ᠳᠦᠮᠠ ᠭᠠᠷᠦᠢ ᠵᠡᠭᠡᠷ᠎ᠠ ᠷᠠᠰᠢᠶᠠᠨ ᠤ ᠡᠪᠦᠯ ᠤᠨ ᠦᠵᠡᠮᠵᠢ ᠳᠤ ᠦᠩᠭᠡ ᠪᠤᠳᠤᠭ ᠨᠡᠮᠡᠷᠢᠯᠡᠨ᠎ᠠ
ᠨᠡᠶᠢᠲᠡᠯᠡᠭᠰᠡᠨ ᠴᠠᠭ᠄
2024/1/4
     ᠤᠶᠢᠷ᠎ᠠ ᠳᠤ᠂ ᠷᠠᠰᠢᠶᠠᠨ ᠤ ᠬᠠᠮᠠᠭᠠᠯᠠᠯᠳᠠ ᠶᠢᠨ ᠤᠷᠤᠨ᠂ ᠳᠤᠮᠳᠠᠳᠦ ᠮᠤᠩᠭᠤᠯ ᠤᠨ ᠬᠢᠯᠢ ᠶᠢᠨ ᠪᠤᠭᠤᠮᠳᠠ ᠶᠢᠨ ᠤᠶᠢᠷᠠᠯᠴᠠᠬᠢ ᠠᠭᠤᠯᠠᠨ ᠬᠦᠳᠦᠯ ᠳᠡᠭᠡᠷ᠎ᠠ᠂ ᠵᠡᠷᠯᠢᠭ ᠵᠡᠭᠡᠷ᠎ᠠ ᠶᠢᠨ ᠰᠦᠷᠦᠭ ᠰᠦᠷᠦᠭᠯᠡᠵᠦ᠂ ᠷᠠᠰᠢᠶᠠᠨ ᠳᠤ ᠵᠢᠭᠤᠯᠴᠢᠯᠠᠬᠤ ᠪᠠᠷ ᠢᠷᠡᠭᠰᠡᠳ ᠤᠨ ᠠᠩᠬᠠᠷᠤᠯ ᠢ ᠶᠡᠬᠡᠪᠡᠷ ᠲᠠᠲᠠᠵᠤ ᠪᠠᠶᠢᠨ᠎ᠠ᠃      ︽ᠪᠢ ᠳᠤᠰ ᠤᠳᠠᠭ᠎ᠠ ᠷᠠᠰᠢᠶᠠᠨ ᠤ ᠭᠤᠶᠤ ᠰᠠᠶᠢᠬᠠᠨ ᠴᠠᠰᠤᠨ ᠤ ᠦᠵᠡᠮᠵᠢ ᠶᠢ ᠪᠠᠭ᠋ᠠᠷᠬᠠᠵᠤ ᠪᠠᠶᠢᠭ᠎ᠠ ᠮᠦᠷᠳᠡᠬᠡᠨ ᠵᠡᠭᠡᠷ᠎ᠡ ᠶᠢᠨ ᠰᠦᠷᠦᠭ ᠲᠠᠢ ᠠᠩᠬ᠎ᠠ ᠤᠳᠠᠭ᠎ᠠ ᠬᠠᠷᠭᠤᠭᠰᠠᠨ ᠳᠠᠭᠠᠨ ᠰᠡᠳᠭᠢᠯ ᠮᠠᠰᠢ ᠳᠤᠭᠳᠤᠯᠵᠦ ᠪᠤᠢ︾ ᠭᠡᠵᠦ ᠬᠡᠯᠡᠬᠦ ᠶᠢᠨ ᠲᠠᠭᠠᠤ ᠭᠤᠸᠠᠩᠵᠧᠦ ᠬᠤᠳᠠ ᠠᠴᠠ ᠢᠷᠡᠭᠰᠡᠨ ᠵᠢᠭᠤᠯᠴᠢᠯᠠᠭᠴᠢ ᠯᠢ ᠱᠦ ᠵᠢᠶᠧ ᠵᠡᠭᠡᠷ᠎ᠠ ᠶᠢᠨ ᠰᠦᠷᠦᠭ ᠢ ᠤᠯᠵᠦ ᠬᠠᠷᠠᠩᠭᠤᠳᠠ ᠭᠠᠷ ᠤᠲᠠᠰᠤ ᠪᠠᠷ ᠢᠶᠠᠨ ᠰᠡᠭᠦᠳᠡᠷ ᠳᠠᠳᠠᠨ ᠶᠠᠭᠠᠷᠠᠵᠦ ᠪᠠᠶᠢᠯ᠎ᠠ᠃      ︽ᠤᠶᠢᠷ᠎ᠠ ᠶᠢᠨ ᠵᠢᠯ ᠳᠤ ᠷᠠᠰᠢᠶᠠᠨ ᠤ ᠠᠮᠢ ᠠᠬᠤᠶ ᠰᠠᠶᠢᠵᠢᠷᠠᠵᠤ᠂ ᠰᠢᠭᠤᠶᠢᠲᠤ ᠣᠷᠣᠨ ᠳᠤ ᠴᠠ ᠪᠤᠭᠤ᠂ ᠴᠠᠰᠤᠲᠤ ᠲᠠᠤᠯᠠᠢ᠂ ᠬᠡᠭᠡᠷ᠎ᠡ ᠶᠢᠨ ᠭᠠᠭ᠋ᠠᠶ ᠪᠠᠶᠢᠨ ᠪᠠᠶᠢᠨ ᠬᠠᠷᠠᠭᠳᠠᠵᠦ᠂ ᠨᠡᠩ ᠢᠯᠠᠩᠭᠤᠶ᠎ᠠ ᠵᠡᠷᠯᠢᠭ ᠵᠡᠬᠡᠷ᠎ᠠ ᠰᠦᠷᠦᠭᠯᠡᠨ ᠶᠠᠪᠤᠬᠤ ᠪᠤᠯᠵᠠᠢ︾ ᠭᠡᠵᠦ ᠷᠠᠰᠢᠶᠠᠨ ᠤ ᠰᠢᠭᠤᠶᠢᠲᠤ ᠣᠷᠣᠨ ᠳᠤ 33 ᠵᠢᠯ ᠠᠵᠢᠯᠯᠠᠭᠰᠠᠨ ᠪᠠᠢ ᠢᠦᠢ ᠬᠤᠸᠠ ᠳᠠᠨᠢᠯᠴᠠᠭᠤᠯᠵᠦ ᠪᠠᠶᠢᠯ᠎ᠠ᠃      ᠠᠮᠢ ᠠᠬᠤᠶ ᠪᠣᠯ ᠬᠢᠩᠭᠠᠨ ᠠᠶᠢᠮᠠᠭ ᠤᠨ ᠬᠠᠮᠤᠭ ᠤᠨ ᠶᠡᠭᠡ ᠰᠠᠭᠤᠷᠢ ᠥᠩᠭᠡ ᠮᠦᠷᠳᠡᠬᠡᠨ ᠳᠠᠪᠠᠭᠤᠯᠢᠭ ᠲᠠᠯ᠎ᠠ ᠮᠥᠨ᠃ ᠤᠢ ᠰᠢᠭᠤᠢ 33% ᠶᠢ ᠡᠵᠡᠯᠡᠵᠦ᠂ ᠲᠠᠯ᠎ᠠ ᠨᠤᠲᠤᠭ 55% ᠶᠢ ᠡᠵᠡᠯᠡᠨ᠂ ᠪᠦᠬᠦ ᠵᠢᠯ ᠤᠨ ᠠᠭᠠᠷ ᠤᠨ ᠰᠢᠯᠢᠳᠡᠭ ᠤᠨ ᠬᠡᠮᠵᠢᠶ᠎ᠠ 95% ᠠᠴᠠ ᠳᠡᠭᠡᠭᠰᠢ ᠳᠤ ᠬᠦᠷᠴᠦ᠂ ᠤᠰᠤᠨ ᠤ ᠴᠡᠪᠡᠷ ᠤᠨ ᠨᠤᠷᠮ᠎ᠠ 100% ᠳᠤ ᠬᠦᠷᠴᠦ᠂ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠶᠶ᠎ᠠ ᠦᠵᠡᠭᠦᠯᠬᠦ ᠭᠠᠵᠠᠷ᠂ ︽ᠬᠥᠬᠡᠮᠳᠦᠭ ᠨᠣᠭᠤᠭᠠᠨ ᠠᠭᠤᠯᠠ ᠤᠰᠤ ᠪᠣᠯ ᠳᠠᠷᠦᠢ ᠠᠯᠳᠠ ᠮᠥᠩᠭᠦᠨ ᠠᠭᠤᠯᠠ︾ ᠭᠡᠬᠦ ᠦᠢᠯᠡᠳᠦᠯᠭᠡ ᠶᠢᠨ ᠰᠢᠨ᠎ᠡ ᠶᠢ ᠡᠭᠦᠳᠬᠦ ᠰᠠᠭᠤᠷᠢᠨ ᠭᠠᠵᠠᠷ ᠵᠡᠷᠭᠡ ᠢᠷᠠᠭᠤ ᠠᠯᠳᠠᠷ ᠢ ᠬᠦᠷᠲᠡᠵᠡᠢ᠃      ᠤᠶᠢᠯᠠᠭᠠᠭᠰᠠᠨ ᠢᠶᠠᠷ᠂ ᠤᠢᠢᠷ᠎ᠠ ᠶᠢᠨ ᠵᠢᠯ ᠠᠴᠠ ᠨᠠᠭᠠᠰᠢ᠂ ᠬᠢᠨᠭ᠍ᠭᠠᠨ ᠠᠶᠢᠮᠠᠭ ᠠᠮᠢ ᠠᠬᠤᠢ ᠶᠢᠨ ᠬᠠᠮᠠᠭᠠᠯᠠᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠤᠭᠰᠠᠨ ᠠᠴᠠ ᠡᠯ᠎ᠡ ᠲᠦᠷᠦᠯ ᠤᠨ ᠬᠤᠪᠣᠷ ᠴᠤᠬᠠᠭ ᠬᠡᠭᠡᠷ᠎ᠡ ᠶᠢᠨ ᠠᠮᠢᠳᠠᠨ ᠮᠡᠳᠡᠭᠳᠡᠮ᠎ᠡ ᠨᠡᠮᠡᠭᠳᠡᠵᠦ᠂ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠢ ᠬᠦᠢᠴᠡᠳ ᠢᠯᠡᠷᠡᠭᠦᠯᠵᠦ ᠪᠤᠢ᠃
                · ᠰᠢᠤᠢ ᠸᠧᠨ ᠵᠢᠶᠦ᠋ᠨ ᠤᠭ᠍ᠶᠦ ·
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号