ᠷᠠᠰᠢᠶᠠᠨ ᠬᠤᠲᠠ ᠶᠢᠨ ᠸᠧᠨᠴᠢᠣᠸᠠᠨ ᠵᠡᠭᠡᠯᠢ ᠶᠢᠨ ᠬᠡᠰᠡᠭ ᠵᠠᠮ  ᠳᠤ ᠲᠦᠷ ᠴᠠᠭ ᠤᠨ ᠵᠠᠮ ᠬᠠᠷᠢᠯᠴᠠᠭᠠᠨ ᠤ ᠵᠠᠬᠢᠷᠤᠨ ᠬᠠᠮᠢᠶᠠᠷᠤᠯᠲᠠ ᠶᠠᠪᠤᠭᠤᠯᠬᠤ ᠲᠤᠬᠠᠢ ᠮᠠᠳᠡᠭᠳᠡᠯ
ᠨᠡᠶᠢᠲᠡᠯᠡᠭᠰᠡᠨ ᠴᠠᠭ᠄
2023/8/31
      ᠳᠤᠮᠳᠠᠳᠤ ᠤᠯᠤᠰ ︵ᠷᠠᠰᠢᠶᠠᠨ︶ ᠤᠨ  ᠵᠣᠭᠠᠴᠠᠯ ᠤᠨ ᠶᠡᠭᠡ ᠬᠤᠷᠠᠯ ᠬᠤᠷᠠᠯᠳᠤᠬᠤ ᠬᠤᠭᠤᠴᠠᠭᠠᠨ ᠳᠠᠬᠢ ᠬᠤᠯᠪᠣᠭᠳᠠᠯ ᠪᠦᠬᠦᠢ ᠠᠵᠢᠯᠯᠠᠭ᠎ᠠ ᠪᠠ ᠵᠠᠮ ᠬᠠᠷᠢᠯᠴᠠᠭᠠᠨ ᠤ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ︾ ᠶᠢᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠷᠠᠰᠢᠶᠠᠨ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠳᠣᠣᠷᠠᠬᠢ ᠵᠠᠮ ᠤᠨ ᠬᠡᠰᠡᠭ ᠲᠤ ᠲᠦᠷ ᠴᠠᠭ ᠤᠨ ᠵᠠᠮ ᠬᠠᠷᠢᠯᠴᠠᠭᠠᠨ ᠤ ᠵᠠᠬᠢᠷᠤᠨ ᠬᠠᠮᠢᠶᠠᠷᠤᠯᠲᠠ ᠶᠠᠪᠤᠭᠤᠯᠤᠨ᠎ᠠ᠃ ᠥᠷᠭᠡᠨ ᠤᠯᠠᠨ ᠬᠤᠳᠠ ᠶᠢᠨ ᠠᠷᠠᠳ ᠲᠦᠮᠡᠨ᠂ ᠷᠡᠰᠢᠶᠠᠨ ᠳᠤ ᠢᠷᠡᠬᠦ ᠵᠤᠭᠠᠴᠠᠭᠰᠠᠳ  ᠮᠠᠳᠡᠭᠳᠡᠯ ᠢ ᠰᠠᠶᠢᠳᠣᠷ ᠵᠢᠷᠣᠮᠯᠡᠨ᠂ ᠡᠭᠦᠷᠭᠡ ᠭᠦᠢᠴᠡᠳᠬᠡᠵᠦ ᠪᠠᠶᠢᠭ᠎ᠠ ᠠᠷᠠᠳ ᠤᠨ ᠴᠠᠭᠳᠠᠭ᠎ᠠ ᠶᠢᠨ ᠵᠢᠯᠣᠭᠤᠳᠤᠯᠭ᠎ᠠ ᠶᠢ ᠰᠠᠶᠢᠳᠣᠷ ᠳᠠᠭᠠᠭᠠᠬᠤ ᠭᠡᠷᠡᠭᠳᠡᠢ᠃ ᠠᠭᠤᠯᠭ᠎ᠠ ᠨᠢ ᠳᠣᠣᠷᠠᠬᠢ ᠮᠡᠲᠦ᠄       ᠨᠢᠭᠡ᠂ ᠵᠠᠮ ᠬᠠᠷᠢᠯᠴᠠᠭᠠᠨ ᠤ ᠵᠠᠬᠢᠷᠤᠨ ᠬᠠᠮᠢᠶᠠᠷᠬᠤ ᠴᠠᠭ ᠬᠤᠭᠤᠴᠠᠭ᠎ᠠ ᠵᠢᠴᠢ ᠵᠠᠮ ᠤᠨ ᠬᠡᠰᠡᠭ       