ᠶᠡᠭᠡ ᠴᠠᠰᠤᠨ ᠤ ᠳᠠᠷᠠᠭ᠎ᠠ᠂ ᠶᠡᠭᠡ ᠭᠢᠨᠭ᠍ᠭᠠᠨ ᠳᠠᠪᠠᠭ᠎ᠠ ᠶᠢᠨ ᠰᠢᠭᠤᠶᠢᠳᠦ ᠤᠷᠤᠨ ᠮᠦᠰᠦ ᠴᠠᠰᠤᠨ ᠳᠤ | ᠬᠤᠴᠢᠬᠳᠠᠵᠦ᠂ ᠨᠠᠷᠠᠨ ᠤ ᠭᠡᠷᠡᠯ ᠳᠤ ᠨᠢᠳᠦ ᠬᠢᠯᠠᠯᠵᠠᠮ᠎ᠠ ᠮᠦᠡᠭᠬᠦᠨ ᠦᠡᠭᠭᠡ ᠰᠠᠴᠤᠷᠠᠨ᠎ᠠ᠃ | ᠭᠡᠳᠦ᠋ᠢᠪᠡᠷ ᠷᠠᠰᠢᠶᠠᠨ ᠬᠤᠳᠠ ᠶᠢᠨ ᠡᠪᠤᠯ ᠤᠨ ᠤᠯᠠᠷᠢᠯ ︽ᠳᠤᠮᠤᠬᠳᠦ ᠵᠢᠷᠳᠢᠨᠴᠦ︾ ᠮᠡᠳᠦ ᠭᠤᠶᠢᠳᠠ | ᠰᠠᠶᠢᠬᠠᠨ᠂ ᠬᠦᠮᠦᠰ ᠤᠨ ᠪᠠᠭ᠋ᠠᠷᠬᠠᠯ ᠢ ᠳᠡᠳᠡᠵᠦ ᠪᠠᠶᠢᠪᠠᠴᠦ᠂ ᠲᠡᠭ ᠠᠴᠠ ᠳᠣᠷᠣᠭᠰᠢ 30 ᠭᠠᠷᠤᠢ ᠭᠷᠠᠳᠦ᠋ᠰ ᠤᠨ | ᠠᠭᠠᠷ ᠤᠨ ᠳᠤᠯᠠᠭᠠᠨ᠂ ᠵᠤᠪ ᠵᠤᠵᠠᠭᠠᠬᠠᠨ ᠬᠤᠷᠠᠮᠠᠯ ᠴᠠᠰᠦ ᠨᠢ ᠳᠤᠬᠠᠢ ᠶᠢᠨ ᠭᠠᠵᠠᠷ ᠤᠨ ᠰᠠᠭᠤᠭᠠᠯᠢ ᠠᠷᠠᠳ ᠤᠨ | ᠦᠢᠯᠡᠳᠪᠦᠷᠢᠯᠡᠯ ᠠᠮᠢᠳᠤᠷᠠᠯ᠂ ᠤᠢ ᠰᠢᠭᠤᠢ ᠶᠢᠨ ᠴᠠᠬᠳᠠᠭ᠎ᠠ ᠶᠢᠨ ᠠᠵᠢᠯ ᠵᠡᠷᠭᠡ ᠳᠤ ᠲᠦᠢᠯ ᠤᠨ ᠶᠡᠭᠡ ᠬᠦᠴᠢᠷ | ᠪᠡᠷᠭᠡᠰᠢᠶᠡᠯ ᠠᠪᠴᠢᠷᠠᠵᠦ ᠦᠭᠬᠦᠭᠰᠡᠨ ᠪᠠᠶᠢᠯ᠎ᠠ᠃ | ︽ᠦᠨᠦᠳᠦᠷ ᠴᠠᠰᠦ ᠤᠷᠤᠬᠰᠠᠨ ᠪᠤᠯᠬᠤᠷ ᠤᠯᠠᠨ ᠢᠶᠠᠷ ᠢᠶᠠᠨ ᠬᠤᠪᠴᠠᠰᠦ ᠪᠠᠨ ᠵᠤᠵᠠᠭᠠᠯᠠ᠂ ᠳᠤᠭᠤᠷᠢᠨ | ᠴᠠᠬᠳᠠᠬᠤ ᠳᠠᠭᠠᠨ ᠭᠤᠯᠭᠤᠬᠤ ᠠᠴᠠ ᠬᠢᠴᠢᠶᠡᠭᠡᠷᠡᠢ︾ ᠭᠡᠵᠦ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠶ᠊ | ᠡᠶ᠎ᠡ ᠶᠢᠨ ᠦ᠋ ᠴᠠ ᠭᠸᠤ ᠤᠢ ᠰᠢᠭᠤᠢ ᠶᠢᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠶᠶ᠎ᠠ ᠶᠢᠨ ᠮᠢᠩ ᠱᠦᠢ | ᠡᡁᠤ ᠲᠣᠮᠢᠯᠠᠭᠰᠠᠨ ᠰᠠᠯᠪᠤᠷᠢ ᠶᠢᠨ ᠠᠬᠠᠮᠠᠳ ᠴᠠᠭᠳᠠᠭ᠎ᠠ ᠴᠧᠨ ᠭᠦᠸᠧ ᠫᠢᠩ ᠤᠯᠠᠨ ᠢ ᠰᠠᠨᠠᠭᠤᠯᠤᠨ᠎ᠠ᠃ ᠲᠡᠷᠡ | ᠡᠮᠦᠰᠴᠦ ᠵᠡᠬᠦᠬᠦ ᠪᠠᠨ ᠵᠤᠵᠠᠭᠠᠯᠠᠵᠦ᠂ ᠪᠡᠶ᠎ᠡ ᠳᠡᠭᠡᠨ ᠠᠪᠴᠤ ᠶᠠᠪᠤᠬᠤ ᠴᠢᠬᠤᠯᠠᠳᠠᠢ ᠵᠡᠪᠰᠡᠭ ᠲᠤᠨᠤᠬᠯᠠᠯ ᠢᠶᠠᠨ | ᠪᠦᠷᠢᠳᠭᠡᠨ᠂ ᠢᠳᠡᠭᠡᠨ ᠤᠮᠳᠠᠭᠠᠨ ᠢᠶᠠᠨ ᠭᠦᠢᠴᠡᠳ ᠪᠡᠯᠡᠳᠭᠡᠵᠦ᠂ ᠬᠠᠮᠲᠤ ᠠᠵᠢᠯᠯᠠᠭᠰᠠᠳ ᠢᠶᠠᠨ ᠳᠠᠭᠠᠭᠤᠯᠤᠨ | ᠴᠠᠰᠤ ᠰᠢᠭᠤᠷᠭ᠎ᠠ ᠶᠢ ᠰᠦᠷᠤᠨ ᠠᠭᠤᠯᠠ ᠶᠢ ᠲᠣᠭᠤᠷᠢᠨ ᠴᠠᠭᠳᠠᠬᠤ ᠪᠠᠷ ᠮᠤᠷᠳᠠᠯ᠎ᠠ᠃ | ᠳᠡᠳᠡ ᠰᠢᠭᠤᠢ ᠶᠢᠨ ᠳᠤᠮᠳᠠᠭᠤᠷ ᠭᠠᠯ ᠤᠨ ᠭᠠᠮᠰᠢᠭ ᠤᠨ ᠬᠡᠮ ᠰᠣᠭᠤᠭ ᠢ ᠨᠠᠷᠢᠨ ᠪᠠᠶᠢᠴᠠᠭᠠᠬᠤ᠂ | ᠬᠤᠯᠠᠭᠠᠶᠢᠯᠠᠨ ᠠᠡᠭ ᠠᠩᠨᠠᠬᠰᠠᠳ ᠤᠨ ᠪᠤᠳᠠ ᠰᠥᠭᠡᠭ ᠤᠨ ᠳᠤᠮᠳᠠ ᠳᠠᠯᠪᠢᠬᠰᠠᠨ ᠤᠷᠠᠬ᠎ᠠ ᠬᠠᠪᠬ᠎ᠠ ᠶᠢ ᠢᠯᠡᠷᠡᠬᠦᠯᠤᠨ | ᠬᠤᠷᠢᠶᠠᠬᠤ ᠁ ᠵᠡᠷᠭᠡ ᠠᠵᠢᠯ ᠢ ᠬᠢᠵᠦ ᠭᠡᠳᠦ ᠭᠡᠳᠦᠨ ᠠᠭᠤᠯᠠ ᠳᠠᠪᠠᠭ᠎ᠠ ᠶᠢ ᠳᠤᠭᠤᠯᠤᠨ ᠶᠠᠪᠤᠨ᠎ᠠ᠃ | ᠮᠢᠩ ᠱᠦᠢ ᠾᠧ ᠲᠣᠮᠢᠯᠠᠭᠰᠠᠨ ᠰᠠᠯᠪᠤᠷᠢ ᠶᠢᠨ ᠳᠠᠷᠤᠭ᠎ᠠ ᠠᠨ ᠴᠠᠩ ᠱᠧᠩ᠄ ︽ᠳᠤᠭᠤᠷᠢᠨ | ᠴᠠᠬᠳᠠᠬᠤ ᠳᠠᠭᠠᠨ ᠮᠦᠰᠦ ᠴᠠᠰᠦ ᠠᠷᠢᠯᠭᠠᠬᠤ ᠪᠠᠭᠠᠵᠢ ᠭᠡᠷᠡᠭᠰᠡᠯ ᠢᠶᠠᠨ ᠪᠠᠶ᠎ᠡ ᠳᠡᠭᠡᠨ ᠠᠪᠴᠤ ᠶᠠᠪᠤᠨ᠂ ᠭᠤᠤ | ᠭᠠᠨᠭ᠍ᠭ᠎ᠠ ᠶᠢ ᠠᠯᠳᠠᠯ ᠦᠭᠡᠢ ᠨᠠᠷᠢᠨ ᠬᠢᠨᠠᠮᠠᠭᠠᠢ ᠪᠠᠶᠢᠴᠠᠭᠠᠨ᠂ ᠬᠠᠤᠯᠢ ᠪᠤᠰᠦ ᠪᠠᠷ ᠠᠩᠨᠠᠬᠤ ᠪᠠ ᠤᠷᠭᠤᠮᠠᠯ | ᠬᠤᠴᠢᠯᠭ᠎ᠠ ᠶᠢ ᠡᠪᠳᠡᠵᠦ ᠪᠠᠶᠢᠭ᠎ᠠ ᠡᠳᠡᠭᠡᠳ ᠲᠤ ᠦᠴᠦᠭᠡᠨ ᠴᠤ ᠵᠠᠪᠰᠢᠶᠠᠨ ᠤᠯᠭᠤᠬᠤ ᠦᠭᠡᠢ︾ ᠭᠡᠵᠦ ᠢᠳᠡᠭᠡᠯ | ᠲᠦᠬᠦᠷᠡᠩ ᠶᠠᠷᠢᠨ᠎ᠠ᠃ | ᠣᠶ ᠰᠢᠭᠤᠶ ᠶᠢᠨ ᠳᠤᠳᠤᠭᠠᠳᠦ ᠶᠢ ᠬᠠᠮᠠᠭᠠᠯᠠᠬᠤ ᠴᠠᠭᠳᠠᠭ᠎ᠠ ᠪᠣᠯᠤᠭᠰᠠᠨ ᠤ ᠬᠤᠪᠢ ᠳᠤ᠂ ᠲᠠᠳᠠ ᠠᠮᠢ | ᠠᠬᠤᠶ ᠶᠢ ᠬᠠᠮᠠᠭᠠᠯᠠᠬᠤ᠂ ᠬᠡᠭᠡᠷ᠎ᠡ ᠶᠢᠨ ᠠᠮᠢᠲᠠᠨ ᠤᠷᠭᠤᠮᠠᠯ ᠢ ᠬᠠᠮᠠᠭᠠᠯᠠᠬᠤ ᠬᠦᠨᠳᠦ ᠡᠭᠦᠷᠭᠡ ᠶᠢ ᠡᠭᠦᠷᠭᠡᠯᠡᠵᠦ᠂ | ᠰᠠᠯᠬᠢ ᠪᠤᠷᠤᠭᠠᠨ ᠴᠠᠰᠦ ᠰᠢᠭᠤᠷᠭ᠎ᠠ ᠶᠢ ᠬᠠᠶᠢᠬᠤᠷᠤᠯ ᠦᠭᠡᠢ ᠳᠤᠭᠤᠷᠢᠨ ᠴᠠᠬᠳᠠᠵᠦ ᠪᠠᠶᠢᠳᠠᠬ᠃ ᠲᠤᠬᠠᠢ ᠶᠢᠨ | ᠭᠠᠵᠠᠷ ᠤᠨ ᠤᠯᠠᠨ ᠲᠦᠮᠡᠨ ᠡᠯᠪᠡᠭ ᠪᠠᠶᠠᠯᠢᠭ ᠵᠢᠭᠤᠯᠴᠢᠯᠠᠯ ᠤᠨ ᠡᠬᠢ ᠪᠠᠶᠠᠯᠢᠭ ᠪᠣᠯᠤᠨ ᠤᠷᠭᠤᠮᠠᠯ ᠬᠤᠴᠢᠯᠭ᠎ᠠ ᠶᠢᠨ | ᠡᠬᠢ ᠪᠠᠶᠠᠯᠢᠭ ᠲᠠᠭᠠᠨ ᠲᠦᠰᠢᠭᠯᠡᠨ᠂ ᠠᠮᠢᠳᠤᠷᠠᠯ ᠨᠢ ᠡᠳᠦᠷ ᠠᠴᠠ ᠡᠳᠦᠷ ᠰᠠᠶᠢᠵᠢᠷᠠᠵᠦ᠂ ︽ᠬᠥᠬᠡᠮᠳᠦᠭ ᠨᠤᠭᠤᠭᠠᠨ | ᠠᠭᠤᠯᠠ ᠤᠰᠤ ᠪᠣᠯ ᠳᠠᠷᠤᠢ ᠠᠯᠳᠠ ᠮᠥᠩᠭᠦᠨ ᠠᠭᠤᠯᠠ ᠮᠥᠨ︾ ᠭᠡᠬᠦ ᠤᠨᠤᠯᠵᠢᠬᠤᠨ ᠢ ᠦᠨᠡᠨᠬᠦ ᠪᠡᠶᠡᠴᠢᠯᠡᠨ | ᠤᠶᠢᠯᠠᠭᠠᠵᠦ ᠪᠤᠢ᠃ ᠮᠦᠨ ᠴᠤ ᠮᠢᠩ ᠱᠦᠶ ᠾᠧ ᠪᠠᠯᠭᠠᠰᠤ 20 ᠭᠠᠷᠤᠶ ᠲᠦᠮᠡᠨ ᠡᠾᠧᠺᠲ᠋ᠠᠷ ᠤᠨ ᠰᠢᠭᠤᠶᠢᠲᠤ | ᠣᠷᠣᠨ ᠤ ᠠᠮᠢᠲᠠᠨ ᠤᠷᠭᠤᠮᠠᠯ ᠤᠨ ᠡᠬᠢ ᠪᠠᠶᠠᠯᠢᠭ ᠲᠠᠢ ᠪᠠᠶᠢᠵᠦ᠂ ᠤᠯᠤᠰ ᠤᠨ ᠠᠮᠢᠲᠠᠨ ᠤᠷᠭᠤᠮᠠᠯ ᠤᠨ ᠭᠧᠨ ᠤ | ᠬᠥᠮᠥᠷᠭᠡ ᠶᠢᠨ ᠨᠢᠭᠡ ᠪᠣᠯᠬᠤ ᠪᠥᠭᠡᠳ ᠨᠠᠩ ᠴᠤ ᠥᠪᠥᠷ ᠮᠣᠩᠭᠤᠯ ᠤᠨ ᠴᠢᠬᠤᠯᠠ ᠠᠮᠢ ᠠᠬᠤᠶ ᠶᠢᠨ ᠬᠠᠯᠬᠠᠪᠴᠢ | ᠪᠠ ᠤᠰᠤᠨ ᠤ ᠡᠬᠢ ᠰᠤᠷᠪᠤᠯᠵᠢ ᠶᠢᠨ ᠠᠮᠢᠨ ᠰᠤᠳᠠᠰᠤ ᠪᠣᠯᠤᠨ᠎ᠠ᠃ ᠡᠶᠢᠮᠦ ᠠᠴᠠ ᠠᠭᠤᠯᠠ ᠤᠰᠦ ᠤᠢ ᠰᠢᠭᠤᠢ | ᠨᠤᠳᠤᠬ ᠪᠡᠯᠴᠢᠭᠡᠷ ᠢ ᠰᠠᠶᠢᠳᠤᠷ ᠬᠠᠮᠠᠭᠠᠯᠠᠬᠤ ᠨᠢ ᠤᠢ ᠰᠢᠭᠤᠢ ᠶᠢᠨ ᠳᠤᠳᠤᠭᠠᠳᠦ ᠶᠢ ᠬᠠᠮᠠᠭᠠᠯᠠᠬᠤ ᠴᠠᠬᠳᠠᠭ᠎ᠠ | ᠪᠤᠯᠤᠬᠰᠠᠳ ᠤᠨ ᠳᠠᠷᠬᠠᠨ ᠡᠬᠦᠷᠭᠡ ᠪᠤᠯᠬᠤ ᠶᠤᠮ᠃ | ᠤᠢᠢᠷ᠎ᠠ ᠶᠢᠨ ᠵᠢᠯ ᠠᠴᠠ ᠨᠠᠭᠠᠰᠢ᠂ ᠦ᠋ ᠴᠠ ᠭᠸᠤ ᠤᠢ ᠰᠢᠭᠤᠢ ᠶᠢᠨ ᠳᠣᠲᠣᠭᠠᠳᠤ ᠶᠢ ᠬᠠᠮᠠᠭᠠᠯᠠᠬᠤ | ᠬᠤᠪᠢᠶᠠᠷᠢ ᠲᠣᠪᠴᠶᠶ᠎ᠠ ᠰᠢᠨᠵᠢᠯᠡᠬᠦ ᠤᠬᠠᠭᠠᠨ ᠮᠡᠷᠭᠡᠵᠢᠯ ᠢᠶᠠᠷ ᠴᠠᠭᠳᠠᠭ᠎ᠠ ᠶᠢ ᠬᠦᠴᠦᠷᠬᠡᠭᠵᠢᠭᠦᠯᠬᠦ ᠵᠠᠮ ᠢ ᠢᠳᠡᠪᠬᠢᠲᠡᠢ | ᠬᠠᠶᠢᠨ ᠰᠦᠪᠡᠭᠴᠢᠯᠡᠵᠦ᠂ ᠬᠠᠷᠢᠶ᠎ᠠ ᠣᠷᠣᠨ ᠤ ᠪᠠᠨ ᠭᠤᠣᠯᠳᠠᠯᠭ᠎ᠠ ᠲᠠᠢ ᠭᠠᠵᠠᠷ ᠲᠧ ᠬᠢᠨᠠᠨ ᠡᠵᠡᠮᠳᠡᠬᠦ ᠰᠢᠰᠲ᠋ᠧᠮ | ᠲᠤᠬᠢᠷᠠᠭᠤᠯᠬᠤ ᠶᠢᠨ ᠬᠠᠮᠲᠤ ᠵᠢᠯᠣᠭᠤᠴᠢ ᠦᠭᠡᠢ ᠨᠢᠰᠭᠡᠯ ᠢ ᠠᠵᠢᠯ ᠤᠨ ᠳᠤᠮᠳᠠ ᠪᠠᠨ ᠥᠷᠭᠡᠨ ᠢᠶᠠᠷ ᠬᠡᠷᠡᠭᠯᠡᠵᠦ᠂ | ᠰᠢᠨᠵᠢᠯᠡᠬᠦ ᠤᠬᠠᠭᠠᠨ ᠮᠡᠷᠭᠡᠵᠢᠯ ᠢᠶᠠᠷ ᠤᠢ ᠰᠢᠭᠤᠢ ᠶᠢ ᠲᠣᠭᠤᠷᠢᠨ ᠬᠠᠮᠠᠭᠠᠯᠠᠬᠤ ᠠᠵᠢᠯ ᠳᠤ ᠬᠦᠴᠦ ᠨᠡᠮᠡᠷᠢᠯᠡᠵᠡᠢ᠃ | ᠰᠢᠭᠤᠶᠢᠲᠤ ᠣᠷᠣᠨ ᠤ ᠣᠷᠴᠢᠨ ᠲᠣᠭᠤᠷᠢᠨ ᠪᠤᠳᠤᠯᠢᠶᠠᠨᠲᠠᠶ᠂ ᠠᠭᠤᠷ ᠠᠮᠢᠰᠬᠤᠯ ᠬᠤᠪᠢᠷᠠᠯᠲᠠ ᠶᠡᠬᠡᠲᠡᠶ᠂ | ᠭᠠᠵᠠᠷ ᠤᠨ ᠲᠥᠷᠰᠥ ᠣᠯᠠᠨ ᠶᠠᠩᠵᠤ ᠶᠢᠨ ᠪᠠᠶᠢᠵᠤ᠂ ᠲᠣᠭᠤᠷᠢᠨ ᠬᠠᠮᠠᠭᠠᠯᠠᠬᠤ ᠠᠵᠢᠯ ᠤᠨ ᠴᠡᠭ ᠤᠯᠠᠨ ᠪᠦᠭᠡᠳ | ᠬᠡᠪᠴᠢᠶ᠎ᠡ ᠨᠢ ᠥᠷᠭᠡᠨ ᠪᠠᠶᠢᠳᠠᠭ᠃ ᠴᠠᠭᠳᠠᠭᠠᠨ ᠤ ᠵᠢᠯᠣᠭᠤᠴᠢ ᠥᠬᠡᠶ ᠨᠢᠰᠭᠡᠯ ᠨᠢ ᠬᠡᠭᠡᠷ᠎ᠡ ᠶᠢᠨ ᠠᠮᠢᠲᠠᠨ ᠤ ᠡᠳᠦᠷ | ᠲᠤᠲᠤᠮ ᠤᠨ ᠬᠠᠮᠠᠭᠠᠯᠠᠯᠳᠠ ᠵᠡᠷᠭᠡ ᠲᠠᠯ᠎ᠠ ᠪᠠᠷ ᠥᠷᠭᠡᠨ ᠳᠡᠯᠭᠡᠷ ᠢᠶᠠᠷ ᠬᠡᠷᠡᠭᠯᠡᠭᠳᠡᠵᠦ᠂ ᠣᠯᠠᠨ ᠡᠰᠢᠲᠦ ᠴᠠᠭᠳᠠᠭᠠᠨ ᠤ | ᠶᠠᠪᠤᠳᠠᠯ ᠤᠨ ᠪᠣᠳᠠᠲᠤ ᠪᠠᠶᠢᠯᠳᠤᠭᠠᠨ ᠤ ᠬᠡᠷᠡᠭᠴᠡᠭᠡ ᠶᠢ ᠬᠠᠩᠭᠠᠭᠰᠠᠨ ᠪᠠᠶᠢᠨ᠎ᠠ᠃ ᠦ᠋ ᠴᠠ ᠭᠸᠤ ᠤᠢ ᠰᠢᠭᠤᠢ ᠶᠢᠨ | ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠶᠶ᠎ᠠ ᠠᠮᠢ ᠠᠬᠤᠢ ᠶᠢᠨ ᠴᠠᠭᠳᠠᠭᠠᠨ ᠤ ᠶᠠᠪᠤᠳᠠᠯ ᠤᠨ | ᠪᠠᠶᠢᠭᠤᠯᠤᠯᠲᠠ ᠶᠢ ᠢᠳᠡᠪᠬᠢᠲᠡᠢ ᠰᠦᠪᠡᠭᠴᠢᠯᠡᠵᠦ᠂ ᠤᠯᠠᠨ ᠰᠠᠯᠠᠭ᠎ᠠ ᠮᠥᠴᠢᠷ ᠲᠠᠢ ᠬᠠᠷᠢᠯᠴᠠᠨ ᠬᠠᠮᠵᠢᠯᠴᠠᠵᠤ᠂ ︽ | ᠬᠢᠩᠭᠠᠨ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ︿ᠠᠮᠢ ᠠᠬᠤᠢ ᠶᠢᠨ ᠴᠠᠭᠳᠠᠭᠠᠨ ᠤ ᠶᠠᠪᠤᠳᠠᠯ﹀ | ᠤᠨ ᠠᠵᠢᠯ ᠤᠨ ᠲᠣᠭᠲᠠᠴᠠ ᠶᠢ ᠪᠠᠶᠢᠭᠤᠯᠬᠤ ᠲᠤᠬᠠᠢ ᠬᠡᠷᠡᠭᠵᠢᠭᠦᠯᠬᠦ ᠰᠠᠨᠠᠯ︾ ᠢ ᠲᠣᠭᠲᠠᠭᠠᠵᠤ᠂ ︽ᠴᠣᠬᠢᠯᠲᠠ | ᠥᠭᠴᠦ ᠰᠡᠷᠭᠡᠶᠢᠯᠡᠬᠦ ᠬᠠᠮᠢᠶᠠᠷᠤᠨ ᠡᠵᠡᠮᠳᠡᠬᠦ︾ ᠶᠢ ᠨᠢᠭᠡ ᠴᠤᠬᠴᠠᠵᠢᠭᠤᠯᠤᠬᠰᠠᠨ ᠠᠮᠢ ᠠᠬᠤᠢ ᠶᠢᠨ ᠣᠷᠴᠢᠨ | ᠲᠣᠭᠤᠷᠢᠨ ᠤ ᠴᠠᠭᠳᠠᠭᠠᠨ ᠤ ᠶᠠᠪᠤᠳᠠᠯ ᠤᠨ ᠠᠵᠢᠯ ᠤᠨ ᠲᠣᠭᠲᠠᠴᠠ ᠶᠢ ᠪᠤᠢ ᠪᠤᠯᠭᠠᠵᠦ᠂ ᠠᠮᠢ ᠠᠬᠤᠢ ᠶᠢᠨ ᠡᠬᠢ | ᠪᠠᠶᠠᠯᠢᠭ ᠢ ᠬᠠᠮᠠᠭᠠᠯᠠᠬᠤ ᠴᠠᠭᠳᠠᠭᠠᠨ ᠤ ᠶᠠᠪᠤᠳᠠᠯ ᠤᠨ ᠬᠠᠮᠲᠤᠷᠠᠯᠴᠠᠭᠠᠨ ᠤ ᠰᠢᠨ᠎ᠡ ᠪᠠᠶᠢᠷᠢᠰᠢᠯ ᠢ ᠬᠦᠴᠦᠯᠡᠨ | ᠪᠠᠶᠢᠭᠤᠯᠵᠠᠢ᠃ | ︽ᠪᠢᠳᠡ ᠬᠠᠷᠢᠶᠠᠲᠤ ᠣᠷᠣᠨ ᠤ ᠮᠢᠩ ᠱᠦᠶ ᠾᠧ ᠲᠣᠮᠢᠯᠠᠭᠰᠠᠨ ᠰᠠᠯᠪᠤᠷᠢ᠂ ᠬᠤᠰᠤᠨ ᠭᠤᠤ ᠲᠣᠮᠢᠯᠠᠭᠰᠠᠨ | ᠰᠠᠯᠪᠤᠷᠢ ᠳᠤ 2 ᠠᠮᠢ ᠠᠬᠤᠶ ᠶᠢᠨ ᠴᠠᠭᠳᠠᠭᠠᠨ ᠤ ᠶᠠᠪᠤᠳᠠᠯ ᠤᠨ ᠬᠠᠮᠲᠤᠷᠠᠭᠰᠠᠨ ᠦᠢᠯᠡᠴᠢᠯᠡᠭᠡᠨ ᠤ ᠲᠠᠰᠤᠭ | ᠭᠠᠷᠭᠠᠵᠤ᠂ ᠬᠡᠭᠡᠷ᠎ᠡ ᠶᠢᠨ ᠠᠮᠢᠲᠠᠨ ᠤ ︿ᠠᠮᠤᠷ ᠲᠦᠪᠰᠢᠨ ᠤ ᠥᠷᠲᠡᠭᠡ﹀ ᠪᠣᠯᠭᠠᠪᠠ᠃ ᠡᠮᠦᠨᠡᠭᠡᠨ᠂ ᠪᠢᠳᠡ | ᠠᠭᠤᠯᠠᠨ ᠳᠤ ᠭᠠᠷᠴᠤ ᠲᠣᠭᠤᠷᠢᠨ ᠴᠠᠭᠳᠠᠬᠤ ᠦᠶ᠎ᠡ ᠳᠤ ᠰᠢᠷᠬᠠᠳᠤᠬᠰᠠᠨ ᠬᠤᠶᠠᠷ ᠵᠡᠭᠡᠷ᠎ᠡ ᠶᠢ ᠠᠪᠤᠷᠠᠨ ᠲᠤᠰᠠᠯᠠᠪᠡ᠃ | ᠡᠬᠦᠨ ᠠᠴᠠ ᠭᠠᠳᠠᠨ᠎ᠠ ᠪᠢᠳᠡ ᠪᠠᠰᠠ ᠬᠠᠷᠢᠶ᠎ᠠ ᠣᠷᠣᠨ ᠤ ᠰᠠᠭᠤᠭᠠᠯᠢ ᠠᠷᠠᠳ ᠲᠠᠢ ᠬᠠᠮᠲᠤ ᠦᠨᠡᠭᠡ᠂ ᠪᠣᠷᠣ | ᠭᠥᠷᠥᠭᠡᠰᠦ ᠶᠢ ᠠᠪᠤᠷᠠᠨ ᠲᠤᠰᠠᠯᠠᠵᠠᠶ᠂ ᠣᠲᠣ ᠣᠯᠠᠨ ᠲᠦᠮᠡᠨ ᠤ ᠠᠮᠢ ᠠᠬᠤᠶ ᠶᠢ ᠬᠠᠮᠠᠭᠠᠯᠠᠬᠤ ᠤᠬᠠᠮᠰᠠᠷ ᠥᠨᠳᠥᠷ | ᠪᠣᠯᠵᠠᠶ︾ ᠭᠡᠵᠦ ᠤᠢ ᠰᠢᠭᠤᠢ ᠶᠢᠨ ᠳᠤᠳᠤᠭᠠᠳᠦ ᠶᠢ ᠬᠠᠮᠠᠭᠠᠯᠠᠬᠤ ᠴᠠᠬᠳᠠᠭ᠎ᠠ ᠰᠥᠩ ᠵᠢᠩ ᠵᠢᠶᠦ᠋ᠨ ᠭᠡᠯᠡᠨ᠎ᠠ᠃ | ᠬᠥᠬᠡᠮᠳᠦᠭ ᠨᠣᠭᠤᠭᠠᠨ ᠠᠭᠤᠯᠠ ᠤᠰᠤ ᠶᠢᠨ ᠬᠠᠮᠠᠭᠠᠯᠠᠯᠳᠠ ᠨᠢ ᠤᠢ ᠰᠢᠭᠤᠢ ᠶᠢᠨ ᠳᠣᠲᠣᠭᠠᠳᠤ ᠶᠢ | ᠬᠠᠮᠠᠭᠠᠯᠠᠬᠤ ᠪᠠᠶᠢᠭᠤᠯᠭ᠎ᠠ ᠶᠢᠨ ᠨᠠᠷᠢᠨ ᠨᠢᠮᠪᠠᠢ ᠬᠠᠮᠠᠭᠠᠯᠠᠯ ᠠᠴᠠ ᠰᠠᠯᠵᠤ ᠴᠢᠳᠠᠬᠤ ᠦᠬᠡᠢ ᠶᠤᠮ᠂ ᠡᠨᠡᠬᠦ ᠠᠷᠢᠭᠤᠨ | ᠬᠥᠷᠥᠰᠥ ᠶᠢ ᠬᠠᠮᠠᠭᠠᠯᠠᠵᠦ ᠪᠠᠶᠢᠭ᠎ᠠ ︽ᠤᠢ ᠰᠢᠭᠤᠢ ᠶᠢᠨ ᠬᠠᠮᠠᠭᠠᠯᠠᠭᠴᠢ︾ ᠪᠣᠯᠤᠭᠰᠠᠨ ᠤ ᠬᠤᠪᠢ ᠳᠤ᠂ ᠳᠡᠳᠡ | ᠦᠪᠡᠷ ᠤᠨ ᠬᠦᠴᠦ ᠬᠦᠳᠡᠯᠮᠦᠷᠢ ᠴᠢᠨᠠᠬᠰᠢᠯᠠᠪᠠᠯ ᠵᠠᠯᠠᠭᠤ ᠨᠠᠰᠦ ᠪᠠᠨ ᠰᠢᠭᠤᠶᠢᠳᠦ ᠤᠷᠤᠨ ᠢ ᠬᠠᠮᠠᠭᠠᠯᠠᠬᠤ ᠠᠵᠢᠯ ᠳᠤ | ᠵᠤᠷᠢᠭᠤᠯᠵᠦ᠂ ᠳᠤᠬᠠᠢ ᠶᠢᠨ ᠭᠠᠵᠠᠷ ᠤᠷᠤᠨ ᠤ ᠨᠡᠶᠢᠭᠡᠮ ᠤᠨ ᠠᠮᠤᠷ ᠳᠤᠬᠳᠠᠭᠤᠨ ᠵᠢᠴᠢ ᠤᠷᠭᠤᠮᠠᠯ ᠬᠤᠴᠢᠯᠭ᠎ᠠ | ᠠᠮᠢᠳᠡᠨ ᠠᠷᠢᠶᠠᠳᠡᠨ ᠤ ᠬᠠᠮᠠᠭᠠᠯᠠᠯᠳᠠ ᠳᠤ ᠬᠦᠴᠦᠨ ᠴᠢᠳᠡᠯ ᠢᠶᠠᠨ ᠡᠷᠬᠦᠨ᠎ᠠ᠃ | | | | | | ᠵᠢᠷᠤᠬ 1. ᠳᠤᠭᠤᠷᠢᠨ ᠴᠠᠬᠳᠠᠵᠦ ᠪᠤᠢ᠃ | ᠵᠢᠷᠤᠬ 2. ᠵᠢᠯᠤᠭᠤᠴᠢ ᠦᠭᠡᠢ ᠨᠢᠰᠭᠡᠯ ᠢᠶᠠᠷ ᠪᠠᠶᠢᠴᠠᠭᠠᠯᠳᠠ ᠬᠢᠨ᠎ᠠ᠃ | · ᡁᠢ ᠮᠢᠨ ᠵᠠᠩ ᠵᠢᠩ · | |