︽ᠷᠠᠰᠢᠶᠠᠨ ᠤ ᠵᠣᠭᠠᠴᠠᠯ ᠤᠨ ᠠᠮᠠᠷᠠᠯᠲᠠ ᠶᠢᠨ ᠣᠷᠣᠨ ᠤ ᠠᠮᠤᠷ ᠢ ᠬᠠᠮᠠᠭᠠᠯᠠᠬᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠳᠦ᠋ᠷᠢᠮ︾ ᠢ ᠲᠣᠭᠲᠠᠭᠠᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2023/8/29
       ᠷᠡᠰᠢᠶᠠᠨ ᠵᠠᠰᠠᠭ ᠠᠯᠪᠠᠨ ᠲᠠᠷᠬᠠᠭᠠᠭᠰᠠᠨ ﹇2023﹈ 30 ᠳ᠋ᠤᠭᠠᠷ ᠲᠣᠭᠠᠲᠤ       ᠡᠯ᠎ᠡ ᠪᠠᠯᠭᠠᠰᠤ ᠵᠡᠭᠡᠯᠢ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ᠄       ᠬᠤᠲᠠ ᠶᠢᠨ ᠵᠠᠰᠠᠭ ᠤᠨ ᠣᠷᠳᠣᠨ ᠤ ᠰᠤᠳᠤᠯᠤᠯᠲᠠ ᠪᠠᠷ ᠳᠡᠮᠵᠢᠨ᠂ ᠡᠳᠦᠭᠡ ︽ᠷᠠᠰᠢᠶᠠᠨ ᠤ ᠵᠣᠭᠠᠴᠠᠯ ᠤᠨ ᠠᠮᠠᠷᠠᠯᠲᠠ ᠶᠢᠨ ᠣᠷᠣᠨ ᠤ ᠠᠮᠤᠷ ᠢ ᠬᠠᠮᠠᠭᠠᠯᠠᠬᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠳᠦᠷᠢᠮ︾ ᠢ ᠲᠠᠨᠠᠷ ᠲᠤ ᠳᠠᠷᠤᠮᠠᠯᠯᠠᠨ ᠲᠠᠷᠬᠠᠭᠠᠯ᠎ᠠ᠂ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠲᠠᠢ ᠪᠠᠨ ᠤᠶᠠᠯᠳᠤᠭᠤᠯᠤᠨ ᠰᠠᠶᠢᠳᠣᠷ ᠲᠤᠭᠤᠰᠢᠯᠠᠭᠠᠯᠣᠨ ᠨᠠᠶᠢᠳᠠᠪᠤᠷᠢᠵᠢᠭᠤᠯᠬᠤ ᠶᠢ ᠬᠦᠰᠡᠵᠦ ᠪᠠᠶᠢᠨ᠎ᠠ᠃       ᠳᠠᠭᠠᠯᠳᠤᠭᠤᠯᠤᠯ᠄ ᠷᠠᠰᠢᠶᠠᠨ ᠤ ᠵᠣᠭᠠᠴᠠᠯ ᠤᠨ ᠠᠮᠠᠷᠠᠯᠲᠠ ᠶᠢᠨ ᠣᠷᠣᠨ ᠤ ᠠᠮᠤᠷ ᠢ ᠬᠠᠮᠠᠭᠠᠯᠠᠬᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠳᠦᠷᠢᠮ       2023 ᠣᠨ ᠤ 5 ᠰᠠᠷ᠎ᠠ ᠶᠢᠨ 23 ᠤ ᠡᠳᠣᠷ       ᠳᠠᠭᠠᠯᠳᠤᠭᠤᠯᠤᠯ       ᠷᠠᠰᠢᠶᠠᠨ ᠤ ᠵᠣᠭᠠᠴᠠᠯ ᠤᠨ ᠠᠮᠠᠷᠠᠯᠲᠠ ᠶᠢᠨ ᠣᠷᠣᠨ ᠤ ᠠᠮᠤᠷ ᠢ ᠬᠠᠮᠠᠭᠠᠯᠠᠬᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠳᠦ᠋ᠷᠢᠮ       ᠨᠢᠭᠡᠳᠦᠭᠡᠷ ᠪᠦᠯᠦᠭ  ᠂ ᠶᠡᠷᠦᠩᠬᠡᠢ ᠳᠦᠷᠢᠮ       ᠨᠢᠭᠡᠳᠦᠭᠡᠷ ᠵᠦᠢᠯ᠂  ᠷᠠᠰᠢᠶᠠᠨ ᠤ ᠵᠣᠭᠠᠴᠠᠯ ᠤᠨ ᠠᠮᠠᠷᠠᠯᠲᠠ ᠶᠢᠨ ᠣᠷᠣᠨ ᠤ ᠠᠮᠤᠷ ᠢ ᠬᠠᠮᠠᠭᠠᠯᠠᠬᠤ ᠠᠵᠢᠯ  ᠢ ᠵᠢᠷᠤᠮᠵᠢᠭᠤᠯᠤᠨ᠂ ᠵᠣᠭᠠᠴᠠᠬᠰᠠᠳ ᠪᠣᠯᠣᠨ ᠠᠵᠢᠯᠲᠠᠨ ᠤ ᠠᠮᠢ ᠨᠠᠰᠤ  ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠵᠤ᠂ ᠠᠮᠠᠷᠠᠯᠲᠠ ᠶᠢᠨ ᠣᠷᠣᠨ ᠤ ᠲᠣᠭᠲᠠᠭᠤᠨ ᠪᠠ ᠰᠠᠶᠢᠨ ᠰᠠᠶᠢᠬᠠᠨ ᠳᠦᠷᠢ ᠲᠥᠷᠬᠦ ᠶᠢ ᠬᠠᠮᠠᠭᠠᠯᠠᠬᠤ ᠶᠢᠨ ᠲᠤᠰᠠᠳᠠ᠂ ᠤᠯᠤᠰ ᠤᠨ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ᠂  ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠪᠣᠯᠣᠨ ᠠᠵᠢᠯ ᠲᠥᠷᠥᠯ ᠤᠨ ᠪᠠᠷᠢᠮᠵᠢᠶ᠎ᠠ ᠶᠢ ᠦᠨᠳᠦᠰᠦᠯᠡᠨ᠂ ᠲᠤᠰ ᠳᠦᠷᠢᠮ ᠢ ᠲᠣᠭᠲᠠᠭᠠᠪᠠ᠃       ᠬᠤᠶᠠᠳᠤᠭᠠᠷ ᠵᠦᠢᠯ᠂  ᠲᠣᠰ ᠳᠦᠷᠢᠮ ᠨᠢ ᠷᠠᠰᠢᠶᠠᠨ ᠤ ᠵᠣᠭᠠᠴᠠᠯ ᠤᠨ ᠠᠮᠠᠷᠠᠯᠲᠠ ᠶᠢᠨ ᠣᠷᠣᠨ ᠤ ᠪᠣᠶ ᠪᠦᠬᠦᠢ ᠣᠷᠣᠨ ᠪᠦᠰᠡ᠂  ᠲᠦᠬᠦᠭᠡᠷᠣᠮᠵᠢ᠂ ᠠᠵᠢᠯᠯᠠᠭ᠎ᠠ ᠵᠢᠴᠢ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠡᠷᠭᠢᠯᠡᠵᠦ ᠪᠠᠶᠢᠭ᠎ᠠ ᠬᠥᠮᠥᠰ ᠲᠤ ᠲᠣᠬᠢᠷᠠᠨ᠎ᠠ᠃ ᠪᠣᠶ ᠪᠦᠬᠦᠢ ᠠᠮᠠᠷᠠᠯᠲᠠ ᠶᠢᠨ ᠣᠷᠣᠨ ᠤ ᠰᠠᠯᠠᠭ᠎ᠠ ᠮᠥᠴᠢᠷ᠂ ᠨᠢᠭᠡᠴᠢ ᠪᠣᠯᠣᠨ ᠬᠤᠪᠢ ᠬᠥᠮᠥᠨ ᠴᠥᠮ ᠲᠣᠰ ᠳᠦᠷᠢᠮ ᠢ ᠵᠢᠷᠤᠮᠯᠠᠵᠤ᠂ ᠠᠮᠠᠷᠠᠯᠲᠠ ᠶᠢᠨ ᠣᠷᠣᠨ ᠤ ᠠᠮᠤᠷ ᠲᠦᠪᠰᠢᠨ ᠢ ᠬᠠᠮᠲᠤᠪᠠᠷ ᠬᠠᠮᠠᠭᠠᠯᠠᠬᠤ ᠬᠡᠷᠡᠭᠲᠡᠢ᠃       ᠭᠤᠷᠪᠠᠳᠤᠭᠠᠷ ᠵᠦᠢᠯ  ᠂ ᠲᠤᠰ ᠳᠦᠷᠢᠮ ᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠣᠭᠠᠴᠠᠯ ᠤᠨ ᠬᠠᠤᠯᠢ︾᠂ ︽ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠳᠬᠡᠯ ᠤᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠶᠤᠯᠭᠦᠢ ᠦᠢᠯᠡᠳᠪᠦᠷᠢᠯᠡᠯ ᠤᠨ ᠬᠠᠤᠯᠢ︾᠂ ︽ᠭᠡᠨᠡᠳᠲᠡ ᠶᠢᠨ ᠬᠡᠷᠡᠭ ᠢ  ᠠᠷᠭᠠᠴᠠᠭᠠᠬᠤ ᠬᠠᠤᠯᠢ︾᠂ ︽ᠭᠠᠯ ᠰᠡᠷᠭᠡᠶᠢᠯᠡᠨ ᠤᠨᠲᠠᠷᠠᠭᠠᠬᠤ ᠬᠠᠤᠯᠢ︾ ᠵᠡᠷᠭᠡ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠠᠵᠢᠯ ᠲᠦᠷᠦᠯ ᠤᠨ ᠪᠠᠷᠢᠮᠵᠢᠶ᠎ᠠ᠂ ᠣᠷᠣᠨ ᠨᠤᠲᠤᠭ ᠤᠨ ᠲᠦᠷᠦ ᠶᠢᠨ ᠪᠣᠳᠣᠯᠭ᠎ᠠ ᠪᠠ ᠬᠠᠮᠢᠶᠠᠷᠤᠯᠲᠠ ᠶᠢᠨ ᠲᠣᠭᠲᠠᠭᠠᠯ ᠢ ᠦᠨᠳᠦᠰᠦᠯᠡᠨ ᠲᠣᠭᠲᠠᠭᠠᠨ᠎ᠠ᠃ ᠳᠦᠷᠢᠮ ᠤᠨ ᠠᠭᠤᠯᠭ᠎ᠠ ᠳᠤ ᠵᠣᠭᠠᠴᠠᠯ ᠤᠨ ᠠᠮᠠᠷᠠᠯᠲᠠ ᠶᠢᠨ ᠣᠷᠣᠨ ᠤ ᠠᠮᠤᠷ ᠲᠦᠪᠰᠢᠨ ᠤ ᠬᠠᠮᠢᠶᠠᠷᠤᠯᠲᠠ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ᠂ ᠠᠮᠤᠷ ᠢ ᠬᠠᠮᠠᠭᠠᠯᠠᠬᠤ ᠪᠣᠯᠪᠠᠰᠤᠷᠠᠯ ᠵᠡᠷᠭᠡ ᠲᠠᠯ᠎ᠠ ᠶᠢ ᠬᠠᠮᠤᠷᠴᠤ᠂ ᠷᠠᠰᠢᠶᠠᠨ ᠤ ᠵᠣᠭᠠᠴᠠᠯ ᠤᠨ ᠠᠮᠠᠷᠠᠯᠲᠠ ᠶᠢᠨ ᠣᠷᠣᠨ ᠳᠤ ᠪᠥᠬᠦ ᠲᠠᠯ᠎ᠠ ᠶᠢᠨ᠂ ᠰᠢᠰᠲ᠋ᠧᠮ ᠲᠠᠢ ᠠᠮᠤᠷ ᠢ ᠬᠠᠮᠠᠭᠠᠯᠠᠬᠤ ᠵᠢᠯᠣᠭᠤᠳᠤᠯᠭ᠎ᠠ ᠬᠠᠩᠭᠠᠬᠤ ᠶᠢᠨ ᠲᠥᠯᠥᠭᠡ ᠶᠤᠮ᠃       ᠬᠤᠶᠠᠳᠤᠭᠠᠷ ᠪᠦᠯᠦᠭ᠂ ᠡᠮᠤᠷ ᠢ ᠬᠠᠮᠠᠭᠠᠯᠠᠬᠤ ᠵᠣᠬᠢᠶᠠᠨ ᠪᠠᠶᠢᠭᠤᠯᠤᠯᠲᠠ ᠬᠢᠭᠡᠳ ᠲᠤᠰᠢᠶᠠᠯ ᠬᠠᠷᠢᠭᠤᠴᠠᠯᠭ᠎ᠠ       ᠳᠥᠷᠪᠡᠳᠦᠭᠡᠷ ᠵᠦᠢᠯ ᠷᠠᠰᠢᠶᠠᠨ ᠤ ᠵᠣᠭᠠᠴᠠᠯ ᠤᠨ ᠠᠮᠠᠷᠠᠯᠲᠠ ᠶᠢᠨ ᠣᠷᠣᠨ ᠳᠤ ᠠᠮᠤᠷ ᠢ ᠬᠠᠮᠠᠭᠠᠯᠠᠬᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠵᠢᠯᠤᠭᠤᠳᠬᠤ ᠭᠠᠵᠠᠷ ᠪᠠᠶᠢᠭᠤᠯᠵᠤ᠂ ᠠᠮᠠᠷᠠᠯᠲᠠ ᠶᠢᠨ ᠣᠷᠣᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠭᠤᠯᠤᠨ᠎ᠠ᠃       ᠵᠢᠯᠤᠭᠤᠳᠬᠤ ᠳᠠᠷᠤᠭ᠎ᠠ᠄ ᠶᠠᠩ ᠪᠦᠦ ᠲᠢᠶᠠᠨ   ᠬᠤᠲᠠ   ᠶᠢᠨ ᠨᠠᠮ ᠤᠨ ᠬᠤᠷᠢᠶᠠᠨ ᠤ ᠪᠠᠶᠢᠩᠭᠤ   ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠬᠤᠲᠠ   ᠶᠢᠨ ᠳᠠᠷᠤᠭ᠎ᠠ       ᠳᠡᠳ᠋ ᠵᠢᠯᠤᠭᠤᠳᠬᠤ ᠳᠠᠷᠤᠭ᠎ᠠ᠄ ᠪᠠᠢ ᠹᠧᠩ    ᠬᠤᠲᠠ ᠶᠢᠨ ᠰᠣᠶᠣᠯ ᠵᠣᠭᠠᠴᠠᠯ ᠪᠡᠶ᠎ᠡ ᠶᠢᠨ ᠲᠠᠮᠢᠷ ᠤᠨ ᠲᠣᠪᠴᠢᠶᠠᠨ ᠤ ᠲᠣᠪᠴᠢᠶᠠᠨ ᠳᠠᠷᠤᠭ᠎ᠠ       ᠯᠢ ᠯᠢᠶᠠᠩ    ᠷᠠᠰᠢᠶᠠᠨ ᠤ ᠵᠣᠭᠠᠴᠠᠯ ᠤᠨ ᠠᠮᠠᠷᠠᠯᠲᠠ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ       ᠪᠦᠷᠢᠯᠳᠦᠭᠦᠨ᠄ ᠯᠢᠶᠠᠩ ᠸᠧᠨ ᠯᠦᠩ   ᠸᠧᠨᠴᠢᠣᠸᠠᠨ ᠵᠡᠭᠡᠯᠢ   ᠶᠢᠨ ᠨᠠᠮ ᠤᠨ ᠠᠵᠢᠯᠩ ᠤᠨ ᠵᠦᠪᠯᠡᠯ ᠤᠨ ᠱᠦᠵᠢ       ᠸᠠᠩ ᠠᠢ ᠵᠢᠶᠦ᠋ᠨ    ᠬᠤᠲᠠ ᠶᠢᠨ ᠵᠠᠮ ᠲᠡᠭᠡᠭᠡᠪᠦᠷᠢ ᠶᠢᠨ ᠲᠣᠪᠴᠢᠶᠠᠨ ᠤ ᠲᠣᠪᠴᠢᠶᠠᠨ ᠳᠠᠷᠤᠭ᠎ᠠ       ᠯᠢ ᠺᠧ ᠰᠢᠨ    ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠷᠬᠢᠯᠡᠭᠴᠢ       ᠵᠣᠣ ᠰᠢᠶᠣᠣ ᠭᠤᠸᠠᠩ    ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶᠠᠨ ᠤ ᠲᠣᠪᠴᠢᠶᠠᠨ ᠳᠠᠷᠤᠭ᠎ᠠ       ᠸᠠᠩ ᠶᠠᠨ ᠫᠢᠩ   ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ       ᠬᠣ᠋ ᠷᠦᠢ    ᠬᠤᠳᠠ ᠶᠢᠨ ᠭᠠᠳᠠᠭᠠᠳᠤ ᠶᠠᠪᠤᠳᠠᠯ ᠤᠨ ᠠᠯᠪᠠᠨ ᠭᠡᠷ ᠤᠨ ᠡᠷᠬᠢᠯᠡᠭᠴᠢ       ᠯᠢ ᠺᠦᠨ    ᠬᠤᠲᠠ ᠶᠢᠨ ᠬᠤᠲᠠ ᠶᠢᠨ ᠬᠠᠮᠢᠶᠠᠷᠤᠯᠲᠠ ᠶᠢᠨ ᠲᠣᠪᠴᠢᠶᠠᠨ ᠤ ᠲᠣᠪᠴᠢᠶᠠᠨ ᠳᠠᠷᠤᠭ᠎ᠠ       ᠵᠠᠩ ᠶᠦᠩ ᠴᠢᠶᠠᠩ    ᠬᠤᠲᠠ ᠶᠢᠨ ᠵᠠᠮ ᠬᠠᠷᠢᠯᠴᠠᠭᠠᠨ ᠤ ᠴᠠᠭᠳᠠᠭ᠎ᠠ ᠶᠢᠨ ᠶᠡᠭᠡ ᠠᠩᠭᠢ ᠶᠢᠨ ᠳᠠᠷᠤᠭ᠎ᠠ       ᠴᠧᠨ ᠯᠧᠢ    ᠬᠤᠲᠠ ᠶᠢᠨ ᠭᠠᠯ ᠰᠠᠷᠭᠡᠶᠢᠯᠠᠵᠣ ᠤᠨᠲᠠᠷᠠᠭᠠᠬᠤ ᠶᠡᠭᠡ ᠠᠩᠭᠢ ᠶᠢᠨ ᠳᠠᠷᠤᠭ᠎ᠠ       ᠵᠠᠩ ᠷᠦᠢ    ᠬᠤᠲᠠ ᠶᠢᠨ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶᠠᠨ ᠤ ᠲᠣᠪᠴᠢᠶᠠᠨ ᠳᠠᠷᠤᠭ᠎ᠠ       ᠵᠧᠦ ᠯᠢ ᠰᠢᠨ    ᠬᠤᠲᠠ ᠶᠢᠨ ᠰᠦᠯᠵᠢᠶᠡᠨ ᠤ ᠠᠮᠤᠷ ᠲᠦᠪᠰᠢᠨ ᠤ ᠪᠠᠴᠢᠮ ᠪᠠᠶᠢᠳᠠᠯ ᠢ  ᠠᠷᠭᠠᠴᠠᠭᠠᠬᠤ ᠵᠢᠯᠤᠭᠤᠳᠬᠤ ᠲᠥᠪ ᠤᠨ ᠡᠷᠬᠢᠯᠡᠭᠴᠢ       ᠲᠠᠪᠤᠳᠤᠭᠠᠷ ᠵᠦᠢᠯ ᠠᠮᠤᠷ ᠢ ᠬᠠᠮᠠᠭᠠᠯᠠᠬᠤ ᠪᠠᠴᠢᠮ ᠪᠠᠶᠢᠳᠠᠯ ᠢ  ᠠᠷᠭᠠᠴᠠᠭᠠᠬᠤ ᠬᠠᠮᠢᠶᠠᠷᠤᠯᠲᠠ ᠶᠢᠨ ᠵᠢᠯᠤᠭᠤᠳᠬᠤ ᠭᠠᠵᠠᠷ ᠤᠨ ᠭᠤᠣᠯ ᠡᠭᠦᠷᠭᠡ ᠬᠠᠷᠢᠭᠤᠴᠠᠯᠭ᠎ᠠ ᠳᠤ ᠳᠣᠣᠷᠠᠬᠢ ᠵᠦᠢᠯᠡᠰ ᠪᠠᠭᠲᠠᠨ᠎ᠠ᠄       1. ᠠᠮᠤᠷ ᠢ ᠬᠠᠮᠠᠭᠠᠯᠠᠬᠤ ᠲᠥᠯᠥᠪᠯᠡᠭᠡ ᠲᠣᠭᠲᠠᠭᠠᠵᠤ᠂ ᠠᠮᠤᠷ ᠢ ᠬᠠᠮᠠᠭᠠᠯᠠᠬᠤ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃       2. ᠠᠮᠤᠷ ᠢ ᠬᠠᠮᠠᠭᠠᠯᠠᠭᠴᠢ ᠶᠢ ᠤᠷᠢᠬᠤ᠂ ᠰᠢᠯᠢᠨ ᠰᠣᠩᠭᠤᠬᠤ᠂ ᠬᠢᠨᠠᠨ ᠰᠢᠯᠭᠠᠬᠤ ᠪᠠ ᠬᠠᠮᠢᠶᠠᠷᠬᠤ ᠶᠢ ᠬᠠᠷᠢᠭᠤᠴᠠᠨ᠎ᠠ᠃       3. ᠡᠳᠦᠷ ᠲᠤᠲᠤᠮ ᠤᠨ ᠲᠣᠭᠤᠷᠢᠨ ᠴᠠᠭᠳᠠᠬᠤ ᠪᠠ ᠬᠢᠨᠠᠨ ᠡᠵᠡᠮᠳᠡᠬᠦ ᠶᠢ ᠥᠷᠨᠢᠭᠦᠯᠵᠦ᠂ ᠠᠮᠤᠷ ᠲᠦᠪᠰᠢᠨ ᠤ ᠳᠠᠯᠳᠠ ᠬᠡᠮ ᠢ ᠢᠯᠡᠷᠡᠭᠦᠯᠬᠦ ᠶᠢᠨ ᠬᠠᠮᠲᠤ ᠰᠢᠢᠳᠪᠦᠷᠢᠯᠡᠨ᠎ᠡ᠃       4. ᠠᠮᠤᠷ ᠢ ᠬᠠᠮᠠᠭᠠᠯᠠᠬᠤ ᠮᠡᠷᠭᠡᠵᠢᠯ ᠤᠨ ᠲᠦᠬᠦᠭᠡᠷᠣᠮᠵᠢ ᠶᠢᠨ ᠪᠦᠲᠦᠭᠡᠨ ᠪᠠᠶᠢᠭᠤᠯᠤᠯᠲᠠ᠂ ᠬᠠᠮᠠᠭᠠᠯᠠᠯᠲᠠ ᠪᠠ ᠬᠠᠮᠢᠶᠠᠷᠤᠯᠲᠠ ᠶᠢ ᠬᠠᠷᠢᠭᠤᠴᠠᠨ᠎ᠠ᠃       5. ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠠᠮᠤᠷ ᠢ ᠬᠠᠮᠠᠭᠠᠯᠠᠬᠤ ᠬᠡᠷᠡᠭ ᠢ ᠵᠣᠬᠢᠴᠠᠭᠤᠯᠤᠨ ᠰᠢᠢᠳᠪᠦᠷᠢᠯᠡᠨ᠎ᠡ᠃       6. ᠠᠮᠤᠷ ᠢ ᠬᠠᠮᠠᠭᠠᠯᠠᠬᠤ ᠠᠵᠢᠯᠲᠠᠨ ᠤ ᠪᠣᠯᠪᠠᠰᠤᠷᠠᠯ ᠪᠠ ᠰᠣᠷᠢᠯᠲᠠ ᠶᠢᠨ ᠠᠵᠢᠯ ᠢ ᠬᠠᠷᠢᠭᠤᠴᠠᠨ᠎ᠠ︔       7. ᠮᠡᠳᠡᠭᠡ ᠵᠠᠩᠭᠢ ᠶᠢ ᠮᠡᠳᠡᠭᠦᠯᠬᠦ ᠪᠠ ᠨᠡᠪᠲᠡᠷᠡᠯᠴᠡᠬᠦ ᠳᠦᠷᠢᠮ ᠢ ᠲᠣᠭᠲᠠᠭᠠᠵᠤ ᠬᠡᠷᠡᠭᠵᠢᠭᠦᠯᠦᠨ᠎ᠡ᠃       8. ᠠᠮᠤᠷ ᠢ ᠬᠠᠮᠠᠭᠠᠯᠠᠬᠤ ᠠᠵᠢᠯ ᠤᠨ ᠲᠤᠷᠰᠢᠯᠭ᠎ᠠ ᠪᠠᠨ ᠳ᠋ᠦᠩᠨᠡᠵᠦ᠂ ᠠᠮᠤᠷ ᠢ ᠬᠠᠮᠠᠭᠠᠯᠠᠬᠤ ᠳᠦᠷᠢᠮ ᠢ ᠲᠡᠭᠦᠯᠳᠡᠷᠵᠢᠭᠦᠯᠬᠦ ᠵᠡᠷᠭᠡ ᠪᠣᠯᠣᠨ᠎ᠠ᠃       ᠵᠢᠷᠭᠤᠳᠤᠭᠠᠷ ᠵᠦᠢᠯ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠂ ᠵᠣᠭᠠᠴᠠᠯ ᠤᠨ ᠦᠵᠡᠮᠵᠢ ᠶᠢᠨ ᠭᠠᠵᠠᠷ ᠪᠠ ᠠᠵᠤ ᠠᠬᠤᠶᠢᠯᠠᠯ ᠤᠳ ᠠᠮᠤᠷ ᠢ ᠬᠠᠮᠠᠭᠠᠯᠠᠬᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠵᠢᠯᠤᠭᠤᠳᠬᠤ ᠭᠠᠵᠠᠷ ᠤᠨ ᠠᠵᠢᠯ ᠳᠤ ᠢᠳᠡᠪᠬᠢᠲᠡᠢ ᠬᠠᠮᠵᠢᠯᠴᠠᠵᠤ᠂ ᠠᠮᠠᠷᠠᠯᠲᠠ ᠶᠢᠨ ᠣᠷᠣᠨ ᠤ ᠠᠮᠤᠷ ᠲᠦᠪᠰᠢᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠪᠣᠳᠠᠲᠠᠢ ᠡᠭᠦᠷᠭᠡ ᠬᠠᠷᠢᠭᠤᠴᠠᠯᠭ᠎ᠠ ᠳᠤ᠄       1. ᠠᠶᠤᠯᠭᠦᠢ ᠶᠢᠨ ᠬᠠᠮᠢᠶᠠᠷᠤᠯᠲᠠ ᠶᠢᠨ ᠬᠠᠷᠢᠭᠤᠴᠠᠯᠭᠠᠲᠠᠨ ᠢ ᠪᠠᠶᠢᠭᠤᠯᠵᠤ᠂ ᠲᠤᠰ ᠨᠢᠭᠡᠴᠢ ᠶᠢᠨ ᠢᠶᠠᠨ ᠠᠶᠤᠯᠭᠦᠢ ᠶᠢᠨ ᠠᠵᠢᠯ ᠢ ᠵᠣᠬᠢᠶᠠᠨ ᠪᠠᠶᠢᠭᠤᠯᠬᠤ ᠪᠠ ᠬᠡᠷᠡᠭᠵᠢᠭᠦᠯᠬᠦ ᠶᠢ ᠬᠠᠷᠢᠭᠤᠴᠠᠭᠤᠯᠤᠨ᠎ᠠ  ᠃       2. ᠠᠮᠤᠷ ᠢ ᠬᠠᠮᠠᠭᠠᠯᠠᠬᠤ ᠳᠦᠷᠢᠮ ᠢ ᠵᠢᠷᠤᠮᠯᠠᠨ ᠰᠠᠬᠢᠵᠤ᠂ ᠱᠠᠭᠠᠷᠳᠠᠯᠭ᠎ᠠ ᠶᠣᠰᠣᠭᠠᠷ ᠠᠶᠤᠯᠭᠦᠢ ᠶᠢᠨ ᠪᠠᠶᠢᠴᠠᠭᠠᠯᠲᠠ ᠶᠢ ᠥᠷᠨᠢᠭᠦᠯᠦᠨ᠂ ᠠᠶᠤᠯᠭᠦᠢ  ᠶᠢᠨ ᠲᠠᠯᠳᠠ ᠭᠡᠮ ᠢ ᠠᠷᠢᠯᠭᠠᠨ᠎ᠠ᠃       3.