ᠷᠠᠰᠢᠶᠠᠨ ᠬᠤᠳᠠ ᠶᠢᠨ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠬᠠᠷᠢᠶᠠᠳᠥ ᠤᠷᠤᠨ ᠤ ᠪᠠᠨ ᠬᠡᠬᠡᠷ᠎ᠡ ᠶᠢᠨ ᠠᠮᠢᠳᠠᠨ ᠠᠷᠢᠶᠠᠳᠠᠨ ᠤ ᠠᠮᠦᠷ ᠲᠦᠪᠰᠢᠨ ᠢ ᠰᠠᠶᠢᠳᠦᠷ ᠬᠠᠮᠠᠭᠠᠯᠠᠵᠦ ᠪᠤᠢ
ᠨᠡᠶᠢᠲᠡᠯᠡᠭᠰᠡᠨ ᠴᠠᠭ᠄
2024/1/10
     ᠤᠶᠢᠷ᠎ᠠ ᠳᠤ᠂ ᠬᠢᠩᠭᠠᠨ ᠠᠶᠢᠮᠠᠬ ᠤᠨ ᠷᠠᠰᠢᠶᠠᠨ ᠬᠤᠳᠠ ᠶᠢᠨ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠦᠯᠳᠠ ᠶᠢᠨ ᠶᠡᠭᠡ ᠠᠩᠬᠢ ᠬᠡᠬᠡᠷ᠎ᠡ ᠶᠢᠨ ᠠᠮᠢᠳᠠᠨ ᠠᠷᠢᠶᠠᠳᠠᠨ ᠤ ᠠᠮᠦᠷ ᠲᠦᠪᠰᠢᠨ ᠢ ᠬᠠᠮᠢᠶᠠᠷᠦᠨ ᠡᠵᠡᠮᠳᠡᠬᠦ ᠪᠠ ᠬᠡᠬᠡᠷ᠎ᠡ ᠶᠢᠨ ᠠᠮᠢᠳᠠᠨ ᠠᠷᠢᠶᠠᠳᠠᠨ ᠢ ᠬᠠᠮᠠᠭᠠᠯᠠᠬᠤ ᠤᠬᠠᠭᠤᠯᠭ᠎ᠠ ᠬᠦᠮᠦᠵᠢᠯ ᠢ ᠴᠢᠩᠭᠠᠳᠬᠠᠵᠦ᠂ ᠪᠤᠳᠠᠳᠠᠢ ᠦᠢᠯᠡ ᠠᠵᠢᠯᠯᠠᠭ᠎ᠠ ᠪᠠᠷ ᠢᠶᠠᠨ ᠬᠠᠷᠢᠶᠠᠳᠥ ᠤᠷᠤᠨ ᠤ ᠪᠠᠨ ᠬᠡᠬᠡᠷ᠎ᠡ ᠶᠢᠨ ᠠᠮᠢᠳᠠᠨ ᠠᠷᠢᠶᠠᠳᠠᠨ ᠤ ᠠᠮᠦᠷ ᠲᠦᠪᠰᠢᠨ ᠢ ᠬᠠᠮᠠᠭᠠᠯᠠᠵᠦ ᠪᠠᠶᠢᠨ᠎ᠠ᠃    ᠲᠤᠰ ᠶᠡᠭᠡ ᠠᠩᠬᠢ ᠶᠢᠨ ᠴᠠᠬᠳᠠᠭ᠎ᠠ ᠨᠡᠷ ᠵᠠᠮ ᠬᠠᠷᠢᠯᠴᠠᠭᠠᠨ ᠤ ᠠᠮᠦᠷ ᠲᠦᠪᠰᠢᠨ ᠤ ᠲᠠᠯᠳᠠ ᠬᠡᠮ ᠢ ᠪᠠᠶᠢᠴᠠᠭᠠᠨ ᠴᠡᠭᠴᠡᠯᠡᠬᠦ ᠠᠵᠢᠯ ᠢ ᠦᠷᠬᠦᠯᠵᠢᠯᠡᠨ ᠬᠦᠨᠵᠡᠬᠡᠶᠢᠷᠡᠬᠦᠯᠵᠦ᠂ ᠲᠦᠭᠰᠢᠬᠦᠷᠢ ᠶᠢᠨ ᠲᠠᠯᠳᠠ ᠬᠡᠮ ᠢ ᠪᠦᠬᠦ ᠬᠦᠴᠦ ᠪᠠᠷ ᠢᠶᠠᠨ ᠠᠷᠢᠯᠭᠠᠵᠦ᠂ ᠵᠡᠬᠡᠷ᠎ᠡ ᠵᠡᠷᠭᠡ ᠬᠡᠬᠡᠷ᠎ᠡ ᠶᠢᠨ ᠠᠮᠢᠳᠠᠨ ᠠᠷᠢᠶᠠᠳᠠᠨ ᠤ ᠦᠷᠬᠦᠯᠵᠢ ᠶᠠᠪᠤᠳᠠᠭ ᠭᠠᠵᠠᠷ ᠤᠷᠤᠨ ᠢᠶᠠᠷ ︽ᠬᠡᠬᠡᠷ᠎ᠡ ᠶᠢᠨ ᠠᠮᠢᠳᠠᠨ ᠠᠷᠢᠶᠠᠳᠠᠨ ᠢ ᠠᠩᠬᠠᠷᠤᠭᠠᠷᠠᠢ︕︾ ᠬᠡᠬᠦ ᠰᠡᠷᠡᠮᠵᠢ ᠶᠢᠨ ᠫᠠᠶᠢᠰᠠ ᠲᠤᠬᠢᠷᠠᠭᠤᠯᠵᠦ᠂ ᠨᠠᠭᠠᠰᠢ ᠴᠠᠭᠠᠰᠢ ᠶᠠᠪᠤᠬᠤ ᠮᠠᠰᠢᠨ ᠲᠡᠷᠬᠡ ᠠᠮᠦᠷ ᠲᠦᠪᠰᠢᠨ ᠢᠶᠠᠷ ᠠᠶᠠᠯᠠᠬᠤ ᠶᠢ ᠰᠠᠨᠠᠭᠤᠯᠵᠠᠢ᠃ ᠡᠬᠦᠨ ᠤ ᠬᠠᠮᠳᠤ᠂ ᠡᠯ᠎ᠡ ᠲᠤᠮᠳᠠ ᠠᠩᠬᠢ ᠲᠤᠭᠤᠷᠢᠨ ᠪᠠᠶᠢᠴᠠᠭᠠᠬᠤ ᠬᠦᠴᠦᠯᠡᠴᠡ ᠪᠠᠨ ᠶᠡᠬᠡᠰᠭᠡᠵᠦ᠂ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠬᠠᠮᠳᠤᠷᠠᠨ ᠲᠤᠬᠳᠠᠬᠰᠠᠨ ᠬᠤᠭᠤᠴᠠᠭ᠎ᠠ ᠲᠠᠢ ᠪᠠᠷ ᠤᠶᠢᠷ᠎ᠠ ᠬᠠᠪᠢ ᠶᠢᠨ ᠤᠷᠴᠢᠨ ᠲᠤᠭᠤᠷᠢᠨ ᠢ ᠪᠠᠶᠢᠴᠠᠭᠠᠵᠦ᠂ ᠨᠠᠭᠠᠰᠢ ᠴᠠᠭᠠᠰᠢ ᠶᠠᠪᠤᠬᠤ ᠮᠠᠰᠢᠨ ᠲᠡᠷᠬᠡ ᠬᠡᠬᠡᠷ᠎ᠡ ᠶᠢᠨ ᠠᠮᠢᠳᠠᠨ ᠠᠷᠢᠶᠠᠳᠠᠨ ᠢ ᠲᠠᠭᠠᠷᠢᠬᠤ ᠠᠴᠠ ᠰᠡᠷᠬᠡᠶᠢᠯᠡᠪᠠ᠃    ᠲᠤᠰ ᠶᠡᠭᠡ ᠠᠩᠬᠢ ᠶᠢᠨ ᠴᠠᠬᠳᠠᠭ᠎ᠠ ᠨᠠᠷ ᠪᠠᠰᠠ ᠷᠠᠰᠢᠶᠠᠨ ᠤ ᠡᠮᠦᠨ᠎ᠡ ᠰᠦᠢᠳᠬᠡᠯ ᠬᠤᠷᠢᠶᠠᠬᠤ ᠦᠷᠳᠡᠭᠡ᠂ ᠢᠷᠪᠢᠰ ᠪᠠᠶᠢᠴᠠᠭᠠᠯᠳᠠ ᠶᠢᠨ ᠦᠷᠳᠡᠭᠡ ᠵᠡᠷᠭᠡ ᠵᠠᠮ ᠴᠡᠭ ᠢᠶᠠᠷ ᠭᠤᠤᠯᠳᠠᠯᠭ᠎ᠠ ᠲᠠᠢ ᠬᠠᠮᠢᠶᠠᠷᠦᠨ ᠡᠵᠡᠮᠳᠡᠵᠦ᠂ ᠤᠷᠴᠢᠨ ᠲᠤᠭᠤᠷᠢᠨ ᠢᠳᠡᠬᠡᠨ ᠡᠮ ᠤᠨ ᠵᠦᠢᠯᠡᠰ ᠤᠨ ᠶᠠᠯᠠᠳᠤ ᠠᠵᠢᠯᠯᠠᠭ᠎ᠠ ᠶᠢ ᠲᠠᠩᠨᠠᠨ ᠪᠠᠶᠢᠴᠠᠭᠠᠬᠤ ᠶᠡᠭᠡ ᠠᠩᠬᠢ ᠲᠠᠢ ᠬᠤᠯᠪᠤᠭᠠᠯᠠᠨ᠂ ᠡᠯ᠎ᠡ ᠤᠷᠤᠵᠦ ᠭᠠᠷᠬᠤ ᠵᠡᠮ ᠢᠶᠠᠷ ᠵᠢᠵᠢᠬᠦᠷᠯᠡᠨ᠂ ᠰᠠᠤᠭᠡ ᠮᠠᠰᠢᠨ᠂ ᠪᠠᠭ᠎ᠠ ᠬᠡᠯᠪᠡᠷᠢ ᠶᠢᠨ ᠪᠠᠷᠠᠭᠠᠨ ᠤ ᠲᠠᠷᠬᠡ ᠵᠡᠷᠭᠡ ᠲᠡᠷᠭᠡ ᠬᠦᠰᠬᠡ ᠳᠤ ᠬᠡᠨᠡᠳᠳᠡ ᠶᠢᠨ ᠪᠠᠶᠢᠴᠠᠭᠠᠯᠳᠠ ᠬᠢᠵᠦ᠂ ᠬᠡᠬᠡᠷ᠎ᠡ ᠶᠢᠨ ᠠᠮᠢᠳᠠᠨ ᠠᠷᠢᠶᠠᠳᠠᠨ ᠢ ᠬᠠᠤᠯᠢ ᠪᠤᠰᠤ ᠪᠠᠷ ᠠᠩᠨᠠᠬᠤ᠂ ᠬᠤᠳᠠᠯᠳᠤᠨ ᠠᠪᠬᠤ᠂ ᠵᠦᠬᠡᠬᠡᠪᠦᠷᠢᠯᠡᠬᠦ ᠵᠡᠷᠭᠡ ᠬᠠᠤᠯᠢ ᠪᠤᠰᠤ ᠠᠵᠢᠯᠯᠠᠭ᠎ᠠ ᠳᠤ ᠴᠢᠩᠭ᠎ᠠ ᠴᠤᠬᠢᠯᠳᠠ ᠦᠭᠴᠡᠢ᠃ ᠲᠤᠰ ᠤᠳᠠᠭᠠᠨ ᠤ ᠪᠠᠶᠢᠴᠠᠭᠠᠯᠳᠠ ᠪᠠᠷ ᠲᠠᠮᠵᠢᠨ᠂ ᠵᠠᠮ ᠬᠠᠷᠢᠯᠴᠠᠭᠠᠨ ᠤ ᠬᠠᠤᠯᠢ ᠠᠴᠠ ᠵᠦᠷᠢᠴᠡᠭᠰᠡᠨ ᠶᠠᠯᠠᠳᠥ ᠠᠵᠢᠯᠯᠠᠭ᠎ᠠ ᠡᠬᠦᠰᠬᠦ ᠪᠠ ᠬᠡᠬᠡᠷ᠎ᠡ ᠶᠢᠨ ᠠᠮᠢᠳᠠᠨ ᠠᠷᠢᠶᠠᠳᠠᠨ ᠤ ᠡᠬᠢ ᠪᠠᠶᠠᠯᠢᠭ ᠢ ᠡᠪᠳᠡᠬᠦ ᠬᠠᠤᠯᠢ ᠠᠴᠠ ᠵᠦᠷᠢᠴᠡᠭᠰᠡᠨ ᠶᠠᠯᠠᠳᠤ ᠠᠵᠢᠯᠯᠠᠭ᠎ᠠ ᠶᠢ ᠪᠦᠳᠦᠮᠵᠢᠳᠡᠢ ᠪᠠᠷ ᠰᠡᠷᠬᠡᠶᠢᠯᠡᠨ ᠰᠦᠷᠳᠡᠬᠦᠯᠵᠦ᠂ ᠬᠠᠷᠢᠶᠠᠳᠥ ᠤᠷᠤᠨ ᠤ ᠪᠠᠨ ᠵᠠᠮ ᠬᠠᠷᠢᠯᠴᠠᠭᠠᠨ ᠤ ᠠᠮᠦᠷ ᠲᠦᠪᠰᠢᠨ ᠵᠢᠴᠢ ᠬᠡᠬᠡᠷ᠎ᠡ ᠶᠢᠨ ᠠᠮᠢᠳᠠᠨ ᠠᠷᠢᠶᠠᠳᠠᠨ ᠤ ᠡᠬᠢ ᠪᠠᠶᠠᠯᠢᠭ ᠤᠨ ᠤᠷᠴᠢᠨ ᠲᠤᠭᠤᠷᠢᠨ ᠤ ᠠᠮᠦᠷ ᠲᠦᠪᠰᠢᠨ ᠲᠤᠬᠳᠠᠭᠤᠨ ᠪᠠᠶᠢᠬᠤ ᠶᠢ ᠪᠠᠳᠦᠯᠠᠬᠰᠠᠨ ᠪᠠᠶᠢᠨ᠎ᠠ᠃    ︵ᠬᠠᠨ᠎ᠠ︶
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号