ᠷᠠᠰᠢᠶᠠᠨ ᠬᠤᠲᠠ ᠶᠢᠨ ᠠᠷᠠᠳ ᠤᠨ ᠰᠢᠭᠦᠬᠦ ᠬᠤᠷᠢᠶ᠎ᠠ ᠵᠥᠷᠢᠴᠡᠯ ᠵᠢᠭᠤᠷᠠᠯᠳᠤᠭᠠᠨ ᠢ ᠡᠬᠢ ᠡᠭᠦᠰᠦᠯ ᠠᠴᠠ ᠨᠢ ᠰᠢᠢᠳᠪᠦᠷᠢᠯᠡᠵᠦ ᠪᠤᠢ
ᠨᠡᠶᠢᠲᠡᠯᠡᠭᠰᠡᠨ ᠴᠠᠭ᠄
2024/1/3
     ᠣᠶᠢᠷ᠎ᠠ ᠳᠤ᠂ ᠷᠠᠰᠢᠶᠠᠨ ᠬᠤᠲᠠ ᠶᠢᠨ ᠠᠷᠠᠳ ᠤᠨ ᠰᠢᠭᠦᠬᠦ ᠬᠤᠷᠢᠶ᠎ᠠ ᠨᠢᠭᠡᠨ ᠭᠡᠷ᠎ᠡ ᠶᠢᠨ ᠵᠢᠭᠤᠷᠠᠯᠳᠤᠭᠠᠨ ᠤ ᠬᠡᠷᠡᠭ ᠢ ᠰᠢᠢᠳᠪᠦᠷᠢᠯᠡᠬᠦ ᠳᠡᠭᠡᠨ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠳ᠋ᠢᠩ ᠴᠢᠶᠦ᠋ᠩ ᠯᠦ ᠶᠢ ᠤᠷᠢᠵᠤ ︽ᠣᠨᠴᠠ ᠤᠷᠢᠭᠰᠠᠨ ᠡᠶᠡᠳᠡᠭᠦᠯᠦᠭᠴᠢ︾ ᠶᠢᠨ ᠬᠤᠪᠢ ᠪᠠᠷ ᠡᠶᠡᠳᠡᠭᠦᠯᠭᠡ ᠬᠢᠯᠭᠡᠵᠡᠶ᠃ ᠬᠦᠯᠢᠴᠡᠩᠭᠦᠶ ᠪᠠᠷ ᠢᠳᠬᠠᠨ᠂ ᠬᠠᠤᠯᠢ ᠶᠢ ᠲᠠᠶᠢᠯᠪᠤᠷᠢᠯᠠᠨ ᠶᠣᠰᠣ ᠶᠠᠷᠢᠬᠤ ᠪᠠᠷ ᠳᠡᠮᠵᠢᠨ ᠬᠤᠶᠠᠷ ᠲᠠᠯ᠎ᠠ ᠶᠢᠨ ᠲᠤᠬᠠᠶ ᠶᠢᠨ ᠬᠥᠮᠦᠨ ᠡᠴᠦᠰ ᠲᠡᠭᠡᠨ ᠭᠠᠷ ᠠᠳᠬᠤᠨ ᠡᠶᠡᠳᠡᠭᠰᠡᠨ ᠪᠠᠶᠢᠨ᠎ᠠ᠃      ᠤᠢᠢᠷ᠎ᠠ ᠶᠢᠨ ᠵᠢᠯ ᠠᠴᠠ᠂ ᠷᠠᠰᠢᠶᠠᠨ ᠬᠤᠳᠠ ᠶᠢᠨ ᠠᠷᠠᠳ ᠤᠨ ᠰᠢᠭᠦᠬᠦ ᠬᠤᠷᠢᠶ᠎ᠠ ︽ᠰᠢᠭᠦᠬᠦ ᠬᠤᠷᠢᠶ᠎ᠠ +N ︾ ᠬᠡᠯᠪᠡᠷᠢ ᠶᠢᠨ ᠤᠯᠠᠨ ᠡᠰᠢᠲᠦ ᠵᠢᠭᠤᠷᠠᠯᠳᠤᠭᠠᠨ ᠢ ᠰᠢᠢᠳᠪᠦᠷᠢᠯᠡᠬᠦ ᠰᠢᠰᠲ᠋ᠧᠮ ᠢ ᠢᠳᠡᠪᠬᠢᠲᠡᠢ ᠪᠠᠶᠢᠭᠤᠯᠵᠤ᠂ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ᠂ ᠠᠵᠢᠯᠴᠢᠨ ᠤ ᠶᠡᠷᠦᠩᠬᠡᠢ ᠡᠪᠯᠡᠯ ᠤᠨ ᠪᠦᠷᠢᠯᠳᠦᠬᠦᠨ ᠵᠡᠷᠭᠡ ᠶᠢ ︽ᠣᠨᠴᠠ ᠤᠷᠢᠭᠰᠠᠨ ᠡᠶᠡᠳᠡᠭᠦᠯᠦᠭᠴᠢ︾ ᠪᠠᠷ ᠤᠷᠢᠵᠦ᠂ ᠲᠡᠳᠡᠨ ᠤ ᠤᠯᠠᠨ ᠲᠦᠮᠡᠨ ᠲᠠᠢ ᠨᠢᠭᠲᠠ ᠬᠠᠷᠢᠯᠴᠠᠬᠤ᠂ ︽ᠳᠠᠨᠢᠬᠤ ᠬᠦᠮᠦᠨ ᠤᠯᠠᠨ︾᠂ ︽ᠭᠠᠵᠠᠷ ᠤᠷᠤᠨ ᠢ ᠰᠠᠶᠢᠳᠤᠷ ᠤᠶᠢᠯᠠᠭᠠᠬᠤ︾ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠵᠥᠷᠢᠴᠡᠯ ᠵᠢᠭᠤᠷᠠᠯᠳᠤᠭᠠᠨ ᠢ ᠡᠬᠢ ᠡᠭᠦᠰᠦᠯ ᠠᠴᠠ ᠨᠢ ᠤᠷᠢᠳᠴᠢᠯᠠᠨ ᠰᠡᠷᠭᠡᠶᠢᠯᠡᠬᠦ᠂ ᠲᠤᠬᠠᠢ ᠶᠢᠨ ᠭᠠᠵᠠᠷ ᠲᠤᠨᠢ ᠦᠨᠡᠨ ᠪᠣᠳᠠᠲᠠᠢ ᠪᠠᠷ ᠰᠢᠢᠳᠪᠦᠷᠢᠯᠡᠬᠦ ᠶᠢ ᠠᠬᠢᠭᠤᠯᠪᠠ᠃ ᠷᠠᠰᠢᠶᠠᠨ ᠬᠤᠳᠠ ᠶᠢᠨ ᠪᠠᠯᠭᠠᠰᠤ᠂ ᠲᠣᠰᠬᠤᠨ᠂ ᠨᠡᠶᠢᠭᠡᠮ ᠲᠣᠭᠤᠷᠢᠭ ᠲᠤ ᠬᠠᠤᠯᠢ ᠴᠠᠭᠠᠵᠠ ᠶᠢᠨ ᠲᠤᠰᠢᠶᠠᠯᠲᠠᠨ ᠤ ᠠᠵᠢᠯ ᠤᠨ ᠦᠷᠳᠡᠭᠡ ᠪᠠᠶᠢᠭᠤᠯᠵᠤ᠂ ᠬᠠᠤᠯᠢ ᠴᠠᠭᠠᠵᠠ ᠶᠢᠨ ᠦᠢᠯᠡᠴᠢᠯᠡᠭᠡ ᠶᠢ ᠨᠡᠶᠢᠭᠡᠮ ᠲᠣᠭᠤᠷᠢᠭ ᠬᠦ᠋ᠷᠳᠡᠯ᠎ᠠ ᠬᠦᠷᠭᠡᠵᠦ᠂ ᠵᠠᠷᠭᠤ ᠴᠥᠭᠡᠨ ᠬᠢᠬᠦ᠂ ᠵᠠᠷᠭᠤ ᠦᠭᠡᠢ ᠰᠠᠶᠢᠨ ᠰᠠᠶᠢᠬᠠᠨ ᠨᠡᠶᠢᠭᠡᠮ ᠤᠨ ᠣᠷᠴᠢᠨ ᠲᠣᠭᠤᠷᠢᠨ ᠢ ᠴᠢᠷᠮᠠᠶᠢᠨ ᠪᠤᠢ ᠪᠣᠯᠭᠠᠪᠠ᠃      ᠲᠦᠷᠦᠭᠦᠬᠡᠨ᠂ ᠷᠠᠰᠢᠶᠠᠨ ᠤ ᠰᠣᠶᠣᠯ ᠵᠢᠭᠤᠯᠴᠢᠯᠠᠯ ᠤᠨ ᠨᠡᠭᠡᠭᠡᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠶᠢᠨ ᠠᠵᠢᠯᠴᠢᠨ ᠤ ᠲᠥᠯᠥᠭᠡᠯᠡᠭᠴᠢ ᠰᠢᠤᠢ ᠴᠢᠦ ᠬᠠᠨ ᠸᠤᠨᠴᠢᠤᠸᠠᠨ ᠵᠡᠭᠡᠯᠢ ᠶᠢᠨ ᠾᠧ ᠪᠢᠨ ᠨᠡᠶᠢᠭᠡᠮ ᠲᠣᠭᠤᠷᠢᠭ ᠤᠨ ᠰᠢᠭᠦᠬᠦ ᠲᠤᠰᠢᠶᠠᠯᠲᠠᠨ ᠤ ᠠᠵᠢᠯ ᠤᠨ ᠥᠷᠲᠡᠭᠡ ᠳᠤ ᠬᠦᠷᠴᠦ᠂ ᠣᠳᠣᠬᠠᠨ ᠤ ᠠᠵᠤ ᠠᠬᠤᠶᠢᠯᠠᠯ ᠤᠨ ᠬᠡᠷᠡᠭᠴᠡᠭᠡ ᠳᠤ ᠴᠢᠭᠯᠡᠭᠦᠯᠦᠨ ᠰᠢᠭᠦᠬᠦ ᠲᠤᠰᠢᠶᠠᠯᠲᠠᠨ ᠠᠴᠠ ᠬᠠᠤᠯᠢ ᠴᠠᠭᠠᠵᠠ ᠶᠢᠨ ᠦᠢᠯᠡᠴᠢᠯᠡᠭᠡ ᠭᠤᠶᠤᠴᠢᠯᠠᠵᠠᠢ᠃ ᠷᠠᠰᠢᠶᠠᠨ ᠬᠤᠲᠠ ᠶᠢᠨ ᠠᠷᠠᠳ ᠤᠨ ᠰᠢᠭᠦᠬᠦ ᠬᠤᠷᠢᠶ᠎ᠠ ᠶᠢᠨ ᠬᠡᠷᠡᠭ ᠪᠣᠯᠭᠠᠨ ᠳᠠᠩᠰᠠᠯᠠᠬᠤ ᠲᠢᠩᠬᠢᠮ ᠤᠨ ᠳᠠᠷᠤᠭ᠎ᠠ ᠯᠢ ᠰᠢᠨ ᠶᠤᠸᠠᠨ ᠠᠵᠢᠯᠴᠢᠨ ᠬᠡᠷᠡᠭᠯᠡᠬᠦ ᠭᠡᠷ᠎ᠡ ᠳᠤ ᠭᠠᠷ ᠤᠨ ᠥᠰᠥᠭ ᠵᠢᠷᠤᠬᠤ᠂ ᠠᠶᠤᠯ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ᠂ ᠬᠠᠤᠯᠢ ᠶᠣᠰᠣᠨ ᠤ ᠡᠵᠡᠩᠨᠡᠯᠲᠡ ᠶᠢᠨ ᠴᠢᠳᠠᠪᠤᠷᠢ᠂ ᠬᠠᠤᠯᠢ ᠶᠣᠰᠣᠭᠠᠷ ᠡᠷᠬᠡ ᠪᠠᠨ ᠬᠠᠮᠠᠭᠠᠯᠠᠬᠤ ᠴᠢᠳᠠᠪᠤᠷᠢ ᠪᠠᠨ ᠨᠡᠮᠡᠭᠳᠡᠭᠦᠯᠬᠦ ᠵᠡᠷᠭᠡ ᠲᠠᠯ᠎ᠠ ᠪᠠᠷ ᠨᠠᠷᠢᠨ ᠲᠣᠳᠣᠷᠬᠠᠶ ᠰᠠᠨᠠᠯ ᠰᠠᠨᠠᠭᠤᠯᠭ᠎ᠠ ᠥᠭᠭᠦᠭᠰᠡᠨ ᠪᠥᠭᠡᠳ ᠬᠤᠯᠪᠣᠭᠳᠠᠯ ᠪᠥᠬᠦᠶ ᠭᠡᠷ᠎ᠡ ᠶᠢᠨ ᠵᠠᠭᠪᠤᠷ ᠪᠠ ᠬᠠᠤᠯᠢ ᠴᠠᠭᠠᠵᠠ ᠶᠢᠨ ᠪᠢᠴᠢᠭ ᠮᠠᠲ᠋ᠧᠷᠢᠶᠠᠯ ᠢ ᠬᠦᠷᠭᠡᠭᠰᠡᠨ ᠪᠠᠶᠢᠨ᠎ᠠ᠃      ︽ᠬᠠᠤᠯᠢ ᠶᠢᠨ ᠲᠤᠰᠢᠶᠠᠯᠲᠠᠨ ᠤ ᠠᠵᠢᠯ ᠤᠨ ᠦᠷᠳᠡᠭᠡ ᠶᠢ ᠪᠠᠶᠢᠭᠤᠯᠤᠭᠰᠠᠨ ᠨᠢ ᠳᠠᠷᠤᠢ ᠵᠢᠭᠤᠷᠠᠯᠳᠤᠭᠠᠨ ᠤ ᠵᠠᠩᠭᠢᠯᠠᠭ᠎ᠠ ᠶᠢ ᠰᠢᠯᠵᠢᠭᠦᠯᠵᠦ᠂ ᠦᠢᠯᠡᠴᠢᠯᠡᠭᠡᠨ ᠤ ᠬᠦᠷᠶᠶ᠎ᠠ ᠭᠡᠪᠴᠢᠶ᠎ᠠ ᠶᠢ ᠤᠷᠲᠤᠳᠬᠠᠵᠤ᠂ ︿ᠲᠣᠣᠷ ᠤᠨ ᠪᠦᠷᠬᠦᠯᠲᠡ ᠶᠢ ᠥᠨᠴᠥᠭ ᠪᠤᠯᠤᠩ ᠦᠭᠡᠢ ᠪᠠᠶᠢᠯᠭᠠᠬᠤ᠂ ᠵᠢᠭᠤᠷᠠᠯᠳᠤᠭᠠᠨ ᠢ ᠡᠶᠡᠳᠡᠭᠦᠯᠬᠦ ᠶᠢ ᠬᠤᠶᠢᠰᠢᠯᠠᠭᠤᠯᠬᠤ ᠦᠭᠡᠢ᠂ ᠦᠢᠯᠡᠴᠢᠯᠡᠭᠡ ᠶᠢ ᠥᠴᠦᠬᠡᠨ ᠴᠦ ᠤᠳᠠᠭᠠᠰᠢᠷᠠᠭᠤᠯᠬᠤ ᠦᠭᠡᠢ ᠪᠠᠶᠢᠯᠭᠠᠬᠤ﹀ ᠵᠠᠷᠭᠤ ᠶᠢᠨ ᠢᠷᠡᠯᠳᠡ ᠶᠢ ᠵᠠᠰᠠᠬᠤ ᠰᠢᠨ᠎ᠡ ᠲᠣᠭᠲᠠᠴᠠ ᠶᠢ ᠪᠦᠷᠢᠯᠳᠦᠭᠦᠯᠵᠦ᠂ ᠬᠠᠤᠯᠢᠵᠢᠯ ᠤᠨ ᠬᠦᠴᠦᠨ ᠤ ᠬᠦᠳᠦᠯᠦᠨ ᠵᠢᠯᠣᠭᠤᠳᠬᠤ ᠪᠠ ᠵᠠᠯᠠᠵᠤ ᠵᠢᠯᠣᠭᠤᠳᠬᠤ ᠶᠢ ᠳᠠᠰᠤᠷᠠᠯᠳᠠ ᠦᠭᠡᠢ ᠠᠬᠢᠭᠤᠯᠬᠤ ᠶᠠᠪᠤᠳᠠᠯ ᠪᠣᠯᠤᠨ᠎ᠠ᠂ ᠭᠡᠬᠦ ᠳᠡᠭᠡᠨ ᠪᠢᠳᠠ ᠤᠯᠠᠨ ᠲᠦᠮᠡᠨ ᠤ ︿ᠭᠡᠷ ᠤᠨ ᠡᠭᠦᠳᠡᠨ﹀ ᠳᠠᠬᠢ ᠰᠡᠳᠬᠢᠯ ᠢ ᠮᠡᠳᠡᠭᠴᠢ ᠪᠣᠯᠬᠤ ᠬᠡᠷᠡᠭᠲᠡᠢ︾ ᠭᠡᠵᠦ ᠯᠢ ᠰᠢᠨ ᠶᠤᠸᠠᠨ ᠭᠡᠯᠡᠨ᠎ᠠ᠃      ᠷᠠᠰᠢᠶᠠᠨ ᠬᠤᠲᠠ ᠶᠢᠨ ᠠᠷᠠᠳ ᠤᠨ ᠰᠢᠭᠦᠬᠦ ᠬᠤᠷᠢᠶ᠎ᠠ ᠠᠷᠠᠳ ᠲᠦᠮᠡᠨ ᠤ ᠵᠣᠭᠰᠣᠯᠲᠠ ᠳᠤ ᠵᠣᠭᠰᠣᠬᠤ ᠶᠢ ᠪᠠᠳᠦ ᠪᠠᠷᠢᠮᠲᠠᠯᠠᠬᠤ ᠶᠢᠨ ᠬᠠᠮᠲᠤ ᠡᠷᠡᠭᠦᠦ ᠶᠢᠨ ᠬᠡᠷᠡᠭ ᠤᠨ ᠰᠢᠭᠦᠨ ᠲᠠᠰᠤᠯᠤᠯᠲᠠ ᠶᠢᠨ ᠡᠭᠦᠷᠭᠡ ᠴᠢᠳᠠᠪᠬᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠠᠮᠤᠷ ᠲᠦᠪᠰᠢᠨ ᠢ ᠬᠠᠮᠠᠭᠠᠯᠠᠬᠤ᠂ ᠲᠣᠭᠲᠠᠭᠤᠨ ᠢ ᠬᠠᠮᠠᠭᠠᠯᠠᠬᠤ᠂ ᠬᠥᠭᠵᠢᠯᠲᠡ ᠶᠢ ᠠᠬᠢᠭᠤᠯᠬᠤ ᠲᠠᠯ᠎ᠠ ᠪᠠᠷ ᠡᠭᠦᠷᠭᠡ ᠬᠠᠷᠢᠭᠤᠴᠠᠯᠭ᠎ᠠ ᠪᠠᠨ ᠦᠷᠭᠦᠯᠵᠢᠯᠡᠨ ᠢᠯᠡᠷᠡᠭᠦᠯᠵᠦ᠂ ᠤᠯᠠᠨ ᠲᠦᠮᠡᠨ ᠤ ᠬᠤᠪᠢ ᠪᠡᠶ᠎ᠡ ᠶᠢᠨ ᠠᠰᠢᠭ ᠲᠤᠰᠠ ᠳᠤ ᠬᠤᠯᠪᠣᠭᠳᠠᠭᠰᠠᠨ ᠡᠯ᠎ᠡ ᠲᠦᠷᠦᠯ ᠤᠨ ᠶᠠᠯᠠᠲᠤ ᠠᠵᠢᠯᠯᠠᠭ᠎ᠠ ᠶᠢ ᠬᠠᠤᠯᠢ ᠶᠣᠰᠣᠭᠠᠷ ᠴᠢᠩᠭ᠎ᠠ ᠰᠢᠳᠭᠡᠵᠦ᠂ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ ᠴᠢᠬᠤᠯᠠ ᠶᠡᠭᠡ ᠬᠠᠷᠢᠭᠤᠴᠠᠯᠭ᠎ᠠ ᠪᠠᠨ ᠦᠨᠡᠨᠬᠦ ᠰᠠᠶᠢᠲᠤᠷ ᠭᠦᠢᠴᠡᠳᠭᠡᠪᠡ᠃   ︵ᠯᠢ ᠶᠢᠨ ᠺᠦᠨ︶
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号