ᠠᠮᠤᠷ ᠢ ᠬᠠᠮᠠᠭᠠᠯᠠᠬᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠵᠢᠯᠤᠭᠤᠳᠬᠤ ᠭᠠᠵᠠᠷ ᠲᠤ ᠠᠶᠤᠯᠭᠦᠢ ᠶᠢᠨ ᠡ᠊ᠨᠳᠡᠯ᠂ ᠲᠠᠯᠳᠠ ᠭᠡᠮ ᠪᠠ ᠭᠡᠨᠡᠳᠲᠡ ᠶᠢᠨ ᠬᠡᠷᠡᠭ ᠢ ᠴᠠᠭ ᠲᠤᠬᠠᠢ ᠳᠤᠨᠢ ᠮᠡᠳᠡᠭᠦᠯᠦᠨ᠎ᠡ᠃       4. ᠠᠮᠤᠷ ᠢ ᠬᠠᠮᠠᠭᠠᠯᠠᠬᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠵᠢᠯᠤᠭᠤᠳᠬᠤ ᠭᠠᠵᠠᠷ ᠲᠠᠢ ᠬᠠᠮᠵᠢᠯᠴᠠᠨ ᠠᠮᠤᠷ ᠲᠦᠪᠰᠢᠨ ᠤ ᠪᠣᠯᠪᠠᠰᠤᠷᠠᠯ ᠪᠠ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢ ᠬᠢᠨ᠎ᠡ᠃       5. ᠠᠮᠤᠷ ᠢ ᠬᠠᠮᠠᠭᠠᠯᠠᠬᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠵᠢᠯᠤᠭᠤᠳᠬᠤ ᠭᠠᠵᠠᠷ ᠲᠠᠢ ᠬᠠᠮᠵᠢᠯᠴᠠᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠵᠢᠯ ᠢ ᠥᠷᠨᠢᠭᠦᠯᠵᠦ᠂ ᠡ᠊ᠨᠳᠡᠯ ᠢ ᠴᠠᠭ ᠲᠤᠬᠠᠢ ᠳᠤᠨᠢ᠂ ᠪᠦᠲᠦᠮᠵᠢᠲᠡᠶ ᠡᠵᠡᠮᠳᠡᠬᠦ ᠶᠢ ᠦᠨᠡᠨ ᠬᠦ ᠪᠠᠲᠤᠯᠠᠨ᠎ᠠ᠃       6. ᠲᠣᠭᠲᠠᠮᠠᠯ ᠬᠤᠭᠤᠴᠠᠭ᠎ᠠ ᠲᠠᠢ ᠪᠠᠷ ᠠᠮᠤᠷ ᠢ ᠬᠠᠮᠠᠭᠠᠯᠠᠬᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠵᠢᠯᠤᠭᠤᠳᠬᠤ ᠭᠠᠵᠠᠷ ᠲᠤ ᠲᠣᠰ ᠨᠢᠭᠡᠴᠢ ᠶᠢᠨ ᠢᠶᠠᠨ ᠠᠮᠤᠷ ᠲᠦᠪᠰᠢᠨ ᠤ ᠠᠵᠢᠯ ᠤᠨ ᠪᠠᠶᠢᠳᠠᠯ ᠢᠶᠠᠨ ᠮᠡᠳᠡᠭᠦᠯᠵᠦ᠂ ᠠᠮᠤᠷ ᠢ ᠬᠠᠮᠠᠭᠠᠯᠠᠬᠤ ᠪᠠᠴᠢᠮ ᠪᠠᠶᠢᠳᠠᠯ ᠢ  ᠠᠷᠭᠠᠴᠠᠭᠠᠬᠤ ᠬᠠᠮᠢᠶᠠᠷᠤᠯᠲᠠ ᠶᠢᠨ ᠵᠢᠯᠤᠭᠤᠳᠬᠤ ᠭᠠᠵᠠᠷ ᠤᠨ ᠵᠢᠯᠣᠭᠤᠳᠤᠯᠭ᠎ᠠ ᠪᠠ ᠬᠢᠨᠠᠯᠲᠠ ᠶᠢ ᠬᠦᠯᠢᠶᠡᠨ᠎ᠡ᠃       ᠭᠤᠷᠪᠠᠳᠤᠭᠠᠷ ᠪᠦᠯᠦᠭ᠂ ᠠᠮᠤᠷ ᠢ ᠬᠠᠮᠠᠭᠠᠯᠠᠬᠤ ᠠᠶᠤᠯ ᠲᠦᠭᠰᠢᠭᠦᠷᠢ ᠶᠢ ᠦᠨᠡᠯᠡᠨ ᠵᠢᠱᠢᠬᠦ ᠪᠠ ᠤᠷᠢᠳᠴᠢᠯᠠᠨ ᠰᠡᠷᠭᠡᠶᠢᠯᠡᠬᠦ ᠠᠷᠭ᠎ᠠ ᠬᠡᠮᠵᠢᠶ᠎ᠡ       ᠳᠣᠯᠣᠳᠤᠭᠠᠷ ᠵᠦᠢᠯ ᠠᠮᠤᠷ ᠢ ᠬᠠᠮᠠᠭᠠᠯᠠᠬᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠵᠢᠯᠤᠭᠤᠳᠬᠤ ᠭᠠᠵᠠᠷ ᠨᠢ ᠠᠮᠠᠷᠠᠯᠲᠠ ᠶᠢᠨ ᠣᠷᠣᠨ ᠳᠤ ᠲᠣᠭᠲᠠᠮᠠᠯ ᠬᠤᠭᠤᠴᠠᠭ᠎ᠠ ᠲᠠᠢ ᠪᠠᠷ ᠠᠮᠤᠷ ᠢ ᠬᠠᠮᠠᠭᠠᠯᠠᠬᠤ ᠲᠦᠭᠰᠢᠭᠦᠷᠢ ᠶᠢᠨ ᠦᠨᠡᠯᠡᠨ ᠵᠢᠱᠢᠯᠲᠡ ᠬᠢᠬᠦ ᠬᠡᠷᠡᠭᠲᠡᠢ᠂ ᠦᠨᠡᠯᠡᠨ ᠵᠢᠱᠢᠬᠦ ᠠᠭᠤᠯᠭ᠎ᠠ ᠳᠤ ᠳᠣᠣᠷᠠᠬᠢ ᠵᠦᠢᠯᠡᠰ ᠪᠠᠭᠲᠠᠨ᠎ᠠ᠄       1. ᠠᠮᠤᠷ ᠢ ᠬᠠᠮᠠᠭᠠᠯᠠᠬᠤ ᠠᠶᠤᠯ ᠲᠦᠭᠰᠢᠭᠦᠷᠢ ᠶᠢᠨ ᠦᠨᠡᠯᠡᠨ ᠵᠢᠱᠢᠯᠲᠡ᠄ ᠠᠮᠠᠷᠠᠯᠲᠠ ᠶᠢᠨ ᠣᠷᠣᠨ ᠤ ᠳᠣᠲᠣᠷ᠎ᠠ ᠭᠠᠳᠠᠨᠠᠬᠢ ᠠᠮᠤᠷ ᠢ ᠬᠠᠮᠠᠭᠠᠯᠠᠬᠤ ᠪᠠᠶᠢᠳᠠᠯ ᠳᠤ ᠵᠠᠳᠠᠯᠤᠯᠲᠠ ᠬᠢᠵᠦ᠂ ᠬᠤᠯᠠᠭᠠᠶᠢᠯᠠᠬᠤ᠂ ᠳᠡᠭᠡᠷᠡᠮᠳᠡᠬᠦ᠂ ᠮᠡᠬᠡᠯᠡᠬᠦ ᠵᠡᠷᠭᠡ ᠶᠠᠯᠠᠲᠤ ᠠᠵᠢᠯᠯᠠᠭ᠎ᠠ ᠶᠢ ᠠᠩᠬᠠᠷᠣᠨ᠎ᠠ᠃       2. ᠵᠣᠭᠠᠴᠠᠯ ᠤᠨ ᠠᠮᠤᠷ ᠲᠦᠪᠰᠢᠨ ᠤ ᠲᠦᠭᠰᠢᠭᠦᠷᠢ ᠶᠢ ᠦᠨᠡᠯᠡᠨ ᠵᠢᠱᠢᠬᠦ᠄ ᠦᠵᠡᠮᠵᠢ ᠶᠢᠨ ᠣᠷᠣᠨ ᠤ ᠠᠮᠤᠷ ᠲᠦᠪᠰᠢᠨ ᠤ ᠲᠦᠬᠦᠭᠡᠷᠣᠮᠵᠢ᠂ ᠵᠣᠭᠠᠴᠠᠬᠰᠠᠳ ᠤᠨ ᠦᠶᠯᠡ ᠠᠵᠢᠯᠯᠠᠭ᠎ᠠ᠂ ᠮᠠᠭᠤ ᠠᠭᠤᠷ ᠠᠮᠢᠰᠬᠤᠯ ᠵᠡᠷᠭᠡ ᠵᠣᠭᠠᠴᠠᠬᠰᠠᠳ ᠤᠨ ᠠᠮᠤᠷ ᠲᠦᠪᠰᠢᠨ ᠢ ᠨᠥᠯᠥᠭᠡᠯᠡᠵᠦ ᠮᠡᠳᠡᠬᠦ ᠬᠦᠴᠦᠨ ᠵᠦᠢᠯ ᠢ ᠠᠩᠬᠠᠷᠤᠨ᠎ᠠ︔       3.ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠠᠶᠤᠯ ᠲᠦᠭᠰᠢᠭᠦᠷᠢ ᠶᠢᠨ ᠦᠨᠡᠯᠡᠨ ᠵᠢᠱᠢᠯᠲᠡ᠄ ᠠᠮᠠᠷᠠᠯᠲᠠ ᠶᠢᠨ ᠣᠷᠣᠨ   ᠤ ᠳᠣᠲᠣᠷᠠᠬᠢ ᠭᠠᠯ ᠤᠨᠲᠠᠷᠠᠭᠠᠬᠤ ᠲᠦᠬᠦᠭᠡᠷᠣᠮᠵᠢ᠂ ᠭᠠᠯ ᠴᠠᠬᠢᠯᠭᠠᠨ ᠬᠡᠷᠡᠭᠯᠡᠬᠦ ᠠᠶᠤᠯ ᠦᠭᠡᠢ ᠵᠡᠷᠭᠡ ᠶᠢ ᠪᠠᠶᠢᠴᠠᠭᠠᠨ᠎ᠠ᠃᡾       4. ᠬᠠᠮᠲᠤᠯᠢᠭ ᠤᠨ ᠴᠢᠨᠠᠷᠲᠠᠢ ᠬᠡᠷᠡᠭ ᠤᠨ ᠲᠦᠭᠰᠢᠭᠦᠷᠢ ᠶᠢᠨ ᠦᠨᠡᠯᠡᠨ ᠵᠢᠱᠢᠯᠲᠡ᠄ ᠠᠮᠠᠷᠠᠯᠲᠠ ᠶᠢᠨ ᠣᠷᠣᠨ ᠳᠤ ᠭᠠᠷᠴᠤ ᠮᠡᠳᠡᠬᠦ ᠡᠰᠡᠷᠭᠦᠴᠡᠯ᠂  ᠰᠦᠷᠳᠣ ᠵᠢᠬᠰᠠᠭᠠᠯ ᠵᠡᠷᠭᠡ ᠬᠠᠮᠲᠤᠯᠢᠭ ᠤᠨ ᠴᠢᠨᠠᠷᠲᠠᠢ ᠬᠡᠷᠡᠭ ᠢ ᠠᠩᠬᠠᠷᠤᠨ᠎ᠠ᠃       5. ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠤᠨ ᠲᠦᠭᠰᠢᠭᠦᠷᠢ ᠶᠢᠨ ᠦᠨᠡᠯᠡᠨ ᠵᠢᠱᠢᠯᠲᠡ᠄ ᠠᠮᠠᠷᠠᠯᠲᠠ ᠶᠢᠨ ᠣᠷᠣᠨ ᠳᠤ ᠡᠭᠦᠰᠴᠦ ᠮᠡᠳᠡᠬᠦ ᠬᠠᠯᠳᠠᠪᠤᠷᠢᠲᠤ ᠡᠪᠡᠳᠴᠢᠨ ᠤ ᠬᠢᠵᠢᠭ ᠤᠨ ᠪᠠᠶᠢᠳᠠᠯ᠂ ᠢᠳᠡᠭᠡᠨ ᠤ ᠠᠮᠤᠷ ᠲᠦᠪᠰᠢᠨ ᠤ ᠬᠡᠷᠡᠭ ᠵᠡᠷᠭᠡ ᠶᠢ ᠠᠩᠬᠠᠷᠤᠨ᠎ᠠ᠃       6. ᠮᠡᠳᠡᠭᠡ ᠵᠠᠩᠭᠢ ᠶᠢᠨ ᠠᠮᠤᠷ ᠲᠦᠪᠰᠢᠨ ᠤ ᠲᠦᠭᠰᠢᠭᠦᠷᠢ ᠶᠢ ᠦᠨᠡᠯᠡᠨ ᠵᠢᠱᠢᠬᠦ᠄ ᠠᠮᠠᠷᠠᠯᠲᠠ ᠶᠢᠨ ᠣᠷᠣᠨ ᠳᠠᠬᠢ ᠰᠦᠯᠵᠢᠶᠡᠨ ᠤ ᠠᠮᠤᠷ ᠲᠦᠪᠰᠢᠨ᠂ ᠲᠤᠭ᠎ᠠ ᠪᠠᠷᠢᠮᠲᠠ ᠯᠡᠪᠡᠷᠡᠬᠦ ᠵᠡᠷᠭᠡ ᠠᠰᠠᠭᠤᠳᠠᠯ ᠢ ᠠᠩᠬᠠᠷᠤᠨ᠎ᠠ᠃       ᠨᠠᠢᠮᠠᠳᠤᠭᠠᠷ ᠵᠦᠢᠯ᠂ ᠠᠮᠤᠷ ᠢ ᠬᠠᠮᠠᠭᠠᠯᠠᠬᠤ ᠲᠦᠭᠰᠢᠭᠦᠷᠢ ᠶᠢ ᠦᠨᠡᠯᠡᠨ ᠵᠢᠱᠢᠬᠦ ᠳᠤ ᠳᠣᠣᠷᠠᠬᠢ ᠵᠠᠷᠴᠢᠮ ᠤᠳ ᠢ ᠵᠢᠷᠤᠮᠯᠠᠬᠤ ᠬᠡᠷᠡᠭᠲᠡᠢ᠄       1. ᠪᠤᠰᠤᠳᠴᠢ ᠪᠥᠭᠡᠳ ᠲᠥᠪ ᠭᠤᠣᠯᠴᠢ ᠪᠠᠶᠢᠬᠤ᠄ ᠦᠨᠡᠯᠡᠨ ᠵᠢᠱᠢᠬᠦ ᠶᠠᠪᠤᠴᠠ ᠳᠤ ᠪᠤᠰᠤᠳᠴᠢ ᠪᠥᠭᠡᠳ ᠲᠥᠪ ᠭᠤᠣᠯᠴᠢ ᠪᠠᠶᠢᠬᠤ ᠵᠣᠭᠰᠣᠯᠲᠠ ᠶᠢ ᠪᠠᠷᠢᠮᠲᠠᠯᠠᠵᠤ᠂ ᠪᠡᠶᠡᠴᠢ ᠮᠠᠭᠠᠳᠯᠠᠯ ᠤᠨ ᠦᠨᠡᠯᠡᠨ ᠵᠢᠱᠢᠭᠰᠡᠨ ᠦᠷ᠎ᠡ ᠳ᠋ᠦᠩ ᠢ ᠨᠥᠯᠥᠭᠡᠯᠡᠬᠦ ᠠᠴᠠ ᠵᠠᠶᠢᠯᠠᠰᠬᠢᠬᠦ ᠬᠡᠷᠡᠭᠲᠡᠢ᠃       2. ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠬᠤ᠄ ᠦᠨᠡᠯᠡᠨ ᠵᠢᠱᠢᠬᠦ ᠶᠠᠪᠤᠴᠠ ᠳᠤ ᠠᠮᠤᠷ ᠲᠦᠪᠰᠢᠨ ᠤ ᠳᠠᠯᠳᠠ ᠭᠡᠮ ᠢ ᠣᠯᠵᠤ ᠮᠡᠳᠡᠬᠦ ᠶᠢᠨ ᠬᠠᠮᠲᠤ ᠴᠠᠭ ᠲᠤᠬᠠᠢ ᠳᠤᠨᠢ ᠠᠷᠢᠯᠭᠠᠵᠤ᠂ ᠤᠷᠢᠳᠴᠢᠯᠠᠨ ᠰᠡᠷᠭᠡᠶᠢᠯᠡᠬᠦ ᠠᠷᠭ᠎ᠠ ᠬᠡᠮᠵᠢᠶ᠎ᠡ ᠶᠢᠨ ᠪᠦᠲᠦᠮᠵᠢᠲᠦ ᠴᠢᠨᠠᠷ ᠢ ᠳᠡᠭᠡᠭᠰᠢᠯᠡᠭᠦᠯᠦᠨ᠎ᠡ᠃       3. ᠶᠡᠷᠦᠩᠬᠡᠶᠢᠯᠡᠨ ᠵᠠᠳᠠᠯᠬᠤ᠄ ᠤᠯᠠᠨ ᠵᠦᠢᠯ ᠤᠨ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠵᠤ᠂ ᠠᠶᠤᠯ ᠲᠦᠭᠰᠢᠭᠦᠷᠢ ᠶᠢᠨ ᠬᠡᠮᠵᠢᠶ᠎ᠡ ᠶᠢ ᠪᠦᠬᠦ ᠲᠠᠯ᠎ᠠ ᠪᠠᠷ ᠵᠠᠳᠠᠯᠣᠨ᠎ᠠ᠃       4. ᠬᠥᠳᠡᠯᠦᠩᠭᠦᠢ ᠬᠠᠮᠢᠶᠠᠷᠤᠯᠲᠠ᠄ ᠠᠮᠠᠷᠠᠯᠲᠠ ᠶᠢᠨ ᠣᠷᠣᠨ ᠤ ᠳᠣᠲᠣᠷ᠎ᠠ ᠭᠠᠳᠠᠨᠠᠬᠢ ᠪᠣᠳᠠᠲᠤ ᠪᠠᠶᠢᠳᠠᠯ ᠢ ᠦᠨᠳᠦᠰᠦᠯᠡᠨ᠂ ᠦᠨᠡᠯᠡᠨ ᠵᠢᠱᠢᠬᠦ ᠠᠷᠭ᠎ᠠ ᠪᠣᠳᠣᠯᠭ᠎ᠠ ᠪᠠ ᠤᠷᠢᠳᠴᠢᠯᠠᠨ ᠰᠡᠷᠭᠡᠶᠢᠯᠡᠬᠦ ᠠᠷᠭ᠎ᠠ ᠬᠡᠮᠵᠢᠶ᠎ᠡ ᠪᠠᠨ ᠴᠠᠭ ᠲᠤᠬᠠᠢ ᠳᠤᠨᠢ ᠲᠣᠬᠢᠷᠠᠭᠤᠯᠤᠨ᠎ᠠ᠃       ᠶᠢᠰᠦᠳᠦᠭᠡᠷ ᠵᠦᠢᠯ ᠦᠨᠡᠯᠡᠨ ᠵᠢᠱᠢᠭᠰᠡᠨ ᠦᠷ᠎ᠡ ᠳ᠋ᠦᠩ ᠢ ᠦᠨᠳᠦᠰᠦᠯᠡᠨ᠂ ᠬᠠᠨᠳᠤᠯᠭᠠᠲᠤ ᠴᠢᠨᠠᠷᠲᠠᠢ ᠤᠷᠢᠳᠴᠢᠯᠠᠨ ᠰᠡᠷᠭᠡᠶᠢᠯᠡᠬᠦ ᠠᠷᠭ᠎ᠠ ᠬᠡᠮᠵᠢᠶ᠎ᠡ ᠶᠢ ᠲᠣᠭᠲᠠᠭᠠᠵᠤ᠂ ᠠᠮᠠᠷᠠᠯᠲᠠ ᠶᠢᠨ ᠣᠷᠣᠨ ᠤ ᠠᠶᠤᠯᠭᠦᠢ ᠶᠢᠨ ᠰᠡᠷᠭᠡᠶᠢᠯᠡᠯᠲᠡ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠤᠷᠢᠳᠴᠢᠯᠠᠨ ᠰᠡᠷᠭᠡᠶᠢᠯᠡᠬᠦ ᠠᠷᠭ᠎ᠠ ᠬᠡᠮᠵᠢᠶ᠎ᠡ ᠳᠤ᠄       1. ᠠᠮᠤᠷ ᠢ ᠬᠠᠮᠠᠭᠠᠯᠠᠬᠤ ᠲᠦᠬᠦᠭᠡᠷᠣᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠂ ᠵᠢᠱᠢᠶᠡᠯᠡᠪᠡᠯ ᠬᠢᠨᠠᠨ ᠡᠵᠡᠮᠳᠡᠬᠦ ᠺᠠᠮᠧᠷᠠ᠂ ᠡᠭᠦᠳᠡᠨ ᠬᠤᠷᠢᠭ᠎ᠠ ᠶᠢᠨ ᠰᠢᠰᠲ᠋ᠧᠮ᠂ ᠲᠦᠭᠰᠢᠭᠦᠷᠢ ᠮᠡᠳᠡᠭᠡᠯᠡᠬᠦ ᠲᠥᠬᠦᠭᠡᠷᠦᠮᠵᠢ ᠵᠡᠷᠭᠡ ᠶᠢ ᠤᠭᠰᠠᠷᠠᠬᠤ ᠬᠡᠷᠡᠭᠲᠡᠢ᠃       2. ᠠᠮᠤᠷ ᠢ ᠬᠠᠮᠠᠭᠠᠯᠠᠬᠤ ᠠᠵᠢᠯᠲᠠᠨ ᠤ ᠬᠡᠪ ᠴᠢᠨᠠᠷ ᠢ ᠳᠡᠭᠡᠭᠰᠢᠯᠡᠭᠦᠯᠵᠦ᠂ ᠪᠣᠯᠪᠠᠰᠤᠷᠠᠯ᠂ ᠬᠢᠨᠠᠨ ᠰᠢᠯᠭᠠᠯᠲᠠ ᠶᠢ ᠴᠢᠩᠭᠠᠳᠬᠠᠨ᠂ ᠲᠡᠳᠡᠨ ᠤ ᠲᠤᠬᠠᠶᠢᠯᠠᠭᠰᠠᠨ ᠠᠵᠢᠯ ᠤᠨ ᠴᠢᠳᠠᠪᠤᠷᠢ ᠪᠠ ᠭᠡᠨᠡᠳᠲᠡ ᠶᠢᠨ ᠬᠡᠷᠡᠭ ᠢ  ᠠᠷᠭᠠᠴᠠᠭᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃       3. ᠲᠤᠬᠠᠢ ᠶᠢᠨ ᠭᠠᠵᠠᠷ ᠤᠨ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠭᠡ ᠪᠠ ᠬᠠᠮᠵᠢᠯᠴᠠᠭ᠎ᠠ ᠪᠠᠨ ᠴᠢᠩᠭᠠᠳᠬᠠᠵᠤ᠂ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤᠪᠠᠷ ᠡᠳ᠋ᠯᠡᠵᠦ᠂ ᠠᠮᠤᠷ ᠲᠦᠪᠰᠢᠨ ᠤ ᠪᠠᠶᠢᠳᠠᠯ ᠤᠨ ᠬᠥᠳᠡᠯᠦᠯ ᠪᠠᠶᠢᠳᠠᠯ ᠢ ᠴᠠᠭ ᠲᠤᠬᠠᠢ ᠳᠤᠨᠢ ᠣᠯᠬᠤ ᠬᠡᠷᠡᠭᠲᠡᠢ  ᠃       4. ᠠᠮᠤᠷ ᠢ ᠬᠠᠮᠠᠭᠠᠯᠠᠬᠤ᠂ ᠭᠠᠯ ᠰᠡᠷᠭᠡᠶᠢᠯᠡᠬᠦ᠂ ᠵᠣᠭᠠᠴᠠᠯ ᠤᠨ ᠠᠮᠤᠷ ᠲᠦᠪᠰᠢᠨ ᠵᠡᠷᠭᠡ ᠲᠠᠯ᠎ᠠ ᠶᠢᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠥᠷᠨᠢᠭᠦᠯᠵᠦ᠂ ᠵᠣᠭᠠᠴᠠᠬᠰᠠᠳ ᠪᠠ ᠠᠵᠢᠯᠲᠠᠳ ᠤᠨ ᠠᠮᠤᠷ ᠲᠦᠪᠰᠢᠨ ᠤ ᠦᠵᠡᠯ ᠤᠬᠠᠮᠰᠠᠷ ᠢ ᠳᠡᠭᠡᠭᠰᠢᠯᠡᠭᠦᠯᠦᠨ᠎ᠡ᠃       5. ᠠᠮᠠᠷᠠᠯᠲᠠ ᠶᠢᠨ ᠲᠣᠭᠤᠷᠢᠭ ᠲᠠᠬᠢ ᠬᠤᠳᠠᠯᠳᠤᠭᠠᠴᠢᠨ ᠡᠷᠦᠬᠡ᠂ ᠵᠣᠴᠢᠳ ᠤᠨ ᠪᠠᠭᠤᠳᠠᠯ ᠵᠡᠷᠭᠡ ᠳᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠲᠡᠳᠡᠨ ᠤ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠠ ᠪᠠᠷᠢᠮᠵᠢᠶ᠎ᠠ ᠶᠢ ᠵᠢᠷᠤᠮᠯᠠᠬᠤ ᠶᠢ ᠦᠨᠡᠨ ᠬᠦ ᠪᠠᠲᠤᠯᠠᠨ᠎ᠠ  ᠃       6. ᠲᠠᠯᠠᠪᠤᠷ ᠲᠤ ᠣᠷᠣᠬᠤ ᠠᠮᠤᠷ ᠲᠦᠪᠰᠢᠨ ᠤ ᠪᠠᠶᠢᠴᠠᠭᠠᠯᠲᠠ ᠶᠢᠨ ᠴᠢᠩᠭ᠎ᠠ ᠳᠦᠷᠢᠮ ᠢ ᠪᠠᠶᠢᠭᠤᠯᠵᠤ᠂ ᠵᠤᠭᠠᠴᠠᠭᠰᠠᠳ ᠵᠢᠴᠢ ᠪᠡᠶ᠎ᠡ ᠳᠡᠭᠡᠨ ᠠᠪᠴᠤ ᠶᠠᠪᠤᠭ᠎ᠠ ᠡᠳ᠋ ᠪᠣᠳᠠᠰ ᠲᠤ ᠠᠮᠤᠷ ᠲᠦᠪᠰᠢᠨ ᠤ ᠪᠠᠶᠢᠴᠠᠭᠠᠯᠲᠠ ᠬᠢᠵᠦ᠂ ᠠᠶᠤᠯ ᠲᠠᠢ ᠡᠳ᠋ ᠪᠣᠳᠠᠰ ᠤᠨ ᠠᠮᠠᠷᠠᠯᠲᠠ ᠶᠢᠨ ᠣᠷᠣᠨ ᠳᠤ ᠣᠷᠣᠬᠤ ᠶᠢ ᠰᠡᠷᠭᠡᠶᠢᠯᠡᠬᠦ ᠬᠡᠷᠡᠭᠲᠡᠢ᠃       7. ᠵᠣᠭᠠᠴᠠᠯ ᠤᠨ ᠠᠵᠢᠯᠯᠠᠭ᠎ᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠠᠮᠤᠷ ᠲᠦᠪᠰᠢᠨ ᠢᠶᠠᠷ ᠠᠵᠢᠯᠯᠠᠬᠤ ᠳᠦᠷᠢᠮ ᠲᠣᠭᠲᠠᠭᠠᠵᠤ᠂ ᠵᠤᠭᠠᠴᠠᠭᠰᠠᠳ ᠤᠨ ᠵᠦᠢ ᠵᠣᠬᠢᠰ ᠦᠭᠡᠢ ᠦᠶᠯᠡ ᠠᠵᠢᠯᠯᠠᠭ᠎ᠠ ᠠᠴᠠ ᠪᠣᠯᠵᠤ ᠠᠮᠤᠷ ᠲᠦᠪᠰᠢᠨ ᠤ ᠡ᠊ᠨᠳᠡᠯ ᠭᠠᠷᠬᠤ ᠶᠢ ᠰᠡᠷᠭᠡᠶᠢᠯᠡᠬᠦ ᠬᠡᠷᠡᠭᠲᠡᠢ  ᠃       8. ᠭᠠᠯ ᠤᠨᠲᠠᠷᠠᠭᠠᠭᠤᠷ᠂ ᠠᠪᠤᠷᠠᠯᠳᠠ ᠶᠢᠨ ᠴᠠᠭᠠᠷᠢᠭ᠂ ᠲᠦᠷᠭᠡᠨ ᠠᠪᠤᠷᠠᠯᠳᠠ ᠶᠢᠨ ᠪᠣᠭᠴᠣ ᠵᠡᠷᠭᠡ ᠪᠠᠴᠢᠮ ᠪᠠᠶᠢᠳᠠᠯ ᠢ ᠠᠷᠭᠠᠴᠠᠭᠠᠬᠤ ᠲᠤᠰᠬᠠᠢ ᠠᠪᠤᠷᠠᠨ ᠲᠤᠰᠠᠯᠠᠬᠤ ᠲᠥᠬᠦᠭᠡᠷᠦᠮᠵᠢ ᠶᠢ ᠲᠣᠬᠢᠷᠠᠭᠤᠯᠵᠤ᠂ ᠭᠡᠨᠡᠳᠲᠡ ᠶᠢᠨ ᠬᠡᠷᠡᠭ ᠡᠭᠦᠰᠬᠦ ᠦᠶ᠎ᠡ ᠳᠤ ᠦᠳᠲᠡᠷ ᠲᠦᠷᠭᠡᠨ ᠠᠪᠤᠷᠠᠨ ᠲᠤᠰᠠᠯᠠᠬᠤ ᠶᠢ ᠦᠨᠡᠨ ᠬᠦ ᠪᠠᠲᠤᠯᠠᠨ᠎ᠠ᠃       9. ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠬᠤ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠠᠰᠠᠭᠤᠳᠠᠯ ᠢ ᠴᠠᠭ ᠲᠤᠬᠠᠢ ᠳᠤᠨᠢ ᠴᠡᠭᠴᠡᠯᠡᠨ ᠰᠠᠶᠢᠵᠢᠷᠠᠭᠤᠯᠵᠤ᠂ ᠠᠮᠤᠷ ᠲᠦᠪᠰᠢᠨ ᠤ ᠳᠠᠯᠳᠠ ᠬᠡᠮ ᠢ ᠠᠷᠢᠯᠭᠠᠬᠤ ᠬᠡᠷᠡᠭᠲᠡᠢ︔       10. ᠵᠤᠭᠠᠴᠠᠭᠰᠠᠳ ᠪᠣᠯᠣᠨ ᠠᠵᠢᠯᠲᠠᠨ ᠤ ᠠᠮᠤᠷ ᠲᠦᠪᠰᠢᠨ ᠤ ᠳᠠᠯᠳᠠ ᠬᠡᠮ ᠢ ᠣᠯᠵᠤ ᠮᠡᠳᠡᠬᠦ ᠶᠢᠨ ᠬᠠᠮᠲᠤ ᠳᠡᠭᠡᠭᠰᠢ ᠮᠡᠳᠡᠭᠦᠯᠬᠦ ᠶᠢ ᠵᠣᠷᠢᠭᠵᠢᠭᠤᠯᠵᠤ᠂ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠬᠤ ᠳᠤ ᠢᠳᠡᠪᠬᠢᠲᠡᠢ ᠣᠷᠣᠯᠴᠠᠭᠰᠠᠨ ᠬᠤᠪᠢ ᠬᠥᠮᠥᠨ ᠪᠤᠶᠤ ᠨᠢᠭᠡᠴᠢ ᠶᠢ ᠬᠥᠬᠢᠭᠦᠯᠦᠨ ᠰᠠᠶᠢᠰᠢᠶᠠᠬᠤ ᠪᠤᠶᠤ ᠱᠠᠩᠨᠠᠨ᠎ᠠ᠃       ᠠᠷᠪᠠᠳᠤᠭᠠᠷ ᠵᠦᠢᠯ ᠠᠮᠤᠷ ᠢ ᠬᠠᠮᠠᠭᠠᠯᠠᠬᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠵᠢᠯᠤᠭᠤᠳᠬᠤ ᠭᠠᠵᠠᠷ ᠨᠢ ᠪᠦᠷᠢᠨ ᠲᠡᠭᠦᠯᠳᠡᠷ ᠮᠡᠳᠡᠭᠡ ᠵᠠᠩᠭᠢ ᠶᠢ ᠮᠡᠳᠡᠭᠦᠯᠬᠦ ᠳᠦᠷᠢᠮ ᠢ ᠪᠠᠶᠢᠭᠤᠯᠵᠤ᠂ ᠳᠡᠭᠡᠳᠦ ᠱᠠᠲᠤᠨ ᠤ ᠤᠳᠤᠷᠢᠳᠤᠯᠭ᠎ᠠ᠂ ᠬᠠᠮᠢᠶ᠎ᠠ ᠪᠦᠬᠦᠢ ᠰᠠᠯᠠᠭ᠎ᠠ ᠮᠥᠴᠢᠷ ᠲᠤ ᠴᠠᠭ ᠲᠤᠬᠠᠢ ᠳᠤᠨᠢ ᠠᠮᠤᠷ ᠢ ᠬᠠᠮᠠᠭᠠᠯᠠᠬᠤ ᠲᠦᠭᠰᠢᠭᠦᠷᠢ ᠶᠢ ᠦᠨᠡᠯᠡᠨ ᠵᠢᠱᠢᠭᠰᠡᠨ ᠦᠷ᠎ᠡ ᠳ᠋ᠦᠩ ᠵᠢᠴᠢ ᠰᠡᠷᠭᠡᠶᠢᠯᠡᠬᠦ ᠠᠷᠭ᠎ᠠ ᠬᠡᠮᠵᠢᠶ᠎ᠡ ᠪᠠᠨ ᠮᠡᠳᠡᠭᠦᠯᠵᠦ᠂ ᠬᠢᠨᠠᠯᠲᠠ ᠲᠠᠯᠪᠢᠯᠲᠠ ᠪᠠ ᠵᠢᠯᠣᠭᠤᠳᠤᠯᠭ᠎ᠠ ᠶᠢ ᠬᠦᠯᠢᠶᠡᠬᠦ ᠬᠡᠷᠡᠭᠲᠡᠢ᠃       ᠠᠷᠪᠠᠨ ᠨᠢᠭᠡᠳᠦᠭᠡᠷ ᠵᠦᠢᠯ ᠠᠮᠤᠷ ᠢ ᠬᠠᠮᠠᠭᠠᠯᠠᠬᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠵᠢᠯᠤᠭᠤᠳᠬᠤ ᠭᠠᠵᠠᠷ ᠨᠢ ᠤᠷᠢᠳᠴᠢᠯᠠᠨ ᠰᠡᠷᠭᠡᠶᠢᠯᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦᠭᠰᠡᠨ ᠦᠷ᠎ᠡ ᠳ᠋ᠦᠩ ᠳᠤ ᠲᠣᠭᠲᠠᠮᠠᠯ ᠬᠤᠭᠤᠴᠠᠭ᠎ᠠ ᠲᠠᠢ ᠪᠠᠷ ᠦᠨᠡᠯᠡᠨ ᠵᠢᠱᠢᠯᠲᠡ ᠬᠢᠵᠦ᠂ ᠦᠨᠡᠯᠡᠨ ᠵᠢᠱᠢᠭᠰᠡᠨ ᠦᠷ᠎ᠡ ᠳ᠋ᠦᠩ ᠢ ᠦᠨᠳᠦᠰᠦᠯᠡᠨ ᠤᠷᠢᠳᠴᠢᠯᠠᠨ ᠰᠡᠷᠭᠡᠶᠢᠯᠡᠬᠦ ᠠᠷᠭ᠎ᠠ ᠬᠡᠮᠵᠢᠶ᠎ᠡ ᠪᠠᠨ ᠲᠣᠬᠢᠷᠠᠭᠤᠯᠤᠨ ᠰᠢᠯᠢᠳᠡᠭᠵᠢᠭᠦᠯᠵᠦ᠂ ᠠᠮᠠᠷᠠᠯᠲᠠ ᠶᠢᠨ ᠣᠷᠣᠨ ᠤ ᠠᠮᠤᠷ ᠲᠦᠪᠰᠢᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃       ᠳᠥᠷᠪᠡᠳᠦᠭᠡᠷ ᠪᠦᠯᠦᠭ᠂ ᠪᠠᠴᠢᠮ ᠪᠠᠶᠢᠳᠠᠯ ᠢ ᠠᠷᠭᠠᠴᠠᠭᠠᠬᠤ ᠶᠢᠨ ᠳᠠᠭᠠᠬᠤ ᠶᠠᠪᠣᠴᠠ ᠬᠢᠭᠡᠳ ᠰᠢᠢᠳᠪᠦᠷᠢᠯᠡᠬᠦ ᠠᠷᠭ᠎ᠠ ᠬᠡᠮᠵᠢᠶ᠎ᠡ       ᠠᠷᠪᠠᠨ ᠬᠤᠶᠠᠳᠤᠭᠠᠷ ᠵᠦᠢᠯ ᠠᠮᠤᠷ ᠲᠦᠪᠰᠢᠨ ᠤ ᠬᠠᠮᠠᠭᠠᠯᠠᠯᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠵᠢᠯᠤᠭᠤᠳᠬᠤ ᠭᠠᠵᠠᠷ ᠨᠢ ᠪᠠᠴᠢᠮ ᠪᠠᠶᠢᠳᠠᠯ ᠢ ᠠᠷᠭᠠᠴᠠᠭᠠᠬᠤ ᠶᠢᠨ ᠪᠦᠷᠢᠨ ᠲᠡᠭᠦᠯᠳᠡᠷ ᠳᠠᠭᠠᠬᠤ ᠲᠠᠰ ᠳᠠᠷᠠᠭᠠᠯᠠᠯ ᠢ ᠲᠣᠭᠲᠠᠭᠠᠵᠤ᠂ ᠭᠡᠨᠡᠳᠲᠡ ᠶᠢᠨ ᠠᠮᠤᠷ ᠲᠦᠪᠰᠢᠨ ᠤ ᠬᠡᠷᠡᠭ ᠢ ᠴᠠᠭ ᠲᠤᠬᠠᠢ ᠳᠤᠨᠢ᠂ ᠪᠦᠲᠦᠮᠵᠢᠲᠡᠶ ᠰᠢᠢᠳᠪᠦᠷᠢᠯᠡᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠪᠠᠴᠢᠮ ᠪᠠᠶᠢᠳᠠᠯ ᠢ  ᠠᠷᠭᠠᠴᠠᠭᠠᠬᠤ ᠳᠤ ᠳᠣᠣᠷᠠᠬᠢ ᠲᠠᠰ ᠳᠠᠷᠠᠭᠠᠯᠠᠯ ᠢ ᠪᠠᠭᠳᠠᠭᠠᠨ᠎ᠠ᠄       1. ᠬᠡᠷᠡᠭ ᠢ ᠳᠡᠭᠡᠭᠰᠢ ᠮᠡᠳᠡᠭᠦᠯᠬᠦ᠄ ᠠᠮᠤᠷ ᠲᠦᠪᠰᠢᠨ ᠤ ᠭᠡᠨᠡᠳᠲᠡ ᠶᠢᠨ ᠬᠡᠷᠡᠭ ᠤᠨ ᠮᠡᠳᠡᠭᠦᠯᠦᠯᠲᠡ ᠶᠢ ᠣᠯᠣᠭᠰᠠᠨ ᠤ ᠳᠠᠷᠠᠭ᠎ᠠ᠂ ᠠᠮᠤᠷ ᠢ ᠬᠠᠮᠠᠭᠠᠯᠠᠬᠤ ᠠᠵᠢᠯᠲᠠᠨ ᠲᠡᠷᠡ ᠳᠠᠷᠤᠢ ᠳᠤᠨᠢ ᠠᠮᠤᠷ ᠢ ᠬᠠᠮᠠᠭᠠᠯᠠᠬᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠵᠢᠯᠤᠭᠤᠳᠬᠤ ᠭᠠᠵᠠᠷ ᠲᠤ ᠮᠡᠳᠡᠭᠦᠯᠬᠦ ᠬᠡᠷᠡᠭᠲᠡᠢ᠃       2. ᠲᠤᠬᠠᠢ ᠶᠢᠨ ᠲᠠᠯᠠᠪᠤᠷ ᠲᠤ ᠰᠢᠢᠳᠪᠦᠷᠢᠯᠡᠯᠲᠡ ᠬᠢᠬᠦ᠄ ᠠᠮᠤᠷ ᠢ ᠬᠠᠮᠠᠭᠠᠯᠠᠬᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠵᠢᠯᠤᠭᠤᠳᠬᠤ ᠭᠠᠵᠠᠷ ᠬᠡᠷᠡᠭ ᠤᠨ ᠰᠢᠨᠵᠢ ᠴᠢᠨᠠᠷ ᠢ ᠦᠨᠳᠦᠰᠦᠯᠡᠨ᠂ ᠲᠤᠬᠠᠢ ᠶᠢᠨ ᠲᠠᠯᠠᠪᠤᠷ ᠤᠨ ᠰᠢᠢᠳᠪᠦᠷᠢᠯᠡᠬᠦ ᠡᠩᠨᠡᠭᠡ ᠶᠢ ᠦᠳᠲᠡᠷ ᠲᠦᠷᠭᠡᠨ ᠵᠣᠬᠢᠶᠠᠨ ᠪᠠᠶᠢᠭᠤᠯᠵᠤ ᠲᠤᠬᠠᠢ ᠶᠢᠨ ᠲᠠᠯᠠᠪᠤᠷ ᠲᠤ ᠣᠴᠢᠭᠤᠯᠤᠨ ᠠᠩᠬ᠎ᠠ ᠠᠯᠬᠤᠮ ᠤᠨ ᠰᠢᠢᠳᠪᠦᠷᠢᠯᠡᠯᠲᠡ ᠬᠢᠨ᠎ᠡ᠃       3. ᠪᠠᠴᠢᠮ ᠪᠠᠶᠢᠳᠠᠯ ᠢ  ᠠᠷᠭᠠᠴᠠᠭᠠᠬᠤ ᠪᠡᠯᠡᠳᠬᠡᠯ ᠲᠥᠰᠥᠯ ᠢ ᠡᠬᠢᠯᠡᠭᠦᠯᠬᠦ᠄ ᠠᠮᠤᠷ ᠢ ᠬᠠᠮᠠᠭᠠᠯᠠᠬᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠵᠢᠯᠤᠭᠤᠳᠬᠤ ᠭᠠᠵᠠᠷ ᠬᠡᠷᠡᠭ ᠤᠨ ᠲᠠᠰ ᠢ ᠦᠨᠳᠦᠰᠦᠯᠡᠨ᠂ ᠪᠠᠴᠢᠮ ᠪᠠᠶᠢᠳᠠᠯ ᠢ ᠠᠷᠭᠠᠴᠠᠭᠠᠬᠤ ᠵᠣᠬᠢᠴᠠᠩᠭᠤᠢ ᠪᠡᠯᠡᠳᠬᠡᠯ ᠲᠥᠰᠥᠯ ᠢ ᠡᠬᠢᠯᠡᠭᠦᠯᠬᠦ ᠡᠰᠡᠬᠦ ᠶᠢ ᠲᠣᠭᠲᠠᠭᠠᠨ᠎ᠠ᠃       4. ᠵᠣᠬᠢᠶᠠᠨ ᠪᠠᠶᠢᠭᠤᠯᠤᠨ ᠵᠣᠬᠢᠴᠠᠭᠤᠯᠬᠤ᠄ ᠠᠮᠤᠷ ᠢ ᠬᠠᠮᠠᠭᠠᠯᠠᠬᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠵᠢᠯᠤᠭᠤᠳᠬᠤ ᠭᠠᠵᠠᠷ ᠨᠢ ᠬᠠᠮᠢᠶ᠎ᠠ ᠪᠦᠬᠦᠢ ᠰᠠᠯᠠᠭ᠎ᠠ ᠮᠥᠴᠢᠷ᠂ ᠨᠢᠭᠡᠴᠢ ᠵᠢᠴᠢ ᠠᠪᠤᠷᠠᠨ ᠲᠤᠰᠠᠯᠠᠬᠤ ᠬᠦᠴᠦᠨ ᠢ ᠬᠠᠷᠢᠭᠤᠴᠠᠨ ᠵᠣᠬᠢᠴᠠᠭᠤᠯᠵᠤ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠵᠢᠯ ᠢ ᠬᠠᠮᠲᠤᠪᠠᠷ ᠥᠷᠨᠢᠭᠦᠯᠦᠨ᠎ᠡ᠃       5. ᠮᠡᠳᠡᠭᠡ ᠵᠠᠩᠭᠢ ᠨᠡᠶᠢᠲᠡᠯᠡᠬᠦ᠄ ᠠᠮᠤᠷ   ᠢ ᠬᠠᠮᠠᠭᠠᠯᠠᠬᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ  ᠶᠢᠨ ᠵᠢᠯᠤᠭᠤᠳᠬᠤ ᠭᠠᠵᠠᠷ   ᠠᠴᠠ ᠨᠡᠶᠢᠭᠡᠮ ᠤᠨ ᠣᠯᠠᠨ ᠨᠡᠶᠢᠲᠡ᠂ ᠵᠠᠭᠤᠴᠢᠯᠠᠭᠤᠷ ᠲᠤ ᠬᠡᠷᠡᠭ ᠤᠨ ᠮᠡᠳᠡᠭᠡ ᠵᠠᠩᠭᠢ   ᠶᠢ ᠴᠠᠭ ᠲᠤᠬᠠᠢ ᠳᠤᠨᠢ ᠨᠡᠶᠢᠲᠡᠯᠡᠵᠦ᠂ ᠠᠶᠤᠵᠤ ᠰᠠᠨᠳᠤᠷᠬᠤ ᠪᠠ ᠴᠤᠤᠷᠬᠠᠯ ᠲᠠᠷᠬᠠᠭᠠᠬᠤ   ᠠᠴᠠ ᠵᠠᠶᠢᠯᠠᠰᠬᠢᠬᠦ ᠬᠡᠷᠡᠭᠲᠡᠢ᠃       6. ᠬᠡᠷᠡᠭ ᠤᠨ ᠳᠠᠷᠠᠭᠠᠬᠢ ᠳ᠋ᠦᠩᠨᠡᠯᠲᠡ᠄ ᠬᠡᠷᠡᠭ ᠶᠠᠪᠤᠳᠠᠯ ᠢ ᠰᠢᠢᠳᠪᠦᠷᠢᠯᠡᠵᠦ ᠳᠠᠭᠤᠰᠤᠭᠰᠠᠨ ᠤ ᠳᠠᠷᠠᠭ᠎ᠠ᠂ ᠠᠮᠤᠷ ᠢ ᠬᠠᠮᠠᠭᠠᠯᠠᠬᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠵᠢᠯᠤᠭᠤᠳᠬᠤ ᠭᠠᠵᠠᠷ ᠠᠴᠠ ᠬᠡᠷᠡᠭ ᠶᠠᠪᠤᠳᠠᠯ ᠢ ᠳ᠋ᠦᠩᠨᠡᠵᠦ᠂ ᠰᠢᠯᠲᠠᠭᠠᠨ ᠢ ᠨᠢ ᠵᠠᠳᠠᠯᠵᠤ᠂ ᠲᠤᠷᠰᠢᠯᠭ᠎ᠠ ᠰᠤᠷᠭᠠᠮᠵᠢ ᠪᠠᠨ ᠪᠣᠯᠪᠠᠰᠤᠷᠠᠭᠤᠯᠤᠨ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠢᠶᠠᠨ ᠲᠡᠭᠦᠯᠳᠡᠷᠵᠢᠭᠦᠯᠦᠨ᠎ᠡ᠃       ᠠᠷᠪᠠᠨ ᠭᠤᠷᠪᠠᠳᠤᠭᠠᠷ ᠵᠦᠢᠯ᠂ ᠠᠳᠠᠯᠢ ᠪᠤᠰᠤ ᠲᠦᠷᠦᠯ ᠤᠨ ᠠᠶᠤᠯᠭᠦᠢ ᠶᠢᠨ ᠭᠡᠨᠡᠳᠲᠡ ᠶᠢᠨ ᠬᠡᠷᠡᠭ ᠢ ᠦᠨᠳᠦᠰᠦᠯᠡᠨ᠂ ᠵᠣᠬᠢᠴᠠᠩᠭᠤᠢ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠲᠣᠭᠲᠠᠭᠠᠨ᠎ᠠ᠃ ᠡᠭᠦᠨ ᠳᠤ ᠭᠤᠣᠯᠳᠠᠭᠤ᠄       1. ᠭᠠᠯ ᠤᠨ ᠠᠶᠤᠯ ᠭᠠᠷᠤᠭᠰᠠᠨ ᠦᠶ᠎ᠡ ᠶᠢᠨ ᠰᠢᠢᠳᠪᠦᠷᠢᠯᠡᠯᠲᠡ᠄       ᠭᠠᠯ ᠢ ᠰᠡᠷᠭᠡᠶᠢᠯᠡᠬᠦ ᠪᠣᠯ ᠠᠮᠤᠷ ᠢ ᠬᠠᠮᠠᠭᠠᠯᠠᠬᠤ ᠠᠵᠢᠯ ᠤᠨ ᠭᠤᠣᠯ ᠡᠭᠦᠷᠭᠡ ᠶᠢᠨ ᠨᠢᠭᠡ ᠪᠣᠯᠣᠨ᠎ᠠ᠂ ︽ᠰᠡᠷᠭᠡᠶᠢᠯᠡᠬᠦ ᠪᠠᠷ ᠭᠤᠣᠯ ᠪᠣᠯᠭᠠᠬᠤ ᠰᠡᠷᠭᠡᠶᠢᠯᠡᠬᠦ ᠤᠨᠲᠠᠷᠠᠭᠠᠬᠤ ᠶᠢ ᠤᠶᠠᠯᠳᠤᠭᠤᠯᠬᠤ︾ ᠴᠢᠭᠯᠡᠯᠲᠡ ᠶᠢ ᠴᠢᠩᠭ᠎ᠠ ᠲᠤᠭᠤᠰᠢᠯᠠᠭᠤᠯᠵᠤ᠂ ᠠᠶᠤᠯ ᠲᠦᠭᠰᠢᠭᠦᠷᠢ ᠶᠢ ᠤᠷᠢᠳᠴᠢᠯᠠᠨ ᠰᠡᠷᠭᠡᠶᠢᠯᠡᠬᠦ ᠬᠡᠷᠡᠭᠲᠡᠢ᠃       ᠠᠮᠤᠷ ᠢ ᠬᠠᠮᠠᠭᠠᠯᠠᠬᠤ ᠠᠵᠢᠯᠲᠠᠨ ᠭᠠᠯ ᠤᠨᠲᠠᠷᠠᠭᠠᠬᠤ ᠪᠠᠭᠠᠵᠢ ᠬᠡᠷᠡᠭᠰᠡᠯ ᠢ ᠬᠡᠷᠡᠭᠯᠡᠬᠦ ᠠᠷᠭ᠎ᠠ᠂ ᠲᠤᠭ᠎ᠠ ᠬᠡᠮᠵᠢᠶ᠎ᠡ ᠪᠠ ᠣᠷᠣᠨ ᠪᠠᠶᠢᠷᠢ ᠶᠢ ᠰᠠᠶᠢᠨ ᠮᠡᠳᠡᠵᠤ᠂ ᠭᠠᠯ ᠤᠨᠲᠠᠷᠠᠭᠠᠬᠤ ᠬᠤᠯᠪᠣᠭᠳᠠᠯ ᠪᠦᠬᠦᠢ ᠬᠠᠤᠯᠢ ᠲᠣᠭᠲᠠᠭᠠᠯ ᠢ ᠰᠠᠶᠢᠨ ᠮᠡᠳᠡᠬᠦ ᠪᠠ ᠲᠤᠭᠤᠰᠢᠯᠠᠭᠤᠯᠬᠤ ᠬᠡᠷᠡᠭᠲᠡᠢ᠃ ᠭᠠᠯ ᠤᠨ ᠠᠶᠤᠯ ᠭᠠᠷᠤᠮᠠᠭᠴᠠ ᠠᠮᠤᠷ ᠢ ᠬᠠᠮᠠᠭᠠᠯᠠᠬᠤ ᠬᠥᠮᠥᠰ ᠳᠣᠣᠷᠠᠬᠢ ᠵᠦᠢᠯ ᠤᠳ ᠢ ᠭᠦᠢᠴᠡᠳᠬᠡᠪᠡᠯ ᠵᠣᠬᠢᠨ᠎ᠠ᠄       ︵1︶ ᠰᠡᠷᠡᠮᠵᠢ ᠶᠢᠨ ᠳᠣᠬᠢᠶ᠎ᠠ ᠶᠢ ᠳᠠᠷᠤᠶᠢᠬᠠᠨ ᠡᠬᠢᠯᠡᠭᠦᠯᠬᠦ ᠶᠢᠨ ᠬᠠᠮᠲᠤ ᠳᠡᠭᠡᠳᠦ ᠱᠠᠲᠤᠨ ᠤ ᠤᠳᠤᠷᠢᠳᠤᠯᠭ᠎ᠠ ᠳᠤ ᠮᠡᠳᠡᠭᠦᠯᠬᠦ ᠪᠠ ᠥᠪᠡᠷ ᠢᠶᠠᠨ ᠵᠣᠬᠢᠶᠠᠨ ᠪᠠᠶᠢᠭᠤᠯᠵᠤ ᠭᠠᠯ ᠤᠨᠲᠠᠷᠠᠭᠠᠬᠤ ᠬᠡᠷᠡᠭᠲᠡᠢ᠂ ᠬᠡᠷᠪᠡ ᠡᠵᠡᠮᠳᠡᠬᠦ ᠶᠢᠨ ᠠᠷᠭ᠎ᠠ ᠦᠭᠡᠢ ᠪᠠᠶᠢᠬᠤ ᠶᠢ ᠣᠯᠵᠤ ᠮᠡᠳᠡᠪᠡᠯ ᠳᠠᠷᠤᠢ ᠳᠤᠨᠢ 119 ᠳᠤ ᠤᠲᠠᠰᠤᠳᠠᠵᠤ ᠳᠣᠲᠣᠭᠠᠳᠤ ᠶᠢ ᠬᠠᠮᠠᠭᠠᠯᠠᠬᠤ ᠭᠠᠯ ᠤᠨᠲᠠᠷᠠᠭᠠᠬᠤ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠢ᠃ ᠲᠦᠭᠰᠢᠭᠦᠷᠢ ᠮᠡᠳᠡᠭᠦᠯᠬᠦ ᠳᠡᠭᠡᠨ ᠭᠠᠯ ᠤᠨ ᠠᠶᠤᠯ ᠤᠨ ᠨᠢᠭᠡᠴᠢ᠂ ᠭᠠᠵᠠᠷ᠂ ᠵᠠᠮ ᠤᠨ ᠨᠡᠷ᠎ᠡ᠂ ᠡᠭᠦᠳᠡᠨ ᠫᠠᠶᠢᠰᠠ ᠪᠣᠯᠣᠨ ᠤᠲᠠᠰᠤᠨ ᠨᠣᠮᠧᠷ ᠢ ᠲᠣᠳᠣᠷᠬᠠᠢ ᠶᠠᠷᠢᠵᠤ ᠥᠭᠬᠦ ᠬᠡᠷᠡᠭᠲᠡᠢ᠂ ᠰᠢᠲᠠᠭᠰᠠᠨ ᠪᠣᠳᠠᠰ ᠨᠢ ᠠᠶᠤᠯᠲᠠᠢ ᠪᠣᠳᠠᠰ ᠶᠤᠮ ᠤᠤ ᠡᠰᠡᠬᠦᠯ᠎ᠡ ᠡᠩ ᠤᠨ ᠪᠣᠳᠠᠰ ᠶᠤᠮ ᠤᠤ ᠭᠡᠳᠡᠭ ᠢ ᠲᠣᠳᠣᠷᠬᠠᠢ ᠶᠠᠷᠢᠵᠤ ᠥᠭᠬᠦ ᠬᠡᠷᠡᠭᠲᠡᠢ᠂ ᠪᠠᠰᠠ ᠠᠮᠤᠷ ᠢ ᠬᠠᠮᠠᠭᠠᠯᠠᠭᠴᠢ ᠶᠢ ᠲᠣᠮᠢᠯᠠᠵᠤ ᠵᠠᠮ ᠤᠨ ᠠᠭᠤᠯᠵᠠᠷ ᠲᠤ ᠭᠠᠯ ᠤᠨᠲᠠᠷᠠᠭᠠᠬᠤ ᠲᠡᠷᠭᠡ ᠤᠨᠤᠭ᠎ᠠ ᠶᠢ ᠲᠤᠬᠠᠢ ᠶᠢᠨ ᠲᠠᠯᠠᠪᠤᠷ ᠲᠤ ᠣᠴᠢᠭᠤᠯᠬᠤ ᠶᠢᠨ ᠬᠠᠮᠲᠤ ᠭᠠᠯ ᠤᠨ ᠲᠠᠯᠠᠪᠤᠷ ᠪᠣᠯᠣᠨ ᠤᠰᠤᠨ ᠤ ᠰᠤᠷᠪᠤᠯᠵᠢ ᠶᠢᠨ ᠪᠠᠶᠢᠳᠠᠯ ᠢ ᠲᠠᠨᠢᠯᠴᠠᠭᠤᠯᠤᠨ᠎ᠠ᠃       ︵2︶ ᠲᠦᠭᠰᠢᠭᠦᠷᠢ ᠮᠡᠳᠡᠭᠦᠯᠬᠦ ᠶᠢᠨ ᠬᠠᠮᠲᠤ ᠴᠠᠬᠢᠯᠭᠠᠨ ᠡᠭᠦᠰᠬᠡᠭᠴᠢ᠂ ᠨᠡᠭᠦᠷᠡᠰᠦᠨ ᠬᠡᠢ᠂ ᠪᠠᠶᠢᠭᠠᠯᠢ ᠶᠢᠨ ᠰᠢᠲᠠᠮᠠᠬᠠᠢ ᠬᠡᠢ ᠶᠢᠨ ᠰᠤᠷᠪᠤᠯᠵᠢ ︵ᠠᠦ᠋ᠲ᠋ᠣ᠋ ᠰᠦᠷᠴᠢᠯᠲᠡ ᠶᠢᠨ ᠲᠥᠬᠦᠭᠡᠷᠦᠮᠵᠢ ᠲᠠᠢ ᠪᠣᠯ ᠴᠠᠬᠢᠯᠭᠠᠨ ᠡᠭᠦᠰᠬᠡᠭᠴᠢ ᠶᠢ ᠲᠠᠰᠤᠯᠵᠤ ᠪᠣᠯᠬᠤ ᠦᠭᠡᠢ︶ ᠶᠢ ᠲᠠᠰᠤᠯᠵᠤ᠂  ᠰᠢᠳᠡᠮᠠᠳᠣᠭᠠᠢ ᠲᠡᠯᠪᠡᠷᠡᠮᠡᠳᠣᠭᠡᠢ ᠵᠡᠷᠭᠡ ᠠᠶᠤᠯᠲᠤ ᠪᠣᠳᠠᠰ ᠪᠠ ᠦᠨᠡᠲᠦ ᠪᠣᠳᠠᠰ ᠢ ᠰᠢᠯᠵᠢᠭᠦᠯᠵᠦ ᠭᠠᠯ ᠤᠨᠲᠠᠷᠠᠭᠠᠬᠤ ᠬᠡᠷᠡᠭᠰᠡᠯ ᠢᠶᠠᠷ ᠭᠠᠯ ᠤᠨ ᠪᠠᠶᠢᠳᠠᠯ ᠢ ᠡᠵᠡᠮᠰᠢᠨ᠎ᠡ᠃       ︵3︶ ᠭᠠᠯ ᠭᠠᠷᠤᠭᠰᠠᠨ ᠭᠠᠵᠠᠷ ᠤᠨ ᠡᠮᠬᠢ ᠵᠢᠷᠤᠮ ᠢ ᠰᠠᠶᠢᠲᠤᠷ ᠬᠠᠮᠠᠭᠠᠯᠠᠵᠤ᠂ ᠭᠠᠯ ᠤᠨᠲᠠᠷᠠᠭᠠᠬᠤ ᠲᠡᠷᠭᠡ ᠬᠥᠰᠬᠡ ᠪᠣᠯᠣᠨ ᠲᠦᠷᠭᠡᠨ ᠠᠪᠤᠷᠠᠬᠤ ᠵᠠᠮ ᠤᠨ ᠰᠠᠭᠠᠳ ᠦᠭᠡᠢ ᠨᠡᠪᠲᠡᠷᠡᠬᠦ ᠶᠢ ᠪᠠᠲᠤᠯᠠᠵᠤ᠂ ᠠᠪᠤᠷᠠᠨ ᠭᠠᠷᠭᠠᠭᠰᠠᠨ ᠦᠨᠡᠲᠦ ᠡᠳ᠋ ᠪᠣᠳᠠᠰ ᠢ ᠰᠠᠶᠢᠲᠤᠷ ᠬᠠᠮᠢᠶᠠᠷᠤᠨ᠂ ᠮᠠᠭᠤ ᠬᠥᠮᠥᠨ ᠤ ᠵᠠᠪᠰᠢᠶᠠᠨ ᠢ ᠳᠠᠯᠢᠮᠳᠠᠭᠤᠯᠤᠨ ᠲᠤᠨᠤᠨ ᠳᠡᠭᠡᠷᠡᠮᠳᠡᠬᠦ ᠶᠢ ᠰᠡᠷᠭᠡᠶᠢᠯᠡᠵᠦ᠂ ᠠᠶᠤᠯᠲᠠᠢ ᠣᠷᠣᠨ ᠤ ᠵᠤᠭᠠᠴᠠᠭᠰᠠᠳ ᠢ ᠲᠠᠷᠬᠠᠭᠠᠵᠤ᠂ ᠭᠠᠯ ᠤᠨᠲᠠᠷᠠᠭᠠᠬᠤ ᠬᠥᠮᠥᠰ ᠤᠨ ᠭᠠᠯ ᠤᠨᠲᠠᠷᠠᠭᠠᠬᠤ ᠠᠷᠭ᠎ᠠ ᠬᠡᠮᠵᠢᠶ᠎ᠡ ᠠᠪᠬᠤ ᠶᠢ ᠪᠠᠲᠤᠯᠠᠨ᠎ᠠ᠃       ︵4︶ ᠭᠠᠯ ᠤᠨ ᠠᠶᠤᠯ ᠭᠠᠷᠤᠭᠰᠠᠨ ᠤ ᠲᠠᠷᠠᠭ᠎ᠠ ᠪᠠᠶᠢᠳᠠᠯ ᠢ ᠠᠩᠬᠠᠷᠤᠨ ᠠᠵᠢᠭᠯᠠᠵᠤ᠂ ᠭᠠᠯ ᠤᠨ ᠠᠶᠤᠯ ᠡᠭᠦᠰᠦᠭᠰᠡᠨ᠂ ᠬᠥᠭᠵᠢᠭᠰᠡᠨ ᠪᠠ ᠲᠤᠬᠠᠢ ᠶᠢᠨ ᠲᠠᠯᠠᠪᠤᠷ ᠤᠨ ᠬᠤᠪᠢᠷᠠᠯᠲᠠ ᠶᠢᠨ ᠪᠠᠶᠢᠳᠠᠯ ᠵᠢᠴᠢ ᠬᠠᠮᠤᠭ ᠡᠬᠢᠨ ᠤ ᠲᠤᠬᠠᠢ ᠶᠢᠨ ᠲᠠᠯᠠᠪᠤᠷ ᠲᠤ ᠪᠠᠶᠢᠭᠰᠠᠨ ᠬᠥᠮᠥᠰ ᠤᠨ ᠣᠪᠣᠭ ᠨᠡᠷ᠎ᠡ ᠪᠤᠶᠤ ᠪᠡᠶ᠎ᠡ ᠲᠥᠷᠬᠦ ᠶᠢᠨ ᠣᠨᠴᠠᠯᠢᠭ ᠢ ᠴᠢᠳᠠᠬᠤ ᠶᠢᠨ ᠬᠢᠷᠢ ᠪᠠᠷ ᠴᠡᠭᠡᠵᠢᠯᠡᠵᠦ᠂ ᠭᠠᠯ ᠤᠨ ᠠᠶᠤᠯ ᠢ ᠤᠨᠲᠠᠷᠠᠭᠠᠭᠰᠠᠨ ᠤ ᠲᠠᠷᠠᠭ᠎ᠠ ᠴᠠᠭ ᠲᠤᠬᠠᠢ ᠳᠤᠨᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠭᠠᠯ ᠰᠡᠷᠭᠡᠶᠢᠯᠡᠨ ᠤᠨᠲᠠᠷᠠᠭᠠᠬᠤ ᠪᠠᠶᠢᠳᠠᠯ ᠢ ᠬᠠᠩᠭᠠᠵᠤ᠂ ᠭᠠᠯ ᠤᠨ ᠠᠶᠤᠯ ᠤᠨ ᠰᠢᠯᠲᠠᠭᠠᠨ ᠢ ᠪᠠᠶᠢᠴᠠᠭᠠᠨ ᠲᠣᠳᠣᠯᠠᠬᠤ ᠳᠤ ᠬᠠᠪᠰᠤᠷᠤᠨ᠎ᠠ᠃       2.ᠡᠷᠡᠭᠦᠦ ᠶᠢᠨ ᠬᠡᠷᠡᠭ᠂ ᠠᠮᠤᠷ ᠢ ᠬᠠᠮᠠᠭᠠᠯᠠᠬᠤ ᠬᠡᠷᠡᠭ ᠪᠠ ᠠᠮᠤᠷ ᠢ ᠬᠠᠮᠠᠭᠠᠯᠠᠬᠤ ᠭᠠᠢ ᠭᠠᠮᠰᠢᠭ ᠤᠨ ᠡ᠊ᠨᠳᠡᠯ ᠭᠠᠷᠪᠠᠯ ᠲᠤᠬᠠᠢ ᠶᠢᠨ ᠲᠠᠯᠠᠪᠤᠷ ᠢ ᠬᠡᠷᠬᠢᠨ ᠬᠠᠮᠠᠭᠠᠯᠠᠬᠤ᠄       ᠬᠠᠮᠠᠭᠠᠯᠠᠯᠲᠠ ᠶᠢᠨ ᠬᠠᠷᠠᠯᠲᠠ ᠶᠢᠨ ᠬᠡᠪᠴᠢᠶᠡᠨ ᠳᠣᠲᠣᠷ᠎ᠠ ᠡᠷᠡᠭᠦᠦ ᠶᠢᠨ ᠬᠡᠷᠡᠭ ᠪᠠ ᠠᠮᠤᠷ ᠲᠦᠪᠰᠢᠨ ᠤ ᠭᠠᠮᠰᠢᠭ ᠤᠨ ᠡ᠊ᠨᠳᠡᠯ ᠭᠠᠷᠤᠭᠰᠠᠨ ᠤ ᠳᠠᠷᠠᠭ᠎ᠠ᠂ ᠠᠮᠤᠷ ᠢ ᠬᠠᠮᠠᠭᠠᠯᠠᠭᠴᠢ ᠳᠣᠣᠷᠠᠬᠢ ᠵᠦᠢᠯ ᠤᠳ ᠢ ᠭᠦᠢᠴᠡᠳᠬᠡᠬᠦ ᠬᠡᠷᠡᠭᠲᠡᠢ᠄       ︵1︶ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠦᠳᠲᠡᠷ ᠲᠦᠷᠭᠡᠨ ᠬᠡᠷᠡᠭ ᠮᠡᠳᠡᠭᠦᠯᠬᠦ ᠶᠢᠨ ᠬᠠᠮᠲᠤ ᠳᠡᠭᠡᠳᠦ ᠱᠠᠲᠤᠨ ᠤ ᠤᠳᠤᠷᠢᠳᠤᠯᠭ᠎ᠠ ᠳᠤ ᠮᠡᠳᠡᠭᠦᠯᠦᠨ᠎ᠡ᠃       ︵2︶ ᠪᠠᠶᠢᠳᠠᠯ ᠢ ᠦᠨᠳᠦᠰᠦᠯᠡᠨ᠂ ᠵᠣᠬᠢᠰᠲᠠᠢ ᠠᠷᠭ᠎ᠠ ᠪᠠᠷ ᠪᠦᠬᠦᠶᠢᠯᠡ ᠲᠤᠬᠠᠢ ᠶᠢᠨ ᠲᠠᠯᠠᠪᠤᠷ ᠢ ᠴᠢᠩᠭ᠎ᠠ ᠪᠢᠲᠡᠭᠦᠮᠵᠢᠯᠡᠵᠦ᠂ ᠶᠠᠮᠠᠷᠪᠠ ᠬᠥᠮᠥᠨ ᠤ ᠲᠤᠬᠠᠢ ᠶᠢᠨ ᠲᠠᠯᠠᠪᠤᠷ ᠲᠤ ᠣᠷᠣᠬᠤ ᠶᠢ ᠴᠠᠭᠠᠵᠠᠯᠠᠨ᠎ᠠ᠂ ᠠᠮᠤᠷ ᠢ ᠬᠠᠮᠠᠭᠠᠯᠠᠭᠴᠢ ᠴᠤ ᠤᠴᠢᠷ ᠰᠢᠯᠲᠠᠭᠠᠨ ᠦᠭᠡᠢ ᠪᠠᠷ ᠲᠤᠬᠠᠢ ᠶᠢᠨ ᠲᠠᠯᠠᠪᠤᠷ ᠲᠤ ᠣᠷᠣᠵᠤ ᠪᠣᠯᠬᠤ ᠦᠭᠡᠢ᠂ ᠲᠤᠬᠠᠢ ᠶᠢᠨ ᠲᠠᠯᠠᠪᠤᠷ ᠤᠨ ᠤᠭ ᠳᠦᠷᠰᠦ ᠶᠢᠨ ᠦᠯᠡᠳᠡᠭᠡᠭᠰᠡᠨ ᠣᠷᠣ ᠮᠥᠷ᠂ ᠪᠣᠳᠠᠰ ᠤᠨ ᠭᠡᠷᠡᠴᠢ ᠶᠢ ᠡᠪᠳᠡᠵᠦ᠂ ᠭᠡᠷᠡᠴᠢ ᠪᠠᠷᠢᠮᠲᠠ ᠴᠤᠭᠯᠠᠭᠤᠯᠬᠤ ᠪᠠ ᠬᠡᠷᠡᠭ᠂ ᠡ᠊ᠨᠳᠡᠯ ᠢ ᠵᠠᠳᠠᠯᠵᠤ ᠰᠢᠨᠵᠢ ᠴᠢᠨᠠᠷ ᠢ ᠲᠣᠭᠲᠠᠭᠠᠬᠤ ᠶᠢ ᠨᠥᠯᠥᠭᠡᠯᠡᠬᠦ ᠠᠴᠠ ᠵᠠᠶᠢᠯᠠᠰᠬᠢᠨ᠎ᠡ᠃ ᠬᠡᠷᠪᠡ ᠶᠡᠭᠡ ᠪᠣᠷᠣᠭᠠᠨ ᠴᠠᠰᠤ ᠣᠷᠣᠬᠤ ᠠᠭᠤᠷ ᠠᠮᠢᠰᠬᠤᠯ ᠤᠨ ᠨᠥᠬᠦᠴᠡᠯ ᠳᠤ ᠬᠤᠪᠢᠷᠠᠯᠲᠠ ᠭᠠᠷᠪᠠᠯ ᠵᠣᠬᠢᠰᠲᠠᠢ ᠠᠷᠭ᠎ᠠ ᠬᠡᠮᠵᠢᠶ᠎ᠡ ᠠᠪᠴᠤ ᠪᠠᠶᠢᠭᠠᠳ ᠵᠠᠷᠢᠮ ᠣᠷᠣ ᠮᠥᠷ᠂ ᠪᠣᠳᠠᠰ ᠤᠨ ᠭᠡᠷᠡᠴᠢ ᠶᠢ ᠬᠠᠮᠠᠭᠠᠯᠠᠬᠤ ᠬᠡᠷᠡᠭᠲᠡᠢ᠃ ᠰᠢᠷᠬᠠᠲᠤᠭᠰᠠᠨ ᠪᠤᠶᠤ ᠬᠥᠮᠥᠨ ᠤ ᠠᠮᠢ ᠨᠠᠰᠤᠨ ᠤ ᠠᠶᠤᠯ ᠲᠦᠭᠰᠢᠭᠦᠷᠢ ᠳᠤ ᠤᠴᠠᠷᠠᠭᠰᠠᠨ ᠦᠶ᠎ᠡ ᠳᠤ᠂ ᠴᠠᠭ ᠲᠤᠬᠠᠢ ᠳᠤᠨᠢ ᠡᠮᠨᠡᠯᠭᠡ ᠳᠤ ᠬᠦᠷᠭᠡᠵᠦ ᠲᠦᠷᠭᠡᠨ ᠠᠪᠤᠷᠠᠬᠤ ᠪᠤᠶᠤ ᠪᠤᠰᠤᠳ ᠠᠷᠭ᠎ᠠ ᠬᠡᠮᠵᠢᠶ᠎ᠡ ᠠᠪᠬᠤ ᠬᠡᠷᠡᠭᠲᠡᠢ᠃ ᠭᠡᠪᠡᠴᠦ ᠬᠠᠮᠠᠭᠠᠯᠠᠬᠤ ᠠᠷᠭ᠎ᠠ ᠬᠡᠮᠵᠢᠶ᠎ᠡ ᠠᠪᠬᠤ ᠪᠤᠶᠤ ᠠᠪᠤᠷᠠᠬᠤ ᠬᠥᠮᠥᠨ ᠲᠤᠬᠠᠢ ᠶᠢᠨ ᠲᠠᠯᠠᠪᠤᠷ ᠲᠤ ᠣᠷᠣᠬᠤ ᠳᠠᠭᠠᠨ ᠲᠣᠬᠢᠷᠠᠮᠵᠢᠲᠠᠢ ᠵᠠᠮ ᠱᠤᠭᠤᠮ ᠢ ᠰᠣᠩᠭᠤᠬᠤ ᠬᠡᠷᠡᠭᠲᠡᠢ᠂ ᠣᠷᠣ ᠮᠥᠷ ᠪᠠ ᠪᠣᠳᠠᠰ ᠤᠨ ᠭᠡᠷᠡᠴᠢ ᠶᠢ ᠡᠪᠳᠡᠯᠡᠭᠡ ᠳᠤ ᠤᠴᠠᠷᠠᠭᠤᠯᠵᠤ ᠪᠣᠯᠬᠤ ᠦᠭᠡᠢ᠂ ᠲᠤᠬᠠᠢ ᠶᠢᠨ ᠲᠠᠯᠠᠪᠤᠷ ᠤᠨ ᠬᠤᠪᠢᠷᠠᠯᠲᠠ ᠶᠢᠨ ᠪᠠᠶᠢᠳᠠᠯ ᠢ ᠠᠯᠢ ᠴᠢᠳᠠᠬᠤ ᠪᠠᠷ ᠪᠠᠭᠠᠰᠬᠠᠬᠤ ᠶᠢᠨ ᠬᠠᠮᠲᠤ ᠬᠤᠪᠢᠷᠠᠬᠤ ᠠᠴᠠ ᠡᠮᠦᠨ᠎ᠡ ᠰᠢᠷᠬᠠᠲᠤᠭᠰᠠᠳ ᠤᠨ ᠬᠡᠪᠲᠡᠬᠦ ᠪᠠᠶᠢᠷᠢ᠂ ᠬᠡᠯᠪᠡᠷᠢ ᠪᠠᠶᠢᠳᠠᠯ ᠪᠠ ᠪᠤᠰᠤᠳ ᠲᠤᠬᠠᠢ ᠶᠢᠨ ᠲᠠᠯᠠᠪᠤᠷ ᠤᠨ ᠬᠤᠪᠢᠷᠠᠯᠲᠠ ᠶᠢᠨ ᠪᠠᠶᠢᠳᠠᠯ ᠢ ᠲᠣᠳᠣᠷᠬᠠᠢ ᠲᠡᠮᠳᠡᠭᠯᠡᠬᠦ ᠬᠡᠷᠡᠭᠲᠡᠢ᠃ ᠠᠮᠢ ᠨᠠᠰᠤᠨ ᠤ ᠠᠶᠤᠯ ᠳᠤ ᠲᠤᠯᠭᠠᠷᠠᠭᠰᠠᠨ ᠬᠥᠮᠥᠨ ᠤ ᠬᠡᠷᠡᠭ ᠪᠠ ᠡ᠊ᠨᠳᠡᠯ ᠤᠨ ᠬᠤᠯᠪᠣᠭᠳᠠᠯ ᠪᠦᠬᠦᠢ ᠪᠠᠶᠢᠳᠠᠯ ᠢ ᠣᠶᠢᠯᠠᠭᠠᠬᠤ ᠶᠢ ᠠᠩᠬᠠᠷᠬᠤ ᠬᠡᠷᠡᠭᠲᠡᠢ᠃       ︵3︶ ᠴᠠᠭ ᠢ ᠠᠮᠵᠢᠨ ᠣᠯᠵᠤ ᠮᠡᠳᠡᠭᠰᠡᠨ ᠬᠥᠮᠥᠨ ᠪᠤᠶᠤ ᠡᠷᠬᠢᠨ ᠲᠣᠭᠤᠷᠢᠨ ᠤ ᠵᠣᠭᠠᠴᠠᠬᠰᠠᠳ ᠠᠴᠠ ᠬᠡᠷᠡᠭ ᠪᠠ ᠡ᠊ᠨᠳᠡᠯ ᠭᠠᠷᠤᠭᠰᠠᠨ ᠢ ᠣᠯᠵᠤ ᠮᠡᠳᠡᠭᠰᠡᠨ ᠥᠩᠭᠡᠷᠡᠯᠲᠡ ᠶᠢ ᠣᠶᠢᠯᠠᠭᠠᠵᠤ᠂ ᠵᠣᠭᠠᠴᠠᠬᠰᠠᠳ ᠤᠨ ᠲᠤᠰᠬᠠᠯ ᠪᠠ ᠶᠠᠷᠢᠯᠴᠠᠭ᠎ᠠ ᠶᠢ ᠴᠤᠭᠯᠠᠭᠤᠯᠤᠨ᠂ ᠨᠡᠩ ᠤᠯᠠᠨ ᠪᠠᠶᠢᠳᠠᠯ ᠢ ᠣᠶᠢᠯᠠᠭᠠᠬᠤ ᠶᠢᠨ ᠬᠠᠮᠲᠤ ᠨᠠᠷᠢᠨ ᠬᠢᠨᠠᠮᠠᠭᠠᠢ ᠲᠡᠮᠳᠡᠭᠯᠡᠨ᠎ᠡ᠃       ︵4︶ ᠳᠣᠲᠣᠭᠠᠳᠤ ᠶᠢ ᠬᠠᠮᠠᠭᠠᠯᠠᠬᠤ ᠠᠵᠢᠯᠲᠠᠨ ᠲᠤᠬᠠᠢ ᠶᠢᠨ ᠲᠠᠯᠠᠪᠤᠷ ᠲᠤ ᠬᠦᠷᠦᠭᠰᠡᠨ ᠤ ᠲᠠᠷᠠᠭ᠎ᠠ᠂ ᠠᠮᠤᠷ ᠢ ᠬᠠᠮᠠᠭᠠᠯᠠᠬᠤ ᠠᠵᠢᠯᠲᠠᠨ ᠴᠠᠭ ᠲᠤᠬᠠᠢ ᠳᠤᠨᠢ ᠳᠣᠲᠣᠭᠠᠳᠤ ᠶᠢ ᠬᠠᠮᠠᠭᠠᠯᠠᠬᠤ ᠠᠵᠢᠯᠲᠠᠨ ᠳᠤ ᠬᠡᠷᠡᠭ᠂ ᠡ᠊ᠨᠳᠡᠯ ᠭᠠᠷᠤᠭᠰᠠᠨ᠂ ᠣᠯᠵᠤ ᠮᠡᠳᠡᠭᠰᠡᠨ ᠥᠩᠭᠡᠷᠡᠯᠲᠡ ᠪᠠ ᠲᠤᠬᠠᠢ ᠶᠢᠨ ᠲᠠᠯᠠᠪᠤᠷ ᠤᠨ ᠬᠠᠮᠠᠭᠠᠯᠠᠯᠲᠠ᠂ ᠬᠥᠮᠥᠨ ᠢ ᠠᠪᠤᠷᠠᠭᠰᠠᠨ ᠵᠡᠷᠭᠡ ᠪᠠᠶᠢᠳᠠᠯ ᠢ ᠬᠠᠷᠢᠭᠤ ᠮᠡᠳᠡᠭᠦᠯᠵᠦ᠂ ᠶᠠᠯᠠᠲᠤ ᠡᠲᠡᠭᠡᠳ ᠢ ᠪᠠᠷᠢᠪᠴᠢᠯᠠᠬᠤ ᠪᠤᠶᠤ ᠡ᠊ᠨᠳᠡᠯ ᠭᠠᠷᠤᠭᠰᠠᠨ ᠰᠢᠯᠲᠠᠭᠠᠨ ᠢ ᠵᠠᠳᠠᠯᠠᠬᠤ ᠳᠤ ᠢᠳᠡᠪᠬᠢᠳᠡᠢ ᠬᠠᠮᠵᠢᠯᠴᠠᠨ᠎ᠠ᠃       3.ᠳᠦᠷᠭᠢᠯᠳᠦᠨ ᠪᠤᠯᠢᠶᠠᠯᠳᠤᠭᠰᠠᠨ᠂ ᠬᠡᠷᠡᠭ ᠡᠳᠦᠭᠰᠡᠨ ᠵᠡᠷᠭᠡ ᠵᠣᠭᠠᠴᠠᠬᠰᠠᠳ ᠤᠨ ᠠᠮᠤᠷ ᠲᠦᠪᠰᠢᠨ ᠤ ᠬᠡᠷᠡᠭ ᠢ ᠰᠢᠢᠳᠪᠦᠷᠢᠯᠡᠭᠰᠡᠨ ᠪᠠᠶᠢᠳᠠᠯ᠄       ᠠᠮᠤᠷ ᠢ ᠬᠠᠮᠠᠭᠠᠯᠠᠬᠤ ᠠᠵᠢᠯᠲᠠᠨ ᠡᠳᠦᠷ ᠲᠤᠲᠤᠮ ᠤᠨ ᠠᠮᠤᠷ ᠢ ᠬᠠᠮᠠᠭᠠᠯᠠᠬᠤ ᠠᠵᠢᠯ ᠤᠨ ᠳᠤᠮᠳᠠ ᠪᠠᠨ ᠵᠣᠭᠠᠴᠠᠬᠰᠠᠳ ᠬᠠᠷᠠᠯᠲᠠ ᠡᠳ᠋ ᠪᠣᠳᠠᠰ ᠢ ᠪᠤᠯᠢᠶᠠᠬᠤ ᠪᠤᠶᠤ ᠵᠣᠭᠠᠴᠠᠯ ᠤᠨ ᠠᠵᠤ ᠠᠬᠤᠶᠢᠯᠠᠯ ᠢ ᠡᠷᠢᠵᠦ ᠬᠡᠷᠡᠭ ᠡᠳᠦᠬᠦ ᠵᠡᠷᠭᠡ ᠵᠣᠭᠠᠴᠠᠬᠰᠠᠳ ᠤᠨ ᠠᠮᠤᠷ ᠲᠦᠪᠰᠢᠨ ᠤ ᠬᠡᠷᠡᠭ ᠲᠤ ᠤᠴᠠᠷᠠᠵᠤ ᠮᠡᠳᠡᠨ᠎ᠡ᠂ ᠬᠡᠷᠪᠡ ᠰᠠᠶᠢᠲᠤᠷ ᠰᠢᠢᠳᠪᠦᠷᠢᠯᠡᠬᠦ ᠦᠭᠡᠢ ᠪᠣᠯ ᠬᠡᠷᠡᠭ ᠤᠨ ᠪᠠᠶᠢᠳᠠᠯ ᠢ ᠶᠡᠬᠡᠰᠬᠡᠬᠦ ᠪᠤᠶᠤ ᠵᠥᠷᠢᠴᠡᠯ ᠢ ᠬᠤᠷᠴᠠᠳᠬᠠᠵᠤ᠂ ᠵᠣᠭᠠᠴᠠᠬᠰᠠᠳ ᠤᠨ ᠠᠮᠤᠷ ᠲᠦᠪᠰᠢᠨ ᠪᠣᠯᠣᠨ ᠨᠡᠶᠢᠭᠡᠮ ᠤᠨ ᠠᠮᠤᠷ ᠲᠦᠪᠰᠢᠨ ᠵᠢᠴᠢ ᠠᠮᠠᠷᠠᠯᠲᠠ   ᠶᠢᠨ ᠭᠠᠵᠠᠷ ᠤᠨ ᠳᠦᠷᠢ ᠲᠥᠷᠬᠦ   ᠶᠢ ᠨᠥᠯᠥᠭᠡᠯᠡᠵᠦ ᠮᠡᠳᠡᠨ᠎ᠡ᠃ ᠡᠶᠢᠮᠦᠷᠬᠦᠦ ᠪᠠᠶᠢᠳᠠᠯ ᠲᠣᠬᠢᠶᠠᠯᠳᠤᠪᠠᠯ᠂ ᠠᠮᠤᠷ ᠢ ᠬᠠᠮᠠᠭᠠᠯᠠᠬᠤ ᠠᠵᠢᠯᠲᠠᠨ ᠳᠣᠣᠷᠠᠬᠢ ᠠᠷᠭ᠎ᠠ ᠬᠡᠮᠵᠢᠶ᠎ᠡ ᠨᠦᠭᠦᠳ ᠢ ᠠᠪᠬᠤ ᠬᠡᠷᠡᠭᠲᠡᠢ᠄       ︵1︶  ᠳᠡᠭᠡᠳᠦ ᠱᠠᠲᠤᠨ ᠤ ᠤᠳᠤᠷᠢᠳᠤᠯᠭ᠎ᠠ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠲᠡᠷᠡ ᠳᠠᠷᠤᠢ ᠳᠤᠨᠢ ᠮᠡᠳᠡᠭᠦᠯᠵᠦ ᠴᠢᠬᠤᠯᠠᠲᠠᠢ ᠦᠶ᠎ᠡ ᠳᠤ ᠠᠮᠠᠷᠠᠯᠲᠠ ᠶᠢᠨ ᠭᠠᠵᠠᠷ ᠤᠨ ᠤᠳᠤᠷᠢᠳᠤᠯᠭ᠎ᠠ ᠶᠢ ᠲᠤᠬᠠᠢ ᠶᠢᠨ ᠲᠠᠯᠠᠪᠤᠷ ᠲᠤ ᠣᠴᠢᠭᠤᠯᠬᠤ ᠪᠠᠷ ᠱᠠᠭᠠᠷᠳᠠᠨ᠎ᠠ᠃       ︵2︶ ᠬᠤᠯᠪᠣᠭᠳᠠᠯ ᠪᠦᠬᠦᠢ ᠤᠳᠤᠷᠢᠳᠤᠯᠭ᠎ᠠ ᠲᠤᠬᠠᠢ ᠶᠢᠨ ᠲᠠᠯᠠᠪᠤᠷ ᠲᠤ ᠬᠦᠷᠴᠦ ᠢᠷᠡᠬᠦ ᠠᠴᠠ ᠡᠮᠦᠨ᠎ᠡ᠂ ᠠᠮᠤᠷ ᠢ ᠬᠠᠮᠠᠭᠠᠯᠠᠭᠴᠢ ᠠᠴᠠ ᠵᠣᠭᠠᠴᠠᠬᠰᠠᠳ ᠲᠤ ᠢᠳᠬᠠᠬᠤ ᠠᠵᠢᠯ ᠢ ᠢᠳᠡᠪᠬᠢᠲᠡᠢ ᠪᠠᠷ ᠬᠢᠬᠦ ᠬᠡᠷᠡᠭᠲᠡᠢ᠃ ᠬᠡᠷᠪᠡ ᠬᠡᠷᠡᠭ ᠶᠠᠪᠤᠳᠠᠯ ᠨᠢ ᠠᠵᠤ ᠠᠬᠤᠢ ᠪᠤᠶᠤ ᠪᠤᠰᠤᠳ ᠵᠠᠭᠤᠷᠠᠯᠳᠤᠭᠠᠨ ᠠᠴᠠ ᠡᠭᠦᠰᠦᠭᠰᠡᠨ᠂ ᠡᠰᠡᠬᠦᠯ᠎ᠡ  ᠵᠣᠭᠠᠴᠠᠯ ᠤᠨ ᠠᠵᠤ ᠠᠬᠤᠶᠢᠯᠠᠯ ᠤᠨ ᠠᠯᠳᠠᠭ᠎ᠠ ᠠᠴᠠ ᠡᠭᠦᠰᠦᠭᠰᠡᠨ ᠢ ᠣᠶᠢᠯᠠᠭᠠᠪᠠᠯ᠂ ᠳᠦᠷᠭᠢᠯᠳᠦᠨ ᠪᠤᠯᠢᠶᠠᠬᠤ ᠪᠠ ᠬᠡᠷᠡᠭ ᠡᠳᠦᠬᠦ ᠪᠣᠯ ᠬᠠᠤᠯᠢ ᠠᠴᠠ ᠵᠥᠷᠢᠴᠡᠭᠰᠡᠨ ᠶᠠᠪᠤᠳᠠᠯ ᠮᠥᠨ᠂ ᠠᠰᠠᠭᠤᠳᠠᠯ ᠪᠠᠶᠢᠪᠠᠯ ᠵᠥᠪᠳᠡᠯᠴᠡᠵᠦ ᠪᠠᠶᠢᠭᠠᠳ ᠰᠢᠢᠳᠪᠦᠷᠢᠯᠡᠵᠦ ᠪᠣᠯᠣᠨ᠎ᠠ᠂ ᠵᠡᠪᠰᠡᠭᠲᠦ ᠬᠦᠴᠦᠨ ᠢᠶᠠᠷ ᠠᠰᠠᠭᠤᠳᠠᠯ ᠢ ᠰᠢᠢᠳᠪᠦᠷᠢᠯᠡᠵᠦ ᠳᠡᠶᠢᠯᠬᠦ ᠦᠭᠡᠢ ᠭᠡᠳᠡᠭ ᠢ ᠤᠬᠠᠭᠤᠯᠵᠤ᠂ ᠵᠣᠭᠠᠴᠠᠬᠰᠠᠳ ᠲᠤ ᠬᠦᠴᠦᠷᠬᠡᠭᠯᠡᠯ ᠤᠨ ᠠᠵᠢᠯᠯᠠᠭ᠎ᠠ ᠠᠪᠴᠣ ᠪᠣᠯᠬᠤ ᠦᠭᠡᠢ᠃ ᠬᠡᠷᠪᠡ ᠣᠨᠴᠠ ᠵᠠᠷᠢᠮ ᠬᠡᠷᠡᠭ ᠤᠴᠢᠷ ᠦᠭᠡᠢ ᠪᠠᠷ ᠬᠡᠷᠡᠭ ᠤᠷᠰᠢᠭ ᠲᠠᠲᠠᠭᠰᠠᠨ ᠪᠤᠶᠤ ᠰᠢᠯᠲᠠᠭ ᠡᠷᠢᠵᠦ ᠵᠣᠭᠠᠴᠠᠬᠰᠠᠳ ᠢ ᠥᠳᠥᠭᠡᠭᠰᠡᠨ ᠶᠠᠪᠤᠳᠠᠯ ᠮᠥᠨ ᠭᠡᠵᠦ ᠮᠠᠭᠠᠳᠯᠠᠨ ᠲᠣᠭᠲᠠᠭᠠᠵᠤ ᠴᠢᠳᠠᠪᠠᠯ᠂ ᠲᠡᠳᠡᠨ ᠢ ᠢᠯᠡᠴᠢᠯᠡᠵᠦ᠂ ᠥᠷᠭᠡᠨ ᠣᠯᠠᠨ ᠵᠣᠭᠠᠴᠠᠬᠰᠠᠳ ᠲᠤ ᠦᠨᠡᠨ ᠪᠠᠶᠢᠳᠠᠯ ᠢ ᠣᠶᠢᠯᠠᠭᠠᠭᠤᠯᠵᠤ᠂ ᠣᠯᠠᠨ ᠲᠣᠭᠠᠲᠠᠨ ᠢ ᠲᠡᠳᠡᠨ ᠠᠪᠴᠤ᠂ ᠬᠡᠷᠡᠭ ᠶᠠᠪᠤᠳᠠᠯ ᠢ ᠬᠤᠷᠢᠭᠯᠠᠨ ᠵᠣᠭᠰᠤᠭᠠᠬᠤ ᠬᠡᠷᠡᠭᠲᠡᠢ᠃ ᠤᠴᠢᠷ ᠶᠠᠪᠤᠳᠠᠯ ᠤᠨ ᠬᠥᠭᠵᠢᠯᠲᠡ ᠶᠢ ᠬᠤᠷᠢᠭᠯᠠᠵᠤ ᠳᠡᠶᠢᠯᠬᠦ ᠦᠭᠡᠢ ᠦᠶ᠎ᠡ ᠳᠤ᠂ ᠵᠣᠭᠠᠴᠠᠬᠰᠠᠳ ᠲᠠᠢ ᠮᠥᠷᠭᠦᠯᠳᠦᠭᠡᠨ ᠡᠭᠦᠰᠬᠦ ᠠᠴᠠ ᠠᠯᠢ ᠴᠢᠳᠠᠬᠤ ᠪᠠᠷ ᠵᠠᠶᠢᠯᠠᠰᠬᠢᠬᠦ ᠬᠡᠷᠡᠭᠲᠡᠢ᠂ ᠭᠡᠬᠦ ᠳᠡᠭᠡᠨ ᠵᠣᠬᠢᠶᠠᠨ ᠪᠠᠶᠢᠭᠤᠯᠤᠭᠴᠢ ᠪᠠ ᠭᠤᠣᠯᠯᠠᠭᠴᠢ ᠬᠥᠮᠥᠰ ᠤᠨ ᠦᠶᠯᠡ ᠠᠵᠢᠯᠯᠠᠭ᠎ᠠ᠂ ᠣᠨᠴᠠᠯᠢᠭ ᠰᠢᠨᠵᠢ ᠵᠡᠷᠭᠡ ᠤᠴᠢᠷ ᠶᠠᠪᠤᠳᠠᠯ ᠤᠨ ᠳᠠᠷᠠᠭ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠮᠠᠲ᠋ᠧᠷᠢᠶᠠᠯ ᠬᠠᠩᠭᠠᠬᠤ ᠶᠢ ᠠᠩᠬᠠᠷᠬᠤ ᠬᠡᠷᠡᠭᠲᠡᠢ᠃       ︵3︶ ᠬᠤᠯᠪᠣᠭᠳᠠᠯ ᠪᠦᠬᠦᠢ ᠨᠢᠭᠡᠴᠢ ᠪᠠ ᠤᠳᠤᠷᠢᠳᠤᠯᠭ᠎ᠠ ᠲᠤᠬᠠᠢ ᠶᠢᠨ ᠲᠠᠯᠠᠪᠤᠷ ᠲᠤ ᠬᠦᠷᠦᠭᠰᠡᠨ ᠤ ᠳᠠᠷᠠᠭ᠎ᠠ᠂ ᠬᠤᠯᠪᠣᠭᠳᠠᠯ ᠪᠦᠬᠦᠢ ᠪᠠᠶᠢᠳᠠᠯ ᠢ ᠰᠠᠨᠠᠭᠠᠴᠢᠯᠠᠭ᠎ᠠ ᠠᠴᠠ ᠪᠠᠨ ᠲᠠᠨᠢᠯᠴᠠᠭᠤᠯᠬᠤ ᠬᠡᠷᠡᠭᠲᠡᠢ᠃ ᠬᠡᠷᠪᠡ ᠠᠵᠤ ᠠᠬᠤᠢ ᠶᠢᠨ ᠵᠢᠭᠤᠷᠠᠯᠳᠤᠭᠠᠨ ᠠᠴᠠ ᠪᠣᠯᠤᠭᠰᠠᠨ ᠮᠥᠷᠲᠡᠭᠡᠨ ᠬᠠᠤᠯᠢ ᠶᠢ ᠵᠥᠷᠢᠴᠡᠭᠰᠡᠨ ᠶᠠᠯ᠎ᠠ ᠪᠣᠯᠵᠤ ᠪᠦᠷᠢᠯᠳᠦᠭᠰᠡᠨ ᠦᠭᠡᠢ ᠪᠠᠶᠢᠪᠠᠯ᠂ ᠠᠮᠠᠷᠠᠯᠲᠠ ᠶᠢᠨ ᠣᠷᠣᠨ ᠤ ᠬᠠᠮᠢᠶᠠᠷᠤᠯᠲᠠ ᠶᠢᠨ ᠵᠦᠪᠯᠡᠯ ᠠᠴᠠ ᠪᠡᠶ᠎ᠡ ᠪᠠᠷ ᠢᠶᠠᠨ ᠰᠢᠢᠳᠪᠦᠷᠢᠯᠡᠬᠦ ᠬᠡᠷᠡᠭᠲᠡᠢ᠃ ᠬᠡᠷᠪᠡ ᠨᠢᠭᠡᠨᠲᠡ ᠬᠠᠤᠯᠢ ᠠᠴᠠ ᠵᠥᠷᠢᠴᠡᠭᠰᠡᠨ ᠶᠠᠯ᠎ᠠ ᠪᠣᠯᠵᠤ ᠪᠦᠷᠢᠯᠳᠦᠭᠰᠡᠨ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠬᠠᠤᠯᠢ ᠶᠣᠰᠣᠭᠠᠷ ᠰᠢᠢᠳᠪᠦᠷᠢᠯᠡᠬᠦ ᠬᠡᠷᠡᠭᠲᠡᠢ᠂ ᠠᠮᠤᠷ ᠢ ᠬᠠᠮᠠᠭᠠᠯᠠᠬᠤ ᠠᠵᠢᠯᠲᠠᠨ ᠢᠳᠡᠪᠬᠢᠲᠡᠢ ᠬᠠᠮᠵᠢᠬᠤ ᠬᠡᠷᠡᠭᠲᠡᠢ᠃       4. ᠡᠭᠦᠷᠭᠡ ᠭᠦᠢᠴᠡᠳᠬᠡᠬᠦ ᠬᠡᠪᠴᠢᠶᠡᠨ ᠳᠣᠲᠣᠷ᠎ᠠ ᠵᠣᠭᠠᠴᠠᠬᠰᠠᠳ ᠤᠨ ᠵᠣᠳᠣᠯᠳᠤᠭᠠᠨ ᠡᠭᠦᠰᠦᠭᠰᠡᠨ ᠦᠶ᠎ᠡ ᠶᠢᠨ ᠰᠢᠢᠳᠪᠦᠷᠢᠯᠡᠯᠲᠡ᠄       ᠵᠣᠭᠠᠴᠠᠬᠰᠠᠳ ᠤᠨ  ᠬᠤᠭᠤᠷᠣᠨᠳᠣᠬᠢ ᠵᠣᠳᠣᠯᠳᠤᠭᠠᠨ ᠪᠣᠯ ᠨᠡᠶᠢᠭᠡᠮ ᠤᠨ ᠠᠮᠤᠷ ᠲᠦᠪᠰᠢᠨ ᠢ ᠰᠠᠮᠠᠭᠤᠷᠠᠭᠤᠯᠤᠭᠰᠠᠨ ᠠᠵᠢᠯᠯᠠᠭ᠎ᠠ ᠮᠥᠨ᠂ ᠬᠡᠷᠪᠡ ᠬᠠᠮᠠᠭᠠᠯᠠᠬᠤ ᠬᠠᠷᠠᠯᠲᠠ ᠶᠢᠨ ᠬᠡᠪᠴᠢᠶᠡᠨ ᠳᠤ ᠡᠶᠢᠮᠦᠷᠬᠦ ᠬᠡᠷᠡᠭ ᠡᠭᠦᠰᠪᠡᠯ᠂ ᠵᠣᠭᠠᠴᠠᠬᠰᠠᠳ ᠤᠨ ᠠᠮᠤᠷ ᠲᠦᠪᠰᠢᠨ ᠢ ᠨᠥᠯᠥᠭᠡᠯᠡᠬᠦ ᠪᠠᠷ ᠪᠠᠷᠠᠬᠤ ᠦᠭᠡᠢ᠂ ᠠᠮᠠᠷᠠᠯᠲᠠ ᠶᠢᠨ ᠣᠷᠣᠨ ᠤ ᠨᠡᠶᠢᠭᠡᠮ ᠤᠨ ᠠᠮᠤᠷ ᠲᠦᠪᠰᠢᠨ ᠤ ᠡᠮᠬᠢ ᠲᠢᠭᠯᠡᠮ ᠢ ᠴᠤ ᠨᠥᠯᠥᠭᠡᠯᠡᠨ᠎ᠡ᠃ ᠡᠶᠢᠮᠦᠷᠬᠦᠦ ᠬᠡᠷᠡᠭ ᠶᠠᠪᠤᠳᠠᠯ ᠲᠣᠬᠢᠶᠠᠯᠳᠤᠪᠠᠯ ᠳᠣᠣᠷᠠᠬᠢ ᠮᠡᠲᠦ ᠠᠷᠭ᠎ᠠ ᠶᠢ ᠠᠪᠤᠨ᠎ᠠ᠄       ︵1︶ ᠵᠣᠳᠣᠯᠳᠤᠭᠰᠠᠨ ᠬᠤᠶᠠᠷ ᠡᠲᠡᠭᠡᠳ ᠤᠨ ᠲᠤᠬᠠᠢ ᠶᠢᠨ ᠲᠠᠯᠠᠪᠤᠷ ᠠᠴᠠ ᠰᠠᠯᠬᠤ ᠶᠢ ᠢᠳᠡᠪᠬᠢᠲᠡᠢ ᠪᠠᠷ ᠢᠳᠬᠠᠨ ᠬᠤᠷᠢᠭᠯᠠᠵᠤ᠂ ᠵᠥᠷᠢᠴᠡᠯ ᠢ ᠨᠠᠮᠳᠠᠭᠤᠯᠤᠨ᠎ᠠ᠃ ᠬᠡᠷᠪᠡ ᠠᠮᠤᠷ ᠢ ᠬᠠᠮᠠᠭᠠᠯᠠᠬᠤ ᠠᠵᠢᠯ ᠤᠨ ᠬᠠᠮᠢᠶᠠᠷᠤᠯᠲᠠ ᠶᠢ ᠵᠥᠷᠢᠴᠡᠭᠰᠡᠨ ᠠᠵᠢᠯᠯᠠᠭ᠎ᠠ ᠪᠤᠶᠤ ᠶᠠᠯᠠᠲᠤ ᠠᠵᠢᠯᠯᠠᠭ᠎ᠠ ᠳᠤ ᠲᠣᠭᠠᠴᠠᠭᠳᠠᠬᠤ ᠶᠢ ᠮᠠᠭᠠᠳᠯᠠᠨ ᠲᠣᠭᠲᠠᠭᠠᠵᠤ ᠴᠢᠳᠠᠪᠠᠯ᠂ ᠴᠠᠭ ᠲᠤᠬᠠᠢ ᠳᠤᠨᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠮᠡᠳᠡᠭᠦᠯᠬᠦ ᠪᠤᠶᠤ ᠦᠢᠯᠡ ᠠᠵᠢᠯᠯᠠᠭᠠᠳᠠᠨ ᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠪᠠᠷᠢᠵᠤ ᠬᠦᠷᠭᠡᠵᠦ ᠰᠢᠢᠳᠪᠦᠷᠢᠯᠡᠭᠦᠯᠬᠦ ᠬᠡᠷᠡᠭᠲᠡᠢ᠃       ︵2︶ ᠴᠣᠬᠯᠠᠷᠡᠨ ᠦᠵᠡᠵᠦ ᠪᠠᠶᠢᠭ᠎ᠠ ᠵᠤᠭᠠᠴᠠᠭᠰᠠᠳ ᠢ ᠢᠳᠬᠠᠵᠤ ᠪᠠᠶᠢᠭᠠᠳ ᠬᠠᠮᠠᠭᠠᠯᠠᠯᠲᠠ ᠶᠢᠨ ᠬᠠᠷᠠᠯᠲᠠ ᠠᠴᠠ ᠨᠢ ᠵᠠᠶᠢᠯᠠᠭᠤᠯᠣᠨ᠎ᠠ᠃       ︵3︶ ᠰᠣᠨᠣᠷ ᠰᠡᠷᠡᠮᠵᠢ ᠪᠠᠨ ᠳᠡᠭᠡᠭᠰᠢᠯᠡᠭᠦᠯᠵᠦ᠂ ᠮᠠᠭᠤ ᠬᠥᠮᠥᠨ ᠤ ᠰᠠᠮᠠᠭᠤᠷᠠᠯ ᠤᠨ ᠵᠠᠪᠰᠢᠶᠠᠨ ᠢ ᠠᠰᠢᠭᠯᠠᠨ ᠡᠪᠳᠡᠯᠭᠡ ᠶᠢᠨ ᠠᠵᠢᠯᠯᠠᠭ᠎ᠠ ᠬᠢᠬᠦ ᠪᠤᠶᠤ ᠡᠳ᠋ ᠬᠤᠭᠰᠢᠯ ᠢ ᠬᠤᠯᠠᠭᠠᠶᠢᠯᠠᠨ ᠠᠪᠬᠤ ᠶᠢ ᠰᠡᠷᠭᠡᠶᠢᠯᠡᠬᠦ ᠬᠡᠷᠡᠭᠲᠡᠢ᠃       5. ᠶᠠᠯ᠎ᠠ ᠬᠢᠭᠰᠡᠨ ᠰᠡᠵᠢᠭᠲᠡᠨ ᠳᠤ ᠲᠣᠬᠢᠶᠠᠯᠳᠤᠵᠤ ᠬᠤᠯᠠᠭᠠᠶᠢᠯᠠᠭᠰᠠᠨ ᠪᠠ ᠳᠡᠭᠡᠷᠡᠮᠳᠡᠭᠰᠡᠨ ᠦᠶ᠎ᠡ ᠶᠢᠨ ᠰᠢᠢᠳᠪᠦᠷᠢᠯᠡᠯᠲᠡ᠄       ᠠᠮᠤᠷ ᠢ ᠬᠠᠮᠠᠭᠠᠯᠠᠬᠤ ᠠᠵᠢᠯᠲᠠᠨ ᠵᠢᠵᠢᠭᠦᠷᠯᠡᠬᠦ ᠪᠠ ᠲᠣᠭᠤᠷᠢᠨ ᠴᠠᠭᠳᠠᠬᠤ ᠦᠶ᠎ᠡ ᠳᠤ᠂ ᠢᠯᠠᠩᠭᠤᠶ᠎ᠠ ᠰᠥᠨᠢ ᠪᠠᠷ ᠲᠣᠭᠤᠷᠢᠨ ᠴᠠᠭᠳᠠᠬᠤ ᠦᠶ᠎ᠡ ᠳᠤ᠂ ᠳᠡᠭᠡᠳᠦ ᠬᠡᠮᠵᠢᠶᠡᠨ ᠤ ᠰᠣᠨᠣᠷ ᠰᠡᠷᠡᠮᠵᠢ ᠲᠠᠢ ᠪᠠᠶᠢᠵᠤ᠂ ᠰᠡᠵᠢᠭᠯᠡᠯᠲᠡᠢ ᠬᠥᠮᠥᠨ ᠪᠠ ᠰᠡᠵᠢᠭᠯᠡᠯᠲᠡᠢ ᠪᠠᠶᠢᠳᠠᠯ ᠢ ᠴᠠᠭ ᠢᠮᠠᠭᠲᠠ ᠠᠩᠬᠠᠷᠴᠤ᠂ ᠰᠡᠵᠢᠭᠯᠡᠯᠲᠡᠢ ᠬᠥᠮᠥᠨ ᠢ ᠪᠠᠶᠢᠴᠠᠭᠠᠬᠤ ᠬᠡᠷᠡᠭᠲᠡᠢ᠂ ᠬᠡᠷᠪᠡ ᠰᠡᠵᠢᠭᠯᠡᠯᠲᠡᠢ ᠭᠠᠵᠠᠷ ᠢ ᠠᠷᠢᠯᠭᠠᠵᠤ ᠳᠡᠶᠢᠯᠬᠦ ᠦᠭᠡᠢ ᠪᠣᠯ᠂ ᠰᠡᠵᠢᠭᠯᠡᠯᠲᠡᠢ ᠬᠥᠮᠥᠨ ᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠠᠪᠠᠴᠢᠵᠤ ᠰᠢᠢᠳᠪᠦᠷᠢᠯᠡᠬᠦᠯᠬᠦ ᠬᠡᠷᠡᠭᠲᠡᠢ᠂ ᠵᠠᠮ ᠵᠠᠭᠤᠷ᠎ᠠ ᠪᠠᠨ ᠰᠡᠵᠢᠭᠯᠡᠯᠲᠡᠢ ᠬᠥᠮᠥᠨ ᠤ ᠳᠤᠲᠠᠭᠠᠬᠤ ᠪᠤᠶᠤ ᠬᠡᠷᠴᠡᠭᠡᠶᠢᠯᠡᠬᠦ ᠶᠢ ᠴᠠᠭ ᠢᠮᠠᠭᠲᠠ ᠰᠡᠷᠭᠡᠶᠢᠯᠡᠬᠦ ᠬᠡᠷᠡᠭᠲᠡᠢ᠃ ᠬᠡᠷᠪᠡ ᠶᠠᠯ᠎ᠠ ᠬᠢᠭᠰᠡᠨ ᠰᠡᠵᠢᠭᠯᠡᠯᠲᠡᠢ ᠬᠥᠮᠥᠨ ᠶᠠᠭ ᠬᠤᠯᠠᠭᠠᠶᠢᠯᠠᠬᠤ ᠠᠵᠢᠯᠯᠠᠭ᠎ᠠ ᠬᠢᠵᠦ ᠪᠠᠶᠢᠭ᠎ᠠ ᠪᠤᠶᠤ ᠳᠡᠭᠡᠷᠡᠮᠳᠡᠵᠦ ᠪᠠᠶᠢᠭ᠎ᠠ ᠦᠶ᠎ᠡ ᠳᠤ ᠠᠮᠤᠷ ᠢ ᠬᠠᠮᠠᠭᠠᠯᠠᠭᠴᠢ ᠠᠴᠠ ᠳᠣᠣᠷᠠᠬᠢ ᠮᠡᠲᠦ ᠶᠢᠨ ᠠᠵᠢᠯ ᠤᠳ ᠢ ᠬᠢᠬᠦ ᠬᠡᠷᠡᠭᠲᠡᠢ᠄       ︵1︶ ᠦᠵᠡᠯ ᠰᠠᠨᠠᠭᠠᠨ ᠤ ᠲᠠᠯ᠎ᠠ ᠪᠠᠷ ᠯᠠᠪᠳᠠᠭᠤᠨ ᠲᠣᠭᠲᠠᠭᠤᠨ ᠪᠠᠶᠢᠵᠤ᠂ ᠶᠠᠯ᠎ᠠ ᠬᠢᠭᠰᠡᠨ ᠰᠡᠵᠢᠭᠲᠡᠨ ᠤ ᠪᠠᠶᠢᠳᠠᠯ ︵ᠬᠥᠮᠥᠨ ᠤ ᠲᠤᠭ᠎ᠠ ᠨᠢ ᠣᠯᠠᠨ ᠴᠥᠭᠡᠨ᠂ ᠪᠡᠶ᠎ᠡ ᠮᠠᠬᠠᠪᠤᠳ᠂ ᠬᠢᠳᠤᠭ᠎ᠠ ᠵᠡᠪᠰᠡᠭ ᠠᠪᠴᠤ ᠶᠠᠪᠤᠵᠤ ᠪᠠᠶᠢᠬᠤ ᠡᠰᠡᠬᠦ ᠵᠡᠷᠭᠡ︶ ᠢ ᠦᠨᠳᠦᠰᠦᠯᠡᠵᠦ᠂ ᠠᠮᠤᠷ ᠢ ᠬᠠᠮᠠᠭᠠᠯᠠᠬᠤ ᠪᠡᠯᠡᠳᠬᠡᠯ ᠠᠵᠢᠯᠲᠠᠨ ᠪᠤᠶᠤ ᠡᠷᠭᠢᠨ ᠲᠣᠭᠤᠷᠢᠨ ᠤ ᠠᠵᠢᠯᠲᠠᠨ᠂ ᠣᠯᠠᠨ ᠲᠦᠮᠡᠨ ᠳᠤ ᠠᠷᠭ᠎ᠠ ᠰᠦᠪᠡᠭᠴᠢᠯᠡᠨ ᠮᠡᠳᠡᠭᠳᠡᠵᠦ ᠲᠤᠰᠠᠯᠠᠭᠤᠯᠤᠨ᠎ᠠ  ᠂ ᠶᠠᠭ ᠬᠤᠯᠠᠭᠠᠶᠢᠯᠠᠵᠤ ᠪᠠᠶᠢᠭ᠎ᠠ ᠬᠥᠮᠥᠨ ᠢ ᠨᠢ ᠳᠣᠣᠷ᠎ᠠ ᠨᠢ ᠪᠠᠷᠢᠪᠴᠢᠯᠠᠬᠤ ᠶᠢᠨ ᠬᠠᠮᠲᠤ ᠴᠠᠭ ᠲᠤᠬᠠᠢ ᠳᠤᠨᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠬᠦᠷᠭᠡᠵᠦ ᠰᠢᠢᠳᠪᠦᠷᠢᠯᠡᠭᠦᠯᠦᠨ᠎ᠡ᠃ ᠳᠡᠭᠡᠷᠡᠮᠳᠡᠭᠰᠡᠨ ᠶᠠᠯ᠎ᠠ ᠬᠢᠭᠰᠡᠨ ᠰᠡᠵᠢᠭᠯᠡᠯᠲᠡᠢ ᠬᠥᠮᠥᠨ᠂ ᠢᠯᠠᠩᠭᠤᠶ᠎ᠠ ᠬᠢᠳᠤᠭ᠎ᠠ ᠵᠡᠪᠰᠡᠭ ᠲᠠᠢ ᠬᠥᠮᠥᠨ ᠢ ᠠᠮᠤᠷ ᠢ ᠬᠠᠮᠠᠭᠠᠯᠠᠭᠴᠢ ᠨᠢ ᠶᠠᠭᠤᠨ ᠤ ᠡᠮᠦᠨ᠎ᠡ ᠦᠵᠡᠯ ᠰᠠᠨᠠᠭᠠᠨ ᠤ ᠲᠠᠯ᠎ᠠ ᠪᠠᠷ ᠯᠠᠪᠳᠠᠭᠤᠨ ᠲᠣᠭᠲᠠᠭᠤᠨ᠂ ᠮᠡᠷᠭᠡᠨ ᠤᠬᠠᠭᠠᠨ ᠢ ᠬᠤᠣᠰᠯᠠᠭᠤᠯᠵᠤ᠂ ᠰᠡᠷᠭᠡᠶᠢᠯᠡᠨ ᠬᠠᠮᠠᠭᠠᠯᠠᠬᠤ ᠪᠠᠭᠠᠵᠢ ᠬᠡᠷᠡᠭᠰᠡᠯ ᠪᠠ ᠠᠯᠢᠪᠠ ᠴᠢᠬᠤᠯᠠ ᠪᠦᠬᠦᠢ ᠠᠷᠭ᠎ᠠ ᠪᠠᠷᠢᠯ ᠢᠶᠠᠷ ᠶᠠᠯᠠᠲᠤ ᠡᠲᠡᠭᠡᠳ ᠢ ᠨᠣᠮᠣᠬᠠᠳᠬᠠᠵᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠬᠦᠷᠭᠡᠵᠦ ᠵᠠᠰᠠᠭᠤᠯᠵᠤ ᠪᠣᠯᠣᠨ᠎ᠠ᠃       ︵2︶ ᠬᠡᠷᠪᠡ ᠶᠠᠯ᠎ᠠ ᠬᠢᠭᠰᠡᠨ ᠰᠡᠵᠢᠭᠲᠡᠨ ᠣᠷᠭᠤᠨ ᠳᠤᠲᠠᠭᠠᠭᠠᠳ ᠨᠡᠬᠡᠵᠦ ᠭᠦᠢᠴᠡᠬᠦ ᠦᠭᠡᠢ ᠪᠣᠯ ᠶᠠᠯ᠎ᠠ ᠬᠢᠭᠰᠡᠨ ᠰᠡᠵᠢᠭᠲᠡᠨ ᠤ ᠬᠥᠮᠥᠨ ᠤ ᠲᠤᠭ᠎ᠠ᠂ ᠬᠤᠪᠴᠠᠰᠤ ᠬᠤᠨᠠᠷ᠂ ᠵᠢᠰᠦ ᠴᠢᠷᠠᠢ᠂ ᠪᠡᠶ᠎ᠡ ᠮᠠᠬᠠᠪᠤᠳ ᠤᠨ ᠣᠨᠴᠠᠯᠢᠭ ᠢ ᠲᠣᠳᠣᠷᠬᠠᠢ ᠣᠯᠵᠤ ᠦᠵᠡᠬᠦ ᠪᠥᠭᠡᠳ ᠴᠡᠭᠡᠵᠢᠯᠡᠵᠦ ᠠᠪᠬᠤ ᠬᠡᠷᠡᠭᠲᠡᠢ᠃ ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠢ ᠬᠡᠷᠡᠭᠯᠡᠬᠦ ᠳᠡᠭᠡᠨ ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠤᠨ ᠬᠡᠯᠪᠡᠷᠢ ᠮᠠᠶ᠋ᠢᠭ᠂ ᠣᠨᠴᠠᠯᠢᠭ ᠰᠢᠨᠵᠢ ᠶᠢ ᠴᠡᠭᠡᠵᠢᠯᠡᠬᠦ ᠶᠢᠨ ᠬᠠᠮᠲᠤ ᠳᠡᠭᠡᠳᠦ ᠱᠠᠲᠤᠨ ᠤ ᠤᠳᠤᠷᠢᠳᠤᠯᠭ᠎ᠠ ᠵᠢᠴᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠴᠠᠭ ᠲᠣᠬᠠᠢ ᠳᠤᠨᠢ ᠮᠠᠳᠡᠬᠦᠯᠣᠨ᠎ᠠ᠃       ︵3︶ ᠲᠣᠭᠲᠠᠭᠰᠠᠨ ᠬᠡᠷᠡᠭ ᠤᠨ ᠲᠠᠯᠠᠪᠠᠢ ᠲᠠᠢ ᠪᠠᠶᠢᠪᠠᠯ ᠬᠡᠷᠡᠭ ᠤᠨ ᠲᠠᠯᠠᠪᠠᠢ ᠶᠢ ᠰᠠᠶᠢᠲᠤᠷ ᠬᠠᠮᠠᠭᠠᠯᠠᠬᠤ ᠬᠡᠷᠡᠭᠲᠡᠢ᠃ ᠬᠥᠳᠡᠯᠭᠡᠭᠡᠨ ᠤ ᠳᠤᠮᠳᠠ ᠲᠣᠭᠲᠠᠮᠠᠯ ᠲᠤᠬᠠᠢ ᠶᠢᠨ ᠲᠠᠯᠠᠪᠤᠷ ᠪᠠᠶᠢᠬᠤ ᠦᠭᠡᠢ ᠪᠠᠶᠢᠪᠠᠯ᠂ ᠶᠠᠯᠠᠲᠤ ᠡᠲᠡᠭᠡᠳ ᠲᠤ ᠦᠯᠡᠳᠡᠭᠳᠡᠯ ᠡᠳ᠋ ᠪᠣᠳᠠᠰ ᠪᠠᠶᠢᠳᠠᠭ᠂ ᠵᠢᠱᠢᠶᠡᠯᠡᠪᠡᠯ ᠶᠠᠯ᠎ᠠ ᠬᠢᠬᠦ ᠪᠠᠭᠠᠵᠢ ᠪᠠ ᠪᠤᠰᠤᠳ ᠡᠳ᠋ ᠪᠣᠳᠠᠰ ᠢ ᠬᠠᠪᠴᠢᠭᠤᠷ ᠢᠶᠠᠷ  ᠬᠠᠪᠴᠢᠨ ᠠᠪᠴᠤ ᠴᠠᠭᠠᠨ ᠴᠠᠭᠠᠰᠤᠨ ᠳᠣᠲᠣᠷ᠎ᠠ ᠲᠠᠯᠪᠢᠭᠠᠳ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠲᠤᠰᠢᠶᠠᠵᠤ ᠰᠢᠢᠳᠪᠦᠷᠢᠯᠡᠭᠦᠯᠦᠨ᠎ᠡ᠂ ᠥᠪᠡᠷ ᠤᠨ ᠪᠡᠶ᠎ᠡ ᠪᠤᠶᠤ ᠪᠤᠰᠤᠳ ᠬᠥᠮᠥᠨ ᠤ ᠬᠤᠷᠤᠭᠤᠨ ᠤᠷᠤᠮ ᠢ ᠦᠯᠡᠳᠡᠭᠳᠡᠯ ᠡᠳ᠋ ᠳᠡᠭᠡᠷ᠎ᠡ ᠦᠯᠡᠳᠡᠭᠡᠵᠤ ᠶᠠᠭᠠᠬᠢᠭᠰᠠᠨ ᠴᠤ ᠪᠣᠯᠬᠤ ᠦᠭᠡᠢ᠃ ᠦᠢᠯᠡ ᠠᠵᠢᠯᠯᠠᠭ᠎ᠠ ᠶᠢᠨ ᠳᠤᠮᠳᠠ ᠦᠯᠡᠳᠡᠭᠳᠡᠯ ᠡᠳ᠋ ᠪᠣᠳᠠᠰ ᠢ ᠬᠠᠪᠴᠢᠭᠤᠷ ᠢᠶᠠᠷ ᠭᠠᠷᠭᠠᠨ ᠠᠪᠴᠤ ᠴᠠᠭᠠᠨ ᠴᠠᠭᠠᠰᠤᠨ ᠳᠣᠲᠣᠷ᠎ᠠ ᠲᠠᠯᠪᠢᠭᠠᠳ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠲᠤᠰᠢᠶᠠᠵᠤ ᠰᠢᠢᠳᠪᠦᠷᠢᠯᠡᠭᠦᠯᠦᠨ᠎ᠡ᠂ ᠥᠪᠡᠷ ᠤᠨ ᠪᠡᠶ᠎ᠡ ᠶᠢᠨ ᠪᠤᠶᠤ ᠪᠤᠰᠤᠳ ᠬᠥᠮᠥᠨ ᠤ ᠬᠤᠷᠤᠭᠤᠨ ᠤᠷᠤᠮ ᠢ ᠦᠯᠡᠳᠡᠭᠡᠵᠦ ᠶᠠᠭᠠᠬᠢᠭᠰᠠᠨ ᠴᠤ ᠪᠣᠯᠬᠤ ᠦᠭᠡᠢ᠃       6. ᠠᠶᠤᠯᠲᠠᠢ ᠪᠣᠳᠠᠰ ᠪᠠ ᠳᠡᠯᠪᠡᠷᠡᠬᠦ ᠪᠣᠳᠠᠰ ᠢ ᠢᠯᠡᠷᠡᠭᠦᠯᠦᠭᠰᠡᠨ ᠤ ᠲᠠᠷᠠᠭ᠎ᠠ ᠰᠢᠢᠳᠪᠦᠷᠢᠯᠡᠬᠦ᠄       ᠬᠡᠷᠪᠡ ᠶᠠᠯ᠎ᠠ ᠬᠢᠭᠰᠡᠨ ᠰᠡᠵᠢᠭᠲᠡᠨ ᠤ ᠠᠶᠤᠯᠲᠠᠢ ᠪᠣᠳᠠᠰ ᠪᠠ ᠳᠡᠯᠪᠡᠷᠡᠬᠦ ᠪᠣᠳᠠᠰ ᠢ ᠠᠰᠢᠭᠯᠠᠨ ᠡᠪᠳᠡᠯᠭᠡ ᠬᠢᠭᠰᠡᠨ ᠢ ᠣᠯᠵᠤ ᠮᠡᠳᠡᠪᠡᠯ᠂ ᠠᠮᠤᠷ ᠢ ᠬᠠᠮᠠᠭᠠᠯᠠᠬᠤ ᠠᠵᠢᠯᠲᠠᠨ ᠳᠣᠣᠷᠠᠬᠢ ᠮᠡᠲᠦ ᠬᠡᠳᠦᠨ ᠲᠠᠯ᠎ᠠ ᠶᠢ ᠪᠠᠭᠲᠠᠭᠠᠨ᠎ᠠ᠄       ︵1︶ ᠦᠷᠡᠭᠳᠡᠯ ᠰᠦᠢᠳᠦᠯ ᠠᠴᠠ ᠠᠶᠤᠬᠤ ᠦᠭᠡᠢ ᠵᠣᠷᠢᠭ ᠰᠠᠨᠠᠭ᠎ᠠ ᠶᠢ ᠪᠠᠳᠠᠷᠠᠭᠤᠯᠵᠤ᠂ ᠶᠠᠯ᠎ᠠ ᠬᠢᠭᠰᠡᠨ ᠰᠡᠵᠢᠭᠯᠡᠯᠲᠡᠢ ᠬᠥᠮᠥᠨ ᠢ ᠴᠠᠭ ᠲᠤᠬᠠᠢ ᠳᠤᠨᠢ ᠪᠠᠷᠢᠪᠴᠢᠯᠠᠬᠤ ᠭᠡᠷᠡᠭᠳᠡᠢ᠃       ︵2︶   ᠴᠣᠬᠯᠠᠷᠡᠨ ᠦᠵᠡᠵᠦ ᠪᠠᠶᠢᠭ᠎ᠠ ᠤᠯᠠᠨ ᠲᠦᠮᠡᠨ ᠢ ᠴᠠᠭ ᠲᠤᠬᠠᠢ ᠳᠤᠨᠢ ᠲᠠᠷᠬᠠᠭᠠᠬᠤ ᠬᠡᠷᠡᠭᠲᠡᠢ᠃       ︵3︶ ᠲᠤᠬᠠᠢ ᠶᠢᠨ ᠲᠠᠯᠠᠪᠤᠷ ᠢ ᠰᠠᠶᠢᠲᠤᠷ ᠬᠠᠮᠠᠭᠠᠯᠠᠬᠤ ᠬᠡᠷᠡᠭᠲᠡᠢ᠃       ︵4︶ ᠠᠮᠠᠷᠠᠯᠲᠠ ᠶᠢᠨ  ᠣᠷᠣᠨ ᠤ ᠬᠠᠮᠢᠶᠠᠷᠤᠯᠲᠠ ᠶᠢᠨ ᠵᠥᠪᠯᠡᠯ ᠤᠨ ᠠᠯᠪᠠᠨ ᠭᠡᠷ ᠲᠤ ᠳᠠᠷᠤᠶᠢᠬᠠᠨ ᠮᠡᠳᠡᠭᠦᠯᠬᠦ ᠬᠡᠷᠡᠭᠲᠡᠢ᠃       ᠠᠷᠪᠠᠨ ᠳᠥᠷᠪᠡᠳᠦᠭᠡᠷ ᠵᠦᠢᠯ ᠪᠠᠴᠢᠮ ᠪᠠᠶᠢᠳᠠᠯ ᠢ ᠠᠷᠭᠠᠴᠠᠭᠠᠬᠤ ᠳᠤ ᠳᠠᠭᠠᠵᠤ ᠬᠢᠬᠦ ᠶᠠᠪᠤᠴᠠ ᠳᠤ᠂ ᠠᠮᠤᠷ ᠢ ᠬᠠᠮᠠᠭᠠᠯᠠᠬᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠵᠢᠯᠤᠭᠤᠳᠬᠤ ᠭᠠᠵᠠᠷ ᠨᠢ ᠪᠤᠰᠤᠳ ᠬᠠᠮᠢᠶ᠎ᠠ ᠪᠦᠬᠦᠢ ᠰᠠᠯᠠᠭ᠎ᠠ ᠮᠥᠴᠢᠷ ᠯᠦᠭᠡ ᠨᠢᠭᠲᠠ ᠬᠠᠮᠵᠢᠯᠴᠠᠵᠤ᠂ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠬᠠᠮᠲᠤᠪᠠᠷ ᠨᠠᠶᠢᠳᠠᠪᠤᠷᠢᠵᠢᠭᠤᠯᠬᠤ ᠬᠡᠷᠡᠭᠲᠡᠢ᠃ ᠡᠭᠦᠨ ᠳᠤ᠄       1. ᠬᠤᠳᠠ ᠶᠢᠨ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠲᠠᠢ ᠬᠠᠮᠵᠢᠯᠴᠠᠨ᠂ ᠨᠢᠭᠤᠴᠠ ᠮᠡᠳᠡᠭᠡ ᠮᠡᠳᠡᠭᠡ ᠵᠠᠩᠭᠢ ᠶᠢ ᠣᠯᠵᠤ᠂ ᠠᠮᠠᠷᠠᠯᠲᠠ ᠶᠢᠨ ᠣᠷᠣᠨ ᠤ ᠠᠮᠤᠷ ᠲᠦᠪᠰᠢᠨ ᠲᠣᠭᠲᠠᠭᠤᠨ ᠪᠠᠶᠢᠳᠠᠯ ᠢ ᠬᠠᠮᠲᠤ ᠪᠠᠷ ᠬᠠᠮᠠᠭᠠᠯᠠᠨ᠎ᠠ᠃       2. ᠬᠤᠳᠠ ᠶᠢᠨ ᠭᠠᠯ ᠰᠠᠷᠭᠡᠶᠢᠯᠠᠵᠣ ᠤᠨᠲᠠᠷᠠᠭᠠᠬᠤ ᠶᠡᠭᠡ ᠠᠩᠭᠢ ᠲᠠᠢ ᠬᠠᠮᠵᠢᠯᠴᠠᠨ᠂ ᠭᠠᠯ ᠤᠨ ᠠᠶᠤᠯ ᠤᠨ ᠪᠠᠴᠢᠮ ᠪᠠᠶᠢᠳᠠᠯ   ᠢ ᠠᠷᠭᠠᠴᠠᠭᠠᠵᠤ ᠠᠪᠤᠷᠠᠨ ᠲᠤᠰᠠᠯᠠᠬᠤ ᠴᠢᠳᠠᠪᠤᠷᠢ ᠪᠠᠨ ᠳᠡᠭᠡᠭᠰᠢᠯᠡᠭᠦᠯᠵᠦ᠂ ᠬᠥᠮᠥᠰ ᠪᠣᠯᠣᠨ  ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃᡾       3. ᠬᠤᠳᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠤ ᠶᠢᠨ ᠵᠦᠪᠯᠡᠯ ᠲᠠᠢ ᠬᠠᠮᠵᠢᠯᠴᠠᠨ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠢ ᠰᠢᠢᠳᠪᠦᠷᠢᠯᠡᠵᠦ᠂ ᠵᠤᠭᠠᠴᠠᠭᠰᠠᠳ ᠪᠠ ᠠᠵᠢᠯᠲᠠᠨ ᠤ ᠡᠷᠡᠭᠦᠯ ᠮᠡᠨᠳᠤ ᠶᠢ ᠪᠠᠲᠤᠯᠠᠨ᠎ᠠ᠃       4. ᠬᠤᠲᠠ ᠶᠢᠨ ᠰᠣᠶᠣᠯ ᠵᠣᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ ᠲᠠᠢ ᠬᠠᠮᠵᠢᠯᠴᠠᠨ᠂ ᠵᠣᠭᠠᠴᠠᠯ ᠤᠨ ᠠᠵᠢᠯᠯᠠᠭ᠎ᠠ ᠶᠢᠨ ᠠᠮᠤᠷ ᠲᠦᠪᠰᠢᠨ ᠢ ᠬᠠᠮᠲᠤᠪᠠᠷ ᠪᠠᠲᠤᠯᠠᠵᠤ᠂  ᠵᠣᠭᠠᠴᠠᠬᠰᠠᠳ ᠤᠨ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ᠃       5. ᠬᠤᠲᠠ ᠶᠢᠨ ᠰᠦᠯᠵᠢᠶᠡᠨ ᠤ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠭᠠᠬᠤ ᠵᠢᠯᠤᠭᠤᠳᠬᠤ ᠲᠥᠪ ᠲᠠᠢ ᠬᠠᠮᠵᠢᠯᠴᠠᠨ᠂ ᠰᠦᠯᠵᠢᠶᠡᠨ ᠤ ᠠᠮᠤᠷ ᠲᠦᠪᠰᠢᠨ ᠤ ᠬᠠᠮᠠᠭᠠᠯᠠᠯᠲᠠ ᠶᠢ ᠴᠢᠩᠭᠠᠳᠬᠠᠵᠤ᠂ ᠮᠡᠳᠡᠭᠡ ᠵᠠᠩᠭᠢ ᠶᠢᠨ ᠰᠢᠰᠲ᠋ᠧᠮ ᠤᠨ ᠲᠣᠭᠲᠠᠭᠤᠨ ᠢᠶᠠᠷ ᠡᠷᠬᠢᠯᠠᠬᠦ ᠶᠢ ᠪᠠᠳᠣᠯᠠᠨ᠎ᠠ᠃       ᠠᠷᠪᠠᠨ ᠲᠠᠪᠤᠳᠤᠭᠠᠷ ᠵᠦᠢᠯ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠵᠦ ᠳᠠᠭᠤᠰᠤᠭᠰᠠᠨ ᠤ ᠳᠠᠷᠠᠭ᠎ᠠ᠂ ᠠᠮᠤᠷ ᠢ ᠬᠠᠮᠠᠭᠠᠯᠠᠬᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠵᠢᠯᠤᠭᠤᠳᠬᠤ ᠭᠠᠵᠠᠷ ᠠᠴᠠ ᠬᠡᠷᠡᠭ ᠤᠨ ᠳᠠᠷᠠᠭᠠᠬᠢ ᠶᠠᠪᠤᠳᠠᠯ ᠢ ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠢ᠂ ᠪᠣᠳᠠᠲᠠᠢ ᠪᠠᠷ ᠬᠡᠯᠡᠪᠡᠯ᠄       1. ᠬᠤᠬᠢᠷᠠᠭᠰᠠᠨ ᠲᠦᠬᠦᠭᠡᠷᠣᠮᠵᠢ ᠶᠢ ᠰᠡᠯᠪᠢᠨ ᠵᠠᠰᠠᠬᠤ ᠪᠤᠶᠤ ᠰᠣᠯᠢᠵᠤ᠂ ᠠᠮᠠᠷᠠᠯᠲᠠ ᠶᠢᠨ ᠣᠷᠣᠨ ᠤ ᠬᠡᠪ ᠤᠨ ᠡᠵᠡᠩᠨᠡᠯᠲᠡ ᠶᠢ ᠦᠨᠡᠨ ᠬᠦ ᠪᠠᠲᠤᠯᠠᠨ᠎ᠠ᠃       2. ᠨᠥᠯᠥᠭᠡᠯᠡᠭᠳᠡᠭᠰᠡᠨ ᠵᠤᠭᠠᠴᠠᠭᠰᠠᠳ ᠪᠠ ᠠᠵᠢᠯᠲᠠᠳ ᠲᠤ ᠴᠢᠬᠤᠯᠠ ᠪᠦᠬᠦᠢ ᠰᠡᠳᠬᠢᠴᠡ ᠶᠢᠨ ᠵᠢᠯᠣᠭᠤᠳᠤᠯᠭ᠎ᠠ ᠪᠠ ᠲᠠᠶᠢᠳᠬᠤᠷᠠᠭᠤᠯᠤᠯ ᠬᠠᠩᠭᠠᠨ᠎ᠠ᠃       3. ᠬᠡᠷᠡᠭ ᠲᠤ ᠬᠤᠯᠪᠣᠭᠳᠠᠭᠰᠠᠨ ᠬᠥᠮᠥᠨ ᠢ ᠬᠠᠤᠯᠢ ᠶᠣᠰᠣᠭᠠᠷ ᠰᠢᠢᠳᠪᠦᠷᠢᠯᠡᠵᠦ᠂ ᠬᠠᠷᠢᠭᠤᠴᠠᠯᠭ᠎ᠠ ᠲᠠᠢ ᠨᠢᠭᠡᠴᠢ ᠪᠤᠶᠤ ᠬᠤᠪᠢ ᠬᠥᠮᠥᠨ ᠠᠴᠠ ᠬᠠᠷᠢᠭᠤᠴᠠᠯᠭ᠎ᠠ ᠨᠡᠬᠡᠮᠵᠢᠯᠡᠨ᠎ᠡ᠃       4. ᠡ᠊ᠨᠳᠡᠯ ᠤᠨ ᠰᠢᠯᠲᠠᠭᠠᠨ ᠤ ᠪᠠᠶᠢᠴᠠᠭᠠᠯᠲᠠ ᠶᠢ ᠥᠷᠨᠢᠭᠦᠯᠵᠦ᠂ ᠡ᠊ᠨᠳᠡᠯ ᠤᠨ ᠠᠷᠤ ᠳᠠᠬᠢ ᠠᠮᠤᠷ ᠲᠦᠪᠰᠢᠨ ᠤ ᠳᠠᠯᠳᠠ ᠬᠡᠮ ᠢ ᠭᠦᠨᠵᠡᠭᠡᠢ ᠠᠭᠤᠳᠠᠯᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠢ  ᠱᠠᠯᠠᠪᠳᠡᠭᠤᠯᠵᠣ ᠪᠠᠶᠢᠭᠠᠳ ᠴᠡᠭᠴᠡᠯᠡᠨ ᠰᠠᠶᠢᠵᠢᠷᠠᠭᠤᠯᠤᠨ᠎ᠠ᠃       5. ᠡ᠊ᠨᠳᠡᠯ ᠤᠨ ᠰᠤᠷᠭᠠᠮᠵᠢ ᠶᠢ ᠳ᠋ᠦᠩᠨᠡᠵᠦ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠢ ᠲᠡᠭᠦᠯᠳᠡᠷᠵᠢᠭᠦᠯᠦᠨ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠦᠨ᠎ᠡ᠃       ᠲᠠᠪᠤᠳᠤᠭᠠᠷ ᠪᠦᠯᠦᠭ᠂ ᠠᠮᠤᠷ ᠢ ᠬᠠᠮᠠᠭᠠᠯᠠᠬᠤ ᠪᠣᠯᠪᠠᠰᠤᠷᠠᠯ ᠪᠠ ᠰᠣᠷᠢᠯᠲᠠ       ᠠᠷᠪᠠᠨ ᠵᠢᠷᠭᠤᠳᠤᠭᠠᠷ ᠵᠦᠢᠯ ᠠᠮᠤᠷ᢭ ᠢ ᠬᠠᠮᠠᠭᠠᠯᠠᠬᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠵᠢᠯᠤᠭᠤᠳᠬᠤ ᠭᠠᠵᠠᠷ ᠠᠴᠠ ᠠᠮᠠᠷᠠᠯᠲᠠ ᠶᠢᠨ ᠣᠷᠣᠨ ᠤ ᠳᠣᠲᠣᠷᠠᠬᠢ ᠠᠮᠤᠷ ᠢ ᠬᠠᠮᠠᠭᠠᠯᠠᠬᠤ ᠠᠵᠢᠯᠲᠠᠨ ᠪᠣᠯᠣᠨ ᠬᠠᠮᠢᠶ᠎ᠠ ᠪᠦᠬᠦᠢ ᠠᠵᠢᠯᠲᠠᠨ ᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ ᠠᠮᠤᠷ ᠢ ᠬᠠᠮᠠᠭᠠᠯᠠᠬᠤ ᠪᠣᠯᠪᠠᠰᠤᠷᠠᠯ ᠬᠢᠯᠭᠡᠵᠦ᠂ ᠲᠤᠬᠠᠶᠢᠯᠠᠭᠰᠠᠨ ᠠᠵᠢᠯ ᠤᠨ ᠬᠢᠷᠢ ᠬᠡᠮᠵᠢᠶ᠎ᠡ ᠪᠣᠯᠣᠨ ᠭᠡᠨᠡᠳᠲᠡ ᠶᠢᠨ ᠬᠡᠷᠡᠭ ᠢ  ᠠᠷᠭᠠᠴᠠᠭᠠᠬᠤ ᠴᠢᠳᠠᠪᠤᠷᠢ ᠶᠢ ᠨᠢ ᠳᠡᠭᠡᠭᠰᠢᠯᠡᠭᠦᠯᠬᠦ ᠬᠡᠷᠡᠭᠲᠡᠢ᠃ ᠪᠣᠯᠪᠠᠰᠤᠷᠠᠭᠤᠯᠬᠤ ᠠᠭᠤᠯᠭ᠎ᠠ ᠳᠤ᠄       1. ᠬᠠᠤᠯᠢ ᠴᠠᠭᠠᠵᠠ ᠬᠠᠤᠯᠢ ᠲᠣᠭᠲᠠᠭᠠᠯ᠄ ᠠᠶᠤᠯᠭᠦᠢ ᠦᠢᠯᠡᠳᠪᠦᠷᠢᠯᠡᠯ᠂ ᠭᠠᠯ ᠤᠨᠲᠠᠷᠠᠭᠠᠬᠤ ᠠᠮᠤᠷ ᠲᠦᠪᠰᠢᠨ᠂ ᠵᠣᠭᠠᠴᠠᠯ ᠤᠨ ᠠᠮᠤᠷ ᠲᠦᠪᠰᠢᠨ ᠵᠡᠷᠭᠡ ᠲᠠᠯ᠎ᠠ ᠪᠠᠷ ᠬᠢ ᠤᠯᠤᠰ ᠪᠠ ᠣᠷᠣᠨ ᠨᠤᠲᠤᠭ ᠤᠨ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠲᠥᠷᠥ ᠶᠢᠨ ᠪᠣᠳᠣᠯᠭ᠎ᠠ ᠶᠢ ᠡᠵᠡᠮᠰᠢᠬᠦᠯᠣᠨ᠎ᠠ᠃       2.ᠠᠶᠤᠯᠭᠦᠢ ᠶᠢᠨ ᠮᠡᠳᠡᠯᠭᠡ᠄ ᠠᠮᠠᠷᠠᠯᠲᠠ ᠶᠢᠨ ᠣᠷᠣᠨ ᠤ ᠳᠣᠲᠣᠷᠠᠬᠢ ᠡᠯ᠎ᠡ ᠵᠦᠢᠯ ᠤᠨ ᠠᠶᠤᠯᠭᠦᠢ ᠶᠢᠨ ᠲᠥᠬᠦᠭᠡᠷᠦᠮᠵᠢ᠂ ᠪᠠᠭᠠᠵᠢ ᠬᠡᠷᠡᠭᠰᠡᠯ ᠤᠨ ᠴᠢᠳᠠᠮᠵᠢ ᠪᠠ ᠬᠡᠷᠡᠭᠯᠡᠬᠦ ᠠᠷᠭ᠎ᠠ ᠶᠢ ᠰᠠᠶᠢᠨ ᠮᠡᠳᠡᠬᠦᠯᠣᠨ᠎ᠠ᠃       3. ᠲᠤᠬᠠᠶᠢᠯᠠᠭᠰᠠᠨ ᠠᠵᠢᠯ ᠤᠨ ᠤᠷ᠎ᠠ ᠴᠢᠳᠠᠪᠤᠷᠢ᠄ ᠠᠮᠤᠷ ᠢ ᠬᠠᠮᠠᠭᠠᠯᠠᠬᠤ ᠠᠵᠢᠯᠲᠠᠨ ᠤ ᠲᠣᠭᠤᠷᠢᠨ ᠴᠠᠭᠳᠠᠬᠤ᠂ ᠲᠦᠭᠰᠢᠭᠦᠷᠢ ᠮᠡᠳᠡᠭᠦᠯᠬᠦ᠂ ᠪᠠᠷᠢᠪᠴᠢᠯᠠᠬᠤ᠂ ᠰᠢᠢᠳᠪᠦᠷᠢᠯᠡᠬᠦ ᠵᠡᠷᠭᠡ ᠪᠣᠳᠠᠲᠠᠢ ᠠᠵᠢᠯᠯᠠᠬᠤ ᠤᠷ᠎ᠠ ᠴᠢᠳᠠᠪᠤᠷᠢ ᠶᠢ ᠳᠡᠭᠡᠭᠰᠢᠯᠡᠭᠦᠯᠦᠨ᠎ᠡ  ᠃       4. ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ᠄ ᠡᠯ᠎ᠡ ᠲᠥᠷᠥᠯ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ  ᠠᠷᠭᠠᠴᠠᠭᠠᠬᠤ ᠳᠤ ᠳᠠᠭᠠᠵᠤ ᠬᠢᠬᠦ ᠲᠠᠰ ᠳᠠᠷᠠᠭᠠᠯᠠᠯ ᠪᠠ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠡᠵᠡᠮᠳᠡᠨ᠎ᠡ᠃       5. ᠰᠡᠳᠬᠢᠴᠡ   ᠶᠢᠨ ᠬᠡᠪ ᠴᠢᠨᠠᠷ᠄ ᠠᠮᠤᠷ   ᠢ ᠬᠠᠮᠠᠭᠠᠯᠠᠭᠴᠢ   ᠶᠢᠨ ᠰᠡᠳᠬᠢᠴᠡ   ᠶᠢᠨ ᠬᠡᠪ ᠴᠢᠨᠠᠷ   ᠢ ᠬᠥᠮᠥᠵᠢᠭᠦᠯᠵᠦ᠂ ᠭᠡᠨᠡᠳᠲᠡ   ᠶᠢᠨ ᠬᠡᠷᠡᠭ   ᠢ  ᠠᠷᠭᠠᠴᠠᠭᠠᠬᠤ ᠰᠡᠳᠬᠢᠴᠡ   ᠶᠢᠨ ᠳᠠᠭᠠᠭᠠᠴᠠ   ᠶᠢ ᠨᠢ ᠳᠡᠭᠡᠭᠰᠢᠯᠡᠭᠦᠯᠦᠨ᠎ᠡ  ᠃       6. ᠨᠡᠪᠲᠡᠷᠡᠯᠴᠡᠨ ᠵᠣᠬᠢᠴᠠᠭᠤᠯᠬᠤ᠄ ᠠᠮᠤᠷ ᠢ ᠬᠠᠮᠠᠭᠠᠯᠠᠬᠤ ᠠᠵᠢᠯᠲᠠᠨ ᠬᠢᠭᠡᠳ ᠵᠣᠭᠠᠴᠠᠭᠴᠢ᠂ ᠠᠵᠢᠯᠲᠠᠨ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠨᠡᠪᠲᠡᠷᠡᠯᠴᠡᠨ ᠵᠣᠬᠢᠴᠠᠭᠤᠯᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃       ᠠᠷᠪᠠᠨ ᠳᠣᠯᠣᠳᠤᠭᠠᠷ ᠵᠦᠢᠯ᠂ ᠠᠮᠤᠷ ᠢ ᠬᠠᠮᠠᠭᠠᠯᠠᠬᠤ ᠠᠵᠢᠯᠲᠠᠨ ᠪᠠ ᠬᠤᠯᠪᠣᠭᠳᠠᠯ ᠪᠦᠬᠦᠢ ᠠᠵᠢᠯᠲᠠᠨ ᠤ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠶᠢ ᠰᠢᠯᠭᠠᠨ ᠪᠠᠶᠢᠴᠠᠭᠠᠬᠤ ᠶᠢᠨ ᠲᠥᠯᠥᠭᠡ᠂ ᠠᠮᠤᠷ ᠢ ᠬᠠᠮᠠᠭᠠᠯᠠᠬᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠵᠢᠯᠤᠭᠤᠳᠬᠤ ᠭᠠᠵᠠᠷ ᠠᠴᠠ ᠲᠣᠭᠲᠠᠮᠠᠯ ᠬᠤᠭᠤᠴᠠᠭ᠎ᠠ ᠲᠠᠢ ᠪᠠᠷ ᠠᠮᠤᠷ ᠲᠦᠪᠰᠢᠨ ᠤ ᠰᠣᠷᠢᠯᠲᠠ ᠶᠢ ᠵᠣᠬᠢᠶᠠᠨ ᠪᠠᠶᠢᠭᠤᠯᠬᠤ ᠬᠡᠷᠡᠭᠲᠡᠢ᠂ ᠡᠭᠦᠨ ᠳᠤ᠄       1. ᠭᠠᠯ ᠤᠨᠲᠠᠷᠠᠭᠠᠬᠤ ᠰᠣᠷᠢᠯᠲᠠ᠄ ᠭᠠᠯ ᠤᠨ ᠠᠶᠤᠯ᠂ ᠳᠡᠯᠪᠡᠷᠡᠯᠲᠡ ᠵᠡᠷᠭᠡ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠡ᠊ᠨᠳᠡᠯ ᠳᠤ ᠴᠢᠭᠯᠡᠭᠦᠯᠦᠨ᠂ ᠭᠠᠯ ᠤᠨᠲᠠᠷᠠᠭᠠᠬᠤ᠂ ᠲᠠᠷᠬᠠᠭᠠᠬᠤ᠂ ᠠᠪᠤᠷᠠᠨ ᠲᠤᠰᠠᠯᠠᠬᠤ ᠵᠡᠷᠭᠡ ᠲᠠᠯ᠎ᠠ ᠶᠢᠨ ᠰᠣᠷᠢᠯᠲᠠ ᠬᠢᠨ᠎ᠡ᠃᡾       2. ᠠᠮᠤᠷ ᠢ ᠬᠠᠮᠠᠭᠠᠯᠠᠬᠤ ᠰᠣᠷᠢᠯᠲᠠ᠄ ᠬᠤᠯᠠᠭᠠᠶᠢᠯᠠᠬᠤ᠂ ᠳᠡᠭᠡᠷᠡᠮᠳᠡᠬᠦ᠂ ᠵᠣᠳᠣᠯᠳᠤᠬᠤ ᠵᠡᠷᠭᠡ ᠠᠮᠤᠷ ᠢ ᠬᠠᠮᠠᠭᠠᠯᠠᠬᠤ ᠬᠡᠷᠡᠭ ᠲᠤ ᠴᠢᠭᠯᠡᠭᠦᠯᠦᠨ᠂ ᠲᠤᠬᠠᠢ ᠶᠢᠨ ᠭᠠᠵᠠᠷ ᠲᠤᠨᠢ ᠰᠢᠢᠳᠪᠦᠷᠢᠯᠡᠬᠦ᠂ ᠲᠦᠭᠰᠢᠭᠦᠷᠢ ᠮᠡᠳᠡᠭᠦᠯᠬᠦ᠂ ᠪᠠᠷᠢᠪᠴᠢᠯᠠᠬᠤ ᠵᠡᠷᠭᠡ ᠲᠠᠯ᠎ᠠ ᠶᠢᠨ ᠰᠣᠷᠢᠯᠲᠠ ᠬᠢᠨ᠎ᠡ᠃       3. ᠵᠣᠭᠠᠴᠠᠯ ᠤᠨ ᠠᠮᠤᠷ ᠲᠦᠪᠰᠢᠨ ᠤ ᠰᠣᠷᠢᠯᠲᠠ᠄  ᠵᠣᠭᠠᠴᠠᠬᠰᠠᠳ ᠤᠨ ᠰᠢᠷᠬᠠᠲᠤᠭᠰᠠᠨ᠂  ᠵᠣᠭᠠᠴᠠᠬᠰᠠᠳ ᠤᠨ ᠬᠠᠷᠢᠯᠴᠠᠭ᠎ᠠ ᠲᠠᠰᠤᠷᠠᠭᠰᠠᠨ ᠵᠡᠷᠭᠡ ᠵᠣᠭᠠᠴᠠᠯ ᠤᠨ ᠠᠮᠤᠷ ᠲᠦᠪᠰᠢᠨ ᠤ ᠡ᠊ᠨᠳᠡᠯ ᠳᠤ ᠴᠢᠭᠯᠡᠭᠦᠯᠦᠨ ᠂ ᠠᠪᠤᠷᠠᠨ ᠲᠤᠰᠠᠯᠠᠬᠤ᠂ ᠨᠡᠩᠵᠢᠬᠦ᠂ ᠵᠣᠬᠢᠴᠠᠭᠤᠯᠬᠤ ᠵᠡᠷᠭᠡ ᠲᠠᠯ᠎ᠠ ᠶᠢᠨ ᠰᠣᠷᠢᠯᠲᠠ ᠬᠢᠨ᠎ᠡ᠃       4. ᠬᠠᠮᠲᠤᠯᠢᠭ ᠤᠨ ᠴᠢᠨᠠᠷᠲᠠᠢ ᠬᠡᠷᠡᠭ ᠤᠨ ᠰᠣᠷᠢᠯᠲᠠ᠄ ᠡᠰᠡᠷᠭᠦᠴᠡᠯ ᠲᠠᠯᠪᠢᠬᠤ᠂ ᠰᠦᠷᠳᠣ ᠵᠢᠬᠰᠠᠭᠠᠯ ᠵᠡᠷᠭᠡ ᠬᠠᠮᠲᠤᠯᠢᠭ ᠤᠨ ᠴᠢᠨᠠᠷᠲᠠᠢ ᠬᠡᠷᠡᠭ ᠲᠤ ᠴᠢᠭᠯᠡᠭᠦᠯᠦᠨ᠂ ᠲᠤᠬᠠᠢ ᠶᠢᠨ ᠲᠠᠯᠠᠪᠤᠷ ᠲᠤ ᠰᠢᠢᠳᠪᠦᠷᠢᠯᠡᠬᠦ᠂ ᠵᠠᠯᠠᠵᠤ ᠵᠢᠯᠤᠭᠤᠳᠬᠤ᠂ ᠵᠣᠬᠢᠴᠠᠭᠤᠯᠬᠤ ᠵᠡᠷᠭᠡ ᠲᠠᠯ᠎ᠠ ᠶᠢᠨ ᠰᠣᠷᠢᠯᠲᠠ ᠬᠢᠨ᠎ᠡ᠃       5. ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠤᠨ ᠰᠣᠷᠢᠯᠲᠠ᠄ ᠢᠳᠡᠭᠡᠨ ᠳᠤ ᠬᠤᠣᠷᠳᠠᠭᠳᠠᠭᠰᠠᠨ᠂ ᠬᠠᠯᠳᠠᠪᠤᠷᠢᠲᠤ ᠡᠪᠡᠳᠴᠢᠨ ᠤ ᠬᠢᠵᠢᠭ ᠤᠨ ᠪᠠᠶᠢᠳᠠᠯ ᠵᠡᠷᠭᠡ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠲᠤ ᠴᠢᠭᠯᠡᠭᠦᠯᠦᠨ᠂ ᠲᠤᠰᠠᠭᠠᠷᠯᠠᠬᠤ᠂ ᠠᠪᠤᠷᠠᠨ ᠵᠠᠰᠠᠬᠤ᠂ ᠳᠡᠭᠡᠭᠰᠢ ᠮᠡᠳᠡᠭᠦᠯᠬᠦ ᠵᠡᠷᠭᠡ ᠲᠠᠯ᠎ᠠ ᠶᠢᠨ ᠰᠣᠷᠢᠯᠲᠠ ᠬᠢᠨ᠎ᠡ︔       6. ᠮᠡᠳᠡᠭᠡ ᠵᠠᠩᠭᠢ ᠶᠢᠨ ᠠᠮᠤᠷ ᠲᠦᠪᠰᠢᠨ ᠤ ᠰᠣᠷᠢᠯᠲᠠ᠄ ᠰᠦᠯᠵᠢᠶᠡᠨ ᠤ ᠳᠠᠭᠠᠷᠢᠯᠲᠠ᠂ ᠲᠤᠭ᠎ᠠ ᠪᠠᠷᠢᠮᠲᠠ ᠯᠡᠪᠡᠷᠡᠭᠰᠡᠨ ᠵᠡᠷᠭᠡ ᠮᠡᠳᠡᠭᠡ ᠵᠠᠩᠭᠢ ᠶᠢᠨ ᠠᠮᠤᠷ ᠲᠦᠪᠰᠢᠨ ᠤ ᠬᠡᠷᠡᠭ ᠲᠤ ᠴᠢᠭᠯᠡᠭᠦᠯᠦᠨ᠂ ᠪᠠᠴᠢᠮ ᠪᠠᠶᠢᠳᠠᠯ ᠢ ᠠᠷᠭᠠᠴᠠᠭᠠᠬᠤ ᠳᠤ ᠳᠠᠭᠠᠬᠤ᠂ ᠵᠠᠰᠠᠨ ᠰᠡᠷᠭᠦᠭᠡᠬᠦ᠂ ᠳᠡᠭᠡᠭᠰᠢ ᠮᠡᠳᠡᠭᠦᠯᠬᠦ ᠵᠡᠷᠭᠡ ᠲᠠᠯ᠎ᠠ ᠶᠢᠨ ᠰᠣᠷᠢᠯᠲᠠ ᠬᠢᠨ᠎ᠡ᠃       ᠠᠷᠪᠠᠨ ᠨᠠᠢᠮᠠᠳᠤᠭᠠᠷ ᠵᠦᠢᠯ᠂ ᠠᠮᠤᠷ ᠢ ᠬᠠᠮᠠᠭᠠᠯᠠᠬᠤ ᠪᠣᠯᠪᠠᠰᠤᠷᠠᠯ ᠬᠢᠭᠡᠳ ᠰᠣᠷᠢᠯᠲᠠ ᠳᠤ ᠳᠣᠣᠷᠠᠬᠢ ᠵᠠᠷᠴᠢᠮ ᠤᠳ ᠢ ᠵᠢᠷᠤᠮᠯᠠᠬᠤ ᠬᠡᠷᠡᠭᠲᠡᠢ᠄       1. ᠰᠢᠰᠲ᠋ᠧᠮᠲᠦ ᠴᠢᠨᠠᠷ᠄ ᠪᠣᠯᠪᠠᠰᠤᠷᠠᠯ ᠪᠠ ᠰᠣᠷᠢᠯᠲᠠ ᠶᠢᠨ ᠠᠭᠤᠯᠭ᠎ᠠ ᠨᠢ ᠠᠮᠠᠷᠠᠯᠲᠠ ᠶᠢᠨ ᠣᠷᠣᠨ ᠤ ᠳᠣᠲᠣᠷᠠᠬᠢ ᠡᠯ᠎ᠡ ᠲᠥᠷᠥᠯ ᠤᠨ ᠠᠮᠤᠷ ᠲᠦᠪᠰᠢᠨ ᠤ ᠲᠦᠭᠰᠢᠭᠦᠷᠢ ᠪᠠ ᠭᠡᠨᠡᠳᠲᠡ ᠶᠢᠨ ᠬᠡᠷᠡᠭ ᠢ ᠪᠥᠬᠦ ᠲᠠᠯ᠎ᠠ ᠪᠠᠷ ᠬᠠᠮᠤᠷᠬᠤ ᠬᠡᠷᠡᠭᠲᠡᠢ  ᠃       2. ᠬᠠᠨᠳᠤᠯᠭᠠᠲᠤ ᠴᠢᠨᠠᠷ᠄ ᠠᠮᠠᠷᠠᠯᠲᠠ ᠶᠢᠨ ᠣᠷᠣᠨ ᠤ ᠪᠣᠳᠠᠲᠠᠢ ᠪᠠᠶᠢᠳᠠᠯ ᠪᠠ ᠠᠮᠤᠷ ᠲᠦᠪᠰᠢᠨ ᠤ ᠳᠠᠯᠳᠠ ᠬᠡᠮ ᠢ ᠦᠨᠳᠦᠰᠦᠯᠡᠨ᠂ ᠬᠠᠨᠳᠤᠯᠭᠠᠲᠤ ᠴᠢᠨᠠᠷᠲᠠᠢ ᠪᠠᠷ ᠪᠣᠯᠪᠠᠰᠤᠷᠠᠯ ᠤᠨ ᠠᠭᠤᠯᠭ᠎ᠠ ᠪᠠ ᠰᠣᠷᠢᠯᠲᠠ ᠶᠢᠨ ᠲᠥᠰᠥᠯ ᠢ ᠲᠥᠯᠥᠪᠯᠡᠨ᠎ᠡ  ᠃       3. ᠪᠣᠳᠠᠲᠤ ᠪᠠᠶᠢᠯᠳᠤᠭᠠᠨ ᠤ ᠴᠢᠨᠠᠷ᠄ ᠪᠣᠯᠪᠠᠰᠤᠷᠠᠯ ᠪᠠ ᠰᠣᠷᠢᠯᠲᠠ ᠶᠢ ᠠᠯᠢ ᠴᠢᠳᠠᠬᠤ ᠪᠠᠷ ᠪᠣᠳᠠᠲᠠᠢ ᠠᠵᠢᠯ ᠳᠤ ᠣᠶᠢᠷᠠᠲᠤᠭᠤᠯᠵᠤ᠂ ᠠᠮᠤᠷ ᠢ ᠬᠠᠮᠠᠭᠠᠯᠠᠬᠤ ᠠᠵᠢᠯᠲᠠᠨ ᠪᠠ ᠬᠠᠮᠢᠶ᠎ᠠ ᠪᠦᠬᠦᠢ ᠠᠵᠢᠯᠲᠠᠨ ᠤ ᠪᠣᠳᠠᠲᠤ ᠪᠠᠶᠢᠯᠳᠤᠭᠠᠨ ᠤ ᠠᠷᠭᠠᠴᠠᠭᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃       4. ᠲᠣᠭᠲᠠᠮᠠᠯ ᠬᠤᠭᠤᠴᠠᠭᠠᠲᠤ ᠴᠢᠨᠠᠷ᠄ ᠠᠮᠤᠷ ᠢ ᠬᠠᠮᠠᠭᠠᠯᠠᠬᠤ ᠪᠣᠯᠪᠠᠰᠤᠷᠠᠯ ᠪᠠ ᠰᠣᠷᠢᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠶᠠᠪᠤᠭᠳᠠᠭᠤᠯᠵᠤ᠂ ᠠᠮᠤᠷ ᠢ ᠬᠠᠮᠠᠭᠠᠯᠠᠬᠤ ᠠᠵᠢᠯᠲᠠᠨ ᠪᠠ ᠬᠠᠮᠢᠶ᠎ᠠ ᠪᠦᠬᠦᠢ ᠠᠵᠢᠯᠲᠠᠨ ᠤ ᠮᠡᠳᠡᠯᠭᠡ ᠪᠠ ᠤᠷ᠎ᠠ ᠴᠢᠳᠠᠪᠤᠷᠢ ᠶᠢ ᠴᠠᠭ ᠲᠤᠬᠠᠢ ᠳᠤᠨᠢ ᠰᠢᠨᠡᠳᠬᠡᠬᠦ ᠶᠢ ᠦᠨᠡᠨ ᠬᠦ ᠪᠠᠲᠤᠯᠠᠨ᠎ᠠ᠃       5. ᠪᠠᠴᠢᠮ ᠴᠢᠨᠠᠷ᠄ ᠭᠡᠨᠡᠳᠲᠡ ᠶᠢᠨ ᠬᠡᠷᠡᠭ ᠡᠭᠦᠰᠬᠦ ᠦᠶ᠎ᠡ ᠳᠤ᠂ ᠠᠮᠤᠷ ᠢ ᠬᠠᠮᠠᠭᠠᠯᠠᠬᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠵᠢᠯᠤᠭᠤᠳᠬᠤ ᠭᠠᠵᠠᠷ ᠨᠢ ᠳᠠᠷᠤᠢ ᠲᠦᠷᠭᠡᠨ ᠲᠤᠬᠠᠢ ᠶᠢᠨ ᠲᠠᠯᠠᠪᠤᠷ ᠤᠨ ᠠᠪᠤᠷᠠᠨ ᠲᠤᠰᠠᠯᠠᠬᠤ ᠪᠠ ᠬᠤᠶᠢᠲᠤᠬᠢ ᠶᠠᠪᠤᠳᠠᠯ ᠢ ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠵᠤ᠂ ᠪᠣᠯᠪᠠᠰᠤᠷᠠᠯ ᠪᠠ ᠰᠣᠷᠢᠯᠲᠠ ᠶᠢ ᠲᠦᠷ ᠵᠣᠭᠰᠤᠭᠠᠬᠤ ᠬᠡᠷᠡᠭᠲᠡᠢ᠃       ᠠᠷᠪᠠ ᠶᠢᠰᠦᠳᠦᠭᠡᠷ ᠵᠦᠢᠯ ᠠᠮᠤᠷ ᠢ ᠬᠠᠮᠠᠭᠠᠯᠠᠬᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠵᠢᠯᠤᠭᠤᠳᠬᠤ ᠭᠠᠵᠠᠷ ᠠᠴᠠ ᠪᠣᠯᠪᠠᠰᠤᠷᠠᠯ ᠬᠢᠭᠡᠳ ᠰᠣᠷᠢᠯᠲᠠ ᠶᠢᠨ ᠦᠷ᠎ᠡ ᠪᠦᠲᠦᠮᠵᠢ ᠶᠢ ᠦᠨᠡᠯᠡᠨ ᠵᠢᠱᠢᠵᠦ᠂ ᠲᠤᠷᠰᠢᠯᠭ᠎ᠠ ᠰᠤᠷᠭᠠᠮᠵᠢ ᠪᠠᠨ ᠳ᠋ᠦᠩᠨᠡᠨ᠂ ᠪᠣᠯᠪᠠᠰᠤᠷᠠᠯ ᠬᠢᠭᠡᠳ ᠰᠣᠷᠢᠯᠲᠠ ᠶᠢᠨ ᠠᠵᠢᠯ ᠢᠶᠠᠨ ᠲᠠᠰᠤᠷᠠᠯᠲᠠ ᠦᠭᠡᠢ ᠰᠠᠶᠢᠵᠢᠷᠠᠭᠤᠯᠬᠤ ᠬᠡᠷᠡᠭᠲᠡᠢ᠃ ᠪᠣᠳᠠᠲᠠᠢ ᠪᠠᠷ ᠬᠡᠯᠡᠪᠡᠯ᠄       1. ᠪᠣᠯᠪᠠᠰᠤᠷᠠᠯ ᠪᠠ ᠰᠣᠷᠢᠯᠲᠠ ᠳᠤ ᠣᠷᠣᠯᠴᠠᠭᠰᠠᠨ ᠠᠮᠤᠷ ᠢ ᠬᠠᠮᠠᠭᠠᠯᠠᠬᠤ ᠠᠵᠢᠯᠲᠠᠨ ᠪᠠ ᠬᠠᠮᠢᠶ᠎ᠠ ᠪᠦᠬᠦᠢ ᠠᠵᠢᠯᠲᠠᠨ ᠳᠤ ᠬᠢᠨᠠᠨ ᠰᠢᠯᠭᠠᠯᠲᠠ ᠬᠢᠵᠦ᠂ ᠲᠡᠳᠡᠨ ᠤ ᠪᠣᠯᠪᠠᠰᠤᠷᠠᠭᠤᠯᠤᠯ ᠤᠨ ᠦᠷ᠎ᠡ ᠪᠦᠲᠦᠭᠡᠯ ᠢ ᠦᠨᠡᠯᠡᠨ᠎ᠡ᠃       2. ᠪᠣᠯᠪᠠᠰᠤᠷᠠᠯ ᠪᠠ ᠰᠣᠷᠢᠯᠲᠠ ᠶᠢᠨ ᠶᠠᠪᠤᠴᠠ ᠳᠤ ᠢᠯᠡᠷᠡᠭᠰᠡᠨ ᠠᠰᠠᠭᠤᠳᠠᠯ ᠳᠤ ᠵᠠᠳᠠᠯᠤᠯᠲᠠ ᠬᠢᠵᠦ᠂ ᠬᠠᠯᠠᠨ ᠰᠠᠶᠢᠵᠢᠷᠠᠭᠤᠯᠬᠤ ᠠᠷᠭ᠎ᠠ ᠬᠡᠮᠵᠢᠶ᠎ᠡ ᠳᠤᠷᠠᠳᠤᠨ᠎ᠠ᠃       3. ᠠᠮᠤᠷ ᠢ ᠬᠠᠮᠠᠭᠠᠯᠠᠬᠤ ᠠᠵᠢᠯᠲᠠᠨ ᠪᠠ ᠬᠠᠮᠢᠶ᠎ᠠ ᠪᠦᠬᠦᠢ ᠠᠵᠢᠯᠲᠠᠨ ᠤ ᠪᠣᠯᠪᠠᠰᠤᠷᠠᠯ ᠪᠠ ᠰᠣᠷᠢᠯᠲᠠ ᠶᠢᠨ ᠰᠠᠨᠠᠭᠤᠯᠭ᠎ᠠ ᠪᠠ ᠰᠠᠨᠠᠯ ᠳᠤᠷᠠᠳᠬᠤ ᠶᠢ ᠵᠣᠷᠢᠭᠵᠢᠭᠤᠯᠵᠤ᠂ ᠪᠣᠯᠪᠠᠰᠤᠷᠠᠯ ᠪᠠ ᠰᠣᠷᠢᠯᠲᠠ ᠶᠢᠨ ᠠᠵᠢᠯ ᠢ ᠲᠡᠭᠦᠯᠳᠡᠷᠵᠢᠭᠦᠯᠬᠦ ᠳᠤ ᠯᠠᠪᠯᠠᠯᠲᠠ ᠬᠠᠩᠭᠠᠨ᠎ᠠ  ᠃       4. ᠪᠣᠯᠪᠠᠰᠤᠷᠠᠯ ᠬᠢᠭᠡᠳ ᠰᠣᠷᠢᠯᠲᠠ ᠶᠢᠨ ᠦᠷ᠎ᠡ ᠪᠦᠲᠦᠭᠡᠯ ᠢ ᠠᠮᠤᠷ ᠢ ᠬᠠᠮᠠᠭᠠᠯᠠᠬᠤ ᠠᠵᠢᠯᠲᠠᠨ ᠪᠠ ᠬᠠᠮᠢᠶ᠎ᠠ ᠪᠦᠬᠦᠢ ᠠᠵᠢᠯᠲᠠᠨ ᠤ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ᠂ ᠱᠠᠩᠨᠠᠵᠤ ᠲᠣᠷᠭᠠᠬᠤ ᠳᠦᠷᠢᠮ ᠯᠦᠭᠡ ᠬᠠᠷᠢᠯᠴᠠᠨ ᠤᠶᠠᠯᠳᠤᠭᠤᠯᠵᠤ᠂ ᠲᠡᠳᠡᠨ ᠤ ᠲᠤᠬᠠᠶᠢᠯᠠᠭᠰᠠᠨ ᠠᠵᠢᠯ ᠤᠨ ᠬᠢᠷᠢ ᠬᠡᠮᠵᠢᠶ᠎ᠡ ᠪᠠᠨ ᠳᠡᠭᠡᠭᠰᠢᠯᠡᠭᠦᠯᠬᠦ ᠶᠢ ᠵᠣᠷᠢᠭᠵᠢᠭᠤᠯᠤᠨ᠎ᠠ᠃       ᠵᠢᠷᠭᠤᠳᠤᠭᠠᠷ ᠪᠦᠯᠦᠭ᠂ ᠮᠡᠳᠡᠭᠡ ᠵᠠᠩᠭᠢ ᠶᠢ ᠮᠡᠳᠡᠭᠦᠯᠬᠦ ᠪᠠ ᠨᠡᠪᠲᠡᠷᠡᠯᠴᠡᠬᠦ       ᠬᠤᠷᠢᠳᠤᠭᠠᠷ ᠵᠦᠢᠯ ᠠᠮᠤᠷ ᠢ ᠬᠠᠮᠠᠭᠠᠯᠠᠬᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠵᠢᠯᠤᠭᠤᠳᠬᠤ ᠭᠠᠵᠠᠷ ᠨᠢ ᠠᠮᠠᠷᠠᠯᠲᠠ ᠶᠢᠨ ᠣᠷᠣᠨ ᠤ ᠳᠣᠲᠣᠷᠠᠬᠢ ᠮᠡᠳᠡᠭᠡ ᠵᠠᠩᠭᠢ ᠶᠢ ᠮᠡᠳᠡᠭᠦᠯᠬᠦ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠠᠮᠤᠷ ᠲᠦᠪᠰᠢᠨ ᠤ ᠴᠢᠬᠤᠯᠠ ᠮᠡᠳᠡᠭᠡ ᠵᠠᠩᠭᠢ ᠶᠢ ᠴᠠᠭ ᠲᠤᠬᠠᠢ ᠳᠤᠨᠢ ᠳᠡᠭᠡᠭᠰᠢ ᠮᠡᠳᠡᠭᠦᠯᠬᠦ ᠶᠢᠨ ᠬᠠᠮᠲᠤ ᠲᠣᠬᠢᠲᠠᠢ ᠰᠢᠢᠳᠪᠦᠷᠢᠯᠡᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠪᠣᠳᠠᠲᠠᠢ ᠠᠷᠭ᠎ᠠ ᠬᠡᠮᠵᠢᠶ᠎ᠡ ᠳᠤ ᠪᠠᠭᠲᠠᠬᠤ ᠨᠢ᠄       1. ᠠᠶᠤᠯᠭᠦᠢ ᠶᠢᠨ ᠮᠡᠳᠡᠭᠡ ᠵᠠᠩᠭᠢ ᠶᠢ ᠮᠡᠳᠡᠭᠦᠯᠬᠦ ᠲᠤᠰᠬᠠᠢ ᠠᠷᠭ᠎ᠠ ᠵᠠᠮ ᠢ ᠪᠠᠶᠢᠭᠤᠯᠵᠤ᠂ ᠠᠮᠤᠷ ᠢ ᠬᠠᠮᠠᠭᠠᠯᠠᠬᠤ ᠠᠵᠢᠯᠲᠠᠨ ᠪᠠ ᠬᠤᠯᠪᠣᠭᠳᠠᠯ ᠪᠦᠬᠦᠢ ᠠᠵᠢᠯᠲᠠᠨ ᠤ ᠠᠶᠤᠯᠭᠦᠢ ᠶᠢᠨ ᠮᠡᠳᠡᠭᠡ ᠵᠠᠩᠭᠢ ᠶᠢ ᠳᠡᠭᠡᠭᠰᠢ ᠮᠡᠳᠡᠭᠦᠯᠬᠦ ᠳᠤ ᠲᠦᠬᠦᠮ ᠦᠵᠡᠭᠦᠯᠦᠨ᠎ᠡ᠃       2. ᠮᠡᠳᠡᠭᠡ ᠵᠠᠩᠭᠢ ᠶᠢᠨ ᠮᠡᠳᠡᠭᠦᠯᠦᠯᠲᠡ ᠶᠢᠨ ᠠᠭᠤᠯᠭ᠎ᠠ ᠶᠢᠨ ᠱᠠᠭᠠᠷᠳᠠᠯᠭ᠎ᠠ ᠪᠠ ᠬᠡᠪ ᠵᠠᠭᠪᠤᠷ ᠢ ᠲᠣᠳᠣᠷᠬᠠᠶᠢᠯᠠᠵᠤ᠂ ᠮᠡᠳᠡᠭᠡ ᠵᠠᠩᠭᠢ ᠶᠢᠨ ᠮᠡᠳᠡᠭᠦᠯᠦᠯᠲᠡ ᠶᠢᠨ ᠣᠨᠣᠪᠴᠢᠲᠤ ᠴᠢᠨᠠᠷ ᠪᠠ ᠬᠡᠷᠡᠭᠯᠡᠵᠦ ᠪᠣᠯᠬᠤᠶᠢᠴᠠ ᠴᠢᠨᠠᠷ ᠢ ᠳᠡᠭᠡᠭᠰᠢᠯᠡᠭᠦᠯᠦᠨ᠎ᠡ᠃       3. ᠳᠡᠭᠡᠭᠰᠢ ᠮᠡᠳᠡᠭᠦᠯᠦᠭᠰᠡᠨ ᠠᠶᠤᠯᠭᠦᠢ ᠶᠢᠨ ᠮᠡᠳᠡᠭᠡ ᠵᠠᠩᠭᠢ ᠶᠢ ᠲᠦᠷᠦᠯ ᠬᠤᠪᠢᠶᠠᠬᠤ᠂ ᠬᠤᠷᠢᠶᠠᠩᠭᠤᠶᠢᠯᠠᠬᠤ ᠪᠠ ᠵᠠᠳᠠᠯᠤᠨ ᠰᠢᠨᠵᠢᠯᠡᠵᠦ᠂ ᠠᠮᠤᠷ ᠢ ᠬᠠᠮᠠᠭᠠᠯᠠᠬᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠦᠨᠳᠦᠰᠦᠯᠡᠯ ᠬᠠᠩᠭᠠᠨ᠎ᠠ᠃       4. ᠠᠮᠤᠷ ᠲᠦᠪᠰᠢᠨ ᠤ ᠴᠢᠬᠤᠯᠠ ᠶᠡᠭᠡ ᠮᠡᠳᠡᠭᠡ ᠵᠠᠩᠭᠢ ᠶᠢ ᠳᠡᠭᠡᠳᠦ ᠱᠠᠲᠤᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠲᠤ ᠴᠠᠭ ᠲᠤᠬᠠᠢ ᠳᠤᠨᠢ ᠮᠡᠳᠡᠭᠦᠯᠵᠦ᠂ ᠬᠤᠯᠪᠣᠭᠳᠠᠯ ᠪᠦᠬᠦᠢ ᠬᠠᠤᠯᠢ ᠲᠣᠭᠲᠠᠭᠠᠯ ᠪᠠ ᠳᠦᠷᠢᠮ ᠶᠣᠰᠣᠭᠠᠷ ᠰᠢᠢᠳᠪᠦᠷᠢᠯᠡᠨ᠎ᠡ᠃       ᠬᠤᠷᠢᠨ ᠨᠢᠭᠡᠳᠦᠭᠡᠷ ᠵᠦᠢᠯ ᠠᠮᠤᠷ ᠢ ᠬᠠᠮᠠᠭᠠᠯᠠᠬᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠵᠢᠯᠤᠭᠤᠳᠬᠤ ᠭᠠᠵᠠᠷ ᠨᠢ ᠠᠮᠠᠷᠠᠯᠲᠠ ᠶᠢᠨ ᠣᠷᠣᠨ ᠤ ᠳᠣᠲᠣᠷᠠᠬᠢ ᠡᠯ᠎ᠡ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠭᠡ ᠬᠠᠮᠵᠢᠯᠴᠠᠭ᠎ᠠ ᠪᠠᠨ ᠴᠢᠩᠭᠠᠳᠬᠠᠵᠤ᠂ ᠨᠡᠶᠢᠯᠡᠮᠡᠯ ᠬᠦᠴᠦᠨ ᠢ ᠪᠦᠷᠢᠯᠳᠦᠭᠦᠯᠦᠨ᠂ ᠠᠮᠠᠷᠠᠯᠲᠠ ᠶᠢᠨ ᠣᠷᠣᠨ ᠤ ᠠᠮᠤᠷ ᠲᠦᠪᠰᠢᠨ ᠢ ᠬᠠᠮᠲᠤᠪᠠᠷ ᠬᠠᠮᠠᠭᠠᠯᠠᠬᠤ ᠬᠡᠷᠡᠭᠲᠡᠢ᠃ ᠪᠣᠳᠠᠲᠠᠢ ᠠᠷᠭ᠎ᠠ ᠬᠡᠮᠵᠢᠶ᠎ᠡ ᠳᠤ ᠪᠠᠭᠲᠠᠬᠤ ᠨᠢ᠄       1. ᠲᠣᠭᠲᠠᠮᠠᠯ ᠬᠤᠭᠤᠴᠠᠭ᠎ᠠ ᠲᠠᠢ ᠪᠠᠷ ᠠᠮᠤᠷ ᠲᠦᠪᠰᠢᠨ ᠤ ᠠᠵᠢᠯ ᠤᠨ ᠵᠣᠬᠢᠴᠠᠭᠤᠯᠬᠤ ᠬᠤᠷᠠᠯ ᠬᠤᠷᠠᠯᠳᠤᠭᠤᠯᠵᠤ᠂ ᠠᠮᠤᠷ ᠲᠦᠪᠰᠢᠨ ᠤ ᠠᠵᠢᠯ ᠤᠨ ᠠᠬᠢᠴᠠ ᠶᠢ ᠬᠠᠷᠢᠭᠤ ᠮᠡᠳᠡᠭᠦᠯᠵᠦ᠂ ᠠᠵᠢᠯ ᠤᠨ ᠳᠤᠮᠳᠠᠬᠢ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃       2. ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠤᠯᠪᠣᠭᠠᠴᠢᠨ ᠤ ᠳᠦᠷᠢᠮ ᠢ ᠪᠠᠶᠢᠭᠤᠯᠵᠤ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠶᠢ ᠪᠡᠶᠡᠯᠡᠭᠦᠯᠵᠦ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃       3. ᠰᠠᠯᠠᠭ᠎ᠠ ᠮᠥᠴᠢᠷ ᠠᠯᠤᠰᠯᠠᠭᠰᠠᠨ ᠠᠮᠤᠷ ᠲᠦᠪᠰᠢᠨ ᠤ ᠠᠰᠠᠭᠤᠳᠠᠯ ᠳᠤ ᠲᠤᠯᠭᠠᠷᠠᠪᠠᠯ᠂ ᠤᠯᠠᠨ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠬᠠᠮᠲᠤᠷᠠᠨ ᠪᠠᠶᠢᠴᠠᠭᠠᠯᠲᠠ ᠬᠢᠵᠦ᠂ ᠰᠤᠳᠤᠯᠤᠨ ᠰᠢᠢᠳᠪᠦᠷᠢᠯᠡᠵᠦ᠂ ᠠᠰᠠᠭᠤᠳᠠᠯ ᠢ ᠲᠣᠬᠢᠲᠠᠢ ᠰᠢᠢᠳᠪᠦᠷᠢᠯᠡᠬᠦ ᠶᠢ ᠦᠨᠡᠨ ᠬᠦ ᠪᠠᠲᠤᠯᠠᠨ᠎ᠠ᠃       4. ᠣᠯᠠᠨ ᠰᠠᠯᠠᠭ᠎ᠠ ᠮᠥᠴᠢᠷ ᠲᠤ ᠬᠤᠯᠪᠣᠭᠳᠠᠭᠰᠠᠨ ᠠᠮᠤᠷ ᠲᠦᠪᠰᠢᠨ ᠤ ᠳᠠᠯᠳᠠ ᠬᠡᠮ ᠢ ᠴᠡᠭᠴᠡᠯᠡᠨ ᠰᠠᠶᠢᠵᠢᠷᠠᠭᠤᠯᠬᠤ ᠳᠤ᠂ ᠬᠠᠮᠲᠤᠷᠠᠨ ᠴᠡᠭᠴᠡᠯᠡᠨ ᠰᠠᠶᠢᠵᠢᠷᠠᠭᠤᠯᠬᠤ ᠳᠤᠭᠤᠶᠢᠯᠠᠩ ᠪᠠᠶᠢᠭᠤᠯᠵᠤ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠨ᠂ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠨᠠᠶᠢᠳᠠᠪᠤᠷᠢᠵᠢᠭᠤᠯᠤᠨ᠎ᠠ᠃       ᠬᠤᠷᠢᠨ ᠬᠤᠶᠠᠳᠤᠭᠠᠷ ᠵᠦᠢᠯ ᠠᠮᠤᠷ ᠢ ᠬᠠᠮᠠᠭᠠᠯᠠᠬᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠵᠢᠯᠤᠭᠤᠳᠬᠤ ᠭᠠᠵᠠᠷ ᠨᠢ ᠵᠣᠭᠠᠴᠠᠬᠴᠢ ᠪᠣᠯᠣᠨ ᠠᠵᠢᠯᠲᠠᠨ ᠠᠵᠢᠯᠴᠢᠨ ᠯᠤᠭ᠎ᠠ ᠶᠢᠨ ᠨᠡᠪᠲᠡᠷᠡᠯᠴᠡᠭᠡ ᠪᠠᠨ ᠴᠢᠩᠭᠠᠳᠬᠠᠵᠤ᠂ ᠠᠮᠤᠷ ᠲᠦᠪᠰᠢᠨ ᠤ ᠦᠵᠡᠯ ᠤᠬᠠᠮᠰᠠᠷ ᠢᠶᠠᠨ ᠳᠡᠭᠡᠭᠰᠢᠯᠡᠭᠦᠯᠦᠨ᠂ ᠠᠮᠠᠷᠠᠯᠲᠠ ᠶᠢᠨ ᠣᠷᠣᠨ ᠤ ᠠᠮᠤᠷ ᠲᠦᠪᠰᠢᠨ ᠢ ᠬᠠᠮᠲᠤᠪᠠᠷ ᠬᠠᠮᠠᠭᠠᠯᠠᠬᠤ ᠬᠡᠷᠡᠭᠲᠡᠢ᠃ ᠪᠣᠳᠠᠲᠠᠢ ᠠᠷᠭ᠎ᠠ ᠬᠡᠮᠵᠢᠶ᠎ᠡ ᠳᠤ ᠪᠠᠭᠲᠠᠬᠤ ᠨᠢ᠄       1. ᠠᠮᠤᠷ ᠲᠦᠪᠰᠢᠨ ᠤ ᠰᠠᠨᠠᠭᠤᠯᠤᠮᠵᠢ ᠪᠠ ᠰᠡᠷᠡᠮᠵᠢ ᠶᠢᠨ ᠲᠡᠮᠳᠡᠭ ᠢ ᠲᠣᠭᠲᠠᠭᠠᠨ ᠨᠡᠶᠢᠲᠡᠯᠡᠵᠦ᠂ ᠠᠮᠤᠷ ᠲᠦᠪᠰᠢᠨ ᠢ ᠠᠩᠬᠠᠷᠬᠤ ᠶᠢ  ᠵᠣᠭᠠᠴᠠᠬᠰᠠᠳ ᠪᠠ ᠠᠵᠢᠯᠲᠠᠳ ᠲᠤ ᠰᠠᠨᠠᠭᠤᠯᠤᠨ᠎ᠠ᠃       2. ᠠᠮᠤᠷ ᠲᠦᠪᠰᠢᠨ ᠤ ᠵᠠᠭᠠᠯᠳᠤᠯᠭ᠎ᠠ ᠪᠠ ᠰᠠᠨᠠᠭᠤᠯᠭ᠎ᠠ ᠶᠢᠨ ᠠᠷᠭ᠎ᠠ ᠵᠠᠮ ᠭᠠᠷᠭᠠᠵᠤ᠂  ᠵᠣᠭᠠᠴᠠᠬᠰᠠᠳ ᠪᠠ ᠠᠵᠢᠯᠲᠠᠳ ᠤᠨ ᠠᠮᠤᠷ ᠲᠦᠪᠰᠢᠨ ᠤ ᠠᠰᠠᠭᠤᠳᠠᠯ ᠪᠠ ᠬᠠᠯᠠᠨ ᠰᠠᠶᠢᠵᠢᠷᠠᠭᠤᠯᠬᠤ ᠰᠠᠨᠠᠭᠤᠯᠭ᠎ᠠ ᠶᠢ ᠢᠳᠡᠪᠬᠢᠲᠡᠢ ᠪᠠᠷ ᠳᠤᠷᠠᠳᠬᠤ ᠶᠢ ᠵᠣᠷᠢᠭᠵᠢᠭᠤᠯᠤᠨ᠎ᠠ  ᠃       3. ᠵᠤᠭᠠᠴᠠᠭᠰᠠᠳ ᠪᠠ ᠠᠵᠢᠯᠲᠠᠨ ᠠᠵᠢᠯᠴᠢᠨ ᠤ ᠠᠩᠬᠠᠷᠴᠤ ᠪᠠᠶᠢᠭ᠎ᠠ ᠠᠮᠤᠷ ᠲᠦᠪᠰᠢᠨ ᠤ ᠠᠰᠠᠭᠤᠳᠠᠯ ᠳᠤ ᠴᠠᠭ ᠲᠤᠬᠠᠢ ᠳᠤᠨᠢ ᠬᠠᠷᠢᠭᠤᠯᠲᠠ ᠥᠭᠴᠦ᠂ ᠬᠠᠷᠢᠭᠤᠯᠲᠠ ᠪᠠ ᠬᠠᠪᠰᠤᠷᠤᠯᠭ᠎ᠠ ᠬᠠᠩᠭᠠᠨ᠎ᠠ  ᠃       4. ᠵᠣᠭᠠᠴᠠᠬᠴᠢ ᠪᠠ ᠠᠵᠢᠯᠲᠠᠨ ᠤ ᠠᠰᠢᠭ ᠲᠤᠰᠠ ᠳᠤ ᠬᠤᠯᠪᠣᠭᠳᠠᠭᠰᠠᠨ ᠠᠮᠤᠷ ᠲᠦᠪᠰᠢᠨ ᠤ ᠠᠰᠠᠭᠤᠳᠠᠯ ᠳᠤ ᠲᠤᠯᠭᠠᠷᠠᠪᠠᠯ᠂ ᠢᠳᠡᠪᠬᠢᠲᠡᠢ ᠪᠠᠷ ᠵᠣᠬᠢᠴᠠᠭᠤᠯᠤᠨ᠂ ᠵᠣᠭᠠᠴᠠᠬᠴᠢ ᠪᠠ ᠠᠵᠢᠯᠲᠠᠨ ᠤ ᠡᠷᠬᠡ ᠠᠰᠢᠭ ᠢ ᠬᠠᠮᠠᠭᠠᠯᠠᠨ᠎ᠠ᠃       ᠳᠣᠯᠣᠳᠤᠭᠠᠷ ᠪᠦᠯᠦᠭ᠂ ᠰᠡᠭᠦᠯᠴᠢ ᠶᠢᠨ ᠶᠠᠪᠤᠳᠠᠯ ᠢ ᠰᠢᠢᠳᠪᠦᠷᠢᠯᠡᠬᠦ ᠪᠠ ᠳ᠋ᠦᠩᠨᠡᠯᠳᠡ ᠬᠢᠬᠦ       ᠬᠤᠷᠢᠨ ᠭᠤᠷᠪᠠᠳᠤᠭᠠᠷ ᠵᠦᠢᠯ ᠡᠮᠤᠷ ᠲᠦᠪᠰᠢᠨ ᠤ ᠡ᠊ᠨᠳᠡᠯ ᠭᠠᠷᠤᠭᠰᠠᠨ ᠤ ᠲᠠᠷᠠᠭ᠎ᠠ᠂ ᠠᠮᠤᠷ ᠢ ᠬᠠᠮᠠᠭᠠᠯᠠᠬᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠵᠢᠯᠤᠭᠤᠳᠬᠤ ᠭᠠᠵᠠᠷ ᠠᠴᠠ  ᠰᠠᠬᠦᠯᠴᠢ ᠶᠢᠨ  ᠶᠠᠪᠤᠳᠠᠯ ᠢ ᠰᠢᠢᠳᠪᠦᠷᠢᠯᠡᠬᠦ ᠠᠵᠢᠯ ᠢ ᠴᠠᠭ ᠲᠤᠬᠠᠢ ᠳᠤᠨᠢ ᠥᠷᠨᠢᠭᠦᠯᠬᠦ ᠬᠡᠷᠡᠭᠲᠡᠢ᠂ ᠡᠭᠦᠨ ᠳᠤ᠄       1. ᠬᠤᠬᠢᠷᠠᠭᠰᠠᠨ ᠲᠦᠬᠦᠭᠡᠷᠣᠮᠵᠢ ᠶᠢ ᠰᠡᠯᠪᠢᠨ ᠵᠠᠰᠠᠬᠤ ᠪᠤᠶᠤ ᠰᠣᠯᠢᠵᠤ᠂ ᠠᠮᠠᠷᠠᠯᠲᠠ ᠶᠢᠨ ᠣᠷᠣᠨ ᠤ ᠬᠡᠪ ᠤᠨ ᠡᠵᠡᠩᠨᠡᠯᠲᠡ ᠶᠢ ᠦᠨᠡᠨ ᠬᠦ ᠪᠠᠲᠤᠯᠠᠨ᠎ᠠ᠃       2. ᠨᠥᠯᠥᠭᠡᠯᠡᠭᠳᠡᠭᠰᠡᠨ ᠵᠤᠭᠠᠴᠠᠭᠰᠠᠳ ᠪᠠ ᠠᠵᠢᠯᠲᠠᠳ ᠲᠤ ᠴᠢᠬᠤᠯᠠ ᠪᠦᠬᠦᠢ ᠰᠡᠳᠬᠢᠴᠡ ᠶᠢᠨ ᠵᠢᠯᠣᠭᠤᠳᠤᠯᠭ᠎ᠠ ᠪᠠ ᠲᠠᠶᠢᠳᠬᠤᠷᠠᠭᠤᠯᠤᠯ ᠬᠠᠩᠭᠠᠨ᠎ᠠ᠃       3. ᠬᠡᠷᠡᠭ ᠲᠤ ᠬᠤᠯᠪᠣᠭᠳᠠᠭᠰᠠᠨ ᠬᠥᠮᠥᠨ ᠢ ᠬᠠᠤᠯᠢ ᠶᠣᠰᠣᠭᠠᠷ ᠰᠢᠢᠳᠪᠦᠷᠢᠯᠡᠵᠦ᠂ ᠬᠠᠷᠢᠭᠤᠴᠠᠯᠭ᠎ᠠ ᠲᠠᠢ ᠨᠢᠭᠡᠴᠢ ᠪᠤᠶᠤ ᠬᠤᠪᠢ ᠬᠥᠮᠥᠨ ᠠᠴᠠ ᠬᠠᠷᠢᠭᠤᠴᠠᠯᠭ᠎ᠠ ᠨᠡᠬᠡᠮᠵᠢᠯᠡᠨ᠎ᠡ᠃       4. ᠳᠠᠭᠠᠳᠬᠠᠯ ᠤᠨ ᠺᠣᠮᠫᠠᠨᠢ ᠶᠢ ᠬᠠᠮᠵᠢᠨ ᠲᠥᠯᠥᠪᠦᠷᠢ ᠶᠢᠨ ᠠᠵᠢᠯ ᠢ ᠬᠢᠵᠦ᠂ ᠬᠤᠬᠢᠷᠠᠯ ᠠᠮᠰᠠᠭᠴᠢ ᠶᠢᠨ ᠴᠠᠭ ᠲᠤᠬᠠᠢ ᠳᠤᠨᠢ ᠲᠥᠯᠥᠪᠦᠷᠢ ᠣᠯᠬᠤ ᠶᠢ ᠦᠨᠡᠨ ᠬᠦ ᠪᠠᠲᠤᠯᠠᠨ᠎ᠠ᠃       5. ᠠᠮᠠᠷᠠᠯᠲᠠ ᠶᠢᠨ ᠣᠷᠣᠨ ᠳᠠᠬᠢ ᠠᠮᠤᠷ ᠲᠦᠪᠰᠢᠨ ᠤ ᠠᠷᠭ᠎ᠠ ᠬᠡᠮᠵᠢᠶ᠎ᠡ ᠳᠤ ᠪᠥᠬᠦ ᠲᠠᠯ᠎ᠠ ᠶᠢᠨ ᠪᠠᠶᠢᠴᠠᠭᠠᠯᠲᠠ ᠬᠢᠵᠦ᠂ ᠡᠶᠢᠮᠦᠷᠬᠦ ᠬᠡᠷᠡᠭ ᠳᠠᠭᠢᠵᠤ ᠭᠠᠷᠬᠤ ᠶᠢ ᠰᠡᠷᠭᠡᠶᠢᠯᠡᠬᠦ ᠬᠡᠷᠡᠭᠲᠡᠢ᠃       ᠬᠤᠷᠢᠨ ᠳᠥᠷᠪᠡᠳᠦᠭᠡᠷ ᠵᠦᠢᠯ ᠠᠮᠤᠷ ᠢ ᠬᠠᠮᠠᠭᠠᠯᠠᠬᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠵᠢᠯᠤᠭᠤᠳᠬᠤ ᠭᠠᠵᠠᠷ ᠨᠢ ᠡ᠊ᠨᠳᠡᠯ ᠤᠨ ᠰᠢᠯᠲᠠᠭᠠᠨ ᠤ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠡ᠊ᠨᠳᠡᠯ ᠤᠨ ᠠᠷᠤ ᠳᠠᠬᠢ ᠠᠮᠤᠷ ᠲᠦᠪᠰᠢᠨ ᠤ ᠳᠠᠯᠳᠠ ᠬᠡᠮ ᠢ ᠭᠦᠨᠵᠡᠭᠡᠢ ᠠᠭᠤᠳᠠᠯᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠢ  ᠱᠠᠯᠠᠪᠳᠡᠭᠤᠯᠵᠣ ᠪᠠᠶᠢᠭᠠᠳ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃ ᠪᠣᠳᠠᠲᠠᠢ ᠪᠠᠷ ᠬᠡᠯᠡᠪᠡᠯ᠄       1. ᠡ᠊ᠨᠳᠡᠯ ᠢ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠪᠠᠶᠢᠴᠠᠭᠠᠬᠤ ᠬᠠᠷᠠᠯᠲᠠ᠂ ᠡᠭᠦᠷᠭᠡ ᠪᠠ ᠬᠠᠷᠢᠭᠤᠴᠠᠯᠭ᠎ᠠ ᠶᠢ ᠲᠣᠳᠣᠷᠬᠠᠶᠢᠯᠠᠨ᠎ᠠ᠃       2. ᠡ᠊ᠨᠳᠡᠯ ᠭᠠᠷᠤᠭᠰᠠᠨ ᠲᠤᠬᠠᠢ ᠶᠢᠨ ᠲᠠᠯᠠᠪᠤᠷ ᠤᠨ ᠭᠡᠷᠡᠴᠢ ᠪᠠᠷᠢᠮᠲᠠ ᠪᠠ ᠮᠠᠲ᠋ᠧᠷᠢᠶᠠᠯ ᠢ ᠴᠤᠭᠯᠠᠭᠤᠯᠵᠤ᠂ ᠡ᠊ᠨᠳᠡᠯ ᠭᠠᠷᠤᠭᠰᠠᠨ ᠶᠠᠪᠤᠴᠠ ᠶᠢ ᠪᠤᠴᠠᠭᠠᠨ᠎ᠠ᠃       3.