ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠵᠦ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠥ ᠴᠤᠭᠴᠠᠯᠠᠨ᠎ᠠ
ᠨᠡᠶᠢᠲᠡᠯᠡᠭᠰᠡᠨ ᠴᠠᠭ᠄
2024/1/3
     ᠷᠠᠰᠢᠶᠠᠨ ᠬᠤᠳᠠ ᠶᠢᠨ ᠮᠢᠩ ᠱᠦᠢ ᠡᡁᠤ ᠪᠠᠯᠭᠠᠰᠤ ᠶᠢᠨ ᠰᠢ ᠺᠸᠤ ᠨᠡᠶᠢᠭᠡᠮ ᠲᠣᠭᠤᠷᠢᠭ ᠨᠢ ᠲᠠᠷᠢᠶᠠᠯᠠᠩ᠂ ᠤᠢ ᠰᠢᠭᠤᠢ᠂ ᠮᠠᠯ ᠠᠵᠤ ᠠᠬᠤᠢ ᠶᠢᠨ ᠡᠬᠢ ᠪᠠᠶᠠᠯᠢᠭ ᠤᠨ ᠳᠠᠪᠠᠭᠤᠯᠢᠭ ᠪᠠ ᠰᠣᠶᠣᠯ ᠤᠨ ᠣᠨᠴᠠᠯᠢᠭ ᠲᠠᠢ ᠪᠠᠶᠢᠵᠤ᠂ ᠬᠢᠩᠭᠠᠨ ᠠᠶᠢᠮᠠᠭ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠶᠶ᠎ᠠ ᠦᠵᠡᠭᠦᠯᠬᠦ ᠨᠢᠭᠡᠴᠢ ᠪᠣᠯᠤᠨ᠎ᠠ᠃      ᠤᠶᠢᠷ᠎ᠠ ᠶᠢᠨ ᠵᠢᠯ ᠳᠤ᠂ ᠰᠢ ᠺᠸᠤ ᠨᠡᠶᠢᠭᠡᠮ ᠲᠣᠭᠤᠷᠢᠭ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠪᠠᠷ ᠭᠤᠣᠯ ᠰᠢᠵᠢᠮ ᠪᠣᠯᠭᠠᠵᠤ᠂ ︽ᠠᠨᠠᠷ ᠤᠨ ᠦᠷ᠎ᠡ ᠰᠢᠭ ᠪᠦᠭᠡᠮᠨᠡᠷᠡᠨ ᠰᠡᠳᠭᠢᠯ ᠢᠶᠠᠨ ᠨᠢᠭᠡᠳᠭᠡᠨ ᠬᠦᠰᠡᠯ ᠵᠡᠭᠦᠳᠦ ᠪᠠᠨ ᠲᠡᠷᠭᠡᠯᠰᠢᠭᠦᠯᠬᠦ︾ ᠰᠢᠷᠢᠰ ᠭᠤᠣᠯ ᠰᠡᠳᠦᠪᠲᠦ ᠠᠵᠢᠯᠯᠠᠭ᠎ᠠ ᠶᠢ ᠯᠠᠪᠳᠠᠭᠤᠨ ᠪᠠᠲᠤᠲᠠᠢ ᠠᠬᠢᠭᠤᠯᠵᠤ᠂ ᠬᠠᠷᠢᠶ᠎ᠠ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠤ ᠤᠶᠤᠨ ᠤᠬᠠᠭᠠᠨ ᠪᠠ ᠬᠦᠴᠦᠨ ᠴᠢᠳᠠᠯ ᠢ ᠨᠢᠭᠲᠠᠷᠠᠭᠤᠯᠵᠤ᠂ ᠰᠣᠶᠣᠯ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠭᠦᠨᠵᠡᠭᠡᠢ ᠠᠬᠢᠭᠤᠯᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠢ ᠬᠦᠳᠦᠯᠦᠨ ᠳᠠᠭᠠᠭᠤᠯᠵᠤ ᠬᠠᠮᠲᠤᠪᠠᠷ ᠪᠦᠯᠬᠦᠮᠳᠡᠨ ᠲᠡᠮᠡᠴᠡᠵᠦ᠂ ᠬᠠᠮᠲᠤᠪᠠᠷ ᠴᠡᠴᠡᠭᠯᠡᠨ ᠬᠦᠭᠵᠢᠵᠡᠢ᠃      ᠰᠢ ᠺᠸᠤ ᠨᠡᠶᠢᠭᠡᠮ ᠲᠣᠭᠤᠷᠢᠭ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠢ ᠦᠨᠳᠦᠰᠦᠨ ᠱᠠᠲᠤᠨ ᠤ ᠨᠠᠮ ᠤᠨ ᠦᠨᠳᠦᠰᠦᠲᠡᠨ ᠤ ᠠᠵᠢᠯ ᠢ ᠰᠠᠶᠢᠲᠤᠷ ᠬᠢᠬᠦ ᠶᠢᠨ ᠴᠢᠬᠤᠯᠠ ᠭᠠᠷᠳᠠᠴᠠ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠥ ᠴᠤᠭᠴᠠᠯᠠᠬᠤ ᠶᠢ ᠠᠬᠢᠭᠤᠯᠬᠤ ᠨᠡᠶᠢᠭᠡᠮᠯᠢᠭ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠢ ᠳᠠᠶᠢᠴᠢᠯᠠᠨ ᠦᠨᠳᠥᠰᠥᠳᠡᠨ ᠤ ᠪᠦᠯᠬᠦᠮᠳᠡᠯ ᠳᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠳᠤ ᠣᠷᠣᠯᠴᠠᠭᠤᠯᠪᠠ᠃      ︽ᠲᠣᠰᠬᠤᠨ ᠳᠤ ᠰᠠᠭᠤᠭ᠎ᠠ ᠠᠵᠢᠯᠯᠠᠬᠤ ᠠᠩᠬᠢ + ᠲᠣᠰᠬᠤᠨ ᠤ ᠬᠤᠶᠠᠷ ᠵᠥᠪᠯᠡᠯ + ᠬᠠᠷᠢᠯᠴᠠᠬᠤ ᠠᠵᠢᠯᠳᠠᠨ + ᠨᠡᠶᠢᠭᠡᠮ ᠳᠤᠭᠤᠷᠢᠭ ᠤᠨ ᠳᠤᠤᠷᠵᠢᠭᠤᠯᠤᠭᠴᠢ + ᠲᠣᠰᠬᠤᠨ ᠤ ᠠᠷᠠᠳ ᠤᠨ ᠦᠨᠳᠦᠰᠦᠨ ᠱᠠᠲᠤᠨ ᠤ ᠦᠨᠳᠦᠰᠦᠲᠡᠨ ᠤ ᠠᠵᠢᠯ ᠤᠨ ᠰᠢᠰᠲ᠋ᠧᠮ︾ ᠢ ᠪᠠᠶᠢᠭᠤᠯᠵᠤ᠂ ᠬᠠᠮᠤᠭ ᠤᠨ ᠭᠤᠶᠤ ᠠᠨᠠᠷ ᠤᠨ ᠦᠷ᠎ᠡ ᠶᠢᠨ ᠭᠡᠷ ᠣᠷᠣᠨ ᠤ ᠨᠡᠶᠢᠭᠡᠮ ᠤᠨ ᠵᠠᠰᠠᠯᠲᠠ ᠶᠢᠨ ᠲᠦᠷᠦᠯ ᠲᠡᠮᠳᠡᠭ ᠢ ᠡᠬᠦᠳᠴᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠬᠠᠮᠲᠤᠷᠠᠯ ᠬᠦᠴᠦᠨ ᠢ ᠪᠦᠷᠢᠯᠳᠦᠭᠦᠯᠵᠡᠢ᠃      ᠰᠢ ᠺᠸᠤ ᠨᠡᠶᠢᠭᠡᠮ ᠲᠣᠭᠤᠷᠢᠭ ᠨᠠᠮ ᠤᠨ ᠲᠡᠦᠬᠡ ᠶᠢᠨ ᠰᠤᠷᠤᠯᠴᠠᠯᠭ᠎ᠠ ᠶᠢ ᠪᠠᠶᠢᠩᠭᠤᠵᠢᠭᠤᠯᠬᠤ ᠶᠢ ᠭᠦᠨᠵᠡᠭᠡᠢ ᠠᠬᠢᠭᠤᠯᠵᠤ᠂ ᠰᠣᠶᠣᠯ ᠤᠷᠠᠯᠢᠭ ᠤᠨ ᠰᠢᠷᠢᠰ ᠠᠵᠢᠯᠯᠠᠭ᠎ᠠ ᠶᠢ ᠪᠠᠶᠢᠩᠭᠤ ᠥᠷᠨᠢᠭᠦᠯᠵᠦ᠂ ᠨᠠᠮ ᠤᠨ ᠲᠡᠦᠬᠡ ᠶᠢᠨ ᠦᠯᠢᠭᠡᠷ᠂ ᠶᠠᠳᠠᠭᠤ ᠠᠴᠠ ᠠᠩᠭᠢᠵᠢᠷᠠᠭᠰᠠᠨ ᠦᠯᠢᠭᠡᠷ ᠢ ᠤᠬᠠᠭᠤᠯᠤᠨ ᠲᠠᠶᠢᠯᠪᠤᠷᠢᠯᠠᠵᠤ᠂ 2023 ᠣᠨ ᠠᠴᠠ ᠨᠠᠭᠠᠰᠢ᠂ ᠨᠠᠮ ᠤᠨ ᠠᠴᠢ ᠳᠤ ᠳᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠨ ᠤᠷᠤᠭᠰᠢᠯᠠᠬᠤ ᠭᠤᠣᠯ ᠰᠡᠳᠦᠪᠲᠦ ᠠᠵᠢᠯᠯᠠᠭ᠎ᠠ ᠶᠢ 26 ᠤᠳᠠᠭ᠎ᠠ ᠦᠷᠨᠢᠬᠦᠯᠪᠡ᠃ ᠭᠡᠷ ᠤᠨ ᠠᠬᠠᠮᠠᠳ ᠬᠡᠦᠬᠡᠳ ᠲᠠᠢ ᠪᠠᠨ ᠬᠠᠮᠳᠥ ᠨᠣᠮ ᠤᠩᠰᠢᠬᠤ᠂ ᠪᠦᠬᠦ ᠠᠷᠠᠳ ᠢᠶᠠᠷ ᠢᠶᠠᠨ ᠨᠣᠮ ᠤᠩᠰᠢᠬᠤ ᠵᠡᠷᠭᠡ ᠠᠵᠢᠯᠯᠠᠭ᠎ᠠ ᠦᠷᠨᠢᠬᠦᠯᠬᠦ ᠪᠠᠷ ᠳᠠᠮᠵᠢᠨ ᠨᠡᠶᠢᠲᠡᠯᠢᠭ ᠬᠡᠯᠡ ᠶᠢ ᠲᠦᠭᠡᠮᠡᠯᠵᠢᠭᠦᠯᠵᠦ᠂ ᠲᠣᠰᠬᠤᠨ ᠤ ᠠᠷᠠᠳ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠥᠭ ᠪᠢᠴᠢᠭ ᠢ ᠰᠤᠷᠬᠤ᠂ ᠨᠡᠶᠢᠲᠡᠯᠢᠭ ᠬᠡᠯᠡ ᠪᠠᠷ ᠶᠠᠷᠢᠬᠤ ᠬᠠᠮᠲᠤ ᠶᠢᠨ ᠲᠠᠨᠢᠯᠲᠠ ᠶᠢ ᠳᠡᠭᠡᠭᠰᠢᠯᠡᠬᠦᠯᠥᠭᠰᠡᠨ ᠪᠠᠶᠢᠨ᠎ᠠ᠃      ︽ᠪᠢᠳᠡᠨ ᠤ ᠪᠠᠶᠠᠷ ᠤᠨ ᠡᠳᠦᠷ︾ ᠭᠤᠤᠯ ᠰᠡᠳᠥᠪᠳᠥ ᠠᠵᠢᠯᠯᠠᠭ᠎ᠠ ᠲᠠᠢ ᠤᠶᠠᠯᠳᠤᠭᠤᠯᠥᠨ᠂ ᠳᠤᠮᠳᠠᠳᠥ ᠶᠢᠨ ᠰᠣᠶᠣᠯ ᠤᠨ ᠬᠢᠴᠢᠶᠡᠯ ᠤᠨ ᠲᠠᠩᠬᠢᠮ ᠢ ᠨᠡᠭᠡᠭᠡᠵᠦ᠂ ᠳᠤᠮᠳᠠᠳᠤ ᠶᠢᠨ ᠰᠣᠶᠣᠯ ᠢ ᠤᠯᠠᠨ ᠢᠶᠠᠷ ᠢᠶᠠᠨ ᠰᠤᠷᠤᠯᠴᠠᠬᠤ ᠠᠵᠢᠯᠯᠠᠭ᠎ᠠ ᠶᠢ ᠭᠦᠨᠵᠡᠭᠡᠶ ᠲᠦᠯᠬᠢᠨ ᠠᠬᠢᠭᠤᠯᠵᠤ᠂ ᠳᠤᠮᠳᠠᠳᠤ ᠶᠢᠨ ᠤᠯᠠᠮᠵᠢᠯᠠᠯᠲᠤ ᠰᠣᠶᠣᠯ ᠢ ᠤᠯᠠᠮᠵᠢᠯᠠᠨ ᠵᠠᠯᠭᠠᠮᠵᠢᠯᠠᠵᠤ᠂ ᠦᠨᠳᠦᠰᠦᠲᠡᠨ ᠤ ᠵᠣᠷᠢᠭ ᠰᠠᠨᠠᠭ᠎ᠠ ᠶᠢ ᠪᠠᠳᠠᠷᠠᠭᠤᠯᠬᠤ ᠶᠢ ᠠᠬᠢᠭᠤᠯᠵᠠᠢ᠃ 2023 ᠣᠨ ᠠᠴᠠ ᠨᠠᠭᠠᠰᠢ ︽ᠨᠠᠮ ᠤᠨ ᠠᠴᠢ ᠳᠤ ᠳᠠᠯᠠᠷᠬᠠᠵᠤ · ᠡᠯᠪᠡᠭ ᠬᠤᠷᠢᠶᠠᠯᠲᠠ ᠪᠠᠨ ᠪᠡᠯᠭᠡᠯᠡᠶ᠎ᠡ︾᠂ ︽ᠬᠥᠳᠡᠭᠡ ᠲᠤᠰᠬᠤᠨ ᠳᠤ ᠬᠦᠰᠡᠯ ᠵᠡᠬᠦᠳᠥ ᠪᠠᠨ ᠳᠡᠷᠭᠡᠯᠰᠢᠬᠦᠯᠥᠶ᠎ᠡ · ᠪᠢᠳᠡᠨ ᠤ ᠤᠷᠠᠯᠢᠭ ᠤᠨ ᠲᠠᠪᠴᠠᠩ︾ ︽ᠤᠷᠠᠨ ᠵᠢᠷᠤᠭ ᠢᠶᠠᠷ ᠰᠢ ᠺᠸᠥ ᠪᠠᠨ ᠵᠢᠷᠤᠭᠯᠠᠬᠤ︾ ᠰᠣᠶᠣᠯ ᠤᠨ ᠠᠵᠢᠯᠯᠠᠭ᠎ᠠ ᠶᠢ ᠥᠷᠨᠢᠭᠦᠯᠵᠦ᠂ ︽ᠪᠢᠳᠠᠨ ᠤ ᠳᠡᠷᠭᠡᠳᠡᠬᠢ ᠦᠨᠳᠦᠰᠦᠲᠡᠨ ᠤ ᠪᠦᠯᠬᠦᠮᠳᠡᠯ ᠤᠨ ᠥᠯᠢᠭᠡᠷ︾᠂ ᠪᠣᠯᠪᠠᠰᠤᠨ ᠬᠡᠷ ᠪᠦᠯᠢ ᠶᠢᠨ ᠰᠤᠷᠲᠠᠯ ᠢ ᠤᠯᠠᠮᠵᠢᠯᠠᠬᠤ ᠵᠡᠷᠭᠡ ᠤᠬᠠᠭᠤᠯᠥᠨ ᠳᠠᠶᠢᠯᠪᠤᠷᠢᠯᠠᠬᠤ ᠠᠵᠢᠯᠯᠠᠭ᠎ᠠ ᠦᠷᠨᠢᠬᠦᠯᠵᠡᠢ᠃ ᠡᠬᠦᠨ ᠠᠴᠠ ᠭᠠᠳᠠᠨ᠎ᠠ᠂ ᠠᠷᠪᠠᠨ ᠣᠳᠣᠨ ᠲᠠᠰ ᠤᠨ ᠪᠣᠯᠪᠠᠰᠤᠨ ᠡᠷᠦᠬᠡ᠂ ᠪᠣᠯᠪᠠᠰᠤᠨ ᠬᠡᠷ ᠪᠦᠯᠢ᠂ ᠶᠣᠰᠣ ᠰᠤᠷᠲᠠᠬᠤᠨ ᠤ ᠵᠢᠱᠢᠶᠡᠴᠢ ᠶᠢ ᠰᠢᠯᠭᠠᠷᠠᠭᠤᠯᠵᠤ᠂ ᠠᠶᠢᠮᠠᠭ ᠤᠨ ᠲᠠᠰ ᠤᠨ ᠬᠠᠮᠤᠭ ᠤᠨ ᠭᠤᠶᠣ ᠠᠨᠠᠷ ᠤᠨ ᠦᠷ᠎ᠡ ᠶᠢᠨ ᠬᠡᠷ ᠪᠦᠯᠢ ᠶᠢ ᠰᠣᠩᠭᠤᠨ ᠰᠢᠯᠭᠠᠷᠠᠭᠤᠯᠵᠠᠢ᠃      ᠤᠶᠢᠷ᠎ᠠ ᠶᠢᠨ ᠵᠢᠯ ᠠᠴᠠ ᠨᠠᠭᠠᠰᠢ᠂ ᠰᠢ ᠺᠸᠥ ᠨᠡᠶᠢᠭᠡᠮ ᠳᠤᠭᠤᠷᠢᠭ ᠪᠠᠰᠠ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ ᠵᠠᠯᠭᠠᠮᠵᠢᠯᠠᠬᠤ ᠵᠡᠷᠭᠡ ᠪᠤᠯᠪᠠᠰᠤᠷᠠᠯ ᠢ ᠴᠢᠩᠭᠠᠳᠬᠠᠵᠤ᠂ ᠪᠤᠳᠠᠰ ᠤᠨ ᠪᠤᠰᠥ ᠰᠤᠶᠤᠯ ᠤᠨ ᠦᠪ ᠢ ᠤᠯᠠᠮᠵᠢᠯᠠᠨ ᠬᠦᠭᠵᠢᠬᠦᠯᠬᠦ ᠪᠠᠷ ᠰᠤᠶᠤᠯ ᠵᠢᠭᠤᠯᠴᠢᠯᠠᠯ ᠢ ᠠᠭᠤᠰᠤᠯᠴᠠᠭᠤᠯᠥᠨ ᠬᠦᠭᠵᠢᠬᠦᠯᠬᠦ ᠶᠢᠨ ᠴᠢᠬᠤᠯᠠ ᠠᠷᠭ᠎ᠠ ᠬᠡᠯᠪᠡᠷᠢ ᠪᠤᠯᠭᠠᠵᠠᠢ᠃ ᠡᠪᠡᠰᠥᠨ ᠭᠦᠷᠦᠮᠡᠯ ᠢᠶᠠᠷ ᠲᠥᠯᠥᠭᠡᠯᠡᠭᠦᠯᠦᠭᠰᠡᠨ ᠪᠣᠳᠠᠰ ᠤᠨ ᠪᠤᠰᠤ ᠰᠣᠶᠣᠯ ᠤᠨ ᠥᠪ ᠤᠨ ᠲᠦᠷᠦᠯ ᠵᠥᠢᠯ ᠢ 10 ᠭᠠᠷᠤᠶ ᠬᠦᠭᠵᠢᠬᠦᠯᠵᠤ᠂ ᠰᠢ ᠺᠸᠦ ᠶᠢᠨ ᠶᠠᠩᠭᠠᠷ᠂ ᠨᠡᠭᠦᠳᠡᠯ ᠤᠨ ᠥᠯᠢᠭᠡᠷ᠂ ᠮᠤᠳᠥᠨ ᠦᠨᠳᠦᠰᠦᠨ ᠰᠡᠶᠢᠯᠦᠮᠡᠯ᠂ ᠡᠪᠡᠰᠦᠨ ᠭᠦᠷᠦᠮᠡᠯ ᠵᠡᠷᠭᠡ ᠪᠠᠭᠲᠠᠨ᠎ᠠ᠃ ᠡᠬᠦᠨ ᠳᠤ ᠠᠶᠢᠮᠠᠭ ᠤᠨ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠡᠪᠡᠰᠥᠨ ᠭᠦᠷᠦᠮᠡᠯ ᠤᠨ ᠮᠡᠷᠭᠡᠵᠢᠯ ᠢ ᠳᠠᠷᠢᠶᠠᠴᠢᠳ ᠤᠨ ᠳᠤᠮᠳᠠ ᠤᠯᠠᠮᠵᠢᠯᠠᠨ ᠳᠡᠯᠭᠡᠷᠡᠬᠦᠯᠵᠤ᠂ 2023 ᠤᠨ ᠳᠤ 12 ᠡᠷᠦᠬᠡ ᠶᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠵᠦ᠂ ᠡᠷᠦᠬᠡ ᠪᠦᠷᠢ ᠶᠢᠨ ᠳᠤᠮᠳᠠᠴᠢ ᠣᠷᠣᠯᠭ᠎ᠠ ᠶᠢ 5000 ᠲᠥᠭᠦᠷᠢᠭ ᠠᠴᠠ ᠳᠡᠭᠡᠭᠰᠢ ᠨᠡᠮᠡᠭᠳᠡᠬᠦᠯᠥᠭᠰᠡᠨ ᠪᠠᠶᠢᠨ᠎ᠠ᠃      ᠡᠬᠦᠨ ᠠᠴᠠ ᠭᠠᠳᠠᠨ᠎ᠠ ᠰᠢ ᠺᠸᠥ ᠨᠡᠶᠢᠭᠡᠮ ᠲᠣᠭᠤᠷᠢᠭ ᠤᠨ ᠨᠠᠮ ᠤᠨ ᠭᠡᠰᠢᠭᠦᠨ ᠪᠠᠶᠠᠵᠢᠯ ᠤᠨ ᠳᠠᠭᠠᠭᠤᠯᠤᠭᠴᠢ ᠰᠠᠨᠠᠭᠠᠴᠢᠯᠠᠭ᠎ᠠ ᠠᠴᠠ ᠪᠠᠨ 2 — 3 ᠳᠠᠷᠢᠶᠠᠴᠢᠨ ᠡᠷᠦᠬᠡ ᠲᠠᠢ ᠬᠤᠤᠰᠯᠠᠯ ᠪᠠᠶᠢᠭᠤᠯᠵᠤ᠂ ᠠᠵᠤ ᠦᠢᠯᠡᠰ ᠢᠶᠠᠷ ᠳᠠᠶᠢᠴᠢᠯᠠᠬᠤ᠂ ᠤᠷ᠎ᠠ ᠮᠡᠷᠭᠡᠵᠢᠯ ᠤᠨ ᠵᠢᠯᠤᠭᠤᠳᠤᠯᠭ᠎ᠠ ᠬᠢᠬᠦ᠂ ᠠᠵᠢᠯ ᠣᠯᠭᠤᠯᠲᠠ ᠶᠢ ᠳᠡᠮᠵᠢᠬᠦ ᠵᠡᠷᠭᠡ ᠲᠠᠯ᠎ᠠ ᠪᠠᠷ ᠪᠦᠯᠬᠦᠮᠳᠡᠨ ᠬᠠᠪᠰᠤᠷᠤᠯᠴᠠᠵᠤ ᠬᠠᠮᠲᠤᠪᠠᠷ ᠲᠠᠪᠰᠢᠵᠠᠢ᠃ ᠰᠢ ᠺᠸᠥ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠠᠵᠤ ᠦᠢᠯᠡᠰ ᠢᠶᠠᠨ ᠴᠢᠷᠮᠠᠶᠢᠨ ᠬᠥᠭᠵᠢᠭᠦᠯᠵᠦ᠂ ᠰᠡᠳᠭᠢᠯ ᠢᠶᠠᠨ ᠨᠢᠭᠡᠳᠭᠡᠨ ᠬᠦᠴᠦ ᠪᠠᠨ ᠬᠠᠮᠲᠤᠳᠬᠠᠵᠤ ᠬᠥᠭᠵᠢᠯᠲᠡ ᠶᠢ ᠡᠷᠢᠯᠬᠢᠯᠡᠵᠦ᠂ ᠭᠠᠷ ᠬᠤᠯᠪᠣᠨ ᠬᠠᠮᠲᠤᠪᠠᠷ ᠤᠷᠤᠭᠰᠢᠯᠠᠵᠤ ᠬᠠᠮᠲᠤᠪᠠᠷ ᠪᠠᠶᠠᠵᠢᠨ ᠴᠢᠨᠡᠭᠡᠯᠢᠭᠵᠢᠭᠰᠡᠨ ᠬᠥᠭᠵᠢᠯ ᠴᠡᠴᠡᠭᠯᠡᠯ ᠤᠨ ᠪᠠᠶᠢᠳᠠᠯ ᠢᠯᠡᠷᠡᠵᠡᠢ᠃      ᠰᠣᠶᠣᠯ ᠵᠢᠭᠤᠯᠴᠢᠯᠠᠯ ᠤᠨ ᠶᠠᠮᠤᠨ ᠤ ᠬᠠᠪᠰᠤᠷᠤᠨ ᠲᠡᠳᠬᠦᠬᠦ ᠵᠢᠴᠢ ᠪᠡᠭᠡᠵᠢᠩ ᠥᠪᠥᠷ ᠮᠣᠩᠭᠤᠯ ᠤᠨ ᠬᠠᠮᠳᠤᠷᠠᠯᠴᠠᠭᠠᠨ ᠤ ᠠᠵᠠ ᠲᠣᠬᠢᠶᠠᠯ ᠢ ᠠᠰᠢᠭᠯᠠᠨ᠂ ᠦᠨᠳᠦᠰᠦᠲᠡᠨ ᠨᠦᠭᠦᠳ ᠤᠨ ᠰᠣᠶᠣᠯ ᠤᠨ ᠣᠨᠴᠠᠯᠢᠭ ᠲᠤ ᠳᠤᠬᠢᠷᠠᠭᠰᠠᠨ ᠰᠢᠷᠢᠰ ᠵᠢᠭᠤᠯᠴᠢᠯᠠᠯ ᠤᠨ ᠪᠦᠲᠦᠭᠡᠭᠳᠡᠬᠦᠨ ᠢ ᠨᠡᠭᠡᠭᠡᠨ ᠬᠥᠭᠵᠢᠭᠦᠯᠪᠡ᠂ ᠡᠭᠦᠨ ᠳᠤ ᠰᠢ ᠺᠸᠥ ᠶᠢᠨ ᠠᠷᠪᠠᠨ ᠨᠠᠢᠮᠠᠨ ᠦᠵᠡᠮᠵᠢ᠂ ᠤᠨᠴᠠᠯᠢᠭᠳᠤ ᠠᠮᠲᠠᠲᠤ ᠢᠳᠡᠭᠡᠨ ᠤ ᠨᠠᠶᠢᠷ᠂ ᠲᠠᠷᠢᠶᠠᠯᠠᠩ ᠤᠢ ᠰᠢᠭᠤᠢ ᠮᠠᠯ ᠠᠵᠤ ᠠᠬᠤᠢ ᠶᠢᠨ ᠲᠤᠰᠠᠯᠠᠬᠤ ᠪᠦᠲᠦᠭᠡᠭᠳᠡᠬᠦᠨ ᠤ ᠦᠵᠡᠬᠦᠯᠭᠡ ᠵᠡᠷᠭᠡ ᠪᠠᠭᠲᠠᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠵᠢᠭᠤᠯᠴᠢᠯᠠᠯ ᠤᠨ ᠵᠠᠮ ᠱᠤᠭᠤᠮ ᠢ ᠨᠡᠭᠡᠭᠡᠵᠤ᠂ 2023 ᠣᠨ ᠳᠤ 1 ᠭᠤᠣᠯ ᠰᠡᠳᠦᠪᠲᠦ ᠠᠭᠤᠳᠠᠮ ᠲᠠᠯᠠᠪᠠᠢ ᠶᠢ ᠪᠠᠶᠢᠭᠤᠯᠵᠤ᠂ 3 ᠦᠵᠡᠮᠵᠢ ᠶᠢᠨ ᠱᠤᠭ ᠵᠦᠴᠦᠭᠡ ᠭᠠᠷᠭᠠᠵᠤ᠂ 30 ᠭᠠᠷᠤᠢ ᠤᠬᠠᠭᠤᠯᠭ᠎ᠠ ᠶᠢᠨ ᠪᠤᠯᠤᠩ ᠨᠡᠭᠡᠭᠡᠵᠤ᠂ ᠰᠢ ᠺᠸᠦ ᠨᠡᠶᠢᠭᠡᠮ ᠲᠣᠭᠤᠷᠢᠭ ᠤᠨ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠵᠦ ᠬᠥᠳᠡᠭᠡ ᠲᠣᠰᠬᠤᠨ ᠢ ᠬᠠᠮᠲᠤ ᠪᠠᠷ ᠬᠥᠭᠵᠢᠭᠦᠯᠦᠨ ᠮᠠᠨᠳᠤᠭᠤᠯᠬᠤ ᠰᠠᠶᠢᠨ ᠰᠠᠶᠢᠬᠠᠨ ᠦᠢᠯᠡᠳᠦᠯᠭᠡ ᠪᠠᠷ ᠦᠨᠳᠦᠰᠦᠲᠡᠨ ᠨᠦᠭᠦᠳ ᠤᠨ ᠣᠯᠠᠨ ᠲᠦᠮᠡᠨ ᠤ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠨ ᠠᠭᠤᠰᠤᠯᠴᠠᠨ ᠰᠠᠭᠤᠷᠢᠰᠢᠵᠤ ᠬᠠᠮᠲᠤ ᠪᠠᠷ ᠪᠠᠶᠠᠵᠢᠭᠰᠠᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠥᠯᠢᠭᠡᠷ ᠢ ᠰᠠᠶᠢᠲᠤᠷ ᠶᠠᠷᠢᠭᠰᠠᠨ ᠪᠠᠶᠢᠨ᠎ᠠ᠃
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号