︽ᠷᠠᠰᠢᠶᠠᠨ ᠬᠤᠲᠠ ᠶᠢᠨ ᠲᠠᠬᠢᠨ ᠶᠠᠳᠠᠭᠤ ᠠᠴᠠ ᠰᠡᠷᠭᠡᠶᠢᠯᠡᠬᠦ ᠳᠠᠭᠠᠳᠬᠠᠯ ᠤᠨ ᠠᠵᠢᠯ ᠤᠨ ᠬᠡᠷᠡᠭᠵᠢᠭᠦᠯᠬᠦ ᠲᠥᠰᠥᠯ︾ ᠢ ᠲᠠᠷᠣᠮᠠᠯᠯᠠᠨ ᠲᠠᠷᠬᠠᠭᠠᠬᠰᠠᠨ ᠲᠣᠬᠠᠢ ᠷᠡᠰᠢᠶᠠᠨ ᠬᠤᠳᠡ ᠶᠢᠨ ᠠᠷᠡᠳ ᠤᠨ ᠵᠠᠰᠠᠭ ᠤᠨ ᠣᠷᠳᠣᠨ ᠤ ᠠᠯᠪᠡᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2023/8/9
     ᠷᠡᠰᠢᠶᠠᠨ ᠵᠠᠰᠠᠭ ᠠᠯᠪᠠᠨ ᠲᠠᠷᠬᠠᠭᠠᠭᠰᠠᠨ ﹇2023﹈ 8 ᠳ᠋ᠤᠭᠠᠷ ᠲᠣᠭᠠᠲᠤᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠶᠢᠨ ᠬᠡᠷᠡᠭ ᠡᠷᠬᠢᠯᠡᠬᠦ ᠭᠠᠵᠠᠷ᠂ ᠬᠤᠲᠠ ᠶᠢᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ᠄      ᠮᠠᠨ ᠤ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠡᠮᠬᠢ ᠵᠢᠷᠤᠮ ᠲᠠᠢ ᠵᠣᠯᠭᠠᠭᠤᠯᠬᠤ ᠶᠢ ᠴᠢᠨᠠᠭᠰᠢᠳᠠ ᠠᠬᠢᠭᠤᠯᠣᠨ᠂ ᠳᠠᠬᠢᠨ ᠶᠠᠳᠠᠭᠤᠷᠠᠬᠤ᠂ ᠶᠠᠳᠠᠭᠤᠷᠠᠬᠤ ᠠᠴᠠ ᠰᠡᠷᠭᠡᠶᠢᠯᠡᠬᠦ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠶᠢᠨ ᠲᠥᠯᠥᠭᠡ᠂ ︽︿ᠶᠠᠳᠠᠭᠤ ᠬᠦᠴᠢᠷᠳᠡᠯᠲᠡᠢ ᠬᠥᠮᠥᠨ ᠠᠮᠠ ᠶᠢᠨ ᠲᠠᠬᠢᠨ ᠶᠠᠳᠠᠭᠤ ᠠᠴᠠ ᠰᠡᠷᠭᠡᠶᠢᠯᠡᠬᠦ ᠳᠠᠭᠠᠳᠬᠠᠯ ᠢ ᠤᠯᠠᠮ ᠨᠢᠭᠡ ᠠᠯᠬᠤᠮ ᠵᠢᠷᠤᠮᠵᠢᠭᠤᠯᠤᠨ ᠥᠷᠨᠢᠭᠦᠯᠬᠦ ᠵᠢᠯᠤᠭᠤᠳᠬᠤ ᠰᠠᠨᠠᠯ﹀ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾ ︵ᠬᠢᠩᠭᠠᠨ ᠬᠦᠳᠡᠭᠡ ᠲᠣᠰᠬᠤᠨ ᠢ ᠬᠦᠭᠵᠢᠬᠦᠯᠣᠨ ᠮᠠᠨᠳᠣᠭᠤᠯᠬᠤ ᠲᠣᠭᠤᠶᠢᠯᠠᠩ ᠤᠨ ᠲᠠᠷᠬᠠᠭᠠᠭᠰᠠᠨ ﹇2022﹈ 50 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠡᠳᠦᠭᠡ ᠮᠠᠨ ᠤ ᠬᠤᠲᠠ ᠶᠢᠨ ᠪᠣᠳᠠᠲᠠᠢ ᠲᠠᠢ ᠪᠠᠨ ᠤᠶᠠᠯᠳᠤᠭᠤᠯᠤᠨ᠂ ︽ᠷᠠᠰᠢᠶᠠᠨ ᠬᠤᠲᠠ ᠶᠢᠨ ᠶᠠᠳᠠᠭᠤ ᠬᠦᠴᠢᠷᠳᠡᠯᠲᠡᠢ ᠬᠥᠮᠥᠨ ᠠᠮᠠ ᠶᠢᠨ ᠲᠠᠬᠢᠨ ᠶᠠᠳᠠᠭᠤ ᠠᠴᠠ ᠰᠡᠷᠭᠡᠶᠢᠯᠡᠬᠦ ᠳᠠᠭᠠᠳᠬᠠᠯ ᠤᠨ ᠠᠵᠢᠯ ᠤᠨ ᠬᠡᠷᠡᠭᠵᠢᠭᠦᠯᠬᠦ ᠲᠥᠰᠥᠯ︾ ᠢ ᠲᠣᠭᠲᠠᠭᠠᠬᠤ ᠶᠢᠨ ᠬᠠᠮᠲᠤ ᠪᠢᠴᠢᠭ ᠮᠠᠲ᠋ᠧᠷᠢᠶᠠᠯ ᠢ ᠳᠠᠷᠤᠮᠠᠯᠯᠠᠨ ᠲᠠᠷᠬᠠᠭᠠᠪᠠ᠂ ᠲᠠ ᠨᠠᠷ ᠰᠠᠶᠢᠲᠤᠷ ᠨᠠᠶᠢᠳᠠᠪᠤᠷᠢᠵᠢᠭᠤᠯᠬᠤ ᠶᠢ ᠬᠦᠰᠡᠵᠦ ᠪᠠᠶᠢᠨ᠎ᠠ᠃      ᠳᠠᠭᠠᠯᠳᠤᠭᠤᠯᠤᠯ᠄ 1. ᠷᠠᠰᠢᠶᠠᠨ ᠬᠤᠲᠠ ᠶᠢᠨ ᠶᠠᠳᠠᠭᠤ ᠬᠦᠴᠢᠷᠳᠡᠯᠲᠡᠢ ᠬᠥᠮᠥᠨ ᠠᠮᠠ ᠶᠢᠨ ᠲᠠᠬᠢᠨ ᠶᠠᠳᠠᠭᠤ  ᠠᠴᠠ ᠰᠡᠷᠭᠡᠶᠢᠯᠡᠬᠦ ᠳᠠᠭᠠᠳᠬᠠᠯ ᠤᠨ ᠠᠵᠢᠯ ᠤᠨ ᠬᠡᠷᠡᠭᠵᠢᠭᠦᠯᠬᠦ ᠲᠥᠰᠥᠯ      2. ᠲᠥᠷᠥ   ᠶᠢᠨ ᠪᠣᠳᠣᠯᠭ᠎ᠠ   ᠶᠢᠨ ᠲᠠᠶᠢᠯᠤᠮᠵᠢ                                                     2023 ᠣᠨ ᠤ 3 ᠰᠠᠷ᠎ᠡ ᠶᠢᠨ 8 ᠤ ᠡᠳᠣᠷ      ᠳᠠᠭᠠᠯᠳᠤᠭᠤᠯᠤᠯ 1      ᠷᠠᠰᠢᠶᠠᠨ ᠬᠤᠲᠠ ᠶᠢᠨ ᠲᠠᠬᠢᠨ ᠶᠠᠳᠠᠭᠤ ᠠᠴᠠ ᠰᠡᠷᠭᠡᠶᠢᠯᠡᠬᠦ ᠳᠠᠭᠠᠳᠬᠠᠯ ᠤᠨ ᠠᠵᠢᠯ ᠤᠨ ᠬᠡᠷᠡᠭᠵᠢᠭᠦᠯᠬᠦ ᠲᠥᠰᠥᠯ      ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠨᠡᠩ ᠰᠠᠶᠢᠲᠤᠷ ᠪᠠᠬᠢᠵᠢᠭᠦᠯᠬᠦ ᠶᠢᠨ ᠲᠥᠯᠥᠭᠡ᠂ ᠮᠠᠨ ᠤ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠡᠮᠬᠢ ᠵᠢᠷᠤᠮ ᠲᠠᠢ ᠵᠣᠯᠭᠠᠭᠤᠯᠬᠤ ᠶᠢ ᠴᠢᠨᠠᠭᠰᠢᠳᠠ ᠠᠬᠢᠭᠤᠯᠵᠤ᠂ ᠳᠠᠬᠢᠨ ᠶᠠᠳᠠᠭᠤᠷᠠᠬᠤ᠂ ᠶᠠᠳᠠᠭᠤᠷᠠᠬᠤ ᠠᠴᠠ ᠰᠡᠷᠭᠡᠶᠢᠯᠡᠬᠦ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠡᠳ᠋ ᠤᠨ ᠵᠠᠰᠠᠭ ᠤᠨ ᠲᠢᠩᠬᠢᠮ ᠤᠨ ︽ᠶᠠᠳᠠᠭᠤ ᠬᠦᠴᠢᠷᠳᠡᠯᠲᠡᠢ ᠬᠥᠮᠥᠨ ᠠᠮᠠ ᠶᠢᠨ ᠳᠠᠬᠢᠨ ᠶᠠᠳᠠᠭᠤᠷᠠᠬᠤ᠂ ᠶᠠᠳᠠᠭᠤᠷᠠᠬᠤ ᠠᠴᠠ ᠰᠡᠷᠭᠡᠶᠢᠯᠡᠬᠦ ᠳᠠᠭᠠᠳᠬᠠᠯ ᠤᠨ ᠲᠤᠬᠠᠶᠢᠯᠠᠭᠰᠠᠨ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠤᠨ ᠥᠷᠨᠢᠭᠦᠯᠬᠦ ᠲᠤᠬᠠᠢ ᠮᠡᠳᠡᠭᠳᠡᠯ︾ ︵ᠬᠢᠩᠭᠠᠨ ᠬᠦᠳᠡᠭᠡ ᠲᠣᠰᠬᠤᠨ ᠢ ᠬᠦᠭᠵᠢᠬᠦᠯᠣᠨ ᠮᠠᠨᠳᠣᠭᠤᠯᠬᠤ ᠲᠣᠭᠤᠶᠢᠯᠠᠩ ᠤᠨ ᠲᠠᠷᠬᠠᠭᠠᠭᠰᠠᠨ ﹇2022﹈ 31 ᠳ᠋ᠣᠭᠡᠷ ᠲᠣᠭᠠᠲᠤ︶᠂ ᠬᠢᠩᠭᠠᠨ ᠠᠶᠢᠮᠠᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ︽︿ᠶᠠᠳᠠᠭᠤ ᠬᠦᠴᠢᠷᠳᠡᠯᠲᠡᠢ ᠬᠥᠮᠥᠨ ᠠᠮᠠ ᠶᠢᠨ ᠲᠠᠬᠢᠨ ᠶᠠᠳᠡᠭᠤᠷᠡᠬᠤ ᠠᠴᠠ ᠰᠡᠷᠭᠡᠶᠢᠯᠡᠬᠦ ᠳᠠᠭᠠᠳᠬᠠᠯ ᠢ ᠤᠯᠠᠮ ᠨᠢᠭᠡ ᠠᠯᠬᠤᠮ ᠵᠢᠷᠤᠮᠵᠢᠭᠤᠯᠤᠨ ᠥᠷᠨᠢᠭᠦᠯᠬᠦ ᠲᠤᠬᠠᠢ ᠵᠢᠯᠤᠭᠤᠳᠬᠤ ᠰᠠᠨᠠᠯ﹀ ᠢ ᠳᠠᠷᠤᠮᠠᠯᠯᠠᠨ ᠲᠠᠷᠬᠠᠭᠠᠬᠤ ᠮᠡᠳᠡᠭᠳᠡᠯ︾ ︵ᠬᠢᠩᠭᠠᠨ ᠬᠦᠳᠡᠭᠡ ᠲᠣᠰᠬᠤᠨ ᠢ ᠬᠦᠭᠵᠢᠬᠦᠯᠣᠨ ᠮᠠᠨᠳᠣᠭᠤᠯᠬᠤ ᠲᠣᠭᠤᠶᠢᠯᠠᠩ ᠤᠨ ᠲᠠᠷᠬᠠᠭᠠᠭᠰᠠᠨ ﹇2022﹈ 50 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠬᠤᠲᠠ ᠶᠢᠨ ᠪᠣᠳᠠᠲᠠᠢ ᠲᠠᠢ ᠪᠠᠨ ᠤᠶᠠᠯᠳᠤᠭᠤᠯᠵᠤ ᠲᠣᠰ ᠲᠥᠰᠥᠯ ᠢ ᠲᠣᠭᠲᠠᠭᠠᠪᠠ᠃      ᠨᠢᠭᠡ᠂ ᠶᠡᠷᠦᠩᠬᠡᠢ ᠱᠠᠭᠠᠷᠳᠠᠯᠭ᠎ᠠ      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠠᠶᠢᠮᠠᠭ ᠤᠨ ᠵᠠᠬᠢᠷᠭ᠎ᠠ ᠶᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠳᠡ ᠰᠢᠪᠳᠣᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠠᠪᠤᠳᠠᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠶ ᠵᠣᠯᠭᠠᠭᠤᠯᠬᠤ ᠲᠤᠬᠠᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠣᠨ ᠨᠠᠶᠢᠳᠠᠪᠤᠷᠢᠵᠢᠭᠤᠯᠵᠤ᠂ ᠲᠤᠬᠠᠢ ᠶᠢᠨ ᠭᠠᠵᠠᠷ ᠤᠨ ᠪᠣᠳᠠᠲᠤ ᠪᠠᠶᠢᠳᠠᠯ ᠳᠠᠭᠠᠨ ᠰᠠᠭᠤᠷᠢᠯᠠᠵᠤ᠂ ᠵᠠᠰᠠᠭ ᠤᠨ ᠣᠷᠳᠣᠨ᠂ ᠳᠠᠭᠠᠳᠬᠠᠯ ᠤᠨ ᠺᠣᠮᠫᠠᠨᠢ᠂ ᠮᠠᠯᠵᠢᠬᠤ ᠲᠠᠷᠢᠶᠠᠯᠠᠬᠤ ᠣᠷᠣᠨ ᠤ ᠬᠥᠮᠥᠨ ᠠᠮᠠ ᠬᠠᠮᠲᠤᠪᠠᠷ ᠣᠷᠣᠯᠴᠠᠭᠰᠠᠨ ᠶᠠᠳᠠᠭᠤ ᠬᠦᠴᠢᠷᠳᠡᠯᠲᠡᠢ ᠬᠥᠮᠥᠨ ᠠᠮᠠ ᠶᠢ ᠰᠡᠷᠭᠡᠶᠢᠯᠡᠬᠦ ᠪᠠᠲᠤᠯᠠᠪᠤᠷᠢ ᠶᠢᠨ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠲᠠᠬᠢᠨ ᠶᠠᠳᠠᠭᠤᠷᠠᠬᠤ ᠠᠴᠠ ᠰᠡᠷᠭᠡᠶᠢᠯᠡᠬᠦ ᠪᠠᠲᠤ ᠪᠠᠬᠢ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠢᠳᠡᠪᠬᠢᠲᠡᠢ ᠠᠬᠢᠭᠤᠯᠬᠤ ᠬᠡᠷᠡᠭᠲᠡᠢ᠃      ᠬᠤᠶᠠᠷ᠂ ᠪᠠᠲᠤᠯᠠᠭ᠎ᠠ ᠶᠢᠨ ᠭᠤᠣᠯ ᠴᠣᠭᠴᠠ      ᠪᠥᠬᠦ ᠬᠤᠲᠠ ᠶᠢᠨ ᠶᠠᠳᠠᠭᠤ ᠠᠴᠠ ᠠᠩᠭᠢᠵᠢᠷᠠᠭᠤᠯᠬᠤ ᠲᠥᠷᠥ ᠶᠢᠨ ᠪᠣᠳᠣᠯᠭ᠎ᠠ ᠶᠢ ᠭᠥᠷᠳᠡᠬᠦ ᠬᠥᠮᠥᠨ ᠠᠮᠠ ᠪᠠ ᠠᠮᠠᠷᠬᠠᠨ ᠶᠠᠳᠠᠭᠤᠷᠠᠬᠤ ᠬᠥᠮᠥᠨ ᠠᠮᠠ ᠵᠢᠴᠢ ᠳᠠᠭᠠᠳᠬᠠᠯ ᠳᠤ ᠣᠷᠣᠯᠴᠠᠬᠤ ᠬᠦᠰᠡᠯ ᠲᠠᠢ ᠪᠤᠰᠤᠳ ᠲᠣᠰ ᠬᠤᠲᠠ ᠶᠢᠨ ᠡᠷᠦᠬᠡ ᠠᠮᠠ ᠶᠢᠨ ᠲᠠᠩᠰᠠ ᠲᠠᠢ ᠬᠥᠮᠥᠨ ᠠᠮᠠ ︵ᠡᠭᠦᠨ ᠳᠤ ᠶᠠᠳᠠᠭᠤ ᠠᠴᠠ ᠠᠩᠭᠢᠵᠢᠷᠠᠭᠤᠯᠬᠤ ᠳᠤ ᠲᠥᠷᠥ ᠶᠢᠨ ᠪᠣᠳᠣᠯᠭ᠎ᠠ ᠶᠢ ᠭᠥᠷᠳᠡᠬᠦ ᠦᠭᠡᠢ ᠬᠥᠮᠥᠨ ᠠᠮᠠ ᠶᠢ ᠪᠤᠰᠤᠳ ᠲᠣᠰ ᠬᠤᠲᠠ ᠶᠢᠨ ᠡᠷᠦᠬᠡ ᠠᠮᠠ ᠶᠢᠨ ᠲᠠᠩᠰᠠ ᠲᠠᠢ ᠬᠥᠮᠥᠨ ᠠᠮᠠ ᠪᠠᠷ ᠪᠤᠳᠤᠨ᠎ᠠ᠂ ᠵᠠᠰᠠᠭ ᠤᠨ ᠣᠷᠳᠣᠨ᠂ ᠣᠶ ᠰᠢᠭᠤᠢ᠂ ᠠᠵᠤ ᠠᠬᠤᠶᠢᠯᠠᠯ ᠠᠵᠢᠯ ᠦᠢᠯᠡᠰ ᠵᠡᠷᠭᠡ ᠨᠢᠭᠡᠴᠡ ᠶᠢᠨ ᠣᠷᠣᠨ ᠲᠤᠭ᠎ᠠ ᠳᠤ ᠪᠠᠶᠢᠭ᠎ᠠ ᠬᠥᠮᠥᠰ ᠳᠠᠭᠠᠳᠬᠠᠯ ᠤᠨ ᠬᠡᠪᠴᠢᠶᠡᠨ ᠳᠤ ᠪᠠᠭᠲᠠᠬᠤ ᠦᠭᠡᠢ︶᠂ ᠭᠡᠷ ᠪᠦᠯᠢ ᠪᠠᠷ ᠨᠢᠭᠡᠴᠢ ᠪᠣᠯᠭᠠᠨ ᠦᠨᠡᠨ ᠨᠡᠷ᠎ᠡ ᠪᠠᠷ ᠢᠶᠠᠨ ᠳᠠᠭᠠᠳᠬᠠᠭᠤᠯᠤᠨ᠎ᠠ᠃ ᠳᠠᠭᠠᠳᠬᠠᠭᠤᠯᠬᠤ ᠭᠤᠣᠯ ᠴᠣᠭᠴᠠ ᠨᠢ ᠶᠠᠳᠠᠭᠤ ᠶᠢ ᠰᠡᠷᠭᠡᠶᠢᠯᠡᠬᠦ ᠳᠠᠭᠠᠳᠬᠠᠯ ᠳᠤ ᠰᠠᠶᠢᠨ ᠳᠤᠷ᠎ᠠ   ᠠᠴᠠ ᠪᠠᠨ ᠣᠷᠣᠯᠴᠠᠬᠤ ᠬᠡᠷᠡᠭᠲᠡᠢ᠃      ᠭᠤᠷᠪᠠ᠂ ᠳᠠᠭᠠᠳᠬᠠᠯ ᠤᠨ ᠭᠤᠣᠯ ᠴᠣᠭᠴᠠ      ᠳᠡᠭᠡᠳᠦ ᠱᠠᠲᠤᠨ ᠤ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠤᠶᠤ ᠡᠷᠬᠡ ᠣᠯᠭᠤᠭᠰᠠᠨ ᠰᠠᠯᠠᠭ᠎ᠠ ᠮᠥᠴᠢᠷ ᠠᠴᠠ ᠬᠢᠩᠭᠠᠨ ᠠᠶᠢᠮᠠᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠲᠠᠢ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠵᠤ᠂ ᠲᠠᠬᠢᠨ ᠶᠠᠳᠠᠭᠤᠷᠡᠬᠤ ᠠᠴᠠ ᠰᠡᠷᠭᠡᠶᠢᠯᠡᠬᠦ ᠳᠠᠭᠠᠳᠬᠠᠯ ᠤᠨ ᠲᠤᠰᠬᠠᠢ ᠵᠦᠢᠯ ᠵᠤᠷᠪᠤᠰ ᠢ ᠥᠷᠨᠢᠭᠦᠯᠦᠭᠰᠡᠨ ᠳᠠᠭᠠᠳᠬᠠᠯ ᠤᠨ ᠪᠠᠶᠢᠭᠤᠯᠤᠮᠵᠢ ᠶᠢᠨ ᠳᠣᠲᠣᠷᠠᠬᠢ 8 ᠺᠣᠮᠫᠠᠨᠢ ︵ᠳᠤᠮᠳᠠᠳᠤ ᠤᠯᠤᠰ ᠤᠨ ᠲᠠᠢ ᠫᠢᠩ ᠶᠠᠩ ᠡᠳ᠋ ᠬᠥᠷᠥᠩᠭᠡ ᠶᠢᠨ ᠳᠠᠭᠠᠳᠬᠠᠯ ᠤᠨ ᠺᠣᠮᠫᠠᠨᠢ᠂ ᠳᠤᠮᠳᠠᠳᠤ ᠤᠯᠤᠰ ᠤᠨ ᠠᠮᠢ ᠨᠠᠰᠤᠨ ᠤ ᠳᠠᠭᠠᠳᠬᠠᠯ ᠤᠨ ᠬᠢᠩᠭᠠᠨ ᠭᠤᠣᠯ ᠰᠠᠯᠪᠤᠷᠢ ᠺᠣᠮᠫᠠᠨᠢ᠂ ᠳᠤᠮᠳᠠᠳᠤ ᠤᠯᠤᠰ ᠤᠨ ᠠᠮᠢ ᠨᠠᠰᠤᠨ ᠤ ᠳᠠᠭᠠᠳᠬᠠᠯ ᠤᠨ ᠡᠳ᠋ ᠤᠨ ᠵᠠᠰᠠᠭ ᠤᠨ ᠳᠠᠭᠠᠳᠬᠠᠯ ᠤᠨ ᠬᠢᠩᠭᠠᠨ ᠭᠤᠣᠯ ᠰᠠᠯᠪᠤᠷᠢ ᠺᠣᠮᠫᠠᠨᠢ᠂ ᠳᠤᠮᠳᠠᠳᠤ ᠤᠯᠤᠰ ᠤᠨ ᠠᠷᠠᠳ ᠤᠨ ᠡᠳ᠋ ᠬᠥᠷᠥᠩᠭᠡ ᠶᠢᠨ ᠳᠠᠭᠠᠳᠬᠠᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠬᠢᠩᠭᠠᠨ ᠠᠶᠢᠮᠠᠭ ᠤᠨ ᠬᠤᠪᠢᠶᠠᠷᠢ ᠺᠣᠮᠫᠠᠨᠢ᠂ ᠳᠤᠮᠳᠠᠳᠤ ᠤᠯᠤᠰ ᠤᠨ ᠳ᠋ᠠ ᠳ᠋ᠢ ᠡᠳ᠋ ᠬᠥᠷᠥᠩᠭᠡ ᠶᠢᠨ ᠳᠠᠭᠠᠳᠬᠠᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠬᠢᠩᠭᠠᠨ ᠠᠶᠢᠮᠠᠭ ᠤᠨ ᠭᠤᠣᠯ ᠰᠠᠯᠪᠤᠷᠢ ᠺᠣᠮᠫᠠᠨᠢ᠂ ᠵᠥᠩ ᠬᠤᠸᠠ ᠬᠤᠯᠪᠣᠭᠠᠲᠤ ᠡᠳ᠋ ᠬᠥᠷᠥᠩᠭᠡ ᠶᠢᠨ ᠳᠠᠭᠠᠳᠬᠠᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠬᠢᠩᠭᠠᠨ ᠠᠶᠢᠮᠠᠭ ᠤᠨ ᠭᠤᠣᠯ ᠰᠠᠯᠪᠤᠷᠢ ᠺᠣᠮᠫᠠᠨᠢ᠂ ᠳᠤᠮᠳᠠᠳᠤ ᠤᠯᠤᠰ ᠤᠨ ᠫᠢᠩ ᠠᠨ ᠡᠳ᠋ ᠬᠥᠷᠥᠩᠭᠡ ᠶᠢᠨ ᠳᠠᠭᠠᠳᠬᠠᠯ ᠤᠨ ᠺᠣᠮᠫᠠᠨᠢ᠂ ᠽᠢ ᠶᠢᠨ ᠡᠳ᠋ ᠬᠥᠷᠥᠩᠭᠡ ᠶᠢᠨ ᠳᠠᠭᠠᠳᠬᠠᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠥᠪᠥᠷ ᠮᠣᠩᠭᠤᠯ ᠤᠨ ᠬᠤᠪᠢᠶᠠᠷᠢ ᠺᠣᠮᠫᠠᠨᠢ ᠶᠢᠨ ᠬᠢᠩᠭᠠᠨ ᠠᠶᠢᠮᠠᠭ ᠤᠨ ᠭᠤᠣᠯ ᠰᠠᠯᠪᠤᠷᠢ ᠺᠣᠮᠫᠠᠨᠢ︶᠂ ᠵᠠᠬ᠎ᠠ ᠳᠡᠯᠭᠡᠭᠦᠷᠴᠢᠯᠡᠬᠦ ᠠᠷᠭ᠎ᠠ ᠮᠠᠶ᠋ᠢᠭ ᠢᠶᠠᠷ ᠰᠢᠯᠢᠳᠡᠭ ᠢ ᠨᠢ ᠰᠣᠩᠭᠤᠨ 2 ᠳᠠᠭᠠᠳᠬᠠᠯ ᠤᠨ ᠪᠠᠶᠢᠭᠤᠯᠤᠮᠵᠢ ᠶᠢ ᠰᠣᠩᠭᠤᠨ ᠶᠠᠳᠠᠭᠤ ᠬᠦᠴᠢᠷᠳᠡᠯᠲᠡᠢ ᠬᠥᠮᠥᠨ ᠠᠮᠠ ᠶᠢᠨ ᠲᠠᠬᠢᠨ ᠶᠠᠳᠡᠭᠤᠷᠡᠬᠤ ᠠᠴᠠ ᠰᠡᠷᠭᠡᠶᠢᠯᠡᠬᠦ ᠳᠠᠭᠠᠳᠬᠠᠯ ᠤᠨ ᠲᠤᠬᠠᠶᠢᠯᠠᠭᠰᠠᠨ ᠠᠵᠢᠯ ᠢ ᠬᠠᠮᠲᠤᠷᠠᠨ ᠥᠷᠨᠢᠭᠦᠯᠬᠦ ᠶᠢᠨ ᠬᠠᠮᠲᠤ ᠶᠠᠳᠠᠭᠤ ᠬᠦᠴᠢᠷᠳᠡᠯᠲᠡᠢ ᠬᠥᠮᠥᠨ ᠠᠮᠠ ᠶᠢ ᠰᠡᠷᠭᠡᠶᠢᠯᠡᠬᠦ ᠳᠠᠭᠠᠳᠬᠠᠯ ᠤᠨ ᠬᠠᠮᠲᠤᠷᠠᠯᠴᠠᠭᠠᠨ ᠤ ᠬᠡᠯᠡᠯᠴᠡᠭᠡᠷ ᠲᠤ ᠭᠠᠷ ᠤᠨ ᠥᠰᠥᠭ ᠵᠢᠷᠤᠨ᠎ᠠ᠃ ᠰᠢᠯᠢᠳᠡᠭ ᠤᠨ ᠳᠣᠲᠣᠷ᠎ᠠ   ᠠᠴᠠ ᠰᠢᠯᠢᠳᠡᠭ ᠢ ᠨᠢ ᠰᠣᠩᠭᠤᠵᠤ᠂ ᠬᠠᠮᠤᠭ ᠤᠨ ᠶᠡᠭᠡ ᠬᠡᠮᠵᠢᠶ᠎ᠡ ᠪᠠᠷ ᠠᠷᠠᠳ ᠲᠤ ᠠᠰᠢᠭ ᠬᠦᠷᠲᠡᠭᠡᠬᠦ ᠪᠠᠷ ᠴᠢᠷᠮᠠᠶᠢᠭᠰᠠᠨ ᠰᠠᠭᠤᠷᠢᠨ ᠳᠡᠭᠡᠷ᠎ᠡ᠂ ᠳᠠᠭᠠᠳᠬᠠᠯ ᠤᠨ ᠦᠢᠯᠡᠴᠢᠯᠡᠭᠡ ᠶᠢ ᠬᠠᠮᠤᠭ ᠤᠨ ᠲᠥᠬᠦᠮ᠂ ᠬᠠᠮᠤᠭ ᠤᠨ ᠲᠦᠷᠭᠡᠨ᠂ ᠪᠣᠳᠠᠲᠤ ᠦᠷ᠎ᠡ ᠪᠦᠲᠦᠮᠵᠢ ᠲᠠᠢ᠂ ᠶᠠᠰᠤ ᠴᠢᠨᠠᠷ ᠢᠶᠠᠷ ᠰᠠᠶᠢᠨ ᠪᠠᠶᠢᠯᠭᠠᠬᠤ ᠶᠢ ᠪᠡᠶᠡᠯᠡᠭᠦᠯᠵᠦ᠂ ᠳᠠᠭᠠᠳᠬᠠᠯ ᠤᠨ ᠦᠢᠯᠡᠴᠢᠯᠡᠭᠡ᠂ ᠳᠠᠭᠠᠳᠬᠠᠯ ᠤᠨ ᠦᠨ᠎ᠡ ᠬᠠᠩᠰᠢ ᠶᠢᠨ ᠥᠷᠢᠰᠦᠯᠳᠦᠭᠡᠨ ᠤ ᠰᠠᠶᠢᠨ ᠰᠠᠶᠢᠬᠠᠨ ᠣᠷᠴᠢᠨ ᠲᠣᠭᠤᠷᠢᠨ ᠢ ᠴᠢᠷᠮᠠᠶᠢᠨ ᠪᠣᠶ ᠪᠣᠯᠭᠠᠨ᠎ᠠ᠃      ᠲᠦᠷᠪᠡ᠂ ᠲᠡᠭᠠᠦᠡᠬᠠᠯ ᠤᠨ ᠲᠦᠯᠦᠪᠤᠷᠢ ᠦᠭᠬᠦ ᠪᠠᠷᠢᠮᠵᠢᠶ᠎ᠠ      ︵ᠨᠢᠭᠡ︶ ᠮᠠᠨ ᠤ ᠬᠤᠲᠠ ᠶᠢᠨ 2022 ᠣᠨ ᠤ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢᠨ ᠬᠥᠮᠥᠨ ᠳᠤᠮᠳᠠᠴᠢ ᠶᠢᠨ ᠴᠡᠪᠡᠷ ᠣᠷᠣᠯᠭ᠎ᠠ ᠶᠢᠨ ᠳᠤᠮᠳᠠᠴᠢ ᠬᠡᠮᠵᠢᠭᠳᠡᠯ ᠢ ᠪᠠᠷᠢᠮᠵᠢᠶᠠᠲᠤ ᠱᠤᠭᠤᠮ ᠢᠶᠠᠷ ᠲᠣᠭᠲᠠᠭᠠᠵᠤ᠂ ᠪᠠᠷᠢᠮᠵᠢᠶᠠᠲᠤ ᠱᠤᠭᠤᠮ ᠢ 2022 ᠣᠨ ᠤ 11 ᠳ᠋ᠦᠭᠡᠷ ᠰᠠᠷ᠎ᠠ ᠳᠤ ᠪᠥᠬᠦ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠬᠢᠨᠠᠨ ᠬᠡᠮᠵᠢᠯᠲᠡ ᠶᠢᠨ ᠮᠡᠳᠡᠭᠡ ᠵᠠᠩᠭᠢ ᠶᠢᠨ ᠰᠢᠰᠲ᠋ᠧᠮ ᠳᠤ ᠣᠷᠣᠭᠤᠯᠤᠭᠰᠠᠨ ᠲᠤᠭ᠎ᠠ ᠪᠠᠷᠢᠮᠲᠠ ᠪᠠᠷ ᠪᠠᠷᠢᠮᠵᠢᠶ᠎ᠠ ᠪᠣᠯᠭᠠᠨ᠎ᠠ᠂ ᠪᠣᠳᠠᠲᠠᠢ ᠲᠤᠭ᠎ᠠ ᠬᠡᠮᠵᠢᠭᠳᠡᠯ ᠨᠢ 16349 ᠲᠥᠭᠦᠷᠢᠭ ᠪᠣᠯᠣᠨ᠎ᠠ᠃ ᠪᠠᠶᠢᠭᠠᠯᠢ ᠶᠢᠨ ᠭᠠᠮᠰᠢᠭ᠂ ᠡᠪᠡᠳᠴᠢᠨ ᠡᠮᠭᠡᠭ᠂ ᠠᠵᠤ ᠦᠢᠯᠡᠰ ᠤᠨ ᠢᠯᠠᠭᠳᠠᠯ᠂ ᠰᠠᠨᠠᠭᠠᠨ ᠳᠤ ᠦᠭᠡᠢ ᠡ᠊ᠨᠳᠡᠯ ᠵᠡᠷᠭᠡ ᠪᠤᠰᠤᠳᠴᠢ ᠰᠢᠯᠲᠠᠭᠠᠨ ᠠᠴᠠ ᠪᠣᠯᠵᠤ ᠭᠡᠷ ᠪᠦᠯᠢ ᠶᠢᠨ ᠬᠥᠮᠥᠨ ᠪᠦᠷᠢ ᠶᠢᠨ ᠳᠤᠮᠳᠠᠴᠢ ᠴᠡᠪᠡᠷ ᠣᠷᠣᠯᠭ᠎ᠠ ᠨᠢ ᠪᠠᠷᠢᠮᠵᠢᠶ᠎ᠠ ᠱᠤᠭᠤᠮ ᠠᠴᠠ ᠳᠣᠣᠷ᠎ᠠ ᠪᠣᠯᠤᠭᠰᠠᠨ ᠪᠠᠶᠢᠪᠠᠯ᠂ ᠵᠥᠷᠢᠶ᠎ᠡ ᠶᠢ ᠨᠥᠬᠦᠪᠦᠷᠢᠯᠡᠬᠦ ᠲᠥᠯᠥᠪᠦᠷᠢ ᠥᠭᠴᠦ᠂ ᠳᠠᠭᠠᠳᠬᠠᠭᠤᠯᠬᠤ ᠭᠤᠣᠯ ᠴᠣᠭᠴᠠ ᠶᠢᠨ ᠵᠢᠯ ᠤᠨ ᠬᠥᠮᠥᠨ ᠪᠦᠷᠢ ᠶᠢᠨ ᠳᠤᠮᠳᠠᠴᠢ ᠴᠡᠪᠡᠷ ᠣᠷᠣᠯᠭ᠎ᠠ ᠶᠢ ᠪᠠᠷᠢᠮᠵᠢᠶ᠎ᠠ ᠶᠢᠨ ᠱᠤᠭᠤᠮ ᠳᠤ ᠬᠦᠷᠦᠭᠦᠯᠬᠦ ᠶᠢ ᠦᠨᠡᠨ ᠬᠦ ᠪᠠᠲᠤᠯᠠᠵᠤ᠂ ᠳᠠᠭᠠᠳᠬᠠᠯ ᠤᠨ ᠪᠠᠶᠢᠭᠤᠯᠤᠮᠵᠢ ᠨᠢ ᠲᠥᠯᠥᠪᠦᠷᠢ ᠭᠤᠶᠤᠴᠢᠯᠠᠬᠤ ᠭᠠᠷᠳᠠᠮ ᠨᠢ ᠪᠦᠷᠢᠨ ᠭᠦᠢᠴᠡᠳ ᠪᠠᠶᠢᠬᠤ ᠤᠷᠢᠲᠠᠯ ᠳᠣᠣᠷ᠎ᠠ᠂ 10 ᠠᠵᠢᠯᠯᠠᠬᠤ ᠡᠳᠦᠷ ᠤᠨ ᠳᠣᠲᠣᠷ᠎ᠠ ᠲᠥᠯᠥᠪᠦᠷᠢ ᠥᠭᠬᠦ ᠶᠢ ᠪᠡᠶᠡᠯᠡᠭᠦᠯᠬᠦ ᠬᠡᠷᠡᠭᠲᠡᠢ᠃      ︵ᠬᠤᠶᠠᠷ︶ ᠬᠡᠷᠪᠡ ᠲᠦᠯᠦᠪᠤᠷᠢ ᠤᠯᠬᠤ ᠡᠳᠡᠭᠡᠳ ᠲᠤ ᠵᠣᠭᠤᠰ ᠨᠠᠭᠠᠳᠬᠤ᠂ ᠬᠤᠣᠷ ᠲᠠᠲᠠᠬᠤ ᠵᠡᠷᠭᠡ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠲᠠᠢ ᠪᠠᠶᠢᠵᠤ᠂ ᠨᠠᠰᠤᠲᠠᠨ ᠢᠶᠠᠨ ᠠᠴᠢᠯᠠᠨ ᠲᠡᠵᠢᠭᠡᠬᠦ ᠡᠭᠦᠷᠭᠡ ᠪᠠᠨ ᠭᠦᠢᠴᠡᠳᠬᠡᠬᠦ ᠴᠢᠳᠠᠪᠤᠷᠢ ᠲᠠᠢ ᠪᠠᠶᠢᠲᠠᠯ᠎ᠠ ᠭᠦᠢᠴᠡᠳᠬᠡᠬᠦ ᠦᠭᠡᠢ᠂ ᠬᠥᠳᠡᠯᠮᠦᠷᠢᠯᠡᠬᠦ ᠴᠢᠳᠠᠪᠤᠷᠢ ᠲᠠᠢ ᠪᠠᠶᠢᠲᠠᠯ᠎ᠠ ᠬᠥᠳᠡᠯᠮᠦᠷᠢᠯᠡᠬᠦ ᠦᠭᠡᠢ ᠪᠠᠶᠢᠪᠠᠯ᠂ ᠣᠷᠣᠯᠭ᠎ᠠ ᠨᠢ ᠬᠠᠰᠤᠭᠳᠠᠭᠰᠠᠨ ᠪᠠᠶᠢᠪᠠᠯ ᠲᠥᠯᠥᠪᠤᠷᠢ ᠦᠭᠬᠦ ᠦᠭᠡᠢ᠃᡾ᠬᠤᠷᠢᠮ ᠪᠡᠯᠪᠡᠰᠦᠷᠡᠯ ᠤᠨ ᠶᠠᠪᠤᠳᠠᠯ ᠢ ᠶᠡᠭᠡ ᠪᠠᠷ ᠬᠢᠬᠦ ᠵᠡᠷᠭᠡ ᠥᠨᠳᠥᠷ ᠬᠡᠷᠡᠭᠯᠡᠭᠡ ᠠᠴᠠ ᠪᠣᠯᠤᠭᠰᠠᠨ ᠵᠠᠷᠤᠯᠭ᠎ᠠ  ᠳᠤ ᠲᠦᠯᠦᠪᠤᠷᠢ ᠦᠭᠬᠦ ᠦᠭᠡᠢ᠃      ᠲᠠᠪᠤ᠂ ᠳᠠᠭᠠᠳᠬᠠᠯ ᠤᠨ ᠵᠠᠷᠤᠳᠠᠯ ᠤᠨ ᠪᠠᠷᠢᠮᠵᠢᠶ᠎ᠠ      ᠥᠪᠡᠷᠲᠡᠭᠡᠨ ᠵᠠᠰᠠᠬᠤ ᠣᠷᠣᠨ ᠤ ᠱᠠᠭᠠᠷᠳᠠᠯᠭ᠎ᠠ ᠶᠣᠰᠣᠭᠠᠷ᠂ ᠶᠠᠳᠠᠭᠤ ᠬᠦᠴᠢᠷᠳᠡᠯᠲᠡᠢ ᠬᠥᠮᠥᠨ ᠠᠮᠠ ᠶᠢᠨ ᠲᠠᠬᠢᠨ ᠶᠠᠳᠡᠭᠤᠷᠡᠬᠤ ᠠᠴᠠ ᠰᠡᠷᠭᠡᠶᠢᠯᠡᠬᠦ ᠳᠠᠭᠠᠳᠬᠠᠯ ᠤᠨ ᠵᠠᠭᠪᠤᠷ ᠢ ᠬᠤᠳᠠᠯᠳᠤᠭᠠᠨ ᠤ ᠬᠡᠯᠪᠡᠷᠢ ᠶᠢᠨ ᠵᠠᠭᠪᠤᠷ ᠢᠶᠠᠷ ᠨᠢᠭᠡᠳᠦᠯᠲᠡᠢ ᠬᠡᠷᠡᠭᠵᠢᠭᠦᠯᠵᠦ᠂ ᠭᠡᠷ ᠪᠦᠯᠢ ᠪᠠᠷ ᠨᠢᠭᠡᠴᠢ ᠪᠣᠯᠭᠠᠨ᠂ ᠬᠥᠮᠥᠨ ᠪᠦᠷᠢ ᠶᠢᠨ ᠵᠢᠯ ᠪᠦᠷᠢ ᠶᠢᠨ ᠳᠠᠭᠠᠳᠬᠠᠯ ᠤᠨ ᠵᠠᠷᠤᠳᠠᠯ ᠤᠨ ᠪᠠᠷᠢᠮᠵᠢᠶ᠎ᠠ ᠶᠢ 50 ᠲᠥᠭᠦᠷᠢᠭ ᠪᠣᠯᠭᠠᠨ᠎ᠠ᠃      ᠵᠢᠷᠭᠤᠭ᠎ᠠ᠂ ᠳᠠᠭᠠᠳᠬᠠᠯ ᠤᠨ ᠠᠭᠤᠯᠭ᠎ᠠ      ︵ᠨᠢᠭᠡ︶ ᠪᠠᠶᠢᠭᠠᠯᠢ ᠶᠢᠨ ᠭᠠᠮᠰᠢᠭ ᠤᠨ ᠪᠠᠲᠤᠯᠠᠭ᠎ᠠ      ᠳᠠᠭᠠᠳᠬᠠᠯ ᠤᠨ ᠬᠤᠭᠤᠴᠠᠭᠠᠨ ᠳᠤ ᠴᠠᠭ ᠠᠭᠤᠷ ᠤᠨ ᠰᠠᠯᠠᠭ᠎ᠠ ᠮᠥᠴᠢᠷ ᠤᠨ ᠨᠡᠶᠢᠲᠡᠯᠡᠭᠰᠡᠨ ᠳᠣᠭᠰᠢᠨ ᠰᠠᠯᠬᠢ᠂ ᠰᠢᠷᠦᠭᠦᠨ ᠪᠣᠷᠣᠭᠠᠨ᠂ ᠴᠠᠰᠤ ᠰᠢᠭᠤᠷᠭ᠎ᠠ᠂ ᠬᠦᠢᠲᠡᠨ ᠤᠷᠤᠰᠬᠠᠯ᠂ ᠠᠶᠤᠩᠭ᠎ᠠ ᠨᠢᠷᠭᠡᠬᠦ᠂ ᠦᠶᠡᠷ᠂ ᠰᠢᠪᠠᠷ ᠴᠢᠯᠠᠭᠤᠨ ᠤ ᠤᠷᠤᠰᠬᠠᠯ᠂ ᠭᠡᠨᠡᠳᠲᠡ ᠶᠢᠨ ᠴᠢᠨᠠᠷᠲᠠᠢ ᠶᠡᠭᠦᠷᠡᠯᠳᠡ᠂ ᠮᠥᠨᠳᠥᠷ᠂ ᠭᠠᠩ ᠬᠠᠭᠤᠷᠠᠢ᠂ ᠣᠶ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠤᠨ ᠭᠠᠮᠰᠢᠭ ᠵᠡᠷᠭᠡ ᠪᠠᠶᠢᠭᠠᠯᠢ ᠶᠢᠨ ᠭᠠᠮᠰᠢᠭ ᠲᠤ ᠵᠢᠴᠢ ᠪᠤᠰᠤᠳ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠬᠢᠭᠡᠳ ᠳᠠᠭᠠᠳᠬᠠᠯ ᠤᠨ ᠺᠣᠮᠫᠠᠨᠢ ᠶᠢᠨ ᠪᠣᠯᠵᠣᠨ ᠲᠣᠭᠲᠠᠭᠰᠠᠨ ᠪᠠᠶᠢᠭᠠᠯᠢ ᠶᠢᠨ ᠭᠠᠮᠰᠢᠭ ᠠᠴᠠ ᠪᠣᠯᠵᠤ᠂ ᠪᠠᠲᠤᠯᠠᠭ᠎ᠠ ᠶᠢᠨ ᠡᠲᠡᠭᠡᠳ ᠲᠤ ᠭᠡᠷ ᠪᠦᠯᠢ ᠶᠢᠨ ᠡᠳ᠋ ᠬᠥᠷᠥᠩᠭᠡ ᠶᠢᠨ ᠬᠤᠬᠢᠷᠠᠯ ︵ᠣᠷᠣᠰᠢᠨ ᠰᠠᠭᠤᠵᠤ ᠪᠠᠶᠢᠭ᠎ᠠ᠂ ᠬᠡᠷᠡᠭᠯᠡᠵᠦ ᠪᠠᠶᠢᠭ᠎ᠠ ᠣᠷᠣᠨ ᠰᠠᠭᠤᠴᠠ ᠭᠡᠷ ᠪᠠᠶᠢᠰᠢᠩ ᠤᠨ ᠭᠤᠣᠯ ᠴᠣᠭᠴᠠ ᠵᠢᠴᠢ ᠳᠠᠭᠠᠯᠲᠠ ᠪᠡᠯᠡᠳᠬᠡᠮᠵᠢ᠂ ᠭᠡᠷ ᠳᠣᠲᠣᠷᠠᠬᠢ ᠡᠳ᠋ ᠬᠥᠷᠥᠩᠭᠡ ᠳᠤ ᠡᠳ᠋ ᠪᠣᠳᠠᠰ ᠤᠨ ᠬᠤᠬᠢᠷᠠᠯ ᠤᠴᠠᠷᠠᠭᠤᠯᠬᠤ ᠶᠢ ᠪᠠᠭᠲᠠᠭᠠᠨ᠎ᠠ︶ ᠭᠠᠷᠴᠤ᠂ ᠳᠠᠭᠠᠳᠬᠠᠭᠤᠯᠬᠤ ᠭᠤᠣᠯ ᠴᠣᠭᠴᠠ ᠶᠢᠨ ᠭᠡᠷ ᠪᠦᠯᠢ ᠶᠢᠨ ᠵᠢᠯ ᠤᠨ ᠬᠥᠮᠥᠨ ᠪᠦᠷᠢ ᠶᠢᠨ ᠳᠤᠮᠳᠠᠴᠢ ᠴᠡᠪᠡᠷ ᠣᠷᠣᠯᠭ᠎ᠠ ᠨᠢ ᠪᠠᠷᠢᠮᠵᠢᠶᠠᠲᠤ ᠱᠤᠭᠤᠮ ᠠᠴᠠ ᠳᠣᠣᠷ᠎ᠠ ᠪᠣᠯᠤᠭᠰᠠᠨ ᠪᠠᠶᠢᠪᠠᠯ᠂ ᠲᠥᠯᠥᠪᠦᠷᠢ ᠥᠭᠬᠦ ᠬᠡᠷᠡᠭᠲᠡᠢ᠃ ︵ᠳᠠᠭᠠᠳᠬᠠᠯ ᠤᠨ ᠺᠣᠮᠫᠠᠨᠢ ᠶᠢᠨ ᠲᠤᠬᠠᠢ ᠶᠢᠨ ᠭᠠᠵᠠᠷ ᠲᠤᠨᠢ ᠬᠤᠬᠢᠷᠠᠯ ᠢ ᠬᠠᠷᠭᠤᠭᠤᠯᠤᠨ ᠪᠠᠶᠢᠴᠠᠭᠠᠭᠰᠠᠨ ᠤ ᠳᠠᠷᠠᠭ᠎ᠠ᠂ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠵᠢᠴᠢ ᠬᠠᠷᠢᠶ᠎ᠠ ᠪᠠᠯᠭᠠᠰᠤ ᠵᠡᠭᠡᠯᠢ ᠪᠠᠷ ᠬᠢᠨᠠᠨ ᠵᠥᠪᠯᠡᠭᠦᠯᠵᠦ᠂ ᠳᠡᠭᠡᠷ᠎ᠡ ᠳᠤᠷᠠᠳᠤᠭᠰᠠᠨ ᠭᠡᠷ ᠪᠦᠯᠢ ᠶᠢᠨ ᠡᠳ᠋ ᠬᠥᠷᠥᠩᠭᠡ ᠶᠢᠨ ᠬᠤᠬᠢᠷᠠᠯ ᠠᠴᠠ ᠪᠣᠯᠵᠤ ᠳᠠᠭᠠᠳᠬᠠᠯ ᠳᠤ ᠣᠷᠣᠯᠴᠠᠭᠰᠠᠨ ᠭᠤᠣᠯ ᠴᠣᠭᠴᠠ ᠨᠢ ᠲᠣᠰ ᠬᠤᠲᠠ ᠶᠢᠨ ᠮᠠᠭᠠᠳᠯᠠᠨ ᠲᠣᠭᠲᠠᠭᠠᠭᠰᠠᠨ ᠶᠠᠳᠠᠭᠤᠷᠠᠬᠤ ᠪᠠ ᠳᠠᠬᠢᠨ ᠶᠠᠳᠠᠭᠤᠷᠠᠬᠤ ᠪᠠᠷᠢᠮᠵᠢᠶ᠎ᠠ ᠳᠤ ᠬᠦᠷᠦᠭᠰᠡᠨ ᠪᠠᠶᠢᠪᠠᠯ᠂ 90% ᠶᠢᠨ ᠬᠠᠷᠢᠴᠠᠯ ᠢᠶᠠᠷ ᠲᠥᠯᠥᠪᠦᠷᠢ ᠥᠭᠭᠦᠨ᠎ᠡ᠂ ᠲᠥᠯᠥᠪᠦᠷᠢ ᠶᠢᠨ ᠬᠢᠵᠠᠭᠠᠷ ᠲᠤᠭ᠎ᠠ ᠨᠢ 5 ᠲᠦᠮᠡᠨ ᠲᠥᠭᠦᠷᠢᠭ / ᠵᠢᠯ /ᠡᠷᠦᠬᠡ ᠳᠤ ᠪᠠᠭᠲᠠᠨ᠎ᠠ︶      ︵ᠬᠤᠶᠠᠷ︶ ᠡᠮᠨᠡᠯᠭᠡ ᠶᠢᠨ ᠠᠪᠣᠷᠨ ᠲᠤᠰᠠᠯᠠᠬᠤ ᠪᠠᠲᠤᠯᠠᠭ᠎ᠠ      ᠳᠠᠭᠠᠳᠬᠠᠯ ᠤᠨ ᠬᠤᠭᠤᠴᠠᠭᠠᠨ ᠳᠤ᠂ ᠪᠠᠲᠤᠯᠠᠭ᠎ᠠ ᠶᠢᠨ ᠡᠲᠡᠭᠡᠳ ᠤᠨ ᠡᠪᠡᠳᠴᠢᠨ ᠠᠴᠠ ᠪᠣᠯᠵᠤ ᠡᠮᠨᠡᠭᠦᠯᠬᠦ ᠴᠢᠬᠤᠯᠠᠲᠠᠢ ᠪᠣᠯᠤᠭᠰᠠᠨ ᠵᠠᠷᠤᠳᠠᠯ ᠨᠢ ᠡᠮᠴᠢᠯᠡᠭᠡᠨ ᠤ ᠳᠠᠭᠠᠳᠬᠠᠯ ᠤᠨ ᠲᠠᠩᠰᠠ ᠲᠠᠶᠢᠯᠬᠤ ᠬᠦᠷᠢᠶ᠎ᠡ ᠬᠡᠪᠴᠢᠶᠡᠨ ᠳᠠᠬᠢ ᠡᠮᠴᠢᠯᠡᠭᠡᠨ ᠤ ᠵᠠᠷᠤᠳᠠᠯ ᠳᠤ ᠨᠡᠶᠢᠴᠡᠵᠦ᠂ ᠦᠨᠳᠦᠰᠦᠨ ᠡᠮᠴᠢᠯᠡᠭᠡ᠂ ᠬᠦᠨᠳᠦ ᠡᠪᠡᠳᠴᠢᠨ ᠤ ᠡᠮᠴᠢᠯᠡᠭᠡ᠂ ᠬᠤᠳᠠᠯᠳᠤᠭᠠᠨ ᠤ ᠳᠠᠭᠠᠳᠬᠠᠯ ᠵᠡᠷᠭᠡ ᠡᠮᠴᠢᠯᠡᠭᠡᠨ ᠤ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠲᠠᠩᠰᠠ ᠲᠠᠶᠢᠯᠬᠤ ᠪᠠ ᠵᠠᠰᠠᠭ ᠤᠨ ᠣᠷᠳᠣᠨ᠂ ᠨᠡᠶᠢᠭᠡᠮ ᠤᠨ ᠬᠠᠮᠢᠶ᠎ᠠ ᠪᠦᠬᠦᠢ ᠲᠤᠰᠠᠯᠠᠵᠤ ᠲᠡᠩᠬᠡᠷᠡᠭᠦᠯᠦᠨ ᠲᠤᠰᠠᠯᠠᠭᠰᠠᠨ ᠤ ᠳᠠᠷᠠᠭ᠎ᠠ᠂ ᠥᠪᠡᠷ ᠢᠶᠠᠨ ᠲᠥᠯᠥᠬᠦ ᠵᠠᠷᠤᠳᠠᠯ ᠨᠡᠯᠢᠶᠡᠳ ᠥᠨᠳᠥᠷ ᠠᠴᠠ ᠪᠣᠯᠵᠤ ᠳᠠᠭᠠᠳᠬᠠᠯ ᠳᠤ ᠣᠷᠣᠯᠴᠠᠭᠰᠠᠨ ᠭᠤᠣᠯ ᠴᠣᠭᠴᠠ ᠶᠢᠨ ᠭᠡᠷ ᠪᠦᠯᠢ ᠶᠢᠨ ᠵᠢᠯ ᠤᠨ ᠬᠥᠮᠥᠨ ᠪᠦᠷᠢ ᠶᠢᠨ ᠳᠤᠮᠳᠠᠴᠢ ᠴᠡᠪᠡᠷ ᠣᠷᠣᠯᠭ᠎ᠠ ᠨᠢ ᠪᠠᠷᠢᠮᠵᠢᠶ᠎ᠠ ᠶᠢᠨ ᠱᠤᠭᠤᠮ ᠠᠴᠠ ᠳᠣᠣᠷ᠎ᠠ ᠪᠣᠯᠤᠭᠰᠠᠨ ᠪᠠᠶᠢᠪᠠᠯ᠂ ᠲᠥᠯᠥᠪᠦᠷᠢ ᠥᠭᠬᠦ ᠬᠡᠷᠡᠭᠲᠡᠢ᠃ ᠪᠣᠳᠠᠲᠠᠢ ᠲᠥᠯᠥᠪᠦᠷᠢ ᠥᠭᠬᠦ ᠵᠣᠭᠤᠰ ᠤᠨ ᠲᠤᠭ᠎ᠠ ᠶᠢ ᠳᠠᠭᠠᠳᠬᠠᠯ ᠤᠨ ᠺᠣᠮᠫᠠᠨᠢ ᠶᠢᠨ ᠡᠷᠥᠭᠡ ᠳᠤ ᠣᠷᠣᠵᠤ ᠬᠢᠨᠠᠨ ᠬᠠᠷᠭᠤᠭᠤᠯᠤᠭᠰᠠᠨ ᠤ ᠲᠠᠷᠠᠭ᠎ᠠ᠂ ᠳᠠᠭᠠᠳᠬᠠᠭᠤᠯᠬᠤ ᠭᠤᠣᠯ ᠴᠣᠭᠴᠠ ᠶᠢᠨ ᠭᠡᠷ ᠪᠦᠯᠢ ᠶᠢᠨ ᠣᠨ ᠤ ᠬᠥᠮᠥᠨ ᠪᠦᠷᠢ ᠶᠢᠨ ᠳᠤᠮᠳᠠᠴᠢ ᠴᠡᠪᠡᠷ ᠣᠷᠣᠯᠭ᠎ᠠ ᠶᠢ ᠪᠠᠷᠢᠮᠵᠢᠶ᠎ᠠ ᠱᠤᠭᠤᠮ ᠳᠤ ᠬᠦᠷᠦᠭᠦᠯᠬᠦ ᠶᠢ ᠪᠠᠲᠤᠯᠠᠬᠤ ᠶᠢᠨ ᠵᠡᠷᠭᠡᠴᠡᠪᠡᠷ ᠬᠠᠷᠢᠴᠠᠯ ᠶᠣᠰᠣᠭᠠᠷ ᠵᠥᠷᠢᠶᠡᠲᠦ ᠲᠣᠭᠠᠨ ᠤ ᠲᠥᠯᠥᠪᠦᠷᠢ ᠥᠭᠬᠦ ᠬᠡᠷᠡᠭᠲᠡᠢ᠃ ︵ᠬᠡᠷᠪᠡ ᠳᠠᠭᠠᠳᠬᠠᠭᠤᠯᠬᠤ ᠭᠤᠣᠯ ᠴᠣᠭᠴᠠ ᠶᠢᠨ ᠭᠡᠷ ᠪᠦᠯᠢ ᠶᠢᠨ ᠵᠢᠯ ᠤᠨ ᠬᠥᠮᠥᠨ ᠪᠦᠷᠢ ᠶᠢᠨ ᠳᠤᠮᠳᠠᠴᠢ ᠴᠡᠪᠡᠷ ᠣᠷᠣᠯᠭ᠎ᠠ ᠨᠢ ᠪᠠᠷᠢᠮᠵᠢᠶ᠎ᠠ ᠶᠢᠨ ᠱᠤᠭᠤᠮ ᠳᠤ ᠬᠦᠷᠦᠭᠰᠡᠨ ᠤ ᠳᠠᠷᠠᠭ᠎ᠠ᠂ ᠬᠥᠮᠥᠨ ᠪᠦᠷᠢ ᠶᠢᠨ ᠳᠤᠮᠳᠠᠴᠢ ᠥᠪᠡᠷᠲᠡᠭᠡᠨ ᠲᠥᠯᠥᠬᠦ ᠵᠠᠷᠤᠳᠠᠯ ᠨᠢ 2 ᠲᠦᠮᠡᠨ ᠲᠥᠭᠦᠷᠢᠭ ᠠᠴᠠ ᠳᠣᠷᠣᠭᠰᠢ ᠪᠠᠶᠢᠪᠠᠯ᠂ 70% ᠪᠠᠷ ᠲᠥᠯᠥᠪᠦᠷᠢ ᠥᠭᠭᠦᠨ᠎ᠡ︔ 2 ᠲᠦᠮᠡᠨ ᠲᠥᠭᠦᠷᠢᠭ ︵ᠪᠠᠭᠲᠠᠨ᠎ᠠ︶   ᠠᠴᠠ 5 ᠲᠦᠮᠡᠨ ᠲᠥᠭᠦᠷᠢᠭ ᠬᠦᠷᠲᠡᠯᠡᠬᠢ ᠪᠠᠶᠢᠪᠠᠯ᠂ 80% ᠪᠠᠷ ᠲᠥᠯᠥᠪᠦᠷᠢ ᠥᠭᠭᠦᠨ᠎ᠡ︔ 5 ᠲᠦᠮᠡᠨ ᠲᠥᠭᠦᠷᠢᠭ ︵ᠪᠠᠭᠲᠠᠨ᠎ᠠ︶   ᠠᠴᠠ ᠳᠡᠭᠡᠭᠰᠢ ᠪᠠᠶᠢᠪᠠᠯ᠂ 90% ᠪᠠᠷ ᠲᠥᠯᠥᠪᠦᠷᠢ ᠥᠭᠭᠦᠨ᠎ᠡ᠃ ᠲᠥᠯᠥᠪᠦᠷᠢ ᠶᠢᠨ ᠬᠢᠵᠠᠭᠠᠷ ᠲᠤᠭ᠎ᠠ ᠨᠢ 5 ᠲᠦᠮᠡᠨ ᠲᠥᠭᠦᠷᠢᠭ / ᠵᠢᠯ / ᠬᠥᠮᠥᠨ ᠪᠤᠯᠤᠨ᠎ᠠ︶      ︵ᠭᠤᠷᠪᠠ︶ ᠰᠠᠨᠠᠭᠠᠨ ᠳᠤ ᠦᠭᠡᠢ ᠡ᠊ᠨᠳᠡᠯ ᠢ ᠠᠪᠤᠷᠠᠨ ᠲᠤᠰᠠᠯᠠᠬᠤ ᠪᠠᠲᠤᠯᠠᠭ᠎ᠠ      ᠳᠠᠭᠠᠳᠬᠠᠯ ᠤᠨ ᠬᠤᠭᠤᠴᠠᠭᠠᠨ ᠳᠤ ᠭᠡᠨᠡᠳᠲᠡ ᠶᠢᠨ ᠡ᠊ᠨᠳᠡᠯ ᠠᠴᠠ ᠪᠣᠯᠵᠤ᠂ ᠵᠢᠱᠢᠶᠡᠯᠡᠪᠡᠯ ᠵᠠᠮ ᠬᠠᠷᠢᠯᠴᠠᠭᠠᠨ  ᠤ ᠡ᠊ᠨᠳᠡᠯ᠂ ᠣᠶᠢᠴᠢᠭᠰᠠᠨ ᠰᠢᠷᠬ᠎ᠠ᠂ ᠬᠠᠯᠠᠭᠠᠭᠰᠠᠨ ᠰᠢᠷᠬ᠎ᠠ᠂ ᠰᠢᠲᠠᠭᠳᠠᠭᠰᠠᠨ ᠰᠢᠷᠬ᠎ᠠ ᠵᠡᠷᠭᠡ ᠰᠢᠯᠲᠠᠭᠠᠨ ᠠᠴᠠ ᠪᠣᠯᠣᠭᠠᠳ ᠪᠠᠲᠤᠯᠠᠭ᠎ᠠ ᠬᠥᠷᠳᠡᠬᠦ ᠡᠲᠡᠭᠡᠳ ᠤᠨ ᠪᠡᠶ᠎ᠡ ᠮᠠᠬᠠᠪᠤᠳ ᠤᠨ ᠭᠡᠮᠲᠦᠯ ᠭᠠᠷᠴᠤ ᠡᠮᠨᠡᠭᠦᠯᠬᠦ ᠴᠢᠬᠤᠯᠠ ᠲᠠᠢ ᠪᠣᠯ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠲᠠᠩᠰᠠ ᠲᠠᠶᠢᠯᠬᠤ ᠪᠠ ᠵᠠᠰᠠᠭ ᠤᠨ ᠣᠷᠳᠣᠨ᠂ ᠨᠡᠶᠢᠭᠡᠮ   ᠤᠨ ᠬᠠᠮᠢᠶ᠎ᠠ ᠪᠦᠬᠦᠢ ᠲᠤᠰᠠᠯᠠᠮᠵᠢ ᠶᠢᠨ  ᠠᠪᠣᠷᠠᠨ ᠲᠤᠰᠠᠯᠠᠬᠤ ᠵᠢᠴᠢ ᠡᠯ᠎ᠡ ᠲᠥᠷᠥᠯ ᠤᠨ ᠨᠥᠬᠦᠪᠦᠷᠢ ᠡᠮᠨᠡᠯᠭᠡ ᠶᠢᠨ ᠳᠠᠭᠠᠳᠬᠠᠯ᠂ ᠬᠤᠳᠠᠯᠳᠤᠭᠠᠨ ᠤ ᠳᠠᠭᠠᠳᠬᠠᠯ ᠤᠨ ᠲᠠᠩᠰᠠ ᠲᠠᠶᠢᠯᠤᠭᠰᠠᠨ ᠤ ᠲᠠᠷᠠᠭ᠎ᠠ᠂ ᠥᠪᠡᠷ ᠲᠡᠭᠡᠨ ᠲᠤᠰᠢᠶᠠᠭᠰᠠᠨ ᠵᠠᠷᠤᠳᠠᠯ ᠨᠢ ᠨᠡᠯᠢᠶᠡᠳ ᠥᠨᠳᠥᠷ ᠠᠴᠠ ᠪᠣᠯᠣᠭᠠᠳ ᠳᠠᠭᠠᠳᠬᠠᠭᠤᠯᠤᠭᠰᠠᠨ ᠭᠤᠣᠯ ᠴᠣᠭᠴᠠ ᠪᠦᠬᠦᠢ ᠭᠡᠷ ᠪᠦᠯᠢ ᠶᠢᠨ ᠵᠢᠯ   ᠤᠨ ᠬᠥᠮᠥᠨ ᠪᠦᠷᠢ ᠶᠢᠨ ᠳᠤᠮᠳᠠᠴᠢ ᠴᠡᠪᠡᠷ ᠣᠷᠣᠯᠭ᠎ᠠ ᠨᠢ ᠪᠠᠷᠢᠮᠵᠢᠶ᠎ᠠ ᠱᠤᠭᠤᠮ ᠠᠴᠠ ᠳᠣᠣᠷ᠎ᠠ ᠪᠣᠯᠤᠭᠰᠠᠨ ᠪᠣᠯ ᠲᠥᠯᠥᠪᠦᠷᠢ ᠥᠭᠬᠦ ᠬᠡᠷᠡᠭᠲᠡᠢ᠃ ᠪᠣᠳᠠᠲᠠᠢ ᠵᠣᠭᠤᠰ ᠤᠨ ᠲᠤᠭ᠎ᠠ ᠶᠢ ᠳᠠᠭᠠᠳᠬᠠᠯ ᠤᠨ ᠺᠣᠮᠫᠠᠨᠢ ᠶᠢᠨ ᠡᠷᠥᠭᠡ ᠳᠤ ᠣᠷᠣᠵᠤ ᠬᠢᠨᠠᠨ ᠬᠠᠷᠭᠤᠭᠤᠯᠤᠭᠰᠠᠨ ᠤ ᠲᠠᠷᠠᠭ᠎ᠠ᠂ ᠳᠠᠭᠠᠳᠬᠠᠭᠤᠯᠬᠤ ᠭᠤᠣᠯ ᠴᠣᠭᠴᠠ ᠶᠢᠨ ᠭᠡᠷ ᠪᠦᠯᠢ ᠶᠢᠨ ᠣᠨ ᠤ ᠬᠥᠮᠥᠨ ᠪᠦᠷᠢ ᠶᠢᠨ ᠳᠤᠮᠳᠠᠴᠢ ᠴᠡᠪᠡᠷ ᠣᠷᠣᠯᠭ᠎ᠠ ᠶᠢ ᠪᠠᠷᠢᠮᠵᠢᠶ᠎ᠠ ᠱᠤᠭᠤᠮ  ᠳᠤ ᠬᠦᠷᠦᠭᠦᠯᠬᠦ ᠶᠢ ᠪᠠᠲᠤᠯᠠᠬᠤ ᠶᠢᠨ ᠵᠡᠷᠭᠡᠴᠡᠪᠡᠷ ᠬᠠᠷᠢᠴᠠᠯ ᠶᠣᠰᠣᠭᠠᠷ ᠵᠥᠷᠢᠶᠡᠲᠦ ᠲᠣᠭᠠᠨ ᠤ ᠲᠥᠯᠥᠪᠦᠷᠢ ᠥᠭᠬᠦ ᠬᠡᠷᠡᠭᠲᠡᠢ᠃ ︵ᠬᠡᠷᠪᠡ ᠳᠠᠭᠠᠳᠬᠠᠭᠤᠯᠬᠤ ᠭᠤᠣᠯ ᠴᠣᠭᠴᠠ ᠶᠢᠨ ᠭᠡᠷ ᠪᠦᠯᠢ ᠶᠢᠨ ᠵᠢᠯ ᠤᠨ ᠬᠥᠮᠥᠨ ᠪᠦᠷᠢ ᠶᠢᠨ ᠳᠤᠮᠳᠠᠴᠢ ᠴᠡᠪᠡᠷ ᠣᠷᠣᠯᠭ᠎ᠠ ᠨᠢ ᠪᠠᠷᠢᠮᠵᠢᠶ᠎ᠠ ᠶᠢᠨ ᠱᠤᠭᠤᠮ ᠳᠤ ᠬᠦᠷᠦᠭᠰᠡᠨ ᠤ ᠳᠠᠷᠠᠭ᠎ᠠ᠂ ᠬᠥᠮᠥᠨ ᠪᠦᠷᠢ ᠶᠢᠨ ᠳᠤᠮᠳᠠᠴᠢ ᠥᠪᠡᠷᠲᠡᠭᠡᠨ ᠲᠥᠯᠥᠬᠦ ᠵᠠᠷᠤᠳᠠᠯ ᠨᠢ 2 ᠲᠦᠮᠡᠨ ᠲᠥᠭᠦᠷᠢᠭ ᠠᠴᠠ ᠳᠣᠷᠣᠭᠰᠢ ᠪᠠᠶᠢᠪᠠᠯ᠂ 70% ᠪᠠᠷ ᠲᠥᠯᠥᠪᠦᠷᠢ ᠥᠭᠭᠦᠨ᠎ᠡ︔ 2 ᠲᠦᠮᠡᠨ ᠲᠥᠭᠦᠷᠢᠭ ︵ᠪᠠᠭᠲᠠᠨ᠎ᠠ︶   ᠠᠴᠠ 5 ᠲᠦᠮᠡᠨ ᠲᠥᠭᠦᠷᠢᠭ ᠬᠦᠷᠲᠡᠯᠡᠬᠢ ᠪᠠᠶᠢᠪᠠᠯ᠂ 80% ᠪᠠᠷ ᠲᠥᠯᠥᠪᠦᠷᠢ ᠥᠭᠭᠦᠨ᠎ᠡ︔ 5 ᠲᠦᠮᠡᠨ ᠲᠥᠭᠦᠷᠢᠭ ︵ᠪᠠᠭᠲᠠᠨ᠎ᠠ︶   ᠠᠴᠠ ᠳᠡᠭᠡᠭᠰᠢ ᠪᠠᠶᠢᠪᠠᠯ᠂ 90% ᠪᠠᠷ ᠲᠥᠯᠥᠪᠦᠷᠢ ᠥᠭᠭᠦᠨ᠎ᠡ᠃ ᠲᠥᠯᠥᠪᠦᠷᠢ ᠶᠢᠨ ᠬᠢᠵᠠᠭᠠᠷ ᠲᠤᠭ᠎ᠠ ᠨᠢ 5 ᠲᠦᠮᠡᠨ ᠲᠥᠭᠦᠷᠢᠭ / ᠵᠢᠯ / ᠬᠥᠮᠥᠨ ᠪᠤᠯᠤᠨ᠎ᠠ︶      ︵ᠳᠥᠷᠪᠡ︶ ᠠᠵᠤ ᠦᠢᠯᠡᠰ ᠤᠨ ᠪᠠᠲᠤᠯᠠᠭ᠎ᠠ      ᠳᠠᠭᠠᠳᠬᠠᠯ ᠤᠨ ᠬᠤᠭᠤᠴᠠᠭᠠᠨ ᠳᠤ ᠳᠠᠭᠠᠳᠬᠠᠭᠤᠯᠬᠤ ᠭᠤᠣᠯ ᠴᠣᠭᠴᠠ ᠶᠢᠨ ᠡᠵᠡᠩᠨᠡᠵᠦ ᠪᠠᠶᠢᠭ᠎ᠠ ᠲᠡᠵᠢᠭᠡᠨ ᠦᠷᠡᠵᠢᠭᠦᠯᠬᠦ ᠦᠢᠯᠡᠰ᠂ ᠲᠠᠷᠢᠮᠠᠯ ᠤᠨ ᠦᠢᠯᠡᠰ᠂ ᠡᠳ᠋ᠰᠢᠭᠦᠯᠬᠦ ᠦᠢᠯᠡᠰ ᠵᠡᠷᠭᠡ ᠠᠵᠤ ᠦᠢᠯᠡᠰ ᠠᠴᠠ ᠪᠣᠯᠵᠤ᠂ ᠦᠢᠯᠡᠳᠪᠦᠷᠢᠯᠡᠯ ᠡᠵᠡᠩᠨᠡᠯᠲᠡ ᠶᠢᠨ ᠶᠠᠪᠤᠴᠠ ᠳᠤ ᠪᠠᠶᠢᠭᠠᠯᠢ ᠶᠢᠨ ᠭᠠᠮᠰᠢᠭ ᠪᠤᠶᠤ ᠰᠠᠨᠠᠭᠠᠨ   ᠳᠤ ᠦᠭᠡᠢ ᠡ᠊ᠨᠳᠡᠯ᠂ ᠵᠢᠴᠢ ᠵᠠᠬ᠎ᠠ ᠳᠡᠯᠭᠡᠭᠦᠷ   ᠤᠨ ᠰᠢᠯᠲᠠᠭᠠᠨ ᠵᠡᠷᠭᠡ ᠠᠴᠠ ᠪᠣᠯᠤᠭᠰᠠᠨ ᠡᠷᠲᠡ ᠭᠠᠷᠤᠭᠰᠠᠨ ᠠᠵᠤ ᠦᠢᠯᠡᠰ ᠤᠨ ᠬᠤᠬᠢᠷᠠᠯ ︵ᠲᠡᠵᠢᠭᠡᠨ ᠦᠷᠡᠵᠢᠭᠦᠯᠬᠦ ᠦᠢᠯᠡᠰ   ᠤᠨ ᠦᠬᠦᠭᠰᠡᠨ ᠬᠤᠬᠢᠷᠠᠯ ᠪᠠᠭᠲᠠᠨ᠎ᠠ︶᠂ ᠵᠢᠴᠢ ᠦᠢᠯᠡᠳᠪᠦᠷᠢᠯᠡᠯ ᠡᠵᠡᠩᠨᠡᠯᠲᠡ ᠶᠢᠨ ᠦᠷ᠎ᠡ ᠠᠰᠢᠭ ᠦᠭᠡᠢ ᠪᠤᠶᠤ ᠦᠷ᠎ᠡ ᠠᠰᠢᠭ ᠢᠶᠠᠷ ᠨᠡᠯᠢᠶᠡᠳ ᠪᠠᠷᠤᠭᠲᠠᠢ ᠪᠠᠶᠢᠵᠤ᠂ ᠲᠥᠷᠥ ᠶᠢᠨ ᠪᠣᠳᠣᠯᠭ᠎ᠠ᠂ ᠬᠤᠳᠠᠯᠳᠤᠭ᠎ᠠ ᠵᠡᠷᠭᠡ ᠲᠠᠷᠢᠶᠠᠯᠠᠩ ᠤᠨ ᠳᠠᠭᠠᠳᠬᠠᠯ ᠤᠨ ᠨᠥᠬᠦᠪᠦᠷᠢ ᠶᠢ ᠬᠠᠰᠤᠵᠤ ᠭᠠᠷᠭᠠᠭᠰᠠᠨ ᠤ ᠲᠠᠷᠠᠭ᠎ᠠ᠂ ᠳᠠᠭᠠᠳᠬᠠᠭᠤᠯᠤᠭᠰᠠᠨ ᠭᠤᠣᠯ ᠴᠣᠭᠴᠠ ᠶᠢᠨ ᠭᠡᠷ ᠪᠦᠯᠢ ᠶᠢᠨ ᠬᠥᠮᠥᠨ ᠪᠦᠷᠢ ᠶᠢᠨ ᠳᠤᠮᠳᠠᠴᠢ ᠴᠡᠪᠡᠷ ᠣᠷᠣᠯᠭ᠎ᠠ ᠨᠢ ᠪᠠᠷᠢᠮᠵᠢᠶ᠎ᠠ ᠱᠤᠭᠤᠮ ᠠᠴᠠ ᠮᠥᠨ ᠬᠦ ᠳᠣᠣᠷ᠎ᠠ ᠪᠠᠶᠢᠪᠠᠯ᠂ ᠲᠥᠯᠥᠵᠦ ᠥᠭᠬᠦ ᠬᠡᠷᠡᠭᠲᠡᠢ᠃ ᠪᠣᠳᠠᠲᠠᠢ ᠵᠣᠭᠤᠰ   ᠤᠨ ᠲᠤᠭ᠎ᠠ ᠶᠢ ᠳᠠᠭᠠᠳᠬᠠᠯ ᠤᠨ ᠺᠣᠮᠫᠠᠨᠢ ᠶᠢᠨ ᠡᠷᠥᠭᠡ ᠳᠤ ᠣᠷᠣᠵᠤ ᠬᠢᠨᠠᠨ ᠬᠠᠷᠭᠤᠭᠤᠯᠤᠭᠰᠠᠨ ᠤ ᠲᠠᠷᠠᠭ᠎ᠠ᠂ ᠳᠠᠭᠠᠳᠬᠠᠭᠤᠯᠬᠤ ᠭᠤᠣᠯ ᠴᠣᠭᠴᠠ ᠶᠢᠨ ᠭᠡᠷ ᠪᠦᠯᠢ ᠶᠢᠨ ᠣᠨ   ᠤ ᠬᠥᠮᠥᠨ ᠪᠦᠷᠢ ᠶᠢᠨ ᠳᠤᠮᠳᠠᠴᠢ ᠴᠡᠪᠡᠷ ᠣᠷᠣᠯᠭ᠎ᠠ ᠶᠢ ᠪᠠᠷᠢᠮᠵᠢᠶ᠎ᠠ ᠱᠤᠭᠤᠮ   ᠳᠤ ᠬᠦᠷᠦᠭᠦᠯᠬᠦ ᠶᠢ ᠪᠠᠲᠤᠯᠠᠬᠤ ᠶᠢᠨ ᠵᠡᠷᠭᠡᠴᠡᠪᠡᠷ ᠬᠠᠷᠢᠴᠠᠯ ᠶᠣᠰᠣᠭᠠᠷ ᠵᠥᠷᠢᠶᠡᠲᠦ ᠲᠣᠭᠠᠨ ᠤ ᠲᠥᠯᠥᠪᠦᠷᠢ ᠥᠭᠬᠦ ᠬᠡᠷᠡᠭᠲᠡᠢ᠃ ︵ᠬᠡᠷᠪᠡ ᠳᠠᠭᠠᠳᠬᠠᠭᠤᠯᠬᠤ ᠭᠤᠣᠯ ᠴᠣᠭᠴᠠ ᠶᠢᠨ ᠭᠡᠷ ᠪᠦᠯᠢ ᠶᠢᠨ ᠵᠢᠯ ᠤᠨ ᠬᠥᠮᠥᠨ ᠪᠦᠷᠢ ᠶᠢᠨ ᠳᠤᠮᠳᠠᠴᠢ ᠴᠡᠪᠡᠷ ᠣᠷᠣᠯᠭ᠎ᠠ ᠨᠢ ᠪᠠᠷᠢᠮᠵᠢᠶ᠎ᠠ ᠶᠢᠨ ᠱᠤᠭᠤᠮ ᠳᠤ ᠬᠦᠷᠦᠭᠰᠡᠨ ᠪᠠᠶᠢᠪᠠᠯ᠂ ᠲᠥᠷᠥ ᠶᠢᠨ ᠪᠣᠳᠣᠯᠭ᠎ᠠ᠂ ᠬᠤᠳᠠᠯᠳᠤᠭ᠎ᠠ ᠵᠡᠷᠭᠡ ᠲᠠᠷᠢᠶᠠᠯᠠᠩ ᠤᠨ ᠳᠠᠭᠠᠳᠬᠠᠯ ᠤᠨ ᠨᠥᠬᠦᠪᠦᠷᠢ ᠶᠢ ᠰᠠᠭᠤᠯᠭᠠᠨ ᠠᠪᠴᠤ᠂ ᠦᠯᠡᠳᠡᠭᠰᠡᠨ ᠬᠡᠰᠡᠭ ᠲᠤᠨᠢ 90% ᠶᠢᠨ ᠬᠠᠷᠢᠴᠠᠯ ᠢᠶᠠᠷ ᠨᠥᠬᠦᠪᠦᠷᠢ ᠮᠥᠩᠭᠦ ᠥᠭᠴᠦ᠂ ᠲᠥᠯᠥᠬᠦ ᠬᠢᠵᠠᠭᠠᠷ ᠲᠤᠭ᠎ᠠ ᠨᠢ 3 ᠲᠦᠮᠡᠨ ᠲᠥᠭᠦᠷᠢᠭ / ᠵᠢᠯ / ᠡᠷᠦᠬᠡ ᠪᠣᠯᠣᠨ᠎ᠠ᠃︶       ︵ᠲᠠᠪᠤ︶ ᠲᠠᠭᠠᠳᠬᠠᠯ ᠤᠨ ᠲᠦᠯᠦᠪᠤᠷᠢ ᠦᠭᠬᠦ ᠶᠠᠪᠤᠳᠠᠯ ᠢ ᠠᠰ ᠠᠰ ᠲᠤᠨᠢ ᠵᠦᠪᠯᠡᠬᠦ      ᠬᠡᠷᠪᠡ ᠳᠠᠭᠠᠳᠬᠠᠯ ᠤᠨ ᠬᠤᠭᠤᠴᠠᠭᠠᠨ ᠳᠤ᠂ ᠳᠠᠭᠠᠳᠬᠠᠭᠤᠯᠬᠤ ᠭᠤᠣᠯ ᠴᠣᠭᠴᠠ ᠨᠢ ᠡᠪᠡᠳᠴᠢᠨ ᠪᠤᠶᠤ ᠰᠠᠨᠠᠭᠠᠨ ᠳᠤ ᠦᠭᠡᠢ ᠡ᠊ᠨᠳᠡᠯ ᠠᠴᠠ ᠪᠣᠯᠵᠤ ᠡᠮᠨᠡᠯᠭᠡ ᠳᠤ ᠰᠠᠭᠤᠵᠤ ᠡᠮᠨᠡᠭᠦᠯᠦᠭᠰᠡᠨ ᠪᠣᠯᠪᠠᠴᠤ ᠲᠥᠯᠥᠪᠦᠷᠢ ᠭᠤᠶᠤᠴᠢᠯᠠᠬᠤ ᠬᠠᠮᠢᠶ᠎ᠠ ᠪᠦᠬᠦᠢ ᠭᠡᠷᠡᠴᠢ ᠮᠠᠲ᠋ᠧᠷᠢᠶᠠᠯ ᠣᠯᠣᠭᠰᠠᠨ ᠦᠭᠡᠢ ᠪᠠᠶᠢᠪᠠᠯ᠂ ᠳᠠᠭᠠᠳᠬᠠᠯ ᠤᠨ ᠪᠠᠶᠢᠭᠤᠯᠤᠮᠵᠢ  ᠨᠢ ᠬᠤᠲᠠ ᠶᠢᠨ ᠬᠦᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠯᠤᠭ᠎ᠠ ᠵᠥᠪᠳᠡᠯᠴᠡᠬᠦ ᠪᠠᠷ ᠳᠡᠮᠵᠢᠨ᠂ ᠳᠠᠷᠠᠭ᠎ᠠ ᠨᠢᠭᠡ ᠵᠢᠯ ᠤᠨ ᠳᠠᠭᠠᠳᠬᠠᠯ ᠤᠨ ᠬᠤᠭᠤᠴᠠᠭᠠᠨ ᠳᠤ ᠲᠥᠯᠥᠪᠦᠷᠢ ᠭᠤᠶᠤᠴᠢᠯᠠᠵᠤ ᠪᠣᠯᠣᠨ᠎ᠠ᠂ ᠳᠠᠭᠠᠳᠬᠠᠯ ᠤᠨ ᠪᠠᠶᠢᠭᠤᠯᠤᠮᠵᠢ ᠨᠢ ᠭᠤᠶᠤᠴᠢᠯᠠᠭᠰᠠᠨ ᠮᠠᠲ᠋ᠧᠷᠢᠶᠠᠯ ᠢ ᠬᠢᠨᠠᠨ ᠬᠠᠷᠭᠤᠭᠤᠯᠤᠭᠰᠠᠨ ᠤ ᠳᠠᠷᠠᠭ᠎ᠠ ᠲᠥᠯᠥᠪᠦᠷᠢ ᠥᠭᠭᠦᠨ᠎ᠡ᠃      ᠳᠣᠯᠤᠭ᠎ᠠ᠂ ᠳᠠᠭᠠᠳᠬᠠᠯ ᠤᠨ ᠵᠠᠷᠤᠳᠠᠯ ᠤᠨ ᠢᠷᠡᠯᠲᠡ ᠵᠢᠴᠢ ᠬᠤᠪᠢᠶᠠᠨ ᠡᠭᠦᠷᠭᠡᠯᠡᠬᠦ ᠬᠠᠷᠢᠴᠠᠯ      ︽ᠶᠠᠳᠠᠭᠤ ᠠᠴᠠ ᠠᠩᠭᠢᠵᠢᠷᠠᠭᠤᠯᠬᠤ ᠪᠣᠭᠤᠮᠳᠡ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ ᠶᠠᠳᠠᠭᠤ ᠠᠴᠠ ᠠᠩᠭᠢᠵᠢᠷᠠᠭᠤᠯᠬᠤ ᠳᠠᠭᠠᠳᠬᠠᠯ ᠤᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠵᠢᠯᠤᠭᠤᠳᠬᠤ ᠰᠠᠨᠠᠯ︾ ︵ᠥᠪᠥᠷ ᠡᠳ᠋ ᠲᠠᠷᠢᠶᠠᠯᠠᠩ ᠵᠠᠬᠢᠳᠠᠯ ﹇2021﹈ 469 ᠳ᠋ᠣᠭᠡᠷ ᠲᠣᠭᠠᠲᠤ︶ ᠳᠤ ︽ᠶᠠᠳᠠᠭᠤ ᠠᠴᠠ ᠠᠩᠭᠢᠵᠢᠷᠠᠭᠤᠯᠬᠤ ᠳᠠᠭᠠᠳᠬᠠᠯ︾ ᠤᠨ ᠲᠤᠬᠠᠶᠢᠯᠠᠭᠰᠠᠨ ᠠᠵᠢᠯ ᠤᠨ ᠪᠡᠯᠡ ᠮᠥᠩᠭᠦ ᠶᠢᠨ ᠢᠷᠡᠯᠲᠡ ᠶᠢ ᠲᠣᠳᠣᠷᠬᠠᠶᠢᠯᠠᠵᠤ᠂ ᠲᠣᠭᠤᠷᠢᠭ᠂ ᠠᠶᠢᠮᠠᠭ᠂ ᠬᠤᠲᠠ ᠭᠤᠷᠪᠠᠨ ᠱᠠᠲᠤᠨ ᠤ ᠡᠳ᠋ ᠤᠨ ᠵᠠᠰᠠᠭ ᠪᠠ ᠳᠠᠭᠠᠳᠬᠠᠭᠤᠯᠤᠭᠰᠠᠨ ᠮᠠᠯᠵᠢᠬᠤ ᠲᠠᠷᠢᠶᠠᠯᠠᠬᠤ ᠡᠷᠦᠬᠡ ᠬᠠᠷᠢᠴᠠᠯ ᠶᠣᠰᠣᠭᠠᠷ ᠬᠠᠮᠲᠤᠪᠠᠷ ᠬᠤᠪᠢᠶᠠᠨ ᠡᠭᠦᠷᠭᠡᠯᠡᠨ᠎ᠡ᠂ ᠪᠣᠳᠠᠲᠠᠢ ᠪᠠᠷ ᠬᠡᠯᠡᠪᠡᠯ᠄      2022 ︱ 2023 ᠣᠨ ᠳᠤ᠂ ᠶᠠᠳᠠᠭᠤ ᠠᠴᠠ ᠠᠩᠭᠢᠵᠢᠷᠠᠭᠰᠠᠨ ᠡᠷᠦᠬᠡ ︵ᠲᠥᠷᠥ ᠶᠢᠨ ᠪᠣᠳᠣᠯᠭ᠎ᠠ ᠶᠢ ᠡᠳ᠋ᠯᠡᠬᠦ︶ ᠪᠠ ᠠᠮᠠᠷᠬᠠᠨ ᠶᠠᠳᠠᠭᠤᠷᠠᠬᠤ ᠡᠷᠦᠬᠡ ᠶᠢᠨ ᠳᠠᠭᠠᠳᠬᠠᠯ ᠤᠨ ᠰᠦᠢᠳᠬᠡᠯ ᠢ ᠵᠠᠰᠠᠭ ᠤᠨ ᠣᠷᠳᠣᠨ ᠠᠴᠠ 90% ᠶᠢ ᠡᠭᠦᠷᠭᠡᠯᠡᠵᠦ᠂ ᠬᠤᠪᠢ ᠬᠥᠮᠥᠨ 10% ᠶᠢ ᠡᠭᠦᠷᠭᠡᠯᠡᠨ᠎ᠡ︔ ᠪᠤᠰᠤᠳ ᠲᠣᠰ ᠬᠤᠲᠠ ᠶᠢᠨ ᠡᠷᠦᠬᠡ ᠠᠮᠠ ᠶᠢᠨ ᠬᠠᠷᠢᠶ᠎ᠠ ᠲᠠᠢ ᠬᠥᠮᠥᠨ ᠠᠮᠠ ᠶᠢᠨ ᠳᠠᠭᠠᠳᠬᠠᠯ ᠤᠨ ᠵᠠᠷᠤᠳᠠᠯ ᠢ ᠵᠠᠰᠠᠭ ᠤᠨ ᠣᠷᠳᠣᠨ ᠠᠴᠠ 80% ᠶᠢ ᠡᠭᠦᠷᠭᠡᠯᠡᠵᠦ᠂ ᠬᠤᠪᠢ ᠬᠥᠮᠥᠨ 20% ᠶᠢ ᠡᠭᠦᠷᠭᠡᠯᠡᠨ᠎ᠡ᠃ ︵ᠳᠠᠷᠤᠢ ᠶᠠᠳᠠᠭᠤ ᠠᠴᠠ ᠠᠩᠭᠢᠵᠢᠷᠠᠭᠤᠯᠬᠤ ᠡᠷᠦᠬᠡ ︵ᠲᠥᠷᠥ ᠶᠢᠨ ᠪᠣᠳᠣᠯᠭ᠎ᠠ ᠶᠢ ᠡᠳ᠋ᠯᠡᠬᠦ︶ ᠪᠠ ᠠᠮᠠᠷᠬᠠᠨ ᠶᠠᠳᠡᠭᠤᠷᠡᠬᠤ ᠡᠷᠦᠬᠡ ᠶᠢᠨ ᠬᠤᠪᠢ ᠬᠥᠮᠥᠨ 5 ᠲᠥᠭᠦᠷᠢᠭ ᠤᠨ ᠳᠠᠭᠠᠳᠬᠠᠯ ᠤᠨ ᠰᠦᠢᠳᠬᠡᠯ ᠲᠤᠰᠢᠶᠠᠵᠤ᠂ ᠵᠠᠰᠠᠭ ᠤᠨ ᠣᠷᠳᠣᠨ ᠠᠴᠠ 45 ᠲᠥᠭᠦᠷᠢᠭ ᠤᠨ ᠳᠠᠭᠠᠳᠬᠠᠯ ᠤᠨ ᠰᠦᠢᠳᠬᠡᠯ ᠢ ᠡᠭᠦᠷᠭᠡᠯᠡᠨ᠎ᠡ︔ ᠪᠤᠰᠤᠳ ᠲᠣᠰ ᠬᠤᠲᠠ ᠶᠢᠨ ᠡᠷᠦᠬᠡ ᠠᠮᠠ ᠶᠢᠨ ᠬᠠᠷᠢᠶ᠎ᠠ ᠲᠠᠢ ᠬᠥᠮᠥᠨ ᠠᠮᠠ ᠶᠢᠨ ᠬᠤᠪᠢ ᠬᠥᠮᠥᠨ ᠤ ᠲᠤᠰᠢᠶᠠᠭᠰᠠᠨ ᠳᠠᠭᠠᠳᠬᠠᠯ ᠤᠨ ᠵᠠᠷᠤᠳᠠᠯ 10 ᠲᠥᠭᠦᠷᠢᠭ ᠲᠤ ᠵᠠᠰᠠᠭ ᠤᠨ ᠣᠷᠳᠣᠨ ᠠᠴᠠ 40 ᠲᠥᠭᠦᠷᠢᠭ ᠢ ᠡᠭᠦᠷᠭᠡᠯᠡᠨ᠎ᠡ᠃︶      ᠵᠠᠰᠠᠭ ᠤᠨ ᠣᠷᠳᠣᠨ ᠤ ᠡᠭᠦᠷᠭᠡᠯᠡᠬᠦ ᠬᠡᠰᠡᠭ ᠤᠨ ᠪᠡᠯᠡ ᠮᠥᠩᠭᠦ ᠶᠢᠨ ᠢᠷᠡᠯᠲᠡ ᠨᠢ ᠲᠣᠭᠤᠷᠢᠭ᠂ ᠠᠶᠢᠮᠠᠭ᠂ ᠬᠤᠲᠠ ᠭᠤᠷᠪᠠᠨ ᠱᠠᠲᠤᠨ ᠤ ᠡᠳ᠋ ᠤᠨ ᠵᠠᠰᠠᠭ ᠤᠨ ᠲᠥᠰᠥᠪ ᠤᠨ ᠲᠣᠬᠢᠷᠠᠭᠤᠯᠤᠯᠲᠠ ᠶᠢ ᠵᠣᠯᠭᠠᠭᠤᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠨᠥᠬᠦᠪᠦᠷᠢ ᠶᠢᠨ ᠪᠡᠯᠡ ᠮᠥᠩᠭᠦ ︵ᠤᠤᠯ ᠤᠨ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠲᠤᠰᠬᠠᠢ ᠪᠡᠯᠡ ᠮᠥᠩᠭᠦ︶ ᠪᠣᠯᠣᠨ᠎ᠠ᠃ ᠡᠭᠦᠨ ᠳᠤ᠂ ᠥᠪᠡᠷᠲᠡᠭᠡᠨ ᠵᠠᠰᠠᠬᠤ ᠣᠷᠣᠨ ᠤ ᠳᠡᠰ ᠠᠴᠠ 60% ᠶᠢ ᠡᠭᠦᠷᠭᠡᠯᠡᠵᠦ᠂ ᠠᠶᠢᠮᠠᠭ ᠤᠨ ᠳᠡᠰ ᠠᠴᠠ 20% ᠶᠢ ᠡᠭᠦᠷᠭᠡᠯᠡᠵᠦ᠂ ᠬᠤᠲᠠ ᠶᠢᠨ ᠳᠡᠰ ᠠᠴᠠ 20% ᠶᠢ ᠡᠭᠦᠷᠭᠡᠯᠡᠨ᠎ᠡ᠃      ᠨᠠᠢᠮᠠ᠂ ᠳᠠᠭᠠᠳᠬᠠᠯ ᠤᠨ ᠵᠠᠷᠤᠳᠠᠯ ᠲᠤᠰᠢᠶᠠᠬᠤ      ᠶᠠᠳᠠᠭᠤ ᠬᠦᠴᠢᠷᠳᠡᠯᠲᠡᠢ ᠬᠥᠮᠥᠨ ᠠᠮᠠ ᠶᠢᠨ ᠲᠠᠬᠢᠨ ᠶᠠᠳᠡᠭᠤᠷᠡᠬᠤ ᠠᠴᠠ ᠰᠡᠷᠭᠡᠶᠢᠯᠡᠬᠦ ᠳᠠᠭᠠᠳᠬᠠᠯ ᠤᠨ ᠵᠥᠪᠯᠡᠯᠴᠡᠭᠡᠷ ᠬᠦᠴᠦᠨ ᠲᠠᠢ ᠪᠣᠯᠤᠭᠰᠠᠨ 30 ᠠᠵᠢᠯᠯᠠᠬᠤ ᠡᠳᠦᠷ ᠤᠨ ᠳᠣᠲᠣᠷ᠎ᠠ᠂ ᠡᠯ᠎ᠡ ᠪᠠᠯᠭᠠᠰᠤ ᠵᠡᠭᠡᠯᠢ ᠨᠢ ᠬᠠᠷᠢᠶ᠎ᠠ ᠣᠷᠣᠨ ᠤ ᠲᠣᠰ ᠭᠠᠵᠠᠷ ᠤᠨ ᠡᠷᠦᠬᠡ ᠠᠮᠠ ᠶᠢᠨ ᠬᠠᠷᠢᠶ᠎ᠠ ᠲᠠᠢ ᠬᠥᠮᠥᠨ ᠠᠮᠠ ᠶᠢ ᠵᠣᠬᠢᠶᠠᠨ ᠪᠠᠶᠢᠭᠤᠯᠤᠨ ᠳᠠᠭᠠᠳᠬᠠᠯ ᠳᠤ ᠣᠷᠣᠯᠴᠠᠭᠤᠯᠬᠤ ᠶᠢᠨ ᠬᠠᠮᠲᠤ ᠬᠠᠷᠢᠴᠠᠯ ᠶᠣᠰᠣᠭᠠᠷ ᠳᠠᠭᠠᠳᠬᠠᠯ ᠤᠨ ᠵᠠᠷᠤᠳᠠᠯ ᠲᠤᠰᠢᠶᠠᠨ᠎ᠠ᠃ ᠬᠤᠪᠢ ᠬᠥᠮᠥᠨ ᠤ ᠡᠭᠦᠷᠭᠡᠯᠡᠭᠰᠡᠨ ᠳᠠᠭᠠᠳᠬᠠᠯ ᠤᠨ ᠵᠠᠷᠤᠳᠠᠯ ᠢ ᠪᠣᠳᠠᠲᠠᠶᠢᠵᠢᠭᠤᠯᠤᠭᠰᠠᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ᠂ ᠬᠢᠩᠭᠠᠨ ᠠᠶᠢᠮᠠᠭ᠂ ᠷᠠᠰᠢᠶᠠᠨ ᠬᠤᠲᠠ ᠶᠢᠨ ᠡᠳ᠋ ᠤᠨ ᠵᠠᠰᠠᠭ ᠠᠴᠠ ᠨᠢᠭᠡᠨᠲᠡ ᠲᠤᠰᠢᠶᠠᠭᠰᠠᠨ ᠳᠠᠭᠠᠳᠬᠠᠯ ᠤᠨ ᠵᠠᠷᠤᠳᠠᠯ ᠤᠨ ᠨᠡᠷᠡᠰ ᠤᠨ ᠶᠣᠰᠣᠭᠠᠷ ᠨᠥᠬᠦᠪᠦᠷᠢ ᠪᠡᠯᠡ ᠮᠥᠩᠭᠦ ᠲᠣᠬᠢᠷᠠᠭᠤᠯᠤᠨ ᠪᠠᠭᠤᠯᠭᠠᠬᠤ ᠬᠡᠷᠡᠭᠲᠡᠢ᠃ ᠨᠥᠬᠦᠪᠦᠷᠢ ᠶᠢᠨ ᠪᠡᠯᠡ ᠮᠥᠩᠭᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠭᠤᠶᠤᠴᠢᠯᠠᠯ᠂ ᠡᠳ᠋ ᠤᠨ ᠵᠠᠰᠠᠭ ᠤᠨ ᠲᠣᠪᠴᠢᠶ᠎ᠠ ᠪᠠᠷ ᠬᠢᠨᠠᠨ ᠬᠠᠷᠭᠤᠭᠤᠯᠤᠭᠤᠯᠵᠤ᠂ ᠤᠯᠤᠰ ᠤᠨ ᠬᠥᠮᠥᠷᠭᠡ ᠠᠴᠠ ᠲᠥᠪᠯᠡᠷᠡᠭᠦᠯᠦᠨ ᠣᠯᠭᠤᠬᠤ ᠬᠠᠮᠢᠶ᠎ᠠ ᠪᠦᠬᠦᠢ ᠲᠣᠭᠲᠠᠭᠠᠯ ᠶᠣᠰᠣᠭᠠᠷ ᠳᠠᠭᠠᠳᠬᠠᠯ ᠤᠨ ᠪᠠᠶᠢᠭᠤᠯᠤᠮᠵᠢ ᠳᠤ ᠰᠢᠯᠵᠢᠭᠦᠯᠦᠨ ᠥᠭᠭᠦᠨ᠎ᠡ᠃       ᠶᠢᠰᠦ᠂ ᠲᠥᠯᠥᠪᠦᠷᠢ ᠶᠢᠨ ᠶᠠᠪᠤᠴᠠ     ᠬᠤᠪᠢ ᠬᠥᠮᠥᠨ ᠤ ᠭᠤᠶᠤᠴᠢᠯᠠᠯ᠃ ᠳᠠᠭᠠᠳᠬᠠᠭᠤᠯᠬᠤ ᠭᠤᠣᠯ ᠴᠣᠭᠴᠠ ᠥᠪᠡᠷᠲᠡᠭᠡᠨ ᠭᠤᠶᠤᠴᠢᠯᠠᠬᠤ ᠠᠷᠭ᠎ᠠ ᠮᠠᠶ᠋ᠢᠭ ᠢ ᠠᠪᠴᠤ ᠶᠠᠪᠤᠭᠳᠠᠭᠤᠯᠤᠨ᠂ ᠤᠷᠢᠳᠠᠪᠠᠷ ᠪᠠᠶᠢᠭ᠎ᠠ ᠲᠣᠰᠬᠤᠨ ᠤ ᠬᠤᠶᠠᠷ ᠵᠥᠪᠯᠡᠯ ︵ᠨᠡᠶᠢᠭᠡᠮ ᠲᠣᠭᠤᠷᠢᠭ︶  ᠲᠤ ᠭᠤᠶᠤᠴᠢᠯᠠᠯ ᠢᠶᠠᠨ ᠳᠡᠪᠰᠢᠭᠦᠯᠵᠦ᠂ ᠲᠣᠰᠬᠤᠨ ᠤ ᠬᠤᠶᠠᠷ ᠵᠥᠪᠯᠡᠯ ︵ᠨᠡᠶᠢᠭᠡᠮ ᠲᠣᠭᠤᠷᠢᠭ︶᠂ ᠲᠣᠰᠬᠤᠨ ᠲᠤ ᠰᠠᠭᠤᠭ᠎ᠠ ᠠᠵᠢᠯᠯᠠᠬᠤ ᠠᠩᠭᠢ ᠪᠠᠷ ᠭᠤᠶᠤᠴᠢᠯᠠᠭᠴᠢ ᠶᠢᠨ ᠮᠡᠳᠡᠭᠡ ᠵᠠᠩᠭᠢ ᠶᠢ ᠪᠦᠷᠢᠳᠬᠡᠵᠦ᠂ ᠠᠩᠬ᠎ᠠ ᠠᠯᠬᠤᠮ ᠬᠢᠨᠠᠨ ᠬᠠᠷᠭᠤᠭᠤᠯᠤᠭᠰᠠᠨ ᠤ ᠲᠠᠷᠠᠭ᠎ᠠ ᠪᠠᠶᠢᠭ᠎ᠠ ᠪᠠᠯᠭᠠᠰᠤᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠲᠤ ᠮᠡᠳᠡᠭᠦᠯᠬᠦ ᠬᠡᠷᠡᠭᠲᠡᠢ᠃ ᠵᠡᠭᠡᠯᠢ ᠪᠠᠯᠭᠠᠰᠤᠨ ᠤ ᠠᠩᠬᠠᠨ ᠤ ᠬᠢᠨᠠᠯᠲᠠ᠃ ᠡᠯ᠎ᠡ ᠪᠠᠯᠭᠠᠰᠤ ᠵᠡᠭᠡᠯᠢ ᠭᠤᠳᠤᠮᠵᠢ ᠶᠢᠨ ᠬᠢᠨ ᠭᠤᠶᠤᠴᠢᠯᠠᠭᠴᠢ ᠶᠢᠨ ᠪᠠᠶᠢᠳᠠᠯ ᠢ ᠨᠠᠷᠢᠨ ᠨᠢᠭᠲᠠ ᠬᠢᠨᠠᠨ ᠬᠠᠷᠭᠤᠭᠤᠯᠬᠤ ᠶᠢᠨ ᠬᠠᠮᠲᠤ ᠬᠠᠮᠢᠶ᠎ᠠ ᠪᠦᠬᠦᠢ ᠮᠡᠳᠡᠭᠡ ᠵᠠᠩᠭᠢ ᠶᠢ ᠪᠣᠳᠠᠲᠠᠢ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠳᠤ ᠮᠡᠳᠡᠭᠦᠯᠬᠦ ᠬᠡᠷᠡᠭᠲᠡᠢ᠃ ᠬᠤᠲᠠ ᠶᠢᠨ ᠱᠠᠲᠤᠨ ᠤ ᠳᠠᠬᠢᠨ ᠬᠢᠨᠠᠯᠲᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠳᠡᠭᠡᠭᠰᠢ ᠮᠡᠳᠡᠭᠦᠯᠦᠭᠰᠡᠨ ᠮᠡᠳᠡᠭᠡ ᠵᠠᠩᠭᠢ ᠶᠢ ᠦᠨᠳᠦᠰᠦᠯᠡᠨ᠂ ᠳᠠᠭᠠᠳᠬᠠᠯ ᠤᠨ ᠺᠣᠮᠫᠠᠨᠢ ᠲᠠᠢ ᠬᠠᠮᠲᠤᠷᠠᠨ ᠲᠤᠬᠠᠢ ᠶᠢᠨ ᠭᠠᠵᠠᠷ ᠲᠤᠨᠢ ᠪᠠᠶᠢᠴᠠᠭᠠᠯᠲᠠ ᠬᠢᠨ᠎ᠡ᠃ ᠲᠤᠰᠬᠠᠢ ᠮᠡᠷᠭᠡᠵᠢᠯ ᠤᠨ ᠪᠠᠶᠢᠴᠠᠭᠠᠯᠲᠠ᠃ ᠳᠠᠭᠠᠳᠬᠠᠯ ᠤᠨ ᠺᠣᠮᠫᠠᠨᠢ ᠶᠢᠨ ᠭᠠᠷᠲᠠᠨ ᠬᠢᠭᠴᠢ ᠡᠭᠦᠷᠭᠡ ᠶᠢ ᠭᠥᠯᠢᠶᠡᠨ ᠠᠪᠤᠭᠰᠠᠨ ᠤ ᠳᠠᠷᠠᠭ᠎ᠠ᠂ 5 ᠠᠵᠢᠯᠯᠠᠬᠤ ᠡᠳᠦᠷ ᠤᠨ ᠳᠣᠲᠣᠷ᠎ᠠ᠂ ᠵᠢᠩᠬᠢᠨᠢ ᠪᠠᠶᠢᠴᠠᠭᠠᠨ ᠬᠠᠷᠭᠤᠭᠤᠯᠬᠤ ᠲᠠᠰ ᠳᠠᠷᠠᠭᠠᠯᠠᠯ ᠢᠶᠠᠷ ᠳᠡᠮᠵᠢᠨ᠂ ᠨᠥᠬᠦᠪᠦᠷᠢᠯᠡᠬᠦ ᠡᠲᠡᠭᠡᠳ ᠪᠠ ᠨᠥᠬᠦᠪᠦᠷᠢᠯᠡᠬᠦ ᠵᠣᠭᠤᠰ ᠤᠨ ᠲᠤᠭ᠎ᠠ ᠶᠢ ᠲᠣᠭᠲᠠᠭᠠᠨ᠎ᠠ᠃ ᠨᠥᠬᠦᠪᠦᠷᠢ ᠮᠥᠩᠭᠦ ᠶᠢ ᠣᠯᠭᠤᠨ᠎ᠠ᠃ ᠳᠠᠭᠠᠳᠬᠠᠯ ᠬᠠᠷᠢᠭᠤᠴᠠᠬᠤ ᠪᠠᠶᠢᠭᠤᠯᠤᠮᠵᠢ ᠨᠢ 10 ᠠᠵᠢᠯᠯᠠᠬᠤ ᠡᠳᠦᠷ ᠤᠨ ᠳᠣᠲᠣᠷ᠎ᠠ ᠬᠢᠨᠠᠨ ᠪᠠᠶᠢᠴᠠᠭᠠᠵᠤ᠂ ᠲᠦᠯᠦᠪᠤᠷᠢ ᠦᠭᠴᠦ᠂ ᠮᠡᠳᠡᠭᠳᠡᠵᠦ ᠳᠠᠭᠤᠰᠬᠠᠬᠤ ᠬᠡᠷᠡᠭᠲᠡᠢ᠃ ᠲᠥᠯᠥᠪᠦᠷᠢ ᠶᠢᠨ ᠪᠠᠷᠢᠮᠵᠢᠶ᠎ᠠ ᠳᠤ ᠨᠡᠶᠢᠴᠡᠬᠦ ᠦᠭᠡᠢ ᠪᠣᠯ ᠭᠤᠶᠤᠴᠢᠯᠠᠭᠴᠢ ᠳᠤ ᠴᠠᠭ ᠲᠤᠬᠠᠢ ᠳᠤᠨᠢ ᠮᠡᠳᠡᠭᠳᠡᠵᠦ᠂ ᠲᠥᠯᠥᠪᠦᠷᠢ ᠶᠢᠨ ᠪᠠᠷᠢᠮᠵᠢᠶ᠎ᠠ ᠳᠤ ᠨᠡᠶᠢᠴᠡᠪᠡᠯ ᠴᠠᠭ ᠲᠤᠬᠠᠢ ᠳᠤᠨᠢ ᠨᠥᠬᠦᠪᠦᠷᠢ ᠶᠢᠨ ᠮᠥᠩᠭᠦ ᠣᠯᠭᠤᠬᠤ ᠶᠢᠨ ᠬᠠᠮᠲᠤ᠂ ᠬᠤᠯᠪᠣᠭᠳᠠᠯ ᠪᠦᠬᠦᠢ ᠭᠡᠷᠡᠴᠢ ᠪᠠᠷᠢᠮᠲᠠ᠂ ᠲᠥᠯᠥᠪᠦᠷᠢ ᠶᠢᠨ ᠲᠤᠭ᠎ᠠ ᠪᠠᠷᠢᠮᠲᠠ ᠶᠢ ᠬᠤᠲᠠ ᠶᠢᠨ ᠬᠦᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠳᠤ ᠬᠠᠷᠢᠭᠤ ᠲᠤᠰᠬᠠᠵᠤ ᠳᠠᠩᠰᠠᠯᠠᠭᠤᠯᠤᠨ ᠲᠠᠩᠰᠠ ᠡᠪᠬᠡᠮᠡᠯ ᠳᠤ ᠣᠷᠣᠭᠤᠯᠬᠤ ᠬᠡᠷᠡᠭᠲᠡᠢ᠃ ᠲᠥᠯᠥᠪᠦᠷᠢ ᠥᠭᠬᠦ ᠶᠠᠪᠤᠴᠠ ᠳᠤ᠂ ᠭᠤᠶᠤᠴᠢᠯᠠᠭᠳᠠᠭᠴᠢ ᠪᠠ ᠳᠠᠭᠠᠳᠬᠠᠯ ᠤᠨ ᠪᠠᠶᠢᠭᠤᠯᠤᠮᠵᠢ ᠲᠣᠰ ᠲᠣᠰ ᠲᠠᠭᠠᠨ ᠭᠡᠷᠡᠴᠢ ᠳᠤᠷᠠᠳᠬᠤ ᠬᠠᠷᠢᠭᠤᠴᠠᠯᠭ᠎ᠠ ᠶᠢ ᠡᠭᠦᠷᠭᠡᠯᠡᠵᠦ᠂ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠡᠭᠦᠷᠭᠡᠯᠡᠨ᠎ᠡ᠃ ᠪᠣᠳᠠᠲᠠᠢ ᠪᠠᠶᠢᠳᠠᠯ ᠢ ᠦᠨᠳᠦᠰᠦᠯᠡᠨ ᠲᠥᠯᠥᠵᠦ ᠳᠡᠶᠢᠯᠦᠭᠰᠡᠨ ᠦᠭᠡᠢ ᠪᠤᠶᠤ ᠲᠥᠯᠥᠵᠦ ᠥᠭᠭᠦᠭᠰᠡᠨ ᠨᠢ ᠴᠠᠭ ᠬᠤᠭᠤᠴᠠᠭ᠎ᠠ ᠠᠴᠠ ᠬᠦᠨᠳᠦ ᠨᠣᠴᠢᠲᠠᠢ ᠬᠡᠲᠦᠷᠡᠭᠰᠡᠨ ᠳᠠᠭᠠᠳᠬᠠᠯ ᠤᠨ ᠪᠠᠶᠢᠭᠤᠯᠤᠮᠵᠢ ᠶᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠤᠶᠤ ᠡᠷᠬᠡ ᠣᠯᠭᠤᠭᠰᠠᠨ ᠰᠠᠯᠠᠭ᠎ᠠ ᠮᠥᠴᠢᠷ ᠠᠴᠠ ᠵᠠᠷᠯᠠᠨ ᠮᠡᠳᠡᠭᠳᠡᠬᠦ ᠡᠷᠬᠡ ᠲᠠᠢ᠂ ᠬᠡᠷᠪᠡ ᠳᠠᠭᠠᠳᠬᠠᠯ ᠤᠨ ᠪᠠᠶᠢᠭᠤᠯᠤᠮᠵᠢ ᠨᠢ ᠣᠯᠠᠨ ᠤᠳᠠᠭ᠎ᠠ ᠳᠠᠭᠠᠳᠬᠠᠯ ᠤᠨ ᠬᠡᠯᠡᠯᠴᠡᠭᠡᠷ ᠶᠣᠰᠣᠭᠠᠷ ᠲᠣᠭᠲᠠᠭᠰᠠᠨ ᠴᠠᠭ ᠲᠠᠭᠠᠨ ᠲᠥᠯᠥᠵᠦ ᠳᠡᠶᠢᠯᠦᠭᠰᠡᠨ ᠦᠭᠡᠢ ᠪᠠᠶᠢᠪᠠᠯ᠂ ᠲᠣᠰ ᠳᠠᠭᠠᠳᠬᠠᠯ ᠤᠨ ᠪᠠᠶᠢᠭᠤᠯᠤᠮᠵᠢ ᠶᠢᠨ ᠳᠠᠭᠠᠳᠬᠠᠯ ᠤᠨ ᠬᠡᠯᠡᠯᠴᠡᠭᠡᠷ ᠤᠨ ᠬᠤᠭᠤᠴᠠᠭ᠎ᠠ ᠲᠤᠯᠤᠭᠰᠠᠨ ᠤ ᠳᠠᠷᠠᠭ᠎ᠠ ᠳᠠᠷᠠᠭ᠎ᠠ ᠨᠢᠭᠡ ᠵᠢᠯ ᠤᠨ ᠶᠠᠳᠠᠭᠤᠷᠬᠤ ᠠᠴᠠ ᠰᠡᠷᠭᠡᠶᠢᠯᠡᠬᠦ ᠳᠠᠭᠠᠳᠬᠠᠯ ᠤᠨ ᠰᠢᠯᠭᠠᠷᠠᠭᠤᠯᠬᠤ ᠬᠢᠷᠢ ᠬᠡᠮ ᠢ ᠬᠦᠴᠦᠨ ᠦᠭᠡᠢ ᠪᠣᠯᠭᠠᠨ᠎ᠠ᠃ ᠲᠥᠯᠥᠪᠦᠷᠢ ᠥᠭᠬᠦ ᠶᠠᠪᠤᠴᠠ ᠳᠤ ᠡᠯ᠎ᠡ ᠪᠠᠯᠭᠠᠰᠤ ᠵᠡᠭᠡᠯᠢ ᠵᠢᠴᠢ ᠲᠣᠰᠬᠤᠨ ᠳᠤ ᠰᠠᠭᠤᠬᠤ ᠠᠵᠢᠯᠯᠠᠬᠤ ᠠᠩᠭᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠳᠠᠭᠠᠳᠬᠠᠯ ᠤᠨ ᠡᠲᠡᠭᠡᠳ ᠢ ᠬᠠᠪᠰᠤᠷᠤᠨ ᠲᠥᠯᠥᠪᠦᠷᠢ ᠭᠤᠶᠤᠴᠢᠯᠠᠬᠤ ᠵᠡᠷᠭᠡ ᠠᠵᠢᠯ ᠢ ᠤᠷᠤᠭᠰᠢᠲᠠᠢ ᠪᠡᠶᠡᠯᠡᠭᠦᠯᠬᠦ ᠬᠡᠷᠡᠭᠲᠡᠢ᠃      ᠠᠷᠪᠠ᠂ ᠡᠵᠡᠩᠨᠡᠯᠲᠡ ᠶᠢᠨ ᠲᠣᠭᠲᠠᠴᠠ      ︵ᠨᠢᠭᠡ︶ ᠰᠡᠷᠡᠮᠵᠢᠯᠡᠭᠦᠯᠬᠦ ᠲᠣᠭᠲᠠᠴᠠ᠃ ᠡᠯ᠎ᠡ ᠪᠠᠯᠭᠠᠰᠤ ᠵᠡᠭᠡᠯᠢ᠂ ᠲᠣᠰᠬᠤᠨ ᠳᠤ ᠰᠠᠭᠤᠭ᠎ᠠ ᠠᠵᠢᠯ ᠤᠨ ᠠᠩᠭᠢ᠂ ᠬᠠᠪᠰᠤᠷᠤᠨ ᠲᠡᠳᠬᠦᠬᠦ ᠬᠠᠷᠢᠭᠤᠴᠠᠯᠭᠠᠲᠠᠨ ᠤ ᠦᠢᠯᠡᠳᠦᠯ ᠢ ᠭᠦᠢᠴᠡᠳ ᠪᠠᠳᠠᠷᠠᠭᠤᠯᠵᠤ᠂ ᠳᠠᠭᠠᠳᠬᠠᠯ ᠳᠤ ᠣᠷᠣᠯᠴᠠᠬᠤ ᠭᠤᠣᠯ ᠴᠣᠭᠴᠠ ᠳᠤ ᠪᠠᠶᠢᠭᠠᠯᠢ ᠶᠢᠨ ᠭᠠᠮᠰᠢᠭ᠂ ᠡᠪᠡᠳᠴᠢᠨ ᠡᠮᠭᠡᠭ᠂ ᠠᠵᠤ ᠦᠢᠯᠡᠰ ᠤᠨ ᠢᠯᠠᠭᠳᠠᠯ᠂ ᠰᠠᠨᠠᠭᠠᠨ ᠳᠤ ᠦᠭᠡᠢ ᠡ᠊ᠨᠳᠡᠯ ᠵᠡᠷᠭᠡ ᠰᠢᠯᠲᠠᠭᠠᠨ ᠠᠴᠠ ᠪᠣᠯᠵᠤ ᠣᠷᠣᠯᠭ᠎ᠠ ᠶᠡᠬᠡᠪᠡᠷ ᠬᠠᠰᠤᠭᠳᠠᠵᠤ᠂ ᠵᠠᠷᠤᠯᠭ᠎ᠠ ᠨᠡᠯᠢᠶᠡᠳ ᠶᠡᠭᠡ ᠪᠣᠯᠵᠤ᠂ ᠶᠠᠳᠠᠭᠤᠷᠠᠬᠤ ᠪᠠ ᠳᠠᠬᠢᠨ ᠶᠠᠳᠠᠭᠤᠷᠠᠬᠤ ᠲᠦᠭᠰᠢᠭᠦᠷᠢ ᠲᠠᠢ ᠪᠣᠯᠤᠭᠰᠠᠨ ᠪᠠᠶᠢᠪᠠᠯ ᠤᠷᠢᠳᠴᠢᠯᠠᠨ ᠰᠡᠷᠡᠮᠵᠢᠯᠡᠭᠦᠯᠬᠦ ᠬᠠᠮᠢᠶᠠᠷᠤᠯᠲᠠ ᠬᠢᠬᠦ ᠬᠡᠷᠡᠭᠲᠡᠢ᠃      ︵ᠬᠤᠶᠠᠷ︶ ᠬᠠᠮᠢᠶᠠᠷᠤᠯᠲᠠ ᠶᠢᠨ ᠵᠠᠭᠪᠤᠷ᠃ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ ᠨᠢ ᠳᠠᠭᠠᠳᠬᠠᠯ ᠤᠨ ᠵᠥᠪᠯᠡᠯᠴᠡᠭᠡᠷ ᠤᠨ ᠬᠤᠭᠤᠴᠠᠭ᠎ᠠ ᠲᠤᠯᠤᠭᠰᠠᠨ ᠤ ᠳᠠᠷᠠᠭ᠎ᠠ ᠳᠠᠭᠠᠳᠬᠠᠯ ᠤᠨ ᠺᠣᠮᠫᠠᠨᠢ ᠶᠢᠨ ᠡᠵᠡᠩᠨᠡᠯᠲᠡ ᠬᠠᠮᠢᠶᠠᠷᠤᠯᠲᠠ ᠳᠤ ᠰᠢᠯᠭᠠᠨ ᠲᠣᠭᠲᠠᠭᠠᠯᠲᠠ ᠬᠢᠵᠦ᠂ ᠣᠯᠠᠨ ᠲᠦᠮᠡᠨ ᠤ ᠮᠡᠳᠡᠷᠡᠭᠰᠡᠨ ᠬᠡᠮᠵᠢᠶ᠎ᠡ᠂ ᠬᠠᠨᠤᠮᠵᠢ ᠶᠢᠨ ᠬᠡᠮᠵᠢᠶ᠎ᠡ ᠪᠠᠷ ᠪᠠᠷᠢᠮᠵᠢᠶ᠎ᠠ ᠪᠣᠯᠭᠠᠵᠤ᠂ ᠣᠯᠠᠨ ᠲᠦᠮᠡᠨ ᠤ ᠮᠡᠳᠡᠷᠡᠭᠰᠡᠨ ᠦᠭᠡᠢ᠂ ᠲᠤᠰᠬᠠᠯ ᠮᠠᠭᠤ᠂ ᠵᠥᠪᠯᠡᠯᠴᠡᠭᠡᠷ ᠤᠨ ᠶᠣᠰᠣᠭᠠᠷ ᠬᠡᠷᠡᠭᠵᠢᠭᠦᠯᠦᠭᠰᠡᠨ ᠦᠭᠡᠢ᠂ ᠪᠣᠳᠠᠲᠠᠢ ᠪᠠᠷ ᠲᠥᠯᠥᠭᠰᠡᠨ ᠦᠭᠡᠢ᠂ ᠴᠠᠭ ᠠᠴᠠ ᠬᠦᠨᠳᠦ ᠨᠣᠴᠢᠲᠠᠢ ᠬᠡᠲᠦᠷᠡᠭᠰᠡᠨ ᠳᠠᠭᠠᠳᠬᠠᠯ ᠤᠨ ᠺᠣᠮᠫᠠᠨᠢ ᠶᠢ ᠰᠣᠯᠢᠵᠤ᠂ ᠶᠠᠳᠠᠭᠤ ᠠᠴᠠ ᠰᠡᠷᠭᠡᠶᠢᠯᠡᠬᠦ ᠳᠠᠭᠠᠳᠬᠠᠯ ᠤᠨ ᠵᠥᠪᠯᠡᠯᠴᠡᠭᠡᠷ ᠢ ᠳᠠᠭᠢᠵᠤ ᠦᠷᠭᠦᠯᠵᠢᠯᠡᠨ ᠲᠣᠭᠲᠠᠬᠤ ᠦᠭᠡᠢ      ᠠᠷᠪᠠᠨ ᠨᠢᠭᠡ᠂ ᠬᠤᠯᠪᠣᠭᠳᠠᠯ ᠪᠦᠬᠦᠢ ᠱᠠᠭᠠᠷᠳᠠᠯᠭ᠎ᠠ      ︵ᠨᠢᠭᠡ︶ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠬᠤ ᠬᠡᠷᠡᠭᠲᠡᠢ᠃ ᠡᠯ᠎ᠡ ᠪᠠᠯᠭᠠᠰᠤ ᠵᠡᠭᠡᠯᠢ ᠨᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠪᠠᠷ ᠭᠤᠣᠯᠳᠠᠯᠭ᠎ᠠ ᠪᠣᠯᠭᠠᠵᠤ ᠂ ᠲᠣᠭᠲᠠᠭᠠᠭᠰᠠᠨ ᠠᠵᠢᠯ ᠤᠨ ᠡᠭᠦᠷᠭᠡ ᠬᠠᠷᠢᠭᠤᠴᠠᠯᠭ᠎ᠠ ᠶᠢᠨ ᠶᠣᠰᠣᠭᠠᠷ᠂ ᠤᠬᠠᠭᠤᠯᠬᠤ ᠡᠷᠴᠢᠮ ᠢᠶᠠᠨ ᠴᠢᠨᠠᠭᠰᠢᠳᠠ ᠴᠢᠩᠭᠠᠷᠠᠭᠤᠯᠵᠤ᠂ ᠳᠠᠭᠠᠳᠬᠠᠯ ᠤᠨ ᠺᠣᠮᠫᠠᠨᠢ ᠲᠠᠢ ᠬᠠᠮᠲᠤᠷᠠᠨ ᠡᠨᠡᠬᠦ ᠠᠵᠢᠯ ᠢ ᠪᠦᠬᠦ ᠬᠦᠴᠦᠨ ᠢᠶᠠᠷ ᠠᠬᠢᠭᠤᠯᠬᠤ ᠬᠡᠷᠡᠭᠲᠡᠢ᠃ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠨᠢ ᠳᠠᠭᠠᠳᠬᠠᠯ ᠤᠨ ᠨᠥᠬᠦᠪᠦᠷᠢ ᠮᠥᠩᠭᠦ ᠶᠢ ᠲᠣᠬᠢᠷᠠᠭᠤᠯᠤᠨ ᠨᠠᠶᠢᠳᠠᠪᠤᠷᠢᠵᠢᠭᠤᠯᠵᠤ᠂ ᠪᠡᠯᠡ ᠮᠥᠩᠭᠦ ᠶᠢᠨ ᠬᠡᠷᠡᠭᠯᠡᠯᠲᠡ ᠳᠤ ᠬᠢᠨᠠᠯᠲᠠ ᠲᠠᠯᠪᠢᠨ᠎ᠠ︔ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠨᠢ ᠶᠠᠳᠠᠭᠤ ᠬᠦᠴᠢᠷᠳᠡᠯᠲᠡᠢ ᠬᠥᠮᠥᠨ ᠠᠮᠠ ᠶᠢᠨ ᠲᠠᠬᠢᠨ ᠶᠠᠳᠡᠭᠤᠷᠡᠬᠤ ᠠᠴᠠ ᠰᠡᠷᠭᠡᠶᠢᠯᠡᠬᠦ ᠳᠠᠭᠠᠳᠬᠠᠯ ᠤᠨ ᠠᠵᠢᠯ ᠢ ᠪᠥᠬᠦ ᠬᠤᠲᠠ ᠶᠢᠨ ᠬᠡᠪᠴᠢᠶᠡᠨ ᠳᠤ ᠠᠬᠢᠭᠤᠯᠤᠨ ᠨᠠᠶᠢᠳᠠᠪᠤᠷᠢᠵᠢᠭᠤᠯᠬᠤ ᠶᠢ ᠬᠠᠷᠢᠭᠤᠴᠠᠵᠤ᠂ ᠡᠯ᠎ᠡ ᠪᠠᠯᠭᠠᠰᠤ ᠵᠡᠭᠡᠯᠢ ᠶᠢᠨ ᠠᠵᠢᠯ ᠢᠶᠠᠨ ᠥᠷᠨᠢᠭᠦᠯᠬᠦ ᠶᠢ ᠬᠢᠨᠠᠨ ᠵᠢᠯᠣᠭᠤᠳᠤᠨ᠎ᠠ᠃      ︵ᠬᠤᠶᠠᠷ︶ ᠠᠵᠢᠯᠯᠠᠭᠠᠨ ᠤ ᠪᠠᠲᠤᠯᠠᠭ᠎ᠠ᠃ ᠡᠯ᠎ᠡ ᠪᠠᠯᠭᠠᠰᠤ ᠵᠡᠭᠡᠯᠢ ᠲᠤᠰᠬᠠᠢ ᠬᠥᠮᠥᠨ ᠲᠣᠬᠢᠷᠠᠭᠤᠯᠵᠤ ᠡᠨᠡ ᠠᠵᠢᠯ ᠢ ᠬᠠᠷᠢᠭᠤᠴᠠᠭᠤᠯᠬᠤ ᠬᠡᠷᠡᠭᠲᠡᠢ᠃ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠪᠠᠷ ᠲᠦᠷᠦᠭᠦᠯᠡᠭᠦᠯᠦᠨ᠂ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠬᠠᠮᠲᠤᠪᠠᠷ ᠣᠷᠣᠯᠴᠠᠵᠤ᠂ ᠠᠪᠤᠷᠠᠨ ᠲᠤᠰᠠᠯᠠᠬᠤ ᠡᠲᠡᠭᠡᠳ ᠤᠨ ᠮᠡᠳᠡᠭᠡ ᠵᠠᠩᠭᠢ ᠶᠢ ᠬᠠᠮᠵᠢᠨ ᠬᠠᠩᠭᠠᠵᠤ᠂ ᠠᠪᠤᠷᠠᠨ ᠲᠤᠰᠠᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠳᠡᠢ᠃      ︵ᠭᠤᠷᠪᠠ︶ ᠬᠠᠷᠭᠤᠭᠤᠯᠤᠨ ᠪᠠᠶᠢᠴᠠᠭᠠᠵᠤ ᠪᠠᠲᠤᠯᠠᠭ᠎ᠠ᠃ ᠡᠯ᠎ᠡ ᠪᠠᠯᠭᠠᠰᠤ ᠵᠡᠭᠡᠯᠢ ᠨᠢ ᠬᠠᠷᠢᠶ᠎ᠠ ᠣᠷᠣᠨ ᠤ ᠪᠠᠨ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠬᠥᠮᠥᠨ ᠠᠮᠠ᠂ ᠳᠠᠬᠢᠨ ᠶᠠᠳᠠᠭᠤᠷᠠᠬᠤ ᠠᠴᠠ ᠪᠣᠯᠵᠤ ᠶᠠᠳᠠᠭᠤᠷᠠᠭᠰᠠᠨ ᠬᠥᠮᠥᠨ ᠠᠮᠠ ᠵᠢᠴᠢ ᠡᠪᠡᠳᠴᠢᠨ᠂ ᠭᠠᠮᠰᠢᠭ᠂ ᠰᠠᠨᠠᠭᠠᠨ ᠳᠤ ᠦᠭᠡᠢ ᠡ᠊ᠨᠳᠡᠯ ᠠᠴᠠ ᠪᠣᠯᠵᠤ ᠵᠠᠶᠢᠯᠠᠰᠢ ᠦᠭᠡᠢ ᠵᠠᠷᠤᠯᠭ᠎ᠠ ᠨᠡᠯᠢᠶᠡᠳ ᠶᠡᠭᠡ ᠪᠣᠯᠤᠭᠰᠠᠨ ᠪᠤᠶᠤ ᠣᠷᠣᠯᠭ᠎ᠠ ᠨᠢ ᠶᠡᠭᠡ ᠪᠠᠷ ᠬᠠᠰᠤᠭᠳᠠᠭᠰᠠᠨ ᠠᠴᠠ ᠪᠣᠯᠵᠤ ᠦᠨᠳᠦᠰᠦᠨ ᠠᠮᠢᠳᠤᠷᠠᠯ ᠳᠤᠨᠢ ᠬᠦᠨᠳᠦ ᠨᠣᠴᠢᠲᠠᠢ ᠬᠦᠴᠢᠷᠳᠡᠯ ᠲᠠᠢ ᠪᠣᠯᠤᠭᠰᠠᠨ ᠬᠥᠮᠥᠨ ᠠᠮᠠ ᠵᠡᠷᠭᠡ ᠣᠷᠣᠯᠭ᠎ᠠ ᠪᠠᠭ᠎ᠠ ᠲᠠᠢ ᠬᠥᠮᠥᠨ ᠠᠮᠠ ᠶᠢᠨ ᠭᠡᠷ ᠪᠦᠯᠢ ᠶᠢᠨ ᠠᠵᠤ ᠠᠬᠤᠢ ᠶᠢᠨ ᠪᠠᠶᠢᠳᠠᠯ ᠢ ᠴᠠᠭ ᠲᠤᠬᠠᠢ ᠳᠤᠨᠢ ᠣᠶᠢᠯᠠᠭᠠᠵᠤ᠂ ᠳᠠᠬᠢᠨ ᠶᠠᠳᠠᠭᠤᠷᠠᠭᠠᠳ ᠶᠠᠳᠠᠭᠤᠷᠠᠬᠤ ᠲᠦᠭᠰᠢᠭᠦᠷᠢ ᠲᠠᠢ ᠣᠷᠣᠯᠭ᠎ᠠ ᠪᠠᠭ᠎ᠠ ᠲᠠᠢ ᠬᠥᠮᠥᠨ ᠠᠮᠠ ᠶᠢ ᠴᠠᠭ ᠲᠤᠬᠠᠢ ᠳᠤᠨᠢ ᠢᠯᠡᠷᠡᠭᠦᠯᠵᠦ᠂ ᠴᠠᠭ ᠲᠤᠬᠠᠢ ᠳᠤᠨᠢ ᠳᠡᠭᠡᠭᠰᠢ ᠮᠡᠳᠡᠭᠦᠯᠬᠦ ᠪᠠᠷ ᠭᠤᠶᠤᠴᠢᠯᠠᠬᠤ ᠶᠢᠨ ᠬᠠᠮᠲᠤ ᠳᠠᠭᠠᠳᠬᠠᠯ ᠤᠨ ᠺᠣᠮᠫᠠᠨᠢ ᠶᠢᠨ ᠪᠠᠶᠢᠴᠠᠭᠠᠨ ᠬᠠᠷᠭᠤᠭᠤᠯᠬᠤ ᠠᠵᠢᠯ ᠳᠤ ᠢᠳᠡᠪᠬᠢᠲᠡᠢ ᠬᠠᠮᠵᠢᠯᠴᠠᠬᠤ ᠬᠡᠷᠡᠭᠲᠡᠢ᠃      ︵ᠳᠥᠷᠪᠡ︶ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ᠃ ᠡᠯ᠎ᠡ ᠪᠠᠯᠭᠠᠰᠤ ᠵᠡᠭᠡᠯᠢ ᠭᠤᠳᠤᠮᠵᠢ ᠶᠢᠨ ᠬᠢᠨ ᠶᠠᠳᠠᠭᠤ ᠬᠦᠴᠢᠷᠳᠡᠯᠲᠡᠢ ᠬᠥᠮᠥᠨ ᠠᠮᠠ ᠶᠢᠨ ᠲᠠᠬᠢᠨ ᠶᠠᠳᠡᠭᠤᠷᠡᠬᠤ ᠠᠴᠠ ᠰᠡᠷᠭᠡᠶᠢᠯᠡᠬᠦ ᠳᠠᠭᠠᠳᠬᠠᠯ ᠤᠨ ᠳᠦᠷᠦ ᠶᠢᠨ ᠪᠣᠳᠣᠯᠭ᠎ᠠ ᠶᠢᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠢ ᠴᠢᠩᠭᠠᠳᠬᠠᠵᠤ᠂ ᠠᠵᠢᠯᠲᠠᠳ ᠤᠨ ᠳᠦᠷᠦ ᠶᠢᠨ ᠪᠣᠳᠣᠯᠭ᠎ᠠ ᠪᠣᠯᠣᠨ ᠶᠠᠪᠤᠴᠠ ᠶᠢ ᠪᠣᠯᠪᠠᠰᠤᠷᠠᠩᠭᠤᠢ ᠡᠵᠡᠮᠰᠢᠬᠦ ᠶᠢ ᠪᠠᠲᠤᠯᠠᠵᠤ᠂ ᠶᠠᠳᠠᠭᠤ ᠬᠦᠴᠢᠷᠳᠡᠯᠲᠡᠢ ᠬᠥᠮᠥᠨ ᠠᠮᠠ  ᠶᠢᠨ ᠲᠠᠬᠢᠨ ᠶᠠᠳᠡᠭᠤᠷᠡᠬᠤ ᠠᠴᠠ ᠰᠡᠷᠭᠡᠶᠢᠯᠡᠬᠦ ᠳᠠᠭᠠᠳᠬᠠᠯ ᠤᠨ ᠲᠤᠬᠠᠶᠢᠯᠠᠭᠰᠠᠨ ᠠᠵᠢᠯ ᠤᠨ ᠤᠷᠤᠭᠰᠢᠲᠠᠢ ᠶᠠᠪᠤᠭᠳᠠᠬᠤ ᠶᠢ ᠠᠬᠢᠭᠤᠯᠵᠤ᠂ ᠳᠦᠷᠦ ᠶᠢᠨ ᠪᠣᠳᠣᠯᠭ᠎ᠠ ᠶᠢ ᠤᠬᠠᠭᠤᠯᠵᠤ ᠬᠥᠲᠥᠯᠥᠨ ᠵᠢᠯᠤᠭᠤᠳᠬᠤ ᠶᠢ ᠦᠨᠡᠨ ᠬᠦ ᠴᠢᠩᠭᠠᠳᠬᠠᠵᠤ᠂ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ᠂ ᠤᠬᠠᠭᠤᠯᠭ᠎ᠠ ᠶᠢᠨ ᠤᠷᠢᠶ᠎ᠠ ᠯᠣᠽᠦ᠋ᠩ ᠨᠠᠭᠠᠬᠤ ᠵᠡᠷᠭᠡ ᠠᠷᠭ᠎ᠠ ᠬᠡᠯᠪᠡᠷᠢ ᠪᠠᠷ ᠶᠠᠳᠠᠭᠤ ᠬᠦᠴᠢᠷᠳᠡᠯᠲᠡᠢ ᠬᠥᠮᠥᠨ ᠠᠮᠠ ᠶᠢ ᠰᠡᠷᠭᠡᠶᠢᠯᠡᠬᠦ ᠳᠠᠭᠠᠳᠬᠠᠯ ᠤᠨ ᠳᠦᠷᠦ ᠶᠢᠨ ᠪᠣᠳᠣᠯᠭ᠎ᠠ ᠶᠢ ᠳᠠᠶᠠᠭᠠᠷ ᠲᠤ ᠮᠡᠳᠡᠭᠦᠯᠵᠦ᠂ ᠥᠷᠭᠡᠨ ᠤᠯᠠᠨ ᠲᠦᠮᠡᠨ ᠢ ᠬᠥᠲᠥᠯᠥᠨ ᠵᠢᠯᠤᠭᠤᠳᠴᠤ ᠢᠳᠡᠪᠬᠢᠲᠡᠢ ᠣᠷᠣᠯᠴᠠᠭᠤᠯᠬᠤ ᠬᠡᠷᠡᠭᠲᠡᠢ᠃      ᠳᠠᠭᠠᠯᠳᠤᠭᠤᠯᠤᠯ 2      ︽ᠷᠠᠰᠢᠶᠠᠨ ᠬᠤᠲᠠ ᠶᠢᠨ ᠲᠠᠬᠢᠨ ᠶᠠᠳᠡᠭᠤᠷᠡᠬᠤ ᠠᠴᠠ ᠰᠡᠷᠭᠡᠶᠢᠯᠡᠬᠦ ᠳᠠᠭᠠᠳᠬᠠᠯ ᠤᠨ ᠠᠵᠢᠯ ᠤᠨ ᠬᠡᠷᠡᠭᠵᠢᠭᠦᠯᠬᠦ ᠲᠥᠰᠥᠯ︾ ᠤᠨ ᠲᠤᠬᠠᠢ ᠲᠥᠷᠥ ᠶᠢᠨ ᠪᠣᠳᠣᠯᠭ᠎ᠠ ᠶᠢᠨ ᠲᠠᠶᠢᠯᠤᠮᠵᠢ      ᠨᠢᠭᠡ᠂ ᠲᠤᠭᠤᠷᠪᠢᠨ ᠪᠢᠴᠢᠬᠦ ᠦᠨᠳᠦᠰᠦᠯᠡᠯ      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠡᠳ᠋ ᠤᠨ ᠵᠠᠰᠠᠭ ᠤᠨ ᠲᠢᠩᠬᠢᠮ ᠤᠨ ︽ᠶᠠᠳᠠᠭᠤ ᠬᠦᠴᠢᠷᠳᠡᠯᠲᠡᠢ ᠬᠥᠮᠥᠨ ᠠᠮᠠ ᠶᠢᠨ ᠲᠠᠬᠢᠨ ᠶᠠᠳᠡᠭᠤᠷᠡᠬᠤ ᠠᠴᠠ ᠳᠠᠭᠠᠳᠬᠠᠯ ᠤᠨ ᠲᠤᠬᠠᠶᠢᠯᠠᠭᠰᠠᠨ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠤᠨ ᠥᠷᠨᠢᠭᠦᠯᠬᠦ ᠲᠤᠬᠠᠢ ᠮᠡᠳᠡᠭᠳᠡᠯ︾  ︵ᠬᠢᠩᠭᠠᠨ ᠬᠦᠳᠡᠭᠡ ᠲᠣᠰᠬᠤᠨ ᠢ ᠬᠦᠭᠵᠢᠬᠦᠯᠣᠨ ᠮᠠᠨᠳᠣᠭᠤᠯᠬᠤ ᠲᠣᠭᠤᠶᠢᠯᠡᠩ ᠤᠨ ᠲᠠᠷᠬᠠᠭᠠᠭᠰᠠᠨ ﹇2022﹈ 31 ᠳ᠋ᠣᠭᠡᠷ ᠲᠣᠭᠠᠲᠤ︶᠂ ᠬᠢᠩᠭᠠᠨ ᠠᠶᠢᠮᠠᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ︽︿ᠶᠠᠳᠠᠭᠤ ᠬᠦᠴᠢᠷᠳᠡᠯᠲᠡᠢ ᠬᠥᠮᠥᠨ ᠠᠮᠠ ᠶᠢᠨ ᠲᠠᠬᠢᠨ ᠶᠠᠳᠡᠭᠤᠷᠡᠬᠤ ᠠᠴᠠ ᠰᠡᠷᠭᠡᠶᠢᠯᠡᠬᠦ ᠳᠠᠭᠠᠳᠬᠠᠯ ᠢ ᠤᠯᠠᠮ ᠨᠢᠭᠡ ᠠᠯᠬᠤᠮ ᠵᠢᠷᠤᠮᠵᠢᠭᠤᠯᠤᠨ ᠥᠷᠨᠢᠭᠦᠯᠬᠦ ᠵᠢᠯᠤᠭᠤᠳᠬᠤ ᠰᠠᠨᠠᠯ﹀ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾ ︵ᠬᠢᠩᠭᠠᠨ ᠠᠶᠢᠮᠠᠭ ᠤᠨ ᠬᠦᠳᠡᠭᠡ ᠲᠣᠰᠬᠤᠨ ᠢ ᠬᠦᠭᠵᠢᠬᠦᠯᠣᠨ ᠮᠠᠨᠳᠣᠭᠤᠯᠬᠤ ᠲᠣᠭᠤᠶᠢᠯᠡᠩ ᠤᠨ ᠲᠠᠷᠬᠠᠭᠠᠭᠰᠠᠨ ﹇2022﹈ 50 ᠳ᠋ᠤᠭᠠᠷ ᠲᠣᠭᠠᠲᠤ︶ ᠢ ᠦᠨᠳᠦᠰᠦᠯᠡᠨ ᠲᠣᠰ ︽ᠬᠡᠷᠡᠭᠵᠢᠭᠦᠯᠬᠦ ᠲᠥᠰᠥᠯ︾ ᠢ ᠲᠤᠭᠤᠷᠪᠢᠯ᠎ᠠ᠃ ᠶᠠᠳᠠᠭᠤ ᠠᠴᠠ ᠠᠩᠭᠢᠵᠢᠷᠠᠭᠤᠯᠬᠤ ᠪᠣᠭᠤᠮᠳᠡ ᠰᠢᠪᠲᠤᠯᠤᠯᠲᠠ ᠶᠢᠨ ᠦᠷ᠎ᠡ ᠪᠦᠲᠦᠭᠡᠯ ᠢ ᠨᠠᠩ ᠰᠠᠶᠢᠲᠤᠷ ᠪᠠᠬᠢᠵᠢᠭᠦᠯᠵᠦ᠂ ᠮᠠᠨ ᠤ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠡᠮᠬᠢ ᠵᠢᠷᠤᠮ ᠲᠠᠢ ᠵᠣᠯᠭᠠᠭᠤᠯᠬᠤ ᠶᠢ ᠤᠯᠠᠮ ᠨᠢᠭᠡ ᠠᠯᠬᠤᠮ ᠲᠦᠯᠬᠢᠨ ᠠᠬᠢᠭᠤᠯᠬᠤ ᠶᠢᠨ ᠲᠥᠯᠥᠭᠡ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ᠂ ᠶᠠᠳᠠᠭᠤᠷᠠᠬᠤ ᠠᠴᠠ ᠰᠡᠷᠭᠡᠶᠢᠯᠡᠬᠦ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃      ᠬᠤᠶᠠᠷ᠂ ᠭᠤᠣᠯ ᠠᠭᠤᠯᠭ᠎ᠠ      ︵ᠨᠢᠭᠡ︶ ᠪᠠᠲᠤᠯᠠᠬᠤ ᠭᠤᠣᠯ ᠴᠣᠭᠴᠠ      ᠪᠥᠬᠦ ᠬᠤᠲᠠ ᠶᠢᠨ ᠶᠠᠳᠠᠭᠤ ᠠᠴᠠ ᠠᠩᠭᠢᠵᠢᠷᠠᠭᠤᠯᠬᠤ ᠳᠤ ᠲᠥᠷᠥ ᠶᠢᠨ ᠪᠣᠳᠣᠯᠭ᠎ᠠ ᠶᠢ ᠭᠥᠷᠳᠡᠬᠦ ᠬᠥᠮᠥᠨ ᠠᠮᠠ ᠪᠠ ᠠᠮᠠᠷᠬᠠᠨ ᠶᠠᠳᠠᠭᠤᠷᠠᠬᠤ ᠬᠥᠮᠥᠨ ᠠᠮᠠ ᠵᠢᠴᠢ ᠳᠠᠭᠠᠳᠬᠠᠯ ᠳᠤ ᠣᠷᠣᠯᠴᠠᠬᠤ ᠬᠦᠰᠡᠯ ᠲᠠᠢ ᠪᠤᠰᠤᠳ ᠲᠣᠰ ᠬᠤᠲᠠ ᠶᠢᠨ ᠡᠷᠦᠬᠡ ᠠᠮᠠ ᠶᠢᠨ ᠲᠠᠩᠰᠠ ᠲᠠᠢ ᠬᠥᠮᠥᠨ ᠠᠮᠠ ︵ᠡᠭᠦᠨ ᠳᠤ ᠶᠠᠳᠠᠭᠤ ᠠᠴᠠ ᠠᠩᠭᠢᠵᠢᠷᠠᠭᠤᠯᠬᠤ ᠳᠤ ᠲᠥᠷᠥ ᠶᠢᠨ ᠪᠣᠳᠣᠯᠭ᠎ᠠ ᠶᠢ ᠭᠥᠷᠳᠡᠬᠦ ᠦᠭᠡᠢ ᠬᠥᠮᠥᠨ ᠠᠮᠠ ᠶᠢ ᠪᠤᠰᠤᠳ ᠲᠣᠰ ᠬᠤᠲᠠ ᠶᠢᠨ ᠡᠷᠦᠬᠡ ᠠᠮᠠ ᠶᠢᠨ ᠲᠠᠩᠰᠠ ᠲᠠᠢ ᠬᠥᠮᠥᠨ ᠠᠮᠠ ᠪᠠᠷ ᠪᠤᠳᠤᠨ᠎ᠠ᠂ ᠵᠠᠰᠠᠭ ᠤᠨ ᠣᠷᠳᠣᠨ᠂ ᠣᠶ ᠰᠢᠭᠤᠢ᠂ ᠠᠵᠤ ᠠᠬᠤᠶᠢᠯᠠᠯ ᠠᠵᠢᠯ ᠦᠢᠯᠡᠰ ᠵᠡᠷᠭᠡ ᠨᠢᠭᠡᠴᠡ ᠶᠢᠨ ᠣᠷᠣᠨ ᠲᠤᠭ᠎ᠠ ᠳᠤ ᠪᠠᠶᠢᠭ᠎ᠠ ᠬᠥᠮᠥᠰ ᠳᠠᠭᠠᠳᠬᠠᠯ ᠤᠨ ᠬᠡᠪᠴᠢᠶᠡᠨ ᠳᠤ ᠪᠠᠭᠲᠠᠬᠤ ᠦᠭᠡᠢ︶᠂ ᠭᠡᠷ ᠪᠦᠯᠢ ᠪᠠᠷ ᠨᠢᠭᠡᠴᠢ ᠪᠣᠯᠭᠠᠨ ᠦᠨᠡᠨ ᠨᠡᠷ᠎ᠡ ᠪᠠᠷ ᠢᠶᠠᠨ ᠳᠠᠭᠠᠳᠬᠠᠯ ᠳᠤ ᠤᠷᠤᠯᠴᠠᠨ᠎ᠠ᠃ ᠳᠠᠭᠠᠳᠬᠠᠯ  ᠳᠤ ᠤᠷᠤᠯᠴᠠᠬᠤ ᠬᠦᠮᠦᠰ ᠨᠢ ᠶᠠᠳᠠᠭᠤ ᠶᠢ ᠰᠡᠷᠭᠡᠶᠢᠯᠡᠬᠦ ᠳᠠᠭᠠᠳᠬᠠᠯ ᠳᠤ ᠰᠠᠶᠢᠨ ᠳᠤᠷ᠎ᠠ ᠠᠴᠠ ᠪᠠᠨ ᠣᠷᠣᠯᠴᠠᠬᠤ ᠬᠡᠷᠡᠭᠲᠡᠢ᠃       ︵ᠬᠤᠶᠠᠷ︶ ᠳᠠᠭᠠᠳᠬᠠᠯ ᠺᠤᠮᠫᠠᠨᠢ ᠪᠠᠨ ᠰᠤᠩᠭᠤᠬᠤ      ᠵᠠᠬ᠎ᠠ ᠳᠡᠯᠭᠡᠭᠦᠷᠴᠢᠯᠡᠬᠦ ᠠᠷᠭ᠎ᠠ ᠮᠠᠶ᠋ᠢᠭ ᠢᠶᠠᠷ ᠳᠠᠮᠵᠢᠭᠤᠯᠤᠨ ᠰᠢᠯᠢᠳᠡᠭ ᠢ ᠨᠢ ᠰᠣᠩᠭᠤᠨ 2 ᠳᠠᠭᠠᠳᠬᠠᠯ ᠤᠨ ᠪᠠᠶᠢᠭᠤᠯᠤᠮᠵᠢ ᠶᠢ ᠰᠣᠩᠭᠤᠨ ᠶᠠᠳᠠᠭᠤ ᠬᠦᠴᠢᠷᠳᠡᠯᠲᠡᠢ ᠬᠥᠮᠥᠨ ᠠᠮᠠ ᠶᠢ ᠰᠡᠷᠭᠡᠶᠢᠯᠡᠬᠦ ᠳᠠᠭᠠᠳᠬᠠᠯ ᠤᠨ ᠲᠤᠬᠠᠶᠢᠯᠠᠭᠰᠠᠨ ᠠᠵᠢᠯ ᠢ ᠬᠠᠮᠲᠤᠷᠠᠨ ᠥᠷᠨᠢᠭᠦᠯᠬᠦ ᠶᠢᠨ ᠬᠠᠮᠲᠤ ᠶᠠᠳᠠᠭᠤ ᠬᠦᠴᠢᠷᠳᠡᠯᠲᠡᠢ ᠬᠥᠮᠥᠨ ᠠᠮᠠ ᠶᠢ ᠰᠡᠷᠭᠡᠶᠢᠯᠡᠬᠦ ᠳᠠᠭᠠᠳᠬᠠᠯ ᠤᠨ ᠬᠠᠮᠲᠤᠷᠠᠯᠴᠠᠭᠠᠨ ᠤ ᠬᠡᠯᠡᠯᠴᠡᠭᠡᠷ ᠲᠤ ᠭᠠᠷ ᠤᠨ ᠥᠰᠥᠭ ᠵᠢᠷᠤᠨ᠎ᠠ᠃ ᠰᠢᠯᠢᠳᠡᠭ ᠠᠴᠠ ᠰᠢᠯᠢᠳᠡᠭ ᠢ ᠨᠢ ᠰᠣᠩᠭᠤᠵᠤ᠂ ᠬᠠᠮᠤᠭ ᠤᠨ ᠶᠡᠭᠡ ᠬᠡᠮᠵᠢᠶ᠎ᠡ ᠪᠠᠷ ᠠᠷᠠᠳ ᠲᠤ ᠠᠰᠢᠭ ᠬᠦᠷᠲᠡᠭᠡᠬᠦ ᠪᠠᠷ ᠴᠢᠷᠮᠠᠶᠢᠭᠰᠠᠨ ᠰᠠᠭᠤᠷᠢᠨ ᠳᠡᠭᠡᠷ᠎ᠡ᠂ ᠳᠠᠭᠠᠳᠬᠠᠯ ᠤᠨ ᠦᠢᠯᠡᠴᠢᠯᠡᠭᠡ ᠶᠢ ᠬᠠᠮᠤᠭ ᠤᠨ ᠲᠥᠬᠦᠮ᠂ ᠬᠠᠮᠤᠭ ᠤᠨ ᠲᠦᠷᠭᠡᠨ᠂ ᠪᠣᠳᠠᠲᠤ ᠦᠷ᠎ᠡ ᠪᠦᠲᠦᠮᠵᠢ ᠲᠠᠢ᠂ ᠶᠠᠰᠤ ᠴᠢᠨᠠᠷ ᠢᠶᠠᠷ ᠰᠠᠶᠢᠨ ᠪᠠᠶᠢᠯᠭᠠᠬᠤ ᠶᠢ ᠪᠡᠶᠡᠯᠡᠭᠦᠯᠵᠦ᠂ ᠳᠠᠭᠠᠳᠬᠠᠯ ᠤᠨ ᠦᠢᠯᠡᠴᠢᠯᠡᠭᠡ᠂ ᠳᠠᠭᠠᠳᠬᠠᠯ ᠤᠨ ᠦᠨ᠎ᠡ ᠬᠠᠩᠰᠢ ᠶᠢᠨ ᠥᠷᠢᠰᠦᠯᠳᠦᠭᠡᠨ ᠤ ᠰᠠᠶᠢᠨ ᠰᠠᠶᠢᠬᠠᠨ ᠣᠷᠴᠢᠨ ᠲᠣᠭᠤᠷᠢᠨ ᠢ ᠴᠢᠷᠮᠠᠶᠢᠨ ᠪᠣᠶ ᠪᠣᠯᠭᠠᠨ᠎ᠠ᠃      ︵ᠭᠤᠷᠪᠠ︶ ᠪᠠᠲᠤᠯᠠᠭ᠎ᠠ ᠶᠢᠨ ᠠᠭᠤᠯᠭ᠎ᠠ      1. ᠮᠠᠨ ᠤ ᠬᠤᠲᠠ ᠶᠢᠨ 2022 ᠣᠨ ᠤ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢᠨ ᠬᠥᠮᠥᠨ ᠳᠤᠮᠳᠠᠴᠢ ᠶᠢᠨ ᠴᠡᠪᠡᠷ ᠣᠷᠣᠯᠭ᠎ᠠ ᠶᠢᠨ ᠳᠤᠮᠳᠠᠴᠢ ᠬᠡᠮᠵᠢᠭᠳᠡᠯ ᠢ ᠪᠠᠷᠢᠮᠵᠢᠶᠠᠲᠤ ᠱᠤᠭᠤᠮ ᠢᠶᠠᠷ ᠲᠣᠭᠲᠠᠭᠠᠵᠤ᠂ ᠪᠠᠷᠢᠮᠵᠢᠶᠠᠲᠤ ᠱᠤᠭᠤᠮ ᠢ 2022 ᠣᠨ ᠤ 11 ᠰᠠᠷ᠎ᠠ ᠳᠤ ᠪᠥᠬᠦ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠬᠢᠨᠠᠨ ᠬᠡᠮᠵᠢᠯᠲᠡ ᠶᠢᠨ ᠮᠡᠳᠡᠭᠡ ᠵᠠᠩᠭᠢ ᠶᠢᠨ ᠰᠢᠰᠲ᠋ᠧᠮ ᠳᠤ ᠣᠷᠣᠭᠤᠯᠤᠭᠰᠠᠨ ᠲᠤᠭ᠎ᠠ ᠪᠠᠷᠢᠮᠲᠠ ᠪᠠᠷ ᠪᠠᠷᠢᠮᠵᠢᠶ᠎ᠠ ᠪᠣᠯᠭᠠᠨ᠎ᠠ᠂ ᠪᠣᠳᠠᠲᠠᠢ ᠲᠤᠭ᠎ᠠ ᠬᠡᠮᠵᠢᠭᠳᠡᠯ ᠨᠢ 16349 ᠲᠥᠭᠦᠷᠢᠭ ᠪᠣᠯᠣᠨ᠎ᠠ᠃ ᠪᠠᠶᠢᠭᠠᠯᠢ ᠶᠢᠨ ᠭᠠᠮᠰᠢᠭ᠂ ᠡᠪᠡᠳᠴᠢᠨ ᠡᠮᠭᠡᠭ᠂ ᠠᠵᠤ ᠦᠢᠯᠡᠰ ᠤᠨ ᠢᠯᠠᠭᠳᠠᠯ᠂ ᠰᠠᠨᠠᠭᠠᠨ ᠳᠤ ᠦᠭᠡᠢ ᠡ᠊ᠨᠳᠡᠯ ᠵᠡᠷᠭᠡ ᠪᠤᠰᠤᠳᠴᠢ ᠰᠢᠯᠲᠠᠭᠠᠨ  ᠠᠴᠠ ᠪᠣᠯᠵᠤ ᠭᠡᠷ ᠪᠦᠯᠢ ᠶᠢᠨ ᠬᠥᠮᠥᠨ ᠪᠦᠷᠢ ᠶᠢᠨ ᠳᠤᠮᠳᠠᠴᠢ ᠴᠡᠪᠡᠷ ᠣᠷᠣᠯᠭ᠎ᠠ ᠨᠢ ᠪᠠᠷᠢᠮᠵᠢᠶ᠎ᠠ ᠶᠢᠨ ᠱᠤᠭᠤᠮ ᠠᠴᠠ ᠳᠣᠣᠷ᠎ᠠ ᠪᠣᠯᠤᠭᠰᠠᠨ ᠪᠠᠶᠢᠪᠠᠯ᠂ ᠵᠥᠷᠢᠶ᠎ᠡ ᠶᠢ ᠨᠥᠬᠦᠪᠦᠷᠢᠯᠡᠬᠦ ᠲᠥᠯᠥᠪᠦᠷᠢ ᠥᠭᠴᠦ᠂ ᠳᠠᠭᠠᠳᠬᠠᠯ ᠳᠤ ᠤᠷᠤᠯᠴᠠᠬᠤ ᠭᠤᠣᠯ ᠴᠣᠭᠴᠠ ᠶᠢᠨ ᠵᠢᠯ ᠤᠨ ᠬᠥᠮᠥᠨ ᠪᠦᠷᠢ ᠶᠢᠨ ᠳᠤᠮᠳᠠᠴᠢ ᠴᠡᠪᠡᠷ ᠣᠷᠣᠯᠭ᠎ᠠ ᠶᠢ ᠪᠠᠷᠢᠮᠵᠢᠶ᠎ᠠ ᠶᠢᠨ ᠱᠤᠭᠤᠮ ᠳᠤ ᠬᠦᠷᠦᠭᠦᠯᠬᠦ ᠶᠢ ᠦᠨᠡᠨ ᠬᠦ ᠪᠠᠲᠤᠯᠠᠵᠤ᠂ ᠳᠠᠭᠠᠳᠬᠠᠬᠤ ᠪᠠᠶᠢᠭᠤᠯᠤᠮᠵᠢ ᠨᠢ ᠲᠥᠯᠥᠪᠦᠷᠢ ᠭᠤᠶᠤᠴᠢᠯᠠᠬᠤ ᠭᠠᠷᠳᠠᠮ ᠨᠢ ᠪᠦᠷᠢᠨ ᠭᠦᠢᠴᠡᠳ ᠪᠠᠶᠢᠬᠤ ᠤᠷᠢᠲᠠᠯ ᠳᠣᠣᠷ᠎ᠠ᠂ 10 ᠠᠵᠢᠯᠯᠠᠬᠤ ᠡᠳᠦᠷ ᠤᠨ ᠳᠣᠲᠣᠷ᠎ᠠ ᠲᠥᠯᠥᠪᠦᠷᠢ ᠥᠭᠬᠦ ᠶᠢ ᠪᠡᠶᠡᠯᠡᠭᠦᠯᠬᠦ ᠬᠡᠷᠡᠭᠲᠡᠢ᠃       2. ᠬᠡᠷᠪᠡ ᠳᠠᠭᠠᠳᠬᠠᠯ ᠳᠤ ᠤᠷᠤᠯᠴᠠᠬᠤ ᠲᠤᠰ ᠬᠦᠮᠦᠨ ᠳᠤ ᠵᠣᠭᠤᠰ ᠨᠠᠭᠠᠳᠬᠤ᠂ ᠬᠤᠣᠷ ᠲᠠᠲᠠᠬᠤ ᠵᠡᠷᠭᠡ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠣᠷᠣᠰᠢᠵᠤ᠂ ᠨᠠᠰᠤᠲᠠᠨ ᠢ ᠠᠴᠢᠯᠠᠨ ᠲᠡᠵᠢᠭᠡᠬᠦ ᠡᠭᠦᠷᠭᠡ ᠪᠠᠨ ᠭᠦᠢᠴᠡᠳᠬᠡᠬᠦ ᠴᠢᠳᠠᠪᠤᠷᠢ ᠲᠠᠢ ᠪᠠᠶᠢᠲᠠᠯ᠎ᠠ ᠭᠦᠢᠴᠡᠳᠬᠡᠬᠦ ᠦᠭᠡᠢ᠂ ᠬᠥᠳᠡᠯᠮᠦᠷᠢᠯᠡᠬᠦ ᠴᠢᠳᠠᠪᠤᠷᠢ ᠲᠠᠢ ᠪᠠᠶᠢᠲᠠᠯ᠎ᠠ ᠬᠥᠳᠡᠯᠮᠦᠷᠢᠯᠡᠬᠦ ᠦᠭᠡᠢ ᠪᠠᠶᠢᠪᠠᠯ᠂ ᠣᠷᠣᠯᠭ᠎ᠠ ᠨᠢ ᠬᠠᠰᠤᠭᠳᠠᠭᠰᠠᠨ ᠪᠠᠶᠢᠪᠠᠯ ᠲᠥᠯᠥᠪᠦᠷᠢ ᠥᠭᠬᠦ ᠦᠭᠡᠢ︔ ᠬᠤᠷᠢᠮ ᠪᠡᠯᠪᠡᠰᠦᠷᠡᠯ ᠤᠨ ᠶᠠᠪᠤᠳᠠᠯ ᠢ ᠶᠡᠭᠡ ᠪᠠᠷ ᠬᠢᠬᠦ ᠵᠡᠷᠭᠡ ᠥᠨᠳᠥᠷ ᠬᠡᠷᠡᠭᠯᠡᠭᠡ ᠠᠴᠠ ᠪᠣᠯᠤᠭᠰᠠᠨ ᠵᠠᠷᠤᠯᠭ᠎ᠠ ᠳᠤ ᠲᠦᠯᠦᠪᠤᠷᠢ ᠥᠭᠬᠦ ᠦᠭᠡᠢ᠃      ︵ᠳᠥᠷᠪᠡ︶ ᠲᠥᠯᠥᠪᠤᠷᠢ ᠦᠭᠬᠦ ᠲᠡᠰ ᠳᠠᠷᠠᠭᠠᠯᠠᠯ     ᠬᠤᠪᠢ ᠬᠥᠮᠥᠨ ᠤ ᠭᠤᠶᠤᠴᠢᠯᠠᠯ᠃ ᠳᠠᠭᠠᠳᠬᠠᠯ ᠳᠤ ᠤᠷᠤᠯᠴᠠᠬᠤ ᠬᠦᠮᠦᠨ ᠥᠪᠡᠷᠲᠡᠭᠡᠨ ᠭᠤᠶᠤᠴᠢᠯᠠᠬᠤ ᠠᠷᠭ᠎ᠠ ᠮᠠᠶ᠋ᠢᠭ ᠢ ᠠᠪᠴᠣ᠂ ᠤᠷᠢᠳᠠᠪᠠᠷ ᠪᠠᠶᠢᠭ᠎ᠠ ᠲᠣᠰᠬᠤᠨ ᠤ ᠬᠤᠶᠠᠷ ᠵᠥᠪᠯᠡᠯ ︵ᠨᠡᠶᠢᠭᠡᠮ ᠲᠣᠭᠤᠷᠢᠭ︶ ᠲᠤ ᠭᠤᠶᠤᠴᠢᠯᠠᠯ ᠢᠶᠠᠨ ᠳᠤᠷᠠᠳᠴᠤ᠂ ᠲᠣᠰᠬᠤᠨ ᠤ ᠬᠤᠶᠠᠷ ᠵᠥᠪᠯᠡᠯ ︵ᠨᠡᠶᠢᠭᠡᠮ ᠲᠣᠭᠤᠷᠢᠭ︶᠂ ᠲᠣᠰᠬᠤᠨ ᠳᠤ ᠰᠠᠭᠤᠭ᠎ᠠ ᠠᠵᠢᠯ ᠤᠨ ᠠᠩᠭᠢ ᠪᠠᠷ ᠭᠤᠶᠤᠴᠢᠯᠠᠭᠴᠢ ᠶᠢᠨ ᠮᠡᠳᠡᠭᠡ ᠵᠠᠩᠭᠢ ᠶᠢ ᠪᠦᠷᠢᠳᠬᠡᠵᠦ᠂ ᠠᠩᠬ᠎ᠠ ᠠᠯᠬᠤᠮ ᠬᠢᠨᠠᠨ ᠬᠠᠷᠭᠤᠭᠤᠯᠤᠭᠰᠠᠨ ᠤ ᠲᠠᠷᠠᠭ᠎ᠠ ᠪᠠᠶᠢᠭ᠎ᠠ ᠪᠠᠯᠭᠠᠰᠤᠨ ᠤ ᠱᠠᠲᠤᠨ   ᠤ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠲᠤ ᠮᠡᠳᠡᠭᠦᠯᠬᠦ ᠬᠡᠷᠡᠭᠲᠡᠢ᠃ ᠵᠡᠭᠡᠯᠢ ᠪᠠᠯᠭᠠᠰᠤᠨ ᠤ ᠠᠩᠬᠠᠨ ᠤ ᠬᠢᠨᠠᠯᠲᠠ᠃ ᠡᠯ᠎ᠡ ᠪᠠᠯᠭᠠᠰᠤ ᠵᠡᠭᠡᠯᠢ ᠭᠤᠳᠤᠮᠵᠢ ᠶᠢᠨ ᠬᠢᠨ ᠭᠤᠶᠤᠴᠢᠯᠠᠭᠴᠢ ᠶᠢᠨ ᠪᠠᠶᠢᠳᠠᠯ ᠢ ᠨᠠᠷᠢᠨ ᠨᠢᠭᠲᠠ ᠬᠢᠨᠠᠨ ᠬᠠᠷᠭᠤᠭᠤᠯᠬᠤ ᠶᠢᠨ ᠬᠠᠮᠲᠤ ᠬᠠᠮᠢᠶ᠎ᠠ ᠪᠦᠬᠦᠢ ᠮᠡᠳᠡᠭᠡ ᠵᠠᠩᠭᠢ ᠶᠢ ᠪᠣᠳᠠᠲᠠᠢ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠳᠤ ᠮᠡᠳᠡᠭᠦᠯᠬᠦ ᠬᠡᠷᠡᠭᠲᠡᠢ᠃ ᠬᠤᠲᠠ ᠶᠢᠨ ᠱᠠᠲᠤᠨ ᠤ ᠳᠠᠬᠢᠨ ᠬᠢᠨᠠᠯᠲᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠳᠡᠭᠡᠭᠰᠢ ᠮᠡᠳᠡᠭᠦᠯᠦᠭᠰᠡᠨ ᠮᠡᠳᠡᠭᠡ ᠵᠠᠩᠭᠢ ᠶᠢ ᠦᠨᠳᠦᠰᠦᠯᠡᠨ᠂ ᠳᠠᠭᠠᠳᠬᠠᠯ ᠤᠨ ᠺᠣᠮᠫᠠᠨᠢ ᠲᠠᠢ ᠬᠠᠮᠲᠤᠷᠠᠨ ᠲᠤᠬᠠᠢ ᠶᠢᠨ ᠭᠠᠵᠠᠷ ᠲᠤᠨᠢ ᠪᠠᠶᠢᠴᠠᠭᠠᠯᠲᠠ ᠬᠢᠨ᠎ᠡ᠃ ᠲᠤᠰᠬᠠᠢ ᠮᠡᠷᠭᠡᠵᠢᠯ ᠤᠨ ᠪᠠᠶᠢᠴᠠᠭᠠᠯᠲᠠ᠃ ᠳᠠᠭᠠᠳᠬᠠᠯ ᠤᠨ ᠺᠣᠮᠫᠠᠨᠢ ᠶᠢᠨ ᠭᠠᠷᠲᠠᠨ ᠬᠢᠭᠴᠢ ᠡᠭᠦᠷᠭᠡ ᠶᠢ ᠭᠥᠯᠢᠶᠡᠨ ᠠᠪᠤᠭᠰᠠᠨ ᠤ ᠳᠠᠷᠠᠭ᠎ᠠ᠂ 5 ᠠᠵᠢᠯᠯᠠᠬᠤ ᠡᠳᠦᠷ ᠤᠨ ᠳᠣᠲᠣᠷ᠎ᠠ᠂ ᠵᠢᠩᠬᠢᠨᠢ ᠪᠠᠶᠢᠴᠠᠭᠠᠨ ᠬᠠᠷᠭᠤᠭᠤᠯᠬᠤ ᠲᠠᠰ ᠳᠠᠷᠠᠭᠠᠯᠠᠯ ᠢᠶᠠᠷ ᠳᠡᠮᠵᠢᠨ᠂ ᠨᠥᠬᠦᠪᠦᠷᠢᠯᠡᠬᠦ ᠡᠲᠡᠭᠡᠳ ᠪᠠ ᠨᠥᠬᠦᠪᠦᠷᠢᠯᠡᠬᠦ ᠵᠣᠭᠤᠰ ᠤᠨ ᠲᠤᠭ᠎ᠠ ᠶᠢ ᠲᠣᠭᠲᠠᠭᠠᠨ᠎ᠠ᠃ ᠨᠥᠬᠦᠪᠦᠷᠢ ᠮᠥᠩᠭᠦ ᠶᠢ ᠣᠯᠭᠤᠨ᠎ᠠ᠃ ᠳᠠᠭᠠᠳᠬᠠᠯ ᠬᠠᠷᠢᠭᠤᠴᠠᠬᠤ ᠪᠠᠶᠢᠭᠤᠯᠤᠮᠵᠢ ᠨᠢ 10 ᠠᠵᠢᠯᠯᠠᠬᠤ ᠡᠳᠦᠷ ᠤᠨ ᠳᠣᠲᠣᠷ᠎ᠠ ᠬᠢᠨᠠᠨ ᠪᠠᠶᠢᠴᠠᠭᠠᠵᠤ᠂ ᠲᠥᠯᠥᠪᠤᠷᠢ ᠦᠭᠴᠦ᠂ ᠮᠡᠳᠡᠭᠳᠡᠵᠦ ᠳᠠᠭᠤᠰᠬᠠᠬᠤ ᠬᠡᠷᠡᠭᠲᠡᠢ᠃ ᠲᠥᠯᠥᠪᠦᠷᠢ ᠶᠢᠨ ᠪᠠᠷᠢᠮᠵᠢᠶ᠎ᠠ ᠳᠤ ᠨᠡᠶᠢᠴᠡᠬᠦ ᠦᠭᠡᠢ ᠪᠣᠯ ᠭᠤᠶᠤᠴᠢᠯᠠᠭᠴᠢ ᠳᠤ ᠴᠠᠭ ᠲᠤᠬᠠᠢ ᠳᠤᠨᠢ ᠮᠡᠳᠡᠭᠳᠡᠵᠦ᠂ ᠲᠥᠯᠥᠪᠦᠷᠢ ᠶᠢᠨ ᠪᠠᠷᠢᠮᠵᠢᠶ᠎ᠠ ᠳᠤ ᠨᠡᠶᠢᠴᠡᠪᠡᠯ ᠴᠠᠭ ᠲᠤᠬᠠᠢ ᠳᠤᠨᠢ ᠨᠥᠬᠦᠪᠦᠷᠢ ᠶᠢᠨ ᠮᠥᠩᠭᠦ ᠣᠯᠭᠤᠬᠤ ᠶᠢᠨ ᠬᠠᠮᠲᠤ᠂ ᠬᠤᠯᠪᠣᠭᠳᠠᠯ ᠪᠦᠬᠦᠢ ᠭᠡᠷᠡᠴᠢ ᠪᠠᠷᠢᠮᠲᠠ᠂ ᠲᠥᠯᠥᠪᠦᠷᠢ ᠶᠢᠨ ᠲᠤᠭ᠎ᠠ ᠪᠠᠷᠢᠮᠲᠠ ᠶᠢ ᠬᠤᠲᠠ ᠶᠢᠨ ᠬᠦᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠳᠤ ᠬᠠᠷᠢᠭᠤ ᠲᠤᠰᠬᠠᠵᠤ ᠳᠠᠩᠰᠠᠯᠠᠭᠤᠯᠤᠨ ᠲᠠᠩᠰᠠ ᠡᠪᠬᠡᠮᠡᠯ ᠳᠤ ᠣᠷᠣᠭᠤᠯᠬᠤ ᠬᠡᠷᠡᠭᠲᠡᠢ᠃      ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ      ︵ᠨᠢᠭᠡ︶ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠬᠤ ᠬᠡᠷᠡᠭᠲᠡᠢ᠃ ᠡᠯ᠎ᠡ ᠪᠠᠯᠭᠠᠰᠤ ᠵᠡᠭᠡᠯᠢ ᠨᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠪᠠᠷ ᠭᠤᠣᠯᠳᠠᠯᠭ᠎ᠠ ᠪᠣᠯᠭᠠᠵᠤ ᠂ ᠲᠣᠭᠲᠠᠭᠠᠭᠰᠠᠨ ᠠᠵᠢᠯ ᠤᠨ ᠡᠭᠦᠷᠭᠡ ᠬᠠᠷᠢᠭᠤᠴᠠᠯᠭ᠎ᠠ ᠶᠢᠨ ᠶᠣᠰᠣᠭᠠᠷ᠂ ᠤᠬᠠᠭᠤᠯᠬᠤ ᠡᠷᠴᠢᠮ ᠢᠶᠠᠨ ᠴᠢᠨᠠᠭᠰᠢᠳᠠ ᠴᠢᠩᠭᠠᠷᠠᠭᠤᠯᠵᠤ᠂ ᠳᠠᠭᠠᠳᠬᠠᠯ ᠤᠨ ᠺᠣᠮᠫᠠᠨᠢ ᠲᠠᠢ ᠬᠠᠮᠲᠤᠷᠠᠨ ᠡᠨᠡᠬᠦ ᠠᠵᠢᠯ ᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠨᠢ ᠳᠠᠭᠠᠳᠬᠠᠯ ᠤᠨ ᠨᠥᠬᠦᠪᠦᠷᠢ ᠮᠥᠩᠭᠦ ᠶᠢ ᠲᠣᠬᠢᠷᠠᠭᠤᠯᠤᠨ ᠨᠠᠶᠢᠳᠠᠪᠤᠷᠢᠵᠢᠭᠤᠯᠵᠤ᠂ ᠪᠡᠯᠡ ᠮᠥᠩᠭᠦ ᠶᠢᠨ ᠬᠡᠷᠡᠭᠯᠡᠯᠲᠡ ᠳᠤ ᠬᠢᠨᠠᠯᠲᠠ ᠲᠠᠯᠪᠢᠨ᠎ᠠ︔ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠨᠢ ᠶᠠᠳᠠᠭᠤ ᠬᠦᠴᠢᠷᠳᠡᠯᠲᠡᠢ ᠬᠥᠮᠥᠨ ᠠᠮᠠ ᠶᠢᠨ ᠲᠠᠬᠢᠨ ᠶᠠᠳᠡᠭᠤᠷᠡᠬᠤ ᠠᠴᠠ ᠰᠡᠷᠭᠡᠶᠢᠯᠡᠬᠦ ᠳᠠᠭᠠᠳᠬᠠᠯ ᠤᠨ ᠠᠵᠢᠯ ᠢ ᠪᠥᠬᠦ ᠬᠤᠲᠠ ᠶᠢᠨ ᠬᠡᠪᠴᠢᠶᠡᠨ ᠳᠤ ᠠᠬᠢᠭᠤᠯᠤᠨ ᠨᠠᠶᠢᠳᠠᠪᠤᠷᠢᠵᠢᠭᠤᠯᠬᠤ ᠶᠢ ᠬᠠᠷᠢᠭᠤᠴᠠᠵᠤ᠂ ᠡᠯ᠎ᠡ ᠪᠠᠯᠭᠠᠰᠤ ᠵᠡᠭᠡᠯᠢ ᠶᠢᠨ ᠠᠵᠢᠯ ᠢᠶᠠᠨ ᠥᠷᠨᠢᠭᠦᠯᠬᠦ ᠶᠢ ᠬᠢᠨᠠᠨ ᠵᠢᠯᠣᠭᠤᠳᠤᠨ᠎ᠠ᠃      ︵ᠬᠤᠶᠠᠷ︶ ᠠᠵᠢᠯᠯᠠᠭᠠᠨ ᠤ ᠪᠠᠲᠤᠯᠠᠭ᠎ᠠ᠃ ᠡᠯ᠎ᠡ ᠪᠠᠯᠭᠠᠰᠤ ᠵᠡᠭᠡᠯᠢ ᠲᠤᠰᠬᠠᠢ ᠬᠥᠮᠥᠨ ᠲᠣᠬᠢᠷᠠᠭᠤᠯᠵᠤ ᠡᠨᠡ ᠠᠵᠢᠯ ᠢ ᠬᠠᠷᠢᠭᠤᠴᠠᠭᠤᠯᠬᠤ ᠬᠡᠷᠡᠭᠲᠡᠢ᠃ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠪᠠᠷ ᠲᠦᠷᠦᠭᠦᠯᠡᠭᠦᠯᠦᠨ᠂ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠬᠠᠮᠲᠤᠪᠠᠷ ᠣᠷᠣᠯᠴᠠᠵᠤ᠂ ᠠᠪᠤᠷᠠᠨ ᠲᠤᠰᠠᠯᠠᠬᠤ ᠡᠲᠡᠭᠡᠳ ᠤᠨ ᠮᠡᠳᠡᠭᠡ ᠵᠠᠩᠭᠢ ᠶᠢ ᠬᠠᠮᠵᠢᠨ ᠬᠠᠩᠭᠠᠵᠤ᠂ ᠠᠪᠤᠷᠠᠨ ᠲᠤᠰᠠᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃      ︵ᠭᠤᠷᠪᠠ︶ ᠬᠠᠷᠭᠤᠭᠤᠯᠤᠨ ᠪᠠᠶᠢᠴᠠᠭᠠᠵᠤ ᠪᠠᠲᠤᠯᠠᠭ᠎ᠠ᠃ ᠡᠯ᠎ᠡ ᠪᠠᠯᠭᠠᠰᠤ ᠵᠡᠭᠡᠯᠢ ᠨᠢ ᠬᠠᠷᠢᠶ᠎ᠠ ᠣᠷᠣᠨ ᠤ ᠪᠠᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠬᠥᠮᠥᠨ ᠠᠮᠠ᠂ ᠳᠠᠬᠢᠨ ᠶᠠᠳᠠᠭᠤᠷᠠᠭᠰᠠᠨ ᠬᠥᠮᠥᠨ ᠠᠮᠠ ᠵᠢᠴᠢ ᠡᠪᠡᠳᠴᠢᠨ᠂ ᠭᠠᠮᠰᠢᠭ᠂ ᠰᠠᠨᠠᠭᠠᠨ ᠳᠤ ᠦᠭᠡᠢ ᠡ᠊ᠨᠳᠡᠯ ᠠᠴᠠ ᠪᠣᠯᠵᠤ ᠵᠠᠶᠢᠯᠠᠰᠢ ᠦᠭᠡᠢ ᠵᠠᠷᠤᠯᠭ᠎ᠠ ᠨᠡᠯᠢᠶᠡᠳ ᠶᠡᠭᠡ ᠪᠣᠯᠤᠭᠰᠠᠨ ᠪᠤᠶᠤ ᠣᠷᠣᠯᠭ᠎ᠠ ᠨᠢ ᠶᠡᠭᠡ ᠪᠠᠷ ᠬᠠᠰᠤᠭᠳᠠᠭᠰᠠᠨ ᠠᠴᠠ ᠪᠣᠯᠵᠤ ᠦᠨᠳᠦᠰᠦᠨ ᠠᠮᠢᠳᠤᠷᠠᠯ ᠳᠤᠨᠢ ᠬᠦᠨᠳᠦ ᠨᠣᠴᠢᠲᠠᠢ ᠬᠦᠴᠢᠷᠳᠡᠯ ᠲᠠᠢ ᠪᠣᠯᠤᠭᠰᠠᠨ ᠬᠥᠮᠥᠨ ᠠᠮᠠ ᠵᠡᠷᠭᠡ ᠣᠷᠣᠯᠭ᠎ᠠ ᠪᠠᠭ᠎ᠠ ᠲᠠᠢ ᠬᠥᠮᠥᠨ ᠠᠮᠠ ᠶᠢᠨ ᠭᠡᠷ ᠪᠦᠯᠢ ᠶᠢᠨ ᠠᠵᠤ ᠠᠬᠤᠢ ᠶᠢᠨ ᠪᠠᠶᠢᠳᠠᠯ ᠢ ᠴᠠᠭ ᠲᠤᠬᠠᠢ ᠳᠤᠨᠢ ᠣᠶᠢᠯᠠᠭᠠᠵᠤ᠂ ᠳᠠᠬᠢᠨ ᠶᠠᠳᠠᠭᠤᠷᠠᠭᠠᠳ ᠶᠠᠳᠠᠭᠤᠷᠠᠬᠤ ᠲᠦᠭᠰᠢᠭᠦᠷᠢ ᠲᠠᠢ ᠣᠷᠣᠯᠭ᠎ᠠ ᠪᠠᠭ᠎ᠠ ᠲᠠᠢ ᠬᠥᠮᠥᠨ ᠠᠮᠠ ᠶᠢ ᠴᠠᠭ ᠲᠤᠬᠠᠢ ᠳᠤᠨᠢ ᠢᠯᠡᠷᠡᠭᠦᠯᠵᠦ᠂ ᠴᠠᠭ ᠲᠤᠬᠠᠢ ᠳᠤᠨᠢ ᠳᠡᠭᠡᠭᠰᠢ ᠮᠡᠳᠡᠭᠦᠯᠬᠦ ᠪᠠᠷ ᠭᠤᠶᠤᠴᠢᠯᠠᠬᠤ ᠶᠢᠨ ᠬᠠᠮᠲᠤ ᠳᠠᠭᠠᠳᠬᠠᠯ ᠤᠨ ᠺᠣᠮᠫᠠᠨᠢ ᠶᠢᠨ ᠪᠠᠶᠢᠴᠠᠭᠠᠨ ᠬᠠᠷᠭᠤᠭᠤᠯᠬᠤ ᠠᠵᠢᠯ ᠳᠤ ᠢᠳᠡᠪᠬᠢᠲᠡᠢ ᠬᠠᠮᠵᠢᠯᠴᠠᠬᠤ ᠬᠡᠷᠡᠭᠲᠡᠢ᠃      ︵ᠳᠥᠷᠪᠡ︶ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ᠃ ᠡᠯ᠎ᠡ ᠪᠠᠯᠭᠠᠰᠤ ᠵᠡᠭᠡᠯᠢ ᠭᠤᠳᠤᠮᠵᠢ ᠶᠢᠨ ᠬᠢᠨ ᠶᠠᠳᠠᠭᠤ ᠬᠦᠴᠢᠷᠳᠡᠯᠲᠡᠢ ᠬᠥᠮᠥᠨ ᠠᠮᠠ ᠶᠢᠨ ᠲᠠᠬᠢᠨ ᠶᠠᠳᠡᠭᠤᠷᠡᠬᠤ ᠠᠴᠠ ᠳᠠᠭᠠᠳᠬᠠᠯ ᠤᠨ ᠳᠦᠷᠦ ᠶᠢᠨ ᠪᠣᠳᠣᠯᠭ᠎ᠠ ᠶᠢᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠢ ᠴᠢᠩᠭᠠᠳᠬᠠᠵᠤ᠂ ᠠᠵᠢᠯᠲᠠᠳ ᠤᠨ ᠳᠦᠷᠦ ᠶᠢᠨ ᠪᠣᠳᠣᠯᠭ᠎ᠠ ᠪᠣᠯᠣᠨ ᠶᠠᠪᠤᠴᠠ ᠶᠢ ᠪᠣᠯᠪᠠᠰᠤᠷᠠᠩᠭᠤᠢ ᠡᠵᠡᠮᠰᠢᠬᠦ ᠶᠢ ᠪᠠᠲᠤᠯᠠᠵᠤ᠂ ᠶᠠᠳᠠᠭᠤ ᠬᠦᠴᠢᠷᠳᠡᠯᠲᠡᠢ ᠬᠥᠮᠥᠨ ᠠᠮᠠ ᠶᠢᠨ ᠲᠠᠬᠢᠨ ᠶᠠᠳᠡᠭᠤᠷᠡᠬᠤ ᠠᠴᠠ ᠳᠠᠭᠠᠳᠬᠠᠯ ᠤᠨ ᠲᠤᠬᠠᠶᠢᠯᠠᠭᠰᠠᠨ ᠠᠵᠢᠯ ᠤᠨ ᠤᠷᠤᠭᠰᠢᠲᠠᠢ ᠶᠠᠪᠤᠭᠳᠠᠬᠤ ᠶᠢ ᠠᠬᠢᠭᠤᠯᠵᠤ᠂ ᠳᠦᠷᠦ ᠶᠢᠨ ᠪᠣᠳᠣᠯᠭ᠎ᠠ ᠶᠢ ᠤᠬᠠᠭᠤᠯᠵᠤ ᠬᠥᠲᠥᠯᠥᠨ ᠵᠢᠯᠤᠭᠤᠳᠬᠤ ᠶᠢ ᠦᠨᠡᠨ ᠬᠦ ᠴᠢᠩᠭᠠᠳᠬᠠᠵᠤ᠂ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ᠂ ᠤᠬᠠᠭᠤᠯᠭ᠎ᠠ ᠶᠢᠨ ᠤᠷᠢᠶ᠎ᠠ ᠯᠣᠽᠦ᠋ᠩ ᠨᠠᠭᠠᠬᠤ ᠵᠡᠷᠭᠡ ᠠᠷᠭ᠎ᠠ ᠬᠡᠯᠪᠡᠷᠢ ᠪᠠᠷ ᠶᠠᠳᠠᠭᠤ ᠬᠦᠴᠢᠷᠳᠡᠯᠲᠡᠢ ᠬᠥᠮᠥᠨ ᠠᠮᠠ ᠶᠢᠨ ᠲᠠᠬᠢᠨ ᠶᠠᠳᠡᠭᠤᠷᠡᠬᠤ ᠠᠴᠠ ᠳᠠᠭᠠᠳᠬᠠᠯ ᠤᠨ ᠳᠦᠷᠦ ᠶᠢᠨ ᠪᠣᠳᠣᠯᠭ᠎ᠠ ᠶᠢ ᠳᠠᠶᠠᠭᠠᠷ ᠲᠤ ᠮᠡᠳᠡᠭᠦᠯᠵᠦ᠂ ᠥᠷᠭᠡᠨ ᠤᠯᠠᠨ ᠲᠦᠮᠡᠨ ᠢ ᠬᠥᠲᠥᠯᠥᠨ ᠵᠢᠯᠤᠭᠤᠳᠴᠤ ᠢᠳᠡᠪᠬᠢᠲᠡᠢ ᠣᠷᠣᠯᠴᠠᠭᠤᠯᠬᠤ ᠬᠡᠷᠡᠭᠲᠡᠢ᠃
 
ᠢᠷᠡᠯᠲᠡ᠄ ᠷᠡᠰᠢᠶᠠᠨ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号