠨᠡᠶᠢᠭᠡᠮ ᠤᠨ ᠬᠤᠣᠷ ᠬᠥᠨᠥᠭᠡᠯ ᠤᠴᠠᠷᠠᠭᠤᠯᠤᠭᠰᠠᠨ ᠪᠤᠶᠤ ᠤᠴᠠᠷᠠᠭᠤᠯᠵᠤ ᠮᠡᠳᠡᠬᠦ ᠂ ᠪᠠᠴᠢᠮ ᠪᠠᠶᠢᠳᠠᠯ ᠢ ᠠᠷᠭᠠᠴᠠᠭᠠᠬᠤ ᠠᠷᠭ᠎ᠠ ᠬᠡᠮᠵᠢᠶ᠎ᠡ ᠠᠪᠴᠤ ᠠᠷᠭᠠᠴᠠᠭᠠᠨ ᠰᠢᠢᠳᠪᠦᠷᠢᠯᠡᠬᠦ ᠴᠢᠬᠤᠯᠠᠲᠠᠢ ᠪᠠᠶᠢᠭᠠᠯᠢ ᠶᠢᠨ ᠭᠠᠮᠰᠢᠭ᠂ ᠡ᠊ᠨᠳᠡᠯ ᠤᠨ ᠭᠠᠢ ᠭᠠᠮᠰᠢᠭ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠪᠠ ᠨᠡᠶᠢᠭᠡᠮ ᠤᠨ ᠠᠮᠤᠷ ᠲᠦᠪᠰᠢᠨ ᠤ ᠬᠡᠷᠡᠭ ᠢ ᠵᠢᠭᠠᠵᠤ ᠪᠠᠶᠢᠨ᠎ᠠ᠃       ᠳᠥᠷᠪᠡᠳᠦᠭᠡᠷ ᠵᠦᠢᠯ᠂ ᠠᠵᠢᠯ ᠤᠨ ᠵᠠᠷᠴᠢᠮ       ︵1︶ ᠬᠥᠮᠥᠨ ᠢᠶᠠᠷ ᠦᠨᠳᠦᠰᠦ ᠪᠣᠯᠭᠠᠵᠤ ᠠᠪᠤᠷᠠᠨ ᠲᠤᠰᠠᠯᠠᠬᠤ ᠶᠢ ᠲᠡᠷᠢᠭᠦᠨ ᠳᠤ ᠲᠠᠯᠪᠢᠨ᠎ᠠ        ᠵᠣᠭᠠᠴᠠᠯ ᠤᠨ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠳᠤ᠂ ᠵᠣᠭᠠᠴᠠᠬᠴᠢ ᠶᠢᠨ ᠠᠮᠢ ᠨᠠᠰᠤᠨ ᠤ ᠠᠮᠤᠷ ᠲᠦᠪᠰᠢᠨ ᠢ ᠪᠠᠲᠤᠯᠠᠬᠤ ᠪᠠᠷ ᠦᠨᠳᠦᠰᠦᠨ ᠵᠣᠷᠢᠯᠭ᠎ᠠ ᠪᠣᠯᠭᠠᠵᠤ᠂ ᠠᠯᠢ ᠴᠢᠳᠠᠬᠤ ᠪᠠᠷ ᠵᠣᠭᠠᠴᠠᠬᠴᠢ ᠳᠤ ᠠᠪᠤᠷᠠᠨ ᠲᠤᠰᠠᠯᠠᠯᠳᠡ ᠶᠢᠨ ᠣᠶᠢᠯᠡᠴᠢᠯᠡᠭᠡ ᠬᠠᠩᠭᠠᠨ᠎ᠠ᠃       ︵2︶ ᠱᠠᠲᠤ ᠬᠤᠪᠢᠶᠠᠨ ᠬᠠᠷᠢᠭᠤᠴᠠᠵᠤ ᠬᠠᠷᠢᠶ᠎ᠠ ᠭᠠᠵᠠᠷ ᠢᠶᠠᠷ ᠭᠤᠣᠯ ᠪᠣᠯᠭᠠᠨ᠎ᠠ       ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠤᠳᠤᠷᠢᠳᠤᠯᠭ᠎ᠠ ᠳᠣᠣᠷ᠎ᠠ᠂ ᠨᠢᠭᠡᠳᠦᠯᠲᠡᠢ ᠤᠳᠤᠷᠢᠳᠬᠤ᠂ ᠲᠥᠷᠥᠯ ᠬᠤᠪᠢᠶᠠᠨ ᠵᠢᠯᠤᠭᠤᠳᠬᠤ᠂ ᠱᠠᠲᠤ ᠬᠤᠪᠢᠶᠠᠨ ᠬᠠᠷᠢᠭᠤᠴᠠᠬᠤ᠂ ᠣᠯᠠᠨ ᠲᠠᠯ᠎ᠠ ᠪᠠᠷ ᠬᠠᠮᠲᠤᠷᠠᠨ ᠬᠥᠳᠡᠯᠦᠯᠴᠡᠬᠦ᠂ ᠬᠠᠷᠢᠶ᠎ᠠ ᠭᠠᠵᠠᠷ ᠢᠶᠠᠷ ᠭᠤᠣᠯ ᠪᠣᠯᠭᠠᠭᠰᠠᠨ ᠵᠣᠭᠠᠴᠠᠯ ᠤᠨ ᠭᠡᠨᠡᠳᠲᠡ ᠶᠢᠨ ᠬᠡᠷᠡᠭ ᠢ  ᠠᠷᠭᠠᠴᠠᠭᠠᠬᠤ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃       ︵3︶ ᠬᠠᠤᠯᠢ ᠶᠣᠰᠣᠭᠠᠷ ᠠᠷᠭᠠᠴᠠᠭᠠᠵᠤ ᠰᠢᠨᠵᠢᠯᠡᠬᠦ ᠤᠬᠠᠭᠠᠨᠴᠢ ᠪᠠᠷ ᠰᠢᠢᠳᠪᠦᠷᠢᠯᠡᠨ᠎ᠠ       ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠣᠲᠣ ᠦᠶ᠎ᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠷᠭ᠎ᠠ ᠪᠠᠷᠢᠯ ᠢ ᠭᠦᠢᠴᠡᠳ ᠬᠡᠷᠡᠭᠯᠡᠨ᠂ ᠵᠣᠭᠠᠴᠠᠯ ᠤᠨ ᠭᠡᠨᠡᠳᠲᠡ ᠶᠢᠨ ᠬᠡᠷᠡᠭ ᠢ ᠠᠷᠭᠠᠴᠠᠭᠠᠬᠤ  ᠠᠵᠢᠯ ᠢ ᠲᠦᠷᠢᠮᠵᠢᠬᠦᠯᠬᠦ᠂ ᠰᠢᠨᠵᠢᠯᠡᠬᠦ ᠤᠬᠠᠭᠠᠨᠴᠢᠯᠠᠬᠤ ᠪᠠ ᠲᠤᠰᠬᠠᠶᠢᠵᠢᠭᠤᠯᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃       ᠲᠠᠪᠤᠳᠤᠭᠠᠷ ᠵᠦᠢᠯ᠂ ᠵᠣᠭᠠᠴᠠᠯ ᠤᠨ ᠭᠡᠨᠡᠳᠲᠡ ᠶᠢᠨ ᠬᠡᠷᠡᠭ ᠤᠨ ᠳᠡᠰ ᠬᠤᠪᠢᠶᠠᠬᠤ ᠪᠠᠷᠢᠮᠵᠢᠶ᠎ᠠ       1. ᠡᠩ ᠤᠨ ᠵᠣᠭᠠᠴᠠᠯ ᠤᠨ ᠭᠡᠨᠡᠳᠲᠡ   ᠶᠢᠨ ᠬᠡᠷᠡᠭ       ︵1︶ ᠬᠥᠮᠥᠨ ᠢ ᠦᠬᠦᠭᠰᠡᠨ ᠪᠤᠶᠤ ᠦᠬᠦᠭᠦᠯᠵᠦ ᠮᠡᠳᠡᠬᠦ ︵ᠠᠯᠠᠭ᠎ᠠ ᠪᠣᠯᠤᠭᠰᠠᠨ ᠪᠠᠭᠲᠠᠨ᠎ᠠ︶ ᠬᠥᠮᠥᠨ ᠤ ᠲᠤᠭ᠎ᠠ ᠶᠢ 3 ᠬᠥᠮᠥᠨ ᠠᠴᠠ ᠳᠣᠭᠤᠭᠰᠢ ᠪᠤᠶᠤ 10 ᠬᠥᠮᠥᠨ ᠠᠴᠠ ᠳᠣᠭᠤᠭᠰᠢ ᠬᠦᠨᠳᠦ ᠰᠢᠷᠬᠠᠲᠤᠭᠤᠯᠤᠭᠰᠠᠨ ;       ︵2︶ ᠵᠣᠭᠠᠴᠠᠬᠴᠢ 50 ᠬᠥᠮᠥᠨ ᠠᠴᠠ ᠳᠣᠭᠤᠭᠰᠢ 24 ᠴᠠᠭ ᠠᠴᠠ ᠬᠡᠲᠦᠷᠡᠲᠡᠯ᠎ᠡ ᠰᠠᠭᠠᠲᠠᠭᠠᠭᠰᠠᠨ ᠪᠥᠭᠡᠳ ᠲᠤᠬᠠᠢ ᠶᠢᠨ ᠭᠠᠵᠠᠷ ᠤᠨ ᠦᠢᠯᠡᠳᠪᠦᠷᠢᠯᠡᠯ ᠠᠮᠢᠳᠤᠷᠠᠯ ᠤᠨ ᠡᠮᠬᠢ ᠵᠢᠷᠤᠮ ᠳᠤ ᠵᠣᠬᠢᠬᠤ ᠨᠥᠯᠥᠭᠡ ᠦᠵᠡᠭᠦᠯᠦᠭᠰᠡᠨ ;       ︵3︶ ᠬᠢᠯᠢ ᠶᠢᠨ ᠳᠣᠲᠣᠨ᠎ᠠ ᠭᠠᠳᠠᠨ᠎ᠠ ᠵᠣᠬᠢᠬᠤ ᠨᠥᠯᠥᠭᠡ ᠭᠠᠷᠭᠠᠭᠰᠠᠨ ᠪᠥᠭᠡᠳ ᠵᠣᠭᠠᠴᠠᠬᠴᠢ ᠶᠢᠨ ᠪᠡᠶ᠎ᠡ ᠮᠠᠬᠠᠪᠤᠳ᠂ ᠡᠳ᠋ ᠬᠥᠷᠥᠩᠭᠡ ᠶᠢᠨ ᠠᠮᠤᠷ ᠲᠦᠪᠰᠢᠨ ᠳᠤ ᠵᠣᠬᠢᠬᠤ ᠰᠦᠷᠳᠡᠭᠦᠯᠦᠯ ᠤᠴᠠᠷᠠᠭᠤᠯᠤᠭᠰᠠᠨ ᠪᠤᠰᠤᠳ ᠬᠡᠷᠡᠭ᠃       2. ᠨᠡᠯᠢᠶᠡᠳ ᠶᠡᠭᠡ ᠵᠣᠭᠠᠴᠠᠯ ᠤᠨ ᠭᠡᠨᠡᠳᠲᠡ   ᠶᠢᠨ ᠬᠡᠷᠡᠭ       ︵1︶ ᠬᠥᠮᠥᠨ ᠢ ᠦᠬᠦᠭᠰᠡᠨ ᠪᠤᠶᠤ ᠦᠬᠦᠭᠦᠯᠵᠦ ᠮᠡᠳᠡᠬᠦ ︵ᠠᠯᠠᠭ᠎ᠠ ᠪᠣᠯᠤᠭᠰᠠᠨ ᠪᠠᠭᠲᠠᠨ᠎ᠠ︶ ᠬᠥᠮᠥᠨ ᠤ ᠲᠤᠭ᠎ᠠ ᠶᠢ 3 ᠬᠦᠮᠣᠨ ᠠᠴᠠ ᠳᠡᠭᠡᠭᠰᠢ 10 ᠬᠦᠮᠣᠨ ᠠᠴᠠ ᠳᠣᠭᠤᠭᠰᠢ ᠪᠤᠶᠤ 10 ᠬᠦᠮᠣᠨ ᠠᠴᠠ ᠳᠡᠭᠡᠭᠰᠢ ᠬᠦᠨᠳᠦ ᠰᠢᠷᠬᠠᠲᠤᠭᠤᠯᠤᠭᠰᠠᠨ᠂ 50 ᠬᠦᠮᠣᠨ ᠠᠴᠠ ᠳᠣᠭᠤᠭᠰᠢ ᠬᠥᠮᠥᠨ ᠢ ᠬᠦᠨᠳᠦ ᠰᠢᠷᠬᠠᠲᠤᠭᠤᠯᠤᠭᠰᠠᠨ ;       ︵2︶ ᠵᠣᠭᠠᠴᠠᠬᠴᠢ 50 ᠬᠥᠮᠥᠨ ᠠᠴᠠ ᠳᠡᠭᠡᠭᠰᠢ᠂ 200 ᠬᠥᠮᠥᠨ ᠠᠴᠠ ᠳᠣᠭᠤᠭᠰᠢ 24 ᠴᠠᠭ ᠠᠴᠠ ᠬᠡᠲᠦᠷᠡᠲᠡᠯ᠎ᠡ ᠰᠠᠭᠠᠲᠠᠭᠠᠭᠰᠠᠨ ᠪᠥᠭᠡᠳ ᠲᠤᠬᠠᠢ ᠶᠢᠨ ᠭᠠᠵᠠᠷ ᠤᠨ ᠦᠢᠯᠡᠳᠪᠦᠷᠢᠯᠡᠯ ᠠᠮᠢᠳᠤᠷᠠᠯ ᠤᠨ ᠡᠮᠬᠢ ᠵᠢᠷᠤᠮ ᠳᠤ ᠨᠡᠯᠢᠶᠡᠳ ᠶᠡᠭᠡ ᠨᠥᠯᠥᠭᠡ ᠦᠵᠡᠭᠦᠯᠦᠭᠰᠡᠨ ;       ︵3︶ ᠬᠢᠯᠢ ᠶᠢᠨ ᠳᠣᠲᠣᠨ᠎ᠠ ᠭᠠᠳᠠᠨ᠎ᠠ ᠨᠡᠯᠢᠶᠡᠳ ᠶᠡᠭᠡ ᠨᠥᠯᠥᠭᠡ ᠭᠠᠷᠭᠠᠭᠰᠠᠨ ᠪᠥᠭᠡᠳ ᠵᠣᠭᠠᠴᠠᠬᠴᠢ ᠶᠢᠨ ᠪᠡᠶ᠎ᠡ ᠮᠠᠬᠠᠪᠤᠳ᠂ ᠡᠳ᠋ ᠬᠥᠷᠥᠩᠭᠡ ᠶᠢᠨ ᠠᠮᠤᠷ ᠲᠦᠪᠰᠢᠨ ᠳᠤ ᠨᠡᠯᠢᠶᠡᠳ ᠶᠡᠭᠡ ᠰᠦᠷᠳᠡᠭᠦᠯᠦᠯ ᠤᠴᠠᠷᠠᠭᠤᠯᠤᠭᠰᠠᠨ ᠪᠤᠰᠤᠳ ᠬᠡᠷᠡᠭ᠃       3. ᠵᠣᠭᠠᠴᠠᠯ ᠤᠨ ᠲᠣᠮᠣ ᠶᠡᠭᠡ ᠭᠡᠨᠡᠳᠲᠡ   ᠶᠢᠨ ᠬᠡᠷᠡᠭ       ︵1︶ ᠬᠥᠮᠥᠨ ᠢ ᠦᠬᠦᠭᠰᠡᠨ ᠪᠤᠶᠤ ᠦᠬᠦᠭᠦᠯᠵᠦ ᠮᠡᠳᠡᠬᠦ ︵ᠠᠯᠠᠭ᠎ᠠ ᠪᠣᠯᠤᠭᠰᠠᠨ ᠪᠠᠭᠲᠠᠨ᠎ᠠ︶ ᠬᠥᠮᠥᠨ ᠤ ᠲᠤᠭ᠎ᠠ ᠶᠢ 10 ᠬᠥᠮᠥᠨ ᠠᠴᠠ ᠳᠡᠭᠡᠭᠰᠢ᠂ 30 ᠬᠥᠮᠥᠨ ᠠᠴᠠ ᠳᠣᠭᠤᠭᠰᠢ ᠪᠤᠶᠤ 50 ᠬᠥᠮᠥᠨ ᠠᠴᠠ ᠳᠡᠭᠡᠭᠰᠢ᠂ 100 ᠬᠥᠮᠥᠨ ᠠᠴᠠ ᠳᠣᠭᠤᠭᠰᠢ  ᠢ ᠬᠦᠨᠳᠦ ᠰᠢᠷᠬᠠᠲᠤᠭᠤᠯᠤᠭᠰᠠᠨ ;       ︵2︶ ᠵᠣᠭᠠᠴᠠᠬᠴᠢ 200 ᠬᠥᠮᠥᠨ ᠠᠴᠠ ᠳᠡᠭᠡᠭᠰᠢ᠂ 500 ᠬᠥᠮᠥᠨ ᠠᠴᠠ ᠳᠣᠭᠤᠭᠰᠢ  24 ᠴᠠᠭ ᠠᠴᠠ ᠬᠡᠲᠦᠷᠡᠲᠡᠯ᠎ᠡ ᠰᠠᠭᠠᠲᠠᠭᠠᠵᠤ᠂ ᠲᠤᠬᠠᠢ ᠶᠢᠨ ᠭᠠᠵᠠᠷ ᠤᠨ ᠦᠢᠯᠡᠳᠪᠦᠷᠢᠯᠡᠯ ᠠᠮᠢᠳᠤᠷᠠᠯ ᠤᠨ ᠡᠮᠬᠢ ᠵᠢᠷᠤᠮ ᠳᠤ ᠨᠡᠯᠢᠶᠡᠳ ᠬᠦᠨᠳᠦ ᠨᠣᠴᠢᠲᠠᠢ ᠨᠥᠯᠥᠭᠡ ᠤᠴᠠᠷᠠᠭᠤᠯᠤᠭᠰᠠᠨ ;       ︵3︶ ᠬᠢᠯᠢ ᠶᠢᠨ ᠳᠣᠲᠣᠨ᠎ᠠ ᠭᠠᠳᠠᠨ᠎ᠠ ᠬᠦᠨᠳᠦ ᠶᠡᠭᠡ ᠨᠥᠯᠥᠭᠡ ᠭᠠᠷᠭᠠᠭᠰᠠᠨ ᠪᠥᠭᠡᠳ ᠵᠣᠭᠠᠴᠠᠬᠴᠢ ᠶᠢᠨ ᠪᠡᠶ᠎ᠡ ᠮᠠᠬᠠᠪᠤᠳ᠂ ᠡᠳ᠋ ᠬᠥᠷᠥᠩᠭᠡ ᠶᠢᠨ ᠠᠮᠤᠷ ᠲᠦᠪᠰᠢᠨ ᠳᠤ ᠬᠦᠨᠳᠦ ᠶᠡᠭᠡ ᠰᠦᠷᠳᠡᠭᠦᠯᠦᠯ ᠤᠴᠠᠷᠠᠭᠤᠯᠤᠭᠰᠠᠨ ᠪᠤᠰᠤᠳ ᠬᠡᠷᠡᠭ᠃       4. ᠵᠣᠭᠠᠴᠠᠯ ᠤᠨ ᠣᠨᠴᠠᠭᠠᠶ  ᠲᠣᠮᠣ ᠶᠡᠭᠡ ᠭᠡᠨᠡᠳᠲᠡ   ᠶᠢᠨ ᠬᠡᠷᠡᠭ       ︵1︶ ᠬᠥᠮᠥᠨ ᠢ ᠦᠬᠦᠭᠰᠡᠨ ᠪᠤᠶᠤ ᠦᠬᠦᠭᠦᠯᠵᠦ ᠮᠡᠳᠡᠬᠦ ︵ᠠᠯᠠᠭ᠎ᠠ ᠪᠣᠯᠤᠭᠰᠠᠨ ᠪᠠᠭᠲᠠᠨ᠎ᠠ︶ ᠬᠥᠮᠥᠨ ᠢ 30 ᠠᠴᠠ ᠳᠡᠭᠡᠭᠰᠢ ᠪᠤᠶᠤ 100 ᠠᠴᠠ ᠳᠡᠭᠡᠭᠰᠢ ᠬᠥᠮᠥᠨ ᠢ ᠬᠦᠨᠳᠦ ᠰᠢᠷᠬᠠᠲᠤᠭᠤᠯᠤᠭᠰᠠᠨ ;       ︵2︶ ᠵᠣᠭᠠᠴᠠᠬᠴᠢ ᠨᠢ 500 ᠬᠥᠮᠥᠨ ᠠᠴᠠ ᠳᠡᠭᠡᠭᠰᠢ 24 ᠴᠠᠭ ᠠᠴᠠ ᠬᠡᠲᠦᠷᠡᠳᠣᠯ᠎ᠠ ᠰᠠᠭᠠᠳᠡᠭᠠᠬᠰᠠᠨ ᠪᠥᠭᠡᠳ ᠲᠤᠬᠠᠢ ᠶᠢᠨ ᠭᠠᠵᠠᠷ ᠤᠨ ᠦᠢᠯᠡᠳᠪᠦᠷᠢᠯᠡᠯ ᠠᠮᠢᠳᠤᠷᠠᠯ ᠤᠨ ᠡᠮᠬᠢ ᠵᠢᠷᠤᠮ ᠳᠤ ᠬᠦᠨᠳᠦ ᠨᠣᠴᠢᠲᠠᠢ ᠨᠥᠯᠥᠭᠡ ᠦᠵᠡᠭᠦᠯᠦᠭᠰᠡᠨ ;       ︵3︶ ᠬᠢᠯᠢ ᠶᠢᠨ ᠳᠣᠲᠣᠨ᠎ᠠ ᠭᠠᠳᠠᠨ᠎ᠠ ᠣᠨᠴᠠᠭᠠᠶ ᠲᠣᠮᠣ ᠶᠡᠭᠡ ᠨᠥᠯᠥᠭᠡ ᠭᠠᠷᠭᠠᠭᠰᠠᠨ ᠪᠥᠭᠡᠳ ᠵᠣᠭᠠᠴᠠᠬᠴᠢ ᠶᠢᠨ ᠪᠡᠶ᠎ᠡ ᠮᠠᠬᠠᠪᠤᠳ᠂ ᠡᠳ᠋ ᠬᠥᠷᠥᠩᠭᠡ ᠶᠢᠨ ᠠᠮᠤᠷ ᠲᠦᠪᠰᠢᠨ ᠳᠤ ᠣᠨᠴᠠᠭᠠᠶ ᠬᠦᠨᠳᠦ ᠶᠡᠭᠡ ᠰᠦᠷᠳᠡᠭᠦᠯᠦᠯ ᠤᠴᠠᠷᠠᠭᠤᠯᠤᠭᠰᠠᠨ ᠪᠤᠰᠤᠳ ᠬᠡᠷᠡᠭ᠃       5. ᠲᠤᠰ ᠪᠡᠯᠡᠳᠬᠡᠯ ᠲᠥᠰᠥᠯ ᠳᠤ ᠬᠡᠯᠡᠵᠦ ᠪᠠᠶᠢᠭ᠎ᠠ ︽ᠳᠡᠭᠡᠭᠰᠢ︾ ᠭᠡᠳᠡᠭ ᠲᠤ ᠤᠤᠯ ᠲᠤᠭ᠎ᠠ ︵ᠲᠡᠰ︶  ᠶᠢ ᠪᠠᠭᠲᠠᠭᠠᠨ᠎ᠠ᠂ ︽ᠳᠣᠭᠤᠭᠰᠢ︾ ᠭᠡᠳᠡᠭ ᠲᠤ ᠤᠤᠯ ᠲᠤᠭ᠎ᠠ ︵ᠲᠡᠰ︶ ᠶᠢ ᠪᠠᠭᠲᠠᠭᠠᠬᠤ ᠦᠭᠡᠢ᠃       ᠵᠢᠷᠭᠤᠳᠤᠭᠠᠷ ᠵᠦᠢᠯ᠂ ᠪᠠᠴᠢᠮ ᠪᠠᠶᠢᠳᠠᠯ ᠢ ᠠᠷᠭᠠᠴᠠᠭᠠᠬᠤ ᠠᠵᠢᠯ ᠢ ᠵᠣᠬᠢᠶᠠᠨ ᠪᠠᠶᠢᠭᠤᠯᠤᠨ ᠵᠢᠯᠤᠭᠤᠳᠬᠤ ᠰᠢᠰᠲ᠋ᠧᠮ       1. ᠪᠠᠶᠢᠭᠤᠯᠤᠮᠵᠢ ᠭᠠᠷᠭᠠᠵᠤ᠂ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠨ᠂ ᠤᠳᠤᠷᠢᠳᠤᠯᠭ᠎ᠠ ᠪᠠᠨ ᠴᠢᠩᠭᠠᠳᠬᠠᠵᠤ᠂ ᠨᠢᠭᠡᠳᠦᠯᠲᠡᠢ ᠲᠥᠯᠥᠪᠯᠡᠨ ᠵᠣᠬᠢᠴᠠᠭᠤᠯᠤᠨ᠎ᠠ᠃ ᠷᠠᠰᠢᠶᠠᠨ ᠤ ᠵᠣᠭᠠᠴᠠᠯ ᠤᠨ ᠠᠮᠠᠷᠠᠯᠲᠠ ᠶᠢᠨ ᠣᠷᠣᠨ ᠤ ᠵᠣᠭᠠᠴᠠᠯ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ  ᠠᠷᠭᠠᠴᠠᠭᠠᠬᠤ ᠬᠠᠮᠢᠶᠠᠷᠤᠯᠲᠠ ᠶᠢᠨ ᠵᠢᠯᠤᠭᠤᠳᠬᠤ ᠭᠠᠵᠠᠷ ︵ᠳᠣᠷᠣᠭᠰᠢ ︽ᠵᠢᠯᠤᠭᠤᠳᠬᠤ ᠭᠠᠵᠠᠷ︾ ᠭᠡᠵᠦ ᠲᠣᠪᠴᠢᠯᠠᠨ᠎ᠠ︶ ᠢ ᠪᠠᠶᠢᠭᠤᠯᠵᠤ᠂ ᠵᠣᠭᠠᠴᠠᠯ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠠᠵᠢᠯ ᠢ ᠪᠥᠬᠦ ᠲᠠᠯ᠎ᠠ ᠪᠠᠷ ᠬᠠᠷᠢᠭᠤᠴᠠᠨ᠎ᠠ᠃       ᠵᠢᠯᠤᠭᠤᠳᠬᠤ ᠳᠠᠷᠤᠭ᠎ᠠ᠄ ᠶᠠᠩ ᠪᠦᠦ ᠲᠢᠶᠠᠨ   ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ       ᠳᠡᠳ᠋ ᠵᠢᠯᠤᠭᠤᠳᠬᠤ ᠳᠠᠷᠤᠭ᠎ᠠ᠄ ᠪᠠᠢ ᠹᠧᠩ   ᠬᠤᠲᠠ ᠶᠢᠨ ᠰᠣᠶᠣᠯ ᠵᠣᠭᠠᠴᠠᠯ ᠪᠡᠶ᠎ᠡ ᠶᠢᠨ ᠲᠠᠮᠢᠷ ᠤᠨ ᠲᠣᠪᠴᠢᠶᠠᠨ ᠤ ᠲᠣᠪᠴᠢᠶᠠᠨ ᠳᠠᠷᠤᠭ᠎ᠠ       ᠯᠢ ᠯᠢᠶᠠᠩ    ᠷᠠᠰᠢᠶᠠᠨ ᠤ ᠵᠣᠭᠠᠴᠠᠯ ᠤᠨ ᠠᠮᠠᠷᠠᠯᠲᠠ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ       ᠪᠦᠷᠢᠯᠳᠦᠭᠦᠨ᠄ ᠯᠢᠶᠠᠩ ᠸᠧᠨ ᠯᠦᠩ    ᠸᠧᠨᠴᠢᠣᠸᠠᠨ ᠵᠡᠭᠡᠯᠢ   ᠶᠢᠨ ᠨᠠᠮ ᠤᠨ ᠠᠵᠢᠯ ᠤᠨ ᠵᠦᠪᠯᠡᠯ ᠤᠨ ᠱᠦᠵᠢ       ᠸᠠᠩ ᠠᠢ ᠵᠢᠶᠦ᠋ᠨ    ᠬᠤᠲᠠ ᠶᠢᠨ ᠵᠠᠮ ᠲᠡᠭᠡᠭᠡᠪᠦᠷᠢ ᠶᠢᠨ ᠲᠣᠪᠴᠢᠶᠠᠨ ᠤ ᠲᠣᠪᠴᠢᠶᠠᠨ ᠳᠠᠷᠤᠭ᠎ᠠ       ᠯᠢ ᠺᠧ ᠰᠢᠨ    ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠷᠬᠢᠯᠡᠭᠴᠢ       ᠵᠣᠣ ᠰᠢᠶᠣᠣ ᠭᠤᠸᠠᠩ    ᠬᠤᠲᠠ ᠶᠢᠨ ᠪᠠᠴᠢᠮ ᠪᠠᠶᠢᠳᠠᠯ ᠢ  ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶᠠᠨ ᠤ ᠲᠣᠪᠴᠢᠶᠠᠨ ᠳᠠᠷᠤᠭ᠎ᠠ       ᠸᠠᠩ ᠶᠠᠨ ᠫᠢᠩ    ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ       ᠬᠣ᠋ ᠷᠦᠢ    ᠬᠤᠳᠠ ᠶᠢᠨ ᠭᠠᠳᠠᠭᠠᠳᠤ ᠶᠠᠪᠤᠳᠠᠯ ᠤᠨ ᠠᠯᠪᠠᠨ ᠭᠡᠷ ᠤᠨ ᠡᠷᠬᠢᠯᠡᠭᠴᠢ       ᠯᠢ ᠺᠦᠨ    ᠬᠤᠲᠠ ᠶᠢᠨ ᠬᠤᠲᠠ ᠶᠢᠨ ᠬᠠᠮᠢᠶᠠᠷᠤᠯᠲᠠ ᠶᠢᠨ ᠲᠣᠪᠴᠢᠶᠠᠨ ᠤ ᠲᠣᠪᠴᠢᠶᠠᠨ ᠳᠠᠷᠤᠭ᠎ᠠ       