ᠡ᠊ᠨᠳᠡᠯ ᠤᠨ ᠰᠢᠯᠲᠠᠭᠠᠨ ᠢ ᠵᠠᠳᠠᠯᠵᠤ᠂ ᠠᠮᠤᠷ ᠲᠦᠪᠰᠢᠨ ᠤ ᠲᠠᠯᠳᠡ ᠭᠡᠮ ᠪᠠ ᠬᠠᠮᠢᠶᠠᠷᠤᠯᠲᠠ ᠶᠢᠨ ᠲᠠᠯ᠎ᠠ ᠪᠠᠷ ᠬᠢ ᠳᠤᠲᠠᠭᠳᠠᠯ ᠢ ᠡᠷᠢᠵᠦ ᠭᠠᠷᠭᠠᠨ᠎ᠠ᠃       4. ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠳᠤᠷᠠᠳᠴᠤ᠂ ᠬᠠᠮᠢᠶ᠎ᠠ ᠪᠦᠬᠦᠢ ᠰᠠᠯᠠᠭ᠎ᠠ ᠮᠥᠴᠢᠷ ᠢ  ᠱᠠᠯᠠᠪᠳᠡᠭᠤᠯᠵᠣ ᠪᠠᠶᠢᠭᠠᠳ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠨᠠᠶᠢᠳᠠᠪᠤᠷᠢᠵᠢᠭᠤᠯᠤᠨ᠎ᠠ᠃       5. ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠳᠤ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠯᠲᠠ ᠬᠢᠵᠦ ᠂ ᠴᠡᠭᠴᠡᠯᠡᠨ ᠰᠠᠶᠢᠵᠢᠷᠠᠭᠤᠯᠬᠤ ᠡᠭᠦᠷᠭᠡ ᠶᠢᠨ ᠨᠠᠶᠢᠳᠠᠪᠤᠷᠢᠵᠢᠭᠤᠯᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠢ᠃       ᠬᠤᠷᠢᠨ ᠲᠠᠪᠤᠳᠤᠭᠠᠷ ᠵᠦᠢᠯ᠂ ᠠᠶᠤᠯᠭᠦᠢ ᠶᠢᠨ ᠬᠠᠮᠠᠭᠠᠯᠠᠯᠲᠠ ᠶᠢᠨ ᠪᠠᠴᠢᠮ ᠪᠠᠶᠢᠳᠠᠯ ᠢ  ᠠᠷᠭᠠᠴᠠᠭᠠᠬᠤ ᠬᠠᠮᠢᠶᠠᠷᠤᠯᠲᠠ ᠶᠢᠨ ᠵᠢᠯᠤᠭᠤᠳᠬᠤ ᠭᠠᠵᠠᠷ ᠨᠢ ᠡ᠊ᠨᠳᠡᠯ ᠤᠨ ᠰᠤᠷᠭᠠᠮᠵᠢ ᠶᠢ ᠳ᠋ᠦᠩᠨᠡᠵᠦ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠪᠣᠯᠣᠨ ᠠᠶᠤᠯᠭᠦᠢ ᠶᠢᠨ ᠳᠦᠷᠢᠮ   ᠢ ᠲᠡᠭᠦᠯᠳᠡᠷᠵᠢᠭᠦᠯᠦᠨ᠂ ᠠᠶᠤᠯᠭᠦᠢ ᠶᠢᠨ ᠬᠠᠮᠢᠶᠠᠷᠤᠯᠲᠠ ᠶᠢᠨ ᠬᠢᠷᠢ ᠬᠡᠮᠵᠢᠶ᠎ᠡ ᠪᠠᠨ ᠳᠡᠭᠡᠭᠰᠢᠯᠡᠭᠦᠯᠬᠦ ᠬᠡᠷᠡᠭᠲᠡᠢ᠃ ᠪᠣᠳᠠᠲᠠᠢ ᠪᠠᠷ ᠬᠡᠯᠡᠪᠡᠯ᠄       1. ᠡ᠊ᠨᠳᠡᠯ ᠤᠨ ᠰᠤᠷᠭᠠᠮᠵᠢ ᠶᠢ ᠵᠠᠳᠠᠯᠵᠤ᠂ ᠠᠶᠤᠯᠭᠦᠢ ᠶᠢᠨ ᠬᠠᠮᠢᠶᠠᠷᠤᠯᠲᠠ ᠶᠢᠨ ᠳᠤᠮᠳᠠᠬᠢ ᠬᠦᠷᠦᠯᠴᠡᠬᠦ ᠦᠭᠡᠢ ᠲᠠᠯ᠎ᠠ ᠪᠠ ᠬᠠᠯᠠᠨ ᠰᠠᠶᠢᠵᠢᠷᠠᠭᠤᠯᠬᠤ ᠣᠷᠣᠨ ᠵᠠᠢ ᠶᠢ ᠡᠷᠢᠵᠦ ᠭᠠᠷᠭᠠᠨ᠎ᠠ ;       2. ᠡ᠊ᠨᠳᠡᠯ ᠤᠨ ᠰᠤᠷᠭᠠᠮᠵᠢ ᠶᠢ ᠦᠨᠳᠦᠰᠦᠯᠡᠨ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠪᠠ ᠠᠶᠤᠯᠭᠦᠢ ᠶᠢᠨ ᠳᠦᠷᠢᠮ ᠳᠤ ᠵᠠᠰᠠᠪᠤᠷᠢ ᠣᠷᠣᠭᠤᠯᠵᠤ ᠲᠡᠭᠦᠯᠳᠡᠷᠵᠢᠭᠦᠯᠦᠨ᠎ᠡ  ᠃       3. ᠠᠶᠤᠯᠭᠦᠢ ᠶᠢᠨ ᠮᠡᠳᠡᠯᠭᠡ ᠶᠢᠨ ᠪᠣᠯᠪᠠᠰᠤᠷᠠᠯ ᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠵᠤ ᠂ ᠠᠵᠢᠯᠲᠠᠨ ᠪᠠ  ᠵᠣᠭᠠᠴᠠᠬᠰᠠᠳ ᠤᠨ ᠠᠶᠤᠯᠭᠦᠢ ᠶᠢᠨ ᠦᠵᠡᠯ ᠤᠬᠠᠮᠰᠠᠷ ᠢ ᠳᠡᠭᠡᠭᠰᠢᠯᠡᠭᠦᠯᠦᠨ᠎ᠡ᠃᡾       4. ᠠᠮᠤᠷ ᠲᠦᠪᠰᠢᠨ ᠤ  ᠲᠦᠬᠦᠭᠡᠷᠣᠮᠵᠢ ᠶᠢᠨ ᠣᠷᠣᠭᠤᠯᠤᠯᠲᠠ ᠶᠢ ᠴᠢᠩᠭᠠᠳᠬᠠᠵᠤ᠂ ᠠᠮᠠᠷᠠᠯᠲᠠ ᠶᠢᠨ ᠣᠷᠣᠨ ᠤ ᠠᠮᠤᠷ ᠲᠦᠪᠰᠢᠨ ᠤ ᠬᠠᠮᠠᠭᠠᠯᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ︔       5. ᠲᠣᠭᠲᠠᠮᠠᠯ ᠬᠤᠭᠤᠴᠠᠭ᠎ᠠ ᠲᠠᠢ ᠪᠠᠷ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠳᠤ ᠦᠨᠡᠯᠡᠨ ᠵᠢᠱᠢᠯᠲᠡ ᠬᠢᠵᠦ᠂ ᠠᠮᠤᠷ ᠲᠦᠪᠰᠢᠨ ᠤ ᠠᠵᠢᠯ ᠤᠨ ᠲᠠᠰᠤᠷᠠᠯᠲᠠ ᠦᠭᠡᠢ ᠳᠡᠭᠡᠭᠰᠢᠯᠡᠬᠦ ᠶᠢ ᠦᠨᠡᠨ ᠬᠦ ᠪᠠᠲᠤᠯᠠᠬᠤ ᠬᠡᠷᠡᠭᠲᠡᠢ᠃       ᠨᠠᠢᠮᠠᠳᠤᠭᠠᠷ ᠪᠦᠯᠦᠭ ᠲᠦ᠋ᠷᠢᠮ ᠢ ᠬᠢᠨᠠᠨ ᠵᠥᠪᠰᠢᠶᠡᠷᠡᠬᠦ᠂ ᠨᠡᠶᠢᠲᠡᠯᠡᠬᠦ ᠪᠠ ᠰᠢᠨᠡᠳᠬᠡᠬᠦ       ᠬᠤᠷᠢᠨ ᠵᠢᠷᠭᠤᠳᠤᠭᠠᠷ ᠵᠦᠢᠯ ᠠᠮᠤᠷ ᠢ ᠬᠠᠮᠠᠭᠠᠯᠠᠬᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠳᠦᠷᠢᠮ ᠢ ᠲᠣᠭᠲᠠᠭᠠᠬᠤ ᠪᠠ ᠵᠠᠰᠠᠪᠤᠷᠢ ᠣᠷᠣᠭᠤᠯᠬᠤ ᠳᠤ ᠴᠢᠩᠭ᠎ᠠ ᠨᠢᠮᠪᠠᠢ ᠬᠢᠨᠠᠨ ᠵᠥᠪᠰᠢᠶᠡᠷᠡᠬᠦ ᠶᠠᠪᠤᠴᠠ ᠶᠢ ᠥᠩᠭᠡᠷᠡᠭᠦᠯᠵᠦ᠂ ᠳᠦᠷᠢᠮ ᠤᠨ ᠡᠷᠬᠡ ᠰᠦᠷᠲᠦ ᠴᠢᠨᠠᠷ ᠪᠠ ᠪᠦᠲᠦᠮᠵᠢᠲᠦ ᠴᠢᠨᠠᠷ ᠢ ᠦᠨᠡᠨ ᠬᠦ ᠪᠠᠲᠤᠯᠠᠬᠤ ᠬᠡᠷᠡᠭᠲᠡᠢ᠃ ᠪᠣᠳᠠᠲᠠᠢ ᠶᠠᠪᠤᠴᠠ ᠳᠤ ᠪᠠᠭᠲᠠᠬᠤ ᠨᠢ᠄       1. ᠠᠮᠤᠷ ᠢ ᠬᠠᠮᠠᠭᠠᠯᠠᠬᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠵᠢᠯᠤᠭᠤᠳᠬᠤ ᠭᠠᠵᠠᠷ ᠳᠦᠷᠢᠮ ᠤᠨ ᠲᠥᠰᠥᠯ ᠢ ᠲᠤᠭᠤᠷᠪᠢᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠰᠠᠨᠠᠯ ᠪᠠ ᠰᠠᠨᠠᠭᠤᠯᠭ᠎ᠠ ᠶᠢ ᠬᠤᠷᠢᠶᠠᠨ᠎ᠠ︔       2. ᠰᠠᠨᠠᠯ ᠬᠤᠷᠢᠶᠠᠬᠤ ᠶᠢ ᠦᠨᠳᠦᠰᠦᠯᠡᠨ᠂ ᠳᠦᠷᠢᠮ ᠤᠨ ᠲᠥᠰᠥᠯ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠡᠬᠡ ᠨᠣᠣᠷᠠᠭ ᠢ ᠪᠦᠷᠢᠯᠳᠦᠭᠦᠯᠦᠨ᠎ᠡ︔       3.  ᠡᠭᠡ ᠨᠣᠣᠷᠠᠭ ᠢ ᠠᠮᠠᠷᠠᠯᠲᠠ ᠶᠢᠨ ᠣᠷᠣᠨ ᠤ ᠤᠳᠤᠷᠢᠳᠤᠯᠭ᠎ᠠ ᠪᠤᠶᠤ ᠲᠤᠰᠬᠠᠢ ᠵᠦᠪᠯᠡᠯ ᠳᠤ ᠳᠡᠪᠰᠢᠭᠦᠯᠵᠦ ᠬᠢᠨᠠᠨ ᠶᠠᠷᠢᠯᠴᠠᠭᠤᠯᠤᠨ᠎ᠠ᠃       4. ᠬᠢᠨᠠᠨ ᠶᠠᠷᠢᠯᠴᠠᠵᠤ ᠪᠠᠲᠤᠯᠠᠭᠰᠠᠨ ᠤ ᠲᠡᠷᠠᠭ᠎ᠠ᠂ ᠳᠡᠭᠡᠳᠦ ᠱᠠᠲᠤᠨ ᠤ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠲᠤ ᠳᠡᠪᠰᠢᠭᠦᠯᠵᠦ ᠬᠢᠨᠠᠨ ᠵᠥᠪᠰᠢᠶᠡᠷᠡᠭᠦᠯᠦᠨ᠎ᠡ᠃       5. ᠬᠢᠨᠠᠨ ᠵᠥᠪᠰᠢᠶᠡᠷᠡᠯ ᠢ ᠪᠠᠲᠤᠯᠠᠭᠰᠠᠨ ᠤ ᠳᠠᠷᠠᠭ᠎ᠠ᠂ ᠵᠢᠩᠬᠢᠨᠢ ᠪᠠᠷ ᠨᠡᠶᠢᠲᠡᠯᠡᠨ ᠬᠡᠷᠡᠭᠵᠢᠭᠦᠯᠦᠨ᠎ᠡ᠃       ᠬᠤᠷᠢᠨ ᠳᠣᠯᠣᠳᠤᠭᠠᠷ ᠵᠦᠢᠯ᠂ ᠠᠮᠤᠷ ᠢ ᠬᠠᠮᠠᠭᠠᠯᠠᠬᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠳᠦᠷᠢᠮ ᠢ ᠨᠡᠶᠢᠲᠡᠯᠡᠬᠦ ᠪᠠ ᠬᠡᠷᠡᠭᠵᠢᠭᠦᠯᠬᠦ ᠳᠤ ᠥᠷᠭᠡᠨ ᠢᠶᠠᠷ ᠤᠬᠠᠭᠤᠯᠤᠨ ᠪᠣᠯᠪᠠᠰᠤᠷᠠᠭᠤᠯᠵᠤ᠂ ᠳᠦᠷᠢᠮ ᠢ ᠬᠡᠷᠡᠭᠵᠢᠭᠦᠯᠬᠦ ᠡᠷᠴᠢᠮ ᠢ ᠦᠨᠡᠨ ᠬᠦ ᠪᠠᠲᠤᠯᠠᠬᠤ ᠬᠡᠷᠡᠭᠲᠡᠢ᠃ ᠪᠣᠳᠠᠲᠠᠢ ᠠᠷᠭ᠎ᠠ ᠬᠡᠮᠵᠢᠶ᠎ᠡ ᠳᠤ ᠪᠠᠭᠲᠠᠬᠤ  ᠨᠢ᠄       1. ᠠᠮᠠᠷᠠᠯᠲᠠ ᠶᠢᠨ ᠣᠷᠣᠨ ᠤ ᠳᠣᠲᠣᠭᠠᠳᠤ ᠶᠢᠨ ᠠᠯᠪᠠᠨ ᠵᠠᠷᠯᠠᠯ᠂ ᠰᠢᠤᠳᠠᠨ᠂ ᠬᠤᠷᠠᠯ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠳᠦᠷᠢᠮ ᠳᠤ ᠤᠬᠠᠭᠤᠯᠭ᠎ᠠ ᠪᠠ ᠲᠠᠶᠢᠯᠤᠮᠵᠢ ᠬᠢᠨ᠎ᠡ︔       2. ᠠᠮᠠᠷᠠᠯᠲᠠ ᠶᠢᠨ ᠣᠷᠣᠨ ᠤ ᠳᠣᠲᠣᠷᠠᠬᠢ ᠠᠮᠤᠷ ᠢ ᠬᠠᠮᠠᠭᠠᠯᠠᠬᠤ ᠠᠵᠢᠯᠲᠠᠨ ᠪᠠ ᠬᠠᠮᠢᠶ᠎ᠠ ᠪᠦᠬᠦᠢ ᠠᠵᠢᠯᠲᠠᠨ ᠳᠤ ᠳᠦᠷᠢᠮ ᠤᠨ ᠪᠣᠯᠪᠠᠰᠤᠷᠠᠯ ᠬᠢᠵᠦ᠂ ᠲᠡᠳᠡᠨ ᠤ ᠳᠦᠷᠢᠮ ᠤᠨ ᠠᠭᠤᠯᠭ᠎ᠠ ᠶᠢ ᠣᠶᠢᠯᠠᠭᠠᠬᠤ ᠪᠠ ᠡᠵᠡᠮᠰᠢᠬᠦ ᠶᠢ ᠦᠨᠡᠨ ᠬᠦ ᠪᠠᠲᠤᠯᠠᠨ᠎ᠠ︔       3. ᠳᠦᠷᠢᠮ ᠤᠨ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠪᠠ ᠪᠠᠶᠢᠴᠠᠭᠠᠯᠲᠠ ᠬᠢᠬᠦ ᠪᠠᠨ ᠴᠢᠩᠭᠠᠳᠬᠠᠵᠤ ᠂ ᠠᠰᠠᠭᠤᠳᠠᠯ ᠢ ᠣᠯᠵᠤ ᠮᠡᠳᠡᠪᠡᠯ ᠴᠠᠭ ᠲᠤᠬᠠᠢ ᠳᠤᠨᠢ ᠵᠠᠯᠠᠷᠠᠭᠤᠯᠤᠨ᠎ᠠ︔       4. ᠠᠵᠢᠯᠲᠠᠨ ᠠᠵᠢᠯᠴᠢᠨ ᠤ ᠳᠦᠷᠢᠮ ᠢ ᠬᠡᠷᠡᠭᠵᠢᠭᠦᠯᠬᠦ ᠶᠠᠪᠤᠴᠠ ᠳᠠᠬᠢ ᠠᠰᠠᠭᠤᠳᠠᠯ ᠪᠠ ᠰᠠᠨᠠᠭᠤᠯᠭ᠎ᠠ ᠳᠤᠷᠠᠳᠬᠤ ᠶᠢ ᠵᠣᠷᠢᠭᠵᠢᠭᠤᠯᠵᠤ᠂ ᠳᠦᠷᠢᠮ ᠢ ᠦᠷᠭᠦᠯᠵᠢᠯᠡᠨ ᠰᠠᠶᠢᠵᠢᠷᠠᠭᠤᠯᠤᠨ᠎ᠠ᠃       ᠬᠤᠷᠢᠨ ᠨᠠᠢᠮᠠᠳᠤᠭᠠᠷ ᠵᠦᠢᠯ ᠠᠮᠤᠷ ᠢ ᠬᠠᠮᠠᠭᠠᠯᠠᠬᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠳᠦᠷᠢᠮ ᠢ ᠠᠮᠠᠷᠠᠯᠲᠠ ᠶᠢᠨ ᠣᠷᠣᠨ ᠤ ᠠᠮᠤᠷ ᠲᠦᠪᠰᠢᠨ ᠤ ᠠᠵᠢᠯ   ᠤᠨ ᠪᠣᠳᠠᠲᠤ ᠬᠡᠷᠡᠭᠴᠡᠭᠡ ᠶᠢ ᠦᠨᠳᠦᠰᠦᠯᠡᠨ᠂ ᠴᠠᠭ ᠲᠤᠬᠠᠢ ᠳᠤᠨᠢ ᠰᠢᠨᠡᠳᠬᠡᠬᠦ ᠪᠠ ᠲᠡᠭᠦᠯᠳᠡᠷᠵᠢᠭᠦᠯᠬᠦ ᠬᠡᠷᠡᠭᠲᠡᠢ᠃ ᠪᠣᠳᠠᠲᠠᠢ ᠠᠷᠭ᠎ᠠ ᠬᠡᠮᠵᠢᠶ᠎ᠡ ᠳᠤ ᠪᠠᠭᠲᠠᠬᠤ ᠨᠢ᠄       1. ᠳᠦᠷᠢᠮ ᠳᠤ ᠲᠣᠭᠲᠠᠮᠠᠯ ᠬᠤᠭᠤᠴᠠᠭ᠎ᠠ ᠲᠠᠢ ᠪᠠᠷ ᠦᠨᠡᠯᠡᠨ ᠵᠢᠱᠢᠯᠲᠡ ᠬᠢᠵᠦ᠂ ᠠᠰᠠᠭᠤᠳᠠᠯ ᠢ ᠣᠯᠵᠤ ᠮᠡᠳᠡᠪᠡᠯ ᠴᠠᠭ ᠲᠤᠬᠠᠢ ᠳᠤᠨᠢ ᠵᠠᠰᠠᠪᠤᠷᠢ ᠣᠷᠣᠭᠤᠯᠬᠤ ᠬᠡᠷᠡᠭᠲᠡᠢ︔       2. ᠰᠢᠨ᠎ᠡ ᠬᠠᠤᠯᠢ ᠴᠠᠭᠠᠵᠠ ᠬᠠᠤᠯᠢ ᠲᠣᠭᠲᠠᠭᠠᠯ᠂ ᠲᠦᠷᠦ ᠶᠢᠨ ᠪᠣᠳᠣᠯᠭ᠎ᠠ ᠶᠢᠨ ᠱᠠᠭᠠᠷᠳᠠᠯᠭ᠎ᠠ ᠪᠠ ᠠᠵᠢᠯ ᠲᠦᠷᠦᠯ ᠤᠨ ᠪᠠᠷᠢᠮᠵᠢᠶ᠎ᠠ ᠶᠢ ᠦᠨᠳᠦᠰᠦᠯᠡᠨ᠂ ᠳᠦᠷᠢᠮ ᠢ ᠰᠢᠨᠡᠳᠬᠡᠨ᠎ᠡ᠃       3.ᠡᠭᠦᠰᠦᠭᠰᠡᠨ ᠠᠶᠤᠯᠭᠦᠢ ᠶᠢᠨ ᠡ᠊ᠨᠳᠡᠯ ᠪᠠ ᠭᠡᠨᠡᠳᠲᠡ ᠶᠢᠨ ᠬᠡᠷᠡᠭ ᠤᠨ ᠲᠤᠬᠠᠢ ᠲᠤᠷᠰᠢᠯᠭ᠎ᠠ ᠰᠤᠷᠭᠠᠮᠵᠢ ᠪᠠᠨ ᠳ᠋ᠦᠩᠨᠡᠵᠦ᠂ ᠳᠦᠷᠢᠮ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠦᠨ᠎ᠡ᠃       4. ᠠᠵᠢᠯᠲᠠᠨ ᠠᠵᠢᠯᠴᠢᠨ ᠪᠣᠯᠣᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠤ ᠳᠦᠷᠢᠮ ᠢ ᠰᠠᠶᠢᠵᠢᠷᠠᠭᠤᠯᠬᠤ ᠰᠠᠨᠠᠭᠤᠯᠭ᠎ᠠ ᠳᠤᠷᠠᠳᠬᠤ ᠶᠢ ᠵᠣᠷᠢᠭᠵᠢᠭᠤᠯᠵᠤ᠂ ᠳᠦᠷᠢᠮ ᠢ ᠦᠷᠭᠦᠯᠵᠢᠯᠡᠨ ᠰᠢᠯᠢᠳᠡᠭᠵᠢᠭᠦᠯᠬᠦ ᠬᠡᠷᠡᠭᠲᠡᠢ᠃       ᠶᠢᠰᠦᠳᠦᠭᠡᠷ ᠪᠦᠯᠦᠭ ᠲᠠᠭᠠᠯᠳᠤᠭᠤᠯᠤᠭᠰᠠᠨ ᠳᠦᠷᠢᠮ       ᠬᠤᠷᠢ ᠶᠢᠰᠦᠳᠦᠭᠡᠷ ᠵᠦᠢᠯ ᠲᠣᠰ ᠳᠦᠷᠢᠮ ᠤᠨ ᠬᠠᠮᠤᠭ ᠡᠴᠦᠰ ᠤᠨ ᠲᠠᠶᠢᠯᠪᠤᠷᠢᠯᠠᠬᠤ ᠡᠷᠬᠡ ᠨᠢ ᠷᠠᠰᠢᠶᠠᠨ ᠤ ᠵᠣᠭᠠᠴᠠᠯ ᠤᠨ ᠠᠮᠠᠷᠠᠯᠲᠠ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ ᠳᠤ ᠬᠠᠷᠢᠶᠠᠯᠠᠭᠳᠠᠨ᠎ᠠ᠃       ᠭᠤᠴᠢᠳᠤᠭᠠᠷ ᠵᠦᠢᠯ ᠲᠤᠰ ᠳᠦᠷᠢᠮ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃
 
ᠢᠷᠡᠯᠲᠡ᠄ ᠷᠡᠰᠢᠶᠠᠨ ᠬᠤᠳᠡ ᠶᠢᠨ ᠠᠷᠡᠳ ᠤᠨ ᠵᠠᠰᠠᠭ ᠤᠨ ᠣᠷᠳᠣᠨ ᠤ ᠠᠯᠪᠡᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号