ᠷᠡᠰᠢᠶᠠᠨ ᠵᠠᠰᠠᠭ ᠠᠯᠪᠠᠨ ᠲᠠᠷᠬᠠᠭᠠᠭᠰᠠᠨ ﹇2023﹈ 9 ᠳ᠋ᠣᠭᠡᠷ ᠲᠣᠭᠠᠲᠤ | ᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ | ᠮᠥᠴᠢᠷ ᠲᠤ᠄ | ᠥᠷᠭᠡᠨ ᠣᠯᠠᠨ ᠲᠠᠷᠢᠶᠠᠴᠢᠨ ᠲᠦᠮᠡᠨ ᠤ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠬᠦ ᠰᠠᠭᠤᠷᠢ ᠶᠢ | ᠲᠠᠰᠤᠷᠠᠯᠲᠠ ᠦᠭᠡᠢ ᠪᠠᠲᠤᠳᠬᠠᠵᠤ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠦᠷᠭᠦᠯᠵᠢᠯᠡᠨ | ᠥᠷᠭᠡᠳᠬᠡᠨ᠂ ᠮᠠᠯᠴᠢᠨ ᠲᠠᠷᠢᠶᠠᠴᠢᠨ ᠤ ᠥᠪᠡᠷ ᠢ ᠪᠠᠨ ᠬᠥᠭᠵᠢᠭᠦᠯᠬᠦ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ | ᠬᠢᠩᠭᠠᠨ ᠠᠶᠢᠮᠠᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠤᠳᠤᠷᠢᠳᠬᠤ | ᠳᠤᠭᠤᠶᠢᠯᠠᠩ ᠤᠨ ᠳᠠᠷᠤᠮᠠᠯᠯᠠᠨ ᠲᠠᠷᠬᠠᠭᠠᠭᠰᠠᠨ ︽ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ | ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ ᠲᠠᠷᠢᠶᠠᠴᠢᠨ ᠡᠷᠦᠬᠡ ᠶᠢᠨ ᠣᠷᠣᠯᠭ᠎ᠠ ᠶᠢ ᠦᠷᠭᠦᠯᠵᠢᠯᠡᠨ | ᠲᠣᠭᠲᠠᠭᠤᠨ ᠢᠶᠠᠷ ᠨᠡᠮᠡᠭᠳᠡᠭᠦᠯᠬᠦ ᠶᠢ ᠠᠬᠢᠭᠤᠯᠬᠤ ᠲᠤᠬᠠᠢ ᠵᠢᠯᠤᠭᠤᠳᠬᠤ ᠰᠠᠨᠠᠯ︾ ︵ᠬᠢᠩᠭᠠᠨ ᠬᠦᠳᠡᠭᠡ ᠲᠣᠰᠬᠤᠨ ᠢ | ᠬᠦᠭᠵᠢᠬᠦᠯᠣᠨ ᠮᠠᠨᠳᠣᠭᠤᠯᠬᠤ ᠳᠤᠭᠤᠶᠢᠯᠠᠩ ᠤᠨ ᠲᠠᠷᠬᠠᠭᠠᠭᠰᠠᠨ ﹇2022﹈ 28 ᠳ᠋ᠤᠭᠠᠷ ᠲᠣᠭᠠᠲᠤ︶ ᠤᠨ | ᠪᠢᠴᠢᠭ ᠮᠠᠲ᠋ᠧᠷᠢᠶᠠᠯ ᠤᠨ ᠶᠣᠰᠣᠭᠠᠷ᠂ ᠮᠠᠨ ᠤ ᠬᠤᠲᠠ ᠶᠢᠨ ᠪᠣᠳᠠᠲᠠᠢ ᠲᠠᠢ ᠪᠠᠨ ᠤᠶᠠᠯᠳᠤᠭᠤᠯᠤᠨ᠂ ︽ᠷᠠᠰᠢᠶᠠᠨ | ᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢᠨ ᠬᠦᠷᠢᠶᠡᠨ ᠤ ᠠᠵᠤ ᠠᠬᠤᠢ ᠶᠢᠨ ᠬᠡᠷᠡᠭᠵᠢᠭᠦᠯᠬᠦ ᠲᠥᠰᠥᠯ︾ ᠢ | ᠲᠣᠭᠲᠠᠭᠠᠬᠤ ᠶᠢᠨ ᠬᠠᠮᠲᠤ ᠪᠢᠴᠢᠭ ᠮᠠᠲ᠋ᠧᠷᠢᠶᠠᠯ ᠤᠨ ᠳᠠᠭᠠᠤ ᠳᠠᠷᠤᠮᠠᠯᠯᠠᠨ ᠲᠠᠷᠬᠠᠭᠠᠪᠠ᠂ ᠲᠠ ᠨᠠᠷ ᠰᠠᠶᠢᠲᠤᠷ | ᠨᠠᠶᠢᠳᠠᠪᠤᠷᠢᠵᠢᠭᠤᠯᠬᠤ ᠶᠢ ᠬᠦᠰᠡᠵᠦ ᠪᠠᠶᠢᠨ᠎ᠠ᠃ | ᠳᠠᠭᠠᠯᠳᠤᠭᠤᠯᠤᠯ᠄ 1. ᠷᠠᠰᠢᠶᠠᠨ ᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢᠨ ᠬᠦᠷᠢᠶᠡᠨ ᠤ ᠠᠵᠤ | ᠠᠬᠤᠢ ᠶᠢᠨ ᠬᠡᠷᠡᠭᠵᠢᠭᠦᠯᠬᠦ ᠲᠥᠰᠥᠯ | 2. ᠲᠥᠷᠥ ᠶᠢᠨ ᠪᠣᠳᠣᠯᠭ᠎ᠠ ᠶᠢᠨ ᠲᠠᠶᠢᠯᠤᠮᠵᠢ | 2023 ᠣᠨ ᠤ 3 ᠰᠠᠷ᠎ᠡ ᠶᠢᠨ 8 ᠤ ᠡᠳᠣᠷ | ᠳᠠᠭᠠᠯᠳᠤᠭᠤᠯᠤᠯ 1 | ᠷᠠᠰᠢᠶᠠᠨ ᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢᠨ ᠬᠦᠷᠢᠶᠡᠨ ᠤ ᠠᠵᠤ ᠠᠬᠤᠢ ᠶᠢᠨ ᠬᠡᠷᠡᠭᠵᠢᠭᠦᠯᠬᠦ | ᠲᠥᠰᠥᠯ | ᠬᠢᠩᠭᠠᠨ ᠠᠶᠢᠮᠠᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠤᠳᠤᠷᠢᠳᠬᠤ | ᠳᠤᠭᠤᠶᠢᠯᠠᠩ ᠤᠨ ᠳᠠᠷᠤᠮᠠᠯᠯᠠᠨ ᠲᠠᠷᠬᠠᠭᠠᠭᠰᠠᠨ ︽ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ | ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ ᠮᠠᠯᠴᠢᠨ ᠲᠠᠷᠢᠶᠠᠴᠢᠨ ᠡᠷᠦᠬᠡ ᠶᠢᠨ ᠣᠷᠣᠯᠭ᠎ᠠ ᠶᠢ ᠦᠷᠭᠦᠯᠵᠢᠯᠡᠨ | ᠲᠣᠭᠲᠠᠭᠤᠨ ᠢᠶᠠᠷ ᠨᠡᠮᠡᠭᠳᠡᠭᠦᠯᠬᠦ ᠶᠢ ᠠᠬᠢᠭᠤᠯᠬᠤ ᠲᠤᠬᠠᠢ ᠵᠢᠯᠤᠭᠤᠳᠬᠤ ᠰᠠᠨᠠᠯ︾ ︵ᠬᠢᠩᠭᠠᠨ ᠬᠦᠳᠡᠭᠡ ᠲᠣᠰᠬᠤᠨ ᠢ | ᠬᠦᠭᠵᠢᠬᠦᠯᠣᠨ ᠮᠠᠨᠳᠣᠭᠤᠯᠬᠤ ᠳᠤᠭᠤᠶᠢᠯᠠᠩ ᠤᠨ ᠲᠠᠷᠬᠠᠭᠠᠭᠰᠠᠨ ﹇2022﹈ 28 ᠳ᠋ᠤᠭᠠᠷ ᠲᠣᠭᠠᠲᠤ︶ ᠤᠨ | ᠵᠣᠷᠢᠭ ᠰᠠᠨᠠᠭ᠎ᠠ ᠶᠢ ᠲᠤᠭᠤᠰᠢᠯᠠᠭᠤᠯᠣᠨ ᠨᠠᠶᠢᠳᠠᠪᠤᠷᠢᠵᠢᠭᠤᠯᠬᠤ ᠶᠢᠨ ᠲᠥᠯᠥᠭᠡ᠂ ᠲᠠᠷᠢᠶᠠᠴᠢᠨ ᠡᠷᠦᠬᠡ ᠢᠯᠠᠩᠭᠤᠶ᠎ᠠ | ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠪᠠ ᠬᠢᠨᠠᠨ ᠰᠢᠯᠭᠠᠬᠤ ᠡᠲᠡᠭᠡᠳ ᠤᠨ ᠭᠠᠵᠠᠷ ᠬᠡᠷᠡᠭᠯᠡᠬᠦ ᠲᠥᠷᠥ ᠶᠢᠨ | ᠪᠣᠳᠣᠯᠭ᠎ᠠ ᠳᠤ ᠨᠡᠶᠢᠴᠡᠭᠰᠡᠨ ᠤᠷᠢᠲᠠᠯ ᠳᠣᠣᠷ᠎ᠠ᠂ ᠥᠪᠡᠷ ᠤᠨ ᠬᠦᠷᠢᠶ᠎ᠡ ᠬᠠᠰᠢᠶᠠᠨ ᠤ ᠣᠷᠣᠨ ᠵᠠᠢ ᠪᠠ ᠡᠬᠢ ᠪᠠᠶᠠᠯᠢᠭ | ᠡᠳ᠋ ᠬᠥᠷᠥᠩᠭᠡ ᠪᠠᠨ ᠠᠰᠢᠭᠯᠠᠨ ᠴᠢᠨᠠᠷ ᠰᠠᠶᠢᠲᠠᠢ ᠬᠦᠷᠢᠶ᠎ᠠ ᠬᠠᠰᠢᠶᠠᠨ ᠤ ᠠᠵᠤ ᠠᠬᠤᠢ ᠶᠢ ᠬᠥᠭᠵᠢᠭᠦᠯᠵᠦ᠂ | ᠲᠠᠷᠢᠶᠠᠴᠢᠨ ᠡᠷᠦᠬᠡ ᠶᠢᠨ ᠦᠢᠯᠡᠳᠪᠦᠷᠢᠯᠡᠯ ᠡᠵᠡᠩᠨᠡᠯᠲᠡ ᠶᠢᠨ ᠴᠢᠨᠠᠷᠲᠠᠢ ᠣᠷᠣᠯᠭ᠎ᠠ ᠶᠢ ᠦᠷᠭᠦᠯᠵᠢᠯᠡᠨ | ᠲᠣᠭᠲᠠᠭᠤᠨ ᠢᠶᠠᠷ ᠳᠡᠭᠡᠭᠰᠢᠯᠡᠭᠦᠯᠬᠦ ᠶᠢ ᠵᠣᠷᠢᠭᠵᠢᠭᠤᠯᠬᠤ ᠪᠠ ᠬᠥᠲᠥᠯᠥᠨ ᠵᠢᠯᠣᠭᠤᠳᠤᠨ᠎ᠠ᠃ ᠣᠳᠣ ᠮᠠᠨ ᠤ | ᠬᠤᠲᠠ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠤᠰ ᠲᠥᠰᠥᠯ ᠢ ᠣᠨᠴᠠᠭᠠᠶᠢᠯᠠᠨ ᠲᠣᠭᠲᠠᠭᠠᠪᠠ᠃ | ᠨᠢᠭᠡ᠂ ᠶᠡᠷᠦᠩᠬᠡᠢ ᠬᠠᠷᠠᠯᠲᠠ | ᠮᠠᠨ ᠤ ᠬᠤᠲᠠ ᠶᠢᠨ ᠠᠵᠤ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ ᠪᠠ ᠬᠥᠭᠵᠢᠯᠲᠡ ᠶᠢᠨ | ᠰᠠᠭᠤᠷᠢ ᠶᠢᠨ ᠲᠣᠭᠤᠷᠢᠨ ᠳᠤ᠂ ᠲᠠᠷᠢᠶᠠᠴᠢᠨ ᠡᠷᠦᠬᠡ ᠪᠠᠷ ᠭᠤᠣᠯ ᠴᠣᠭᠴᠠ ᠪᠣᠯᠭᠠᠬᠤ ᠶᠢ ᠪᠠᠷᠢᠮᠲᠠᠯᠠᠵᠤ᠂ ᠵᠠᠬ᠎ᠠ | ᠳᠡᠯᠭᠡᠭᠦᠷᠴᠢᠯᠡᠬᠦ᠂ ᠣᠨᠴᠠᠯᠢᠬᠵᠢᠭᠤᠯᠬᠤ᠂ ᠨᠠᠷᠠᠲᠤ ᠲᠥᠷᠥᠯ ᠲᠡᠮᠳᠡᠭᠵᠢᠭᠦᠯᠬᠦ ᠪᠠᠷ ᠤᠳᠤᠷᠢᠳᠤᠮᠵᠢ ᠪᠣᠯᠭᠠᠵᠤ᠂ | ᠲᠥᠷᠥᠯ ᠵᠦᠢᠯ ᠢ ᠡᠷᠦᠬᠡ ᠳᠤ ᠬᠦᠷᠭᠡᠬᠦ᠂ ᠲᠡᠳᠬᠦᠵᠤ ᠳᠡᠮᠵᠢᠬᠦ ᠶᠢ ᠬᠥᠮᠥᠨ ᠳᠤ ᠬᠦᠷᠳᠡᠭᠡᠬᠦ ᠵᠠᠷᠴᠢᠮ ᠶᠣᠰᠣᠭᠠᠷ᠂ | ᠲᠠᠷᠢᠶᠠᠴᠢᠨ ᠡᠷᠦᠬᠡ ᠶᠢᠨ ᠣᠨᠴᠠᠯᠢᠭᠲᠤ ᠲᠠᠷᠢᠮᠠᠯ᠂ ᠣᠨᠴᠠᠯᠢᠭᠲᠤ ᠲᠡᠵᠢᠭᠡᠨ ᠦᠷᠡᠵᠢᠭᠦᠯᠬᠦ᠂ ᠣᠨᠴᠠᠯᠢᠭᠲᠤ ᠭᠠᠷ | ᠤᠷᠠᠯᠠᠯ᠂ ᠣᠨᠴᠠᠯᠢᠭᠲᠤ ᠰᠡᠯᠡᠭᠦᠴᠡᠯ ᠵᠣᠭᠠᠴᠠᠯ᠂ ᠣᠨᠴᠠᠯᠢᠭᠲᠤ ᠬᠦᠷᠢᠶ᠎ᠡ ᠬᠠᠰᠢᠶ᠎ᠠ ᠶᠢᠨ ᠦᠢᠯᠡᠳᠪᠦᠷᠢᠯᠡᠯ | ᠠᠮᠢᠳᠤᠷᠠᠯ ᠤᠨ ᠦᠢᠯᠡᠴᠢᠯᠡᠭᠡ ᠵᠡᠷᠭᠡ ᠣᠯᠠᠨ ᠲᠥᠷᠥᠯ ᠬᠡᠯᠪᠡᠷᠢ ᠶᠢᠨ ᠬᠦᠷᠢᠶ᠎ᠡ ᠬᠠᠰᠢᠶ᠎ᠠ ᠶᠢᠨ ᠠᠵᠤ ᠠᠬᠤᠢ ᠶᠢ | ᠰᠦᠪᠡᠭᠴᠢᠯᠡᠨ ᠬᠥᠭᠵᠢᠭᠦᠯᠬᠦ ᠶᠢ ᠬᠥᠲᠥᠯᠥᠨ ᠵᠢᠯᠤᠭᠤᠳᠴᠤ ᠳᠡᠮᠵᠢᠨ᠂ 2023 ᠣᠨ ᠳᠤ ᠳᠥᠷᠪᠡᠨ ᠪᠠᠯᠭᠠᠰᠤ ᠶᠢᠨ | ᠬᠡᠪᠴᠢᠶᠡᠨ ᠳᠤ 588 ᠲᠠᠷᠢᠶᠠᠴᠢᠨ ᠡᠷᠦᠬᠡ ᠶᠢᠨ ᠬᠦᠷᠢᠶ᠎ᠡ ᠬᠠᠰᠢᠶ᠎ᠠ ᠶᠢᠨ ᠠᠵᠤ ᠠᠬᠤᠢ ᠶᠢ ᠬᠥᠭᠵᠢᠭᠦᠯᠬᠦ ᠪᠠᠷ | ᠴᠢᠷᠮᠠᠶᠢᠨ᠎ᠠ᠃ ᠡᠭᠦᠨ ᠳᠤ᠂ ᠬᠦᠷᠢᠶ᠎ᠡ ᠬᠠᠰᠢᠶ᠎ᠠ ᠶᠢᠨ ᠠᠵᠤ ᠠᠬᠤᠢ ᠶᠢ ᠬᠥᠭᠵᠢᠭᠦᠯᠬᠦ ᠨᠥᠬᠦᠴᠡᠯ ᠳᠤ ᠨᠡᠶᠢᠴᠡᠬᠦ | ᠶᠠᠳᠠᠭᠤ ᠠᠴᠠ ᠠᠩᠭᠢᠵᠢᠷᠠᠭᠤᠯᠬᠤ ᠡᠷᠦᠬᠡ ︵ᠬᠢᠨᠠᠨ ᠰᠢᠯᠭᠠᠬᠤ ᠡᠷᠦᠬᠡ︶ ᠶᠢ ᠪᠦᠬᠦᠨ ᠢ ᠬᠠᠮᠤᠷᠤᠭᠤᠯᠵᠤ᠂ ᠬᠦᠷᠢᠶ᠎ᠡ | ᠬᠠᠰᠢᠶ᠎ᠠ ᠶᠢᠨ ᠠᠵᠤ ᠠᠬᠤᠢ ᠶᠢ ᠬᠥᠭᠵᠢᠭᠦᠯᠵᠤ ᠶᠠᠳᠠᠭᠤ ᠠᠴᠠ ᠠᠩᠭᠢᠵᠢᠷᠠᠭᠤᠯᠬᠤ ᠡᠷᠦᠬᠡ ︵ᠬᠢᠨᠠᠨ ᠰᠢᠯᠭᠠᠬᠤ | ᠡᠷᠦᠬᠡ︶ ᠪᠣᠯᠣᠨ ᠡᠩ ᠤᠨ ᠡᠷᠦᠬᠡ ᠳᠤ ᠵᠦᠷᠢᠶᠡᠴᠢᠯᠡᠭᠰᠡᠨ ᠱᠠᠩᠨᠠᠯ ᠨᠥᠬᠦᠪᠦᠷᠢ ᠣᠯᠭᠤᠨ᠎ᠠ᠃ | ᠬᠤᠶᠠᠷ᠂ ᠦᠨᠳᠦᠰᠦᠨ ᠵᠠᠷᠴᠢᠮ | 1. ᠴᠢᠨᠠᠷ ᠰᠠᠶᠢᠲᠠᠢ ᠥᠨᠳᠥᠷ ᠦᠷ᠎ᠡ ᠪᠦᠲᠦᠮᠵᠢᠲᠡᠶ᠂ ᠬᠠᠤᠯᠢ ᠲᠣᠭᠲᠠᠭᠠᠯ ᠢ ᠵᠢᠷᠤᠮᠯᠠᠬᠤ ᠵᠠᠷᠴᠢᠮ ᠢ | ᠪᠠᠷᠢᠮᠲᠠᠯᠠᠨ᠎ᠠ᠃ ᠲᠠᠷᠢᠶᠠᠴᠢᠨ ᠡᠷᠦᠬᠡ ᠶᠢᠨ ᠣᠷᠣᠯᠭ᠎ᠠ ᠶᠢ ᠦᠷᠭᠦᠯᠵᠢᠯᠡᠨ ᠲᠣᠭᠲᠠᠭᠤᠨ ᠢᠶᠠᠷ ᠨᠡᠮᠡᠭᠳᠡᠭᠦᠯᠬᠦ ᠶᠢ | ᠠᠬᠢᠭᠤᠯᠬᠤ ᠪᠠᠷ ᠦᠨᠳᠦᠰᠦᠨ ᠵᠠᠷᠴᠢᠮ ᠪᠣᠯᠭᠠᠵᠤ᠂ ᠪᠤᠢ ᠪᠦᠬᠦᠢ ᠬᠦᠷᠢᠶᠡᠨ ᠤ ᠠᠵᠤ ᠠᠬᠤᠢ ᠶᠢᠨ ᠵᠦᠢᠯᠡᠰ ᠲᠤ | ᠡᠷᠬᠡᠪᠰᠢ ᠲᠠᠷᠢᠶᠠᠴᠢᠨ ᠡᠷᠦᠬᠡ ᠶᠢᠨ ᠦᠢᠯᠡᠳᠪᠦᠷᠢᠯᠡᠯ ᠡᠵᠡᠩᠨᠡᠯᠲᠡ ᠶᠢᠨ ᠴᠢᠨᠠᠷᠲᠠᠢ ᠣᠷᠣᠯᠭ᠎ᠠ ᠶᠢᠨ ᠢᠯᠡᠳᠲᠡ | ᠨᠡᠮᠡᠭᠳᠡᠯ ᠢ ᠪᠡᠶᠡᠯᠡᠭᠦᠯᠬᠦ ᠬᠡᠷᠡᠭᠲᠡᠢ᠂ ᠡᠰᠡ ᠲᠡᠭᠡᠪᠡᠯ ᠳᠡᠮᠵᠢᠬᠦ ᠦᠭᠡᠢ᠃ ᠭᠠᠵᠠᠷ ᠰᠢᠷᠣᠢ᠂ ᠣᠷᠴᠢᠨ ᠲᠣᠭᠤᠷᠢᠨ ᠤ | ᠬᠠᠮᠠᠭᠠᠯᠠᠯᠲᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠲᠠᠯ᠎ᠠ ᠶᠢᠨ ᠬᠠᠤᠯᠢ ᠴᠠᠭᠠᠵᠠ ᠬᠠᠤᠯᠢ | ᠲᠣᠭᠲᠠᠭᠠᠯ ᠢ ᠴᠢᠩᠭ᠎ᠠ ᠵᠢᠷᠤᠮᠯᠠᠵᠤ᠂ ᠭᠠᠵᠠᠷ ᠰᠢᠷᠣᠢ ᠶᠢ ᠠᠷᠪᠢᠲᠠᠢ ᠡᠷᠴᠢᠮᠯᠢᠭ ᠬᠡᠷᠡᠭᠯᠡᠬᠦ ᠣᠨᠣᠯᠵᠢᠬᠤᠨ ᠢ | ᠲᠤᠭᠤᠰᠢᠯᠠᠭᠤᠯᠣᠨ ᠨᠠᠶᠢᠳᠠᠪᠤᠷᠢᠵᠢᠭᠤᠯᠵᠤ᠂ ᠲᠠᠷᠢᠶᠠᠨ ᠭᠠᠵᠠᠷ ᠢ ᠳᠤᠷ᠎ᠠ ᠪᠠᠷ ᠢᠶᠠᠨ ᠡᠵᠡᠯᠡᠬᠦ᠂ ᠲᠣᠭᠲᠠᠭᠠᠯ ᠠᠴᠠ | ᠵᠥᠷᠢᠴᠡᠨ ᠪᠠᠶᠢᠭᠤᠯᠬᠤ᠂ ᠶᠠᠰᠤ ᠴᠢᠨᠠᠷ ᠤᠨ ᠠᠮᠤᠷ ᠲᠦᠪᠰᠢᠨ ᠵᠡᠷᠭᠡ ᠠᠰᠠᠭᠤᠳᠠᠯ ᠭᠠᠷᠬᠤ ᠶᠢ ᠡᠷᠡᠰ ᠰᠡᠷᠭᠡᠶᠢᠯᠡᠨ | ᠬᠤᠷᠢᠭᠯᠠᠵᠤ᠂ ᠬᠠᠮᠢᠶ᠎ᠠ ᠪᠦᠬᠦᠢ ᠲᠣᠭᠲᠠᠭᠠᠯ ᠪᠠ ᠱᠠᠭᠠᠷᠳᠠᠯᠭ᠎ᠠ ᠳᠤ ᠨᠡᠶᠢᠴᠡᠬᠦ ᠦᠭᠡᠢ ᠬᠦᠷᠢᠶ᠎ᠡ ᠬᠠᠰᠢᠶ᠎ᠠ ᠶᠢᠨ ᠠᠵᠤ | ᠠᠬᠤᠢ ᠶᠢᠨ ᠲᠥᠷᠥᠯ ᠵᠦᠢᠯ ᠢ ᠳᠡᠮᠵᠢᠬᠦ ᠦᠭᠡᠢ᠃ | 2. ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ᠂ ᠲᠥᠷᠥᠯ ᠬᠤᠪᠢᠶᠠᠨ ᠵᠢᠯᠤᠭᠤᠳᠬᠤ | ᠵᠠᠷᠴᠢᠮ ᠢ ᠪᠠᠷᠢᠮᠲᠠᠯᠠᠨ᠎ᠠ᠃ ᠪᠣᠳᠠᠲᠠᠢ ᠠᠴᠠ ᠡᠭᠦᠰᠴᠦ᠂ ᠨᠤᠲᠤᠭ ᠤᠰᠤᠨ ᠤ ᠣᠨᠴᠠᠯᠢᠭ ᠢ ᠲᠤᠪᠤᠶᠢᠯᠭᠠᠵᠦ᠂ | ᠣᠨᠴᠠᠯᠢᠬᠵᠢᠭᠤᠯᠬᠤ᠂ ᠵᠦᠷᠢᠶᠡᠵᠢᠬᠦᠯᠬᠦ ᠬᠥᠭᠵᠢᠯᠲᠡ ᠶᠢᠨ ᠵᠠᠮ ᠢᠶᠠᠷ ᠵᠠᠮᠨᠠᠵᠤ᠂ ᠲᠠᠷᠢᠬᠤ ᠳᠤ ᠲᠣᠬᠢᠷᠠᠪᠠᠯ ᠲᠠᠷᠢᠵᠤ᠂ | ᠲᠡᠵᠢᠭᠡᠬᠦ ᠳᠤ ᠲᠣᠬᠢᠷᠠᠪᠠᠯ ᠲᠡᠵᠢᠭᠡᠵᠦ᠂ ᠬᠤᠳᠠᠯᠳᠤᠭ᠎ᠠ ᠬᠢᠬᠦ ᠳᠤ ᠲᠣᠬᠢᠷᠠᠪᠠᠯ ᠬᠤᠳᠠᠯᠳᠤᠭᠠᠯᠠᠵᠤ᠂ ᠵᠤᠭᠠᠴᠠᠬᠤ ᠳᠤ | ᠲᠣᠬᠢᠷᠠᠪᠠᠯ ᠵᠤᠭᠠᠴᠠᠵᠤ᠂ ᠨᠡᠮᠡᠬᠦ ᠳᠤ ᠲᠣᠬᠢᠷᠠᠪᠠᠯ ᠨᠡᠮᠡᠵᠦ᠂ ᠶᠠᠮᠠᠷ ᠠᠵᠤ ᠦᠢᠯᠡᠰ ᠢ ᠬᠥᠭᠵᠢᠭᠦᠯᠬᠦ ᠳᠤ ᠲᠣᠬᠢᠷᠠᠪᠠᠯ | ᠲᠡᠷᠡ ᠠᠵᠤ ᠦᠢᠯᠡᠰ ᠢ ᠬᠥᠭᠵᠢᠭᠦᠯᠵᠦ᠂ ︽ᠣᠨᠴᠠᠭᠠᠢ︾ ᠶᠢᠨ ᠳᠠᠪᠠᠭᠤᠯᠢᠭ ᠢ ᠳᠠᠰᠤᠷᠠᠯᠳᠠ ᠦᠭᠡᠢ ᠭᠦᠢᠴᠡᠳ | ᠬᠢᠬᠦ ᠬᠡᠷᠡᠭᠲᠡᠢ᠃ | 3. ᠯᠠᠪᠳᠠᠭᠤᠨ ᠪᠠᠲᠤᠲᠠᠢ ᠠᠵᠢᠯᠯᠠᠬᠤ᠂ ᠡᠮᠬᠢ ᠵᠢᠷᠤᠮ ᠲᠠᠢ ᠪᠠᠷ ᠠᠬᠢᠭᠤᠯᠬᠤ ᠵᠠᠷᠴᠢᠮ ᠢ ᠪᠠᠷᠢᠮᠲᠠᠯᠠᠨ᠎ᠠ᠃ ︽ | ᠤᠷᠢᠳᠠᠪᠠᠷ ᠭᠤᠣᠯᠳᠠᠯᠭ᠎ᠠ ᠲᠠᠢ ᠬᠥᠮᠥᠰ ᠢ ᠪᠠᠲᠤᠯᠠᠵᠤ᠂ ᠬᠦᠷᠢᠶ᠎ᠡ ᠬᠡᠪᠴᠢᠶ᠎ᠡ ᠶᠢ ᠨᠢ ᠡᠮᠬᠢ ᠵᠢᠷᠤᠮ ᠲᠠᠢ ᠪᠠᠷ | ᠥᠷᠭᠡᠳᠬᠡᠬᠦ︾ ᠬᠥᠭᠵᠢᠯᠲᠡ ᠶᠢᠨ ᠰᠡᠳᠬᠢᠴᠡ ᠶᠣᠰᠣᠭᠠᠷ᠂ ᠲᠣᠰ ᠬᠤᠲᠠ ᠶᠢᠨ ᠡᠬᠢ ᠪᠠᠶᠠᠯᠢᠭ ᠤᠨ ᠤᠭ ᠰᠤᠷᠪᠤᠯᠵᠢ | ᠂ ᠡᠳ᠋ ᠤᠨ ᠵᠠᠰᠠᠭ ᠤᠨ ᠪᠡᠯᠡ ᠮᠥᠩᠭᠦ ᠶᠢᠨ ᠲᠤᠭ᠎ᠠ ᠬᠡᠮᠵᠢᠶ᠎ᠡ ᠵᠡᠷᠭᠡ ᠲᠠᠢ ᠤᠶᠠᠯᠳᠤᠭᠤᠯᠤᠨ᠂ ᠲᠥᠷᠥᠯ ᠵᠦᠢᠯ ᠤᠨ | ᠬᠥᠭᠵᠢᠯᠲᠡ ᠶᠢᠨ ᠵᠠᠭᠪᠤᠷ ᠪᠠ ᠬᠠᠷᠠᠯᠲᠠ ᠶᠢ ᠰᠢᠨᠵᠢᠯᠡᠬᠦ ᠤᠬᠠᠭᠠᠨᠴᠢ ᠪᠠᠷ ᠨᠤᠲᠠᠯᠠᠵᠤ᠂ ᠲᠥᠷᠥᠯ ᠵᠦᠢᠯ ᠤᠨ | ᠬᠠᠮᠤᠷᠬᠤ ᠡᠳᠡᠭᠡᠳ ᠪᠠ ᠬᠦᠷᠢᠶ᠎ᠡ ᠬᠡᠪᠴᠢᠶ᠎ᠡ ᠶᠢ ᠵᠦᠢ ᠵᠣᠬᠢᠰᠲᠠᠢ ᠲᠣᠭᠲᠠᠭᠠᠨ᠂ ᠵᠠᠷᠴᠢᠮ ᠳᠡᠭᠡᠷ᠎ᠡ ᠪᠠᠨ 2023 | ᠣᠨ ᠳᠤ ᠬᠦᠷᠢᠶᠡᠨ ᠤ ᠠᠵᠤ ᠠᠬᠤᠢ ᠶᠢᠨ ᠲᠥᠷᠥᠯ ᠵᠦᠢᠯ ᠢ ᠤᠷᠢᠳᠠᠪᠠᠷ ᠶᠠᠳᠠᠭᠤ ᠠᠴᠠ ᠠᠩᠭᠢᠵᠢᠷᠠᠭᠰᠠᠨ ᠡᠷᠦᠬᠡ | ᠪᠠ ᠬᠢᠨᠠᠨ ᠰᠢᠯᠭᠠᠬᠤ ᠡᠷᠦᠬᠡ ᠳᠤ ᠬᠠᠮᠤᠷᠤᠭᠤᠯᠵᠤ᠂ ᠨᠥᠬᠦᠴᠡᠯ ᠲᠠᠢ ᠭᠠᠵᠠᠷ ᠣᠷᠣᠨ ᠨᠢ ᠪᠥᠬᠦ ᠲᠣᠰᠬᠤᠨ ᠢᠶᠠᠷ | ᠲᠦᠯᠬᠢᠨ ᠠᠬᠢᠭᠤᠯᠬᠤ ᠶᠢ ᠵᠣᠷᠢᠭᠵᠢᠭᠤᠯᠤᠨ ᠬᠡᠷᠡᠭᠵᠢᠭᠦᠯᠵᠦ᠂ ᠪᠣᠳᠠᠲᠠᠢ ᠶᠢ ᠥᠯᠥ ᠬᠠᠶᠢᠬᠤᠷᠤᠨ᠂ ᠨᠢᠭᠡ ᠯᠡ | ᠳᠡᠭᠡᠷ᠎ᠡ ᠳᠦᠷᠭᠢᠯᠳᠦᠨ ᠬᠢᠬᠦ ᠶᠢ ᠡᠷᠡᠰ ᠬᠤᠷᠢᠭᠯᠠᠨ᠎ᠠ᠃ | 4. ᠵᠠᠰᠠᠭ ᠤᠨ ᠣᠷᠳᠣᠨ ᠠᠴᠠ ᠬᠥᠲᠥᠯᠥᠨ ᠵᠢᠯᠤᠭᠤᠳᠬᠤ᠂ ᠲᠠᠷᠢᠶᠠᠴᠢᠨ ᠡᠷᠦᠬᠡ ᠪᠠᠷ ᠭᠤᠣᠯ ᠴᠣᠭᠴᠠ | ᠪᠣᠯᠭᠠᠬᠤ ᠵᠠᠷᠴᠢᠮ ᠢ ᠪᠠᠷᠢᠮᠲᠠᠯᠠᠨ᠎ᠠ᠃ ᠲᠠᠷᠢᠶᠠᠴᠢᠨ ᠡᠷᠦᠬᠡ ᠶᠢᠨ ᠬᠦᠰᠡᠯ ᠰᠠᠨᠠᠭ᠎ᠠ ᠶᠢ ᠭᠦᠢᠴᠡᠳ ᠬᠦᠨᠳᠦᠳᠬᠡᠵᠦ᠂ | ᠲᠠᠷᠢᠶᠠᠴᠢᠨ ᠡᠷᠦᠬᠡ ᠠᠴᠠ ᠬᠦᠷᠢᠶ᠎ᠡ ᠬᠠᠰᠢᠶ᠎ᠠ ᠶᠢᠨ ᠠᠵᠤ ᠠᠬᠤᠢ ᠶᠢᠨ ᠱᠠᠩᠨᠠᠯ ᠨᠥᠬᠦᠪᠦᠷᠢ ᠶᠢᠨ ᠭᠠᠷᠴᠠᠭ ᠲᠠᠢ | ᠤᠶᠠᠯᠳᠤᠭᠤᠯᠤᠨ ᠬᠦᠷᠢᠶ᠎ᠡ ᠬᠠᠰᠢᠶ᠎ᠠ ᠶᠢᠨ ᠠᠵᠤ ᠠᠬᠤᠢ ᠶᠢᠨ ᠬᠥᠭᠵᠢᠯᠲᠡ ᠶᠢᠨ ᠲᠥᠷᠥᠯ ᠬᠡᠯᠪᠡᠷᠢ ᠶᠢ ᠪᠡᠶ᠎ᠡ ᠪᠠᠨ | ᠳᠠᠭᠠᠭᠠᠨ ᠰᠣᠩᠭᠤᠵᠤ᠂ ᠪᠠᠯᠭᠠᠰᠤ᠂ ᠲᠣᠰᠬᠤᠨ ᠨᠢ ᠲᠥᠷᠥ ᠶᠢᠨ ᠪᠣᠳᠣᠯᠭ᠎ᠠ ᠪᠠᠷ ᠬᠥᠲᠥᠯᠥᠨ ᠵᠢᠯᠤᠭᠤᠳᠬᠤ᠂ | ᠮᠡᠷᠭᠡᠵᠢᠯ ᠤᠨ ᠦᠢᠯᠡᠴᠢᠯᠡᠭᠡ᠂ ᠬᠡᠷᠡᠭᠯᠡᠭᠡ ᠪᠠᠷ ᠬᠠᠪᠰᠤᠷᠤᠨ ᠲᠡᠳᠬᠦᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ | ᠲᠠᠷᠢᠶᠠᠴᠢᠨ ᠡᠷᠦᠬᠡ ᠶᠢ ᠵᠣᠷᠢᠭᠵᠢᠭᠤᠯᠤᠨ ᠬᠥᠲᠥᠯᠥᠨ ᠵᠢᠯᠤᠭᠤᠳᠴᠤ ᠪᠠᠶᠢᠭᠠᠳ ᠲᠥᠷᠥᠯ ᠵᠦᠢᠯ ᠤᠨ ᠲᠥᠷᠥᠯ | ᠬᠡᠯᠪᠡᠷᠢ ᠶᠢ ᠨᠢ ᠨᠢᠭᠡᠳᠬᠡᠵᠦ᠂ ᠵᠣᠬᠢᠬᠤ ᠬᠡᠪᠴᠢᠶ᠎ᠡ ᠲᠠᠢ ᠬᠦᠷᠢᠶ᠎ᠡ ᠬᠠᠰᠢᠶ᠎ᠠ ᠶᠢᠨ ᠠᠵᠤ ᠠᠬᠤᠢ ᠶᠢ ᠬᠦᠴᠦᠯᠡᠨ ᠪᠣᠶ | ᠪᠣᠯᠭᠠᠨ᠎ᠠ᠃ | 5. ᠨᠢᠭᠡ ᠤᠳᠠᠭ᠎ᠠ ᠶᠢᠨ ᠴᠢᠨᠠᠷᠲᠠᠢ ᠪᠠᠷ ᠪᠦᠲᠦᠭᠡᠨ ᠪᠠᠶᠢᠭᠤᠯᠬᠤ᠂ ᠣᠯᠠᠨ ᠵᠢᠯ ᠢᠶᠠᠷ ᠠᠰᠢᠭ ᠭᠥᠷᠳᠡᠬᠦ | ᠵᠠᠷᠴᠢᠮ ᠢ ᠪᠠᠷᠢᠮᠲᠠᠯᠠᠨ᠎ᠠ᠃ ᠬᠦᠷᠢᠶ᠎ᠡ ᠬᠠᠰᠢᠶ᠎ᠠ ᠶᠢᠨ ᠠᠵᠤ ᠠᠬᠤᠢ ᠶᠢ ᠬᠥᠭᠵᠢᠭᠦᠯᠬᠦ ᠲᠠᠷᠢᠶᠠᠴᠢᠨ ᠡᠷᠦᠬᠡ ᠳᠤ | ᠵᠠᠷᠴᠢᠮ ᠳᠡᠭᠡᠷ᠎ᠡ ᠪᠠᠨ ᠵᠥᠪᠬᠡᠨ ᠨᠢᠭᠡ ᠯᠡ ᠤᠳᠠᠭ᠎ᠠ ᠶᠢᠨ ᠴᠢᠨᠠᠷᠲᠠᠢ ᠨᠥᠬᠦᠪᠦᠷᠢ ᠥᠭᠴᠦ᠂ ᠨᠢᠭᠡ ᠲᠥᠷᠥᠯ | ᠵᠦᠢᠯ ᠤᠨ ᠵᠢᠯ ᠤᠨ ᠪᠡᠯᠡ ᠣᠷᠣᠭᠤᠯᠤᠯᠲᠠ ᠶᠢᠨ ᠪᠠᠶᠢᠳᠠᠯ ᠢᠯᠡᠷᠡᠬᠦ ᠶᠢ ᠡᠷᠡᠰ ᠬᠤᠷᠢᠭᠯᠠᠬᠤ ᠬᠡᠷᠡᠭᠲᠡᠢ᠃ | ᠭᠤᠷᠪᠠ᠂ ᠲᠡᠳᠬᠦᠬᠦ ᠭᠤᠣᠯᠳᠠᠯᠭ᠎ᠠ | ᠡᠯ᠎ᠡ ᠪᠠᠯᠭᠠᠰᠤ ᠨᠢ ᠲᠣᠰᠬᠤᠨ ᠤ ᠡᠬᠢ ᠪᠠᠶᠠᠯᠢᠭ ᠤᠨ ᠳᠠᠪᠠᠭᠤᠯᠢᠭ ᠢᠶᠠᠨ ᠦᠨᠳᠦᠰᠦᠯᠡᠵᠦ᠂ ᠲᠤᠬᠠᠢ ᠶᠢᠨ | ᠭᠠᠵᠠᠷ ᠤᠨ ᠣᠨᠴᠠᠯᠢᠭ ᠲᠠᠢ ᠭᠤᠣᠯᠯᠠᠬᠤ ᠠᠵᠤ ᠦᠢᠯᠡᠰ ᠤᠨ ᠪᠠᠶᠢᠷᠢᠰᠢᠭᠤᠯᠤᠯᠲᠠ᠂ ᠲᠠᠷᠢᠶᠠᠴᠢᠨ ᠡᠷᠦᠬᠡ ᠶᠢᠨ ᠲᠣᠰ | ᠪᠡᠶ᠎ᠡ ᠶᠢᠨ ᠬᠥᠭᠵᠢᠯᠲᠡ ᠶᠢᠨ ᠴᠢᠳᠠᠪᠤᠷᠢ ᠵᠢᠴᠢ ᠬᠥᠭᠵᠢᠯᠲᠡ ᠶᠢᠨ ᠬᠦᠰᠡᠯ ᠰᠠᠨᠠᠭ᠎ᠠ ᠲᠠᠢ ᠤᠶᠠᠯᠳᠤᠭᠤᠯᠤᠨ᠂ | ᠲᠣᠬᠢᠷᠠᠮᠵᠢᠲᠠᠢ ᠠᠵᠤ ᠦᠢᠯᠡᠰ ᠤᠨ ᠲᠥᠷᠥᠯ ᠵᠦᠢᠯ ᠢ ᠰᠠᠶᠢᠲᠤᠷ ᠰᠣᠩᠭᠤᠵᠤ᠂ ᠬᠥᠭᠵᠢᠯᠲᠡ ᠶᠢᠨ ᠬᠡᠪᠴᠢᠶ᠎ᠡ ᠶᠢ | ᠪᠦᠷᠢᠯᠳᠦᠭᠦᠯᠦᠨ᠂ ᠠᠵᠤ ᠦᠢᠯᠡᠰ ᠤᠨ ᠲᠥᠪᠯᠡᠷᠡᠯ ᠤᠨ ᠬᠡᠮᠵᠢᠶ᠎ᠡ ᠶᠢ ᠴᠢᠷᠮᠠᠶᠢᠨ ᠳᠡᠭᠡᠭᠰᠢᠯᠡᠭᠦᠯᠵᠦ᠂ | ᠭᠤᠣᠯᠳᠠᠯᠭ᠎ᠠ ᠲᠠᠢ ᠲᠡᠳᠬᠦᠬᠦ ᠬᠦᠷᠢᠶ᠎ᠡ ᠬᠠᠰᠢᠶ᠎ᠠ ᠶᠢᠨ ᠠᠵᠤ ᠠᠬᠤᠢ ᠶᠢᠨ ᠲᠥᠷᠥᠯ ᠵᠦᠢᠯ ᠨᠢ ᠳᠣᠣᠷᠠᠬᠢ ᠮᠡᠲᠦ᠄ | ︵ᠨᠢᠭᠡ︶ ᠪᠠᠭ᠎ᠠ ᠲᠠᠷᠢᠮᠠᠯ᠃ ᠲᠠᠷᠢᠶᠠᠴᠢᠨ ᠡᠷᠦᠬᠡ ᠶᠢᠨ ᠬᠦᠷᠢᠶ᠎ᠡ ᠬᠠᠰᠢᠶ᠎ᠠ ᠶᠢ ᠠᠰᠢᠭᠯᠠᠨ ᠵᠢᠮᠢᠰ ᠤᠨ ᠮᠣᠳᠣ | ᠂ ᠰᠡᠷᠢᠭᠦᠨ ᠬᠦᠯᠡᠮᠵᠢ ᠶᠢᠨ ᠢᠳᠡᠰᠢᠨ ᠨᠣᠭᠤᠭ᠎ᠠ᠂ ᠳᠤᠯᠠᠭᠠᠨ ᠬᠦᠯᠡᠮᠵᠢ ᠶᠢᠨ ᠢᠳᠡᠰᠢᠨ ᠨᠣᠭᠤᠭ᠎ᠠ᠂ ᠬᠢᠲᠠᠳ | ᠡᠮ ᠤᠨ ᠮᠠᠲ᠋ᠧᠷᠢᠶᠠᠯ ︵ᠴᠢᠨ᠋ᠸ᠎ᠠ ᠶᠢᠨ ᠬᠠᠯᠲᠠᠷ᠂ ᠤᠯᠠᠭᠠᠨ ᠴᠠᠨ᠎ᠠ ᠵᠡᠷᠭᠡ ᠡᠮ ᠤᠨ ᠮᠠᠲ᠋ᠧᠷᠢᠶᠠᠯ ᠢ ᠭᠤᠣᠯᠳᠠᠯᠭ᠎ᠠ ᠲᠠᠢ | ᠲᠠᠷᠢᠨ᠎ᠠ︶᠂ ᠢᠳᠡᠰᠢᠨ ᠮᠥᠭᠦ ︵ᠬᠠᠷ᠎ᠠ ᠳᠡᠯᠳᠡᠦ᠂ ᠤᠯᠠᠭᠠᠨ ᠨᠠᠷᠠᠰᠤᠨ ᠮᠦᠬᠦ ᠵᠡᠷᠭᠡ ᠶᠢ ᠭᠤᠣᠯᠳᠠᠯᠭ᠎ᠠ ᠲᠠᠢ | ᠬᠥᠭᠵᠢᠭᠦᠯᠦᠨ᠎ᠡ︶ ᠳᠠᠷᠢᠬᠤ ᠵᠢᠴᠢ ᠬᠠᠮᠢᠶ᠎ᠠ ᠪᠦᠬᠦᠢ ᠰᠠᠭᠤᠷᠢ ᠲᠦᠬᠦᠭᠡᠷᠣᠮᠵᠢ ᠶᠢᠨ ᠪᠦᠲᠦᠭᠡᠨ ᠪᠠᠶᠢᠭᠤᠯᠤᠯᠲᠠ ᠶᠢ | ᠳᠡᠮᠵᠢᠨ᠎ᠡ᠃ | ︵ᠬᠤᠶᠠᠷ︶ ᠵᠢᠵᠢᠭ ᠬᠡᠪᠴᠢᠶᠡᠨ ᠤ ᠲᠡᠵᠢᠭᠡᠨ ᠦᠷᠡᠵᠢᠭᠦᠯᠬᠦ ᠦᠢᠯᠡᠰ᠃ ᠬᠡᠭᠡᠷ᠎ᠡ ᠶᠢᠨ ᠭᠠᠭ᠋ᠠᠢ᠂ ᠪᠤᠭᠤ᠂ | ᠦᠬᠡᠷ᠂ ᠮᠣᠷᠢ᠂ ᠲᠠᠤᠯᠠᠢ ᠵᠡᠷᠭᠡ ᠮᠠᠯ ᠠᠵᠤ ᠠᠬᠤᠢ᠂ ᠲᠡᠮᠡᠭᠡᠨ ᠬᠢᠷᠭᠤᠤᠯ᠂ ᠲᠠᠭᠲᠠᠭ᠎ᠠ᠂ ᠲᠠᠬᠢᠶ᠎ᠠ ᠨᠤᠭᠤᠰᠤ | ᠭᠠᠯᠠᠭᠤ ᠵᠡᠷᠭᠡ ᠵᠢᠭᠦᠷᠲᠡᠨ ᠤ ᠠᠵᠤ ᠦᠢᠯᠡᠰ ᠵᠢᠴᠢ ᠬᠠᠮᠢᠶ᠎ᠠ ᠪᠦᠬᠦᠢ ᠰᠠᠭᠤᠷᠢ ᠲᠦᠬᠦᠭᠡᠷᠣᠮᠵᠢ ᠶᠢᠨ ᠪᠦᠲᠦᠭᠡᠨ | ᠪᠠᠶᠢᠭᠤᠯᠤᠯᠲᠠ ᠶᠢ ᠳᠡᠮᠵᠢᠨ᠎ᠡ᠃ | ︵ᠭᠤᠷᠪᠠ︶ ᠵᠢᠵᠢᠭ ᠭᠠᠷ ᠤᠷᠠᠯᠠᠯ ᠤᠨ ᠦᠢᠯᠡᠰ᠃ ᠲᠠᠷᠢᠶᠠᠴᠢᠨ ᠡᠷᠦᠭᠡ ᠶᠢᠨ ᠬᠦᠷᠢᠶ᠎ᠡ ᠬᠠᠰᠢᠶ᠎ᠠ᠂ ᠰᠤᠯᠠ | ᠪᠠᠶᠢᠬᠤ ᠭᠡᠷ ᠪᠠᠶᠢᠰᠢᠩ ᠢ ᠠᠰᠢᠭᠯᠠᠵᠤ᠂ ᠪᠤᠷᠭᠠᠰᠤᠨ ᠭᠦᠷᠦᠮᠡᠯ᠂ ᠭᠠᠷ ᠤᠷᠠᠯᠠᠯ ᠤᠨ ᠪᠦᠲᠦᠭᠡᠭᠳᠡᠬᠦᠨ ᠵᠡᠷᠭᠡ ᠶᠢ | ᠡᠳ᠋ᠰᠢᠭᠦᠯᠦᠨ ᠪᠣᠯᠪᠠᠰᠤᠷᠠᠭᠤᠯᠬᠤ ᠠᠵᠢᠯ ᠢ ᠬᠥᠭᠵᠢᠭᠦᠯᠦᠨ᠎ᠡ᠃ | ︵ᠳᠥᠷᠪᠡ︶ ᠵᠢᠵᠢᠭ ᠬᠤᠳᠠᠯᠳᠤᠭ᠎ᠠ ᠶᠢᠨ ᠦᠢᠯᠡᠰ᠃ ᠨᠥᠬᠦᠴᠡᠯ ᠲᠠᠢ ᠲᠠᠷᠢᠶᠠᠴᠢᠨ ᠡᠷᠦᠬᠡ ᠶᠢᠨ ᠵᠢᠵᠢᠭ | ᠳᠡᠯᠭᠡᠭᠦᠷ᠂ ᠵᠢᠵᠢᠭ ᠢᠳᠡᠭᠡᠨ ᠤ ᠳᠡᠯᠭᠡᠭᠦᠷ᠂ ᠵᠢᠵᠢᠭ ᠨᠣᠭᠤᠭ᠎ᠠ ᠶᠢᠨ ᠳᠡᠯᠭᠡᠭᠦᠷ᠂ ᠲᠠᠷᠢᠶᠠᠴᠢᠨ ᠠᠶᠢᠯ ᠤᠨ ᠵᠤᠭᠠᠴᠠᠯ᠂ | ᠯᠢᠨ ᠵᠢᠶᠠ ᠵᠤᠭᠠᠴᠠᠯ᠂ ᠠᠷᠠᠳ ᠤᠨ ᠪᠠᠭᠤᠳᠠᠯ᠂ ᠭᠡᠷ ᠪᠦᠯᠢ ᠶᠢᠨ ᠵᠣᠴᠢᠳ ᠤᠨ ᠪᠠᠭᠤᠳᠠᠯ᠂ ᠰᠡᠯᠪᠢᠨ ᠵᠠᠰᠠᠬᠤ | ᠫᠦᠰᠡ᠂ ᠦᠰᠦ ᠵᠠᠰᠠᠬᠤ ᠭᠠᠵᠠᠷ ᠵᠡᠷᠭᠡ ᠶᠢ ᠪᠠᠶᠢᠭᠤᠯᠬᠤ ᠶᠢ ᠳᠡᠮᠵᠢᠨ᠎ᠡ᠃ | ︵ᠲᠠᠪᠤ︶ ᠵᠢᠵᠢᠭ ᠡᠯᠧᠺᠲᠷᠣᠨ ᠬᠤᠳᠠᠯᠳᠤᠭ᠎ᠠ ᠶᠢᠨ ᠦᠢᠯᠡᠰ᠃ ᠨᠥᠬᠦᠴᠡᠯ ᠲᠠᠢ ᠲᠠᠷᠢᠶᠠᠴᠢᠨ ᠡᠷᠦᠬᠡ ᠶᠢᠨ | ᠰᠦᠯᠵᠢᠶ᠎ᠡ ᠪᠠᠷ ᠪᠣᠷᠣᠯᠠᠭᠤᠯᠬᠤ ᠪᠠ ᠲᠦᠷᠭᠡᠨ ᠬᠦᠷᠭᠡᠬᠦ ᠲᠤᠬᠠᠶᠢᠯᠠᠭᠰᠠᠨ ᠠᠵᠢᠯ ᠥᠷᠨᠢᠭᠦᠯᠬᠦ ᠶᠢ ᠳᠡᠮᠵᠢᠵᠦ᠂ ᠡᠷᠬᠢᠨ | ᠲᠣᠭᠤᠷᠢᠨ ᠤ ᠲᠠᠷᠢᠶᠠᠴᠢᠨ ᠡᠷᠦᠬᠡ ᠶᠢ ᠬᠠᠪᠰᠤᠷᠤᠨ ᠲᠠᠷᠢᠶᠠᠯᠠᠩ ᠤᠨ ᠣᠨᠴᠠ ᠭᠠᠷᠤᠯᠲᠠ ᠶᠢ ᠪᠣᠷᠣᠯᠠᠭᠤᠯᠤᠨ᠂ | ᠦᠢᠯᠡᠳᠪᠦᠷᠢᠯᠡᠯ ᠠᠮᠢᠳᠤᠷᠠᠯ ᠤᠨ ᠬᠡᠷᠡᠭᠰᠡᠯ ᠬᠤᠳᠠᠯᠳᠤᠨ ᠠᠪᠴᠤ᠂ ᠬᠤᠳᠠᠯᠳᠤᠨ ᠠᠪᠬᠤ ᠪᠠ ᠪᠣᠷᠣᠯᠠᠭᠤᠯᠬᠤ ᠶᠢᠨ | ᠳᠤᠮᠳᠠᠬᠢ ᠶᠠᠪᠤᠴᠠ ᠶᠢ ᠪᠠᠭᠠᠰᠬᠠᠨ᠂ ᠲᠠᠷᠢᠶᠠᠯᠠᠩ ᠮᠠᠯ ᠠᠵᠤ ᠠᠬᠤᠢ ᠶᠢᠨ ᠪᠦᠲᠦᠭᠡᠭᠳᠡᠬᠦᠨ ᠤ ᠠᠯᠳᠠᠷᠰᠢᠯ ᠪᠠ | ᠨᠡᠮᠡᠯᠲᠡ ᠥᠷᠲᠡᠭ ᠢ ᠳᠡᠭᠡᠭᠰᠢᠯᠡᠭᠦᠯᠵᠦ᠂ ᠲᠠᠷᠢᠶᠠᠴᠢᠨ ᠡᠷᠦᠬᠡ ᠶᠢᠨ ᠣᠷᠣᠯᠭ᠎ᠠ ᠶᠢ ᠨᠡᠮᠡᠭᠳᠡᠭᠦᠯᠦᠨ᠎ᠡ᠃ | ︵ᠵᠢᠷᠭᠤᠭ᠎ᠠ︶ ᠵᠢᠵᠢᠭ ᠦᠢᠯᠡᠳᠬᠡᠯ ᠤᠨ ᠦᠢᠯᠡᠰ᠃ ᠨᠥᠬᠦᠴᠡᠯ ᠲᠠᠢ ᠲᠠᠷᠢᠶᠠᠴᠢᠨ ᠡᠷᠦᠬᠡ ᠶᠢᠨ ᠵᠢᠵᠢᠭ | ᠦᠢᠯᠡᠳᠬᠡᠯ ᠤᠨ ᠭᠠᠵᠠᠷ ᠡᠷᠭᠢᠯᠡᠬᠦ ᠶᠢ ᠳᠡᠮᠵᠢᠵᠦ᠂ ᠣᠨᠴᠠᠯᠢᠭ ᠲᠠᠢ ᠵᠢᠵᠢᠭ ᠢᠳᠡᠭᠡᠨ᠂ ᠪᠤᠷᠴᠠᠭ ᠤᠨ ᠢᠳᠡᠭᠡᠨ᠂ | ᠴᠠᠭᠠᠨ ᠢᠳᠡᠭᠡ᠂ ᠣᠶ ᠶᠢᠨ ᠬᠤᠷᠮᠣᠢ ᠶᠢᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ᠂ ᠲᠠᠷᠢᠶᠠᠯᠠᠩ ᠮᠠᠯ ᠠᠵᠤ | ᠠᠬᠤᠢ ᠶᠢᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ᠂ ᠵᠣᠭᠠᠴᠠᠯ ᠤᠨ ᠳᠤᠷᠠᠰᠬᠠᠯ ᠤᠨ ᠡᠳ᠋ ᠦᠢᠯᠡᠳᠬᠦ ᠵᠡᠷᠭᠡ ᠶᠢ | ᠡᠳ᠋ᠰᠢᠭᠦᠯᠦᠨ ᠪᠣᠷᠣᠯᠠᠭᠤᠯᠤᠨ᠎ᠠ᠃ | ︵ᠳᠣᠯᠤᠭ᠎ᠠ︶ ᠪᠤᠰᠤᠳ ᠲᠥᠷᠥᠯ ᠵᠦᠢᠯ᠃ ᠳᠡᠭᠡᠷᠡᠬᠢ ᠬᠡᠪᠴᠢᠶᠡᠨ ᠳᠤ ᠣᠷᠣᠭᠤᠯᠤᠭᠠᠳᠤᠢ᠂ ᠬᠤᠯᠪᠣᠭᠳᠠᠯ | ᠪᠦᠬᠦᠢ ᠲᠥᠷᠥ ᠶᠢᠨ ᠪᠣᠳᠣᠯᠭ᠎ᠠ ᠶᠢ ᠵᠥᠷᠢᠴᠡᠬᠦ ᠦᠭᠡᠢ ᠮᠥᠷᠲᠡᠭᠡᠨ ᠲᠠᠷᠢᠶᠠᠴᠢᠨ ᠡᠷᠦᠬᠡ ᠶᠢᠨ ᠣᠷᠣᠯᠭ᠎ᠠ ᠶᠢ | ᠨᠡᠮᠡᠭᠳᠡᠭᠦᠯᠬᠦ ᠳᠤ ᠠᠰᠢᠭᠲᠠᠢ ᠪᠤᠰᠤᠳ ᠬᠦᠷᠢᠶ᠎ᠡ ᠬᠠᠰᠢᠶ᠎ᠠ ᠶᠢᠨ ᠠᠵᠤ ᠠᠬᠤᠢ ᠶᠢᠨ ᠲᠥᠷᠥᠯ ᠵᠦᠢᠯ ᠳᠤ ᠠᠳᠠᠯᠢᠬᠠᠨ | ᠲᠡᠳᠬᠦᠬᠦ ᠲᠥᠷᠥ ᠶᠢᠨ ᠪᠣᠳᠣᠯᠭ᠎ᠠ ᠶᠢ ᠭᠥᠷᠳᠡᠵᠦ᠂ ᠡᠯ᠎ᠡ ᠪᠠᠯᠭᠠᠰᠤ ᠪᠠᠷ ᠣᠨᠴᠣᠭᠤᠢ ᠵᠢᠱᠢᠶ᠎ᠡ ᠪᠣᠯᠭᠠᠵᠤ ᠬᠤᠲᠠ ᠶᠢᠨ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠳᠤ ᠮᠡᠳᠡᠭᠦᠯᠦᠨ ᠳᠠᠩᠰᠠᠯᠠᠭᠤᠯᠵᠤ ᠬᠢᠨᠠᠨ | ᠬᠠᠷᠭᠤᠭᠤᠯᠬᠤ ᠶᠢᠨ ᠬᠠᠮᠲᠤ ᠬᠤᠲᠠ ᠶᠢᠨ ᠳᠡᠰ ᠢᠶᠠᠷ ᠵᠥᠪᠰᠢᠶᠡᠷᠡᠭᠦᠯᠦᠭᠰᠡᠨ ᠤ ᠳᠠᠷᠠᠭ᠎ᠠ ᠱᠠᠩᠨᠠᠯ ᠨᠥᠬᠦᠪᠦᠷᠢ | ᠣᠯᠭᠤᠨ᠎ᠠ᠃ | ᠳᠥᠷᠪᠡ᠂ ᠪᠡᠯᠡ ᠮᠥᠩᠭᠦ ᠶᠢᠨ ᠢᠷᠡᠯᠲᠡ | ᠪᠡᠯᠡ ᠮᠥᠩᠭᠦ ᠶᠢᠨ ᠢᠷᠡᠯᠲᠡ ᠨᠢ ᠲᠥᠪ ᠪᠠ ᠥᠪᠡᠷᠲᠡᠭᠡᠨ ᠵᠠᠰᠠᠬᠤ ᠣᠷᠣᠨ ᠤ ᠵᠣᠯᠭᠠᠭᠤᠯᠤᠭᠰᠠᠨ ᠪᠡᠯᠡ | ᠮᠥᠩᠭᠦ ᠪᠠᠶᠢᠵᠤ᠂ 2023 ᠣᠨ ᠳᠤ ᠨᠡᠶᠢᠲᠡ 191 ᠲᠦᠮᠡᠨ ᠲᠥᠭᠦᠷᠢᠭ ᠤᠨ ᠱᠠᠩᠨᠠᠯ ᠨᠥᠬᠦᠪᠦᠷᠢ ᠶᠢᠨ ᠪᠡᠯᠡ | ᠮᠥᠩᠭᠦ ᠲᠣᠬᠢᠷᠠᠭᠤᠯᠪᠠ᠃ | ᠲᠠᠪᠤ᠂ ᠱᠠᠩᠨᠠᠵᠤ ᠲᠤᠰᠠᠯᠠᠬᠤ ᠪᠠᠷᠢᠮᠵᠢᠶ᠎ᠠ | ᠶᠠᠳᠠᠭᠤ ᠠᠴᠠ ᠠᠩᠭᠢᠵᠢᠷᠠᠭᠤᠯᠬᠤ ᠡᠷᠦᠬᠡ᠂ ᠬᠢᠨᠠᠨ ᠰᠢᠯᠭᠠᠬᠤ ᠡᠷᠦᠬᠡ ᠶᠢᠨ ᠱᠠᠩᠨᠠᠵᠤ ᠨᠥᠬᠦᠪᠦᠷᠢᠯᠡᠬᠦ ᠬᠠᠮᠤᠭ | ᠥᠨᠳᠥᠷ ᠪᠠᠷᠢᠮᠵᠢᠶ᠎ᠠ ᠨᠢ 4000 ᠲᠥᠭᠦᠷᠢᠭ \ ᠡᠷᠦᠬᠡ ︵ᠣᠯᠠᠨ ᠲᠥᠷᠥᠯ ᠤᠨ ᠬᠦᠷᠢᠶᠡᠨ ᠤ ᠠᠵᠤ ᠠᠬᠤᠢ ᠶᠢ | ᠬᠥᠭᠵᠢᠭᠦᠯᠬᠦ ᠳᠤ ᠣᠯᠭᠤᠬᠤ ᠨᠥᠬᠦᠪᠦᠷᠢ ᠶᠢ ᠨᠡᠶᠢᠲᠡ 4000 ᠲᠥᠭᠦᠷᠢᠭ ᠠᠴᠠ ᠬᠡᠲᠦᠷᠡᠭᠦᠯᠬᠦ ᠦᠭᠡᠢ᠂ ᠠᠵᠤ | ᠦᠢᠯᠡᠰ ᠤᠨ ᠵᠢᠭᠡᠯᠡᠭᠰᠡᠨ ᠵᠣᠭᠤᠰ ᠢ ᠬᠡᠷᠡᠭᠯᠡᠨ ᠬᠦᠷᠢᠶᠡᠨ ᠤ ᠠᠵᠤ ᠠᠬᠤᠢ ᠶᠢᠨ ᠡᠷᠦᠬᠡ ᠶᠢ ᠥᠪᠡᠰᠦᠪᠡᠨ | ᠬᠥᠭᠵᠢᠭᠦᠯᠵᠦ᠂ ᠬᠤᠶᠠᠷ ᠲᠥᠷᠥᠯ ᠤᠨ ᠱᠠᠩᠨᠠᠵᠤ ᠨᠥᠬᠦᠪᠦᠷᠢᠯᠡᠬᠦ ᠪᠡᠯᠡ ᠮᠥᠩᠭᠦ ᠶᠢᠨ ᠶᠡᠷᠦᠩᠬᠡᠢ ᠲᠤᠭ᠎ᠠ ᠨᠢ | 4000 ᠲᠥᠭᠦᠷᠢᠭ ᠠᠴᠠ ᠬᠡᠲᠦᠷᠡᠭᠦᠯᠬᠦ ᠦᠭᠡᠢ︶᠂ ᠡᠩ ᠤᠨ ᠡᠷᠦᠬᠡ ᠶᠢᠨ ᠱᠠᠩᠨᠠᠵᠤ ᠨᠥᠬᠦᠪᠦᠷᠢᠯᠡᠬᠦ ᠬᠠᠮᠤᠭ ᠤᠨ | ᠥᠨᠳᠥᠷ ᠪᠠᠷᠢᠮᠵᠢᠶ᠎ᠠ ᠶᠢ ᠡᠷᠦᠬᠡ ᠪᠦᠷᠢ ᠳᠤ 3000 ᠲᠥᠭᠦᠷᠢᠭ ︵ᠣᠯᠠᠨ ᠵᠦᠢᠯ ᠤᠨ ᠬᠦᠷᠢᠶ᠎ᠡ ᠬᠠᠰᠢᠶ᠎ᠠ ᠶᠢᠨ | ᠠᠵᠤ ᠠᠬᠤᠢ ᠶᠢ ᠬᠥᠭᠵᠢᠭᠦᠯᠬᠦ ᠳᠤ ᠣᠯᠭᠤᠬᠤ ᠨᠥᠬᠦᠪᠦᠷᠢ ᠶᠢ ᠨᠡᠶᠢᠲᠡ ᠡᠷᠦᠬᠡ ᠪᠦᠷᠢ ᠳᠤ 3000 | ᠲᠥᠭᠦᠷᠢᠭ ᠠᠴᠠ ᠳᠠᠪᠠᠭᠤᠯᠬᠤ ᠦᠭᠡᠢ᠂ ᠠᠵᠤ ᠦᠢᠯᠡᠰ ᠤᠨ ᠵᠢᠭᠡᠯᠡᠭᠰᠡᠨ ᠵᠣᠭᠤᠰ ᠢ ᠬᠡᠷᠡᠭᠯᠡᠨ ᠥᠪᠡᠷ ᠢ ᠪᠠᠨ | ᠬᠥᠭᠵᠢᠭᠦᠯᠬᠦ ᠬᠦᠷᠢᠶ᠎ᠡ ᠬᠠᠰᠢᠶ᠎ᠠ ᠶᠢᠨ ᠠᠵᠤ ᠠᠬᠤᠢ ᠶᠢᠨ ᠡᠷᠦᠬᠡ ᠳᠤ ᠬᠤᠶᠠᠷ ᠵᠦᠢᠯ ᠤᠨ ᠱᠠᠩᠨᠠᠵᠤ ᠨᠥᠬᠦᠪᠦᠷᠢᠯᠡᠬᠦ | ᠪᠡᠯᠡ ᠮᠥᠩᠭᠦ ᠶᠢᠨ ᠶᠡᠷᠦᠩᠬᠡᠢ ᠲᠤᠭ᠎ᠠ ᠶᠢ 3000 ᠲᠥᠭᠦᠷᠢᠭ ᠠᠴᠠ ᠳᠠᠪᠠᠭᠤᠯᠬᠤ ᠦᠭᠡᠢ︶ ᠪᠠᠶᠢᠯᠭᠠᠨ᠎ᠠ᠃ | ᠱᠠᠩᠨᠠᠵᠤ ᠨᠥᠬᠦᠪᠦᠷᠢᠯᠡᠬᠦ ᠪᠣᠳᠠᠲᠠᠢ ᠵᠣᠭᠤᠰ ᠤᠨ ᠲᠤᠭ᠎ᠠ ᠶᠢ ᠷᠠᠰᠢᠶᠠᠨ ᠬᠤᠲᠠ ᠶᠢᠨ ᠬᠦᠷᠢᠶ᠎ᠡ ᠬᠠᠰᠢᠶ᠎ᠠ ᠶᠢᠨ ᠠᠵᠤ | ᠠᠬᠤᠢ ᠶᠢᠨ ᠱᠠᠩᠨᠠᠵᠤ ᠨᠥᠬᠦᠪᠦᠷᠢᠯᠡᠬᠦ ᠭᠠᠷᠴᠠᠭ ︵ᠠᠷᠤ ᠳᠤ ᠳᠠᠭᠠᠯᠳᠤᠭᠤᠯᠪᠠ︶ ᠤᠨ ᠪᠠᠷᠢᠮᠵᠢᠶ᠎ᠠ ᠶᠢ ᠦᠨᠳᠦᠰᠦᠯᠡᠨ | ᠪᠤᠳᠤᠨ᠎ᠠ᠃ ᠱᠠᠩᠨᠠᠵᠤ ᠨᠥᠬᠦᠪᠦᠷᠢᠯᠡᠬᠦ ᠬᠠᠮᠤᠭ ᠤᠨ ᠥᠨᠳᠥᠷ ᠪᠠᠷᠢᠮᠵᠢᠶ᠎ᠠ ᠠᠴᠠ ᠳᠣᠣᠷ᠎ᠠ ᠪᠠᠶᠢᠪᠠᠯ᠂ ᠪᠤᠳᠤᠭᠰᠠᠨ | ᠦᠷ᠎ᠡ ᠳ᠋ᠦᠩ ᠤᠨ ᠶᠣᠰᠣᠭᠠᠷ ᠬᠡᠷᠡᠭᠵᠢᠭᠦᠯᠵᠦ᠂ ᠱᠠᠩᠨᠠᠵᠤ ᠨᠥᠬᠦᠪᠦᠷᠢᠯᠡᠬᠦ ᠬᠠᠮᠤᠭ ᠤᠨ ᠥᠨᠳᠥᠷ ᠪᠠᠷᠢᠮᠵᠢᠶ᠎ᠠ ᠠᠴᠠ | ᠥᠨᠳᠥᠷ ᠪᠠᠶᠢᠪᠠᠯ᠂ ᠱᠠᠩᠨᠠᠵᠤ ᠨᠥᠬᠦᠪᠦᠷᠢᠯᠡᠬᠦ ᠬᠠᠮᠤᠭ ᠤᠨ ᠥᠨᠳᠥᠷ ᠵᠣᠭᠤᠰ ᠤᠨ ᠲᠤᠭ᠎ᠠ ᠪᠠᠷ ᠬᠡᠷᠡᠭᠵᠢᠭᠦᠯᠦᠨ᠎ᠡ᠃ | ᠵᠢᠷᠭᠤᠭ᠎ᠠ᠂ ᠬᠡᠷᠡᠭᠵᠢᠭᠦᠯᠬᠦ ᠲᠡᠰ ᠳᠠᠷᠠᠭᠠᠯᠠᠯ | ᠪᠥᠬᠦ ᠬᠤᠲᠠ ᠶᠢᠨ ᠬᠦᠷᠢᠶᠡᠨ ᠤ ᠠᠵᠤ ᠠᠬᠤᠢ ᠶᠢ ᠬᠥᠭᠵᠢᠭᠦᠯᠬᠦ ᠠᠵᠢᠯ ᠢ ᠬᠤᠲᠠ ᠶᠢᠨ ᠱᠠᠲᠤᠨ ᠠᠴᠠ | ᠨᠢᠭᠡᠳᠦᠯᠲᠡᠢ ᠲᠥᠯᠥᠪᠯᠡᠵᠦ᠂ ᠰᠢᠶᠠᠩ ᠪᠠᠯᠭᠠᠰᠤ ᠨᠠᠶᠢᠳᠠᠪᠤᠷᠢᠵᠢᠭᠤᠯᠤᠯᠲᠠ ᠶᠢ ᠴᠢᠩᠭᠠᠳᠬᠠᠨ᠂ ᠲᠣᠰᠬᠤᠨ ᠢᠶᠠᠷ | ᠬᠡᠷᠡᠭᠵᠢᠭᠦᠯᠬᠦ ᠭᠤᠣᠯ ᠴᠣᠭᠴᠠ ᠪᠣᠯᠭᠠᠵᠤ᠂ ᠪᠠᠯᠭᠠᠰᠤ ᠨᠢᠭᠡᠪᠦᠷᠢ ᠨᠢ ᠪᠠᠯᠭᠠᠰᠤ ᠪᠠᠷ ᠨᠢᠭᠡᠴᠢ ᠪᠣᠯᠭᠠᠨ ᠬᠡᠷᠡᠭᠵᠢᠭᠦᠯᠬᠦ | ᠲᠥᠰᠥᠯ ᠢ ᠨᠠᠶᠢᠷᠠᠭᠤᠯᠤᠨ ᠵᠣᠬᠢᠶᠠᠵᠤ᠂ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠣᠳᠠᠲᠠᠢ ᠬᠡᠷᠡᠭᠵᠢᠭᠦᠯᠬᠦ ᠲᠠᠰ | ᠳᠠᠷᠠᠭᠠᠯᠠᠯ ᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠢ ᠵᠣᠯᠭᠠᠭᠤᠯᠤᠨ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠲᠦᠯᠬᠢᠨ ᠠᠬᠢᠭᠤᠯᠬᠤ ᠨᠥᠬᠦᠪᠦᠷᠢ ᠪᠡᠯᠡ ᠮᠥᠩᠭᠦ ᠶᠢᠨ | ᠬᠠᠮᠢᠶᠠᠷᠤᠯᠲᠠ ᠶᠢᠨ ᠠᠷᠭ᠎ᠠ︾ ᠳᠤ ᠲᠣᠭᠲᠠᠭᠠᠭᠰᠠᠨ ᠲᠠᠰ ᠳᠠᠷᠠᠭᠠᠯᠠᠯ ᠢᠶᠠᠷ ᠬᠡᠷᠡᠭᠵᠢᠭᠦᠯᠬᠦ ᠬᠡᠷᠡᠭᠲᠡᠢ᠃ ᠲᠠᠪᠤᠨ | ᠵᠠᠩᠭᠢᠯᠠᠭ᠎ᠠ ᠶᠢ ᠪᠣᠳᠠᠲᠠᠢ ᠪᠠᠷ ᠰᠠᠶᠢᠲᠤᠷ ᠠᠳᠬᠤᠨ᠎ᠠ᠄ | ︵ᠨᠢᠭᠡ︶ ᠭᠠᠴᠠᠭᠠᠨ ᠤ ᠱᠠᠲᠤᠨ ᠤ ᠮᠡᠳᠡᠭᠦᠯᠬᠦ ᠭᠤᠭᠴᠤᠭ᠎ᠠ᠃ ᠲᠣᠰᠬᠤᠨ ᠤ ᠱᠠᠲᠤᠨ ᠤ ᠬᠢᠨ ᠬᠤᠲᠠ᠂ | ᠪᠠᠯᠭᠠᠰᠤᠨ ᠤ ᠬᠦᠷᠢᠶᠡᠨ ᠤ ᠠᠵᠤ ᠠᠬᠤᠢ ᠶᠢᠨ ᠬᠡᠷᠡᠭᠵᠢᠭᠦᠯᠬᠦ ᠲᠥᠰᠥᠯ ᠤᠨ ᠱᠠᠩᠨᠠᠯ ᠨᠥᠬᠦᠪᠦᠷᠢ ᠶᠢᠨ ᠭᠠᠷᠴᠠᠭ ᠤᠨ | ᠲᠣᠭᠲᠠᠭᠠᠯ ᠢ ᠦᠨᠳᠦᠰᠦᠯᠡᠵᠦ᠂ ᠴᠢᠨᠠᠷ ᠰᠠᠶᠢᠲᠠᠢ ᠬᠦᠷᠢᠶᠡᠨ ᠤ ᠠᠵᠤ ᠠᠬᠤᠢ ᠶᠢᠨ ᠬᠥᠭᠵᠢᠯᠲᠡ ᠶᠢᠨ ᠲᠥᠷᠥᠯ | ᠵᠦᠢᠯ ᠤᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠥᠷᠭᠡᠨ ᠳᠡᠯᠭᠡᠷ ᠤᠬᠠᠭᠤᠯᠵᠤ᠂ ᠲᠠᠷᠢᠶᠠᠴᠢᠨ ᠡᠷᠦᠬᠡ ᠶᠢᠨ | ᠲᠥᠷᠥᠯ ᠵᠦᠢᠯ ᠤᠨ ᠬᠡᠷᠡᠭᠵᠢᠭᠦᠯᠬᠦ ᠰᠠᠨᠠᠯ ᠢ ᠵᠣᠬᠢᠶᠠᠨ ᠪᠠᠶᠢᠭᠤᠯᠤᠨ ᠬᠤᠷᠢᠶᠠᠵᠤ᠂ ᠲᠠᠷᠢᠶᠠᠴᠢᠨ ᠡᠷᠦᠬᠡ ᠶᠢᠨ ᠴᠢᠨᠠᠷ | ᠰᠠᠶᠢᠲᠠᠢ ᠬᠦᠷᠢᠶᠡᠨ ᠤ ᠠᠵᠤ ᠠᠬᠤᠢ ᠶᠢᠨ ᠬᠥᠭᠵᠢᠯᠲᠡ ᠶᠢᠨ ᠬᠦᠰᠡᠯ ᠡᠷᠡᠮᠡᠯᠵᠡᠯ ᠤᠨ ᠪᠠᠶᠢᠴᠠᠭᠠᠯᠲᠠ ᠶᠢᠨ | ᠲᠣᠰᠬᠤᠨ ᠤ ᠱᠠᠲᠤᠨ ᠤ ᠬᠢᠨ ᠲᠠᠷᠢᠶᠠᠴᠢᠨ ᠡᠷᠦᠬᠡ ᠶᠢᠨ ᠬᠥᠭᠵᠢᠯᠲᠡ ᠶᠢᠨ ᠬᠦᠰᠡᠯ ᠰᠠᠨᠠᠭ᠎ᠠ ᠶᠢ | ᠬᠤᠷᠢᠶᠠᠩᠭᠤᠶᠢᠯᠠᠭᠰᠠᠨ ᠤ ᠳᠠᠷᠠᠭ᠎ᠠ᠂ ᠲᠣᠰᠬᠤᠨ ᠤ ᠴᠢᠨᠠᠷ ᠰᠠᠶᠢᠲᠠᠢ ᠬᠦᠷᠢᠶ᠎ᠡ ᠬᠠᠰᠢᠶᠠᠨ ᠤ ᠠᠵᠤ ᠠᠬᠤᠢ ᠶᠢ | ᠬᠡᠷᠡᠭᠵᠢᠭᠦᠯᠬᠦ ᠲᠥᠯᠥᠪᠯᠡᠭᠡ ᠶᠢᠨ ᠬᠦᠰᠦᠨᠦᠭᠲᠦ ᠶᠢ ᠪᠣᠶ ᠪᠣᠯᠭᠠᠵᠤ᠂ ᠲᠣᠰᠬᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠢᠶᠠᠷ ᠬᠢᠨᠠᠨ ᠵᠥᠪᠯᠡᠭᠦᠯᠵᠦ ᠵᠥᠪᠰᠢᠶᠡᠷᠡᠭᠦᠯᠦᠭᠰᠡᠨ ᠤ ᠳᠠᠷᠠᠭ᠎ᠠ 5 ᠠᠵᠢᠯᠯᠠᠬᠤ | ᠡᠳᠦᠷ ᠵᠠᠷᠯᠠᠨ ᠨᠡᠶᠢᠲᠡᠯᠡᠵᠦ᠂ ᠵᠠᠷᠯᠠᠨ ᠨᠡᠶᠢᠲᠡᠯᠡᠬᠦ ᠳᠤ ᠣᠨᠳᠣᠣ ᠰᠠᠨᠠᠯ ᠦᠭᠡᠢ ᠪᠣᠯ ᠲᠣᠰᠬᠤᠨ ᠤ ᠴᠢᠨᠠᠷ ᠰᠠᠶᠢᠲᠠᠢ | ᠬᠦᠷᠢᠶ᠎ᠡ ᠬᠠᠰᠢᠶᠠᠨ ᠤ ᠠᠵᠤ ᠠᠬᠤᠢ ᠶᠢ ᠬᠥᠭᠵᠢᠭᠦᠯᠬᠦ ᠲᠥᠷᠥᠯ ᠵᠦᠢᠯ ᠤᠨ ᠲᠥᠯᠥᠪᠯᠡᠭᠡ ᠶᠢ ᠲᠠᠭᠯᠠᠵᠤ᠂ | ᠲᠣᠰᠬᠤᠨ ᠤ ᠠᠷᠠᠳ ᠤᠨ ᠲᠥᠯᠥᠭᠡᠯᠡᠭᠴᠢᠳ ᠤᠨ ᠬᠤᠷᠠᠯ ᠤᠨ ᠲᠡᠮᠳᠡᠭᠯᠡᠯ ᠤᠨ ᠬᠠᠭᠤᠯᠪᠤᠷᠢ ᠲᠠᠢ ᠨᠢ ᠬᠠᠮᠲᠤ | ᠪᠠᠯᠭᠠᠰᠤᠨ ᠳᠤ ᠮᠡᠳᠡᠭᠦᠯᠦᠨ ᠬᠦᠷᠭᠡᠵᠦ ᠬᠢᠨᠠᠨ ᠬᠠᠷᠭᠤᠭᠤᠯᠵᠤ ᠳᠠᠩᠰᠠᠯᠠᠭᠤᠯᠤᠨ᠎ᠠ᠃ | ︵ᠬᠤᠶᠠᠷ︶ ᠪᠠᠯᠭᠠᠰᠤᠨ ᠤ ᠱᠠᠲᠤᠨ ᠤ ᠬᠢᠨᠠᠨ ᠬᠠᠷᠭᠤᠭᠤᠯᠬᠤ ᠭᠤᠭᠴᠤᠭ᠎ᠠ᠃ ᠪᠠᠯᠭᠠᠰᠤᠨ ᠤ ᠱᠠᠲᠤᠨ ᠤ | ᠬᠢᠨ ᠡᠯ᠎ᠡ ᠲᠣᠰᠬᠤᠨ ᠤ ᠳᠡᠭᠡᠭᠰᠢ ᠮᠡᠳᠡᠭᠦᠯᠦᠭᠰᠡᠨ ᠲᠣᠰᠬᠤᠨ ᠤ ᠴᠢᠨᠠᠷ ᠰᠠᠶᠢᠲᠠᠢ ᠬᠦᠷᠢᠶᠡᠨ ᠤ ᠠᠵᠤ ᠠᠬᠤᠢ ᠶᠢᠨ | ᠲᠥᠷᠥᠯ ᠵᠦᠢᠯ ᠢ ᠬᠡᠷᠡᠭᠵᠢᠭᠦᠯᠬᠦ ᠲᠥᠯᠥᠪᠯᠡᠭᠡ ᠶᠢᠨ ᠬᠦᠰᠦᠨᠦᠭᠲᠦ ᠶᠢ ᠬᠤᠷᠢᠶᠠᠩᠭᠤᠶᠢᠯᠠᠭᠰᠠᠨ ᠤ ᠳᠠᠷᠠᠭ᠎ᠠ᠂ | ᠪᠠᠯᠭᠠᠰᠤᠨ ᠤ ᠴᠢᠨᠠᠷ ᠰᠠᠶᠢᠲᠠᠢ ᠬᠦᠷᠢᠶᠡᠨ ᠤ ᠠᠵᠤ ᠠᠬᠤᠢ ᠶᠢᠨ ᠬᠥᠭᠵᠢᠯᠲᠡ ᠶᠢᠨ ᠲᠥᠷᠥᠯ ᠵᠦᠢᠯ ᠤᠨ ᠣᠨ ᠤ | ᠬᠡᠷᠡᠭᠵᠢᠭᠦᠯᠬᠦ ᠲᠥᠰᠥᠯ ᠢ ᠨᠠᠶᠢᠷᠠᠭᠤᠯᠤᠨ ᠵᠣᠬᠢᠶᠠᠵᠤ᠂ ᠪᠠᠯᠭᠠᠰᠤᠨ ᠤ ᠨᠠᠮ ᠤᠨ ᠬᠤᠷᠢᠶ᠎ᠠ ᠶᠢᠨ ᠬᠤᠷᠠᠯ ᠢᠶᠠᠷ ᠬᠢᠨᠠᠨ | ᠵᠥᠪᠰᠢᠶᠡᠷᠡᠭᠦᠯᠦᠭᠰᠡᠨ ᠤ ᠳᠠᠷᠠᠭ᠎ᠠ᠂ ᠪᠠᠯᠭᠠᠰᠤᠨ ᠤ ᠱᠠᠲᠤᠨ ᠳᠤ 5 ᠠᠵᠢᠯᠯᠠᠬᠤ ᠡᠳᠦᠷ ᠵᠠᠷᠯᠠᠨ ᠨᠡᠶᠢᠲᠡᠯᠡᠵᠦ᠂ | ᠵᠠᠷᠯᠠᠨ ᠨᠡᠶᠢᠲᠡᠯᠡᠬᠦ ᠳᠤ ᠣᠨᠳᠣᠣ ᠰᠠᠨᠠᠯ ᠦᠭᠡᠢ ᠪᠣᠯᠤᠭᠰᠠᠨ ᠤ ᠳᠠᠷᠠᠭ᠎ᠠ ᠬᠡᠷᠡᠭᠵᠢᠭᠦᠯᠬᠦ ᠲᠥᠰᠥᠯ ᠢᠶᠠᠨ ᠬᠤᠲᠠ ᠶᠢᠨ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠳᠤ ᠮᠡᠳᠡᠭᠦᠯᠦᠨ ᠬᠦᠷᠭᠡᠵᠦ | ᠬᠤᠷᠢᠶᠠᠩᠭᠤᠶᠢᠯᠠᠭᠤᠯᠤᠨ᠎ᠠ᠃ | ︵ᠭᠤᠷᠪᠠ︶ ᠬᠤᠲᠠ ᠶᠢᠨ ᠱᠠᠲᠤᠨ ᠤ ᠬᠢᠨᠠᠨ ᠵᠥᠪᠰᠢᠶᠡᠷᠡᠬᠦ ᠭᠤᠭᠴᠤᠭ᠎ᠠ᠃ ᠬᠤᠲᠠ ᠶᠢᠨ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠡᠯ᠎ᠡ ᠪᠠᠯᠭᠠᠰᠤᠨ ᠤ ᠳᠡᠭᠡᠭᠰᠢ ᠮᠡᠳᠡᠭᠦᠯᠬᠦ ᠲᠥᠰᠥᠯ ᠢ | ᠬᠤᠷᠢᠶᠠᠩᠭᠤᠶᠢᠯᠠᠬᠤ ᠶᠢᠨ ᠬᠠᠮᠲᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠬᠢᠨᠠᠨ | ᠬᠠᠷᠭᠤᠭᠤᠯᠤᠭᠰᠠᠨ ᠤ ᠳᠠᠷᠠᠭ᠎ᠠ ᠴᠣᠬᠤᠯᠠᠪᠤᠷᠢ ᠥᠭᠭᠦᠨ᠎ᠡ᠃ | ︵ᠳᠥᠷᠪᠡ︶ ᠵᠣᠬᠢᠶᠠᠨ ᠪᠠᠶᠢᠭᠤᠯᠵᠤ ᠬᠡᠷᠡᠭᠵᠢᠭᠦᠯᠬᠦ ᠭᠤᠭᠴᠤᠭ᠎ᠠ᠃ ᠪᠠᠯᠭᠠᠰᠤ ᠬᠤᠲᠠ ᠶᠢᠨ | ᠴᠣᠬᠤᠯᠠᠪᠤᠷᠢᠯᠠᠭᠰᠠᠨ ᠪᠢᠴᠢᠭ ᠮᠠᠲ᠋ᠧᠷᠢᠶᠠᠯ ᠢ ᠣᠯᠣᠭᠰᠠᠨ ᠤ ᠳᠠᠷᠠᠭ᠎ᠠ᠂ ᠪᠠᠯᠭᠠᠰᠤ ᠠᠴᠠ ᠬᠤᠲᠠ ᠶᠢᠨ | ᠴᠣᠬᠤᠯᠠᠪᠤᠷᠢᠯᠠᠭᠰᠠᠨ ᠬᠡᠷᠡᠭᠵᠢᠭᠦᠯᠬᠦ ᠲᠥᠰᠥᠯ ᠪᠠ ᠲᠣᠰᠬᠤᠨ ᠤ ᠥᠨᠳᠥᠷ ᠶᠠᠰᠤ ᠴᠢᠨᠠᠷ ᠲᠠᠢ ᠬᠦᠷᠢᠶᠡᠨ ᠤ ᠠᠵᠤ | ᠠᠬᠤᠢ ᠶᠢᠨ ᠲᠥᠷᠥᠯ ᠵᠦᠢᠯ ᠢ ᠬᠡᠷᠡᠭᠵᠢᠭᠦᠯᠬᠦ ᠲᠥᠯᠥᠪᠯᠡᠭᠡ ᠶᠢᠨ ᠬᠦᠰᠦᠨᠦᠭ ᠶᠣᠰᠣᠭᠠᠷ᠂ ᠭᠠᠴᠠᠭᠠᠨ ᠤ ᠵᠣᠬᠢᠶᠠᠨ | ᠪᠠᠶᠢᠭᠤᠯᠤᠯᠲᠠ ᠶᠢᠨ ᠲᠠᠷᠢᠶᠠᠴᠢᠨ ᠡᠷᠦᠬᠡ ᠶᠢᠨ ᠥᠪᠡᠷᠲᠡᠭᠡᠨ ᠬᠡᠷᠡᠭᠵᠢᠭᠦᠯᠬᠦ ᠶᠢ ᠵᠢᠭᠠᠨ ᠵᠢᠯᠣᠭᠤᠳᠤᠨ᠎ᠠ᠂ ᠡᠭᠦᠨ ᠳᠤ | ᠪᠦᠬᠦᠯᠢ ᠡᠷᠦᠬᠡ ᠶᠢᠨ ᠬᠥᠳᠡᠯᠮᠦᠷᠢᠯᠡᠬᠦ ᠴᠢᠳᠠᠪᠤᠷᠢ ᠦᠭᠡᠢ ᠲᠠᠷᠢᠶᠠᠴᠢᠨ ᠡᠷᠦᠬᠡ ᠳᠤ ᠥᠮᠴᠢᠯᠡᠯ ᠤᠨ ᠡᠷᠬᠡ ᠨᠢ | ᠬᠤᠪᠢᠷᠠᠬᠤ ᠦᠭᠡᠢ ᠰᠠᠭᠤᠷᠢᠨ ᠳᠡᠭᠡᠷ᠎ᠡ᠂ ᠣᠷᠣᠯᠠᠨ ᠲᠠᠷᠢᠵᠤ ᠣᠷᠣᠯᠠᠨ ᠬᠠᠮᠢᠶᠠᠷᠬᠤ ᠵᠡᠷᠭᠡ ᠠᠷᠭ᠎ᠠ ᠮᠠᠶ᠋ᠢᠭ ᠢᠶᠠᠷ | ᠪᠤᠰᠤᠳ ᠲᠠᠷᠢᠶᠠᠴᠢᠨ ᠡᠷᠦᠬᠡ ᠶᠢ ᠵᠣᠬᠢᠶᠠᠨ ᠪᠠᠶᠢᠭᠤᠯᠵᠤ ᠪᠦᠲᠦᠭᠡᠨ ᠪᠠᠶᠢᠭᠤᠯᠤᠯᠲᠠ ᠬᠢᠯᠭᠡᠵᠦ ᠪᠣᠯᠣᠨ᠎ᠠ᠂ | ᠨᠥᠬᠦᠪᠦᠷᠢ ᠪᠡᠯᠡ ᠮᠥᠩᠭᠦ ᠶᠢ ᠨᠢ ᠪᠦᠲᠦᠭᠡᠨ ᠪᠠᠶᠢᠭᠤᠯᠤᠭᠴᠢ ᠳᠤ ᠥᠮᠴᠢᠯᠡᠭᠦᠯᠦᠨ᠎ᠡ᠂ ᠰᠡᠭᠦᠯᠴᠢ ᠶᠢᠨ | ᠬᠤᠭᠤᠴᠠᠭᠠᠨ ᠤ ᠡᠵᠡᠩᠨᠡᠯᠲᠡ ᠶᠢᠨ ᠠᠰᠢᠭ ᠣᠯᠵᠠᠪᠤᠷᠢ ᠶᠢ ᠡᠷᠦᠬᠡ ᠶᠢᠨ ᠡᠵᠡᠨ ᠳᠤ ᠥᠮᠴᠢᠯᠡᠭᠦᠯᠦᠨ᠎ᠡ᠃ | ᠬᠤᠭᠤᠰᠤᠨ ᠡᠷᠦᠬᠡ ᠪᠠ ᠰᠤᠯᠠ ᠪᠠᠶᠢᠭ᠎ᠠ ᠬᠦᠷᠢᠶ᠎ᠡ ᠬᠠᠰᠢᠶ᠎ᠠ ᠶᠢ ᠲᠣᠰᠬᠤᠨ ᠤ ᠬᠠᠮᠲᠤ ᠨᠡᠶᠢᠲᠡ ᠠᠴᠠ ᠨᠢᠭᠡᠳᠦᠯᠲᠡᠢ | ᠡᠷᠭᠢᠯᠲᠡ ᠳᠤ ᠣᠷᠣᠭᠤᠯᠵᠤ᠂ ᠥᠮᠴᠢᠯᠡᠬᠦ ᠡᠷᠬᠡ ᠶᠢ ᠬᠤᠪᠢᠷᠠᠭᠤᠯᠬᠤ ᠦᠭᠡᠢ ᠰᠠᠭᠤᠷᠢᠨ ᠳᠡᠭᠡᠷ᠎ᠡ᠂ ᠣᠷᠣᠯᠠᠨ | ᠳᠠᠷᠢᠵᠤ ᠣᠷᠣᠯᠠᠨ ᠬᠠᠮᠢᠶᠠᠷᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠬᠥᠳᠡᠯᠮᠦᠷᠢᠯᠡᠬᠦ ᠴᠢᠳᠠᠪᠤᠷᠢ ᠲᠠᠢ ᠡᠷᠦᠬᠡ ᠶᠢ | ᠵᠣᠬᠢᠶᠠᠨ ᠪᠠᠶᠢᠭᠤᠯᠤᠨ ᠪᠦᠲᠦᠭᠡᠨ ᠪᠠᠶᠢᠭᠤᠯᠵᠤ᠂ ᠨᠥᠬᠦᠪᠦᠷᠢ ᠪᠡᠯᠡ ᠮᠥᠩᠭᠦ ᠶᠢ ᠨᠢ ᠪᠦᠲᠦᠭᠡᠨ ᠪᠠᠶᠢᠭᠤᠯᠤᠭᠴᠢ ᠳᠤ | ᠥᠮᠴᠢᠯᠡᠭᠦᠯᠵᠦ᠂ ᠰᠡᠭᠦᠯᠴᠢ ᠶᠢᠨ ᠬᠤᠭᠤᠴᠠᠭᠠᠨ ᠤ ᠡᠵᠡᠩᠨᠡᠯᠲᠡ ᠶᠢᠨ ᠠᠰᠢᠭ ᠣᠯᠵᠠᠪᠤᠷᠢ ᠶᠢ ᠲᠣᠰᠬᠤᠨ ᠤ ᠬᠠᠮᠲᠤ | ᠨᠡᠶᠢᠲᠡ ᠳᠤ ᠥᠮᠴᠢᠯᠡᠭᠦᠯᠦᠨ᠎ᠡ᠃ ᠲᠥᠰᠥᠯ ᠲᠣᠭᠲᠠᠭᠠᠬᠤ ᠵᠢᠴᠢ ᠬᠡᠷᠡᠭᠵᠢᠭᠦᠯᠬᠦ ᠶᠠᠪᠤᠴᠠ ᠳᠤ ᠳᠤᠮᠳᠠ | ᠲᠠᠷᠢᠶᠠᠴᠢᠨ ᠤ ᠤᠰᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠰᠣᠶᠣᠯ ᠪᠣᠯᠪᠠᠰᠤᠷᠠᠯ ᠪᠡᠶ᠎ᠡ ᠶᠢᠨ ᠲᠠᠮᠢᠷ ᠤᠨ ᠲᠣᠪᠴᠢᠶ᠎ᠠ ᠵᠡᠷᠭᠡ ᠠᠵᠢᠯ | ᠲᠥᠷᠥᠯ ᠤᠨ ᠰᠠᠯᠠᠭ᠎ᠠ ᠮᠥᠴᠢᠷ ᠤᠨ ᠦᠢᠯᠡᠳᠦᠯ ᠢ ᠲᠣᠭᠲᠠᠭᠠᠵᠤ᠂ ᠲᠤᠬᠠᠶᠢᠯᠠᠭᠰᠠᠨ ᠠᠵᠢᠯ ᠪᠠ ᠮᠡᠷᠭᠡᠵᠢᠯ ᠤᠨ | ᠵᠢᠯᠣᠭᠤᠳᠤᠯᠭ᠎ᠠ ᠬᠢᠬᠦ ᠬᠡᠷᠡᠭᠲᠡᠢ᠃ ᠲᠥᠷᠥᠯ ᠵᠦᠢᠯ ᠢ ᠬᠡᠷᠡᠭᠵᠢᠭᠦᠯᠵᠦ ᠳᠠᠭᠤᠰᠤᠭᠰᠠᠨ ᠤ ᠳᠠᠷᠠᠭ᠎ᠠ᠂ ᠲᠣᠰᠬᠤᠨ ᠤ | ᠬᠢᠨ ᠡᠯ᠎ᠡ ᠡᠷᠦᠬᠡ ᠶᠢᠨ ᠴᠢᠨᠠᠷ ᠰᠠᠶᠢᠲᠠᠢ ᠬᠦᠷᠢᠶᠡᠨ ᠤ ᠠᠵᠤ ᠠᠬᠤᠢ ᠶᠢᠨ ᠲᠥᠷᠥᠯ ᠵᠦᠢᠯ ᠳᠤ ᠠᠩᠬᠠᠨ ᠤ | ᠰᠢᠯᠭᠠᠯᠲᠠ ᠬᠢᠵᠦ᠂ ᠰᠢᠯᠭᠠᠨ ᠠᠪᠬᠤ ᠴᠠᠭ ᠨᠢ ᠵᠢᠯ ᠪᠦᠷᠢ ᠶᠢᠨ 8 ᠰᠠᠷ᠎ᠠ ᠶᠢᠨ 31 ᠤ ᠡᠳᠦᠷ ᠠᠴᠠ ᠡᠮᠦᠨ᠎ᠡ᠂ | ᠰᠢᠯᠭᠠᠨ ᠠᠪᠬᠤ ᠳᠤ ᠬᠢᠷᠢ ᠲᠡᠩᠴᠡᠭᠰᠡᠨ ᠤ ᠳᠠᠷᠠᠭ᠎ᠠ᠂ ᠪᠠᠯᠭᠠᠰᠤ ᠠᠴᠠ ᠬᠠᠮᠢᠶ᠎ᠠ ᠪᠦᠬᠦᠢ ᠮᠡᠷᠭᠡᠵᠢᠯ ᠤᠨ ᠠᠵᠢᠯᠲᠠᠨ ᠢ | ᠵᠣᠬᠢᠶᠠᠨ ᠪᠠᠶᠢᠭᠤᠯᠵᠤ ᠴᠢᠨᠠᠷ ᠰᠠᠶᠢᠲᠠᠢ ᠬᠦᠷᠢᠶᠡᠨ ᠤ ᠠᠵᠤ ᠠᠬᠤᠢ ᠶᠢᠨ ᠲᠥᠷᠥᠯ ᠵᠦᠢᠯ ᠳᠤ ᠡᠷᠦᠬᠡ ᠳᠠᠷᠠᠭᠠᠯᠠᠨ | ᠳᠠᠬᠢᠨ ᠰᠢᠯᠭᠠᠨ ᠪᠠᠶᠢᠴᠠᠭᠠᠯᠲᠠ ᠬᠢᠵᠦ᠂ ᠳᠠᠬᠢᠨ ᠰᠢᠯᠭᠠᠨ ᠪᠠᠶᠢᠴᠠᠭᠠᠬᠤ ᠴᠠᠭ ᠢ ᠠᠩᠬᠠᠨ ᠤ ᠰᠢᠯᠭᠠᠨ ᠪᠠᠶᠢᠴᠠᠭᠠᠯᠲᠠ | ᠳᠠᠭᠤᠰᠤᠭᠰᠠᠨ ᠤ ᠳᠠᠷᠠᠭᠠᠬᠢ 5 ᠠᠵᠢᠯᠯᠠᠬᠤ ᠡᠳᠦᠷ ᠤᠨ ᠳᠣᠲᠣᠷ᠎ᠠ᠂ ᠰᠢᠯᠭᠠᠨ ᠬᠤᠷᠢᠶᠠᠭᠰᠠᠨ ᠦᠷ᠎ᠡ ᠳ᠋ᠦᠩ ᠢ | ᠪᠠᠶᠢᠭ᠎ᠠ ᠲᠣᠰᠬᠤᠨ ᠳᠠᠭᠠᠨ ᠢᠯᠡ ᠨᠡᠶᠢᠲᠡᠯᠡᠵᠦ᠂ 5 ᠠᠵᠢᠯᠯᠠᠬᠤ ᠡᠳᠦᠷ ᠤᠨ ᠴᠠᠭ ᠢ ᠢᠯᠡ ᠨᠡᠶᠢᠲᠡᠯᠡᠵᠦ᠂ ᠢᠯᠡ | ᠨᠡᠶᠢᠲᠡᠯᠡᠬᠦ ᠳᠤ ᠣᠨᠳᠣᠣ ᠰᠠᠨᠠᠯ ᠦᠭᠡᠢ ᠪᠣᠯᠤᠭᠰᠠᠨ ᠤ ᠳᠠᠷᠠᠭ᠎ᠠ ᠰᠢᠯᠭᠠᠨ ᠬᠤᠷᠢᠶᠠᠭᠰᠠᠨ ᠮᠡᠳᠡᠭᠦᠯᠦᠯᠲᠡ ᠪᠠ | ᠪᠠᠯᠭᠠᠰᠤᠨ ᠤ ᠬᠦᠷᠢᠶᠡᠨ ᠤ ᠠᠵᠤ ᠠᠬᠤᠢ ᠶᠢᠨ ᠲᠥᠷᠥᠯ ᠵᠦᠢᠯ ᠤᠨ ᠨᠥᠬᠦᠪᠦᠷᠢ ᠶᠢᠨ ᠨᠠᠷᠢᠨ ᠬᠦᠰᠦᠨᠦᠭᠲᠦ ᠶᠢ | ᠭᠠᠷᠭᠠᠨ ᠥᠭᠴᠦ᠂ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠳᠤ ᠮᠡᠳᠡᠭᠦᠯᠦᠨ | ᠳᠠᠩᠰᠠᠯᠠᠭᠤᠯᠤᠨ᠎ᠠ᠃ | ︵ᠲᠠᠪᠤ︶ ᠬᠤᠲᠠ ᠶᠢᠨ ᠱᠠᠲᠤᠨ ᠤ ᠬᠢᠨᠠᠨ ᠬᠠᠷᠭᠤᠭᠤᠯᠬᠤ ᠭᠤᠭᠴᠤᠭ᠎ᠠ᠃ ᠬᠤᠲᠠ ᠶᠢᠨ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠵᠢᠴᠢ ᠲᠠᠷᠢᠶᠠᠯᠠᠩ ᠤᠰᠤᠨ ᠠᠰᠢᠭᠯᠠᠯᠲᠠ ᠶᠢᠨ ᠰᠢᠨᠵᠢᠯᠡᠬᠦ | ᠤᠬᠠᠭᠠᠨ ᠮᠡᠷᠭᠡᠵᠢᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠰᠣᠶᠣᠯ | ᠪᠣᠯᠪᠠᠰᠤᠷᠠᠯ ᠪᠡᠶ᠎ᠡ ᠶᠢᠨ ᠲᠠᠮᠢᠷ ᠤᠨ ᠲᠣᠪᠴᠢᠶ᠎ᠠ ᠬᠠᠮᠲᠤᠷᠠᠭᠰᠠᠨ ᠰᠢᠯᠭᠠᠨ ᠠᠪᠬᠤ ᠳᠤᠭᠤᠶᠢᠯᠠᠩ ᠪᠠᠶᠢᠭᠤᠯᠵᠤ᠂ ᠡᠯ᠎ᠡ | ᠪᠠᠯᠭᠠᠰᠤ ᠶᠢᠨ ᠰᠢᠯᠭᠠᠨ ᠠᠪᠬᠤ ᠳᠤ ᠬᠢᠷᠢ ᠲᠡᠩᠴᠡᠭᠰᠡᠨ ᠬᠦᠷᠢᠶ᠎ᠡ ᠬᠠᠰᠢᠶ᠎ᠠ ᠶᠢᠨ ᠠᠵᠤ ᠠᠬᠤᠢ ᠶᠢᠨ | ᠬᠥᠭᠵᠢᠯᠲᠡ ᠶᠢᠨ ᠡᠷᠦᠬᠡ ᠳᠤ᠂ ᠲᠥᠷᠥᠯ ᠵᠦᠢᠯ ᠢ ᠬᠡᠷᠡᠭᠵᠢᠭᠦᠯᠦᠭᠰᠡᠨ ᠲᠥᠷᠥᠯ ᠵᠦᠢᠯ᠂ ᠬᠡᠪᠴᠢᠶ᠎ᠡ᠂ | ᠨᠥᠬᠦᠪᠦᠷᠢ ᠶᠢᠨ ᠲᠤᠭ᠎ᠠ ᠬᠡᠮᠵᠢᠶ᠎ᠡ᠂ ᠬᠠᠮᠢᠶᠠᠷᠤᠯᠲᠠ ᠶᠢᠨ ᠲᠣᠭᠲᠠᠴᠠ ᠵᠡᠷᠭᠡ ᠲᠠᠯ᠎ᠠ ᠪᠠᠷ ᠰᠤᠭᠤᠴᠢᠨ ᠪᠠᠶᠢᠴᠠᠭᠠᠬᠤ ᠶᠢ | ᠵᠣᠬᠢᠶᠠᠨ ᠪᠠᠶᠢᠭᠤᠯᠵᠤ᠂ ᠰᠤᠭᠤᠴᠢᠨ ᠪᠠᠶᠢᠴᠠᠭᠠᠭᠰᠠᠨ ᠬᠠᠷᠢᠴᠠᠯ ᠢ 20% ᠠᠴᠠ ᠳᠣᠣᠷ᠎ᠠ ᠪᠠᠶᠢᠯᠭᠠᠬᠤ ᠦᠭᠡᠢ᠂ | ᠰᠤᠭᠤᠴᠢᠨ ᠪᠠᠶᠢᠴᠠᠭᠠᠭᠰᠠᠨ ᠪᠠᠶᠢᠳᠠᠯ ᠢ ᠦᠨᠳᠦᠰᠦᠯᠡᠨ ᠪᠣᠳᠠᠲᠠᠢ ᠨᠥᠬᠦᠪᠦᠷᠢ ᠶᠢ ᠪᠡᠯᠡᠨ ᠵᠣᠭᠤᠰ ᠪᠣᠯᠭᠠᠵᠤ᠂ | ᠪᠠᠩᠬᠢ ᠶᠢᠨ ᠲᠠᠩᠰᠠᠨ ᠡᠷᠦᠬᠡ ᠪᠠᠷ ᠳᠠᠮᠵᠢᠭᠤᠯᠤᠨ ᠡᠷᠦᠬᠡ ᠳᠤ ᠣᠯᠭᠤᠨ᠎ᠠ᠃ | ᠳᠣᠯᠤᠭ᠎ᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ᠪᠠᠯᠭᠠᠰᠤᠨ ᠤ ᠱᠠᠲᠤᠨ ᠤ ᠬᠢᠨ ᠡᠯ᠎ᠡ ᠲᠣᠰᠬᠤᠨ ᠤ ᠬᠦᠷᠢᠶᠡᠨ ᠤ ᠠᠵᠤ ᠠᠬᠤᠢ ᠶᠢ ᠬᠥᠭᠵᠢᠭᠦᠯᠬᠦ | ᠬᠤᠭᠤᠴᠠᠭᠠᠨ ᠳᠤ᠂ ᠲᠣᠭᠲᠠᠮᠠᠯ ᠬᠤᠭᠤᠴᠠᠭ᠎ᠠ ᠲᠠᠢ ᠪᠠᠷ ᠬᠢᠨᠠᠨ ᠪᠠᠶᠢᠴᠠᠭᠠᠬᠤ ᠠᠵᠢᠯ ᠢ ᠰᠠᠶᠢᠲᠤᠷ ᠬᠢᠵᠦ᠂ ᠰᠠᠷ᠎ᠠ | ᠰᠠᠷ᠎ᠠ ᠪᠦᠷᠢ ᠨᠢᠭᠡ ᠤᠳᠠᠭ᠎ᠠ ᠠᠴᠠ ᠳᠡᠭᠡᠭᠰᠢ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠵᠤ᠂ ᠬᠢᠨᠠᠨ ᠪᠠᠶᠢᠴᠠᠭᠠᠬᠤ | ᠠᠵᠢᠯ ᠢ ᠪᠠᠯᠭᠠᠰᠤ ᠠᠴᠠ ᠠᠵᠢᠯᠲᠠᠨ ᠪᠠ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢ ᠵᠣᠬᠢᠶᠠᠨ ᠪᠠᠶᠢᠭᠤᠯᠵᠤ | ᠬᠠᠮᠲᠤᠷᠠᠨ ᠪᠠᠶᠢᠴᠠᠭᠠᠬᠤ ᠶᠢᠨ ᠬᠠᠮᠲᠤ ᠬᠠᠮᠢᠶ᠎ᠠ ᠪᠦᠬᠦᠢ ᠪᠠᠶᠢᠴᠠᠭᠠᠬᠤ ᠠᠵᠢᠯ ᠤᠨ ᠡᠬᠡ ᠲᠠᠩᠰᠠ ᠶᠢ ᠰᠠᠶᠢᠲᠤᠷ ᠬᠢᠵᠦ | ᠂ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠠᠴᠠ ᠲᠣᠰ ᠠᠵᠢᠯ ᠳᠤ ᠲᠣᠭᠲᠠᠮᠠᠯ | ᠪᠤᠰᠤ ᠬᠤᠭᠤᠴᠠᠭ᠎ᠠ ᠲᠠᠢ ᠪᠠᠷ ᠰᠤᠭᠤᠴᠢᠨ ᠪᠠᠶᠢᠴᠠᠭᠠᠨ᠎ᠡ᠃ | ᠨᠠᠷᠢᠨ ᠠᠭᠤᠯᠭ᠎ᠠ ᠶᠢ ᠷᠡᠰᠢᠶᠠᠨ ᠬᠤᠳᠡ ᠶᠢᠨ ᠠᠷᠡᠳ ᠤᠨ ᠵᠠᠰᠠᠭ ᠤᠨ ᠣᠷᠳᠣᠨ ᠤ ᠬᠢᠳᠡᠳ ᠰᠦᠯᠵᠢᠶ᠎ᠠ ᠠᠴᠠ | ᠰᠣᠨᠢᠷᠬᠠᠭᠠᠷᠡᠢ | ᠳᠠᠭᠠᠯᠳᠤᠭᠤᠯᠤᠯ 2 | ︽ᠷᠠᠰᠢᠶᠠᠨ ᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢᠨ ᠬᠦᠷᠢᠶᠡᠨ ᠤ ᠠᠵᠤ ᠠᠬᠤᠢ ᠶᠢᠨ ᠬᠡᠷᠡᠭᠵᠢᠭᠦᠯᠬᠦ | ᠲᠥᠰᠥᠯ︾ ᠢ ᠳᠠᠷᠤᠮᠠᠯᠯᠠᠨ ᠲᠠᠷᠬᠠᠭᠠᠬᠤ ᠲᠤᠬᠠᠢ ᠲᠥᠷᠥ ᠶᠢᠨ ᠪᠣᠳᠣᠯᠭ᠎ᠠ ᠶᠢᠨ ᠲᠠᠶᠢᠯᠤᠮᠵᠢ | ᠨᠢᠭᠡ᠂ ᠲᠤᠭᠤᠷᠪᠢᠨ ᠪᠢᠴᠢᠬᠦ ᠶᠢᠨ ᠦᠨᠳᠦᠰᠦᠯᠡᠯ | ᠣᠷᠣᠯᠭ᠎ᠠ ᠪᠣᠯ ᠲᠠᠷᠢᠶᠠᠴᠢᠨ ᠲᠦᠮᠡᠨ ᠤ ᠠᠮᠢᠳᠤᠷᠠᠯ ᠤᠨ ᠬᠢᠷᠢ ᠬᠡᠮᠵᠢᠶ᠎ᠡ ᠶᠢ ᠬᠡᠮᠵᠢᠬᠦ ᠬᠠᠮᠤᠭ ᠤᠨ ᠭᠤᠣᠯ᠂ | ᠬᠠᠮᠤᠭ ᠤᠨ ᠰᠠᠭᠤᠷᠢ ᠭᠦᠢᠴᠡᠳᠬᠡᠯ ᠲᠤᠭ᠎ᠠ ᠮᠥᠨ᠃ ᠠᠷᠭ᠎ᠠ ᠪᠦᠬᠦᠨ ᠢ ᠰᠦᠪᠡᠭᠴᠢᠯᠡᠨ ᠶᠠᠳᠠᠭᠤ ᠠᠴᠠ | ᠠᠩᠭᠢᠵᠢᠷᠠᠭᠤᠯᠬᠤ ᠣᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠵᠦ᠂ ᠣᠷᠣᠯᠭ᠎ᠠ ᠶᠢᠨ ᠵᠥᠷᠢᠶ᠎ᠡ ᠶᠢ ᠲᠠᠰᠤᠷᠠᠯᠲᠠ | ᠦᠭᠡᠢ ᠪᠠᠭᠠᠰᠬᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠦᠷ᠎ᠡ ᠪᠦᠲᠦᠭᠡᠯ ᠢ | ᠥᠷᠭᠡᠳᠬᠡᠬᠦ ᠳᠤ᠂ ᠬᠡᠪᠴᠢᠶᠡᠵᠢᠭᠰᠡᠨ ᠴᠢᠨᠠᠷᠲᠠᠢ ᠪᠠᠷ ᠳᠠᠬᠢᠨ ᠶᠠᠳᠠᠭᠤᠷᠠᠬᠤ ᠬᠤᠷᠢᠭ᠎ᠠ ᠱᠤᠭᠤᠮ ᠢ ᠪᠠᠲᠤ ᠰᠠᠬᠢᠬᠤ ᠳᠤ | ᠲᠤᠶᠢᠯ ᠤᠨ ᠴᠢᠬᠤᠯᠠ ᠶᠤᠮ᠃ ᠥᠷᠭᠡᠨ ᠣᠯᠠᠨ ᠲᠠᠷᠢᠶᠠᠴᠢᠨ ᠲᠦᠮᠡᠨ ᠤ ᠣᠷᠣᠯᠭ᠎ᠠ ᠶᠢ ᠲᠣᠭᠲᠠᠭᠤᠨ ᠢᠶᠠᠷ | ᠨᠡᠮᠡᠭᠳᠡᠭᠦᠯᠬᠦ ᠰᠠᠭᠤᠷᠢ ᠶᠢ ᠲᠠᠰᠤᠷᠠᠯᠲᠠ ᠦᠭᠡᠢ ᠪᠠᠲᠤᠳᠬᠠᠬᠤ ᠶᠢᠨ ᠲᠥᠯᠥᠭᠡ᠂ ᠲᠠᠷᠢᠶᠠᠴᠢᠳ ᠤᠨ ᠣᠷᠣᠯᠭ᠎ᠠ ᠶᠢ | ᠨᠡᠮᠡᠭᠳᠡᠭᠦᠯᠬᠦ ᠠᠷᠭ᠎ᠠ ᠵᠠᠮ ᠢ ᠦᠷᠭᠦᠯᠵᠢᠯᠡᠨ ᠥᠷᠭᠡᠳᠬᠡᠵᠦ᠂ ᠮᠠᠯᠴᠢᠨ ᠲᠠᠷᠢᠶᠠᠴᠢᠨ ᠤ ᠲᠣᠰ ᠪᠡᠶ᠎ᠡ ᠶᠢᠨ | ᠬᠥᠭᠵᠢᠯᠲᠡ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠬᠢᠩᠭᠠᠨ ᠠᠶᠢᠮᠠᠭ ᠤᠨ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠮᠠᠯᠯᠠᠨ ᠲᠠᠷᠬᠠᠭᠠᠭᠰᠠᠨ ︽ᠶᠠᠳᠠᠭᠤ ᠠᠴᠠ | ᠠᠩᠭᠢᠵᠢᠷᠠᠭᠤᠯᠬᠤ ᠪᠣᠭᠤᠮᠳᠡ ᠰᠢᠪᠳᠣᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ ᠲᠠᠷᠢᠶᠠᠴᠢᠨ | ᠡᠷᠦᠬᠡ ᠶᠢᠨ ᠣᠷᠣᠯᠭ᠎ᠠ ᠶᠢ ᠦᠷᠭᠦᠯᠵᠢᠯᠡᠨ ᠲᠣᠭᠲᠠᠭᠤᠨ ᠢᠶᠠᠷ ᠨᠡᠮᠡᠭᠳᠡᠭᠦᠯᠬᠦ ᠶᠢ ᠠᠬᠢᠭᠤᠯᠬᠤ ᠲᠤᠬᠠᠢ ᠵᠢᠯᠤᠭᠤᠳᠬᠤ | ᠰᠠᠨᠠᠯ︾ ︵ᠬᠢᠩᠭᠠᠨ ᠬᠦᠳᠡᠭᠡ ᠲᠣᠰᠬᠤᠨ ᠢ ᠬᠦᠭᠵᠢᠬᠦᠯᠣᠨ ᠮᠠᠨᠳᠣᠭᠤᠯᠬᠤ ᠳᠤᠭᠤᠶᠢᠯᠠᠩ ᠲᠠᠷᠬᠠᠭᠠᠭᠰᠠᠨ ﹇2022 | ﹈ 28 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠶᠣᠰᠣᠭᠠᠷ᠂ ᠮᠠᠨ ᠤ ᠬᠤᠲᠠ ᠶᠢᠨ ᠪᠣᠳᠠᠲᠠᠢ ᠲᠠᠢ ᠪᠠᠨ | ᠤᠶᠠᠯᠳᠤᠭᠤᠯᠤᠨ᠂ ︽ᠷᠠᠰᠢᠶᠠᠨ ᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢᠨ ᠬᠦᠷᠢᠶ᠎ᠡ ᠬᠠᠰᠢᠶᠠᠨ ᠤ ᠠᠵᠤ | ᠠᠬᠤᠢ ᠶᠢᠨ ᠬᠡᠷᠡᠭᠵᠢᠭᠦᠯᠬᠦ ᠲᠥᠰᠥᠯ︾ ᠢ ᠲᠤᠭᠤᠷᠪᠢᠪᠠ᠃ | ᠬᠤᠶᠠᠷ᠂ ᠭᠤᠣᠯ ᠠᠭᠤᠯᠭ᠎ᠠ | ︵ᠨᠢᠭᠡ︶ ᠡᠭᠦᠷᠭᠡ ᠬᠠᠷᠠᠯᠲᠠ | 2023 ᠣᠨ ᠳᠤ ᠳᠥᠷᠪᠡᠨ ᠪᠠᠯᠭᠠᠰᠤᠨ ᠤ ᠬᠡᠪᠴᠢᠶᠡᠨ ᠳᠤ 588 ᠡᠷᠦᠬᠡ ᠲᠠᠷᠢᠶᠠᠴᠢᠨ ᠡᠷᠦᠬᠡ ᠶᠢ | ᠲᠡᠳᠬᠦᠨ ᠳᠡᠮᠵᠢᠵᠦ ᠪᠠᠶᠢᠭᠠᠳ ᠣᠨᠴᠠᠯᠢᠭᠲᠤ ᠲᠠᠷᠢᠮᠠᠯ᠂ ᠲᠡᠵᠢᠭᠡᠨ ᠦᠷᠡᠵᠢᠭᠦᠯᠬᠦ᠂ ᠭᠠᠷ ᠤᠷᠠᠯᠠᠯ᠂ ᠰᠡᠯᠡᠭᠦᠴᠡᠯ | ᠵᠣᠭᠠᠴᠠᠯ᠂ ᠬᠦᠷᠢᠶ᠎ᠡ ᠬᠠᠰᠢᠶ᠎ᠠ ᠶᠢᠨ ᠦᠢᠯᠡᠳᠪᠦᠷᠢᠯᠡᠯ ᠠᠮᠢᠳᠤᠷᠠᠯ ᠤᠨ ᠦᠢᠯᠡᠴᠢᠯᠡᠭᠡ ᠵᠡᠷᠭᠡ ᠣᠯᠠᠨ ᠲᠥᠷᠥᠯ ᠤᠨ | ᠬᠡᠯᠪᠡᠷᠢ ᠶᠢᠨ ᠬᠦᠷᠢᠶ᠎ᠡ ᠬᠠᠰᠢᠶ᠎ᠠ ᠶᠢᠨ ᠠᠵᠤ ᠠᠬᠤᠢ ᠶᠢ ᠬᠥᠭᠵᠢᠭᠦᠯᠬᠦ ᠪᠠᠷ ᠳᠠᠮᠵᠢᠭᠤᠯᠤᠨ ᠣᠷᠣᠯᠭ᠎ᠠ ᠪᠠᠨ | ᠨᠡᠮᠡᠭᠳᠡᠭᠦᠯᠬᠦ ᠶᠢ ᠠᠬᠢᠭᠤᠯᠵᠤ᠂ ᠬᠦᠷᠢᠶ᠎ᠡ ᠬᠠᠰᠢᠶ᠎ᠠ ᠶᠢᠨ ᠠᠵᠤ ᠠᠬᠤᠢ ᠶᠢ ᠬᠥᠭᠵᠢᠭᠦᠯᠬᠦ ᠨᠥᠬᠦᠴᠡᠯ ᠳᠤ ᠨᠡᠶᠢᠴᠡᠬᠦ | ᠶᠠᠳᠠᠭᠤ ᠠᠴᠠ ᠠᠩᠭᠢᠵᠢᠷᠠᠭᠰᠠᠨ ᠡᠷᠦᠬᠡ ︵ᠬᠢᠨᠠᠨ ᠰᠢᠯᠭᠠᠬᠤ ᠡᠷᠦᠬᠡ︶ ᠶᠢ ᠪᠦᠬᠦᠨ ᠢ ᠬᠠᠮᠤᠷᠤᠭᠤᠯᠬᠤ ᠪᠠᠷ | ᠴᠢᠷᠮᠠᠶᠢᠨ᠎ᠠ᠃ | ︵ᠬᠤᠶᠠᠷ︶ ᠲᠡᠳᠬᠦᠬᠦ ᠭᠤᠣᠯᠳᠠᠯᠭ᠎ᠠ | ᠭᠤᠣᠯᠳᠠᠯᠭ᠎ᠠ ᠲᠠᠢ ᠲᠡᠳᠬᠦᠬᠦ ᠴᠢᠭᠯᠡᠯ ᠨᠢ ᠵᠢᠵᠢᠭ ᠲᠠᠷᠢᠮᠠᠯ ︵ᠵᠢᠮᠢᠰ ᠨᠣᠭᠤᠭ᠎ᠠ᠂ ᠬᠢᠲᠠᠳ ᠡᠪᠡᠰᠦᠨ ᠡᠮ᠂ | ᠢᠳᠡᠰᠢᠨ ᠤ ᠮᠥᠭᠦ︶᠂ ᠵᠢᠵᠢᠭ ᠲᠡᠵᠢᠭᠡᠨ ᠦᠷᠡᠵᠢᠭᠦᠯᠬᠦ ︵ᠮᠠᠯ ᠤᠨ ᠲᠥᠷᠥᠯ᠂ ᠵᠢᠭᠦᠷᠲᠡᠨ ᠤ ᠲᠥᠷᠥᠯ ᠪᠠ | ᠴᠢᠬᠤᠯᠠ ᠪᠦᠬᠦᠢ ᠬᠠᠮᠢᠶ᠎ᠠ ᠪᠦᠬᠦᠢ ᠰᠠᠭᠤᠷᠢ ᠲᠦᠬᠦᠭᠡᠷᠣᠮᠵᠢ ᠶᠢᠨ ᠪᠦᠲᠦᠭᠡᠨ ᠪᠠᠶᠢᠭᠤᠯᠤᠯᠲᠠ︶᠂ ᠵᠢᠵᠢᠭ ᠭᠠᠷ | ᠤᠷᠠᠯᠠᠯ᠂ ᠵᠢᠵᠢᠭ ᠬᠤᠳᠠᠯᠳᠤᠭ᠎ᠠ᠂ ᠵᠢᠵᠢᠭ ᠡᠯᠧᠺᠲᠷᠣᠨ ᠬᠤᠳᠠᠯᠳᠤᠭ᠎ᠠ᠂ ᠵᠢᠵᠢᠭ ᠦᠢᠯᠡᠳᠬᠡᠯ ᠤᠨ ᠭᠠᠵᠠᠷ ᠪᠠ | ᠪᠤᠰᠤᠳ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠳᠤ ᠨᠡᠶᠢᠴᠡᠬᠦ ᠬᠦᠷᠢᠶ᠎ᠡ ᠬᠠᠰᠢᠶ᠎ᠠ ᠶᠢᠨ ᠠᠵᠤ ᠠᠬᠤᠢ ᠶᠢᠨ | ᠲᠥᠷᠥᠯ ᠵᠦᠢᠯ ᠪᠣᠯᠣᠨ᠎ᠠ᠃ | ︵ᠭᠤᠷᠪᠠ︶ ᠪᠡᠯᠡ ᠮᠥᠩᠭᠦ ᠶᠢᠨ ᠢᠷᠡᠯᠲᠡ ᠬᠢᠭᠡᠳ ᠱᠠᠩᠨᠠᠵᠤ ᠲᠤᠰᠠᠯᠠᠬᠤ ᠪᠠᠷᠢᠮᠵᠢᠶ᠎ᠠ | ᠪᠡᠯᠡ ᠮᠥᠩᠭᠦ ᠶᠢᠨ ᠢᠷᠡᠯᠲᠡ ᠨᠢ ᠲᠥᠪ ᠪᠠ ᠥᠪᠡᠷᠲᠡᠭᠡᠨ ᠵᠠᠰᠠᠬᠤ ᠣᠷᠣᠨ ᠤ ᠵᠣᠯᠭᠠᠭᠤᠯᠤᠭᠰᠠᠨ ᠪᠡᠯᠡ | ᠮᠥᠩᠭᠦ ᠠᠴᠠ ᠢᠷᠡᠯᠲᠡ ᠲᠠᠢ ᠪᠠᠶᠢᠵᠤ᠂ ᠵᠦᠷᠢᠶᠡᠴᠢᠯᠡᠭᠰᠡᠨ ᠱᠠᠩᠨᠠᠵᠤ ᠨᠥᠬᠦᠪᠦᠷᠢᠯᠡᠬᠦ ᠲᠦᠷᠢᠮ ᠢ ᠬᠡᠷᠡᠭᠵᠢᠭᠦᠯᠵᠦ᠂ | ᠶᠠᠳᠠᠭᠤ ᠠᠴᠠ ᠠᠩᠭᠢᠵᠢᠷᠠᠭᠤᠯᠤᠭᠰᠠᠨ ᠡᠷᠦᠬᠡ᠂ ᠬᠢᠨᠠᠨ ᠬᠡᠮᠵᠢᠬᠦ ᠡᠷᠦᠬᠡ ᠶᠢ ᠱᠠᠩᠨᠠᠵᠤ ᠨᠥᠬᠦᠪᠦᠷᠢᠯᠡᠬᠦ ᠬᠠᠮᠤᠭ ᠤᠨ | ᠥᠨᠳᠥᠷ ᠪᠠᠷᠢᠮᠵᠢᠶ᠎ᠠ ᠨᠢ ᠡᠷᠦᠬᠡ ᠪᠦᠷᠢ ᠳᠤ 4000 ᠲᠥᠭᠦᠷᠢᠭ ︵ᠣᠯᠠᠨ ᠵᠦᠢᠯ ᠤᠨ ᠬᠦᠷᠢᠶ᠎ᠡ ᠬᠠᠰᠢᠶ᠎ᠠ ᠶᠢᠨ | ᠠᠵᠤ ᠠᠬᠤᠢ ᠶᠢ ᠬᠥᠭᠵᠢᠭᠦᠯᠬᠦ ᠳᠤ ᠣᠯᠭᠤᠬᠤ ᠨᠥᠬᠦᠪᠦᠷᠢ ᠨᠢ ᠨᠡᠶᠢᠲᠡ 4000 ᠲᠥᠭᠦᠷᠢᠭ ᠠᠴᠠ ᠬᠡᠲᠦᠷᠡᠬᠦ | ᠦᠭᠡᠢ︶ ᠪᠠᠶᠢᠵᠤ᠂ ᠡᠩ ᠤᠨ ᠡᠷᠦᠬᠡ ᠶᠢᠨ ᠬᠠᠮᠤᠭ ᠤᠨ ᠥᠨᠳᠥᠷ ᠱᠠᠩᠨᠠᠵᠤ ᠨᠥᠬᠦᠪᠦᠷᠢᠯᠡᠬᠦ ᠪᠠᠷᠢᠮᠵᠢᠶ᠎ᠠ ᠨᠢ ᠡᠷᠦᠬᠡ | ᠪᠦᠷᠢ ᠳᠤ 3000 ᠲᠥᠭᠦᠷᠢᠭ ᠠᠴᠠ ᠬᠡᠲᠦᠷᠡᠬᠦ ᠦᠭᠡᠢ︶ ᠪᠣᠯᠣᠨ᠎ᠠ᠃ ︵ᠣᠯᠠᠨ ᠵᠦᠢᠯ ᠤᠨ ᠬᠦᠷᠢᠶ᠎ᠡ | ᠬᠠᠰᠢᠶ᠎ᠠ ᠶᠢᠨ ᠠᠵᠤ ᠠᠬᠤᠢ ᠶᠢ ᠬᠥᠭᠵᠢᠭᠦᠯᠬᠦ ᠳᠤ ᠣᠯᠭᠤᠬᠤ ᠨᠥᠬᠦᠪᠦᠷᠢ ᠨᠢ ᠡᠷᠦᠬᠡ ᠪᠦᠷᠢ ᠳᠤ 3000 | ᠲᠥᠭᠦᠷᠢᠭ ᠠᠴᠠ ᠬᠡᠲᠦᠷᠡᠬᠦ ᠦᠭᠡᠢ︶ ᠠᠴᠠ ᠢᠷᠡᠯᠲᠡ ᠲᠠᠢ᠃ ᠱᠠᠩᠨᠠᠵᠤ ᠲᠤᠰᠠᠯᠠᠬᠤ ᠪᠣᠳᠠᠲᠠᠢ ᠵᠣᠭᠤᠰ ᠤᠨ | ᠲᠤᠭ᠎ᠠ ᠶᠢ ᠷᠠᠰᠢᠶᠠᠨ ᠬᠤᠳᠠ ᠶᠢᠨ ᠬᠦᠷᠢᠶ᠎ᠡ ᠬᠠᠰᠢᠶ᠎ᠠ ᠶᠢᠨ ᠠᠵᠤ ᠠᠬᠤᠢ ᠶᠢᠨ ᠱᠠᠩᠨᠠᠵᠤ ᠲᠤᠰᠠᠯᠠᠬᠤ ᠠᠭᠤᠯᠭ᠎ᠠ ᠶᠢᠨ | ᠪᠠᠷᠢᠮᠵᠢᠶ᠎ᠠ ᠶᠢ ᠦᠨᠳᠦᠰᠦᠯᠡᠨ ᠲᠤᠭᠳᠠᠭᠠᠨ᠎ᠠ᠃ ᠱᠠᠩᠨᠠᠵᠤ ᠨᠥᠬᠦᠪᠦᠷᠢᠯᠡᠬᠦ ᠬᠠᠮᠤᠭ ᠤᠨ ᠥᠨᠳᠥᠷ ᠪᠠᠷᠢᠮᠵᠢᠶ᠎ᠠ ᠠᠴᠠ | ᠳᠣᠣᠷ᠎ᠠ ᠪᠠᠶᠢᠪᠠᠯ᠂ ᠪᠤᠳᠤᠭᠰᠠᠨ ᠦᠷ᠎ᠡ ᠳ᠋ᠦᠩ ᠤᠨ ᠶᠣᠰᠣᠭᠠᠷ ᠬᠡᠷᠡᠭᠵᠢᠭᠦᠯᠵᠦ᠂ ᠱᠠᠩᠨᠠᠵᠤ ᠨᠥᠬᠦᠪᠦᠷᠢᠯᠡᠬᠦ | ᠬᠠᠮᠤᠭ ᠤᠨ ᠥᠨᠳᠥᠷ ᠪᠠᠷᠢᠮᠵᠢᠶ᠎ᠠ ᠠᠴᠠ ᠥᠨᠳᠥᠷ ᠪᠠᠶᠢᠪᠠᠯ᠂ ᠱᠠᠩᠨᠠᠵᠤ ᠨᠥᠬᠦᠪᠦᠷᠢᠯᠡᠬᠦ ᠬᠠᠮᠤᠭ ᠤᠨ ᠥᠨᠳᠥᠷ | ᠵᠣᠭᠤᠰ ᠤᠨ ᠲᠤᠭ᠎ᠠ ᠪᠠᠷ ᠬᠡᠷᠡᠭᠵᠢᠭᠦᠯᠦᠨ᠎ᠡ᠃ | ︵ᠳᠥᠷᠪᠡ︶ ᠬᠡᠷᠡᠭᠵᠢᠭᠦᠯᠬᠦ ᠲᠡᠰ ᠳᠠᠷᠠᠭᠠᠯᠠᠯ | ᠪᠥᠬᠦ ᠬᠤᠲᠠ ᠶᠢᠨ ᠬᠦᠷᠢᠶ᠎ᠡ ᠬᠠᠰᠢᠶᠠᠨ ᠤ ᠠᠵᠤ ᠠᠬᠤᠢ ᠶᠢᠨ ᠬᠥᠭᠵᠢᠯᠲᠡ ᠶᠢᠨ ᠠᠵᠢᠯ ᠢ ᠬᠤᠲᠠ ᠶᠢᠨ | ᠱᠠᠲᠤ ᠪᠠᠷ ᠨᠢᠭᠡᠳᠦᠯᠲᠡᠢ ᠲᠥᠯᠥᠪᠯᠡᠵᠦ᠂ ᠰᠢᠶᠠᠩ ᠪᠠᠯᠭᠠᠰᠤ ᠶᠢᠨ ᠨᠠᠶᠢᠳᠠᠪᠤᠷᠢᠵᠢᠭᠤᠯᠤᠯᠲᠠ ᠶᠢ ᠠᠳᠬᠤᠨ᠂ | ᠲᠣᠰᠬᠤᠨ ᠢᠶᠠᠷ ᠬᠡᠷᠡᠭᠵᠢᠭᠦᠯᠬᠦ ᠭᠤᠣᠯ ᠴᠣᠭᠴᠠ ᠪᠣᠯᠭᠠᠵᠤ᠂ ᠪᠠᠯᠭᠠᠰᠤ ᠨᠢᠭᠡᠪᠦᠷᠢ ᠨᠢ ᠪᠠᠯᠭᠠᠰᠤ ᠪᠠᠷ ᠨᠢᠭᠡᠴᠢ ᠪᠣᠯᠭᠠᠨ | ᠬᠡᠷᠡᠭᠵᠢᠭᠦᠯᠬᠦ ᠲᠥᠰᠥᠯ ᠨᠠᠶᠢᠷᠠᠭᠤᠯᠤᠨ ᠵᠣᠬᠢᠶᠠᠵᠤ᠂ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠲᠣᠰᠬᠤᠨ ᠤ ᠱᠠᠲᠤ | ᠠᠴᠠ ᠮᠡᠳᠡᠭᠦᠯᠬᠦ ︱ ᠪᠠᠯᠭᠠᠰᠤ ᠪᠠᠷ ᠬᠢᠨᠠᠨ ᠬᠠᠷᠭᠤᠭᠤᠯᠬᠤ ︱ ᠬᠤᠲᠠ ᠪᠠᠷ ᠬᠢᠨᠠᠨ ᠵᠥᠪᠰᠢᠶᠡᠷᠡᠭᠦᠯᠬᠦ ︱ ᠵᠣᠬᠢᠶᠠᠨ | ᠪᠠᠶᠢᠭᠤᠯᠵᠤ ᠬᠡᠷᠡᠭᠵᠢᠭᠦᠯᠬᠦ ︱ ᠬᠤᠲᠠ ᠠᠴᠠ ᠬᠢᠨᠠᠨ ᠬᠠᠷᠭᠤᠭᠤᠯᠬᠤ ᠲᠠᠪᠤᠨ ᠵᠠᠩᠭᠢᠯᠠᠭ᠎ᠠ ᠶᠢ ᠪᠣᠳᠠᠲᠠᠢ ᠰᠠᠶᠢᠲᠤᠷ | ᠠᠳᠬᠤᠬᠤ ᠬᠡᠷᠡᠭᠲᠡᠢ᠄ | 1. ᠲᠤᠰᠬᠤᠨ ᠤ ᠱᠠᠲᠤᠨ ᠤ ᠮᠡᠳᠡᠭᠦᠯᠬᠦ ᠵᠠᠩᠭᠢᠯᠠᠭ᠎ᠠ᠃ ᠲᠣᠰᠬᠤᠨ ᠤ ᠱᠠᠲᠤᠨ ᠤ ᠵᠣᠬᠢᠶᠠᠨ ᠪᠠᠶᠢᠭᠤᠯᠤᠯᠲᠠ | ᠨᠢ ᠲᠠᠷᠢᠶᠠᠴᠢᠨ ᠡᠷᠦᠬᠡ ᠶᠢᠨ ᠲᠥᠷᠥᠯ ᠵᠦᠢᠯ ᠢ ᠬᠡᠷᠡᠭᠵᠢᠭᠦᠯᠬᠦ ᠰᠠᠨᠠᠯ ᠢ ᠬᠤᠷᠢᠶᠠᠵᠤ᠂ ᠲᠣᠰᠬᠤᠨ ᠤ ᠬᠡᠷᠡᠭᠵᠢᠭᠦᠯᠬᠦ | ᠴᠢᠨᠠᠷ ᠰᠠᠶᠢᠲᠠᠢ ᠬᠦᠷᠢᠶ᠎ᠡ ᠬᠠᠰᠢᠶᠠᠨ ᠤ ᠠᠵᠤ ᠠᠬᠤᠢ ᠶᠢᠨ ᠲᠥᠯᠥᠪᠯᠡᠭᠡ ᠶᠢᠨ ᠬᠦᠰᠦᠨᠦᠭᠲᠦ ᠶᠢ ᠬᠤᠷᠢᠶᠠᠩᠭᠤᠶᠢᠯᠠᠵᠤ | ᠂ ᠲᠣᠰᠬᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠢᠶᠠᠷ ᠬᠢᠨᠠᠨ ᠵᠥᠪᠯᠡᠭᠦᠯᠵᠦ | ᠵᠥᠪᠰᠢᠶᠡᠷᠡᠭᠦᠯᠦᠭᠰᠡᠨ ᠤ ᠳᠠᠷᠠᠭ᠎ᠠ ᠪᠠᠯᠭᠠᠰᠤᠨ ᠳᠤ ᠮᠡᠳᠡᠭᠦᠯᠦᠨ ᠬᠦᠷᠭᠡᠵᠦ ᠬᠢᠨᠠᠨ ᠬᠠᠷᠭᠤᠭᠤᠯᠵᠤ ᠳᠠᠩᠰᠠᠯᠠᠭᠤᠯᠬᠤ | ᠬᠡᠷᠡᠭᠲᠡᠢ᠃ | 2. ᠪᠠᠯᠭᠠᠰᠤᠨ ᠤ ᠱᠠᠲᠤᠨ ᠤ ᠬᠢᠨᠠᠨ ᠬᠠᠷᠭᠤᠭᠤᠯᠬᠤ ᠭᠤᠭᠴᠤᠭ᠎ᠠ᠃ ᠪᠠᠯᠭᠠᠰᠤᠨ ᠤ ᠱᠠᠲᠤᠨ ᠤ ᠬᠢᠨ | ᠵᠢᠭᠰᠠᠭᠠᠨ ᠪᠠᠶᠢᠴᠠᠭᠠᠭᠰᠠᠨ ᠪᠠᠶᠢᠳᠠᠯ ᠲᠠᠢ ᠪᠠᠨ ᠤᠶᠠᠯᠳᠤᠭᠤᠯᠤᠨ ᠪᠠᠯᠭᠠᠰᠤᠨ ᠤ ᠴᠢᠨᠠᠷ ᠰᠠᠶᠢᠲᠠᠢ ᠬᠦᠷᠢᠶ᠎ᠡ | ᠬᠠᠰᠢᠶᠠᠨ ᠤ ᠠᠵᠤ ᠠᠬᠤᠢ ᠶᠢᠨ ᠬᠥᠭᠵᠢᠯᠲᠡ ᠶᠢᠨ ᠲᠥᠷᠥᠯ ᠵᠦᠢᠯ ᠤᠨ ᠣᠨ ᠤ ᠬᠡᠷᠡᠭᠵᠢᠭᠦᠯᠬᠦ ᠲᠥᠰᠥᠯ ᠢ | ᠨᠠᠶᠢᠷᠠᠭᠤᠯᠤᠨ ᠵᠣᠬᠢᠶᠠᠵᠤ᠂ ᠪᠠᠯᠭᠠᠰᠤᠨ ᠤ ᠨᠠᠮ ᠤᠨ ᠬᠤᠷᠢᠶ᠎ᠠ ᠶᠢᠨ ᠬᠤᠷᠠᠯ ᠢᠶᠠᠷ ᠬᠢᠨᠠᠨ ᠬᠠᠷᠭᠤᠭᠤᠯᠬᠤ ᠶᠢᠨ ᠬᠠᠮᠲᠤ | ᠢᠯᠡ ᠨᠡᠶᠢᠲᠡᠯᠡᠭᠡᠳ ᠣᠨᠳᠣᠣ ᠰᠠᠨᠠᠯ ᠦᠭᠡᠢ ᠪᠣᠯᠤᠭᠰᠠᠨ ᠤ ᠳᠠᠷᠠᠭ᠎ᠠ᠂ ᠬᠡᠷᠡᠭᠵᠢᠭᠦᠯᠬᠦ ᠲᠥᠰᠥᠯ ᠢᠶᠠᠨ ᠬᠤᠲᠠ ᠶᠢᠨ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠳᠤ ᠮᠡᠳᠡᠭᠦᠯᠦᠨ ᠬᠦᠷᠭᠡᠵᠦ | ᠬᠤᠷᠢᠶᠠᠩᠭᠤᠶᠢᠯᠠᠭᠤᠯᠤᠨ᠎ᠠ᠃ | 3. ᠬᠤᠲᠠ ᠶᠢᠨ ᠱᠠᠲᠤᠨ ᠤ ᠬᠢᠨᠠᠨ ᠵᠥᠪᠰᠢᠶᠡᠷᠡᠬᠦ ᠭᠤᠭᠴᠤᠭ᠎ᠠ᠃ ᠬᠤᠲᠠ ᠶᠢᠨ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠲᠣᠪᠴᠢᠶ᠎ᠠ ᠡᠯ᠎ᠡ ᠪᠠᠯᠭᠠᠰᠤᠨ ᠤ ᠳᠡᠭᠡᠭᠰᠢ ᠮᠡᠳᠡᠭᠦᠯᠬᠦ ᠲᠥᠰᠥᠯ ᠢ | ᠬᠤᠷᠢᠶᠠᠩᠭᠤᠶᠢᠯᠠᠬᠤ ᠶᠢᠨ ᠬᠠᠮᠲᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠬᠢᠨᠠᠨ | ᠬᠠᠷᠭᠤᠭᠤᠯᠤᠭᠰᠠᠨ ᠤ ᠳᠠᠷᠠᠭ᠎ᠠ ᠴᠣᠬᠤᠯᠠᠪᠤᠷᠢ ᠥᠭᠭᠦᠨ᠎ᠡ᠃ | 4. ᠵᠣᠬᠢᠶᠠᠨ ᠪᠠᠶᠢᠭᠤᠯᠵᠤ ᠬᠡᠷᠡᠭᠵᠢᠭᠦᠯᠬᠦ ᠭᠤᠭᠴᠤᠭ᠎ᠠ᠃ ᠪᠠᠯᠭᠠᠰᠤᠨ ᠤ ᠵᠢᠭᠠᠨ ᠵᠢᠯᠤᠭᠤᠳᠬᠤ ᠭᠠᠴᠠᠭ᠎ᠠ ᠨᠢ | ᠲᠠᠷᠢᠶᠠᠴᠢᠨ ᠡᠷᠦᠬᠡ ᠶᠢ ᠵᠣᠬᠢᠶᠠᠨ ᠪᠠᠶᠢᠭᠤᠯᠤᠨ ᠥᠪᠡᠷᠲᠡᠭᠡᠨ ᠬᠡᠷᠡᠭᠵᠢᠭᠦᠯᠵᠦ᠂ ᠲᠥᠰᠥᠯ ᠲᠣᠭᠲᠠᠭᠠᠬᠤ ᠵᠢᠴᠢ | ᠬᠡᠷᠡᠭᠵᠢᠭᠦᠯᠬᠦ ᠶᠠᠪᠤᠴᠠ ᠳᠤ ᠳᠤᠮᠳᠠ ᠲᠠᠷᠢᠶᠠᠴᠢᠨ ᠤ ᠤᠰᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠰᠣᠶᠣᠯ ᠪᠣᠯᠪᠠᠰᠤᠷᠠᠯ ᠪᠡᠶ᠎ᠡ ᠶᠢᠨ ᠲᠠᠮᠢᠷ ᠤᠨ | ᠲᠣᠪᠴᠢᠶ᠎ᠠ ᠵᠡᠷᠭᠡ ᠠᠵᠢᠯ ᠲᠦᠷᠦᠯ ᠤᠨ ᠰᠠᠯᠠᠭ᠎ᠠ ᠮᠥᠴᠢᠷ ᠤᠳ ᠰᠠᠯᠠᠭ᠎ᠠ ᠮᠥᠴᠢᠷ ᠤᠨ ᠳᠠᠪᠠᠭᠤᠯᠢᠭ ᠢᠶᠠᠨ | ᠪᠠᠳᠠᠷᠠᠭᠤᠯᠵᠤ᠂ ᠲᠤᠬᠠᠶᠢᠯᠠᠭᠰᠠᠨ ᠠᠵᠢᠯ ᠪᠠ ᠮᠡᠷᠭᠡᠵᠢᠯ ᠤᠨ ᠵᠢᠯᠣᠭᠤᠳᠤᠯᠭ᠎ᠠ ᠬᠢᠨ᠎ᠡ᠃ ᠲᠣᠰᠬᠤᠨ ᠤ ᠬᠢᠨ ᠵᠢᠯ | ᠪᠦᠷᠢ ᠶᠢᠨ 8 ᠰᠠᠷ᠎ᠠ ᠶᠢᠨ 31 ᠤ ᠡᠳᠦᠷ ᠠᠴᠠ ᠡᠮᠦᠨ᠎ᠡ ᠠᠩᠬᠠᠨ ᠤ ᠰᠢᠯᠭᠠᠯᠲᠠ ᠬᠢᠵᠦ᠂ ᠪᠠᠯᠭᠠᠰᠤ ᠠᠴᠠ ᠬᠠᠮᠢᠶ᠎ᠠ | ᠪᠦᠬᠦᠢ ᠮᠡᠷᠭᠡᠵᠢᠯ ᠤᠨ ᠠᠵᠢᠯᠲᠠᠨ ᠢ ᠵᠣᠬᠢᠶᠠᠨ ᠪᠠᠶᠢᠭᠤᠯᠤᠨ ᠳᠠᠬᠢᠨ ᠰᠢᠯᠭᠠᠯᠲᠠ ︵ᠳᠠᠬᠢᠨ ᠰᠢᠯᠭᠠᠯᠲᠠ | ᠳᠠᠭᠤᠰᠤᠭᠰᠠᠨ ᠤ ᠳᠠᠷᠠᠭᠠᠬᠢ 5 ᠠᠵᠢᠯᠯᠠᠬᠤ ᠡᠳᠦᠷ ᠤᠨ ᠳᠣᠲᠣᠷ᠎ᠠ︶ ᠬᠢᠵᠦ᠂ ᠰᠢᠯᠭᠠᠨ ᠠᠪᠤᠭᠰᠠᠨ ᠦᠷ᠎ᠡ ᠳ᠋ᠦᠩ ᠢ | ᠢᠯᠡ ᠨᠡᠶᠢᠲᠡᠯᠡᠬᠦ ᠬᠡᠷᠡᠭᠲᠡᠢ ︵ᠢᠯᠡ ᠨᠡᠶᠢᠲᠡᠯᠡᠬᠦ ᠴᠠᠭ ᠨᠢ 5 ᠠᠵᠢᠯᠯᠠᠬᠤ ᠡᠳᠦᠷ ᠠᠴᠠ ᠳᠤᠲᠠᠭᠤ ᠪᠠᠶᠢᠵᠤ ᠪᠣᠯᠬᠤ | ᠦᠭᠡᠢ︶᠂ ᠢᠯᠡ ᠨᠡᠶᠢᠲᠡᠯᠡᠭᠰᠡᠨ ᠤ ᠳᠠᠷᠠᠭ᠎ᠠ ᠣᠨᠳᠣᠣ ᠰᠠᠨᠠᠯ ᠦᠭᠡᠢ ᠪᠣᠯ ᠰᠢᠯᠭᠠᠨ ᠠᠪᠤᠭᠰᠠᠨ ᠮᠡᠳᠡᠭᠦᠯᠦᠯᠲᠡ ᠪᠠ | ᠪᠠᠯᠭᠠᠰᠤᠨ ᠤ ᠬᠦᠷᠢᠶ᠎ᠡ ᠬᠠᠰᠢᠶᠠᠨ ᠤ ᠠᠵᠤ ᠠᠬᠤᠢ ᠶᠢᠨ ᠲᠥᠷᠥᠯ ᠵᠦᠢᠯ ᠤᠨ ᠨᠥᠬᠦᠪᠦᠷᠢ ᠶᠢᠨ ᠨᠠᠷᠢᠨ | ᠬᠦᠰᠦᠨᠦᠭᠲᠦ ᠶᠢ ᠭᠠᠷᠭᠠᠵᠤ᠂ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠳᠤ | ᠮᠡᠳᠡᠭᠦᠯᠦᠨ ᠳᠠᠩᠰᠠᠯᠠᠭᠤᠯᠤᠨ᠎ᠠ᠃ | 5. ᠬᠤᠲᠠ ᠶᠢᠨ ᠱᠠᠲᠤᠨ ᠤ ᠬᠢᠨᠠᠨ ᠬᠠᠷᠭᠤᠭᠤᠯᠬᠤ ᠭᠤᠭᠴᠤᠭ᠎ᠠ᠃ ᠬᠤᠲᠠ ᠶᠢᠨ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠲᠣᠪᠴᠢᠶ᠎ᠠ ᠵᠢᠴᠢ ᠲᠠᠷᠢᠶᠠᠯᠠᠩ ᠤᠨ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠰᠣᠶᠣᠯ ᠪᠣᠯᠪᠠᠰᠤᠷᠠᠯ | ᠪᠡᠶ᠎ᠡ ᠶᠢᠨ ᠲᠠᠮᠢᠷ ᠤᠨ ᠲᠣᠪᠴᠢᠶ᠎ᠠ ᠬᠠᠮᠲᠤᠷᠠᠭᠰᠠᠨ ᠰᠢᠯᠭᠠᠨ ᠠᠪᠬᠤ ᠳᠤᠭᠤᠶᠢᠯᠠᠩ ᠪᠠᠶᠢᠭᠤᠯᠵᠤ᠂ ᠡᠯ᠎ᠡ | ᠪᠠᠯᠭᠠᠰᠤ ᠶᠢᠨ ᠰᠢᠯᠭᠠᠨ ᠠᠪᠬᠤ ᠳᠤ ᠬᠢᠷᠢ ᠲᠡᠩᠴᠡᠭᠰᠡᠨ ᠬᠦᠷᠢᠶ᠎ᠡ ᠬᠠᠰᠢᠶ᠎ᠠ ᠶᠢᠨ ᠠᠵᠤ ᠠᠬᠤᠢ ᠶᠢᠨ | ᠬᠥᠭᠵᠢᠯᠲᠡ ᠶᠢᠨ ᠡᠷᠦᠬᠡ ᠳᠤ᠂ ᠲᠥᠷᠥᠯ ᠵᠦᠢᠯ ᠢ ᠬᠡᠷᠡᠭᠵᠢᠭᠦᠯᠦᠭᠰᠡᠨ ᠲᠥᠷᠥᠯ ᠵᠦᠢᠯ᠂ ᠬᠡᠪᠴᠢᠶ᠎ᠡ᠂ | ᠨᠥᠬᠦᠪᠦᠷᠢ ᠶᠢᠨ ᠲᠤᠭ᠎ᠠ ᠬᠡᠮᠵᠢᠶ᠎ᠡ᠂ ᠬᠠᠮᠢᠶᠠᠷᠤᠯᠲᠠ ᠶᠢᠨ ᠲᠣᠭᠲᠠᠴᠠ ᠵᠡᠷᠭᠡ ᠲᠠᠯ᠎ᠠ ᠪᠠᠷ ᠰᠤᠭᠤᠴᠢᠨ ᠪᠠᠶᠢᠴᠠᠭᠠᠬᠤ ᠶᠢ | ᠵᠣᠬᠢᠶᠠᠨ ᠪᠠᠶᠢᠭᠤᠯᠵᠤ᠂ ᠰᠤᠭᠤᠴᠢᠨ ᠪᠠᠶᠢᠴᠠᠭᠠᠭᠰᠠᠨ ᠬᠠᠷᠢᠴᠠᠯ ᠢ 20% ᠠᠴᠠ ᠳᠣᠣᠷ᠎ᠠ ᠪᠠᠶᠢᠯᠭᠠᠬᠤ ᠦᠭᠡᠢ | ᠪᠠᠶᠢᠵᠤ᠂ ᠰᠤᠭᠤᠴᠢᠨ ᠪᠠᠶᠢᠴᠠᠭᠠᠭᠰᠠᠨ ᠪᠠᠶᠢᠳᠠᠯ ᠢ ᠦᠨᠳᠦᠰᠦᠯᠡᠨ ᠪᠣᠳᠠᠲᠠᠢ ᠨᠥᠬᠦᠪᠦᠷᠢ ᠶᠢ ᠪᠡᠯᠡᠨ ᠵᠣᠭᠤᠰ | ᠪᠣᠯᠭᠠᠵᠤ᠂ ᠪᠦᠬᠦᠨ ᠳᠤ ᠲᠣᠬᠢᠷᠠᠬᠤ ᠺᠠᠷᠲ ᠢᠶᠠᠷ ᠡᠷᠦᠬᠡ ᠳᠤ ᠣᠯᠭᠤᠨ᠎ᠠ᠃ |