2023 ᠣᠨ ᠤ 9 ᠰᠠᠷ᠎ᠠ ᠶᠢᠨ 1 ᠤ ᠡᠳᠦᠷ ᠤᠨ 19 ᠴᠠᠭ 00 ᠮᠢᠨᠦ᠋ᠲ ᠠᠴᠠ 2023 ᠣᠨ ᠤ 9 ᠰᠠᠷ᠎ᠠ ᠶᠢᠨ 1 ᠤ ᠡᠳᠦᠷ ᠤᠨ 22 ᠴᠠᠭ 30 ᠮᠢᠨᠦ᠋ᠲ ᠪᠣᠯᠲᠠᠯ᠎ᠠ ᠬᠠᠮᠢᠶᠠᠷᠣᠯᠳᠡ ᠶᠠᠪᠣᠬᠳᠡᠭᠤᠯᠣᠨ᠎ᠠ᠃ ᠭᠤᠣᠯ ᠤᠨ ᠬᠥᠪᠡᠭᠡᠨ ᠤ ᠵᠡᠭᠦᠨ ᠵᠠᠮ᠂ ᠭᠤᠣᠯ ᠤᠨ ᠬᠥᠪᠡᠭᠡᠨ ᠤ ᠪᠠᠷᠠᠭᠤᠨ ᠵᠠᠮ ᠤᠨ ᠪᠦᠬᠦ ᠬᠡᠰᠡᠭ   ᠲᠤ ᠲᠡᠷᠭᠡ ᠭᠦᠰᠭᠡ ᠬᠦᠮᠣᠨ ᠬᠠᠷ᠎ᠡ ᠨᠡᠪᠲᠡᠷᠡᠬᠦ ᠶᠢ ᠬᠤᠷᠢᠬᠯᠡᠨ᠎ᠠ᠃ ᠸᠧᠨᠴᠢᠣᠸᠠᠨ ᠵᠡᠭᠡᠯᠢ ᠶᠢᠨ ᠵᠠᠰᠠᠭ ᠤᠨ ᠣᠷᠳᠣᠨ ᠤ ᠵᠠᠮ ᠤᠨ ᠠᠭᠤᠯᠵᠠᠷ ᠠᠴᠠ ᠡᠮᠦᠨᠡᠰᠢ ᠨᠡᠪᠲᠡᠷᠡᠬᠦ ᠶᠢ ᠬᠤᠷᠢᠬᠯᠡᠨ᠎ᠠ᠃       2023 ᠣᠨ ᠤ 9 ᠰᠠᠷ᠎ᠠ ᠶᠢᠨ 2 ᠤᠨ ᠡᠳᠦᠷ ᠤᠨ ᠦᠳᠡ ᠶᠢᠨ ᠡᠮᠦᠨᠡᠬᠢ 9 ᠴᠠᠭ ᠠᠴᠠ 2023 ᠣᠨ ᠤ 9 ᠰᠠᠷ᠎ᠠ ᠶᠢᠨ 2 ᠤᠨ ᠡᠳᠦᠷ ᠤᠨ 12 ᠴᠠᠭ ᠪᠣᠯᠲᠠᠯ᠎ᠠ᠂ ᠸᠧᠨᠴᠢᠣᠸᠠᠨ ᠵᠡᠭᠡᠯᠢ ᠶᠢᠨ ᠵᠠᠰᠠᠭ ᠤᠨ ᠣᠷᠳᠣᠨ ᠬᠠᠢ ᠱᠧᠨ ᠵᠠᠮ ᠤᠨ ᠠᠭᠤᠯᠵᠠᠷ ᠲᠤ ᠬᠦᠷᠬᠦ ᠪᠥᠬᠦ ᠵᠠᠮ ᠤᠨ ᠬᠡᠰᠡᠭ ᠲᠤ ᠲᠡᠷᠭᠡ ᠬᠦᠰᠭᠡ ᠬᠦᠮᠣᠨ ᠬᠠᠷ᠎ᠡ ᠨᠡᠪᠲᠡᠷᠡᠬᠦ ᠶᠢ ᠬᠤᠷᠢᠬᠯᠡᠨ᠎ᠠ᠂ ᠵᠠᠰᠠᠭ ᠤᠨ ᠣᠷᠳᠣᠨ ᠤ ᠵᠠᠮ ᠤᠨ ᠠᠭᠤᠯᠵᠠᠷ ᠠᠴᠠ ᠬᠠᠢ ᠱᠧᠨ ᠵᠠᠮ ᠤᠨ ᠠᠭᠤᠯᠵᠠᠷ ᠲᠤ ᠬᠦᠷᠬᠦ ᠵᠡᠭᠦᠨ ᠪᠠᠷᠠᠭᠤᠨ ᠲᠤᠰᠠᠯᠠᠬᠤ ᠵᠠᠮ ᠳᠤ ᠲᠡᠷᠭᠡ ᠬᠥᠰᠬᠡ ᠵᠣᠭᠰᠤᠭᠠᠬᠤ ᠶᠢ ᠬᠤᠷᠢᠬᠯᠡᠨ᠎ᠠ᠃       ᠬᠤᠶᠠᠷ᠂ ᠠᠩᠬᠠᠷᠬᠤ ᠵᠦᠢᠯ       ᠵᠠᠮ ᠬᠠᠷᠢᠯᠴᠠᠭᠠᠨ ᠤ ᠲᠦᠷ ᠴᠠᠭ ᠤᠨ ᠵᠠᠬᠢᠷᠤᠨ ᠬᠠᠮᠢᠶᠠᠷᠬᠤ ᠬᠤᠭᠤᠴᠠᠭᠠᠨ ᠳᠤ᠂ ᠶᠠᠮᠠᠷᠪᠠ ᠲᠡᠷᠭᠡ ᠬᠥᠰᠬᠡ ᠵᠢᠴᠢ ᠶᠠᠪᠠᠭᠠᠨ ᠬᠥᠮᠥᠨ ᠤ ᠨᠡᠪᠲᠡᠷᠡᠬᠦ ᠶᠢ ᠬᠤᠷᠢᠬᠯᠡᠨ᠎ᠠ᠂ ᠵᠠᠮ ᠬᠠᠷᠢᠯᠴᠠᠭᠠᠨ ᠤ ᠵᠠᠬᠢᠷᠤᠨ ᠬᠠᠮᠢᠶᠠᠷᠬᠤ ᠬᠤᠭᠤᠴᠠᠭᠠᠨ ᠳᠤ᠂ ᠬᠡᠷᠪᠡ ᠤᠯᠠᠭᠠᠨᠬᠤᠲᠠ ᠳᠤ ᠣᠴᠢᠬᠤ ᠬᠥᠮᠥᠨ ᠪᠠᠶᠢᠪᠠᠯ᠂ ᠵᠠᠰᠠᠭ ᠤᠨ ᠣᠷᠳᠣᠨ ᠤ ᠵᠠᠮ ᠤᠨ ᠠᠭᠤᠯᠵᠠᠷ ᠲᠤ ᠵᠡᠭᠦᠨᠰᠢ ᠭᠠᠯᠲᠤ ᠲᠡᠷᠭᠡᠨ ᠥᠷᠲᠡᠭᠡ ᠳᠠᠭᠠᠤ ᠶᠠᠪᠤᠭᠠᠷᠠᠢ᠃       ᠵᠠᠮ ᠬᠠᠷᠢᠯᠴᠠᠭᠠᠨ ᠤ ᠲᠦᠷ ᠴᠠᠭ ᠤᠨ ᠵᠠᠬᠢᠷᠤᠨ ᠬᠠᠮᠢᠶᠠᠷᠬᠤ ᠬᠤᠭᠤᠴᠠᠭᠠᠨ ᠳᠤ ᠲᠡᠷᠭᠡ ᠬᠥᠰᠬᠡ ᠵᠢᠴᠢ ᠠᠷᠡᠳ ᠲᠦᠮᠡᠨ ᠳᠤ ᠤᠴᠠᠷᠠᠭᠤᠯᠤᠭᠰᠠᠨ ᠨᠥᠯᠥᠭᠡ ᠪᠤᠶᠤ ᠳᠥᠭᠦᠮ ᠦᠭᠡᠢ ᠶᠢ ᠵᠢᠯᠣᠭᠤᠴᠢ ᠪᠠ  ᠲᠡᠷᠭᠡ ᠬᠦᠰᠭᠡ  ᠳᠠᠬᠢ ᠬᠦᠮᠣᠰ ᠳᠡᠮᠵᠢᠯᠭᠡ ᠦᠵᠡᠭᠦᠯᠬᠦ ᠪᠠ ᠠᠭᠤᠴᠢᠯᠠᠬᠤ ᠶᠢ ᠬᠦᠰᠡᠵᠦ ᠪᠠᠶᠢᠨ᠎ᠠ᠃                                       ᠷᠠᠰᠢᠶᠠᠨ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ                                       ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ                                       2023 ᠣᠨ ᠤ 8 ᠰᠠᠷ᠎ᠠ ᠶᠢᠨ 29 ᠤ ᠡᠳᠣᠷ
 
ᠢᠷᠡᠯᠲᠡ᠄ ᠷᠠᠰᠢᠶᠠᠨ ᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号