ᠪᠥᠬᠦ ᠬᠤᠲᠠ ᠳᠤ 2023 ᠣᠨ ᠤ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠡᠯ︾ ᠤᠨ ᠠᠵᠢᠯᠯᠠᠭ᠎ᠠ ᠥᠷᠨᠢᠭᠦᠯᠬᠦ ᠲᠤᠬᠠᠢ ᠷᠠᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2023/8/29
       ᠷᠡᠰᠢᠶᠠᠨ ᠵᠠᠰᠠᠭ ᠠᠯᠪᠠᠨ ᠲᠠᠷᠬᠠᠭᠠᠭᠰᠠᠨ ﹇2023﹈ 32 ᠳ᠋ᠤᠭᠠᠷ ᠲᠣᠭᠠᠲᠤ       ᠡᠯ᠎ᠡ ᠪᠠᠯᠭᠠᠰᠤ ᠵᠡᠭᠡᠯᠢ᠂ ᠡᠯ᠎ᠡ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠤ᠄       ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠡᠯ︾ ᠪᠣᠯ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠠᠴᠠ ᠵᠣᠬᠢᠶᠠᠨ ᠪᠠᠶᠢᠭᠤᠯᠤᠠ ᠥᠷᠨᠢᠭᠦᠯᠦᠭᠰᠡᠨ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠪᠠᠶᠢᠵᠤ᠂ ᠬᠦᠴᠢᠷᠳᠡᠯᠲᠡᠢ ᠣᠯᠠᠨ ᠲᠦᠮᠡᠨ ᠳᠤ ᠠᠩᠬᠠᠷᠤᠯ ᠲᠠᠯᠪᠢᠬᠤ᠂ ᠬᠥᠮᠥᠡᠯᠢᠭ ᠠᠪᠤᠷᠠᠨ ᠲᠤᠰᠠᠯᠠᠬᠤ ᠠᠵᠢᠯ ᠢ ᠥᠷᠨᠢᠭᠦᠯᠬᠦ‍ ᠨᠢᠭᠡ ᠵᠦᠢᠯ ᠤᠨ ᠨᠡᠶᠢᠭᠡᠮ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠪᠠᠶᠢᠵᠤ᠂ ᠲᠦᠭᠡᠮᠡᠯ ᠬᠠᠶᠢᠷ᠎ᠠ ᠶᠢᠨ ᠭᠡᠷ ᠣᠷᠣᠨ᠂ ︽ᠲᠦᠭᠡᠮᠡᠯ ᠬᠠᠶᠢᠷ᠎ᠠ ᠶᠢ ᠲᠦᠮᠡᠨ ᠡᠷᠦᠬᠡ ᠳᠤ ᠬᠦᠷᠭᠡᠬᠦ︾᠂ ᠬᠦᠨᠳᠦ ᠡᠪᠡᠳᠴᠢᠳᠡᠨ ᠢ ᠠᠪᠤᠷᠠᠨ ᠲᠤᠰᠠᠯᠠᠬᠤ ᠵᠡᠷᠭᠡ ᠨᠡᠶᠢᠭᠡᠮ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠶᠢᠨ ᠴᠢᠬᠤᠯᠠ ᠪᠡᠯᠡ ᠮᠥᠩᠭᠦ ᠶᠢᠨ ᠪᠠᠲᠤᠯᠠᠭ᠎ᠠ ᠪᠣᠯᠣᠨ᠎ᠠ᠃ ᠣᠶᠢᠷ᠎ᠠ ᠶᠢᠨ ᠵᠢᠯ ᠠᠴᠠ᠂ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠥᠪ ᠣᠨᠣᠪᠴᠢᠲᠠᠢ ᠤᠳᠤᠷᠢᠳᠤᠯᠭ᠎ᠠ ᠪᠣᠯᠣᠨ ᠬᠦᠴᠦᠲᠡᠢ ᠳᠡᠮᠵᠢᠯᠭᠡ ᠳᠣᠣᠷ᠎ᠠ᠂ ᠪᠦᠬᠦ ᠬᠤᠳᠠ ᠶᠢᠨ ᠡᠯ᠎ᠡ ᠱᠠᠲᠤᠨ ᠤ ᠨᠠᠮ ᠵᠠᠰᠠᠭ ᠤᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠪᠣᠯᠣᠨ ᠥᠷᠭᠡᠨ ᠤᠯᠠᠨ ᠬᠠᠶᠢᠷ᠎ᠠ ᠬᠠᠯᠠᠮᠵᠢ ᠲᠠᠢ ᠬᠥᠮᠥᠰ ᠤᠨ ᠢᠳᠡᠪᠬᠢᠲᠡᠢ ᠣᠷᠤᠯᠴᠠᠯᠭ᠎ᠠ ᠲᠠᠢ ᠪᠠᠷ᠂ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠡᠯ︾  ᠤᠨ ᠠᠵᠢᠯᠯᠠᠭ᠎ᠠ ᠢᠯᠡᠳᠲᠡ ᠦᠷ᠎ᠡ ᠪᠦᠲᠦᠮᠵᠢ ᠣᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠡᠷᠡᠭᠦᠯ ᠡᠩᠬᠡ ᠷᠠᠰᠢᠶᠠᠨ ᠳᠤ ᠬᠦᠴᠦ ᠨᠡᠮᠡᠷᠢᠯᠡᠬᠦ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠵᠡᠷᠭᠡ ᠲᠠᠯ᠎ᠠ ᠪᠠᠷ ᠢᠳᠡᠪᠬᠢᠲᠡᠢ ᠦᠢᠯᠡᠳᠦᠯ ᠦᠵᠡᠭᠦᠯᠵᠡᠢ᠃ ︽ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠭᠡᠷ ᠤᠨ 2023 ᠣᠨ ᠤ ︿ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠡᠯ﹀ ᠤᠨ ᠠᠵᠢᠯᠯᠠᠭ᠎ᠠ ᠶᠢ ᠥᠷᠨᠢᠭᠦᠯᠬᠦ ᠲᠤᠬᠠᠢ ᠮᠡᠳᠡᠭᠳᠡᠯ︾ ︵ᠬᠢᠩᠭᠠᠨ ᠵᠠᠬᠢᠷᠭ᠎ᠠ ᠠᠯᠪᠠᠨ ᠥᠰᠥᠭ ﹇2023﹈ 12 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠬᠤᠲᠠ ᠶᠢᠨ ᠪᠣᠳᠠᠲᠠᠢ ᠲᠠᠢ ᠪᠠᠨ ᠤᠶᠠᠯᠳᠤᠭᠤᠯᠤᠨ᠂ ᠨᠠᠶᠢᠳᠡ ᠶᠢᠨ ᠠᠰᠠᠷᠡᠮᠵᠢ ᠶᠢᠨ ᠠᠵᠢᠯᠯᠠᠭ᠎ᠠ ᠶᠢᠨ ᠤᠷᠤᠭᠰᠢᠲᠠᠢ ᠶᠠᠪᠤᠭᠳᠠᠬᠤ ᠶᠢ ᠦᠨᠡᠨ ᠬᠦ ᠪᠠᠲᠤᠯᠠᠬᠤ ᠶᠢᠨ ᠲᠤᠰᠠᠳᠠ᠂ ᠡᠳᠦᠭᠡ ᠬᠠᠮᠢᠶ᠎ᠠ ᠪᠦᠬᠦᠢ ᠤᠴᠢᠷ ᠢ ᠳᠣᠣᠷᠠᠬᠢ ᠮᠡᠲᠦ ᠮᠡᠳᠡᠭᠳᠡᠶ᠎ᠡ᠄       ᠨᠢᠭᠡ᠂ ᠠᠵᠢᠯᠯᠠᠭᠠᠨ ᠤ ᠴᠠᠭ       5 ᠰᠠᠷ᠎ᠠ ᠶᠢᠨ ᠰᠡᠭᠦᠯᠴᠢ ᠠᠴᠠ ᠡᠬᠢᠯᠡᠵᠦ 9 ᠰᠠᠷ᠎ᠠ ᠶᠢᠨ 30 ᠤ ᠡᠳᠦᠷ ᠳᠠᠭᠤᠰᠤᠨ᠎ᠠ᠃       ᠬᠤᠶᠠᠷ᠂ ᠵᠣᠭᠤᠰ ᠴᠤᠭᠯᠠᠭᠤᠯᠬᠤ ᠲᠤᠭ᠎ᠠ ᠬᠡᠮᠵᠢᠶ᠎ᠡ       ᠵᠣᠭᠤᠰ ᠴᠤᠭᠯᠠᠭᠤᠯᠬᠤ ᠠᠵᠢᠯᠯᠠᠭ᠎ᠠ ᠳᠤ ᠨᠢᠭᠡᠴᠢ ᠠᠴᠠ ᠵᠣᠬᠢᠶᠠᠨ ᠪᠠᠶᠢᠭᠤᠯᠵᠤ᠂ ᠠᠵᠢᠯᠲᠠᠨ ᠠᠵᠢᠯᠴᠢᠨ ᠤ ᠰᠠᠶᠢᠨ ᠳᠤᠷ᠎ᠠ ᠶᠢ ᠪᠠᠷᠢᠮᠲᠠᠯᠠᠵᠤ᠂ ᠠᠵᠢᠯᠲᠠᠨ ᠠᠵᠢᠯᠴᠢᠨ ᠤ ᠨᠢᠭᠡ ᠡᠳᠦᠷ ᠤᠨ  ᠴᠠᠯᠢᠩ ︵ᠥᠭᠬᠦ ᠶᠣᠰᠣᠲᠠᠢ ᠴᠠᠯᠢᠩ ᠤᠨ ᠶᠡᠷᠦᠩᠬᠡᠢ ᠲᠤᠭ᠎ᠠ÷30 ᠡᠳᠦᠷ︶᠂ ᠠᠵᠤ ᠠᠬᠤᠶᠢᠯᠠᠯ ᠤᠨ ᠨᠢᠭᠡ ᠡᠳᠦᠷ ᠤᠨ ᠠᠰᠢᠭ ᠣᠯᠵᠠᠪᠣᠷᠢ ᠪᠤᠶᠤ ᠠᠷᠪᠢᠯᠠᠭᠰᠠᠨ ᠨᠢᠭᠡ ᠬᠡᠰᠡᠭ ᠵᠠᠷᠤᠯᠭ᠎ᠠ ᠪᠠᠨ ᠬᠠᠨᠳᠢᠪᠯᠡᠬᠤ ᠶᠢ ᠰᠠᠨᠠᠭᠠᠴᠢᠯᠠᠨ᠎ᠠ᠃       ᠭᠤᠷᠪᠠ᠂ ᠬᠠᠨᠳᠢᠪᠯᠡᠭ᠌ᠰᠠᠨ ᠵᠣᠭᠤᠰ   ᠤᠨ ᠬᠡᠷᠡᠭᠴᠡᠭᠡ       ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠡᠯ︾ ᠢ ᠭᠤᠣᠯᠳᠠᠭᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠵᠣᠷᠢᠯᠲᠠ ᠳᠤ ᠨᠡᠶᠢᠴᠡᠬᠦ ᠭᠠᠮᠰᠢᠭ ᠲᠤ ᠪᠡᠯᠡᠳᠬᠡᠵᠦ ᠭᠠᠮᠰᠢᠭ ᠠᠴᠠ ᠠᠪᠤᠷᠠᠬᠤ᠂ ᠬᠥᠮᠦᠯᠢᠭ ᠠᠪᠤᠷᠠᠨ ᠲᠤᠰᠠᠯᠠᠬᠤ ᠪᠠ ᠬᠥᠮᠦᠯᠢᠭ ᠨᠡᠶᠢᠲᠡ ᠶᠢᠨ ᠠᠰᠠᠷᠠᠮᠵᠢ ᠶᠢᠨ ᠲᠥᠷᠥᠯ ᠵᠦᠢᠯ ᠵᠡᠷᠭᠡ ᠠᠵᠢᠯ ᠳᠤ ᠬᠡᠷᠡᠭᠯᠡᠨ᠎ᠡ᠃ ᠵᠢᠯ ᠪᠦᠷᠢ ᠶᠢᠨ ᠵᠠᠷᠤᠯᠭ᠎ᠠ ᠶᠢᠨ ᠵᠣᠭᠤᠰ ᠤᠨ ᠲᠤᠭ᠎ᠠ ᠶᠢ ᠲᠤᠰ ᠵᠢᠯ ᠤᠨ ᠬᠦᠯᠢᠶᠡᠨ ᠠᠪᠤᠭᠰᠠᠨ ᠬᠠᠨᠳᠢᠪ ᠤᠨ ᠵᠣᠭᠤᠰ ᠤᠨ ᠶᠡᠷᠦᠩᠬᠡᠢ  ᠲᠣᠭᠠᠨ ᠤ 70 % ᠠᠴᠠ ᠲᠣᠣᠷ᠎ᠡ ᠪᠠᠶᠢᠵᠣ ᠪᠣᠯᠬᠤ ᠦᠭᠡᠢ᠃ ︽ᠭᠠᠮᠰᠢᠭ ᠲᠠᠢ ᠪᠣᠯ ᠭᠠᠮᠰᠢᠭ   ᠠᠴᠠ ᠠᠪᠤᠷᠠᠬᠤ᠂ ᠭᠠᠮᠰᠢᠭ ᠦᠭᠡᠢ ᠪᠠᠷ ᠭᠠᠮᠰᠢᠭ ᠲᠤ ᠪᠡᠯᠡᠳᠬᠡᠬᠦ︾ ᠵᠠᠷᠴᠢᠮ ᠶᠣᠰᠣᠭᠠᠷ᠂ ᠡᠯ᠎ᠡ ᠱᠠᠲᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠳ ᠵᠢᠯ ᠪᠦᠷᠢ ᠭᠥᠯᠢᠶᠡᠨ ᠠᠪᠤᠭᠰᠠᠨ ᠲᠤᠰᠠᠯᠠᠮᠵᠢ ᠶᠢᠨ ᠵᠣᠭᠤᠰ ᠤᠨ ᠶᠡᠷᠦᠩᠬᠡᠢ ᠲᠣᠭᠠᠨ ᠤ 15% ᠶᠢ ᠭᠠᠮᠰᠢᠭ ᠲᠤ ᠪᠡᠯᠡᠳᠬᠡᠬᠦ ᠨᠥᠭᠡᠴᠡᠯᠡᠯ ᠳᠤ ᠬᠡᠷᠡᠭᠯᠡᠵᠦ᠂ ᠪᠤᠰᠤᠳ ᠪᠡᠯᠡ ᠮᠥᠩᠭᠦ ᠶᠢ ᠪᠥᠬᠦ ᠣᠷᠣᠨ ᠤ ᠨᠢᠭᠡᠳᠦᠯᠲᠡᠢ ᠪᠠᠶᠢᠷᠢᠯᠠᠭᠤᠯᠤᠭᠰᠠᠨ ᠬᠥᠮᠥᠡᠯᠢᠭ ᠨᠡᠶᠢᠲᠡ ᠶᠢᠨ ᠠᠰᠠᠷᠠᠮᠵᠢ ᠶᠢᠨ ᠲᠥᠷᠥᠯ ᠵᠦᠢᠯ ᠤᠨ ᠵᠠᠷᠤᠳᠠᠯ ᠢ ᠤᠷᠢᠳᠠᠪᠠᠷ ᠪᠠᠲᠤᠯᠠᠭᠰᠠᠨ ᠰᠠᠭᠤᠷᠢᠨ ᠳᠡᠭᠡᠷ᠎ᠡ᠂ ᠲᠤᠬᠠᠢ ᠶᠢᠨ ᠭᠠᠵᠠᠷ ᠤᠨ ᠬᠥᠮᠥᠡᠯᠢᠭ ᠠᠪᠤᠷᠠᠨ ᠲᠤᠰᠠᠯᠠᠬᠤ ᠵᠡᠷᠭᠡ ᠳᠤ ᠬᠡᠷᠡᠭᠯᠡᠨ᠎ᠡ᠃       ᠳᠥᠷᠪᠡ᠂ ᠭᠥᠯᠢᠶᠡᠨ ᠠᠪᠬᠤ ᠠᠷᠭ᠎ᠠ ᠮᠠᠶ᠋ᠢᠭ       ᠬᠠᠨᠳᠢᠪ ᠴᠤᠭᠯᠠᠭᠤᠯᠬᠤ ᠪᠡᠯᠡ ᠮᠥᠩᠭᠦ ᠶᠢ ᠬᠦᠯᠢᠶᠡᠨ ᠠᠪᠬᠤ ᠨᠢᠭᠡᠴᠢ ᠪᠣᠯ ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠪᠣᠯᠣᠨ᠎ᠠ᠃ ᠬᠦᠯᠢᠶᠡᠨ ᠠᠪᠬᠤ ᠬᠡᠯᠪᠡᠷᠢ᠄ ᠵᠥᠪᠬᠡᠨ ᠪᠠᠩᠬᠢ ᠶᠢᠨ ᠳᠠᠩᠰᠠ ᠰᠢᠯᠵᠢᠭᠦᠯᠬᠦ ᠶᠢ ᠳᠡᠮᠵᠢᠨ᠎ᠡ᠃ ᠲᠠᠩᠰᠠ ᠨᠡᠭᠡᠭᠡᠭᠰᠡᠨ ᠨᠡᠷᠡᠶᠢᠳᠦᠯ᠄ ᠷᠠᠰᠢᠶᠠᠨ ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠭᠠᠮᠰᠢᠭ ᠠᠴᠠ ᠠᠪᠤᠷᠠᠬᠤ ᠲᠤᠰᠬᠠᠢ ᠲᠠᠩᠰᠠ᠂ ᠲᠠᠩᠰᠠ ᠨᠡᠭᠡᠭᠡᠭᠰᠡᠨ ᠪᠠᠩᠬᠢ᠄ ᠥᠪᠥᠷ ᠮᠣᠩᠭᠤᠯ ᠤᠨ ᠷᠠᠰᠢᠶᠠᠨ ᠤ ᠬᠥᠳᠡᠭᠡ ᠲᠣᠰᠬᠤᠨ ᠤ ᠬᠤᠳᠠᠯᠳᠤᠭᠠᠨ ᠤ ᠪᠠᠩᠬᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠲᠠᠩᠰᠠᠨ ᠨᠣᠮᠧᠷ 32003012200000085560᠂ ᠪᠠᠩᠬᠢ ᠶᠢᠨ ᠨᠣᠮᠧᠷ᠄ 402198600016᠃ ᠬᠠᠨᠳᠢᠪᠯᠡᠬᠤ ᠳᠠᠭᠠᠨ ᠨᠢᠭᠡᠴᠢ ᠶᠢᠨ ᠨᠡᠷᠡᠶᠢᠳᠦᠯ + ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠡᠯ︾᠂ ᠪᠦᠯᠬᠦᠮ ᠤᠨ ᠨᠡᠶᠢᠭᠡᠮᠯᠢᠭ ᠤᠨ ᠰᠦᠢᠳᠬᠡᠯ᠂ ᠬᠤᠪᠢ ᠬᠥᠮᠥᠨ ᠤ ᠨᠡᠶᠢᠭᠡᠮᠯᠢᠭ ᠤᠨ ᠰᠦᠢᠳᠬᠡᠯ ᠢ ᠵᠠᠪᠠᠯ  ᠠᠰ ᠠᠰ ᠲᠤᠨᠢ ᠬᠠᠳᠠᠭᠠᠯᠠᠬᠤ ᠬᠡᠷᠡᠭᠲᠡᠢ ︵ᠵᠢᠱᠢᠶᠡᠯᠡᠪᠡᠯ᠄ ᠷᠠᠰᠢᠶᠠᠨ ᠬᠤᠲᠠ ᠶᠢᠨ **** ᠲᠣᠪᠴᠢᠶ᠎ᠠ ᠶᠢᠨ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠡᠯ︾᠂ ᠷᠠᠰᠢᠶᠠᠨ ᠬᠤᠲᠠ ᠶᠢᠨ **** ᠲᠣᠪᠴᠢᠶ᠎ᠠ ᠶᠢᠨ ᠪᠦᠯᠬᠦᠮ ᠤᠨ ᠨᠡᠶᠢᠭᠡᠮᠯᠢᠭ ᠤᠨ ᠰᠦᠢᠳᠬᠡᠯ᠂ ᠷᠠᠰᠢᠶᠠᠨ ᠬᠤᠲᠠ ᠶᠢᠨ **** ᠲᠣᠪᠴᠢᠶ᠎ᠠ ᠶᠢᠨ ᠬᠤᠪᠢ ᠬᠥᠮᠥᠨ ᠤ ᠨᠡᠶᠢᠭᠡᠮᠯᠢᠭ ᠤᠨ ᠰᠦᠢᠳᠬᠡᠯ︶᠃ ᠬᠠᠨᠳᠢᠪᠯᠡᠬᠰᠠᠨ ᠤ ᠳᠠᠷᠠᠭ᠎ᠠ ᠨᠠᠷᠢᠨ ᠬᠦᠰᠦᠨᠦᠭᠲᠦ ᠶᠢᠨ ᠡᠯᠧᠺᠲᠷᠣᠨ ᠬᠡᠪᠯᠡᠯ ᠳᠤ ᠪᠦᠷᠢᠨ ᠪᠦᠲᠦᠨ ᠡᠳᠦᠷ ᠬᠤᠭᠤᠴᠠᠭ᠎ᠠ ᠶᠢ ᠲᠠᠭᠯᠠᠵᠤ᠂ ᠭᠠᠷ ᠳᠠᠮᠵᠢᠭᠰᠠᠨ ᠬᠥᠮᠥᠨ᠂ ᠬᠠᠷᠢᠯᠴᠠᠬᠤ ᠤᠲᠠᠰᠤ᠂ ᠠᠯᠪᠠᠨ ᠲᠠᠮᠠᠭ᠎ᠠ ᠳᠠᠷᠤᠬᠤ ᠶᠢᠨ ᠬᠠᠮᠲᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠢᠶᠠᠷ ᠭᠠᠷ ᠤᠨ ᠥᠰᠥᠭ ᠵᠢᠷᠤᠭᠤᠯᠵᠤ᠂ ᠰᠢᠷᠪᠢᠭᠰᠡᠨ ᠤ ᠳᠠᠷᠠᠭ᠎ᠠ ᠲᠣᠭᠲᠠᠭᠰᠠᠨ ᠰᠢᠤᠳᠠᠨ ᠤ ᠬᠠᠶᠢᠷᠴᠠᠭ aeshszhjsh@126.com ᠳᠤ ᠬᠦᠷᠭᠡᠬᠦ ᠶᠢᠨ ᠬᠠᠮᠲᠤ ᠴᠠᠭᠠᠰᠤᠨ ᠬᠡᠪᠯᠡᠯ ᠢ ᠠᠪᠴᠤ ᠲᠤᠯᠤᠭᠠᠨ ᠡᠳᠦᠷ ᠤᠨ ᠳᠣᠲᠣᠷ᠎ᠠ ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠠᠯᠪᠠᠨ ᠭᠡᠷ ᠲᠤ ᠬᠦᠷᠴᠦ ᠬᠠᠮᠢᠶ᠎ᠠ ᠪᠦᠬᠦᠢ ᠪᠠᠷᠢᠮᠲᠠ ︵ᠬᠠᠶ᠋ᠢᠭ᠄ ᠷᠠᠰᠢᠶᠠᠨ ᠬᠤᠲᠠ ᠶᠢᠨ ᠸᠧᠨᠴᠢᠣᠸᠠᠨ ᠵᠡᠭᠡᠯᠢ ᠶᠢᠨ  ᠸᠧᠨᠴᠢᠣᠸᠠᠨ ᠴᠡᠴᠡᠷᠯᠢᠭ ᠤᠨ 6 ᠳ᠋ᠤᠭᠠᠷ ᠠᠰᠠᠷ ᠤᠨ 309 ᠲᠠᠰᠤᠭ︶ ᠶᠢ ᠠᠪᠤᠭᠠᠷᠠᠢ᠃ ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠰᠠᠷ᠎ᠠ ᠶᠢᠨ ᠰᠡᠭᠦᠯᠴᠢ ᠪᠠᠷ ᠷᠠᠰᠢᠶᠠᠨ ᠬᠤᠲᠠ ᠶᠢᠨ ᠵᠠᠰᠠᠭ ᠤᠨ ᠣᠷᠳᠣᠨ ᠤ ᠰᠦᠯᠵᠢᠶ᠎ᠡ᠂ ᠷᠠᠰᠢᠶᠠᠨ ᠬᠤᠲᠠ ᠶᠢᠨ ᠬᠠᠮ ᠵᠠᠭᠤᠴᠢᠯᠠᠭᠤᠷ᠂ ᠷᠠᠰᠢᠶᠠᠨ ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠸᠢᠴᠠᠲ ᠤᠨ ᠨᠡᠶᠢᠲᠡ ᠶᠢᠨ ᠳ᠋ᠤᠭᠠᠷ ᠵᠡᠷᠭᠡ ᠬᠠᠮᠢᠶ᠎ᠠ ᠪᠦᠬᠦᠢ ᠲᠠᠪᠴᠠᠩ ᠳᠤ ᠬᠠᠨᠳᠢᠪᠯᠡᠭ᠌ᠰᠠᠨ ᠵᠣᠭᠤᠰ ᠤᠨ ᠪᠠᠶᠢᠳᠠᠯ ᠢ ᠵᠠᠷᠯᠠᠨ ᠨᠡᠶᠢᠲᠡᠯᠡᠨ᠎ᠡ᠃ ᠬᠠᠷᠢᠯᠴᠠᠬᠤ ᠬᠥᠮᠥᠨ᠄ ᠯᠢ ᠸᠧᠢ᠂ ᠭᠦᠸᠧ ᠰᠢᠨ᠂ ᠬᠠᠷᠢᠯᠴᠠᠬᠤ ᠤᠲᠠᠰᠤ᠄ 15344257272᠂ 15560699428᠂ ᠤᠲᠠᠰᠤ᠄ 0482 ︱ 7185530᠃       ᠲᠠᠪᠤ᠂ ᠪᠣᠳᠠᠲᠠᠢ ᠱᠠᠭᠠᠷᠳᠠᠯᠭ᠎ᠠ       ︵ᠨᠢᠭᠡ︶ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠡᠯ︾ ᠤᠨ ᠠᠵᠢᠯᠯᠠᠭ᠎ᠠ ᠶᠢ ᠬᠢᠨᠠᠮᠠᠭᠠᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠡᠯ᠎ᠡ ᠪᠠᠶᠢᠭᠤᠯᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ  ᠬᠢᠨ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠡᠯ︾ ᠤᠨ ᠠᠵᠢᠯᠯᠠᠭ᠎ᠠ ᠶᠢ ᠲᠣᠰ ᠨᠢᠭᠡᠴᠢ ᠶᠢᠨ ᠢᠶᠠᠨ ᠣᠶᠤᠨ ᠤ ᠪᠣᠯᠪᠠᠰᠤᠨ ᠤ ᠪᠠᠶᠢᠭᠤᠯᠤᠯᠲᠠ ᠲᠠᠢ ᠤᠶᠠᠯᠳᠤᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠲᠠᠢ ᠤᠶᠠᠯᠳᠤᠭᠤᠯᠬᠤ ᠬᠡᠷᠡᠭᠲᠡᠢ᠃ 2023 ᠣᠨ ᠤ ᠪᠥᠬᠦ ᠬᠤᠲᠠ ᠶᠢᠨ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠡᠯ︾ ᠤᠨ ᠠᠵᠢᠯᠯᠠᠭ᠎ᠠ ᠶᠢ ᠨᠠᠷᠢᠨ ᠬᠢᠨᠠᠮᠠᠭᠠᠢ ᠵᠣᠬᠢᠶᠠᠨ ᠪᠠᠶᠢᠭᠤᠯᠤᠨ ᠥᠷᠨᠢᠭᠦᠯᠵᠦ᠂ ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠬᠡᠷᠡᠭᠴᠡᠭᠡ ᠱᠠᠭᠠᠷᠳᠠᠯᠭ᠎ᠠ ᠶᠢ ᠰᠢᠢᠳᠪᠦᠷᠢᠯᠡᠬᠦ ᠳᠤ ᠬᠦᠴᠦᠨ ᠴᠢᠳᠠᠯ ᠢᠶᠠᠨ ᠡᠷᠭᠦᠬᠦ ᠭᠡᠷᠡᠭᠳᠡᠢ᠃ ᠨᠠᠮ ᠤᠨ ᠭᠡᠰᠢᠭᠦᠨ ᠺᠠᠳ᠋ᠷᠴᠤᠳ ᠢᠯᠠᠩᠭᠤᠶ᠎ᠠ ᠤᠳᠤᠷᠢᠳᠬᠤ ᠺᠠᠳ᠋ᠷᠴᠤᠳ ᠤᠨ ᠨᠡᠶᠢᠲᠡ ᠶᠢᠨ ᠠᠰᠠᠷᠠᠮᠵᠢ ᠶᠢᠨ ᠦᠢᠯᠡᠰ ᠲᠤ ᠣᠷᠣᠯᠴᠠᠬᠤ᠂ ᠨᠡᠶᠢᠭᠡᠮ ᠤᠨ ᠬᠠᠷᠢᠭᠤᠴᠠᠯᠭ᠎ᠠ ᠪᠠᠨ ᠭᠦᠢᠴᠡᠳᠬᠡᠬᠦ ᠶᠢᠨ ᠵᠢᠱᠢᠶ᠎ᠡ ᠦᠵᠡᠭᠦᠯᠬᠦ ᠦᠢᠯᠡᠳᠦᠯ ᠢ ᠭᠦᠢᠴᠡᠳ ᠪᠠᠳᠠᠷᠠᠭᠤᠯᠵᠤ᠂ ᠪᠡᠶ᠎ᠡ ᠪᠠᠷ ᠢᠶᠠᠨ ᠬᠡᠪ ᠳᠦᠷᠢᠮ ᠪᠣᠯᠵᠤ᠂ ᠳᠡᠭᠡᠳᠦ ᠱᠠᠲᠤ ᠨᠢ ᠳᠣᠣᠷᠠᠳᠤ ᠱᠠᠲᠤ ᠪᠠᠨ ᠳᠠᠶᠢᠴᠢᠯᠠᠨ᠂ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠡᠯ︾ ᠤᠨ ᠣᠷᠳᠣ ᠬᠤᠭᠤᠴᠠᠭᠠᠨ ᠤ ᠪᠦᠲᠦᠮᠵᠢᠲᠡᠶ ᠠᠵᠢᠯ ᠤᠨ ᠲᠣᠭᠲᠠᠴᠠ ᠶᠢ ᠨᠠᠶᠢᠳᠠᠪᠤᠷᠢᠵᠢᠭᠤᠯᠵᠤ᠂ ᠠᠳᠠᠯᠢ ᠴᠠᠯᠢᠩ ᠤᠨ ᠵᠥᠪ ᠴᠢᠭᠯᠡᠯ ᠢᠶᠠᠷ ᠨᠡᠮᠡᠭᠳᠡᠬᠦ ᠲᠣᠭᠲᠠᠴᠠ ᠶᠢ ᠪᠠᠶᠢᠭᠤᠯᠤᠨ᠂ ᠲᠣᠰ ᠭᠠᠵᠠᠷ ᠣᠷᠣᠨ᠂ ᠲᠣᠰ ᠨᠢᠭᠡᠴᠢ᠂ ᠲᠣᠰ ᠰᠠᠯᠠᠭ᠎ᠠ ᠮᠥᠴᠢᠷ ᠤᠨ ᠢᠶᠠᠨ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠡᠯ︾ ᠤᠨ ᠬᠠᠨᠳᠢᠪ ᠴᠤᠭᠯᠠᠭᠤᠯᠬᠤ ᠠᠵᠢᠯ ᠢ ᠦᠨᠡᠨ ᠬᠦ ᠰᠠᠶᠢᠲᠤᠷ ᠵᠣᠬᠢᠶᠠᠨ ᠪᠠᠶᠢᠭᠤᠯᠬᠤ ᠬᠡᠷᠡᠭᠲᠡᠢ᠃       ︵ᠬᠤᠶᠠᠷ︶ ᠦᠳᠲᠡᠷ ᠲᠦᠷᠭᠡᠨ ᠬᠥᠳᠡᠯᠦᠯᠴᠡᠵᠦ᠂ ᠴᠠᠭ ᠤᠨ ᠬᠢᠵᠠᠭᠠᠷ ᠶᠣᠰᠣᠭᠠᠷ ᠡᠭᠦᠷᠭᠡ ᠪᠠᠨ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ᠃ ᠬᠠᠤᠯᠢ ᠶᠢᠨ ᠡᠷᠬᠡᠲᠡᠨ ᠨᠢᠭᠡᠴᠢ ᠪᠦᠬᠦᠨ ᠴᠥᠮ ᠢᠳᠡᠪᠬᠢᠲᠡᠢ ᠪᠠᠷ ᠤᠬᠠᠭᠤᠯᠤᠨ ᠲᠠᠶᠢᠴᠢᠯᠠᠵᠦ᠂ ᠵᠣᠭᠤᠰ ᠴᠤᠭᠯᠠᠭᠤᠯᠬᠤ ᠠᠵᠢᠯᠯᠠᠭ᠎ᠠ ᠶᠢ ᠥᠪᠡᠷᠰᠡᠳ ᠢᠶᠠᠨ ᠵᠣᠬᠢᠶᠠᠨ ᠪᠠᠶᠢᠭᠤᠯᠤᠨ ᠥᠷᠨᠢᠭᠦᠯᠵᠦ᠂ ᠬᠠᠨᠳᠢᠪᠯᠡᠭ᠌ᠰᠠᠨ ᠵᠣᠭᠤᠰ ᠢ ᠬᠤᠳᠠ ᠶᠢᠨ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠭᠠᠮᠰᠢᠭ ᠠᠴᠠ ᠠᠪᠤᠷᠠᠬᠤ ᠲᠤᠰᠬᠠᠢ ᠲᠠᠩᠰᠠᠨ ᠡᠷᠦᠭᠡ ᠳᠤ ᠨᠢᠭᠡᠳᠦᠯᠲᠡᠢ ᠪᠠᠷ ᠭᠤᠪᠢᠭᠤᠯᠬᠤ ᠬᠡᠷᠡᠭᠲᠡᠢ᠃       ︵ᠭᠤᠷᠪᠠ︶ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠡᠯ︾ ᠤᠨ ᠴᠤᠭᠯᠠᠭᠤᠯᠤᠭᠰᠠᠨ ᠪᠡᠯᠡ ᠮᠥᠩᠭᠦ ᠶᠢ ᠦᠨᠡᠨ ᠬᠦ ᠰᠠᠶᠢᠲᠤᠷ ᠬᠠᠮᠢᠶᠠᠷᠴᠤ ᠰᠠᠶᠢᠲᠤᠷ ᠬᠡᠷᠡᠭᠯᠡᠨ᠎ᠡ᠃ ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠳ ᠬᠠᠷᠢᠭᠤᠴᠠᠯᠭ᠎ᠠ ᠶᠢᠨ ᠦᠵᠡᠯ ᠤᠬᠠᠮᠰᠠᠷ ᠢᠶᠠᠨ ᠦᠨᠡᠨ ᠬᠦ ᠴᠢᠩᠭᠠᠷᠠᠭᠤᠯᠵᠤ᠂ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠡᠯ︾ ᠤᠨ ᠪᠡᠯᠡ ᠮᠥᠩᠭᠦ ᠶᠢ ᠭᠥᠯᠢᠶᠡᠨ ᠠᠪᠬᠤ᠂ ᠬᠠᠮᠢᠶᠠᠷᠬᠤ ᠪᠠ ᠬᠡᠷᠡᠭᠯᠡᠬᠦ ᠠᠵᠢᠯ ᠢ ᠴᠢᠩᠭ᠎ᠠ ᠨᠢᠮᠪᠠᠢ᠂ ᠵᠢᠷᠤᠮᠵᠢᠯ ᠲᠠᠢ᠂ ᠥᠨᠳᠥᠷ ᠦᠷ᠎ᠡ ᠪᠦᠲᠦᠮᠵᠢᠲᠡᠶ ᠪᠠᠷ ᠰᠠᠶᠢᠲᠤᠷ ᠬᠢᠬᠦ ᠬᠡᠷᠡᠭᠲᠡᠢ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ︾ ᠤᠨ ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠡᠯ ᠤᠨ ︽ᠬᠠᠨᠳᠢᠪᠯᠡᠭ᠌ᠰᠠᠨ ᠵᠣᠭᠤᠰ ᠢ ᠭᠥᠯᠢᠶᠡᠨ ᠠᠪᠴᠤ ᠬᠠᠮᠢᠶᠠᠷᠴᠤ ᠬᠡᠷᠡᠭᠯᠡᠬᠦ ᠠᠷᠭ᠎ᠠ︾ ᠶᠢ ᠴᠢᠩᠭ᠎ᠠ ᠬᠡᠷᠡᠭᠵᠢᠭᠦᠯᠵᠦ᠂ ᠬᠠᠨᠳᠢᠪᠯᠡᠭ᠌ᠰᠠᠨ ᠮᠥᠩᠭᠦ ᠶᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠲᠣᠬᠢᠷᠠᠭᠤᠯᠤᠨ ᠬᠡᠷᠡᠭᠯᠡᠵᠦ᠂ ᠡᠯ᠎ᠡ ᠵᠦᠢᠯ ᠤᠨ ᠬᠥᠮᠥᠡᠯᠢᠭ ᠠᠪᠤᠷᠠᠨ ᠲᠤᠰᠠᠯᠠᠬᠤ ᠲᠥᠷᠥᠯ ᠵᠦᠢᠯ ᠪᠠ ᠠᠵᠢᠯᠯᠠᠭ᠎ᠠ ᠶᠢ ᠰᠠᠶᠢᠲᠤᠷ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠢ᠃       ︵ᠳᠥᠷᠪᠡ︶ ᠮᠡᠳᠡᠭᠡ ᠵᠠᠩᠭᠢ ᠶᠢ ᠢᠯᠡ ᠪᠣᠯᠭᠠᠬᠤ ᠡᠷᠴᠢᠮ ᠢ ᠴᠢᠩᠭᠠᠷᠠᠭᠤᠯᠤᠨ᠎ᠠ᠃ ᠤᠯᠠᠷᠢᠯ ᠪᠦᠷᠢ ᠳᠤ ᠷᠠᠰᠢᠶᠠᠨ ᠬᠤᠲᠠ ᠶᠢᠨ ᠵᠠᠰᠠᠭ ᠤᠨ ᠣᠷᠳᠣᠨ ᠤ ᠰᠦᠯᠵᠢᠶ᠎ᠡ᠂ ᠷᠠᠰᠢᠶᠠᠨ ᠬᠤᠲᠠ ᠶᠢᠨ ᠬᠠᠮ ᠵᠠᠭᠤᠴᠢᠯᠠᠭᠤᠷ ᠵᠢᠴᠢ ᠷᠠᠰᠢᠶᠠᠨ ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠸᠢᠴᠠᠲ ᠤᠨ ᠨᠡᠶᠢᠲᠡ ᠶᠢᠨ ᠳ᠋ᠤᠭᠠᠷ ᠵᠡᠷᠭᠡ ᠲᠠᠪᠴᠠᠩ ᠳᠤ ᠬᠠᠨᠳᠢᠪᠯᠡᠨ ᠬᠦᠷᠭᠡᠭᠰᠡᠨ ᠵᠣᠭᠤᠰ ᠮᠥᠩᠭᠦ ᠡᠳ᠋ ᠪᠣᠳᠠᠰ ᠢ ᠭᠥᠯᠢᠶᠡᠨ ᠠᠪᠤᠭᠰᠠᠨ ᠪᠠ ᠬᠡᠷᠡᠭᠯᠡᠭᠰᠡᠨ ᠪᠠᠶᠢᠳᠠᠯ ᠢᠶᠠᠨ ᠨᠡᠶᠢᠭᠡᠮ ᠨᠡᠶᠢᠲᠡ ᠳᠤ ᠨᠡᠶᠢᠲᠡᠯᠡᠬᠦ ᠶᠢᠨ ᠬᠠᠮᠲᠤ ᠣᠨ ᠤ ᠪᠡᠯᠡ ᠮᠥᠩᠭᠦ ᠶᠢ ᠬᠢᠨᠠᠨ ᠪᠤᠳᠤᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠰᠠᠨᠠᠭᠠᠴᠢᠯᠠᠭ᠎ᠠ   ᠠᠴᠠ ᠪᠠᠨ ᠬᠢᠨᠠᠯᠲᠠ ᠲᠠᠯᠪᠢᠬᠤ ᠶᠢ ᠬᠦᠯᠢᠶᠡᠵᠦ᠂ ᠬᠠᠨᠳᠢᠪ ᠴᠤᠭᠯᠠᠭᠤᠯᠬᠤ ᠪᠡᠯᠡ ᠮᠥᠩᠭᠦ ᠶᠢᠨ ᠠᠮᠤᠷ ᠲᠦᠪᠰᠢᠨ ᠪᠦᠲᠦᠮᠵᠢᠲᠡᠶ ᠠᠵᠢᠯᠯᠠᠬᠤ ᠶᠢ ᠪᠠᠲᠤᠯᠠᠨ᠎ᠠ᠃       ᠡᠭᠦᠨ ᠠᠴᠠ ᠭᠠᠳᠠᠨ᠎ᠠ᠂ ᠲᠣᠰ ᠤᠳᠠᠭᠠᠨ ᠤ ᠠᠵᠢᠯᠯᠠᠭ᠎ᠠ ᠳᠤ ᠪᠦᠷᠢᠯᠳᠦᠭᠦᠨ ᠨᠢᠭᠡᠴᠢ ᠶᠢᠨ ᠪᠦᠯᠬᠦᠮ ᠤᠨ ᠬᠤᠷᠠᠯ ᠤᠨ ᠰᠦᠢᠳᠬᠡᠯ ᠪᠠ ᠬᠤᠪᠢ ᠬᠥᠮᠥᠨ ᠤ ᠬᠤᠷᠠᠯ ᠤᠨ ᠰᠦᠢᠳᠬᠡᠯ ᠢ ᠬᠠᠮᠲᠤ ᠳᠤᠨᠢ ᠬᠤᠷᠢᠶᠠᠨ ᠠᠪᠤᠨ᠎ᠠ ︵ᠬᠤᠷᠠᠯ ᠤᠨ ᠰᠦᠢᠳᠬᠡᠯ ᠤᠨ ᠪᠠᠷᠢᠮᠵᠢᠶ᠎ᠠ᠄ ᠪᠦᠯᠬᠦᠮ ᠤᠨ ᠰᠦᠢᠳᠬᠡᠯ 1000 ᠲᠥᠭᠦᠷᠢᠭ᠂ ᠬᠤᠪᠢ ᠬᠥᠮᠥᠨ ᠤ ᠰᠦᠢᠳᠬᠡᠯ 10 ᠲᠥᠭᠦᠷᠢᠭ︶᠃       ᠳᠠᠭᠠᠯᠳᠤᠭᠤᠯᠤᠯ᠄ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠡᠯ︾ ᠵᠢᠴᠢ ᠬᠤᠷᠠᠯ ᠤᠨ ᠰᠦᠢᠳᠬᠡᠯ ᠤᠨ ᠨᠠᠷᠢᠨ ᠬᠦᠰᠦᠨᠦᠭᠲᠦ                    2023 ᠣᠨ ᠤ 5 ᠰᠠᠷ᠎ᠡ ᠶᠢᠨ 24 ᠤ ᠡᠳᠣᠷ                    ᠨᠠᠷᠢᠨ ᠠᠭᠤᠯᠭ᠎ᠠ ᠶᠢ ᠷᠡᠰᠢᠶᠠᠨ ᠬᠤᠳᠡ ᠶᠢᠨ ᠠᠷᠡᠳ ᠤᠨ ᠵᠠᠰᠠᠭ ᠤᠨ ᠣᠷᠳᠣᠨ ᠤ ᠬᠢᠳᠡᠳ ᠰᠦᠯᠵᠢᠶ᠎ᠠ ᠠᠴᠠ ᠦᠵᠡᠭᠡᠷᠡᠢ
 
ᠢᠷᠡᠯᠲᠡ᠄ ᠷᠡᠰᠢᠶᠠᠨ ᠬᠤᠳᠡ ᠶᠢᠨ ᠠᠷᠡᠳ ᠤᠨ ᠵᠠᠰᠠᠭ ᠤᠨ ᠣᠷᠳᠣᠨ ᠤ ᠠᠯᠪᠡᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号