ᠵᠠᠩ ᠶᠦᠩ ᠴᠢᠶᠠᠩ    ᠬᠤᠲᠠ ᠶᠢᠨ ᠵᠠᠮ ᠬᠠᠷᠢᠯᠴᠠᠭᠠᠨ ᠤ ᠴᠠᠭᠳᠠᠭ᠎ᠠ ᠶᠢᠨ ᠶᠡᠭᠡ ᠠᠩᠭᠢ ᠶᠢᠨ ᠳᠠᠷᠤᠭ᠎ᠠ       ᠴᠧᠨ ᠯᠧᠢ    ᠬᠤᠲᠠ ᠶᠢᠨ ᠭᠠᠯ ᠰᠠᠷᠭᠡᠶᠢᠯᠠᠵᠣ ᠤᠨᠲᠠᠷᠠᠭᠠᠬᠤ ᠶᠡᠭᠡ ᠠᠩᠭᠢ ᠶᠢᠨ ᠳᠠᠷᠤᠭ᠎ᠠ       ᠵᠠᠩ ᠷᠦᠢ    ᠬᠤᠲᠠ ᠶᠢᠨ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶᠠᠨ ᠤ ᠲᠣᠪᠴᠢᠶᠠᠨ ᠳᠠᠷᠤᠭ᠎ᠠ       ᠵᠧᠦ ᠯᠢ ᠰᠢᠨ    ᠬᠤᠲᠠ ᠶᠢᠨ ᠰᠦᠯᠵᠢᠶᠡᠨ ᠤ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠭᠠᠬᠤ ᠵᠢᠯᠤᠭᠤᠳᠬᠤ ᠲᠥᠪ ᠤᠨ ᠡᠷᠬᠢᠯᠡᠭᠴᠢ       2᠂ ᠵᠢᠯᠤᠭᠤᠳᠬᠤ ᠭᠠᠵᠠᠷ ᠤᠨ ᠡᠭᠦᠷᠭᠡ ᠬᠠᠷᠢᠭᠤᠴᠠᠯᠭ᠎ᠠ᠄       ︵1︶ ᠵᠣᠭᠠᠴᠠᠯ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠵᠢᠯ ᠤᠨ ᠲᠤᠬᠠᠢ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠣᠨ ᠨᠠᠶᠢᠳᠠᠪᠤᠷᠢᠵᠢᠭᠤᠯᠤᠨ᠎ᠠ︔       ︵2︶ ᠷᠠᠰᠢᠶᠠᠨ ᠤ ᠵᠣᠭᠠᠴᠠᠯ ᠤᠨ ᠠᠮᠠᠷᠠᠯᠲᠠ ᠶᠢᠨ ᠣᠷᠣᠨ ᠤ ᠵᠣᠭᠠᠴᠠᠯ ᠤᠨ ᠭᠡᠨᠡᠳᠲᠡ ᠶᠢᠨ ᠬᠡᠷᠡᠭ ᠤᠨ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠬᠤᠶᠢᠲᠤᠬᠢ ᠶᠠᠪᠤᠳᠠᠯ ᠢ ᠰᠢᠢᠳᠪᠦᠷᠢᠯᠡᠬᠦ ᠠᠵᠢᠯ ᠢ ᠨᠢᠭᠡᠳᠦᠯᠲᠡᠢ ᠲᠥᠯᠥᠪᠯᠡᠨ ᠵᠣᠬᠢᠴᠠᠭᠤᠯᠤᠨ᠎ᠠ︔       ︵3︶ ᠪᠠᠴᠢᠮ ᠪᠠᠶᠢᠳᠠᠯ ᠢ ᠠᠷᠭᠠᠴᠠᠭᠠᠬᠤ ᠶᠢᠨ ᠳᠠᠭᠠᠬᠤ ᠶᠢ ᠡᠬᠢᠯᠡᠭᠦᠯᠬᠦ᠂ ᠬᠡᠷᠡᠭᠵᠢᠭᠦᠯᠬᠦ᠂ ᠵᠣᠭᠰᠣᠭᠠᠵᠤ᠂ ᠪᠠᠴᠢᠮ ᠪᠠᠶᠢᠳᠠᠯ ᠢ  ᠠᠷᠭᠠᠴᠠᠭᠠᠬᠤ ᠵᠠᠷᠯᠢᠭ ᠵᠢᠭᠠᠪᠤᠷᠢ ᠶᠢ ᠨᠡᠶᠢᠲᠡᠯᠡᠨ᠎ᠡ︔       ︵4︶ ᠬᠤᠲᠠ ᠶᠢᠨ ᠵᠠᠰᠠᠭ ᠤᠨ ᠣᠷᠳᠣᠨ ᠪᠠ ᠥᠪᠡᠷᠲᠡᠭᠡᠨ ᠵᠠᠰᠠᠬᠤ ᠣᠷᠣᠨ ᠤ ᠱᠠᠲᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠲᠤ ᠵᠣᠭᠠᠴᠠᠯ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠭᠰᠡᠨ ᠠᠵᠢᠯ ᠤᠨ ᠪᠠᠶᠢᠳᠠᠯ ᠢ ᠮᠡᠳᠡᠭᠦᠯᠦᠨ᠎ᠡ︔       ︵5︶ ᠳᠡᠭᠡᠳᠦ ᠱᠠᠲᠤᠨ ᠤ ᠱᠠᠭᠠᠷᠳᠠᠯᠭ᠎ᠠ ᠶᠣᠰᠣᠭᠠᠷ ᠵᠣᠭᠠᠴᠠᠯ ᠤᠨ ᠭᠡᠨᠡᠳᠲᠡ ᠶᠢᠨ ᠬᠡᠷᠡᠭ ᠢ ᠰᠢᠢᠳᠪᠦᠷᠢᠯᠡᠭᠰᠡᠨ ᠮᠡᠳᠡᠭᠡ ᠵᠠᠩᠭᠢ ᠶᠢ ᠨᠡᠶᠢᠲᠡᠯᠡᠨ᠎ᠡ ;       ︵6︶ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠷᠭ᠎ᠠ ᠬᠡᠮᠵᠢᠶ᠎ᠡ ᠪᠠ ᠲᠥᠰᠥᠯ ᠢ ᠵᠥᠪᠰᠢᠶᠡᠷᠡᠵᠦ ᠬᠡᠷᠡᠭᠵᠢᠭᠦᠯᠦᠨ᠎ᠡ ;       ︵7︶ ᠳᠡᠭᠡᠳᠦ ᠱᠠᠲᠤᠨ ᠤ ᠠᠷᠠᠳ ᠤᠨ ᠵᠠᠰᠠᠭ ᠤᠨ ᠣᠷᠳᠣᠨ ᠪᠠ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠲᠤᠰᠢᠶᠠᠨ ᠰᠢᠢᠳᠪᠦᠷᠢᠯᠡᠭᠦᠯᠦᠭᠰᠡᠨ ᠵᠣᠭᠠᠴᠠᠯ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠲᠤᠬᠠᠢ ᠴᠣᠬᠤᠯᠠᠪᠤᠷᠢ ᠪᠠ ᠵᠢᠭᠠᠪᠤᠷᠢ ᠶᠢ ᠨᠠᠶᠢᠳᠠᠪᠤᠷᠢᠵᠢᠭᠤᠯᠤᠨ᠎ᠠ᠃       ᠳᠣᠯᠣᠳᠤᠭᠠᠷ ᠵᠦᠢᠯ᠂ ᠱᠠᠲᠤ ᠬᠤᠪᠢᠶᠠᠨ  ᠠᠷᠭᠠᠴᠠᠭᠠᠬᠤ       ᠭᠡᠨᠡᠳᠲᠡ ᠶᠢᠨ ᠬᠡᠷᠡᠭ ᠲᠤ ᠨᠢᠭᠡᠳᠦᠯᠲᠡᠢ ᠤᠳᠤᠷᠢᠳᠬᠤ᠂ ᠶᠡᠷᠦᠩᠬᠡᠶᠢᠯᠡᠨ ᠵᠣᠬᠢᠴᠠᠭᠤᠯᠬᠤ᠂ ᠲᠦᠷᠦᠯ ᠬᠤᠪᠢᠶᠠᠨ ᠬᠠᠮᠢᠶᠠᠷᠬᠤ᠂ ᠱᠠᠲᠤ ᠬᠤᠪᠢᠶᠠᠨ ᠬᠠᠷᠢᠭᠤᠴᠠᠬᠤ᠂ ᠬᠠᠷᠢᠶ᠎ᠠ ᠭᠠᠵᠠᠷ ᠲᠤᠨᠢ ᠬᠠᠮᠢᠶᠠᠷᠤᠭᠤᠯᠬᠤ ᠵᠠᠷᠴᠢᠮ ᠢ ᠵᠢᠷᠤᠮᠯᠠᠬᠤ ᠬᠡᠷᠡᠭᠲᠡᠢ᠃ ᠣᠨᠴᠠᠭᠠᠶ ᠬᠦᠨᠳᠦ ᠶᠡᠭᠡ᠂ ᠬᠦᠨᠳᠦ ᠶᠡᠭᠡ᠂ ᠨᠡᠯᠢᠶᠡᠳ ᠶᠡᠭᠡ ᠭᠡᠨᠡᠳᠲᠡ ᠶᠢᠨ ᠬᠡᠷᠡᠭ ᠭᠠᠷᠪᠠᠯ ᠂ ᠵᠢᠯᠤᠭᠤᠳᠬᠤ ᠭᠠᠵᠠᠷ ᠠᠴᠠ ᠤᠷᠢᠳ ᠢᠶᠠᠷ ᠰᠢᠢᠳᠪᠦᠷᠢᠯᠡᠬᠦ ᠠᠵᠢᠯ ᠢ ᠰᠠᠶᠢᠲᠤᠷ ᠬᠢᠬᠦ ᠶᠢᠨ ᠬᠠᠮᠲᠤ ᠲᠡᠷᠡ ᠳᠠᠷᠤᠢ  ᠳᠤᠨᠢ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠳᠤ ᠮᠡᠳᠡᠭᠦᠯᠦᠨ ᠵᠣᠬᠢᠶᠠᠨ ᠪᠠᠶᠢᠭᠤᠯᠵᠤ ᠠᠷᠭᠠᠴᠠᠭᠠᠬᠤ ᠬᠡᠷᠡᠭᠲᠡᠢ᠃ ᠡᠩ ᠤᠨ ᠭᠡᠨᠡᠳᠲᠡ ᠶᠢᠨ ᠬᠡᠷᠡᠭ ᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠵᠣᠬᠢᠶᠠᠨ ᠪᠠᠶᠢᠭᠤᠯᠵᠤ ᠠᠷᠭᠠᠴᠠᠭᠠᠨ᠎ᠠ᠂ ᠷᠠᠰᠢᠶᠠᠨ ᠤ ᠵᠣᠭᠠᠴᠠᠯ ᠤᠨ ᠠᠮᠠᠷᠠᠯᠲᠠ ᠶᠢᠨ ᠣᠷᠣᠨ ᠢ ᠠᠯᠤᠰᠯᠠᠭᠰᠠᠨ ᠪᠤᠶᠤ ᠵᠢᠯᠤᠭᠤᠳᠬᠤ ᠭᠠᠵᠠᠷ ᠤᠨ ᠠᠷᠭᠠᠴᠠᠭᠠᠬᠤ ᠴᠢᠳᠠᠪᠤᠷᠢ ᠠᠴᠠ ᠳᠠᠪᠠᠭᠰᠠᠨ ᠭᠡᠨᠡᠳᠲᠡ ᠶᠢᠨ ᠬᠡᠷᠡᠭ ᠲᠤ ᠬᠤᠯᠪᠣᠭᠳᠠᠪᠠᠯ᠂ ᠵᠢᠯᠤᠭᠤᠳᠬᠤ ᠭᠠᠵᠠᠷ ᠠᠴᠠ ᠤᠷᠢᠳᠴᠢᠯᠠᠨ ᠰᠢᠢᠳᠪᠦᠷᠢᠯᠡᠬᠦ ᠶᠢ ᠰᠠᠶᠢᠲᠤᠷ ᠬᠢᠬᠦ ᠶᠢᠨ ᠬᠠᠮᠲᠤ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠲᠤ ᠳᠠᠷᠤᠶᠢᠬᠠᠨ ᠮᠡᠳᠡᠭᠦᠯᠵᠦ ᠳᠡᠮᠵᠢᠯᠭᠡ ᠦᠵᠡᠭᠦᠯᠬᠦ ᠪᠤᠶᠤ ᠵᠣᠬᠢᠶᠠᠨ ᠪᠠᠶᠢᠭᠤᠯᠵᠤ ᠠᠷᠭᠠᠴᠠᠭᠠᠨ᠎ᠠ᠃       ᠨᠠᠢᠮᠠᠳᠤᠭᠠᠷ ᠵᠦᠢᠯ᠂ ᠪᠠᠴᠢᠮ ᠪᠠᠶᠢᠳᠠᠯ ᠢ ᠠᠷᠭᠠᠴᠠᠭᠠᠬᠤ ᠠᠵᠢᠯ ᠤᠨ ᠪᠠᠶᠢᠭᠤᠯᠤᠮᠵᠢ       ᠵᠣᠭᠠᠴᠠᠯ ᠤᠨ ᠭᠡᠨᠡᠳᠲᠡ ᠶᠢᠨ ᠬᠡᠷᠡᠭ ᠡᠭᠦᠰᠦᠭᠰᠡᠨ ᠤ ᠳᠠᠷᠠᠭ᠎ᠠ᠂ ᠲᠤᠬᠠᠢ ᠶᠢᠨ ᠲᠠᠯᠠᠪᠤᠷ ᠤᠨ ᠰᠢᠢᠳᠪᠦᠷᠢᠯᠡᠬᠦ ᠪᠣᠳᠠᠲᠠᠢ ᠬᠡᠷᠡᠭᠴᠡᠭᠡ ᠶᠢ ᠦᠨᠳᠦᠰᠦᠯᠡᠨ ᠲᠤᠰᠬᠠᠢ ᠮᠡᠷᠭᠡᠵᠢᠯ ᠤᠨ ᠰᠢᠢᠳᠪᠦᠷᠢᠯᠡᠬᠦ ᠳᠤᠭᠤᠶᠢᠯᠠᠩ᠂ ᠡᠮᠴᠢᠯᠡᠭᠡᠨ ᠤ ᠠᠪᠤᠷᠠᠨ ᠵᠠᠰᠠᠬᠤ ᠳᠤᠭᠤᠶᠢᠯᠠᠩ᠂ ᠤᠬᠠᠭᠤᠯᠭ᠎ᠠ ᠶᠠᠷᠢᠶ᠎ᠠ ᠬᠡᠯᠡᠯᠴᠡᠭᠡᠨ ᠤ ᠪᠠᠶᠢᠳᠠᠯ ᠤᠨ ᠳᠤᠭᠤᠶᠢᠯᠠᠩ᠂ ᠡᠳ᠋ ᠪᠣᠳᠠᠰ ᠤᠨ ᠪᠠᠲᠤᠯᠠᠭ᠎ᠠ ᠶᠢᠨ ᠳᠤᠭᠤᠶᠢᠯᠠᠩ᠂ ᠠᠮᠤᠷ ᠲᠦᠪᠰᠢᠨ ᠲᠣᠭᠲᠠᠭᠤᠨ ᠪᠠᠶᠢᠯᠭᠠᠬᠤ ᠳᠤᠭᠤᠶᠢᠯᠠᠩ᠂ ᠲᠤᠰᠬᠠᠢ ᠮᠡᠷᠭᠡᠵᠢᠯ ᠤᠨ ᠵᠢᠭᠠᠨ ᠵᠢᠯᠤᠭᠤᠳᠬᠤ ᠳᠤᠭᠤᠶᠢᠯᠠᠩ ᠵᠡᠷᠭᠡ ᠪᠠᠴᠢᠮ ᠪᠠᠶᠢᠳᠠᠯ ᠢ ᠠᠷᠭᠠᠴᠠᠭᠠᠬᠤ ᠠᠵᠢᠯ ᠤᠨ ᠳᠤᠭᠤᠶᠢᠯᠠᠩ ᠢ ᠪᠠᠶᠢᠭᠤᠯᠤᠨ᠎ᠠ᠃       ︵1︶ ᠲᠤᠰᠬᠠᠢ ᠮᠡᠷᠭᠡᠵᠢᠯ ᠤᠨ ᠰᠢᠢᠳᠪᠦᠷᠢᠯᠡᠬᠦ ᠳᠤᠭᠤᠶᠢᠯᠠᠩ᠃ ᠠᠮᠠᠷᠠᠯᠲᠠ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ ᠢᠶᠠᠷ ᠲᠦᠷᠦᠭᠦᠯᠡᠭᠦᠯᠦᠨ᠂ ᠬᠤᠲᠠ ᠶᠢᠨ ᠰᠣᠶᠣᠯ ᠵᠣᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠬᠤᠲᠠ ᠶᠢᠨ ᠭᠠᠯ ᠰᠠᠷᠭᠡᠶᠢᠯᠠᠵᠣ ᠤᠨᠲᠠᠷᠠᠭᠠᠬᠤ ᠠᠪᠤᠷᠠᠨ ᠲᠤᠰᠠᠯᠠᠬᠤ ᠰᠠᠯᠪᠤᠷᠢ ᠠᠩᠭᠢ ᠬᠠᠮᠵᠢᠯᠴᠠᠨ ᠪᠦᠷᠢᠯᠳᠦᠵᠦ᠂ ᠬᠠᠮᠢᠶ᠎ᠠ ᠪᠦᠬᠦᠢ ᠬᠦᠴᠦᠨ ᠢ ᠵᠣᠬᠢᠶᠠᠨ ᠪᠠᠶᠢᠭᠤᠯᠤᠨ ᠵᠣᠬᠢᠴᠠᠭᠤᠯᠬᠤ ᠶᠢ ᠬᠠᠷᠢᠭᠤᠴᠠᠵᠤ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠪᠠ ᠪᠠᠴᠢᠮ ᠪᠠᠶᠢᠳᠠᠯ ᠢ ᠠᠷᠭᠠᠴᠠᠭᠠᠨ ᠠᠪᠤᠷᠠᠨ ᠲᠤᠰᠠᠯᠠᠬᠤ ᠠᠵᠢᠯ ᠢ ᠥᠷᠨᠢᠭᠦᠯᠦᠨ᠎ᠡ᠃       ︵2︶ ᠡᠮᠴᠢᠯᠡᠭᠡᠨ ᠤ ᠠᠪᠤᠷᠠᠨ ᠵᠠᠰᠠᠬᠤ ᠳᠤᠭᠤᠶᠢᠯᠠᠩ᠃ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠢᠶᠠᠷ ᠲᠦᠷᠦᠭᠦᠯᠡᠭᠦᠯᠦᠨ᠂ ᠠᠮᠠᠷᠠᠯᠲᠠ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠤᠲᠠ ᠶᠢᠨ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ᠪᠠᠷ ᠬᠠᠮᠵᠢᠯᠴᠠᠨ ᠪᠦᠷᠢᠯᠳᠦᠭᠦᠯᠵᠦ᠂ ᠬᠤᠯᠪᠣᠭᠳᠠᠯ ᠪᠦᠬᠦᠢ ᠡᠮᠴᠢᠯᠡᠭᠡᠨ ᠤ ᠪᠠᠶᠢᠭᠤᠯᠤᠮᠵᠢ ᠶᠢᠨ ᠲᠤᠰᠬᠠᠢ ᠮᠡᠷᠭᠡᠵᠢᠯ ᠤᠨ ᠠᠵᠢᠯᠲᠠᠨ ᠢ ᠵᠣᠬᠢᠶᠠᠨ ᠪᠠᠶᠢᠭᠤᠯᠤᠨ ᠴᠠᠭ ᠲᠤᠬᠠᠢ ᠳᠤᠨᠢ ᠡ᠊ᠨᠳᠡᠯ ᠭᠠᠷᠤᠭᠰᠠᠨ ᠲᠤᠬᠠᠢ ᠶᠢᠨ ᠲᠠᠯᠠᠪᠤᠷ ᠲᠤ ᠬᠦᠷᠴᠦ ᠰᠢᠷᠬᠠᠲᠤᠭᠰᠠᠳ ᠢ ᠡᠮᠨᠡᠨ ᠠᠪᠤᠷᠠᠬᠤ ᠪᠠ ᠰᠢᠯᠵᠢᠭᠦᠯᠦᠨ ᠵᠥᠭᠡᠭᠡᠪᠦᠷᠢᠯᠡᠬᠦ ᠠᠵᠢᠯ ᠢ ᠥᠷᠨᠢᠭᠦᠯᠵᠦ᠂ ᠵᠢᠯᠤᠭᠤᠳᠬᠤ ᠭᠠᠵᠠᠷ ᠲᠤ ᠰᠢᠷᠬᠠᠲᠤᠭᠰᠠᠳ ᠢ ᠡᠮᠨᠡᠨ ᠠᠪᠤᠷᠠᠬᠤ ᠪᠠᠶᠢᠳᠠᠯ ᠢ ᠴᠠᠭ ᠲᠤᠬᠠᠢ ᠳᠤᠨᠢ ᠮᠡᠳᠡᠭᠳᠡᠬᠦ ᠶᠢ ᠬᠠᠷᠢᠭᠤᠴᠠᠨ᠎ᠠ᠃       ︵3︶ ᠤᠬᠠᠭᠤᠯᠭ᠎ᠠ ᠶᠠᠷᠢᠶ᠎ᠠ ᠬᠡᠯᠡᠯᠴᠡᠭᠡᠨ ᠤ ᠪᠠᠶᠢᠳᠠᠯ ᠤᠨ ᠳᠤᠭᠤᠶᠢᠯᠠᠩ᠃ ᠬᠤᠲᠠ ᠶᠢᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠢᠶᠠᠷ ᠲᠦᠷᠦᠭᠦᠯᠡᠭᠦᠯᠦᠨ᠂ ᠠᠮᠠᠷᠠᠯᠲᠠ ᠶᠢᠨ  ᠣᠷᠣᠨ ᠤ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠰᠣᠶᠣᠯ ᠵᠣᠭᠠᠴᠠᠯ ᠤᠨ ᠲᠣᠪᠴᠢᠶ᠎ᠠ ᠪᠠᠷ ᠬᠠᠮᠵᠢᠯᠴᠠᠨ ᠪᠦᠷᠢᠯᠳᠦᠭᠦᠯᠵᠦ᠂ ᠵᠠᠭᠤᠴᠢᠯᠠᠭᠤᠷ ᠤᠨ ᠭᠥᠯᠢᠶᠡᠨ ᠠᠪᠬᠤ᠂ ᠡ᠊ᠨᠳᠡᠯ ᠤᠨ ᠮᠡᠳᠡᠭᠡ ᠵᠠᠩᠭᠢ ᠶᠢ ᠭᠠᠳᠠᠭᠰᠢ ᠨᠡᠶᠢᠲᠡᠯᠡᠬᠦ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠠᠮᠢᠶᠠᠷᠤᠨ ᠡᠵᠡᠮᠳᠡᠬᠦ ᠵᠢᠴᠢ ᠬᠥᠲᠥᠯᠥᠨ ᠵᠢᠯᠤᠭᠤᠳᠬᠤ ᠠᠵᠢᠯ ᠢ ᠬᠠᠷᠢᠭᠤᠴᠠᠨ᠎ᠠ᠃       ︵4︶ ᠡᠳ᠋ ᠪᠣᠳᠠᠰ ᠤᠨ ᠪᠠᠲᠤᠯᠠᠭ᠎ᠠ ᠶᠢᠨ ᠳᠤᠭᠤᠶᠢᠯᠠᠩ᠃ ᠠᠮᠠᠷᠠᠯᠲᠠ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ ᠠᠴᠠ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠪᠠ ᠪᠠᠴᠢᠮ ᠪᠠᠶᠢᠳᠠᠯ ᠢ ᠠᠷᠭᠠᠴᠠᠭᠠᠬᠤ ᠶᠢᠨ ᠠᠪᠤᠷᠠᠨ ᠲᠤᠰᠠᠯᠠᠬᠤ ᠡᠳ᠋ ᠪᠠᠷᠠᠭ᠎ᠠ ᠶᠢᠨ ᠪᠠᠲᠤᠯᠠᠭ᠎ᠠ ᠶᠢᠨ ᠠᠵᠢᠯ ᠢ ᠬᠠᠷᠢᠭᠤᠴᠠᠨ᠎ᠠ᠃       ︵5︶ ᠠᠮᠤᠷ ᠲᠦᠪᠰᠢᠨ ᠲᠣᠭᠲᠠᠭᠤᠨ ᠢ ᠪᠠᠳᠣᠯᠠᠬᠤ ᠳᠤᠭᠤᠶᠢᠯᠠᠩ᠃ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠠᠴᠠ ᠬᠡᠷᠡᠭ ᠭᠠᠷᠤᠭᠰᠠᠨ ᠣᠷᠣᠨ ᠳᠤ ᠲᠤᠬᠠᠢ ᠶᠢᠨ ᠭᠠᠵᠠᠷ ᠤᠨ ᠰᠡᠷᠭᠡᠶᠢᠯᠡᠯᠲᠡ ᠬᠢᠬᠦ ᠶᠢ ᠬᠠᠷᠢᠭᠤᠴᠠᠵᠤ᠂ ᠨᠡᠶᠢᠭᠡᠮ ᠤᠨ ᠠᠮᠤᠷ ᠲᠦᠪᠰᠢᠨ ᠤ ᠡᠮᠬᠢ ᠳᠢᠭᠯᠢᠮ ᠢ ᠬᠠᠮᠠᠭᠠᠯᠠᠨ᠂ ᠠᠶᠤᠯ ᠠᠴᠠ ᠠᠪᠤᠷᠠᠨ ᠲᠤᠰᠠᠯᠠᠬᠤ ᠵᠠᠮ ᠤᠨ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠬᠡᠷᠡᠭᠲᠡᠢ᠃       ︵6︶ ᠲᠤᠰᠬᠠᠢ ᠮᠡᠷᠭᠡᠵᠢᠯ ᠤᠨ ᠵᠢᠭᠠᠨ ᠵᠢᠯᠤᠭᠤᠳᠬᠤ ᠳᠤᠭᠤᠶᠢᠯᠠᠩ᠃ ᠠᠮᠠᠷᠠᠯᠲᠠ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ ᠢᠶᠠᠷ ᠲᠦᠷᠦᠭᠦᠯᠡᠭᠦᠯᠦᠨ᠂ ᠬᠤᠲᠠ ᠶᠢᠨ ᠰᠣᠶᠣᠯ ᠵᠣᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠬᠠᠮᠵᠢᠯᠴᠠᠵᠤ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠲᠤᠰᠬᠠᠢ ᠮᠡᠷᠭᠡᠵᠢᠯᠲᠡᠨ ᠤ ᠰᠢᠯᠵᠢᠭᠦᠯᠦᠨ ᠬᠡᠷᠡᠭᠯᠡᠬᠦ ᠠᠵᠢᠯ ᠢ ᠬᠠᠷᠢᠭᠤᠴᠠᠵᠤ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠳᠤ ᠮᠡᠷᠭᠡᠵᠢᠯ ᠤᠨ ᠲᠤᠯᠭᠠᠭᠤᠷᠢᠯᠠᠯ ᠬᠠᠩᠭᠠᠨ᠎ᠠ᠃       ᠳᠡᠭᠡᠷᠡᠬᠢ ᠪᠠᠴᠢᠮ ᠪᠠᠶᠢᠳᠠᠯ ᠢ ᠠᠷᠭᠠᠴᠠᠭᠠᠬᠤ ᠠᠵᠢᠯ ᠤᠨ ᠳᠤᠭᠤᠶᠢᠯᠠᠩ ᠠᠴᠠ ᠭᠠᠳᠠᠨ᠎ᠠ᠂ ᠪᠠᠰᠠ ᠲᠤᠬᠠᠢ ᠶᠢᠨ ᠲᠠᠯᠠᠪᠤᠷ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠪᠣᠳᠠᠲᠠᠢ ᠬᠡᠷᠡᠭᠴᠡᠭᠡ ᠶᠢ ᠦᠨᠳᠦᠰᠦᠯᠡᠨ ᠂ ᠰᠡᠷᠡᠮᠵᠢᠯᠡᠵᠦ  ᠰᠡᠷᠭᠡᠶᠢᠯᠡᠨ ᠡᠵᠡᠮᠳᠡᠬᠦ ᠳᠤᠭᠤᠶᠢᠯᠠᠩ᠂ ᠭᠠᠳᠠᠭᠠᠳᠤ ᠳᠤ ᠬᠤᠯᠪᠣᠭᠳᠠᠬᠤ ᠣᠴᠢᠷ ᠶᠠᠪᠣᠳᠡᠯ ᠢ ᠵᠣᠬᠢᠴᠠᠭᠤᠯᠬᠤ ᠳᠤᠭᠤᠶᠢᠯᠠᠩ᠂ ᠵᠠᠮ ᠬᠠᠷᠢᠯᠴᠠᠭᠠᠨ ᠤ ᠪᠠᠶᠢᠴᠠᠭᠠᠨ ᠡᠵᠡᠮᠳᠡᠬᠦ ᠳᠤᠭᠤᠶᠢᠯᠠᠩ᠂ ᠣᠷᠴᠢᠨ ᠲᠣᠭᠤᠷᠢᠨ ᠢ ᠪᠠᠶᠢᠴᠠᠭᠠᠨ ᠬᠡᠮᠵᠢᠬᠦ ᠳᠤᠭᠤᠶᠢᠯᠠᠩ᠂ ᠴᠠᠭ ᠠᠭᠤᠷ ᠤᠨ ᠪᠠᠲᠤᠯᠠᠭ᠎ᠠ ᠶᠢᠨ ᠳᠤᠭᠤᠶᠢᠯᠠᠩ᠂ ᠮᠡᠳᠡᠭᠡ ᠵᠠᠩᠭᠢ ᠶᠢᠨ ᠪᠠᠲᠤᠯᠠᠭ᠎ᠠ ᠶᠢᠨ ᠳᠤᠭᠤᠶᠢᠯᠠᠩ᠂ ᠬᠥᠮᠥᠨ ᠤ ᠬᠦᠴᠦᠨ ᠤ ᠡᠬᠢ ᠪᠠᠶᠠᠯᠢᠭ ᠤᠨ ᠳᠤᠭᠤᠶᠢᠯᠠᠩ ᠵᠡᠷᠭᠡ ᠪᠤᠰᠤᠳ ᠠᠵᠢᠯ ᠤᠨ ᠳᠤᠭᠤᠶᠢᠯᠠᠩ ᠢ ᠵᠣᠬᠢᠶᠠᠨ ᠪᠠᠶᠢᠭᠤᠯᠵᠤ ᠪᠣᠯᠣᠨ᠎ᠠ᠃       ᠶᠢᠰᠦᠳᠦᠭᠡᠷ ᠵᠦᠢᠯ ᠤᠷᠢᠳᠴᠢᠯᠠᠨ ᠰᠡᠷᠭᠡᠶᠢᠯᠡᠬᠦ       ᠠᠮᠠᠷᠠᠯᠲᠠ ᠶᠢᠨ ᠣᠷᠣᠨ ᠤ ᠣᠶᠤᠨᠲᠤ ᠵᠣᠭᠠᠴᠠᠯ ᠤᠨ ᠲᠠᠪᠴᠠᠩ ᠨᠢ ᠲᠦᠭᠰᠢᠭᠦᠷᠢ ᠶᠢᠨ ᠮᠡᠳᠡᠭᠡ ᠵᠠᠩᠭᠢ ᠶᠢ ᠴᠤᠭᠯᠠᠭᠤᠯᠬᠤ ᠶᠢ ᠥᠷᠨᠢᠭᠦᠯᠵᠦ᠂ ᠲᠣᠰ ᠠᠵᠢᠯ ᠲᠥᠷᠥᠯ ᠤᠨ ᠬᠦᠷᠢᠶ᠎ᠡ ᠴᠠᠷᠠᠭ᠎ᠠ ᠶᠢᠨ ᠲᠦᠭᠰᠢᠭᠦᠷᠢ ᠶᠢᠨ ᠴᠡᠭ᠂ ᠲᠦᠭᠰᠢᠭᠦᠷᠢ ᠶᠢᠨ ᠢᠷᠡᠯᠲᠡ ᠶᠢ ᠢᠯᠭᠠᠨ ᠲᠠᠨᠢᠬᠤ ᠪᠠ ᠦᠨᠡᠯᠡᠨ ᠵᠢᠱᠢᠵᠦ᠂ ᠠᠮᠤᠷ ᠲᠦᠪᠰᠢᠨ ᠤ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠲᠣᠭᠲᠠᠴᠠ ᠪᠠ ᠰᠡᠷᠭᠡᠶᠢᠯᠡᠨ ᠡᠵᠡᠮᠳᠡᠬᠦ ᠰᠢᠰᠲ᠋ᠧᠮ ᠢ ᠪᠠᠶᠢᠭᠤᠯᠤᠨ ᠪᠦᠷᠢᠨᠰᠢᠭᠦᠯᠵᠦ᠂ ᠠᠮᠤᠷ ᠲᠦᠪᠰᠢᠨ ᠤ ᠲᠦᠭᠰᠢᠭᠦᠷᠢ ᠪᠠ ᠳᠠᠯᠳᠠ ᠬᠡᠮ ᠢ ᠰᠡᠷᠭᠡᠶᠢᠯᠡᠨ ᠠᠷᠢᠯᠭᠠᠨ᠎ᠠ᠃       ᠵᠣᠭᠠᠴᠠᠯ ᠤᠨ ᠡᠵᠡᠩᠨᠡᠭᠴᠢ ᠦᠢᠯᠡᠳᠪᠦᠷᠢᠯᠡᠯ ᠤᠨ ᠠᠮᠤᠷ ᠲᠦᠪᠰᠢᠨ᠂ ᠭᠠᠯ ᠰᠠᠷᠭᠡᠶᠢᠯᠠᠵᠣ ᠤᠨᠲᠠᠷᠠᠭᠠᠬᠤ ᠠᠮᠤᠷ ᠲᠦᠪᠰᠢᠨ ᠵᠡᠷᠭᠡ ᠶᠢᠨ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠤᠯᠤᠰ ᠤᠨ ᠪᠠᠷᠢᠮᠵᠢᠶ᠎ᠠ᠂ ᠠᠵᠢᠯ ᠲᠥᠷᠥᠯ ᠤᠨ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠵᠦ᠂ ᠵᠣᠭᠠᠴᠠᠯ ᠤᠨ ᠲᠦᠬᠦᠭᠡᠷᠣᠮᠵᠢ᠂ ᠲᠥᠬᠦᠭᠡᠷᠦᠮᠵᠢ ᠶᠢᠨ ᠡᠳᠦᠷ ᠲᠤᠲᠤᠮ ᠤᠨ ᠪᠠᠶᠢᠴᠠᠭᠠᠯᠲᠠ ᠬᠠᠮᠠᠭᠠᠯᠠᠯᠲᠠ ᠪᠠ ᠠᠷᠠᠴᠢᠯᠠᠯᠲᠠ ᠶᠢ ᠴᠢᠩᠭᠠᠳᠬᠠᠨ᠂ ᠬᠠᠩᠭᠠᠭᠰᠠᠨ ᠦᠢᠯᠡᠳᠬᠦᠨ ᠪᠠ ᠦᠢᠯᠡᠴᠢᠯᠡᠭᠡ ᠳᠤ ᠠᠮᠤᠷ ᠲᠦᠪᠰᠢᠨ ᠤ ᠰᠢᠯᠭᠠᠨ ᠪᠠᠶᠢᠴᠠᠭᠠᠯᠲᠠ᠂ ᠬᠢᠨᠠᠨ ᠬᠡᠮᠵᠢᠯᠲᠡ ᠪᠠ ᠦᠨᠡᠯᠡᠯᠲᠡ ᠬᠢᠵᠦ᠂ ᠠᠮᠤᠷ ᠲᠦᠪᠰᠢᠨ ᠤ ᠳᠠᠯᠳᠠ ᠬᠡᠮ ᠢ ᠴᠠᠭ ᠲᠤᠬᠠᠢ ᠳᠤᠨᠢ ᠠᠷᠢᠯᠭᠠᠵᠤ᠂ ᠠᠮᠤᠷ ᠲᠦᠪᠰᠢᠨ ᠢᠶᠠᠷ ᠬᠡᠷᠡᠭᠯᠡᠬᠦ ᠶᠢ ᠦᠨᠡᠨ ᠬᠦ ᠪᠠᠲᠤᠯᠠᠬᠤ ᠬᠡᠷᠡᠭᠲᠡᠢ︔ ᠡᠯ᠎ᠡ ᠵᠦᠢᠯ ᠤᠨ ᠠᠶᠤᠯᠭᠦᠢ ᠶᠢᠨ ᠬᠠᠮᠢᠶᠠᠷᠤᠯᠲᠠ ᠶᠢᠨ ᠳᠦᠷᠢᠮ ᠪᠠ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠢ ᠲᠣᠭᠲᠠᠭᠠᠨ᠎ᠠ᠃ ᠵᠣᠭᠠᠴᠠᠬᠴᠢ ᠳᠤ ᠰᠢᠭᠤᠳ ᠦᠢᠯᠡᠴᠢᠯᠡᠭᠡ ᠬᠠᠩᠭᠠᠬᠤ ᠠᠵᠢᠯ ᠡᠷᠬᠢᠯᠡᠭᠰᠡᠳ ᠲᠤ ᠭᠡᠨᠡᠳᠲᠡ ᠶᠢᠨ ᠬᠡᠷᠡᠭ ᠢ ᠲᠤᠬᠠᠢ ᠶᠢᠨ ᠭᠠᠵᠠᠷ ᠲᠤᠨᠢ ᠰᠢᠢᠳᠪᠦᠷᠢᠯᠡᠬᠦ ᠪᠠ ᠠᠪᠤᠷᠠᠨ ᠲᠤᠰᠠᠯᠠᠬᠤ ᠤᠷ᠎ᠠ ᠴᠢᠳᠠᠪᠤᠷᠢ ᠶᠢᠨ ᠪᠣᠯᠪᠠᠰᠤᠷᠠᠯ ᠢ ᠪᠠᠶᠢᠩᠭᠤ ᠶᠢᠨ ᠴᠢᠨᠠᠷᠲᠠᠢ ᠪᠠᠷ ᠥᠷᠨᠢᠭᠦᠯᠵᠦ᠂ ᠴᠢᠬᠤᠯᠠ ᠪᠦᠬᠦᠢ ᠠᠷᠭ᠎ᠠ ᠬᠡᠮᠵᠢᠶ᠎ᠡ ᠠᠪᠴᠤ ᠪᠠᠶᠢᠭᠠᠳ ᠬᠤᠣᠷ ᠬᠥᠨᠥᠭᠡᠯ ᠡᠭᠦᠰᠬᠦ ᠶᠢ ᠰᠡᠷᠭᠡᠶᠢᠯᠡᠨ᠎ᠡ᠃       ᠵᠣᠭᠠᠴᠠᠯ ᠤᠨ ᠡᠵᠡᠩᠨᠡᠭᠴᠢ ᠠᠶᠠᠯᠠᠯ ᠢ ᠨᠥᠯᠥᠭᠡᠯᠡᠬᠦ᠂ ᠵᠣᠭᠠᠴᠠᠬᠴᠢ ᠶᠢᠨ ᠡᠷᠬᠡ ᠠᠰᠢᠭ ᠢ ᠬᠤᠬᠢᠷᠠᠭᠤᠯᠬᠤ ᠪᠠᠶᠢᠳᠠᠯ ᠭᠠᠷᠴᠤ ᠮᠡᠳᠡᠬᠦ ᠶᠢ ᠤᠷᠢᠳᠴᠢᠯᠠᠨ ᠮᠡᠳᠡᠪᠡᠯ᠂ ᠵᠣᠭᠠᠴᠠᠬᠴᠢ ᠳᠤ ᠬᠠᠮᠢᠶ᠎ᠠ ᠪᠦᠬᠦᠢ ᠮᠡᠳᠡᠭᠡ ᠵᠠᠩᠭᠢ ᠶᠢ ᠴᠠᠭ ᠲᠤᠬᠠᠢ ᠳᠤᠨᠢ ᠮᠡᠳᠡᠭᠳᠡᠵᠦ᠂ ᠬᠠᠮᠢᠶ᠎ᠠ ᠪᠦᠬᠦᠢ ᠲᠠᠶᠢᠯᠪᠤᠷᠢᠯᠠᠬᠤ᠂ ᠢᠳᠬᠠᠬᠤ᠂ ᠲᠣᠬᠤᠨᠢᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠦᠢᠯᠡᠴᠢᠯᠡᠭᠡ ᠶᠢ ᠰᠢᠯᠢᠳᠡᠭᠵᠢᠭᠦᠯᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠵᠣᠭᠠᠴᠠᠭᠰᠠᠳ ᠤᠨ ᠤᠷᠮ᠎ᠠ ᠰᠡᠳᠬᠢᠯᠭᠡ ᠶᠢ ᠲᠣᠭᠲᠠᠪᠤᠷᠢᠵᠢᠭᠤᠯᠤᠨ᠂ ᠡᠯ᠎ᠡ ᠵᠦᠢᠯ ᠤᠨ ᠵᠥᠷᠢᠴᠡᠯ ᠢ ᠲᠣᠬᠢᠲᠠᠢ ᠰᠢᠢᠳᠪᠦᠷᠢᠯᠡᠵᠦ᠂ ᠵᠣᠭᠠᠴᠠᠯ ᠤᠨ ᠬᠡᠷᠡᠭᠯᠡᠭᠡᠨ ᠤ ᠵᠢᠭᠤᠷᠠᠯᠳᠤᠭᠠᠨ ᠢ ᠵᠣᠭᠠᠴᠠᠯ ᠤᠨ ᠭᠡᠨᠡᠳᠲᠡ ᠶᠢᠨ ᠬᠡᠷᠡᠭ ᠪᠣᠯᠭᠠᠨ ᠬᠤᠪᠢᠷᠠᠭᠤᠯᠬᠤ ᠠᠴᠠ ᠠᠯᠢ ᠴᠢᠳᠠᠬᠤ ᠪᠠᠷ ᠵᠠᠶᠢᠯᠠᠰᠬᠢᠨ᠎ᠡ᠃       ᠵᠣᠭᠠᠴᠠᠬᠴᠢ  ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠵᠣᠭᠠᠴᠠᠯ ᠤᠨ ᠡᠵᠡᠩᠨᠡᠭᠴᠢ ᠶᠢ ᠵᠢᠯᠤᠭᠤᠳᠬᠤ ᠪᠠᠨ ᠴᠢᠩᠭᠠᠳᠬᠠᠵᠤ᠂ ᠵᠣᠭᠠᠴᠠᠯ ᠤᠨ ᠵᠢᠭᠤᠷᠠᠯᠳᠤᠭᠠᠨ ᠢ ᠲᠣᠬᠢᠲᠠᠢ ᠰᠢᠢᠳᠪᠦᠷᠢᠯᠡᠵᠦ᠂ ᠵᠣᠭᠠᠴᠠᠯ ᠤᠨ ᠭᠡᠨᠡᠳᠲᠡ ᠶᠢᠨ ᠬᠡᠷᠡᠭ ᠡᠭᠦᠰᠬᠦ ᠠᠴᠠ ᠠᠯᠢ ᠴᠢᠳᠠᠬᠤ ᠪᠠᠷ ᠵᠠᠶᠢᠯᠠᠰᠬᠢᠨ᠎ᠠ᠃       ᠠᠷᠪᠠᠳᠤᠭᠠᠷ ᠵᠦᠢᠯ᠂ ᠬᠢᠨᠠᠨ ᠰᠢᠯᠭᠠᠬᠤ ᠪᠠ ᠰᠤᠳᠤᠯᠤᠨ ᠮᠠᠭᠠᠳᠯᠠᠬᠤ       ᠵᠢᠯᠤᠭᠤᠳᠬᠤ ᠭᠠᠵᠠᠷ ᠨᠢ ᠵᠠᠮ ᠬᠠᠷᠢᠯᠴᠠᠭ᠎ᠠ᠂ ᠴᠠᠭ ᠠᠭᠤᠷ᠂ ᠡᠬᠢ ᠪᠠᠶᠠᠯᠢᠭ ᠤᠨ ᠲᠥᠯᠦᠪᠵᠢᠭᠦᠯᠭᠡ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠯᠦᠭᠡ ᠰᠡᠷᠡᠮᠵᠢᠯᠡᠭᠦᠯᠬᠦ ᠮᠡᠳᠡᠭᠡ ᠵᠠᠩᠭᠢ ᠶᠢ ᠮᠡᠳᠡᠭᠡᠯᠡᠬᠦ ᠲᠣᠭᠲᠠᠴᠠ ᠶᠢ ᠪᠠᠶᠢᠭᠤᠯᠬᠤ ᠬᠡᠷᠡᠭᠲᠡᠢ᠃ ᠵᠣᠭᠠᠴᠠᠯ ᠤᠨ ᠭᠡᠨᠡᠳᠲᠡ ᠶᠢᠨ ᠬᠡᠷᠡᠭ ᠡᠭᠦᠰᠬᠡᠵᠦ ᠮᠡᠳᠡᠬᠦ ᠡᠯ᠎ᠡ ᠲᠥᠷᠥᠯ ᠤᠨ ᠬᠦᠴᠦᠨ ᠵᠦᠢᠯ ᠳᠤ ᠰᠤᠳᠤᠯᠤᠨ ᠮᠠᠭᠠᠳᠯᠠᠯᠲᠠ ᠶᠢᠨ ᠵᠢᠱᠢᠯᠲᠡ᠂ ᠲᠦᠭᠰᠢᠭᠦᠷᠢ ᠶᠢᠨ ᠵᠠᠳᠠᠯᠤᠯᠲᠠ ᠬᠢᠵᠦ᠂ ᠴᠠᠭ ᠲᠤᠬᠠᠢ ᠳᠤᠨᠢ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠪᠠ ᠳᠡᠭᠡᠳᠦ ᠱᠠᠲᠤᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠢ᠃ ᠡᠭᠦᠨ ᠤ ᠬᠠᠮᠲᠤ᠂ ᠡᠯ᠎ᠡ ᠪᠦᠷᠢᠯᠳᠦᠭᠦᠨ ᠨᠢᠭᠡᠴᠢ ᠪᠣᠯᠣᠨ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠮᠡᠳᠡᠭᠳᠡᠨ᠎ᠡ᠃       ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠮᠡᠳᠡᠭᠡ ᠵᠠᠩᠭᠢ ᠶᠢ ᠬᠠᠮᠲᠤᠪᠠᠷ ᠭᠥᠷᠳᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠬᠥᠮᠥᠨ ᠣᠯᠠᠨ ᠴᠤᠭᠯᠠᠷᠠᠬᠤ ᠭᠠᠵᠠᠷ ᠲᠠᠯᠠᠪᠤᠷ᠂ ᠲᠦᠭᠰᠢᠭᠦᠷᠢ ᠶᠡᠬᠡᠲᠡᠢ ᠲᠥᠷᠥᠯ ᠵᠦᠢᠯ᠂ ᠣᠨᠴᠠ ᠲᠥᠷᠥᠯ ᠤᠨ ᠲᠥᠬᠦᠭᠡᠷᠦᠮᠵᠢ᠂ ᠭᠠᠯ ᠰᠠᠷᠭᠡᠶᠢᠯᠠᠵᠣ ᠤᠨᠲᠠᠷᠠᠭᠠᠬᠤ ᠠᠮᠤᠷ ᠲᠦᠪᠰᠢᠨ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ᠂ ᠢᠳᠡᠭᠡᠨ ᠤ ᠠᠮᠤᠷ ᠲᠦᠪᠰᠢᠨ᠂ ᠵᠠᠮ ᠬᠠᠷᠢᠯᠴᠠᠭᠠᠨ ᠤ ᠠᠮᠤᠷ ᠲᠦᠪᠰᠢᠨ᠂ ᠴᠠᠭ ᠠᠭᠤᠷ ᠤᠨ ᠰᠡᠷᠡᠮᠵᠢᠯᠡᠭᠦᠯᠦᠯ ᠵᠡᠷᠭᠡ ᠮᠡᠳᠡᠭᠡ ᠵᠠᠩᠭᠢ ᠶᠢ ᠴᠠᠭ ᠲᠤᠬᠠᠢ ᠳᠤᠨᠢ ᠴᠤᠭᠯᠠᠭᠤᠯᠤᠨ ᠡᠵᠡᠮᠰᠢᠵᠦ᠂ ᠠᠮᠤᠷ ᠲᠦᠪᠰᠢᠨ ᠤ ᠪᠠᠶᠢᠳᠠᠯ ᠢ ᠰᠤᠳᠤᠯᠤᠨ ᠮᠠᠭᠠᠳᠯᠠᠬᠤ ᠬᠡᠷᠡᠭᠲᠡᠢ᠃ ᠵᠣᠭᠠᠴᠠᠯ ᠤᠨ ᠭᠡᠨᠡᠳᠲᠡ ᠶᠢᠨ ᠬᠡᠷᠡᠭ ᠡᠭᠦᠰᠴᠦ ᠮᠡᠳᠡᠬᠦ ᠲᠦᠭᠰᠢᠭᠦᠷᠢ ᠪᠠᠷ ᠨᠡᠯᠢᠶᠡᠳ ᠶᠡᠭᠡ ᠪᠠᠶᠢᠬᠤ ᠶᠢ ᠤᠷᠢᠳᠴᠢᠯᠠᠨ ᠮᠠᠭᠠᠳᠯᠠᠬᠤ ᠳᠤ᠂ ᠵᠢᠯᠤᠭᠤᠳᠬᠤ ᠭᠠᠵᠠᠷ ᠪᠣᠯᠣᠨ ᠳᠡᠭᠡᠳᠦ ᠱᠠᠲᠤᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠴᠠᠭ ᠲᠤᠬᠠᠢ ᠳᠤᠨᠢ ᠮᠡᠳᠡᠭᠦᠯᠬᠦ ᠬᠡᠷᠡᠭᠲᠡᠢ᠃       ᠠᠷᠪᠠᠨ ᠨᠢᠭᠡᠳᠦᠭᠡᠷ ᠵᠦᠢᠯ  ᠂ ᠤᠷᠢᠳᠴᠢᠯᠠᠬᠰᠨᠨ ᠰᠡᠷᠡᠮᠵᠢᠯᠡᠭᠦᠯᠣᠯ       ︵ᠨᠢᠭᠡ︶ ᠰᠡᠷᠡᠮᠵᠢᠯᠡᠭᠦᠯᠣᠯ ᠢ ᠨᠡᠶᠢᠲᠡᠯᠡᠬᠦ       ᠵᠢᠯᠤᠭᠤᠳᠬᠤ ᠭᠠᠵᠠᠷ ᠨᠢ ᠵᠣᠭᠠᠴᠠᠯ ᠤᠨ ᠰᠡᠷᠡᠮᠵᠢᠯᠡᠭᠦᠯᠬᠦ ᠮᠡᠳᠡᠭᠡ ᠵᠠᠩᠭᠢ ᠵᠢᠴᠢ ᠲᠦᠭᠰᠢᠭᠦᠷᠢ ᠶᠢᠨ ᠰᠠᠨᠠᠭᠤᠯᠤᠮᠵᠢ ᠶᠢ ᠭᠥᠯᠢᠶᠡᠨ ᠠᠪᠬᠤ ᠪᠠ ᠨᠡᠶᠢᠲᠡᠯᠡᠬᠦ ᠶᠢ ᠬᠠᠷᠢᠭᠤᠴᠠᠨ᠎ᠠ᠃ ᠵᠢᠯᠤᠭᠤᠳᠬᠤ ᠭᠠᠵᠠᠷ ᠭᠠᠳᠠᠨᠠᠬᠢ ᠰᠡᠷᠡᠮᠵᠢᠯᠡᠭᠦᠯᠬᠦ ᠮᠡᠳᠡᠭᠡ ᠵᠠᠩᠭᠢ ᠶᠢ ᠣᠯᠣᠭᠰᠠᠨ ᠤ ᠲᠠᠷᠠᠭ᠎ᠠ᠂ ᠲᠡᠷᠡ ᠳᠠᠷᠤᠢ ᠳᠤᠨᠢ ᠬᠠᠮᠢᠶ᠎ᠠ ᠪᠦᠬᠦᠢ ᠪᠦᠷᠢᠯᠳᠦᠭᠦᠨ ᠨᠢᠭᠡᠴᠢ ᠶᠢ ᠵᠣᠬᠢᠶᠠᠨ ᠪᠠᠶᠢᠭᠤᠯᠤᠨ ᠰᠤᠳᠤᠯᠤᠨ ᠮᠠᠭᠠᠳᠯᠠᠵᠤ ᠵᠠᠳᠠᠯᠤᠯᠲᠠ ᠬᠢᠵᠦ᠂ ᠰᠡᠷᠡᠮᠵᠢᠯᠡᠭᠦᠯᠬᠦ ᠠᠭᠤᠯᠭ᠎ᠠ ᠶᠢ ᠲᠤᠭᠤᠷᠪᠢᠨ ᠲᠣᠭᠲᠠᠭᠠᠵᠤ᠂ ᠵᠢᠯᠤᠭᠤᠳᠬᠤ ᠳᠠᠷᠤᠭ᠎ᠠ ᠪᠠᠷ ᠵᠥᠪᠰᠢᠶᠡᠷᠡᠭᠦᠯᠦᠭᠰᠡᠨ ᠤ ᠳᠠᠷᠠᠭ᠎ᠠ ᠨᠡᠶᠢᠲᠡᠯᠡᠬᠦ ᠬᠡᠷᠡᠭᠲᠡᠢ᠃       ᠰᠡᠷᠡᠮᠵᠢᠯᠡᠭᠦᠯᠬᠦ ᠮᠡᠳᠡᠭᠡ ᠵᠠᠩᠭᠢ ᠶᠢᠨ ᠠᠭᠤᠯᠭ᠎ᠠ ᠳᠤ ᠰᠡᠷᠡᠮᠵᠢᠯᠡᠭᠦᠯᠬᠦ ᠲᠦᠷᠦᠯ ᠢᠯᠭᠠᠯ᠂ ᠰᠡᠷᠡᠮᠵᠢᠯᠡᠭᠦᠯᠬᠦ ᠳᠡᠰ ᠢᠯᠭᠠᠯ᠂ ᠰᠡᠷᠡᠮᠵᠢᠯᠡᠭᠦᠯᠬᠦ ᠣᠷᠣᠨ ᠪᠦᠰᠡ ᠪᠤᠶᠤ ᠲᠠᠯᠠᠪᠤᠷ ᠭᠠᠵᠠᠷ᠂ ᠰᠡᠷᠡᠮᠵᠢᠯᠡᠭᠦᠯᠬᠦ ᠬᠤᠭᠤᠴᠠᠭ᠎ᠠ ᠶᠢᠨ ᠡᠬᠢᠯᠡᠬᠦ ᠴᠠᠭ᠂ ᠨᠥᠯᠥᠭᠡᠯᠡᠵᠦ ᠮᠡᠳᠡᠬᠦ ᠬᠡᠪᠴᠢᠶ᠎ᠡ᠂ ᠰᠡᠷᠡᠮᠵᠢᠯᠡᠭᠦᠯᠬᠦ ᠵᠦᠢᠯᠡᠰ᠂ ᠠᠪᠤᠪᠠᠰᠤ ᠵᠣᠬᠢᠬᠤ ᠠᠷᠭ᠎ᠠ ᠬᠡᠮᠵᠢᠶ᠎ᠡ ᠪᠠ ᠨᠡᠶᠢᠲᠡᠯᠡᠬᠦ ᠪᠠᠶᠢᠭᠤᠯᠭ᠎ᠠ ᠵᠡᠷᠭᠡ ᠪᠠᠭᠲᠠᠨ᠎ᠠ᠃       ᠭᠤᠣᠯ ᠨᠡᠶᠢᠲᠡᠯᠡᠬᠦ ᠠᠷᠭ᠎ᠠ ᠵᠠᠮ ᠭᠡᠪᠡᠯ ᠷᠠᠳᠢᠣ᠋ ᠲᠧᠯᠸᠢᠰ᠂ ᠰᠣᠨᠢᠨ᠂ ᠢᠨᠲ᠋ᠧᠷ ᠰᠦᠯᠵᠢᠶ᠎ᠡ᠂ ᠣᠬᠤᠷ ᠮᠡᠳᠡᠭᠡ᠂ ᠡᠯ᠎ᠡ ᠲᠥᠷᠥᠯ ᠤᠨ ᠣᠯᠠᠨ ᠨᠡᠶᠢᠲᠡ ᠶᠢᠨ ᠳᠡᠯᠭᠡᠴᠡ ᠵᠡᠷᠭᠡ ᠪᠣᠯᠣᠨ᠎ᠠ︔ ᠣᠨᠴᠠᠭᠠᠶ ᠬᠥᠮᠥᠰ᠂ ᠣᠨᠴᠠᠭᠠᠶ ᠲᠠᠯᠠᠪᠤᠷ ᠭᠠᠵᠠᠷ ᠲᠤ ᠬᠠᠨᠳᠤᠯᠭᠠᠲᠤ ᠴᠢᠨᠠᠷᠲᠠᠢ ᠮᠡᠳᠡᠭᠳᠡᠬᠦ ᠠᠷᠭ᠎ᠠ ᠮᠠᠶ᠋ᠢᠭ ᠢ ᠠᠪᠴᠤ᠂ ᠴᠢᠬᠤᠯᠠᠲᠠᠢ ᠦᠶ᠎ᠡ ᠳᠤ ᠡᠯ᠎ᠡ ᠰᠣᠶᠣᠯ ᠴᠡᠩᠭᠡᠯ ᠤᠨ ᠲᠠᠯᠠᠪᠤᠷ ᠭᠠᠵᠠᠷ᠂ ᠵᠣᠭᠠᠴᠠᠯ ᠤᠨ ᠭᠠᠵᠠᠷ᠂ ᠵᠣᠭᠠᠴᠠᠯ ᠤᠨ ᠦᠵᠡᠮᠵᠢ ᠶᠢᠨ ᠣᠷᠣᠨ᠂ ᠣᠳᠣᠨ ᠳᠡᠰ ᠤᠨ ᠪᠠᠭᠤᠳᠠᠯ ᠵᠡᠷᠭᠡ ᠵᠣᠭᠠᠴᠠᠯ ᠤᠨ ᠡᠵᠡᠩᠨᠡᠯᠲᠡ ᠶᠢᠨ ᠨᠢᠭᠡᠴᠢ ᠠᠴᠠ ᠮᠡᠳᠡᠭᠳᠡᠬᠦ ᠬᠡᠷᠡᠭᠲᠡᠢ᠃       ︵ᠬᠤᠶᠠᠷ︶ ᠰᠡᠷᠡᠮᠵᠢᠯᠡᠭᠦᠯᠣᠯ ᠤᠨ ᠠᠵᠢᠯᠯᠠᠭ᠎ᠠ       ᠵᠢᠯᠤᠭᠤᠳᠬᠤ ᠭᠠᠵᠠᠷ ᠤᠨ ᠡᠯ᠎ᠡ ᠪᠦᠷᠢᠯᠳᠦᠭᠦᠨ ᠨᠢᠭᠡᠴᠢ ᠵᠢᠴᠢ ᠡᠯ᠎ᠡ ᠲᠥᠷᠥᠯ ᠤᠨ ᠵᠣᠭᠠᠴᠠᠯ ᠤᠨ ᠡᠵᠡᠩᠨᠡᠭᠴᠢ ᠰᠡᠷᠡᠮᠵᠢᠯᠡᠭᠦᠯᠣᠯ ᠤᠨ ᠮᠡᠳᠡᠭᠡ ᠵᠠᠩᠭᠢ  ᠶᠢ ᠣᠯᠣᠭᠰᠠᠨ ᠤ ᠳᠠᠷᠠᠭ᠎ᠠ᠂ ᠬᠠᠮᠢᠶ᠎ᠠ ᠪᠦᠬᠦᠢ ᠲᠣᠭᠲᠠᠭᠠᠯ ᠶᠣᠰᠣᠭᠠᠷ ᠪᠠᠴᠢᠮ ᠪᠠᠶᠢᠳᠠᠯ ᠢ ᠠᠷᠭᠠᠴᠠᠭᠠᠬᠤ ᠶᠢ ᠪᠡᠯᠡᠳᠬᠡᠯ ᠢ ᠴᠠᠭ ᠲᠤᠬᠠᠢ ᠳᠤᠨᠢ ᠰᠠᠶᠢᠲᠤᠷ ᠬᠢᠵᠦ᠂ ᠪᠠᠴᠢᠮ ᠪᠠᠶᠢᠳᠠᠯ ᠢ ᠠᠷᠭᠠᠴᠠᠭᠠᠬᠤ ᠵᠣᠬᠢᠴᠠᠩᠭᠤᠢ ᠤᠷᠢᠳᠴᠢᠯᠠᠬᠰᠨᠨ ᠲᠥᠰᠥᠪ ᠢ ᠲᠡᠭᠦᠯᠳᠡᠷᠵᠢᠭᠦᠯᠬᠦ ᠶᠢᠨ ᠬᠠᠮᠲᠤ ᠴᠠᠭ ᠲᠣᠬᠠᠢ ᠳᠤᠨᠢ ᠲᠣᠰ ᠠᠵᠢᠯ ᠲᠥᠷᠥᠯ᠂ ᠲᠣᠰ ᠭᠠᠵᠠᠷ ᠣᠷᠣᠨ ᠵᠢᠴᠢ ᠦᠨᠳᠦᠰᠦᠨ ᠱᠠᠲᠤᠨ ᠤ ᠨᠢᠭᠡᠴᠢ ᠳᠤ ᠰᠡᠷᠡᠮᠵᠢᠯᠡᠭᠦᠯᠣᠯ ᠤᠨ ᠮᠡᠳᠡᠭᠡ ᠵᠠᠩᠭᠢ ᠶᠢ ᠨᠡᠶᠢᠲᠡᠯᠡᠵᠣ ᠦᠭᠬᠦᠨ᠎ᠠ᠃        ︵ᠭᠤᠷᠪᠠ︶ ᠤᠷᠢᠳᠴᠢᠯᠠᠬᠰᠨᠨ ᠰᠡᠷᠡᠮᠵᠢᠯᠡᠭᠦᠯᠣᠯ ᠢ ᠬᠦᠴᠦᠨ ᠦᠭᠡᠢ ᠪᠣᠯᠭᠠᠬᠤ       ᠵᠣᠭᠠᠴᠠᠯ ᠤᠨ ᠭᠡᠨᠡᠳᠲᠡ ᠶᠢᠨ ᠬᠡᠷᠡᠭ ᠢ ᠡᠭᠦᠰᠬᠡᠵᠦ ᠮᠡᠳᠡᠬᠦ ᠤᠷᠢᠳᠴᠢᠯᠠᠬᠰᠨᠨ ᠰᠡᠷᠡᠮᠵᠢᠯᠡᠭᠦᠯᠬᠦ ᠪᠠᠶᠢᠳᠠᠯ ᠢ ᠰᠤᠯᠠᠷᠠᠭᠤᠯᠬᠤ ᠪᠤᠶᠤ ᠬᠦᠴᠣᠨ ᠦᠭᠡᠢ ᠪᠣᠯᠭᠠᠬᠤ᠂ ᠡᠰᠡᠬᠦᠯ᠎ᠡ ᠬᠡᠷᠡᠭ ᠤᠨ ᠬᠤᠣᠷ ᠬᠥᠨᠥᠭᠡᠯ ᠢ ᠬᠢᠵᠠᠭᠠᠷᠯᠠᠵᠤ᠂ ᠡᠭᠦᠰᠦᠮᠡᠯ ᠪᠠ ᠡᠭᠦᠰᠦᠮᠡᠯ ᠬᠡᠷᠡᠭ ᠤᠨ ᠬᠦᠴᠦᠨ ᠵᠦᠢᠯ ᠢ ᠠᠷᠢᠯᠭᠠᠬᠤ ᠳᠤ ᠬᠦᠷᠪᠡᠯ᠂ ︽ᠬᠡᠨ ᠨᠡᠶᠢᠲᠡᠯᠡᠪᠡᠯ ᠲᠡᠷᠡ ᠬᠦᠴᠦᠨ ᠦᠭᠡᠢ ᠪᠣᠯᠭᠠᠬᠤ︾ ᠵᠠᠷᠴᠢᠮ ᠤᠨ ᠶᠣᠰᠣᠭᠠᠷ᠂ ᠤᠷᠢᠳᠴᠢᠯᠠᠬᠰᠨᠨ ᠰᠡᠷᠡᠮᠵᠢᠯᠡᠭᠦᠯᠣᠯ ᠤᠨ ᠮᠡᠳᠡᠭᠡ ᠵᠠᠩᠭᠢ ᠶᠢ ᠨᠡᠶᠢᠲᠡᠯᠡᠬᠦ ᠪᠠᠶᠢᠭᠤᠯᠭ᠎ᠠ ᠠᠴᠠ ᠨᠡᠶᠢᠲᠡᠯᠡᠬᠦ ᠵᠢᠷᠤᠮ ᠢᠶᠠᠷ ᠯᠠᠪᠯᠠᠯᠲᠠ ᠪᠣᠯᠭᠠᠵᠤ ᠤᠷᠢᠳᠴᠢᠯᠠᠬᠰᠨᠨ ᠰᠡᠷᠡᠮᠵᠢᠯᠡᠭᠦᠯᠣᠯ ᠢ ᠬᠦᠴᠦᠨ ᠦᠭᠡᠢ ᠪᠣᠯᠭᠠᠨ᠎ᠠ᠃       ᠠᠷᠪᠠᠨ ᠬᠤᠶᠠᠳᠤᠭᠠᠷ ᠵᠦᠢᠯ᠂ ᠪᠠᠴᠢᠮ ᠪᠠᠶᠢᠳᠠᠯ ᠢ ᠠᠷᠭᠠᠴᠠᠭᠠᠬᠤ ᠶᠢ ᠳᠠᠭᠠᠬᠤ       ︵ᠨᠢᠭᠡ︶ ᠮᠡᠳᠡᠭᠡ ᠵᠠᠩᠭᠢ ᠮᠡᠳᠡᠭᠦᠯᠬᠦ ᠪᠠ  ᠮᠠᠳᠡᠭᠳᠡᠬᠦ       ᠵᠣᠭᠠᠴᠠᠯ ᠤᠨ ᠭᠡᠨᠡᠳᠲᠡ ᠶᠢᠨ ᠬᠡᠷᠡᠭ ᠡᠭᠦᠰᠦᠭᠰᠡᠨ ᠤ ᠳᠠᠷᠠᠭ᠎ᠠ᠂ ᠵᠣᠭᠠᠴᠠᠯ ᠤᠨ ᠡᠵᠡᠩᠨᠡᠭᠴᠢ ᠶᠢᠨ ᠲᠤᠬᠠᠢ ᠶᠢᠨ ᠲᠠᠯᠠᠪᠤᠷ ᠤᠨ ᠠᠵᠢᠯᠲᠠᠨ ᠲᠡᠷᠡ ᠳᠠᠷᠤᠢ ᠳᠤᠨᠢ ︽110︾ ︽119︾ ︽120︾ ᠵᠡᠷᠭᠡ ᠪᠠᠴᠢᠮ ᠤᠲᠠᠰᠤ ᠪᠤᠶᠤ ᠪᠤᠰᠤᠳ ᠲᠤᠰᠬᠠᠢ ᠤᠲᠠᠰᠤ ᠪᠠᠷ ᠬᠡᠷᠡᠭ ᠤᠨ ᠮᠡᠳᠡᠭᠡ ᠵᠠᠩᠭᠢ ᠶᠢ ᠮᠡᠳᠡᠭᠦᠯᠬᠦ ᠶᠢᠨ ᠬᠠᠮᠲᠤ ᠲᠣᠰ ᠨᠢᠭᠡᠴᠢ ᠶᠢᠨ ᠢᠶᠠᠨ ᠬᠠᠷᠢᠭᠤᠴᠠᠯᠭᠠᠲᠠᠨ ᠳᠤ ᠮᠡᠳᠡᠭᠦᠯᠬᠦ ᠬᠡᠷᠡᠭᠲᠡᠢ᠃ ᠨᠢᠭᠡᠴᠢ ᠶᠢᠨ ᠬᠠᠷᠢᠭᠤᠴᠠᠯᠭᠠᠲᠠᠨ ᠮᠡᠳᠡᠭᠦᠯᠦᠯᠲᠡ ᠶᠢ ᠣᠯᠣᠭᠰᠠᠨ ᠤ ᠳᠠᠷᠠᠭ᠎ᠠ᠂ 1 ᠴᠠᠭ ᠤᠨ ᠳᠣᠲᠣᠷ᠎ᠠ ᠠᠮᠠᠷᠠᠯᠲᠠ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ᠂ ᠰᠣᠶᠣᠯ ᠵᠣᠭᠠᠴᠠᠯ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠣᠨ ᠪᠤᠰᠤᠳ ᠬᠠᠮᠢᠶ᠎ᠠ ᠪᠦᠬᠦᠢ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠢ᠃       ᠪᠠᠶᠢᠳᠠᠯ ᠪᠠᠴᠢᠮ ᠪᠤᠶᠤ ᠴᠢᠬᠤᠯᠠ ᠶᠡᠭᠡ᠂ ᠣᠨᠴᠠᠭᠠᠶ ᠬᠦᠨᠳᠦ ᠶᠡᠭᠡ ᠵᠣᠭᠠᠴᠠᠯ ᠤᠨ ᠭᠡᠨᠡᠳᠲᠡ ᠶᠢᠨ ᠬᠡᠷᠡᠭ ᠡᠭᠦᠰᠦᠭᠰᠡᠨ ᠦᠶ᠎ᠡ ᠳᠤ᠂ ᠲᠤᠬᠠᠢ ᠶᠢᠨ ᠲᠠᠯᠠᠪᠤᠷ ᠤᠨ ᠬᠤᠯᠪᠣᠭᠳᠠᠯ ᠪᠦᠬᠦᠢ ᠬᠥᠮᠥᠰ ᠠᠮᠠᠷᠠᠯᠲᠠ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ᠂ ᠰᠣᠶᠣᠯ ᠵᠣᠭᠠᠴᠠᠯ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠣᠨ ᠪᠤᠰᠤᠳ ᠬᠠᠮᠢᠶ᠎ᠠ ᠪᠦᠬᠦᠢ ᠰᠠᠯᠠᠭ᠎ᠠ ᠮᠥᠴᠢᠷ ᠲᠤ ᠰᠢᠭᠤᠳ ᠮᠡᠳᠡᠭᠦᠯᠵᠦ ᠪᠣᠯᠣᠨ᠎ᠠ᠃       ᠰᠣᠶᠣᠯ ᠵᠣᠭᠠᠴᠠᠯ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠵᠣᠭᠠᠴᠠᠯ ᠡᠵᠡᠩᠨᠡᠭᠴᠢ ᠶᠢᠨ ᠮᠡᠳᠡᠭᠦᠯᠦᠯᠲᠡ ᠶᠢ ᠣᠯᠣᠭᠰᠠᠨ ᠤ ᠲᠠᠷᠠᠭ᠎ᠠ᠂ 30 ᠮᠢᠨᠦ᠋ᠲ ᠤᠨ ᠳᠣᠲᠣᠷ᠎ᠠ ᠠᠮᠠᠷᠠᠯᠲᠠ ᠶᠢᠨ ᠣᠷᠣᠨ ᠤ ᠬᠠᠮᠢᠶᠠᠷᠤᠯᠲᠠ ᠶᠢᠨ ᠵᠦᠪᠯᠡᠯ ᠳᠤ ᠮᠡᠳᠡᠭᠦᠯᠬᠦ ᠶᠢᠨ ᠬᠠᠮᠲᠤ ᠱᠠᠭᠠᠷᠳᠠᠯᠭ᠎ᠠ ᠶᠣᠰᠣᠭᠠᠷ ᠵᠢᠯᠤᠭᠤᠳᠬᠤ ᠭᠠᠵᠠᠷ ᠲᠤ ᠮᠡᠳᠡᠭᠦᠯᠦᠨ ᠬᠦᠷᠭᠡᠬᠦ ᠬᠡᠷᠡᠭᠲᠡᠢ᠃ ᠨᠡᠯᠢᠶᠡᠳ ᠶᠡᠭᠡ ᠵᠢᠴᠢ ᠲᠡᠭᠦᠨ ᠠᠴᠠ ᠳᠡᠭᠡᠭᠰᠢᠬᠢ ᠵᠣᠭᠠᠴᠠᠯ ᠤᠨ ᠭᠡᠨᠡᠳᠲᠡ ᠶᠢᠨ ᠬᠡᠷᠡᠭ ᠢ ᠱᠠᠲᠤ ᠳᠠᠷᠠᠭᠠᠯᠠᠨ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠳᠤ ᠮᠡᠳᠡᠭᠦᠯᠦᠨ᠎ᠡ᠃       ᠮᠡᠳᠡᠭᠦᠯᠬᠦ ᠳᠡᠭᠡᠨ ᠠᠭᠤᠯᠭ᠎ᠠ ᠳᠤ ᠳᠣᠣᠷ᠎ᠠ ᠵᠢᠭᠰᠠᠭᠠᠭᠰᠠᠨ ᠠᠭᠤᠯᠭ᠎ᠠ ᠶᠢ ᠪᠠᠭᠲᠠᠭᠠᠭᠰᠠᠨ ᠪᠠᠶᠢᠬᠤ ᠬᠡᠷᠡᠭᠲᠡᠢ       1᠂ ᠬᠡᠷᠡᠭ ᠡᠭᠦᠰᠦᠭᠰᠡᠨ ᠴᠠᠭ᠂ ᠭᠠᠵᠠᠷ᠂ ᠮᠡᠳᠡᠭᠡ ᠵᠠᠩᠭᠢ ᠶᠢᠨ ᠢᠷᠡᠯᠲᠡ︔       2᠂ ᠳᠥᠭᠦᠮ ᠥᠩᠭᠡᠷᠡᠯᠲᠡ᠂ ᠦᠬᠦᠵᠦ ᠰᠢᠷᠬᠠᠲᠤᠭᠰᠠᠨ ᠬᠥᠮᠥᠨ  ᠤ ᠲᠤᠭ᠎ᠠ᠂ ᠨᠥᠯᠥᠭᠡᠯᠡᠬᠦ ᠬᠦᠷᠢᠶ᠎ᠡ ᠬᠡᠪᠴᠢᠶ᠎ᠡ︔       3᠂ ᠬᠡᠷᠡᠭ ᠲᠤ ᠬᠤᠯᠪᠣᠭᠳᠠᠭᠰᠠᠨ ᠵᠣᠭᠠᠴᠠᠯ  ᠤᠨ ᠡᠵᠡᠩᠨᠡᠭᠴᠢ᠂ ᠪᠤᠰᠤᠳ ᠬᠤᠯᠪᠣᠭᠳᠠᠯ ᠪᠦᠬᠦᠢ ᠨᠢᠭᠡᠴᠢ ᠶᠢᠨ ᠨᠡᠷᠡᠶᠢᠳᠦᠯ︔       4᠂ ᠬᠡᠷᠡᠭ ᠡᠭᠦᠰᠦᠭᠰᠡᠨ ᠰᠢᠯᠲᠠᠭᠠᠨ ᠵᠢᠴᠢ ᠬᠥᠭᠵᠢᠯᠲᠡ ᠶᠢᠨ ᠬᠠᠨᠳᠤᠰᠢ ᠶᠢᠨ ᠠᠩᠬ᠎ᠠ ᠠᠯᠬᠤᠮ ᠤᠨ ᠮᠠᠭᠠᠳᠯᠠᠯᠲᠠ︔       5᠂ ᠠᠪᠤᠭᠰᠠᠨ ᠪᠠᠴᠢᠮ ᠪᠠᠶᠢᠳᠠᠯ  ᠢ  ᠠᠷᠭᠠᠴᠠᠭᠠᠬᠤ ᠠᠷᠭ᠎ᠠ ᠬᠡᠮᠵᠢᠶ᠎ᠡ ᠵᠢᠴᠢ ᠰᠢᠢᠳᠪᠦᠷᠢᠯᠡᠭᠰᠡᠨ ᠪᠠᠶᠢᠳᠠᠯ︔       6᠂ ᠳᠡᠮᠵᠢᠨ ᠬᠠᠪᠰᠤᠷᠬᠤ ᠴᠢᠬᠤᠯᠠᠲᠠᠢ ᠵᠦᠢᠯᠡᠰ︔       7᠂ ᠮᠡᠳᠡᠭᠦᠯᠦᠭᠴᠢ ᠶᠢᠨ ᠣᠪᠣᠭ ᠨᠡᠷ᠎ᠡ᠂ ᠨᠢᠭᠡᠴᠢ ᠵᠢᠴᠢ ᠬᠠᠷᠢᠯᠴᠠᠬᠤ ᠤᠲᠠᠰᠤ᠃       ᠡᠮᠦᠨᠡᠬᠢ ᠪᠠᠳᠠᠭ ᠲᠤ ᠵᠢᠭᠰᠠᠭᠠᠭᠰᠠᠨ ᠠᠭᠤᠯᠭ᠎ᠠ ᠶᠢ ᠲᠦᠷ ᠲᠣᠭᠲᠠᠭᠠᠬᠤ ᠶᠢᠨ ᠠᠷᠭ᠎ᠠ ᠤᠶᠢᠭᠡᠢ ᠪᠠᠶᠢᠪᠠᠯ᠂ ᠤᠷᠢᠳᠠᠪᠠᠷ ᠨᠢᠭᠡᠨᠲᠡ ᠮᠡᠳᠡᠭᠰᠡᠨ ᠪᠠᠶᠢᠳᠠᠯ ᠢᠶᠠᠨ ᠮᠡᠳᠡᠭᠦᠯᠬᠦ ᠶᠢᠨ ᠬᠠᠮᠲᠤ ᠭᠠᠷᠤᠭᠰᠠᠨ ᠰᠢᠨ᠎ᠡ ᠪᠠᠶᠢᠳᠠᠯ ᠢ ᠴᠠᠭ ᠲᠤᠬᠠᠢ  ᠳᠤᠨᠢ ᠨᠥᠬᠦᠪᠦᠷᠢᠯᠡᠨ ᠮᠡᠳᠡᠭᠦᠯᠵᠦ᠂ ᠦᠷᠭᠦᠯᠵᠢᠯᠡᠨ ᠮᠡᠳᠡᠭᠦᠯᠬᠦ ᠬᠡᠷᠡᠭᠲᠡᠢ᠃       ︵ᠬᠤᠶᠠᠷ︶ ᠤᠷᠢᠳᠠᠪᠠᠷ ᠰᠢᠢᠳᠪᠦᠷᠢᠯᠡᠬᠦ       ᠵᠣᠭᠠᠴᠠᠯ ᠤᠨ ᠭᠡᠨᠡᠳᠲᠡ ᠶᠢᠨ ᠬᠡᠷᠡᠭ ᠡᠭᠦᠰᠦᠭᠰᠡᠨ ᠤ ᠳᠠᠷᠠᠭ᠎ᠠ᠂ ᠵᠣᠭᠠᠴᠠᠯ ᠤᠨ ᠡᠵᠡᠩᠨᠡᠭᠴᠢ ᠪᠠ ᠠᠮᠠᠷᠠᠯᠲᠠ ᠶᠢᠨ ᠣᠷᠣᠨ ᠤ ᠬᠠᠮᠢᠶᠠᠷᠤᠯᠲᠠ ᠶᠢᠨ ᠺᠣᠮᠢᠰ ᠨᠢ ᠳᠠᠷᠤᠢ ᠲᠦᠷᠭᠡᠨ ᠤᠷᠢᠳᠴᠢᠯᠠᠨ ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠣᠯᠠᠨ ᠵᠦᠢᠯ ᠤᠨ ᠠᠷᠭ᠎ᠠ ᠬᠡᠮᠵᠢᠶ᠎ᠡ ᠠᠪᠴᠤ ᠪᠠᠶᠢᠭᠠᠳ ᠬᠡᠷᠡᠭ ᠤᠨ ᠬᠤᠣᠷ ᠬᠥᠨᠥᠭᠡᠯ ᠤᠨ ᠥᠷᠭᠡᠳᠬᠦ ᠶᠢ ᠰᠡᠷᠭᠡᠶᠢᠯᠡᠬᠦ ᠶᠢᠨ ᠬᠠᠮᠲᠤ᠂ ᠬᠠᠮᠢᠶ᠎ᠠ ᠪᠦᠬᠦᠢ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠠ ᠵᠢᠯᠤᠭᠤᠳᠬᠤ ᠭᠠᠵᠠᠷ ᠲᠤ ᠬᠡᠷᠡᠭ ᠢ ᠰᠢᠢᠳᠪᠦᠷᠢᠯᠡᠭᠰᠡᠨ ᠪᠠᠶᠢᠳᠠᠯ ᠢᠶᠠᠨ ᠮᠡᠳᠡᠭᠦᠯᠬᠦ ᠬᠡᠷᠡᠭᠲᠡᠢ᠃       ᠵᠣᠭᠠᠴᠠᠯ ᠤᠨ ᠭᠡᠨᠡᠳᠲᠡ ᠶᠢᠨ ᠬᠡᠷᠡᠭ ᠢ ᠠᠷᠭᠠᠴᠠᠭᠠᠨ ᠰᠢᠢᠳᠪᠦᠷᠢᠯᠡᠬᠦ ᠬᠤᠭᠤᠴᠠᠭᠠᠨ ᠳᠤ᠂ ᠨᠥᠯᠥᠭᠡᠯᠡᠭᠳᠡᠭᠰᠡᠨ ᠠᠷᠠᠳ ᠢᠷᠭᠡᠨ᠂ ᠬᠠᠤᠯᠢ ᠶᠢᠨ ᠡᠷᠬᠡᠲᠡᠨ ᠪᠠ ᠪᠤᠰᠤᠳ ᠨᠡᠶᠢᠭᠡᠮ ᠤᠨ ᠵᠣᠬᠢᠶᠠᠨ ᠪᠠᠶᠢᠭᠤᠯᠤᠯᠲᠠ  ᠨᠢ ᠬᠤᠪᠢ ᠬᠥᠮᠥᠨ ᠤ ᠰᠡᠷᠭᠡᠶᠢᠯᠡᠨ ᠬᠠᠮᠠᠭᠠᠯᠠᠬᠤ ᠪᠠ ᠥᠪᠡᠷ ᠢ ᠪᠠᠨ ᠠᠪᠤᠷᠠᠬᠤ᠂ ᠬᠠᠷᠢᠯᠴᠠᠨ ᠠᠪᠤᠷᠠᠬᠤ ᠠᠵᠢᠯ ᠢ ᠢᠳᠡᠪᠬᠢᠲᠡᠢ ᠰᠠᠶᠢᠲᠤᠷ ᠬᠢᠵᠦ᠂ ᠵᠣᠭᠠᠴᠠᠯ ᠤᠨ ᠭᠡᠨᠡᠳᠲᠡ ᠶᠢᠨ ᠬᠡᠷᠡᠭ ᠢ ᠲᠤᠬᠠᠢ ᠶᠢᠨ ᠲᠠᠯᠠᠪᠤᠷ ᠲᠤᠨᠢ ᠰᠢᠢᠳᠪᠦᠷᠢᠯᠡᠬᠦ ᠠᠵᠢᠯ ᠳᠤ ᠬᠠᠮᠵᠢᠯᠴᠠᠬᠤ ᠬᠡᠷᠡᠭᠲᠡᠢ᠃       ᠦᠬᠦᠵᠦ ᠰᠢᠷᠬᠠᠲᠤᠭᠰᠠᠨ᠂ ᠠᠯᠠᠭ᠎ᠠ ᠪᠣᠯᠤᠭᠰᠠᠨ᠂ ᠬᠠᠰᠢᠭᠳᠠᠭᠰᠠᠨ ᠬᠥᠮᠥᠰ ᠨᠢ ᠰᠢᠶᠠᠩᠭᠠᠩ᠂ ᠣᠣᠮᠧᠨ᠂ ᠲᠠᠶᠢᠸᠠᠨ ᠣᠷᠣᠨ ᠤ ᠬᠥᠮᠥᠰ ᠪᠤᠶᠤ ᠭᠠᠳᠠᠭᠠᠳᠤ ᠶᠢᠨ ᠠᠷᠠᠳ ᠢᠷᠭᠡᠨ ᠲᠠᠢ ᠬᠤᠯᠪᠣᠭᠳᠠᠪᠠᠯ᠂ ᠠᠮᠠᠷᠠᠯᠲᠠ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ ᠠᠴᠠ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠮᠡᠳᠡᠭᠳᠡᠬᠦ ᠪᠠ ᠵᠣᠬᠢᠴᠠᠭᠤᠯᠤᠨ᠎ᠠ᠃       ︵ᠭᠤᠷᠪᠠ︶ ᠱᠠᠲᠤ ᠬᠤᠪᠢᠶᠠᠨ ᠳᠠᠭᠠᠬᠤ       ᠷᠠᠰᠢᠶᠠᠨ ᠤ ᠵᠣᠭᠠᠴᠠᠯ ᠤᠨ ᠠᠮᠠᠷᠠᠯᠲᠠ ᠶᠢᠨ ᠣᠷᠣᠨ ᠤ ᠵᠣᠭᠠᠴᠠᠯ ᠤᠨ ᠭᠡᠨᠡᠳᠲᠡ ᠶᠢᠨ ᠬᠡᠷᠡᠭ ᠢ ᠠᠷᠭᠠᠴᠠᠭᠠᠬᠤ ᠳᠤ Ⅰ ᠲᠠᠰ᠂ Ⅱ ᠲᠠᠰ᠂ Ⅲ ᠲᠠᠰ ᠤᠨ ᠵᠣᠬᠢᠶᠠᠨ ᠪᠠᠶᠢᠭᠤᠯᠤᠯᠲᠠ ᠶᠢᠨ ᠶᠣᠰᠣᠭᠠᠷ ᠠᠶᠠᠳᠡᠨ ᠲᠠᠭᠠᠬᠤ ᠬᠡᠷᠡᠭᠲᠡᠢ᠃ ᠡᠭᠦᠨ ᠳᠤ᠂ Ⅰ ᠲᠠᠰ ᠤᠨ ᠳᠠᠭᠠᠬᠤ ᠲᠠᠰ ᠨᠢ ᠬᠠᠮᠤᠭ ᠤᠨ ᠳᠡᠭᠡᠳᠦ ᠠᠶᠠᠳᠡᠨ ᠲᠠᠭᠠᠬᠤ ᠲᠠᠰ ᠪᠠᠶᠢᠵᠤ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠠᠴᠠ ᠵᠣᠬᠢᠶᠠᠨ ᠪᠠᠶᠢᠭᠤᠯᠵᠤ ᠠᠷᠭᠠᠴᠠᠭᠠᠨ᠎ᠠ︔Ⅱ ᠲᠠᠰ ᠤᠨ ᠳᠠᠭᠠᠬᠤ ᠶᠢ ᠵᠢᠯᠤᠭᠤᠳᠬᠤ ᠭᠠᠵᠠᠷ ᠠᠴᠠ ᠵᠣᠬᠢᠶᠠᠨ ᠪᠠᠶᠢᠭᠤᠯᠵᠤ ᠠᠷᠭᠠᠴᠠᠭᠠᠨ᠎ᠠ︔Ⅲ ᠲᠠᠰ ᠤᠨ ᠠᠶᠠᠳᠡᠨ ᠲᠠᠭᠠᠬᠤ ᠶᠢ ᠠᠮᠠᠷᠠᠯᠲᠠ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ ᠠᠴᠠ ᠵᠣᠬᠢᠶᠠᠨ ᠪᠠᠶᠢᠭᠤᠯᠵᠤ ᠠᠷᠭᠠᠴᠠᠭᠠᠨ᠎ᠠ᠃       1 Ⅲ ᠳᠡᠰ ᠤᠨ ᠬᠠᠷᠢᠭᠤ ᠲᠣᠰᠬᠠᠯ ᠭᠠᠷᠭᠠᠬᠤ       ︵1︶ ᠡᠬᠢᠯᠡᠭᠦᠯᠬᠦ ᠨᠥᠬᠦᠴᠡᠯ       ᠳᠣᠣᠷᠠᠬᠢ ᠪᠠᠶᠢᠳᠠᠯ ᠤᠨ ᠨᠢᠭᠡ ᠨᠢ ᠢᠯᠡᠷᠡᠪᠡᠯ᠂ ᠵᠥᠪᠳᠡᠯᠴᠡᠵᠤ ᠰᠤᠳᠤᠯᠤᠨ ᠮᠠᠭᠠᠳᠯᠠᠬᠤ ᠪᠠᠷ ᠳᠡᠮᠵᠢᠨ Ⅲ ᠲᠠᠰ ᠤᠨ ᠬᠠᠷᠢᠭᠤ ᠲᠣᠰᠬᠠᠯ ᠭᠠᠷᠭᠠᠬᠤ ᠭᠡᠷᠡᠭᠳᠡᠢ᠃       ① ᠡᠩ ᠤᠨ ᠵᠣᠭᠠᠴᠠᠯ ᠤᠨ ᠭᠡᠨᠡᠳᠲᠡ ᠶᠢᠨ ᠬᠡᠷᠡᠭ ᠡᠭᠦᠰᠦᠭᠰᠡᠨ ᠪᠠᠶᠢᠳᠠᠯ᠃       ② ᠠᠮᠠᠷᠠᠯᠲᠠ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ ᠠᠴᠠ ᠠᠷᠭᠠᠴᠠᠭᠠᠵᠤ ᠳᠡᠶᠢᠯᠬᠦ ᠪᠣᠯᠪᠠᠴᠤ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠬᠠᠪᠰᠤᠷᠴᠤ ᠵᠢᠯᠤᠭᠤᠳᠬᠤ ᠴᠢᠬᠤᠯᠠᠲᠠᠢ ᠪᠠᠶᠢᠳᠠᠯ᠃       ③ ᠬᠤᠲᠠ ᠶᠢᠨ ᠵᠣᠭᠠᠴᠠᠯ ᠤᠨ ᠪᠠᠴᠢᠮ ᠪᠠᠶᠢᠳᠠᠯ ᠢ ᠠᠷᠭᠠᠴᠠᠭᠠᠬᠤ ᠵᠢᠯᠤᠭᠤᠳᠬᠤ ᠭᠠᠵᠠᠷ ᠵᠥᠪᠳᠡᠯᠴᠡᠬᠦ ᠪᠠᠷ ᠳᠡᠮᠵᠢᠨ Ⅲ ᠲᠠᠰ ᠤᠨ ᠬᠠᠷᠢᠭᠤ ᠲᠣᠰᠬᠠᠯ ᠭᠠᠷᠭᠠᠬᠤ ᠠᠵᠢᠯᠯᠠᠭ᠎ᠠ ᠶᠢ ᠡᠬᠢᠯᠡᠭᠦᠯᠪᠡᠯ ᠵᠣᠬᠢᠨ᠎ᠠ ᠭᠡᠵᠦ ᠦᠵᠡᠭᠰᠡᠨ ᠪᠤᠰᠤᠳ ᠪᠠᠶᠢᠳᠠᠯ᠃       ︵2︶ ᠡᠬᠢᠯᠡᠭᠦᠯᠬᠦ  ᠶᠠᠪᠣᠴᠠ       ᠵᠢᠯᠤᠭᠤᠳᠬᠤ ᠭᠠᠵᠠᠷ ᠵᠣᠭᠠᠴᠠᠯ ᠤᠨ ᠭᠡᠨᠡᠳᠲᠡ ᠶᠢᠨ ᠬᠡᠷᠡᠭ ᠤᠨ ᠮᠡᠳᠡᠭᠡ ᠵᠠᠩᠭᠢ ᠶᠢ ᠣᠯᠣᠭᠰᠠᠨ ᠤ ᠳᠠᠷᠠᠭ᠎ᠠ ᠂ ᠵᠠᠳᠠᠯᠤᠨ ᠰᠤᠳᠤᠯᠵᠤ ᠮᠠᠭᠠᠳᠯᠠᠭᠰᠠᠨ ᠤ ᠳᠠᠷᠠᠭ᠎ᠠ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠵᠢᠭᠠᠨ ᠵᠢᠯᠤᠭᠤᠳᠴᠤ᠂ ᠬᠠᠪᠰᠤᠷᠤᠨ ᠰᠢᠢᠳᠪᠦᠷᠢᠯᠡᠬᠦ ᠴᠢᠬᠤᠯᠠᠲᠠᠢ ᠭᠡᠵᠦ ᠦᠵᠡᠪᠡᠯ᠂ Ⅲ ᠲᠠᠰ ᠤᠨ ᠠᠶᠠᠳᠡᠨ ᠲᠠᠭᠠᠬᠤ ᠰᠠᠨᠠᠭᠤᠯᠭ᠎ᠠ ᠶᠢ ᠡᠬᠢᠯᠡᠭᠦᠯᠵᠦ᠂ ᠠᠮᠠᠷᠠᠯᠲᠠ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠠᠴᠠ Ⅲ ᠲᠠᠰ ᠤᠨ ᠠᠶᠠᠳᠡᠨ ᠲᠠᠭᠠᠬᠤ ᠠᠵᠢᠯᠯᠠᠭ᠎ᠠ ᠶᠢ ᠡᠬᠢᠯᠡᠭᠦᠯᠬᠦ ᠶᠢ ᠨᠡᠶᠢᠲᠡᠯᠡᠬᠦ ᠶᠢᠨ ᠬᠠᠮᠲᠤ ᠵᠢᠯᠤᠭᠤᠳᠬᠤ ᠭᠠᠵᠠᠷ ᠲᠤ ᠮᠡᠳᠡᠭᠦᠯᠦᠨ᠎ᠡ᠃       ︵3︶ ᠬᠠᠷᠢᠭᠤ ᠲᠣᠰᠬᠠᠯ ᠭᠠᠷᠭᠠᠬᠤ ᠠᠷᠭ᠎ᠠ ᠬᠡᠮᠵᠢᠶ᠎ᠡ       ① ᠵᠢᠯᠤᠭᠤᠳᠬᠤ ᠭᠠᠵᠠᠷ ᠠᠴᠠ ᠲᠤᠬᠠᠢ ᠶᠢᠨ ᠲᠠᠯᠠᠪᠤᠷ ᠤᠨ ᠬᠥᠳᠡᠯᠦᠯ ᠪᠠᠶᠢᠳᠠᠯ ᠢ ᠡᠵᠡᠮᠰᠢᠬᠦ ᠶᠢ ᠨᠢᠭᠲᠠ ᠠᠩᠬᠠᠷᠴᠤ᠂ ᠬᠠᠮᠢᠶ᠎ᠠ ᠪᠦᠬᠦᠢ ᠪᠠᠶᠢᠭᠤᠯᠤᠮᠵᠢ ᠶᠢᠨ ᠰᠢᠢᠳᠪᠦᠷᠢᠯᠡᠬᠦ ᠠᠵᠢᠯ ᠢ ᠥᠷᠨᠢᠭᠦᠯᠬᠦ ᠶᠢ ᠬᠢᠨᠠᠨ ᠵᠢᠯᠤᠭᠤᠳᠬᠤ ᠶᠢᠨ ᠬᠠᠮᠲᠤ ᠱᠠᠭᠠᠷᠳᠠᠯᠭ᠎ᠠ ᠶᠣᠰᠣᠭᠠᠷ ᠮᠡᠳᠡᠭᠦᠯᠦᠯᠲᠡ ᠬᠢᠨ᠎ᠡ︔       ② ᠵᠢᠯᠤᠭᠤᠳᠬᠤ ᠭᠠᠵᠠᠷ ᠠᠴᠠ ᠪᠠᠶᠢᠳᠠᠯ ᠢ ᠦᠵᠡᠵᠦ ᠠᠵᠢᠯᠯᠠᠬᠤ ᠳᠤᠭᠤᠶᠢᠯᠠᠩ ᠲᠣᠮᠢᠯᠠᠨ ᠲᠤᠬᠠᠢ ᠶᠢᠨ ᠭᠠᠵᠠᠷ ᠲᠤ ᠣᠴᠢᠭᠤᠯᠵᠤ᠂ ᠲᠤᠬᠠᠢ ᠶᠢᠨ ᠭᠠᠵᠠᠷ ᠤᠨ ᠰᠢᠢᠳᠪᠦᠷᠢᠯᠡᠬᠦ ᠱᠠᠭᠠᠷᠳᠠᠯᠭ᠎ᠠ ᠶᠢ ᠦᠨᠳᠦᠰᠦᠯᠡᠨ᠂ ᠪᠠᠴᠢᠮ ᠪᠠᠶᠢᠳᠠᠯ ᠢ ᠠᠷᠭᠠᠴᠠᠭᠠᠬᠤ ᠡᠬᠢ ᠪᠠᠶᠠᠯᠢᠭ ᠪᠠ ᠬᠦᠴᠦᠨ ᠢ ᠵᠣᠬᠢᠴᠠᠭᠤᠯᠤᠨ ᠲᠠᠶᠢᠴᠢᠯᠠᠵᠤ ᠰᠢᠢᠳᠪᠦᠷᠢᠯᠡᠬᠦ ᠠᠵᠢᠯ ᠢ ᠥᠷᠨᠢᠭᠦᠯᠦᠨ᠎ᠡ ;       ③ ᠵᠢᠯᠤᠭᠤᠳᠬᠤ ᠭᠠᠵᠠᠷ ᠠᠴᠠ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠵᠥᠪᠳᠡᠯᠴᠡᠵᠦ᠂ ᠬᠡᠷᠡᠭ ᠶᠠᠪᠤᠳᠠᠯ ᠤᠨ ᠬᠥᠭᠵᠢᠯᠲᠡ ᠶᠢᠨ ᠬᠠᠨᠳᠤᠰᠢ ᠶᠢ ᠰᠤᠳᠤᠯᠤᠨ ᠦᠨᠡᠯᠡᠨ᠎ᠡ᠃       2Ⅱ ᠳᠡᠰ ᠤᠨ ᠬᠠᠷᠢᠭᠤ ᠲᠣᠰᠬᠠᠯ ᠭᠠᠷᠭᠠᠬᠤ       ︵1︶ ᠡᠬᠢᠯᠡᠭᠦᠯᠬᠦ ᠨᠥᠬᠦᠴᠡᠯ       ᠳᠣᠣᠷᠠᠬᠢ ᠪᠠᠶᠢᠳᠠᠯ ᠤᠨ ᠨᠢᠭᠡ ᠨᠢ ᠭᠠᠷᠪᠠᠯ᠂ ᠵᠥᠪᠳᠡᠯᠴᠡᠬᠦ ᠪᠠᠷ ᠳᠡᠮᠵᠢᠨ ᠰᠤᠳᠤᠯᠤᠨ ᠮᠠᠭᠠᠳᠯᠠᠬᠤ ᠪᠠᠷ ᠳᠡᠮᠵᠢᠨ Ⅱ ᠲᠠᠰ ᠤᠨ ᠬᠠᠷᠢᠭᠤ ᠲᠣᠰᠬᠠᠯ ᠭᠠᠷᠭᠠᠬᠤ ᠭᠡᠷᠡᠭᠳᠡᠢ᠃       ① ᠨᠡᠯᠢᠶᠡᠳ ᠶᠡᠭᠡ ᠵᠣᠭᠠᠴᠠᠯ ᠤᠨ ᠭᠡᠨᠡᠳᠲᠡ ᠶᠢᠨ ᠬᠡᠷᠡᠭ ᠡᠭᠦᠰᠦᠭᠰᠡᠨ ᠪᠠᠶᠢᠳᠠᠯ ;       ② ᠠᠮᠠᠷᠠᠯᠲᠠ ᠶᠢᠨ ᠣᠷᠣᠨ ᠤ ᠬᠠᠮᠢᠶᠠᠷᠤᠯᠲᠠ ᠶᠢᠨ  ᠵᠦᠪᠯᠡᠯ ᠠᠴᠠ ᠬᠦᠴᠢᠷᠳᠡᠯ ᠢ ᠠᠷᠭᠠᠴᠠᠭᠠᠵᠤ᠂ ᠵᠢᠯᠤᠭᠤᠳᠬᠤ ᠭᠠᠵᠠᠷ ᠠᠴᠠ ᠬᠠᠪᠰᠤᠷᠤᠨ ᠰᠢᠢᠳᠪᠦᠷᠢᠯᠡᠬᠦ ᠴᠢᠬᠤᠯᠠᠲᠠᠢ ᠪᠠᠶᠢᠳᠠᠯ ;       ③ ᠵᠢᠯᠤᠭᠤᠳᠬᠤ ᠭᠠᠵᠠᠷ ᠠᠴᠠ ᠵᠥᠪᠳᠡᠯᠴᠡᠬᠦ ᠪᠠᠷ ᠳᠠᠮᠵᠢᠭᠠᠳ Ⅱ ᠳᠡᠰ ᠤᠨ ᠬᠠᠷᠢᠭᠤ ᠲᠣᠰᠬᠠᠯ ᠭᠠᠷᠭᠠᠪᠡᠯ ᠵᠣᠬᠢᠨ᠎ᠠ ᠭᠡᠵᠦ ᠦᠵᠡᠭᠰᠡᠨ ᠪᠤᠰᠤᠳ ᠪᠠᠶᠢᠳᠠᠯ᠃       ︵2︶ ᠡᠬᠢᠯᠡᠭᠦᠯᠬᠦ ᠶᠠᠪᠣᠴᠠ       ᠵᠢᠯᠤᠭᠤᠳᠬᠤ ᠭᠠᠵᠠᠷ ᠨᠢ ᠵᠣᠭᠠᠴᠠᠯ ᠤᠨ ᠭᠡᠨᠡᠳᠲᠡ ᠶᠢᠨ ᠬᠡᠷᠡᠭ ᠤᠨ ᠮᠡᠳᠡᠭᠡ ᠵᠠᠩᠭᠢ ᠶᠢ ᠣᠯᠣᠭᠰᠠᠨ ᠤ ᠳᠠᠷᠠᠭ᠎ᠠ᠂ ᠵᠠᠳᠠᠯᠤᠨ ᠰᠤᠳᠤᠯᠵᠤ ᠮᠠᠭᠠᠳᠯᠠᠬᠤ ᠪᠠᠷ ᠳᠡᠮᠵᠢᠨ᠂ Ⅱ ᠲᠠᠰ ᠤᠨ ᠬᠠᠷᠢᠭᠤ ᠲᠣᠰᠬᠠᠯ ᠭᠠᠷᠭᠠᠬᠤ ᠰᠠᠨᠠᠭᠤᠯᠭ᠎ᠠ ᠶᠢ ᠡᠬᠢᠯᠡᠭᠦᠯᠬᠦ ᠪᠠᠷ ᠳᠤᠷᠠᠳᠴᠤ᠂ ᠵᠢᠯᠤᠭᠤᠳᠬᠤ ᠭᠠᠵᠠᠷ ᠤᠨ ᠵᠢᠯᠤᠭᠤᠳᠬᠤ ᠳᠠᠷᠤᠭ᠎ᠠ ᠠᠴᠠ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠳᠤ ᠮᠡᠳᠡᠭᠦᠯᠵᠦ᠂ ᠵᠢᠯᠤᠭᠤᠳᠬᠤ ᠳᠠᠷᠤᠭ᠎ᠠ  ᠠᠴᠠ Ⅱ ᠲᠠᠰ ᠤᠨ ᠬᠠᠷᠢᠭᠤ ᠲᠣᠰᠬᠠᠯ ᠭᠠᠷᠭᠠᠬᠤ ᠠᠵᠢᠯᠯᠠᠭ᠎ᠠ ᠶᠢ ᠡᠬᠢᠯᠡᠭᠦᠯᠬᠦ ᠪᠠᠷ ᠵᠠᠷᠯᠠᠵᠤ᠂ ᠵᠢᠯᠤᠭᠤᠳᠬᠤ ᠭᠠᠵᠠᠷ ᠠᠴᠠ ᠳᠠᠷᠤᠶᠢᠬᠠᠨ ᠡᠯ᠎ᠡ ᠪᠦᠷᠢᠯᠳᠦᠭᠦᠨ ᠨᠢᠭᠡᠴᠢ ᠳᠤ ᠮᠡᠳᠡᠭᠳᠡᠵᠦ᠂ Ⅱ ᠲᠠᠰ ᠤᠨ ᠬᠠᠷᠢᠭᠤ ᠲᠣᠰᠬᠠᠯ ᠭᠠᠷᠭᠠᠬᠤ ᠵᠠᠷᠯᠢᠭ ᠢ ᠤᠯᠠᠮᠵᠢᠯᠠᠨ᠎ᠠ᠃       ︵3︶ ᠬᠠᠷᠢᠭᠤ ᠲᠣᠰᠬᠠᠯ ᠭᠠᠷᠭᠠᠬᠤ ᠠᠷᠭ᠎ᠠ ᠬᠡᠮᠵᠢᠶ᠎ᠡ       ① ᠵᠢᠯᠤᠭᠤᠳᠬᠤ ᠭᠠᠵᠠᠷ ᠠᠴᠠ ᠴᠠᠭ ᠲᠤᠬᠠᠢ ᠳᠤᠨᠢ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠤ ᠮᠡᠳᠡᠭᠦᠯᠦᠨ᠎ᠡ᠃ ᠳᠠᠷᠤᠢ ᠲᠦᠷᠭᠡᠨ ᠵᠢᠯᠣᠭᠤᠳᠤᠨ ᠲᠣᠬᠢᠷᠠᠭᠤᠯᠬᠤ ᠪᠠ ᠬᠤᠯᠪᠤᠭᠠᠯᠠᠨ ᠬᠥᠳᠡᠯᠦᠯᠴᠡᠵᠦ ᠠᠶᠠᠳᠡᠨ ᠲᠠᠭᠠᠵᠤ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠢ ᠲᠤᠭᠤᠰᠢᠯᠠᠭᠤᠯᠣᠨ ᠨᠠᠶᠢᠳᠠᠪᠤᠷᠢᠵᠢᠭᠤᠯᠵᠤ᠂ ᠬᠤᠲᠠ ᠶᠢᠨ ᠲᠠᠰ ᠤᠨ ᠲᠤᠰᠬᠠᠢ ᠮᠡᠷᠭᠡᠵᠢᠯᠲᠡᠨ ᠪᠠ ᠪᠠᠴᠢᠮ ᠪᠠᠶᠢᠳᠠᠯ ᠢ ᠠᠷᠭᠠᠴᠠᠭᠠᠬᠤ ᠲᠤᠰᠬᠠᠢ ᠡᠩᠨᠡᠭᠡ ᠵᠡᠷᠭᠡ ᠶᠢ ᠬᠡᠷᠡᠭ ᠭᠠᠷᠤᠭᠰᠠᠨ ᠭᠠᠵᠠᠷ ᠲᠤ ᠰᠢᠯᠵᠢᠭᠦᠯᠦᠨ ᠲᠣᠮᠢᠯᠠᠵᠤ᠂ ᠡᠮᠦᠨ᠎ᠡ ᠹᠷᠣᠨᠲ ᠤᠨ ᠵᠢᠯᠤᠭᠤᠳᠬᠤ ᠭᠠᠵᠠᠷ ᠢ ᠪᠠᠶᠢᠭᠤᠯᠤᠨ᠂ ᠬᠡᠷᠡᠭ ᠭᠠᠷᠤᠭᠰᠠᠨ ᠭᠠᠵᠠᠷ ᠤᠨ ᠲᠤᠬᠠᠢ ᠶᠢᠨ ᠲᠠᠯᠠᠪᠤᠷ ᠤᠨ ᠪᠠᠴᠢᠮ ᠪᠠᠶᠢᠳᠠᠯ ᠢ ᠠᠷᠭᠠᠴᠠᠭᠠᠬᠤ ᠵᠢᠯᠤᠭᠤᠳᠬᠤ ᠪᠠᠶᠢᠭᠤᠯᠤᠮᠵᠢ ᠶᠢ ᠡᠮᠦᠨ᠎ᠡ ᠹᠷᠣᠨᠲ ᠤᠨ ᠵᠢᠯᠤᠭᠤᠳᠬᠤ ᠭᠠᠵᠠᠷ ᠲᠤ ᠨᠡᠶᠢᠯᠡᠭᠦᠯᠦᠨ ᠣᠷᠣᠭᠤᠯᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠵᠢᠴᠢ ᠬᠠᠷᠢᠶ᠎ᠠ ᠭᠠᠵᠠᠷ ᠢ ᠵᠣᠬᠢᠴᠠᠭᠤᠯᠤᠨ ᠵᠣᠬᠢᠶᠠᠨ ᠪᠠᠶᠢᠭᠤᠯᠵᠤ ᠡᠯ᠎ᠡ ᠵᠦᠢᠯ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠵᠢᠯ ᠢ ᠥᠷᠨᠢᠭᠦᠯᠬᠦ ᠶᠢᠨ ᠬᠠᠮᠲᠤ ᠱᠠᠭᠠᠷᠳᠠᠯᠭ᠎ᠠ ᠶᠣᠰᠣᠭᠠᠷ ᠮᠡᠳᠡᠭᠦᠯᠦᠨ᠎ᠡ︔      ② ᠵᠢᠯᠤᠭᠤᠳᠬᠤ ᠭᠠᠵᠠᠷ ᠠᠴᠠ ᠰᠤᠳᠤᠯᠤᠨ ᠮᠠᠭᠠᠳᠯᠠᠬᠤ ᠬᠤᠷᠠᠯ ᠬᠤᠷᠠᠯᠳᠤᠭᠤᠯᠵᠤ᠂ ᠬᠡᠷᠡᠭ ᠶᠠᠪᠤᠳᠠᠯ ᠤᠨ ᠨᠥᠯᠥᠭᠡ ᠵᠢᠴᠢ ᠬᠥᠭᠵᠢᠯᠲᠡ ᠶᠢᠨ ᠬᠠᠨᠳᠤᠰᠢ ᠳᠤ ᠬᠥᠳᠡᠯᠦᠩᠭᠦᠢ ᠪᠠᠶᠢᠳᠠᠯ ᠤᠨ ᠶᠡᠷᠦᠩᠬᠡᠶᠢᠯᠡᠭᠰᠡᠨ ᠦᠨᠡᠯᠡᠯᠲᠡ ᠬᠢᠵᠦ ᠂ ᠰᠢᠢᠳᠪᠦᠷᠢᠯᠡᠬᠦ ᠲᠥᠰᠥᠯ ᠢ ᠰᠤᠳᠤᠯᠤᠨ ᠲᠣᠳᠣᠷᠬᠠᠶᠢᠯᠠᠬᠤ ᠶᠢᠨ ᠬᠠᠮᠲᠤ ᠬᠡᠷᠡᠭ ᠶᠠᠪᠤᠳᠠᠯ ᠢ ᠰᠢᠢᠳᠪᠦᠷᠢᠯᠡᠬᠦ ᠳᠤ ᠣᠷᠣᠯᠴᠠᠵᠤ᠂ ᠬᠡᠷᠡᠭ ᠶᠠᠪᠤᠳᠠᠯ ᠤᠨ ᠬᠥᠭᠵᠢᠯᠲᠡ ᠶᠢ ᠬᠠᠮᠤᠭ ᠤᠨ ᠶᠡᠭᠡ ᠬᠡᠮᠵᠢᠶ᠎ᠡ ᠪᠠᠷ ᠡᠵᠡᠮᠳᠡᠬᠦ ᠶᠢᠨ ᠬᠠᠮᠲᠤ ᠤᠬᠠᠭᠤᠯᠤᠨ ᠮᠡᠳᠡᠭᠡᠯᠡᠬᠦ ᠵᠢᠴᠢ ᠶᠠᠷᠢᠶ᠎ᠠ ᠬᠡᠯᠡᠯᠴᠡᠭᠡᠨ ᠤ ᠬᠥᠲᠥᠯᠥᠨ ᠵᠢᠯᠤᠭᠤᠳᠬᠤ ᠠᠵᠢᠯ ᠢ ᠰᠠᠶᠢᠲᠤᠷ ᠬᠢᠨ᠎ᠡ᠃       ③ ᠵᠢᠯᠤᠭᠤᠳᠬᠤ ᠭᠠᠵᠠᠷ ᠠᠴᠠ ᠭᠡᠨᠡᠳᠲᠡ ᠶᠢᠨ ᠬᠡᠷᠡᠭ ᠤᠨ ᠲᠤᠬᠠᠢ ᠶᠢᠨ ᠲᠠᠯᠠᠪᠤᠷ ᠤᠨ ᠪᠠᠶᠢᠳᠠᠯ ᠵᠢᠴᠢ ᠬᠥᠭᠵᠢᠯᠲᠡ ᠶᠢᠨ ᠪᠠᠶᠢᠳᠠᠯ ᠢ ᠦᠨᠳᠦᠰᠦᠯᠡᠨ᠂ ᠠᠪᠤᠷᠠᠨ ᠲᠤᠰᠠᠯᠠᠬᠤ ᠬᠦᠴᠦᠨ ᠢ ᠨᠡᠮᠡᠨ ᠲᠣᠬᠢᠷᠠᠭᠤᠯᠵᠤ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠵᠢᠯ ᠢ ᠴᠢᠩᠭᠠᠳᠬᠠᠨ᠂ ᠬᠡᠷᠡᠭ ᠤᠨ ᠬᠥᠭᠵᠢᠯᠲᠡ ᠶᠢ ᠡᠵᠡᠮᠳᠡᠵᠦ᠂ ᠴᠢᠬᠤᠯᠠ ᠲᠠᠢ ᠦᠶ᠎ᠡ ᠳᠤ ᠴᠠᠭ ᠲᠤᠬᠠᠢ ᠳᠤᠨᠢ ᠳᠡᠭᠡᠳᠦ ᠱᠠᠲᠤᠨ ᠤ ᠰᠠᠯᠠᠭ᠎ᠠ ᠮᠥᠴᠢᠷ ᠠᠴᠠ ᠮᠡᠷᠭᠡᠵᠢᠯ᠂ ᠬᠥᠮᠥᠨ ᠤ ᠬᠦᠴᠦ᠂ ᠪᠣᠳᠠᠰ ᠤᠨ ᠬᠦᠴᠦᠨ ᠤ ᠲᠤᠰᠠᠯᠠᠮᠵᠢ ᠬᠠᠩᠭᠠᠬᠤ ᠶᠢ ᠭᠤᠶᠤᠴᠢᠯᠠᠨ᠎ᠠ ;       3. Ⅰ ᠳᠡᠰ ᠤᠨ ᠬᠠᠷᠢᠭᠤ ᠲᠣᠰᠬᠠᠯ ᠭᠠᠷᠭᠠᠬᠤ       ︵1︶ ᠡᠬᠢᠯᠡᠭᠦᠯᠬᠦ ᠨᠥᠬᠦᠴᠡᠯ       ᠳᠣᠣᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠭᠠᠷᠤᠭᠰᠠᠨ ᠪᠠᠶᠢᠪᠠᠯ᠂ ᠵᠥᠪᠳᠡᠯᠴᠡᠵᠦ ᠪᠠᠶᠢᠭᠠᠳ Ⅰ ᠳᠡᠰ ᠤᠨ ᠬᠠᠷᠢᠭᠤ ᠲᠣᠰᠬᠠᠯ ᠭᠠᠷᠭᠠᠬᠤ ᠠᠵᠢᠯ ᠢ ᠡᠬᠢᠯᠡᠭᠦᠯᠬᠦ ᠪᠠᠷ ᠰᠤᠳᠤᠯᠤᠨ ᠮᠠᠭᠠᠳᠯᠠᠨ᠎ᠠ᠃       ① ᠴᠢᠬᠤᠯᠠ ᠶᠡᠭᠡ ᠵᠢᠴᠢ ᠴᠢᠬᠤᠯᠠ ᠶᠡᠭᠡ ᠵᠣᠭᠠᠴᠠᠯ ᠤᠨ ᠭᠡᠨᠡᠳᠲᠡ ᠶᠢᠨ ᠬᠡᠷᠡᠭ ᠡᠭᠦᠰᠦᠭᠰᠡᠨ ᠪᠠᠶᠢᠳᠠᠯ︔       ② Ⅱ ᠲᠠᠰ ᠤᠨ ᠬᠠᠷᠢᠭᠤ ᠲᠣᠰᠬᠠᠯ ᠭᠠᠷᠭᠠᠵᠤ ᠰᠢᠢᠳᠪᠦᠷᠢᠯᠡᠬᠦ ᠶᠢ ᠡᠬᠢᠯᠡᠭᠦᠯᠦᠭᠰᠡᠨ ᠤ ᠳᠠᠷᠠᠭ᠎ᠠ᠂ ᠵᠣᠭᠠᠴᠠᠯ ᠤᠨ ᠭᠡᠨᠡᠳᠲᠡ ᠶᠢᠨ ᠬᠡᠷᠡᠭ ᠤᠨ ᠪᠠᠶᠢᠳᠠᠯ ᠦᠷᠭᠦᠯᠵᠢᠯᠡᠨ ᠥᠷᠭᠡᠵᠢᠨ᠂ ᠬᠤᠣᠷ ᠬᠥᠨᠥᠭᠡᠯ ᠨᠢ ᠦᠷᠭᠦᠯᠵᠢᠯᠡᠨ ᠥᠷᠭᠡᠳᠴᠦ᠂ ᠨᠠᠩ ᠣᠯᠠᠨ ᠪᠠᠴᠢᠮ ᠪᠠᠶᠢᠳᠠᠯ ᠢ ᠠᠷᠭᠠᠴᠠᠭᠠᠬᠤ ᠡᠬᠢ ᠪᠠᠶᠠᠯᠢᠭ ᠪᠠ ᠬᠦᠴᠦᠨ ᠴᠢᠳᠠᠯ ᠢ ᠳᠠᠶᠢᠴᠢᠯᠠᠬᠤ ᠴᠢᠬᠤᠯᠠᠲᠠᠢ ᠪᠣᠯᠤᠭᠰᠠᠨ ᠪᠠᠶᠢᠳᠠᠯ︔       ③ ᠵᠢᠯᠤᠭᠤᠳᠬᠤ ᠭᠠᠵᠠᠷ ᠵᠥᠪᠳᠡᠯᠴᠡᠬᠦ ᠪᠠᠷ ᠳᠠᠮᠵᠢᠭᠠᠳ Ⅰ ᠳᠡᠰ ᠤᠨ  ᠬᠠᠷᠢᠭᠤ ᠲᠣᠰᠬᠠᠯ ᠭᠠᠷᠭᠠᠬᠤ  ᠶᠢ ᠡᠬᠢᠯᠡᠭᠦᠯᠪᠡᠯ ᠵᠣᠬᠢᠨ᠎ᠠ ᠭᠡᠵᠦ ᠦᠵᠡᠭᠰᠡᠨ ᠪᠤᠰᠤᠳ ᠪᠠᠶᠢᠳᠠᠯ᠃       ︵2︶ ᠡᠬᠢᠯᠡᠭᠦᠯᠬᠦ ᠶᠠᠪᠣᠴᠠ       Ⅱ ᠳᠡᠰ ᠤᠨ ᠬᠠᠷᠢᠭᠤ ᠲᠣᠰᠬᠠᠯ ᠭᠠᠷᠭᠠᠬᠤ ᠰᠠᠭᠤᠷᠢᠨ ᠳᠡᠭᠡᠷ᠎ᠡ᠂ ᠵᠢᠯᠤᠭᠤᠳᠬᠤ ᠭᠠᠵᠠᠷ ᠠᠴᠠ ᠵᠠᠳᠠᠯᠤᠨ ᠰᠤᠳᠤᠯᠵᠤ ᠮᠠᠭᠠᠳᠯᠠᠭᠠᠳ᠂ ᠬᠡᠷᠡᠭ ᠤᠨ ᠪᠠᠶᠢᠳᠠᠯ ᠶᠡᠬᠡᠳᠬᠦ ᠬᠠᠨᠳᠤᠰᠢ ᠲᠠᠢ ᠪᠠᠶᠢᠨ᠎ᠠ ᠭᠡᠵᠦ ᠦᠵᠡᠭᠡᠳ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠳᠤ Ⅰ ᠳᠡᠰ ᠤᠨ ᠬᠠᠷᠢᠭᠤ ᠲᠣᠰᠬᠠᠯ ᠭᠠᠷᠭᠠᠬᠤ ᠶᠢ ᠡᠬᠢᠯᠡᠭᠦᠯᠬᠦ ᠰᠠᠨᠠᠭᠤᠯᠭ᠎ᠠ ᠳᠤᠷᠠᠳᠴᠤ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠰᠡᠨ ᠤ ᠳᠠᠷᠠᠭ᠎ᠠ᠂ ᠵᠢᠯᠤᠭᠤᠳᠬᠤ ᠭᠠᠵᠠᠷ ᠠᠴᠠ Ⅰ ᠳᠡᠰ ᠤᠨ  ᠬᠠᠷᠢᠭᠤ ᠲᠣᠰᠬᠠᠯ ᠭᠠᠷᠭᠠᠬᠤ ᠶᠢ ᠡᠬᠢᠯᠡᠭᠦᠯᠦᠨ᠎ᠡ᠃Ⅰ ᠳᠡᠰ ᠤᠨ  ᠬᠠᠷᠢᠭᠤ ᠲᠣᠰᠬᠠᠯ ᠭᠠᠷᠭᠠᠬᠤ ᠶᠢ ᠡᠬᠢᠯᠡᠭᠦᠯᠦᠭᠰᠡᠨ ᠤ ᠳᠠᠷᠠᠭ᠎ᠠ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ ᠶᠡᠷᠦᠩᠬᠡᠢ ᠵᠢᠯᠣᠭᠤᠳᠤᠭᠴᠢ ᠶᠢᠨ ᠲᠤᠰᠢᠶᠠᠯ ᠢ ᠡᠭᠦᠷᠭᠡᠯᠡᠵᠦ᠂ ᠬᠤᠲᠠ ᠶᠢᠨ ᠵᠠᠰᠠᠭ ᠤᠨ ᠣᠷᠳᠣᠨ ᠠᠴᠠ ᠵᠤᠭᠠᠴᠠᠯ ᠤᠨ ᠭᠡᠨᠡᠳᠲᠡ ᠶᠢᠨ ᠬᠡᠷᠡᠭ ᠢ ᠠᠷᠭᠠᠴᠠᠭᠠᠬᠤ ᠠᠵᠢᠯ ᠢ ᠪᠦᠬᠦ ᠲᠠᠯ᠎ᠠ ᠪᠠᠷ ᠵᠣᠬᠢᠶᠠᠨ ᠪᠠᠶᠢᠭᠤᠯᠣᠨ᠎ᠠ᠃       ︵3︶ ᠬᠠᠷᠢᠭᠤ ᠲᠣᠰᠬᠠᠯ ᠭᠠᠷᠭᠠᠬᠤ ᠠᠷᠭ᠎ᠠ ᠬᠡᠮᠵᠢᠶ᠎ᠡ       Ⅱ ᠲᠠᠰ ᠤᠨ ᠬᠠᠷᠢᠭᠤ ᠲᠣᠰᠬᠠᠯ ᠭᠠᠷᠭᠠᠬᠤ ᠠᠷᠭ᠎ᠠ ᠬᠡᠮᠵᠢᠶ᠎ᠡ ᠶᠢ ᠰᠠᠶᠢᠲᠤᠷ ᠬᠢᠭᠰᠡᠨ ᠰᠠᠭᠤᠷᠢᠨ ᠳᠡᠭᠡᠷ᠎ᠡ᠂ ᠳᠣᠣᠷᠠᠬᠢ ᠠᠵᠢᠯ ᠤᠳ ᠢ ᠰᠠᠶᠢᠲᠤᠷ ᠬᠢᠨ᠎ᠡ᠄       ① ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠵᠢᠯᠤᠭᠤᠳᠬᠤ ᠭᠠᠵᠠᠷ ᠲᠤ ᠣᠷᠣᠵᠤ ᠰᠠᠭᠤᠨ᠎ᠠ᠃ ᠶᠡᠷᠦᠩᠬᠡᠢ ᠵᠢᠯᠣᠭᠤᠳᠤᠭᠴᠢ ᠠᠴᠠ ᠨᠢᠭᠡᠳᠦᠯᠲᠡᠢ ᠤᠳᠤᠷᠢᠳᠤᠨ ᠵᠢᠯᠤᠭᠤᠳᠴᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠶᠢᠨ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠣᠨ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠭᠡᠨᠡᠳᠲᠡ ᠶᠢᠨ ᠬᠡᠷᠡᠭ ᠢ ᠠᠷᠭᠠᠴᠠᠭᠠᠨ ᠰᠢᠢᠳᠪᠦᠷᠢᠯᠡᠬᠦ ᠠᠵᠢᠯ ᠢ ᠪᠥᠬᠦ ᠬᠦᠴᠦᠨ ᠢᠶᠠᠷ ᠢᠶᠠᠨ ᠥᠷᠨᠢᠭᠦᠯᠦᠨ᠎ᠡ︔       ② ᠵᠢᠯᠤᠭᠤᠳᠬᠤ ᠭᠠᠵᠠᠷ ᠠᠴᠠ ᠳᠡᠭᠡᠳᠦ ᠱᠠᠲᠤᠨ ᠳᠤ ᠭᠡᠨᠡᠳᠲᠡ ᠶᠢᠨ ᠬᠡᠷᠡᠭ ᠢ ᠰᠢᠢᠳᠪᠦᠷᠢᠯᠡᠭᠰᠡᠨ ᠠᠬᠢᠴᠠ ᠶᠢᠨ ᠪᠠᠶᠢᠳᠠᠯ ᠢ ᠴᠠᠭ ᠲᠤᠬᠠᠢ ᠳᠤᠨᠢ ᠮᠡᠳᠡᠭᠦᠯᠵᠦ᠂ ᠳᠡᠭᠡᠳᠦ ᠱᠠᠲᠤᠨ ᠤ ᠠᠵᠢᠯᠯᠠᠬᠤ ᠳᠤᠭᠤᠶᠢᠯᠠᠩ ᠤᠨ ᠵᠢᠯᠣᠭᠤᠳᠤᠯᠭ᠎ᠠ ᠶᠢ ᠬᠦᠯᠢᠶᠡᠨ᠎ᠡ ;       ③ ᠵᠣᠭᠠᠴᠠᠯ ᠤᠨ ᠭᠡᠨᠡᠳᠲᠡ ᠶᠢᠨ ᠬᠡᠷᠡᠭ ᠨᠢ ᠵᠢᠯᠤᠭᠤᠳᠬᠤ ᠭᠠᠵᠠᠷ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠠᠴᠠ ᠬᠡᠲᠦᠷᠡᠭᠰᠡᠨ ᠦᠶ᠎ᠡ ᠳᠤ᠂ ᠵᠢᠯᠤᠭᠤᠳᠬᠤ ᠭᠠᠵᠠᠷ ᠠᠴᠠ ᠴᠠᠭ ᠲᠤᠬᠠᠢ ᠳᠤᠨᠢ ᠬᠤᠳᠠ ᠶᠢᠨ ᠵᠠᠰᠠᠭ ᠤᠨ ᠣᠷᠳᠣᠨ ᠳᠤ ᠠᠶᠠᠳᠡᠨ ᠲᠠᠭᠠᠬᠤ ᠢᠶᠠᠨ ᠥᠷᠭᠡᠳᠬᠡᠬᠦ ᠭᠤᠶᠤᠴᠢᠯᠠᠯ ᠭᠠᠷᠭᠠᠬᠤ ᠬᠡᠷᠡᠭᠲᠡᠢ᠃ ᠬᠤᠲᠠ ᠶᠢᠨ ᠱᠠᠲᠤᠨ ᠤ ᠵᠢᠯᠤᠭᠤᠳᠬᠤ ᠭᠠᠵᠠᠷ ᠤᠨ ᠲᠣᠬᠢᠷᠠᠭᠤᠯᠤᠯᠲᠠ ᠪᠠᠷ᠂ ᠡᠯ᠎ᠡ ᠵᠦᠢᠯ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠵᠢᠯ ᠢ ᠪᠥᠬᠦ ᠬᠦᠴᠦᠨ ᠢᠶᠠᠷ ᠢᠶᠠᠨ ᠬᠠᠮᠵᠢᠯᠴᠠᠨ ᠰᠠᠶᠢᠲᠤᠷ ᠬᠢᠬᠦ ᠬᠡᠷᠡᠭᠲᠡᠢ᠃       4. ᠲᠥᠷᠥᠯ ᠬᠤᠪᠢᠶᠠᠨ ᠰᠢᠢᠳᠪᠦᠷᠢᠯᠡᠬᠦ ᠳᠡᠰ ᠳᠠᠷᠠᠭᠠᠯᠠᠯ       ︵1︶ ᠪᠠᠶᠢᠭᠠᠯᠢ ᠶᠢᠨ ᠭᠠᠮᠰᠢᠭ ᠪᠤᠶᠤ ᠡ᠊ᠨᠳᠡᠯ ᠤᠨ ᠭᠠᠢ ᠭᠠᠮᠰᠢᠭ ᠤᠨ ᠲᠥᠷᠥᠯ ᠤᠨ ᠵᠣᠭᠠᠴᠠᠯ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭ᠋ᠵᠠᠤ ᠠᠪᠤᠷᠠᠨ ᠲᠤᠰᠠᠯᠠᠵᠤ ᠰᠢᠢᠳᠪᠦᠷᠢᠯᠡᠬᠦ ᠲᠠᠰ ᠳᠠᠷᠠᠭᠠᠯᠠᠯ᠃       ① ᠪᠠᠶᠢᠭᠠᠯᠢ ᠶᠢᠨ ᠭᠠᠮᠰᠢᠭ ᠪᠤᠶᠤ ᠡ᠊ᠨᠳᠡᠯ ᠤᠨ ᠭᠠᠮᠰᠢᠭ ᠨᠢ ᠵᠣᠭᠠᠴᠠᠬᠴᠢ ᠶᠢᠨ ᠪᠡᠶ᠎ᠡ ᠶᠢᠨ ᠠᠮᠤᠷ ᠲᠦᠪᠰᠢᠨ ᠢ ᠨᠥᠯᠥᠭᠡᠯᠡᠭᠰᠡᠨ ᠦᠶ᠎ᠡ ᠳᠤ᠂ ᠪᠦᠯᠬᠦᠮ ᠢ ᠳᠠᠭᠠᠭᠰᠠᠨ ᠵᠢᠯᠣᠭᠤᠴᠢ᠂  ᠵᠣᠭᠠᠴᠠᠯ ᠤᠨ ᠬᠥᠲᠥᠴᠢ᠂ ᠵᠣᠭᠠᠴᠠᠯ ᠤᠨ ᠦᠵᠡᠮᠵᠢᠲᠦ ᠣᠷᠣᠨ ︵ᠴᠡᠭ︶᠂ ᠤᠳᠤᠨ ᠲᠡᠰ ᠤᠨ ᠪᠠᠭᠤᠳᠠᠯ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠷᠢᠯᠴᠠᠬᠤ ᠶᠢᠨ ᠬᠠᠮᠲᠤ ᠠᠮᠠᠷᠠᠯᠲᠠ ᠶᠢᠨ ᠣᠷᠣᠨ ᠤ ᠬᠠᠮᠢᠶᠠᠷᠤᠯᠲᠠ ᠶᠢᠨ  ᠵᠦᠪᠯᠡᠯ ᠳᠤ ᠪᠠᠶᠢᠳᠠᠯ ᠢᠶᠠᠨ ᠳᠠᠷᠤᠢ ᠲᠦᠷᠭᠡᠨ ᠮᠡᠳᠡᠭᠦᠯᠦᠨ᠎ᠡ ;       ② ᠠᠮᠠᠷᠠᠯᠲᠠ ᠶᠢᠨ ᠣᠷᠣᠨ ᠤ ᠬᠠᠮᠢᠶᠠᠷᠤᠯᠲᠠ ᠶᠢᠨ ᠵᠦᠪᠯᠡᠯ ᠵᠣᠭᠠᠴᠠᠬᠴᠢ᠂ ᠵᠣᠭᠠᠴᠠᠯ ᠤᠨ ᠦᠵᠡᠮᠵᠢᠲᠦ ᠣᠷᠣᠨ ︵ᠴᠡᠭ︶᠂ ᠤᠳᠤᠨ ᠲᠡᠰ ᠤᠨ ᠪᠠᠭᠤᠳᠠᠯ ᠵᠡᠷᠭᠡ ᠳᠤ ᠭᠡᠨᠡᠳᠲᠡ ᠡᠭᠦᠰᠦᠭᠰᠡᠨ ᠪᠠᠶᠢᠭᠠᠯᠢ ᠶᠢᠨ ᠭᠠᠮᠰᠢᠭ ᠪᠤᠶᠤ ᠡ᠊ᠨᠳᠡᠯ ᠤᠨ ᠭᠠᠢ ᠭᠠᠮᠰᠢᠭ ᠤᠨ ᠡ᠊ᠨᠳᠡᠯ ᠤᠨ ᠮᠡᠳᠡᠭᠦᠯᠦᠯᠲᠡ ᠶᠢ ᠣᠯᠣᠭᠰᠠᠨ ᠤ ᠲᠠᠷᠠᠭ᠎ᠠ᠂ ᠳᠣᠲᠣᠭᠠᠳᠤ ᠶᠢ ᠬᠠᠮᠠᠭᠠᠯᠠᠬᠤ᠂ ᠵᠠᠮ ᠬᠠᠷᠢᠯᠴᠠᠭ᠎ᠠ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠡᠷᠡᠭᠦᠯ ᠬᠠᠮᠠᠭᠠᠯᠠᠯ ᠡᠷᠡᠭᠦᠯ ᠮᠡᠨᠳᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠲᠠᠢ ᠢᠳᠡᠪᠬᠢᠲᠡᠢ ᠬᠠᠮᠵᠢᠯᠴᠠᠨ ᠵᠣᠭᠠᠴᠠᠬᠴᠢ ᠳᠤ ᠪᠠᠴᠢᠮ ᠠᠪᠤᠷᠠᠯᠲᠠ ᠬᠠᠩᠭᠠᠬᠤ ᠶᠢᠨ ᠬᠠᠮᠲᠤ ᠪᠠᠶᠢᠳᠠᠯ ᠢ ᠵᠢᠯᠤᠭᠤᠳᠬᠤ ᠭᠠᠵᠠᠷ ᠲᠤ ᠳᠠᠷᠤᠢ ᠲᠦᠷᠭᠡᠨ ᠮᠡᠳᠡᠭᠦᠯᠬᠦ ᠬᠡᠷᠡᠭᠲᠡᠢ᠃ ᠡᠭᠦᠨ ᠤ ᠵᠡᠷᠭᠡᠴᠡᠭᠡᠪᠡᠷ ᠪᠦᠯᠬᠦᠮ ᠪᠠᠶᠢᠭᠤᠯᠤᠭᠰᠠᠨ  ᠵᠢᠭᠤᠯᠴᠢᠯᠠᠯ ᠤᠨ ᠬᠤᠷᠢᠶ᠎ᠠ  ᠳᠤ ᠪᠠᠶᠢᠳᠠᠯ ᠢ ᠴᠠᠭ ᠲᠤᠬᠠᠢ ᠳᠤᠨᠢ ᠮᠡᠳᠡᠭᠳᠡᠵᠦ᠂ ᠬᠤᠯᠪᠣᠭᠳᠠᠯ ᠪᠦᠬᠦᠢ ᠤᠴᠢᠷ ᠶᠠᠪᠤᠳᠠᠯ ᠢ ᠬᠠᠮᠵᠢᠯᠴᠠᠨ ᠰᠢᠢᠳᠪᠦᠷᠢᠯᠡᠨ᠎ᠡ ;       ᠭᠤᠷᠪᠠ᠂ ᠠᠮᠠᠷᠠᠯᠲᠠ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ ᠬᠠᠮᠢᠶ᠎ᠠ ᠪᠦᠬᠦᠢ ᠮᠡᠳᠡᠭᠦᠯᠦᠯᠲᠡ ᠶᠢ ᠣᠯᠣᠭᠰᠠᠨ ᠤ ᠳᠠᠷᠠᠭ᠎ᠠ᠂ ᠬᠠᠮᠢᠶ᠎ᠠ ᠪᠦᠬᠦᠢ ᠰᠤᠷᠠᠭ ᠵᠠᠩᠭᠢ ᠶᠢ ᠰᠠᠨᠠᠭᠠᠴᠢᠯᠠᠭ᠎ᠠ ᠠᠴᠠ ᠪᠠᠨ ᠣᠶᠢᠯᠠᠭᠠᠨ ᠬᠠᠷᠭᠤᠭᠤᠯᠵᠤ᠂ ᠵᠢᠯᠤᠭᠤᠳᠬᠤ ᠭᠠᠵᠠᠷ ᠲᠤ ᠴᠠᠭ ᠲᠤᠬᠠᠢ ᠳᠤᠨᠢ ᠮᠡᠳᠡᠭᠦᠯᠦᠨ᠎ᠡ᠃ ᠬᠠᠮᠢᠶ᠎ᠠ ᠪᠦᠬᠦᠢ ᠭᠠᠵᠠᠷ ᠣᠷᠣᠨ ᠪᠠ ᠰᠠᠯᠠᠭ᠎ᠠ ᠮᠥᠴᠢᠷ ᠢ ᠵᠣᠬᠢᠴᠠᠭᠤᠯᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠠᠵᠢᠯ ᠢ ᠰᠠᠶᠢᠲᠤᠷ ᠬᠢᠬᠦ ᠬᠡᠷᠡᠭᠲᠡᠢ᠃       ︵2︶ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠤᠨ ᠲᠥᠷᠥᠯ ᠤᠨ ᠵᠣᠭᠠᠴᠠᠯ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠲᠠᠰ ᠳᠠᠷᠠᠭᠠᠯᠠᠯ᠃       ① ᠠᠶᠠᠯᠠᠯ ᠤᠨ ᠶᠠᠪᠤᠴᠠ ᠳᠤ ᠵᠣᠭᠠᠴᠠᠬᠴᠢ ᠳᠤ ᠬᠠᠯᠳᠠᠪᠤᠷᠢᠲᠤ ᠡᠪᠡᠳᠴᠢᠨ ᠤ ᠬᠢᠵᠢᠭ ᠤᠨ ᠰᠡᠵᠢᠭ ᠲᠠᠢ ᠪᠠᠶᠢᠳᠠᠯ ᠭᠠᠷᠤᠭᠰᠠᠨ ᠢ ᠣᠯᠵᠤ ᠮᠡᠳᠡᠪᠡᠯ᠂ ᠪᠦᠯᠬᠦᠮ ᠢ ᠳᠠᠭᠠᠭᠰᠠᠨ ᠵᠣᠭᠠᠴᠠᠯ ᠤᠨ ᠬᠥᠲᠥᠴᠢ᠂ ᠵᠣᠭᠠᠴᠠᠯ ᠤᠨ ᠦᠵᠡᠮᠵᠢᠲᠦ ᠣᠷᠣᠨ ︵ᠴᠡᠭ︶᠂ ᠤᠳᠤᠨ ᠳᠡᠰ ᠤᠨ ᠪᠠᠭᠤᠳᠠᠯ ᠵᠡᠷᠭᠡ ᠨᠢ ᠬᠡᠷᠡᠭ ᠭᠠᠷᠤᠭᠰᠠᠨ ᠭᠠᠵᠠᠷ ᠤᠨ ᠡᠷᠡᠭᠦᠯ ᠬᠠᠮᠠᠭᠠᠯᠠᠯ ᠬᠢᠵᠢᠭ ᠢ ᠰᠡᠷᠭᠡᠶᠢᠯᠡᠬᠦ ᠰᠠᠯᠠᠭ᠎ᠠ ᠮᠥᠴᠢᠷ ᠲᠤ ᠳᠠᠷᠤᠢ ᠲᠦᠷᠭᠡᠨ ᠮᠡᠳᠡᠭᠦᠯᠵᠦ᠂ ᠡᠷᠡᠭᠦᠯ ᠬᠠᠮᠠᠭᠠᠯᠠᠯ ᠬᠢᠵᠢᠭ ᠢ ᠰᠡᠷᠭᠡᠶᠢᠯᠡᠬᠦ ᠰᠠᠯᠠᠭ᠎ᠠ ᠮᠥᠴᠢᠷ ᠤᠨ ᠲᠣᠬᠢᠷᠠᠭᠤᠯᠤᠯᠲᠠ ᠶᠢ ᠲᠠᠭᠠᠬᠤ ᠬᠡᠷᠡᠭᠲᠡᠢ᠃ ᠡᠭᠦᠨ ᠤ ᠬᠠᠮᠲᠤ ᠠᠮᠠᠷᠠᠯᠲᠠ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ ᠳᠤ ᠮᠡᠳᠡᠭᠦᠯᠬᠦ ᠶᠢᠨ ᠬᠠᠮᠲᠤ ᠪᠦᠯᠬᠦᠮ ᠤᠨ ᠨᠠᠷᠢᠨ ᠪᠠᠶᠢᠳᠠᠯ ᠢ ᠬᠠᠩᠭᠠᠨ᠎ᠠ᠃       ② ᠠᠮᠠᠷᠠᠯᠲᠠ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ ᠬᠢᠵᠢᠭ ᠤᠨ ᠪᠠᠶᠢᠳᠠᠯ ᠤᠨ ᠮᠡᠳᠡᠭᠦᠯᠦᠯᠲᠡ ᠶᠢ ᠣᠯᠣᠭᠰᠠᠨ ᠤ ᠳᠠᠷᠠᠭ᠎ᠠ᠂ ᠡᠷᠡᠭᠦᠯ  ᠬᠠᠮᠠᠭᠠᠯᠠᠯ ᠬᠢᠵᠢᠭ ᠢ ᠰᠡᠷᠭᠡᠶᠢᠯᠡᠬᠦ ᠰᠠᠯᠠᠭ᠎ᠠ ᠮᠥᠴᠢᠷ ᠲᠠᠢ ᠢᠳᠡᠪᠬᠢᠲᠡᠢ ᠬᠠᠮᠵᠢᠯᠴᠠᠨ ᠵᠣᠭᠠᠴᠠᠬᠰᠠᠳ ᠤᠨ ᠬᠤᠨᠣᠭᠯᠠᠬᠤ ᠣᠳᠣᠨ ᠳᠡᠰ ᠤᠨ ᠪᠠᠭᠤᠳᠠᠯ ᠤᠨ ᠠᠷᠢᠭᠤᠳᠬᠠᠨ ᠬᠢᠵᠢᠭ ᠢ ᠰᠡᠷᠭᠡᠶᠢᠯᠡᠬᠦ ᠠᠵᠢᠯ ᠵᠢᠴᠢ  ᠵᠣᠭᠠᠴᠠᠬᠰᠠᠳ ᠢ ᠲᠣᠬᠤᠨᠢᠭᠤᠯᠬᠤ᠂ ᠲᠠᠶᠢᠯᠪᠤᠷᠢᠯᠠᠬᠤ ᠠᠵᠢᠯ ᠢ ᠰᠠᠶᠢᠲᠤᠷ ᠬᠢᠬᠦ ᠬᠡᠷᠡᠭᠲᠡᠢ ᠃ ᠡᠷᠡᠭᠦᠯ ᠬᠠᠮᠠᠭᠠᠯᠠᠯ ᠬᠢᠵᠢᠭ ᠢ ᠰᠡᠷᠭᠡᠶᠢᠯᠡᠬᠦ ᠰᠠᠯᠠᠭ᠎ᠠ ᠮᠥᠴᠢᠷ ᠠᠴᠠ ᠲᠤᠬᠠᠢ ᠶᠢᠨ ᠭᠠᠵᠠᠷ ᠲᠤᠨᠢ ᠲᠤᠰᠠᠭᠠᠷᠯᠠᠨ ᠠᠵᠢᠭᠯᠠᠬᠤ ᠲᠣᠭᠲᠠᠭᠠᠯ ᠭᠠᠷᠭᠠᠵᠤ᠂ ᠠᠮᠠᠷᠠᠯᠲᠠ ᠶᠢᠨ ᠣᠷᠣᠨ ᠤ ᠬᠠᠮᠢᠶᠠᠷᠤᠯᠲᠠ ᠶᠢᠨ ᠵᠦᠪᠯᠡᠯ ᠠᠴᠠ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠢᠳᠡᠪᠬᠢᠲᠡᠢ ᠪᠠᠷ ᠬᠠᠮᠵᠢᠨ  ᠵᠣᠭᠠᠴᠠᠬᠰᠠᠳ ᠤᠨ ᠢᠳᠡᠵᠦ ᠤᠤᠭᠤᠬᠤ ᠬᠤᠨᠣᠵᠤ ᠬᠡᠪᠲᠡᠬᠦ ᠵᠡᠷᠭᠡ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠰᠠᠶᠢᠲᠤᠷ ᠲᠣᠬᠢᠷᠠᠭᠤᠯᠬᠤ ᠬᠡᠷᠡᠭᠲᠡᠢ᠃ ᠡᠭᠦᠨ ᠤ ᠬᠠᠮᠲᠤ ᠵᠢᠯᠤᠭᠤᠳᠬᠤ ᠭᠠᠵᠠᠷ ᠠᠴᠠ ᠪᠠᠶᠢᠳᠠᠯ ᠢ ᠮᠡᠳᠡᠭᠦᠯᠬᠦ ᠶᠢᠨ ᠬᠠᠮᠲᠤ ᠬᠤᠯᠪᠣᠭᠳᠠᠯ ᠪᠦᠬᠦᠢ ᠪᠠᠶᠢᠳᠠᠯ ᠢ ᠪᠦᠯᠬᠦᠮ ᠪᠠᠶᠢᠭᠤᠯᠤᠭᠰᠠᠨ ᠵᠢᠭᠤᠯᠴᠢᠯᠠᠯ ᠤᠨ ᠬᠤᠷᠢᠶ᠎ᠠ ᠳᠤ ᠴᠠᠭ ᠲᠤᠬᠠᠢ ᠳᠤᠨᠢ ᠮᠡᠳᠡᠭᠳᠡᠬᠦ ᠬᠡᠷᠡᠭᠲᠡᠢ᠃       ③ ᠵᠣᠭᠠᠴᠠᠬᠴᠢ ᠡᠷᠡᠭᠦᠯ  ᠬᠠᠮᠠᠭᠠᠯᠠᠯ ᠬᠢᠵᠢᠭ ᠢ ᠰᠡᠷᠭᠡᠶᠢᠯᠡᠬᠦ ᠰᠠᠯᠠᠭ᠎ᠠ ᠮᠥᠴᠢᠷ ᠠᠴᠠ ᠬᠠᠯᠳᠠᠪᠤᠷᠢᠲᠤ ᠡᠪᠡᠳᠴᠢᠨ ᠤ ᠵᠢᠱᠢᠶ᠎ᠡ ᠪᠠᠷ ᠵᠢᠩᠬᠢᠨᠢ ᠪᠠᠷ ᠣᠨᠣᠰᠢᠯᠠᠭᠰᠠᠨ ᠤ ᠲᠠᠷᠠᠭ᠎ᠠ᠂ ᠠᠮᠠᠷᠠᠯᠲᠠ ᠶᠢᠨ ᠣᠷᠣᠨ ᠤ ᠬᠠᠮᠢᠶᠠᠷᠤᠯᠲᠠ ᠶᠢᠨ ᠵᠦᠪᠯᠡᠯ ᠠᠴᠠ ᠡᠷᠡᠭᠦᠯ ᠬᠠᠮᠠᠭᠠᠯᠠᠯ ᠬᠢᠵᠢᠭ ᠢ ᠰᠡᠷᠭᠡᠶᠢᠯᠡᠬᠦ ᠰᠠᠯᠠᠭ᠎ᠠ ᠮᠥᠴᠢᠷ ᠲᠠᠢ ᠢᠳᠡᠪᠬᠢᠲᠡᠢ ᠬᠠᠮᠵᠢᠯᠴᠠᠨ ᠠᠷᠢᠭᠤᠳᠬᠠᠵᠤ ᠬᠢᠵᠢᠭ ᠢ ᠰᠡᠷᠭᠡᠶᠢᠯᠡᠬᠦ ᠶᠢ ᠬᠠᠮᠢᠶᠠᠷᠤᠨ ᠡᠵᠡᠮᠳᠡᠬᠦ ᠠᠵᠢᠯ ᠢ ᠰᠠᠶᠢᠲᠤᠷ ᠬᠢᠬᠦ ᠶᠢᠨ ᠬᠠᠮᠲᠤ ᠬᠤᠯᠪᠣᠭᠳᠠᠯ ᠪᠦᠬᠦᠢ ᠵᠣᠭᠠᠴᠠᠯ ᠤᠨ ᠡᠵᠡᠩᠨᠡᠭᠴᠢ ᠳᠤ ᠬᠢᠨᠠᠯᠲᠠ ᠲᠠᠯᠪᠢᠵᠤ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠵᠣᠬᠢᠴᠠᠩᠭᠤᠢ ᠬᠢᠵᠢᠭ ᠢ ᠰᠡᠷᠭᠡᠶᠢᠯᠡᠬᠦ ᠠᠷᠭ᠎ᠠ ᠬᠡᠮᠵᠢᠶ᠎ᠡ ᠠᠪᠤᠭᠤᠯᠬᠤ ᠬᠡᠷᠡᠭᠲᠡᠢ᠃       ︵3︶ ᠨᠡᠶᠢᠭᠡᠮ ᠤᠨ ᠠᠮᠤᠷ ᠲᠦᠪᠰᠢᠨ ᠤ ᠬᠡᠷᠡᠭ ᠤᠨ ᠲᠥᠷᠥᠯ ᠤᠨ ᠵᠣᠭᠠᠴᠠᠯ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠲᠠᠰ ᠳᠠᠷᠠᠭᠠᠯᠠᠯ᠃       ① ᠰᠢᠶᠠᠩᠭᠠᠩ ᠣᠣᠮᠧᠨ ᠲᠠᠶᠢᠸᠠᠨ ᠪᠠ ᠭᠠᠳᠠᠭᠠᠳᠤ ᠶᠢᠨ  ᠵᠣᠭᠠᠴᠠᠬᠰᠠᠳ ᠤᠨ ᠦᠬᠦᠯ ᠰᠢᠷᠬᠠᠲᠤᠯ ᠤᠨ ᠬᠡᠷᠡᠭ ᠭᠠᠷᠤᠭᠰᠠᠨ ᠦᠶ᠎ᠡ ᠳᠤ᠂ ᠠᠮᠠᠷᠠᠯᠲᠠ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ ᠪᠣᠯᠣᠨ ᠬᠤᠯᠪᠣᠭᠳᠠᠯ ᠪᠦᠬᠦᠢ ᠵᠣᠭᠠᠴᠠᠯ ᠤᠨ ᠡᠵᠡᠩᠨᠡᠭᠴᠢ᠂ ᠢᠳᠡᠪᠬᠢᠲᠡᠢ ᠪᠠᠷ ᠠᠪᠤᠷᠠᠨ ᠲᠤᠰᠠᠯᠠᠬᠤ ᠠᠷᠭ᠎ᠠ ᠬᠡᠮᠵᠢᠶ᠎ᠡ ᠠᠪᠤᠭᠰᠠᠨ ᠰᠠᠭᠤᠷᠢᠨ ᠳᠡᠭᠡᠷ᠎ᠡ᠂ ᠦᠬᠦᠵᠦ ᠰᠢᠷᠬᠠᠲᠤᠭᠰᠠᠨ ᠬᠥᠮᠥᠰ ᠤᠨ ᠪᠦᠯᠬᠦᠮ ᠤᠨ ᠨᠡᠷᠡᠶᠢᠳᠦᠯ᠂ ᠤᠯᠤᠰ ᠤᠨ ᠬᠠᠷᠢᠶ᠎ᠠ᠂ ᠬᠦᠢᠰᠦ᠂ ᠫᠠᠰᠫᠣᠷᠲ ᠤᠨ ᠨᠣᠮᠧᠷ ᠵᠢᠴᠢ ᠤᠯᠤᠰ ᠤᠨ ᠳᠣᠲᠣᠭᠠᠳᠤ ᠭᠠᠳᠠᠭᠠᠳᠤ ᠶᠢᠨ ᠳᠠᠭᠠᠳᠬᠠᠯ ᠤᠨ ᠪᠠᠶᠢᠳᠠᠯ ᠢ ᠬᠢᠨᠠᠨ ᠪᠠᠶᠢᠴᠠᠭᠠᠬᠤ ᠶᠢ ᠠᠩᠬᠠᠷᠴᠤ᠂ ᠵᠢᠯᠤᠭᠤᠳᠬᠤ ᠭᠠᠵᠠᠷ ᠲᠤ ᠴᠠᠭ ᠲᠤᠬᠠᠢ ᠳᠤᠨᠢ ᠱᠠᠲᠤ ᠳᠠᠷᠠᠭᠠᠯᠠᠨ ᠮᠡᠳᠡᠭᠦᠯᠵᠦ᠂ ᠵᠢᠯᠤᠭᠤᠳᠬᠤ ᠭᠠᠵᠠᠷ ᠠᠴᠠ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠴᠠᠭᠤᠯᠵᠤ᠂ ᠰᠢᠶᠠᠩᠭᠠᠩ ᠣᠣᠮᠧᠨ ᠲᠠᠶᠢᠸᠠᠨ ᠣᠷᠣᠨ ᠤ ᠬᠤᠯᠪᠣᠭᠳᠠᠯ ᠪᠦᠬᠦᠢ ᠲᠦᠷᠭᠡᠨ ᠠᠪᠤᠷᠠᠬᠤ ᠵᠣᠬᠢᠶᠠᠨ ᠪᠠᠶᠢᠭᠤᠯᠤᠯᠲᠠ ᠪᠤᠶᠤ ᠬᠤᠯᠪᠣᠭᠳᠠᠯ ᠪᠦᠬᠦᠢ ᠤᠯᠤᠰ ᠤᠨ ᠲᠦᠷᠭᠡᠨ ᠠᠪᠤᠷᠠᠬᠤ ᠵᠣᠬᠢᠶᠠᠨ ᠪᠠᠶᠢᠭᠤᠯᠤᠯᠲᠠ ᠳᠤ ᠴᠠᠭ ᠲᠤᠬᠠᠢ ᠳᠤᠨᠢ ᠮᠡᠳᠡᠭᠳᠡᠬᠦ ᠶᠢᠨ ᠬᠠᠮᠲᠤ ᠬᠤᠯᠪᠣᠭᠳᠠᠯ ᠪᠦᠬᠦᠢ ᠠᠪᠤᠷᠠᠨ ᠲᠤᠰᠠᠯᠠᠬᠤ ᠵᠦᠢᠯᠡᠰ ᠢ ᠬᠠᠮᠵᠢᠯᠴᠠᠨ ᠰᠢᠢᠳᠪᠦᠷᠢᠯᠡᠬᠦ ᠶᠢ ᠭᠤᠶᠤᠴᠢᠯᠠᠬᠤ ᠬᠡᠷᠡᠭᠲᠡᠢ᠃       ② ᠲᠣᠮᠣ ᠬᠡᠯᠪᠡᠷᠢ ᠶᠢᠨ ᠵᠣᠭᠠᠴᠠᠯ ᠤᠨ ᠠᠵᠢᠯᠯᠠᠭ᠎ᠠ ᠶᠢᠨ ᠳᠤᠮᠳᠠ ᠭᠡᠨᠡᠳᠲᠡ ᠶᠢᠨ ᠬᠡᠷᠡᠭ ᠭᠠᠷᠪᠠᠯ᠂ ᠠᠵᠢᠯᠯᠠᠭ᠎ᠠ ᠶᠢ ᠭᠤᠣᠯᠯᠠᠨ ᠡᠷᠭᠢᠯᠡᠬᠦ ᠰᠠᠯᠠᠭ᠎ᠠ ᠮᠥᠴᠢᠷ ᠠᠴᠠ ᠠᠵᠢᠯᠯᠠᠭ᠎ᠠ ᠶᠢᠨ ᠪᠠᠴᠢᠮ ᠪᠠᠶᠢᠳᠠᠯ ᠢ ᠠᠷᠭᠠᠴᠠᠭᠠᠬᠤ ᠲᠥᠰᠥᠯ ᠤᠨ ᠶᠣᠰᠣᠭᠠᠷ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠨᠢᠭᠡᠳᠦᠯᠲᠡᠢ ᠵᠢᠯᠣᠭᠤᠳᠤᠨ ᠵᠣᠬᠢᠴᠠᠭᠤᠯᠵᠤ᠂ ᠲᠤᠬᠠᠢ ᠶᠢᠨ ᠲᠠᠯᠠᠪᠤᠷ ᠤᠨ ᠡᠮᠬᠢ ᠵᠢᠷᠤᠮ ᠢ ᠬᠠᠮᠠᠭᠠᠯᠠᠵᠤ᠂ ᠬᠥᠮᠥᠰ ᠢ ᠵᠢᠯᠣᠭᠤᠳᠤᠨ᠂ ᠠᠪᠤᠷᠠᠨ ᠲᠤᠰᠠᠯᠠᠯᠲᠠ  ᠬᠢᠨ᠎ᠠ᠃ ᠠᠮᠠᠷᠠᠯᠲᠠ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ ᠠᠴᠠ ᠢᠳᠡᠪᠬᠢᠲᠡᠢ ᠬᠠᠮᠵᠢᠯᠴᠠᠵᠤ᠂ ᠬᠤᠯᠪᠣᠭᠳᠠᠯ ᠪᠦᠬᠦᠢ ᠠᠵᠢᠯ ᠢ ᠰᠠᠶᠢᠲᠤᠷ ᠬᠢᠬᠦ ᠶᠢᠨ ᠬᠠᠮᠲᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠵᠢᠯᠤᠭᠤᠳᠬᠤ ᠭᠠᠵᠠᠷ ᠲᠤ ᠴᠠᠭ ᠲᠤᠬᠠᠢ ᠳᠤᠨᠢ ᠮᠡᠳᠡᠭᠦᠯᠬᠦ ᠬᠡᠷᠡᠭᠲᠡᠢ᠃       ᠠᠷᠪᠠᠨ ᠭᠤᠷᠪᠠᠳᠤᠭᠠᠷ ᠵᠦᠢᠯ᠂ ᠵᠢᠯᠤᠭᠤᠳᠬᠤ ᠪᠠ ᠵᠣᠬᠢᠴᠠᠭᠤᠯᠬᠤ       ᠪᠠᠶᠢᠭᠠᠯᠢ ᠶᠢᠨ ᠭᠠᠮᠰᠢᠭ᠂ ᠡ᠊ᠨᠳᠡᠯ ᠤᠨ ᠭᠠᠢ ᠭᠠᠮᠰᠢᠭ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ᠂ ᠨᠡᠶᠢᠭᠡᠮ ᠤᠨ ᠠᠮᠤᠷ ᠲᠦᠪᠰᠢᠨ ᠤ ᠬᠡᠷᠡᠭ ᠵᠡᠷᠭᠡ ᠠᠴᠠ ᠪᠣᠯᠤᠭᠰᠠᠨ ᠵᠣᠭᠠᠴᠠᠯ ᠤᠨ ᠭᠡᠨᠡᠳᠲᠡ ᠶᠢᠨ ᠬᠡᠷᠡᠭ ᠡᠭᠦᠰᠦᠭᠰᠡᠨ ᠦᠶ᠎ᠡ ᠳᠤ᠂ ᠵᠢᠱᠢᠶᠡᠯᠡᠪᠡᠯ ᠵᠢᠯᠤᠭᠤᠳᠬᠤ ᠭᠠᠵᠠᠷ   ᠠᠴᠠ ᠪᠤᠰᠤᠳ ᠪᠠᠴᠢᠮ ᠪᠠᠶᠢᠳᠠᠯ ᠢ  ᠠᠷᠭᠠᠴᠠᠭᠠᠬᠤ ᠲᠤᠰᠬᠠᠢ ᠵᠢᠯᠤᠭᠤᠳᠬᠤ ᠪᠠᠶᠢᠭᠤᠯᠤᠮᠵᠢ ᠶᠢ ᠡᠬᠢᠯᠡᠭᠦᠯᠵᠦ ᠰᠢᠢᠳᠪᠦᠷᠢᠯᠡᠬᠦ ᠠᠵᠢᠯᠯᠠᠭ᠎ᠠ ᠥᠷᠨᠢᠭᠦᠯᠪᠡᠯ᠂ ᠠᠮᠠᠷᠠᠯᠲᠠ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ ᠠᠴᠠ ᠲᠣᠰ ᠵᠢᠯᠤᠭᠤᠳᠬᠤ ᠪᠠᠶᠢᠭᠤᠯᠤᠮᠵᠢ ᠶᠢᠨ ᠵᠢᠯᠤᠭᠤᠳᠬᠤ ᠱᠠᠭᠠᠷᠳᠠᠯᠭ᠎ᠠ ᠶᠣᠰᠣᠭᠠᠷ ᠡᠯ᠎ᠡ ᠵᠦᠢᠯ ᠤᠨ ᠰᠢᠢᠳᠪᠦᠷᠢᠯᠡᠬᠦ ᠠᠵᠢᠯ ᠢ ᠢᠳᠡᠪᠬᠢᠲᠡᠢ ᠥᠷᠨᠢᠭᠦᠯᠦᠨ᠎ᠡ᠃       ︵ᠨᠢᠭᠡ︶ ᠪᠠᠴᠢᠮ ᠪᠠᠶᠢᠳᠠᠯ ᠢ ᠠᠷᠭᠠᠴᠠᠭᠠᠬᠤ ᠳᠤ ᠲᠣᠬᠢᠷᠠᠭᠤᠯᠤᠯᠲᠠ ᠬᠢᠬᠦ       ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠶᠠᠪᠤᠴᠠ ᠳᠤ᠂ ᠲᠣᠰ ᠱᠠᠲᠤᠨ ᠤ ᠪᠠᠴᠢᠮ ᠪᠠᠶᠢᠳᠠᠯ ᠢ ᠠᠷᠭᠠᠴᠠᠭᠠᠬᠤ ᠬᠦᠴᠦᠨ ᠨᠢ ᠬᠡᠷᠡᠭ ᠤᠨ ᠪᠠᠶᠢᠳᠠᠯ ᠤᠨ ᠬᠥᠭᠵᠢᠯᠲᠡ ᠶᠢ ᠪᠦᠲᠦᠮᠵᠢᠲᠡᠶ ᠡᠵᠡᠮᠳᠡᠬᠦ ᠶᠢᠨ ᠠᠷᠭ᠎ᠠ ᠦᠭᠡᠢ ᠠᠴᠠ ᠪᠣᠯᠵᠤ᠂ ᠨᠠᠩ ᠶᠡᠭᠡ ᠨᠡᠶᠢᠭᠡᠮ ᠤᠨ ᠭᠠᠢ ᠭᠠᠮᠰᠢᠭ ᠢ ᠪᠣᠶ ᠪᠣᠯᠭᠠᠵᠤ ᠮᠡᠳᠡᠬᠦ ᠪᠤᠶᠤ ᠬᠡᠷᠡᠭ ᠤᠨ ᠨᠥᠯᠥᠭᠡᠯᠡᠬᠦ ᠬᠡᠪᠴᠢᠶ᠎ᠡ ᠨᠢ ᠠᠮᠠᠷᠠᠯᠲᠠ ᠶᠢᠨ ᠣᠷᠣᠨ ᠪᠦᠰᠡ ᠶᠢ ᠠᠯᠤᠰᠯᠠᠭᠰᠠᠨ ᠪᠠᠶᠢᠪᠠᠯ᠂ ᠴᠠᠭ ᠲᠤᠬᠠᠢ ᠳᠤᠨᠢ ᠳᠡᠭᠡᠷ᠎ᠡ ᠨᠢᠭᠡ ᠱᠠᠲᠤᠨ ᠤ ᠵᠢᠯᠤᠭᠤᠳᠬᠤ ᠭᠠᠵᠠᠷ ᠲᠤ ᠳᠡᠪᠰᠢᠭᠦᠯᠵᠦ ᠲᠤᠰᠠᠯᠠᠭᠤᠯᠵᠤ ᠪᠣᠯᠣᠨ᠎ᠠ᠃ ᠳᠡᠭᠡᠳᠦ ᠱᠠᠲᠤᠨ ᠤ ᠵᠢᠯᠤᠭᠤᠳᠬᠤ ᠭᠠᠵᠠᠷ ᠵᠢᠯᠤᠭᠤᠳᠬᠤ ᠡᠷᠬᠡ ᠶᠢ ᠭᠥᠯᠢᠶᠡᠨ ᠠᠪᠴᠤ ᠬᠠᠮᠢᠶᠠᠷᠬᠤ ᠦᠶ᠎ᠡ ᠳᠤ᠂ ᠠᠮᠠᠷᠠᠯᠲᠠ ᠶᠢᠨ ᠣᠷᠣᠨ ᠤ ᠵᠢᠯᠤᠭᠤᠳᠬᠤ ᠭᠠᠵᠠᠷ ᠨᠢ ᠳᠡᠭᠡᠳᠦ ᠱᠠᠲᠤᠨ ᠤ ᠵᠢᠯᠤᠭᠤᠳᠬᠤ ᠭᠠᠵᠠᠷ ᠤᠨ ᠨᠢᠭᠡᠳᠦᠯᠲᠡᠢ ᠪᠠᠶᠢᠷᠢᠯᠠᠭᠤᠯᠤᠯᠲᠠ ᠶᠢ ᠦᠨᠳᠦᠰᠦᠯᠡᠨ ᠰᠢᠢᠳᠪᠦᠷᠢᠯᠡᠵᠦ ᠬᠠᠮᠵᠢᠯᠴᠠᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ ᠭᠡᠨᠡᠳᠲᠡ ᠶᠢᠨ ᠬᠡᠷᠡᠭ ᠤᠨ ᠬᠤᠣᠷ ᠬᠥᠨᠥᠭᠡᠯ ᠢ ᠪᠦᠲᠦᠮᠵᠢᠲᠡᠶ ᠬᠢᠵᠠᠭᠠᠷᠯᠠᠭᠰᠠᠨ ᠮᠥᠷᠲᠡᠭᠡᠨ ᠰᠤᠳᠤᠯᠤᠨ ᠮᠠᠭᠠᠳᠯᠠᠬᠤ ᠪᠠᠷ ᠳᠡᠮᠵᠢᠨ ᠬᠡᠷᠡᠭ ᠤᠨ ᠬᠤᠣᠷ ᠬᠥᠨᠥᠭᠡᠯ ᠢ ᠤᠤᠯ ᠤᠨ ᠲᠠᠰ ᠤᠨ ᠦᠨᠡᠯᠡᠨ ᠵᠢᠱᠢᠬᠦ ᠪᠠᠷᠢᠮᠵᠢᠶ᠎ᠠ   ᠠᠴᠠ ᠳᠣᠣᠷ᠎ᠠ ᠪᠣᠯᠲᠠᠯ᠎ᠠ ᠪᠠᠭᠤᠷᠠᠭᠤᠯᠤᠭᠰᠠᠨ ᠪᠤᠶᠤ ᠤᠯᠠᠮ ᠨᠢᠭᠡ ᠠᠯᠬᠤᠮ ᠲᠠᠷᠬᠠᠬᠤ ᠬᠠᠨᠳᠤᠰᠢ ᠦᠭᠡᠢ ᠭᠡᠵᠦ ᠦᠵᠡᠪᠡᠯ᠂ ᠪᠠᠴᠢᠮ ᠪᠠᠶᠢᠳᠠᠯ ᠢ  ᠠᠷᠭᠠᠴᠠᠭᠠᠬᠤ ᠶᠢᠨ ᠳᠠᠭᠠᠬᠤ ᠲᠠᠰ ᠢ ᠴᠠᠭ ᠲᠤᠨᠢ ᠲᠣᠬᠢᠷᠠᠭᠤᠯᠤᠨ ᠪᠠᠭᠤᠷᠠᠭᠤᠯᠵᠤ ᠪᠣᠯᠣᠨ᠎ᠠ᠃       ︵ᠬᠤᠶᠠᠷ︶ ᠮᠡᠳᠡᠭᠡ ᠵᠠᠩᠭᠢ ᠨᠡᠶᠢᠲᠡᠯᠡᠬᠦ       ᠵᠣᠭᠠᠴᠠᠯ ᠤᠨ ᠭᠡᠨᠡᠳᠲᠡ ᠶᠢᠨ ᠬᠡᠷᠡᠭ ᠤᠨ ᠮᠡᠳᠡᠭᠡ ᠵᠠᠩᠭᠢ ᠶᠢ ᠨᠡᠶᠢᠲᠡᠯᠡᠬᠦ ᠠᠵᠢᠯ ᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠵᠢᠯᠤᠭᠤᠳᠬᠤ ᠭᠠᠵᠠᠷ ᠠᠴᠠ ᠬᠤᠲᠠ ᠶᠢᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠲᠠᠢ ᠬᠠᠮᠲᠤᠷᠠᠨ ᠬᠠᠷᠢᠭᠤᠴᠠᠵᠤ᠂ ᠠᠮᠠᠷᠠᠯᠲᠠ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ ᠪᠤᠶᠤ ᠬᠤᠲᠠ ᠶᠢᠨ ᠰᠣᠶᠣᠯ ᠵᠣᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠵᠣᠬᠢᠶᠠᠨ ᠪᠠᠶᠢᠭᠤᠯᠵᠤ ᠨᠡᠶᠢᠲᠡᠯᠡᠨ᠎ᠡ᠃       ᠵᠣᠭᠠᠴᠠᠯ ᠤᠨ ᠭᠡᠨᠡᠳᠲᠡ ᠶᠢᠨ ᠬᠡᠷᠡᠭ ᠡᠭᠦᠰᠦᠭᠰᠡᠨ ᠡᠬᠢᠨ ᠤ ᠬᠤᠭᠤᠴᠠᠭᠠᠨ ᠳᠤ᠂ ᠠᠮᠠᠷᠠᠯᠲᠠ ᠶᠢᠨ ᠣᠷᠣᠨ  ᠤ ᠬᠠᠮᠢᠶᠠᠷᠤᠯᠲᠠ ᠶᠢᠨ ᠵᠥᠪᠯᠡᠯ ᠨᠢ ᠴᠠᠭ ᠲᠤᠬᠠᠢ ᠳᠤᠨᠢ ᠬᠤᠲᠠ ᠶᠢᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠪᠤᠶᠤ ᠵᠢᠯᠤᠭᠤᠳᠬᠤ ᠭᠠᠵᠠᠷ ᠲᠤ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ᠂ ᠬᠠᠮᠤᠭ ᠤᠨ ᠲᠡᠷᠢᠭᠦᠨ ᠳᠤ ᠡᠷᠬᠡ ᠰᠦᠷᠲᠦ ᠵᠠᠭᠤᠴᠢᠯᠠᠭᠤᠷ ᠢᠶᠠᠷ ᠳᠠᠮᠵᠢᠭᠤᠯᠤᠨ ᠨᠡᠶᠢᠭᠡᠮ ᠳᠤ ᠲᠥᠬᠦᠮ ᠮᠡᠳᠡᠭᠡ ᠵᠠᠩᠭᠢ ᠨᠡᠶᠢᠲᠡᠯᠡᠵᠦ᠂ ᠮᠡᠳᠡᠭᠡ ᠵᠠᠩᠭᠢ ᠨᠡᠶᠢᠲᠡᠯᠡᠬᠦ ᠠᠵᠢᠯ ᠬᠢᠭᠡᠳ ᠭᠡᠨᠡᠳᠲᠡ ᠶᠢᠨ ᠬᠡᠷᠡᠭ ᠢ  ᠠᠷᠭᠠᠴᠠᠭᠠᠬᠤ ᠠᠵᠢᠯ ᠢ ᠵᠡᠷᠭᠡ ᠳᠤᠨᠢ ᠰᠤᠳᠤᠯᠵᠤ᠂ ᠵᠡᠷᠭᠡ  ᠳᠤᠨᠢ ᠪᠠᠶᠢᠷᠢᠯᠠᠭᠤᠯᠵᠤ᠂ ᠵᠡᠷᠭᠡ ᠳᠤᠨᠢ ᠠᠵᠢᠯᠯᠠᠭ᠎ᠠ ᠥᠷᠨᠢᠭᠦᠯᠬᠦ ᠬᠡᠷᠡᠭᠲᠡᠢ᠃       ᠮᠡᠳᠡᠭᠡ ᠵᠠᠩᠭᠢ ᠨᠡᠶᠢᠲᠡᠯᠡᠬᠦ ᠬᠡᠯᠪᠡᠷᠢ ᠳᠤ ᠭᠤᠣᠯᠳᠠᠭᠤ ᠡᠷᠬᠡ ᠣᠯᠭᠤᠨ ᠨᠡᠶᠢᠲᠡᠯᠡᠬᠦ᠂ ᠰᠣᠨᠢᠨ ᠮᠡᠳᠡᠭᠡᠨ ᠤ ᠡᠬᠡ ᠪᠢᠴᠢᠭ ᠬᠠᠩᠭᠠᠬᠤ᠂ ᠮᠡᠳᠡᠭᠡᠯᠡᠯ ᠵᠣᠬᠢᠶᠠᠨ ᠪᠠᠶᠢᠭᠤᠯᠬᠤ᠂ ᠰᠤᠷᠪᠤᠯᠵᠢᠯᠠᠭᠴᠢ ᠶᠢᠨ ᠰᠣᠷᠪᠤᠯᠵᠢᠯᠠᠭ᠎ᠠ ᠶᠢ ᠬᠦᠯᠢᠶᠡᠬᠦ᠂ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠬᠦ ᠵᠡᠷᠭᠡ ᠪᠠᠭᠲᠠᠨ᠎ᠠ᠂ ᠭᠤᠣᠯ ᠪᠣᠯᠬᠤ ᠰᠣᠨᠢᠨ ᠮᠡᠳᠡᠭᠡᠨ ᠤ ᠵᠠᠭᠤᠴᠢᠯᠠᠭᠤᠷ᠂ ᠭᠤᠣᠯᠳᠠᠯᠭ᠎ᠠ ᠲᠠᠢ ᠰᠣᠨᠢᠨ ᠮᠡᠳᠡᠭᠡᠨ ᠤ ᠰᠦᠯᠵᠢᠶ᠎ᠡ ᠪᠤᠶᠤ ᠬᠤᠯᠪᠣᠭᠳᠠᠯ ᠪᠦᠬᠦᠢ ᠵᠠᠰᠠᠭ ᠤᠨ ᠣᠷᠳᠣᠨ ᠤ ᠰᠦᠯᠵᠢᠶ᠎ᠡ᠂ ᠰᠢᠯᠵᠢᠮᠡᠯ ᠰᠢᠨ᠎ᠡ ᠵᠠᠭᠤᠴᠢᠯᠠᠭᠤᠷ ᠪᠠ ᠭᠠᠷ ᠤᠲᠠᠰᠤᠨ ᠤ ᠸᠢᠴᠠᠲ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠮᠡᠳᠡᠭᠡ ᠵᠠᠩᠭᠢ ᠨᠡᠶᠢᠲᠡᠯᠡᠨ᠎ᠡ᠂ ᠪᠣᠳᠠᠲᠠᠢ ᠱᠠᠭᠠᠷᠳᠠᠯᠭ᠎ᠠ ᠶᠢ ᠳᠡᠭᠡᠳᠦ ᠱᠠᠲᠤᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃       ︵ᠭᠤᠷᠪᠠ︶  ᠲᠣᠰᠬᠠᠯ ᠭᠠᠷᠭᠠᠬᠤ ᠶᠢ ᠲᠡᠬᠦᠰᠭᠡᠬᠦ ᠠᠵᠢᠯ       ᠰᠤᠳᠤᠯᠤᠨ ᠮᠠᠭᠠᠳᠯᠠᠭᠰᠠᠨ ᠢᠶᠠᠷ᠂ ᠵᠣᠭᠠᠴᠠᠯ ᠤᠨ ᠭᠡᠨᠡᠳᠲᠡ ᠶᠢᠨ ᠬᠡᠷᠡᠭ ᠢ ᠨᠢᠭᠡᠨᠲᠡ ᠪᠦᠲᠦᠮᠵᠢᠲᠡᠶ ᠬᠢᠵᠠᠭᠠᠷᠯᠠᠵᠤ᠂ ᠰᠢᠷᠬᠠᠲᠤᠭᠰᠠᠳ ᠢ ᠠᠪᠤᠷᠠᠨ ᠵᠠᠰᠠᠵᠤ᠂ ᠨᠡᠶᠢᠭᠡᠮ ᠤᠨ ᠡᠮᠬᠢ ᠳᠢᠭᠯᠢᠮ ᠢ ᠦᠨᠳᠦᠰᠦᠨ ᠳᠡᠭᠡᠨ ᠲᠣᠭᠲᠠᠭᠤᠨ ᠪᠠᠶᠢᠬᠤ ᠶᠢ ᠨᠣᠳᠡᠯᠡᠪᠡᠯ᠂ ︽ᠬᠡᠨ ᠡᠬᠢᠯᠡᠭᠦᠯᠪᠡᠯ ᠬᠡᠨ ᠬᠦᠴᠦᠨ ᠦᠭᠡᠢ ᠪᠣᠯᠭᠠᠬᠤ︾ ᠵᠠᠷᠴᠢᠮ ᠢ ᠦᠨᠳᠦᠰᠦᠯᠡᠨ᠂ ᠪᠠᠴᠢᠮ ᠪᠠᠶᠢᠳᠠᠯ ᠢ ᠠᠷᠭᠠᠴᠠᠭᠠᠬᠤ ᠳᠤ ᠬᠠᠷᠢᠭᠤ ᠥᠭᠬᠦ ᠠᠵᠢᠯ ᠢ ᠡᠬᠢᠯᠡᠭᠦᠯᠦᠭᠰᠡᠨ ᠪᠠᠶᠢᠭᠤᠯᠤᠮᠵᠢ ᠠᠴᠠ ᠪᠠᠴᠢᠮ ᠪᠠᠶᠢᠳᠠᠯ ᠢ  ᠠᠷᠭᠠᠴᠠᠭᠠᠬᠤ ᠳᠤ ᠬᠠᠷᠢᠭᠤ ᠥᠭᠬᠦ ᠠᠵᠢᠯ ᠳᠠᠭᠤᠰᠤᠭᠰᠠᠨ ᠢ ᠵᠠᠷᠯᠠᠨ᠎ᠠ᠃       ᠠᠷᠪᠠᠨ ᠳᠥᠷᠪᠡᠳᠦᠭᠡᠷ ᠵᠦᠢᠯ᠂ ᠰᠠᠬᠦᠯᠴᠢ ᠶᠢᠨ ᠶᠠᠪᠤᠳᠠᠯ ᠢ ᠰᠢᠢᠳᠪᠦᠷᠢᠯᠡᠬᠦ ᠠᠵᠢᠯ       ︵ᠨᠢᠭᠡ︶ ᠰᠡᠭᠦᠯᠴᠢ ᠶᠢᠨ ᠶᠠᠪᠤᠳᠠᠯ ᠢ ᠰᠢᠢᠳᠪᠦᠷᠢᠯᠡᠬᠦ       ᠪᠠᠴᠢᠮ ᠪᠠᠶᠢᠳᠠᠯ ᠢ ᠠᠷᠭᠠᠴᠠᠭᠠᠬᠤ ᠶᠢ ᠳᠠᠭᠠᠵᠤ ᠳᠠᠭᠤᠰᠤᠭᠰᠠᠨ ᠤ ᠳᠠᠷᠠᠭ᠎ᠠ᠂ ᠵᠢᠯᠤᠭᠤᠳᠬᠤ ᠭᠠᠵᠠᠷ ᠠᠴᠠ ᠡᠯ᠎ᠡ ᠰᠠᠯᠠᠭ᠎ᠠ ᠮᠥᠴᠢᠷ᠂ ᠠᠮᠠᠷᠠᠯᠲᠠ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ ᠢ ᠵᠣᠬᠢᠶᠠᠨ ᠪᠠᠶᠢᠭᠤᠯᠵᠤ ᠪᠠᠶᠢᠭᠠᠳ ᠡᠮᠴᠢᠯᠡᠭᠡᠨ ᠤ ᠠᠪᠤᠷᠠᠨ ᠵᠠᠰᠠᠯᠲᠠ᠂ ᠠᠵᠢᠯᠲᠠᠨ ᠢ ᠲᠥᠪᠬᠢᠨᠡᠭᠦᠯᠬᠦ ᠨᠥᠬᠦᠪᠦᠷᠢ᠂ ᠲᠤᠬᠠᠢ ᠶᠢᠨ ᠲᠠᠯᠠᠪᠤᠷ ᠤᠨ ᠴᠡᠪᠡᠷᠯᠡᠯᠲᠡ᠂ ᠪᠣᠬᠢᠷᠲᠤᠯ ᠪᠣᠳᠠᠰ ᠢ ᠬᠤᠷᠢᠶᠠᠨ ᠴᠤᠭᠯᠠᠭᠤᠯᠵᠤ ᠰᠢᠢᠳᠪᠦᠷᠢᠯᠡᠬᠦ᠂ ᠬᠡᠪ ᠤᠨ ᠡᠮᠬᠢ ᠵᠢᠷᠤᠮ ᠢ ᠰᠡᠷᠭᠦᠭᠡᠬᠦ᠂ ᠨᠡᠶᠢᠭᠡᠮ ᠤᠨ ᠲᠣᠭᠲᠠᠭᠤᠨ ᠪᠠᠶᠢᠳᠠᠯ ᠢ ᠦᠨᠡᠨ ᠬᠦ ᠪᠠᠲᠤᠯᠠᠬᠤ ᠵᠡᠷᠭᠡ ᠶᠢ ᠪᠠᠭᠲᠠᠭᠠᠭᠰᠠᠨ ᠬᠤᠶᠢᠲᠤᠬᠢ ᠶᠠᠪᠤᠳᠠᠯ ᠢ ᠰᠢᠢᠳᠪᠦᠷᠢᠯᠡᠬᠦ ᠠᠵᠢᠯ ᠢ ᠴᠠᠭ ᠲᠤᠬᠠᠢ ᠳᠤᠨᠢ ᠰᠠᠶᠢᠲᠤᠷ ᠬᠢᠬᠦ ᠬᠡᠷᠡᠭᠲᠡᠢ᠃       ︵ᠬᠤᠶᠠᠷ︶ ᠪᠠᠶᠢᠴᠠᠭᠠᠯᠲᠠ ᠬᠢᠬᠦ ᠪᠠ ᠦᠨᠡᠯᠡᠨ ᠵᠢᠱᠢᠬᠦ       ᠵᠢᠯᠤᠭᠤᠳᠬᠤ ᠭᠠᠵᠠᠷ ᠠᠴᠠ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠢᠭᠠᠨ ᠲᠣᠭᠲᠠᠭᠠᠵᠤ ᠡ᠊ᠨᠳᠡᠯ ᠢ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠡ᠊ᠨᠳᠡᠯ ᠢ ᠪᠦᠬᠦ ᠲᠠᠯ᠎ᠠ ᠪᠠᠷ ᠪᠠᠶᠢᠴᠠᠭᠠᠨ᠎ᠠ᠃ ᠡ᠊ᠨᠳᠡᠯ ᠭᠠᠷᠤᠭᠰᠠᠨ ᠰᠢᠯᠲᠠᠭᠠᠨ᠂ ᠥᠩᠭᠡᠷᠡᠯᠲᠡ ᠶᠢ ᠪᠠᠶᠢᠴᠠᠭᠠᠨ ᠲᠣᠳᠣᠷᠬᠠᠶᠢᠯᠠᠵᠤ᠂ ᠡ᠊ᠨᠳᠡᠯ ᠤᠨ ᠰᠢᠨᠵᠢ ᠴᠢᠨᠠᠷ ᠪᠠ ᠬᠠᠷᠢᠭᠤᠴᠠᠯᠭ᠎ᠠ ᠶᠢ ᠮᠠᠭᠠᠳᠯᠠᠨ ᠲᠣᠭᠲᠠᠭᠠᠵᠤ᠂ ᠬᠡᠷᠡᠭ ᠢ ᠳ᠋ᠦᠩᠨᠡᠨ ᠦᠨᠡᠯᠡᠨ ᠵᠢᠱᠢᠵᠦ᠂ ᠦᠨᠡᠯᠡᠨ ᠵᠢᠱᠢᠭᠰᠡᠨ ᠦᠷ᠎ᠡ ᠳ᠋ᠦᠩ ᠢ ᠲᠣᠭᠲᠠᠭᠠᠯ ᠶᠣᠰᠣᠭᠠᠷ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠳᠤ ᠮᠡᠳᠡᠭᠦᠯᠬᠦ ᠬᠡᠷᠡᠭᠲᠡᠢ᠃       ᠵᠣᠭᠠᠴᠠᠯ ᠤᠨ ᠡᠵᠡᠩᠨᠡᠭᠴᠢ ᠪᠣᠯᠣᠨ ᠵᠣᠭᠠᠴᠠᠯ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠡ᠊ᠨᠳᠡᠯ ᠠᠴᠠ ᠭᠦᠨᠵᠡᠭᠡᠢ ᠰᠤᠷᠭᠠᠮᠵᠢ ᠠᠪᠴᠤ᠂ ᠠᠳᠡᠯ ᠤᠨ ᠰᠢᠯᠲᠠᠭᠠᠨ ᠢ ᠬᠢᠨᠠᠮᠠᠭᠠᠢ ᠵᠠᠳᠠᠯᠵᠤ᠂ ᠠᠮᠤᠷ ᠲᠦᠪᠰᠢᠨ ᠤ ᠬᠠᠮᠢᠶᠠᠷᠤᠯᠲᠠ ᠪᠠᠨ ᠴᠢᠩᠭᠠᠳᠬᠠᠨ᠂ ᠠᠳᠠᠯᠢᠪᠲᠤᠷ ᠡ᠊ᠨᠳᠡᠯ ᠤᠨ ᠳᠠᠬᠢᠨ ᠡᠭᠦᠰᠬᠦ ᠶᠢ ᠰᠡᠷᠭᠡᠶᠢᠯᠡᠬᠦ ᠬᠡᠷᠡᠭᠲᠡᠢ᠃       ᠠᠷᠪᠠᠨ ᠲᠠᠪᠤᠳᠤᠭᠠᠷ ᠵᠦᠢᠯ᠂ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ       ︵ᠨᠢᠭᠡ︶ ᠠᠮᠤᠷ ᠢ ᠬᠠᠮᠠᠭᠠᠯᠠᠬᠤ ᠪᠠᠲᠤᠯᠠᠭ᠎ᠠ       ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠤᠳ ᠡ᠊ᠨᠳᠡᠯ ᠭᠠᠷᠤᠭᠰᠠᠨ ᠲᠤᠬᠠᠢ ᠶᠢᠨ ᠭᠠᠵᠠᠷ ᠤᠨ ᠠᠮᠤᠷ ᠢ ᠬᠠᠮᠠᠭᠠᠯᠠᠬᠤ ᠰᠡᠷᠭᠡᠶᠢᠯᠡᠯᠲᠡ ᠪᠠ ᠠᠮᠤᠷ ᠢ ᠬᠠᠮᠠᠭᠠᠯᠠᠬᠤ ᠬᠠᠮᠢᠶᠠᠷᠤᠯᠲᠠ ᠪᠠᠨ ᠴᠢᠩᠭᠠᠳᠬᠠᠵᠤ᠂ ᠭᠤᠣᠯᠳᠠᠯᠭ᠎ᠠ ᠲᠠᠢ ᠣᠷᠣᠨ ᠪᠦᠰᠡ᠂ ᠭᠤᠣᠯᠳᠠᠯᠭ᠎ᠠ ᠲᠠᠢ ᠲᠠᠯᠠᠪᠤᠷ ᠭᠠᠵᠠᠷ᠂ ᠭᠤᠣᠯᠳᠠᠯᠭ᠎ᠠ ᠲᠠᠢ ᠬᠥᠮᠥᠰ᠂ ᠴᠢᠬᠤᠯᠠ ᠡᠳ᠋ ᠪᠣᠳᠠᠰ ᠲᠤᠨᠤᠭ ᠲᠥᠬᠦᠭᠡᠷᠦᠮᠵᠢ ᠶᠢ ᠰᠡᠷᠭᠡᠶᠢᠯᠡᠨ ᠬᠠᠮᠠᠭᠠᠯᠠᠬᠤ ᠪᠠᠨ ᠴᠢᠩᠭᠠᠳᠬᠠᠵᠤ᠂ ᠲᠤᠬᠠᠢ ᠶᠢᠨ ᠭᠠᠵᠠᠷ ᠤᠨ ᠡᠮᠬᠢ ᠵᠢᠷᠤᠮ ᠢ ᠬᠠᠮᠠᠭᠠᠯᠠᠨ᠂ ᠤᠯᠠᠨ ᠲᠦᠮᠡᠨ ᠢ ᠴᠠᠭ ᠲᠤᠬᠠᠢ ᠳᠤᠨᠢ ᠲᠠᠷᠬᠠᠭᠠᠵᠤ᠂ ᠠᠮᠤᠷ ᠢ ᠬᠠᠮᠠᠭᠠᠯᠠᠬᠤ ᠠᠵᠢᠯ ᠢ ᠰᠠᠶᠢᠲᠤᠷ ᠬᠢᠬᠦ ᠬᠡᠷᠡᠭᠲᠡᠢ᠃       ︵ᠬᠤᠶᠠᠷ︶ ᠵᠠᠮ ᠬᠠᠷᠢᠯᠴᠠᠭ᠎ᠠ ᠲᠡᠭᠡᠭᠡᠪᠦᠷᠢ ᠶᠢᠨ ᠪᠠᠲᠤᠯᠠᠭ᠎ᠠ       ᠳᠣᠲᠣᠭᠠᠳᠤ ᠶᠢ ᠬᠠᠮᠠᠭᠠᠯᠠᠬᠤ᠂ ᠵᠠᠮ ᠬᠠᠷᠢᠯᠴᠠᠭ᠎ᠠ ᠲᠡᠭᠡᠭᠡᠪᠦᠷᠢ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠰᠠᠭᠠᠳ ᠦᠭᠡᠢ ᠨᠡᠪᠲᠡᠷᠡᠬᠦ ᠵᠠᠮ ᠭᠠᠷᠭᠠᠵᠤ᠂ ᠪᠠᠴᠢᠮ ᠪᠠᠶᠢᠳᠠᠯ ᠤᠨ ᠳᠣᠣᠷ᠎ᠠ ᠪᠠᠴᠢᠮ ᠪᠠᠶᠢᠳᠠᠯ ᠢ  ᠠᠷᠭᠠᠴᠠᠭᠠᠬᠤ ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠢ ᠣᠷᠢᠳ ᠢᠶᠠᠷ ᠲᠣᠬᠢᠷᠠᠭᠤᠯᠬᠤ᠂ ᠣᠷᠢᠳ ᠢᠶᠠᠷ ᠶᠠᠪᠤᠭᠤᠯᠬᠤ ᠶᠢ ᠪᠠᠲᠤᠯᠠᠬᠤ ᠬᠡᠷᠡᠭᠲᠡᠢ᠃ ᠵᠠᠮ ᠬᠠᠷᠢᠯᠴᠠᠭᠠᠨ ᠤ ᠲᠥᠬᠦᠭᠡᠷᠦᠮᠵᠢ ᠬᠤᠬᠢᠷᠠᠯ ᠳᠤ ᠤᠴᠠᠷᠠᠭᠰᠠᠨ ᠦᠶ᠎ᠡ ᠳᠤ᠂ ᠲᠤᠰᠬᠠᠢ ᠮᠡᠷᠭᠡᠵᠢᠯ ᠤᠨ ᠡᠩᠨᠡᠭᠡ ᠶᠢ ᠦᠳᠲᠡᠷ ᠲᠦᠷᠭᠡᠨ ᠵᠣᠬᠢᠶᠠᠨ ᠪᠠᠶᠢᠭᠤᠯᠵᠤ ᠵᠠᠪᠳᠤᠨ ᠵᠠᠰᠠᠵᠤ᠂ ᠠᠯᠢ ᠲᠦᠷᠭᠡᠨ ᠢᠶᠠᠷ ᠰᠡᠷᠭᠦᠭᠡᠬᠦ ᠬᠡᠷᠡᠭᠲᠡᠢ᠃ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠬᠡᠷᠡᠭᠴᠡᠭᠡ ᠶᠢ ᠦᠨᠳᠦᠰᠦᠯᠡᠨ᠂ ᠬᠡᠷᠡᠭ ᠭᠠᠷᠤᠭᠰᠠᠨ ᠲᠤᠬᠠᠢ ᠶᠢᠨ ᠲᠠᠯᠠᠪᠠᠶ ᠵᠢᠴᠢ ᠬᠠᠮᠢᠶ᠎ᠠ ᠪᠦᠬᠦᠢ ᠨᠡᠪᠲᠡᠷᠡᠬᠦ ᠵᠠᠮ ᠳᠤ ᠵᠠᠮ ᠬᠠᠷᠢᠯᠴᠠᠭᠠᠨ ᠤ ᠵᠠᠬᠢᠷᠤᠨ ᠬᠠᠮᠢᠶᠠᠷᠤᠯᠲᠠ ᠶᠢ ᠬᠡᠷᠡᠭᠵᠢᠭᠦᠯᠵᠦ᠂ ᠵᠠᠮ ᠤᠨ ᠰᠠᠭᠠᠳ ᠦᠭᠡᠢ ᠨᠡᠪᠲᠡᠷᠡᠬᠦ ᠪᠠ ᠪᠠᠴᠢᠮ ᠪᠠᠶᠢᠳᠠᠯ ᠢ ᠠᠷᠭᠠᠴᠠᠭᠠᠨ ᠠᠪᠤᠷᠠᠨ ᠲᠤᠰᠠᠯᠠᠬᠤ ᠵᠠᠬᠢᠷᠤᠨ ᠬᠠᠮᠢᠶᠠᠷᠤᠯᠲᠠ ᠶᠢᠨ ᠤᠷᠤᠭᠰᠢᠲᠠᠢ ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠢ᠃       ︵ᠭᠤᠷᠪᠠ︶ ᠮᠡᠳᠡᠭᠡ ᠬᠤᠯᠪᠣᠭ᠎ᠠ ᠪᠠ ᠴᠠᠬᠢᠯᠭᠠᠨ ᠬᠦᠴᠦᠨ ᠤ ᠪᠠᠲᠤᠯᠠᠭ᠎ᠠ       ᠵᠢᠯᠤᠭᠤᠳᠬᠤ ᠭᠠᠵᠠᠷ ᠤᠨ ᠬᠢᠨ 24 ᠴᠠᠭ ᠤᠨ ᠵᠢᠵᠢᠭᠦᠷᠯᠡᠨ ᠰᠠᠬᠢᠬᠤ ᠣᠳᠡᠰᠣ ᠶᠢᠨ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠬᠡᠷᠡᠭᠲᠡᠢ᠃ ᠠᠮᠠᠷᠠᠯᠲᠠ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ ᠨᠢ ᠲᠤᠰᠬᠠᠢ ᠬᠥᠮᠥᠨ ᠲᠣᠭᠲᠠᠭᠠᠨ ᠵᠣᠭᠠᠴᠠᠯ ᠤᠨ ᠭᠡᠨᠡᠳᠲᠡ ᠶᠢᠨ ᠬᠡᠷᠡᠭ ᠤᠨ ᠵᠣᠬᠢᠴᠠᠭᠤᠯᠤᠨ ᠬᠠᠷᠢᠯᠴᠠᠬᠤ ᠠᠵᠢᠯ ᠢ ᠬᠠᠷᠢᠭᠤᠴᠠᠭᠤᠯᠵᠤ᠂ ᠬᠤᠯᠪᠣᠭ᠎ᠠ ᠠᠪᠬᠤ ᠶᠢᠨ ᠰᠠᠭᠠᠳ ᠦᠭᠡᠢ ᠨᠡᠪᠲᠡᠷᠡᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠨᠢ ᠴᠠᠬᠢᠯᠭᠠᠨ ᠬᠦᠴᠦᠨ ᠤ ᠰᠠᠯᠠᠭ᠎ᠠ ᠮᠥᠴᠢᠷ ᠢ ᠵᠣᠬᠢᠴᠠᠭᠤᠯᠵᠤ᠂ ᠬᠤᠲᠠ ᠶᠢᠨ ᠰᠣᠶᠣᠯ ᠵᠣᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ ᠨᠢ ᠡᠯ᠎ᠡ ᠴᠢᠮᠡᠭᠡ ᠬᠤᠯᠪᠣᠭᠠᠨ ᠤ ᠡᠵᠡᠩᠨᠡᠯᠲᠡ ᠶᠢᠨ ᠬᠤᠳᠠᠯᠳᠤᠭᠠᠴᠢᠨ ᠢ ᠵᠣᠬᠢᠴᠠᠭᠤᠯᠵᠤ ᠪᠠᠶᠢᠭᠠᠳ ᠵᠣᠭᠠᠴᠠᠯ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠣᠰᠠᠯᠠᠯᠳᠡ ᠳᠤ ᠴᠢᠮᠡᠭᠡ ᠬᠤᠯᠪᠣᠭ᠎ᠠ ᠪᠣᠯᠣᠨ ᠴᠠᠬᠢᠯᠭᠠᠨ ᠬᠦᠴᠣᠨ ᠤ ᠪᠠᠳᠣᠯᠠᠭ᠎ᠠ ᠬᠠᠩᠭᠠᠨ᠎ᠠ᠃       ︵ᠳᠥᠷᠪᠡ︶  ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠲᠤᠯᠠᠭ᠎ᠠ       ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠭᠠᠬᠤ ᠡᠩᠨᠡᠭᠡ ᠪᠠ ᠪᠠᠲᠤᠯᠠᠭ᠎ᠠ ᠶᠢᠨ ᠰᠢᠰᠲ᠋ᠧᠮ ᠶᠢ ᠪᠠᠶᠢᠭᠤᠯᠵᠤ᠂ ᠵᠣᠭᠠᠴᠠᠯ ᠤᠨ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠬᠡᠷᠡᠭᠴᠡᠭᠡ ᠶᠢ ᠦᠨᠳᠦᠰᠦᠯᠡᠨ᠂ ᠴᠠᠭ ᠲᠤᠬᠠᠢ ᠳᠤᠨᠢ ᠡᠮ ᠡᠮᠨᠡᠯᠭᠡ ᠶᠢᠨ ᠠᠪᠤᠷᠠᠨ ᠵᠠᠰᠠᠬᠤ ᠡᠩᠨᠡᠭᠡ ᠶᠢ ᠲᠣᠮᠢᠯᠠᠨ ᠬᠦᠮᠣᠰ ᠢ ᠠᠪᠤᠷᠠᠨ ᠵᠠᠰᠠᠬᠤ ᠵᠢᠴᠢ ᠲᠤᠬᠠᠢ ᠶᠢᠨ ᠲᠠᠯᠠᠪᠤᠷ ᠤᠨ ᠡᠷᠡᠭᠦᠯ ᠬᠠᠮᠠᠭᠠᠯᠠᠯ ᠣᠷᠴᠢᠨ ᠲᠣᠭᠤᠷᠢᠨ ᠤ ᠰᠡᠷᠭᠡᠶᠢᠯᠡᠨ ᠬᠠᠮᠠᠭᠠᠯᠠᠬᠤ ᠠᠵᠢᠯ ᠢ ᠥᠷᠨᠢᠭᠦᠯᠦᠨ᠎ᠡ᠃       ︵ᠲᠠᠪᠤ︶ ᠪᠡᠯᠡ ᠮᠥᠩᠭᠦ ᠶᠢᠨ ᠪᠠᠲᠤᠯᠠᠭ᠎ᠠ       ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠨᠢ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ ᠪᠡᠯᠡ ᠮᠥᠩᠭᠦ ᠶᠢ ᠬᠡᠷᠡᠭᠯᠡᠬᠦ ᠲᠣᠭᠲᠠᠴᠠ ᠶᠢ ᠪᠠᠶᠢᠭᠤᠯᠵᠤ᠂ ᠵᠣᠭᠠᠴᠠᠯ ᠤᠨ ᠭᠡᠨᠡᠳᠲᠡ ᠶᠢᠨ ᠬᠡᠷᠡᠭ ᠢ ᠠᠷᠭᠠᠴᠠᠭᠠᠬᠤ ᠦᠶ᠎ᠡ ᠶᠢᠨ ᠪᠠᠴᠢᠮ ᠪᠠᠶᠢᠳᠠᠯ ᠢ  ᠠᠷᠭᠠᠴᠠᠭᠠᠬᠤ ᠪᠡᠯᠡ ᠮᠥᠩᠭᠦ ᠶᠢ ᠴᠠᠭ ᠲᠤᠬᠠᠢ ᠳᠤᠨᠢ ᠰᠢᠯᠵᠢᠭᠦᠯᠦᠨ ᠥᠭᠴᠦ ᠭᠡᠷᠡᠭᠯᠡᠬᠦᠯᠣᠨ᠎ᠠ᠃       ︵ᠵᠢᠷᠭᠤᠭ᠎ᠠ︶ ᠪᠤᠰᠤᠳ ᠪᠠᠲᠤᠯᠠᠭ᠎ᠠ       ᠡᠯ᠎ᠡ ᠨᠢᠭᠡᠴᠢ ᠨᠦᠭᠦᠳ ᠵᠣᠭᠠᠴᠠᠯ ᠤᠨ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠬᠡᠷᠡᠭᠴᠡᠭᠡ ᠪᠠᠨ ᠦᠨᠳᠦᠰᠦᠯᠡᠨ᠂ ᠵᠢᠯᠤᠭᠤᠳᠬᠤ ᠭᠠᠵᠠᠷ ᠤᠨ ᠪᠠᠶᠢᠷᠢᠯᠠᠭᠤᠯᠤᠯᠲᠠ ᠶᠣᠰᠣᠭᠠᠷ᠂ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷ᠎ᠠ ᠪᠠᠨ ᠡᠯ᠎ᠡ ᠵᠦᠢᠯ ᠤᠨ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠠᠵᠢᠯ ᠤᠨ ᠤᠷᠤᠭᠰᠢᠲᠠᠢ ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠢ᠃       ᠠᠷᠪᠡᠨ ᠵᠢᠷᠭᠤᠳᠣᠭᠠᠷ ᠵᠣᠶᠢᠯ᠂ ᠬᠢᠨᠡᠯᠳᠡ ᠬᠠᠮᠢᠶᠠᠷᠣᠯᠳᠡ        ᠲᠣᠰ ᠪᠡᠯᠡᠳᠭᠡᠯ ᠲᠦᠰᠣᠯ ᠨᠢ ᠠᠷᠡᠳ ᠤᠨ ᠵᠠᠰᠠᠭ ᠤᠨ ᠣᠷᠳᠣᠨ ᠤ ᠨᠠᠶᠢᠳᠡᠯᠡᠬᠦ ᠵᠦᠪᠰᠢᠶᠠᠷᠡᠯ ᠢ ᠣᠯᠪᠡᠯ᠂ ᠪᠠᠴᠢᠮ ᠪᠠᠶᠢᠳᠡᠯ ᠶᠢᠨ ᠠᠷᠭᠠᠴᠠᠭᠠᠬᠤ ᠬᠠᠮᠢᠷᠣᠯᠳᠡ ᠶᠢᠨ ᠰᠠᠯᠠᠭ᠎ᠠ ᠮᠦᠴᠢᠷ ᠲᠤ ᠲᠠᠩᠰᠠᠯᠠᠭᠤᠯᠬᠤ ᠭᠡᠷᠡᠭᠳᠡᠢ᠃       ᠠᠷᠪᠠᠨ ᠳᠣᠯᠣᠳᠤᠭᠠᠷ ᠵᠦᠢᠯ᠂ ᠱᠠᠩᠨᠠᠬᠤ ᠪᠠ ᠰᠢᠳᠬᠡᠬᠦ ᠵᠦᠢᠯᠡᠰ       ᠪᠠᠴᠢᠮ ᠪᠠᠶᠢᠳᠠᠯ ᠢ ᠠᠷᠭᠠᠴᠠᠭᠠᠬᠤ ᠶᠢ ᠵᠢᠯᠤᠭᠤᠳᠬᠤ ᠪᠠ ᠰᠢᠢᠳᠪᠦᠷᠢᠯᠡᠬᠦ ᠠᠵᠢᠯ ᠤᠨ ᠳᠤᠮᠳᠠ ᠲᠣᠪᠣᠶᠢᠮ᠎ᠠ ᠢᠯᠡᠷᠡᠯ ᠲᠠᠢ᠂ ᠣᠨᠴᠠᠭᠠᠢ ᠬᠤᠪᠢ ᠨᠡᠮᠡᠷᠢ ᠦᠵᠡᠭᠦᠯᠦᠭᠰᠡᠨ ᠨᠢᠭᠡᠴᠢ ᠪᠤᠶᠤ ᠬᠤᠪᠢ ᠬᠥᠮᠥᠨ ᠢ ᠬᠤᠯᠪᠣᠭᠳᠠᠯ ᠪᠦᠬᠦᠢ ᠲᠣᠭᠲᠠᠭᠠᠯ᠂ ᠬᠠᠤᠯᠢ ᠲᠣᠭᠲᠠᠭᠠᠯ ᠶᠣᠰᠣᠭᠠᠷ ᠰᠠᠶᠢᠰᠢᠶᠠᠨ ᠬᠥᠬᠢᠭᠦᠯᠬᠦ ᠪᠠ ᠱᠠᠩᠨᠠᠨ᠎ᠠ᠃ ᠬᠦᠨᠳᠦ ᠶᠡᠭᠡ ᠨᠥᠯᠥᠭᠡ ᠭᠠᠷᠭᠠᠭᠰᠠᠨ ᠪᠠ ᠬᠦᠨᠳᠦ ᠨᠣᠴᠢᠲᠠᠢ ᠤᠷᠰᠢᠭ ᠲᠠᠲᠠᠭᠰᠠᠨ ᠨᠢᠭᠡᠴᠢ ᠪᠤᠶᠤ ᠬᠤᠪᠢ ᠬᠥᠮᠥᠨ ᠳᠤ ᠨᠠᠮ ᠤᠨ ᠰᠠᠬᠢᠯᠭ᠎ᠠ ᠵᠠᠰᠠᠭ ᠤᠨ ᠰᠠᠬᠢᠯᠭ᠎ᠠ ᠪᠠᠲᠤ ᠶᠢᠨ ᠰᠢᠳᠬᠡᠯ ᠥᠭᠭᠦᠨ᠎ᠡ᠃ ᠶᠠᠯ᠎ᠠ ᠪᠣᠯᠵᠤ ᠪᠦᠷᠢᠯᠳᠦᠭᠰᠡᠨ ᠪᠠᠶᠢᠪᠠᠯ᠂ ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ ᠲᠤᠰᠢᠶᠠᠵᠤ ᠬᠠᠤᠯᠢ ᠶᠣᠰᠣᠭᠠᠷ ᠰᠢᠢᠳᠪᠦᠷᠢᠯᠡᠭᠦᠯᠦᠨ᠎ᠡ᠃       ᠠᠷᠪᠠᠨ ᠨᠠᠢᠮᠠᠳᠤᠭᠠᠷ ᠵᠦᠢᠯ᠂ ᠳᠠᠭᠠᠯᠳᠤᠭᠤᠯᠤᠭᠰᠠᠨ ᠳᠦᠷᠢᠮ       ︵ᠨᠢᠭᠡ︶ ᠲᠣᠰ ᠪᠡᠯᠡᠳᠬᠡᠯ ᠲᠥᠰᠥᠯ ᠤᠨ ᠬᠠᠮᠤᠭ ᠡᠴᠦᠰ ᠤᠨ ᠲᠠᠶᠢᠯᠪᠤᠷᠢᠯᠠᠬᠤ ᠡᠷᠬᠡ ᠨᠢ ᠷᠠᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠬᠠᠷᠢᠶᠠᠯᠠᠭᠳᠠᠨ᠎ᠠ᠃       ︵ᠬᠤᠶᠠᠷ︶ ᠲᠤᠰ ᠪᠡᠯᠡᠳᠬᠡᠯ ᠲᠥᠰᠥᠯ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃
 
ᠢᠷᠡᠯᠲᠡ᠄ ᠷᠡᠰᠢᠶᠠᠨ ᠬᠤᠳᠡ ᠶᠢᠨ ᠠᠷᠡᠳ ᠤᠨ ᠵᠠᠰᠠᠭ ᠤᠨ ᠣᠷᠳᠣᠨ ᠤ ᠠᠯᠪᠡᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号