ᠷᠠᠰᠢᠶᠠᠨ ᠬᠤᠳᠠ ᠶᠢᠨ ᠮᠢᠩ ᠱᠦᠢ ᠡᡁᠤ ᠪᠠᠯᠭᠠᠰᠤ ᠶᠢᠨ ᠰᠢ ᠺᠸᠤ ᠨᠡᠶᠢᠭᠡᠮ ᠲᠣᠭᠤᠷᠢᠭ ᠨᠢ ᠲᠠᠷᠢᠶᠠᠯᠠᠩ᠂ | ᠤᠢ ᠰᠢᠭᠤᠢ᠂ ᠮᠠᠯ ᠠᠵᠤ ᠠᠬᠤᠢ ᠶᠢᠨ ᠡᠬᠢ ᠪᠠᠶᠠᠯᠢᠭ ᠤᠨ ᠳᠠᠪᠠᠭᠤᠯᠢᠭ ᠪᠠ ᠰᠣᠶᠣᠯ ᠤᠨ ᠣᠨᠴᠠᠯᠢᠭ ᠲᠠᠢ ᠪᠠᠶᠢᠵᠤ᠂ | ᠬᠢᠩᠭᠠᠨ ᠠᠶᠢᠮᠠᠭ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠶᠶ᠎ᠠ ᠦᠵᠡᠭᠦᠯᠬᠦ ᠨᠢᠭᠡᠴᠢ ᠪᠣᠯᠤᠨ᠎ᠠ᠃ | ᠤᠶᠢᠷ᠎ᠠ ᠶᠢᠨ ᠵᠢᠯ ᠳᠤ᠂ ᠰᠢ ᠺᠸᠤ ᠨᠡᠶᠢᠭᠡᠮ ᠲᠣᠭᠤᠷᠢᠭ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠪᠠᠷ ᠭᠤᠣᠯ ᠰᠢᠵᠢᠮ ᠪᠣᠯᠭᠠᠵᠤ᠂ ︽ᠠᠨᠠᠷ ᠤᠨ ᠦᠷ᠎ᠡ ᠰᠢᠭ | ᠪᠦᠭᠡᠮᠨᠡᠷᠡᠨ ᠰᠡᠳᠭᠢᠯ ᠢᠶᠠᠨ ᠨᠢᠭᠡᠳᠭᠡᠨ ᠬᠦᠰᠡᠯ ᠵᠡᠭᠦᠳᠦ ᠪᠠᠨ ᠲᠡᠷᠭᠡᠯᠰᠢᠭᠦᠯᠬᠦ︾ ᠰᠢᠷᠢᠰ ᠭᠤᠣᠯ ᠰᠡᠳᠦᠪᠲᠦ | ᠠᠵᠢᠯᠯᠠᠭ᠎ᠠ ᠶᠢ ᠯᠠᠪᠳᠠᠭᠤᠨ ᠪᠠᠲᠤᠲᠠᠢ ᠠᠬᠢᠭᠤᠯᠵᠤ᠂ ᠬᠠᠷᠢᠶ᠎ᠠ ᠣᠷᠣᠨ ᠤ ᠦᠨᠳᠦᠰᠦᠲᠡᠨ ᠨᠦᠭᠦᠳ ᠤᠨ ᠠᠷᠠᠳ | ᠲᠦᠮᠡᠨ ᠤ ᠤᠶᠤᠨ ᠤᠬᠠᠭᠠᠨ ᠪᠠ ᠬᠦᠴᠦᠨ ᠴᠢᠳᠠᠯ ᠢ ᠨᠢᠭᠲᠠᠷᠠᠭᠤᠯᠵᠤ᠂ ᠰᠣᠶᠣᠯ ᠵᠢᠭᠤᠯᠴᠢᠯᠠᠯ ᠤᠨ ᠠᠭᠤᠰᠤᠯᠴᠠᠨ | ᠬᠥᠭᠵᠢᠬᠦ ᠶᠢ ᠭᠦᠨᠵᠡᠭᠡᠢ ᠠᠬᠢᠭᠤᠯᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠢ ᠬᠦᠳᠦᠯᠦᠨ ᠳᠠᠭᠠᠭᠤᠯᠵᠤ | ᠬᠠᠮᠲᠤᠪᠠᠷ ᠪᠦᠯᠬᠦᠮᠳᠡᠨ ᠲᠡᠮᠡᠴᠡᠵᠦ᠂ ᠬᠠᠮᠲᠤᠪᠠᠷ ᠴᠡᠴᠡᠭᠯᠡᠨ ᠬᠦᠭᠵᠢᠵᠡᠢ᠃ | ᠰᠢ ᠺᠸᠤ ᠨᠡᠶᠢᠭᠡᠮ ᠲᠣᠭᠤᠷᠢᠭ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ | ᠠᠵᠢᠯ ᠢ ᠦᠨᠳᠦᠰᠦᠨ ᠱᠠᠲᠤᠨ ᠤ ᠨᠠᠮ ᠤᠨ ᠦᠨᠳᠦᠰᠦᠲᠡᠨ ᠤ ᠠᠵᠢᠯ ᠢ ᠰᠠᠶᠢᠲᠤᠷ ᠬᠢᠬᠦ ᠶᠢᠨ ᠴᠢᠬᠤᠯᠠ ᠭᠠᠷᠳᠠᠴᠠ | ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠥ ᠴᠤᠭᠴᠠᠯᠠᠬᠤ ᠶᠢ | ᠠᠬᠢᠭᠤᠯᠬᠤ ᠨᠡᠶᠢᠭᠡᠮᠯᠢᠭ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ | ᠦᠨᠳᠦᠰᠦᠲᠡᠨ ᠨᠦᠭᠦᠳ ᠤᠨ ᠤᠯᠠᠨ ᠲᠦᠮᠡᠨ ᠢ ᠳᠠᠶᠢᠴᠢᠯᠠᠨ ᠦᠨᠳᠥᠰᠥᠳᠡᠨ ᠤ ᠪᠦᠯᠬᠦᠮᠳᠡᠯ ᠳᠠᠪᠰᠢᠯᠳᠠ ᠶᠢ ᠡᠭᠦᠳᠦᠨ | ᠪᠠᠶᠢᠭᠤᠯᠬᠤ ᠠᠵᠢᠯ ᠳᠤ ᠣᠷᠣᠯᠴᠠᠭᠤᠯᠪᠠ᠃ | ︽ᠲᠣᠰᠬᠤᠨ ᠳᠤ ᠰᠠᠭᠤᠭ᠎ᠠ ᠠᠵᠢᠯᠯᠠᠬᠤ ᠠᠩᠬᠢ + ᠲᠣᠰᠬᠤᠨ ᠤ ᠬᠤᠶᠠᠷ ᠵᠥᠪᠯᠡᠯ + ᠬᠠᠷᠢᠯᠴᠠᠬᠤ | ᠠᠵᠢᠯᠳᠠᠨ + ᠨᠡᠶᠢᠭᠡᠮ ᠳᠤᠭᠤᠷᠢᠭ ᠤᠨ ᠳᠤᠤᠷᠵᠢᠭᠤᠯᠤᠭᠴᠢ + ᠲᠣᠰᠬᠤᠨ ᠤ ᠠᠷᠠᠳ ᠤᠨ ᠦᠨᠳᠦᠰᠦᠨ ᠱᠠᠲᠤᠨ ᠤ | ᠦᠨᠳᠦᠰᠦᠲᠡᠨ ᠤ ᠠᠵᠢᠯ ᠤᠨ ᠰᠢᠰᠲ᠋ᠧᠮ︾ ᠢ ᠪᠠᠶᠢᠭᠤᠯᠵᠤ᠂ ᠬᠠᠮᠤᠭ ᠤᠨ ᠭᠤᠶᠤ ᠠᠨᠠᠷ ᠤᠨ ᠦᠷ᠎ᠡ ᠶᠢᠨ ᠭᠡᠷ | ᠣᠷᠣᠨ ᠤ ᠨᠡᠶᠢᠭᠡᠮ ᠤᠨ ᠵᠠᠰᠠᠯᠲᠠ ᠶᠢᠨ ᠲᠦᠷᠦᠯ ᠲᠡᠮᠳᠡᠭ ᠢ ᠡᠬᠦᠳᠴᠤ᠂ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠬᠠᠮᠲᠤᠷᠠᠯ ᠬᠦᠴᠦᠨ ᠢ ᠪᠦᠷᠢᠯᠳᠦᠭᠦᠯᠵᠡᠢ᠃ | ᠰᠢ ᠺᠸᠤ ᠨᠡᠶᠢᠭᠡᠮ ᠲᠣᠭᠤᠷᠢᠭ ᠨᠠᠮ ᠤᠨ ᠲᠡᠦᠬᠡ ᠶᠢᠨ ᠰᠤᠷᠤᠯᠴᠠᠯᠭ᠎ᠠ ᠶᠢ ᠪᠠᠶᠢᠩᠭᠤᠵᠢᠭᠤᠯᠬᠤ ᠶᠢ ᠭᠦᠨᠵᠡᠭᠡᠢ | ᠠᠬᠢᠭᠤᠯᠵᠤ᠂ ᠰᠣᠶᠣᠯ ᠤᠷᠠᠯᠢᠭ ᠤᠨ ᠰᠢᠷᠢᠰ ᠠᠵᠢᠯᠯᠠᠭ᠎ᠠ ᠶᠢ ᠪᠠᠶᠢᠩᠭᠤ ᠥᠷᠨᠢᠭᠦᠯᠵᠦ᠂ ᠨᠠᠮ ᠤᠨ ᠲᠡᠦᠬᠡ ᠶᠢᠨ | ᠦᠯᠢᠭᠡᠷ᠂ ᠶᠠᠳᠠᠭᠤ ᠠᠴᠠ ᠠᠩᠭᠢᠵᠢᠷᠠᠭᠰᠠᠨ ᠦᠯᠢᠭᠡᠷ ᠢ ᠤᠬᠠᠭᠤᠯᠤᠨ ᠲᠠᠶᠢᠯᠪᠤᠷᠢᠯᠠᠵᠤ᠂ 2023 ᠣᠨ ᠠᠴᠠ | ᠨᠠᠭᠠᠰᠢ᠂ ᠨᠠᠮ ᠤᠨ ᠠᠴᠢ ᠳᠤ ᠳᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠨ ᠤᠷᠤᠭᠰᠢᠯᠠᠬᠤ | ᠭᠤᠣᠯ ᠰᠡᠳᠦᠪᠲᠦ ᠠᠵᠢᠯᠯᠠᠭ᠎ᠠ ᠶᠢ 26 ᠤᠳᠠᠭ᠎ᠠ ᠦᠷᠨᠢᠬᠦᠯᠪᠡ᠃ ᠭᠡᠷ ᠤᠨ ᠠᠬᠠᠮᠠᠳ ᠬᠡᠦᠬᠡᠳ ᠲᠠᠢ ᠪᠠᠨ ᠬᠠᠮᠳᠥ | ᠨᠣᠮ ᠤᠩᠰᠢᠬᠤ᠂ ᠪᠦᠬᠦ ᠠᠷᠠᠳ ᠢᠶᠠᠷ ᠢᠶᠠᠨ ᠨᠣᠮ ᠤᠩᠰᠢᠬᠤ ᠵᠡᠷᠭᠡ ᠠᠵᠢᠯᠯᠠᠭ᠎ᠠ ᠦᠷᠨᠢᠬᠦᠯᠬᠦ ᠪᠠᠷ ᠳᠠᠮᠵᠢᠨ | ᠨᠡᠶᠢᠲᠡᠯᠢᠭ ᠬᠡᠯᠡ ᠶᠢ ᠲᠦᠭᠡᠮᠡᠯᠵᠢᠭᠦᠯᠵᠦ᠂ ᠲᠣᠰᠬᠤᠨ ᠤ ᠠᠷᠠᠳ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ | ᠦᠰᠥᠭ ᠪᠢᠴᠢᠭ ᠢ ᠰᠤᠷᠬᠤ᠂ ᠨᠡᠶᠢᠲᠡᠯᠢᠭ ᠬᠡᠯᠡ ᠪᠠᠷ ᠶᠠᠷᠢᠬᠤ ᠬᠠᠮᠲᠤ ᠶᠢᠨ ᠲᠠᠨᠢᠯᠲᠠ ᠶᠢ ᠳᠡᠭᠡᠭᠰᠢᠯᠡᠬᠦᠯᠥᠭᠰᠡᠨ | ᠪᠠᠶᠢᠨ᠎ᠠ᠃ | ︽ᠪᠢᠳᠡᠨ ᠤ ᠪᠠᠶᠠᠷ ᠤᠨ ᠡᠳᠦᠷ︾ ᠭᠤᠤᠯ ᠰᠡᠳᠥᠪᠳᠥ ᠠᠵᠢᠯᠯᠠᠭ᠎ᠠ ᠲᠠᠢ ᠤᠶᠠᠯᠳᠤᠭᠤᠯᠥᠨ᠂ ᠳᠤᠮᠳᠠᠳᠥ ᠶᠢᠨ | ᠰᠣᠶᠣᠯ ᠤᠨ ᠬᠢᠴᠢᠶᠡᠯ ᠤᠨ ᠲᠠᠩᠬᠢᠮ ᠢ ᠨᠡᠭᠡᠭᠡᠵᠦ᠂ ᠳᠤᠮᠳᠠᠳᠤ ᠶᠢᠨ ᠰᠣᠶᠣᠯ ᠢ ᠤᠯᠠᠨ ᠢᠶᠠᠷ ᠢᠶᠠᠨ ᠰᠤᠷᠤᠯᠴᠠᠬᠤ | ᠠᠵᠢᠯᠯᠠᠭ᠎ᠠ ᠶᠢ ᠭᠦᠨᠵᠡᠭᠡᠶ ᠲᠦᠯᠬᠢᠨ ᠠᠬᠢᠭᠤᠯᠵᠤ᠂ ᠳᠤᠮᠳᠠᠳᠤ ᠶᠢᠨ ᠤᠯᠠᠮᠵᠢᠯᠠᠯᠲᠤ ᠰᠣᠶᠣᠯ ᠢ ᠤᠯᠠᠮᠵᠢᠯᠠᠨ | ᠵᠠᠯᠭᠠᠮᠵᠢᠯᠠᠵᠤ᠂ ᠦᠨᠳᠦᠰᠦᠲᠡᠨ ᠤ ᠵᠣᠷᠢᠭ ᠰᠠᠨᠠᠭ᠎ᠠ ᠶᠢ ᠪᠠᠳᠠᠷᠠᠭᠤᠯᠬᠤ ᠶᠢ ᠠᠬᠢᠭᠤᠯᠵᠠᠢ᠃ 2023 ᠣᠨ ᠠᠴᠠ | ᠨᠠᠭᠠᠰᠢ ︽ᠨᠠᠮ ᠤᠨ ᠠᠴᠢ ᠳᠤ ᠳᠠᠯᠠᠷᠬᠠᠵᠤ · ᠡᠯᠪᠡᠭ ᠬᠤᠷᠢᠶᠠᠯᠲᠠ ᠪᠠᠨ ᠪᠡᠯᠭᠡᠯᠡᠶ᠎ᠡ︾᠂ ︽ᠬᠥᠳᠡᠭᠡ | ᠲᠤᠰᠬᠤᠨ ᠳᠤ ᠬᠦᠰᠡᠯ ᠵᠡᠬᠦᠳᠥ ᠪᠠᠨ ᠳᠡᠷᠭᠡᠯᠰᠢᠬᠦᠯᠥᠶᠡ · ᠪᠢᠳᠡᠨ ᠤ ᠤᠷᠠᠯᠢᠭ ᠤᠨ ᠲᠠᠪᠴᠠᠩ︾ ︽ᠤᠷᠠᠨ | ᠵᠢᠷᠤᠭ ᠢᠶᠠᠷ ᠰᠢ ᠺᠸᠥ ᠪᠠᠨ ᠵᠢᠷᠤᠭᠯᠠᠬᠤ︾ ᠰᠣᠶᠣᠯ ᠤᠨ ᠠᠵᠢᠯᠯᠠᠭ᠎ᠠ ᠶᠢ ᠥᠷᠨᠢᠭᠦᠯᠵᠦ᠂ ︽ᠪᠢᠳᠠᠨ ᠤ ᠳᠡᠷᠭᠡᠳᠡᠬᠢ | ᠦᠨᠳᠦᠰᠦᠲᠡᠨ ᠤ ᠪᠦᠯᠬᠦᠮᠳᠡᠯ ᠤᠨ ᠥᠯᠢᠭᠡᠷ︾᠂ ᠪᠣᠯᠪᠠᠰᠤᠨ ᠬᠡᠷ ᠪᠦᠯᠢ ᠶᠢᠨ ᠰᠤᠷᠲᠠᠯ ᠢ ᠤᠯᠠᠮᠵᠢᠯᠠᠬᠤ ᠵᠡᠷᠭᠡ | ᠤᠬᠠᠭᠤᠯᠥᠨ ᠳᠠᠶᠢᠯᠪᠤᠷᠢᠯᠠᠬᠤ ᠠᠵᠢᠯᠯᠠᠭ᠎ᠠ ᠦᠷᠨᠢᠬᠦᠯᠵᠡᠢ᠃ ᠡᠬᠦᠨ ᠠᠴᠠ ᠭᠠᠳᠠᠨ᠎ᠠ᠂ ᠠᠷᠪᠠᠨ ᠣᠳᠣᠨ ᠲᠠᠰ ᠤᠨ | ᠪᠣᠯᠪᠠᠰᠤᠨ ᠡᠷᠦᠬᠡ᠂ ᠪᠣᠯᠪᠠᠰᠤᠨ ᠬᠡᠷ ᠪᠦᠯᠢ᠂ ᠶᠣᠰᠣ ᠰᠤᠷᠲᠠᠬᠤᠨ ᠤ ᠵᠢᠱᠢᠶᠡᠴᠢ ᠶᠢ ᠰᠢᠯᠭᠠᠷᠠᠭᠤᠯᠵᠤ᠂ | ᠠᠶᠢᠮᠠᠭ ᠤᠨ ᠲᠠᠰ ᠤᠨ ᠬᠠᠮᠤᠭ ᠤᠨ ᠭᠤᠶᠣ ᠠᠨᠠᠷ ᠤᠨ ᠦᠷ᠎ᠡ ᠶᠢᠨ ᠬᠡᠷ ᠪᠦᠯᠢ ᠶᠢ ᠰᠣᠩᠭᠤᠨ ᠰᠢᠯᠭᠠᠷᠠᠭᠤᠯᠵᠠᠢ᠃ | ᠤᠶᠢᠷ᠎ᠠ ᠶᠢᠨ ᠵᠢᠯ ᠠᠴᠠ ᠨᠠᠭᠠᠰᠢ᠂ ᠰᠢ ᠺᠸᠥ ᠨᠡᠶᠢᠭᠡᠮ ᠳᠤᠭᠤᠷᠢᠭ ᠪᠠᠰᠠ ᠪᠣᠳᠠᠰ ᠤᠨ ᠪᠤᠰᠤ ᠰᠣᠶᠣᠯ ᠤᠨ | ᠥᠪ ᠢ ᠤᠯᠠᠮᠵᠢᠯᠠᠨ ᠵᠠᠯᠭᠠᠮᠵᠢᠯᠠᠬᠤ ᠵᠡᠷᠭᠡ ᠪᠤᠯᠪᠠᠰᠤᠷᠠᠯ ᠢ ᠴᠢᠩᠭᠠᠳᠬᠠᠵᠤ᠂ ᠪᠤᠳᠠᠰ ᠤᠨ ᠪᠤᠰᠥ ᠰᠤᠶᠤᠯ ᠤᠨ ᠦᠪ ᠢ | ᠤᠯᠠᠮᠵᠢᠯᠠᠨ ᠬᠦᠭᠵᠢᠬᠦᠯᠬᠦ ᠪᠠᠷ ᠰᠤᠶᠤᠯ ᠵᠢᠭᠤᠯᠴᠢᠯᠠᠯ ᠢ ᠠᠭᠤᠰᠤᠯᠴᠠᠭᠤᠯᠥᠨ ᠬᠦᠭᠵᠢᠬᠦᠯᠬᠦ ᠶᠢᠨ ᠴᠢᠬᠤᠯᠠ ᠠᠷᠭ᠎ᠠ | ᠬᠡᠯᠪᠡᠷᠢ ᠪᠤᠯᠭᠠᠵᠠᠢ᠃ ᠡᠪᠡᠰᠥᠨ ᠭᠦᠷᠦᠮᠡᠯ ᠢᠶᠠᠷ ᠲᠥᠯᠥᠭᠡᠯᠡᠭᠦᠯᠦᠭᠰᠡᠨ ᠪᠣᠳᠠᠰ ᠤᠨ ᠪᠤᠰᠤ ᠰᠣᠶᠣᠯ ᠤᠨ ᠥᠪ ᠤᠨ | ᠲᠦᠷᠦᠯ ᠵᠥᠢᠯ ᠢ 10 ᠭᠠᠷᠤᠶ ᠬᠦᠭᠵᠢᠬᠦᠯᠵᠤ᠂ ᠰᠢ ᠺᠸᠦ ᠶᠢᠨ ᠶᠠᠩᠭᠠᠷ᠂ ᠨᠡᠭᠦᠳᠡᠯ ᠤᠨ ᠥᠯᠢᠭᠡᠷ᠂ ᠮᠤᠳᠥᠨ | ᠦᠨᠳᠦᠰᠦᠨ ᠰᠡᠶᠢᠯᠦᠮᠡᠯ᠂ ᠡᠪᠡᠰᠦᠨ ᠭᠦᠷᠦᠮᠡᠯ ᠵᠡᠷᠭᠡ ᠪᠠᠭᠲᠠᠨ᠎ᠠ᠃ ᠡᠬᠦᠨ ᠳᠤ ᠠᠶᠢᠮᠠᠭ ᠤᠨ ᠲᠠᠰ ᠤᠨ ᠪᠣᠳᠠᠰ ᠤᠨ | ᠪᠤᠰᠤ ᠰᠣᠶᠣᠯ ᠤᠨ ᠥᠪ ᠤᠨ ᠡᠪᠡᠰᠥᠨ ᠭᠦᠷᠦᠮᠡᠯ ᠤᠨ ᠮᠡᠷᠭᠡᠵᠢᠯ ᠢ ᠳᠠᠷᠢᠶᠠᠴᠢᠳ ᠤᠨ ᠳᠤᠮᠳᠠ ᠤᠯᠠᠮᠵᠢᠯᠠᠨ | ᠳᠡᠯᠭᠡᠷᠡᠬᠦᠯᠵᠤ᠂ 2023 ᠤᠨ ᠳᠤ 12 ᠡᠷᠦᠬᠡ ᠶᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠵᠦ᠂ ᠡᠷᠦᠬᠡ | ᠪᠦᠷᠢ ᠶᠢᠨ ᠳᠤᠮᠳᠠᠴᠢ ᠣᠷᠣᠯᠭ᠎ᠠ ᠶᠢ 5000 ᠲᠥᠭᠦᠷᠢᠭ ᠠᠴᠠ ᠳᠡᠭᠡᠭᠰᠢ ᠨᠡᠮᠡᠭᠳᠡᠬᠦᠯᠥᠭᠰᠡᠨ ᠪᠠᠶᠢᠨ᠎ᠠ᠃ | ᠡᠬᠦᠨ ᠠᠴᠠ ᠭᠠᠳᠠᠨ᠎ᠠ ᠰᠢ ᠺᠸᠥ ᠨᠡᠶᠢᠭᠡᠮ ᠲᠣᠭᠤᠷᠢᠭ ᠤᠨ ᠨᠠᠮ ᠤᠨ ᠭᠡᠰᠢᠭᠦᠨ ᠪᠠᠶᠠᠵᠢᠯ ᠤᠨ ᠳᠠᠭᠠᠭᠤᠯᠤᠭᠴᠢ | ᠰᠠᠨᠠᠭᠠᠴᠢᠯᠠᠭ᠎ᠠ ᠠᠴᠠ ᠪᠠᠨ 2 — 3 ᠳᠠᠷᠢᠶᠠᠴᠢᠨ ᠡᠷᠦᠬᠡ ᠲᠠᠢ ᠬᠤᠤᠰᠯᠠᠯ ᠪᠠᠶᠢᠭᠤᠯᠵᠤ᠂ ᠠᠵᠤ ᠦᠢᠯᠡᠰ ᠢᠶᠠᠷ | ᠳᠠᠶᠢᠴᠢᠯᠠᠬᠤ᠂ ᠤᠷ᠎ᠠ ᠮᠡᠷᠭᠡᠵᠢᠯ ᠤᠨ ᠵᠢᠯᠤᠭᠤᠳᠤᠯᠭ᠎ᠠ ᠬᠢᠬᠦ᠂ ᠠᠵᠢᠯ ᠣᠯᠭᠤᠯᠲᠠ ᠶᠢ ᠳᠡᠮᠵᠢᠬᠦ ᠵᠡᠷᠭᠡ ᠲᠠᠯ᠎ᠠ ᠪᠠᠷ | ᠪᠦᠯᠬᠦᠮᠳᠡᠨ ᠬᠠᠪᠰᠤᠷᠤᠯᠴᠠᠵᠤ ᠬᠠᠮᠲᠤᠪᠠᠷ ᠲᠠᠪᠰᠢᠵᠠᠢ᠃ ᠰᠢ ᠺᠸᠥ ᠨᠡᠶᠢᠭᠡᠮ ᠲᠣᠭᠤᠷᠢᠭ ᠤᠨ ᠰᠠᠭᠤᠭᠠᠯᠢ ᠠᠷᠠᠳ | ᠠᠵᠤ ᠦᠢᠯᠡᠰ ᠢᠶᠠᠨ ᠴᠢᠷᠮᠠᠶᠢᠨ ᠬᠥᠭᠵᠢᠭᠦᠯᠵᠦ᠂ ᠰᠡᠳᠭᠢᠯ ᠢᠶᠠᠨ ᠨᠢᠭᠡᠳᠭᠡᠨ ᠬᠦᠴᠦ ᠪᠠᠨ ᠬᠠᠮᠲᠤᠳᠬᠠᠵᠤ | ᠬᠥᠭᠵᠢᠯᠲᠡ ᠶᠢ ᠡᠷᠢᠯᠬᠢᠯᠡᠵᠦ᠂ ᠭᠠᠷ ᠬᠤᠯᠪᠣᠨ ᠬᠠᠮᠲᠤᠪᠠᠷ ᠤᠷᠤᠭᠰᠢᠯᠠᠵᠤ ᠬᠠᠮᠲᠤᠪᠠᠷ ᠪᠠᠶᠠᠵᠢᠨ ᠴᠢᠨᠡᠭᠡᠯᠢᠭᠵᠢᠭᠰᠡᠨ | ᠬᠥᠭᠵᠢᠯ ᠴᠡᠴᠡᠭᠯᠡᠯ ᠤᠨ ᠪᠠᠶᠢᠳᠠᠯ ᠢᠯᠡᠷᠡᠵᠡᠢ᠃ | ᠰᠣᠶᠣᠯ ᠵᠢᠭᠤᠯᠴᠢᠯᠠᠯ ᠤᠨ ᠶᠠᠮᠤᠨ ᠤ ᠬᠠᠪᠰᠤᠷᠤᠨ ᠲᠡᠳᠬᠦᠬᠦ ᠵᠢᠴᠢ ᠪᠡᠭᠡᠵᠢᠩ ᠥᠪᠥᠷ ᠮᠣᠩᠭᠤᠯ ᠤᠨ | ᠬᠠᠮᠳᠤᠷᠠᠯᠴᠠᠭᠠᠨ ᠤ ᠠᠵᠠ ᠲᠣᠬᠢᠶᠠᠯ ᠢ ᠠᠰᠢᠭᠯᠠᠨ᠂ ᠦᠨᠳᠦᠰᠦᠲᠡᠨ ᠨᠦᠭᠦᠳ ᠤᠨ ᠰᠣᠶᠣᠯ ᠤᠨ ᠣᠨᠴᠠᠯᠢᠭ ᠲᠤ | ᠳᠤᠬᠢᠷᠠᠭᠰᠠᠨ ᠰᠢᠷᠢᠰ ᠵᠢᠭᠤᠯᠴᠢᠯᠠᠯ ᠤᠨ ᠪᠦᠲᠦᠭᠡᠭᠳᠡᠬᠦᠨ ᠢ ᠨᠡᠭᠡᠭᠡᠨ ᠬᠥᠭᠵᠢᠭᠦᠯᠪᠡ᠂ ᠡᠭᠦᠨ ᠳᠤ ᠰᠢ ᠺᠸᠥ ᠶᠢᠨ | ᠠᠷᠪᠠᠨ ᠨᠠᠢᠮᠠᠨ ᠦᠵᠡᠮᠵᠢ᠂ ᠤᠨᠴᠠᠯᠢᠭᠳᠤ ᠠᠮᠲᠠᠲᠤ ᠢᠳᠡᠭᠡᠨ ᠤ ᠨᠠᠶᠢᠷ᠂ ᠲᠠᠷᠢᠶᠠᠯᠠᠩ ᠤᠢ ᠰᠢᠭᠤᠢ ᠮᠠᠯ ᠠᠵᠤ | ᠠᠬᠤᠢ ᠶᠢᠨ ᠲᠤᠰᠠᠯᠠᠬᠤ ᠪᠦᠲᠦᠭᠡᠭᠳᠡᠬᠦᠨ ᠤ ᠦᠵᠡᠬᠦᠯᠭᠡ ᠵᠡᠷᠭᠡ ᠪᠠᠭᠲᠠᠨ᠎ᠠ᠃ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠵᠢᠭᠤᠯᠴᠢᠯᠠᠯ ᠤᠨ ᠵᠠᠮ ᠱᠤᠭᠤᠮ ᠢ ᠨᠡᠭᠡᠭᠡᠵᠤ᠂ | 2023 ᠣᠨ ᠳᠤ 1 ᠭᠤᠣᠯ ᠰᠡᠳᠦᠪᠲᠦ ᠠᠭᠤᠳᠠᠮ ᠲᠠᠯᠠᠪᠠᠢ ᠶᠢ ᠪᠠᠶᠢᠭᠤᠯᠵᠤ᠂ 3 ᠦᠵᠡᠮᠵᠢ ᠶᠢᠨ ᠱᠤᠭ ᠵᠦᠴᠦᠭᠡ | ᠭᠠᠷᠭᠠᠵᠤ᠂ 30 ᠭᠠᠷᠤᠢ ᠤᠬᠠᠭᠤᠯᠭ᠎ᠠ ᠶᠢᠨ ᠪᠤᠯᠤᠩ ᠨᠡᠭᠡᠭᠡᠵᠤ᠂ ᠰᠢ ᠺᠸᠦ ᠨᠡᠶᠢᠭᠡᠮ ᠲᠣᠭᠤᠷᠢᠭ ᠤᠨ ᠰᠣᠶᠣᠯ | ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠵᠦ ᠬᠥᠳᠡᠭᠡ ᠲᠣᠰᠬᠤᠨ ᠢ ᠬᠠᠮᠲᠤ ᠪᠠᠷ ᠬᠥᠭᠵᠢᠭᠦᠯᠦᠨ | ᠮᠠᠨᠳᠤᠭᠤᠯᠬᠤ ᠰᠠᠶᠢᠨ ᠰᠠᠶᠢᠬᠠᠨ ᠦᠢᠯᠡᠳᠦᠯᠭᠡ ᠪᠠᠷ ᠦᠨᠳᠦᠰᠦᠲᠡᠨ ᠨᠦᠭᠦᠳ ᠤᠨ ᠣᠯᠠᠨ ᠲᠦᠮᠡᠨ ᠤ ᠰᠠᠬᠢᠨ | ᠪᠠᠷᠠᠯᠠᠵᠤ ᠬᠠᠷᠢᠯᠴᠠᠨ ᠬᠠᠪᠰᠤᠷᠤᠯᠴᠠᠨ ᠠᠭᠤᠰᠤᠯᠴᠠᠨ ᠰᠠᠭᠤᠷᠢᠰᠢᠵᠤ ᠬᠠᠮᠲᠤ ᠪᠠᠷ ᠪᠠᠶᠠᠵᠢᠭᠰᠠᠨ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢᠨ ᠥᠯᠢᠭᠡᠷ ᠢ ᠰᠠᠶᠢᠲᠤᠷ ᠶᠠᠷᠢᠭᠰᠠᠨ ᠪᠠᠶᠢᠨ᠎ᠠ᠃ |